ᠯᠢ ᠺᠧ ᠴᠢᠶᠠᠩ ᠸᠠᠩ ᠬᠤ᠋ ᠨᠢᠩ ᠬᠠᠨ ᠵᠧᠩ ᠠᠭᠤᠯᠵᠠᠯᠲᠠ ᠳᠤ ᠣᠷᠣᠯᠴᠠᠵᠠᠢ ᠰᠢᠨᠬᠤᠸᠠ ᠬᠤᠷᠢᠶᠠᠨ ᠤ | ᠪᠡᠭᠡᠵᠢᠩ ᠤᠨ 12 ᠰᠠᠷ᠎ᠠ ᠶᠢᠨ 16 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | 15 ᠤ ᠦᠳᠡ ᠶᠢᠨ ᠬᠤᠶᠢᠨ᠎ᠠ ᠪᠡᠭᠡᠵᠢᠩ ᠳᠤ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ | ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠲᠡᠳᠡᠨ ᠳᠤ | ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠲᠡᠳᠡᠨ ᠢ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠨᠡᠩ | ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ | ᠨᠡᠮᠡᠷᠢ ᠦᠵᠡᠭᠦᠯᠬᠦ ᠶᠢ ᠬᠦᠰᠡᠪᠡ᠃ | ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ | ᠂ ᠸᠠᠩ ᠬᠤ᠋᠂ ᠬᠠᠨ ᠵᠧᠩ ᠠᠭᠤᠯᠵᠠᠯᠲᠠ ᠳᠤ ᠣᠷᠣᠯᠴᠠᠵᠠᠢ᠃ ᠦᠳᠡ ᠶᠢᠨ ᠬᠤᠶᠢᠨᠠᠬᠢ 3 ᠴᠠᠭ 30 ᠮᠢᠨᠦ᠋ᠲ ᠲᠤ | ᠂ ᠰᠢ ᠶᠢᠨ ᠫᠢᠩ ᠨᠠᠷ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠠᠩᠬᠢᠮ ᠳᠤ ᠬᠦᠷᠴᠦ | ᠢᠷᠡᠬᠦ ᠳᠤ ᠲᠠᠯᠠᠪᠠᠢ ᠳᠠᠶᠠᠭᠠᠷ ᠢᠶᠠᠨ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ ᠰᠢ ᠶᠢᠨ ᠫᠢᠩ ᠨᠠᠷ | ᠲᠥᠯᠥᠭᠡᠯᠡᠭᠴᠢᠳ ᠲᠠᠢ ᠭᠠᠷ ᠳᠠᠯᠠᠯᠤᠨ ᠮᠡᠨᠳᠦᠴᠢᠯᠡᠵᠦ᠂ ᠣᠯᠠᠨ ᠲᠠᠢ ᠳᠣᠲᠣᠨᠣ ᠪᠠᠷ ᠶᠠᠷᠢᠯᠴᠠᠭᠰᠠᠨ ᠪᠥᠭᠡᠳ | ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ 15 ᠤ ᠦᠳᠡ ᠶᠢᠨ ᠡᠮᠦᠨ᠎ᠡ ᠪᠡᠭᠡᠵᠢᠩ ᠳᠤ | ᠶᠠᠪᠤᠭᠳᠠᠪᠠ᠃ ᠭᠦᠸᠧ ᠱᠧᠩ ᠺᠦᠨ ᠠᠭᠤᠯᠵᠠᠯᠲᠠ ᠳᠤ ᠣᠷᠣᠯᠴᠠᠭᠰᠠᠨ ᠪᠥᠭᠡᠳ ᠬᠥᠬᠢᠭᠦᠯᠦᠨ ᠰᠠᠶᠢᠰᠢᠶᠠᠬᠤ ᠶᠡᠭᠡ | ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠢ | ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ | ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠵᠠᠭᠤᠨ ᠵᠢᠯ ᠤᠨ | ᠲᠡᠮᠡᠴᠡᠯ ᠳᠤᠮᠳᠠ ᠠᠴᠠ ᠣᠶᠣᠨ ᠤᠬᠠᠭᠠᠨ ᠤ ᠡᠷᠴᠢ ᠬᠦᠴᠦᠨ ᠣᠯᠵᠤ᠂ ᠨᠡᠩ ᠥᠨᠳᠥᠷ ᠲᠦᠪᠰᠢᠨ ᠪᠦᠬᠦᠢ | ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠤᠯᠤᠰ ᠲᠥᠷᠥ | ᠨᠡᠩ ᠠᠮᠤᠷ ᠲᠦᠪᠰᠢᠨ᠂ ᠨᠡᠶᠢᠭᠡᠮ ᠨᠡᠩ ᠠᠮᠤᠷ ᠲᠣᠭᠲᠠᠭᠤᠨ᠂ ᠠᠷᠠᠳ ᠲᠦᠮᠡᠨ ᠨᠡᠩ ᠠᠮᠤᠷ ᠲᠠᠶᠢᠪᠤᠩ ᠪᠠᠶᠢᠬᠤ ᠶᠢ | ᠪᠠᠲᠤᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠶᠢ ᠤᠭᠲᠤᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠶᠢᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ | ᠭᠠᠷᠭᠠᠪᠠ᠃ ᠬᠤᠷᠠᠯ ᠳᠡᠭᠡᠷ᠎ᠡ᠂ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ 140 | ᠲᠡᠷᠢᠭᠦᠨ ᠤ ᠬᠠᠮᠲᠤ᠂ 129 ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠵᠤ᠂ ᠠᠮᠤᠭᠤᠯᠠᠩᠲᠤ | ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ 60 ᠵᠢᠱᠢᠶ᠎ᠡ ᠦᠵᠡᠭᠦᠯᠬᠦ ᠬᠤᠲᠠ ᠪᠠ ᠠᠮᠤᠭᠤᠯᠠᠩᠲᠤ | ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ 160 ᠵᠢᠱᠢᠶ᠎ᠡ ᠦᠵᠡᠭᠦᠯᠬᠦ ᠰᠢᠶᠠᠨ ᠳᠤ ᠫᠠᠶᠢᠰᠠ ᠣᠯᠭᠤᠨ | ᠨᠡᠷᠡᠶᠢᠳᠴᠦ᠂ 73 ᠬᠤᠲᠠ ᠰᠢᠶᠠᠨ ᠳᠤ ︽ᠴᠠᠩ ᠠᠨ ᠬᠤᠨᠳᠠᠭ᠎ᠠ︾ ᠣᠯᠭᠤᠪᠠ᠃ ᠬᠥᠬᠢᠭᠦᠯᠦᠭᠳᠡᠨ | ᠰᠠᠶᠢᠰᠢᠶᠠᠭᠳᠠᠭᠰᠠᠨ 4 ᠲᠥᠯᠥᠭᠡᠯᠡᠭᠴᠢ ᠰᠠᠨᠠᠯ ᠢᠶᠠᠨ ᠰᠣᠯᠢᠯᠴᠠᠵᠤ ᠦᠭᠡ ᠬᠡᠯᠡᠪᠡ᠃ ᠳ᠋ᠢᠩ ᠰᠢᠤᠸᠠᠢ ᠰᠢᠶᠠᠩ᠂ ᠶᠠᠩ | ᠰᠢᠶᠣᠣ ᠳ᠋ᠦ᠋᠂ ᠴᠧᠨ ᠰᠢ᠂ ᠬᠤᠸᠠᠩ ᠺᠦᠨ ᠮᠢᠩ᠂ ᠰᠢᠶᠣᠣ ᠵᠢᠶᠧ ᠠᠭᠤᠯᠵᠠᠯᠲᠠ ᠳᠤ ᠣᠷᠣᠯᠴᠠᠵᠤ᠂ ᠵᠣᠣ ᠺᠧ | ᡁᠢ᠂ ᠵᠸᠦ ᠴᠢᠶᠠᠩ᠂ ᠵᠠᠩ ᠵᠢᠶᠦ᠋ᠨ ᠠᠭᠤᠯᠵᠠᠯᠲᠠ ᠳᠤ ᠣᠷᠣᠯᠴᠠᠭᠰᠠᠨ ᠪᠥᠭᠡᠳ ᠶᠡᠭᠡ ᠬᠤᠷᠠᠯ ᠳᠤ ᠣᠷᠣᠯᠴᠠᠵᠠᠢ᠃ | ᠪᠡᠯᠡᠳᠭᠡᠭᠰᠡᠨ ᠨᠢ᠄ ᠼᠦᠢ ᠶᠢᠩ ᠢᠷᠡᠯᠲᠡ᠄ ᠥᠪᠥᠷ ᠮᠣᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ | ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ |