ᠰᠢᠶᠠᠨ ᠤ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠭᠤᠤ ᠢᠦᠢ ᠯᠠᠨ  ᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2021/3/15
 
     ᠰᠢᠶᠠᠨ ᠤ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠲᠤ ᠨᠢᠭᠡᠨ ᠡᠶᠡᠯᠳᠡᠭ ᠵᠥᠭᠡᠯᠡᠨ ᠢᠨᠢᠶᠡᠮᠰᠦᠭᠯᠡᠯ ᠲᠠᠢ᠂ ᠡᠶᠡᠯᠳᠡᠭ ᠵᠥᠭᠡᠯᠡᠨ ᠲᠠᠭᠤᠨ ᠲᠠᠢ ᠡᠮᠴᠢ ᠡᠪᠡᠳᠴᠢᠲᠡᠨ ᠳᠤ ᠪᠠᠶᠢᠴᠠᠭᠠᠯᠲᠠ ᠬᠢᠵᠦ ᠪᠠᠶᠢᠨ᠎ᠠ᠃ ᠡᠨᠡ ᠬᠦ ᠡᠭᠦᠳᠡᠨ ᠡᠮᠨᠡᠯᠭᠡ ᠪᠠ ᠡᠪᠡᠳᠴᠢᠲᠡᠨ ᠤ ᠥᠷᠥᠭᠡᠨ ᠤ ᠬᠤᠭᠤᠷᠣᠨᠳᠣ ᠵᠢᠯ ᠲᠤᠷᠰᠢ ᠭᠦᠶᠦᠵᠦ ᠪᠠᠶᠢᠭᠰᠠᠨ ᠡᠮᠴᠢ ᠪᠣᠯ ᠳᠠᠷᠤᠶ ᠰᠢᠶᠠᠨ ᠤ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠭᠤᠤ ᠢᠦᠶ ᠯᠠᠨ ᠪᠣᠯᠤᠨ᠎ᠠ᠃ 30 ᠭᠠᠷᠤᠢ ᠵᠢᠯ ᠠᠵᠢᠯᠯᠠᠭᠰᠠᠨ ᠤ ᠳᠠᠷᠠᠭ᠎ᠠ᠂ ᠲᠡᠷᠡ ︽ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠡᠪᠡᠳᠴᠢᠲᠡᠨ ᠳᠤ ᠦᠢᠯᠡᠴᠢᠯᠡᠬᠦ︾ ᠵᠣᠷᠢᠯᠲᠠ ᠶᠢ ᠢᠮᠠᠭᠲᠠ ᠪᠠᠷᠢᠮᠲᠠᠯᠠᠵᠤ᠂ ᠰᠢᠷᠭᠠᠭᠤ ᠬᠢᠴᠢᠶᠡᠩᠭᠦᠢ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠭᠰᠡᠨ ᠪᠠᠶᠢᠨ᠎ᠠ᠃ ᠲᠦᠭᠡᠮᠡᠯ ᠬᠠᠶᠢᠷ᠎ᠠ ᠶᠢᠨ ᠰᠡᠳᠬᠢᠯᠭᠡ ᠪᠠᠷ ᠡᠪᠡᠳᠴᠢᠲᠡᠨ ᠨᠢᠭᠡᠪᠦᠷᠢ ᠳᠤ ᠬᠠᠨᠳᠤᠵᠤ᠂ ᠲᠡᠳᠡᠨ ᠳᠤ ᠨᠠᠷᠢᠨ ᠬᠢᠨᠠᠮᠠᠭᠠᠶ ᠪᠠᠶᠢᠴᠠᠭᠠᠯᠲᠠ ᠬᠢᠵᠦ᠂ ᠡᠪᠡᠳᠴᠢᠨ ᠤ ᠪᠠᠶᠢᠳᠠᠯ ᠢ ᠨᠢ ᠨᠠᠷᠢᠨ ᠲᠠᠶᠢᠯᠪᠤᠷᠢᠯᠠᠵᠤ ᠥᠭᠭᠦᠨ᠎ᠡ᠃ ᠠᠵᠢᠯ ᠨᠢ ᠠᠯᠢ ᠬᠡᠳᠦ᠋ᠢᠨ ᠲᠡᠭᠦᠨ ᠤ ᠠᠮᠢᠳᠤᠷᠠᠯ ᠤᠨ ᠭᠤᠣᠯ ᠬᠦᠭ ᠠᠶᠠᠰ ᠪᠤᠯᠵᠤ᠂ ᠡᠪᠡᠳᠴᠢᠲᠡᠨ ᠤ ᠠᠮᠢ ᠨᠠᠰᠤᠨ ᠤ ᠠᠮᠤᠷ ᠲᠦᠪᠰᠢᠨ ᠢ ᠬᠡᠵᠢᠶᠡᠳᠡ ᠲᠡᠷᠢᠭᠦᠨ ᠪᠠᠶᠢᠷᠢᠨ ᠳᠤ ᠲᠠᠯᠪᠢᠳᠠᠭ᠃      ᠭᠤᠤ ᠢᠦᠶ ᠯᠠᠨ ᠬᠠᠷᠠᠬᠠᠨ ᠪᠠᠭ᠎ᠠ ᠠᠴᠠ ᠪᠠᠨ ᠡᠮᠴᠢ ᠪᠣᠯᠬᠤ ᠬᠦᠰᠡᠯ ᠲᠠᠢ ᠪᠠᠶᠢᠭᠰᠠᠨ ᠶᠤᠮ᠂ ᠲᠡᠭᠦᠨ ᠤ ᠦᠵᠡᠬᠦ ᠪᠠᠷ᠂ ᠡᠮᠴᠢ ᠪᠣᠯ ᠨᠢᠭᠡᠨ ᠡᠷᠬᠢᠮ ᠳᠡᠭᠡᠳᠦ ᠪᠥᠭᠡᠳ ᠠᠷᠢᠭᠤᠨ ᠳᠠᠷᠬᠠᠨ ᠠᠵᠢᠯ᠂ ᠡᠷᠡᠭᠦᠯ ᠴᠢᠭᠢᠷᠠᠭ ᠠᠮᠢ ᠨᠠᠰᠤᠨ ᠤ ᠬᠦᠰᠡᠯ ᠡᠷᠡᠮᠡᠯᠵᠡᠯ ᠮᠥᠨ᠂ ᠮᠥᠨ ᠴᠦ ᠨᠢᠭᠡ ᠵᠤᠶᠢᠯ ᠤᠨ ᠮᠡᠷᠭᠡᠵᠢᠯ ᠤᠨ ᠠᠵᠢᠯ ᠮᠥᠨ ᠪᠣᠯᠬᠤᠷ ᠴᠠᠭ ᠬᠤᠭᠤᠴᠠᠭ᠎ᠠ ᠪᠠ ᠬᠦᠴᠦ ᠬᠥᠳᠡᠯᠮᠦᠷᠢ ᠪᠠᠷ ᠢᠶᠠᠨ ᠬᠠᠲᠠᠭᠤᠵᠢᠨ ᠪᠣᠯᠪᠠᠰᠤᠷᠠᠬᠤ ᠶᠢ ᠱᠠᠭᠠᠷᠳᠠᠳᠠᠭ᠃ ᠡᠮᠨᠡᠯᠭᠡ ᠶᠢᠨ ᠤᠬᠠᠭᠠᠨ ᠤ ᠬᠠᠯᠠᠭᠤᠨ ᠬᠠᠶᠢᠷ᠎ᠠ ᠪᠠ ᠨᠤᠲᠤᠭ ᠤᠰᠤᠨ ᠤ ᠪᠠᠨ ᠬᠠᠶᠢᠷ᠎ᠠ ᠰᠡᠳᠬᠢᠯᠭᠡ ᠶᠢ ᠡᠪᠦᠷᠯᠡᠨ᠂ ᠰᠠᠶ᠋ᠢᠬᠠᠨ ᠡᠮᠨᠡᠯᠭᠡ ᠶᠢᠨ ᠤᠬᠠᠭᠠᠨ ᠤ ᠲᠤᠰᠬᠠᠶ ᠮᠡᠷᠭᠡᠵᠢᠯ ᠠᠴᠠ ᠲᠡᠭᠦᠰᠦᠭᠰᠡᠨ ᠲᠡᠷᠡ ᠯᠢᠶᠠᠩᠴᠧᠩ ᠰᠢᠶᠠᠨ ᠤ ᠲᠥᠯᠥᠪᠯᠡᠭᠡ ᠲᠠᠢ ᠪᠠᠷ ᠬᠡᠦᠬᠡᠳ ᠠᠪᠬᠤ ᠦᠢᠯᠡᠴᠢᠯᠡᠭᠡᠨ ᠤ ᠥᠷᠲᠡᠭᠡᠨ ᠳᠤ ᠬᠠᠷᠢᠵᠤ ᠠᠵᠢᠯᠯᠠᠵᠠᠶ᠂ ᠡᠨᠡ ᠨᠢ 30 ᠵᠢᠯ ᠤᠨ ᠠᠵᠢᠯ ᠪᠣᠯᠤᠨ᠎ᠠ᠃ ᠡᠮᠴᠢ ᠪᠣᠯᠤᠭᠰᠠᠨ ᠤ ᠬᠤᠪᠢ ᠳᠤ᠂ ᠲᠡᠷᠡ ᠣᠯᠠᠨ ᠲᠦᠮᠡᠨ ᠤ ᠡᠷᠡᠭᠦᠯ ᠮᠡᠨᠳᠦ ᠶᠢ ᠰᠡᠳᠬᠢᠯ ᠳᠡᠭᠡᠨ ᠪᠤᠳᠤᠵᠤ᠂ ᠡᠪᠡᠳᠴᠢᠲᠡᠨ ᠳᠤ ᠨᠠᠩ ᠰᠠᠶᠢᠨ  ᠤᠶᠢᠯᠡᠴᠢᠯᠡᠭᠡ ᠬᠠᠩᠭᠠᠬᠤ ᠶᠢ ᠡᠭᠦᠷᠭᠡ ᠬᠠᠷᠢᠭᠤᠴᠠᠯᠭ᠎ᠠ ᠪᠠᠨ ᠪᠣᠯᠭᠠᠪᠠ︔ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠲᠡᠷᠡ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠲᠤᠰᠬᠠᠢ ᠮᠡᠷᠭᠡᠵᠢᠯ ᠤᠨ ᠣᠨᠴᠠ ᠴᠢᠳᠠᠪᠤᠷᠢ ᠪᠠᠨ ᠪᠠᠳᠠᠷᠠᠭᠤᠯᠵᠤ᠂ ᠢᠳᠡᠪᠬᠢᠲᠡᠢ ᠪᠠᠷ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠪᠡ᠃ ᠡᠮᠡᠭᠲᠡᠶᠢᠴᠦᠳ ᠤᠨ ᠡᠷᠡᠭᠦᠯ ᠮᠡᠨᠳᠤ ᠶᠢ ᠬᠠᠯᠠᠮᠵᠢᠯᠠᠨ ᠠᠬᠢᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠰᠠᠨᠠᠭᠤᠯᠭ᠎ᠠ ᠳᠤᠷᠠᠳᠴᠠᠢ ᠁ 30 ᠭᠠᠷᠤᠢ ᠵᠢᠯ ᠤᠨ ᠲᠤᠷᠰᠢ᠂ ᠲᠡᠷᠡ ᠡᠮᠴᠢ ᠨᠡᠷ ᠤᠨ ᠡᠨᠡᠷᠢᠩᠭᠦᠢ ᠰᠡᠳᠬᠢᠯ ᠢ ᠢᠮᠠᠭᠲᠠ ᠪᠠᠷᠢᠮᠲᠠᠯᠠᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠨᠢᠭᠡᠳᠦᠭᠡᠷ ᠹᠷᠣᠨᠲ ᠲᠤ ᠦᠭᠡ ᠳᠠᠭᠤᠨ ᠦᠭᠡᠢ ᠪᠠᠲᠤ ᠰᠠᠬᠢᠵᠤ᠂ ᠪᠣᠳᠠᠲᠤ ᠠᠵᠢᠯᠯᠠᠭ᠎ᠠ ᠪᠠᠷ ᠢᠶᠠᠨ ᠠᠮᠢ ᠨᠠᠰᠤ ᠪᠠᠨ ᠰᠠᠬᠢᠨ ᠬᠠᠮᠠᠭᠠᠯᠠᠵᠤ ᠪᠠᠶᠢᠭ᠎ᠠ ᠡᠮᠴᠢ ᠨᠡᠷ ᠤᠨ ᠲᠦᠷᠢ ᠲᠥᠷᠬᠦ ᠪᠣᠯᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠭᠡᠰᠢᠭᠦᠳ ᠤᠨ ᠬᠠᠶᠢᠷ᠎ᠠ ᠰᠡᠳᠬᠢᠯᠭᠡ ᠶᠢ ᠲᠠᠶᠢᠯᠪᠤᠷᠢᠯᠠᠵᠠᠢ᠃   ᠡᠮᠡᠭᠲᠡᠶᠢᠴᠦᠳ ᠤᠨ ᠠᠨᠠᠭᠠᠬᠤ ᠤᠬᠠᠭᠠᠨ ᠤ ᠡᠮᠴᠢᠯᠡᠭᠡᠨ ᠤ ᠠᠵᠢᠯ ᠢ ᠭᠤᠴᠢ ᠭᠠᠷᠤᠶ ᠵᠢᠯ ᠬᠢᠵᠦ᠂ ᠭᠤᠣ ᠢᠦᠶ ᠯᠠᠨ ᠯᠠᠪᠳᠠᠭᠤᠨ ᠪᠠᠲᠤᠲᠠᠶ ᠲᠤᠰᠬᠠᠶ ᠮᠡᠷᠭᠡᠵᠢᠯ ᠤᠨ ᠣᠨᠣᠯ ᠤᠨ ᠮᠡᠳᠡᠯᠭᠡ ᠪᠠ ᠡᠯᠪᠡᠭ ᠪᠠᠶᠠᠯᠢᠭ ᠡᠮᠴᠢᠯᠡᠭᠡᠨ ᠤ ᠲᠤᠷᠰᠢᠯᠭ᠎ᠠ ᠲᠠᠢ ᠪᠣᠯᠵᠤ᠂ ᠡᠮᠡᠭᠲᠡᠶ ᠶᠢᠨ ᠰᠠᠯᠠᠭᠠᠨ ᠤ ᠡᠯ᠎ᠡ ᠵᠦᠢᠯ ᠤᠨ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠵᠢᠴᠢ ᠬᠦᠴᠢᠷ ᠲᠦᠪᠡᠭᠲᠡᠶ ᠡᠪᠡᠳᠴᠢᠨ ᠤ ᠵᠢᠱᠢᠶ᠎ᠡ ᠶᠢ ᠣᠨᠣᠰᠢᠯᠠᠨ ᠵᠠᠰᠠᠬᠤ ᠶᠢ ᠪᠣᠯᠪᠠᠰᠤᠷᠠᠩᠭᠤᠶ ᠡᠵᠡᠮᠰᠢᠵᠦ᠂ ᠣᠯᠠᠨ ᠵᠢᠯ ᠤᠨ ᠲᠤᠷᠰᠢ ᠰᠢᠨ᠎ᠡ ᠣᠨᠣᠯ ᠪᠠ ᠮᠡᠷᠭᠡᠵᠢᠯ ᠢ ᠠᠵᠢᠯ ᠳᠠᠭᠠᠨ ᠬᠡᠷᠡᠭᠯᠡᠬᠦ ᠶᠢ ᠢᠮᠠᠭᠲᠠ ᠪᠠᠷᠢᠮᠲᠠᠯᠠᠵᠤ᠂ ᠡᠪᠡᠳᠴᠢᠲᠡᠨ ᠨᠢᠭᠡᠪᠦᠷᠢ ᠳᠤ ᠥᠴᠦᠬᠡᠨ ᠴᠦ ᠣᠰᠣᠯᠳᠠᠬᠤ ᠦᠭᠡᠢ ᠪᠠᠷ ᠬᠠᠨᠳᠤᠵᠤ᠂ ᠡᠮᠡᠭᠲᠡᠶ ᠶᠢᠨ ᠰᠠᠯᠠᠭᠠᠨ ᠤ ᠡᠯ᠎ᠡ ᠵᠦᠢᠯ ᠤᠨ ᠮᠡᠰᠡ ᠵᠠᠰᠠᠯ ᠪᠠ ᠡᠯ᠎ᠡ ᠵᠦᠢᠯ ᠤᠨ ᠲᠥᠯᠥᠪᠯᠡᠭᠡ ᠲᠠᠢ ᠪᠠᠷ ᠬᠡᠦᠬᠡᠳ ᠠᠪᠬᠤ ᠮᠡᠰᠡ ᠵᠠᠰᠠᠯ ᠢ ᠪᠡᠶ᠎ᠡ ᠪᠠᠨ ᠳᠠᠭᠠᠭᠠᠨ ᠬᠢᠵᠦ᠂ ᠶᠡᠷᠦ ᠠᠴᠠ ᠠᠳᠡᠭᠳᠡᠯ ᠭᠠᠷᠤᠭᠰᠠᠨ ᠦᠭᠡᠢ᠃ ᠡᠭᠦᠨ ᠤ ᠬᠠᠮᠲᠤ᠂ ᠵᠢᠯ ᠪᠦᠷᠢ ᠪᠥᠬᠦ ᠰᠢᠶᠠᠨ ᠤ ᠲᠦᠮᠡ ᠭᠠᠷᠤᠶ  ᠡᠮᠡᠭᠲᠡᠶᠢᠴᠦᠳ ᠲᠤ ᠰᠠᠪᠠ ᠶᠢᠨ ᠬᠦᠵᠦᠭᠦᠨ ᠤ ᠥᠮᠡᠨ᠂ ᠬᠥᠬᠦᠨ ᠪᠤᠯᠴᠢᠷᠬᠠᠶ ᠶᠢᠨ ᠥᠮᠡᠨ ᠤ ᠰᠢᠭᠰᠢᠨ ᠪᠠᠶᠢᠴᠠᠭᠠᠯᠲᠠ ᠬᠢᠵᠦ᠂ ᠡᠭᠦᠨ ᠤ ᠳᠣᠲᠣᠷᠠᠬᠢ 20 ᠠᠴᠠ 30 ᠨᠠᠰᠤᠨ ᠤ ᠡᠮᠡᠭᠲᠡᠶᠢᠴᠦᠳ ᠲᠤ ᠥᠮᠡᠨ ᠤ ᠡᠮᠦᠨᠡᠬᠢ ᠡᠪᠡᠳᠴᠢᠨ ᠤ ᠬᠤᠪᠢᠷᠠᠯᠲᠠ ᠶᠢ ᠪᠠᠶᠢᠴᠠᠭᠠᠨ ᠭᠠᠷᠭᠠᠵᠤ᠂ ᠲᠡᠳᠡᠨ ᠤ ᠳᠡᠭᠡᠳᠦ ᠱᠠᠲᠤᠨ ᠤ ᠡᠮᠨᠡᠯᠭᠡ ᠶᠢᠨ ᠬᠤᠷᠢᠶ᠎ᠠ ᠳᠤ ᠴᠠᠭ ᠲᠤᠬᠠᠶ ᠳᠤᠨᠢ ᠡᠮᠴᠢᠯᠡᠭᠡ ᠬᠢᠬᠦ ᠶᠢ ᠵᠢᠭᠠᠨ ᠵᠢᠯᠣᠭᠤᠳᠴᠤ᠂ ᠮᠠᠰᠢ ᠣᠯᠠᠨ ᠬᠥᠮᠦᠨ ᠤ ᠠᠮᠢ ᠨᠠᠰᠤ ᠶᠢ ᠠᠪᠤᠷᠠᠭᠠᠳ᠂ ᠥᠷᠭᠡᠨ ᠣᠯᠠᠨ ᠡᠮᠡᠭᠲᠡᠶᠢᠴᠦᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠦᠲᠦᠮᠵᠢᠲᠡᠶ ᠪᠠᠲᠤᠯᠠᠵᠤ᠂ ᠦᠨᠡᠨ ᠬᠦ ᠡᠷᠲᠡ ᠣᠨᠣᠰᠢᠯᠠᠵᠤ᠂ ᠡᠷᠲᠡ ᠡᠮᠨᠡᠭᠦᠯᠵᠦ ᠴᠢᠳᠠᠭᠰᠠᠨ ᠪᠠᠶᠢᠨ᠎ᠠ᠃     ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠤᠨ ᠤᠶᠢᠯᠡᠴᠢᠯᠡᠬᠦ ᠡᠲᠡᠭᠡᠳ ᠤᠨ ᠣᠯᠠᠩᠬᠢ ᠨᠢ ᠬᠥᠳᠡᠭᠡ ᠲᠣᠰᠬᠤᠨ ᠤ ᠬᠥᠩᠭᠡᠵᠢᠬᠦ ᠨᠠᠰᠤᠨ ᠤ ᠡᠮᠡᠭᠲᠡᠶᠢᠴᠦᠳ ᠪᠠᠶᠢᠵᠤ᠂ ᠰᠣᠶᠣᠯ ᠤᠨ ᠬᠢᠷᠢ ᠬᠡᠮᠵᠢᠶ᠎ᠡ ᠨᠢ ᠨᠡᠯᠢᠶᠡᠳ ᠳᠣᠤᠷ᠎ᠠ᠂ ᠡᠷᠡᠭᠦᠯᠵᠢᠯ ᠤᠨ ᠮᠡᠳᠡᠯᠭᠡ ᠳᠤᠲᠠᠮᠠᠭ ᠪᠤᠶᠤ ᠰᠢᠨᠵᠢᠯᠡᠬᠦ ᠤᠬᠠᠭᠠᠨᠴᠢ ᠪᠤᠰᠤ ᠠᠴᠠ ᠪᠣᠯᠵᠣ᠂ ᠠᠶᠤᠯ ᠶᠡᠬᠡᠲᠡᠶ ᠬᠦᠴᠦᠨ  ᠵᠤᠶᠢᠯ ᠢ ᠲᠦᠢᠯ ᠤᠨ ᠠᠮᠠᠷᠬᠠᠨ ᠪᠣᠶ ᠪᠣᠯᠭᠠᠳᠠᠭ᠃ ᠭᠤᠣ ᠢᠦᠶ ᠯᠠᠨ ᠵᠢᠷᠮᠦᠰᠦᠨ ᠪᠦᠰᠡᠭᠦᠶ ᠶᠢᠨ ᠲᠤᠰ ᠪᠡᠶ᠎ᠡ ᠶᠢᠨ ᠦᠵᠡᠯ ᠰᠠᠨᠠᠭᠠᠨ ᠤ ᠠᠵᠢᠯ ᠢ ᠬᠢᠬᠦ ᠪᠠᠷ ᠪᠠᠷᠠᠬᠤ ᠦᠭᠡᠶ ᠪᠠᠰᠠ ᠭᠡᠷ ᠪᠦᠯᠢ ᠶᠢᠨ ᠬᠢᠨ ᠤ ᠦᠵᠡᠯ ᠰᠠᠨᠠᠭᠠᠨ ᠤ ᠠᠵᠢᠯ ᠢ ᠬᠢᠬᠦ ᠬᠡᠷᠡᠭᠲᠡᠶ᠂ ᠡᠮᠴᠢ ᠲᠠᠢ ᠢᠳᠡᠪᠬᠢᠲᠡᠶ ᠬᠠᠮᠵᠢᠯᠴᠠᠵᠤ ᠰᠢᠨᠵᠢᠯᠡᠬᠦ ᠤᠬᠠᠭᠠᠨ ᠤ ᠡᠮᠴᠢᠯᠡᠭᠡ ᠬᠢᠳᠡᠭ ᠪᠣᠯᠪᠠᠴᠤ ᠦᠵᠡᠯ ᠰᠠᠨᠠᠭ᠎ᠠ ᠨᠢ ᠬᠠᠭᠤᠴᠢᠨ ᠢᠶᠠᠨ ᠪᠠᠷᠢᠮᠲᠠᠯᠠᠳᠠᠭ᠂ ᠠᠭᠤᠷ ᠤᠴᠠᠭᠠᠷ ᠶᠡᠬᠡᠲᠡᠶ ᠵᠢᠷᠮᠦᠰᠦᠨ ᠡᠮᠡᠭᠲᠡᠶ ᠵᠢᠴᠢ ᠲᠡᠳᠡᠨ ᠤ ᠬᠡᠷ ᠪᠦᠯᠢ ᠶᠢᠨ ᠬᠢᠨ ᠴᠦ ᠦᠷᠭᠦᠯᠵᠢ ᠣᠶᠢᠯᠠᠭᠠᠬᠤ ᠥᠬᠡᠶ ᠪᠠᠶᠢᠳᠠᠭ᠂ ᠭᠡᠪᠡᠴᠦ ᠲᠡᠷᠡ ᠮᠥᠨ ᠯᠡ ᠬᠦᠯᠢᠴᠡᠩᠭᠦᠶ ᠪᠠᠷ ᠢᠳᠬᠠᠨ ᠰᠠᠨᠠᠭᠤᠯᠵᠤ᠂ ᠨᠠᠷᠢᠨ ᠨᠢᠮᠪᠠᠶ ᠬᠠᠷᠠᠭᠠᠯᠵᠠᠵᠤ᠂ ᠳᠣᠲᠣᠨᠣ ᠪᠠᠷ ᠤᠶᠢᠯᠡᠴᠢᠯᠡᠨ᠂ ᠬᠢᠯᠢᠰᠳᠡᠭᠰᠡᠨ ᠪᠣᠯᠪᠠᠴᠤ ᠠᠶᠤᠯ ᠶᠡᠬᠡᠲᠡᠶ ᠵᠢᠷᠮᠦᠰᠦᠨ ᠪᠦᠰᠡᠭᠦᠶ ᠶᠢᠨ ᠠᠮᠤᠷ ᠲᠦᠪᠰᠢᠨ ᠢᠶᠠᠷ ᠬᠥᠩᠭᠡᠵᠢᠵᠦ᠂ ᠡᠬᠡ ᠨᠢᠯᠬᠠᠰ ᠤᠨ ᠡᠷᠡᠭᠦᠯ ᠮᠡᠨᠳᠦ ᠶᠢ ᠦᠵᠡᠭᠡᠳ ᠰᠡᠳᠬᠢᠯ ᠨᠢ ᠶᠡᠭᠡ ᠲᠠᠶᠢᠳᠬᠤᠷᠠᠳᠠᠭ᠃    ᠡᠩ ᠤᠨ ᠦᠶ᠎ᠡ ᠶᠢᠨ ᠰᠤᠷᠤᠯᠴᠠᠯᠭ᠎ᠠ ᠪᠠ ᠠᠵᠢᠯ ᠤᠨ ᠳᠤᠮᠳᠠ ᠪᠠᠨ ᠲᠡᠷᠡ ᠬᠡᠵᠢᠶᠡᠳᠡ ᠠᠵᠢᠯ ᠦᠢᠯᠡᠰ ᠲᠡᠭᠡᠨ ᠵᠢᠳᠬᠦᠬᠦ ᠰᠡᠳᠬᠢᠯᠭᠡ ᠪᠠ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠶᠢ ᠡᠪᠦᠷᠯᠡᠨ᠂ ᠭᠠᠵᠠᠷ ᠪᠣᠯᠭᠠᠨ ᠳᠤ ᠥᠪᠡᠷ ᠢ ᠪᠠᠨ ᠴᠢᠩᠭ᠎ᠠ ᠱᠠᠭᠠᠷᠳᠠᠵᠤ᠂ ᠶᠠᠷᠰᠢᠭ ᠲᠦᠪᠡᠭ ᠲᠠᠢ ᠡᠭᠡᠯ ᠵᠢᠷ ᠤᠨ ᠰᠤᠪᠢᠯᠠᠯᠲᠠ ᠶᠢᠨ ᠠᠵᠢᠯ ᠤᠨ ᠳᠤᠮᠳᠠ ᠪᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠠᠵᠢᠯ ᠳᠠᠭᠠᠨ ᠨᠢᠭᠲᠠ ᠠᠴᠠ ᠨᠢᠭᠲᠠ ᠬᠠᠨᠳᠤᠵᠤ᠂ ᠡᠪᠡᠳᠴᠢᠲᠡᠨ ᠳᠤ ᠳᠣᠲᠣᠨᠣ ᠬᠥᠮᠦᠰ ᠲᠠᠢ ᠪᠠᠨ ᠠᠳᠠᠯᠢ ᠪᠠᠷ ᠬᠠᠨᠳᠤᠵᠤ᠂ ᠬᠠᠮᠲᠤ ᠠᠵᠢᠯᠯᠠᠭᠰᠠᠳ ᠤᠨ ᠢᠶᠠᠨ ᠳᠣᠲᠣᠷᠠᠬᠢ ᠣᠷᠦ᠋ᠢᠯᠠᠭᠴᠢ ᠨᠢ ᠪᠣᠯᠤᠭᠰᠠᠨ ᠪᠠᠶᠢᠨ᠎ᠠ᠃ ᠶᠠᠭ ᠲᠡᠭᠦᠨ ᠤ ᠡᠨᠡ ᠬᠦ ᠠᠵᠢᠯ ᠤᠨ ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠨᠢ ᠤᠯᠠᠨ ᠢ ᠨᠥᠯᠥᠭᠡᠯᠡᠵᠦ ᠂ ᠤᠳᠤᠷᠢᠳᠤᠯᠭ᠎ᠠ ᠪᠣᠯᠤᠨ ᠬᠠᠮᠲᠤ ᠠᠵᠢᠯᠯᠠᠭᠰᠠᠳ ᠤᠨ ᠬᠢᠨᠢ ᠨᠤᠲᠠᠯᠠᠯ ᠢ ᠣᠯᠤᠭᠰᠠᠨ ᠪᠠᠶᠢᠨ᠎ᠠ᠃     ᠡᠷᠡᠭᠦᠯ ᠬᠠᠮᠠᠭᠠᠯᠠᠯ ᠤᠨ ᠭᠠᠵᠠᠷ ᠤᠨ ᠳ᠋ᠤᠸᠠᠨ ᠰᠢᠶᠠᠩ ᠰᠢᠶᠠᠩ ᠬᠡᠯᠡᠬᠦ ᠳᠡᠭᠡᠨ᠄ ᠭᠤᠣ ᠡᠷᠬᠢᠯᠡᠭᠴᠢ ᠡᠷᠡᠭᠦᠯ ᠮᠡᠨᠳᠦ ᠶᠢ ᠬᠠᠮᠠᠭᠠᠯᠠᠬᠤ ᠭᠠᠵᠠᠷ ᠲᠤ ᠰᠢᠯᠵᠢᠭᠰᠡᠨ ᠠᠴᠠ ᠬᠤᠶᠢᠰᠢ᠂ ᠡᠮᠡᠭᠲᠡᠶ ᠶᠢᠨ ᠰᠠᠯᠠᠭᠠᠨ ᠤ ᠡᠭᠦᠳᠡᠨ ᠡᠮᠨᠡᠯᠭᠡ ᠶᠢᠨ ᠠᠵᠢᠯ ᠢ ᠰᠢᠨ᠎ᠡ ᠪᠠᠷ ᠥᠷᠨᠢᠭᠦᠯᠵᠦ᠂ ᠪᠥᠬᠦ ᠰᠢᠶᠠᠨ ᠤ 35 — 65 ᠨᠠᠰᠤᠨ ᠤ ᠡᠮᠡᠭᠲᠡᠶᠢᠴᠦᠳ ᠲᠤ ᠰᠤᠶᠢᠳᠭᠡᠯ ᠬᠤᠷᠢᠶᠠᠬᠤ ᠥᠬᠡᠶ ᠪᠠᠷ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠶ ᠶᠢᠨ ᠥᠮᠡᠨ ᠢ ᠰᠢᠭᠰᠢᠨ ᠪᠠᠶᠢᠴᠠᠭᠠᠬᠤ ᠠᠵᠢᠯ ᠪᠠ ᠡᠯ᠎ᠡ  ᠵᠤᠶᠢᠯ ᠤᠨ ᠡᠮᠡᠭᠲᠡᠶ ᠶᠢᠨ ᠰᠠᠯᠠᠭᠠᠨ ᠤ ᠡᠪᠡᠳᠴᠢᠨ ᠡᠮᠭᠡᠭ ᠢ ᠣᠨᠣᠰᠢᠯᠠᠨ ᠵᠠᠰᠠᠬᠤ ᠠᠵᠢᠯ ᠢ ᠥᠷᠨᠢᠭᠦᠯᠵᠦ᠂ ᠰᠡᠷᠭᠡᠶᠢᠯᠡᠨ ᠵᠠᠰᠠᠬᠤ ᠶᠢ ᠤᠶᠠᠯᠳᠤᠭᠤᠯᠤᠨ᠂ ᠪᠥᠬᠦ ᠰᠢᠶᠠᠨ ᠤ ᠥᠷᠭᠡᠨ ᠣᠯᠠᠨ ᠡᠮᠡᠭᠲᠡᠶᠢᠴᠦᠳ ᠲᠤ ᠠᠰᠢᠭ ᠬᠦᠷᠲᠡᠭᠡᠵᠦ᠂ ᠠᠵᠢᠯ ᠤᠨ ᠳᠤᠮᠳᠠ ᠪᠠᠨ ᠮᠡᠷᠭᠡᠵᠢᠯ ᠤᠨ ᠲᠠᠯ᠎ᠠ ᠪᠠᠷ ᠨᠢᠭᠲᠠ ᠠᠴᠠ ᠨᠢᠭᠲᠠ ᠪᠠᠶᠢᠵᠤ᠂ ᠡᠳᠦᠷ ᠪᠦᠷᠢ ᠡᠷᠲᠡ ᠭᠠᠷᠴᠤ ᠣᠷᠣᠶ ᠬᠠᠷᠢᠵᠤ᠂ ᠴᠠᠭ ᠨᠡᠮᠡᠵᠦ ᠠᠵᠢᠯᠯᠠᠬᠤ ᠶᠢ ᠪᠠᠶᠢᠩᠭᠤᠵᠢᠭᠤᠯᠵᠤ᠂ ᠡᠪᠡᠳᠴᠢᠲᠡᠨ ᠳᠤ ᠬᠠᠪᠤᠷ ᠤᠨ ᠴᠠᠭ ᠰᠢᠭ᠋ ᠬᠠᠯᠠᠭᠤᠨ ᠳᠤᠯᠠᠭᠠᠨ ᠬᠠᠨᠳᠤᠨ᠎ᠠ᠃     ᠡᠮᠴᠢ ᠪᠣᠯ ᠡᠷᠡᠭᠦᠯ ᠮᠡᠨᠳᠦ ᠶᠢᠨ ᠡᠯᠴᠢ᠂ ᠠᠮᠢ ᠨᠠᠰᠤᠨ ᠤ ᠰᠠᠬᠢᠭᠤᠰᠤ᠃ ᠡᠮᠴᠢ ᠪᠣᠯᠤᠭᠰᠠᠨ ᠤ ᠬᠤᠪᠢ ᠳᠤ ᠡᠪᠡᠳᠴᠢᠨ ᠵᠠᠰᠠᠬᠤ ᠶᠢᠨ ᠬᠠᠮᠲᠤ ᠨᠡᠩ ᠴᠤ ᠡᠪᠡᠳᠴᠢᠲᠡᠨ ᠤ ᠠᠯᠤᠰ ᠬᠡᠳᠦ ᠶᠢᠨ ᠠᠰᠢᠭ ᠲᠤᠰᠠ ᠶᠢ ᠪᠣᠳᠣᠯᠬᠢᠯᠠᠵᠤ᠂ ᠡᠪᠡᠳᠴᠢᠲᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠶ᠃ ᠶᠡᠷᠦ ᠨᠢ ᠠᠶᠤᠯ ᠲᠦᠭᠰᠢᠭᠦᠷᠢ ᠶᠢ ᠥᠪᠡᠷ ᠤᠨ ᠪᠡᠶ᠎ᠡ ᠳᠡᠭᠡᠨ ᠦᠯᠡᠳᠡᠭᠡᠨ ᠥᠭᠴᠦ᠂ ᠪᠦᠬᠦ ᠬᠦᠴᠦ ᠪᠠᠷ ᠢᠶᠠᠨ ᠡᠪᠡᠳᠴᠢᠲᠡᠨ ᠤ ᠲᠥᠯᠥᠭᠡ ᠪᠣᠳᠣᠯᠬᠢᠯᠠᠳᠠᠭ᠃ ᠲᠡᠭᠦᠨ ᠤ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠬᠠᠷᠢᠭᠤᠴᠠᠯᠭ᠎ᠠ ᠪᠠᠨ ᠭᠦᠢᠴᠡᠳᠬᠡᠵᠦ᠂ ᠵᠣᠬᠢᠶᠠᠨ ᠪᠠᠶᠢᠭᠤᠯᠤᠯᠲᠠ ᠶᠢᠨ ᠨᠤᠲᠠᠯᠠᠯᠲᠠ ᠪᠠ ᠨᠡᠶᠢᠭᠡᠮ ᠤᠨ ᠵᠥᠪᠰᠢᠶᠡᠷᠡᠯ ᠢ ᠣᠯᠵᠤ᠂ ᠤᠷᠢᠳ ᠬᠤᠵᠢᠳ ᠯᠢᠶᠠᠩᠴᠧᠩ ᠰᠢᠶᠠᠨ ᠤ ︽ᠰᠢᠯᠢᠳᠡᠭ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ︾᠂ ᠯᠢᠶᠠᠩᠴᠧᠩ ᠰᠢᠶᠠᠨ ᠤ ︽3 · 8︾ ᠶᠢᠨ ᠤᠯᠠᠭᠠᠨ ᠲᠤᠭᠴᠢ︾᠂ ᠤᠯᠠᠭᠠᠨᠴᠠᠪ ᠬᠤᠲᠠ ᠶᠢᠨ ︽ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ ᠵᠢᠱᠢᠶᠡᠴᠢ︾ ᠭᠡᠬᠦ ᠢᠷᠠᠭᠤ ᠠᠯᠳᠠᠷ ᠤᠨ ᠴᠣᠯᠠ ᠶᠢ ᠬᠦᠷᠳᠡᠵᠤ᠂ ᠪᠦᠬᠦ ᠣᠷᠣᠨ ᠤ ᠲᠥᠯᠥᠪᠯᠡᠭᠡᠲᠦ ᠦᠷᠡᠵᠢᠯ ᠤᠨ ᠮᠡᠷᠭᠡᠵᠢᠯ ᠤᠨ ᠲᠡᠷᠢᠭᠦᠨ ᠤ ᠠᠵᠢᠯᠳᠠᠨ ᠵᠡᠷᠭᠡ ᠢᠷᠠᠭᠤ ᠠᠯᠳᠠᠷ ᠢ ᠬᠦᠷᠳᠡᠵᠡᠢ᠃    ᠭᠤᠴᠢᠨ ᠵᠢᠯ ᠤᠨ ᠵᠠᠯᠠᠭᠤ ᠨᠠᠰᠤ᠂ ᠭᠤᠴᠢᠨ ᠵᠢᠯ ᠤᠨ ᠭᠤᠶᠠᠴᠢ ᠦᠭᠡᠢ ᠵᠢᠳᠬᠦᠯ᠃ ᠭᠤᠤ ᠢᠦᠶ ᠯᠠᠨ᠂ ᠡᠷᠡᠰ ᠪᠠᠲᠤ ᠢᠲᠡᠭᠡᠯ ᠵᠣᠷᠢᠭ᠂ ᠡᠷᠬᠢᠮ ᠳᠡᠭᠡᠳᠦ ᠦᠵᠡᠯ ᠰᠡᠳᠬᠢᠯᠭᠡ ᠪᠠ ᠨᠠᠷᠢᠨ ᠨᠢᠮᠪᠠᠶ ᠮᠡᠷᠭᠡᠵᠢᠯ ᠢᠶᠠᠷ ᠢᠶᠠᠨ ᠡᠪᠡᠳᠴᠢᠲᠡᠨ ᠳᠤ ᠵᠣᠯ ᠵᠢᠷᠭᠠᠯ ᠪᠠ ᠡᠷᠡᠭᠦᠯ ᠮᠡᠨᠳᠦ ᠶᠢ ᠠᠪᠴᠢᠷᠠᠵᠤ᠂ ᠨᠡᠶᠢᠭᠡᠮ ᠳᠤ ᠰᠠᠶᠢᠨ ᠰᠠᠶᠢᠬᠠᠨ ᠪᠠ ᠡᠶ᠎ᠡ ᠵᠣᠬᠢᠴᠠᠯ ᠢ ᠡᠭᠦᠳᠦᠨ ᠥᠭᠴᠦ ᠪᠠᠶᠢᠨ᠎ᠠ᠃                          ᠰᠤᠷᠪᠤᠯᠵᠢᠯᠠᠭᠴᠢ᠄ ᠴᠧᠨ ᠶᠦᠨ                          ᠨᠠᠶᠢᠷᠠᠭᠤᠯᠤᠭᠴᠢ᠄ ᠭᠦᠸᠧ ᠬᠤᠩ ᠰᠢᠶᠠ   ᠯᠢ ᠬᠤᠩ ᠢᠦᠢ                          ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2