| ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠠᠷᠪᠠᠨ ᠨᠢᠭᠡᠳᠦᠭᠡᠷ ᠤᠳᠠᠭ᠎ᠠ ᠶᠢᠨ | ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ᠂ ᠳᠤᠮᠳᠠᠳᠤ ᠤᠯᠤᠰ ᠤᠨ ᠵᠣᠬᠢᠶᠠᠯᠴᠢᠳ ᠤᠨ | ᠨᠡᠶᠢᠭᠡᠮᠯᠢᠭ ᠤᠨ ᠠᠷᠪᠠᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠡᠬᠢᠯᠡᠯᠲᠡ ᠶᠢᠨ ᠶᠣᠰᠣᠯᠠᠯ ᠳᠡᠭᠡᠷᠡᠬᠢ ᠶᠠᠷᠢᠶ᠎ᠠ | ︵2021 ᠣᠨ ᠤ 12 ᠳ᠋ᠤᠭᠠᠷ ᠰᠠᠷ᠎ᠠ ᠶᠢᠨ 14 ᠤ ᠡᠳᠦᠷ︶ | ᠰᠢ ᠶᠢᠨ ᠫᠢᠩ | ᠲᠥᠯᠥᠭᠡᠯᠡᠭᠴᠢᠳ ᠡ᠂ ᠨᠥᠬᠦᠳ ᠡ᠂ ᠨᠠᠶᠢᠵᠠ ᠨᠠᠷ ᠡ᠄ | ᠥᠨᠥᠳᠦᠷ ᠪᠢᠳᠡ ᠠᠳᠡ ᠳᠤᠮᠳᠠᠳᠤ ᠤᠯᠤᠰ ᠤᠨ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭ᠎ᠠ ᠶᠢᠨ | ᠠᠷᠪᠠᠨ ᠨᠢᠭᠡᠳᠦᠭᠡᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ᠂ ᠳᠤᠮᠳᠠᠳᠤ | ᠤᠯᠤᠰ ᠤᠨ ᠵᠣᠬᠢᠶᠠᠯᠴᠢᠳ ᠤᠨ ᠨᠡᠶᠢᠭᠡᠮᠯᠢᠭ ᠤᠨ ᠠᠷᠪᠠᠳᠤᠭᠠᠷ ᠤᠳᠠᠭ᠎ᠠ ᠶᠢᠨ ᠪᠦᠬᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠤ᠂ ᠮᠠᠨ ᠤ ᠤᠯᠤᠰ ᠤᠨ ᠤᠳᠬ᠎ᠠ ᠤᠷᠠᠯᠢᠭ ᠤᠨ | ᠴᠡᠴᠡᠭᠯᠡᠯᠲᠡ ᠬᠥᠭᠵᠢᠯᠲᠡ ᠶᠢᠨ ᠶᠡᠭᠡ ᠪᠤᠳᠤᠯᠭ᠎ᠠ ᠶᠢ ᠬᠠᠮᠲᠤ ᠪᠠᠷ ᠵᠥᠪᠯᠡᠬᠦ ᠪᠣᠯᠣᠨ᠎ᠠ᠃ | ᠡᠩ ᠲᠡᠷᠢᠭᠦᠨ ᠳᠤ ᠪᠢ ᠨᠠᠮ ᠤᠨ ᠲᠥᠪ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠤᠨ ᠬᠤᠷᠠᠯᠳᠤᠭᠰᠠᠨ ᠳᠤ | ᠬᠠᠯᠠᠭᠤᠨ ᠪᠠᠶᠠᠷ ᠬᠦᠷᠭᠡᠵᠦ ᠪᠠᠶᠢᠨ᠎ᠠ︕ ᠪᠦᠬᠦ ᠲᠥᠯᠥᠭᠡᠯᠡᠭᠴᠢ᠂ ᠲᠡᠷᠡᠴᠢᠯᠡᠨ ᠲᠠ ᠨᠠᠷ ᠢᠶᠠᠷ ᠳᠠᠮᠵᠢᠭᠤᠯᠤᠨ ᠪᠦᠬᠦ | ᠤᠯᠤᠰ ᠤᠨ ᠥᠷᠭᠡᠨ ᠤᠯᠠᠨ ᠤᠳᠬ᠎ᠠ ᠤᠷᠠᠯᠢᠭ ᠤᠨ ᠬᠢᠨ ᠤ ᠠᠵᠢᠯᠲᠠᠳ ᠲᠤ ᠴᠢᠩ ᠰᠡᠳᠬᠢᠯ ᠤᠨ ᠮᠡᠨᠳᠦᠴᠢᠯᠡᠯ | ᠳᠡᠪᠰᠢᠭᠦᠯᠦᠶ᠎ᠡ︕ | ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ | ᠪᠣᠯᠣᠨ᠎ᠠ᠃ ᠵᠠᠭᠤᠨ ᠵᠢᠯ ᠤᠨ ᠠᠶᠠᠨ ᠵᠠᠮ ᠰᠦᠷ ᠳᠠᠯᠠᠶᠢᠴᠠᠲᠠᠢ᠂ ᠵᠠᠭᠤᠨ ᠵᠢᠯ ᠤᠨ ᠲᠤᠷᠰᠢ ᠠᠩᠬᠠᠨ ᠤ ᠵᠣᠷᠢᠯᠲᠠ | ᠤᠯᠠᠮ ᠢᠶᠠᠷ ᠪᠠᠲᠤᠵᠢᠪᠠ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠳᠡᠭᠡᠳᠦ ᠬᠡᠮᠵᠢᠶᠡᠨ ᠤ ᠰᠣᠶᠣᠯ ᠤᠨ | ᠤᠬᠠᠮᠰᠠᠷ ᠲᠠᠢ ᠨᠠᠮ ᠮᠥᠨ᠂ ᠨᠠᠮ ᠤᠨ ᠵᠠᠭᠤᠨ ᠵᠢᠯ ᠤᠨ ᠲᠡᠮᠡᠴᠡᠯ ᠤᠨ ᠶᠠᠪᠤᠴᠠ ᠳᠤ ᠮᠠᠨ ᠤ ᠤᠯᠤᠰ ᠤᠨ | ᠰᠣᠶᠣᠯ ᠤᠨ ᠡᠷᠡᠯᠬᠡᠭᠯᠡᠨ ᠤᠷᠤᠭᠰᠢᠯᠠᠭᠰᠠᠨ ᠲᠡᠦᠬᠡ ᠶᠢ ᠨᠢᠭᠲᠠᠷᠠᠭᠤᠯᠵᠤ ᠪᠠᠶᠢᠳᠠᠭ᠃ ᠳᠤᠮᠳᠠᠳᠤ ᠤᠯᠤᠰ ᠤᠨ ᠡᠪ | ᠬᠠᠮᠲᠤ ᠨᠠᠮ ᠪᠠᠶᠢᠭᠤᠯᠤᠭᠳᠠᠭᠰᠠᠨ ᠡᠳᠦᠷ ᠠᠴᠠ ᠪᠠᠨ ᠡᠬᠢᠯᠡᠨ ᠦᠨᠳᠦᠰᠦᠲᠡᠨ ᠤ ᠣᠨᠴᠠᠯᠢᠭ ᠲᠠᠢ᠂ ᠰᠢᠨᠵᠢᠯᠡᠬᠦ | ᠤᠬᠠᠭᠠᠨᠴᠢ᠂ ᠤᠯᠠᠨ ᠲᠦᠮᠡᠨᠴᠢ ᠳᠤᠮᠳᠠᠳᠤ ᠶᠢᠨ ᠦᠨᠳᠦᠰᠦᠲᠡᠨ ᠤ ᠰᠢᠨ᠎ᠡ ᠰᠣᠶᠣᠯ ᠢ ᠪᠤᠢ ᠪᠣᠯᠭᠠᠬᠤ ᠶᠠᠪᠤᠳᠠᠯ ᠢ | ᠥᠪᠡᠷ ᠤᠨ ᠢᠶᠠᠨ ᠳᠠᠷᠬᠠᠨ ᠡᠭᠦᠷᠭᠡ ᠪᠣᠯᠭᠠᠵᠤ᠂ ᠰᠣᠶᠣᠯ ᠤᠨ ᠪᠠᠶᠢᠭᠤᠯᠤᠯᠲᠠ ᠪᠠ ᠤᠳᠬ᠎ᠠ ᠤᠷᠠᠯᠢᠭ ᠤᠨ | ᠴᠡᠴᠡᠭᠯᠡᠯᠲᠡ ᠬᠥᠭᠵᠢᠯᠲᠡ ᠶᠢ ᠢᠳᠡᠪᠬᠢᠲᠡᠶ ᠠᠬᠢᠭᠤᠯᠪᠠ᠃ ᠮᠠᠤ ᠽᠧ ᠳ᠋ᠦᠩ ᠨᠥᠬᠦᠷ ︽ᠰᠢᠨ᠎ᠡ ᠠᠷᠠᠳᠴᠢᠯᠠᠭᠰᠠᠨ | ᠶᠣᠰᠣᠨ ᠤ ᠲᠤᠬᠠᠶ︾ ᠭᠡᠳᠡᠭ ᠵᠣᠬᠢᠶᠠᠯ ᠳᠤ ᠪᠠᠨ᠄ ︽ᠮᠠᠨ ᠤ ᠰᠣᠶᠣᠯ ᠤᠨ ᠬᠦᠷᠢᠶᠡᠨ ᠳᠠᠬᠢ ᠵᠣᠷᠢᠯᠭ᠎ᠠ ᠪᠣᠯ | ᠳᠤᠮᠳᠠᠳᠤ ᠶᠢᠨ ᠦᠨᠳᠦᠰᠦᠲᠡᠨ ᠨᠦᠭᠦᠳ ᠤᠨ ᠰᠢᠨ᠎ᠡ ᠰᠣᠶᠣᠯ ᠢ ᠪᠤᠢ ᠪᠣᠯᠭᠠᠬᠤ ᠶᠠᠪᠤᠳᠠᠯ ᠮᠥᠨ︾ ᠭᠡᠵᠡᠶ᠃ ᠵᠠᠭᠤᠨ | ᠵᠢᠯ ᠤᠨ ᠲᠤᠷᠰᠢ᠂ ᠨᠠᠮ ᠤᠨ ᠤᠳᠤᠷᠢᠳᠤᠯᠭ᠎ᠠ ᠳᠣᠣᠷ᠎ᠠ᠂ ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠳ ᠴᠠᠭ | ᠦᠶ᠎ᠡ ᠲᠠᠢ ᠠᠯᠬᠤᠭ᠎ᠠ ᠪᠠᠨ ᠨᠢᠭᠡᠳᠬᠡᠬᠦ ᠶᠢ ᠪᠠᠷᠢᠮᠲᠠᠯᠠᠵᠤ᠂ ᠠᠷᠠᠳ ᠲᠦᠮᠡᠨ ᠲᠠᠢ ᠠᠮᠢᠰᠬᠤᠭ᠎ᠠ ᠪᠠᠨ ᠨᠢᠭᠡᠳᠬᠡᠨ᠂ | ᠬᠤᠪᠢ ᠵᠠᠶᠠᠭ᠎ᠠ ᠪᠠᠨ ᠬᠠᠮᠲᠤᠳᠬᠠᠵᠤ᠂ ᠰᠡᠳᠬᠢᠯ ᠵᠢᠷᠦᠬᠡ ᠪᠠᠨ ᠬᠤᠯᠪᠣᠵᠤ᠂ ᠦᠨᠳᠦᠰᠦᠲᠡᠨ ᠤ ᠵᠣᠷᠢᠭ ᠰᠠᠨᠠᠭᠠᠨ ᠤ | ᠭᠠᠯ ᠪᠠᠮᠪᠠᠷ ᠢ ᠥᠨᠳᠥᠷ ᠡᠷᠭᠦᠵᠦ᠂ ᠴᠠᠭ ᠦᠶ᠎ᠡ ᠶᠢᠨ ᠤᠷᠤᠭᠰᠢᠯᠠᠯᠲᠠ ᠶᠢᠨ ᠪᠦᠷᠢᠶ᠎ᠡ ᠶᠢ ᠬᠠᠩᠭᠢᠨᠠᠭᠤᠯᠵᠤ᠂ | ᠬᠤᠪᠢᠰᠬᠠᠯ᠂ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢᠨ ᠦᠢᠯᠡᠰ ᠲᠤ ᠴᠤᠴᠠᠯᠲᠠ ᠦᠭᠡᠶ ᠣᠷᠣᠯᠴᠠᠵᠤ᠂ | ᠪᠠᠶᠠᠯᠢᠭ ᠤᠳᠬ᠎ᠠ ᠤᠷᠠᠯᠢᠭ ᠤᠨ ᠬᠡᠯᠪᠡᠷᠢ ᠪᠠᠷ ᠮᠥᠯᠵᠢᠯ ᠳᠠᠷᠤᠯᠠᠯ ᠢ ᠠᠮᠰᠠᠵᠤ ᠪᠠᠶᠢᠭ᠎ᠠ ᠶᠠᠳᠠᠭᠤ ᠵᠦᠳᠡᠭᠦᠦ | ᠬᠥᠳᠡᠯᠮᠦᠷᠢᠴᠢᠨ ᠤᠯᠠᠨ ᠲᠦᠮᠡᠨ ᠳᠤ ᠴᠢᠰᠤ ᠤᠷᠤᠰᠬᠠᠨ ᠡᠷᠡᠯᠬᠡᠭᠯᠡᠨ ᠲᠡᠮᠡᠴᠡᠵᠦ᠂ ᠨᠤᠭᠤᠷᠠᠰᠢ ᠦᠭᠡᠢ ᠤᠷᠤᠭᠰᠢᠯᠠᠨ | ᠲᠡᠮᠡᠴᠡᠬᠦ ᠶᠢ ᠤᠷᠮᠠᠰᠢᠭᠤᠯᠤᠨ ᠵᠣᠷᠢᠭᠵᠢᠭᠤᠯᠵᠤ᠂ ᠪᠣᠰᠴᠤ ᠵᠣᠭᠰᠣᠭᠰᠠᠨ ᠳᠤᠮᠳᠠᠳᠤ ᠤᠯᠤᠰ ᠤᠨ ᠠᠷᠠᠳ | ᠲᠦᠮᠡᠨ ᠳᠤ ᠥᠪᠡᠷ ᠤᠨ ᠬᠦᠴᠦ ᠪᠠᠷ ᠢᠶᠠᠨ ᠳᠡᠭᠵᠢᠷᠡᠬᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠶᠢ | ᠤᠷᠮᠠᠰᠢᠭᠤᠯᠤᠨ ᠵᠣᠷᠢᠭᠵᠢᠭᠤᠯᠵᠤ᠂ ᠥᠭᠡᠷᠡᠴᠢᠯᠡᠯᠲᠡ ᠨᠡᠭᠡᠭᠡᠯᠳᠡ ᠶᠢᠨ ᠶᠡᠭᠡ ᠤᠷᠤᠰᠬᠠᠯ ᠳᠤᠮᠳᠠᠬᠢ ᠲᠦᠭ ᠲᠦᠮᠡᠨ | ᠠᠷᠠᠳ ᠲᠦᠮᠡᠨ ᠳᠤ ᠦᠵᠡᠯ ᠰᠠᠨᠠᠭ᠎ᠠ ᠪᠠᠨ ᠴᠢᠯᠥᠭᠡᠯᠡᠵᠦ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ ᠶᠢ | ᠤᠷᠮᠠᠰᠢᠭᠤᠯᠤᠨ ᠵᠣᠷᠢᠭᠵᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠠᠷᠠᠳ ᠲᠦᠮᠡᠨ ᠳᠤ | ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠬᠦ᠂ ᠲᠥᠪ ᠴᠢᠬᠡᠴᠢ ᠪᠠᠷ ᠰᠢᠨ᠎ᠡ ᠶᠢ ᠡᠭᠦᠳᠬᠦ ᠶᠢ | ᠤᠷᠮᠠᠰᠢᠭᠤᠯᠤᠨ ᠵᠣᠷᠢᠭᠵᠢᠭᠤᠯᠵᠤ᠂ ᠠᠷᠠᠳ ᠲᠦᠮᠡᠨ ᠤ ᠬᠦᠴᠦᠨ ᠢ ᠨᠡᠮᠡᠭᠳᠡᠭᠦᠯᠦᠨ᠂ ᠦᠨᠳᠦᠰᠦᠲᠡᠨ ᠤ ᠵᠣᠷᠢᠭ | ᠰᠠᠨᠠᠭ᠎ᠠ ᠶᠢ ᠬᠥᠭᠵᠢᠭᠡᠬᠦ ᠳᠤ ᠴᠢᠬᠤᠯᠠ ᠦᠢᠯᠡᠳᠦᠯ ᠦᠵᠡᠭᠦᠯᠪᠡ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠷᠭᠡᠨ ᠤᠯᠠᠨ ᠤᠳᠬ᠎ᠠ ᠤᠷᠠᠯᠢᠭ ᠤᠨ | ᠠᠵᠢᠯᠲᠠᠳ ᠨᠠᠮ ᠯᠤᠭ᠎ᠠ ᠰᠡᠳᠬᠢᠯ ᠵᠢᠷᠦᠬᠡ ᠪᠠᠨ ᠬᠤᠯᠪᠣᠨ᠂ ᠠᠷᠠᠳ ᠲᠦᠮᠡᠨ ᠯᠤᠭ᠎ᠠ ᠬᠠᠮᠲᠤ ᠪᠠᠷ ᠤᠷᠤᠭᠰᠢᠯᠠᠵᠤ᠂ | ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠴᠠᠭ ᠦᠶ᠎ᠡ ᠶᠢᠨ ᠬᠥᠭᠵᠢᠯᠲᠡ ᠶᠢᠨ | ᠬᠠᠩᠭᠢᠨᠠᠮ᠎ᠠ ᠲᠠᠭᠤᠨ ᠢ ᠰᠡᠳᠬᠢᠯ ᠤᠨ ᠭᠦᠨ ᠠᠴᠠ ᠪᠠᠨ ᠴᠤᠤᠷᠢᠶᠠᠳᠤᠵᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠭᠠᠯ ᠬᠠᠯᠠᠭᠤᠨ ᠦᠢᠯᠡᠳᠦᠯᠭᠡ ᠶᠢ ᠠᠮᠢᠳᠤᠯᠢᠭ ᠢᠶᠠᠷ ᠮᠠᠭᠲᠠᠨ ᠳᠠᠭᠤᠯᠠᠵᠤ᠂ ᠤᠳᠬ᠎ᠠ ᠤᠷᠠᠯᠢᠭ ᠤᠨ | ᠵᠣᠬᠢᠶᠠᠨ ᠪᠦᠲᠦᠭᠡᠯᠲᠡ᠂ ᠤᠳᠬ᠎ᠠ ᠤᠷᠠᠯᠢᠭ ᠤᠨ ᠠᠵᠢᠯᠯᠠᠭ᠎ᠠ᠂ ᠤᠳᠬ᠎ᠠ ᠤᠷᠠᠯᠢᠭ ᠢᠶᠠᠷ ᠠᠷᠠᠳ ᠲᠤ ᠠᠰᠢᠭ | ᠬᠦᠷᠲᠡᠭᠡᠬᠦ ᠵᠡᠷᠭᠡ ᠲᠠᠯ᠎ᠠ ᠪᠠᠷ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠪᠠᠶᠠᠯᠢᠭ ᠦᠷ᠎ᠡ ᠪᠦᠲᠦᠭᠡᠯ ᠣᠯᠵᠠᠢ᠃ | ᠢᠯᠠᠩᠭᠤᠶ᠎ᠠ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠵᠢᠴᠢ ᠳᠡᠯᠡᠬᠡᠶ ᠶᠢᠨ ᠹᠠᠱᠢᠰ ᠢ | ᠡᠰᠡᠷᠭᠦᠴᠡᠬᠦ ᠳᠠᠶᠢᠨ ᠢᠯᠠᠯᠲᠠ ᠣᠯᠤᠭᠰᠠᠨ 70 ᠵᠢᠯ ᠤᠨ ᠣᠶ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ | ᠴᠡᠷᠢᠭ ᠪᠠᠶᠢᠭᠤᠯᠤᠭᠳᠠᠭᠰᠠᠨ 90 ᠵᠢᠯ ᠤᠨ ᠣᠶ᠂ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠣᠶ᠂ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠶ᠂ ᠳᠤᠮᠳᠠᠳᠤ | ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠨ ᠰᠣᠯᠣᠩᠭᠤᠰ ᠢ | ᠲᠤᠰᠠᠯᠠᠬᠤ ᠪᠠᠷ ᠭᠠᠳᠠᠭᠠᠳᠤ ᠳᠤ ᠭᠠᠷᠴᠤ ᠳᠠᠶᠢᠨ ᠬᠢᠭᠰᠡᠨ 70 ᠵᠢᠯ ᠤᠨ ᠣᠶ᠂ ᠳᠤᠮᠳᠠᠳᠤ ᠤᠯᠤᠰ ᠤᠨ ᠡᠪ ᠬᠠᠮᠲᠤ | ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠡᠷᠭᠡ ᠨᠠᠮ ᠪᠠ ᠤᠯᠤᠰ ᠤᠨ ᠴᠢᠬᠤᠯᠠ ᠶᠡᠭᠡ | ᠠᠵᠢᠯᠯᠠᠭ᠎ᠠ ᠶᠢᠨ ᠲᠣᠭᠤᠷᠢᠨ ᠳᠤ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠰᠢᠢᠳᠪᠦᠷᠢᠲᠦ | ᠳᠠᠶᠢᠯᠠᠯᠳᠤᠭᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠵᠡᠷᠭᠡ | ᠴᠢᠬᠤᠯᠠ ᠶᠡᠭᠡ ᠭᠤᠣᠯ ᠰᠡᠳᠦᠪ ᠤᠨ ᠲᠣᠭᠤᠷᠢᠨ ᠳᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠡᠰᠡᠷᠭᠦᠴᠡᠬᠦ ᠵᠡᠷᠭᠡ ᠬᠦᠨᠳᠦ ᠶᠡᠭᠡ ᠲᠦᠭᠰᠢᠭᠦᠷᠢᠲᠦ ᠥᠷᠢᠰᠥᠯᠳᠦᠭᠡᠨ ᠤ ᠲᠣᠭᠤᠷᠢᠨ ᠳᠤ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠦᠨ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤᠮᠳᠠᠳᠤ ᠶᠢᠨ ᠬᠦᠰᠡᠯ ᠵᠡᠭᠦᠳᠦ ᠶᠢᠨ | ᠲᠣᠭᠤᠷᠢᠨ ᠳᠤ᠂ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠳ ᠣᠶᠤᠨ ᠢᠶᠠᠨ ᠰᠢᠪᠬᠠᠨ ᠶᠡᠭᠡ ᠬᠡᠮᠵᠢᠶᠡᠨ ᠤ | ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ᠂ ᠤᠳᠬ᠎ᠠ ᠤᠷᠠᠯᠢᠭ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂ | ᠬᠥᠮᠦᠰ ᠤᠨ ᠰᠡᠳᠬᠢᠯ ᠢ ᠨᠢᠭᠲᠠᠷᠠᠭᠤᠯᠬᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠢᠲᠡᠭᠡᠯ ᠵᠣᠷᠢᠭ ᠢ | ᠪᠠᠲᠤᠳᠬᠠᠬᠤ ᠵᠡᠷᠭᠡ ᠦᠢᠯᠡᠳᠦᠯ ᠢᠶᠠᠨ ᠪᠠᠳᠠᠷᠠᠭᠤᠯᠪᠠ᠃ ᠤᠳᠬ᠎ᠠ ᠵᠣᠬᠢᠶᠠᠯ᠂ ᠰᠢ ᠵᠦᠴᠦᠭᠡ᠂ ᠺᠢᠨᠣ᠋᠂ ᠲᠧᠯᠸᠢᠰ | ᠵᠦᠴᠦᠭᠡ᠂ ᠳᠠᠭᠤᠤ ᠬᠥᠭᠵᠢᠮ᠂ ᠪᠥᠵᠢᠭ᠂ ᠤᠷᠠᠨ ᠵᠢᠷᠤᠭ᠂ ᠭᠡᠷᠡᠯ ᠵᠢᠷᠤᠭ᠂ ᠤᠷᠠᠨ ᠪᠢᠴᠢᠯᠭᠡ᠂ ᠳᠠᠭᠤᠤᠷᠢᠯᠢᠭ᠂ | ᠼᠢᠷᠺ᠂ ᠠᠷᠠᠳ ᠤᠨ ᠤᠳᠬ᠎ᠠ ᠤᠷᠠᠯᠢᠭ᠂ ᠤᠳᠬ᠎ᠠ ᠤᠷᠠᠯᠢᠭ ᠤᠨ ᠰᠢᠭᠦᠮᠵᠢ᠂ ᠤᠯᠡᠠ ᠲᠦᠮᠡᠨ ᠤ ᠤᠳᠬ᠎ᠠ | ᠤᠷᠠᠯᠢᠭ᠂ ᠤᠷᠠᠯᠢᠭ ᠤᠨ ᠰᠤᠷᠭᠠᠨ ᠬᠥᠮᠦᠵᠢᠯ ᠵᠡᠷᠭᠡ ᠬᠦᠷᠢᠶᠡᠨ ᠳᠤ ᠴᠥᠮ ᠶᠡᠬᠡᠬᠡᠨ ᠲᠡᠪᠰᠢᠯᠳᠠ ᠲᠠᠢ ᠪᠤᠯᠵᠦ᠂ | ᠮᠠᠨ ᠤ ᠤᠯᠤᠰ ᠤᠨ ᠤᠳᠬ᠎ᠠ ᠤᠷᠠᠯᠢᠭ ᠤᠨ ᠦᠢᠯᠡᠰ ᠲᠤ ᠤᠢᠩᠭᠡ ᠶᠢᠨ ᠴᠡᠴᠡᠭ ᠢ ᠵᠡᠷᠭᠡ ᠪᠠᠷ ᠳᠡᠯᠭᠡᠷᠡᠭᠦᠯᠵᠦ᠂ | ᠥᠷᠨᠢᠭᠦᠨ ᠪᠠᠳᠠᠷᠠᠩᠭᠤᠶ ᠴᠡᠴᠡᠭᠯᠡᠨ ᠬᠥᠭᠵᠢᠭᠦᠯᠬᠦ ᠪᠠᠶᠢᠳᠠᠯ ᠢᠯᠡᠷᠡᠵᠡᠶ᠃ | ᠵᠠᠭᠤᠨ ᠵᠢᠯ ᠤᠨ ᠲᠤᠷᠰᠢ᠂ ᠨᠠᠮ ᠠᠴᠠ ᠤᠳᠬ᠎ᠠ ᠤᠷᠠᠯᠢᠭ ᠤᠨ ᠬᠢᠨ ᠤ ᠹᠷᠣᠨᠲ ᠢ ᠤᠳᠤᠷᠢᠳᠤᠨ | ᠲᠠᠰᠤᠷᠠᠯᠲᠠ ᠦᠭᠡᠢ ᠬᠠᠶᠢᠨ ᠰᠦᠪᠡᠭᠴᠢᠯᠡᠬᠦ ᠪᠠ ᠦᠢᠯᠡᠳᠦᠯᠭᠡᠵᠢᠭᠦᠯᠵᠦ᠂ ᠮᠠᠷᠺᠰ ᠤᠨ ᠦᠵᠡᠯ ᠢᠶᠠᠷ ᠵᠢᠯᠤᠭᠤᠳᠤᠯᠭ᠎ᠠ | ᠪᠣᠯᠭᠠᠭᠰᠠᠨ᠂ ᠳᠤᠮᠳᠠᠳᠤ ᠤᠯᠤᠰ ᠤᠨ ᠤᠯᠤᠰ ᠤᠨ ᠪᠠᠶᠢᠳᠠᠯ ᠪᠣᠯᠣᠨ ᠰᠣᠶᠣᠯ ᠤᠨ ᠤᠯᠠᠮᠵᠢᠯᠠᠯ ᠳᠤ ᠨᠡᠶᠢᠴᠡᠭᠰᠡᠨ᠂ | ᠠᠷᠠᠳᠴᠢ ᠴᠢᠨᠠᠷ ᠢ ᠪᠠᠳᠠᠷᠠᠭᠤᠯᠤᠭᠰᠠᠨ ᠤᠳᠬ᠎ᠠ ᠤᠷᠠᠯᠢᠭ ᠤᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠮᠠᠨ ᠤ | ᠤᠯᠤᠰ ᠤᠨ ᠤᠳᠬ᠎ᠠ ᠤᠷᠠᠯᠢᠭ ᠤᠨ ᠬᠥᠭᠵᠢᠯ ᠴᠡᠴᠡᠭᠯᠡᠯ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠨ | ᠥᠭᠪᠡ᠃ | ᠤᠳᠬ᠎ᠠ ᠤᠷᠠᠯᠢᠭ ᠤᠨ ᠦᠢᠯᠡᠰ ᠪᠣᠯ ᠨᠠᠮ ᠪᠠ ᠠᠷᠠᠳ ᠲᠦᠮᠡᠨ ᠤ ᠴᠢᠬᠤᠯᠠ ᠦᠢᠯᠡᠰ ᠮᠥᠨ᠂ ᠤᠳᠬ᠎ᠠ | ᠤᠷᠠᠯᠢᠭ ᠤᠨ ᠬᠢᠨ ᠤ ᠹᠷᠣᠨᠲ ᠪᠣᠯ ᠨᠠᠮ ᠪᠠ ᠠᠷᠠᠳ ᠲᠦᠮᠡᠨ ᠤ ᠴᠢᠬᠤᠯᠠ ᠹᠷᠣᠨᠲ ᠮᠥᠨ᠂ ᠥᠷᠭᠡᠨ ᠤᠯᠠᠨ | ᠤᠳᠬ᠎ᠠ ᠤᠷᠠᠯᠢᠭ ᠤᠨ ᠠᠵᠢᠯᠳᠠᠨ ᠨᠠᠮ ᠪᠠ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠬᠥᠰᠡᠷᠳᠡᠭᠦᠯᠦᠭᠰᠡᠨ | ᠦᠭᠡᠢ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠪᠡ᠃ ᠨᠠᠮ ᠪᠠ ᠠᠷᠠᠳ ᠲᠦᠮᠡᠨ ᠲᠠ ᠨᠠᠷ ᠢ ᠬᠡᠷᠡᠭᠰᠡᠵᠦ᠂ ᠲᠠ | ᠨᠠᠷ ᠢ ᠢᠲᠡᠭᠡᠵᠦ᠂ ᠲᠠ ᠨᠠᠷ ᠲᠤ ᠲᠠᠯᠠᠷᠬᠠᠵᠤ ᠪᠠᠶᠢᠨ᠎ᠠ︕ | ᠲᠥᠯᠥᠭᠡᠯᠡᠭᠴᠢᠳ ᠡ︕ ᠨᠥᠬᠦᠳ ᠡ᠂ ᠨᠠᠶᠢᠵᠠ ᠨᠠᠷ ᠡ︕ | ᠰᠣᠶᠣᠯ ᠮᠠᠨᠳᠤᠪᠠᠯ ᠤᠯᠤᠰ ᠮᠠᠨᠳᠤᠵᠤ᠂ ᠰᠣᠶᠣᠯ ᠬᠦᠴᠦᠷᠬᠡᠭᠵᠢᠪᠡᠯ ᠦᠨᠳᠦᠰᠦᠲᠡᠨ ᠬᠦᠴᠦᠷᠬᠡᠭᠵᠢᠨ᠎ᠡ᠃ | ᠤᠳᠤ ᠦᠶ᠎ᠡ ᠶᠢᠨ ᠳᠤᠮᠳᠠᠳᠤ ᠤᠯᠤᠰ ᠤᠨ ᠠᠭᠤᠯᠠ ᠤᠰᠤ ᠰᠦᠷᠯᠢᠭ ᠰᠠᠶᠢᠬᠠᠨ᠂ ᠠᠷᠠᠳ ᠲᠦᠮᠡᠨ ᠣᠮᠤᠭ | ᠲᠡᠭᠦᠯᠳᠡᠷ᠂ ᠢᠷᠡᠭᠡᠳᠦᠶ ᠭᠡᠭᠡᠨ ᠰᠠᠷᠠᠭᠤᠯ ᠶᠤᠮ᠃ ᠴᠠᠭ ᠦᠶ᠎ᠡ ᠮᠠᠨ ᠤ ᠤᠯᠤᠰ ᠤᠨ ᠤᠳᠬ᠎ᠠ ᠤᠷᠠᠯᠢᠭ ᠤᠨ | ᠴᠡᠴᠡᠭᠯᠡᠯ ᠬᠥᠭᠵᠢᠯ ᠳᠤ ᠤᠷᠢᠳ ᠡᠮᠦᠨ᠎ᠡ ᠪᠠᠶᠢᠭ᠎ᠠ ᠦᠭᠡᠢ ᠥᠷᠭᠡᠨ ᠠᠭᠤᠳᠠᠮ ᠲᠠᠪᠴᠠᠩ ᠬᠠᠩᠭᠠᠵᠤ ᠥᠭᠪᠡ᠃ | ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠴᠡᠴᠡᠭᠯᠡᠯ ᠬᠥᠭᠵᠢᠯ ᠢ ᠠᠬᠢᠭᠤᠯᠵᠤ᠂ ᠨᠡᠶᠢᠭᠡᠮ ᠵᠢᠷᠤᠮᠲᠤ ᠰᠣᠶᠣᠯ ᠤᠨ | ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠳᠤ ᠥᠷᠭᠡᠨ ᠤᠯᠠᠨ ᠤᠳᠬ᠎ᠠ ᠤᠷᠠᠯᠢᠭ ᠤᠨ ᠠᠵᠢᠯᠳᠠᠨ | ᠵᠠᠶᠢᠯᠠᠭᠤᠯᠵᠤ ᠪᠣᠯᠤᠰᠢ ᠦᠭᠡᠢ ᠬᠦᠨᠳᠦ ᠡᠭᠦᠷᠭᠡ ᠶᠢ ᠡᠭᠦᠷᠭᠡᠯᠡᠵᠦ᠂ ᠶᠡᠭᠡ ᠦᠢᠯᠡᠰ ᠢ ᠪᠦᠲᠦᠭᠡᠬᠦ ᠬᠡᠷᠡᠭᠲᠡᠢ᠃ | ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠨ ᠰᠣᠶᠣᠯ ᠤᠨ ᠤᠬᠠᠮᠰᠠᠷ ᠢᠶᠠᠨ ᠴᠢᠩᠭᠠᠳᠬᠠᠵᠤ᠂ | ᠰᠣᠶᠣᠯ ᠤᠨ ᠢᠲᠡᠭᠡᠯ ᠢᠶᠠᠨ ᠪᠠᠲᠤᠳᠬᠠᠵᠤ᠂ ᠬᠤᠷᠴᠠ ᠴᠢᠩᠭ᠎ᠠ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠪᠠᠷ | ᠨᠡᠶᠢᠭᠡᠮ ᠵᠢᠷᠤᠮᠲᠤ ᠰᠣᠶᠣᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ | ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ ᠵᠢᠷᠤᠮ ᠳᠤ ᠦᠢᠯᠡᠴᠢᠯᠡᠬᠦ ᠴᠢᠭᠯᠡᠯ ᠢ ᠪᠠᠷᠢᠮᠲᠠᠯᠠᠵᠤ᠂ ᠥᠩᠭᠡ ᠶᠢᠨ | ᠴᠡᠴᠡᠭ ᠢ ᠵᠡᠷᠭᠡ ᠪᠠᠷ ᠳᠡᠯᠭᠡᠷᠡᠭᠦᠯᠵᠦ᠂ ᠡᠷᠳᠡᠮᠲᠡᠨ ᠮᠡᠷᠭᠡᠳ ᠢ ᠴᠢᠯᠥᠭᠡᠲᠡᠶ ᠶᠠᠷᠢᠯᠴᠠᠭᠤᠯᠬᠤ ᠴᠢᠭᠯᠡᠯ ᠢ ᠪᠠᠷᠢᠮᠲᠠᠯᠠᠵᠤ᠂ | ᠪᠦᠲᠦᠭᠡᠯᠴᠢ ᠴᠢᠨᠠᠷᠲᠠᠢ ᠪᠠᠷ ᠤᠯᠠᠷᠢᠭᠤᠯᠤᠨ᠂ ᠰᠢᠨ᠎ᠡ ᠶᠢ ᠡᠭᠦᠳᠬᠦ ᠴᠢᠨᠠᠷᠲᠠᠶ ᠪᠠᠷ ᠬᠥᠭᠵᠢᠭᠦᠯᠬᠦ ᠶᠢ ᠪᠠᠷᠢᠮᠲᠠᠯᠠᠵᠤ᠂ | ᠲᠤᠭ ᠢ ᠥᠨᠳᠥᠷ ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ | ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠢᠯᠡᠷᠡᠭᠦᠯᠬᠦ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠦᠨᠳᠦᠰᠦ ᠰᠠᠭᠤᠷᠢ ᠶᠢ ᠪᠤᠶᠢᠵᠢᠭᠤᠯᠤᠨ ᠪᠠᠬᠢᠵᠢᠭᠦᠯᠵᠦ ᠰᠦᠭ ᠰᠦᠨᠡᠰᠦ ᠶᠢ ᠱᠣᠭᠤᠨ ᠪᠦᠲᠦᠭᠡᠬᠦ | ᠲᠠᠯ᠎ᠠ ᠪᠠᠷ ᠰᠢᠨ᠎ᠡ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠵᠦ᠂ ᠲᠥᠪ ᠶᠣᠰᠣ ᠶᠢ ᠰᠠᠬᠢᠨ ᠰᠢᠨ᠎ᠡ ᠶᠢ | ᠡᠭᠦᠳᠬᠦ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠶᠣᠰᠣ ᠰᠤᠷᠲᠠᠬᠤᠨ ᠢ ᠪᠠᠳᠠᠷᠠᠭᠤᠯᠤᠨ ᠪᠡᠶ᠎ᠡ ᠪᠠᠨ ᠵᠠᠰᠠᠬᠤ | ᠲᠠᠯ᠎ᠠ ᠪᠠᠷ ᠰᠢᠨ᠎ᠡ ᠳᠦᠷᠢ ᠳᠦᠷᠬᠦ ᠶᠢ ᠪᠣᠢ ᠪᠣᠯᠭᠠᠵᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠲᠥᠪ | ᠶᠣᠰᠣ ᠲᠦᠭᠡᠮᠡᠯ ᠬᠡᠰᠢᠭ ᠪᠦᠬᠦᠢ ᠰᠣᠶᠣᠯ ᠤᠨ ᠡᠭᠦᠳᠦᠯᠲᠡ ᠪᠠᠷ ᠳᠤᠮᠳᠠᠳᠤ ᠤᠯᠤᠰ ᠤᠨ ᠤᠳᠬ᠎ᠠ ᠤᠷᠠᠯᠢᠭ ᠤᠨ | ᠰᠢᠨ᠎ᠡ ᠳᠦᠷᠢ ᠳᠦᠷᠬᠦ ᠶᠢ ᠢᠯᠡᠷᠡᠭᠦᠯᠵᠦ᠂ ᠳᠤᠮᠳᠠᠳᠤ ᠶᠢᠨ ᠰᠣᠶᠣᠯ ᠤᠨ ᠭᠡᠷᠡᠯ ᠰᠠᠴᠤᠷᠠᠩᠭᠤᠢ ᠰᠢᠨ᠎ᠡ ᠠᠮᠵᠢᠯᠲᠠ ᠶᠢ | ᠴᠣᠭᠴᠠᠯᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤᠮᠳᠠᠳᠤ ᠶᠢᠨ ᠬᠦᠰᠡᠯ ᠵᠡᠭᠦᠳᠦ ᠶᠢ | ᠲᠡᠷᠭᠡᠯᠰᠢᠭᠦᠯᠬᠦ ᠳᠤ ᠦᠷᠳᠡᠭ ᠤᠨ ᠬᠦᠳᠦᠯᠦᠨ ᠵᠢᠯᠣᠭᠤᠳᠬᠤ ᠬᠦᠴᠦᠷᠬᠡᠭ ᠶᠡᠭᠡ ᠬᠦᠴᠦᠨ᠂ ᠰᠣᠶᠣᠯ ᠤᠨ | ᠨᠢᠭᠲᠠᠷᠠᠭᠤᠯᠬᠤ ᠬᠦᠴᠦᠨ᠂ ᠤᠶᠤᠨ ᠰᠠᠨᠠᠭᠠᠨ ᠤ ᠲᠦᠯᠬᠢᠭᠴᠢ ᠬᠦᠴᠦᠨ ᠢ ᠬᠠᠩᠭᠠᠬᠤ ᠬᠡᠷᠡᠭᠲᠡᠢ᠃ | ᠠᠳᠡ ᠪᠢ ᠲᠠ ᠪᠦᠬᠦᠨ ᠳᠤ ᠬᠡᠳᠦᠨ ᠲᠠᠯ᠎ᠠ ᠶᠢᠨ ᠬᠦᠰᠡᠯ ᠲᠠᠯᠪᠢᠶ᠎ᠠ᠃ | ᠨᠢᠭᠡᠳᠦᠭᠡᠷ ᠲᠤ᠂ ᠥᠷᠭᠡᠨ ᠤᠯᠠᠨ ᠤᠳᠬ᠎ᠠ ᠤᠷᠠᠯᠢᠭ ᠤᠨ ᠬᠢᠨ ᠤ ᠠᠵᠢᠯᠲᠠᠨ ᠦᠨᠳᠦᠰᠦᠲᠡᠨ ᠤ ᠰᠡᠷᠭᠦᠨ | ᠮᠠᠨᠳᠤᠯᠲᠠ ᠶᠢ ᠪᠡᠶᠡᠯᠡᠭᠦᠯᠬᠦ ᠠᠭᠤᠤ ᠦᠢᠯᠡᠰ ᠲᠠᠢ ᠰᠡᠳᠬᠢᠯ ᠵᠢᠷᠦᠬᠡ ᠪᠠᠨ ᠬᠤᠯᠪᠣᠵᠤ᠂ ᠰᠢᠨ᠎ᠡ ᠴᠠᠭ ᠦᠶ᠎ᠡ ᠰᠢᠨ᠎ᠡ | ᠠᠶᠠᠨ ᠤ ᠠᠤᠭ᠎ᠠ ᠰᠦᠷᠯᠢᠭ ᠦᠵᠡᠭᠳᠡᠯ ᠢ ᠣᠷᠭᠢᠯᠤᠮ᠎ᠠ ᠰᠡᠳᠬᠢᠯ ᠢᠶᠠᠷ ᠵᠢᠷᠤᠭᠯᠠᠬᠤ ᠶᠢ ᠬᠦᠰᠡᠵᠦ ᠪᠠᠶᠢᠨ᠎ᠠ᠃ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠯ ᠤᠢᠢᠷ᠎ᠠ ᠦᠶ᠎ᠡ ᠠᠴᠠ | ᠨᠠᠭᠠᠰᠢᠬᠢ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠤᠭ ᠤᠨ ᠠᠭᠤᠤ | ᠶᠡᠭᠡ ᠬᠦᠰᠡᠯ ᠮᠥᠨ᠃ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠮᠠᠷᠺᠰ ᠤᠨ | ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ᠂ ᠳᠤᠮᠳᠠᠳᠤ ᠤᠯᠤᠰ ᠤᠨ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠨᠡ ᠬᠦ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠬᠥᠮᠦᠨ | ᠲᠥᠷᠥᠯᠬᠢᠲᠡᠨ ᠤ ᠬᠥᠭᠵᠢᠯᠲᠡ ᠶᠢᠨ ᠲᠡᠦᠬᠡᠨ ᠳᠡᠭᠡᠷᠡᠬᠢ ᠰᠦᠷ ᠳᠠᠯᠠᠶᠢᠴᠠᠲᠠᠢ ᠭᠠᠶᠢᠬᠠᠮᠰᠢᠭᠲᠤ ᠵᠢᠷᠤᠭ ᠢ ᠵᠢᠷᠤᠭᠯᠠᠵᠤ | ᠂ ᠳᠤᠮᠳᠠᠳᠤ ᠶᠢᠨ ᠦᠨᠳᠦᠰᠦᠲᠡᠨ ᠤ ᠬᠡᠳᠦᠨ ᠮᠢᠩᠭᠠᠨ ᠵᠢᠯ ᠤᠨ ᠲᠡᠦᠬᠡᠨ ᠳᠠᠬᠢ ᠬᠠᠮᠤᠭ ᠤᠨ ᠠᠤᠭ᠎ᠠ ᠲᠤᠤᠯᠢᠰ ᠢ | ᠪᠢᠴᠢᠭᠯᠡᠭᠰᠡᠨ ᠪᠠᠶᠢᠨ᠎ᠠ᠃ ᠤᠳᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠶᠠᠪᠤᠳᠠᠯ ᠪᠤᠴᠠᠰᠢ ᠦᠭᠡᠢ ᠲᠡᠦᠬᠡᠨ ᠠᠬᠢᠴᠠ ᠳᠤ ᠣᠷᠣᠭᠠᠳ ᠪᠠᠶᠢᠨ᠎ᠠ᠃ ᠪᠢᠳᠡ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠠᠷᠠᠯᠲᠠ ᠶᠢ ᠪᠡᠶᠡᠯᠡᠭᠦᠯᠬᠦ ᠳᠤ ᠲᠡᠦᠬᠡ ᠶᠢᠨ ᠠᠯᠢ ᠴᠤ | ᠦᠶ᠎ᠡ ᠠᠴᠠ ᠢᠯᠡᠭᠦᠦ ᠣᠶᠢᠷᠠᠬᠠᠨ᠂ ᠨᠡᠩ ᠢᠯᠡᠭᠦᠦ ᠢᠲᠡᠭᠡᠯ ᠵᠣᠷᠢᠭ ᠪᠠ ᠬᠦᠴᠦᠨ ᠴᠢᠳᠠᠯ ᠲᠠᠢ ᠪᠣᠯᠵᠠᠶ᠂ ᠡᠭᠦᠨ ᠤ | ᠬᠠᠮᠲᠤ ᠪᠠᠰᠠ ᠡᠷᠬᠡᠪᠰᠢ ᠨᠡᠩ ᠬᠠᠲᠠᠭᠤ ᠪᠡᠷᠬᠡ᠂ ᠨᠡᠩ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠭᠠᠷᠭᠠᠬᠤ ᠪᠠᠷ | ᠪᠡᠯᠡᠬᠡᠨ ᠪᠠᠶᠢᠬᠤ ᠬᠡᠷᠡᠭᠲᠡᠶ᠃ ᠰᠣᠶᠣᠯ ᠪᠣᠯ ᠦᠨᠳᠦᠰᠦᠲᠡᠨ ᠤ ᠤᠶᠤᠨ ᠰᠠᠨᠠᠭᠠᠨ ᠤ ᠠᠮᠢᠨ ᠰᠤᠳᠠᠰᠤ ᠮᠥᠨ᠂ | ᠤᠳᠬ᠎ᠠ ᠤᠷᠠᠯᠢᠭ ᠪᠣᠯ ᠴᠠᠭ ᠦᠶ᠎ᠡ ᠶᠢᠨ ᠪᠦᠷᠢᠶ᠎ᠡ ᠮᠥᠨ᠃ ᠡᠷᠲᠡᠨ ᠤ ᠮᠡᠷᠭᠡᠳ ᠤᠨ ᠬᠡᠯᠡᠭᠰᠡᠨᠴᠢᠯᠡᠨ᠄ ︽ | ᠪᠢᠴᠢᠭ ᠤᠨ ᠬᠥᠮᠦᠨ ᠪᠣᠯᠪᠠᠰᠤ ᠶᠣᠰᠣ ᠰᠤᠷᠲᠠᠬᠤᠨ ᠢ ᠨᠡᠪᠲᠡᠷᠡᠭᠦᠯᠬᠦ ᠵᠡᠪᠰᠡᠭ ᠪᠤᠯᠠᠢ᠃︾ ᠰᠢᠨ᠎ᠡ ᠴᠠᠭ ᠦᠶ᠎ᠡ | ᠰᠢᠨ᠎ᠡ ᠠᠶᠠᠨ ᠵᠠᠮ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠲᠡᠦᠬᠡᠨ ᠣᠷᠣᠨ ᠪᠠᠶᠢᠷᠢ | ᠮᠥᠨ᠃ ᠥᠷᠭᠡᠨ ᠤᠯᠠᠨ ᠤᠳᠬ᠎ᠠ ᠤᠷᠠᠯᠢᠭ ᠤᠨ ᠬᠢᠨ ᠤ ᠠᠵᠢᠯᠲᠠᠨ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠴᠠᠭ ᠦᠶ᠎ᠡ ᠶᠢᠨ ᠭᠤᠣᠯ ᠰᠡᠳᠦᠪ ᠢ ᠭᠦᠨᠵᠡᠭᠡᠶ ᠡᠵᠡᠮᠳᠡᠵᠦ᠂ ᠠᠮᠢᠳᠤᠷᠠᠬᠤᠢ ᠶᠢᠨ ᠬᠥᠭᠡᠭᠡᠴᠡᠯᠳᠦᠯ᠂ ᠤᠷᠠᠯᠢᠭ ᠤᠨ | ᠠᠮᠢ ᠨᠠᠰᠤ ᠪᠠᠨ ᠤᠯᠤᠰ ᠣᠷᠣᠨ ᠤ ᠢᠷᠡᠭᠡᠳᠦᠶ᠂ ᠦᠨᠳᠦᠰᠦᠲᠡᠨ ᠤ ᠬᠤᠪᠢ ᠵᠠᠶᠠᠭ᠎ᠠ᠂ ᠠᠷᠠᠳ ᠲᠦᠮᠡᠨ ᠤ ᠬᠦᠰᠡᠯ | ᠡᠷᠡᠮᠡᠯᠵᠡᠯ ᠲᠠᠢ ᠨᠢᠭᠲᠠ ᠤᠶᠠᠯᠳᠤᠭᠤᠯᠵᠤ᠂ ᠰᠣᠶᠣᠯ ᠢᠶᠠᠷ ᠦᠢᠯᠡᠰ ᠢ ᠮᠠᠨᠳᠤᠭᠤᠯᠬᠤ᠂ ᠰᠣᠶᠣᠯ ᠢᠶᠠᠷ ᠦᠨᠳᠦᠰᠦ ᠶᠢ | ᠪᠤᠶᠢᠵᠢᠭᠤᠯᠬᠤ᠂ ᠰᠣᠶᠣᠯ ᠢᠶᠠᠷ ᠬᠦᠰᠡᠯ ᠢ ᠬᠥᠪᠥᠷᠡᠭᠦᠯᠬᠦ ᠪᠠ ᠰᠣᠶᠣᠯ ᠢᠶᠠᠷ ᠰᠦᠭ ᠰᠦᠨᠡᠰᠦ ᠶᠢ ᠱᠤᠭᠤᠵᠤ᠂ | ᠤᠳᠬ᠎ᠠ ᠤᠷᠠᠯᠢᠭ ᠤᠨ ᠡᠭᠦᠳᠦᠨ ᠪᠦᠲᠦᠭᠡᠯᠲᠡ ᠶᠢ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠡᠦᠬᠡᠨ ᠳᠡᠭᠡᠷ᠎ᠡ | ᠪᠢᠴᠢᠭᠯᠡᠵᠦ᠂ ᠠᠷᠠᠳ ᠲᠦᠮᠡᠨ ᠤ ᠲᠡᠮᠡᠴᠡᠯ ᠤᠨ ᠠᠶᠠᠨ ᠤ ᠳᠤᠮᠳᠠ ᠪᠢᠴᠢᠭᠯᠡᠬᠦ ᠬᠡᠷᠡᠭᠲᠡᠶ᠃ | ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ | ᠲᠦᠮᠡᠨ ᠢ ᠤᠳᠤᠷᠢᠳᠤᠨ ᠰᠢᠷᠭᠠᠭᠤ ᠬᠠᠲᠠᠭᠤᠵᠢᠯᠲᠠᠢ ᠲᠡᠮᠡᠴᠡᠵᠦ᠂ ᠪᠣᠰᠴᠤ ᠵᠣᠭᠰᠣᠬᠤ ᠠᠴᠠ ᠪᠠᠶᠠᠵᠢᠬᠤ ᠪᠠ | ᠬᠦᠴᠦᠷᠬᠡᠭᠵᠢᠬᠦ ᠬᠦᠷᠲᠡᠯᠡᠬᠢ ᠠᠭᠤᠤ ᠶᠡᠭᠡ ᠦᠰᠦᠷᠦᠯᠲᠡ ᠶᠢ ᠤᠭᠲᠤᠨ ᠠᠪᠴᠢᠷᠠᠵᠤ᠂ ᠴᠠᠭ ᠦᠶ᠎ᠡ ᠠᠴᠠ | ᠬᠤᠴᠣᠷᠣᠩᠭᠤᠢ ᠪᠠᠶᠢᠭᠰᠠᠨ ᠠᠴᠠ ᠴᠠᠭ ᠦᠶ᠎ᠡ ᠶᠢ ᠳᠠᠭᠠᠭᠰᠠᠨ ᠪᠠ ᠴᠠᠭ ᠦᠶ᠎ᠡ ᠶᠢ ᠬᠦᠳᠦᠯᠦᠨ ᠳᠠᠭᠠᠭᠤᠯᠤᠭᠰᠠᠨ | ᠠᠭᠤᠤ ᠶᠡᠭᠡ ᠳᠠᠪᠠᠯᠲᠠ ᠶᠢ ᠤᠭᠲᠤᠨ ᠠᠪᠴᠢᠷᠠᠵᠤ᠂ ᠬᠥᠮᠦᠨ ᠲᠥᠷᠥᠯᠬᠢᠲᠡᠨ ᠤ ᠲᠡᠦᠬᠡᠨ ᠳᠡᠭᠡᠷᠡᠬᠢ ᠲᠩᠷᠢ | ᠭᠠᠵᠠᠷ ᠢ ᠳᠣᠩᠰᠣᠯᠭᠠᠭᠰᠠᠨ᠂ ᠴᠢᠳᠬᠦᠷ ᠰᠠᠬᠢᠭᠤᠯᠰᠤᠨ ᠢ ᠤᠶᠠᠷᠠᠭᠤᠯᠤᠭᠰᠠᠨ ᠠᠭᠤᠤ ᠶᠡᠭᠡ ᠲᠡᠦᠬᠡᠨ ᠦᠨᠡᠨ ᠢ | ᠡᠭᠦᠳᠴᠡᠢ᠃ ᠥᠷᠭᠡᠨ ᠣᠯᠠᠨ ᠤᠳᠬ᠎ᠠ ᠤᠷᠠᠯᠢᠭ ᠤᠨ ᠬᠢᠨ ᠤ ᠠᠵᠢᠯᠲᠠᠨ ᠶᠡᠭᠡ ᠲᠡᠦᠬᠡ ᠶᠢᠨ ᠦᠵᠡᠯᠲᠡ᠂ ᠶᠡᠭᠡ | ᠴᠠᠭ ᠦᠶ᠎ᠡ ᠶᠢᠨ ᠦᠵᠡᠯᠲᠡ ᠶᠢ ᠪᠤᠶ ᠪᠣᠯᠭᠠᠵᠤ᠂ ᠦᠵᠡᠬᠦ ᠨᠢᠳᠦᠨ ᠳᠤ ᠪᠠᠨ ᠮᠢᠩᠭᠠᠨ ᠮᠥᠷᠡᠨ ᠶᠢ ᠪᠠᠭᠲᠠᠭᠠᠵᠤ᠂ | ᠬᠡᠭᠦᠳᠡᠭ ᠴᠡᠭᠡᠵᠢᠨ ᠳᠤ ᠪᠠᠨ ᠪᠣᠮᠠᠨ ᠴᠡᠷᠢᠭ ᠢ ᠪᠠᠶᠢᠷᠢᠯᠠᠭᠤᠯᠵᠤ᠂ ᠲᠡᠦᠬᠡ ᠶᠢᠨ ᠠᠬᠢᠴᠠ ᠪᠣᠯᠤᠨ ᠴᠠᠭ ᠦᠶ᠎ᠡ ᠶᠢᠨ | ᠶᠡᠭᠡ ᠬᠠᠨᠳᠤᠰᠢ ᠶᠢ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠯᠤᠲᠤ ᠶᠡᠭᠡ ᠬᠤᠪᠢᠷᠠᠯᠲᠠ ᠶᠢ | ᠲᠤᠰᠬᠠᠵᠤ᠂ ᠵᠠᠭᠤᠨ ᠵᠢᠯ ᠤᠨ ᠲᠤᠷᠰᠢᠬᠢ ᠳᠤᠮᠳᠠᠳᠤ ᠤᠯᠤᠰ ᠤᠨ ᠬᠥᠮᠦᠨ ᠤ ᠶᠢᠷᠲᠢᠨᠴᠦ ᠶᠢᠨ ᠲᠥᠪ ᠶᠣᠰᠣ ᠶᠢ | ᠢᠯᠡᠷᠡᠭᠦᠯᠵᠦ᠂ ᠤᠯᠤᠰ ᠢᠶᠠᠨ ᠬᠠᠶᠢᠷᠠᠯᠠᠬᠤ ᠦᠵᠡᠯ ᠢᠶᠠᠷ ᠭᠤᠣᠯ ᠪᠣᠯᠭᠠᠭᠰᠠᠨ ᠦᠨᠳᠦᠰᠦᠲᠡᠨ ᠤ ᠵᠣᠷᠢᠭ ᠰᠠᠨᠠᠭ᠎ᠠ | ᠪᠣᠯᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠭᠤᠣᠯ ᠪᠣᠯᠭᠠᠭᠰᠠᠨ ᠴᠠᠭ ᠦᠶ᠎ᠡ ᠶᠢᠨ ᠵᠣᠷᠢᠭ ᠰᠠᠨᠠᠭ᠎ᠠ ᠶᠢ | ᠪᠠᠳᠠᠷᠠᠭᠤᠯᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠤᠭ ᠪᠠᠳᠠᠷᠠᠩᠭᠤᠢ ᠴᠠᠭ | ᠦᠶ᠎ᠡ ᠶᠢᠨ ᠭᠤᠣᠯ ᠬᠦᠭ ᠠᠶᠠᠰ ᠢ ᠴᠢᠪᠬᠠᠳᠠᠬᠤ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠰᠢᠨ᠎ᠡ ᠴᠠᠭ ᠦᠶ᠎ᠡ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠰᠢᠨ᠎ᠡ ᠰᠢᠯᠭᠠᠯᠲᠠ ᠪᠠ | ᠥᠷᠢᠰᠥᠯᠳᠦᠭᠡᠨ ᠤ ᠳᠤᠮᠳᠠ ᠭᠡᠭᠡᠨ ᠰᠠᠷᠠᠭᠤᠯ ᠢᠷᠡᠭᠡᠳᠦᠢ ᠶᠢ ᠴᠣᠭᠴᠠᠯᠠᠨ ᠪᠠᠶᠢᠭᠤᠯᠵᠤ ᠪᠠᠶᠢᠭ᠎ᠠ ᠴᠠᠭ ᠦᠶ᠎ᠡ | ᠪᠣᠯᠤᠨ᠎ᠠ᠂ ᠮᠥᠨ ᠴᠦ ᠳᠤᠮᠳᠠᠳᠤ ᠤᠯᠤᠰ ᠤᠨ ᠠᠷᠠᠳ ᠲᠦᠮᠡᠨ ᠤ ᠴᠢᠷᠮᠠᠶᠢᠨ ᠲᠡᠮᠡᠴᠡᠵᠦ ᠰᠠᠶᠢᠨ ᠰᠠᠶᠢᠬᠠᠨ | ᠠᠮᠢᠳᠤᠷᠠᠯ ᠢ ᠴᠣᠭᠴᠠᠯᠠᠨ ᠪᠠᠶᠢᠭᠤᠯᠬᠤ ᠴᠠᠭ ᠦᠶ᠎ᠡ ᠪᠣᠯᠤᠨ᠎ᠠ᠃ ︽ᠥᠨᠳᠥᠷ ᠲᠤ ᠠᠪᠠᠷᠢᠪᠠᠰᠤ ᠰᠡᠳᠬᠢᠯ | ᠠᠭᠤᠵᠢᠷᠠᠵᠤ᠂ ᠤᠷᠤᠰᠬᠠᠯ ᠳᠤ ᠣᠶᠢᠷᠠᠳᠪᠠᠰᠤ ᠰᠠᠨᠠᠭ᠎ᠠ ᠬᠤᠯᠠᠳᠠᠮᠤᠢ︾ ᠭᠡᠳᠡᠭᠴᠢᠯᠡᠨ ᠥᠷᠭᠡᠨ ᠣᠯᠠᠨ ᠤᠳᠬ᠎ᠠ | ᠤᠷᠠᠯᠢᠭ ᠤᠨ ᠬᠢᠨ ᠤ ᠠᠵᠢᠯᠲᠠᠨ ᠴᠠᠭ ᠦᠶ᠎ᠡ ᠶᠢᠨ ᠠᠯᠬᠤᠮ ᠢ ᠰᠠᠯᠤᠯ ᠦᠭᠡᠶ ᠳᠠᠭᠠᠵᠤ᠂ ᠴᠠᠭ ᠦᠶ᠎ᠡ ᠠᠴᠠ | ᠤᠷᠠᠯᠢᠭ ᠢ ᠣᠶᠢᠯᠠᠭᠠᠵᠤ᠂ ᠤᠷᠠᠯᠢᠭ ᠤᠨ ᠡᠭᠦᠳᠦᠨ ᠪᠦᠲᠦᠭᠡᠯᠲᠡ ᠶᠢ ᠲᠦᠭ ᠲᠦᠮᠡᠨ ᠠᠷᠠᠳ ᠲᠦᠮᠡᠨ ᠤ ᠠᠭᠤᠤ | ᠶᠡᠭᠡ ᠲᠡᠮᠡᠴᠡᠯ ᠵᠦᠭ ᠴᠢᠯᠦᠭᠡᠯᠡᠵᠦ᠂ ᠪᠠᠶᠠᠯᠢᠭ ᠰᠠᠶᠢᠬᠠᠨ ᠨᠡᠶᠢᠭᠡᠮ ᠤᠨ ᠠᠮᠢᠳᠤᠷᠠᠯ ᠵᠦᠭ ᠴᠢᠭᠯᠡᠭᠦᠯᠵᠦ᠂ ᠴᠠᠭ | ᠦᠶ᠎ᠡ ᠶᠢᠨ ᠬᠤᠪᠢᠷᠠᠯᠲᠠ᠂ ᠳᠤᠮᠳᠠᠳᠤ ᠤᠯᠤᠰ ᠤᠨ ᠲᠠᠪᠰᠢᠯᠳᠠ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢᠨ | ᠳᠤᠮᠳᠠ ᠠᠴᠠ ᠭᠤᠣᠯ ᠰᠡᠳᠦᠪ ᠢ ᠰᠢᠷᠭᠠᠭᠠᠨ ᠪᠣᠯᠪᠠᠰᠤᠷᠠᠭᠤᠯᠵᠤ᠂ ᠰᠲ᠋ᠢᠯᠢ ᠰᠡᠳᠦᠪ ᠢ ᠴᠤᠬᠤᠯᠠᠪᠤᠷᠢᠯᠠᠵᠤ᠂ | ᠳᠤᠮᠳᠠᠳᠤ ᠶᠢᠨ ᠲᠡᠦᠬᠡ ᠶᠢᠨ ᠭᠤᠸ᠎ᠠ ᠰᠠᠶᠢᠬᠠᠨ᠂ ᠠᠭᠤᠯᠠ ᠤᠰᠤᠨ ᠤ ᠭᠤᠸ᠎ᠠ ᠰᠠᠶᠢᠬᠠᠨ᠂ ᠰᠣᠶᠣᠯ ᠤᠨ ᠭᠤᠸ᠎ᠠ | ᠰᠠᠶᠢᠬᠠᠨ ᠢ ᠳᠡᠯᠭᠡᠨ ᠦᠵᠡᠭᠦᠯᠵᠦ᠂ ᠳᠤᠮᠳᠠᠳᠤ ᠤᠯᠤᠰ ᠤᠨ ᠠᠷᠠᠳ ᠲᠦᠮᠡᠨ ᠤ ᠲᠡᠮᠡᠴᠡᠯ ᠤᠨ ᠵᠣᠷᠢᠭ᠂ ᠡᠭᠦᠳᠦᠨ | ᠪᠦᠲᠦᠭᠡᠯᠲᠡ ᠶᠢᠨ ᠬᠦᠴᠦᠨ᠂ ᠬᠥᠭᠵᠢᠯᠲᠡ ᠶᠢᠨ ᠦᠷ᠎ᠡ ᠪᠦᠲᠦᠭᠡᠯ ᠢ ᠤᠶᠠᠩᠭᠠᠯᠠᠵᠤ᠂ ᠰᠢᠨ᠎ᠡ ᠴᠠᠭ ᠦᠶ᠎ᠡ ᠶᠢᠨ | ᠤᠶᠤᠨ ᠰᠠᠨᠠᠭᠠᠨ ᠤ ᠠᠭᠤᠷ ᠠᠮᠢᠰᠬᠤᠯ ᠢ ᠪᠦᠬᠦ ᠲᠠᠯ᠎ᠠ ᠪᠠᠷ ᠳᠡᠯᠭᠡᠨ ᠦᠵᠡᠭᠦᠯᠬᠦ ᠬᠡᠷᠡᠭᠲᠡᠢ᠃ | ᠬᠤᠶᠠᠳᠤᠭᠠᠷ ᠲᠤ᠂ ᠥᠷᠭᠡᠨ ᠤᠯᠠᠨ ᠤᠳᠬ᠎ᠠ ᠤᠷᠠᠯᠢᠭ ᠤᠨ ᠬᠢᠨ ᠤ ᠠᠵᠢᠯᠲᠠᠨ ᠠᠷᠠᠳ ᠲᠦᠮᠡᠨ ᠤ | ᠵᠣᠭᠰᠣᠯᠲᠠ ᠶᠢ ᠪᠠᠲᠤ ᠰᠠᠬᠢᠵᠤ᠂ ᠦᠶ᠎ᠡ ᠤᠯᠠᠷᠢᠨ ᠤᠨᠲᠠᠷᠠᠰᠢ ᠦᠭᠡᠢ ᠠᠷᠠᠳ ᠲᠦᠮᠡᠨ ᠤ ᠲᠤᠤᠯᠢᠰ ᠢ ᠪᠢᠴᠢᠭᠯᠡᠬᠦ ᠶᠢ | ᠬᠦᠰᠡᠵᠦ ᠪᠠᠶᠢᠨ᠎ᠠ᠃ ᠠᠷᠠᠳ ᠲᠦᠮᠡᠨ ᠠᠴᠠ ᠢᠷᠡᠯᠳᠡ ᠲᠠᠢ᠂ ᠠᠷᠠᠳ ᠲᠦᠮᠡᠨ ᠤ ᠲᠥᠯᠥᠭᠡ ᠦᠢᠯᠡᠴᠢᠯᠡᠬᠦ᠂ ᠠᠷᠠᠳ | ᠲᠦᠮᠡᠨ ᠤ ᠪᠣᠯᠭᠠᠬᠤ ᠪᠣᠯ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠦᠨᠳᠦᠰᠦᠨ ᠵᠣᠭᠰᠣᠯᠲᠠ ᠪᠣᠯᠣᠨ᠎ᠠ᠂ ᠮᠥᠨ | ᠴᠤ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠴᠡᠴᠡᠭᠯᠡᠨ ᠬᠥᠭᠵᠢᠬᠦ ᠬᠦᠳᠡᠯᠭᠡᠭᠴᠢ ᠬᠦᠴᠦᠨ ᠪᠣᠯᠣᠨ᠎ᠠ᠃ | ᠥᠷᠭᠡᠨ ᠤᠯᠠᠨ ᠤᠳᠬ᠎ᠠ ᠤᠷᠠᠯᠢᠭ ᠤᠨ ᠬᠢᠨ ᠤ ᠠᠵᠢᠯᠲᠠᠨ ᠠᠷᠠᠳ ᠲᠦᠮᠡᠨ ᠢᠶᠠᠷ ᠭᠤᠣᠯ ᠪᠣᠯᠭᠠᠭᠰᠠᠨ ᠵᠣᠬᠢᠶᠠᠨ | ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠠᠷᠠᠳ ᠲᠦᠮᠡᠨ ᠢ ᠵᠢᠷᠦᠬᠡ ᠰᠡᠳᠬᠢᠯ ᠤᠨ ᠢᠶᠠᠨ ᠬᠠᠮᠤᠭ ᠤᠨ ᠳᠡᠭᠡᠳᠦ | ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠡᠰᠡᠬᠦ ᠪᠠᠷ ᠤᠷᠠᠯᠢᠭ ᠢ ᠰᠢᠯᠭᠠᠬᠤ | ᠬᠠᠮᠤᠭ ᠤᠨ ᠳᠡᠭᠡᠳᠦ ᠪᠠᠷᠢᠮᠵᠢᠶ᠎ᠠ ᠪᠣᠯᠭᠠᠵᠤ᠂ ᠨᠡᠩ ᠤᠯᠠᠨ ᠠᠷᠠᠳ ᠲᠦᠮᠡᠨ ᠤ ᠰᠣᠶᠣᠯ ᠤᠨ ᠬᠡᠷᠡᠭᠴᠡᠭᠡ ᠶᠢ | ᠬᠠᠩᠭᠠᠬᠤ ᠪᠠ ᠠᠷᠠᠳ ᠲᠦᠮᠡᠨ ᠤ ᠤᠶᠤᠨ ᠰᠠᠨᠠᠭᠠᠨ ᠤ ᠬᠦᠴᠦᠨ ᠢ ᠨᠡᠮᠡᠭᠳᠡᠭᠦᠯᠬᠦ ᠰᠢᠯᠢᠳᠡᠭ ᠪᠦᠲᠦᠭᠡᠯ ᠢ ᠵᠣᠬᠢᠶᠠᠨ | ᠪᠦᠲᠦᠭᠡᠵᠦ᠂ ᠤᠳᠬ᠎ᠠ ᠤᠷᠠᠯᠢᠭ ᠤᠨ ᠥᠨᠢᠷ ᠴᠡᠴᠡᠭ ᠤᠨ ᠬᠦᠷᠢᠶᠡᠯᠡᠩ ᠢ ᠡᠭᠦᠷᠢᠳᠡ ᠠᠷᠠᠳ ᠲᠦᠮᠡᠨ ᠤ ᠲᠥᠯᠥᠭᠡ | ᠴᠡᠴᠡᠭᠯᠡᠭᠦᠯᠬᠦ ᠬᠡᠷᠡᠭᠲᠡᠶ᠃ ᠠᠷᠠᠳ ᠲᠦᠮᠡᠨ ᠪᠣᠯ ᠲᠡᠦᠬᠡ ᠶᠢᠨ ᠡᠭᠦᠳᠦᠨ ᠪᠦᠲᠦᠭᠡᠭᠴᠢ ᠮᠥᠨ᠂ ᠪᠠᠰᠠ ᠴᠤ ᠴᠠᠭ | ᠦᠶ᠎ᠡ ᠶᠢᠨ ᠡᠭᠦᠳᠦᠨ ᠪᠦᠲᠦᠭᠡᠭᠴᠢ ᠮᠥᠨ᠃ ᠠᠷᠠᠳ ᠲᠦᠮᠡᠨ ᠤ ᠰᠦᠷ ᠳᠠᠯᠠᠶᠢᠴᠠᠲᠠᠢ ᠲᠡᠮᠡᠴᠡᠯ ᠤᠨ ᠳᠤᠮᠳᠠ᠂ | ᠲᠡᠦᠬᠡ ᠶᠢ ᠡᠭᠦᠳᠦᠨ ᠪᠦᠲᠦᠭᠡᠬᠦ ᠣᠷᠭᠢᠯᠤᠮ᠎ᠠ ᠪᠠᠭ᠋ᠠᠳᠤᠮ᠎ᠠ ᠬᠠᠭᠤᠳᠠᠰᠤ ᠶᠢ ᠭᠠᠵᠠᠷ ᠪᠣᠯᠭᠠᠨ ᠳᠤ ᠪᠢᠴᠢᠭᠯᠡᠵᠦ | ᠪᠠᠶᠢᠳᠠᠭ᠂ ᠡᠭᠦᠨ ᠢ ᠬᠤᠷᠠᠮᠳᠤᠭᠤᠯᠤᠨ ᠨᠡᠶᠢᠯᠡᠭᠦᠯᠪᠡᠯ ᠳᠠᠷᠤᠢ ᠠᠷᠠᠳ ᠲᠦᠮᠡᠨ ᠲᠤᠤᠯᠢᠰ ᠪᠣᠯᠬᠤ ᠶᠤᠮ᠃ ᠠᠷᠠᠳ | ᠲᠦᠮᠡᠨ ᠪᠣᠯ ᠤᠳᠬ᠎ᠠ ᠤᠷᠠᠯᠢᠭ ᠤᠨ ᠡᠭᠡ ᠮᠥᠨ᠃ ᠤᠳᠬ᠎ᠠ ᠵᠣᠬᠢᠶᠠᠯ ᠤᠷᠠᠯᠢᠭ ᠤᠨ ᠪᠤᠶᠢᠵᠢᠯᠲᠠ ᠨᠢ ᠠᠷᠠᠳ | ᠲᠦᠮᠡᠨ ᠤ ᠰᠢᠮ᠎ᠡ ᠲᠡᠵᠢᠭᠡᠯ ᠠᠴᠠ ᠰᠠᠯᠵᠤ ᠴᠢᠳᠠᠬᠤ ᠦᠭᠡᠢ᠂ ᠠᠷᠠᠳ ᠲᠦᠮᠡᠨ ᠤ ᠳᠤᠮᠳᠠ ᠠᠯᠢᠪᠠ ᠤᠳᠬ᠎ᠠ | ᠵᠣᠬᠢᠶᠠᠯ ᠤᠷᠠᠯᠢᠭ ᠤᠨ ᠠᠪᠤᠭᠠᠳ ᠪᠠᠷᠠᠰᠢ ᠦᠭᠡᠢ᠂ ᠬᠡᠷᠡᠭᠯᠡᠭᠡᠳ ᠳᠠᠭᠤᠰᠤᠰᠢ ᠦᠭᠡᠢ ᠡᠯᠪᠡᠭ ᠳᠡᠯᠪᠡᠭ ᠡᠬᠢ | ᠰᠤᠷᠪᠤᠯᠵᠢ ᠪᠠᠶᠢᠳᠠᠭ᠃ ᠤᠳᠬ᠎ᠠ ᠤᠷᠠᠯᠢᠭ ᠨᠢ ᠠᠷᠠᠳ ᠲᠦᠮᠡᠨ ᠤ ᠲᠡᠦᠬᠡ ᠶᠢ ᠡᠭᠦᠳᠦᠨ ᠪᠦᠲᠦᠭᠡᠬᠦ ᠠᠭᠤᠤ ᠶᠡᠭᠡ | ᠠᠬᠢᠴᠠ ᠶᠢ ᠬᠠᠮᠤᠭ ᠤᠨ ᠣᠷᠭᠢᠯᠤᠮ᠎ᠠ ᠰᠡᠳᠬᠢᠯᠭᠡ ᠪᠠᠷ ᠮᠠᠭᠲᠠᠨ ᠳᠠᠭᠤᠯᠠᠵᠤ᠂ ᠠᠯᠢᠪᠠ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠥᠯᠥᠭᠡ ᠲᠡᠮᠡᠴᠡᠭᠴᠢ᠂ ᠠᠷᠠᠳ ᠲᠦᠮᠡᠨ ᠤ ᠲᠥᠯᠥᠭᠡ | ᠠᠮᠢ ᠪᠡᠶ᠎ᠡ ᠪᠠᠨ ᠵᠣᠷᠢᠭᠤᠯᠤᠭᠰᠠᠨ ᠪᠠᠭᠠᠲᠤᠷᠴᠤᠳ ᠢ ᠬᠠᠮᠤᠭ ᠤᠨ ᠭᠦᠨ ᠰᠡᠳᠬᠢᠯᠭᠡ ᠲᠠᠢ ᠪᠠᠷ ᠮᠠᠭᠲᠠᠨ ᠰᠠᠶᠢᠰᠢᠶᠠᠬᠤ | ᠬᠡᠷᠡᠭᠲᠡᠶ᠃ ᠮᠣᠣ ᠳ᠋ᠦᠨ ᠬᠡᠯᠡᠬᠦ ᠳᠤ ᠪᠠᠨ᠄ ︽ᠲᠤᠭᠤᠵᠢᠰ ᠤᠨ ᠵᠣᠬᠢᠶᠠᠯ ᠪᠢᠴᠢᠳᠡᠭ ᠬᠥᠮᠦᠨ ᠥᠷᠭᠡᠨ ᠳᠡᠯᠭᠡᠷ | ᠠᠮᠢᠳᠤᠷᠠᠯ ᠤᠨ ᠲᠤᠷᠰᠢᠯᠭ᠎ᠠ ᠪᠠᠶᠢᠬᠤ ᠬᠡᠷᠡᠭᠲᠡᠶ ᠪᠠᠷ ᠪᠠᠷᠠᠬᠤ ᠦᠭᠡᠢ᠂ ᠪᠣᠯᠪᠠᠰᠤᠷᠠᠯ ᠬᠦᠷᠲᠡᠭᠰᠡᠨ ᠲᠠᠷᠢᠬᠢ | ᠲᠣᠯᠣᠭᠠᠶ ᠲᠠᠢ ᠪᠠᠶᠢᠵᠤ᠂ ᠲᠡᠷᠡ ᠬᠦ ᠪᠤᠳᠤᠯᠢᠶᠠᠨᠲᠠᠶ ᠨᠡᠶᠢᠭᠡᠮ ᠤᠨ ᠦᠵᠡᠭᠳᠡᠯ ᠢ ᠵᠠᠳᠠᠯᠵᠤ ᠴᠢᠳᠠᠬᠤ ᠬᠡᠷᠡᠭᠲᠡᠶ︾ | ᠭᠡᠵᠡᠢ᠃ ᠤᠷᠤᠰ ᠤᠨ ᠵᠣᠬᠢᠶᠠᠯᠴᠢ ᠲᠣᠯᠰᠲ᠋ᠣᠶ ᠬᠡᠯᠡᠬᠦ ᠳᠤ ᠪᠠᠨ᠄ ︽ᠤᠷᠠᠯᠢᠭ ᠪᠣᠯ ᠤᠷᠠᠨ ᠮᠡᠷᠭᠡᠵᠢᠯ ᠪᠢᠰᠢ᠂ ᠲᠡᠷᠡ | ᠪᠣᠯ ᠤᠷᠠᠯᠢᠭᠴᠢᠳ ᠤᠨ ᠪᠡᠶ᠎ᠡ ᠪᠠᠷ ᠢᠶᠠᠨ ᠥᠩᠭᠡᠷᠡᠭᠦᠯᠦᠭᠰᠡᠨ ᠬᠠᠶᠢᠷ᠎ᠠ ᠰᠡᠳᠬᠢᠯᠭᠡ ᠶᠢᠨ ᠢᠯᠡᠷᠡᠭᠦᠯᠦᠯ ᠮᠥᠨ︾ ᠭᠡᠵᠡᠶ | ᠃ ᠠᠮᠢᠳᠤᠷᠠᠯ ᠪᠣᠯ ᠠᠷᠠᠳ ᠲᠦᠮᠡᠨ᠂ ᠠᠷᠠᠳ ᠲᠦᠮᠡᠨ ᠪᠣᠯ ᠳᠠᠷᠤᠶ ᠠᠮᠢᠳᠤᠷᠠᠯ ᠮᠥᠨ᠃ ᠠᠷᠠᠳ ᠲᠦᠮᠡᠨ ᠪᠣᠯ | ᠦᠨᠡᠨ᠂ ᠪᠣᠳᠠᠲᠠᠶ᠂ ᠪᠣᠷᠣᠭᠵᠢᠭᠤᠨ ᠪᠠᠶᠢᠳᠠᠭ᠂ ᠵᠣᠬᠢᠶᠠᠮᠠᠯ ᠳᠦᠷᠢ ᠪᠠᠷ ᠠᠷᠠᠳ ᠲᠦᠮᠡᠨ ᠢ ᠬᠡᠶᠢᠰᠪᠦᠷᠢᠯᠡᠨ | ᠵᠣᠬᠢᠶᠠᠵᠤ ᠪᠣᠯᠬᠤ ᠦᠭᠡᠢ᠂ ᠱᠣᠭᠯᠠᠬᠤ ᠣᠪᠣᠷ ᠢᠶᠠᠷ ᠠᠷᠠᠳ ᠲᠦᠮᠡᠨ ᠢ ᠱᠣᠭᠯᠠᠵᠤ ᠪᠣᠯᠬᠤ ᠦᠭᠡᠢ᠂ ᠨᠡᠩ ᠴᠤ | ᠮᠠᠭᠤᠰᠢᠶᠠᠭᠰᠠᠨ ᠪᠢᠴᠢᠯᠭᠡ ᠪᠠᠷ ᠠᠷᠠᠳ ᠲᠦᠮᠡᠨ ᠢ ᠮᠠᠭᠤᠰᠢᠶᠠᠵᠤ ᠪᠣᠯᠬᠤ ᠦᠭᠡᠢ᠃ ᠥᠷᠭᠡᠨ ᠣᠯᠠᠨ ᠤᠳᠬ᠎ᠠ | ᠤᠷᠠᠯᠢᠭ ᠤᠨ ᠠᠵᠢᠯᠲᠠᠨ ᠭᠠᠭᠴᠠ ᠬᠦ ᠠᠷᠠᠳ ᠤᠨ ᠳᠤᠮᠳᠠ ᠭᠦᠨᠵᠡᠭᠡᠶᠢᠷᠡᠵᠦ᠂ ᠠᠷᠠᠳ ᠲᠦᠮᠡᠨ ᠤ ᠰᠢᠷᠭᠠᠭᠤ | ᠬᠥᠳᠡᠯᠮᠦᠷᠢ ᠶᠢ ᠤᠶᠢᠯᠠᠭᠠᠨ᠂ ᠠᠷᠠᠳ ᠲᠦᠮᠡᠨ ᠤ ᠪᠠᠶᠠᠰᠤᠯ ᠵᠣᠪᠠᠨᠢᠯ ᠡᠮᠭᠡᠨᠢᠯ ᠭᠠᠰᠢᠭᠤᠳᠠᠯ ᠢ ᠲᠠᠨᠢᠵᠤ ᠮᠡᠳᠡᠷᠡᠪᠡᠯ | ᠰᠠᠶ᠋ᠢ ᠠᠮᠢᠳᠤᠷᠠᠯ ᠤᠨ ᠮᠥᠨ ᠴᠢᠨᠠᠷ ᠢ ᠲᠤᠭᠤᠰᠢᠲᠠᠯᠠ ᠣᠶᠢᠯᠠᠭᠠᠵᠤ᠂ ᠴᠠᠭ ᠦᠶ᠎ᠡ ᠶᠢᠨ ᠠᠮᠢᠨ ᠰᠤᠳᠠᠰᠤ ᠶᠢ | ᠡᠵᠡᠮᠰᠢᠨ᠂ ᠠᠷᠠᠳ ᠲᠦᠮᠡᠨ ᠤ ᠰᠡᠳᠬᠢᠯ ᠤᠨ ᠳᠠᠭᠤᠨ ᠢ ᠣᠶᠢᠯᠠᠭᠠᠨ᠂ ᠤᠳᠬ᠎ᠠ ᠤᠷᠠᠯᠢᠭ ᠤᠨ ᠵᠣᠬᠢᠶᠠᠨ | ᠪᠦᠲᠦᠭᠡᠯᠭᠡ ᠶᠢ ᠭᠦᠨ ᠴᠢᠬᠢᠮᠠᠶ ᠬᠦᠴᠦᠨ ᠴᠢᠳᠠᠯ ᠪᠠ ᠦᠨᠢᠲᠡ ᠶᠢᠨ ᠲᠠᠲᠠᠬᠤ ᠬᠦᠴᠦᠨ ᠲᠠᠢ ᠪᠣᠯᠭᠠᠵᠤ ᠴᠢᠳᠠᠨ᠎ᠠ᠃ | ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠨ ᠠᠷᠠᠳ ᠲᠦᠮᠡᠨ ᠢ ᠵᠣᠬᠢᠶᠠᠯ ᠪᠦᠲᠦᠭᠡᠯ ᠤᠨ ᠢᠶᠠᠨ ᠭᠤᠣᠯ | ᠪᠠᠭᠠᠲᠤᠷ ᠪᠣᠯᠭᠠᠬᠤ ᠪᠠᠷ ᠪᠠᠷᠠᠬᠤ ᠦᠭᠡᠢ᠂ ᠥᠪᠡᠷ ᠤᠨ ᠦᠵᠡᠯ ᠰᠠᠨᠠᠭᠠᠨ ᠤ ᠬᠠᠨᠳᠤᠯᠭ᠎ᠠ ᠪᠠ ᠬᠠᠶᠢᠷ᠎ᠠ | ᠰᠡᠳᠬᠢᠯᠭᠡ ᠪᠠᠨ ᠠᠷᠠᠳ ᠲᠦᠮᠡᠨ ᠲᠠᠢ ᠠᠭᠤᠰᠬᠠᠨ ᠨᠢᠭᠡᠳᠬᠡᠵᠦ᠂ ᠰᠠᠨᠠᠭ᠎ᠠ᠂ ᠰᠡᠳᠬᠢᠯᠭᠡ᠂ ᠦᠵᠡᠯ ᠪᠤᠳᠤᠯ ᠢᠶᠠᠨ | ᠠᠷᠠᠳ ᠤᠨ ᠳᠤᠮᠳᠠ ᠰᠠᠭᠤᠷᠢᠯᠠᠭᠤᠯᠵᠤ᠂ ᠠᠷᠠᠳ ᠲᠦᠮᠡᠨ ᠲᠠᠢ ᠬᠠᠮᠲᠤ ᠪᠠᠷ ᠴᠠᠭ ᠦᠶ᠎ᠡ ᠶᠢᠨ ᠬᠥᠭ ᠴᠣᠬᠢᠯᠭ᠎ᠠ᠂ | ᠠᠮᠢ ᠨᠠᠰᠤᠨ ᠤ ᠭᠡᠷᠡᠯ ᠭᠢᠯᠪᠠᠭ᠎ᠠ ᠶᠢ ᠮᠡᠳᠡᠷᠡᠵᠦ᠂ ᠴᠠᠭ ᠦᠶ᠎ᠡ ᠪᠠ ᠠᠷᠠᠳ ᠲᠦᠮᠡᠨ ᠤ ᠲᠥᠯᠥᠭᠡ ᠮᠠᠭᠲᠠᠨ | ᠳᠠᠭᠤᠯᠠᠬᠤ ᠬᠡᠷᠡᠭᠲᠡᠶ᠃ ᠤᠳᠬ᠎ᠠ ᠵᠣᠬᠢᠶᠠᠯ ᠤᠷᠠᠯᠢᠭ ᠨᠢ ᠳᠦᠷᠢ ᠪᠠᠷ ᠪᠦᠲᠦᠭᠡᠭᠳᠡᠵᠦ᠂ ᠰᠣᠩᠭᠤᠳᠠᠭ ᠤᠳᠬ᠎ᠠ | ᠤᠷᠠᠯᠢᠭ ᠤᠨ ᠳᠦᠷᠢ ᠨᠢ ᠨᠢᠭᠡᠨ ᠴᠠᠭ ᠦᠶ᠎ᠡ ᠶᠢᠨ ᠤᠳᠬ᠎ᠠ ᠤᠷᠠᠯᠢᠭ ᠤᠨ ᠴᠢᠬᠤᠯᠠ ᠪᠡᠯᠭᠡ ᠲᠡᠮᠳᠡᠭ ᠪᠣᠯᠳᠠᠭ᠃ | ᠬᠦᠰᠡᠯ ᠬᠥᠭᠡᠭᠡᠴᠡᠯᠳᠦᠯ ᠲᠠᠢ᠂ ᠡᠷᠳᠡᠮ ᠴᠢᠳᠠᠪᠤᠷᠢ ᠲᠠᠢ ᠤᠳᠬ᠎ᠠ ᠤᠷᠠᠯᠢᠭ ᠤᠨ ᠠᠵᠢᠯᠲᠠᠨ ᠪᠦᠬᠦᠨ ᠠᠮᠢᠳᠤᠷᠠᠯ ᠢ | ᠮᠡᠳᠡᠷᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠴᠠᠭ ᠦᠶ᠎ᠡ ᠶᠢᠨ ᠵᠣᠷᠢᠭ ᠰᠠᠨᠠᠭ᠎ᠠ ᠶᠢ ᠲᠥᠯᠥᠭᠡᠯᠡᠭᠰᠡᠨ ᠰᠢᠨ᠎ᠡ | ᠦᠵᠡᠭᠳᠡᠯ ᠰᠢᠨ᠎ᠡ ᠬᠥᠮᠦᠰ ᠢ ᠲᠠᠰᠤᠷᠠᠯᠲᠠ ᠦᠭᠡᠶ ᠢᠯᠡᠷᠡᠭᠦᠯᠵᠦ᠂ ᠠᠮᠢᠳᠤᠷᠠᠯ ᠠᠴᠠ ᠢᠷᠡᠯᠲᠡ ᠲᠠᠢ ᠮᠥᠷᠲᠡᠭᠡᠨ | ᠠᠮᠢᠳᠤᠷᠠᠯ ᠠᠴᠠ ᠳᠠᠪᠠᠭᠰᠠᠨ ᠤᠷᠠᠯᠢᠭ ᠤᠨ ᠡᠭᠦᠳᠦᠨ ᠪᠦᠲᠦᠭᠡᠯᠲᠡ᠂ ᠠᠬᠤᠶᠢᠴᠢ ᠦᠵᠡᠯ ᠪᠠ ᠷᠣᠮᠠᠨᠲ᠋ᠢᠭ ᠦᠵᠡᠯ ᠢ | ᠤᠶᠠᠯᠳᠤᠭᠤᠯᠤᠭᠰᠠᠨ ᠭᠤᠸ᠎ᠠ ᠵᠦᠶ ᠶᠢᠨ ᠬᠡᠪ ᠨᠠᠮᠪᠠ ᠪᠠᠷ ᠬᠥᠮᠦᠨ ᠤ ᠰᠣᠨᠢᠷᠬᠠᠯ ᠢ ᠲᠠᠲᠠᠬᠤ᠂ ᠬᠥᠮᠦᠨ ᠤ ᠰᠡᠳᠬᠢᠯ ᠢ | ᠬᠥᠳᠡᠯᠭᠡᠬᠦ ᠤᠷᠠᠯᠢᠭ ᠤᠨ ᠳᠦᠷᠢ ᠶᠢ ᠨᠡᠩ ᠣᠯᠠᠨ ᠪᠦᠲᠦᠭᠡᠵᠦ᠂ ᠴᠠᠭ ᠦᠶ᠎ᠡ ᠳᠤ ᠮᠠᠷᠲᠠᠭᠳᠠᠰᠢ ᠦᠭᠡᠶ | ᠤᠷᠠᠯᠢᠭ ᠤᠨ ᠰᠣᠩᠭᠤᠳᠠᠭ ᠪᠦᠲᠦᠭᠡᠯ ᠢ ᠦᠯᠡᠳᠡᠭᠡᠬᠦ ᠬᠡᠷᠡᠭᠲᠡᠶ᠃ ︽ᠵᠣᠬᠢᠶᠠᠨ ᠪᠢᠴᠢᠬᠦ ᠶᠢᠨ ᠶᠣᠰᠣᠨ ᠠᠨᠤ ᠲᠥᠪ | ᠰᠤᠷᠲᠠᠯ ᠢ ᠤᠬᠠᠭᠤᠯᠤᠨ ᠵᠢᠷᠤᠮ ᠨᠣᠮ ᠢ ᠢᠯᠡᠷᠡᠭᠦᠯᠬᠦ ᠳᠤᠷ ᠠᠮᠤᠢ︾᠃ ᠤᠳᠬ᠎ᠠ ᠤᠷᠠᠯᠢᠭ ᠨᠢ ᠭᠠᠭᠴᠠ ᠬᠦ | ᠥᠭᠡᠳᠡᠯᠡᠨ ᠳᠠᠪᠰᠢᠵᠤ᠂ ᠰᠠᠶᠢᠨ ᠰᠠᠶᠢᠬᠠᠨ ᠢ ᠬᠥᠭᠡᠭᠡᠴᠡᠯᠳᠦᠪᠡᠯ ᠰᠠᠶ᠋ᠢ ᠴᠠᠭ ᠦᠶ᠎ᠡ ᠶᠢᠨ ᠪᠦᠷᠢᠶ᠎ᠡ ᠪᠤᠯᠵᠤ ᠴᠢᠳᠠᠨ᠎ᠠ᠃ | ᠰᠠᠶᠢᠨ ᠢ ᠡᠷᠬᠢᠮᠯᠡᠪᠡᠯ ᠰᠠᠶ᠋ᠢ ᠰᠠᠶᠢᠬᠠᠨ ᠢ ᠢᠯᠡᠷᠡᠭᠦᠯᠵᠦ ᠴᠢᠳᠠᠨ᠎ᠠ᠃ ᠥᠷᠭᠡᠨ ᠣᠯᠠᠨ ᠤᠳᠬ᠎ᠠ ᠤᠷᠠᠯᠢᠭ ᠤᠨ | ᠠᠵᠢᠯᠲᠠᠨ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠥᠭᠡᠳᠡᠯᠡᠨ ᠳᠠᠪᠰᠢᠵᠤ ᠰᠠᠶᠢᠨ ᠰᠠᠶᠢᠬᠠᠨ ᠢ | ᠬᠥᠭᠡᠭᠡᠴᠡᠯᠳᠦᠬᠦ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ | ᠦᠵᠡᠯᠲᠡ ᠶᠢ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠳᠤᠮᠳᠠ ᠠᠮᠢᠳᠤᠯᠢᠭ ᠢᠶᠠᠷ ᠢᠯᠡᠷᠡᠭᠦᠯᠵᠦ᠂ | ᠰᠠᠨᠠᠭ᠎ᠠ ᠠᠬᠤᠢ ᠲᠠᠢ᠂ ᠶᠣᠰᠣ ᠮᠣᠷᠠᠯ ᠲᠠᠢ᠂ ᠬᠦᠮᠦᠰ ᠤᠨ ᠰᠣᠨᠢᠷᠬᠠᠯ ᠢ ᠲᠠᠲᠠᠵᠤ ᠴᠢᠳᠠᠬᠤ᠂ ᠡᠷᠡᠭᠦᠯ ᠰᠠᠷᠠᠭᠤᠯ | ᠰᠣᠶᠣᠯ ᠤᠨ ᠬᠡᠪ ᠰᠤᠷᠲᠠᠯ ᠢ ᠰᠠᠨᠠᠭᠠᠴᠢᠯᠠᠨ᠂ ᠵᠡᠷᠡᠮᠳᠡᠭ ᠭᠤᠸ᠎ᠠ ᠲᠠᠭᠠᠰᠢᠶᠠᠯ ᠤᠨ ᠬᠡᠯᠪᠡᠷᠢᠯ ᠢ ᠲᠠᠶᠠᠭᠳᠠᠵᠤ᠂ ᠦᠵᠡᠯ | ᠰᠠᠨᠠᠭ᠎ᠠ ᠭᠦᠨ ᠭᠦᠨᠵᠡᠭᠡᠶ᠂ ᠴᠡᠪᠡᠷ ᠪᠣᠷᠣᠭᠵᠢᠭᠤᠨ᠂ ᠢᠳᠡᠷᠡᠭᠦᠨ ᠳᠣᠷᠪᠢᠲᠠᠶ ᠰᠢᠯᠢᠳᠡᠭ ᠪᠦᠲᠦᠭᠡᠯ ᠢᠶᠠᠷ ᠠᠷᠠᠳ | ᠲᠦᠮᠡᠨ ᠤ ᠭᠤᠸ᠎ᠠ ᠰᠠᠶᠢᠬᠠᠨ ᠤ ᠦᠵᠡᠯᠲᠡ ᠪᠠ ᠦᠷᠳᠡᠭ ᠤᠨ ᠦᠵᠡᠯᠲᠡ ᠶᠢ ᠬᠥᠮᠦᠵᠢᠭᠦᠯᠵᠦ᠂ ᠠᠷᠠᠳ ᠲᠦᠮᠡᠨ ᠢ | ᠤᠶᠤᠨ ᠰᠠᠨᠠᠭᠠᠨ ᠤ ᠠᠮᠢᠳᠤᠷᠠᠯ ᠢ ᠨᠡᠩ ᠲᠡᠭᠦᠯᠳᠡᠷ ᠪᠣᠯᠭᠠᠬᠤ ᠬᠡᠷᠡᠭᠲᠡᠢ᠃ | ᠭᠤᠷᠪᠠᠳᠤᠭᠠᠷ ᠲᠤ᠂ ᠥᠷᠭᠡᠨ ᠤᠯᠠᠨ ᠤᠳᠬ᠎ᠠ ᠤᠷᠠᠯᠢᠭ ᠤᠨ ᠠᠵᠢᠯᠳᠠᠨ ᠲᠥᠪ ᠶᠣᠰᠣ ᠶᠢ ᠰᠠᠬᠢᠨ | ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠴᠠᠭ ᠦᠶ᠎ᠡ ᠶᠢ ᠲᠠᠭᠠᠨ ᠤᠷᠤᠭᠰᠢᠯᠠᠭᠰᠠᠨ ᠰᠣᠳᠣᠨ ᠪᠦᠲᠦᠭᠡᠯ ᠢᠶᠠᠷ | ᠤᠳᠬ᠎ᠠ ᠤᠷᠠᠯᠢᠭ ᠤᠨ ᠰᠢᠨ᠎ᠡ ᠠᠬᠤᠶ ᠪᠠᠶᠢᠳᠠᠯ ᠢ ᠨᠡᠭᠡᠭᠡᠬᠦ ᠶᠢ ᠬᠦᠰᠡᠵᠦ ᠪᠠᠶᠢᠨ᠎ᠠ᠃ ᠨᠢᠭᠡ ᠴᠠᠭ ᠦᠶ᠎ᠡ ᠶᠢᠨ | ᠤᠳᠬ᠎ᠠ ᠤᠷᠠᠯᠢᠭ ᠤᠨ ᠠᠮᠵᠢᠯᠲᠠ ᠪᠦᠲᠦᠮᠵᠢ ᠶᠢ ᠦᠨᠡᠯᠡᠬᠦ ᠳᠤ ᠬᠠᠮᠤᠭ ᠤᠨ ᠡᠴᠦᠰ ᠲᠤ ᠵᠣᠬᠢᠶᠠᠯ ᠪᠦᠲᠦᠭᠡᠯ ᠢ ᠨᠢ | ᠦᠵᠡᠬᠦ ᠳᠤ᠂ ᠤᠳᠬ᠎ᠠ ᠵᠣᠬᠢᠶᠠᠯᠴᠢ᠂ ᠤᠷᠠᠯᠢᠭᠴᠢᠨ ᠤ ᠠᠮᠢᠳᠤᠷᠠᠬᠤᠶ ᠶᠢᠨ ᠥᠷᠲᠡᠭ ᠢ ᠦᠨᠡᠯᠡᠬᠦ ᠳᠤ ᠪᠠᠰᠠ ᠴᠦ | ᠵᠣᠬᠢᠶᠠᠯ ᠪᠦᠲᠦᠭᠡᠯ ᠢ ᠨᠢ ᠦᠵᠡᠬᠦ ᠬᠡᠷᠡᠭᠲᠡᠶ᠃ ᠥᠷᠭᠡᠨ ᠤᠯᠡᠠ ᠤᠳᠬ᠎ᠠ ᠤᠷᠠᠯᠢᠭ ᠤᠨ ᠠᠵᠢᠯᠲᠠᠨ ᠣᠬᠢ ᠶᠢᠨ | ᠳᠤᠮᠳᠠ ᠠᠴᠠ ᠰᠣᠳᠣ ᠶᠢ ᠨᠢ ᠡᠷᠢᠵᠦ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠮᠠᠨ ᠤ ᠡᠨᠡ ᠬᠦ ᠠᠭᠤᠤ ᠶᠡᠭᠡ | ᠦᠨᠳᠦᠰᠦᠲᠡᠨ᠂ ᠠᠭᠤᠤ ᠶᠡᠭᠡ ᠴᠠᠭ ᠦᠶ᠎ᠡ ᠳᠤ ᠥᠯᠥ ᠣᠰᠣᠯᠳᠠᠬᠤ ᠰᠢᠯᠢᠳᠡᠭ ᠪᠦᠲᠦᠭᠡᠯ ᠢ ᠴᠢᠷᠮᠠᠶᠢᠨ ᠵᠣᠬᠢᠶᠠᠨ | ᠪᠦᠲᠦᠭᠡᠬᠦ ᠬᠡᠷᠡᠭᠲᠡᠶ᠃ ᠡᠷᠲᠡᠨ ᠠᠴᠠ ᠡᠳᠦᠭᠡ ᠪᠣᠯᠲᠠᠯ᠎ᠠ᠂ ᠤᠳᠬ᠎ᠠ ᠤᠷᠠᠯᠢᠭ ᠤᠨ ᠰᠢᠯᠢᠳᠡᠭ ᠪᠦᠲᠦᠭᠡᠯ ᠨᠢ ᠦᠵᠡᠯ | ᠰᠠᠨᠠᠭᠠᠨ ᠤ ᠠᠭᠤᠯᠭ᠎ᠠ ᠪᠠ ᠤᠷᠠᠯᠢᠭ ᠤᠨ ᠢᠯᠡᠳᠬᠡᠯᠲᠡ ᠶᠢ ᠣᠷᠭᠠᠨᠢᠭ ᠢᠶᠠᠷ ᠨᠢᠭᠡᠳᠬᠡᠭᠰᠡᠨ ᠤ ᠦᠷ᠎ᠡ ᠳ᠋ᠦᠩ | ᠪᠣᠯᠬᠤ ᠨᠢ ᠵᠠᠶᠢᠯᠠᠰᠢ ᠦᠭᠡᠢ᠃ ︽ᠶᠣᠰᠣᠨ ᠠᠨᠤ ᠰᠡᠴᠡ ᠲᠠᠢ ᠪᠣᠯᠪᠠᠰᠤ ᠵᠣᠷᠢᠭ ᠭᠤᠣᠯᠴᠢ᠂ ᠵᠣᠷᠢᠭ ᠠᠨᠤ | ᠭᠤᠣᠯᠴᠢ ᠪᠣᠯᠪᠠᠰᠤ ᠦᠭᠡᠰ ᠪᠠᠶᠠᠯᠢᠭ᠂ ᠦᠭᠡᠰ ᠢᠨᠤ ᠪᠠᠶᠠᠯᠢᠭ ᠪᠣᠯᠪᠠᠰᠤ ᠵᠣᠬᠢᠶᠠᠯ ᠨᠡᠪᠲᠡᠷᠬᠡᠢ︾ ᠭᠡᠳᠡᠭᠴᠢᠯᠡᠨ | ᠭᠠᠭᠴᠠ ᠬᠦ ᠭᠤᠸ᠎ᠠ ᠰᠠᠶᠢᠬᠠᠨ ᠤ ᠦᠨ᠎ᠡ ᠥᠷᠲᠡᠭ ᠢ ᠭᠤᠸ᠎ᠠ ᠰᠠᠶᠢᠬᠠᠨ ᠤ ᠤᠷᠠᠯᠢᠭ ᠲᠤ ᠠᠭᠤᠰᠬᠠᠪᠠᠯ ᠤᠷᠠᠨ | ᠪᠦᠲᠦᠭᠡᠯ ᠰᠠᠶ᠋ᠢ ᠰᠦᠭ ᠰᠦᠨᠡᠰᠦ ᠲᠠᠢ ᠪᠣᠯᠵᠤ᠂ ᠦᠵᠡᠯ ᠰᠠᠨᠠᠭ᠎ᠠ ᠪᠣᠯᠣᠨ ᠤᠷᠠᠯᠢᠭ ᠰᠠᠶ᠋ᠢ ᠬᠠᠷᠢᠯᠴᠠᠨ ᠤᠶᠠᠯᠳᠤᠨ | ᠬᠠᠷᠢᠯᠴᠠᠨ ᠳᠣᠪᠤᠶᠢᠯᠭᠠᠵᠤ᠂ ᠤᠷᠠᠨ ᠪᠦᠲᠦᠭᠡᠯ ᠰᠠᠶ᠋ᠢ ᠥᠨᠢ ᠤᠳᠠᠭᠠᠨ ᠤᠯᠠᠮᠵᠢᠯᠠᠭᠳᠠᠵᠤ ᠴᠢᠳᠠᠨ᠎ᠠ᠃ ᠶᠠᠰᠤ | ᠴᠢᠨᠠᠷ ᠢ ᠳᠡᠭᠡᠭᠰᠢᠯᠡᠭᠦᠯᠬᠦ ᠶᠠᠪᠤᠳᠠᠯ ᠢ ᠤᠳᠬ᠎ᠠ ᠤᠷᠠᠯᠢᠭ ᠤᠨ ᠪᠦᠲᠦᠭᠡᠯ ᠤᠨ ᠠᠮᠢᠨ ᠰᠤᠳᠠᠰᠤ ᠪᠣᠯᠭᠠᠵᠤ᠂ ᠠᠭᠤᠯᠭ᠎ᠠ | ᠮᠠᠲ᠋ᠧᠷᠢᠶᠠᠯ ᠰᠣᠩᠭᠤᠬᠤ ᠳᠤ ᠪᠠᠨ ᠴᠢᠩᠭ᠎ᠠ ᠨᠢᠮᠪᠠᠢ ᠪᠠᠶᠢᠵᠤ᠂ ᠦᠵᠡᠯ ᠰᠠᠨᠠᠭ᠎ᠠ ᠶᠢ ᠨᠢ ᠭᠦᠨᠵᠡᠭᠡᠶ ᠠᠭᠤᠳᠠᠯᠵᠤ᠂ | ᠤᠷᠠᠯᠢᠭ ᠤᠨ ᠡᠭᠦᠳᠦᠨ ᠪᠦᠲᠦᠭᠡᠯᠲᠡ ᠪᠠᠨ ᠨᠠᠷᠢᠯᠢᠭ ᠪᠠᠶᠢᠯᠭᠠᠵᠤ᠂ ᠤᠷᠠᠨ ᠪᠦᠲᠦᠭᠡᠯ ᠤᠨ ᠤᠶᠤᠨ ᠰᠠᠨᠠᠭᠠᠨ ᠤ | ᠡᠨᠧᠷᠭᠢ᠂ ᠰᠣᠶᠣᠯ ᠤᠨ ᠠᠭᠤᠯᠤᠭᠳᠠᠬᠤᠨ᠂ ᠤᠷᠠᠯᠢᠭ ᠤᠨ ᠦᠨ᠎ᠡ ᠦᠷᠳᠡᠭ ᠢ ᠲᠠᠰᠤᠷᠠᠯᠳᠠ ᠦᠭᠡᠢ ᠳᠡᠭᠡᠭᠰᠢᠯᠡᠭᠦᠯᠬᠦ | ᠬᠡᠷᠡᠭᠲᠡᠶ᠃ ᠰᠢᠨ᠎ᠡ ᠶᠢ ᠡᠭᠦᠳᠬᠦ ᠪᠣᠯ ᠤᠳᠬ᠎ᠠ ᠤᠷᠠᠯᠢᠭ ᠤᠨ ᠠᠮᠢ ᠨᠠᠰᠤ ᠮᠥᠨ᠃ ᠵᠣᠬᠢᠶᠠᠯᠴᠢ ᠯᠢᠦ ᠴᠢᠩ | ᠬᠡᠯᠡᠬᠦ ᠳᠤ ᠪᠠᠨ᠄ ︽ᠨᠢᠭᠡᠨ ᠵᠣᠬᠢᠶᠠᠯᠴᠢ ᠪᠤᠰᠤᠳ ᠢ ᠳᠠᠭᠤᠷᠢᠶᠠᠬᠤ ᠠᠴᠠ ᠪᠦᠷᠢᠮᠦᠰᠦᠨ ᠰᠠᠯᠤᠭᠰᠠᠨ ᠦᠶ᠎ᠡ ᠳᠤ ᠰᠠᠶ᠋ᠢ | ᠡᠬᠢᠯᠡᠨ ᠵᠢᠩᠬᠢᠨᠢ ᠵᠣᠬᠢᠶᠠᠯᠴᠢ ᠪᠣᠯᠳᠠᠭ︾᠂ ︽ᠨᠢᠭᠡ ᠴᠠᠭ ᠦᠶ᠎ᠡ ᠶᠢᠨ ᠤᠳᠬ᠎ᠠ ᠵᠣᠬᠢᠶᠠᠯ ᠳᠤ ᠴᠥᠮ ᠥᠪᠡᠷ ᠤᠨ | ᠰᠢᠨ᠎ᠡ ᠪᠢᠴᠢᠯᠭᠡ ᠶᠢᠨ ᠤᠷ᠎ᠠ ᠳᠡᠮ ᠲᠠᠢ ᠪᠠᠶᠢᠳᠠᠭ︾ ᠭᠡᠵᠡᠢ᠃ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠨ | ᠤᠷᠢᠳᠤᠰ ᠠᠴᠠ ᠲᠠᠭᠠᠨ ᠰᠤᠷᠤᠯᠴᠠᠵᠤ ᠬᠦᠨᠳᠦᠳᠬᠡᠨ ᠪᠢᠰᠢᠷᠡᠬᠦ ᠰᠡᠳᠬᠢᠯᠭᠡ ᠪᠠᠶᠢᠬᠤ ᠬᠡᠷᠡᠭᠲᠡᠶ᠂ ᠨᠡᠩ ᠴᠤ | ᠤᠷᠢᠳᠤᠰ ᠠᠴᠠ ᠴᠢᠷᠮᠠᠶᠢᠨ ᠳᠠᠪᠠᠵᠤ ᠢᠯᠠᠯᠲᠠ ᠤᠯᠬᠤ ᠰᠡᠳᠬᠢᠯᠭᠡ ᠲᠠᠢ ᠪᠠᠶᠢᠵᠤ᠂ ᠥᠪᠡᠷ ᠤᠨ ᠪᠡᠶ᠎ᠡ ᠪᠠᠨ ᠢᠯᠠᠨ | ᠳᠠᠪᠠᠭ᠋ᠤ ᠰᠥᠰᠥ ᠵᠣᠷᠢᠭ ᠢᠶᠠᠨ ᠴᠢᠩᠭᠠᠷᠠᠭᠤᠯᠵᠤ᠂ ᠲᠡᠷᠡ ᠬᠡᠪ ᠢᠶᠠᠷ ᠨᠢ ᠨᠡᠭᠦᠯᠭᠡᠬᠦ᠂ ᠳᠠᠭᠤᠷᠢᠶᠠᠨ ᠳᠠᠭᠠᠬᠤ ᠶᠢ | ᠡᠰᠡᠷᠭᠦᠴᠡᠨ ᠬᠤᠷᠢᠭᠯᠠᠵᠤ᠂ ᠨᠡᠩ ᠥᠷᠭᠡᠨ ᠠᠭᠤᠳᠠᠮ ᠵᠣᠬᠢᠶᠠᠨ ᠪᠦᠲᠦᠭᠡᠬᠦ ᠣᠷᠣᠨ ᠵᠠᠶ ᠳᠤ ᠲᠠᠪᠰᠢᠨ ᠣᠷᠣᠬᠤ | ᠬᠡᠷᠡᠭᠲᠡᠶ᠃ ᠥᠷᠭᠡᠨ ᠳᠡᠯᠭᠡᠷ ᠭᠦᠨ ᠭᠦᠨᠵᠡᠭᠡᠶ ᠳᠤᠮᠳᠠᠳᠤ ᠶᠢᠨ ᠪᠣᠯᠪᠠᠰᠤᠨ ᠪᠣᠯ ᠳᠤᠮᠳᠠᠳᠤ ᠶᠢᠨ ᠦᠨᠳᠦᠰᠦᠲᠡᠨ ᠤ | ᠥᠪᠡᠷᠮᠢᠴᠡ ᠤᠶᠤᠨ ᠰᠠᠨᠠᠭᠠᠨ ᠤ ᠪᠡᠯᠭᠡ ᠲᠡᠮᠳᠡᠭ ᠮᠥᠨ᠂ ᠤᠳᠤ ᠦᠶ᠎ᠡ ᠶᠢᠨ ᠳᠤᠮᠳᠠᠳᠤ ᠤᠯᠤᠰ ᠤᠨ ᠤᠳᠬ᠎ᠠ | ᠤᠷᠠᠯᠢᠭ ᠤᠨ ᠦᠨᠳᠦᠰᠦ ᠰᠠᠭᠤᠷᠢ ᠮᠥᠨ᠂ ᠪᠠᠰᠠ ᠴᠤ ᠤᠳᠬ᠎ᠠ ᠤᠷᠠᠯᠢᠭ ᠤᠨ ᠰᠢᠨ᠎ᠡ ᠶᠢ ᠡᠭᠦᠳᠬᠦ ᠶᠢᠨ | ᠡᠷᠳᠡᠨᠢᠰ ᠤᠨ ᠰᠠᠩ ᠮᠥᠨ᠃ ᠳᠤᠮᠳᠠᠳᠤ ᠤᠯᠤᠰ ᠤᠨ ᠰᠣᠶᠣᠯ ᠲᠡᠦᠬᠡᠨ ᠠᠴᠠ ᠪᠠᠨ ᠠᠪᠤᠭᠠᠳ ︽ᠡᠷᠢᠨ ᠵᠠᠭᠤᠨ ᠤ | ᠰᠢᠯᠦᠭ ᠵᠣᠬᠢᠶᠠᠯ ᠢ ᠰᠢᠩᠭᠡᠭᠡᠨ᠂ ᠮᠢᠩᠭᠠᠨ ᠣᠨ ᠤ ᠰᠣᠩᠭᠤᠳᠠᠭ ᠤᠶᠠᠩᠭ᠎ᠠ ᠶᠢ ᠬᠤᠷᠢᠶᠠᠬᠤ︾ ᠶᠢ ᠡᠷᠬᠢᠮᠯᠡᠭᠰᠡᠭᠡᠷ | ᠢᠷᠡᠭᠰᠡᠨ ᠶᠤᠮ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠰᠠᠨᠠᠭ᠎ᠠ ᠦᠵᠡᠯᠲᠡ᠂ ᠰᠣᠶᠣᠯ | ᠢᠷᠭᠡᠨᠰᠢᠯ ᠤᠨ ᠵᠣᠷᠢᠭ ᠰᠠᠨᠠᠭ᠎ᠠ᠂ ᠶᠣᠰᠣ ᠰᠤᠷᠲᠠᠬᠤᠨ ᠤ ᠵᠢᠷᠤᠮᠵᠢᠯ ᠢ ᠠᠭᠤᠳᠠᠯᠵᠤ᠂ ᠤᠷᠠᠯᠢᠭ ᠤᠨ ᠪᠦᠲᠦᠭᠡᠯᠴᠢ | ᠬᠦᠴᠦᠨ ᠪᠣᠯᠣᠨ ᠳᠤᠮᠳᠠᠳᠤ ᠶᠢᠨ ᠰᠣᠶᠣᠯ ᠤᠨ ᠦᠷᠳᠡᠭ ᠢ ᠠᠭᠤᠰᠤᠯᠴᠠᠭᠤᠯᠵᠤ᠂ ᠳᠤᠮᠳᠠᠳᠤ ᠶᠢᠨ ᠭᠤᠸ᠎ᠠ ᠵᠦᠢ ᠶᠢᠨ | ᠵᠣᠷᠢᠭ ᠰᠠᠨᠠᠭ᠎ᠠ ᠪᠣᠯᠣᠨ ᠤᠳᠤ ᠦᠶ᠎ᠡ ᠶᠢᠨ ᠭᠤᠸ᠎ᠠ ᠰᠠᠶᠢᠬᠠᠨ ᠤ ᠬᠥᠭᠡᠭᠡᠴᠡᠯᠳᠦᠯ ᠢ ᠤᠶᠠᠯᠳᠤᠭᠤᠯᠵᠤ᠂ | ᠳᠤᠮᠳᠠᠳᠤ ᠶᠢᠨ ᠰᠣᠶᠣᠯ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ᠃ ᠬᠠᠭᠤᠴᠢᠨ ᠢᠶᠠᠨ ᠪᠠᠷᠢᠮᠲᠠᠯᠠᠵᠤ | ᠬᠡᠪᠰᠢᠷᠡᠨ ᠵᠣᠭᠰᠣᠩᠭᠤᠶᠢᠷᠠᠬᠤ ᠨᠢ ᠤᠯᠠᠮᠵᠢᠯᠠᠨ ᠵᠠᠯᠭᠠᠮᠵᠢᠯᠠᠭᠰᠠᠨ ᠭᠡᠵᠦ ᠬᠡᠯᠡᠵᠦ ᠴᠢᠳᠠᠬᠤ ᠦᠭᠡᠶ᠂ ᠲᠡᠦᠬᠡ ᠪᠠᠨ | ᠲᠠᠰᠤᠳᠠᠭᠤᠯᠵᠤ ᠬᠡᠢ ᠬᠤᠭᠤᠰᠣᠨ ᠢᠶᠠᠷ ᠵᠣᠬᠢᠶᠠᠬᠤ ᠨᠢ ᠰᠢᠨ᠎ᠡ ᠶᠢ ᠡᠭᠦᠳᠦᠭᠰᠡᠨ ᠳᠤ ᠲᠣᠭᠠᠴᠠᠭᠳᠠᠬᠤ ᠦᠭᠡᠶ ᠶᠤᠮ᠃ | ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠶᠢᠨ ᠬᠠᠷᠢᠴᠠᠭ᠎ᠠ ᠶᠢ ᠡᠵᠡᠮᠳᠡᠵᠦ᠂ ᠡᠷᠲᠡᠨ ᠤ ᠬᠢ ᠶᠢ ᠰᠤᠷᠬᠤ | ᠮᠥᠷᠲᠡᠭᠡᠨ ᠡᠷᠲᠡᠨ ᠤ ᠬᠢ ᠳᠤ ᠪᠠᠷᠢᠭᠳᠠᠬᠤ ᠦᠭᠡᠢ᠂ ᠬᠠᠭᠤᠴᠢᠨ ᠳᠥᠷᠢᠮ ᠢ ᠡᠪᠳᠡᠬᠦ ᠮᠥᠷᠲᠡᠭᠡᠨ ᠳᠥᠷᠢᠮ ᠢ | ᠵᠥᠷᠢᠴᠡᠬᠦ ᠦᠭᠡᠢ ᠪᠠᠶᠢᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠳᠬ᠎ᠠ ᠤᠷᠠᠯᠢᠭ ᠤᠨ ᠰᠢᠨ᠎ᠡ ᠶᠢ | ᠡᠭᠦᠳᠬᠦ ᠶᠢᠨ ᠴᠢᠬᠤᠯᠠ ᠡᠬᠢ ᠪᠤᠯᠠᠭ ᠪᠣᠯᠭᠠᠬᠤ ᠬᠡᠷᠡᠭᠲᠡᠶ᠃ ᠥᠨᠥᠳᠦᠷ᠂ ᠡᠯ᠎ᠡ ᠵᠦᠢᠯ ᠤᠨ ᠤᠷᠠᠯᠢᠭ ᠤᠨ ᠰᠠᠯᠠᠭ᠎ᠠ | ᠲᠦᠷᠦᠯ ᠬᠠᠷᠢᠯᠴᠠᠨ ᠠᠭᠤᠰᠤᠯᠴᠠᠨ ᠨᠡᠪᠲᠡᠷᠡᠯᠴᠡᠵᠦ᠂ ᠡᠯ᠎ᠡ ᠵᠦᠢᠯ ᠤᠨ ᠢᠯᠡᠷᠡᠭᠦᠯᠬᠦ ᠬᠡᠯᠪᠡᠷᠢ ᠰᠣᠯᠪᠢᠴᠠᠨ | ᠠᠭᠤᠰᠤᠯᠴᠠᠵᠤ᠂ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ᠂ ᠵᠣᠬᠢᠶᠠᠮᠠᠯ ᠤᠶᠤᠨ ᠵᠡᠷᠭᠡ ᠨᠢ ᠤᠳᠬ᠎ᠠ ᠤᠷᠠᠯᠢᠭ ᠤᠨ | ᠬᠡᠯᠪᠡᠷᠢ ᠶᠢᠨ ᠰᠢᠨ᠎ᠡ ᠡᠭᠦᠳᠦᠯᠲᠡ ᠶᠢ ᠪᠤᠢ ᠪᠣᠯᠭᠠᠵᠤ᠂ ᠤᠳᠬ᠎ᠠ ᠤᠷᠠᠯᠢᠭ ᠤᠨ ᠣᠷᠣᠨ ᠵᠠᠢ ᠶᠢ ᠥᠷᠭᠡᠳᠬᠡᠵᠡᠢ᠃ | ᠵᠣᠬᠢᠶᠠᠨ ᠪᠦᠲᠦᠭᠡᠬᠦ ᠤᠷ᠎ᠠ ᠮᠡᠷᠭᠡᠵᠢᠯ ᠪᠠ ᠠᠷᠭ᠎ᠠ ᠳᠡᠮ ᠪᠦᠬᠦᠨ ᠨᠢ ᠴᠥᠮ ᠠᠭᠤᠯᠭ᠎ᠠ ᠳᠤ ᠪᠠᠨ ᠦᠢᠯᠡᠴᠢᠯᠡᠳᠡᠭ | ᠭᠡᠳᠡᠭ ᠶᠣᠰᠣ ᠶᠢ ᠪᠢᠳᠡ ᠡᠷᠬᠡᠪᠰᠢ ᠮᠡᠳᠡᠬᠦ ᠬᠡᠷᠡᠭᠲᠡᠶ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ᠂ | ᠲᠧᠭᠨᠢᠭ ᠮᠡᠷᠭᠡᠵᠢᠯ ᠤᠨ ᠰᠢᠨᠡᠴᠢᠯᠡᠯᠲᠡ ᠨᠢ ᠤᠷᠠᠯᠢᠭ ᠤᠨ ᠰᠢᠨ᠎ᠡ ᠢᠯᠡᠳᠬᠡᠯᠲᠡ ᠪᠠ ᠢᠯᠡᠷᠡᠭᠦᠯᠬᠦ ᠠᠷᠭ᠎ᠠ ᠶᠢ | ᠠᠪᠴᠢᠷᠠᠬᠤ ᠪᠣᠯᠪᠠᠴᠤ ᠤᠷᠠᠯᠢᠭ ᠤᠨ ᠪᠠᠶᠠᠯᠢᠭ ᠠᠭᠤᠯᠭ᠎ᠠ ᠨᠢ ᠬᠡᠵᠢᠶᠡᠳᠡ ᠠᠮᠢᠳᠤᠷᠠᠯ ᠳᠤ ᠲᠦᠰᠢᠭᠯᠡᠳᠡᠭ᠃ ᠰᠢᠨ᠎ᠡ | ᠮᠡᠷᠭᠡᠵᠢᠯ᠂ ᠰᠢᠨ᠎ᠡ ᠠᠷᠭ᠎ᠠ ᠳᠡᠮ ᠢ ᠵᠥᠪ ᠢᠶᠠᠷ ᠬᠡᠷᠡᠭᠯᠡᠨ᠂ ᠵᠣᠬᠢᠶᠠᠨ ᠪᠦᠲᠦᠭᠡᠬᠦ ᠠᠪᠢᠶᠠᠰ ᠪᠢᠯᠢᠭ ᠢᠶᠠᠨ ᠬᠥᠭᠵᠢᠭᠡᠵᠦ | ᠂ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠤᠨ᠂ ᠦᠵᠡᠯ ᠰᠠᠨᠠᠭ᠎ᠠ ᠬᠠᠶᠢᠷ᠎ᠠ ᠰᠡᠳᠬᠢᠯᠭᠡ ᠪᠠᠨ ᠢᠯᠡᠳᠬᠡᠵᠦ᠂ | ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠨᠡᠩ ᠢᠯᠡᠭᠦᠦ ᠠᠭᠤᠯᠤᠭᠳᠠᠬᠤᠨ ᠲᠠᠢ᠂ ᠨᠡᠩ ᠢᠯᠡᠭᠦᠦ ᠲᠠᠯᠳᠠ | ᠬᠦᠴᠦᠨ ᠪᠠ ᠰᠢᠨ᠎ᠡ ᠠᠬᠤᠶ ᠪᠠᠶᠢᠳᠠᠯ ᠲᠠᠢ ᠪᠣᠯᠭᠠᠬᠤ ᠬᠡᠷᠡᠭᠲᠡᠶ᠃ | ᠳᠥᠷᠪᠡᠳᠦᠭᠡᠷ ᠲᠤ᠂ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠨ ᠬᠠᠶᠢᠷ᠎ᠠ ᠰᠡᠳᠬᠢᠯᠭᠡ ᠪᠠ ᠣᠶᠤᠨ | ᠬᠦᠴᠦᠨ ᠢᠶᠠᠨ ᠰᠢᠪᠬᠠᠨ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠳᠡᠯᠡᠬᠡᠢ ᠳ᠋ᠠᠬᠢᠨ ᠳᠤ | ᠢᠲᠡᠭᠡᠮᠵᠢᠲᠡᠢ᠂ ᠬᠠᠶᠢᠷᠠᠯᠠᠯᠲᠠᠢ᠂ ᠬᠦᠨᠳᠦᠳᠬᠡᠭᠦᠰᠢᠲᠡᠢ ᠳᠤᠮᠳᠠᠳᠤ ᠤᠯᠤᠰ ᠤᠨ ᠲᠦᠷᠢ ᠲᠥᠷᠬᠦ ᠶᠢ ᠢᠯᠡᠷᠡᠭᠦᠯᠬᠦ ᠶᠢ | ᠬᠦᠰᠡᠵᠦ ᠪᠠᠶᠢᠨ᠎ᠠ᠃ ᠳᠤᠮᠳᠠᠳᠤ ᠤᠯᠤᠰ ᠤᠨ ᠠᠷᠠᠳ ᠲᠦᠮᠡᠨ ᠲᠡᠦᠬᠡᠨ ᠠᠴᠠ ᠪᠠᠨ ᠠᠪᠤᠭᠠᠳ ᠳᠡᠯᠡᠬᠡᠶ ᠳ᠋ᠠᠬᠢᠨ ᠳᠤ | ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠶᠤᠮ᠂ ᠤᠳᠤ ᠦᠶ᠎ᠡ ᠶᠢᠨ ᠳᠤᠮᠳᠠᠳᠤ ᠤᠯᠤᠰ ᠤᠨ ᠤᠳᠬ᠎ᠠ | ᠤᠷᠠᠯᠢᠭ ᠤᠨ ᠬᠢᠨ ᠤ ᠬᠠᠷᠠᠴᠠ ᠪᠠᠨ ᠳᠡᠯᠡᠬᠡᠶ ᠳ᠋ᠠᠬᠢᠨ ᠳᠤ ᠬᠠᠨᠳᠤᠭᠤᠯᠵᠤ᠂ ᠬᠥᠮᠦᠨ ᠲᠥᠷᠥᠯᠬᠢᠲᠡᠨ ᠳᠤ | ᠬᠠᠨᠳᠤᠭᠤᠯᠬᠤ ᠬᠡᠷᠡᠭᠲᠡᠶ᠃ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠨ ᠢᠲᠡᠭᠡᠯ ᠵᠣᠷᠢᠭ ᠪᠠ ᠬᠦᠰᠡᠯ | ᠬᠥᠭᠡᠭᠡᠴᠡᠯᠳᠦᠯ ᠲᠠᠢ ᠪᠠᠶᠢᠵᠤ᠂ ᠵᠠᠭᠤᠨ ᠡᠷᠢᠨ ᠤ ᠤᠯᠠᠮᠵᠢᠯᠠᠯ ᠢ ᠵᠠᠯᠭᠠᠮᠵᠢᠯᠠᠵᠤ᠂ ᠤᠳᠤ ᠦᠶ᠎ᠡ ᠶᠢᠨ | ᠬᠤᠪᠢᠷᠠᠯᠲᠠ ᠳᠤ ᠵᠣᠬᠢᠴᠠᠵᠤ᠂ ᠳᠤᠮᠳᠠᠳᠤ ᠤᠯᠤᠰ ᠤᠨ ᠭᠤᠸ᠎ᠠ ᠰᠠᠶᠢᠬᠠᠨ ᠤ ᠳᠤᠷ᠎ᠠ ᠰᠣᠨᠢᠷᠬᠠᠯ ᠢ ᠢᠯᠡᠷᠡᠭᠦᠯᠦᠭᠰᠡᠨ᠂ | ᠤᠳᠤ ᠦᠶ᠎ᠡ ᠶᠢᠨ ᠳᠤᠮᠳᠠᠳᠤ ᠤᠯᠤᠰ ᠤᠨ ᠦᠷᠳᠡᠭ ᠤᠨ ᠦᠵᠡᠯᠲᠡ ᠶᠢ ᠤᠯᠠᠮᠵᠢᠯᠠᠭᠰᠠᠨ᠂ ᠪᠦᠬᠦ ᠬᠥᠮᠦᠨ | ᠲᠥᠷᠥᠯᠬᠢᠲᠡᠨ ᠤ ᠬᠠᠮᠲᠤ ᠶᠢᠨ ᠦᠷᠳᠡᠭ ᠤᠨ ᠬᠥᠭᠡᠭᠡᠴᠡᠯᠳᠦᠯ ᠢ ᠲᠤᠰᠬᠠᠭᠰᠠᠨ ᠨᠡᠩ ᠤᠯᠠᠨ ᠰᠢᠯᠢᠳᠡᠭ ᠪᠦᠲᠦᠭᠡᠯ ᠢ | ᠵᠣᠬᠢᠶᠠᠨ ᠪᠦᠲᠦᠭᠡᠬᠦ ᠬᠡᠷᠡᠭᠲᠡᠶ᠃ ᠡᠯ᠎ᠡ ᠤᠯᠤᠰ ᠣᠷᠣᠨ ᠤ ᠠᠷᠠᠳ ᠲᠦᠮᠡᠨ ᠤ ᠠᠬᠤᠶ ᠪᠠᠶᠢᠳᠠᠯ ᠪᠠ ᠬᠤᠪᠢ ᠵᠠᠶᠠᠭ᠎ᠠ | ᠮᠠᠰᠢ ᠶᠡᠭᠡ ᠵᠥᠷᠢᠶ᠎ᠡ ᠲᠠᠢ ᠪᠣᠯᠪᠠᠴᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠴᠥᠬᠦᠷᠡᠰᠢ ᠦᠭᠡᠢ ᠬᠥᠭᠡᠭᠡᠴᠡᠯᠳᠦᠯ᠂ | ᠬᠤᠪᠢ ᠵᠠᠶᠠᠭ᠎ᠠ ᠪᠠᠨ ᠬᠤᠪᠢᠷᠠᠭᠤᠯᠬᠤ ᠶᠢᠨ ᠲᠥᠯᠥᠭᠡᠨ ᠤ ᠨᠤᠭᠤᠷᠠᠰᠢ ᠦᠭᠡᠢ ᠲᠡᠮᠡᠴᠡᠯ ᠪᠣᠯ ᠨᠢᠭᠡᠳᠦᠯᠲᠡᠶ ᠪᠠᠶᠢᠳᠠᠭ | ᠪᠥᠭᠡᠳ ᠬᠠᠮᠤᠭ ᠠᠴᠠ ᠠᠮᠠᠷᠬᠠᠨ ᠲᠠᠭᠠᠰᠢᠶᠠᠭᠳᠠᠳᠠᠭ ᠶᠤᠮ᠃ ᠮᠠᠷᠺᠰ ᠬᠡᠯᠡᠬᠦ ᠳᠤ ᠪᠠᠨ᠄ ︽ᠦᠨᠳᠦᠰᠦᠲᠡᠨ | ᠪᠦᠬᠦᠨ ᠤ ᠥᠪᠡᠷ ᠤᠨ ᠢᠶᠠᠨ ᠲᠥᠯᠥᠭᠡ ᠬᠢᠭᠰᠡᠨ ᠶᠠᠪᠤᠳᠠᠯ ᠪᠦᠬᠦᠨ ᠨᠢ ᠴᠥᠮ ᠲᠡᠳᠡᠨ ᠤ ᠬᠥᠮᠦᠨ ᠲᠥᠷᠥᠯᠬᠢᠲᠡᠨ ᠤ | ᠨᠡᠶᠢᠭᠡᠮ ᠤᠨ ᠲᠥᠯᠥᠭᠡ ᠬᠢᠭᠰᠡᠨ ᠶᠠᠪᠤᠳᠠᠯ ᠮᠥᠨ︾ ᠭᠡᠵᠡᠶ᠃ ᠰᠢᠷᠭᠠᠭᠤ ᠬᠠᠲᠠᠭᠤᠵᠢᠯᠲᠠᠶ ᠲᠡᠮᠡᠴᠡᠯ ᠤᠨ ᠳᠤᠮᠳᠠ᠂ | ᠳᠤᠮᠳᠠᠳᠤ ᠤᠯᠤᠰ ᠤᠨ ᠠᠷᠠᠳ ᠲᠦᠮᠡᠨ ᠪᠤᠴᠠᠯᠲᠠ ᠦᠭᠡᠢ ᠤᠷᠤᠭᠰᠢᠯᠠᠬᠤ ᠡᠷᠴᠢ ᠵᠣᠷᠢᠭ ᠪᠠ ᠰᠥᠰᠥ ᠵᠣᠷᠢᠭ ᠢᠶᠠᠷ᠂ | ᠤᠷᠢᠳ ᠡᠮᠦᠨ᠎ᠡ ᠪᠠᠶᠢᠭ᠎ᠠ ᠦᠭᠡᠢ ᠤᠶᠤᠨ ᠤᠬᠠᠭᠠᠨ ᠪᠠ ᠬᠦᠴᠦᠨ ᠴᠢᠳᠠᠯ ᠢᠶᠠᠷ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠵᠠᠮ ᠢ ᠨᠡᠭᠡᠭᠡᠵᠦ᠂ ᠠᠵᠤ ᠠᠬᠤᠶ ᠶᠢᠨ ᠲᠦᠷᠭᠡᠨ ᠬᠥᠭᠵᠢᠯᠲᠡ ᠪᠠ ᠨᠡᠶᠢᠭᠡᠮ ᠤᠨ | ᠤᠷᠳᠤ ᠬᠤᠭᠤᠴᠠᠭ᠎ᠠ ᠪᠠᠷ ᠲᠣᠭᠲᠠᠭᠤᠨ ᠪᠠᠶᠢᠬᠤ ᠬᠤᠶᠠᠷ ᠶᠡᠭᠡ ᠭᠠᠶᠢᠬᠠᠮᠰᠢᠭ ᠢ ᠡᠭᠦᠳᠴᠦ᠂ ᠬᠥᠮᠦᠨ | ᠲᠥᠷᠥᠯᠬᠢᠲᠡᠨ ᠤ ᠪᠣᠯᠪᠠᠰᠤᠨ ᠤ ᠰᠢᠨ᠎ᠡ ᠬᠡᠯᠪᠡᠷᠢ ᠪᠠᠶᠢᠳᠠᠯ ᠢ ᠡᠭᠦᠳᠴᠦ᠂ ᠳᠤᠮᠳᠠᠳᠤ ᠤᠯᠤᠰ ᠤᠨ ᠰᠣᠶᠣᠯ ᠤᠨ | ᠤᠶᠠᠨ ᠬᠦᠴᠦᠨ ᠢ ᠶᠡᠭᠡ ᠪᠠᠷ ᠳᠡᠭᠡᠭᠰᠢᠯᠡᠭᠦᠯᠪᠡ᠃ ᠳᠡᠯᠡᠬᠡᠢ ᠨᠡᠶᠢᠭᠡᠮ ᠢᠶᠠᠷ ᠢᠶᠠᠨ ᠳᠤᠮᠳᠠᠳᠤ ᠤᠯᠤᠰ ᠤᠨ | ᠬᠥᠭᠵᠢᠯᠲᠡ ᠶᠢᠨ ᠵᠠᠮ ᠪᠣᠯᠤᠨ ᠠᠮᠵᠢᠯᠲᠠ ᠶᠢᠨ ᠨᠢᠭᠤᠴᠠ ᠵᠣᠷ ᠢ ᠲᠠᠶᠢᠯᠪᠤᠷᠢᠯᠠᠵᠤ᠂ ᠳᠤᠮᠳᠠᠳᠤ ᠤᠯᠤᠰ ᠤᠨ ᠠᠷᠠᠳ | ᠲᠦᠮᠡᠨ ᠤ ᠠᠮᠢᠳᠤᠷᠠᠯ ᠤᠨ ᠬᠤᠪᠢᠷᠠᠯᠲᠠ ᠪᠣᠯᠤᠨ ᠤᠶᠤᠨ ᠰᠠᠨᠠᠭᠠᠨ ᠤ ᠶᠢᠷᠲᠢᠨᠴᠦ ᠶᠢ ᠣᠶᠢᠯᠠᠭᠠᠬᠤ ᠶᠢ ᠬᠦᠰᠡᠵᠦ | ᠪᠠᠶᠢᠨ᠎ᠠ᠃ ᠰᠣᠶᠣᠯ ᠢᠶᠠᠷ ᠬᠥᠮᠦᠨ ᠢ ᠤᠬᠠᠭᠠᠷᠠᠭᠤᠯᠪᠠᠯ ᠰᠡᠳᠬᠢᠯ ᠰᠠᠨᠠᠭ᠎ᠠ ᠶᠢ ᠨᠡᠩ ᠨᠢᠭᠲᠠᠷᠠᠭᠤᠯᠵᠤ ᠴᠢᠳᠠᠨ᠎ᠠ︔ | ᠤᠷᠠᠯᠢᠭ ᠢᠶᠠᠷ ᠰᠡᠳᠬᠢᠯ ᠢᠶᠠᠨ ᠣᠯᠣᠯᠴᠠᠪᠠᠯ᠂ ᠳᠡᠯᠡᠬᠡᠶ ᠳ᠋ᠠᠬᠢᠨ ᠲᠠᠢ ᠨᠡᠪᠲᠡᠷᠡᠯᠴᠡᠬᠦ ᠳᠤ ᠨᠠᠩ ᠠᠮᠠᠷᠬᠠᠨ ᠪᠠᠶᠢᠳᠠᠭ᠃ | ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠨ ᠳᠤᠮᠳᠠᠳᠤ ᠤᠨ ᠨᠤᠲᠤᠭ ᠤᠰᠤᠨ ᠳᠤ ᠪᠠᠨ ᠰᠠᠭᠤᠷᠢᠯᠠᠵᠤ᠂ | ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠨᠡᠩ ᠭᠦᠨ ᠬᠠᠷᠠᠭᠠᠰᠤ᠂ ᠨᠡᠩ ᠠᠭᠤᠳᠠᠮᠴᠢ ᠴᠡᠭᠡᠵᠢ᠂ | ᠨᠡᠩ ᠢᠲᠡᠭᠡᠯ ᠲᠠᠢ ᠣᠪᠣᠷ ᠢᠶᠠᠷ ᠳᠤᠮᠳᠠᠳᠤ ᠤᠯᠤᠰ ᠤᠨ ᠬᠤᠪᠢᠰᠤᠯᠲᠠ ᠪᠣᠯᠤᠨ ᠳᠤᠮᠳᠠᠳᠤ ᠤᠯᠤᠰ ᠤᠨ ᠵᠣᠷᠢᠭ | ᠰᠠᠨᠠᠭ᠎ᠠ ᠶᠢ ᠬᠠᠮᠤᠭ ᠠᠴᠠ ᠢᠯᠡᠭᠦᠦ ᠲᠥᠯᠥᠭᠡᠯᠡᠵᠦ ᠴᠢᠳᠠᠬᠤᠶᠢᠴᠠ ᠰᠡᠳᠦᠪᠯᠡᠬᠦᠨ ᠢ ᠰᠣᠩᠭᠤᠵᠤ᠂ ᠤᠷᠠᠯᠢᠭ ᠪᠠᠷ | ᠪᠦᠲᠦᠭᠡᠵᠦ ᠢᠯᠡᠷᠡᠭᠦᠯᠦᠭᠰᠡᠨ᠂ ᠳᠡᠯᠡᠬᠡᠢ ᠳ᠋ᠠᠬᠢᠨ ᠳᠤ ᠮᠡᠳᠡᠷᠡᠭᠳᠡᠭᠰᠡᠨ ᠳᠤᠮᠳᠠᠳᠤ ᠶᠢᠨ ᠰᠣᠶᠣᠯ ᠤᠨ ᠨᠡᠩ ᠣᠯᠠᠨ | ᠲᠦᠷᠢ ᠲᠥᠷᠬᠦ ᠶᠢ ᠱᠣᠭᠤᠨ ᠪᠦᠲᠦᠭᠡᠵᠦ᠂ ᠠᠮᠢᠳᠤᠯᠢᠭ ᠪᠣᠳᠠᠲᠠᠢ ᠳᠤᠮᠳᠠᠳᠤ ᠤᠯᠤᠰ ᠢ ᠳᠡᠯᠭᠡᠨ ᠦᠵᠡᠭᠦᠯᠬᠦ ᠪᠠᠷ | ᠴᠢᠷᠮᠠᠶᠢᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠠᠬᠢᠭᠤᠯᠬᠤ ᠳᠤ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ᠃ ᠤᠳᠬ᠎ᠠ ᠤᠷᠠᠯᠢᠭ ᠤᠨ ᠦᠨᠳᠦᠰᠦᠲᠡᠨ ᠤ | ᠣᠨᠴᠠᠯᠢᠭ ᠰᠢᠨᠵᠢ ᠨᠢ ᠨᠢᠭᠡ ᠦᠨᠳᠦᠰᠦᠲᠡᠨ ᠤ ᠰᠣᠶᠣᠯ ᠤᠨ ᠥᠪᠡᠷᠮᠢᠴᠡ ᠴᠢᠨᠠᠷ ᠢ ᠢᠯᠡᠷᠡᠭᠦᠯᠳᠡᠭ᠃ ᠥᠷᠭᠡᠨ | ᠤᠯᠠᠨ ᠤᠳᠬ᠎ᠠ ᠤᠷᠠᠯᠢᠭ ᠤᠨ ᠠᠵᠢᠯᠲᠠᠨ ᠳᠤᠮᠳᠠᠳᠤ ᠶᠢᠨ ᠰᠣᠶᠣᠯ ᠤᠨ ᠵᠣᠭᠰᠣᠯᠲᠠ ᠪᠠᠨ ᠪᠠᠲᠤ ᠰᠠᠬᠢᠵᠤ᠂ | ᠳᠡᠯᠡᠬᠡᠶ ᠶᠢᠨ ᠡᠯ᠎ᠡ ᠤᠯᠤᠰ ᠤᠨ ᠤᠳᠬ᠎ᠠ ᠵᠣᠬᠢᠶᠠᠯᠴᠢ᠂ ᠤᠷᠠᠯᠢᠭᠴᠢᠳ ᠲᠠᠢ ᠥᠷᠭᠡᠨ ᠰᠣᠯᠢᠯᠴᠠᠭ᠎ᠠ ᠥᠷᠨᠢᠭᠦᠯᠬᠦ | ᠬᠡᠷᠡᠭᠲᠡᠶ᠃ ᠦᠨᠳᠦᠰᠦᠲᠡᠨ ᠤ ᠤᠷᠠᠯᠢᠭ ᠤᠨ ᠠᠭᠤᠯᠭ᠎ᠠ ᠪᠣᠯᠣᠨ ᠬᠡᠯᠪᠡᠷᠢ ᠶᠢ ᠬᠥᠭᠵᠢᠭᠦᠯᠬᠦ ᠶᠢ ᠴᠢᠬᠤᠯᠠᠴᠢᠯᠠᠵᠤ᠂ | ᠦᠨᠳᠦᠰᠦᠲᠡᠨ ᠤ ᠠᠷᠠᠳ ᠤᠨ ᠤᠳᠬ᠎ᠠ ᠵᠣᠬᠢᠶᠠᠯ ᠤᠷᠠᠯᠢᠭ ᠤᠨ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠬᠡᠪ | ᠨᠠᠮᠪᠠ ᠤᠷᠤᠰᠬᠠᠯ ᠪᠦᠯᠦᠭ᠂ ᠬᠡᠯᠪᠡᠷᠢ ᠶᠠᠩᠵᠤ ᠶᠢ ᠥᠷᠭᠡᠳᠬᠡᠵᠦ᠂ ᠳᠡᠯᠡᠬᠡᠶ ᠶᠢᠨ ᠤᠳᠬ᠎ᠠ ᠵᠣᠬᠢᠶᠠᠯ ᠤᠷᠠᠯᠢᠭ ᠤᠨ | ᠬᠦᠷᠢᠶᠡᠨ ᠳᠤ ᠳᠤᠮᠳᠠᠳᠤ ᠤᠯᠤᠰ ᠤᠨ ᠴᠤᠭ ᠰᠦᠯᠳᠡ᠂ ᠳᠤᠮᠳᠠᠳᠤ ᠤᠯᠤᠰ ᠤᠨ ᠬᠡᠪ ᠨᠠᠮᠪᠠ ᠶᠢ ᠢᠯᠡ ᠲᠣᠳᠣ | ᠴᠣᠭᠴᠠᠯᠠᠬᠤ ᠬᠡᠷᠡᠭᠲᠡᠶ᠃ | ᠲᠠᠪᠤᠳᠤᠭᠠᠷ ᠲᠤ᠂ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠳ ᠲᠥᠪ ᠶᠣᠰᠣ ᠶᠢ | ᠪᠠᠳᠠᠷᠠᠭᠤᠯᠬᠤ ᠶᠢ ᠪᠠᠷᠢᠮᠲᠠᠯᠠᠵᠤ᠂ ᠮᠣᠷᠠᠯ ᠡᠷᠳᠡᠮ ᠬᠤᠣᠰᠯᠠᠭᠤᠯᠬᠤ ᠶᠢ ᠬᠥᠭᠡᠭᠡᠴᠡᠯᠳᠦᠬᠦ ᠳᠤᠮᠳᠠ ᠠᠮᠢᠳᠤᠷᠠᠬᠤᠶ ᠶᠢᠨ | ᠦᠨ᠎ᠡ ᠦᠷᠳᠡᠭ ᠢᠶᠠᠨ ᠢᠯᠡᠷᠡᠭᠦᠯᠬᠦ ᠶᠢ ᠬᠦᠰᠡᠵᠦ ᠪᠠᠶᠢᠨ᠎ᠠ᠃ ︽ᠣᠮᠤᠭ ᠰᠥᠰᠥ ᠲᠠᠢ ᠪᠠᠶᠢᠪᠠᠰᠤ ᠦᠭᠡ ᠢᠨᠤ | ᠴᠢᠭᠡᠴᠢ ᠪᠤᠶᠤ᠂ ᠠᠤᠭ᠎ᠠ ᠵᠣᠷᠢᠭ ᠲᠠᠢ ᠪᠠᠶᠢᠪᠠᠰᠤ ᠶᠠᠷᠢᠶ᠎ᠠ ᠢᠨᠤ ᠢᠳᠡᠷᠡᠭᠦᠨ ᠪᠤᠶᠤ᠂ ᠠᠯᠤᠰ ᠬᠦᠰᠡᠯᠡᠩ ᠲᠠᠢ | ᠪᠠᠶᠢᠪᠠᠰᠤ ᠵᠣᠷᠢᠯᠲᠠ ᠢᠨᠤ ᠲᠡᠭᠦᠯᠳᠡᠷ ᠪᠤᠶᠤ︾᠃ ᠤᠳᠬ᠎ᠠ ᠤᠷᠠᠯᠢᠭ ᠨᠢ ᠰᠠᠶᠢᠨ ᠰᠤᠷᠲᠠᠯ ᠢᠶᠠᠷ ᠨᠥᠯᠥᠭᠡᠯᠡᠨ | ᠬᠥᠮᠥᠵᠢᠭᠦᠯᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃ ᠥᠷᠭᠡᠨ ᠤᠯᠡᠠ ᠤᠳᠬ᠎ᠠ ᠤᠷᠠᠯᠢᠭ ᠤᠨ | ᠠᠵᠢᠯᠲᠠᠨ ᠬᠤᠪᠢ ᠬᠥᠮᠦᠨ ᠤ ᠶᠣᠰᠣ ᠰᠤᠷᠲᠠᠬᠤᠨ ᠤ ᠬᠡᠪ ᠪᠣᠯᠪᠠᠰᠤᠷᠠᠯ᠂ ᠨᠡᠶᠢᠭᠡᠮ ᠤᠨ ᠲᠦᠷᠢ ᠲᠥᠷᠬᠦ ᠬᠢᠭᠡᠳ | ᠵᠣᠬᠢᠶᠠᠯ ᠪᠦᠲᠦᠭᠡᠯ ᠤᠨ ᠨᠡᠶᠢᠭᠡᠮ ᠤᠨ ᠦᠷ᠎ᠡ ᠪᠦᠲᠦᠮᠵᠢ ᠶᠢ ᠨᠢᠭᠡᠳᠬᠡᠵᠦ᠂ ᠤᠷᠠᠯᠢᠭ ᠤᠨ ᠬᠥᠭᠡᠭᠡᠴᠡᠯᠳᠦᠯ ᠢᠶᠠᠨ | ᠪᠠᠲᠤ ᠰᠠᠬᠢᠵᠤ᠂ ᠮᠤᠷᠠᠯ ᠡᠷᠳᠡᠮ ᠬᠤᠣᠰᠯᠠᠭᠤᠯᠬᠤ ᠶᠢ ᠬᠥᠭᠡᠭᠡᠴᠡᠯᠳᠦᠨ᠂ ᠡᠷᠬᠢᠮ ᠳᠡᠭᠡᠳᠦ ᠬᠡᠪ ᠰᠤᠷᠲᠠᠯ ᠪᠠ | ᠠᠭᠤᠯᠭ᠎ᠠ ᠴᠢᠨᠠᠷ ᠬᠤᠣᠰᠯᠠᠭᠰᠠᠨ ᠤᠷᠠᠨ ᠪᠦᠲᠦᠭᠡᠯ ᠢᠶᠠᠷ ᠲᠡᠦᠬᠡᠨ ᠳᠡᠭᠡᠷ᠎ᠡ ᠲᠥᠪ ᠰᠤᠷᠲᠠᠯ ᠢ ᠦᠯᠡᠳᠡᠭᠡᠵᠦ᠂ | ᠶᠢᠷᠲᠢᠨᠴᠦ ᠶᠢᠨ ᠬᠥᠮᠦᠰ ᠲᠤ ᠡᠷᠬᠢᠮ ᠶᠣᠰᠣ ᠶᠢ ᠤᠯᠠᠮᠵᠢᠯᠠᠵᠤ᠂ ᠬᠤᠪᠢ ᠪᠡᠶ᠎ᠡ ᠳᠤ ᠪᠠᠨ ᠠᠷᠢᠭᠤᠨ ᠨᠡᠷ᠎ᠡ | ᠦᠯᠡᠳᠡᠭᠡᠬᠦ ᠪᠠᠷ ᠴᠢᠷᠮᠠᠶᠢᠬᠤ ᠬᠡᠷᠡᠭᠲᠡᠶ᠃ | ᠶᠣᠰᠣ ᠮᠤᠷᠠᠯ ᠢᠶᠠᠷ ᠬᠥᠮᠥᠨ ᠢ ᠬᠥᠮᠥᠵᠢᠭᠦᠯᠬᠦ ᠳᠤ ᠡᠷᠬᠡᠪᠰᠢ ᠤᠷᠢᠳ ᠢᠶᠠᠷ ᠥᠪᠡᠷ ᠢ ᠪᠠᠨ ᠬᠦᠮᠦᠵᠢᠭᠦᠯᠬᠦ | ᠬᠡᠷᠡᠭᠲᠡᠢ︔ ᠰᠦᠭ ᠰᠦᠨᠡᠰᠦ ᠶᠢ ᠱᠤᠭᠤᠵᠤ ᠦᠨᠳᠦᠰᠦ ᠰᠠᠭᠤᠷᠢ ᠶᠢ ᠪᠤᠶᠢᠵᠢᠭᠤᠯᠬᠤ ᠳᠤ ᠡᠷᠬᠡᠪᠰᠢ ᠤᠷᠢᠳ ᠢᠶᠠᠷ | ᠥᠪᠡᠷ ᠢ ᠪᠠᠨ ᠱᠣᠭᠤᠬᠤ ᠬᠡᠷᠡᠭᠲᠡᠢ᠃ ᠲᠡᠦᠬᠡ ᠶᠢᠨ ᠤᠷᠤᠰᠬᠠᠯ ᠳᠤ ᠦᠯᠡᠳᠡᠭᠳᠡᠭᠰᠡᠨ ᠪᠠᠯᠠᠷᠠᠰᠢ ᠦᠭᠡᠶ ᠰᠣᠩᠭᠤᠳᠠᠭ | ᠪᠦᠲᠦᠭᠡᠯ ᠤᠳ ᠨᠢ ᠴᠥᠮ ᠵᠣᠬᠢᠶᠠᠯᠴᠢ᠂ ᠤᠷᠠᠯᠢᠭᠴᠢᠨ ᠤ ᠦᠵᠡᠯ ᠪᠣᠳᠣᠯ ᠪᠠ ᠡᠷᠳᠡᠮ ᠰᠣᠶᠣᠯ ᠤᠨ ᠨᠡᠪᠲᠡᠷᠡᠯᠴᠡᠯ᠂ | ᠶᠣᠰᠣ ᠮᠣᠷᠠᠯ ᠪᠠ ᠠᠪᠢᠶᠠᠰ ᠴᠢᠳᠠᠪᠤᠷᠢ ᠶᠢᠨ ᠠᠭᠤᠰᠤᠯᠴᠠᠯ᠂ ᠬᠥᠮᠦᠨ ᠴᠢᠨᠠᠷ ᠪᠠ ᠤᠷᠠᠯᠢᠭ ᠤᠨ ᠪᠦᠲᠦᠭᠡᠯ ᠤᠨ | ᠨᠢᠭᠡᠳᠦᠯ ᠢ ᠬᠠᠷᠠᠭᠤᠯᠤᠭᠰᠠᠨ ᠶᠤᠮ᠃ ︽ᠳᠡᠯᠡᠬᠡᠶ ᠳ᠋ᠠᠬᠢᠨ ᠳᠤ ᠬᠡᠷᠡᠭᠯᠡᠭᠳᠡᠪᠡᠰᠦ ᠵᠠᠭᠤᠨ ᠳᠡᠪᠲᠡᠷ ᠢᠯᠡᠭᠦᠳᠡᠬᠦ ᠦᠭᠡᠢ᠂ | ᠬᠡᠷᠡᠭᠯᠡᠭᠳᠡᠬᠦ ᠦᠭᠡᠢ ᠪᠣᠯᠪᠠᠰᠤ ᠨᠢᠭᠡ ᠪᠦᠯᠦᠭ ᠴᠦ ᠲᠤᠰᠠ ᠦᠭᠡᠢ︾ ᠭᠡᠳᠡᠭᠴᠢᠯᠡᠨ ᠶᠠᠭ ᠡᠭᠦᠨ ᠢ ᠵᠢᠭᠠᠵᠤ ᠪᠤᠢ᠃ | ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠠᠵᠢᠯ ᠪᠣᠯ ᠬᠠᠲᠠᠭᠤ ᠪᠡᠷᠬᠡᠰᠢᠶᠡᠯᠲᠡᠶ ᠪᠦᠲᠦᠭᠡᠯᠴᠢ ᠴᠢᠨᠠᠷᠲᠠᠶ ᠠᠵᠢᠯ | ᠮᠥᠨ᠃ ᠣᠯᠠᠨ ᠠᠴᠠ ᠬᠡᠲᠦ᠋ᠢᠳᠦᠭᠰᠡᠨ ᠤᠷᠠᠯᠢᠭ ᠤᠨ ᠬᠢᠷᠢ ᠲᠦᠪᠰᠢᠨ ᠢ ᠪᠣᠯᠪᠠᠰᠤᠷᠠᠭᠤᠯᠬᠤ ᠨᠢ ᠨᠢᠭᠡ ᠯᠠ | ᠡᠳᠦᠷ ᠤᠨ ᠴᠢᠷᠮᠠᠶᠢᠯᠭ᠎ᠠ ᠪᠠᠷ ᠣᠯᠵᠤ ᠴᠢᠳᠠᠬᠤ ᠦᠭᠡᠢ᠂ ᠬᠠᠷᠢᠨ ᠰᠡᠳᠬᠢᠯ ᠰᠠᠨᠠᠭ᠎ᠠ ᠪᠠᠨ ᠲᠥᠪᠯᠡᠷᠡᠭᠦᠯᠦᠨ᠂ ᠡᠳᠦᠷ | ᠰᠦᠨᠢ ᠶᠢ ᠠᠯᠳᠠᠯ ᠦᠭᠡᠢ᠂ ᠤᠳᠠᠭᠠᠨ ᠳᠠᠭᠠᠭᠠᠮᠠᠭᠠᠢ ᠴᠢᠷᠮᠠᠶᠢᠬᠤ ᠬᠡᠷᠡᠭᠲᠡᠢ᠃ ᠬᠡᠷᠪᠡ ᠵᠥᠪᠬᠡᠨ ᠲᠦᠳᠡ ᠵᠠᠮ ᠢ | ᠰᠣᠩᠭᠤᠨ᠂ ᠲᠦᠷᠭᠡᠨ ᠪᠣᠯᠪᠠᠰᠤᠷᠠᠬᠤ ᠶᠢ ᠬᠥᠭᠡᠭᠡᠴᠡᠯᠳᠦᠵᠦ᠂ ᠬᠤᠭᠤᠰᠣᠨ ᠨᠡᠷ᠎ᠡ ᠶᠢ ᠬᠥᠭᠡᠭᠡᠴᠡᠯᠳᠦᠵᠦ᠂ ᠨᠢᠭᠡ | ᠡᠳᠦᠷ ᠲᠤ ᠨᠡᠷ᠎ᠡ ᠪᠠᠨ ᠮᠠᠨᠳᠤᠭᠤᠯᠬᠤ᠂ ᠨᠢᠭᠡ ᠰᠥᠨᠢ ᠳᠤ ᠭᠡᠨᠡᠳᠲᠡ ᠪᠠᠶᠠᠵᠢᠬᠤ ᠶᠢ ᠬᠥᠭᠡᠭᠡᠴᠡᠯᠳᠦᠪᠡᠯ | ᠡᠴᠦᠰ ᠲᠤ ᠪᠠᠨ ᠡᠭᠦᠯᠡ ᠮᠠᠨᠠᠨ ᠮᠡᠲᠦ ᠵᠠᠮᠬᠠᠷᠠᠨ ᠠᠷᠢᠯᠬᠤ ᠪᠣᠯᠣᠨ᠎ᠠ᠃ ᠤᠳᠬ᠎ᠠ ᠤᠷᠠᠯᠢᠭ ᠨᠢ ᠬᠢᠯᠪᠠᠷ | ᠣᠶᠢᠯᠠᠭᠠᠮᠵᠢᠲᠠᠶ ᠪᠠᠶᠢᠬᠤ ᠬᠡᠷᠡᠭᠲᠡᠶ᠂ ᠭᠡᠬᠦ ᠳᠤ ᠪᠠᠨ ᠪᠤᠯᠬᠢ᠂ ᠪᠦᠳᠦᠭᠦᠯᠢᠭ᠂ ᠪᠢᠯᠳᠠᠤᠴᠢ ᠪᠠᠶᠢᠵᠤ ᠣᠭᠲᠣ ᠪᠣᠯᠬᠤ | ᠦᠭᠡᠢ᠃ ᠤᠳᠬ᠎ᠠ ᠤᠷᠠᠯᠢᠭ ᠨᠢ ᠠᠮᠢᠳᠤᠷᠠᠯ ᠳᠤ ᠦᠨᠳᠦᠰᠦᠯᠡᠭᠰᠡᠨ ᠪᠠᠶᠢᠬᠤ ᠬᠡᠷᠡᠭᠲᠡᠶ᠂ ᠭᠡᠪᠡᠴᠦ ᠮᠠᠭᠤ ᠬᠡᠪ | ᠰᠤᠷᠲᠠᠯ ᠢ ᠡᠬᠢᠯᠡᠭᠦᠯᠦᠭᠴᠢ᠂ ᠳᠠᠭᠠᠭᠴᠢ᠂ ᠬᠥᠭᠡᠷᠭᠡᠳᠡᠭᠴᠢ ᠪᠤᠯᠵᠦ ᠤᠬᠳᠦ ᠪᠣᠯᠬᠤ ᠤᠢᠭᠡᠢ᠃ | ᠤᠳᠬ᠎ᠠ ᠤᠷᠠᠯᠢᠭ ᠨᠢ ᠰᠢᠨ᠎ᠡ ᠶᠢ ᠡᠭᠦᠳᠬᠦ ᠬᠡᠷᠡᠭᠲᠡᠶ᠂ ᠭᠡᠪᠡᠴᠦ ᠰᠣᠨᠢᠨ ᠰᠡᠪᠡᠭᠦᠨ ᠬᠠᠴᠢᠨ ᠵᠢᠭᠲᠡᠢ᠂ | ᠱᠠᠯ ᠳᠡᠮᠡᠢ ᠴᠠᠯᠴᠢᠶ᠎ᠠ ᠪᠠᠶᠢᠵᠤ ᠤᠬᠳᠦ ᠪᠣᠯᠬᠤ ᠤᠢᠭᠡᠢ᠃ ᠤᠳᠬ᠎ᠠ ᠤᠷᠠᠯᠢᠭ ᠨᠢ ᠦᠷ᠎ᠡ ᠨᠥᠯᠥᠭᠡ ᠲᠠᠢ ᠪᠠᠶᠢᠬᠤ | ᠬᠡᠷᠡᠭᠲᠡᠶ᠂ ᠭᠡᠪᠡᠴᠦ ᠵᠣᠭᠤᠰ ᠤᠨ ᠨᠦᠬᠡ ᠪᠠᠷ ᠰᠢᠷᠭᠤᠵᠤ᠂ ᠵᠠᠬ᠎ᠠ ᠳᠡᠯᠭᠡᠭᠦᠷ ᠤᠨ ᠪᠤᠭᠤᠯ ᠪᠤᠯᠵᠦ ᠣᠭᠲᠣ ᠪᠣᠯᠬᠤ | ᠤᠢᠭᠡᠢ᠃ ᠵᠣᠬᠢᠶᠠᠨ ᠪᠦᠲᠦᠭᠡᠬᠦ ᠳᠤ ᠬᠦᠴᠦ ᠬᠦᠯᠦᠰᠦ ᠣᠷᠣᠭᠤᠯᠬᠤ ᠬᠡᠷᠡᠭᠲᠡᠢ᠂ ᠲᠣᠭᠯᠠᠭᠴᠢ ᠪᠣᠯᠬᠤ ᠳᠤ ᠪᠣᠳᠠᠲᠤ | ᠬᠦᠴᠦᠨ ᠳᠤ ᠪᠠᠨ ᠲᠦᠰᠢᠭᠯᠡᠵᠦ᠂ ᠳᠦᠷᠢ ᠲᠥᠷᠬᠦ ᠨᠢ ᠱᠣᠭᠤᠨ ᠪᠦᠲᠦᠭᠡᠬᠦ ᠳᠤ ᠲᠦᠰᠢᠭᠯᠡᠵᠦ᠂ ᠦᠷ᠎ᠡ | ᠨᠥᠯᠥᠭᠡ ᠨᠢ ᠴᠢᠨᠠᠷ ᠴᠢᠨᠰᠠᠭ᠎ᠠ ᠳᠤ ᠲᠦᠰᠢᠭᠯᠡᠵᠦ᠂ ᠨᠡᠷ᠎ᠡ ᠠᠯᠳᠠᠷ ᠨᠢ ᠮᠣᠷᠠᠯ ᠤᠷᠠᠯᠢᠭ ᠲᠤ ᠲᠦᠰᠢᠭᠯᠡᠬᠦ ᠬᠡᠷᠡᠭᠲᠡᠢ᠃ | ᠪᠦᠳᠦᠭᠦᠯᠢᠭ ᠳᠣᠣᠷᠠᠳᠤ ᠱᠤᠭ ᠨᠠᠭᠠᠳᠤᠮ᠂ ᠬᠤᠷᠢᠭ᠎ᠠ ᠬᠢᠵᠠᠭᠠᠷ ᠥᠬᠡᠶ ᠳᠤᠷ᠎ᠠ ᠲᠣᠭᠯᠠᠭᠠᠮ᠂ ᠬᠠᠷᠠᠭ᠎ᠠ ᠲᠠᠲᠠᠬᠤ | ᠵᠤᠭ᠎ᠠ ᠴᠡᠩᠭᠡᠯ᠂ ᠵᠣᠭᠰᠤᠭ᠎ᠠ ᠵᠢᠯᠣᠭᠤ ᠥᠬᠡᠶ ᠬᠦᠰᠡᠯ ᠪᠣᠳᠣᠯ ᠨᠢ ᠤᠳᠬ᠎ᠠ ᠤᠷᠠᠯᠢᠭ ᠲᠤ ᠬᠤᠤᠷ ᠲᠠᠢ ᠠᠴᠠ ᠪᠢᠰᠢ | ᠥᠴᠦᠬᠡᠨ ᠴᠦ ᠠᠰᠢᠭ ᠥᠬᠡᠶ ᠶᠤᠮ︕ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠨ ᠤᠷᠠᠯᠢᠭ ᠢ ᠪᠢᠰᠢᠷᠡᠨ | ᠵᠢᠷᠦᠬᠡᠰᠢᠶᠡᠬᠦ ᠰᠡᠳᠬᠢᠯ ᠪᠠ ᠲᠤᠰᠬᠠᠶ ᠮᠡᠷᠭᠡᠵᠢᠯ ᠳᠤ ᠪᠠᠨ ᠦᠨᠡᠨᠴᠢ ᠰᠢᠳᠤᠷᠭᠤ ᠪᠠᠶᠢᠬᠤ ᠰᠡᠳᠬᠢᠯᠭᠡ ᠶᠢ ᠡᠪᠦᠷᠯᠡᠵᠦ᠂ | ᠦᠨᠡᠨ ᠬᠦᠴᠦ ᠣᠷᠣᠭᠤᠯᠵᠤ᠂ ᠡᠷᠳᠡᠮ ᠴᠢᠳᠠᠪᠤᠷᠢ ᠪᠠᠨ ᠪᠣᠯᠪᠠᠰᠤᠷᠠᠭᠤᠯᠵᠤ᠂ ᠵᠢᠩᠬᠢᠨᠢ ᠨᠡᠷ᠎ᠡ ᠠᠯᠳᠠᠷ ᠢ | ᠬᠥᠭᠡᠭᠡᠴᠡᠯᠳᠦᠬᠦ ᠬᠡᠷᠡᠭᠲᠡᠶ᠃ ᠤᠳᠬ᠎ᠠ ᠤᠷᠠᠯᠢᠭ ᠤᠨ ᠠᠵᠢᠯᠲᠠᠨ ᠤ ᠬᠤᠪᠢ ᠪᠡᠶ᠎ᠡ ᠶᠢᠨ ᠰᠣᠶᠣᠯ ᠪᠣᠯᠪᠠᠰᠤᠷᠠᠯ ᠨᠢ | ᠵᠥᠪᠬᠡᠨ ᠲᠡᠭᠦᠨ ᠤ ᠬᠤᠪᠢ ᠶᠢᠨ ᠶᠠᠪᠤᠳᠠᠯ ᠲᠡᠳᠦᠶ ᠪᠢᠰᠢ᠂ ᠤᠳᠬ᠎ᠠ ᠤᠷᠠᠯᠢᠭ ᠤᠨ ᠠᠵᠢᠯ ᠲᠦᠷᠦᠯ ᠤᠨ ᠬᠡᠪ | ᠰᠤᠷᠲᠠᠯ ᠤᠨ ᠰᠡᠶᠢᠠ ᠮᠠᠭᠤ ᠨᠢ ᠪᠦᠬᠦ᠋ᠢᠯᠡ ᠰᠣᠶᠣᠯ ᠤᠨ ᠬᠦᠷᠢᠶ᠎ᠡ ᠴᠢᠨᠠᠭᠰᠢᠯᠠᠪᠠᠯ ᠨᠡᠶᠢᠭᠡᠮ ᠤᠨ ᠠᠮᠢᠳᠤᠷᠠᠯ ᠤᠨ ᠠᠮᠢ | ᠠᠬᠤᠶ ᠶᠢ ᠨᠥᠯᠥᠭᠡᠯᠡᠬᠦ ᠪᠣᠯᠤᠨ᠎ᠠ᠃ ᠤᠳᠬ᠎ᠠ ᠵᠣᠬᠢᠶᠠᠯᠴᠢ᠂ ᠤᠷᠠᠯᠢᠭᠴᠢᠨ ᠨᠢ ᠨᠡᠶᠢᠭᠡᠮ ᠤᠨ ᠨᠥᠯᠥᠭᠡᠯᠡᠬᠦ | ᠬᠦᠴᠦᠨ ᠲᠠᠢ ᠪᠠᠶᠢᠵᠤ᠂ ᠬᠥᠳᠡᠯᠦᠯ ᠪᠠᠷᠢᠯ ᠨᠢᠭᠡᠪᠦᠷᠢ ᠨᠢ ᠴᠥᠮ ᠨᠡᠶᠢᠭᠡᠮ ᠶᠢ ᠨᠥᠯᠥᠭᠡᠯᠡᠳᠡᠭ᠃ ᠥᠷᠭᠡᠨ ᠣᠯᠠᠨ | ᠤᠳᠬ᠎ᠠ ᠤᠷᠠᠯᠢᠭ ᠤᠨ ᠠᠵᠢᠯᠲᠠᠳ ᠨᠡᠶᠢᠭᠡᠮ ᠤᠨ ᠨᠥᠯᠥᠭᠡ ᠪᠠᠨ ᠨᠠᠨᠳᠢᠩᠨᠠᠵᠤ᠂ ᠵᠣᠬᠢᠶᠠᠯ ᠪᠦᠲᠦᠭᠡᠯ ᠤᠨ ᠢᠶᠠᠨ | ᠨᠡᠶᠢᠭᠡᠮ ᠳᠤ ᠦᠵᠡᠭᠦᠯᠬᠦ ᠦᠢᠯᠡᠳᠦᠯ ᠢ ᠲᠥᠪ ᠬᠢᠨᠠᠮᠠᠭᠠᠶ ᠪᠠᠷ ᠪᠣᠳᠣᠯᠬᠢᠯᠠᠬᠤ ᠬᠡᠷᠡᠭᠲᠡᠶ᠃ ᠨᠢᠭᠡᠨ ᠤᠳᠬ᠎ᠠ | ᠤᠷᠠᠯᠢᠭ ᠤᠨ ᠠᠵᠢᠯᠳᠡᠠ ᠬᠡᠷᠪᠡ ᠬᠡᠪ ᠰᠤᠷᠲᠠᠯ ᠨᠢ ᠲᠥᠪ ᠪᠤᠰᠤ ᠪᠠᠶᠢᠪᠠᠯ ᠠᠷᠠᠳ ᠲᠦᠮᠡᠨ ᠬᠦᠯᠢᠶᠡᠬᠦ ᠤᠢᠭᠡᠢ᠂ | ᠴᠠᠭ ᠦᠶ᠎ᠡ ᠴᠦ ᠬᠦᠯᠢᠶᠡᠬᠦ ᠤᠢᠭᠡᠢ ᠶᠤᠮ︕ ᠥᠪᠡᠷ ᠢ ᠪᠠᠨ ᠬᠦᠨᠳᠦᠳᠬᠡᠬᠦ ᠦᠭᠡᠢ ᠪᠣᠯ ᠪᠤᠰᠤᠳ ᠤᠨ | ᠬᠥᠨᠳᠥᠳᠬᠡᠯ ᠢ ᠣᠯᠵᠤ ᠴᠢᠳᠠᠬᠤ ᠦᠭᠡᠢ ᠶᠤᠮ︕ ᠥᠷᠭᠡᠨ ᠤᠯᠠᠨ ᠤᠳᠬ᠎ᠠ ᠤᠷᠠᠯᠢᠭ ᠤᠨ ᠠᠵᠢᠯᠳᠠᠨ ᠴᠢᠨᠠᠷ | ᠴᠢᠨᠰᠠᠭ᠎ᠠ ᠶᠢ ᠡᠷᠬᠢᠮᠯᠡᠵᠦ᠂ ᠬᠡᠪ ᠨᠠᠮᠪᠠ ᠶᠢ ᠡᠷᠬᠢᠮᠯᠡᠵᠦ᠂ ᠬᠠᠷᠢᠭᠤᠴᠠᠯᠭ᠎ᠠ ᠶᠢ ᠡᠷᠬᠢᠮᠯᠡᠵᠦ᠂ ᠤᠬᠠᠮᠰᠠᠷ ᠠᠴᠠ ᠪᠠᠨ | ᠬᠠᠤᠯᠢ ᠴᠠᠭᠠᠵᠠ ᠶᠢ ᠵᠢᠷᠤᠮᠯᠠᠵᠤ᠂ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠢ ᠵᠢᠷᠤᠮᠯᠠᠵᠤ᠂ | ᠵᠣᠭᠤᠰ ᠮᠥᠩᠭᠦᠨ ᠳᠤ ᠰᠢᠨᠤᠬᠠᠶᠢᠷᠠᠬᠤ ᠦᠵᠡᠯ᠂ ᠵᠢᠷᠭᠠᠨ ᠴᠡᠩᠭᠡᠬᠦ ᠦᠵᠡᠯ᠂ ᠬᠡᠳᠦ ᠬᠤᠪᠢᠨᠴᠢᠷ ᠦᠵᠡᠯ ᠢ | ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠲᠥᠪ ᠴᠢᠬᠡᠴᠢ ᠬᠥᠮᠦᠨ ᠪᠣᠯᠵᠤ᠂ ᠠᠷᠢᠭᠤᠨ ᠴᠢᠬᠡᠴᠢ ᠪᠠᠷ ᠠᠵᠢᠯ | ᠬᠢᠬᠦ ᠬᠡᠷᠡᠭᠲᠡᠶ᠃ ︽ᠬᠥᠮᠥᠰᠬᠡ ᠵᠠᠩᠭᠢᠳᠤᠨ ᠬᠦᠴᠦᠳᠡᠨ ᠳᠤ ᠬᠦᠢᠳᠡᠨ ᠢᠶᠠᠷ ᠬᠠᠨᠳᠤᠵᠤ᠂ ᠬᠠᠷ᠎ᠠ ᠲᠡᠷᠢᠭᠦᠲᠡᠨ ᠳᠤ | ᠦᠬᠡᠷ ᠮᠡᠲᠦ ᠵᠢᠳᠬᠦᠬᠦ︾ ᠵᠣᠷᠢᠭ ᠰᠠᠨᠠᠭ᠎ᠠ ᠲᠠᠢ ᠪᠠᠶᠢᠵᠤ᠂ ᠦᠨᠡᠨ ᠰᠠᠶᠢᠨ ᠰᠠᠶᠢᠬᠠᠨ ᠢ ᠮᠠᠭᠲᠠᠨ ᠳᠠᠭᠤᠯᠠᠵᠤ᠂ | ᠬᠤᠳᠠᠯ ᠮᠠᠭᠤ ᠮᠠᠭᠤᠬᠠᠶ ᠶᠢ ᠲᠤᠩᠭᠠᠨ ᠰᠢᠭᠦᠮᠵᠢᠯᠡᠬᠦ ᠬᠡᠷᠡᠭᠲᠡᠶ᠃ ᠢᠳᠡᠪᠬᠢ ᠵᠦᠢᠯ ᠢ ᠵᠣᠷᠢᠭᠲᠠᠢ ᠪᠠᠷ ᠪᠢᠴᠢᠭᠯᠡᠨ | ᠳᠠᠭᠤᠯᠠᠵᠤ᠂ ᠣᠮᠤᠭ ᠵᠣᠷᠢᠭ ᠲᠡᠭᠦᠯᠳᠡᠷ᠂ ᠰᠤᠷᠲᠠᠯ ᠲᠥᠪ ᠤᠬᠠᠭᠠᠨ ᠰᠠᠷᠠᠭᠤᠯ ᠪᠠᠶᠢᠬᠤ ᠬᠡᠷᠡᠭᠲᠡᠢ᠃ ᠵᠢᠭᠰᠢᠭᠦᠷᠢᠲᠦ | ᠶᠠᠪᠤᠳᠠᠯ ᠢ ᠵᠣᠷᠢᠭᠲᠠᠶ ᠪᠠᠷ ᠬᠢᠯᠢᠩᠨᠡᠨ ᠰᠢᠭᠦᠮᠵᠢᠯᠡᠵᠦ᠂ ᠲᠥᠪ ᠶᠣᠰᠣᠨ ᠤ ᠲᠥᠯᠥᠭᠡ ᠲᠡᠷᠢᠭᠦᠨ ᠭᠤᠳᠦ᠋ᠢᠬᠤ ᠦᠭᠡᠢ᠂ | ᠨᠤᠭᠤᠷᠠᠰᠢ ᠦᠭᠡᠢ ᠵᠣᠷᠢᠭ ᠬᠦᠴᠦᠨ ᠲᠠᠢ ᠪᠠᠶᠢᠬᠤ ᠬᠡᠷᠡᠭᠲᠡᠶ᠃ ᠠᠵᠢᠯ ᠲᠦᠷᠦᠯ ᠤᠨ ᠰᠤᠷᠲᠠᠯ ᠤᠷᠠᠯᠢᠭ ᠤᠨ ᠶᠣᠰᠣ | ᠰᠤᠷᠲᠠᠬᠤᠨ ᠢ ᠪᠠᠳᠠᠷᠠᠭᠤᠯᠵᠤ᠂ ᠤᠳᠬ᠎ᠠ ᠤᠷᠠᠯᠢᠭ ᠤᠨ ᠡᠲᠡᠭᠡᠳ ᠤᠨ ᠰᠠᠶᠢᠨ ᠰᠠᠶᠢᠬᠠᠨ ᠨᠡᠶᠢᠭᠡᠮ ᠤᠨ ᠲᠦᠷᠢ | ᠲᠥᠷᠬᠦ ᠶᠢ ᠪᠤᠢ ᠪᠣᠯᠭᠠᠵᠤ᠂ ᠥᠪᠡᠷ ᠢ ᠪᠠᠨ ᠬᠦᠨᠳᠦᠳᠬᠡᠵᠦ ᠥᠪᠡᠷ ᠢ ᠪᠠᠨ ᠬᠠᠶᠢᠷᠠᠯᠠᠬᠤ᠂ ᠬᠠᠷᠢᠯᠴᠠᠨ ᠰᠤᠷᠤᠯᠴᠠᠵᠤ | ᠬᠠᠷᠢᠯᠴᠠᠨ ᠲᠣᠯᠢᠯᠠᠬᠤ᠂ ᠠᠷᠢᠭᠤᠨ ᠴᠢᠬᠡᠴᠢ ᠠᠵᠢᠯ ᠲᠦᠷᠦᠯ ᠤᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ᠃ | ᠲᠥᠯᠥᠭᠡᠯᠡᠭᠴᠢᠳ ᠡ︕ ᠨᠥᠬᠦᠳ ᠡ᠂ ᠨᠠᠶᠢᠵᠠ ᠨᠠᠷ ᠡ︕ | ᠨᠡᠶᠢᠭᠡᠮ ᠵᠢᠷᠤᠮ ᠤᠨ ᠤᠳᠬ᠎ᠠ ᠤᠷᠠᠯᠢᠭ ᠢ ᠴᠡᠴᠡᠭᠯᠡᠭᠦᠯᠦᠨ ᠬᠥᠭᠵᠢᠭᠦᠯᠵᠦ᠂ ᠨᠡᠶᠢᠭᠡᠮ ᠵᠢᠷᠤᠮ ᠤᠨ | ᠰᠣᠶᠣᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠳᠤ᠂ ᠨᠠᠮ ᠤᠨ ᠤᠳᠤᠷᠢᠳᠤᠯᠭ᠎ᠠ ᠳᠣᠣᠷ᠎ᠠ᠂ | ᠤᠯᠤᠰ ᠢᠶᠠᠨ ᠬᠠᠶᠢᠷᠠᠯᠠᠵᠤ ᠬᠤᠪᠢ ᠨᠡᠮᠡᠷᠢ ᠦᠵᠡᠭᠦᠯᠬᠦ ᠤᠳᠬ᠎ᠠ ᠤᠷᠠᠯᠢᠭ ᠤᠨ ᠠᠵᠢᠯᠳᠠᠨ ᠢ ᠥᠷᠭᠡᠨ ᠢᠶᠠᠷ | ᠪᠦᠯᠬᠦᠮᠳᠡᠭᠦᠯᠦᠨ ᠨᠢᠭᠲᠠᠷᠠᠭᠤᠯᠵᠤ᠂ ᠮᠣᠷᠠᠯ ᠡᠷᠳᠡᠮ ᠬᠤᠣᠰᠯᠠᠭᠰᠠᠨ ᠨᠢᠭᠡ ᠪᠥᠯᠥᠭ ᠵᠣᠬᠢᠶᠠᠯᠴᠢ᠂ ᠤᠷᠠᠯᠢᠭᠴᠢᠨ ᠢ | ᠬᠦᠮᠦᠵᠢᠭᠦᠯᠬᠦ ᠬᠡᠷᠡᠭᠲᠡᠢ᠃ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠳᠤᠮᠳᠠᠳᠤ | ᠤᠯᠤᠰ ᠤᠨ ᠵᠣᠬᠢᠶᠠᠯᠴᠢᠳ ᠤᠨ ᠨᠡᠶᠢᠭᠡᠮᠯᠢᠭ ᠪᠣᠯ ᠨᠠᠮ ᠪᠠ ᠵᠠᠰᠠᠭ ᠤᠨ ᠣᠷᠳᠣᠨ ᠤ ᠤᠳᠬ᠎ᠠ ᠤᠷᠠᠯᠢᠭ ᠤᠨ | ᠠᠵᠢᠯᠲᠠᠳ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠮᠥᠨ᠃ 5 ᠵᠢᠯ ᠤᠨ ᠲᠤᠷᠰᠢ᠂ ᠳᠤᠮᠳᠠᠳᠤ ᠤᠯᠤᠰ ᠤᠨ | ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠳᠤᠮᠳᠠᠳᠤ ᠤᠯᠤᠰ ᠤᠨ ᠵᠣᠬᠢᠶᠠᠯᠴᠢᠳ ᠤᠨ ᠨᠡᠶᠢᠭᠡᠮᠯᠢᠭ ︽ᠬᠥᠮᠦᠨ ᠳᠤ | ᠴᠢᠭᠯᠡᠭᠦᠯᠦᠭᠰᠡᠨ ᠠᠵᠢᠯ︾ ᠬᠢᠬᠦ ᠡᠨᠡ ᠬᠦ ᠡᠭᠦᠷᠭᠡ ᠲᠠᠢ ᠨᠢᠭᠲᠠ ᠤᠶᠠᠯᠳᠤᠭᠤᠯᠤᠨ᠂ ᠰᠢᠯᠢᠳᠡᠭ ᠪᠦᠲᠦᠭᠡᠯ ᠢ | ᠵᠣᠬᠢᠶᠠᠨ ᠪᠦᠲᠦᠭᠡᠬᠦ ᠡᠨᠡ ᠬᠦ ᠭᠤᠣᠯ ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠡᠭᠦᠷᠭᠡ ᠴᠢᠳᠠᠪᠬᠢ ᠪᠠᠨ ᠰᠢᠯᠢᠳᠡᠭᠵᠢᠭᠦᠯᠵᠦ᠂ ᠥᠷᠭᠡᠨ ᠤᠯᠠᠨ ᠤᠳᠬ᠎ᠠ ᠤᠷᠠᠯᠢᠭ ᠤᠨ | ᠠᠵᠢᠯᠲᠠᠨ ᠢ ᠪᠦᠯᠬᠦᠮᠳᠡᠭᠦᠯᠦᠨ ᠳᠠᠭᠠᠭᠤᠯᠵᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠨ ᠤᠷᠤᠭᠰᠢᠯᠠᠬᠤ᠂ | ᠥᠷᠨᠢᠭᠦᠨ ᠪᠠᠳᠠᠷᠠᠩᠭᠤᠢ ᠵᠣᠬᠢᠶᠠᠨ ᠪᠦᠲᠦᠭᠡᠬᠦ ᠪᠠ ᠠᠷᠠᠳ ᠲᠦᠮᠡᠨ ᠳᠤ ᠦᠢᠯᠡᠴᠢᠯᠡᠬᠦ ᠲᠠᠯ᠎ᠠ ᠪᠠᠷ ᠴᠢᠬᠤᠯᠠ | ᠦᠢᠯᠡᠳᠦᠯ ᠦᠵᠡᠭᠦᠯᠪᠡ᠃ | ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠳᠤᠮᠳᠠᠳᠤ ᠤᠯᠤᠰ ᠤᠨ | ᠵᠣᠬᠢᠶᠠᠯᠴᠢᠳ ᠤᠨ ᠨᠡᠶᠢᠭᠡᠮᠯᠢᠭ ᠨᠢ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠣᠬᠢᠶᠠᠯᠴᠢᠳ ᠤᠨ ᠨᠡᠶᠢᠭᠡᠮᠯᠢᠭ ᠤᠨ | ᠰᠢᠰᠲ᠋ᠧᠮ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠪᠠᠳᠠᠷᠠᠭᠤᠯᠵᠤ᠂ ᠠᠵᠢᠯ ᠤᠨ ᠲᠣᠭᠲᠠᠯᠴᠠᠭ᠎ᠠ ᠳᠤ ᠪᠠᠨ | ᠰᠢᠨ᠎ᠡ ᠶᠢ ᠡᠭᠦᠳᠴᠦ᠂ ᠰᠢᠨ᠎ᠡ ᠤᠳᠬ᠎ᠠ ᠤᠷᠠᠯᠢᠭ ᠤᠨ ᠵᠣᠬᠢᠶᠠᠨ ᠪᠠᠶᠢᠭᠤᠯᠤᠯᠲᠠ ᠪᠣᠯᠣᠨ ᠰᠢᠨ᠎ᠡ ᠤᠳᠬ᠎ᠠ | ᠤᠷᠠᠯᠢᠭ ᠤᠨ ᠬᠦᠮᠦᠰ ᠢ ᠬᠦᠮᠦᠵᠢᠭᠦᠯᠵᠦ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠦᠨᠳᠦᠰᠦᠨ | ᠱᠠᠲᠤᠨ ᠤ ᠤᠳᠬ᠎ᠠ ᠤᠷᠠᠯᠢᠭ ᠤᠨ ᠠᠵᠢᠯᠲᠠᠨ ᠲᠡᠶᠢᠰᠢ ᠬᠡᠯᠪᠠᠶᠢᠯᠭᠡᠵᠦ᠂ ᠠᠵᠢᠯ ᠦᠢᠯᠡᠰ ᠢᠶᠠᠷ ᠴᠢᠳᠠᠪᠤᠷᠢᠲᠠᠨ ᠢ | ᠤᠷᠮᠠᠰᠢᠭᠤᠯᠵᠤ᠂ ᠴᠢᠳᠠᠪᠤᠷᠢᠲᠠᠨ ᠢᠶᠠᠷ ᠠᠵᠢᠯ ᠦᠢᠯᠡᠰ ᠪᠦᠲᠦᠭᠡᠯᠭᠡᠵᠦ᠂ ᠡᠯ᠎ᠡ ᠬᠦᠷᠢᠶ᠎ᠡ ᠴᠠᠷᠠᠭ᠎ᠠ᠂ ᠡᠯ᠎ᠡ ᠲᠡᠰ | ᠳᠠᠪᠬᠤᠷᠭ᠎ᠠ᠂ ᠡᠯ᠎ᠡ ᠲᠠᠯ᠎ᠠ ᠶᠢᠨ ᠤᠳᠬ᠎ᠠ ᠤᠷᠠᠯᠢᠭ ᠤᠨ ᠠᠵᠢᠯᠲᠠᠨ ᠢ ᠥᠷᠭᠡᠨ ᠢᠶᠠᠷ ᠵᠣᠬᠢᠶᠠᠨ ᠪᠠᠶᠢᠭᠤᠯᠤᠨ | ᠲᠠᠶᠢᠴᠢᠯᠠᠵᠤ ᠪᠠᠶᠢᠭᠠᠳ ᠨᠠᠮ ᠤᠨ ᠤᠳᠬ᠎ᠠ ᠤᠷᠠᠯᠢᠭ ᠤᠨ ᠦᠢᠯᠡᠰ ᠲᠤ ᠣᠷᠣᠯᠴᠠᠭᠤᠯᠬᠤ ᠬᠡᠷᠡᠭᠲᠡᠢ᠃ ᠤᠳᠬ᠎ᠠ | ᠤᠷᠠᠯᠢᠭ ᠤᠨ ᠠᠵᠢᠯᠲᠠᠨ ᠲᠠᠢ ᠦᠨᠡᠨ ᠰᠡᠳᠬᠢᠯ ᠠᠴᠠ ᠪᠠᠨ ᠨᠠᠶᠢᠵᠠᠯᠠᠵᠤ᠂ ᠦᠨᠡᠨ ᠪᠣᠳᠠᠲᠠᠶ ᠠᠵᠢᠯ ᠬᠢᠵᠦ᠂ | ᠬᠦᠴᠢᠷᠳᠡᠯ ᠢ ᠨᠢ ᠰᠢᠢᠳᠪᠦᠷᠢᠯᠡᠵᠦ᠂ ᠲᠡᠳᠡᠠ ᠳᠤ ︽ᠤᠳᠬ᠎ᠠ ᠤᠷᠠᠯᠢᠭ ᠤᠨ ᠠᠵᠢᠯᠲᠠᠳ ᠤᠨ ᠭᠡᠷ ᠪᠦᠯᠢ︾ ᠶᠢᠨ | ᠬᠠᠶᠢᠷ᠎ᠠ ᠬᠠᠯᠠᠮᠵᠢ ᠶᠢ ᠬᠦᠷᠲᠡᠭᠡᠬᠦ ᠬᠡᠷᠡᠭᠲᠡᠶ᠃ ᠤᠳᠬ᠎ᠠ ᠤᠷᠠᠯᠢᠭ ᠤᠨ ᠡᠲᠡᠭᠡᠳ ᠤᠨ ᠬᠢᠨ ᠤ ᠠᠷᠠᠳ ᠤᠨ | ᠪᠦᠯᠬᠦᠮ ᠤᠨ ᠲᠤᠰᠬᠠᠢ ᠮᠡᠷᠭᠡᠵᠢᠯ ᠤᠨ ᠳᠠᠪᠠᠭᠤᠯᠢᠭ ᠢ ᠪᠠᠳᠠᠷᠠᠭᠤᠯᠵᠤ᠂ ᠤᠳᠬ᠎ᠠ ᠵᠣᠬᠢᠶᠠᠯᠴᠢ᠂ ᠤᠷᠠᠯᠢᠭᠴᠢᠨ ᠢ | ᠵᠢᠯᠣᠭᠤᠳᠤᠨ ᠲᠤᠰᠬᠠᠢ ᠮᠡᠷᠭᠡᠵᠢᠯ ᠤᠨ ᠬᠢᠷᠢ ᠲᠦᠪᠰᠢᠨ ᠢ ᠨᠢ ᠳᠡᠭᠡᠭᠰᠢᠯᠡᠭᠦᠯᠵᠦ᠂ ᠨᠡᠩ ᠡᠷᠬᠡ ᠰᠦᠷᠲᠦ᠂ ᠤᠯᠠᠨ ᠢ | ᠢᠲᠡᠭᠡᠭᠦᠯᠬᠦ ᠬᠦᠴᠦᠨ᠂ ᠨᠥᠯᠥᠭᠡᠯᠡᠬᠦ ᠬᠦᠴᠦᠨ ᠪᠦᠬᠦᠢ ᠤᠳᠬ᠎ᠠ ᠤᠷᠠᠯᠢᠭ ᠤᠨ ᠦᠨᠡᠯᠡᠯᠲᠡ ᠶᠢᠨ ᠲᠣᠭᠲᠠᠯᠴᠠᠭ᠎ᠠ ᠶᠢ | ᠪᠠᠶᠢᠭᠤᠯᠵᠤ᠂ ᠠᠵᠢᠯ ᠲᠦᠷᠦᠯ ᠤᠨ ᠦᠢᠯᠡᠴᠢᠯᠡᠭᠡ᠂ ᠠᠵᠢᠯ ᠲᠦᠷᠦᠯ ᠤᠨ ᠬᠠᠮᠢᠶᠠᠷᠤᠯᠲᠠ᠂ ᠠᠵᠢᠯ ᠲᠦᠷᠦᠯ ᠤᠨ | ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠠᠵᠢᠯ ᠲᠦᠷᠦᠯ ᠤᠨ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠢ | ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠨᠠᠮ ᠤᠨ ᠤᠨᠤᠯ ᠪᠠ ᠱᠤᠭᠤᠮ ᠴᠢᠭᠯᠡᠯᠲᠡ | ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠵᠤ᠂ ᠤᠳᠬ᠎ᠠ ᠤᠷᠠᠯᠢᠭ ᠤᠨ ᠵᠢᠮ᠎ᠡ ᠶᠣᠰᠣ ᠶᠢ ᠬᠦᠨᠳᠦᠳᠬᠡᠨ | ᠵᠢᠷᠤᠮᠯᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠬᠦ᠂ | ᠪᠠᠶᠢᠭᠤᠯᠤᠮᠵᠢ ᠶᠢ ᠪᠦᠷᠢᠨᠰᠢᠭᠦᠯᠬᠦ ᠪᠠᠷ ᠳᠠᠮᠵᠢᠭᠤᠯᠵᠤ᠂ ᠲᠠᠰᠤᠷᠠᠯᠲᠠ ᠦᠭᠡᠢ ᠰᠣᠳᠣᠨ ᠪᠦᠲᠦᠭᠡᠯ ᠪᠦᠲᠦᠭᠡᠬᠦ ᠪᠠ | ᠴᠢᠳᠠᠪᠤᠷᠢᠲᠠᠨ ᠬᠦᠮᠦᠵᠢᠭᠦᠯᠬᠦ ᠠᠮᠢᠳᠤᠯᠢᠭ ᠪᠠᠶᠢᠳᠠᠯ ᠢ ᠪᠤᠢ ᠪᠣᠯᠭᠠᠬᠤ ᠬᠡᠷᠡᠭᠲᠡᠶ᠃ ᠤᠳᠬ᠎ᠠ ᠤᠷᠠᠯᠢᠭ ᠤᠨ | ᠪᠠᠶᠢᠭᠤᠯᠭ᠎ᠠ ᠨᠢᠭᠡᠴᠢ ᠶᠢᠨ ᠤᠳᠤᠷᠢᠳᠬᠤ ᠪᠠᠭ ᠢ ᠰᠠᠶᠢᠲᠤᠷ ᠰᠣᠩᠭᠤᠨ ᠴᠢᠩᠭ᠎ᠠ ᠲᠣᠬᠢᠷᠠᠭᠤᠯᠵᠤ᠂ ᠤᠯᠤᠰ | ᠲᠦᠷᠦ ᠶᠢᠨ ᠲᠠᠯ᠎ᠠ ᠪᠠᠷ ᠴᠠᠭᠠᠷᠠᠭᠰᠠᠨ᠂ ᠤᠬᠠᠮᠰᠠᠷ ᠴᠢᠳᠠᠪᠤᠷᠢ ᠬᠤᠣᠰᠯᠠᠭᠰᠠᠨ᠂ ᠤᠳᠬ᠎ᠠ ᠤᠷᠠᠯᠢᠭ ᠤᠨ ᠠᠵᠢᠯ ᠢ | ᠣᠶᠢᠯᠠᠭᠠᠭᠰᠠᠨ᠂ ᠤᠳᠬ᠎ᠠ ᠤᠷᠠᠯᠢᠭ ᠤᠨ ᠠᠵᠢᠯᠳᠡᠠ ᠲᠠᠢ ᠨᠢᠭᠲᠠᠷᠠᠨ ᠪᠦᠯᠬᠦᠮᠳᠡᠵᠦ ᠴᠢᠳᠠᠳᠠᠭ ᠺᠠᠳ᠋ᠷ ᠢ | ᠤᠳᠤᠷᠢᠳᠬᠤ ᠪᠠᠶᠢᠷᠢᠨ ᠳᠤ ᠳᠡᠪᠰᠢᠭᠦᠯᠬᠦ ᠬᠡᠷᠡᠭᠲᠡᠶ᠃ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠴᠢᠨᠠᠷᠯᠢᠭ ᠤᠳᠬ᠎ᠠ ᠤᠷᠠᠯᠢᠭ ᠤᠨ ᠪᠦᠲᠦᠭᠡᠯ ᠤᠨ ᠬᠠᠩᠭᠠᠯᠭ᠎ᠠ ᠶᠢ ᠲᠠᠰᠤᠷᠠᠯᠲᠠ | ᠦᠭᠡᠢ ᠥᠷᠭᠡᠳᠬᠡᠬᠦ ᠬᠡᠷᠡᠭᠲᠡᠢ᠃ ᠮᠠᠷᠺᠰ ᠤᠨ ᠦᠵᠡᠯ ᠤᠨ ᠤᠳᠬ᠎ᠠ ᠤᠷᠠᠯᠢᠭ ᠤᠨ ᠤᠨᠤᠯ ᠪᠠ ᠰᠢᠭᠦᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠴᠤᠭ ᠵᠢᠪᠬᠤᠭ᠎ᠠ ᠪᠠᠨ ᠪᠠᠳᠠᠷᠠᠭᠤᠯᠤᠨ᠂ ᠵᠣᠬᠢᠶᠠᠨ ᠪᠦᠲᠦᠭᠡᠬᠦ ᠶᠢ ᠬᠥᠲᠥᠯᠥᠨ | ᠵᠢᠯᠣᠭᠤᠳᠬᠤ᠂ ᠰᠣᠳᠣᠨ ᠪᠦᠲᠦᠭᠡᠯ ᠵᠣᠬᠢᠶᠠᠨ ᠪᠦᠲᠦᠭᠡᠬᠦ᠂ ᠭᠤᠸ᠎ᠠ ᠲᠠᠭᠠᠰᠢᠶᠠᠯ ᠢ ᠳᠡᠭᠡᠭᠰᠢᠯᠡᠭᠦᠯᠬᠦ ᠪᠠ ᠬᠡᠪ | ᠰᠤᠷᠲᠠᠯ ᠢ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠶ᠃ | ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ ᠪᠠ ᠶᠡᠷᠦᠩᠬᠡᠶᠢᠯᠡᠨ ᠵᠠᠰᠠᠬᠤ ᠶᠢ ᠵᠡᠷᠭᠡ ᠪᠠᠷ | ᠴᠢᠬᠤᠯᠠᠴᠢᠯᠠᠬᠤ᠂ ᠬᠠᠭᠤᠴᠢᠨ ᠢ ᠡᠪᠳᠡᠬᠦ ᠪᠠ ᠰᠢᠨ᠎ᠡ ᠶᠢ ᠪᠤᠢ ᠪᠣᠯᠭᠠᠬᠤ ᠶᠢ ᠬᠤᠣᠰᠯᠠᠭᠤᠯᠤᠨ᠂ ᠠᠷᠭ᠎ᠠ | ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠭᠦᠯᠬᠦ ᠶᠢ ᠪᠠᠷᠢᠮᠲᠠᠯᠠᠵᠤ᠂ ᠠᠭᠤᠯᠠ ᠨᠢ ᠰᠦᠷᠯᠢᠭ ᠤᠰᠤ ᠨᠢ ᠲᠤᠩᠭᠠᠯᠠᠭ | ᠤᠳᠬ᠎ᠠ ᠤᠷᠠᠯᠢᠭ ᠤᠨ ᠠᠮᠢ ᠠᠬᠤᠶ ᠶᠢ ᠪᠦᠳᠦᠭᠡᠨ ᠪᠠᠶᠢᠭᠤᠯᠬᠤ ᠬᠡᠷᠡᠭᠲᠡᠶ᠃ ᠵᠠᠯᠠᠭᠤᠴᠤᠳ ᠪᠣᠯ ᠠᠵᠢᠯ | ᠦᠢᠯᠡᠰ ᠤᠨ ᠢᠷᠡᠭᠡᠳᠦᠶ ᠮᠥᠨ᠃ ᠭᠠᠭᠴᠠ ᠬᠦ ᠤᠳᠬ᠎ᠠ ᠤᠷᠠᠯᠢᠭ ᠤᠨ ᠵᠠᠯᠠᠭᠤ ᠠᠵᠢᠯᠲᠠᠨ ᠬᠦᠴᠦᠷᠬᠡᠭᠵᠢᠪᠡᠯ | ᠤᠳᠬ᠎ᠠ ᠤᠷᠠᠯᠢᠭ ᠤᠨ ᠦᠢᠯᠡᠰ ᠰᠠᠶ᠋ᠢ ᠲᠠᠰᠤᠷᠠᠯᠲᠠ ᠦᠭᠡᠢ ᠬᠥᠭᠵᠢᠨ ᠳᠠᠪᠰᠢᠬᠤ ᠠᠮᠢᠳᠤᠯᠢᠭ ᠪᠠᠶᠢᠳᠠᠯ ᠲᠠᠢ ᠪᠤᠯᠵᠦ | ᠴᠢᠳᠠᠨ᠎ᠠ᠃ ᠴᠢᠳᠠᠪᠤᠷᠢᠲᠠᠨ ᠢ ᠲᠠᠨᠢᠵᠤ᠂ ᠴᠢᠳᠠᠪᠤᠷᠢᠲᠠᠨ ᠢ ᠬᠠᠶᠢᠷᠠᠯᠠᠵᠤ᠂ ᠴᠢᠳᠠᠪᠤᠷᠢᠲᠠᠨ ᠢ ᠬᠦᠨᠳᠦᠳᠬᠡᠵᠦ᠂ | ᠴᠢᠳᠠᠪᠤᠷᠢᠲᠠᠨ ᠢ ᠬᠡᠷᠡᠭᠯᠡᠵᠦ᠂ ᠤᠳᠬ᠎ᠠ ᠤᠷᠠᠯᠢᠭ ᠤᠨ ᠵᠠᠯᠠᠭᠤ ᠠᠵᠢᠯᠲᠠᠨ ᠤ ᠲᠥᠪ ᠰᠤᠷᠲᠠᠯ ᠢ ᠰᠠᠬᠢᠵᠤ᠂ ᠳᠠᠷᠳᠠᠩ | ᠵᠠᠮ ᠢᠶᠠᠷ ᠵᠠᠮᠨᠠᠬᠤ ᠶᠢ ᠬᠥᠲᠥᠯᠥᠨ ᠵᠢᠯᠣᠭᠤᠳᠴᠤ᠂ ᠲᠡᠳᠡᠨ ᠤ ᠢᠯᠡᠭᠦᠬᠡᠨ ᠰᠢᠨ᠎ᠡ ᠶᠢ ᠡᠭᠦᠳᠴᠦ᠂ ᠰᠣᠳᠣᠨ | ᠪᠦᠲᠦᠭᠡᠯ ᠭᠠᠷᠭᠠᠬᠤ ᠶᠢ ᠵᠣᠷᠢᠭᠵᠢᠭᠤᠯᠵᠤ᠂ ᠲᠡᠳᠡᠨ ᠤ ᠵᠣᠷᠢᠭᠲᠠᠢ ᠪᠠᠷ ᠡᠭᠦᠷᠭᠡ ᠡᠭᠦᠷᠭᠡᠯᠡᠵᠦ᠂ ᠭᠤᠣᠯ ᠲᠣᠭᠯᠠᠭᠴᠢ | ᠪᠣᠯᠬᠤ ᠶᠢ ᠳᠡᠮᠵᠢᠵᠦ᠂ ᠤᠳᠤ ᠦᠶ᠎ᠡ ᠶᠢᠨ ᠳᠤᠮᠳᠠᠳᠤ ᠤᠯᠤᠰ ᠤᠨ ᠵᠣᠬᠢᠶᠠᠯᠴᠢ᠂ ᠤᠷᠠᠯᠢᠭᠴᠢᠳ ᠢ ᠪᠤᠯᠠᠭ ᠤᠨ | ᠤᠰᠤ ᠰᠢᠭ᠋ ᠣᠨᠳᠣᠷᠠᠭᠤᠯᠵᠤ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠣᠭᠲᠠᠷᠭᠤᠶ ᠶᠢ ᠨᠡᠩ ᠭᠡᠷᠡᠯ | ᠰᠠᠴᠤᠷᠠᠩᠭᠤᠢ ᠪᠣᠯᠭᠠᠬᠤ ᠬᠡᠷᠡᠭᠲᠡᠶ᠃ | ᠲᠥᠯᠥᠭᠡᠯᠡᠭᠴᠢᠳ ᠡ︕ ᠨᠥᠬᠦᠳ ᠡ᠂ ᠨᠠᠶᠢᠵᠠ ᠨᠠᠷ ᠡ︕ | ︽ᠡᠷᠡᠯᠬᠡᠭ ᠪᠦᠷᠭᠦᠳ ᠡᠳᠦᠷᠵᠢᠨ ᠰᠠᠯᠬᠢ ᠲᠠᠢ ᠬᠠᠨᠢᠰᠤᠨ ᠲᠡᠭᠦᠯᠢᠵᠦ᠂ ᠡᠬᠡ ᠳᠡᠯᠡᠬᠡᠢ ᠶᠢᠨ ᠮᠠᠨᠳᠠᠯ ᠳᠤ | ᠶᠢᠰᠦᠨ ᠲᠦᠮᠡᠨ ᠭᠠᠵᠠᠷ ᠳᠡᠪᠳᠡᠷᠢᠮᠤᠢ︾᠂ ᠡᠨᠡ ᠪᠣᠯ ᠠᠭᠤᠤ ᠶᠡᠭᠡ ᠰᠢᠯᠦᠭᠴᠢᠨ ᠯᠢ ᠪᠠᠢ ᠵᠠᠯᠠᠭᠤ ᠪᠠᠶᠢᠬᠤ ᠳᠤ ᠪᠠᠨ | ᠶᠢᠷᠲᠢᠨᠴᠦ ᠶᠢ ᠲᠣᠭᠤᠷᠢᠵᠤ ᠳᠡᠯᠡᠬᠡᠢ ᠪᠠᠷ ᠠᠶᠠᠯᠠᠬᠤ ᠳᠤ ᠪᠠᠨ ᠪᠢᠴᠢᠭᠰᠡᠨ ᠰᠢᠯᠦᠭ ᠶᠤᠮ᠃ ᠲᠤᠬᠠᠢ ᠶᠢᠨ ᠦᠶ᠎ᠡ ᠳᠤ | ᠲᠡᠷᠡ ᠲᠠᠩ ᠤᠯᠤᠰ ᠤᠨ ᠥᠷᠨᠢᠭᠦᠨ ᠪᠠᠳᠠᠷᠠᠩᠭᠤᠢ ᠠᠭᠤᠷ ᠠᠮᠢᠰᠬᠤᠯ ᠢ ᠮᠡᠳᠡᠷᠡᠵᠦ᠂ ᠴᠡᠭᠡᠵᠢᠨ ᠳᠤ ᠨᠢ ᠠᠤᠭ᠎ᠠ | ᠵᠣᠷᠢᠭ ᠬᠦᠪᠴᠢᠯᠡᠭᠳᠡᠵᠦ ᠪᠠᠶᠢᠯ᠎ᠠ᠃ ᠥᠨᠥᠳᠦᠷ᠂ ᠳᠤᠮᠳᠠᠳᠤ ᠤᠯᠤᠰ᠂ ᠳᠤᠮᠳᠠᠳᠤ ᠤᠯᠤᠰ ᠤᠨ ᠠᠷᠠᠳ ᠲᠦᠮᠡᠨ᠂ | ᠳᠤᠮᠳᠠᠳᠤ ᠶᠢᠨ ᠦᠨᠳᠦᠰᠦᠲᠡᠨ ᠤ ᠢᠷᠡᠭᠡᠳᠦᠶ ᠬᠢᠵᠠᠭᠠᠯᠠᠰᠢ ᠦᠭᠡᠢ ᠥᠷᠭᠡᠨ ᠠᠭᠤᠳᠠᠮ᠃ ᠰᠢᠨ᠎ᠡ ᠴᠠᠭ ᠦᠶ᠎ᠡ ᠨᠢ | ᠤᠳᠬ᠎ᠠ ᠤᠷᠠᠯᠢᠭᠴᠢᠳ ᠢ ᠬᠡᠷᠡᠭᠰᠡᠨ᠎ᠡ᠂ ᠮᠥᠨ ᠴᠦ ᠤᠳᠬ᠎ᠠ ᠤᠷᠠᠯᠢᠭᠴᠢᠳ ᠢ ᠬᠥᠮᠦᠵᠢᠭᠦᠯᠵᠦ ᠴᠢᠳᠠᠨ᠎ᠠ︕ | ᠰᠢᠨ᠎ᠡ ᠴᠠᠭ ᠦᠶ᠎ᠡ ᠨᠢ ᠤᠳᠬ᠎ᠠ ᠤᠷᠠᠯᠢᠭ ᠤᠨ ᠨᠣᠶᠠᠨ ᠤᠷᠬᠢᠯ ᠢ ᠬᠡᠷᠡᠭᠰᠡᠨ᠎ᠡ᠂ ᠮᠥᠨ ᠴᠦ ᠤᠳᠬ᠎ᠠ ᠤᠷᠠᠯᠢᠭ ᠤᠨ | ᠨᠣᠶᠠᠨ ᠤᠷᠬᠢᠯ ᠢ ᠴᠣᠭᠴᠠᠯᠠᠵᠤ ᠴᠢᠳᠠᠨ᠎ᠠ︕ ᠪᠢᠳᠡ ᠡᠨᠡ ᠬᠦ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠶ︕ | ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠨ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠠᠭ ᠦᠶ᠎ᠡ ᠪᠠ ᠠᠷᠠᠳ ᠲᠦᠮᠡᠨ ᠤ ᠬᠦᠰᠡᠯ ᠢ ᠦᠯᠦ ᠬᠥᠰᠡᠷᠳᠡᠭᠦᠯᠵᠦ᠂ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤᠮᠳᠠᠳᠤ ᠶᠢᠨ ᠬᠦᠰᠡᠯ ᠵᠡᠭᠦᠳᠦ ᠶᠢ | ᠲᠡᠷᠭᠡᠯᠰᠢᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ︕ | |