ᠥᠪᠥᠷ ᠮᠣᠩᠭᠤᠯ ᠶᠠᠳᠠᠭᠤ ᠬᠦᠴᠢᠷᠳᠡᠯᠲᠡᠶ ᠤᠳᠠᠭᠠᠨ ᠴᠢᠨᠠᠷᠲᠠᠶ ᠡᠪᠡᠳᠴᠢᠲᠡᠨ ᠳᠤ ᠬᠡᠷ ᠪᠦᠯᠢ ᠶᠢᠨ ᠡᠮᠴᠢ ᠶᠢᠨ ᠲᠥᠷᠥᠯ ᠬᠤᠪᠢᠶᠠᠨ ᠭᠡᠷ᠎ᠡ ᠲᠣᠭᠲᠠᠵᠤ ᠦᠢᠯᠡᠴᠢᠯᠡᠬᠦ ᠶᠢ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2021/12/28
  ᠥᠪᠥᠷ ᠮᠣᠩᠭᠤᠯ ᠶᠠᠳᠠᠭᠤ ᠬᠦᠴᠢᠷᠳᠡᠯᠲᠡᠶ ᠤᠳᠠᠭᠠᠨ ᠴᠢᠨᠠᠷᠲᠠᠶ ᠡᠪᠡᠳᠴᠢᠲᠡᠨ ᠳᠤ ᠬᠡᠷ ᠪᠦᠯᠢ ᠶᠢᠨ ᠡᠮᠴᠢ ᠶᠢᠨ ᠲᠥᠷᠥᠯ ᠬᠤᠪᠢᠶᠠᠨ ᠭᠡᠷ᠎ᠡ ᠲᠣᠭᠲᠠᠵᠤ ᠦᠢᠯᠡᠴᠢᠯᠡᠬᠦ ᠶᠢ ᠬᠡᠷᠡᠭᠵᠢᠭᠦᠯᠦᠨ᠎ᠡ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠬᠤᠷᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠩᠰᠡᠯᠡᠨ ᠺᠠᠷᠳ᠋ᠯᠠᠭᠰᠠᠨ ᠶᠠᠳᠠᠭᠤ ᠬᠦᠴᠢᠷᠳᠡᠯᠲᠡᠶ ᠤᠳᠠᠭᠠᠨ ᠴᠢᠨᠠᠷᠲᠠᠶ ᠡᠪᠡᠳᠴᠢᠲᠡᠨ ᠤ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠠᠵᠢᠯ ᠤᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠢ ᠲᠠᠷᠬᠠᠭᠠᠪᠠ᠃         ︽ᠮᠡᠳᠡᠭᠳᠡᠯ︾ ᠳᠤ᠂ 2018 ᠣᠨ ᠠᠴᠠ 2020 ᠣᠨ ᠪᠣᠯᠲᠠᠯ᠎ᠠ᠂ ᠳᠡᠩᠰᠡᠯᠡᠨ ᠺᠠᠷᠳ᠋ᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠳᠤ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠳᠤ ᠭᠠᠷ ᠤᠨ ᠥᠰᠥᠭ ᠵᠢᠷᠤᠪᠠᠯ ᠵᠣᠬᠢᠬᠤ ᠶᠢ ᠨᠢ ᠴᠥᠮ ᠭᠠᠷ ᠤᠨ ᠥᠰᠥᠭ ᠵᠢᠷᠤᠬᠤ ᠶᠢ ᠪᠡᠶᠡᠯᠡᠭᠦᠯᠵᠦ᠂ ᠨᠢᠭᠡᠨᠲᠡ ᠭᠡᠷ᠎ᠡ ᠲᠣᠭᠲᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠳᠣᠲᠣᠷᠠᠬᠢ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ᠂ ᠰᠦᠷᠢᠶ᠎ᠡ ᠡᠪᠡᠳᠴᠢᠨ᠂ ᠬᠦᠨᠳᠦ ᠨᠣᠴᠢᠲᠠᠶ ᠣᠶᠤᠨ ᠮᠡᠳᠡᠷᠡᠯ ᠤᠨ ᠰᠠᠭᠠᠳ ᠲᠠᠢ ᠵᠡᠷᠭᠡ ᠤᠳᠠᠭᠠᠨ ᠴᠢᠨᠠᠷᠲᠠᠶ ᠡᠪᠡᠳᠴᠢᠲᠡᠨ ᠢ ᠵᠢᠷᠤᠮᠵᠢᠭᠤᠯᠤᠨ ᠬᠠᠮᠢᠶᠠᠷᠬᠤ ᠪᠠ ᠡᠷᠡᠭᠦᠯ ᠮᠡᠨᠳᠦ ᠶᠢᠨ ᠦᠢᠯᠡᠴᠢᠯᠡᠭᠡ ᠶᠢ ᠭᠤᠤᠯᠳᠠᠯᠭ᠎ᠠ ᠲᠠᠢ ᠴᠢᠩᠭᠠᠳᠬᠠᠨ᠎ᠠ ᠭᠡᠵᠦ ᠲᠣᠳᠣᠷᠬᠠᠶ ᠲᠣᠭᠲᠠᠭᠠᠵᠠᠶ᠃ ︽ᠮᠡᠳᠡᠭᠳᠡᠯ︾ ᠳᠤ ᠠᠵᠢᠯ ᠤᠨ ᠭᠤᠤᠯᠳᠠᠯᠭ᠎ᠠ ᠶᠢ ᠴᠢᠬᠤᠯᠠᠴᠢᠯᠠᠪᠠ᠄ ᠨᠢᠭᠡ ᠳᠤ ᠬᠡᠷ ᠪᠦᠯᠢ ᠶᠢᠨ ᠡᠮᠴᠢ ᠶᠢᠨ ᠪᠦᠯᠬᠦᠮ ᠨᠢ ᠬᠡᠯᠡᠯᠴᠡᠭᠡᠷ ᠤᠨ ᠪᠣᠯᠵᠤᠭ᠎ᠠ ᠶᠢ ᠦᠨᠳᠦᠰᠦᠯᠡᠨ᠂ ᠨᠢᠭᠡ ᠬᠥᠮᠦᠨ ᠭᠡᠷ᠎ᠡ ᠲᠣᠭᠲᠠᠵᠤ᠂ ᠨᠢᠭᠡ ᠬᠥᠮᠦᠨ ᠭᠡᠷ᠎ᠡ ᠶᠢ ᠭᠦᠢᠴᠡᠳᠭᠡᠵᠦ᠂ ᠨᠢᠭᠡ ᠬᠥᠮᠦᠨ ᠢ ᠪᠣᠳᠠᠲᠠᠶᠢᠵᠢᠭᠤᠯᠵᠤ᠂ ᠭᠡᠷ᠎ᠡ ᠲᠣᠭᠲᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠵᠢᠷᠤᠮᠵᠢᠯ ᠳᠤ ᠦᠨᠳᠦᠰᠦᠨ ᠡᠮᠴᠢᠯᠡᠭᠡ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠶᠢᠨ ᠦᠢᠯᠡᠴᠢᠯᠡᠭᠡ ᠬᠠᠩᠭᠠᠬᠤ ᠬᠡᠷᠡᠭᠲᠡᠶ᠃ ︽ᠦᠨᠳᠦᠰᠦᠨ ᠵᠦᠢᠯ ᠢ ᠪᠠᠲᠤᠯᠠᠵᠤ᠂ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠲᠤᠯᠠᠬᠤ︾ ᠵᠠᠷᠴᠢᠮ ᠶᠣᠰᠣᠭᠠᠷ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠳᠠᠭᠠᠨ ᠴᠢᠨᠠᠷᠲᠠᠶ ᠡᠪᠡᠳᠴᠢᠨ ᠢ ᠰᠢᠭᠰᠢᠨ ᠪᠠᠶᠢᠴᠠᠭᠠᠬᠤ ᠠᠵᠢᠯ ᠢ ᠢᠳᠡᠪᠬᠢᠲᠡᠶ ᠰᠠᠶᠢᠲᠤᠷ ᠬᠢᠬᠦ᠋ᠢᠨ ᠬᠠᠮᠲᠤ᠂ ᠠᠶᠤᠯ ᠶᠡᠬᠡᠲᠡᠶ ᠬᠥᠮᠦᠰ ᠪᠠ ᠤᠳᠠᠭᠠᠨ ᠴᠢᠨᠠᠷᠲᠠᠶ ᠡᠪᠡᠳᠴᠢᠲᠡᠨ ᠳᠤ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠨ᠎ᠡ᠃ ᠬᠤᠶᠠᠷ ᠲᠤ ᠳᠡᠩᠰᠡᠯᠡᠨ ᠺᠠᠷᠳ᠋ᠯᠠᠭᠰᠠᠨ ᠤᠳᠠᠭᠠᠨ ᠴᠢᠨᠠᠷᠲᠠᠶ ᠡᠪᠡᠳᠴᠢᠲᠡᠨ ᠳᠤ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ ᠲᠥᠷᠥᠯ ᠬᠤᠪᠢᠶᠠᠨ ᠬᠡᠷᠡᠭᠵᠢᠭᠦᠯᠦᠨ᠎ᠡ᠃ ᠭᠡᠷ᠎ᠡ ᠲᠣᠭᠲᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠳᠤ ᠴᠢᠰᠤᠨ ᠳᠠᠷᠤᠯᠲᠠ ᠥᠨᠳᠥᠷ ᠡᠪᠡᠳᠴᠢᠨ ᠢ ᠰᠢᠭᠰᠢᠨ ᠪᠠᠶᠢᠴᠠᠭᠠᠬᠤ ᠠᠵᠢᠯ ᠢ ᠥᠷᠨᠢᠭᠦᠯᠵᠦ᠂ ᠪᠠᠶᠢᠳᠠᠯ ᠢ ᠨᠢ ᠦᠵᠡᠵᠦ ᠪᠠᠶᠢᠭᠠᠳ ᠴᠠᠭ ᠲᠤᠬᠠᠶ ᠳᠤᠨᠢ ᠰᠢᠯᠵᠢᠭᠦᠯᠦᠨ ᠡᠮᠨᠡᠭᠦᠯᠬᠦ ᠪᠤᠶᠤ ᠳᠠᠭᠠᠵᠤ ᠰᠤᠷᠪᠤᠯᠵᠢᠯᠠᠨ ᠦᠨᠡᠯᠡᠨ ᠵᠢᠱᠢᠬᠦ ᠬᠡᠷᠡᠭᠲᠡᠶ᠃ ᠣᠨᠣᠰᠢᠯᠠᠭᠰᠠᠨ ᠥᠪᠡᠷ ᠤᠨ ᠦᠨᠳᠦᠰᠦᠲᠦ ᠴᠢᠨᠠᠷᠲᠠᠶ ᠴᠢᠰᠤᠨ ᠳᠠᠷᠤᠯᠲᠠ ᠥᠨᠳᠥᠷ ᠡᠪᠡᠳᠴᠢᠲᠡᠨ ᠳᠤ ᠲᠥᠷᠥᠯ ᠬᠤᠪᠢᠶᠠᠨ ᠭᠠᠷ ᠲᠦᠷᠦᠭᠦ᠂ ᠡᠷᠡᠭᠦᠯ ᠮᠡᠨᠳᠦ ᠶᠢᠨ ᠪᠠᠶᠢᠴᠠᠭᠠᠯᠲᠠ ᠪᠠ ᠡᠮᠨᠡᠨ ᠵᠠᠰᠠᠯᠲᠠ ᠶᠢ ᠥᠷᠨᠢᠭᠦᠯᠦᠨ᠎ᠡ᠃ ᠡᠪᠡᠳᠴᠢᠨ ᠡᠭᠦᠰᠬᠦ ᠨᠢ ᠲᠦᠷᠭᠡᠨ᠂ ᠡᠪᠡᠳᠴᠢᠨ ᠤ ᠢᠯᠡᠷᠡᠯ ᠨᠢ ᠬᠦᠨᠳᠦ᠂ ᠬᠤᠶᠠᠳᠠᠭᠴᠢ ᠴᠢᠨᠠᠷᠲᠠᠢ ᠴᠢᠰᠤᠨ ᠳᠠᠷᠤᠯᠲᠠ ᠥᠨᠳᠥᠷ ᠡᠪᠡᠳᠴᠢᠨ ᠢᠶᠠᠷ ᠰᠡᠵᠢᠭᠯᠡᠭᠳᠡᠭᠰᠡᠨ ᠡᠪᠡᠳᠴᠢᠲᠡᠨ ᠵᠢᠴᠢ ᠣᠯᠠᠨ ᠵᠦᠢᠯ ᠤᠨ ᠡᠮ ᠢᠶᠠᠷ ᠬᠢᠵᠠᠭᠠᠷᠯᠠᠵᠤ ᠳᠡᠶᠢᠯᠬᠦ ᠦᠭᠡᠢ ᠴᠢᠰᠤᠨ ᠳᠠᠷᠤᠯᠲᠠ ᠥᠨᠳᠥᠷ ᠡᠪᠡᠳᠴᠢᠲᠡᠨ ᠢ ᠴᠠᠭ ᠲᠤᠬᠠᠢ ᠳᠤᠨᠢ ᠰᠢᠯᠵᠢᠭᠦᠯᠦᠨ ᠣᠨᠣᠰᠢᠯᠠᠬᠤ ᠶᠢᠨ ᠬᠠᠮᠲᠤ ᠰᠢᠯᠵᠢᠭᠦᠯᠦᠨ ᠣᠨᠣᠰᠢᠯᠠᠭᠰᠠᠨ ᠤ ᠳᠠᠷᠠᠭ᠎ᠠ 2 ᠭᠠᠷᠠᠭ ᠤᠨ ᠳᠣᠲᠣᠷ᠎ᠠ ᠰᠠᠨᠠᠭᠠᠴᠢᠯᠠᠭ᠎ᠠ ᠠᠴᠠ ᠪᠠᠨ ᠮᠥᠷᠳᠡᠨ ᠪᠠᠶᠢᠴᠠᠭᠠᠨ᠎ᠠ᠃ ᠭᠡᠷ᠎ᠡ ᠲᠣᠭᠲᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ 2 ᠬᠡᠯᠪᠡᠷᠢ ᠶᠢᠨ ᠰᠢᠬᠢᠷ ᠰᠢᠵᠢᠩ ᠡᠪᠡᠳᠴᠢᠨ ᠤ ᠠᠶᠤᠯ ᠶᠡᠬᠡᠲᠡᠶ ᠬᠥᠮᠦᠰ ᠲᠤ ᠴᠢᠭᠯᠡᠭᠦᠯᠬᠦ ᠴᠢᠨᠠᠷᠲᠠᠶ ᠡᠷᠡᠭᠦᠯ ᠮᠡᠨᠳᠦ ᠶᠢᠨ ᠬᠥᠮᠦᠵᠢᠯ ᠪᠠ ᠡᠷᠡᠭᠦᠯ ᠮᠡᠨᠳᠦ ᠶᠢᠨ ᠵᠢᠯᠣᠭᠤᠳᠣᠯᠭ᠎ᠠ ᠥᠷᠨᠢᠭᠦᠯᠵᠦ᠂ ᠵᠢᠯ ᠪᠦᠷᠢ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠥᠯᠥᠨ ᠦᠶ᠎ᠡ ᠶᠢᠨ ᠴᠢᠰᠤᠨ ᠰᠢᠬᠢᠷ ᠢ ᠬᠡᠮᠵᠢᠨ᠎ᠡ᠃ ᠣᠨᠣᠰᠢᠯᠠᠭᠰᠠᠨ 2 ᠬᠡᠯᠪᠡᠷᠢ ᠶᠢᠨ ᠰᠢᠬᠢᠷ ᠰᠢᠵᠢᠩ ᠡᠪᠡᠳᠴᠢᠲᠡᠨ ᠳᠤ ᠵᠢᠯ ᠪᠦᠷᠢ 4 ᠤᠳᠠᠭ᠎ᠠ ᠲᠥᠯᠥᠪᠦᠷᠢ ᠦᠭᠡᠢ ᠪᠠᠷ ᠥᠯᠥᠨ ᠦᠶ᠎ᠡ ᠶᠢᠨ ᠴᠢᠰᠤᠨ ᠰᠢᠬᠢᠷ ᠤᠨ ᠪᠠᠶᠢᠴᠠᠭᠠᠯᠲᠠ ᠬᠢᠬᠦ ᠪᠠ ᠨᠢᠭᠤᠷᠲᠠᠨ ᠪᠠᠶᠢᠴᠠᠭᠠᠬᠤ ᠶᠢ ᠬᠠᠩᠭᠠᠨ᠎ᠠ᠃ ᠵᠠᠯᠭᠠᠭ᠎ᠠ ᠪᠠᠷ 2 ᠤᠳᠠᠭ᠎ᠠ ᠥᠯᠥᠨ ᠦᠶ᠎ᠡ ᠶᠢᠨ ᠴᠢᠰᠤᠨ ᠰᠢᠬᠢᠷ ᠢ ᠬᠢᠵᠠᠭᠠᠷᠯᠠᠬᠤ ᠳᠤ ᠬᠠᠨᠤᠮᠵᠢ ᠦᠭᠡᠢ ᠪᠤᠶᠤ ᠡᠮᠲᠦ ᠪᠣᠳᠠᠰ ᠤᠨ ᠭᠠᠵᠢᠭᠤ ᠤᠷᠪᠠᠯ ᠢ ᠬᠢᠵᠠᠭᠠᠷᠯᠠᠬᠤ ᠳᠤ ᠬᠦᠴᠢᠷᠲᠡᠶ᠂ ᠵᠢᠴᠢ ᠰᠢᠨ᠎ᠡ ᠪᠠᠷ ᠲᠡᠪᠠᠭ᠋ᠣᠴᠠᠭᠰᠡᠨ ᠡᠪᠡᠳᠴᠢᠨ ᠪᠤᠶᠤ ᠤᠤᠯ ᠤᠨ ᠲᠡᠪᠠᠭ᠋ᠣᠴᠠᠭᠰᠡᠨ ᠡᠪᠡᠳᠴᠢᠨ ᠨᠢ ᠬᠦᠨᠳᠦᠷᠡᠭᠰᠡᠨ ᠡᠪᠡᠳᠴᠢᠲᠡᠨ ᠢ ᠬᠠᠪᠰᠤᠷᠤᠨ ᠳᠡᠭᠡᠳᠦ ᠱᠠᠲᠤᠨ ᠤ ᠡᠮᠨᠡᠯᠭᠡ ᠶᠢᠨ ᠬᠤᠷᠢᠶᠠᠨ ᠳᠤ ᠰᠢᠯᠵᠢᠭᠦᠯᠦᠨ ᠡᠮᠨᠡᠭᠦᠯᠬᠦ ᠶᠢᠨ ᠬᠠᠮᠲᠤ 2 ᠭᠠᠷᠠᠭ ᠤᠨ ᠳᠣᠲᠣᠷ᠎ᠠ ᠰᠢᠯᠵᠢᠭᠦᠯᠦᠨ ᠡᠮᠨᠡᠭᠦᠯᠦᠭᠰᠡᠨ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠮᠥᠷᠳᠡᠨ ᠪᠠᠶᠢᠴᠠᠭᠠᠨ᠎ᠠ᠃         ᠭᠡᠷ᠎ᠡ ᠲᠣᠭᠲᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠰᠦᠷᠢᠶ᠎ᠡ ᠡᠪᠡᠳᠴᠢᠨ ᠢᠶᠠᠷ ᠰᠡᠵᠢᠭᠯᠡᠭᠳᠡᠭᠰᠡᠨ ᠡᠪᠡᠳᠴᠢᠲᠡᠨ ᠳᠤ ᠢᠯᠭᠠᠨ ᠳᠣᠲᠣᠯᠠᠵᠤ ᠰᠢᠨ᠎ᠡ ᠪᠠᠷ ᠣᠨᠣᠰᠢᠯᠠᠵᠤ᠂ ︽ᠬᠤᠤᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ ᠬᠠᠭᠤᠳᠠᠰᠤ︾ ᠶᠢ ᠲᠠᠭᠯᠠᠨ ᠪᠢᠴᠢᠬᠦ ᠶᠢᠨ ᠬᠠᠮᠲᠤ᠂ ᠲᠡᠳᠡᠨ ᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠲᠠᠨᠢᠯᠴᠠᠭᠤᠯᠤᠨ ᠰᠦᠷᠢᠶ᠎ᠡ ᠡᠪᠡᠳᠴᠢᠨ ᠤ ᠪᠠᠶᠢᠴᠠᠭᠠᠯᠲᠠ ᠬᠢᠯᠭᠡᠵᠦ᠂ ᠲᠡᠳᠡᠨ ᠢ ᠰᠢᠮᠳᠠᠭᠤᠯᠵᠤ ᠪᠠᠶᠢᠭᠠᠳ ᠴᠠᠭ ᠲᠤᠬᠠᠶ ᠳᠤᠨᠢ ᠡᠮᠨᠡᠭᠦᠯᠦᠨ᠎ᠡ᠃ ᠣᠨᠣᠰᠢᠯᠠᠭᠰᠠᠨ ᠰᠦᠷᠢᠶ᠎ᠡ ᠡᠪᠡᠳᠴᠢᠨ ᠳᠤ ᠨᠡᠷᠪᠡᠭᠳᠡᠭᠰᠡᠳ ᠢ ᠲᠠᠨᠢᠯᠴᠠᠭᠤᠯᠤᠨ ᠰᠢᠯᠵᠢᠭᠦᠯᠦᠨ ᠣᠨᠣᠰᠢᠯᠠᠭᠤᠯᠬᠤ᠂ ᠡᠷᠦᠬᠡ ᠳᠤ ᠬᠦᠷᠴᠦ ᠳᠠᠭᠠᠵᠤ ᠰᠤᠷᠪᠤᠯᠵᠢᠯᠠᠬᠤ᠂ ᠡᠮ ᠤᠤᠭᠤᠬᠤ ᠪᠠ ᠬᠡᠷᠡᠭ ᠢ ᠳᠠᠭᠤᠰᠬᠠᠭᠰᠠᠨ ᠢ ᠦᠨᠡᠯᠡᠨ ᠵᠢᠱᠢᠬᠦ ᠶᠢ ᠬᠢᠨᠠᠨ ᠵᠢᠯᠣᠭᠤᠳᠤᠨ᠎ᠠ᠃ ᠬᠠᠮᠢᠶᠠᠷᠤᠯᠲᠠ ᠳᠤ ᠣᠷᠣᠭᠤᠯᠤᠭᠰᠠᠨ ᠬᠦᠨᠳᠦ ᠨᠣᠴᠢᠲᠠᠶ ᠣᠶᠣᠨ ᠮᠡᠳᠡᠷᠡᠯ ᠤᠨ ᠰᠠᠭᠠᠳ ᠲᠠᠢ ᠡᠪᠡᠳᠴᠢᠲᠡᠨ ᠢ ᠵᠢᠯ ᠪᠦᠷᠢ ᠠᠳᠠᠭ ᠲᠠᠭᠠᠨ 4 ᠤᠳᠠᠭ᠎ᠠ ᠲᠠᠭᠠᠨ ᠰᠤᠷᠪᠤᠯᠵᠢᠯᠠᠵᠤ᠂ ᠤᠳᠠᠭ᠎ᠠ ᠪᠦᠷᠢ ᠶᠢᠨ ᠲᠠᠭᠠᠨ ᠰᠤᠷᠪᠤᠯᠵᠢᠯᠠᠭᠴᠢ ᠳᠤ ᠠᠶᠤᠯᠲᠤ ᠴᠢᠨᠠᠷ ᠤᠨ ᠦᠨᠡᠯᠡᠨ ᠵᠢᠱᠢᠯᠲᠡ ᠬᠢᠬᠦ ᠶᠢᠨ ᠬᠠᠮᠲᠤ ᠲᠥᠷᠥᠯ ᠬᠤᠪᠢᠶᠠᠨ ᠬᠠᠮᠢᠶᠠᠷᠬᠤ ᠠᠵᠢᠯ ᠢ ᠥᠷᠨᠢᠭᠦᠯᠦᠨ᠎ᠡ᠃ ᠡᠪᠡᠳᠴᠢᠨ ᠤ ᠪᠠᠶᠢᠳᠠᠯ ᠨᠢ ᠲᠣᠭᠲᠠᠪᠤᠷᠢ ᠦᠭᠡᠢ ᠡᠪᠡᠳᠴᠢᠲᠡᠨ ᠢ ᠳᠡᠭᠡᠳᠦ ᠱᠠᠲᠤᠨ ᠤ ᠡᠮᠨᠡᠯᠭᠡ ᠶᠢᠨ ᠬᠤᠷᠢᠶᠠᠨ ᠳᠤ ᠬᠠᠪᠰᠤᠷᠤᠨ ᠰᠢᠯᠵᠢᠭᠦᠯᠦᠨ ᠡᠮᠨᠡᠭᠦᠯᠵᠦ᠂ ᠴᠢᠬᠤᠯᠠ ᠲᠠᠢ ᠦᠶ᠎ᠡ ᠳᠤ ᠲᠤᠬᠠᠶ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2