ᠪᠠᠶᠠᠷ ᠤᠨ ᠴᠢᠮᠡᠭᠡ︕ ᠯᠢᠶᠠᠩᠴᠧᠩ ᠰᠢᠶᠠᠨ ᠤ ᠦᠨᠳᠦᠰᠦᠲᠡᠨ ᠤ ᠪᠠᠭ᠎ᠠ ᠰᠤᠷᠭᠠᠭᠤᠯᠢ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠤᠷᠭᠠᠭᠤᠯᠢ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2021/3/29
    ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠪᠥᠭᠡᠳ ᠤᠳᠠᠭᠠᠨ ᠳᠠᠭᠠᠭᠠᠮᠠᠭᠠᠶ ᠥᠷᠨᠢᠭᠦᠯᠬᠦ ᠶᠢᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠬᠠᠮᠲᠤᠷᠠᠨ 75 ᠭᠠᠵᠠᠷ ᠣᠷᠣᠨ ᠪᠠ ᠨᠢᠭᠡᠴᠢ ᠶᠢ ᠵᠢᠷᠭᠤᠳᠤᠭᠠᠷ ᠪᠦᠯᠦᠭ ︽ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ‍ᠤᠨ‌ᠵᠢᠱᠢᠶ᠎ᠡ ᠦᠵᠡᠭᠦᠯᠬᠦ ᠨᠢᠭᠡᠴᠢ︾ ᠪᠠᠷ ᠨᠡᠷᠡᠶᠢᠳᠴᠦ᠂ ᠰᠢᠯᠢᠳᠡᠭ ᠢ ᠨᠢ ᠰᠣᠩᠭᠤᠨ ᠲᠠᠨᠢᠯᠴᠠᠭᠤᠯᠬᠤ᠂ ᠴᠢᠩᠭ᠎ᠠ ᠬᠢᠨᠠᠨ ᠲᠣᠭᠲᠠᠭᠠᠬᠤ᠂ ᠨᠡᠶᠢᠭᠡᠮ ᠨᠡᠶᠢᠲᠡ ᠳᠤ ᠵᠠᠷᠯᠠᠬᠤ ᠪᠠᠷ ᠳᠠᠮᠵᠢᠨ᠂ ᠯᠢᠶᠠᠩᠴᠧᠩ ᠰᠢᠶᠠᠨ ᠤ ᠦᠨᠳᠦᠰᠦᠲᠡᠨ ᠤ ᠪᠠᠭ᠎ᠠ ᠰᠤᠷᠭᠠᠭᠤᠯᠢ ᠡᠭᠦᠨ ᠳᠤ ᠵᠢᠭᠰᠠᠭᠠᠭᠳᠠᠵᠤ᠂ ᠪᠦᠬᠦ ᠬᠤᠲᠠ ᠶᠢᠨ ᠴᠤᠷ ᠤᠨ ᠭᠠᠭᠴᠠ ᠡᠨᠡᠬᠦ ᠢᠷᠠᠭᠤ ᠠᠯᠳᠠᠷ ᠢ ᠬᠦᠷᠳᠡᠭᠰᠡᠨ ᠰᠤᠷᠭᠠᠭᠤᠯᠢ ᠪᠣᠯᠵᠠᠢ᠃ 3 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠯᠢᠶᠠᠩᠴᠧᠩ ᠰᠢᠶᠠᠨ ᠤ ᠦᠨᠳᠦᠰᠦᠲᠡᠨ ᠤ ᠪᠠᠭ᠎ᠠ ᠰᠤᠷᠭᠠᠭᠤᠯᠢ ᠳᠤ ︽ᠵᠢᠷᠭᠤᠳᠤᠭᠠᠷ ᠪᠦᠯᠦᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ︾ ᠶᠢᠨ ᠫᠠᠶᠢᠰᠠ ᠣᠯᠭᠤᠬᠤ ᠶᠣᠰᠣᠯᠠᠯ ᠶᠠᠪᠤᠭᠤᠯᠵᠤ᠂ ᠬᠤᠲᠠ ᠶᠢᠨ  ᠦᠨᠳᠦᠰᠦᠳᠡᠨ ᠤ ᠬᠡᠷᠡᠭ ᠡᠷᠬᠢᠯᠡᠬᠦ ᠵᠥᠪᠯᠡᠯ ᠤᠨ ᠳᠡᠳ᠋ ᠡᠷᠬᠢᠯᠡᠭᠴᠢ  ᠬᠦᠭᠵᠢᠯ ᠬᠤᠷᠠᠯ ᠳᠤ ᠣᠷᠣᠯᠴᠠᠭᠰᠠᠨ ᠪᠥᠭᠡᠳ ᠰᠢᠶᠠᠨ ᠤ ᠦᠨᠳᠦᠰᠦᠲᠡᠨ ᠤ ᠪᠠᠭ᠎ᠠ ᠰᠤᠷᠭᠠᠭᠤᠯᠢ ᠳᠤ ᠫᠠᠶᠢᠰᠠ ᠣᠯᠭᠤᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ  ᠰᠡᠴᠡᠩᠭᠤᠸ᠎ᠠ᠂ ᠰᠢᠶᠠᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠠᠷᠢᠭᠤᠴᠠᠯᠭᠠᠲᠠᠨ ᠵᠢᠴᠢ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠥᠯᠥᠭᠡᠯᠡᠭᠴᠢ ᠫᠠᠶᠢᠰᠠ ᠣᠯᠭᠤᠬᠤ ᠶᠣᠰᠣᠯᠠᠯ ᠳᠤ ᠣᠷᠣᠯᠴᠠᠵᠠᠶ᠃
       ᠯᠢᠶᠠᠩᠴᠧᠩ ᠰᠢᠶᠠᠨ ᠤ ᠦᠨᠳᠦᠰᠦᠲᠡᠨ ᠤ ᠪᠠᠭ᠎ᠠ ᠰᠤᠷᠭᠠᠭᠤᠯᠢ 1984 ᠣᠨ ᠳᠤ ᠪᠠᠶᠢᠭᠤᠯᠤᠭᠳᠠᠭᠰᠠᠨ ᠪᠦᠬᠦᠯᠢ ᠡᠳᠦᠷ ᠤᠨ ᠳᠦᠷᠢᠮᠲᠦ ᠪᠠᠶᠢᠷᠢᠯᠠᠬᠤ ᠰᠤᠷᠭᠠᠭᠤᠯᠢ ᠪᠣᠯᠤᠨ᠎ᠠ᠃ ᠰᠤᠷᠭᠠᠭᠤᠯᠢ ᠶᠢᠨ ᠡᠵᠡᠯᠡᠬᠦ ᠲᠠᠯᠠᠪᠠᠶ ᠨᠢ 45205 ᠲᠡᠭᠰᠢ ᠳᠥᠷᠪᠡᠯᠵᠢᠨ ᠮᠧᠲᠷ᠂ ᠣᠲᠣ ᠪᠠᠭᠰᠢ ᠠᠵᠢᠯᠲᠠᠨ 90 ᠪᠣᠶ᠂ ᠡᠭᠦᠨ ᠳᠤ ᠴᠥᠭᠡᠨ ᠲᠣᠭᠠᠲᠤ ᠦᠨᠳᠦᠰᠦᠲᠡᠨ ᠤ ᠪᠠᠭᠰᠢ 16 ᠪᠣᠶ︔ ᠰᠤᠷᠭᠠᠭᠤᠯᠢ ᠳᠤ ᠪᠠᠶᠢᠭ᠎ᠠ ᠰᠣᠷᠣᠭᠴᠢ 1100 ᠭᠠᠷᠤᠶ ᠪᠠᠶᠢᠬᠤ ᠶᠢᠨ ᠳᠣᠲᠣᠷ᠎ᠠ ᠴᠥᠭᠡᠨ ᠲᠣᠭᠠᠲᠤ ᠦᠨᠳᠦᠰᠦᠲᠡᠨ ᠤ ᠰᠣᠷᠣᠭᠴᠢ 148 ᠪᠣᠶ᠃
     ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠤ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠪᠠᠶᠢᠩᠭᠤᠵᠢᠭᠤᠯᠬᠤ ᠠᠵᠢᠯ ᠤᠨ ᠲᠣᠭᠲᠠᠴᠠ ᠶᠢ ᠢᠳᠡᠪᠬᠢᠲᠡᠶ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠬᠤ ᠶᠢ ᠢᠮᠠᠭᠲᠠ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠠᠵᠢᠯᠯᠠᠭ᠎ᠠ ᠶᠢ ᠥᠷᠭᠡᠨ ᠭᠦᠨᠵᠡᠭᠡᠶ ᠥᠷᠨᠢᠭᠦᠯᠵᠦ᠂ ᠰᠤᠷᠤᠭᠴᠢᠳ ᠤᠨ ᠳᠤᠮᠳᠠ ᠤᠯᠤᠰ ᠤᠨ ᠪᠠᠶᠢᠳᠠᠯ ᠤᠨ ᠬᠥᠮᠦᠵᠢᠯ ᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠲᠤᠬᠠᠶ ᠮᠡᠳᠡᠷᠡᠮᠵᠢ ᠪᠠᠨ ᠨᠡᠮᠡᠭᠳᠡᠭᠦᠯᠵᠦ᠂ ᠳᠤᠮᠳᠠᠳᠤ ᠤᠯᠤᠰ ᠤᠨ ᠲᠡᠦᠬᠡ᠂ ᠰᠣᠶᠣᠯ ᠤᠨ ᠲᠤᠬᠠᠶ ᠣᠶᠢᠯᠠᠭᠠᠯᠲᠠ ᠪᠠᠨ ᠴᠢᠩᠭᠠᠳᠬᠠᠵᠤ᠂ ᠬᠢᠴᠢᠶᠡᠯ ᠤᠨ ᠲᠠᠩᠬᠢᠮ ᠤᠨ ᠰᠤᠷᠭᠠᠨ ᠬᠥᠮᠦᠵᠢᠯ ᠤᠨ ᠠᠷᠭ᠎ᠠ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠬᠥᠳᠡᠯᠭᠡᠭᠡᠨ ᠥᠷᠨᠢᠭᠦᠯᠵᠦ᠂ ᠰᠢᠨᠵᠢᠯᠡᠭᠡᠨ ᠤ ᠰᠠᠯᠠᠭ᠎ᠠ ᠶᠢᠨ ᠣᠨᠴᠠᠯᠢᠭ ᠢ ᠭᠦᠢᠴᠡᠳ ᠠᠰᠢᠭᠯᠠᠨ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠰᠣᠩᠭᠤᠳᠠᠭ ᠰᠢᠯᠦᠭ ᠵᠣᠬᠢᠶᠠᠯ ᠤᠨ ᠤᠷᠠᠨ ᠤᠩᠰᠢᠯᠭ᠎ᠠ ᠶᠢᠨ ᠴᠤᠭᠯᠠᠭᠠᠨ᠂ ︽ᠭᠡᠷᠡᠯ ᠰᠠᠴᠤᠷᠠᠩᠭᠤᠶ ᠳᠠᠯᠠᠨ ᠵᠢᠯ · ᠪᠢ ᠡᠬᠡ ᠤᠯᠤᠰ ᠲᠠᠢ ᠪᠠᠨ ᠬᠠᠮᠲᠤ︾ ᠭᠡᠬᠦ ᠨᠣᠮ ᠤᠩᠰᠢᠬᠤ ᠬᠥᠮᠦᠵᠢᠯ ᠤᠨ ᠠᠵᠢᠯᠯᠠᠭ᠎ᠠ ᠶᠢ ᠡᠷᠬᠢᠯᠡᠵᠦ᠂ ︽ᠦᠨᠳᠦᠰᠦᠲᠡᠨ ᠤ ᠶᠡᠭᠡ ᠪᠦᠯᠬᠦᠮᠳᠡᠯ︾ ᠤᠨ ᠵᠣᠬᠢᠶᠠᠯ ᠡᠯᠰᠡᠬᠦ ᠤᠷᠤᠯᠳᠤᠭᠠᠨ᠂ ︽ᠤᠯᠤᠰ ᠤᠨ ᠲᠤᠭ ᠲᠤ ᠶᠣᠰᠣᠯᠠᠵᠤ᠂ ᠶᠣᠰᠣ ᠮᠣᠷᠠᠯ ᠲᠠᠢ ᠬᠥᠮᠦᠨ ᠪᠣᠯᠤᠶ᠎ᠠ︾ ᠭᠡᠬᠦ ᠵᠡᠷᠭᠡ ᠠᠵᠢᠯᠯᠠᠭ᠎ᠠ ᠶᠢ ᠥᠷᠨᠢᠭᠦᠯᠵᠦ᠂ ᠠᠵᠢᠯᠯᠠᠭ᠎ᠠ ᠪᠠᠷ ᠰᠤᠷᠭᠠᠨ ᠬᠥᠮᠦᠵᠢᠯ ᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠦᠢᠯᠡᠳᠦᠯᠭᠡ ᠶᠢ ᠭᠦᠨᠵᠡᠭᠡᠶᠢᠷᠡᠭᠦᠯᠬᠦ ᠳᠤ ᠬᠦᠴᠦᠲᠡᠶ ᠬᠠᠶᠢᠨ ᠰᠦᠪᠡᠭᠴᠢᠯᠡᠯᠲᠡ ᠬᠢᠭᠰᠡᠨ ᠪᠠᠶᠢᠨ᠎ᠠ᠃
        ︽ᠯᠢᠶᠠᠩᠴᠧᠩ ᠰᠢᠶᠠᠨ ᠤ ᠦᠨᠳᠦᠰᠦᠲᠡᠨ ᠤ ᠪᠠᠭ᠎ᠠ ᠰᠤᠷᠭᠠᠭᠤᠯᠢ ᠵᠢᠷᠭᠤᠳᠤᠭᠠᠷ ᠪᠦᠯᠦᠭ ᠤᠨ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠪᠣᠯᠵᠤ᠂ ᠡᠨᠡ ᠪᠣᠯ ᠰᠤᠷᠭᠠᠭᠤᠯᠢ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠨᠤᠲᠠᠯᠠᠯᠲᠠ ᠮᠥᠨ᠂ ᠮᠥᠨ ᠴᠦ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠰᠠᠶᠢᠲᠤᠷ ᠬᠢᠬᠦ ᠶᠢᠨ ᠵᠣᠷᠢᠭᠵᠢᠭᠤᠯᠤᠯ ᠪᠠ ᠱᠠᠭᠠᠷᠳᠠᠯᠭ᠎ᠠ ᠮᠥᠨ᠂ ᠬᠤᠶᠢᠰᠢᠳᠠ ᠰᠢᠶᠠᠨ ᠤ ᠦᠨᠳᠦᠰᠦᠲᠡᠨ ᠤ ᠪᠠᠭ᠎ᠠ ᠰᠤᠷᠭᠠᠭᠤᠯᠢ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ ᠶᠡᠷᠦᠩᠬᠡᠢ ᠬᠠᠷᠠᠯᠲᠠ ᠶᠢ ᠪᠠᠷᠢᠮᠲᠠᠯᠠᠵᠤ᠂ ᠤᠯᠠᠨ ᠶᠠᠩᠵᠤ ᠶᠢᠨ ᠬᠡᠯᠪᠡᠷᠢ ᠶᠢᠨ ᠦᠨᠳᠦᠰᠦᠲᠡᠨ ᠤ ᠪᠦᠯᠬᠦᠮᠳᠡᠯ ᠤᠨ ᠣᠨᠴᠠᠯᠢᠭ ᠲᠠᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠰᠤᠷᠭᠠᠭᠤᠯᠢ ᠶᠢᠨ ᠬᠦᠷᠢᠶᠡᠨ ᠳᠤ ᠦᠵᠡᠰᠬᠦᠯᠡᠩᠲᠦ ᠰᠠᠶᠢᠬᠠᠨ ᠦᠩᠭᠡ ᠭᠢᠯᠪᠠᠭ᠎ᠠ ᠪᠠᠨ ᠪᠠᠳᠠᠷᠠᠭᠤᠯᠤᠨ᠎ᠠ︾ ᠭᠡᠵᠦ ᠰᠢᠶᠠᠨ ᠤ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠳᠠᠷᠤᠭ᠎ᠠ ᠭᠤᠤ ᠸᠠᠨ ᠶᠦᠩ ᠬᠡᠯᠡᠪᠡ᠃ ︵ᠰᠤᠷᠪᠤᠯᠵᠢᠯᠠᠭᠴᠢ ᠰᠦᠩ ᠹᠦ᠋ ᠾᠧᠩ︶                                        ᠨᠠᠶᠢᠷᠠᠭᠤᠯᠤᠭᠴᠢ᠄ ᠭᠦᠸᠧ ᠬᠤᠩ ᠰᠢᠶᠠ                                          ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2