2021ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2021/3/25
2021 ᠣᠨ ᠤ 3 ᠰᠠᠷ᠎ᠠ ᠶᠢᠨ 2᠎ ᠤᠨ ᠡᠳᠦᠷ ᠯᠢᠶᠠᠩᠴᠧᠩ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ                       ᠵᠠᠰᠠᠭ ᠤᠨ ᠣᠷᠳᠣᠨ ᠤ ᠰᠢᠶᠠᠨ ᠤ ᠳᠠᠷᠤᠭ᠎ᠠ      ᠢᠦᠢ ᠳ᠋ᠠᠶ ᠴᠢᠩ ᠲᠥᠯᠥᠭᠡᠯᠡᠭᠴᠢᠳ ᠡ᠄    ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠪᠤᠰᠤᠳ ᠨᠥᠬᠦᠳ ᠰᠠᠨᠠᠯ ᠢᠶᠠᠨ ᠳᠤᠷᠠᠳᠬᠤ ᠪᠣᠯᠪᠠᠤ  ︕     ᠨᠢᠭᠡ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠵᠢᠴᠢ 2020 ᠣᠨ ᠤ ᠠᠵᠢᠯ ᠤᠨ ᠲᠤᠬᠠᠶ ᠡᠷᠭᠢᠴᠡᠭᠦᠯᠦᠯ    ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠯᠢᠶᠠᠩᠴᠧᠩ ᠤᠨ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠶᠡᠷᠦ ᠪᠤᠰᠤ ᠶᠢᠨ᠂ ᠲᠦᠢᠯ ᠤᠨ ᠬᠢᠯᠪᠠᠷ ᠪᠤᠰᠤ᠂ ᠲᠦᠢᠯ ᠤᠨ ᠳᠠᠯᠳᠠ ᠬᠦᠴᠦᠨ ᠲᠠᠢ ᠲᠠᠪᠤᠨ ᠵᠢᠯ ᠪᠣᠯᠤᠨ᠎ᠠ᠃ ᠡᠨᠡ ᠲᠠᠪᠤᠨ ᠵᠢᠯ ᠳᠤ ᠲᠤᠯᠭᠠᠷᠠᠭᠰᠠᠨ ᠬᠦᠴᠢᠷᠳᠡᠯ ᠨᠢ ᠵᠢᠱᠢᠭᠰᠡᠨ ᠠᠴᠠ ᠠᠷᠪᠢᠨ᠂ ᠥᠷᠢᠰᠥᠯᠳᠦᠭᠡᠨ ᠨᠢ ᠵᠢᠱᠢᠭᠰᠡᠨ ᠠᠴᠠ ᠶᠡᠭᠡ ᠪᠣᠯᠪᠠᠴᠤ ᠣᠯᠤᠭᠰᠠᠨ ᠠᠮᠵᠢᠯᠲᠠ ᠨᠢ ᠵᠢᠱᠢᠭᠰᠡᠨ ᠠᠴᠠ ᠰᠠᠶᠢᠨ ᠪᠠᠶᠢᠨ᠎ᠠ᠃ ᠲᠠᠪᠤᠨ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠴᠢᠩᠭ᠎ᠠ ᠲᠦᠰᠢᠭᠯᠡᠨ᠂ ᠬᠤᠷᠸ᠎ᠠ ᠠᠵᠤ ᠠᠬᠤᠶ ᠶᠢᠨ ᠪᠠᠭᠤᠷᠠᠯᠲᠠ ᠶᠢᠨ ᠨᠥᠯᠥᠭᠡ ᠶᠢ ᠯᠠᠪᠳᠠᠭᠤᠨ ᠢᠶᠠᠷ  ᠠᠷᠭᠠᠴᠠᠭᠠᠵᠤ᠂ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠦᠨᠳᠦ ᠬᠡᠴᠡᠭᠦᠦ ᠰᠢᠯᠭᠠᠯᠲᠠ ᠶᠢ ᠳᠠᠭᠠᠭᠠᠵᠤ᠂ ᠡᠯ᠎ᠡ ᠵᠦᠢᠯ ᠤᠨ ᠬᠥᠭᠵᠢᠯᠲᠡ ᠶᠢᠨ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃ — — ᠡᠨᠡ ᠲᠠᠪᠤᠨ ᠵᠢᠯ ᠪᠣᠯ ᠲᠦᠢᠯ ᠤᠨ ᠶᠡᠷᠦ ᠪᠤᠰᠤ ᠶᠢᠨ ᠶᠤᠮ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ  ᠰᠢᠢᠳᠪᠤᠷᠢᠯᠡᠬᠦ  ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠪᠡ᠃ ᠰᠢᠶᠠᠨ ᠤ ᠱᠠᠲᠤᠨ ᠠᠴᠠ ᠳᠡᠭᠡᠭᠰᠢᠬᠢ 31 ᠤᠳᠤᠷᠢᠳᠤᠯᠭ᠎ᠠ᠂ 51 ᠠᠵᠢᠯᠯᠠᠬᠤ ᠠᠩᠬᠢ᠂ 139 ᠲᠣᠭᠤᠷᠢᠭ ᠬᠤᠲᠠ ᠰᠢᠶᠠᠨ ᠤ ᠬᠠᠪᠰᠤᠷᠤᠨ ᠲᠡᠳᠬᠦᠬᠦ ᠨᠢᠭᠡᠴᠡ᠂ 2676 ᠬᠠᠪᠰᠤᠷᠤᠨ ᠲᠡᠳᠬᠦᠬᠦ ᠺᠠᠳ᠋ᠷ ᠶᠠᠳᠠᠭᠤ ᠶᠢ ᠲᠡᠳᠬᠦᠬᠦ ᠡᠮᠦᠨ᠎ᠡ ᠹᠷᠣᠨᠲ ᠲᠤ ᠦᠷᠭᠦᠯᠵᠢᠯᠡᠨ ᠴᠢᠷᠮᠠᠶᠢᠨ ᠠᠵᠢᠯᠯᠠᠵᠤ᠂ 9639 ᠡᠷᠦᠬᠡ 21205 ᠬᠥᠮᠦᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 51 ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠢ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 2019 ᠣᠨ ᠳᠤ ᠰᠢᠶᠠᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠲᠡᠦᠬᠡᠲᠦ ᠴᠢᠨᠠᠷᠲᠠᠢ ᠠᠮᠵᠢᠯᠲᠠ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃  ᠲᠠᠭ᠎ᠠ ᠶᠢᠨ ᠨᠠᠭᠤᠷ ᠤᠨ ᠵᠠᠰᠠᠯᠲᠠ ᠱᠠᠳᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠪᠠ᠃ ᠪᠦᠬᠦ ᠰᠢᠶᠠᠨ ᠢᠶᠠᠷ ᠢᠶᠠᠨ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠡᠷᠡᠰ ᠭᠤᠶᠢᠪᠢᠰᠢ ᠦᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾᠎ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ 2016 ᠣᠨ ᠠᠴᠠ ᠨᠠᠰᠢ ︽ᠬᠤᠶᠠᠷ ᠢ ᠠᠷᠪᠢᠯᠠᠬᠤ᠂ ᠬᠤᠶᠠᠷ ᠢ ᠨᠥᠬᠦᠪᠥᠷᠢᠯᠡᠬᠦ᠂ ᠬᠤᠶᠠᠷ ᠢ ᠰᠡᠷᠭᠦᠭᠡᠬᠦ︾ ᠵᠢᠷᠭᠤᠭᠠᠨ  ᠵᠤᠶᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ 2020 ᠣᠨ ᠳᠤ ᠲᠠᠭ᠎ᠠ ᠶᠢᠨ ᠨᠠᠭᠤᠷ ᠤᠨ ᠵᠠᠰᠠᠯᠲᠠ ᠶᠢ ︽ᠨᠢᠭᠡ ᠨᠠᠭᠤᠷ︾᠎ ᠠᠴᠠ ︽ᠪᠥᠬᠦ ᠰᠠᠪᠠ ᠭᠠᠵᠠᠷ︾ ᠳᠠᠰᠢ ᠬᠤᠪᠢᠷᠠᠭᠤᠯᠬᠤ ᠶᠢ ᠳᠥᠯᠭᠢᠨ ᠠᠬᠢᠭᠤᠯᠵᠤ᠂ ︽ᠳᠥᠷᠪᠡ ᠶᠢ ᠬᠢᠵᠠᠭᠠᠷᠯᠠᠬᠤ᠂ ᠭᠤᠷᠪᠠ ᠶᠢ ᠰᠢᠢᠳᠪᠤᠷᠢᠯᠡᠬᠦ︾ ᠲᠤᠯᠤᠭᠠᠨ  ᠵᠤᠶᠢᠯ ᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠲᠠᠭ᠎ᠠ ᠶᠢᠨ ᠨᠠᠭᠤᠷ ᠤᠨ ᠠᠮᠢ ᠠᠬᠤᠶ ᠶᠢᠨ ᠪᠠᠴᠢᠮ ᠪᠠᠶᠢᠳᠠᠯ ᠢ  ᠠᠷᠭᠠᠴᠠᠭᠠᠵᠤ ᠤᠰᠤ ᠨᠥᠬᠦᠪᠥᠷᠢᠯᠡᠬᠦ ᠢᠨᠵᠧᠨᠧᠷᠢᠩ ᠢ ᠡᠬᠢᠯᠡᠨ ᠪᠠᠶᠢᠭᠤᠯᠵᠤ᠂ ᠨᠠᠭᠤᠷ ᠤᠨ ᠲᠠᠯᠠᠪᠠᠶ ᠶᠢᠨ ᠪᠠᠭᠠᠰᠬᠤ ᠬᠠᠨᠳᠤᠰᠢ ᠤᠳᠠᠭᠠᠰᠢᠷᠠᠵᠤ᠂ ᠤᠰᠤᠨ ᠤ ᠴᠢᠨᠠᠷ ᠤᠨ ᠮᠠᠭᠤᠳᠠᠯ ᠢ ᠪᠦᠲᠦᠮᠵᠢᠲᠡᠶ ᠨᠠᠮᠳᠠᠭᠤᠯᠵᠤ᠂ ᠡᠷᠬᠢᠨ ᠲᠣᠭᠤᠷᠢᠨ ᠤ ᠭᠠᠵᠠᠷ ᠳᠣᠤᠷᠠᠬᠢ ᠤᠰᠤᠨ ᠤ ᠲᠦᠪᠰᠢᠨ ᠢ ᠵᠢᠯ ᠳᠠᠷᠠᠭᠠᠯᠠᠨ ᠳᠡᠭᠡᠭᠰᠢᠯᠡᠭᠦᠯᠪᠡ᠃ — — ᠡᠨᠡ ᠲᠠᠪᠤᠨ ᠵᠢᠯ ᠪᠣᠯ ᠲᠦᠢᠯ ᠤᠨ ᠬᠢᠯᠪᠡᠷ ᠪᠤᠰᠤ ᠶᠤᠮ᠃ ᠴᠠᠬᠢᠯᠭᠠᠨ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ᠂ ᠬᠤᠩ ᠮᠤᠤ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠨᠥᠯᠥᠭᠡ ᠠᠴᠠ ᠪᠤᠯᠵᠤ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ 2016 ᠣᠨ ᠳᠤ 4.27 ᠳ᠋ᠦᠩᠰᠢᠭᠤᠷ ᠪᠠᠶᠢᠭᠰᠠᠨ ᠠᠴᠠ ᠪᠠᠨ 2019 ᠣᠨ ᠳᠤ 1.21 ᠳ᠋ᠦᠩᠰᠢᠭᠤᠷ ᠪᠤᠯᠵᠤ ᠪᠠᠭᠤᠷᠠᠪᠠ᠃ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠠᠰᠢ ᠲᠣᠪᠤᠶᠢᠮ᠎ᠠ ᠪᠠᠶᠢᠭ᠎ᠠ ᠪᠠᠶᠢᠳᠠᠯ ᠤᠨ ᠳᠣᠣᠷ᠎ᠠ᠂ ᠪᠢᠳᠡ ᠳᠡᠭᠡᠳᠦ ᠱᠠᠲᠤᠨ ᠤ ᠪᠠᠭᠤᠯᠭᠠᠭᠰᠠᠨ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ 2018 ᠣᠨ ᠠᠴᠠ ᠨᠠᠰᠢ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠡᠷᠭᠡ ᠪᠠᠷ ᠳᠠᠮᠵᠢᠭᠤᠯᠤᠨ ᠮᠥᠩᠭᠦᠨ  ᠭᠦᠢᠯᠭᠡᠭᠡᠨ ᠤ ᠲᠥᠷᠥᠯ ᠤᠨ ᠥᠷᠢ ᠥᠭᠴᠡᠭᠡ ᠶᠢ ᠳᠥᠯᠥᠬᠦ 6.8 ᠳ᠋ᠦᠩᠰᠢᠭᠤᠷ ᠲᠥᠭᠦᠷᠢᠭ᠂ ᠥᠷᠢ ᠥᠭᠴᠡᠭᠡ ᠶᠢ ᠳᠠᠬᠢᠨ ᠵᠣᠬᠢᠶᠠᠨ ᠪᠠᠶᠢᠭᠤᠯᠬᠤ᠂ ᠡᠳ᠋ ᠬᠥᠷᠥᠩᠭᠡ ᠶᠢ ᠲᠤᠯᠭᠠᠨ ᠣᠷᠣᠯᠠᠭᠤᠯᠬᠤ᠂ ᠥᠷᠢ ᠥᠭᠴᠡᠭᠡ ᠶᠢ ᠰᠲ᠋ᠣᠺ ᠪᠣᠯᠭᠠᠨ ᠬᠤᠪᠢᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠳᠤᠮᠳᠠ ᠵᠢᠵᠢᠭ ᠠᠵᠤ ᠠᠬᠤᠶᠢᠯᠠᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ 14.1 ᠳ᠋ᠦᠩᠰᠢᠭᠤᠷ ᠲᠥᠭᠦᠷᠢᠭ ᠢ ᠢᠯᠭᠠᠷᠠᠭᠤᠯᠤᠨ ᠳᠢᠭᠯᠡᠵᠦ᠂ ᠨᠡᠶᠢᠲᠡ 19.8 ᠳ᠋ᠦᠩᠰᠢᠭᠤᠷ ᠲᠥᠭᠦᠷᠢᠭ ᠢ ᠰᠢᠢᠳᠪᠤᠷᠢᠯᠡᠨ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠨᠣᠷᠮ᠎ᠠ 281% ᠪᠠᠶᠢᠭᠰᠠᠨ ᠠᠴᠠ ᠪᠠᠨ 153% ᠪᠣᠯᠤᠨ ᠪᠠᠭᠤᠷᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠦᠲᠦᠮᠵᠢᠲᠡᠶ ᠪᠠᠲᠤᠯᠠᠪᠠ᠃ ︽ᠭᠤᠷᠪᠠᠨ ᠪᠠᠲᠤᠯᠠᠭ᠎ᠠ︾᠎ ᠶᠢᠨ ᠵᠠᠶᠢᠯᠠᠰᠢ ᠦᠭᠡᠢ ᠵᠠᠷᠤᠯᠭ᠎ᠠ ᠶᠢ ᠦᠨᠳᠦᠰᠦᠨ ᠳᠡᠭᠡᠨ ᠪᠡᠶᠡᠯᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ 2016 ᠣᠨ ᠳᠤ 19.8 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2020 ᠣᠨ ᠪᠣᠯᠬᠤ ᠳᠤ 27.9 ᠳ᠋ᠦᠩᠰᠢᠭᠤᠷ ᠲᠥᠭᠦᠷᠢᠭ ᠪᠣᠯᠤᠨ ᠨᠡᠮᠡᠭᠳᠡᠵᠦ᠂ ︽ᠭᠤᠷᠪᠠᠨ ᠪᠠᠲᠤᠯᠠᠭ᠎ᠠ︾᠎ ᠶᠢᠨ ᠵᠠᠷᠤᠯᠭ᠎ᠠ 2016 ᠣᠨ ᠳᠤ 10.5 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2020 ᠣᠨ ᠪᠣᠯᠬᠤ ᠳᠤ 12.7 ᠳ᠋ᠦᠩᠰᠢᠭᠤᠷ ᠲᠥᠭᠦᠷᠢᠭ ᠪᠣᠯᠤᠨ ᠨᠡᠮᠡᠭᠳᠡᠵᠦ᠂ ᠨᠡᠶᠢᠳᠡ ᠵᠠᠷᠤᠯᠭ᠎ᠠ 56.5 ᠳ᠋ᠦᠩᠰᠢᠭᠤᠷ ᠲᠥᠭᠦᠷᠢᠭ ᠲᠤ ᠬᠦᠷᠴᠦ᠂ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠵᠤ᠂ ᠪᠠᠲᠤᠯᠠᠬᠤ ᠶᠣᠰᠣᠲᠠᠶ ᠶᠢ ᠨᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ — — ᠡᠨᠡ ᠲᠠᠪᠤᠨ ᠵᠢᠯ ᠳᠤ ᠲᠦᠢᠯ ᠤᠨ ᠶᠡᠭᠡ ᠲᠠᠯᠳᠠ ᠬᠦᠴᠦᠨ ᠲᠠᠢ ᠶᠤᠮ᠃ ᠬᠥᠭᠵᠢᠭᠦᠯᠦᠯᠲᠡ ᠶᠢᠨ ᠲᠡᠷᠢᠭᠦᠨ ᠴᠢᠬᠤᠯᠠ ᠡᠭᠦᠷᠭᠡ ᠶᠢ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠭᠤᠷᠪᠠᠨ ᠠᠵᠤ ᠦᠢᠯᠡᠰ ᠤᠨ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠪᠦᠲᠦᠴᠡ ᠶᠢᠨ ᠬᠠᠷᠢᠴᠠᠯ ᠢ 23᠄ 47᠄ 30 ᠪᠠᠶᠢᠭᠰᠠᠨ ᠠᠴᠠ 30.5᠄ 24.7᠄ 44.8 ᠪᠣᠯᠭᠠᠨ ᠲᠣᠬᠢᠷᠠᠭᠤᠯᠪᠠ᠃ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠠᠮᠤ ᠪᠤᠳᠠᠭᠠᠨ ᠤ ᠶᠡᠷᠦᠩᠬᠡᠶ ᠤᠨᠠᠯᠲᠠ ᠶᠢ 4 ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ ᠦᠷᠭᠦᠯᠵᠢᠯᠡᠨ ᠲᠣᠭᠲᠠᠪᠤᠷᠢᠵᠢᠭᠤᠯᠵᠤ᠂ ᠡᠯᠳᠡᠪ ᠠᠮᠤ ᠡᠯᠳᠡᠪ ᠪᠤᠷᠴᠠᠭ ᠤᠨ ᠲᠠᠷᠢᠮᠠᠯ ᠤᠨ ᠲᠠᠯᠠᠪᠠᠢ ᠶᠢ ᠪᠦᠬᠦ ᠰᠢᠶᠠᠨ ᠤ ᠶᠡᠷᠦᠩᠬᠡᠶ ᠲᠠᠷᠢᠮᠠᠯ ᠤᠨ ᠲᠠᠯᠠᠪᠠᠢ ᠶᠢᠨ 45% ᠬᠦᠷᠲᠡᠯ᠎ᠡ ᠥᠷᠭᠡᠳᠬᠡᠪᠡ︔ 5 ᠲᠦᠮᠡᠨ ᠮᠦ ᠣᠷᠭᠠᠨᠢᠭ ᠬᠠᠭᠤᠷᠠᠢ ᠶᠢᠨ ᠲᠠᠷᠢᠶᠠᠯᠠᠩ ᠢ ᠨᠢᠮᠪᠠᠢ ᠪᠠᠶᠢᠭᠤᠯᠵᠤ᠂ ᠠᠮᠢ ᠠᠬᠤᠢ ᠶᠢᠨ ᠦᠷ᠎ᠡ ᠠᠰᠢᠭ ᠲᠠᠢ᠂ ᠠᠵᠤ ᠠᠬᠤᠢ ᠶᠢᠨ ᠦᠷ᠎ᠡ ᠠᠰᠢᠭ ᠲᠠᠢ ᠲᠠᠷᠢᠮᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠪᠠ︔ ᠮᠠᠯ ᠵᠢᠭᠦᠷᠲᠡᠨ ᠤ ᠲᠤᠭ᠎ᠠ᠂ ᠭᠠᠷᠭᠠᠯᠲᠠ ᠶᠢᠨ ᠲᠤᠭ᠎ᠠ ᠲᠣᠭᠲᠠᠭᠤᠨ ᠢᠶᠠᠷ ᠨᠡᠮᠡᠭᠳᠡᠵᠦ᠂ ᠠᠵᠢᠨᠠᠶ ᠢᠮᠠᠭᠠᠨ ᠤ ᠮᠠᠯ ᠠᠵᠤ ᠠᠬᠤᠶ ᠶᠢᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ 5᠎ ᠶᠢ ᠪᠠᠶᠢᠭᠤᠯᠤᠨ ᠳᠠᠭᠤᠰᠬᠠᠵᠤ᠂ ᠢᠯᠢ ᠶᠢᠨ 10 ᠲᠦᠮᠡᠨ ᠰᠠᠭᠠᠯᠢ ᠶᠢᠨ ᠦᠨᠢᠶ᠎ᠡ ᠶᠢᠨ ᠠᠮᠢ ᠠᠬᠤᠶ ᠶᠢᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠡᠬᠢᠯᠡᠨ ᠪᠠᠶᠢᠭᠤᠯᠵᠤ᠂ ᠬᠠᠶ ᠭᠤᠤ ᠮᠠᠯ ᠠᠵᠤ ᠠᠬᠤᠶ ᠲᠠᠰᠤᠷᠠᠯᠲᠠ ᠥᠬᠡᠶ ᠬᠥᠭᠵᠢᠨ ᠪᠤᠵᠠᠭᠠᠶᠢᠷᠠᠪᠠ᠃ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠠᠯᠬᠤᠴᠠ ᠲᠦᠷᠭᠡᠳᠪᠡ᠃᠎  ᠲᠠᠭ᠎ᠠ ᠶᠢᠨ ᠨᠠᠭᠤᠷ ᠤᠨ ᠴᠠᠬᠢᠯᠭᠠᠨ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢ 4 ᠵᠢᠯ ᠤᠨ ᠬᠤᠭᠤᠴᠠᠭᠠᠨ ᠳᠤ ᠪᠦᠬᠦᠨ ᠢ ᠳᠠᠭᠤᠰᠬᠠᠵᠤ᠂  ᠲᠠᠭ᠎ᠠ ᠶᠢᠨ ᠨᠠᠭᠤᠷ ᠤᠨ ᠤᠰᠤ ᠪᠣᠯᠤᠨ ᠭᠠᠵᠠᠷ ᠳᠣᠣᠷᠠᠬᠢ ᠤᠰᠤ ᠶᠢ ᠬᠡᠷᠡᠭᠯᠡᠬᠦ ᠶᠢ ᠡᠭᠦᠷᠢᠳᠡ ᠵᠣᠭᠰᠣᠭᠠᠵᠤ᠂ 500 ᠰᠠᠶ᠎ᠠ ᠸᠠᠲ ᠤᠨ ᠭᠠᠯ ᠲᠦᠢᠮᠡᠷ ᠢ ᠪᠣᠭᠤᠵᠢᠯᠠᠬᠤ ᠲᠦᠷᠦᠯ ᠵᠦᠢᠯ ᠢ ᠭᠠᠷᠳᠠᠮ ᠢ ᠮᠡᠳᠡᠭᠦᠯᠦᠨ ᠵᠥᠪᠰᠢᠶᠡᠷᠡᠭᠦᠯᠬᠦ ᠱᠠᠲᠤᠨ ᠳᠤ ᠣᠷᠣᠭᠤᠯᠪᠠ᠃ ᠪᠦᠬᠦ ᠰᠢᠶᠠᠨ ᠤ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 70 ᠰᠠᠶ᠎ᠠ ᠸᠠᠲ ᠲᠤ ᠬᠦᠷᠭᠡᠵᠦ᠂ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 50 ᠰᠠᠶ᠎ᠠ ᠸᠠᠲ ᠲᠤ ᠬᠦᠷᠭᠡᠨ᠎ᠡ᠃ ᠮᠤᠩ ᠳ᠋ᠢ ᠬᠠᠭᠠᠨ ᠤ ᠰᠦᠨ  ᠤᠶᠢᠯᠡᠰ᠂  ᠸᠠᠩ ᠰᠢᠩ ᠲᠠᠷᠢᠶᠠᠯᠠᠩ᠂ ᠡᠷᠡᠨ ᠵᠠᠭᠤᠨ ᠤ ᠠᠮᠤ ᠪᠤᠳᠠᠭᠠᠨ ᠤ ᠬᠤᠳᠠᠯᠳᠤᠭ᠎ᠠ ᠵᠡᠷᠭᠡ ᠨᠢᠭᠡ ᠪᠦᠯᠦᠭ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠢ ᠪᠤᠶᠢᠵᠢᠭᠤᠯᠵᠤ᠂  ᠰᠦ᠂ ᠮᠢᠬ᠎ᠠ᠂ ᠠᠮᠤ ᠪᠤᠳᠠᠭ᠎ᠠ᠂ ᠲᠣᠰᠣ ᠵᠡᠷᠭᠡ ᠤᠨᠴᠠᠯᠢᠬᠳᠤ ᠳᠠᠪᠠᠭᠤᠯᠢᠭ ᠠᠵᠤ  ᠤᠶᠢᠯᠡᠰ ᠢ ᠪᠣᠶ ᠪᠣᠯᠭᠠᠪᠠ᠃ ᠦᠢᠯᠡᠴᠢᠯᠡᠭᠡᠨ ᠤ ᠦᠢᠯᠡᠰ ᠤᠨ ᠰᠢᠨ᠎ᠡ ᠬᠥᠳᠡᠯᠭᠡᠭᠴᠢ ᠡᠨᠧᠷᠭᠢ ᠲᠦᠷᠭᠡᠪᠴᠢᠯᠡᠨ ᠪᠦᠷᠢᠯᠳᠦᠪᠡ᠃ ᠲᠠᠭ᠎ᠠ ᠶᠢᠨ ᠨᠠᠭᠤᠷ ᠪᠠᠯᠭᠠᠰᠤ ᠨᠢ ᠬᠤᠶᠠᠳᠤᠭᠠᠷ ᠪᠦᠯᠦᠭ ᠤᠨ ᠪᠦᠬᠦ ᠤᠯᠤᠰ ᠤᠨ ᠣᠨᠴᠠᠯᠢᠭ ᠲᠠᠢ ᠵᠢᠵᠢᠭ ᠪᠠᠯᠭᠠᠰᠤ ᠪᠠᠷ ᠦᠨᠡᠯᠡᠭᠳᠡᠵᠦ᠂ ᠲᠠᠭ᠎ᠠ ᠶᠢᠨ ᠨᠠᠭᠤᠷ ᠤᠨ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠨᠢ ᠤᠯᠤᠰ ᠤᠨ 4A ᠳᠡᠰ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ ᠮᠤᠷᠢᠨ ᠷᠠᠰᠢᠶᠠᠨ ᠤ ᠪᠠᠶᠠᠷ᠂ ᠰᠦᠢ ᠮᠧᠩ ᠤᠨ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠰᠣᠶᠣᠯ ᠵᠤᠭᠠᠴᠠᠯ ᠤᠨ ᠲᠦᠷᠦᠯ ᠵᠦᠢᠯ ᠤᠨ ᠳᠠᠶᠢᠴᠢᠯᠠᠬᠤ ᠦᠢᠯᠡᠳᠦᠯ ᠮᠡᠳᠡᠭᠳᠡᠮ᠎ᠡ ᠪᠠᠶᠢᠵᠤ᠂ ᠵᠢᠯ ᠳᠤᠮᠳᠠᠴᠢ ᠶᠢᠨ ᠬᠦᠯᠢᠶᠡᠨ ᠠᠪᠤᠭᠰᠠᠨ ᠵᠤᠭᠠᠴᠠᠭᠰᠠᠳ ᠤᠨ ᠲᠤᠭ᠎ᠠ 130 ᠲᠦᠮᠡᠨ ᠬᠥᠮᠦᠨ ᠤᠳᠠᠭ᠎ᠠ ᠶᠢ ᠳᠠᠪᠠᠵᠤ᠂ ᠬᠠᠮᠤᠭ ᠤᠨ ᠥᠨᠳᠥᠷ ᠣᠷᠣᠯᠭ᠎ᠠ ᠨᠢ 4 ᠳ᠋ᠦᠩᠰᠢᠭᠤᠷ ᠲᠥᠭᠦᠷᠢᠭ ᠲᠤ ᠣᠶᠢᠷᠠᠳᠴᠤ᠂ ᠠᠵᠢᠯ ᠡᠷᠬᠢᠯᠡᠭᠰᠡᠡ ᠬᠥᠮᠦᠨ ᠤ ᠲᠤᠭ᠎ᠠ ᠨᠢ 5000 ᠬᠥᠮᠦᠨ ᠳᠤ ᠬᠦᠷᠴᠡᠢ᠃ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠨᠡᠶᠢᠭᠡᠮ ᠤᠨ ᠦᠢᠯᠡᠴᠢᠯᠡᠭᠡ ᠵᠡᠷᠭᠡ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠬᠥᠭᠵᠢᠵᠦ᠂ ᠰᠣᠶᠣᠯ ᠪᠡᠶ᠎ᠡ ᠶᠢᠨ ᠲᠠᠮᠢᠷ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠲᠦᠷᠭᠡᠨ ᠢᠶᠠᠷ ᠬᠥᠭᠵᠢᠪᠡ᠃    ᠲᠥᠯᠥᠭᠡᠯᠡᠭᠴᠢᠳ ᠡ᠂ ᠥᠩᠭᠡᠷᠡᠭᠰᠡᠨ ᠲᠠᠪᠤᠨ ᠵᠢᠯ ᠳᠤ᠂ ᠪᠢᠳᠡ ᠬᠦᠨᠳᠦ ᠡᠭᠦᠷᠭᠡ ᠶᠢ ᠡᠭᠦᠷᠭᠡᠯᠡᠨ ᠤᠷᠤᠭᠰᠢᠯᠠᠵᠤ᠂ ᠡᠷᠡᠮᠡᠬᠡᠶᠢᠯᠡᠨ ᠤᠷᠤᠭᠰᠢᠯᠠᠵᠤ᠂ ᠪᠦᠬᠦ ᠰᠢᠶᠠᠨ ᠤ ᠡᠯ᠎ᠡ ᠵᠦᠢᠯ ᠤᠨ ᠠᠵᠢᠯ ᠲᠣᠭᠲᠠᠭᠤᠨ ᠤ ᠳᠤᠮᠳᠠ ᠤᠷᠤᠭᠰᠢᠯᠠᠵᠤ᠂ ᠢᠯᠠᠩᠭᠤᠶ᠎ᠠ 2020 ᠣᠨ ᠳᠤ᠂ ᠬᠦᠨᠳᠦ ᠪᠡᠷᠬᠡ ᠥᠭᠡᠷᠡᠴᠢᠯᠡᠯᠲᠡ ᠬᠥᠭᠵᠢᠭᠦᠯᠦᠯᠲᠡ ᠶᠢᠨ ᠡᠭᠦᠷᠭᠡ ᠪᠣᠯᠤᠨ ᠭᠡᠨᠡᠳᠲᠡ ᠡᠭᠦᠰᠦᠭᠰᠡᠨ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ︽ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ︾᠎ ᠪᠠᠷ ᠭᠤᠣᠯᠳᠠᠯᠭ᠎ᠠ ᠪᠣᠯᠭᠠᠨ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾᠎ ᠶᠢ ᠴᠢᠩᠭ᠎ᠠ ᠪᠣᠳᠠᠲᠠᠶᠢᠵᠢᠭᠤᠯᠵᠤ᠂ ︽ᠬᠥᠮᠦᠨ ᠢ ᠬᠠᠮᠲᠤᠪᠠᠷ ᠰᠡᠷᠭᠡᠶᠢᠯᠡᠬᠦ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠲᠣᠭᠲᠠᠴᠠ ᠶᠢ ᠪᠠᠶᠢᠭᠤᠯᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠰᠤᠷᠤᠯᠭ᠎ᠠ ᠪᠠᠨ ᠰᠡᠷᠭᠦᠭᠡᠵᠦ ᠬᠢᠴᠢᠶᠡᠯ ᠢᠶᠠᠨ ᠰᠡᠷᠭᠦᠭᠡᠬᠦ᠂ ᠠᠵᠢᠯ ᠢᠶᠠᠨ ᠰᠡᠷᠭᠦᠭᠡᠵᠦ ᠵᠠᠬ᠎ᠠ ᠳᠡᠯᠭᠡᠭᠦᠷ ᠢᠶᠠᠨ ᠰᠡᠷᠭᠦᠭᠡᠬᠦ ᠶᠢ ᠡᠮᠬᠢ ᠵᠢᠷᠤᠮ ᠲᠠᠢ ᠠᠬᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠦᠨᠳᠦᠰᠦᠨ ᠪᠠᠶᠢᠳᠠᠯ ᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠪᠠ᠃ 2020 ᠣᠨ ᠳᠤ ᠭᠠᠵᠠᠷ ᠣᠷᠣᠨ ᠤ  ᠤᠶᠢᠯᠡᠳᠪᠤᠷᠢᠯᠡᠯ ᠤᠨ ᠪᠥᠬᠦ ᠥᠷᠲᠡᠭ ᠢ 45.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 13.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 1.79 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠤᠶᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢ 10.97 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 31860 ᠲᠥᠭᠦᠷᠢᠭ ᠪᠠ 14569 ᠲᠥᠭᠦᠷᠢᠭ ᠪᠣᠯᠭᠠᠪᠠ᠃       2020 ᠣᠨ ᠳᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠡᠭᠦᠷᠭᠡ ᠶᠢᠨ ᠡᠮᠦᠨ᠎ᠡ᠂ ᠪᠢᠳᠡ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾᠎ ᠤ ᠢᠯᠠᠯᠲᠠ ᠶᠢ ᠤᠯᠬᠤ ᠳᠤᠮᠳᠠ ᠡᠷᠡᠯᠬᠡᠭᠯᠡᠨ ᠤᠷᠤᠭᠰᠢᠯᠠᠨ᠎ᠠ    ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠲᠡᠭᠦᠰᠬᠡᠯ ᠤᠨ ᠳᠠᠶᠢᠯᠠᠯᠳᠤᠭᠠᠨ ᠢ ᠰᠠᠶᠢᠲᠤᠷ ᠬᠢᠨ᠎ᠠ᠃ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠬᠠᠷᠠᠯᠲᠠ ᠲᠠᠢ ᠨᠢᠭᠲᠠ ᠤᠶᠠᠯᠳᠤᠭᠤᠯᠤᠨ᠂ ︽ᠳᠥᠷᠪᠡ ᠶᠢ ᠬᠠᠰᠤᠬᠤ ᠥᠬᠡᠶ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠵᠢᠯ ᠳᠤ 1.42 ᠳ᠋ᠦᠩᠰᠢᠭᠤᠷ ᠲᠥᠭᠦᠷᠢᠭ ᠣᠷᠣᠭᠤᠯᠵᠤ᠂ 4678 ᠡᠷᠦᠬᠡ 10291 ᠬᠥᠮᠦᠨ ᠢ ᠲᠣᠪᠶᠤᠭ ᠤᠨ ᠬᠡᠯᠪᠡᠷᠢ ᠪᠠᠷ ᠲᠡᠳᠬᠦᠵᠦ᠂ 4995 ᠡᠷᠦᠬᠡ 11157 ᠬᠥᠮᠦᠨ ᠢ ᠠᠵᠤ ᠠᠬᠤᠶᠢᠯᠠᠯ ᠤᠨ ᠴᠥᠷᠬᠡᠯᠡᠭᠡ᠂ 776 ᠡᠷᠦᠬᠡ ᠶᠢᠨ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ 5280 ᠲᠦᠮᠡᠨ ᠲᠥᠭᠦᠷᠢᠭ ᠲᠤ ᠬᠦᠷᠴᠡᠶ︔ ᠠᠶᠤᠯ ᠲᠦᠭᠰᠢᠭᠦᠷᠢ ᠶᠢᠨ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ 288 ᠡᠷᠤᠭᠡ ᠶᠢ ᠰᠢᠨ᠎ᠡ ᠪᠠᠷ ᠪᠠᠶᠢᠭᠤᠯᠵᠤ᠂ 879 ᠡᠷᠤᠭᠡ ᠶᠢ ᠰᠡᠯᠪᠢᠨ ᠵᠠᠰᠠᠵᠤ᠂ 1400 ᠡᠷᠤᠭᠡ ᠶᠢᠨ ᠬᠠᠭᠤᠴᠢᠨ ᠭᠡᠷ ᠪᠠᠶᠢᠰᠢᠩ ᠢ ᠨᠤᠷᠠᠭᠠᠪᠠ︔ 2743 ᠶᠠᠳᠠᠭᠤ ᠬᠦᠴᠢᠷᠳᠡᠯᠲᠡᠢ ᠤᠯᠠᠨ ᠲᠦᠮᠡᠨ ᠢ ᠰᠢᠯᠵᠢᠭᠦᠯᠦᠨ ᠠᠵᠢᠯ ᠣᠯᠭᠤᠵᠤ᠂ 1596 ᠡᠷᠦᠬᠡ ᠶᠢ ᠣᠨᠳᠣᠣ ᠭᠠᠵᠠᠷ ᠲᠤ ᠨᠡᠭᠦᠯᠭᠡᠭᠰᠡᠨ ᠶᠠᠳᠠᠭᠤ ᠬᠦᠴᠢᠷᠳᠡᠯᠲᠡᠢ ᠭᠡᠷ ᠪᠦᠯᠢ ᠶᠢᠨ ᠳᠣᠲᠣᠷ᠎ᠠ᠂ ᠠᠵᠢᠯ ᠤᠯᠬᠤ ᠨᠥᠬᠦᠴᠡᠯ ᠳᠤ ᠨᠡᠶᠢᠴᠡᠭᠰᠡᠨ ᠨᠢ ᠨᠠᠭᠠᠳᠤ ᠵᠠᠬ᠎ᠠ ᠳᠠᠭᠠᠨ 1 ᠬᠥᠮᠦᠨ ᠳᠤ ᠠᠵᠢᠯ ᠣᠯᠭᠤᠬᠤ ᠶᠢ ᠪᠡᠶᠡᠯᠡᠭᠦᠯᠵᠡᠢ︔ ᠵᠠᠬ᠎ᠠ ᠬᠢᠵᠠᠭᠠᠷ ᠤᠨ 624 ᠡᠷᠦᠬᠡ᠂ ᠶᠠᠳᠠᠭᠤ ᠠᠴᠠ ᠠᠩᠭᠢᠵᠢᠷᠠᠭᠰᠠᠨ 540 ᠡᠷᠦᠬᠡ ᠳᠤ ᠬᠥᠳᠡᠯᠦᠩᠭᠦᠶ ᠬᠢᠨᠠᠨ ᠬᠡᠮᠵᠢᠯᠲᠡ ᠬᠢᠵᠦ᠂ ᠴᠠᠭ ᠲᠤᠬᠠᠶ ᠳᠤᠨᠢ ᠬᠠᠪᠰᠤᠷᠤᠨ ᠲᠡᠳᠬᠦᠪᠡ︔ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠡᠷᠡᠭᠦᠯ ᠮᠡᠨᠳᠤ ᠪᠠᠷ ᠶᠠᠳᠠᠭᠤ ᠶᠢ ᠲᠡᠳᠬᠦᠬᠦ᠂ ᠨᠡᠶᠢᠭᠡᠮ ᠤᠨ ᠪᠠᠲᠤᠯᠠᠭ᠎ᠠ ᠪᠠᠷ ᠦᠨᠳᠦᠰᠦᠨ ᠵᠦᠢᠯ ᠢ ᠪᠠᠲᠤᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃       ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠤᠷᠲᠤ ᠬᠤᠭᠤᠴᠠᠭ᠎ᠠ ᠪᠠᠷ ᠰᠠᠶᠢᠲᠤᠷ ᠬᠢᠬᠦ ᠬᠡᠷᠡᠭᠲᠡᠢ᠃  ᠲᠠᠭ᠎ᠠ ᠶᠢᠨ ᠨᠠᠭᠤᠷ ᠤᠨ ᠵᠠᠰᠠᠯᠲᠠ ᠶᠢ ᠭᠦᠨᠵᠡᠭᠡᠶᠢᠷᠡᠭᠦᠯᠦᠨ ᠥᠷᠭᠡᠳᠬᠡᠪᠡ᠃ ᠨᠡᠶᠢᠲᠡ 30 ᠲᠥᠷᠥᠯ  ᠵᠤᠶᠢᠯ ᠢ ᠬᠡᠷᠡᠭᠵᠢᠭᠦᠯᠵᠦ᠂ 7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ ᠃ ᠪᠠᠴᠢᠮ ᠪᠠᠶᠢᠳᠠᠯ ᠢ  ᠠᠷᠭᠠᠴᠠᠭᠠᠬᠤ ᠤᠰᠤ ᠨᠥᠬᠦᠪᠥᠷᠢᠯᠡᠬᠦ ᠢᠨᠵᠧᠨᠧᠷᠢᠩ ᠤᠨ ᠱᠤᠸᠠᠩ ᠬᠥ᠋ ᠴᠧᠩ ᠨᠦᠬᠡᠨ ᠵᠠᠮ ᠢ 1292 ᠮᠧᠲᠷ ᠮᠠᠯᠲᠠᠵᠤ᠂ 400 ᠺᠢᠯᠣᠮᠧᠲᠷ ᠤᠨ ᠭᠤᠤᠯ ᠤᠨ ᠵᠠᠮ ᠢ ᠵᠠᠰᠠᠵᠤ᠂ 26.6 ᠲᠡᠭᠰᠢ ᠳᠥᠷᠪᠡᠯᠵᠢᠨ ᠺᠢᠯᠣᠮᠧᠲᠷ ᠤᠨ ᠬᠥᠷᠥᠰᠥ ᠰᠢᠷᠣᠶ ᠶᠢ ᠬᠠᠮᠠᠭᠠᠯᠠᠨ ᠵᠠᠰᠠᠪᠠ᠃ ᠬᠤᠩ ᠮᠤᠤ ᠪᠠᠯᠭᠠᠰᠤᠨ ᠤ ᠪᠣᠬᠢᠷ ᠤᠰᠤ  ᠰᠢᠢᠳᠪᠤᠷᠢᠯᠡᠬᠦ ᠦᠶ᠋ᠯᠡᠳᠪᠦᠷᠢ ᠶᠢᠨ ᠬᠤᠶᠠᠳᠤᠭᠠᠷ ᠵᠢᠪᠦᠮᠡᠯ ᠲᠠᠲᠠᠭᠠᠯ᠂ ᠠᠮᠢᠳᠤ ᠪᠣᠳᠠᠰ ᠤᠨ ᠲᠠᠲᠠᠭᠠᠯ ᠪᠥᠲᠥᠭᠡᠨ ᠪᠠᠶᠢᠭᠤᠯᠤᠯᠲᠠ ᠶᠢᠨ ᠲᠥᠷᠥᠯ  ᠵᠤᠶᠢᠯ ᠪᠠ ᠪᠣᠬᠢᠷ ᠰᠢᠪᠠᠷ ᠢ ᠰᠢᠢᠳᠪᠤᠷᠢᠯᠡᠬᠦ ᠢᠨᠵᠧᠨᠧᠷᠢᠩ ᠢ ᠠᠰᠢᠭᠯᠠᠯᠲᠠ ᠳᠤ ᠣᠷᠣᠭᠤᠯᠵᠤ᠂ ᠤᠰᠤ ᠭᠠᠷᠬᠤ ᠤᠰᠤᠨ ᠤ ᠴᠢᠨᠠᠷ ᠢ ᠨᠢᠭᠡᠳᠦᠭᠡᠷ ᠳᠡᠰ ᠤᠨ A᠎ ᠳᠤ ᠲᠣᠭᠲᠠᠭᠤᠨ ᠢᠶᠠᠷ ᠬᠦᠷᠭᠡᠪᠡ᠃  ᠲᠠᠭ᠎ᠠ ᠶᠢᠨ ᠨᠠᠭᠤᠷ ᠤᠨ ᠰᠠᠪᠠ ᠭᠠᠵᠠᠷ ᠤᠨ ᠵᠢᠯ ᠳᠤ 50 ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢᠬᠢ ᠪᠠᠭᠠᠰᠤᠨ ᠪᠣᠬᠢᠷᠲᠤᠯ ᠤᠨ ᠭᠠᠷᠤᠯᠲᠠ ᠪᠥᠬᠦᠶ ᠲᠡᠵᠢᠭᠡᠨ ᠦᠷᠡᠵᠢᠭᠦᠯᠬᠦ ᠲᠠᠯᠠᠪᠠᠶ ᠳᠤ ᠴᠥᠮ ᠪᠣᠷᠲᠣᠭᠤᠷ ᠣᠪᠣᠭᠠᠯᠠᠵᠤ ᠢᠰᠬᠡᠬᠦ ᠲᠠᠲᠠᠭᠠᠯ ᠢ ᠢᠵᠢ ᠪᠥᠷᠢᠳᠦᠭᠦᠯᠵᠦ᠂ ᠪᠠᠭᠠᠰᠤᠨ ᠪᠣᠬᠢᠷᠲᠤᠯ ᠤᠨ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 95%᠎ ᠠᠴᠠ ᠳᠡᠭᠡᠭᠰᠢ ᠳᠤ ᠬᠦᠷᠦᠭᠦᠯᠦᠨ᠎ᠡ︔ ᠭᠤᠣᠯ ᠤᠨ ᠰᠠᠪᠠ ᠶᠢᠨ ᠳᠣᠲᠣᠷᠠᠬᠢ 23 ᠵᠢᠭᠠᠰᠤᠨ ᠴᠥᠭᠦᠷᠥᠮ᠂ 22 ᠲᠡᠵᠢᠭᠡᠨ ᠦᠷᠡᠵᠢᠭᠦᠯᠬᠦ ᠲᠠᠯᠠᠪᠠᠢ ᠶᠢ ᠴᠡᠪᠡᠷᠯᠡᠵᠦ᠂ 1 ᠣᠷᠭᠠᠨᠢᠭ ᠪᠤᠷᠳᠤᠭᠤᠷ ᠤᠨ ᠦᠢᠯᠡᠳᠪᠦᠷᠢ᠂ 3 ᠤᠰᠤᠨ ᠤ ᠴᠢᠨᠠᠷ ᠢ ᠠᠦ᠋ᠲ᠋ᠣ᠋ ᠬᠢᠨᠠᠨ ᠬᠡᠮᠵᠢᠬᠦ ᠦᠷᠳᠡᠭᠡ ᠶᠢ ᠪᠠᠶᠢᠭᠤᠯᠵᠤ᠂ ᠲᠢᠶᠠᠨ ᠴᠧᠩ  ᠭᠤᠣᠯ᠂  ᠡᠭᠴᠡ ᠭᠤᠤ ᠵᠡᠷᠭᠡ ᠤᠰᠤᠨ ᠤ ᠴᠢᠨᠠᠷ ᠢ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠨᠠᠭᠤᠷ ᠲᠤ ᠴᠢᠳᠬᠤᠬᠤ ᠪᠣᠬᠢᠷᠲᠤᠯ ᠪᠣᠳᠠᠰ ᠢ ᠤᠯᠠᠮ ᠨᠢᠭᠡ ᠠᠯᠬᠤᠮ ᠪᠠᠭᠠᠰᠬᠠᠪᠠ᠃ ᠳᠠᠭᠠ ᠶᠢᠨ ᠲᠡᠯᠡᠶ ᠶᠢᠨ ᠤᠰᠤᠨ ᠤ ᠠᠮᠢ ᠠᠬᠤᠶ ᠶᠢᠨ ᠲᠣᠮᠣ ᠳ᠋ᠠᠶᠢᠲ᠋ᠠ ᠶᠢ ᠬᠢᠨᠠᠨ ᠰᠢᠨᠵᠢᠵᠦ ᠵᠠᠳᠠᠯᠤᠨ ᠰᠤᠳᠤᠯᠬᠤ ᠠᠵᠢᠯ ᠢ ᠥᠷᠨᠢᠭᠦᠯᠵᠦ᠂ ᠨᠠᠭᠤᠷ ᠤᠨ ᠳᠣᠲᠣᠷᠠᠬᠢ ᠵᠢᠭᠠᠰᠤᠨ ᠤ ᠲᠥᠷᠥᠯ ᠢ ᠲᠡᠵᠢᠭᠡᠨ ᠦᠷᠡᠵᠢᠭᠦᠯᠬᠦ ᠲᠤᠷᠰᠢᠯᠲᠠ ᠶᠢ ᠬᠡᠷᠡᠭᠵᠢᠭᠦᠯᠦᠨ᠂ ︽ ᠲᠠᠭ᠎ᠠ ᠶᠢᠨ ᠨᠠᠭᠤᠷ ᠤᠰᠤᠨ ᠤ ᠢᠷᠣᠭᠠᠷ ᠤᠨ ᠰᠢᠪᠠᠷ ᠤᠨ ᠪᠣᠬᠢᠷᠲᠤᠯ ᠢ ᠵᠠᠰᠠᠬᠤ ᠲᠤᠷᠰᠢᠯᠲᠠ︾᠎ ᠶᠢ ᠨᠠᠶᠢᠷᠠᠭᠤᠯᠤᠨ ᠵᠣᠬᠢᠶᠠᠵᠤ᠂ ᠨᠠᠭᠤᠷ ᠢ ᠵᠠᠰᠠᠬᠤ ᠰᠡᠳᠬᠢᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠤᠯᠪᠠ᠃ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠵᠢᠴᠢ ︽ᠡᠷᠭᠢᠵᠦ ᠪᠠᠶᠢᠴᠠᠭᠠᠬᠤ︾᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ ᠴᠡᠭᠴᠡᠯᠡᠨ ᠥᠭᠡᠷᠡᠴᠢᠯᠡᠬᠦ ᠡᠭᠦᠷᠭᠡ ᠶᠢ ᠪᠦᠬᠦᠨ ᠢ ᠪᠡᠶᠡᠯᠡᠭᠦᠯᠪᠡ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢ ᠯᠠᠪᠳᠠᠭᠤᠨ ᠢᠶᠠᠷ ᠠᠬᠢᠭᠤᠯᠵᠤ᠂ 3.5 ᠲᠦᠮᠡᠨ ᠮᠥ ᠤᠰᠤ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠦᠨ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠪᠣᠯᠪᠠᠰᠤᠷᠠᠭᠤᠯᠬᠤ  ᠤᠶᠢᠯᠡᠳᠪᠤᠷᠢ ᠶᠢ 1 ᠪᠠᠶᠢᠭᠤᠯᠵᠤ᠂ ᠵᠢᠯ ᠳᠤ 550 ᠲᠣᠨ ᠰᠦᠯᠢᠶᠣᠣ ᠪᠦᠷᠬᠦᠪᠴᠢ ᠶᠢ ᠬᠤᠷᠢᠶᠠᠨ ᠠᠪᠤᠪᠠ᠃ 0.6 ᠲᠦᠮᠡᠨ ᠮᠥ ᠶᠢᠨ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠶᠢ ᠪᠡᠶᠡᠯᠡᠭᠦᠯᠵᠦ᠂ 0.5 ᠲᠦᠮᠡᠨ ᠮᠥ ᠶᠢᠨ ᠪᠠᠶᠢᠭᠠᠯᠢ ᠶᠢᠨ ᠣᠶ ᠶᠢ ᠬᠠᠮᠠᠭᠠᠯᠠᠵᠤ᠂ 1 ᠲᠦᠮᠡᠨ ᠮᠥ ᠶᠢᠨ ᠠᠭᠤᠯᠠ ᠶᠢ ᠪᠢᠲᠡᠭᠦᠮᠵᠢᠯᠡᠨ ᠣᠶᠢᠵᠢᠭᠤᠯᠵᠤ᠂ 1 ᠲᠦᠮᠡᠨ ᠮᠥ ᠶᠢᠨ ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠪᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠨᠡᠶᠢᠳᠡ 1720 ᠺᠢᠯᠣᠮᠧᠲᠷ ᠭᠤᠣᠯ ᠮᠥᠷᠡᠨ ᠨᠠᠭᠤᠷ ᠴᠥᠭᠦᠷᠥᠮ ᠢ ᠲᠣᠭᠤᠷᠢᠨ ᠴᠠᠭᠳᠠᠵᠤ᠂ ᠭᠤᠣᠯ ᠤᠨ ᠵᠠᠮ ᠢ ᠡᠵᠡᠯᠡᠬᠦ᠂ ᠭᠤᠣᠯ ᠮᠥᠷᠡᠨ ᠤ ᠤᠰᠤᠨ ᠤ ᠣᠷᠴᠢᠨ ᠲᠣᠭᠤᠷᠢᠨ ᠢ ᠡᠪᠳᠡᠬᠦ ᠵᠡᠷᠭᠡ ᠨᠢᠭᠡ ᠪᠦᠯᠦᠭ ᠠᠰᠠᠭᠤᠳᠠᠯ ᠢ ᠰᠢᠢᠳᠪᠤᠷᠢᠯᠡᠪᠡ   ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠡᠳ᠋ ᠬᠥᠷᠥᠩᠭᠡ ᠪᠠᠷ ᠥᠷᠢ ᠥᠭᠴᠡᠭᠡ ᠶᠢ ᠳᠥᠯᠥᠬᠦ᠂ ᠥᠷᠢ ᠥᠭᠴᠡᠭᠡ ᠶᠢ ᠳᠠᠬᠢᠨ ᠵᠣᠬᠢᠶᠠᠨ ᠪᠠᠶᠢᠭᠤᠯᠬᠤ᠂ ︽ᠥᠷᠢ ᠥᠭᠴᠡᠭᠡ ᠶᠢ ᠰᠲ᠋ᠣᠺ ᠪᠣᠯᠭᠠᠨ ᠬᠤᠪᠢᠷᠠᠭᠤᠯᠬᠤ︾ ᠵᠡᠷᠭᠡ ᠠᠷᠭ᠎ᠠ ᠬᠡᠮᠵᠢᠶ᠎ᠡ ᠨᠢ ᠬᠦᠴᠦᠲᠡᠶ ᠪᠥᠭᠡᠳ ᠪᠦᠲᠦᠮᠵᠢᠲᠡᠶ ᠪᠠᠶᠢᠵᠤ᠂ ᠪᠥᠬᠦ ᠵᠢᠯ ᠳᠤ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ 5.5 ᠳ᠋ᠦᠩᠰᠢᠭᠤᠷ ᠲᠥᠭᠦᠷᠢᠭ ᠠᠷᠢᠯᠭᠠᠵᠤ᠂ ᠣᠨ ᠤ ᠡᠭᠦᠷᠭᠡ ᠪᠠᠨ 193%᠎ ᠪᠠᠷ ᠪᠡᠶᠡᠯᠡᠭᠦᠯᠪᠡ︔ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ 7 ᠳ᠋ᠦᠩᠰᠢᠭᠤᠷ ᠲᠥᠭᠦᠷᠢᠭ ᠢᠯᠭᠠᠷᠠᠭᠤᠯᠤᠨ ᠳᠢᠭᠯᠡᠵᠦ᠂ ᠡᠭᠦᠨ ᠤ ᠳᠣᠲᠣᠷ᠎ᠠ ᠵᠥᠷᠢᠯᠳᠦᠭᠡᠨ ᠦᠭᠡᠶ ᠳᠠᠩᠰᠠᠨ ᠵᠣᠭᠤᠰ ᠢ ᠪᠦᠬᠦᠨ ᠢᠶᠠᠷ ᠨᠢ ᠢᠯᠭᠠᠷᠠᠭᠤᠯᠤᠨ ᠳᠢᠭᠯᠡᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢᠯᠡᠳᠲᠡ ᠦᠷ᠎ᠡ ᠪᠦᠲᠦᠮᠵᠢ ᠣᠯᠵᠤ᠂ ᠪᠦᠬᠦ ᠰᠢᠶᠠᠨ ᠤ ᠡᠷᠡᠭᠦᠦ ᠶᠢᠨ ᠬᠡᠷᠡᠭ᠂ ᠠᠮᠤᠷ ᠢ ᠬᠠᠮᠠᠭᠠᠯᠠᠬᠤ ᠬᠡᠷᠡᠭ ᠲᠤᠰ ᠲᠤᠰ 15% ᠪᠠ 11%᠎ ᠪᠠᠷ ᠪᠠᠭᠤᠷᠠᠪᠠ᠃ ︽ᠤᠯᠤᠰ ᠲᠦᠷᠦ ᠶᠢᠨ ᠲᠠᠯ᠎ᠠ ᠪᠠᠷ ᠴᠠᠭᠳᠠᠭ᠎ᠠ ᠶᠢ ᠪᠠᠶᠢᠭᠤᠯᠵᠤ᠂ ᠴᠠᠭᠳᠠᠭ᠎ᠠ ᠶᠢ ᠴᠢᠩᠭ᠎ᠠ ᠵᠠᠰᠠᠬᠤ︾ ᠬᠥᠮᠦᠵᠢᠯ ᠴᠡᠭᠴᠡᠯᠡᠯᠲᠡ ᠪᠣᠳᠠᠲᠤ ᠦᠷ᠎ᠡ ᠪᠦᠲᠦᠮᠵᠢ ᠣᠯᠵᠤ᠂ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠳᠤ ᠰᠢᠨ᠎ᠡ ᠪᠠᠶᠢᠳᠠᠯ ᠢᠯᠡᠷᠡᠪᠡ᠃ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠤᠷᠢᠯᠡᠬᠦ ᠣᠨ︾᠎ ᠤ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠶᠠᠷᠰᠢᠭ ᠲᠦᠪᠡᠭᠲᠡᠶ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠪᠦᠲᠦᠮᠵᠢᠲᠡᠶ ᠪᠠᠷ ᠰᠢᠢᠳᠪᠤᠷᠢᠯᠡᠪᠡ  ᠃ ᠠᠶᠤᠯᠭᠦᠶ ᠦᠢᠯᠡᠳᠪᠦᠷᠢᠯᠡᠯ᠂ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠶ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃     2020 ᠣᠨ ᠳᠤ᠂ ᠠᠵᠤ ᠠᠬᠤᠶ ᠪᠠᠭᠤᠷᠠᠬᠤ ᠳᠠᠷᠤᠯᠲᠠ ᠦᠷᠭᠦᠯᠵᠢᠯᠡᠨ ᠨᠡᠮᠡᠭᠳᠡᠵᠦ ᠪᠠᠶᠢᠭ᠎ᠠ ᠬᠦᠨᠳᠦ ᠬᠡᠴᠡᠭᠦᠤ ᠪᠠᠶᠢᠳᠠᠯ ᠤᠨ ᠡᠮᠦᠨ᠎ᠡ᠂ ᠪᠢᠳᠡ ᠪᠦᠲᠦᠴᠡ ᠳᠤ ᠲᠣᠬᠢᠷᠠᠭᠤᠯᠤᠯᠲᠠ ᠬᠢᠵᠦ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠲᠠᠯ᠎ᠠ ᠪᠠᠷ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠬᠤ ᠪᠠᠷ ᠴᠢᠷᠮᠠᠶᠢᠨ᠎ᠠ    ᠪᠣᠬᠢᠷᠲᠤᠯ ᠥᠬᠡᠶ ᠬᠥᠭᠵᠢᠯᠲᠡ ᠶᠢ ᠳᠣᠪᠤᠶᠢᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠪᠠᠶᠢᠳᠠᠯ ᠢ ᠡᠬᠢᠯᠡᠭᠦᠯᠦᠨ᠎ᠡ᠃ ᠲᠠᠷᠢᠮᠠᠯ ᠤᠨ ᠦᠶ᠋ᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠃ ᠡᠯᠳᠡᠪ ᠠᠮᠤ ᠡᠯᠳᠡᠪ ᠪᠤᠷᠴᠠᠭ ᠢ 42 ᠲᠦᠮᠡᠨ ᠮᠥ ᠳᠠᠷᠢᠵᠤ᠂ 5%᠎ ᠪᠠᠷ ᠨᠡᠮᠡᠭᠳᠡᠭᠦᠯᠦᠨ᠂ ᠡᠷᠳᠡᠨᠢ ᠰᠢᠰᠢ ᠶᠢ 27 ᠲᠦᠮᠡᠨ ᠮᠥ ᠳᠠᠷᠢᠵᠤ᠂ 11%᠎ ᠪᠠᠷ ᠪᠠᠭᠤᠷᠠᠭᠤᠯᠤᠨ᠂ ᠲᠠᠷᠢᠮᠠᠯ ᠤᠨ ᠤᠶᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠠᠯᠬᠤᠴᠠ ᠶᠢ ᠤᠯᠠᠮ ᠨᠢᠭᠡ ᠠᠯᠬᠤᠮ ᠲᠦᠷᠭᠡᠳᠬᠡᠪᠡ᠃ 4 ᠲᠦᠮᠡᠨ ᠮᠥ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠶᠢ ᠰᠢᠨ᠎ᠡ ᠪᠠᠷ ᠨᠡᠮᠡᠭᠳᠡᠭᠦᠯᠵᠦ᠂ 2 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠵᠤ᠂ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠠᠵᠢᠯ ᠤᠨ ᠬᠢᠷᠢ ᠬᠡᠮᠵᠢᠶ᠎ᠡ ᠶᠢ 77%᠎ ᠳᠤ ᠬᠦᠷᠦᠭᠦᠯᠦᠨ᠎ᠡ᠃ 5 ᠲᠦᠮᠡᠨ ᠮᠥ ᠣᠷᠭᠠᠨᠢᠭ ᠬᠠᠭᠤᠷᠠᠶ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠢ ᠪᠣᠶ ᠪᠣᠯᠭᠠᠵᠤ᠂ 6600 ᠲᠣᠨ ᠣᠷᠭᠠᠨᠢᠭ ᠪᠣᠷᠲᠣᠭᠤᠷ ᠲᠠᠷᠬᠠᠭᠠᠵᠤ᠂ 4000 ᠲᠣᠨ ᠬᠢᠮᠢ ᠶᠢᠨ ᠪᠣᠷᠲᠣᠭᠤᠷ᠂ 4 ᠲᠣᠨ ᠲᠠᠷᠢᠶᠠᠨ ᠡᠮ ᠢ ᠪᠠᠭᠠᠰᠬᠠᠨ᠂ ᠣᠲᠣ ᠦᠶ᠎ᠡ ᠶᠢᠨ ᠲᠠᠷᠢᠶᠠᠯᠠᠩ ᠰᠠᠶᠢᠨ ᠡᠬᠢᠯᠡᠯᠲᠡ ᠲᠠᠢ ᠪᠣᠯᠪᠠ᠃ ᠲᠡᠵᠢᠭᠡᠨ ᠦᠷᠡᠵᠢᠭᠦᠯᠬᠦ ᠦᠢᠯᠡᠰ ᠬᠦᠴᠦᠨ ᠢᠶᠠᠨ ᠬᠠᠳᠠᠭᠠᠯᠠᠵᠤ ᠮᠣᠷᠳᠠᠬᠤ ᠪᠠᠷ ᠪᠠᠶᠢᠨ᠎ᠠ᠃ ᠲᠢᠶᠠᠨ ᠴᠧᠩ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠢ ᠠᠰᠢᠭᠯᠠᠯᠲᠠ ᠳᠤ ᠣᠷᠣᠭᠤᠯᠵᠤ᠂ ᠬᠠᠶ ᠭᠤᠤ ᠮᠠᠯ ᠠᠵᠤ ᠠᠬᠤᠶ ᠶᠢᠨ ᠳᠥᠷᠪᠡᠳᠦᠭᠡᠷ ᠬᠤᠭᠤᠴᠠᠭ᠎ᠠ᠂ ᠱᠧᠩ ᠲᠢᠶᠠᠨ ᠮᠠᠯ ᠠᠵᠤ ᠠᠬᠤᠶ᠂  ᠢ ᠯᠢ ᠵᠡᠷᠭᠡ 10 ᠲᠦᠮᠡᠨ ᠰᠠᠭᠠᠯᠢ ᠶᠢᠨ ᠦᠨᠢᠶ᠎ᠡ ᠶᠢᠨ ᠠᠮᠢ ᠠᠬᠤᠶ ᠶᠢᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠵᠠᠯᠭᠠᠭ᠎ᠠ ᠪᠠᠷ ᠠᠵᠢᠯ ᠡᠬᠢᠯᠡᠭᠦᠯᠵᠦ᠂  ᠰᠦ ᠶᠢᠨ ᠤᠶᠢᠯᠡᠰ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠯᠠᠪᠳᠠᠭᠤᠨ ᠪᠠᠲᠤᠲᠠᠶ ᠠᠯᠬᠤᠮ ᠢ ᠠᠯᠬᠤᠪᠠ᠃ ᠺᠢᠷᠬᠢᠽᠰᠲ᠋ᠠᠠ ᠤ ᠠᠼᠢᠶ᠎ᠠ ᠨᠣᠮᠣᠬᠠᠨ ᠳᠠᠯᠠᠶ ᠶᠢᠨ ᠤᠷᠣᠠ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠪᠥᠬᠦ ᠰᠢᠶᠠᠨ ᠤ ᠰᠠᠭᠠᠯᠢ ᠶᠢᠨ ᠦᠨᠢᠶ᠎ᠡ 2.3 ᠲᠦᠮᠡ᠂ ᠠᠯᠠᠰᠢᠨ ᠦᠬᠡᠷ 5.8 ᠲᠦᠮᠡ᠂ ᠰᠠᠭᠠᠯᠢ ᠶᠢᠨ ᠢᠮᠠᠭ᠎ᠠ 1.7 ᠲᠦᠮᠡ᠂ ᠠᠯᠠᠰᠢᠨ ᠬᠤᠨᠢ 40.5 ᠲᠦᠮᠡ᠂ ᠥᠨᠳᠡᠭᠡᠨ ᠲᠠᠬᠢᠶ᠎ᠠ 25.2 ᠲᠦᠮᠡ ᠪᠠᠶᠢᠵᠤ᠂ ᠮᠠᠯ ᠠᠵᠤ ᠠᠬᠤᠶ ᠶᠢᠨ  ᠤᠶᠢᠯᠡᠳᠭᠦᠨ ᠤ ᠥᠷᠲᠡᠭ ᠨᠢ ᠲᠠᠷᠢᠶᠠᠯᠠᠩ ᠤᠨ ᠦᠶ᠋ᠯᠡᠳᠬᠦᠨ ᠤ ᠶᠡᠷᠦᠩᠬᠡᠶ ᠥᠷᠲᠡᠭ ᠤᠨ 60%᠎ ᠠᠴᠠ ᠳᠡᠭᠡᠭᠰᠢᠬᠢ ᠶᠢ ᠡᠵᠡᠯᠡᠵᠦ ᠪᠣᠶ᠃     ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ  ᠲᠠᠭ᠎ᠠ ᠶᠢᠨ ᠨᠠᠭᠤᠷ ᠤᠨ ᠴᠠᠬᠢᠯᠭᠠᠨ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢ ᠤᠷᠤᠭᠰᠢᠲᠠᠶ ᠳᠠᠭᠤᠰᠬᠠᠵᠤ᠂ ᠪᠦᠬᠦ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 116 ᠳ᠋ᠦᠩᠰᠢᠭᠤᠷ ᠭᠷᠠᠳᠦ᠋ᠰ ᠲᠤ ᠬᠦᠷᠴᠦ᠂ ᠳᠡᠭᠡᠭᠰᠢ ᠲᠤᠰᠢᠶᠠᠬᠤ ᠭᠠᠶᠢᠯᠢ ᠶᠢᠨ ᠣᠷᠣᠯᠭ᠎ᠠ 2.4 ᠳ᠋ᠦᠩᠰᠢᠭᠤᠷ ᠲᠥᠭᠦᠷᠢᠭ ᠲᠤ ᠬᠦᠷᠴᠡᠶ᠃ ᠬᠤᠩ ᠮᠤᠤ ᠡᠮᠲᠦ ᠠᠷᠢᠬᠢᠨ ᠤ ᠬᠡᠷᠡᠭᠯᠡᠭᠡᠨ ᠤ ᠵᠠᠬ᠎ᠠ ᠳᠡᠯᠭᠡᠭᠦᠷ ᠢᠳᠡᠭ ᠢᠳᠡᠭ ᠢᠶᠠᠷ ᠰᠠᠶᠢᠵᠢᠷᠠᠵᠤ᠂ ᠵᠢᠯ ᠳᠤ 280 ᠲᠦᠮᠡᠨ ᠯᠣᠩᠬᠤ ᠪᠣᠷᠣᠯᠠᠭᠤᠯᠤᠨ᠎ᠠ᠃  ᠸᠠᠩ ᠰᠢᠩ ᠲᠠᠷᠢᠶᠠᠯᠠᠩ᠂ ᠮᠤᠩ ᠳ᠋ᠢ ᠬᠠᠭᠠᠨ ᠤ ᠰᠦᠨ ᠤᠶᠢᠯᠡᠰ᠂ ᠲᠠᠷᠢᠶᠠᠨ ᠭᠠᠵᠠᠷ ᠤᠨ ᠬᠤᠯᠢᠮᠠᠭ ᠠᠮᠤ ᠵᠡᠷᠭᠡ ᠬᠥᠲᠥᠴᠢ ᠠᠵᠤ ᠠᠬᠤᠶᠢᠯᠠᠯ ᠠᠯᠬᠤᠮ ᠠᠯᠬᠤᠮ ᠢᠶᠠᠷ ᠬᠥᠭᠵᠢᠨ ᠪᠤᠵᠠᠭᠠᠶᠢᠷᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ  ᠤᠶᠢᠯᠡᠰ ᠠᠩᠬ᠎ᠠ ᠠᠯᠬᠤᠮ ᠤᠨ ᠬᠡᠪᠴᠢᠶᠡᠵᠢᠯ ᠲᠠᠢ ᠪᠣᠯᠪᠠ᠃ ᠲᠢᠶᠠᠨ ᠴᠧᠩ ᠠᠵᠤ  ᠤᠶᠢᠯᠡᠰ ᠤᠨ ᠰᠠᠭᠤᠷᠢᠨ ᠭᠠᠵᠠᠷ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠤᠷᠤᠭᠰᠢᠲᠠᠶ ᠶᠠᠪᠤᠭᠳᠠᠵᠤ ᠪᠠᠶᠢᠨ᠎ᠠ᠃ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠦᠷᠭᠡᠳᠬᠡᠵᠦ᠂ ᠵᠢᠩ ᠨᠧᠩ ᠪᠦᠯᠦᠭᠯᠡᠯ ᠯᠦᠭᠡ ᠰᠠᠯᠬᠢ ᠭᠡᠷᠡᠯ ᠢ ᠬᠠᠷᠢᠯᠴᠠᠨ ᠨᠥᠬᠦᠪᠥᠷᠢᠯᠡᠬᠦ ᠪᠦᠳᠦᠭᠦᠪᠴᠢ ᠵᠥᠪᠯᠡᠯᠴᠡᠭᠡᠷ ᠲᠣᠭᠲᠠᠵᠤ᠂ ᠤᠮᠠᠷᠠᠲᠤ ᠶᠢᠨ ᠴᠠᠬᠢᠯᠭᠠᠨ ᠲᠣᠣᠷ ᠤᠨ ᠬᠢᠨ 500 ᠰᠠᠶ᠎ᠠ ᠸᠠᠲ ᠤᠨ ᠰᠠᠯᠬᠢᠨ ᠭᠠᠯ ᠢ ᠪᠣᠭᠤᠵᠢᠯᠠᠬᠤ ᠲᠦᠷᠦᠯ ᠵᠦᠢᠯ ᠢ ᠰᠢᠰᠲ᠋ᠧᠮ ᠳᠤ ᠣᠷᠣᠭᠤᠯᠬᠤ ᠪᠠᠷ ᠵᠥᠪᠰᠢᠶᠡᠷᠡᠪᠡ᠃     ᠣᠨᠴᠠᠯᠢᠭ ᠤᠨ ᠳᠡᠭᠡᠭᠰᠢᠯᠡᠯᠲᠡ ᠶᠢ ᠳᠣᠪᠤᠶᠢᠯᠭᠠᠵᠤ᠂ ᠵᠢᠭᠤᠯᠴᠢᠯᠠᠯ ᠠᠷᠠᠯᠵᠢᠶ᠎ᠠ ᠬᠤᠳᠠᠯᠳᠤᠭ᠎ᠠ ᠡᠮᠬᠢ ᠵᠢᠷᠤᠮ ᠲᠠᠢ ᠠᠭᠢᠪᠠ᠃ ᠭᠤᠤᠯᠳᠠᠯᠭ᠎ᠠ ᠲᠠᠢ ᠲᠥᠷᠥᠯ  ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠰᠣᠶᠣᠯ ᠤᠨ ᠰᠣᠯᠢᠯᠴᠠᠭᠠᠨ ᠤ ᠶᠡᠷᠦᠩᠬᠡᠶᠢᠯᠡᠭᠰᠡᠨ ᠴᠣᠭᠴᠠ ᠶᠢᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠬᠠᠭᠠᠨ ᠤ ᠲᠡᠷᠭᠡ ᠵᠢᠯᠣᠭᠤᠳᠬᠤ ᠬᠡᠷ ᠲᠡᠷᠭᠡ ᠶᠢᠨ ᠬᠤᠸᠠᠷᠠᠨ ᠤ ᠨᠢᠭᠡᠳᠦᠭᠡᠷ ᠬᠤᠭᠤᠴᠠᠭ᠎ᠠ᠂ ᠵᠣᠣ ᠵᠢᠶᠠ ᠼᠦᠨ ᠲᠣᠰᠬᠤᠨ ᠤ ᠰᠣᠳᠣᠨ ᠠᠷᠠᠳ ᠤᠨ ᠣᠷᠣᠨ ᠰᠠᠭᠤᠴᠠ ᠶᠢ ᠠᠰᠢᠭᠯᠠᠯᠲᠠ ᠳᠤ ᠣᠷᠣᠭᠤᠯᠪᠠ᠃  ᠲᠠᠭ᠎ᠠ ᠶᠢᠨ ᠨᠠᠭᠤᠷ ᠤᠨ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠶᠢᠨ ᠬᠡᠭᠡᠷ᠎ᠡ ᠶᠢᠨ ᠤᠷᠤᠯᠳᠤᠭᠠᠨ ᠤ ᠵᠠᠮ ᠢ ᠲᠡᠰ ᠳᠡᠪᠰᠢᠭᠦᠯᠬᠦ ᠥᠭᠡᠷᠡᠴᠢᠯᠡᠯᠲᠡ ᠶᠢ ᠪᠡᠶᠡᠯᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠡᠪᠦᠯ ᠤᠨ ᠤᠯᠠᠷᠢᠯ ᠤᠨ ᠬᠤᠶᠠᠷ ᠵᠦᠢᠯ᠂ ᠲᠡᠮᠦᠷ ᠬᠥᠮᠦᠨ ᠤ ᠭᠤᠷᠪᠠᠨ ᠵᠦᠢᠯ ᠤᠨ  ᠮᠠᠩᠯᠠᠢ ᠰᠢᠯᠭᠠᠷᠠᠭᠤᠯᠬᠤ ᠤᠷᠤᠯᠳᠤᠭᠠᠨ ᠢ ᠳᠠᠭᠠᠭᠠᠴᠢᠯᠠᠨ ᠡᠷᠬᠢᠯᠡᠪᠡ᠃  ᠲᠠᠭ᠎ᠠ ᠶᠢᠨ ᠨᠠᠭᠤᠷ ᠪᠠᠯᠭᠠᠰᠤ ᠶᠢᠨ ᠭᠤᠷᠪᠠᠳᠤᠭᠠᠷ ᠰᠤᠮᠤ ᠲᠣᠰᠬᠤᠨ ᠬᠤᠶᠠᠳᠤᠭᠠᠷ ᠪᠦᠯᠦᠭ ᠤᠨ ᠪᠦᠬᠦ ᠤᠯᠤᠰ ᠤᠨ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠳᠤ ᠰᠣᠩᠭᠤᠭᠳᠠᠪᠠ᠃ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ  ᠭᠦᠢᠯᠭᠡᠭᠡᠨ ᠤ ᠠᠮᠢᠵᠢᠷᠠᠯ ᠤᠨ ᠬᠦᠴᠦᠨ ᠢ ᠴᠢᠩᠭᠠᠷᠠᠭᠤᠯᠵᠤ᠂ ᠢᠵᠢ ᠪᠥᠷᠢᠳᠦᠭᠦᠯᠬᠦ ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠥᠬᠦ ᠵᠢᠯ ᠤᠨ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠲᠤᠭ᠎ᠠ 1.26 ᠳ᠋ᠦᠩᠰᠢᠭᠤᠷ ᠲᠥᠭᠦᠷᠢᠭ ᠲᠤ ᠬᠦᠷᠴᠦ᠂ ᠲᠠᠷᠢᠶᠠᠯᠠᠩ ᠤᠨ ᠣᠨᠴᠠ ᠭᠠᠷᠤᠯᠲᠠ ᠶᠢ ᠰᠦᠯᠵᠢᠶᠡᠨ ᠳᠡᠭᠡᠷ᠎ᠡ 2700 ᠲᠦᠮᠡᠨ ᠲᠥᠭᠦᠷᠢᠭ ᠪᠣᠷᠣᠯᠠᠭᠤᠯᠪᠠ᠃       2020 ᠣᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠴᠢᠬᠤᠯᠠ ᠠᠵᠠ ᠲᠣᠬᠢᠶᠠᠯ ᠤᠨ ᠡᠮᠦᠨ᠎ᠡ᠂ ᠪᠢᠳᠡ ᠰᠠᠭᠤᠷᠢ ᠪᠠᠨ ᠲᠠᠯᠪᠢᠵᠤ᠂ ᠠᠯᠤᠰ ᠬᠡᠳᠦ ᠳᠤ ᠠᠰᠢᠭᠲᠠᠢ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠦᠨ ᠨᠢᠭᠡ ᠴᠤᠬᠴᠠᠵᠢᠭᠤᠯᠤᠬᠰᠠᠨ ᠬᠥᠭᠵᠢᠯᠲᠡ ᠶᠢᠨ ᠳᠤᠮᠳᠠ ᠰᠠᠨᠠᠭᠠᠴᠢᠯᠠᠭ᠎ᠠ ᠠᠴᠠ ᠪᠠᠨ ᠠᠵᠢᠯᠯᠠᠨ᠎ᠠ     ᠬᠤᠳᠠ ᠶᠢᠨ ᠴᠢᠳᠠᠮᠵᠢ ᠨᠡᠩ ᠲᠡᠭᠦᠯᠳᠡᠷᠵᠢᠪᠡ᠃ ᠢᠯᠴᠢ ᠴᠠᠬᠢᠯᠭᠠᠨ ᠢ ᠬᠠᠮᠲᠤᠷᠠᠨ ᠤᠶᠢᠯᠡᠳᠪᠤᠷᠢᠯᠡᠬᠦ ᠨᠢᠭᠡᠳᠦᠭᠡᠷ ᠬᠤᠭᠤᠴᠠᠭᠠᠨ ᠤ ᠲᠥᠷᠥᠯ  ᠵᠤᠶᠢᠯ ᠢ ᠠᠰᠢᠭᠯᠠᠯᠲᠠ ᠳᠤ ᠣᠷᠣᠭᠤᠯᠵᠤ᠂ ᠲᠥᠪᠯᠡᠷᠡᠭᠦᠯᠦᠨ ᠢᠯᠴᠢ ᠬᠠᠩᠭᠠᠬᠤ ᠴᠢᠳᠠᠪᠤᠷᠢ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠦᠷ᠎ᠡ ᠠᠰᠢᠭ ᠢ ᠢᠯᠡᠳᠲᠡ ᠳᠡᠭᠡᠭᠰᠢᠯᠡᠭᠦᠯᠪᠡ᠃ ᠡᠮᠦᠨ᠎ᠡ ᠶᠡᠭᠡ ᠵᠡᠭᠡᠯᠢ ᠶᠢᠨ ᠳᠦᠬᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠣᠭᠲᠠᠭᠤᠨ ᠢᠶᠠᠷ ᠲᠦᠯᠬᠢᠨ ᠠᠬᠢᠭᠤᠯᠵᠤ᠂ ᠰᠢᠩ ᠳ᠋ᠡ ᡁᠢ ᠶᠢᠨ ᠭᠡᠷ ᠪᠦᠯᠢ ᠶᠢᠨ ᠢᠵᠢ ᠪᠦᠷᠢᠨ ᠪᠤᠰᠤ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ ᠵᠦᠢᠯᠡᠰ ᠢ ᠠᠵᠢᠯ ᠡᠬᠢᠯᠡᠭᠦᠯᠵᠦ᠂ 7 ᠬᠠᠭᠤᠴᠢᠨ ᠵᠢᠵᠢᠭ ᠲᠣᠭᠤᠷᠢᠭ ᠤᠨ 3.5 ᠲᠦᠮᠡᠨ ᠲᠡᠭᠰᠢ ᠳᠥᠷᠪᠡᠯᠵᠢᠨ ᠮᠧᠲᠷ ᠤᠨ ᠥᠭᠡᠷᠡᠴᠢᠯᠡᠨ ᠪᠠᠶᠢᠭᠤᠯᠬᠤ ᠵᠦᠢᠯᠡᠰ ᠢ ᠠᠵᠢᠯ ᠳᠠᠭᠤᠰᠬᠠᠵᠤ᠂ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ 110 ᠢᠵᠢ ᠬᠤᠪᠢᠶᠠᠷᠢᠯᠠᠵᠤ᠂ 7 ᠲᠦᠮᠡᠨ ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ ᠶᠢ ᠰᠢᠨ᠎ᠡ ᠪᠠᠷ ᠪᠠᠶᠢᠭᠤᠯᠵᠤ᠂ ᠬᠤᠩ ᠮᠤᠤ ᠪᠠᠯᠭᠠᠰᠤᠨ ᠤ 175 ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠪᠡ᠃ 6 ᠺᠢᠯᠣᠮᠧᠲᠷ ᠤᠨ ᠪᠣᠬᠢᠷ ᠤᠰᠤᠨ ᠤ ᠬᠤᠭᠤᠯᠠᠶ ᠶᠢᠨ ᠲᠣᠣᠷ ᠢ ᠰᠢᠨ᠎ᠡ ᠪᠠᠷ ᠳᠡᠪᠢᠰᠴᠦ᠂ ᠪᠣᠬᠢᠷ ᠤᠰᠤ ᠶᠢ ᠬᠤᠷᠢᠶᠠᠨ ᠴᠤᠭᠯᠠᠭᠤᠯᠬᠤ ᠨᠤᠷᠮ᠎ᠠ ᠶᠢ 86% ᠪᠣᠯᠲᠠᠯ᠎ᠠ ᠳᠡᠭᠡᠭᠰᠢᠯᠡᠭᠦᠯᠦᠨ᠎ᠡ᠃ 4 ᠨᠡᠶᠢᠲᠡ ᠶᠢᠨ ᠮᠠᠰᠢᠨ ᠲᠡᠷᠭᠡᠨ ᠤ ᠱᠤᠭᠤᠮ ᠢ ᠨᠡᠪᠲᠡᠷᠡᠭᠦᠯᠵᠦ᠂ 18 ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠨᠡᠶᠢᠲᠡ ᠶᠢᠨ ᠮᠠᠰᠢᠨ ᠲᠡᠷᠭᠡ ᠶᠢ ᠠᠰᠢᠭᠯᠠᠯᠲᠠ ᠳᠤ ᠣᠷᠣᠭᠤᠯᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠪᠣᠬᠢᠷᠲᠤᠯ ᠦᠭᠡᠢ ᠪᠥᠭᠡᠳ ᠳᠥᠭᠦᠮ ᠳᠥᠲᠡ ᠪᠣᠯᠭᠠᠪᠠ᠃    ᠬᠥᠳᠡᠭᠡ ᠲᠣᠰᠬᠤᠨ ᠤ ᠨᠥᠬᠦᠴᠡᠯ ᠶᠡᠭᠡ ᠪᠠᠷ ᠰᠠᠶᠢᠵᠢᠷᠠᠪᠠ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠡᠷ ᠳᠣᠲᠣᠷᠠᠬᠢ ᠵᠣᠷᠯᠣᠩ ᠢ 2282 ᠡᠷᠦᠬᠡ ᠳᠤ ᠥᠭᠡᠷᠡᠴᠢᠯᠡᠨ᠂ ᠪᠣᠬᠢᠷ ᠤᠰᠤᠨ ᠤ ᠬᠤᠭᠤᠯᠠᠶ ᠶᠢᠨ ᠲᠣᠤᠷ ᠢ 160 ᠺᠢᠯᠣᠮᠧᠲᠷ ᠪᠠᠶᠢᠭᠤᠯᠵᠤ᠂ ᠬᠤᠩ ᠮᠤᠤ ᠪᠠᠯᠭᠠᠰᠤ ᠵᠢᠴᠢ ᠵᠢᠭᠤᠯᠴᠢᠯᠠᠯ ᠤᠨ ᠣᠷᠣᠨ ᠤ ᠬᠤᠭ ᠨᠣᠪᠰᠢ  ᠰᠢᠢᠳᠪᠤᠷᠢᠯᠡᠬᠦ ᠲᠠᠯᠠᠪᠠᠶ ᠶᠢᠨ ᠢᠨᠵᠧᠨᠧᠷᠢᠩ ᠢ ᠪᠦᠬᠦᠨ ᠢ ᠳᠠᠭᠤᠰᠬᠠᠵᠤ᠂ ᠲᠠᠭ᠎ᠠ ᠶᠢᠨ ᠨᠠᠭᠤᠷ ᠤᠨ ᠰᠠᠪᠠ ᠭᠠᠵᠠᠷ ᠲᠤ 7 ᠬᠤᠭ ᠨᠣᠪᠰᠢ ᠰᠢᠲᠠᠭᠠᠬᠤ ᠥᠷᠲᠡᠭᠡ᠂ 5 ᠳᠠᠮᠵᠢᠭᠤᠯᠬᠤ ᠥᠷᠲᠡᠭᠡ ᠪᠠᠶᠢᠭᠤᠯᠵᠤ᠂ 1854 ᠬᠤᠭ ᠨᠣᠪᠰᠢ ᠶᠢᠨ ᠬᠠᠶᠢᠷᠴᠠᠭ ᠳᠣᠭᠢᠷᠠᠭᠤᠯᠤᠨ᠂ 550 ᠴᠠᠬᠢᠯᠭᠠᠨ ᠬᠥᠳᠡᠯᠭᠡᠭᠦᠷᠲᠦ ᠲᠡᠷᠭᠡ ᠬᠤᠷᠢᠶᠠᠵᠤ᠂ ᠠᠮᠢᠳᠤᠷᠠᠯ ᠤᠨ ᠬᠤᠭ ᠨᠣᠪᠰᠢ ᠪᠠ ᠪᠠᠷᠢᠯᠭ᠎ᠠ ᠶᠢᠨ ᠬᠤᠭ ᠨᠣᠪᠰᠢ ᠶᠢ ᠡᠳᠦᠷ ᠲᠤ ᠦᠶ᠋ᠯᠡᠳᠪᠦᠷᠢᠯᠡᠵᠦ ᠡᠳᠦᠷ ᠲᠤ ᠴᠡᠪᠡᠷᠯᠡᠨ᠎ᠡ᠃ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾᠎ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠣᠰᠬᠤᠨ ᠳᠤ ᠨᠡᠪᠲᠡᠷᠡᠬᠦ ᠱᠦᠶ᠋ᠨᠢ ᠵᠠᠮ ᠢ 5.7 ᠺᠢᠯᠣᠮᠧᠲᠷ ᠰᠢᠨ᠎ᠡ ᠪᠠᠷ ᠪᠠᠶᠢᠭᠤᠯᠵᠤ᠂ ᠬᠤᠲᠠ ᠬᠥᠳᠡᠭᠡ ᠶᠢᠨ ᠵᠠᠮ ᠢ 300 ᠺᠢᠯᠣᠮᠧᠲᠷ ᠠᠷᠠᠴᠢᠯᠠᠨ ᠬᠠᠮᠠᠭᠠᠯᠠᠵᠤ᠂ ᠲᠣᠰᠬᠤᠨ ᠳᠤ ᠨᠡᠪᠲᠡᠷᠡᠬᠦ ᠵᠠᠮ ᠤᠨ ︽ᠲᠣᠰᠣ ᠶᠢ ᠡᠯᠡᠰᠦ ᠪᠣᠯᠭᠠᠬᠤ︾ ᠴᠡᠭᠴᠡᠯᠡᠨ ᠵᠠᠰᠠᠬᠤ ᠢᠨᠵᠧᠨᠧᠷᠢᠩ ᠢ 42 ᠺᠢᠯᠣᠮᠧᠲᠷ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ︽ᠭᠡᠷ ᠪᠠᠶᠢᠰᠢᠩ ᠭᠠᠵᠠᠷ ᠰᠢᠷᠣᠶ ᠶᠢ ᠨᠢᠭᠡ ᠴᠤᠭᠴᠠᠵᠢᠭᠤᠯᠬᠤ︾ ᠪᠠ ᠬᠠᠮᠲᠤ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ ᠬᠥᠳᠡᠭᠡ ᠲᠣᠰᠬᠤᠨ ᠤ ᠬᠠᠤᠯᠢ ᠶᠢ ᠵᠥᠷᠢᠴᠡᠨ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠬᠦᠴᠦᠲᠡᠶ ᠲᠦᠯᠬᠢᠨ ᠠᠬᠢᠭᠤᠯᠪᠠ᠃     2020 ᠣᠨ ᠳᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠡᠷᠬᠡ ᠠᠰᠠᠭᠤᠳᠠᠯ ᠤᠨ ᠡᠮᠦᠨ᠎ᠡ᠂ ᠪᠢᠳᠡ ᠬᠦᠴᠦᠨ ᠢ ᠬᠥᠭᠵᠢᠭᠡᠨ᠂  ᠤᠶᠢᠯᠡᠴᠢᠯᠡᠭᠡ ᠶᠢ ᠰᠢᠯᠢᠳᠡᠭᠵᠢᠭᠦᠯᠵᠦ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠ ᠴᠢᠳᠠᠮᠠᠭᠠᠶ ᠪᠠᠷ ᠬᠢᠵᠦ ᠴᠢᠳᠠᠮᠠᠭᠠᠶ ᠪᠠᠷ ᠪᠦᠲᠦᠭᠡᠨ᠎ᠡ     ︽ᠪᠠᠭᠤᠯᠭᠠᠬᠤ ᠤᠶᠠᠯᠳᠤᠭᠤᠯᠬᠤ ᠰᠢᠯᠢᠳᠡᠭᠵᠢᠭᠦᠯᠬᠦ︾ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠣᠯᠵᠤ ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠲᠦᠷᠦᠯ ᠤᠨ 49 ᠵᠦᠢᠯ᠂ ᠦᠢᠯᠡᠴᠢᠯᠡᠭᠡᠨ ᠤ ᠲᠦᠷᠦᠯ ᠤᠨ 74 ᠵᠦᠢᠯ ᠤᠨ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠳᠡᠭᠡᠷ᠎ᠡ ᠭᠦᠶᠦᠬᠦ︾᠎ ᠶᠢ ᠪᠡᠶᠡᠯᠡᠭᠦᠯᠪᠡ᠃ ︽ᠠᠵᠤ ᠠᠬᠤᠶᠢᠯᠠᠯ ᠤᠨ ᠳᠡᠩᠰᠡᠯᠡᠯᠲᠡ ᠶᠢᠨ ᠪᠥᠬᠦ ᠶᠠᠪᠤᠴᠠ ᠶᠢ ᠡᠯᠺᠧᠲᠷᠤᠨᠴᠢᠯᠠᠬᠤ︾᠎ ᠶᠢ ᠬᠡᠷᠡᠭᠵᠢᠭᠦᠯᠵᠦ᠂ 32 ᠵᠤᠶᠢᠯ ᠤᠨ ᠦᠨᠡᠮᠯᠡᠯ ᠢ ᠡᠮᠬᠢᠯᠡᠨ ᠨᠡᠶᠢᠯᠡᠭᠦᠯᠵᠦ᠂ 256 ᠡᠵᠡᠩᠨᠡᠯᠲᠡ ᠶᠢᠨ ᠦᠨᠡᠮᠯᠡᠯ ᠣᠯᠭᠤᠪᠠ᠃ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠴᠠᠭ ᠢ 90 ᠠᠵᠢᠯᠯᠠᠬᠤ ᠡᠳᠦᠷ ᠤᠨ ᠳᠣᠲᠣᠷ᠎ᠠ ᠪᠣᠯᠲᠠᠯ᠎ᠠ ᠪᠣᠭᠤᠨᠢᠰᠬᠠᠨ᠎ᠠ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢᠨ ᠠᠰᠢᠭ ᠣᠯᠵᠠᠪᠤᠷᠢ ᠦᠷᠭᠦᠯᠵᠢᠯᠡᠨ ᠢᠯᠭᠠᠷᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ 827 ᠰᠢᠨ᠎ᠡ ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 12% ᠨᠡᠮᠡᠭᠳᠡᠨ᠂ 1500 ᠠᠵᠢᠯ ᠤᠨ ᠪᠠᠶᠢᠷᠢ ᠬᠠᠩᠭᠠᠪᠠ᠃ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ 99 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠪᠦᠬᠦᠨ ᠢ ᠰᠢᠶᠠᠩ ᠪᠠᠯᠭᠠᠰᠤᠨ ᠳᠤ ᠪᠠᠭᠤᠯᠭᠠᠪᠠ᠃ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ︾᠎ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠵᠢᠯ ᠳᠤ 26.7 ᠲᠦᠮᠡᠨ ᠬᠤᠪᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ  ᠰᠢᠢᠳᠪᠤᠷᠢᠯᠡᠵᠦ ᠳᠠᠭᠤᠰᠬᠠᠪᠠ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠭᠤᠯᠤᠨ᠎ᠠ᠃ ᠠᠵᠤ ᠠᠬᠤᠶᠢᠯᠠᠯ ᠤᠨ ᠬᠦᠴᠢᠷᠳᠡᠯ ᠢ ᠪᠥᠬᠦ ᠬᠦᠴᠦᠨ ᠢᠶᠠᠷ ᠢᠶᠠᠨ ᠠᠷᠢᠯᠭᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠪᠥᠬᠦ ᠵᠢᠯ ᠳᠤ 4800 ᠲᠦᠮᠡᠨ ᠲᠥᠭᠦᠷᠢᠭ ᠤᠨ ᠭᠠᠶᠢᠯᠢ ᠶᠢ ᠬᠥᠩᠭᠡᠯᠡᠨ ᠰᠤᠶᠢᠳᠭᠡᠯ ᠢ ᠪᠠᠭᠤᠷᠠᠭᠤᠯᠵᠤ᠂ ᠠᠵᠤ ᠠᠬᠤᠶᠢᠯᠠᠯ ᠤᠨ ᠵᠢᠭᠡᠯᠡᠯᠭᠡ ᠶᠢ 2.7 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ 18 ᠲᠦᠮᠡᠨ ᠲᠥᠭᠦᠷᠢᠭ ᠤᠨ ᠬᠦᠤ ᠮᠥᠩᠭᠦ ᠶᠢ ᠬᠠᠰᠤᠵᠤ ᠭᠡᠯᠳᠦᠷᠢᠭᠦᠯᠦᠨ᠂ ᠨᠠᠰᠤᠵᠢᠯ ᠤᠨ ᠠᠰᠠᠷᠠᠮᠵᠢ᠂ ᠠᠵᠢᠯ ᠠᠴᠠ ᠪᠣᠯᠤᠭᠰᠠᠨ ᠭᠡᠮᠲᠦᠯ᠂ ᠠᠵᠢᠯ ᠠᠯᠳᠠᠯᠲᠠ ᠶᠢᠨ ᠳᠠᠭᠠᠳᠬᠠᠯ ᠤᠨ ᠨᠢᠭᠡᠴᠡ ᠶᠢᠨ ᠲᠤᠰᠢᠶᠠᠬᠤ ᠰᠤᠶᠢᠳᠭᠡᠯ ᠢ 1380 ᠲᠦᠮᠡᠨ ᠲᠥᠭᠦᠷᠢᠭ᠂ ᠬᠡᠷ ᠬᠥᠷᠥᠩᠭᠡ ᠶᠢᠨ ᠭᠠᠶᠢᠯᠢ ᠶᠢ 66 ᠲᠦᠮᠡᠨ ᠲᠥᠭᠦᠷᠢᠭ ᠭᠡᠯᠳᠦᠷᠢᠭᠦᠯᠵᠦ᠂ ᠠᠵᠢᠯ ᠠᠯᠳᠠᠯᠲᠠ ᠶᠢᠨ ᠳᠠᠭᠠᠳᠬᠠᠯ ᠤᠨ ᠰᠤᠶᠢᠳᠭᠡᠯ ᠢ 259 ᠲᠦᠮᠡᠨ ᠲᠥᠭᠦᠷᠢᠭ ᠪᠤᠴᠠᠭᠠᠪᠠ᠃   2020 ᠣᠨ ᠳᠤ᠂ ᠤᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢᠨ ᠡᠮᠦᠨ᠎ᠡ᠂ ᠪᠢᠳᠡ ᠪᠣᠳᠠᠲᠠᠢ ᠶᠠᠪᠤᠳᠠᠯ ᠪᠦᠲᠦᠭᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠳᠤᠮᠳᠠ ᠪᠦᠬᠦ ᠰᠡᠳᠬᠢᠯ ᠢᠶᠠᠷ ᠢᠶᠠᠨ ᠠᠷᠠᠳ ᠤᠨ ᠲᠥᠯᠥᠭᠡ ᠵᠢᠳᠬᠦᠬᠦ ᠬᠡᠷᠡᠭᠲᠡᠢ   ᠠᠷᠠᠳ ᠤᠨ ᠠᠮᠢᠳᠤᠷᠠᠯ ᠤᠨ ᠪᠠᠲᠤᠯᠠᠭ᠎ᠠ ᠨᠡᠩ ᠬᠦᠴᠦᠲᠡᠶ ᠪᠣᠯᠪᠠ᠃ ᠬᠢᠵᠠᠭᠠᠷᠲᠠᠶ ᠡᠳ᠋ ᠤᠨ ᠬᠦᠴᠦᠨ ᠢ ᠲᠥᠪᠯᠡᠷᠡᠭᠦᠯᠦᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠬᠢᠵᠢᠭ ᠢ ᠡᠰᠡᠷᠭᠦᠴᠡᠬᠦ ᠣᠨᠴᠠᠭᠠᠶ ᠤᠯᠤᠰ ᠤᠨ ᠵᠢᠭᠡᠯᠡᠯᠭᠡ ᠶᠢ ᠰᠢᠨ᠎ᠡ ᠪᠠᠷ ᠨᠡᠮᠡᠭᠳᠡᠭᠦᠯᠦᠨ᠂ ᠣᠨᠴᠠᠭᠠᠶ ᠰᠢᠯᠵᠢᠭᠦᠯᠦᠨ ᠥᠭᠬᠦ ᠪᠡᠯᠡ ᠮᠥᠩᠭᠦ ᠶᠢ 2.7 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠪᠦᠬᠦᠨ ᠢ ᠠᠷᠠᠳ ᠤᠨ ᠠᠮᠢᠳᠤᠷᠠᠯ ᠤᠨ ᠵᠠᠷᠤᠯᠭ᠎ᠠ ᠳᠤ ᠬᠡᠷᠡᠭᠯᠡᠪᠡ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ᠂ ᠠᠵᠢᠯ ᠣᠯᠭᠤᠯᠲᠠ ᠶᠢ ᠪᠠᠲᠤᠯᠠᠵᠤ᠂ ᠬᠤᠳᠠ ᠪᠠᠯᠭᠠᠰᠤᠨ ᠳᠤ 725 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ ᠦᠯᠡᠭᠦᠦ ᠬᠥᠳᠡᠯᠮᠦᠷᠢ ᠶᠢᠨ ᠬᠦᠴᠦᠨ ᠢ 3.7 ᠲᠦᠮᠡᠨ ᠬᠥᠮᠦᠨ ᠳᠤ ᠰᠢᠯᠵᠢᠭᠦᠯᠦᠨ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.2%᠎ ᠤᠨ ᠳᠣᠲᠣᠷ᠎ᠠ ᠬᠢᠵᠠᠭᠠᠷᠯᠠᠪᠠ᠃ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ 1.8 ᠳ᠋ᠦᠩᠰᠢᠭᠤᠷ ᠲᠥᠭᠦᠷᠢᠭ᠂ ᠵᠡᠮᠳᠡᠭᠴᠦᠳ ᠤᠨ ᠬᠤᠶᠠᠷ ᠵᠤᠶᠢᠯ ᠤᠨ ᠨᠥᠬᠦᠪᠥᠷᠢ 1200 ᠲᠦᠮᠡᠨ ᠲᠥᠭᠦᠷᠢᠭ ᠣᠯᠭᠤᠪᠠ᠃ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠵᠡᠷᠭᠡ ᠤᠯᠠᠨ ᠲᠦᠮᠡᠨ ᠤ ᠪᠠᠴᠢᠮᠳᠠᠵᠤ ᠵᠣᠪᠠᠨᠢᠵᠤ ᠪᠠᠶᠢᠭ᠎ᠠ ᠠᠰᠠᠭᠤᠳᠠᠯ ᠢ ᠦᠨᠳᠦᠰᠦᠨ ᠳᠡᠭᠡᠨ ᠲᠣᠬᠢᠲᠠᠶ  ᠰᠢᠢᠳᠪᠤᠷᠢᠯᠡᠪᠡ᠃ ᠴᠡᠷᠢᠭ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠠᠪᠤᠨ ᠬᠤᠭᠤᠴᠠᠭ᠎ᠠ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠬᠦᠷᠢᠶᠡᠯᠡᠭᠰᠡᠨ ᠵᠢᠱᠢᠶᠡᠴᠢ ᠰᠢᠶᠠᠨ︾᠎ ᠢ ᠠᠮᠵᠢᠯᠲᠠ ᠲᠠᠢ ᠡᠭᠦᠳᠦᠨ ᠪᠠᠶᠢᠭᠤᠯᠪᠠ᠃    ᠨᠡᠶᠢᠭᠡᠮ ᠤᠨ ᠦᠢᠯᠡᠰ ᠲᠦᠷᠭᠡᠨ ᠬᠥᠭᠵᠢᠪᠡ᠃ ᠰᠤᠷᠭᠠᠨ ᠬᠥᠮᠦᠵᠢᠯ ᠤᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠴᠢᠦ ᠱᠢ᠂ ᠬᠤᠸᠠᠢ ᠷᠧᠨ 2 ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠣᠷᠣᠭᠤᠯᠤᠨ ᠠᠪᠴᠢᠷᠠᠵᠤ᠂ ᠰᠤᠷᠭᠠᠨ ᠬᠥᠮᠦᠵᠢᠯ ᠤᠨ ᠣᠯᠠᠨ ᠡᠰᠢᠵᠢᠭᠰᠡᠨ ᠬᠥᠭᠵᠢᠯᠲᠡ ᠶᠢᠨ ᠵᠠᠭᠪᠤᠷ ᠢ ᠪᠣᠶ ᠪᠣᠯᠭᠠᠨ᠎ᠠ︔ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ 94.5%᠎ ᠳᠤ ᠬᠦᠷᠴᠦ᠂ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠤᠨ ᠰᠤᠷᠭᠠᠭᠤᠯᠢ ᠳᠤ ᠣᠷᠣᠬᠤ ᠦᠨᠳᠦᠰᠦᠲᠡᠨ ᠤ ᠬᠡᠤᠬᠡᠳ ᠤᠨ ᠴᠡᠴᠡᠷᠯᠢᠭ᠂ ᠳᠥᠷᠪᠡᠳᠦᠭᠡᠷ ᠬᠡᠤᠬᠡᠳ ᠤᠨ ᠴᠡᠴᠡᠷᠯᠢᠭ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ ᠭᠤᠤᠯ ᠴᠣᠭᠴᠠ ᠶᠢᠨ ᠠᠵᠢᠯ ᠢ ᠡᠮᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠲᠣᠭᠤᠷᠢᠭ ᠢ ᠲᠣᠬᠢᠷᠠᠭᠤᠯᠤᠨ ᠰᠢᠯᠢᠳᠡᠭᠵᠢᠭᠦᠯᠵᠦ᠂ ᠡᠭᠦᠳᠡᠨ ᠡᠮᠨᠡᠯᠭᠡ ᠶᠢᠨ ᠶᠡᠷᠦᠩᠬᠡᠶᠢᠯᠡᠭᠰᠡᠨ ᠠᠰᠠᠷ ᠢ ᠡᠬᠢᠯᠡᠨ ᠪᠠᠶᠢᠭᠤᠯᠪᠠ︔ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠬᠠᠯᠠᠭᠤᠷᠠᠯ ᠤᠨ ᠡᠭᠦᠳᠡᠨ ᠡᠮᠨᠡᠯᠭᠡ ᠶᠢᠨ 2 ᠪᠥᠭᠡᠮ ᠬᠦᠴᠢᠯ ᠤᠨ ᠲᠤᠷᠰᠢᠯᠲᠠ ᠶᠢᠨ ᠲᠠᠰᠤᠭ ᠢ ᠲᠤᠰᠢᠶᠠᠨ ᠬᠡᠷᠡᠭᠯᠡᠭᠦᠯᠵᠦ᠂ ᠭᠤᠤᠯᠳᠠᠯᠭ᠎ᠠ ᠲᠠᠢ ᠬᠥᠮᠦᠰ᠂ ᠭᠤᠤᠯᠳᠠᠯᠭ᠎ᠠ ᠲᠠᠢ ᠲᠠᠯᠠᠪᠤᠷ ᠭᠠᠵᠠᠷ᠂  ᠬᠦᠢᠳᠡᠨ ᠬᠡᠯᠬᠢᠶᠡᠲᠦ ᠢᠳᠡᠭᠡᠨ ᠵᠡᠷᠭᠡ ᠪᠥᠭᠡᠮ ᠬᠦᠴᠢᠯ ᠢ ᠨᠡᠶᠢᠲᠡ 1 ᠲᠦᠮᠡᠨ ᠬᠤᠪᠢ ᠪᠠᠶᠢᠴᠠᠭᠠᠨ ᠰᠢᠯᠭᠠᠵᠤ᠂ 3200 ᠬᠥᠮᠦᠨ ᠤ ᠸᠠᠺᠼᠢᠨ ᠤ ᠲᠠᠷᠢᠯᠭ᠎ᠠ ᠶᠢ ᠰᠢᠨ᠎ᠡ ᠪᠠᠷ ᠬᠢᠵᠡᠶ︔ ᠡᠮᠴᠢᠯᠡᠭᠡ᠂ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠶᠢᠨ ︽ᠭᠤᠷᠪᠠᠨ ᠡᠮᠴᠢᠯᠡᠭᠡ ᠶᠢ ᠬᠤᠯᠪᠣᠯᠳᠤᠭᠤᠯᠬᠤ︾᠎ ᠶᠢ ᠭᠦᠨᠵᠡᠭᠡᠶ ᠲᠦᠯᠬᠢᠨ ᠠᠬᠢᠭᠤᠯᠵᠤ᠂ ᠱᠠᠳᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠤᠷᠤᠭᠰᠢᠲᠠᠶ ᠲᠦᠯᠬᠢᠨ ᠠᠬᠢᠭᠤᠯᠵᠤ᠂ ᠣᠷᠣᠰᠢᠭᠤᠯᠭ᠎ᠠ ᠶᠢᠨ ᠭᠠᠵᠠᠷ ᠪᠠ 13 ᠰᠢᠶᠠᠨ ᠰᠢᠶᠠᠩ ᠭᠠᠴᠠᠭᠠᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠤᠡᠭᠭᠤᠨ ᠢ ᠪᠦᠬᠦᠨ ᠢᠶᠠᠷ ᠨᠢ ᠪᠠᠶᠢᠭᠤᠯᠵᠤ ᠡᠬᠢᠯᠡᠪᠡ᠃     2020 ᠣᠨ ᠳᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠤᠶᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠶᠢᠨ ᠡᠮᠦᠨ᠎ᠡ᠂ ᠪᠢᠳᠡ ᠰᠤᠷᠲᠠᠯ ᠢᠶᠠᠨ ᠬᠤᠪᠢᠷᠠᠭᠤᠯᠤᠨ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠳᠤᠮᠳᠠ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠎ᠡ   ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠲᠣᠭᠲᠠᠭᠤᠨ ᠢᠶᠠᠷ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠬᠦ ᠵᠡᠷᠭᠡ ᠲᠦᠷᠢᠮ ᠢ ᠲᠡᠭᠦᠯᠳᠡᠷᠵᠢᠭᠦᠯᠵᠦ᠂ ᠴᠢᠬᠤᠯᠠ ᠶᠡᠭᠡ ᠬᠡᠷᠡᠭ ᠶᠠᠪᠤᠳᠠᠯ ᠳᠤ   ᠰᠢᠢᠳᠪᠤᠷᠢᠳᠦ ᠪᠤᠳᠤᠯᠭ᠎ᠠ ᠲᠣᠭᠲᠠᠭᠠᠬᠤ ᠦᠢᠯᠡ ᠠᠵᠢᠯᠯᠠᠭ᠎ᠠ ᠶᠢ ᠲᠠᠰᠤᠷᠠᠯᠳᠠ ᠦᠭᠡᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ 125 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠬᠦᠷᠢᠶᠡᠨ ᠳᠠᠬᠢ ᠬᠢᠨᠠᠨ ᠪᠤᠳᠤᠯᠳᠠ ᠶᠢᠨ ᠬᠢᠨᠠᠯᠲᠠ ᠶᠢ ᠨᠡᠶᠢᠳᠡᠮ ᠬᠡᠷᠡᠭᠵᠢᠭᠦᠯᠪᠡ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ 3570 ᠬᠤᠪᠢ ᠢᠯᠡ ᠪᠣᠯᠭᠠᠵᠤ᠂ 849 ᠬᠤᠪᠢ ︽12345︾ ᠬᠠᠯᠠᠭᠤᠨ ᠤᠲᠠᠰᠤᠨ ᠤ ᠯᠠᠪᠯᠠᠯᠭ᠎ᠠ ᠶᠢ ᠭᠦᠢᠴᠡᠳᠬᠡᠵᠦ᠂ ᠤᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ 100%᠎ ᠳᠤ ᠬᠦᠷᠭᠡᠵᠡᠶ᠃     ᠨᠠᠮ ᠢ ᠴᠢᠩᠭ᠎ᠠ ᠵᠠᠰᠠᠬᠤ ᠠᠵᠢᠯ ᠢ ᠲᠠᠰᠤᠷᠠᠯᠳᠡ ᠦᠭᠡᠢ ᠪᠠᠬᠢᠵᠢᠭᠦᠯᠪᠡ᠃ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠬᠦ ᠶᠢ ᠢᠮᠠᠭᠲᠠ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠪᠣᠯᠤᠨ ᠣᠷᠣᠨ ᠬᠤᠲᠠ ᠶᠢᠨ ᠡᠯ᠎ᠡ ᠵᠦᠶ᠋ᠯ ‍ᠤᠨ‌‍ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠵᠤ᠂ ᠲᠥᠪ ᠤᠨ  ᠨᠠᠢᠮᠠᠨ ᠵᠤᠶᠢᠯ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠦᠨ᠂ ᠵᠠᠰᠠᠭ ᠤᠨ ᠣᠷᠳᠣᠨ ᠲᠦᠷᠦᠭᠦᠯᠡᠨ ᠠᠷᠪᠢᠯᠠᠨ ᠭᠠᠮᠨᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ︽ᠳᠥᠷᠪᠡᠨ ᠤᠬᠠᠮᠰᠠᠷ︾᠎ ᠢ ᠲᠠᠰᠤᠷᠠᠯᠲᠠ ᠥᠬᠡᠶ ᠴᠢᠩᠭᠠᠳᠬᠠᠨ᠂ ︽ᠳᠥᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠬᠡᠷᠡᠭᠲᠡᠶ᠃    ᠡᠭᠦᠨ ᠠᠴᠠ ᠭᠠᠳᠠᠨ᠎ᠠ᠂ ᠲᠤᠯᠤᠭᠠᠨ ᠬᠥᠮᠦᠨ ᠢ ᠲᠦᠭᠡᠮᠡᠯᠵᠢᠭᠦᠯᠬᠦ᠂ ᠤᠯᠤᠰ ᠤᠨ ᠨᠤᠲᠤᠭ ᠳᠡᠪᠢᠰᠬᠡᠷ ᠢ ᠭᠤᠷᠪᠠ ᠶᠢ ᠲᠣᠬᠢᠷᠠᠭᠤᠯᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠦᠨᠳᠦᠰᠦᠲᠡᠨ ᠤ ᠱᠠᠰᠢᠨ ᠰᠤᠷᠲᠠᠬᠤᠨ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠡᠮᠡᠭᠲᠡᠶᠢᠴᠦᠳ ᠬᠡᠦᠬᠡᠳ᠂ ᠲᠡᠦᠬᠡ ᠣᠶᠢᠯᠠᠯᠭ᠎ᠠ ᠶᠢᠨ ᠲᠠᠩᠰᠠ ᠡᠪᠬᠡᠮᠡᠯ᠂ ᠭᠠᠯ ᠤᠨᠲᠠᠷᠠᠭᠠᠬᠤ ᠴᠠᠭ ᠠᠭᠤᠷ ᠵᠡᠷᠭᠡ ᠠᠵᠢᠯ ᠴᠥᠮ ᠰᠢᠨ᠎ᠡ ᠦᠷ᠎ᠡ ᠪᠦᠲᠦᠮᠵᠢ ᠣᠯᠵᠠᠶ᠃    ᠠᠮᠵᠢᠯᠲᠠ ᠪᠠᠨ ᠭᠦᠢᠴᠡᠳ ᠨᠤᠲᠠᠯᠠᠬᠤ ᠶᠢᠨ ᠵᠡᠷᠭᠡᠴᠡᠭᠡᠪᠡᠷ᠂ ᠬᠢᠵᠢᠭ ᠤᠨ ᠪᠠᠶᠢᠳᠠᠯ ᠤᠨ ᠲᠠᠭᠠᠷᠢᠯᠳᠠ ᠠᠴᠠ ᠪᠣᠯᠤᠭᠰᠠᠨ ᠠᠵᠤ ᠠᠬᠤᠶ ᠶᠢᠨ ᠠᠵᠢᠯᠯᠠᠭᠠᠨ ᠤ ᠠᠶᠤᠯ ᠲᠦᠭᠰᠢᠭᠦᠷᠢ ᠵᠢᠴᠢ ᠲᠣᠭᠲᠠᠭᠠᠯᠲᠤ ᠪᠤᠰᠤ ᠴᠢᠨᠠᠷᠲᠠᠶ ᠬᠦᠴᠦᠨ ᠵᠦᠢᠯ ᠢᠯᠡᠳᠲᠡ ᠨᠡᠮᠡᠭᠳᠡᠵᠦ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ ᠯᠡ ᠲᠤᠪᠤᠶᠢᠮ᠎ᠠ ᠪᠠᠶᠢᠬᠤ︔ ᠨᠢᠭᠡᠳᠦᠭᠡᠷ ᠠᠵᠤ ᠦᠢᠯᠡᠰ ᠤᠨ ᠪᠦᠲᠦᠴᠡ ᠳᠠᠩ ᠴᠤᠯᠭᠤᠶ ᠪᠠᠶᠢᠵᠤ᠂ ᠬᠤᠶᠠᠳᠤᠭᠠᠷ ᠠᠵᠤ ᠦᠢᠯᠡᠰ ᠤᠨ ᠶᠡᠷᠦᠩᠬᠡᠶ ᠬᠡᠮᠵᠢᠶ᠎ᠡ ᠶᠡᠭᠡ ᠪᠢᠰᠢ᠂ ᠭᠤᠷᠪᠠᠳᠤᠭᠠᠷ ᠠᠵᠤ ᠦᠢᠯᠡᠰ ᠤᠨ ᠠᠮᠢᠵᠢᠷᠠᠯ ᠤᠨ ᠬᠦᠴᠦᠨ ᠬᠦᠷᠦᠯᠴᠡᠬᠦ ᠦᠭᠡᠢ ᠪᠠᠶᠢᠨ᠎ᠠ︔ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠬᠢᠭᠡᠳ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠦᠰᠡᠯ ᠡᠷᠡᠮᠡᠯᠵᠡᠯ ᠪᠠᠰᠠ ᠵᠥᠷᠢᠶ᠎ᠡ ᠲᠠᠢ ᠪᠠᠶᠢᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠦᠢᠯᠡᠰ ᠢ ᠨᠠᠶᠢᠳᠠᠪᠤᠷᠢᠵᠢᠭᠤᠯᠤᠭᠰᠠᠨ ᠨᠢ ᠨᠡᠯᠢᠶᠡᠳ ᠴᠥᠭᠡᠨ ᠪᠠᠶᠢᠨ᠎ᠠ︔ ᠴᠢᠨᠠᠷ ᠰᠠᠶᠢᠲᠠᠶ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ  ᠤᠶᠢᠯᠡᠴᠢᠯᠡᠭᠡ ᠳᠤ ᠪᠠᠰᠠ ᠳᠤᠲᠠᠭᠤᠳᠠᠯ ᠣᠷᠣᠰᠢᠵᠤ ᠪᠠᠶᠢᠨ᠎ᠠ︔ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ ᠪᠠᠶᠢᠬᠤ ᠵᠡᠷᠭᠡ ᠪᠣᠯᠤᠨ᠎ᠠ᠃ ᠡᠭᠦᠨ ᠳᠤ ᠪᠢᠳᠡ ᠠᠰᠠᠭᠤᠳᠠᠯ ᠳᠤ ᠰᠢᠭᠤᠳ ᠬᠠᠨᠳᠤᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ  ᠰᠢᠢᠳᠪᠤᠷᠢᠯᠡᠨ᠎ᠡ᠃ ᠬᠤᠶᠠᠷ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠭᠵᠢᠯᠲᠡ ᠶᠢᠨ ᠬᠠᠷᠠᠯᠲᠠ ᠵᠢᠴᠢ 2021 ᠣᠨ ᠤ ᠠᠵᠢᠯ ᠤᠨ ᠲᠤᠬᠢᠷᠠᠭᠤᠯᠤᠯᠳᠠ   ᠲᠥᠯᠥᠭᠡᠯᠡᠭᠴᠢᠳ ᠡ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭ᠎ᠠ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠭᠰᠠᠨ ᠠᠩᠬᠠᠳᠠᠭᠴᠢ ᠲᠠᠪᠤᠨ ᠵᠢᠯ ᠪᠣᠯᠤᠨ᠎ᠠ᠂ ᠮᠥᠨᠴᠦ ᠮᠠᠨ ᠤ ᠰᠢᠶᠠᠨ ᠤ ᠬᠥᠭᠵᠢᠯᠲᠡ ᠶᠢᠨ ᠬᠥᠳᠡᠯᠭᠡᠬᠦ ᠬᠦᠴᠦᠨ ᠢ ᠬᠤᠷᠠᠮᠳᠤᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠵᠠᠩᠭᠢᠯᠠᠭ᠎ᠠ ᠶᠢᠨ ᠲᠠᠪᠤᠨ ᠵᠢᠯ ᠪᠣᠯᠤᠨ᠎ᠠ᠃ ᠪᠢᠳᠡ ᠰᠠᠨᠠᠭᠠᠴᠢᠯᠠᠭ᠎ᠠ ᠠᠴᠠ ᠪᠠᠨ ᠰᠢᠨ᠎ᠡ ᠬᠥᠭᠵᠢᠯᠲᠡ ᠶᠢᠨ ᠱᠠᠲᠤᠨ ᠳᠤ ᠵᠣᠬᠢᠴᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠤᠶᠤᠨ ᠴᠢᠳᠠᠯ ᠢᠶᠠᠨ ᠲᠥᠪᠯᠡᠷᠡᠭᠦᠯᠦᠨ ᠨᠢᠭᠡ ᠪᠦᠯᠦᠭ ᠦᠨᠳᠦᠰᠦ ᠶᠢ ᠪᠠᠲᠤᠳᠬᠠᠬᠤ᠂ ᠠᠯᠤᠰ ᠬᠡᠳᠤ ᠳᠤ ᠠᠰᠢᠭᠲᠠᠢ ᠶᠡᠭᠡ ᠶᠠᠪᠤᠳᠠᠯ ᠢ ᠪᠦᠲᠦᠭᠡᠵᠦ᠂ ᠨᠢᠭᠡ ᠪᠦᠯᠦᠭ ᠪᠣᠭᠤᠮᠢᠯᠠᠵᠤ ᠲᠡᠭᠡᠭᠡᠷ᠎ᠡ ᠪᠣᠯᠬᠤ ᠬᠦᠴᠢᠷ ᠶᠠᠪᠤᠳᠠᠯ ᠢ ᠰᠢᠢᠳᠪᠦᠷᠢᠯᠡᠵᠦ᠂ ᠨᠢᠭᠡ ᠪᠦᠯᠦᠭ ᠤᠯᠠᠨ ᠲᠦᠮᠡᠨ ᠲᠠᠢ ᠤᠢᠢᠷᠠᠳᠤᠭᠰᠠᠨ᠂ ᠬᠥᠮᠦᠰ ᠤᠨ ᠰᠡᠳᠬᠢᠯ ᠢ ᠳᠤᠯᠠᠭᠠᠴᠠᠭᠤᠯᠬᠤ ᠪᠣᠳᠠᠲᠤ ᠶᠠᠪᠤᠳᠠᠯ ᠢ ᠰᠠᠶᠢᠲᠤᠷ ᠬᠢᠵᠦ᠂ ᠯᠢᠶᠠᠩᠴᠧᠩ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢᠶᠠᠨ ᠤ ᠨᠠᠮ ᠤᠨ ᠬᠤᠷᠢᠶᠠᠨ ᠤ ︽ᠯᠢᠶᠠᠩᠴᠧᠩ ᠰᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾᠎ ᠶᠢ ᠦᠨᠳᠦᠰᠦᠯᠡᠨ᠂ ᠪᠢᠳᠡ ︽ᠯᠢᠶᠠᠩᠴᠧᠩ ᠰᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠲᠣᠪᠴᠢ ︵ᠲᠥᠰᠦᠯ︶︾᠎ ᠶᠢ ᠨᠠᠶᠢᠷᠠᠭᠤᠯᠤᠨ ᠵᠣᠬᠢᠶᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢ ᠲᠣᠳᠣᠷᠬᠠᠶᠢᠯᠠᠵᠤ᠂ ᠬᠥᠭᠵᠢᠯᠲᠡ ᠶᠢ ᠲᠤᠯᠭᠠᠭᠤᠷᠢᠯᠠᠬᠤ ᠠᠯᠢ ᠤᠯᠠᠨ ᠭᠤᠣᠯᠳᠠᠯᠭ᠎ᠠ ᠲᠠᠢ ᠡᠭᠦᠷᠭᠡ ᠪᠠ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠭᠠᠳ᠂ ᠲᠤᠰ ᠤᠳᠠᠭᠠᠨ ᠤ ᠶᠡᠭᠡ ᠬᠤᠷᠠᠯ ᠳᠤ ᠳᠡᠪᠰᠢᠭᠦᠯᠦᠨ ᠬᠢᠨᠠᠨ ᠶᠠᠷᠢᠯᠴᠠᠭᠤᠯᠪᠠ᠃   ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠶᠡᠷᠦᠩᠬᠡᠶ ᠱᠠᠭᠠᠷᠳᠠᠯᠭ᠎ᠠ ᠪᠣᠯ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠪᠣᠯᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂  ᠲᠠᠭ᠎ᠠ ᠶᠢᠨ ᠵᠠᠰᠠᠯᠲᠠ ᠪᠠᠷ ᠰᠠᠪᠠ ᠭᠠᠵᠠᠷ ᠢ ᠠᠳᠬᠤᠬᠤ᠂ ᠰᠣᠶᠣᠯ ᠵᠤᠭᠠᠴᠠᠯ ᠢᠶᠠᠷ ᠰᠢᠪᠲᠤᠯᠤᠯᠲᠠ ᠶᠢ ᠠᠳᠬᠤᠬᠤ᠂ ᠬᠥᠳᠡᠭᠡ ᠠᠵᠤ ᠠᠬᠤᠢ ᠪᠠᠷ  ᠬᠡᠯᠬᠢᠶ᠎ᠡ ᠶᠢ ᠠᠳᠬᠤᠬᠤ᠂ ᠠᠵᠤ ᠦᠢᠯᠡᠳᠪᠦᠷᠢ ᠪᠠᠷ ᠭᠤᠣᠯᠯᠠᠭᠴᠢ ᠬᠦᠴᠦᠨ ᠢ ᠠᠳᠬᠤᠬᠤ᠂ ᠠᠷᠠᠳ ᠤᠨ ᠠᠮᠢᠳᠤᠷᠠᠯ ᠢᠶᠠᠷ ᠳᠤᠲᠠᠭᠤᠳᠠᠯ ᠢ ᠠᠳᠬᠤᠬᠤ ︽ᠲᠠᠪᠤ ᠶᠢ ᠠᠳᠬᠤᠬᠤ︾᠎ ᠪᠠᠷ ᠭᠤᠣᠯᠳᠠᠯᠭ᠎ᠠ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠭᠦᠨᠵᠡᠭᠡᠢ ᠠᠬᠢᠭᠤᠯᠵᠤ᠂ ᠬᠥᠭᠵᠢᠯᠲᠡ ᠪᠠ ᠠᠮᠤᠷ ᠲᠦᠪᠰᠢᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠷᠠᠳ ᠲᠦᠮᠡᠨ ᠤ ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠦᠵᠡᠰᠬᠦᠯᠡᠩᠲᠦ ᠰᠠᠶᠢᠬᠠᠨ ᠯᠢᠶᠠᠩᠴᠧᠩ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠨᠡᠭᠡᠭᠡᠨ᠎ᠡ᠃     ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠤᠣᠯ ᠬᠠᠷᠠᠯᠲᠠ ᠪᠣᠯ᠄ ᠰᠢᠶᠠᠨ ᠤ ᠬᠡᠪᠴᠢᠶᠡᠨ ᠤ ᠠᠵᠤ ᠠᠬᠤᠶ ᠶᠢ ᠪᠤᠵᠠᠭᠠᠶᠢᠷᠠᠭᠤᠯᠤᠨ ᠨᠡᠮᠡᠭᠳᠡᠭᠦᠯᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠤᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ ᠶᠢ ᠪᠦᠬᠦ ᠬᠤᠲᠠ ᠶᠢᠨ ᠬᠢ ᠲᠠᠢ ᠠᠳᠠᠯᠢ ᠠᠯᠬᠤᠮ ᠲᠠᠢ ᠪᠠᠶᠢᠯᠭᠠᠵᠤ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠢᠮᠠᠭᠲᠠ ᠲᠣᠭᠲᠠᠭᠤᠨ ᠢᠶᠠᠷ ᠨᠡᠮᠡᠭᠳᠡᠭᠦᠯᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠢ ᠢᠯᠡᠳᠲᠡ ᠳᠡᠭᠡᠭᠰᠢᠯᠡᠭᠦᠯᠦᠨ᠎ᠡ᠃ ᠠᠵᠤ ᠤᠶᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢ ᠵᠣᠬᠢᠴᠠᠯᠳᠤᠭᠤᠯᠤᠨ ᠬᠥᠭᠵᠢᠭᠦᠯᠦᠨ᠎ᠡ᠃ ᠠᠮᠢ ᠠᠬᠤᠶ ᠶᠢᠨ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠵᠤ᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠪᠴᠢᠯᠡᠨ ᠪᠤᠢ ᠪᠣᠯᠭᠠᠨ᠎ᠠ᠃ ᠠᠮᠤᠷ ᠠᠮᠤᠭᠤᠯᠠᠩ  ᠯᠢᠶᠠᠩᠴᠧᠩ ᠤᠨ ᠪᠦᠳᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢ ᠡᠶ᠎ᠡ ᠵᠣᠬᠢᠴᠠᠯ ᠲᠠᠢ ᠲᠣᠭᠲᠠᠭᠤᠨ ᠪᠠᠶᠢᠯᠭᠠᠪᠠ᠃ ᠲᠥᠯᠥᠭᠡᠯᠡᠭᠴᠢᠳ ᠡ︕    2021 ᠣᠨ ᠪᠣᠯ ᠨᠠᠮ ᠪᠠᠶᠢᠭᠤᠯᠤᠭᠳᠠᠭᠰᠠᠨ 100 ᠵᠢᠯ ᠤᠨ ᠤᠢ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠡᠬᠢᠯᠡᠯᠲᠡ ᠶᠢᠨ ᠵᠢᠯ ᠮᠥᠨ᠃ ᠰᠢᠶᠠᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠠᠴᠠ ᠲᠣᠭᠲᠠᠭᠠᠭᠰᠠᠨ ᠭᠤᠣᠯ ᠵᠢᠱᠢᠭᠰᠡᠨ ᠬᠠᠷᠠᠯᠲᠠ ᠶᠢ ᠦᠨᠳᠦᠰᠦᠯᠡᠪᠡᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠢ 48.88 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7%᠎ ᠪᠠᠷ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 1.97 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10%᠎ ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 16.01 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16% ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ  ᠬᠡᠮᠵᠢᠶ᠎ᠡ11.85 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8% ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 34090 ᠲᠥᠭᠦᠷᠢᠭ ᠪᠠ 15880 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7% ᠪᠠ 9%᠎ ᠪᠠᠷ ᠨᠡᠮᠡᠭᠳᠡᠪᠡ︔ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4%᠎ ᠶᠢᠨ ᠳᠣᠲᠣᠷ᠎ᠠ ᠬᠢᠵᠠᠭᠠᠷᠯᠠᠨ᠎ᠠ ᠃ ᠳᠡᠭᠡᠳᠦ ᠱᠠᠲᠤᠨ ᠠᠴᠠ ᠪᠠᠭᠤᠯᠭᠠᠭᠰᠠᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠵᠦ᠂ ᠨᠢᠭᠡᠴᠢ GDP᠎ ᠶᠢᠨ ᠡᠨᠧᠷᠭᠢ ᠶᠢᠨ ᠬᠤᠷᠣᠭᠳᠠᠭᠤᠯᠤᠯ ᠢ 2.97%᠎ ᠪᠠᠷ ᠪᠠᠭᠤᠷᠠᠭᠤᠯᠪᠠ᠃       ᠳᠡᠭᠡᠷ᠎ᠡ ᠳᠤᠷᠠᠳᠤᠭᠰᠠᠨ ᠬᠠᠷᠠᠯᠲᠠ ᠲᠠᠢ ᠤᠶᠠᠯᠳᠤᠭᠤᠯᠤᠨ᠂ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠪᠠᠷ ᠰᠠᠶᠢᠲᠤᠷ ᠠᠳᠬᠤᠨ᠎ᠠ᠃    ︵ᠨᠢᠭᠡ︶ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠢ ᠲᠡᠷᠢᠭᠦᠨ ᠳᠤ ᠲᠠᠯᠪᠢᠬᠤ ᠶᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾᠎ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠢᠮᠠᠭᠲᠠ ᠠᠵᠢᠯ ᠤᠨ ᠢᠶᠠᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠪᠠᠷ ᠶᠡᠷᠦᠩᠬᠡᠢ ᠭᠠᠷᠳᠠᠴᠠ ᠪᠣᠯᠭᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠵᠤ᠂ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠰᠠᠭᠤᠷᠢᠨ ᠢ ᠡᠭᠦᠳᠦᠨ ᠪᠠᠶᠢᠭᠤᠯᠬᠤ ᠬᠡᠷᠡᠭᠲᠡᠢ᠃     ᠣᠳᠣ ᠦᠶ᠎ᠡ  ᠶᠢᠨ ᠲᠠᠷᠢᠶᠠᠯᠠᠩ ᠮᠠᠯ ᠠᠵᠤ ᠠᠬᠤᠶ  ᠶᠢᠨ ᠬᠥᠭᠵᠢᠯᠲᠡ ᠵᠢ‌‍ᠲ᠋ᠦ᠋ᠷᠭᠡᠳᠬᠡᠨ᠎ᠡ᠃ ᠤᠨᠴᠠᠯᠢᠬᠳᠤ ᠲᠠᠷᠢᠶᠠᠯᠠᠩ ᠢ ᠪᠦᠬᠦ ᠬᠦᠴᠦᠨ ᠢᠶᠠᠷ ᠤᠰᠤ ᠪᠠᠷ ᠤᠨᠠᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠳᠠᠭᠠ ᠶᠢᠨ ᠨᠠᠭᠤᠷ ᠤᠨ ᠰᠠᠪᠠ ᠭᠠᠵᠠᠷ ᠤᠨ ᠪᠣᠶ ᠪᠥᠬᠦᠶ ᠲᠠᠷᠢᠶᠠᠨ ᠭᠠᠵᠠᠷ ᠲᠤ ᠣᠷᠭᠠᠨᠢᠭ ᠪᠣᠷᠲᠣᠭᠤᠷ ᠣᠷᠣᠭᠤᠯᠵᠤ᠂ ᠣᠷᠭᠠᠨᠢᠭ ᠬᠠᠭᠤᠷᠠᠶ ᠪᠠᠷ ᠳᠠᠷᠢᠬᠤ ᠵᠠᠭᠪᠤᠷ ᠢ ᠪᠥᠬᠦ ᠲᠠᠯ᠎ᠠ ᠪᠠᠷ ᠳᠡᠯᠭᠡᠷᠡᠭᠦᠯᠦᠨ᠎ᠡ᠃ ᠨᠢᠳᠤᠨᠤᠨ ᠤ 5 ᠲᠦᠮᠡᠨ ᠮᠥ ᠣᠷᠭᠠᠨᠢᠭ ᠬᠠᠭᠤᠷᠠᠶ ᠲᠠᠷᠢᠶᠠᠯᠠᠭ᠎ᠠ ᠶᠢᠨ ᠵᠢᠱᠢᠶ᠎ᠡ ᠦᠵᠡᠭᠦᠯᠦᠭᠰᠡᠨ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠡ᠂ ᠦᠷᠭᠦᠯᠵᠢᠯᠡᠨ ︽ᠵᠢᠷᠭᠤᠭ᠎ᠠ ᠶᠢ ᠨᠢᠭᠡᠳᠦᠯᠲᠡᠶ ᠪᠠᠶᠢᠯᠭᠠᠬᠤ︾ ᠬᠠᠮᠢᠶᠠᠷᠤᠯᠲᠠ ᠶᠢᠨ ᠲᠦᠷᠢᠮ ᠶᠣᠰᠣᠭᠠᠷ᠂ ᠲᠠᠷᠢᠮᠠᠯ ᠤᠨ ᠲᠥᠷᠥᠯ  ᠵᠤᠶᠢᠯ ᠢ ᠳᠣᠭᠢᠷᠠᠭᠤᠯᠤᠨ ᠰᠢᠯᠢᠳᠡᠭᠵᠢᠭᠦᠯᠵᠦ᠂ ᠡᠪᠡᠳᠴᠢᠨ ᠬᠤᠷᠣᠬᠠᠶ ᠶᠢᠨ ᠬᠥᠨᠥᠭᠡᠯ ᠤᠨ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ᠂ ᠨᠢᠭᠡᠳᠦᠯᠲᠡᠶ ᠰᠡᠷᠭᠡᠶᠢᠯᠡᠨ ᠨᠣᠶᠠᠷᠬᠠᠬᠤ ᠵᠡᠷᠭᠡ ᠮᠡᠷᠭᠡᠵᠢᠯ ᠢ ᠶᠡᠬᠡᠪᠡᠷ ᠬᠡᠷᠡᠭᠵᠢᠭᠦᠯᠦᠨ᠂ ᠲᠠᠷᠢᠶᠠᠨ ᠭᠠᠵᠠᠷ ᠤᠨ ᠬᠠᠮᠢᠶᠠᠷᠤᠯᠲᠠ ᠪᠠ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂  ᠲᠠᠭ᠎ᠠ ᠶᠢᠨ ᠨᠠᠭᠤᠷ ᠤᠨ ᠬᠠᠭᠤᠷᠠᠶ ᠲᠠᠷᠢᠮᠠᠯ ᠡᠯᠳᠡᠪ ᠠᠮᠤ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ᠂ ᠲᠡᠭᠦᠨ ᠢ ᠡᠷᠡᠰ ᠭᠤᠶᠢᠪᠢᠰᠢ ᠥᠬᠡᠶ ᠪᠠᠷ ᠪᠥᠬᠦ ᠰᠢᠶᠠᠨ ᠤ ᠲᠠᠷᠢᠶᠠᠯᠠᠩ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠴᠢᠬᠤᠯᠠ ᠠᠷᠭ᠎ᠠ ᠬᠡᠮᠵᠢᠶ᠎ᠡ ᠪᠣᠯᠭᠠᠨ᠎ᠠ᠃  ᠰᠦ ᠶᠢᠨ ᠤᠶᠢᠯᠡᠰ ᠤᠨ ᠬᠥᠭᠵᠢᠯᠲᠡ ᠶᠢ ᠪᠥᠬᠦ ᠬᠦᠴᠦᠨ ᠢᠶᠠᠷ ᠢᠯᠢ ᠶᠢᠨ 10 ᠲᠦᠮᠡᠨ ᠰᠠᠭᠠᠯᠢ ᠶᠢᠨ ᠦᠨᠢᠶ᠎ᠡ ᠶᠢᠨ ᠠᠮᠢ ᠠᠬᠤᠶ ᠶᠢᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠶ ᠭᠤᠤ ᠮᠠᠯ ᠠᠵᠤ ᠠᠬᠤᠶ ᠶᠢᠨ ᠳᠥᠷᠪᠡᠳᠦᠭᠡᠷ ᠬᠤᠭᠤᠴᠠᠭ᠎ᠠ᠂ ᠱᠧᠩ ᠲᠢᠶᠠᠨ ᠮᠠᠯ ᠠᠵᠤ ᠠᠬᠤᠶ ᠶᠢᠨ ᠲᠦᠮᠡᠨ ᠰᠠᠭᠠᠯᠢ ᠶᠢᠨ ᠦᠨᠢᠶ᠎ᠡ ᠶᠢᠨ ᠲᠡᠵᠢᠭᠡᠨ ᠦᠷᠡᠵᠢᠭᠦᠯᠬᠦ ᠲᠠᠯᠠᠪᠠᠶ ᠶᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠨ ᠠᠵᠢᠯᠯᠠᠭᠤᠯᠤᠨ᠎ᠠ︔ ᠠᠵᠢᠨᠠᠶ ᠢᠮᠠᠭᠠᠨ ᠤ ᠮᠠᠯ ᠠᠵᠤ ᠠᠬᠤᠶ ᠶᠢᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠬᠡᠪᠴᠢᠶ᠎ᠡ ᠪᠠᠨ ᠥᠷᠭᠡᠳᠬᠡᠬᠦ ᠶᠢ ᠳᠡᠮᠵᠢᠵᠦ᠂ ᠵᠢᠯ ᠤᠨ ᠳᠣᠲᠣᠷ᠎ᠠ 5 ᠲᠦᠮᠡ ᠳᠤ ᠬᠦᠷᠦᠭᠦᠯᠬᠦ ᠪᠠᠷ ᠴᠢᠷᠮᠠᠶᠢᠨ᠎ᠠ᠃ ᠲᠠᠷᠢᠶᠠᠯᠠᠩ ᠮᠠᠯ ᠠᠵᠤ ᠠᠬᠤᠶ ᠶᠢ ᠤᠶᠠᠯᠳᠤᠭᠤᠯᠬᠤ᠂ ᠳᠠᠷᠢᠵᠤ ᠲᠡᠵᠢᠭᠡᠬᠦ ᠶᠢ ᠲᠡᠩᠴᠡᠭᠦᠷᠢ ᠲᠠᠢ ᠪᠠᠶᠢᠯᠭᠠᠬᠤ ᠶᠢ ᠶᠡᠬᠡᠪᠡᠷ ᠠᠬᠢᠭᠤᠯᠵᠤ᠂ ᠣᠷᠭᠠᠨᠢᠭ ᠪᠣᠷᠲᠣᠭᠤᠷ ᠤᠨ  ᠤᠶᠢᠯᠡᠳᠪᠤᠷᠢ ᠶᠢᠨ  ᠤᠶᠢᠯᠡᠳᠪᠤᠷᠢᠯᠡᠯ ᠤᠨ ᠬᠡᠪᠴᠢᠶ᠎ᠡ ᠶᠢ ᠥᠷᠭᠡᠳᠬᠡᠨ᠂ ︽ᠳᠠᠷᠢᠬᠤ — ᠲᠡᠵᠢᠭᠡᠨ ᠦᠷᠡᠵᠢᠭᠦᠯᠬᠦ — ᠡᠰᠢ ᠰᠦᠷᠡᠯ ᠤᠨ ᠪᠠᠭᠠᠰᠤᠨ ᠪᠣᠬᠢᠷᠲᠤᠯ ᠢ ᠡᠳ᠋ᠰᠢᠭᠦᠯᠦᠨ ᠣᠷᠭᠠᠨᠢᠭ ᠪᠣᠷᠲᠣᠭᠤᠷ — ᠳᠠᠷᠢᠬᠤ︾ ᠠᠮᠢ ᠠᠬᠤᠶ ᠶᠢᠨ ᠡᠷᠭᠢᠯᠲᠡ ᠶᠢᠨ ᠵᠠᠭᠪᠤᠷ ᠢ ᠪᠣᠶ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠬᠠᠶᠠᠭᠳᠠᠮᠠᠯ ᠪᠣᠳᠠᠰ ᠢ ︽ᠪᠦᠬᠦᠨ ᠢ ᠰᠢᠩᠭᠡᠭᠡᠬᠦ︾᠎ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠠᠮᠤ ᠪᠤᠳᠠᠭᠠᠨ ᠤ ᠠᠮᠤᠷ ᠲᠦᠪᠰᠢᠨ ᠢ ᠪᠦᠬᠦ ︽ᠠᠮᠤ ᠪᠤᠳᠠᠭ᠎ᠠ ᠶᠢ ᠭᠠᠵᠠᠷ ᠰᠢᠷᠣᠶ ᠳᠤ ᠬᠠᠳᠠᠭᠠᠯᠠᠵᠤ᠂ ᠠᠮᠤ ᠪᠤᠳᠠᠭ᠎ᠠ ᠶᠢ ᠮᠡᠷᠭᠡᠵᠢᠯ ᠳᠤ ᠲᠦᠰᠢᠭᠯᠡᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠤᠱᠯᠠᠭᠤᠯᠵᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ ᠪᠠᠶᠢᠰᠢᠩ ᠪᠠᠷᠢᠬᠤ ᠳᠤ ︽ ᠨᠠᠢᠮᠠᠨ ᠵᠤᠶᠢᠯ ᠢ ᠥᠯᠥ ᠵᠥᠪᠰᠢᠶᠡᠷᠡᠬᠦ︾ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠪᠡᠭᠡᠵᠢᠩ ᠤᠨ ᠰᠢᠮᠳᠠᠭᠤᠯᠤᠨ ᠪᠠᠶᠢᠴᠠᠭᠠᠬᠤ ᠲᠣᠪᠴᠢᠶ᠎ᠠ ᠶᠢᠨ ᠪᠠᠶᠢᠴᠠᠭᠠᠨ  ᠰᠢᠢᠳᠪᠤᠷᠢᠯᠡᠭᠰᠡᠨ ᠬᠤᠩ ᠮᠤᠤ ᠪᠠᠯᠭᠠᠰᠤᠨ ᠤ ᠲᠠᠷᠢᠶᠠᠨ ᠭᠠᠵᠠᠷ ᠢ ᠡᠵᠡᠯᠡᠨ ᠬᠡᠷ ᠪᠠᠶᠢᠰᠢᠩ ᠪᠠᠷᠢᠭᠰᠠᠨ ᠰᠤᠷᠭᠠᠮᠵᠢ ᠶᠢ ᠭᠦᠨᠵᠡᠭᠡᠶ ᠭᠥᠯᠢᠶᠡᠨ ᠠᠪᠴᠤ᠂ ᠪᠥᠬᠦ ᠰᠢᠶᠠᠨ ᠤ ᠬᠡᠪᠴᠢᠶᠡᠨ ᠳᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ︽ᠥᠴᠦᠬᠡᠨ ᠴᠦ ᠠᠭᠤᠴᠢᠯᠠᠬᠤ ᠥᠬᠡᠶ︾ ᠣᠪᠣᠷ ᠢᠶᠠᠷ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ︽ᠠᠮᠤ ᠪᠤᠳᠠᠭᠠᠨ ᠤ ᠪᠤᠰᠤ ᠪᠣᠯᠭᠠᠬᠤ︾᠎ ᠶᠢ ᠡᠷᠡᠰ ᠬᠤᠷᠢᠭᠯᠠᠵᠤ᠂ ᠠᠮᠤ ᠪᠤᠳᠠᠭᠠᠨ ᠤ ᠲᠠᠷᠢᠮᠠᠯ ᠤᠨ ᠳᠠᠷᠢᠬᠤ ᠲᠠᠯᠠᠪᠠᠶ ᠶᠢ 94 ᠲᠦᠮᠡᠨ ᠮᠥ ᠠᠴᠠ ᠳᠡᠭᠡᠭᠰᠢ ᠲᠣᠭᠲᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃     ᠰᠢᠯᠵᠢᠯᠲᠡ ᠶᠢᠨ ᠬᠤᠭᠤᠴᠠᠭ᠎ᠠ ᠶᠢ ᠪᠦᠲᠦᠮᠵᠢᠲᠡᠶ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ  ᠰᠢᠢᠳᠪᠤᠷᠢᠯᠡᠬᠦ ᠦᠷ᠎ᠡ ᠪᠦᠲᠦᠭᠡᠯ ᠢ ᠪᠠᠬᠢᠵᠢᠭᠦᠯᠦᠨ᠎ᠡ᠃ ︽ᠳᠥᠷᠪᠡ ᠶᠢ ᠥᠯᠥ ᠰᠠᠯᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠲᠣ ᠶᠢᠨ ᠪᠠᠶᠢᠭ᠎ᠠ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ᠂ ᠲᠡᠳᠬᠦᠨ ᠳᠡᠮᠵᠢᠬᠦ ᠪᠠᠯᠠ ᠮᠥᠩᠭᠦ᠂ ᠬᠠᠪᠰᠤᠷᠤᠨ ᠲᠡᠳᠬᠦᠬᠦ ᠬᠦᠴᠦᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠭᠰᠠᠨ ᠪᠠᠶᠢᠳᠠᠯ ᠳᠣᠤᠷ᠎ᠠ᠂ ᠵᠣᠬᠢᠰᠲᠠᠶ ᠪᠠᠷ ᠰᠢᠯᠢᠳᠡᠭᠵᠢᠭᠦᠯᠦᠨ ᠳᠣᠭᠢᠷᠠᠭᠤᠯᠤᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠤ᠂ ᠲᠠᠬᠢᠨ ᠶᠠᠳᠠᠭᠤᠷᠠᠬᠤ ᠠᠴᠠ ᠪᠤᠯᠵᠤ ᠶᠠᠳᠠᠭᠤᠷᠠᠬᠤ ᠬᠥᠮᠦᠨ ᠠᠮᠠ ᠶᠢᠨ ᠣᠷᠣᠯᠭ᠎ᠠ ᠶᠢᠨ ᠲᠦᠪᠰᠢᠨ ᠤ ᠬᠤᠪᠢᠷᠠᠯᠲᠠ ᠪᠣᠯᠤᠨ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾᠎ ᠶᠢ ᠪᠠᠬᠢᠵᠢᠭᠦᠯᠦᠭᠰᠡᠨ ᠪᠠᠶᠢᠳᠠᠯ ᠢ ᠭᠤᠣᠯᠳᠠᠯᠭ᠎ᠠ ᠲᠠᠢ ᠬᠢᠨᠠᠨ ᠬᠡᠮᠵᠢᠵᠦ᠂ ᠴᠠᠭ ᠲᠤᠬᠠᠢ ᠳᠤᠨᠢ ᠢᠯᠡᠷᠡᠭᠦᠯᠵᠦ᠂ ᠲᠦᠷᠭᠡᠨ ᠴᠤᠤᠷᠢᠶᠠᠲᠤᠨ ᠳᠠᠭᠠᠵᠤ᠂ ᠬᠥᠳᠡᠯᠦᠩᠭᠦᠢ ᠪᠠᠷ ᠴᠡᠪᠡᠷᠯᠡᠨ ᠠᠷᠢᠯᠭᠠᠬᠤ ᠶᠢ ᠪᠡᠶᠡᠯᠡᠭᠦᠯᠦᠨ᠎ᠡ᠃ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠶᠢᠨ ᠳᠠᠷᠠᠭᠠᠬᠢ ᠲᠡᠳᠬᠦᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠨᠡᠭᠦᠳᠡᠯ ᠠᠷᠠᠳ ᠢ ᠲᠥᠪᠬᠢᠨᠡᠭᠦᠯᠬᠦ ᠣᠷᠣᠨ ᠰᠠᠭᠤᠴᠠ ᠶᠢ ᠨᠥᠬᠦᠵᠦ  ᠭᠦᠢᠴᠡᠳᠭᠡᠬᠦ ᠭᠠᠷᠳᠠᠮ ᠪᠠ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠠᠵᠢᠯ ᠢ ᠵᠢᠯ ᠤᠨ ᠳᠣᠲᠣᠷ᠎ᠠ ᠦᠨᠳᠦᠰᠦᠨ ᠳᠡᠭᠡᠨ ᠪᠡᠶᠡᠯᠡᠭᠦᠯᠦᠨ᠎ᠡ᠃ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠤᠨ ᠳᠠᠶᠢᠴᠢᠯᠠᠬᠤ ᠦᠢᠯᠡᠳᠦᠯ ᠢ ᠪᠠᠬᠢᠵᠢᠭᠦᠯᠦᠨ ᠳᠡᠭᠡᠭᠰᠢᠯᠡᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠵᠢᠷᠤᠮᠵᠢᠭᠤᠯᠤᠨ ᠬᠠᠮᠢᠶᠠᠷᠴᠤ᠂ ᠲᠣᠭᠲᠠᠪᠤᠷᠢᠲᠠᠶ ᠠᠵᠢᠯ ᠣᠯᠭᠤᠯᠲᠠ ᠶᠢ ᠠᠬᠢᠭᠤᠯᠤᠨ᠎ᠠ᠃ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ᠂ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ᠂ ᠶᠠᠳᠠᠭᠤ ᠶᠢ ᠰᠡᠷᠭᠡᠶᠢᠯᠡᠨ ᠪᠠᠲᠤᠯᠠᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠠᠲᠤᠳᠬᠠᠨ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲᠧᠮ ᠢ ᠪᠦᠷᠢᠨᠰᠢᠭᠦᠯᠵᠦ᠂ ᠬᠡᠪ ᠵᠠᠩᠰᠢᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠲᠣᠰᠬᠤᠨ ᠤ ᠳᠦᠷᠢᠮ ᠠᠷᠠᠳ ᠤᠨ ᠭᠡᠷ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠶᠣᠰᠣ ᠰᠤᠷᠲᠠᠬᠤᠨ ᠤ ᠵᠢᠷᠤᠮᠵᠢᠯ ᠤᠨ ᠡᠮᠬᠢ ᠳᠢᠭᠯᠢᠮ ᠢ ᠳᠠᠬᠢᠨ ᠪᠠᠶᠢᠭᠤᠯᠵᠤ᠂ ᠤᠯᠠᠨ ᠲᠦᠮᠡᠨ ᠤ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠨ᠎ᠡ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠡᠬᠢᠯᠡᠭᠦᠯᠵᠦ᠂ ᠳᠠᠭᠠ ᠶᠢᠨ ᠨᠠᠭᠤᠷ ᠤᠨ ᠰᠠᠪᠠ ᠭᠠᠵᠠᠷ ᠤᠨ 432 ᠠᠶᠢᠯ ᠲᠣᠰᠬᠤᠨ ᠤ ᠵᠢᠯ ᠳᠤ 5 — 50 ᠪᠣᠰᠤᠭ᠎ᠠ ᠳᠥᠷᠪᠡᠯᠵᠢᠨ ᠮᠧᠲᠷ ᠪᠠᠭᠠᠰᠤᠨ ᠪᠣᠬᠢᠷᠲᠤᠯ ᠭᠠᠷᠳᠠᠭ ᠵᠢᠴᠢ 31 ᠠᠶᠢᠯ ᠲᠣᠰᠬᠤᠨ ᠤ ᠵᠢᠯ ᠳᠤ 5 ᠪᠣᠰᠤᠭ᠎ᠠ ᠳᠥᠷᠪᠡᠯᠵᠢᠨ ᠮᠧᠲᠷ ᠠᠴᠠ ᠳᠣᠷᠣᠭᠰᠢᠬᠢ ᠪᠠᠭᠠᠰᠤᠨ ᠪᠣᠬᠢᠷᠲᠤᠯ ᠭᠠᠷᠳᠠᠭ ᠲᠡᠵᠢᠭᠡᠨ ᠦᠷᠡᠵᠢᠭᠦᠯᠬᠦ ᠡᠷᠦᠬᠡ ᠳᠤ ᠪᠣᠷᠲᠣᠭᠤᠷ ᠣᠪᠣᠭᠠᠯᠠᠬᠤ ᠢᠰᠬᠡᠯᠲᠡ ᠶᠢᠨ ᠲᠠᠲᠠᠭᠠᠯ ᠪᠤᠶᠤ ᠢᠰᠬᠡᠯᠲᠡ ᠶᠢᠨ ᠬᠠᠶᠢᠷᠴᠠᠭ ᠪᠠᠶᠢᠭᠤᠯᠤᠨ᠎ᠠ︔ 41 ᠠᠶᠢᠯ ᠲᠣᠰᠬᠤᠨ ᠳᠤ ᠪᠣᠬᠢᠷ ᠤᠰᠤᠨ ᠤ ᠬᠤᠭᠤᠯᠠᠶ ᠶᠢᠨ ᠲᠣᠣᠷ ᠢ 164 ᠺᠢᠯᠣᠮᠧᠲᠷ ᠰᠢᠨ᠎ᠡ ᠪᠠᠷ ᠪᠠᠶᠢᠭᠤᠯᠵᠤ᠂ 2100 ᠡᠷᠦᠬᠡ ᠶᠢᠨ ᠵᠣᠷᠯᠣᠩ ᠢ ᠥᠭᠡᠷᠡᠴᠢᠯᠡᠪᠡ︔ ᠰᠠᠪᠠ ᠭᠠᠵᠠᠷ ᠤᠨ ᠳᠣᠲᠣᠷᠠᠬᠢ ᠪᠣᠶ ᠪᠥᠬᠦᠶ ᠠᠶᠢᠯ ᠲᠣᠰᠬᠤᠨ ᠤ ᠬᠤᠭ ᠨᠣᠪᠰᠢ ᠶᠢ ᠬᠤᠷᠢᠶᠠᠨ ᠴᠤᠭᠯᠠᠭᠤᠯᠬᠤ᠂ ᠳᠠᠮᠵᠢᠭᠤᠯᠤᠨ ᠲᠡᠭᠡᠭᠡᠪᠦᠷᠢᠯᠡᠬᠦ᠂ ᠰᠢᠲᠠᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠣᠷᠳᠣ ᠬᠤᠭᠤᠴᠠᠭᠠᠨ ᠤ ᠪᠦᠲᠦᠮᠵᠢᠲᠡᠶ ᠠᠵᠢᠯᠯᠠᠭᠠᠨ ᠤ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠦᠨ᠎ᠡ᠃ ᠬᠠᠲᠤᠨ ᠭᠤᠤᠯ ᠤᠨ ᠰᠠᠪᠠ ᠭᠠᠵᠠᠷ ᠲᠠᠬᠢ ᠶᠦᠩ ᠰᠢᠩ ᠪᠠᠯᠭᠠᠰᠤ᠂  ᠮᠠᠩᠬᠠᠨ ᠪᠠᠯᠭᠠᠰᠤᠨ ᠤ ᠪᠣᠬᠢᠷ ᠤᠰᠤᠨ ᠤ ᠬᠤᠭᠤᠯᠠᠶ ᠶᠢᠨ ᠲᠣᠤᠷ ᠳᠡᠪᠢᠰᠬᠦ᠂ ᠣᠪᠣᠭᠠᠯᠠᠨ ᠪᠣᠷᠲᠣᠭᠤᠷ ᠢᠰᠬᠡᠬᠦ ᠲᠠᠲᠠᠭᠠᠯ ᠤᠨ ᠪᠥᠲᠥᠭᠡᠨ ᠪᠠᠶᠢᠭᠤᠯᠤᠯᠲᠠ᠂ ᠲᠠᠷᠢᠶᠠᠴᠢᠨ ᠡᠷᠦᠬᠡ ᠶᠢᠨ ᠵᠣᠷᠯᠣᠩ ᠢ ᠥᠭᠡᠷᠡᠴᠢᠯᠡᠬᠦ ᠵᠡᠷᠭᠡ ᠠᠵᠢᠯ ᠢ ᠭᠦᠨᠵᠡᠭᠡᠶ ᠠᠬᠢᠭᠤᠯᠤᠨ᠎ᠠ᠃    ︵ᠬᠤᠶᠠᠷ︶ ᠪᠣᠬᠢᠷᠲᠤᠯ ᠥᠬᠡᠶ ᠣᠨᠣᠯᠵᠢᠬᠤᠨ ᠢ  ᠤᠶᠢᠯᠡᠳᠤᠯᠭᠡᠵᠢᠭᠦᠯᠵᠦ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ     ︽ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ︾᠎ ᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠎ᠠ᠃     ᠪᠠᠷᠢᠮᠵᠢᠶ᠎ᠠ ᠳᠤ ᠵᠣᠬᠢᠴᠠᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ᠂  ᠲᠠᠭ᠎ᠠ ᠶᠢᠨ ᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠪᠥᠬᠦ ᠲᠠᠯ᠎ᠠ ᠪᠠᠷ ᠠᠬᠢᠭᠤᠯᠤᠨ᠎ᠠ  ᠃ ︽ᠰᠠᠭᠤᠭᠳᠠᠴᠠ ᠨᠢ ᠭᠤᠤᠯ ᠳᠤ ᠪᠠᠶᠢᠵᠤ᠂ ᠦᠨᠳᠦᠰᠦ ᠨᠢ ᠰᠠᠪᠠ ᠭᠠᠵᠠᠷ ᠲᠤ ᠪᠠᠶᠢᠬᠤ︾ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂  ᠲᠠᠭ᠎ᠠ ᠶᠢᠨ ᠨᠠᠭᠤᠷ ᠢ ᠵᠠᠰᠠᠬᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠡᠷᠡᠭᠵᠢᠭᠦᠯᠬᠦ ᠲᠥᠰᠦᠯ ᠢ ᠴᠢᠩᠭ᠎ᠠ ᠬᠡᠷᠡᠭᠵᠢᠭᠦᠯᠵᠦ᠂ ᠪᠠᠷᠤᠭ 5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠤᠰᠤᠨ ᠤ ᠬᠡᠮᠵᠢᠶ᠎ᠡ ᠶᠢ ᠨᠡᠮᠡᠭᠳᠡᠭᠦᠯᠬᠦ᠂ ᠤᠰᠤᠨ ᠤ ᠴᠢᠨᠠᠷ ᠢ ᠰᠠᠶᠢᠵᠢᠷᠠᠭᠤᠯᠬᠤ 16 ᠲᠥᠷᠥᠯ ᠵᠤᠶᠢᠯ ᠢ ᠬᠡᠷᠡᠭᠵᠢᠭᠦᠯᠦᠨ᠂ ︽ᠳᠥᠷᠪᠡ ᠶᠢ ᠡᠵᠡᠮᠳᠡᠵᠦ ᠭᠤᠷᠪᠠ ᠶᠢ  ᠰᠢᠢᠳᠪᠤᠷᠢᠯᠡᠬᠦ ᠭᠤᠷᠪᠠ ᠶᠢ ᠰᠢᠪᠲᠤᠯᠬᠤ︾ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠤᠰᠤᠨ ᠤ ᠭᠠᠳᠠᠷᠭᠤ ᠶᠢᠨ ᠲᠠᠯᠠᠪᠠᠶ ᠶᠢ 50 ᠲᠡᠭᠰᠢ ᠳᠥᠷᠪᠡᠯᠵᠢᠨ ᠺᠢᠯᠣᠮᠧᠲᠷ ᠣᠷᠴᠢᠮ ᠪᠠᠶᠢᠯᠭᠠᠬᠤ ᠶᠢ ᠪᠠᠲᠤᠯᠠᠵᠤ᠂ ᠤᠰᠤᠨ ᠤ ᠴᠢᠨᠠᠷ ᠢ ᠳᠠᠬᠢᠨ ᠮᠠᠭᠤᠳᠠᠭᠤᠯᠬᠤ ᠥᠬᠡᠶ᠂ ᠠᠮᠢ ᠠᠬᠤᠶ ᠶᠢᠨ ᠣᠷᠴᠢᠨ ᠲᠣᠭᠤᠷᠢᠨ ᠢ ᠠᠯᠬᠤᠮ ᠠᠯᠬᠤᠮ ᠢᠶᠠᠷ ᠰᠠᠶᠢᠵᠢᠷᠠᠭᠤᠯᠤᠨ᠎ᠠ᠃ ᠤᠰᠤᠨ ᠤ ᠬᠡᠮᠵᠢᠶ᠎ᠡ ᠶᠢ ᠨᠡᠮᠡᠭᠳᠡᠭᠦᠯᠬᠦ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠳᠠᠭᠠ ᠶᠢᠨ ᠨᠠᠭᠤᠷ ᠤᠨ ᠠᠮᠢ ᠠᠬᠤᠶ ᠶᠢᠨ ᠪᠠᠴᠢᠮ ᠪᠠᠶᠢᠳᠠᠯ ᠢ  ᠠᠷᠭᠠᠴᠠᠭᠠᠵᠤ ᠤᠰᠤ ᠨᠥᠬᠦᠪᠥᠷᠢᠯᠡᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠪᠥᠬᠦ ᠬᠦᠴᠦᠨ ᠢᠶᠠᠷ ᠢᠶᠠᠨ ᠬᠠᠮᠵᠢᠯᠴᠠᠨ᠂ ᠲᠦᠷ ᠴᠠᠭ ᠭᠠᠵᠠᠷ ᠲᠠᠲᠠᠪᠤᠷᠢᠯᠠᠨ ᠬᠡᠷᠡᠭᠯᠡᠬᠦ ᠠᠵᠢᠯ ᠢ ᠰᠠᠶᠢᠲᠤᠷ ᠬᠢᠵᠦ᠂ ᠵᠢᠯ ᠤᠨ ᠡᠴᠦᠰ ᠲᠤ ᠤᠰᠤ ᠨᠡᠪᠲᠡᠷᠡᠭᠦᠯᠬᠦ ᠨᠥᠬᠦᠴᠡᠯ ᠢ ᠪᠦᠷᠢᠯᠳᠦᠭᠦᠯᠬᠦ ᠪᠠᠷ ᠴᠢᠷᠮᠠᠶᠢᠨ᠎ᠠ᠃ ᠲᠠᠷᠢᠶᠠᠯᠠᠩ ᠤᠨ ᠤᠰᠤ ᠠᠷᠪᠢᠯᠠᠬᠤ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ︽ᠤᠰᠤ ᠶᠢ ᠭᠠᠩ ᠬᠠᠭᠤᠷᠠᠶ ᠪᠣᠯᠭᠠᠨ ᠥᠭᠡᠷᠡᠴᠢᠯᠡᠬᠦ︾ ᠬᠡᠪᠴᠢᠶᠡᠨ ᠳᠠᠬᠢ ᠮᠠᠰᠢᠨ ᠴᠠᠬᠢᠯᠭᠠᠨ ᠬᠤᠳᠳᠤᠭ ᠢ ᠲᠦᠢᠯᠪᠤᠷᠢᠲᠠᠶ ᠨᠤᠷᠠᠭᠠᠵᠤ᠂ ︽ᠤᠰᠤ ᠶᠢ ᠭᠠᠩ ᠬᠠᠭᠤᠷᠠᠶ ᠪᠣᠯᠭᠠᠨ ᠥᠭᠡᠷᠡᠴᠢᠯᠡᠬᠦ︾ ᠲᠠᠯᠠᠪᠠᠶ ᠶᠢ 5 ᠲᠦᠮᠡᠨ ᠮᠥ ᠰᠢᠨ᠎ᠡ ᠪᠠᠷ ᠨᠡᠮᠡᠭᠳᠡᠭᠦᠯᠵᠦ᠂ 5 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠤᠨ᠎ᠠ᠃  ᠲᠠᠭ᠎ᠠ ᠶᠢᠨ ᠨᠠᠭᠤᠷ ᠢ ᠲᠣᠭᠤᠷᠢᠭᠰᠠᠨ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠶᠢ ᠥᠷᠨᠢᠭᠦᠯᠵᠦ᠂ ᠴᠠᠷᠭᠠᠰᠤ ᠶᠢᠨ ᠭᠤᠤᠯ ᠵᠡᠷᠭᠡ 3 ᠵᠤᠷᠪᠤᠰ ᠭᠤᠤᠯ ᠤᠨ ᠵᠠᠮ ᠤᠨ ᠠᠮᠢ ᠠᠬᠤᠶ ᠶᠢᠨ ᠵᠠᠰᠠᠯᠲᠠ ᠶᠢ ᠬᠡᠷᠡᠭᠵᠢᠭᠦᠯᠦᠨ᠂ ᠲᠤᠩᠭᠠᠯᠠᠭ ᠤᠰᠤ ᠶᠢ ᠨᠠᠭᠤᠷ ᠲᠤ ᠴᠢᠳᠬᠤᠬᠤ ᠶᠢ ᠪᠡᠶᠡᠯᠡᠭᠦᠯᠦᠨ᠎ᠡ᠃ ᠤᠰᠤᠨ ᠤ ᠱᠠᠲᠤᠯᠢᠭ ᠦᠨ᠎ᠡ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠪᠠᠯᠭᠠᠰᠤ ᠶᠢᠨ ᠤᠰᠤ ᠠᠷᠪᠢᠯᠠᠬᠤ ᠤᠰᠤᠨ ᠤ ᠴᠢᠨᠠᠷ ᠢ ᠰᠠᠶᠢᠵᠢᠷᠠᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠭᠦᠩ ᠪᠠ ᠾᠧ ᠭᠤᠣᠯ ᠢ ᠬᠠᠰᠢᠵᠤ ᠴᠡᠪᠡᠷᠰᠢᠭᠦᠯᠬᠦ ᠪᠠ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠤᠷᠢᠳᠠᠴᠢ ᠬᠥᠮᠥᠷᠭᠡ ᠶᠢ ᠡᠬᠢᠯᠡᠨ ᠪᠠᠶᠢᠭᠤᠯᠵᠤ᠂ ᠭᠠᠳᠠᠷᠭᠤ ᠶᠢᠨ ᠤᠷᠤᠰᠬᠠᠯ ᠤᠨ ᠴᠢᠭᠢᠭᠯᠢᠭ ᠭᠠᠵᠠᠷ ᠢ 7 ᠺᠢᠯᠣᠮᠧᠲᠷ ᠰᠢᠨ᠎ᠡ ᠪᠠᠷ ᠪᠠᠶᠢᠭᠤᠯᠵᠤ᠂ 11.8 ᠺᠢᠯᠣᠮᠧᠲᠷ ᠭᠤᠣᠯ ᠤᠨ ᠵᠠᠮ ᠢ ᠵᠠᠰᠠᠵᠤ᠂ ᠬᠠᠳᠤᠨ ᠭᠤᠣᠯ ᠤᠨ ᠨᠠᠭᠤᠷ ᠲᠤ ᠴᠢᠳᠬᠤᠬᠤ ᠤᠰᠤᠨ ᠤ ᠴᠢᠨᠠᠷ ᠢ ᠪᠦᠲᠦᠮᠵᠢᠲᠡᠶ ᠪᠠᠷ ᠴᠡᠪᠡᠷᠰᠢᠭᠦᠯᠦᠨ᠎ᠡ᠃ ᠠᠮᠢ ᠠᠬᠤᠶ ᠶᠢᠨ ᠤᠰᠤ ᠨᠥᠬᠦᠪᠥᠷᠢᠯᠡᠬᠦ ᠤᠰᠤᠨ ᠳᠤ ᠵᠢᠪᠦᠭᠰᠡᠨ ᠣᠷᠣᠨ ᠤ ᠭᠠᠵᠠᠷ ᠤᠨ ᠭᠠᠳᠠᠷᠭᠤ ᠶᠢ ᠴᠡᠪᠡᠷᠯᠡᠬᠦ᠂ ᠬᠦᠪᠡᠭᠡ ᠶᠢᠨ ᠤᠰᠤᠨ ᠤ ᠡᠷᠭᠢ ᠶᠢᠨ ᠪᠦᠰᠡ ᠶᠢᠨ ᠬᠦᠨᠳᠦ ᠪᠣᠬᠢᠷᠲᠤᠯ ᠲᠠᠢ ᠣᠷᠣᠨ ᠤ ᠢᠷᠣᠭᠠᠷ ᠤᠨ ᠰᠢᠪᠠᠷ ᠢ ᠯᠠᠶᠢᠳᠠᠬᠤ᠂ ᠭᠦᠢᠬᠡᠨ ᠤᠰᠤᠨ ᠤ ᠣᠷᠣᠨ ᠤ ᠠᠮᠢ ᠠᠬᠤᠶ ᠶᠢ ᠵᠠᠰᠠᠨ ᠰᠡᠷᠭᠦᠭᠡᠬᠦ ᠵᠡᠷᠭᠡ ᠢᠨᠵᠧᠨᠧᠷᠢᠩ ᠢ ᠲᠣᠭᠤᠷᠢᠭ ᠬᠤᠪᠢᠶᠠᠨ ᠠᠯᠬᠤᠮ ᠬᠤᠪᠢᠶᠠᠵᠤ ᠬᠡᠷᠡᠭᠵᠢᠭᠦᠯᠦᠨ᠎ᠡ᠃ ᠬᠢᠨᠠᠨ ᠬᠡᠮᠵᠢᠬᠦ ᠰᠤᠳᠤᠯᠭᠠᠨ ᠤ ᠲᠠᠯ᠎ᠠ ᠪᠠᠷ ᠳᠡᠭᠡᠭᠰᠢᠯᠡᠭᠦᠯᠬᠦ ᠪᠠᠷ ᠴᠢᠷᠮᠠᠶᠢᠵᠤ᠂ ᠤᠰᠤᠨ ᠤ ᠠᠮᠢ ᠠᠬᠤᠶ ᠶᠢ ᠰᠡᠷᠭᠦᠭᠡᠬᠦ ᠲᠤᠷᠰᠢᠯᠲᠠ ᠶᠢᠨ ᠢᠨᠵᠧᠨᠧᠷᠢᠩ ᠢ ᠬᠡᠷᠡᠭᠵᠢᠭᠦᠯᠦᠨ᠂ ᠵᠢᠭᠠᠰᠤᠨ ᠤ ᠲᠥᠷᠥᠯ ᠢ ᠲᠠᠯᠪᠢᠵᠤ ᠲᠡᠵᠢᠭᠡᠬᠦ ᠲᠤᠷᠰᠢᠯᠲᠠ ᠶᠢ ᠥᠷᠨᠢᠭᠦᠯᠦᠨ᠎ᠡ︔᠎  ᠲᠠᠭ᠎ᠠ ᠶᠢᠨ ᠨᠠᠭᠤᠷ ᠤᠰᠤᠨ ᠴᠣᠭᠴᠠ ᠶᠢᠨ ᠪᠣᠬᠢᠷᠲᠤᠯ ᠤᠨ ᠡᠬᠢ ᠰᠤᠷᠪᠤᠯᠵᠢ ᠶᠢ ᠭᠦᠨᠵᠡᠭᠡᠶ ᠪᠠᠶᠢᠴᠠᠭᠠᠨ ᠰᠤᠳᠤᠯᠵᠤ ᠂ ᠲᠥᠷᠥᠯ  ᠵᠤᠶᠢᠯ ᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠵᠠᠰᠠᠯᠲᠠ ᠶᠢᠨ ᠳᠤᠲᠠᠭᠤᠳᠠᠯ ᠢ ᠤᠯᠠᠮ ᠨᠢᠭᠡ ᠠᠯᠬᠤᠮ ᠨᠥᠬᠦᠪᠥᠷᠢᠯᠡᠨ᠎ᠡ᠃     ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ  ᠤᠶᠢᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠴᠢᠩᠭ᠎ᠠ ᠬᠠᠮᠠᠭᠠᠯᠠᠨ᠎ᠠ᠃ ᠵᠢᠯ ᠤᠨ ᠳᠣᠲᠣᠷ᠎ᠠ 1 ᠲᠦᠮᠡᠨ ᠮᠥ ᠮᠠᠭᠤᠳᠠᠭᠰᠠᠨ ᠪᠡᠯᠴᠢᠭᠡᠷ ᠢ ᠵᠠᠰᠠᠨ ᠰᠡᠷᠭᠦᠭᠡᠵᠦ᠂ 1 ᠲᠦᠮᠡᠨ ᠮᠥ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠣᠶ᠂ 2 ᠲᠦᠮᠡᠨ ᠮᠥ ᠬᠥᠷᠥᠰᠥ ᠰᠢᠷᠣᠶ ᠶᠢ ᠬᠠᠮᠠᠭᠠᠯᠠᠬᠤ ᠣᠶ ᠶᠢ ᠪᠥᠲᠥᠭᠡᠨ ᠪᠠᠶᠢᠭᠤᠯᠤᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ᠂ ︽ᠤᠯᠤᠰ ᠤᠨ ᠲᠠᠰ ᠤᠨ ᠤᠰᠤ ᠠᠷᠪᠢᠯᠠᠬᠤ ᠬᠡᠯᠪᠡᠷᠢ ᠶᠢᠨ ᠬᠤᠲᠠ︾᠎ ᠶᠢᠨ ᠪᠥᠲᠥᠭᠡᠨ ᠪᠠᠶᠢᠭᠤᠯᠤᠯᠲᠠ ᠶᠢ ᠤᠷᠢᠳᠠᠪᠠᠷ ᠲᠤᠷᠰᠢᠨ ᠡᠬᠢᠯᠡᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠦᠨ᠎ᠡ᠃ ᠡᠨᠧᠷᠭᠢ ᠶᠢᠨ ᠬᠤᠷᠣᠭᠳᠠᠭᠤᠯᠭ᠎ᠠ ᠶᠢ ᠬᠤᠶᠠᠷ ᠢ ᠬᠢᠵᠠᠭᠠᠷᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠵᠦᠢᠯᠡᠰ ᠢ ᠰᠢᠨ᠎ᠡ ᠪᠠᠷ ᠪᠠᠶᠢᠭᠤᠯᠬᠤ ᠶᠢ ᠴᠢᠩᠭ᠎ᠠ ᠴᠠᠭᠠᠵᠠᠯᠠᠵᠤ᠂ ᠢᠯᠴᠢ ᠴᠠᠬᠢᠯᠭᠠᠨ ᠢ ᠬᠠᠮᠲᠤᠷᠠᠨ ᠦᠢᠯᠡᠳᠪᠦᠷᠢᠯᠡᠬᠦ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠠᠵᠢᠯ ᠢ ᠡᠬᠢᠯᠡᠭᠦᠯᠦᠨ ᠪᠦᠳᠦᠭᠡᠨ ᠪᠠᠶᠢᠭᠤᠯᠬᠤ ᠪᠠᠷ ᠢᠳᠡᠪᠬᠢᠲᠡᠶ ᠴᠢᠷᠮᠠᠶᠢᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠦᠷᠳᠡᠭᠡ ᠶᠢ 3 ᠪᠠᠶᠢᠭᠤᠯᠵᠤ᠂ ᠬᠠᠶᠠᠭᠳᠠᠮᠠᠯ ᠠᠭᠤᠷᠬᠠᠢ ᠶᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠤᠨ᠎ᠠ︔ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠰᠢ ᠰᠦᠷᠡᠯ ᠢ ᠰᠢᠲᠠᠭᠠᠬᠤ ᠶᠢ ᠴᠢᠩᠭ᠎ᠠ ᠴᠠᠭᠠᠵᠠᠯᠠᠨ᠎ᠠ︔ ᠲᠦᠭᠦᠬᠡᠶ ᠨᠡᠭᠦᠷᠡᠰᠦ ᠶᠢ ᠰᠤᠯᠠ ᠰᠢᠲᠠᠭᠠᠬᠤ ᠶᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠭᠠᠵᠠᠷ ᠤᠨ ᠲᠣᠭᠤᠰᠣ ᠰᠢᠷᠣᠶ ᠵᠡᠷᠭᠡ ᠠᠭᠠᠷ ᠮᠠᠨᠳᠠᠯ ᠤᠨ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠠᠭᠠᠷ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠵᠠᠰᠠᠯᠲᠠ ᠶᠢ ᠯᠠᠪᠳᠠᠭᠤᠨ ᠢᠶᠠᠷ ᠠᠬᠢᠭᠤᠯᠵᠤ᠂ 20 ᠲᠡᠭᠰᠢ ᠳᠥᠷᠪᠡᠯᠵᠢᠨ ᠺᠢᠯᠣᠮᠧᠲᠷ ᠬᠥᠷᠥᠰᠥ ᠰᠢᠷᠣᠶ ᠶᠢᠨ ᠬᠠᠮᠠᠭᠠᠯᠠᠯᠲᠠ ᠶᠢ ᠬᠡᠷᠡᠭᠵᠢᠭᠦᠯᠦᠨ᠂ ᠤᠰᠤᠨ ᠤ ᠴᠢᠨᠠᠷ ᠤᠨ ᠠᠦ᠋ᠲ᠋ᠣ᠋ ᠬᠢᠨᠠᠨ ᠬᠡᠮᠵᠢᠬᠦ ᠥᠷᠲᠡᠭᠡ ᠶᠢ 1 ᠰᠢᠨ᠎ᠡ ᠪᠠᠷ ᠪᠠᠶᠢᠭᠤᠯᠵᠤ᠂ ᠶᠦᠩ ᠰᠢᠩ ᠭᠸᠦ᠂ ᠮᠤᠩ ᠬᠠᠨ ᠭᠸᠦ ᠵᠡᠷᠭᠡ 5 ᠵᠤᠷᠪᠤᠰ ᠭᠤᠤᠯ ᠤᠨ ᠵᠠᠮ ᠤᠨ ᠬᠠᠰᠢᠯᠭ᠎ᠠ ᠳᠠᠯᠠᠩ ᠢ 22.5 ᠺᠢᠯᠣᠮᠧᠲᠷ ᠪᠥᠲᠥᠭᠡᠨ ᠪᠠᠶᠢᠭᠤᠯᠵᠤ᠂ 50 ᠰᠠᠭᠤᠷᠢ ᠠᠶᠤᠯ ᠢ ᠠᠷᠢᠯᠭᠠᠨ ᠪᠠᠬᠢᠯᠡᠬᠦ ᠪᠠᠷ ᠴᠢᠷᠮᠠᠶᠢᠨ᠎ᠠ᠃   ︵ᠭᠤᠷᠪᠠ︶ ᠲᠥᠷᠥᠯ  ᠵᠤᠶᠢᠯ ᠤᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠲᠦᠮᠵᠢᠲᠡᠶ ᠪᠠᠯᠠ ᠣᠷᠣᠭᠤᠯᠤᠯᠲᠠ ᠶᠢ ᠬᠦᠴᠦᠯᠡᠨ ᠥᠷᠭᠡᠳᠬᠡᠨ᠎ᠡ    ᠡᠷᠬᠡᠪᠰᠢ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠲᠦᠷᠦᠯ ᠵᠦᠢᠯ ᠢ ᠶᠡᠬᠡᠪᠡᠷ ᠠᠳᠬᠤᠵᠤ᠂ ᠲᠤᠮᠤ ᠲᠦᠷᠦᠯ ᠵᠦᠢᠯ ᠢ ᠠᠳᠬᠤᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠢᠳᠡ ᠬᠦᠴᠦᠨ ᠢ ᠨᠡᠩ ᠴᠢᠩᠭ᠎ᠠ᠂ ᠬᠥᠳᠡᠯᠭᠡᠬᠦ ᠬᠦᠴᠦᠨ ᠢ ᠨᠡᠩ ᠴᠢᠩᠭ᠎ᠠ ᠪᠣᠯᠭᠠᠬᠤ ᠬᠡᠷᠡᠭᠲᠡᠢ᠃   ᠴᠢᠬᠤᠯᠠ ᠶᠡᠭᠡ ᠵᠦᠢᠯᠡᠰ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ ᠪᠥᠬᠦ ᠬᠤᠲᠠ ᠶᠢᠨ ᠰᠢᠨ᠎ᠡ ᠡᠨᠧᠷᠭᠢ ᠶᠢ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃  ᠲᠠᠭ᠎ᠠ ᠶᠢᠨ ᠨᠠᠭᠤᠷ ᠤᠨ ᠴᠠᠬᠢᠯᠭᠠᠨ ᠤ ᠦᠢᠯᠡᠳᠪᠦᠷᠢ ᠶᠢᠨ ᠪᠡᠭᠡᠵᠢᠩ ᠳᠤ ᠰᠢᠭᠤᠳ ᠬᠠᠩᠭᠠᠬᠤ 500 ᠺᠢᠯᠤᠸᠤᠯᠲ ᠤᠨ ᠴᠠᠬᠢᠯᠭᠠᠨ ᠬᠦᠷᠭᠡᠬᠦ ᠨᠡᠪᠳᠡᠷᠡᠯ ᠵᠠᠮ ᠳᠤ ᠲᠦᠰᠢᠭᠯᠡᠨ᠂ 500 ᠰᠠᠶ᠎ᠠ ᠸᠠᠲ ᠤᠨ ᠰᠠᠯᠬᠢᠨ ᠭᠠᠯ ᠢ ᠪᠣᠭᠤᠵᠢᠯᠠᠬᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠠᠷ ᠢᠳᠡᠪᠬᠢᠲᠡᠢ ᠴᠢᠷᠮᠠᠶᠢᠨ᠎ᠠ︔ ᠣᠷᠴᠢᠯ ᠠᠵᠤ ᠠᠬᠤᠶ ᠶᠢ ᠶᠡᠬᠡᠪᠡᠷ ᠬᠥᠭᠵᠢᠭᠦᠯᠵᠦ᠂ 50 ᠰᠠᠶ᠎ᠠ ᠸᠠᠲ ᠤᠨ ᠰᠠᠯᠬᠢ ᠭᠡᠷᠡᠯ ᠢ ᠬᠠᠷᠢᠯᠴᠠᠨ ᠨᠥᠬᠦᠪᠥᠷᠢᠯᠡᠵᠦ ᠥᠪᠡᠰᠦᠪᠡᠨ ᠪᠡᠯᠡᠳᠬᠡᠵᠦ ᠴᠠᠬᠢᠯᠭᠠᠨ ᠭᠠᠷᠭᠠᠬᠤ ᠪᠠᠷ ᠴᠢᠷᠮᠠᠶᠢᠵᠤ᠂ 150 ᠲᠦᠮᠡᠨ ᠲᠣᠨ ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠵᠦᠢᠯᠡᠰ ᠢ ᠵᠢᠯ ᠤᠨ ᠳᠣᠲᠣᠷ᠎ᠠ ᠡᠬᠢᠯᠡᠨ ᠪᠦᠳᠦᠭᠡᠨ ᠪᠠᠶᠢᠭᠤᠯᠤᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠲᠤ᠂ 100 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠳᠡᠭ ᠲᠠᠢ ᠣᠷᠴᠢᠯ ᠬᠦᠷᠢᠶᠡᠯᠡᠩ ᠲᠣᠭᠤᠷᠢᠭ ᠢ ᠦᠨᠳᠦᠰᠦᠨ ᠳᠡᠭᠡᠨ ᠪᠦᠷᠢᠯᠳᠦᠭᠦᠯᠵᠦ᠂ 5 ᠳ᠋ᠦᠩᠰᠢᠭᠤᠷ ᠲᠥᠭᠦᠷᠢᠭ ᠤᠨ ᠭᠠᠶᠢᠯᠢ ᠶᠢᠨ ᠣᠷᠣᠯᠭ᠎ᠠ ᠶᠢ ᠪᠡᠶᠡᠯᠡᠭᠦᠯᠦᠨ᠎ᠡ᠃ ᠪᠥᠬᠦ ᠤᠯᠤᠰ ᠤᠨ ᠡᠮᠲᠦ ᠠᠷᠢᠬᠢᠨ ᠤ  ᠤᠶᠢᠯᠡᠳᠪᠤᠷᠢᠯᠡᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠬᠤᠩ ᠮᠤᠤ ᠶᠢᠨ ᠤᠯᠤᠰ ᠤᠨ ᠡᠮ ᠤᠨ ᠦᠢᠯᠡᠳᠪᠦᠷᠢᠯᠡᠯ ᠢᠶᠠᠨ ᠥᠷᠭᠡᠳᠬᠡᠬᠦ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠪᠡᠭᠡᠵᠢᠩ ᠤᠨ ᠲᠦᠩ ᠷᠧᠨ ᠲᠠᠩ᠂ ᠲᠢᠶᠠᠨᠵᠢᠨ ᠤ ᠳ᠋ᠠ ᠷᠧᠨ ᠲᠠᠩ ᠤᠨ ᠪᠦᠬᠦ ᠤᠯᠤᠰ ᠤᠨ ᠶᠡᠷᠦᠩᠬᠡᠢ ᠣᠷᠣᠯᠠᠭᠴᠢ ᠪᠣᠯᠬᠤ ᠶᠢ ᠢᠳᠡᠪᠬᠢᠲᠡᠢ ᠵᠣᠬᠢᠴᠠᠭᠤᠯᠤᠨ ᠠᠬᠢᠭᠤᠯᠵᠤ᠂ ᠡᠮᠲᠦ ᠠᠷᠢᠬᠢ ᠦᠢᠯᠡᠳᠪᠦᠷᠢᠯᠡᠬᠦ ᠰᠠᠭᠤᠷᠢᠨ ᠭᠠᠵᠠᠷ ᠢ ᠬᠠᠮᠲᠤᠷᠠᠨ ᠪᠠᠶᠢᠭᠤᠯᠵᠤ᠂ ᠪᠣᠷᠣᠯᠠᠭᠤᠯᠬᠤ ᠺᠣᠮᠫᠠᠨᠢ ᠪᠠᠶᠢᠭᠤᠯᠵᠤ᠂ ᠡᠮᠲᠦ ᠠᠷᠢᠬᠢ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠢ ᠮᠠᠨ ᠤ ᠰᠢᠶᠠᠨ ᠳᠤ ᠨᠤᠲᠤᠭᠰᠢᠭᠤᠯᠵᠤ᠂ ᠪᠣᠷᠣᠯᠠᠭᠤᠯᠭ᠎ᠠ᠂ ᠡᠳ᠋ ᠪᠠᠷᠠᠭᠠᠨ ᠤ ᠭᠦᠢᠯᠭᠡᠭᠡ᠂ ᠮᠡᠳᠡᠭᠡ ᠵᠠᠩᠭᠢ᠂ ᠪᠡᠯᠡ ᠮᠥᠩᠭᠦ ᠵᠡᠷᠭᠡ ᠤᠯᠠᠨ ᠡᠯᠧᠮᠧᠨ᠋ᠲ ᠲᠥᠪᠯᠡᠷᠡᠭᠰᠡᠨ ᠤᠳᠤ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠢ ᠪᠦᠷᠢᠯᠳᠦᠭᠦᠯᠵᠦ᠂ ᠵᠠᠭᠤᠨ ᠵᠢᠯ ᠤᠨ ᠲᠦᠷᠦᠯ ᠲᠡᠮᠳᠡᠭ ᠤᠨ ᠲᠦᠷᠢ ᠲᠥᠷᠬᠦ ᠶᠢ ᠳᠠᠬᠢᠨ ᠴᠣᠭᠴᠠᠯᠠᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠲᠤ᠂ 60 — 100 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠳᠡᠭ ᠢ ᠦᠨᠳᠦᠰᠦᠨ ᠳᠡᠭᠡᠨ ᠪᠦᠷᠢᠯᠳᠦᠭᠦᠯᠦᠭᠰᠡᠨ ᠬᠤᠩ ᠮᠤᠤ ᠠᠵᠤ ᠦᠢᠯᠡᠰ ᠤᠨ ᠬᠦᠷᠢᠶᠡᠯᠡᠩ ᠳᠤ 5 ᠳ᠋ᠦᠩᠰᠢᠭᠤᠷ ᠲᠥᠭᠦᠷᠢᠭ ᠤᠨ ᠭᠠᠶᠢᠯᠢ ᠶᠢᠨ ᠣᠷᠣᠯᠭ᠎ᠠ ᠶᠢ ᠪᠡᠶᠡᠯᠡᠭᠦᠯᠪᠡ᠃ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠡᠳ᠋ᠰᠢᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠭᠤᠣᠯᠳᠠᠯᠭ᠎ᠠ ᠲᠠᠢ ᠪᠠᠷ ᠰᠢᠰᠢ᠂ ᠰᠢᠯᠦᠬᠡᠢ ᠪᠠᠷ ᠭᠤᠣᠯ ᠪᠣᠯᠭᠠᠭᠰᠠᠨ ᠡᠯᠳᠡᠪ ᠠᠮᠤ ᠡᠯᠳᠡᠪ ᠪᠤᠷᠴᠠᠭ᠂ ᠦᠬᠡᠷ ᠬᠤᠨᠢ ᠲᠠᠬᠢᠶᠠᠨ ᠮᠢᠬ᠎ᠠ᠂ ᠴᠠᠭᠠᠨ ᠢᠳᠡᠭᠡ ᠵᠡᠷᠭᠡ ᠭᠤᠷᠪᠠᠨ ᠶᠡᠭᠡ ᠠᠵᠤ ᠦᠢᠯᠡᠰ ᠤᠨ ᠲᠣᠭᠤᠷᠢᠨ ᠳᠤ᠂ ᠨᠢᠭᠡ ᠪᠦᠯᠦᠭ ᠪᠣᠳᠠᠲᠤ ᠬᠦᠴᠦᠨ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠡᠯᠬᠢ᠊ ᠡᠶ᠎ᠡ ᠶᠢ ᠨᠥᠬᠦᠪᠥᠷᠢᠯᠡᠨ ᠤᠷᠲᠤᠳᠬᠠᠵᠤ᠂ ︽ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯ᠎ᠡ︾ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠪᠦᠲᠦᠭᠡᠭᠳᠡᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠵᠦ᠂ ᠪᠡᠭᠡᠵᠢᠩ ᠳᠤ ᠬᠠᠨᠳᠤᠭᠤᠯᠤᠭᠰᠠᠨ ︽ᠲᠥᠪ ᠲᠣᠭᠤᠭᠠᠨ ᠭᠡᠷ︾᠎ ᠢ ᠪᠠᠶᠢᠭᠤᠯᠤᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠲᠤ᠂ 50 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠳᠡᠭ ᠲᠠᠢ ᠤᠨᠴᠠᠯᠢᠭᠳᠤ ᠠᠵᠤ ᠦᠢᠯᠡᠰ ᠤᠨ ᠪᠦᠯᠦᠭᠵᠢᠯ ᠢ ᠦᠨᠳᠦᠰᠦᠨ ᠳᠡᠭᠡᠨ ᠪᠦᠷᠢᠯᠳᠦᠭᠦᠯᠵᠦ᠂ 2 ᠳ᠋ᠦᠩᠰᠢᠭᠤᠷ ᠲᠥᠭᠦᠷᠢᠭ ᠤᠨ ᠭᠠᠶᠢᠯᠢ ᠶᠢᠨ ᠣᠷᠣᠯᠭ᠎ᠠ ᠶᠢ ᠪᠡᠶᠡᠯᠡᠭᠦᠯᠦᠨ᠎ᠡ    ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠵᠤᠭᠠᠴᠠᠯ ᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠡᠷᠡᠭᠦᠯᠵᠢᠯ ᠰᠤᠪᠢᠯᠠᠯᠲᠠ ᠶᠢᠨ ᠠᠵᠤ  ᠤᠶᠢᠯᠡᠰ ᠢ ᠮᠠᠨ ᠤ ᠰᠢᠶᠠᠨ ᠤ ᠵᠢᠭᠤᠯᠴᠢᠯᠠᠯ ᠤᠨ ᠬᠥᠭᠵᠢᠯᠲᠡ ᠶᠢᠨ ᠴᠢᠬᠤᠯᠠ ᠭᠠᠷᠳᠠᠴᠠ ᠪᠣᠯᠭᠠᠵᠤ᠂  ᠲᠠᠭ᠎ᠠ ᠶᠢᠨ  ᠨᠠᠭᠤᠷ᠂ ᠬᠠᠯᠠᠭᠤᠨ ᠷᠠᠰᠢᠶᠠᠨ᠂ ᠮᠠᠨ ᠬᠠᠨ ᠱᠠᠨ᠂ ᠴᠠᠰᠤᠨ ᠳᠤ ᠭᠤᠯᠭᠤᠬᠤ ᠲᠠᠯᠠᠪᠠᠶ᠂  ᠰᠦᠢ ᠮᠧᠩ ᠤᠨ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠳᠤ ᠲᠦᠰᠢᠭᠯᠡᠨ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠵᠢᠭᠤᠯᠴᠢᠯᠠᠯ᠂ ᠰᠡᠯᠡᠭᠦᠴᠡᠯ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ᠂ ᠠᠷᠠᠳ ᠤᠨ ᠣᠷᠣᠨ ᠰᠠᠭᠤᠴᠠ ᠶᠢᠨ ᠪᠡᠶᠡᠴᠢᠯᠡᠨ ᠣᠶᠢᠯᠠᠭᠠᠬᠤ ᠵᠢᠭᠤᠯᠴᠢᠯᠠᠯ᠂ ᠬᠤᠪᠢᠰᠬᠠᠯ ᠤᠨ ᠰᠣᠶᠣᠯ ᠤᠨ ᠵᠢᠭᠤᠯᠴᠢᠯᠠᠯ᠂ ᠰᠤᠳᠤᠯᠤᠨ ᠰᠤᠷᠤᠯᠴᠠᠬᠤ ᠰᠤᠷᠭᠠᠨ ᠬᠥᠮᠦᠵᠢᠯ ᠤᠨ ᠵᠢᠭᠤᠯᠴᠢᠯᠠᠯ ᠵᠡᠷᠭᠡ ᠰᠣᠳᠣᠨ ᠵᠠᠮ ᠱᠤᠭᠤᠮ ᠢ ᠨᠠᠷᠢᠨ ᠨᠢᠮᠪᠠᠶ ᠪᠣᠶ ᠪᠣᠯᠭᠠᠵᠤ᠂ ᠪᠡᠭᠡᠵᠢᠩ᠂ ᠳ᠋ᠠᠲ᠋ᠦ᠋ᠩ᠂ ᠬᠥᠬᠡᠬᠤᠲᠠ ᠪᠤᠭᠤᠲᠤ ᠣᠷᠳᠣᠰ ᠵᠡᠷᠭᠡ ᠭᠠᠵᠠᠷ ᠤᠨ ᠵᠤᠰᠠᠯᠠᠩ ᠰᠡᠯᠡᠭᠦᠴᠡᠯ ᠤᠨ ︽ᠠᠷᠤ ᠶᠢᠨ ᠴᠡᠴᠡᠷᠯᠢᠭ︾᠂ ︽ᠨᠡᠭᠦᠳᠡᠯ ᠤᠨ ᠰᠢᠪᠠᠭᠤ ᠮᠠᠶ᠋ᠢᠭ︾᠎ ᠤᠨ ᠡᠷᠡᠭᠦᠯ ᠰᠤᠪᠢᠯᠠᠯᠲᠠ ᠶᠢᠨ ᠵᠣᠷᠢᠭᠰᠠᠨ ᠭᠠᠵᠠᠷ ᠪᠣᠯᠭᠠᠨ ᠪᠥᠲᠥᠭᠡᠨ ᠪᠠᠶᠢᠭᠤᠯᠤᠨ᠎ᠠ᠃  ᠮᠠᠩᠬᠠᠨ ᠪᠠᠯᠭᠠᠰᠤ᠂  ᠲᠠᠭ᠎ᠠ ᠶᠢᠨ ᠨᠠᠭᠤᠷ ᠪᠠᠯᠭᠠᠰᠤ ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ᠲᠥᠷᠥᠯ  ᠵᠤᠶᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠥᠪᠡᠷ ᠢᠶᠠᠨ ᠵᠢᠯᠣᠭᠤᠴᠢ ᠪᠠᠷ ᠵᠢᠭᠤᠯᠴᠢᠯᠠᠬᠤ᠂ ᠬᠡᠷ ᠪᠦᠯᠢ ᠪᠠᠷ ᠵᠢᠭᠤᠯᠴᠢᠯᠠᠬᠤ ᠲᠥᠷᠥᠯ  ᠵᠤᠶᠢᠯ ᠤᠨ  ᠤᠶᠢᠯᠡᠳᠭᠦᠨ ᠢ ᠴᠢᠭᠯᠡᠭᠦᠯᠬᠦ ᠴᠢᠨᠠᠷᠲᠠᠶ ᠪᠠᠷ ᠵᠢᠷᠤᠭᠯᠠᠨ ᠲᠥᠯᠥᠪᠯᠡᠵᠦ᠂ ᠨᠢᠭᠡ ᠪᠦᠯᠦᠭ ᠬᠥᠳᠡᠭᠡ ᠲᠣᠰᠬᠤᠨ ᠤ ᠵᠢᠭᠤᠯᠴᠢᠯᠠᠯ ᠤᠨ ᠰᠦᠯᠵᠢᠶᠡᠨ ᠤ ︽ᠺᠠᠷᠲ ᠲᠡᠮᠳᠡᠭᠯᠡᠬᠦ ᠴᠢᠬ ︾᠎ ᠢ ᠤᠬᠠᠭᠠᠯᠠᠨ ᠲᠥᠯᠥᠪᠯᠡᠵᠦ ᠪᠣᠭᠤᠳᠠᠯᠯᠠᠨ᠎ᠠ᠃ ᠡᠨᠡ ᠵᠢᠯ ᠤᠨ ᠳᠣᠲᠣᠷ᠎ᠠ ᠮᠠ ᠴᠢᠤᠸᠠᠨ ᠬᠠᠯᠠᠭᠤᠨ ᠷᠠᠰᠢᠶᠠᠨ ᠤ ᠬᠤᠲᠠ᠂ ᠰᠣᠶᠣᠯ ᠤᠨ ᠰᠣᠯᠢᠯᠴᠠᠭᠠᠨ ᠤ ᠶᠡᠷᠦᠩᠬᠡᠶᠢᠯᠡᠭᠰᠡᠨ ᠴᠣᠭᠴᠠ ᠶᠢ ᠠᠰᠢᠭᠯᠠᠯᠲᠠ ᠳᠤ ᠣᠷᠣᠭᠤᠯᠵᠤ᠂ ᠰᠣᠶᠣᠯ ᠤᠨ ᠣᠷᠳᠣᠨ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢᠨ ᠣᠷᠳᠣᠨ᠂ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ ᠪᠠ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠤᠷᠠᠯᠢᠭ ᠤᠨ ᠲᠥᠪ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃     ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠎ᠡ᠃ ᠬᠥᠭᠵᠢᠯᠲᠡ ᠶᠢᠨ ︽ᠲᠦᠭᠵᠢᠷᠡᠯ︾᠎ ᠢ ᠨᠡᠪᠲᠡᠷᠡᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠰᠢᠪᠲᠤᠯᠤᠯᠲᠠ ᠶᠢᠨ ᠴᠡᠭ ᠪᠠ ᠬᠦᠴᠦᠯᠡᠬᠦ ᠴᠡᠭ ᠪᠣᠯᠭᠠᠵᠤ᠂ ᠤᠯᠤᠰ ᠤᠨ ᠨᠠᠩ ᠶᠡᠭᠡ ᠬᠡᠪᠴᠢᠶ᠎ᠡ ᠪᠠᠷ ᠭᠠᠶᠢᠯᠢ ᠬᠥᠩᠭᠡᠯᠡᠵᠦ  ᠰᠦᠢᠳᠭᠡᠯ ᠪᠠᠭᠤᠷᠠᠭᠤᠯᠬᠤ᠂ ᠠᠵᠤ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ︽ᠨᠢᠭᠡ ᠨᠢᠭᠡ ᠰᠦᠯᠵᠢᠶ᠎ᠡ ᠨᠢᠭᠡ ᠴᠣᠩᠬᠤᠨ ᠳᠤ ᠨᠢᠭᠡ ᠤᠳᠠᠭ᠎ᠠ ᠬᠢᠬᠦ︾ ᠥᠭᠡᠷᠡᠴᠢᠯᠡᠯᠲᠡ ᠶᠢ ᠶᠡᠬᠡᠪᠡᠷ ᠳᠥᠯᠭᠢᠨ ᠠᠬᠢᠭᠤᠯᠵᠤ᠂ ᠵᠢᠯ ᠤᠨ ᠳᠣᠲᠣᠷ᠎ᠠ ᠰᠢᠶᠠᠨ ᠰᠢᠶᠠᠩ ᠤᠨ ᠵᠠᠰᠠᠭ ᠤᠨ ᠶᠠᠪᠤᠳᠠᠯ ᠤᠨ  ᠤᠶᠢᠯᠡᠴᠢᠯᠡᠭᠡᠨ ᠤ ᠶᠡᠭᠡ ᠲᠢᠩᠬᠢᠮ ᠳᠤ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ︾᠎ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ︽ᠨᠢᠭᠡ ᠲᠠᠮᠠᠭ᠎ᠠ ᠶᠢ ᠬᠠᠮᠢᠶᠠᠷᠬᠤ ᠬᠢᠨᠠᠨ ᠵᠥᠪᠰᠢᠶᠡᠷᠡᠯ︾᠎ ᠢ ᠲᠤᠷᠰᠢᠨ ᠬᠡᠷᠡᠭᠵᠢᠭᠦᠯᠵᠦ᠂ ᠠᠵᠤ ᠠᠬᠤᠶᠢᠯᠠᠯ ᠡᠷᠬᠢᠯᠡᠬᠦ᠂ ᠦᠯᠦ ᠬᠥᠳᠡᠯᠬᠦ ᠬᠦᠷᠦᠩᠭᠡ ᠶᠢ ᠳᠠᠩᠰᠠᠯᠠᠬᠤ᠂ ᠪᠠᠷᠢᠯᠭ᠎ᠠ ᠶᠢᠨ ᠵᠦᠢᠯᠡᠰ ᠤᠨ ᠪᠦᠳᠦᠭᠡᠨ ᠪᠠᠶᠢᠭᠤᠯᠤᠯᠲᠠ ᠶᠢᠨ ᠬᠢᠨᠠᠨ ᠵᠥᠪᠰᠢᠶᠡᠷᠡᠬᠦ ᠴᠠᠭ ᠢ ᠲᠤᠰ ᠲᠤᠰ 1᠂ 3 ᠪᠠ 60 ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠣᠭᠤᠨᠢᠰᠬᠠᠪᠠ᠃ ᠭᠠᠶᠢᠯᠢ ᠲᠤᠰᠢᠶᠠᠬᠤ ᠢᠲᠡᠭᠡᠮᠵᠢᠲᠦ ᠵᠢᠭᠡᠯᠡᠯᠭᠡ᠂ ᠤᠰᠤ ᠴᠠᠬᠢᠯᠭᠠᠨ ᠬᠡᠢ ᠳᠤᠯᠠᠭᠠᠯᠭ᠎ᠠ ᠶᠢᠨ ᠦᠢᠯᠡᠴᠢᠯᠡᠭᠡᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠡᠷᠬᠡ ᠴᠢᠯᠥᠭᠡ ᠪᠠᠨ ᠤᠯᠬᠤ ᠳᠠᠶᠢᠯᠠᠯᠳᠤᠭᠠᠨ︾᠎ ᠢ ᠰᠠᠶᠢᠲᠤᠷ ᠬᠢᠨ᠎ᠠ᠃ ︽ᠬᠠᠪᠰᠤᠷᠤᠨ ᠡᠷᠭᠢᠯᠡᠵᠦ ᠣᠷᠣᠯᠠᠨ  ᠭᠦᠢᠴᠡᠳᠭᠡᠬᠦ︾  ᠤᠶᠢᠯᠡᠴᠢᠯᠡᠭᠡ ᠶᠢ ᠬᠡᠷᠡᠭᠵᠢᠭᠦᠯᠵᠦ ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ  ᠭᠦᠢᠴᠡᠳᠭᠡᠬᠦ ᠳᠤ ︽ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ︾ ᠰᠢᠭ᠋ ᠳᠥᠭᠦᠮ ᠳᠥᠲᠡ ᠲᠦᠷᠭᠡᠨ ᠪᠠᠶᠢᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠳᠠᠯᠢ ᠬᠤᠭᠤᠴᠠᠭᠠᠨ ᠤ ᠬᠢ ᠠᠴᠠ 10%᠎ ᠠᠴᠠ ᠳᠡᠭᠡᠭᠰᠢ ᠨᠡᠮᠡᠭᠳᠡᠬᠦ ᠶᠢ ᠦᠨᠡᠨ ᠬᠦ ᠪᠠᠲᠤᠯᠠᠨ᠎ᠠ᠃ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠨᠡᠶᠢᠳᠡᠮ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠭᠡᠷᠡᠴᠢᠯᠡᠬᠦ ᠵᠦᠢᠯᠡᠰ ᠪᠠ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠢ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠦᠨ᠎ᠡ᠃ ᠠᠷᠠᠯᠵᠢᠶᠠᠴᠢᠨ ᠤᠷᠢᠬᠤ ︽ᠬᠡᠩᠭᠡᠷᠭᠡ ᠶᠢᠨ ᠴᠡᠭ︾᠎ ᠢ ᠬᠠᠩᠭᠢᠨᠠᠭᠤᠯᠤᠨ᠎ᠠ᠃ ︽ᠪᠥᠬᠦ ᠠᠵᠢᠯᠲᠠᠨ ᠬᠤᠳᠠᠯᠳᠤᠭᠠᠴᠢᠨ ᠤᠷᠢᠬᠤ ᠣᠨ︾᠎ ᠤ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠰᠣᠶᠣᠯ ᠤᠨ ᠵᠢᠭᠤᠯᠴᠢᠯᠠᠯ᠂ ᠰᠢᠨ᠎ᠡ ᠡᠨᠧᠷᠭᠢ ᠵᠡᠷᠭᠡ ᠲᠠᠯ᠎ᠠ ᠶᠢᠨ ᠲᠣᠭᠤᠷᠢᠨ ᠳᠤ᠂ ᠨᠢᠭᠡ ᠪᠦᠯᠦᠭ ᠠᠮᠢ ᠠᠬᠤᠶ ᠶᠢᠨ ᠦᠷ᠎ᠡ ᠠᠰᠢᠭ ᠢᠶᠠᠷ ᠰᠠᠶᠢᠨ᠂ ᠪᠠᠯᠠ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠬᠥᠲᠥᠴᠢ ᠬᠡᠯᠪᠡᠷᠢ ᠶᠢᠨ᠂ ᠰᠠᠭᠤᠷᠢᠨ ᠭᠠᠵᠠᠷ ᠤᠨ ᠬᠡᠯᠪᠡᠷᠢ ᠶᠢᠨ ᠲᠥᠷᠥᠯ ᠵᠦᠶ᠋ᠯ ᠢ ᠴᠢᠷᠮᠠᠶᠢᠨ ᠣᠷᠣᠭᠤᠯᠵᠤ᠂ ᠪᠥᠬᠦ ᠵᠢᠯ ᠤᠨ ᠪᠠᠯᠠ ᠣᠷᠣᠭᠤᠯᠤᠯᠲᠠ ᠶᠢᠨ ᠲᠤᠭ᠎ᠠ ᠶᠢ 20 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠭᠠᠬᠤ ᠪᠠᠷ ᠴᠢᠷᠮᠠᠶᠢᠨ᠎ᠠ᠃ ᠮᠠᠨ ᠤ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠱᠠᠩᠨᠠᠨ ᠬᠥᠬᠢᠭᠦᠯᠬᠦ ᠲᠦᠷ ᠬᠡᠷᠡᠭᠵᠢᠭᠦᠯᠬᠦ ᠠᠷᠭ᠎ᠠ ᠶᠢ ᠨᠡᠶᠢᠲᠡᠯᠡᠵᠦ᠂ ᠬᠡᠯᠪᠡᠷᠢ ᠶᠢ ᠴᠢᠬᠤᠯᠠᠴᠢᠯᠠᠬᠤ᠂ ᠪᠣᠳᠠᠲᠤ ᠦᠷ᠎ᠡ ᠪᠦᠲᠦᠮᠵᠢ ᠶᠢ ᠬᠥᠩᠭᠡᠪᠴᠢᠯᠡᠬᠦ᠂ ᠭᠡᠷ᠎ᠡ ᠲᠣᠭᠲᠠᠬᠤ ᠶᠢ ᠴᠢᠬᠤᠯᠠᠴᠢᠯᠠᠬᠤ᠂ ᠨᠠᠶᠢᠳᠠᠪᠤᠷᠢᠵᠢᠭᠤᠯᠬᠤ ᠶᠢ ᠬᠥᠩᠭᠡᠪᠴᠢᠯᠡᠬᠦ ᠵᠡᠷᠭᠡ ᠠᠰᠠᠭᠤᠳᠠᠯ ᠢ ᠡᠷᠡᠰ ᠬᠤᠷᠢᠭᠯᠠᠨ᠎ᠠ᠃ ᠵᠠᠬ᠎ᠠ ᠳᠡᠯᠭᠡᠭᠦᠷ ᠤᠨ ᠤᠳᠤᠷᠢᠳᠤᠮᠵᠢ ᠶᠢ ᠶᠡᠷᠦᠩᠬᠡᠶᠢᠯᠡᠨ ᠵᠠᠳᠠᠯᠵᠤ᠂ ᠬᠤᠳᠠᠯᠳᠤᠭᠠᠴᠢᠨ ᠤᠷᠢᠬᠤ ᠬᠠᠷᠠᠯᠲᠠ ᠶᠢ ᠲᠣᠳᠣᠷᠬᠠᠶᠢᠯᠠᠵᠤ᠂ ︽ᠨᠢᠭᠡ ᠢᠵᠢ ᠲᠤᠰᠬᠠᠶ ᠠᠩᠭᠢ ᠪᠠᠷ ᠡᠴᠦᠰ ᠲᠤᠨᠢ ᠲᠤᠯᠲᠠᠯ᠎ᠠ ᠬᠠᠮᠢᠶᠠᠷᠬᠤ︾᠎ ᠶᠢ ᠬᠡᠷᠡᠭᠵᠢᠭᠦᠯᠦᠨ᠂ ᠪᠠᠯᠠ ᠣᠷᠣᠭᠤᠯᠬᠤ ᠰᠠᠨᠠᠭ᠎ᠠ ᠲᠠᠢ ᠪᠠᠶᠢᠭᠰᠠᠨ ᠠᠴᠠ ᠪᠠᠨ ᠡᠴᠦᠰ ᠲᠡᠭᠡᠨ ᠭᠡᠷ᠎ᠡ ᠲᠣᠭᠲᠠᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠪᠥᠬᠦ ᠬᠦᠴᠦᠨ ᠢᠶᠠᠷ ᠢᠶᠠᠨ ᠬᠠᠪᠰᠤᠷᠴᠤ ᠪᠠᠶᠢᠭᠠᠳ ᠪᠠᠯᠠ ᠣᠷᠣᠭᠤᠯᠬᠤ ᠶᠠᠪᠤᠴᠠ ᠳᠤ ᠲᠤᠯᠭᠠᠷᠠᠭᠰᠠᠨ ᠡᠯ᠎ᠡ ᠵᠦᠶ᠋ᠯ ᠤᠨ ᠡᠪᠡᠷᠰᠢᠶᠡᠯ ᠲᠠᠢ ᠠᠰᠠᠭᠤᠳᠠᠯ᠂ ᠬᠦᠴᠢᠷ ᠠᠰᠠᠭᠤᠳᠠᠯ᠂ ᠲᠦᠭᠵᠢᠷᠡᠯ ᠲᠠᠢ ᠠᠰᠠᠭᠤᠳᠠᠯ ᠢ  ᠰᠢᠢᠳᠪᠤᠷᠢᠯᠡᠨ᠎ᠡ᠃ ᠡᠨᠡ ᠵᠢᠯ ᠤᠨ ᠳᠣᠲᠣᠷ᠎ᠠ ᠰᠢᠶᠠᠨ ᠤ ᠤᠳᠤᠷᠢᠳᠤᠯᠭ᠎ᠠ ᠤᠯᠠᠷᠢᠯ ᠪᠦᠷᠢ ᠳᠤ ᠠᠳᠠᠭ ᠲᠠᠭᠠᠨ 4 ᠤᠳᠠᠭ᠎ᠠ ᠭᠠᠳᠠᠭᠰᠢ ᠭᠠᠷᠴᠤ ᠬᠤᠳᠠᠯᠳᠤᠭᠠᠴᠢᠨ ᠤᠷᠢᠵᠤ᠂ ᠪᠣᠳᠠᠲᠠᠶᠢᠵᠢᠭᠤᠯᠤᠭᠰᠠᠨ ᠵᠦᠢᠯᠡᠰ ᠤᠨ ᠪᠡᠯᠡ ᠣᠷᠣᠭᠤᠯᠤᠯᠲᠠ ᠶᠢᠨ ᠲᠤᠭ᠎ᠠ ᠨᠢ 5 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠴᠡᠢ︔ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ ᠢ ᠤᠯᠠᠷᠢᠯ ᠪᠦᠷᠢ ᠳᠤ ᠠᠳᠠᠭ ᠲᠠᠭᠠᠨ ᠨᠢᠭᠡ ᠤᠳᠠᠭ᠎ᠠ ᠲᠣᠬᠢᠷᠠᠭᠤᠯᠵᠤ᠂ ᠪᠡᠯᠡ ᠣᠷᠣᠭᠤᠯᠤᠯᠲᠠ ᠶᠢᠨ ᠲᠤᠭ᠎ᠠ ᠶᠢ 5 ᠳ᠋ᠦᠩᠰᠢᠭᠤᠷ ᠲᠥᠭᠦᠷᠢᠭ ᠠᠴᠠ ᠳᠡᠭᠡᠭᠰᠢ ᠬᠡᠮᠵᠢᠶᠡᠨ ᠳᠤ ᠬᠦᠷᠭᠡᠨ᠎ᠡ᠃     ︵ᠲᠦᠷᠪᠡ︶ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠰᠠᠶᠢᠵᠢᠷᠠᠭᠤᠯᠵᠤ᠂ ᠠᠷᠠᠳ ᠤᠯᠠᠨ ᠤ ᠬᠦᠰᠡᠯ ᠡᠷᠡᠮᠡᠯᠵᠡᠯ ᠳᠤ ᠨᠡᠶᠢᠴᠡᠭᠦᠯᠦᠨ᠎ᠡ     ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠲᠦᠷᠦ ᠶᠢᠨ ᠪᠤᠳᠤᠯᠭ᠎ᠠ ᠶᠢ ᠠᠷᠠᠳ ᠤᠨ ᠠᠮᠢᠳᠤᠷᠠᠯ ᠲᠡᠰᠢ ᠲᠥᠪᠯᠡᠷᠡᠭᠦᠯᠬᠦ᠂ ᠡᠳ᠋ ᠤᠨ ᠬᠦᠴᠦᠨ ᠢ ᠠᠷᠠᠳ ᠤᠨ ᠠᠮᠢᠳᠤᠷᠠᠯ ᠲᠡᠰᠢ ᠬᠡᠯᠪᠠᠶᠢᠯᠭᠡᠬᠦ᠂ ᠦᠢᠯᠡᠴᠢᠯᠡᠭᠡ ᠶᠢ ᠠᠷᠠᠳ ᠤᠨ ᠠᠮᠢᠳᠤᠷᠠᠯ ᠲᠡᠰᠢ ᠪᠦᠷᠬᠦᠭᠦᠯᠬᠦ ᠶᠢ ᠠᠬᠢᠭᠤᠯᠤᠨ᠎ᠠ᠃     ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠵᠤ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠨ᠎ᠡ᠃ ᠤᠷᠢᠳᠠᠪᠠᠷ ᠲᠥᠯᠥᠪᠵᠢᠭᠦᠯᠬᠦ ᠶᠢ ᠪᠠᠷᠢᠮᠲᠠᠯᠠᠨ᠎ᠠ᠃ ᠪᠦᠬᠦ ᠰᠢᠶᠠᠨ ᠤ 132 ᠵᠠᠰᠠᠭ ᠵᠠᠬᠢᠷᠭᠠᠨ ᠤ ᠲᠣᠰᠬᠤᠨ ᠳᠤ ᠬᠤᠳᠠ ᠬᠥᠳᠡᠭᠡ ᠶᠢ ᠠᠭᠤᠰᠤᠯᠴᠠᠭᠤᠯᠬᠤ᠂ ᠤᠨᠴᠠᠯᠢᠭᠳᠤ ᠬᠠᠮᠠᠭᠠᠯᠠᠯᠲᠠ᠂ ᠲᠥᠪᠯᠡᠷᠡᠭᠦᠯᠦᠨ ᠳᠡᠭᠡᠭᠰᠢᠯᠡᠭᠦᠯᠬᠦ᠂ ᠨᠡᠭᠦᠯᠭᠡᠵᠦ ᠬᠠᠰᠤᠵᠤ ᠨᠡᠶᠢᠯᠡᠭᠦᠯᠬᠦ ᠶᠢᠨ ᠳᠠᠭᠠᠤ ᠰᠢᠨᠵᠢᠯᠡᠬᠦ ᠤᠬᠠᠭᠠᠨᠴᠢ ᠪᠠᠷ ᠲᠦᠷᠦᠯ ᠬᠤᠪᠢᠶᠠᠵᠤ ᠂ ᠤᠳᠤ ᠶᠢᠨ ᠪᠠᠶᠢᠭ᠎ᠠ ᠰᠠᠭᠤᠷᠢ ᠳᠠᠭᠠᠨ ᠰᠠᠭᠤᠷᠢᠯᠠᠵᠤ᠂ ᠬᠥᠳᠡᠭᠡ ᠲᠣᠰᠬᠤᠨ ᠤ ᠣᠨᠴᠠᠯᠢᠭ ᠢ ᠦᠯᠡᠳᠡᠭᠡᠵᠦ᠂ ᠠᠵᠤ ᠦᠢᠯᠡᠰ ᠢ ᠬᠥᠭᠵᠢᠭᠦᠯᠬᠦ᠂ ᠠᠮᠢ ᠠᠬᠤᠢ ᠶᠢ ᠬᠠᠮᠠᠭᠠᠯᠠᠬᠤ᠂ ᠵᠤᠭᠠᠴᠠᠯ ᠠᠷᠠᠯᠵᠢᠶ᠎ᠠ ᠬᠤᠳᠠᠯᠳᠤᠭ᠎ᠠ ᠵᠡᠷᠭᠡ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠵᠣᠬᠢᠰᠲᠠᠢ ᠲᠥᠯᠥᠪᠵᠢᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠵᠢᠯ ᠤᠨ ᠳᠣᠲᠣᠷ᠎ᠠ ᠠᠵᠠ ᠪᠠᠷ ᠬᠦᠷᠦᠭᠰᠡᠨ ᠭᠡᠷ ᠪᠦᠯᠢ ᠶᠢᠨ ᠢᠵᠢ ᠪᠦᠷᠢᠨ ᠪᠤᠰᠤ ᠣᠷᠣᠨ ᠰᠠᠭᠤᠴᠠ ᠶᠢ 1002 ᠡᠷᠦᠬᠡ ᠳᠤ ᠥᠭᠡᠷᠡᠴᠢᠯᠡᠨ ᠵᠠᠰᠠᠬᠤ ᠶᠢ ᠪᠡᠶᠡᠯᠡᠭᠦᠯᠵᠦ᠂ ᠠᠮᠤᠷ ᠠᠮᠤᠭᠤᠯᠠᠩ ᠭᠡᠷ ᠣᠷᠣᠨ ᠤ ᠢᠵᠢ ᠪᠦᠷᠢᠨ ᠪᠤᠰᠤ ᠣᠷᠣᠨ ᠰᠠᠭᠤᠴᠠ ᠶᠢ ᠥᠭᠡᠷᠡᠴᠢᠯᠡᠨ ᠵᠠᠰᠠᠬᠤ᠂ ᠬᠠᠭᠤᠴᠢᠨ ᠪᠠ ᠬᠠᠭᠤᠴᠢᠨ ᠲᠣᠭᠤᠷᠢᠭ ᠢ ᠥᠭᠡᠷᠡᠴᠢᠯᠡᠨ ᠵᠠᠰᠠᠬᠤ ᠲᠦᠷᠦᠯ ᠵᠦᠢᠯ ᠢ ᠢᠳᠡᠪᠬᠢᠲᠡᠢ ᠲᠡᠮᠡᠴᠡᠨ ᠣᠯᠤᠨ᠎ᠠ᠃ ᠪᠣᠷᠣᠭᠠᠨ ᠪᠠ ᠪᠣᠬᠢᠷᠲᠤᠯ ᠢ ᠰᠠᠯᠭᠠᠬᠤ ᠢᠨᠵᠧᠨᠧᠷᠢᠩ ᠢ ᠲᠦᠯᠬᠢᠨ ᠠᠬᠢᠭᠤᠯᠵᠤ᠂ ᠪᠣᠷᠣᠭᠠᠨ ᠤ ᠤᠰᠤᠨ ᠤ ᠬᠤᠭᠤᠯᠠᠶ ᠶᠢᠨ ᠲᠣᠣᠷ ᠢ 29 ᠺᠢᠯᠣᠮᠧᠲᠷ᠂ ᠪᠣᠬᠢᠷ ᠤᠰᠤᠨ ᠤ ᠬᠤᠭᠤᠯᠠᠶ ᠶᠢᠨ ᠲᠣᠣᠷ ᠢ 28 ᠺᠢᠯᠣᠮᠧᠲᠷ ᠰᠢᠨ᠎ᠡ ᠪᠠᠷ ᠪᠠᠶᠢᠭᠤᠯᠪᠠ᠃ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠲᠦᠷᠭᠡᠳᠬᠡᠨ  ᠭᠦᠢᠴᠡᠳᠭᠡᠵᠦ᠂ ᠴᠠᠭ ᠢ ᠲᠣᠩᠭᠤᠷᠤᠭᠤᠯᠤᠨ ᠵᠢᠭᠰᠠᠭᠠᠵᠤ᠂ ᠵᠢᠷᠤᠭ ᠡᠯᠭᠦᠵᠦ ᠪᠠᠶᠢᠯᠳᠤᠭᠠᠨ ᠬᠢᠵᠦ᠂ ᠳᠡᠭᠡᠷ᠎ᠡ ᠬᠠᠭᠠᠰ ᠵᠢᠯ ᠳᠤ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠰᠢᠶᠠᠨ ᠤ ᠬᠤᠲᠠ ᠶᠢᠨ ᠬᠤᠶᠢᠲᠤ ᠬᠡᠰᠡᠭ ᠤᠨ ᠭᠠᠷᠬᠤ ᠡᠭᠦᠳᠡ ᠬᠢᠭᠡᠳ S209 ᠵᠠᠯᠭᠠᠯᠲᠠ ᠶᠢᠨ ᠱᠤᠭᠤᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠤᠶᠢᠯ ᠢ ᠴᠢᠷᠮᠠᠶᠢᠨ ᠣᠯᠵᠤ᠂ ᠯᠢᠶᠠᠩᠴᠧᠩ ᠠᠴᠠ ᠬᠥᠬᠡᠬᠤᠲᠠ ᠬᠥᠷᠬᠦ ︽ᠮᠤᠬᠤᠷ ᠵᠠᠮ︾᠎ ᠢ ᠡᠷᠲᠡᠬᠡᠨ ᠠᠵᠢᠯ ᠡᠬᠢᠯᠡᠭᠦᠯᠬᠦ ᠶᠢ ᠵᠣᠬᠢᠴᠠᠭᠤᠯᠤᠨ ᠠᠬᠢᠭᠤᠯᠵᠤ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠨ᠂ ᠣᠯᠠᠨ ᠲᠦᠮᠡᠨ ᠤ ᠶᠠᠪᠤᠵᠤ ᠰᠠᠭᠤᠬᠤ ᠳᠤ ᠨᠠᠩ ᠲᠠᠭᠠᠯᠠᠮᠵᠢᠲᠠᠶ᠂ ᠨᠠᠩ ᠲᠥᠬᠦᠮ ᠪᠣᠯᠭᠠᠨ᠎ᠠ᠃ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠬᠤᠲᠠ ᠪᠠᠯᠭᠠᠰᠤ ᠶᠢᠨ ᠤᠰᠤ ᠬᠠᠩᠭᠠᠬᠤ᠂ ᠴᠠᠬᠢᠯᠭᠠᠨ ᠬᠠᠩᠭᠠᠬᠤ᠂ ᠰᠢᠲᠠᠮᠠᠬᠠᠶ ᠬᠡᠶ ᠬᠠᠩᠭᠠᠬᠤ᠂ ᠳᠤᠯᠠᠭᠠᠯᠠᠭ᠎ᠠ ᠬᠠᠩᠭᠠᠬᠤ ᠠᠵᠢᠯ ᠲᠥᠷᠥᠯ ᠤᠨ  ᠰᠤᠶᠢᠳᠭᠡᠯ ᠬᠤᠷᠢᠶᠠᠯᠲᠠ ᠶᠢ ᠲᠣᠬᠢᠲᠠᠶ ᠴᠡᠪᠡᠷᠯᠡᠨ ᠵᠢᠷᠤᠮᠵᠢᠭᠤᠯᠵᠤ᠂ ᠠᠷᠠᠳ ᠣᠯᠠᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ︽ᠵᠠᠮ ᠤᠨ ᠳᠠᠷᠤᠭ᠎ᠠ ᠶᠢᠨ ᠲᠦᠷᠢᠮ︾᠎ ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠥᠳᠡᠭᠡ ᠲᠣᠰᠬᠤᠨ ᠤ ᠠᠵᠤ ᠤᠶᠢᠯᠡᠰ ᠤᠨ ᠵᠠᠮ᠂ ᠵᠢᠭᠤᠯᠴᠢᠯᠠᠯ ᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠲᠦᠷᠭᠡᠳᠬᠡᠨ᠂ ᠪᠠᠶᠢᠩᠭᠤ ᠰᠠᠭᠤᠭ᠎ᠠ ᠡᠷᠦᠬᠡ ᠶᠢᠨ 20 ᠡᠷᠦᠬᠡ ᠠᠴᠠ ᠳᠡᠭᠡᠭᠰᠢᠬᠢ ᠠᠶᠢᠯ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠴᠠᠬᠢᠯᠭᠠᠨ ᠤ ᠲᠣᠣᠷ ᠤᠨ ᠲᠡᠰ ᠳᠡᠪᠰᠢᠭᠦᠯᠬᠦ ᠥᠭᠡᠷᠡᠴᠢᠯᠡᠯᠲᠡ ᠶᠢᠨ ᠵᠦᠢᠯᠡᠰ ᠢ ᠬᠡᠷᠡᠭᠵᠢᠭᠦᠯᠵᠦ᠂ 10 ᠺᠢᠯᠣᠸᠠᠲ ᠤᠨ ᠱᠤᠭᠤᠮ ᠢ 87 ᠺᠢᠯᠣᠮᠧᠲᠷ ᠥᠭᠡᠷᠡᠴᠢᠯᠡᠵᠦ᠂ ᠬᠦᠴᠦᠳᠡᠯ ᠥᠭᠡᠷᠡᠴᠢᠯᠡᠭᠴᠢ ᠶᠢ 89 ᠰᠠᠤᠷᠢ ᠲᠡᠰ ᠳᠡᠪᠰᠢᠭᠦᠯᠵᠦ᠂ ᠯᠢᠦ ᠵᠢᠶᠠ ᠶᠣᠣ ᠠᠴᠠ ᠲᠢᠶᠠᠨ ᠴᠧᠩ ᠬᠦᠷᠬᠦ ᠬᠦᠴᠦᠳᠡᠯ ᠥᠭᠡᠷᠡᠴᠢᠯᠡᠬᠦ ᠥᠷᠲᠡᠭᠡᠨ ᠤ ᠠᠭᠠᠷ ᠲᠠᠬᠢ ᠱᠤᠭᠤᠮ ᠢ 32 ᠺᠢᠯᠣᠮᠧᠲᠷ ᠰᠢᠨ᠎ᠡ ᠪᠠᠷ ᠪᠠᠶᠢᠭᠤᠯᠪᠠ᠃ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ 12 ᠭᠠᠵᠠᠷ ᠢ ᠰᠢᠨ᠎ᠡ ᠪᠠᠷ ᠪᠠᠶᠢᠭᠤᠯᠪᠠ᠃ ᠬᠥᠳᠡᠭᠡ ᠲᠣᠰᠬᠤᠨ ᠤ ᠮᠡᠳᠡᠭᠡ ᠬᠤᠯᠪᠣᠭᠠᠨ ᠤ ᠲᠣᠣᠷ ᠰᠦᠯᠵᠢᠶ᠎ᠡ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃       ᠨᠡᠶᠢᠳᠡᠮ ᠠᠰᠢᠭ ᠬᠦᠷᠲᠡᠭᠡᠵᠦ ᠬᠠᠮᠲᠤᠪᠠᠷ ᠡᠳ᠋ᠯᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠷᠠᠳ ᠤᠨ ᠠᠮᠢᠳᠤᠷᠠᠯ ᠤᠨ ᠬᠠᠩᠭᠠᠯᠭ᠎ᠠ ᠶᠢᠨ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠳᠤ ᠵᠣᠬᠢᠴᠠᠭᠤᠯᠤᠨ᠂ ᠠᠷᠠᠳ ᠤᠨ ᠠᠮᠢᠳᠤᠷᠠᠯ ᠤᠨ 6 ᠵᠦᠢᠯ ᠤᠨ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠲᠡᠭᠦᠰᠦᠭᠰᠡᠨ ᠣᠶᠤᠲᠠᠨ᠂ ᠴᠡᠷᠢᠭ ᠠᠴᠠ ᠬᠠᠯᠠᠭᠳᠠᠭᠰᠠᠳ᠂ ᠣᠷᠣᠯᠭ᠎ᠠ ᠪᠠᠭᠠᠲᠠᠶ ᠬᠥᠮᠦᠰ ᠢ ᠭᠤᠣᠯᠳᠠᠯᠭ᠎ᠠ ᠲᠠᠢ ᠠᠩᠬᠠᠷᠴᠤ᠂ ᠬᠤᠳᠠ ᠪᠠᠯᠭᠠᠰᠤᠨ ᠤ 700 ᠣᠷᠴᠢᠮ ᠬᠥᠮᠦᠨ ᠳᠤ ᠰᠢᠨ᠎ᠡ ᠪᠠᠷ ᠠᠵᠢᠯ ᠣᠯᠭᠤᠵᠤ᠂ ︽ᠠᠵᠢᠯ ᠣᠯᠤᠭᠰᠠᠳ ᠦᠭᠡᠢ︾ ᠭᠡᠷ ᠪᠦᠯᠢ ᠶᠢ ᠬᠥᠳᠡᠯᠦᠩᠭᠦᠶ ᠪᠠᠷ ᠦᠭᠡᠢ ᠪᠣᠯᠭᠠᠬᠤ ᠶᠢ ᠦᠨᠡᠨ ᠬᠦ ᠪᠠᠲᠤᠯᠠᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠵᠢᠯ ᠤᠨ ᠳᠣᠲᠣᠷ᠎ᠠ 1200 ᠬᠥᠮᠦᠨ ᠤᠳᠠᠭ᠎ᠠ ᠠᠴᠠ ᠳᠡᠭᠡᠭᠰᠢ ᠪᠣᠯᠪᠠᠰᠤᠷᠠᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠤᠳᠠ ᠪᠠᠯᠭᠠᠰᠤᠨ ᠤ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠨᠡᠶᠢᠭᠡᠮ ᠤᠨ ᠳᠠᠭᠠᠳᠬᠠᠯ ᠢ ᠨᠡᠶᠢᠳᠡᠮ ᠬᠡᠷᠡᠭᠵᠢᠭᠦᠯᠬᠦ ᠶᠢ ᠪᠡᠶᠡᠯᠡᠭᠦᠯᠵᠦ᠂ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠦᠨᠳᠦᠰᠦᠨ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠣᠷᠣᠰᠢᠭᠤᠯᠭ᠎ᠠ ᠶᠢᠨ ᠭᠠᠵᠠᠷ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠤᠨ᠎ᠠ᠃ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠲᠣᠭᠲᠠᠴᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ 60 ᠨᠡᠷᠡᠰ ᠪᠠᠭᠰᠢ ᠶᠢ ᠢᠯᠡ ᠪᠠᠷ ᠤᠷᠢᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠳᠡᠯᠭᠡᠷᠡᠭᠦᠯᠦᠯᠲᠡ ᠪᠠ ᠬᠤᠣᠰ ᠬᠡᠯᠡᠨ ᠤ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠶᠡᠬᠡᠪᠡᠷ ᠳᠡᠮᠵᠢᠬᠦ ᠪᠠ ᠵᠢᠷᠤᠮᠵᠢᠭᠤᠯᠵᠤ᠂ ᠠᠯᠪᠠᠨ ᠠᠴᠠ ᠡᠷᠬᠢᠯᠡᠭᠰᠡᠨ ᠪᠠᠭᠰᠢ ᠶᠢᠨ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠣᠴᠢᠵᠤ ᠰᠤᠷᠭᠠᠨ ᠬᠥᠮᠦᠵᠢᠯ ᠢ ᠳᠡᠮᠵᠢᠬᠦ ᠲᠣᠭᠲᠠᠴᠠ ᠶᠢ ᠪᠠᠶᠢᠭᠤᠯᠤᠨ᠎ᠠ᠃ ᠵᠢᠯ ᠤᠨ ᠳᠣᠲᠣᠷ᠎ᠠ ᠦᠨᠳᠦᠰᠦᠲᠡᠨ ᠤ ᠬᠡᠤᠬᠡᠳ ᠤᠨ ᠴᠡᠴᠡᠷᠯᠢᠭ᠂ ᠳᠥᠷᠪᠡᠳᠦᠭᠡᠷ ᠬᠡᠤᠬᠡᠳ ᠤᠨ ᠴᠡᠴᠡᠷᠯᠢᠭ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ ᠢ ᠪᠠᠶᠢᠭᠤᠯᠵᠤ ᠳᠠᠭᠤᠰᠬᠠᠨ᠎ᠠ᠃ ᠡᠷᠡᠭᠦᠯ ᠡᠩᠭᠡ  ᠯᠢᠶᠠᠩᠴᠧᠩ ᠤᠨ ᠪᠦᠳᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ︽ᠶᠠᠳᠠᠭᠤ ᠠᠴᠠ ᠠᠩᠭᠢᠵᠢᠷᠠᠭᠰᠠᠨ︾᠎ ᠤ ᠳᠠᠷᠠᠭᠠᠬᠢ ᠰᠢᠯᠵᠢᠯᠲᠡ ᠶᠢᠨ ᠬᠤᠭᠤᠴᠠᠭᠠᠨ ᠳᠠᠬᠢ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠠᠷᠢᠴᠠᠩᠭᠤᠶ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠦᠷᠭᠦᠯᠵᠢᠯᠡᠵᠦ ᠥᠯᠥ ᠴᠢᠳᠠᠬᠤ ᠬᠡᠲᠦ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠬᠦᠴᠦᠨ ᠥᠬᠡᠶ ᠪᠣᠯᠭᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ ᠪᠠ ᠳᠠᠬᠢᠨ ᠶᠠᠳᠠᠭᠤᠷᠠᠭᠰᠠᠨ ᠠᠴᠠ ᠪᠣᠯᠵᠣ ᠶᠠᠳᠠᠭᠤᠷᠠᠭᠰᠠᠨ ᠬᠥᠮᠦᠨ ᠠᠮᠠ ᠳᠤ ᠬᠠᠷᠢᠶᠠᠯᠠᠭᠳᠠᠬᠤ ᠥᠬᠡᠶ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠠᠯᠬᠤᠮ ᠠᠯᠬᠤᠮ ᠢᠶᠠᠷ ᠦᠨᠳᠦᠰᠦᠨ ᠡᠮᠴᠢᠯᠡᠭᠡᠨ ᠤ ᠳᠠᠭᠠᠳᠬᠠᠯ ᠪᠣᠯᠭᠠᠨ ᠬᠤᠪᠢᠷᠠᠭᠤᠯᠵᠤ᠂ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠪᠠ ᠲᠣᠭᠲᠠᠭᠤᠨ ᠢᠶᠠᠷ ᠰᠢᠯᠵᠢᠭᠦᠯᠬᠦ ᠶᠢ ᠰᠠᠶᠢᠲᠤᠷ ᠬᠢᠨ᠎ᠠ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠨᠳᠣᠤ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠵᠤ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢ ᠪᠥᠬᠦ ᠰᠣᠶᠣᠯ ᠲᠠᠮᠢᠷ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠮᠢᠩ ᠤᠯᠤᠰ ᠤᠨ ᠣᠷᠳᠣ ᠴᠠᠭᠠᠨ ᠬᠡᠷᠡᠮ ᠤᠨ ᠴᠣᠨᠵᠢ ᠶᠢᠨ ᠠᠶᠤᠯ ᠠᠴᠠ ᠠᠪᠤᠷᠠᠵᠤ ᠰᠡᠯᠪᠢᠨ ᠵᠠᠰᠠᠬᠤ ᠶᠢ ᠪᠡᠶᠡᠯᠡᠭᠦᠯᠵᠦ᠂ ᠣᠷᠳᠣ ᠴᠠᠭᠠᠨ ᠬᠡᠷᠡᠮ ᠤᠨ ᠰᠣᠶᠣᠯ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠤᠶᠢᠯ ᠢ ᠢᠳᠡᠪᠬᠢᠲᠡᠶ ᠴᠢᠷᠮᠠᠶᠢᠨ ᠤᠯᠬᠤ ᠬᠡᠷᠡᠭᠲᠡᠶ᠃ ᠤᠯᠠᠭᠠᠨᠮᠥ᠋ᠴᠢᠷ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ 13 ᠨᠡᠷᠡᠰ ᠰᠣᠷᠢᠯᠲᠠ ᠶᠢᠨ ᠠᠵᠢᠯᠲᠠᠨ ᠢ ᠢᠯᠡ ᠪᠠᠷ ᠤᠷᠢᠨ ᠬᠡᠷᠡᠭᠯᠡᠨ᠎ᠡ᠃ ᠨᠣᠮ ᠤᠨ ᠰᠠᠩ ᠤᠨ ᠶᠡᠷᠦᠩᠬᠡᠶ ᠬᠤᠪᠢᠶᠠᠷᠢ ᠨᠣᠮ ᠤᠨ ᠰᠠᠩ ᠤᠨ ᠲᠦᠷᠢᠮ ᠢ ᠯᠠᠪᠳᠠᠭᠤᠨ ᠢᠶᠠᠷ ᠲᠦᠯᠬᠢᠨ ᠠᠬᠢᠭᠤᠯᠵᠤ ᠂ ᠤᠯᠠᠨ ᠨᠡᠶᠢᠲᠡ ᠶᠢᠨ ᠰᠣᠶᠣᠯ ᠤᠨ ᠡᠬᠢ ᠪᠠᠶᠠᠯᠢᠭ ᠢ ᠰᠢᠶᠠᠨ ᠤ ᠳᠣᠲᠣᠷ᠎ᠠ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠪᠣᠳᠠᠲᠠᠶ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠠᠶᠢᠭᠤᠯᠵᠤ᠂ ︽ᠲᠦᠮᠡᠨ ᠰᠣᠷᠣᠭᠴᠢ ᠮᠥᠰᠥ ᠴᠠᠰᠤᠨ ᠳᠤ ᠣᠷᠣᠬᠤ︾ ᠵᠡᠷᠭᠡ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠥᠷᠭᠡᠳᠬᠡᠨ᠎ᠡ᠃ ᠬᠥᠬᠡᠬᠤᠲᠠ ᠪᠤᠭᠤᠲᠤ ᠣᠷᠳᠣᠰ᠂ ᠤᠯᠠᠭᠠᠨᠴᠠᠪ ᠶᠡᠭᠡ ᠰᠤᠷᠭᠠᠭᠤᠯᠢ ᠶᠢᠨ ᠵᠠᠩ ᠭᠤᠷᠪᠠᠨ ᠮᠤᠵᠢ ᠶᠢᠨ ᠲᠤᠯᠤᠭᠠᠨ ᠬᠤᠳᠠ ᠶᠢᠨ ᠠᠩᠬᠠᠳᠤᠭᠠᠷ ᠬᠤᠭᠤᠴᠠᠭᠠᠨ  ᠤ ︽ᠰᠲᠷᠤᠨᠲ ᠴᠢᠦᠸᠠᠨ ᠬᠤᠨᠳᠠᠭᠠᠲᠤ︾ ᠰᠠᠭᠰᠤᠨ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ  ᠢ ᠰᠠᠶᠢᠲᠤᠷ ᠡᠷᠬᠢᠯᠡᠨ᠎ᠡ᠃     ︵ᠲᠠᠪᠤ︶ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠨ᠎ᠡ    ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠮᠥᠩᠭᠦᠨ ᠭᠦᠢᠯᠭᠡᠭᠡ ᠵᠡᠷᠭᠡ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠡᠵᠡᠮᠳᠡᠵᠦ᠂ ᠣᠷᠣᠨ ᠪᠦᠰᠡ ᠶᠢᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃    ᠮᠥᠩᠭᠦᠨ ᠭᠦᠢᠯᠭᠡᠭᠡᠨ ᠤ ᠬᠦᠷᠢᠶᠡᠨ ᠳᠠᠬᠢ ᠲᠦᠭᠰᠢᠭᠦᠷᠢ ᠶᠢ ᠴᠢᠩᠭ᠎ᠠ ᠬᠢᠵᠠᠭᠠᠷᠯᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠶᠢ ᠯᠠᠪᠳᠠᠭᠤᠨ ᠢᠶᠠᠷ ᠠᠬᠢᠭᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠳᠥᠯᠥᠬᠦ ᠪᠠ ᠡᠬᠡ ᠬᠦᠤ ᠶᠢ ᠪᠤᠴᠠᠭᠠᠬᠤ ᠣᠨ ᠤ ᠡᠭᠦᠷᠭᠡ ᠶᠢ 7.2 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠲᠥᠰᠦᠪ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠢᠨ᠎ᠡ ᠪᠠᠷ ᠨᠡᠮᠡᠭᠳᠡᠭᠰᠡᠨ ᠥᠷᠢ ᠥᠭᠴᠡᠭᠡ ᠶᠢ ᠴᠢᠩᠭ᠎ᠠ ᠬᠢᠵᠠᠭᠠᠷᠯᠠᠵᠤ᠂ ᠠᠯᠢᠪᠠ ᠴᠢᠬᠤᠯᠠ ᠪᠤᠰᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠ ᠵᠠᠰᠠᠭ ᠵᠠᠬᠢᠷᠭᠠᠨ ᠤ ᠵᠠᠷᠤᠯᠭ᠎ᠠ ᠶᠢ ᠪᠠᠭᠠᠰᠬᠠᠨ᠂ ᠡᠳ᠋ ᠤᠨ ᠬᠦᠴᠦᠨ ᠢᠶᠠᠨ ᠲᠥᠪᠯᠡᠷᠡᠭᠦᠯᠦᠨ ︽ᠭᠤᠷᠪᠠ ᠶᠢ ᠪᠠᠲᠤᠯᠠᠬᠤ︾᠎ ᠶᠢᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠨ᠎ᠠ᠃ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠡᠷᠡᠭᠦᠯ ᠪᠤᠰᠤ ᠵᠢᠭᠡᠯᠡᠯᠭᠡ ᠶᠢ ᠠᠷᠢᠯᠭᠠᠬᠤ ᠠᠵᠢᠯ ᠢ ᠠᠬᠢᠭᠤᠯᠵᠤ᠂ ᠬᠠᠤᠯᠢ ᠪᠤᠰᠤ ᠪᠠᠷ ᠪᠠᠯᠠ ᠴᠤᠭᠯᠠᠭᠤᠯᠬᠤ᠂ ᠮᠥᠩᠭᠦᠨ ᠭᠦᠢᠯᠭᠡᠭᠡᠨ ᠤ ᠮᠡᠬᠡᠯᠡᠯ ᠬᠢᠬᠦ᠂ ᠮᠠᠭᠤ ᠰᠠᠨᠠᠭ᠎ᠠ ᠲᠠᠢ ᠪᠠᠷ ᠥᠷᠢ ᠥᠭᠴᠡᠭᠡ ᠠᠴᠠ ᠵᠠᠶᠢᠯᠠᠬᠤ ᠪᠠ ᠬᠦᠴᠦᠨ ᠥᠬᠡᠶ ᠪᠣᠯᠭᠠᠬᠤ ᠵᠡᠷᠭᠡ ᠦᠶ᠋ᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠮᠥᠩᠭᠦᠨ ᠭᠦᠢᠯᠭᠡᠭᠡᠨ ᠤ  ᠤᠶᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃    ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠨᠳᠦᠰᠦᠲᠡᠨ ᠤ ᠪᠦᠯᠬᠦᠮᠳᠡᠯ ᠢ ᠨᠥᠯᠥᠭᠡᠯᠡᠬᠦ ᠠᠯᠢᠪᠠ ᠴᠤᠬᠤᠶᠢᠯᠲᠠ ᠶᠢᠨ ᠴᠢᠨᠠᠷᠲᠠᠶ ᠠᠰᠠᠭᠤᠳᠠᠯ ᠪᠠ ᠳᠠᠯᠳᠠ ᠠᠶᠤᠯ ᠲᠦᠭᠰᠢᠭᠦᠷᠢ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠩᠭᠠᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠠᠮᠤᠷ ᠲᠦᠪᠰᠢᠨ ᠲᠣᠭᠲᠠᠭᠤᠨ ᠪᠠᠶᠢᠳᠠᠯ ᠤᠨ ᠬᠠᠯᠬᠠᠪᠴᠢ ᠶᠢ ᠪᠠᠬᠢᠵᠢᠭᠦᠯᠦᠨ᠎ᠡ᠃ ᠠᠶᠤᠯ ᠥᠭᠡᠢ ᠦᠢᠯᠡᠳᠪᠦᠷᠢᠯᠡᠯ ᠎ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ︽ᠭᠤᠷᠪᠠᠨ ᠵᠢᠯ ᠤᠨ ᠠᠵᠢᠯᠯᠠᠭ᠎ᠠ︾᠎ ᠶᠢ ᠲᠥᠯᠬᠢᠨ ᠠᠬᠢᠭᠤᠯᠵᠤ᠂ ᠡᠯ᠎ᠡ ᠲᠥᠷᠥᠯ ‍ᠤᠨ‌ᠠᠶᠤᠯ ᠲᠦᠭᠰᠢᠭᠦᠷᠢ ᠶᠢᠨ ᠲᠠᠯᠳᠠ ᠭᠡᠮ  ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠷᠠᠭᠤᠯᠤᠨ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠬᠦᠷᠢᠶᠡᠨ  ᠤ ᠠᠶᠤᠯ ᠥᠭᠡᠢ ᠦᠢᠯᠡᠳᠪᠦᠷᠢᠯᠡᠯ  ᠤᠨ ᠪᠠᠶᠢᠳᠠᠯ ᠟ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ ᠢᠳᠡᠭᠡᠨ᠂ ᠡᠮ  ᠤᠨ ᠵᠦᠢᠯ ‍ᠤᠨ‌‍ᠶᠠᠰᠤ ᠴᠢᠨᠠᠷ ᠤᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠰᠠᠶᠢᠲᠤᠷ ᠠᠳᠬᠤᠵᠤ ᠂ ᠤᠯᠠᠨ ᠲᠦᠮᠡᠨ  ᠤ ᠢᠳᠡᠭᠡᠨ ᠤᠮᠳᠠᠭᠠᠨ ᠡᠮ ‍ᠤᠨ‌ᠵᠦ᠋ᠢᠯ  ᠤᠨ ᠠᠶᠤᠯ ᠥᠭᠡᠢ ᠶᠢ ᠪᠠᠲᠤᠯᠠᠨ᠎ᠠ᠃ ︽ᠤᠯᠤᠰ ᠲᠦᠷᠦ ᠪᠠᠷ ᠴᠠᠭᠳᠠᠭ᠎ᠠ ᠶᠢ ᠪᠠᠶᠢᠭᠤᠯᠬᠤ᠂ ᠴᠠᠭᠳᠠᠭ᠎ᠠ ᠶᠢ ᠴᠢᠩᠭ᠎ᠠ ᠵᠠᠰᠠᠬᠤ︾᠎ ᠶᠢ ᠪᠠᠶᠢᠩᠭᠤᠵᠢᠭᠤᠯᠬᠤ ᠶᠢ ᠲᠦᠯᠬᠢᠨ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠦᠷ᠎ᠡ ᠪᠦᠲᠦᠭᠡᠯ ᠢ ᠭᠦᠨᠵᠡᠭᠡᠶᠢᠷᠡᠭᠦᠯᠵᠦ᠂ ᠱᠠᠯᠢᠭ ᠵᠠᠪᠬᠠᠶ ᠵᠦᠢᠯ᠂ ᠵᠣᠭᠤᠰ ᠨᠠᠭᠠᠳᠬᠤ᠂ ᠬᠤᠣᠷᠲᠤ ᠡᠳ᠋ ᠫᠠᠨᠽᠠᠯᠠᠬᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠶᠢ ᠲᠦᠯᠬᠢᠨ ᠠᠬᠢᠭᠤᠯᠤᠨ᠎ᠠ᠃ ᠤᠯᠠᠨ ᠲᠦᠮᠡᠨ ᠤ ᠵᠦᠢ ᠵᠣᠬᠢᠰᠲᠠᠶ ᠵᠠᠬᠢᠳᠠᠯ ᠰᠤᠷᠪᠤᠯᠵᠢᠯᠠᠭ᠎ᠠ ᠶᠢᠨ ᠭᠤᠮᠣᠳᠠᠯ ᠱᠠᠭᠠᠷᠳᠠᠯᠭ᠎ᠠ ᠶᠢ ᠰᠠᠶᠢᠲᠤᠷ  ᠰᠢᠢᠳᠪᠤᠷᠢᠯᠡᠵᠦ ᠂ ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠪᠠ ᠳᠠᠷᠤᠭᠳᠠᠮᠠᠯ ᠬᠡᠷᠡᠭ ᠢ ᠲᠥᠪᠯᠡᠷᠡᠭᠦᠯᠦᠨ  ᠰᠢᠢᠳᠪᠤᠷᠢᠯᠡᠵᠦ᠂ ︽ᠬᠠᠳᠠᠭᠠᠯᠠᠯᠲᠠ ᠶᠢ ᠴᠥᠭᠡᠳᠬᠡᠨ ᠨᠡᠮᠡᠭᠳᠡᠭᠦᠯᠬᠦ ᠶᠢ ᠬᠢᠵᠠᠭᠠᠷᠯᠠᠬᠤ︾ ᠬᠠᠷᠠᠯᠲᠠ ᠶᠢ ᠪᠡᠶᠡᠯᠡᠭᠦᠯᠦᠨ᠎ᠡ᠃ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠤᠢ ᠰᠢᠭᠤᠶ ᠶᠢᠨ ᠭᠠᠯ ᠢ ᠰᠡᠷᠭᠡᠶᠢᠯᠡᠬᠦ᠂ ᠭᠠᠵᠠᠷ ᠬᠥᠳᠡᠯᠦᠯᠲᠡ ᠵᠡᠷᠭᠡ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠨ᠎ᠠ᠃   ︵ᠵᠢᠷᠭᠤᠭ᠎ᠠ︶ ᠡᠩ ᠤᠨ ᠦᠶ᠎ᠡ ᠪᠠ ᠲᠠᠶᠢᠨ ᠤ ᠦᠶ᠎ᠡ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠮᠠᠭᠲᠠ ᠰᠠᠶᠢᠲᠤᠷ ᠠᠳᠬᠤᠨ᠎ᠠ     ᠪᠠᠶᠢᠩᠭᠤᠵᠢᠭᠤᠯᠤᠨ ᠨᠠᠷᠢᠯᠢᠭ ᠣᠨᠣᠴᠠᠲᠠᠶ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ᠂ ︽ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ︾᠎ ᠪᠠᠷ ᠭᠤᠤᠯᠳᠠᠯᠭ᠎ᠠ ᠪᠣᠯᠭᠠᠨ᠂ ᠪᠥᠬᠦ ᠵᠢᠯ ᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠭᠠᠳᠠᠭᠠᠳᠤ ᠠᠴᠠ ᠣᠷᠣᠭᠤᠯᠬᠤ ᠴᠢᠨᠠᠷᠲᠠᠶ ᠬᠢᠵᠢᠭ ᠤᠨ ᠪᠠᠶᠢᠳᠠᠯ ᠭᠠᠷᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃     ᠪᠠᠶᠢᠩᠭᠤ ᠶᠢᠨ ᠴᠢᠨᠠᠷᠲᠠᠶ ᠰᠡᠷᠭᠡᠶᠢᠯᠡᠨ ᠡᠵᠡᠮᠳᠡᠬᠦ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠬᠦᠯᠬᠦ ᠬᠡᠷᠡᠭᠲᠡᠶ᠃ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾᠎ ᠶᠢ ᠴᠢᠩᠭ᠎ᠠ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠴᠢᠩᠭ᠎ᠠ ᠬᠢᠨᠠᠨ ᠡᠵᠡᠮᠳᠡᠵᠦ᠂ ᠴᠠᠭ ᠲᠤᠬᠠᠢ ᠳᠤᠨᠢ ᠡᠩ ᠤᠨ ᠦᠶ᠎ᠡ ᠪᠠ ᠲᠠᠶᠢᠨ ᠤ ᠦᠶ᠎ᠡ ᠶᠢᠨ ᠰᠣᠯᠢᠯᠲᠠ ᠶᠢ ᠶᠠᠪᠤᠭᠳᠠᠭᠤᠯᠤᠨ᠎ᠠ᠃ ᠵᠢᠯᠣᠭᠤᠳᠬᠤ ᠭᠠᠵᠠᠷ ᠤᠨ 24 ᠴᠠᠭ ᠤᠨ ᠠᠵᠢᠯᠯᠠᠭᠠᠨ ᠤ ᠰᠠᠭᠠᠳ ᠥᠬᠡᠶ ᠨᠡᠪᠲᠡᠷᠡᠬᠦ ᠶᠢ ᠢᠮᠠᠭᠲᠠ ᠪᠠᠲᠤᠯᠠᠵᠤ᠂ ᠬᠢᠵᠢᠭ ᠤᠨ ᠪᠠᠶᠢᠳᠠᠯ ᠡᠭᠦᠰᠪᠡᠯ ᠲᠡᠷᠡ ᠳᠠᠷᠤᠶ ᠳᠤᠨᠢ ᠪᠠᠴᠢᠮ ᠪᠠᠶᠢᠳᠠᠯ ᠢ  ᠠᠷᠭᠠᠴᠠᠭᠠᠬᠤ  ᠪᠠ  ᠰᠢᠢᠳᠪᠤᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ︽ᠬᠥᠮᠦᠨ ᠪᠠ ᠭᠠᠵᠠᠷ ᠣᠷᠣᠨ︾᠎ ᠢ ᠬᠠᠮᠲᠤᠪᠠᠷ ᠰᠡᠷᠭᠡᠶᠢᠯᠡᠬᠦ ᠶᠢ ᠪᠠᠷᠢᠮᠲᠠᠯᠠᠵᠤ᠂ ᠡᠷᠡᠭᠦᠯ ᠬᠠᠮᠠᠭᠠᠯᠠᠯ ᠤᠨ ᠲᠠᠰᠤᠭ᠂ ᠡᠮᠨᠡᠬᠦ ᠭᠠᠵᠠᠷ᠂ ᠡᠮ ᠤᠨ ᠳᠡᠯᠭᠡᠭᠦᠷ ᠤᠨ ︽ᠬᠠᠷᠠᠭᠤᠯ ᠤᠨ ᠭᠠᠵᠠᠷ︾᠎ ᠤᠨ  ᠤᠶᠢᠯᠡᠳᠤᠯ ᠢ  ᠭᠦᠢᠴᠡᠳ ᠪᠠᠳᠠᠷᠠᠭᠤᠯᠤᠨ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠢᠳᠠᠪᠤᠷᠢ ᠪᠠ ᠵᠣᠬᠢᠶᠠᠨ ᠪᠠᠶᠢᠭᠤᠯᠬᠤ ᠠᠵᠢᠯ ᠢ ᠴᠢᠩᠭᠠᠳᠬᠠᠵᠤ᠂ ᠴᠠᠭ ᠲᠤᠬᠠᠶ ᠳᠤᠨᠢ ᠣᠯᠵᠤ ᠮᠡᠳᠡᠬᠦ᠂ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠬᠦ᠂ ᠪᠦᠲᠦᠮᠵᠢᠲᠡᠶ ᠠᠪᠤᠷᠠᠨ ᠵᠠᠰᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠪᠤᠷᠠᠨ ᠵᠠᠰᠠᠬᠤ ᠲᠣᠤᠷ ᠰᠦᠯᠵᠢᠶ᠎ᠡ ᠶᠢ ᠨᠢᠭᠲᠠ ᠪᠠᠶᠢᠭᠤᠯᠬᠤ ᠬᠡᠷᠡᠭᠲᠡᠶ᠃    ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠪᠠᠷ ᠠᠳᠬᠤᠵᠤ ᠨᠠᠷᠢᠯᠢᠭ ᠪᠥᠭᠡᠳ ᠪᠠᠶᠢᠩᠭᠤᠵᠢᠭᠤᠯᠤᠭᠰᠠᠨ ᠠᠷᠭ᠎ᠠ ᠬᠡᠮᠵᠢᠶ᠎ᠡ ᠶᠢ ᠴᠢᠩᠭ᠎ᠠ ᠠᠳᠬᠤᠨ᠎ᠠ᠃ ᠬᠢᠯᠢ ᠶᠢᠨ ᠭᠠᠳᠠᠨᠠᠬᠢ ᠪᠠ ᠤᠯᠤᠰ ᠤᠨ ᠳᠣᠲᠣᠭᠠᠳᠤ ᠶᠢᠨ ᠳᠤᠮᠳᠠ ᠲᠦᠭᠰᠢᠭᠦᠷᠢ ᠶᠡᠬᠡᠲᠡᠶ ᠭᠠᠵᠠᠷ ᠣᠷᠣᠨ ᠤ ᠪᠤᠴᠠᠵᠤ ᠢᠷᠡᠭᠰᠡᠨ ᠬᠥᠮᠦᠰ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭᠠᠳᠬᠠᠵᠤ᠂ ᠬᠢᠯᠢ ᠪᠠᠷ ᠣᠷᠣᠵᠤ ᠢᠷᠡᠭᠰᠡᠨ  ᠬᠦᠢᠳᠡᠨ ᠬᠡᠯᠬᠢᠶᠡᠲᠦ ᠢᠳᠡᠭᠡᠨ᠂ ᠡᠳ᠋ ᠪᠣᠳᠠᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠴᠢᠩᠭᠠᠳᠬᠠᠨ᠎ᠠ᠃ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ᠂ ᠬᠠᠯᠠᠭᠤᠷᠠᠯ ᠤᠨ ᠡᠭᠦᠳᠡᠨ ᠡᠮᠨᠡᠯᠭᠡ ᠵᠡᠷᠭᠡ ᠠᠵᠢᠯ ᠤᠨ ᠵᠢᠷᠤᠮᠵᠢᠯ ᠢ ᠴᠢᠩᠭ᠎ᠠ ᠬᠡᠷᠡᠭᠵᠢᠭᠦᠯᠵᠦ ᠂ ᠰᠢᠨ᠎ᠡ ᠲᠠᠷᠢᠯᠭ᠎ᠠ ᠶᠢᠨ ᠸᠠᠺᠼᠢᠨ ᠤ ᠲᠠᠷᠢᠯᠭ᠎ᠠ ᠶᠢ ᠡᠮᠬᠢ ᠵᠢᠷᠤᠮ ᠲᠠᠢ ᠠᠬᠢᠭᠤᠯᠤᠨ᠎ᠠ᠃ ᠲᠤᠰᠠᠭᠠᠷᠯᠠᠬᠤ ᠲᠠᠯᠠᠪᠤᠷ ᠭᠠᠵᠠᠷ ᠢ ᠵᠢᠷᠤᠮᠵᠢᠭᠤᠯᠤᠨ ᠬᠠᠮᠢᠶᠠᠷᠴᠤ᠂ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠨ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠤᠳᠠᠯᠳᠤᠭᠠᠨ ᠤ ᠳᠡᠯᠭᠡᠭᠦᠷ ᠬᠡᠲᠦ ᠳᠡᠯᠭᠡᠭᠦᠷ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠰᠢᠶᠠᠨ ᠤ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠶᠡᠷᠦᠩᠬᠡᠶᠢᠯᠡᠭᠰᠡᠨ ᠠᠰᠠᠷ ᠢ ᠲᠦᠷᠭᠡᠪᠴᠢᠯᠡᠨ ᠪᠠᠶᠢᠭᠤᠯᠵᠤ᠂ ᠡᠮᠨᠡᠯᠭᠡ ᠳᠤ ᠰᠠᠭᠤᠬᠤ ᠠᠰᠠᠷ᠂ ᠬᠠᠯᠳᠠᠪᠤᠷᠢᠲᠤ ᠡᠪᠡᠳᠴᠢᠨ ᠤ ᠠᠰᠠᠷ ᠤᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠢᠳᠡᠪᠬᠢᠲᠡᠶ ᠪᠠᠷ ᠴᠢᠷᠮᠠᠶᠢᠨ ᠣᠯᠵᠤ᠂ ᠡᠮᠨᠡᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠭᠡᠨ ᠳᠡᠯᠭᠡᠷᠡᠩᠭᠦᠶ ᠪᠠᠷ ᠥᠷᠨᠢᠭᠦᠯᠵᠦ᠂ ᠣᠷᠴᠢᠨ ᠠᠬᠤᠶ ᠪᠠ ᠭᠡᠷ ᠪᠦᠯᠢ ᠶᠢᠨ ᠴᠡᠪᠡᠷ ᠲᠡᠭᠰᠢ ᠪᠠᠶᠢᠬᠤ ᠶᠢ ᠪᠠᠲᠤᠯᠠᠵᠤ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠥᠪᠡᠷ ᠢ ᠪᠠᠨ ᠬᠠᠮᠠᠭᠠᠯᠠᠬᠤ ᠠᠵᠢᠯ ᠢ ᠰᠠᠶᠢᠲᠤᠷ ᠬᠢᠯᠭᠡᠨ᠎ᠡ᠃ ᠲᠥᠯᠥᠭᠡᠯᠡᠭᠴᠢᠳ ᠡ︕   ᠰᠢᠶᠠᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠪᠦᠷᠢᠯᠳᠦᠬᠦᠨ ᠰᠠᠯᠠᠭ᠎ᠠ ᠮᠥᠴᠢᠷ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠲᠥᠪ᠂ ᠲᠣᠭᠤᠷᠢᠭ᠂ ᠬᠤᠳᠠ ᠪᠣᠯᠤᠨ ᠰᠢᠶᠠᠨ ᠤ ᠨᠠᠮ ᠤᠨ  ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠪᠢᠳᠡ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠬᠠᠷᠰᠢᠯᠠᠬᠤ᠂  ᠯᠢᠶᠠᠩᠴᠧᠩ ᠤᠨ ᠬᠥᠭᠵᠢᠯᠲᠡ ᠶᠢ ᠬᠢᠵᠠᠭᠠᠷᠯᠠᠬᠤ ᠠᠯᠢᠪᠠ ᠦᠵᠡᠯ ᠰᠠᠨᠠᠭ᠎ᠠ ᠣᠶᠢᠯᠠᠭᠠᠭᠳᠠᠬᠤᠨ ᠪᠠ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠡᠷᠡᠰ ᠠᠷᠢᠯᠭᠠᠵᠤ᠂ ᠲᠥᠷᠥ ᠶᠢᠨ ᠪᠣᠳᠣᠯᠭ᠎ᠠ ᠶᠢᠨ ᠲᠣᠭᠲᠠᠭᠠᠯᠲᠠ ᠨᠢ ᠵᠢᠷᠤᠮᠵᠢᠯ ᠥᠬᠡᠶ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠨᠢ ᠵᠥᠷᠢᠶ᠎ᠡ ᠲᠠᠢ ᠪᠠᠶᠢᠬᠤ ᠶᠢ ᠥᠷᠨᠢᠭᠦᠯᠬᠦ ᠬᠡᠷᠡᠭᠲᠡᠶ︔ ᠪᠠᠯᠠ ᠣᠷᠣᠭᠤᠯᠤᠯᠲᠠ ᠪᠠ ᠢᠨᠵᠧᠨᠧᠷᠢᠩ ᠤᠨ ᠲᠥᠷᠥᠯ  ᠵᠤᠶᠢᠯ ᠤᠨ ᠬᠢᠨᠠᠨ ᠵᠥᠪᠰᠢᠶᠡᠷᠡᠯ ᠤᠨ ᠥᠭᠡᠷᠡᠴᠢᠯᠡᠯᠲᠡ ᠬᠤᠴᠣᠷᠴᠤ ᠪᠠᠶᠢᠨ᠎ᠠ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠳᠡᠭᠡᠨ ᠳᠤᠷ᠎ᠠ ᠵᠣᠷᠢᠭ ᠢᠶᠠᠷ ᠢᠶᠠᠨ ᠪᠠᠶᠢᠬᠤ︔ ᠠᠮᠠᠯᠠᠯᠲᠠ ᠶᠢᠨ ᠵᠦᠢᠯᠡᠰ ᠢᠶᠠᠨ ᠪᠡᠶᠡᠯᠡᠭᠦᠯᠬᠦ ᠦᠭᠡᠢ᠂ ᠬᠠᠷᠢᠭᠤᠴᠠᠯᠭ᠎ᠠ ᠪᠠᠨ ᠬᠠᠷᠢᠯᠴᠠᠨ ᠲᠦᠯᠬᠢᠯᠴᠡᠵᠦ ᠠᠵᠢᠯ ᠬᠢᠬᠦ ᠦᠭᠡᠢ ᠵᠡᠷᠭᠡ ᠲᠤᠰᠬᠠᠢ ᠴᠡᠭᠴᠡᠯᠡᠨ ᠵᠠᠰᠠᠯᠲᠠ ᠶᠢ ᠬᠢᠵᠦ᠂ ᠬᠢᠲᠤᠭ᠎ᠠ ᠶᠢᠨ ᠢᠷ ᠢ ᠳᠣᠲᠣᠭᠰᠢ ᠪᠠᠨ ᠬᠠᠨᠳᠤᠭᠤᠯᠬᠤ ᠰᠥᠰᠥ ᠵᠣᠷᠢᠭ ᠢᠶᠠᠷ᠂ ᠲᠦᠷᠢᠮ ᠤᠨ ᠲᠠᠯ᠎ᠠ ᠠᠴᠠ ᠬᠠᠭᠤᠴᠢᠨ ᠢ ᠡᠪᠳᠡᠵᠦ ᠰᠢᠨ᠎ᠡ ᠶᠢ ᠪᠠᠶᠢᠭᠤᠯᠬᠤ ︽ᠶᠠᠪᠤᠴᠠ ᠶᠢᠨ ᠬᠤᠪᠢᠰᠬᠠᠯ︾᠎ ᠢ ᠬᠢᠪᠡ᠃ ᠪᠢᠳᠡ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠬᠢᠨᠠᠮᠠᠭᠠᠶ ᠲᠤᠤᠱᠯᠠᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠤᠨ ᠲᠣᠭᠲᠠᠭᠠᠯ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠲᠦᠷᠢᠮ︾᠎ ᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠵᠢᠯᠯᠠᠭ᠎ᠠ ᠶᠢ ᠬᠠᠤᠯᠢ ᠪᠠᠷ ᠵᠠᠰᠠᠬᠤ ᠵᠠᠮ ᠳᠤ ᠪᠦᠬᠦ ᠲᠠᠯ᠎ᠠ ᠪᠠᠷ ᠣᠷᠣᠭᠤᠯᠬᠤ ᠬᠡᠷᠡᠭᠲᠡᠶ᠃ ︽ᠭᠤᠷᠪᠠᠨ ᠴᠢᠬᠤᠯᠠ ᠨᠢᠭᠡ ᠶᠡᠭᠡ︾᠎ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠲᠦᠷᠢᠮ ᠢᠶᠠᠷ ᠡᠷᠬᠡ ᠶᠢ ᠬᠠᠮᠢᠶᠠᠷᠬᠤ᠂ ᠬᠡᠷᠡᠭ ᠶᠠᠪᠤᠳᠠᠯ ᠢ ᠬᠠᠮᠢᠶᠠᠷᠬᠤ᠂ ᠬᠥᠮᠦᠨ ᠢ ᠬᠠᠮᠢᠶᠠᠷᠬᠤ ᠶᠢ ᠪᠠᠷᠢᠮᠲᠠᠯᠠᠨ᠎ᠠ᠃ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠭᠦᠨᠵᠡᠭᠡᠶ ᠥᠷᠨᠢᠭᠦᠯᠵᠦ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠡᠷᠬᠡ ᠶᠢ ᠢᠯᠡ ᠪᠠᠷ ᠬᠡᠷᠡᠭᠵᠢᠭᠦᠯᠦᠨ᠎ᠡ᠃ ᠪᠢᠳᠡ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ ᠂ ᠵᠠᠰᠠᠭ ᠤᠨ ᠣᠷᠳᠣᠨ ᠤ ᠠᠯᠢᠪᠠ ᠠᠵᠢᠯ ᠪᠣᠯ ᠴᠥᠮ ᠠᠷᠠᠳ ᠲᠦᠮᠡᠨ ᠤ ᠲᠥᠯᠥᠭᠡ ᠶᠤᠮ᠂ ᠵᠠᠰᠠᠭ ᠤᠨ ᠣᠷᠳᠣᠨ ᠤ ᠠᠵᠢᠯᠲᠠᠳ ᠴᠥᠮ ᠠᠷᠠᠳ ᠲᠦᠮᠡᠨ ᠤ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠠᠷᠠᠳ ᠲᠦᠮᠡᠨ ᠤ ᠲᠥᠯᠥᠭᠡ ᠵᠢᠳᠬᠦᠬᠦ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ ᠪᠠ ᠰᠠᠶᠢᠲᠤᠷ ᠬᠠᠮᠠᠭᠠᠯᠠᠬᠤ ᠪᠠᠷ ᠬᠥᠭᠵᠢᠯᠲᠡ ᠶᠢᠨ ᠡᠭᠦᠰᠭᠡᠯ ᠪᠠ ᠲᠡᠭᠦᠰᠬᠡᠯ ᠪᠣᠯᠭᠠᠵᠤ᠂ ᠤᠯᠠᠨ ᠲᠦᠮᠡᠨ ᠤ ᠤᠴᠢᠷ ᠶᠠᠪᠤᠳᠠᠯ ᠢ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠵᠠᠰᠠᠭ ᠤᠨ ᠣᠷᠳᠣᠨ ᠤ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠵᠦ᠂ ︽ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠲᠦᠷᠢᠮ︾᠎ ᠢ ᠶᠡᠬᠡᠪᠡᠷ ᠨᠠᠶᠢᠳᠠᠪᠤᠷᠢᠵᠢᠭᠤᠯᠤᠨ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠦᠨ᠎ᠡ᠃ ᠪᠢᠳᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠵᠥᠪ ᠣᠨᠣᠪᠴᠢᠲᠠᠢ ᠢᠯᠡᠷᠡᠭᠦᠯᠬᠦ ᠬᠡᠷᠡᠭᠲᠡᠢ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠵᠤ᠂ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠥᠬᠦᠷᠡᠯ ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾᠎ ᠢ ᠴᠥᠬᠦᠷᠡᠰᠢ ᠦᠭᠡᠢ ᠵᠠᠯᠠᠷᠠᠭᠤᠯᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠵᠠᠰᠠᠭ ᠤᠨ ᠣᠷᠳᠣᠨ ᠤ ᠠᠵᠢᠯᠳᠠᠨ ᠨᠢᠭᠡᠪᠦᠷᠢ ᠶᠢᠨ ᠡᠳᠦᠷ ᠲᠤᠳᠤᠮ ᠤᠨ ᠦᠢᠯᠡ ᠠᠵᠢᠯᠯᠠᠭᠠᠨ ᠤ ᠳᠠᠳᠬᠠᠯ ᠪᠣᠯᠭᠠᠨ᠎ᠠ ᠃ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠭᠠᠵᠠᠷ ᠰᠢᠷᠣᠶ ᠶᠢ ᠰᠢᠯᠵᠢᠭᠦᠯᠦᠨ ᠥᠭᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠠᠷᠠᠳ ᠤᠨ ᠲᠥᠯᠥᠭᠡ ᠪᠠᠶᠢᠬᠤ᠂ ᠪᠣᠳᠠᠲᠤ ᠠᠵᠢᠯᠯᠠᠭ᠎ᠠ ᠶᠢ ᠡᠷᠬᠢᠮᠯᠡᠬᠦ᠂ ᠠᠷᠢᠭᠤᠨ ᠴᠢᠬᠡᠴᠢ ᠪᠠᠶᠢᠬᠤ ᠮᠥᠨ ᠴᠢᠨᠠᠷ ᠢᠶᠠᠨ ᠡᠭᠦᠷᠢᠳᠡ ᠬᠠᠳᠠᠭᠠᠯᠠᠨ᠎ᠠ᠃ ᠲᠥᠯᠥᠭᠡᠯᠡᠭᠴᠢᠳ ᠡ︕     ᠰᠢᠨ᠎ᠡ ᠬᠥᠭᠵᠢᠯᠲᠡ ᠶᠢᠨ ᠱᠠᠲᠤᠨ ᠳᠤ ᠣᠷᠣᠬᠤ ᠳᠤ᠂ ᠯᠢᠶᠠᠩᠴᠧᠩ ᠰᠢᠶᠠᠨ ᠰᠢᠨ᠎ᠡ ᠳᠦᠷᠰᠦ ᠪᠠᠶᠢᠳᠠᠯ ᠲᠠᠢ ᠪᠠᠶᠢᠬᠤ ᠬᠡᠷᠡᠭᠲᠡᠢ︔ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠬᠤ ᠳᠤ᠂ ᠯᠢᠶᠠᠩᠴᠧᠩ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ︔ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ᠂ ᠯᠢᠶᠠᠩᠴᠧᠩ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ᠂ ᠨᠢᠭᠡ ᠰᠡᠳᠬᠢᠯ  ᠨᠢᠭᠡ ᠵᠣᠷᠢᠭ ᠢᠶᠠᠷ ᠰᠢᠷᠭᠠᠭᠤ ᠬᠠᠲᠠᠭᠤᠵᠢᠯᠲᠠᠶ ᠲᠡᠮᠡᠴᠡᠵᠦ᠂ ᠰᠢᠷᠭᠠᠭᠤ ᠬᠠᠲᠠᠭᠤᠵᠢᠯᠲᠠᠶ ᠠᠵᠢᠯᠯᠠᠵᠤ ᠪᠣᠳᠠᠲᠠᠶ ᠠᠵᠢᠯᠯᠠᠨ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠭᠵᠢᠯᠲᠡ ᠶᠢᠨ ᠡᠬᠢᠯᠡᠯᠲᠡ ᠶᠢᠨ ᠲᠠᠶᠢᠨ ᠢ ᠡᠷᠡᠰ ᠰᠠᠶᠢᠲᠤᠷ ᠬᠢᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠠᠶᠠᠷᠯᠠᠨ ᠪᠡᠯᠭᠡᠯᠡᠶ᠎ᠡ︕                                               ᠤᠷᠴᠢᠭᠤᠯᠤᠭᠴᠢ᠄ ᠼᠦᠢ ᠴᠢᠩ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2