ᠨᠠᠰᠤᠨ ᠳᠤ ᠥᠯᠥ ᠭᠦᠷᠦᠭᠰᠡᠳ ᠶᠠᠭᠠᠬᠢᠵᠦ ᠭᠠᠷ ᠤᠲᠠᠰᠤᠨ ᠤ ᠺᠠᠷᠲ ᠬᠢᠯᠭᠡᠬᠦ ᠪᠣᠶ︖ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠬᠢᠨ ᠬᠠᠷᠢᠭᠤᠯᠳᠠ ᠥᠭᠪᠡ
ᠨᠡᠶᠢᠲᠡᠯᠡᠭᠰᠡᠨ ᠴᠠᠭ᠄
2021/12/21
 ᠠᠷᠠᠳ ᠤᠨ ᠰᠦᠯᠵᠢᠶ᠎ᠡ ᠶᠢᠨ ᠪᠡᠭᠡᠵᠢᠩ ᠤᠨ 6 ᠰᠠᠷ᠎ᠠ ᠶᠢᠨ 29 ᠤ ᠡᠳᠦᠷ ᠤᠨ ᠮᠡᠳᠡᠭᠡ ︵ᠰᠤᠷᠪᠤᠯᠵᠢᠯᠠᠭᠴᠢ ᠪᠢ ᠯᠸᠢ︶ ᠭᠠᠷ ᠤᠲᠠᠰᠤ ᠨᠢ ᠣᠳᠣᠬᠠᠨ ᠳᠤ ᠪᠠᠷᠤᠭ ᠬᠥᠮᠦᠰ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠪᠣᠯᠵᠤ᠂ ᠨᠠᠰᠤᠨ ᠳᠤ ᠥᠯᠥ ᠬᠦᠷᠦᠭᠰᠡᠳ ᠤᠨ ᠭᠠᠷ ᠤᠲᠠᠰᠤ ᠬᠡᠷᠡᠭᠯᠡᠬᠦ ᠪᠠᠶᠢᠳᠠᠯ ᠴᠤ ᠶᠠᠪᠤᠬᠤ ᠲᠤᠲᠤᠮ ᠣᠯᠠᠰᠢᠷᠠᠵᠤ ᠪᠠᠶᠢᠨ᠎ᠠ᠃ ᠵᠠᠷᠢᠮ ᠪᠠᠶᠢᠴᠠᠭᠠᠯᠲᠠ ᠶᠢᠨ ᠮᠠᠲ᠋ᠧᠷᠢᠶᠠᠯ ᠳᠤ ᠢᠯᠡᠷᠡᠭᠦᠯᠦᠭᠰᠡᠨ ᠢᠶᠠᠷ᠂ ᠣᠶᠢᠷ᠎ᠠ ᠶᠢᠨ ᠬᠡᠳᠦᠨ ᠵᠢᠯ ᠳᠤ ᠮᠠᠨ ᠤ ᠤᠯᠤᠰ ᠤᠨ ᠨᠠᠰᠤᠨ ᠳᠤ ᠥᠯᠥ ᠭᠦᠷᠦᠭᠰᠡᠳ ᠤᠨ ᠠᠩᠬ᠎ᠠ ᠤᠳᠠᠭ᠎ᠠ ᠰᠦᠯᠵᠢᠶᠡᠨ ᠲᠠᠢ ᠣᠶᠢᠷᠠᠳᠬᠤ ᠨᠠᠰᠤ ᠨᠢ ᠲᠠᠰᠤᠷᠠᠯᠲᠠ ᠥᠬᠡᠶ ᠪᠠᠭᠤᠷᠠᠵᠤ᠂ 10 ᠨᠠᠰᠤ ᠵᠢᠴᠢ 10 ᠨᠠᠰᠤᠨ ᠠᠴᠠ ᠳᠣᠷᠣᠭᠰᠢᠬᠢ ᠬᠦᠮᠦᠰ ᠤᠨ ᠰᠦᠯᠵᠢᠶ᠎ᠡ ᠲᠠᠢ ᠤᠶᠢᠷᠠᠳᠴᠤ ᠡᠬᠢᠯᠡᠭᠰᠡᠨ ᠬᠥᠮᠦᠨ ᠤ ᠲᠣᠭᠠᠨ ᠤ ᠬᠠᠷᠢᠴᠠᠯ ᠨᠢ 78% ᠳᠤ ᠬᠦᠷᠴᠦ᠂ ᠠᠩᠬ᠎ᠠ ᠤᠳᠠᠭ᠎ᠠ ᠰᠦᠯᠵᠢᠶᠡᠨ ᠳᠤ ᠣᠶᠢᠷᠠᠲᠤᠭᠰᠠᠨ ᠬᠦᠮᠦᠰ ᠤᠨ ᠨᠠᠰᠤ ᠨᠢ 6 — 10 ᠨᠠᠰᠤᠨ ᠳᠤ ᠲᠥᠪᠯᠡᠷᠡᠵᠦ ᠪᠤᠢ᠂ ᠡᠭᠦᠨ ᠳᠤ ᠣᠯᠠᠩᠬᠢ ᠨᠢ ᠭᠠᠷ ᠤᠲᠠᠰᠤ ᠪᠠᠷ ᠳᠡᠮᠵᠢᠨ ᠰᠦᠯᠵᠢᠶ᠎ᠡ ᠲᠠᠢ ᠤᠶᠢᠷᠠᠳᠴᠤ ᠡᠬᠢᠯᠡᠭᠰᠡᠨ ᠶᠤᠮ ᠪᠦᠷᠢᠳᠬᠡᠯ ᠢ ᠦᠨᠳᠦᠰᠦᠯᠡᠪᠡᠯ᠂ 2019 ᠣᠨ ᠤ ᠡᠴᠦᠰ ᠪᠣᠯᠲᠠᠯ᠎ᠠ᠂ ᠮᠠᠨ ᠤ ᠤᠯᠤᠰ ᠤᠨ ᠨᠠᠰᠤᠨ ᠳᠤ ᠥᠯᠥ ᠬᠥᠷᠬᠦ ᠰᠦᠯᠵᠢᠶᠡᠴᠢᠳ ᠤᠨ ᠬᠡᠪᠴᠢᠶ᠎ᠡ 1.75 ᠳ᠋ᠦᠩᠰᠢᠭᠤᠷ ᠲᠤ ᠬᠦᠷᠴᠦ᠂ ᠨᠠᠰᠤᠨ ᠳᠤ ᠥᠯᠥ ᠬᠦᠷᠦᠭᠰᠡᠳ ᠤᠨ ᠢᠨᠲ᠋ᠧᠷ ᠰᠦᠯᠵᠢᠶᠡᠨ ᠳᠤ ᠭᠠᠷᠬᠤ ᠲᠦᠭᠡᠮᠡᠯᠵᠢᠭᠰᠡᠨ ᠨᠣᠷᠮ᠎ᠠ ᠨᠢ 93.1% ᠳᠤ ᠬᠦᠷᠴᠦ᠂ ᠭᠠᠷ ᠤᠲᠠᠰᠤ ᠶᠢ ᠰᠦᠯᠵᠢᠶᠡᠨ ᠳᠤ ᠭᠠᠷᠬᠤ ᠪᠠᠭᠠᠵᠢ ᠪᠣᠯᠭᠠᠬᠰᠠᠨ ᠬᠠᠷᠢᠴᠠᠯ ᠨᠢ 93.9% ᠳᠤ ᠬᠦᠷᠴᠡᠶ᠃ ᠰᠤᠷᠪᠤᠯᠵᠢᠯᠠᠭᠴᠢ ᠰᠤᠷᠪᠤᠯᠵᠢᠯᠠᠨ ᠪᠠᠶᠢᠴᠠᠭᠠᠯᠳᠡ ᠬᠢᠵᠦ ᠶᠠᠪᠤᠬᠤ ᠳᠠᠭᠠᠨ ᠤᠯᠵᠤ ᠮᠡᠳᠡᠭᠰᠡᠨ ᠢᠶᠠᠷ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠤᠶᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢᠳ ᠤᠨ ᠭᠠᠷ ᠤᠲᠠᠰᠤ ᠠᠪᠴᠤ ᠶᠠᠪᠤᠬᠤ ᠪᠤᠶᠤ ᠭᠠᠷ ᠴᠠᠭ ᠵᠡᠬᠦᠵᠦ ᠶᠠᠪᠤᠬᠤ ᠨᠢ ᠨᠢᠭᠡᠨᠲᠡ ᠨᠢᠭᠡ ᠵᠦᠢᠯ ᠤᠨ ᠦᠵᠡᠭᠳᠡᠯ ᠪᠣᠯᠵᠠᠶ᠃ ᠲᠡᠭᠡᠪᠡᠯ᠂ ᠮᠠᠨ ᠤ ᠤᠯᠤᠰ ᠤᠨ ᠨᠠᠰᠤᠨ ᠳᠤ ᠥᠯᠥ ᠭᠦᠷᠦᠭᠰᠡᠳ ᠦᠪᠡᠷ ᠤᠨ ᠪᠡᠶ᠎ᠡ ᠪᠠᠷ ᠢᠶᠠᠨ ᠭᠠᠷ ᠤᠲᠠᠰᠤᠨ ᠤ ᠲᠤᠬᠠᠶᠢᠯᠠᠭᠰᠠᠨ ᠠᠵᠢᠯ ᠤᠨ ᠭᠠᠷᠳᠠᠮ ᠬᠢᠯᠭᠡᠵᠦ ᠪᠣᠯᠤᠨ᠎ᠠ ᠦᠦ ᠦᠭᠡᠢ ᠤᠤ︖ ᠡᠭᠦᠨ ᠤ ᠲᠤᠬᠠᠶ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠬᠠᠷᠢᠭᠤᠯᠲᠠ ᠥᠭᠴᠡᠶ᠄ ︽ᠢᠷᠭᠡᠨ ᠤ ᠬᠠᠤᠯᠢ ᠶᠢᠨ ᠪᠢᠴᠢᠭ︾ ᠪᠠ ︽ᠤᠳᠠᠰᠤ ᠬᠡᠷᠡᠭᠯᠡᠭᠴᠢ ᠶᠢᠨ ᠦᠨᠡᠨ ᠪᠡᠶ᠎ᠡ ᠤᠨ ᠭᠠᠷᠤᠯ ᠤᠨ ᠮᠡᠳᠡᠭᠡ ᠵᠠᠩᠭᠢ ᠶᠢ ᠳᠠᠩᠰᠠᠯᠠᠬᠤ ᠲᠣᠭᠲᠠᠭᠠᠯ︾ ︵ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠵᠠᠷᠯᠢᠭ 25 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠪᠦᠬᠦᠯᠢ 16 ᠨᠠᠰᠤ ᠬᠦᠷᠦᠭᠡᠳᠦᠢ ᠵᠢᠴᠢ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠥᠬᠡᠶ ᠪᠤᠰᠤᠳ ᠬᠡᠷᠡᠭᠯᠡᠭᠴᠢ ᠳᠤ ᠴᠢᠭᠯᠡᠭᠦᠯᠦᠨ᠂ ᠲᠡᠭᠦᠨ ᠤ ᠬᠠᠤᠯᠢ ᠪᠠᠷ ᠲᠣᠭᠲᠠᠭᠠᠭᠰᠠᠨ ᠣᠷᠣᠯᠠᠭᠴᠢ ᠨᠢ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠡᠵᠡᠩᠨᠡᠭᠴᠢ ᠶᠢᠨ ᠡᠵᠡᠩᠨᠡᠯᠲᠡ ᠶᠢᠨ ᠲᠢᠩᠬᠢᠮ ᠳᠤ ᠬᠦᠷᠴᠦ ᠣᠷᠣᠯᠠᠨ ᠭᠠᠷᠳᠠᠮ ᠬᠢᠯᠭᠡᠬᠦ ᠬᠡᠷᠡᠭᠳᠡᠢ᠂ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠡᠵᠡᠩᠨᠡᠭᠴᠢ ᠨᠢ ᠬᠡᠷᠡᠭᠯᠡᠭᠴᠢ ᠪᠠ ᠬᠠᠤᠯᠢ ᠪᠠᠷ ᠲᠣᠭᠲᠠᠭᠠᠭᠰᠠᠨ ᠣᠷᠣᠯᠠᠭᠴᠢ ᠶᠢᠨ ᠭᠡᠷᠡᠴᠢ ᠦᠨᠡᠮᠯᠡᠯ ᠤᠨ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠳᠠᠩᠰᠠᠯᠠᠬᠤ ᠶᠢᠨ ᠬᠠᠮᠲᠤ ᠲᠤᠬᠠᠶ ᠶᠢᠨ ᠲᠠᠯᠠᠪᠤᠷ ᠲᠤ ᠬᠠᠤᠯᠢ ᠪᠠᠷ ᠲᠣᠭᠲᠠᠭᠠᠭᠰᠠᠨ ᠣᠷᠣᠯᠠᠭᠴᠢ ᠶᠢᠨ ᠬᠡᠷᠡᠯ ᠵᠢᠷᠤᠭ ᠢ ᠦᠯᠡᠳᠡᠭᠡᠨ ᠬᠠᠳᠠᠭᠠᠯᠠᠬᠤ ᠬᠡᠷᠡᠭᠲᠡᠶ ᠬᠡᠪᠡ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠭᠠᠷ ᠤᠲᠠᠰᠤᠨ ᠤ ᠺᠠᠷᠲ ᠬᠢᠯᠭᠡᠬᠦ ᠳᠤ ᠨᠠᠰᠤᠨ ᠤ ᠬᠢᠵᠠᠭᠠᠷ ᠭᠡᠵᠦ ᠪᠠᠶᠢᠬᠤ ᠥᠬᠡᠶ᠃ ᠠᠵᠢᠯᠯᠠᠭ᠎ᠠ ᠶᠢᠨ ᠴᠢᠳᠠᠪᠤᠷᠢ ᠥᠬᠡᠶ ᠨᠠᠰᠤᠨ ᠳᠤ ᠥᠯᠥ ᠭᠦᠷᠦᠭᠰᠡᠳ ᠰᠦᠯᠵᠢᠶᠡᠨ ᠳᠤ ᠭᠠᠷᠬᠤ ᠰᠢᠨ᠎ᠡ ᠭᠠᠷ ᠤᠲᠠᠰᠤᠨ ᠤ ᠺᠠᠷᠲ ᠬᠢᠯᠭᠡᠬᠦ ᠳᠤ ᠵᠣᠬᠢᠬᠤ ᠬᠢᠵᠠᠭᠠᠷᠯᠠᠯ ᠲᠠᠢ ᠪᠠᠶᠢᠬᠤ ᠠᠴᠠ ᠭᠠᠳᠠᠨ᠎ᠠ᠂ ᠪᠤᠰᠤᠳ ᠬᠥᠮᠦᠰ ᠤᠨ ᠺᠠᠷᠲ ᠬᠢᠯᠬᠡᠬᠦ ᠳᠤ ᠬᠢᠵᠠᠭᠠᠷᠯᠠᠯ ᠬᠡᠵᠦ ᠪᠠᠶᠢᠬᠤ ᠥᠬᠡᠶ᠂ 70 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠴᠤ ᠬᠡᠰᠡᠨ ᠰᠦᠯᠵᠢᠶᠡᠨ ᠳᠤ ᠭᠠᠷᠬᠤ ᠰᠢᠨ᠎ᠡ ᠭᠠᠷ ᠤᠲᠠᠰᠤᠨ ᠤ ᠺᠠᠷᠲ ᠬᠢᠯᠭᠡᠵᠦ ᠪᠣᠯᠤᠨ᠎ᠠ᠃ ᠲᠤᠰᠬᠠᠶ ᠮᠡᠷᠭᠡᠵᠢᠯᠲᠡᠨ ᠬᠡᠯᠡᠬᠦ ᠳᠡᠭᠡᠨ᠄ ᠣᠲᠣ ᠣᠯᠠᠩᠬᠢ ᠰᠣᠷᠣᠭᠴᠢ ᠴᠥᠮ ᠬᠢᠨᠠᠨ ᠬᠠᠮᠠᠭᠠᠯᠠᠭᠴᠢ ᠪᠠᠷ ᠢᠶᠠᠨ ᠭᠠᠷ ᠤᠲᠠᠰᠤᠨ ᠤ ᠺᠠᠷᠲ ᠬᠢᠯᠭᠡᠵᠦ ᠪᠠᠶᠢᠨ᠎ᠠ᠂ ᠭᠡᠪᠡᠴᠦ ᠪᠤᠰᠤᠳ ᠬᠥᠮᠦᠨ ᠤ ᠭᠠᠷ ᠤᠲᠠᠰᠤᠨ ᠤ ᠺᠠᠷᠲ ᠢᠶᠠᠨ ᠪᠦᠬᠦᠯᠢ 16 ᠨᠠᠰᠤ ᠬᠦᠷᠦᠭᠡᠳᠦᠢ ᠬᠡᠦᠬᠡᠳ ᠲᠤ ᠥᠭᠴᠦ ᠬᠡᠷᠡᠭᠯᠡᠭᠦᠯᠬᠦ ᠶᠢ ᠰᠡᠷᠡᠮᠵᠢᠯᠡᠬᠦ ᠬᠡᠷᠡᠭᠲᠡᠶ ᠭᠡᠵᠡᠶ᠃ ᠥᠪᠡᠷ ᠤᠨ ᠭᠠᠷ ᠤᠲᠠᠰᠤᠨ ᠤ ᠺᠠᠷᠲ ᠢᠶᠠᠨ ᠰᠠᠶᠢᠲᠤᠷ ᠬᠠᠮᠢᠶᠠᠷᠴᠤ᠂ ᠪᠤᠰᠤᠳ ᠲᠤ ᠪᠤᠶᠤ ᠥᠪᠡᠷ ᠤᠨ ᠪᠡᠶ᠎ᠡ ᠳᠡᠭᠡᠨ ᠮᠠᠭᠤ ᠨᠥᠯᠥᠭᠡ ᠪᠣᠯᠬᠤ ᠠᠴᠠ ᠰᠡᠷᠭᠡᠶᠢᠯᠡᠬᠦ ᠬᠡᠷᠡᠭᠲᠡᠶ ᠭᠡᠵᠦ ᠬᠡᠷᠡᠭᠯᠡᠭᠴᠢᠳ ᠲᠤ ᠲᠠᠬᠢᠨ ᠰᠠᠨᠠᠭᠤᠯᠤᠬᠰᠠᠨ ᠪᠠᠶᠢᠨ᠎ᠠ᠃           ᠢᠷᠡᠯᠲᠡ᠄ ᠠᠷᠠᠳ ᠤᠨ ᠰᠥᠯᠵᠢᠶ᠎ᠡ
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2