ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠤᠨ ᠲᠠᠪᠤᠨ ᠵᠢᠯ ᠣᠶᠢᠷ᠎ᠠ ᠳᠤ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ︵2018 — | 2022 ᠣᠨ︶︾ ᠶᠢ ᠳᠠᠷᠤᠮᠠᠯᠯᠠᠨ ᠲᠠᠷᠬᠠᠭᠠᠬᠤ ᠶᠢᠨ ᠬᠠᠮᠲᠤ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ︵2018 — 2022 ᠣᠨ︶︾ ᠨᠢ ᠨᠡᠶᠢᠳᠡ 11 ᠠᠩᠬᠢ | 37 ᠪᠦᠯᠦᠭ ᠲᠠᠢ᠃ ᠲᠤᠰ ᠲᠥᠯᠥᠪᠵᠢᠭᠦᠯᠭᠡ ᠨᠢ ᠰᠢ ᠶᠢᠨ ᠫᠢᠩ ᠶᠡᠷᠦᠩᠬᠡᠶ ᠱᠦᠵᠢ ᠶᠢᠨ ᠲᠠᠷᠢᠶᠠᠯᠠᠩ ᠬᠥᠳᠡᠭᠡ | ᠲᠣᠰᠬᠤᠨ ᠲᠠᠷᠢᠶᠠᠴᠢᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠᠷ ᠵᠢᠯᠣᠭᠤᠳᠣᠯᠭ᠎ᠠ ᠪᠣᠯᠭᠠᠵᠤ᠂ ᠠᠵᠤ | ᠦᠢᠯᠡᠰ ᠬᠥᠭᠵᠢᠨ ᠪᠠᠳᠠᠷᠠᠭᠰᠠᠨ᠂ ᠠᠮᠢ ᠠᠬᠤᠶ ᠣᠷᠣᠰᠢᠨ ᠰᠠᠭᠤᠬᠤ ᠳᠤ ᠲᠣᠬᠢᠷᠠᠮᠵᠢᠲᠠᠶ᠂ ᠬᠥᠳᠡᠭᠡ ᠶᠢᠨ ᠰᠤᠷᠲᠠᠯ | ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ ᠪᠠᠶᠢᠬᠤ ᠶᠡᠷᠦᠩᠬᠡᠶ ᠱᠠᠭᠠᠷᠳᠠᠯᠭ᠎ᠠ ᠶᠣᠰᠣᠭᠠᠷ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠱᠠᠲᠤ | ᠦᠶ᠎ᠡ ᠶᠢᠨ ᠴᠢᠨᠠᠷᠲᠠᠶ ᠠᠷᠭ᠎ᠠ ᠪᠣᠳᠣᠯᠭ᠎ᠠ ᠭᠠᠷᠭᠠᠵᠤ᠂ 2020 ᠣᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠪᠠ 2022 ᠣᠨ ᠳᠤ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠦᠶ᠎ᠡ ᠶᠢᠨ ᠬᠠᠷᠠᠯᠲᠠ | ᠡᠭᠦᠷᠭᠡ ᠶᠢ ᠲᠤᠰ ᠲᠤᠰ ᠲᠣᠳᠣᠷᠬᠠᠶᠢᠯᠠᠵᠤ᠂ ᠠᠵᠢᠯ ᠤᠨ ᠭᠤᠣᠯᠳᠠᠯᠭ᠎ᠠ ᠪᠠ ᠲᠦᠷᠦ ᠶᠢᠨ ᠪᠤᠳᠤᠯᠭ᠎ᠠ ᠶᠢᠨ ᠠᠷᠭ᠎ᠠ | ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ | ᠲᠥᠯᠥᠪᠯᠡᠭᠡ᠂ ᠴᠢᠬᠤᠯᠠ ᠶᠡᠭᠡ ᠠᠵᠢᠯᠯᠠᠭ᠎ᠠ ᠶᠢ ᠪᠠᠶᠢᠷᠢᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠪᠣᠯ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠦᠯ | ᠬᠤᠪᠢᠶᠠᠨ ᠡᠮᠬᠢ ᠵᠢᠷᠤᠮ ᠲᠠᠢ ᠪᠠᠷ ᠠᠬᠢᠭᠤᠯᠬᠤ ᠶᠢ ᠵᠢᠯᠣᠭᠤᠳᠬᠤ ᠴᠢᠬᠤᠯᠠ ᠦᠨᠳᠦᠰᠦᠯᠡᠯ ᠪᠣᠯᠤᠨ᠎ᠠ᠃ | ︽ᠲᠥᠯᠥᠪᠵᠢᠭᠦᠯᠭᠡ︾ ᠳᠤ᠂ 2020 ᠣᠨ ᠪᠣᠯᠬᠤ ᠳᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠦᠷᠢᠮ ᠤᠨ ᠪᠣᠷᠣ ᠲᠥᠯᠥᠪ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠦᠨᠳᠦᠰᠦᠨ ᠳᠡᠭᠡᠨ | ᠪᠦᠷᠢᠯᠳᠦᠭᠦᠯᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠡᠳᠬᠢᠴᠡ ᠠᠷᠭ᠎ᠠ ᠬᠡᠮᠵᠢᠶ᠎ᠡ ᠶᠢ ᠲᠣᠭᠲᠠᠭᠠᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ | ᠪᠦᠲᠦᠭᠡᠬᠦ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ ᠭᠡᠵᠦ ᠳᠤᠷᠠᠳᠤᠨ ᠭᠠᠷᠭᠠᠵᠠᠶ᠃ 2022 | ᠣᠨ ᠪᠣᠯᠬᠤ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠢᠮ ᠤᠨ ᠪᠣᠷᠣ ᠲᠥᠯᠥᠪ ᠪᠣᠯᠤᠨ | ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠠᠩᠬ᠎ᠠ ᠠᠯᠬᠤᠮ ᠪᠦᠷᠢᠨᠰᠢᠬᠦᠯᠦᠨ᠎ᠠ᠃ ᠨᠢᠭᠡ ᠪᠦᠯᠦᠭ ᠥᠪᠡᠷ ᠥᠪᠡᠷ ᠤᠨ | ᠣᠨᠴᠠᠯᠢᠭ ᠲᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠭᠪᠤᠷ ᠪᠣᠯᠤᠨ ᠲᠤᠷᠰᠢᠯᠭ᠎ᠠ ᠶᠢ | ᠰᠦᠪᠡᠭᠴᠢᠯᠡᠨ ᠪᠦᠷᠢᠯᠳᠦᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠱᠠᠳᠤᠴᠢ ᠴᠢᠨᠠᠷᠲᠠᠢ | ᠦᠷ᠎ᠡ ᠪᠦᠲᠦᠭᠡᠯ ᠤᠯᠪᠠ᠃ 2035 ᠣᠨ ᠪᠣᠯᠬᠤ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠰᠢᠢᠳᠪᠦᠷᠢᠲᠦ ᠴᠢᠨᠠᠷᠲᠠᠢ ᠠᠬᠢᠴᠠ ᠲᠠᠢ ᠪᠣᠯᠭᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ | ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ 2050 ᠣᠨ ᠪᠣᠯᠬᠤ ᠳᠤ᠂ ᠬᠥᠳᠡᠭᠡ ᠲᠣᠰᠬᠤᠨ ᠢ | ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠵᠤ᠂ ᠬᠥᠳᠡᠭᠡ ᠠᠵᠤ ᠠᠬᠤᠢ ᠶᠢ ᠬᠦᠴᠦᠷᠬᠡᠭᠵᠢᠭᠦᠯᠵᠦ᠂ ᠬᠥᠳᠡᠭᠡ | ᠲᠣᠰᠬᠤᠨ ᠢ ᠭᠤᠶᠤᠵᠢᠭᠤᠯᠵᠤ᠂ ᠲᠠᠷᠢᠶᠠᠴᠢᠨ ᠢ ᠪᠠᠶᠠᠵᠢᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ | ᠢᠷᠡᠯᠲᠡ᠄ ᠲᠣᠲᠣᠷᠬᠠᠢ ᠦᠭᠡᠢ |