ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠳᠡᠩᠰᠡᠯᠡᠨ | ᠬᠠᠮᠢᠶᠠᠷᠬᠤ ᠲᠦᠷᠢᠮ ︵ᠲᠥᠰᠦᠯ︶︾ ᠢ ᠪᠠᠲᠤᠯᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠶᠢᠵᠢᠭᠤᠯᠤᠨ | ᠪᠤᠵᠠᠭᠠᠶᠢᠷᠠᠭᠤᠯᠬᠤ ᠪᠠ ᠭᠤᠤᠯᠴᠢ ᠥᠷᠢᠰᠦᠯᠳᠦᠭᠡᠨ ᠶᠢ ᠠᠬᠢᠭᠤᠯᠬᠤ ᠳᠤ ᠬᠠᠤᠯᠢᠵᠢᠯ ᠤᠨ ᠪᠠᠲᠤᠯᠠᠭ᠎ᠠ ᠬᠠᠩᠭᠠᠪᠠ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 4 ᠳ᠋ᠦ᠋ᠭᠡᠷ ᠰᠠᠷ᠎ᠠ ᠶᠢᠨ 14 ᠤ | ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠳᠡᠩᠰᠡᠯᠡᠨ ᠬᠠᠮᠢᠶᠠᠷᠬᠤ ᠳᠦᠷᠢᠮ | ︵ᠲᠥᠰᠦᠯ︶︾ ᠢ ᠪᠠᠲᠤᠯᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠬᠤ ᠪᠠ | ᠭᠤᠣᠯᠴᠢ ᠥᠷᠢᠰᠥᠯᠳᠦᠭᠡᠨ ᠢ ᠠᠬᠢᠭᠤᠯᠬᠤ ᠳᠤ ᠬᠠᠤᠯᠢᠵᠢᠯ ᠤᠨ ᠪᠠᠲᠤᠯᠠᠭ᠎ᠠ ᠬᠠᠩᠭᠠᠪᠠ᠃ ᠬᠤᠷᠠᠯ ᠠᠴᠠ ᠵᠢᠭᠠᠬᠤ ᠳᠤ ᠪᠠᠨ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠬᠤ ᠨᠢ ᠨᠡᠶᠢᠭᠡᠮ ᠵᠢᠷᠤᠮ ᠤᠨ ᠵᠠᠬ᠎ᠠ | ᠳᠡᠯᠭᠡᠭᠦᠷ ᠤᠨ ᠠᠵᠤ ᠠᠬᠤᠢ ᠶᠢ ᠬᠥᠭᠵᠢᠭᠦᠯᠬᠦ ᠳᠤ ᠲᠦᠢᠯ ᠤᠨ ᠴᠢᠬᠤᠯᠠ ᠶᠤᠮ᠃ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠣᠶᠢᠷ᠎ᠠ ᠶᠢᠨ ᠵᠢᠯ ᠤᠳ ᠲᠤ ᠦᠢᠯᠡᠳᠪᠦᠷᠢ ᠬᠤᠳᠠᠯᠳᠤᠭᠠᠨ ᠤ | ᠵᠦᠢᠯᠡᠰ ᠤᠨ ᠲᠦᠷᠢᠮ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠬᠤ ᠪᠠᠷ ᠳᠡᠮᠵᠢᠨ᠂ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢᠨ ᠲᠤᠭ᠎ᠠ ︽13 · 5︾ ᠶᠢᠨ ᠬᠤᠭᠤᠴᠠᠭᠠᠨ ᠳᠤ 6000 ᠭᠠᠷᠤᠶ ᠲᠦᠮᠡᠨ ᠡᠷᠦᠬᠡ ᠰᠢᠨ᠎ᠡ ᠪᠠᠷ ᠨᠡᠮᠡᠭᠳᠡᠵᠦ᠂ | ᠠᠵᠤ ᠠᠬᠤᠶ ᠶᠢᠨ ᠠᠮᠢᠵᠢᠷᠠᠯ ᠤᠨ ᠬᠦᠴᠦᠨ ᠪᠠ ᠤᠶᠠᠨ ᠬᠠᠳᠠᠨ ᠴᠢᠨᠠᠷ ᠢ ᠴᠢᠩᠭᠠᠷᠠᠭᠤᠯᠤᠨ᠂ ᠶᠡᠭᠡ ᠬᠡᠮᠵᠢᠶᠡᠨ ᠤ ᠠᠵᠢᠯ | ᠣᠯᠭᠤᠯᠲᠠ ᠶᠢ ᠠᠬᠢᠭᠤᠯᠤᠭᠰᠠᠨ ᠪᠠᠶᠢᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠪᠦᠲᠦᠮᠵᠢᠲᠡᠶ ᠠᠷᠭ᠎ᠠ ᠬᠢᠳᠡᠯ ᠢ ᠲᠦᠷᠢᠮ ᠤᠨ ᠵᠢᠷᠤᠮᠵᠢᠯ ᠪᠣᠯᠭᠠᠨ ᠳᠡᠭᠡᠭᠰᠢᠯᠡᠭᠦᠯᠵᠦ᠂ ᠢᠯᠠᠩᠭᠤᠶ᠎ᠠ | ᠵᠠᠬ᠎ᠠ ᠳᠡᠯᠭᠡᠭᠦᠷ ᠤᠨ ᠭᠤᠤᠯ ᠴᠣᠭᠴᠠ ᠶᠢ ᠳᠡᠩᠰᠡᠯᠡᠨ ᠬᠠᠮᠢᠶᠠᠷᠬᠤ ᠡᠨᠡ ᠬᠦ ᠰᠠᠭᠤᠷᠢ ᠴᠢᠨᠠᠷᠲᠠᠶ ᠲᠦᠷᠢᠮ ᠢ ᠪᠦᠷᠢᠨᠰᠢᠭᠦᠯᠬᠦ | ᠬᠡᠷᠡᠭᠲᠡᠶ ᠭᠡᠵᠡᠢ᠃ ᠬᠤᠷᠠᠯ ᠠᠴᠠ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠬ᠎ᠠ ᠳᠡᠯᠭᠡᠭᠦᠷ ᠤᠨ ᠭᠤᠣᠯ | ᠴᠣᠭᠴᠠ ᠶᠢ ᠳᠠᠩᠰᠠᠯᠠᠨ ᠬᠠᠮᠢᠶᠠᠷᠬᠤ ᠲᠦᠷᠢᠮ ︵ᠲᠥᠰᠦᠯ︶︾ ᠢ ᠪᠠᠲᠤᠯᠠᠵᠤ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠦᠢᠯᠡᠰ ᠪᠤᠰᠬᠠᠵᠤ ᠰᠢᠨ᠎ᠡ ᠶᠢ ᠡᠭᠦᠳᠬᠦ ᠶᠢ ᠠᠬᠢᠭᠤᠯᠬᠤ᠂ | ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ ᠳᠤ ᠬᠠᠤᠯᠢᠵᠢᠯ ᠤᠨ ᠪᠠᠲᠤᠯᠠᠭ᠎ᠠ ᠬᠠᠩᠭᠠᠪᠠ᠃ ᠲᠥᠰᠦᠯ ᠳᠤ ᠨᠢᠭᠡᠨᠲᠡ | ᠨᠡᠶᠢᠲᠡᠯᠡᠭᠰᠡᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠳᠡᠩᠰᠡᠯᠡᠨ ᠬᠠᠮᠢᠶᠠᠷᠬᠤ ᠲᠤᠬᠠᠶ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠢ ᠡᠮᠬᠢᠯᠡᠨ ᠨᠡᠶᠢᠯᠡᠭᠦᠯᠵᠦ᠂ ᠮᠠᠨ ᠤ ᠤᠯᠤᠰ ᠤᠨ ᠬᠢᠯᠢ ᠳᠣᠲᠣᠷ᠎ᠠ ᠠᠰᠢᠭ ᠬᠤᠨᠵᠢᠪᠣᠷᠢ ᠤᠯᠬᠤ ᠵᠣᠷᠢᠯᠭ᠎ᠠ ᠪᠠᠷ | ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠡᠯ᠎ᠡ ᠲᠥᠷᠥᠯ ᠤᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ᠂ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠵᠡᠷᠭᠡ ᠶᠢ ᠳᠡᠩᠰᠡᠯᠡᠨ ᠬᠠᠮᠢᠶᠠᠷᠬᠤ ᠲᠤᠬᠠᠶ | ᠨᠢᠭᠡᠳᠦᠯᠲᠡᠶ ᠲᠣᠭᠲᠠᠭᠠᠯ ᠭᠠᠷᠭᠠᠪᠠ᠃ ᠡᠭᠦᠨ ᠳᠤ ᠭᠤᠤᠯᠳᠠᠭᠤ᠄ ︵1︶ ᠳᠡᠩᠰᠡᠯᠡᠨ ᠲᠡᠮᠳᠡᠭᠯᠡᠬᠦ ᠳᠤ ᠲᠥᠬᠦᠮ ᠦᠵᠡᠭᠦᠯᠬᠦ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠤᠬᠠᠶ ᠶᠢᠨ ᠭᠠᠵᠠᠷ ᠲᠤ ᠨᠢ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ᠂ | ᠴᠠᠭ ᠬᠢᠵᠠᠭᠠᠷᠯᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠨᠳᠣᠤ ᠭᠠᠵᠠᠷ ᠲᠤ ᠭᠦᠢᠴᠡᠳᠬᠡᠬᠦ ᠶᠢ | ᠬᠡᠷᠡᠭᠵᠢᠭᠦᠯᠦᠨ᠎ᠡ᠃ ᠭᠤᠶᠤᠴᠢᠯᠠᠯ ᠤᠨ ᠮᠠᠲ᠋ᠧᠷᠢᠶᠠᠯ ᠨᠢ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ | ᠂ ᠳᠠᠩᠰᠠᠯᠠᠬᠤ ᠪᠠᠶᠢᠭᠤᠯᠭ᠎ᠠ ᠲᠤᠬᠠᠶ ᠶᠢᠨ ᠭᠠᠵᠠᠷ ᠲᠤ ᠨᠢ ᠳᠠᠩᠰᠠᠯᠠᠬᠤ ᠬᠡᠷᠡᠭᠲᠡᠶ︔ ᠲᠤᠬᠠᠶ ᠶᠢᠨ ᠭᠠᠵᠠᠷ ᠲᠤ ᠨᠢ | ᠳᠠᠩᠰᠠᠯᠠᠭᠤᠯᠵᠤ ᠳᠡᠶᠢᠯᠬᠦ ᠦᠭᠡᠢ ᠪᠣᠯ᠂ ᠡᠩ ᠤᠨ ᠪᠠᠶᠢᠳᠠᠯ ᠳᠤ 3 ᠠᠵᠢᠯᠯᠠᠬᠤ ᠡᠳᠦᠷ ᠤᠨ ᠳᠣᠲᠣᠷ᠎ᠠ ᠳᠠᠩᠰᠠᠯᠠᠵᠤ ᠥᠭᠬᠦ | ᠬᠡᠷᠡᠭᠲᠡᠶ᠃ ᠡᠯᠧᠺᠳ᠋ᠷᠣᠨ ᠪᠣᠯᠤᠨ ᠴᠠᠭᠠᠰᠤᠨ ᠡᠵᠡᠩᠨᠡᠯᠲᠡ ᠶᠢᠨ ᠦᠨᠡᠮᠯᠡᠯ ᠨᠢ ᠠᠳᠠᠯᠢᠬᠠᠨ ᠬᠠᠤᠯᠢ ᠶᠢᠨ ᠬᠦᠴᠦᠨ ᠲᠠᠢ᠃ ︵ | 2︶ ᠭᠤᠶᠤᠴᠢᠯᠠᠬᠤ ᠮᠠᠲ᠋ᠧᠷᠢᠶᠠᠯ ᠪᠠ ᠳᠠᠩᠰᠠᠯᠠᠬᠤ ᠭᠤᠭᠴᠤᠭ᠎ᠠ ᠶᠢ ᠴᠥᠭᠡᠳᠬᠡᠨ᠎ᠡ᠃ ᠳᠠᠩᠰᠠᠯᠠᠬᠤ ᠪᠠᠶᠢᠭᠤᠯᠭ᠎ᠠ ᠨᠢ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠲᠠᠪᠴᠠᠩ ᠢᠶᠠᠷ ᠳᠡᠮᠵᠢᠨ ᠣᠯᠤᠭᠰᠠᠨ ᠬᠠᠮᠢᠶ᠎ᠠ ᠪᠥᠬᠦᠶ | ᠮᠡᠳᠡᠭᠡ ᠵᠠᠩᠭᠢ ᠶᠢ ᠭᠤᠶᠤᠴᠢᠯᠠᠭᠴᠢ ᠪᠠᠷ ᠳᠠᠪᠬᠤᠷᠳᠠᠭᠤᠯᠤᠨ ᠬᠠᠩᠭᠠᠯᠭᠠᠬᠤ ᠪᠠᠷ ᠱᠠᠭᠠᠷᠳᠠᠵᠤ ᠪᠣᠯᠬᠤ ᠥᠬᠡᠶ᠃ | ᠭᠤᠶᠤᠴᠢᠯᠠᠬᠤ ᠮᠠᠲ᠋ᠧᠷᠢᠶᠠᠯ ᠨᠢ ᠪᠦᠷᠢᠨ ᠪᠤᠰᠤ ᠪᠤᠶᠤ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠬᠦ ᠦᠭᠡᠢ ᠪᠣᠯ᠂ | ᠳᠠᠩᠰᠠᠯᠠᠬᠤ ᠪᠠᠶᠢᠭᠤᠯᠭ᠎ᠠ ᠨᠢ ᠨᠥᠬᠦᠪᠥᠷᠢᠯᠡᠨ ᠵᠠᠯᠠᠷᠠᠭᠤᠯᠬᠤ ᠴᠢᠬᠤᠯᠠᠲᠠᠶ ᠮᠠᠲ᠋ᠧᠷᠢᠶᠠᠯ ᠢ ᠭᠤᠶᠤᠴᠢᠯᠠᠭᠴᠢ ᠳᠤ ᠨᠢᠭᠡ ᠯᠡ | ᠤᠳᠠᠭ᠎ᠠ ᠳᠤ ᠮᠡᠳᠡᠭᠳᠡᠬᠦ ᠬᠡᠷᠡᠭᠲᠡᠶ᠃ ︵3︶ ︽ᠬᠦᠴᠦᠨ ᠥᠬᠡᠶ ᠪᠣᠯᠭᠠᠬᠤ ᠳᠤ ᠬᠦᠴᠢᠷᠲᠡᠶ︾ ᠪᠠᠶᠢᠬᠤ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠬᠤ ᠶᠢᠨ ᠲᠥᠯᠥᠭᠡ᠂ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠠᠪᠴᠠᠭ᠎ᠠ ᠥᠭᠴᠡᠭᠡ᠂ | ᠠᠵᠢᠯᠲᠠᠨ ᠠᠵᠢᠯᠴᠢᠨ ᠤ ᠴᠠᠯᠢᠩ᠂ ᠨᠡᠶᠢᠭᠡᠮ ᠤᠨ ᠳᠠᠭᠠᠳᠬᠠᠯ ᠤᠨ ᠵᠠᠷᠤᠳᠠᠯ᠂ ᠲᠤᠰᠢᠶᠠᠬᠤ ᠶᠣᠰᠣᠲᠠᠶ ᠭᠠᠶᠢᠯᠢ ᠶᠢᠨ ᠮᠥᠩᠭᠦ | ᠵᠡᠷᠭᠡ ᠥᠷᠢᠲᠦᠭᠰᠡᠨ ᠶᠠᠪᠤᠳᠠᠯ ᠦᠭᠡᠢ ᠪᠤᠶᠤ ᠨᠢᠭᠡᠨᠲᠡ ᠳᠥᠯᠥᠵᠦ ᠳᠠᠭᠤᠰᠬᠠᠭᠠᠳ᠂ ᠬᠤᠯᠪᠣᠭᠳᠠᠯ ᠪᠥᠬᠦᠶ ᠬᠠᠤᠯᠢ ᠶᠢᠨ | ᠬᠠᠷᠢᠭᠤᠴᠠᠯᠭ᠎ᠠ ᠶᠢ ᠡᠭᠦᠷᠭᠡᠯᠡᠬᠦ ᠪᠢᠴᠢᠭ ᠤᠨ ᠠᠮᠠᠯᠠᠯᠲᠠ ᠬᠢᠭᠰᠡᠨ ᠪᠠ ᠲᠣᠭᠲᠠᠭᠠᠯ ᠶᠣᠰᠣᠭᠠᠷ ᠵᠠᠷᠯᠠᠨ ᠨᠡᠶᠢᠲᠡᠯᠡᠭᠰᠡᠨ ᠪᠣᠯ᠂ | ᠬᠢᠯᠪᠠᠷᠴᠢᠯᠠᠭᠰᠠᠨ ᠳᠡᠰ ᠳᠠᠷᠠᠭᠠᠯᠠᠯ ᠢᠶᠠᠷ ᠬᠦᠴᠦᠨ ᠥᠬᠡᠶ ᠪᠣᠯᠭᠠᠵᠤ ᠪᠣᠯᠤᠨ᠎ᠠ᠂ ᠡᠭᠦᠨ ᠳᠤ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢ ᠵᠠᠷᠯᠠᠨ ᠨᠡᠶᠢᠲᠡᠯᠡᠬᠦ ᠴᠢᠬᠤᠯᠠ ᠥᠬᠡᠶ ᠭᠡᠵᠦ ᠲᠣᠳᠣᠷᠬᠠᠢ ᠲᠣᠭᠲᠠᠭᠠᠵᠠᠢ᠃ ︵4︶ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢᠨ ᠬᠡᠪ ᠢᠶᠠᠷ ᠪᠠᠶᠢᠯᠭᠠᠬᠤ ᠥᠪᠡᠷ ᠤᠨ ᠦᠷᠳᠡᠭ ᠢ ᠪᠠᠭᠤᠷᠠᠭᠤᠯᠬᠤ ᠶᠢᠨ ᠲᠥᠯᠥᠭᠡ᠂ | ᠠᠵᠢᠯ ᠵᠣᠭᠰᠣᠬᠤ ᠲᠦᠷᠢᠮ ᠢ ᠲᠣᠭᠲᠠᠭᠠᠨ᠎ᠠ᠃ ᠪᠠᠶᠢᠭᠠᠯᠢ ᠶᠢᠨ ᠭᠠᠮᠰᠢᠭ᠂ ᠠᠳᠡᠯ ᠤᠨ ᠭᠠᠮᠰᠢᠭ᠂ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠡᠷᠡᠭ ᠵᠡᠷᠭᠡ ᠠᠴᠠ ᠪᠣᠯᠵᠣ ᠡᠵᠡᠩᠨᠡᠯᠲᠡ ᠨᠢ ᠬᠦᠴᠢᠷᠳᠡᠯ ᠲᠠᠢ ᠪᠣᠯᠤᠭᠰᠠᠨ ᠪᠣᠯ᠂ ᠵᠠᠬ᠎ᠠ | ᠳᠡᠯᠭᠡᠭᠦᠷ ᠤᠨ ᠭᠤᠤᠯ ᠴᠣᠭᠴᠠ ᠨᠢ ᠥᠪᠡᠷ ᠢᠶᠠᠨ ᠡᠵᠡᠨ ᠮᠡᠳᠡᠵᠦ ᠵᠣᠬᠢᠬᠤ ᠬᠤᠭᠤᠴᠠᠭᠠᠨ ᠤ ᠳᠣᠲᠣᠷ᠎ᠠ ᠠᠵᠢᠯ ᠢᠶᠠᠨ | ᠵᠣᠭᠰᠣᠭᠠᠬᠤ ᠪᠠᠷ ᠲᠣᠭᠲᠠᠭᠠᠬᠤ ᠶᠢᠨ ᠬᠠᠮᠲᠤ ᠳᠠᠩᠰᠠᠯᠠᠬᠤ ᠪᠠᠶᠢᠭᠤᠯᠭ᠎ᠠ ᠳᠤ ᠳᠠᠩᠰᠠᠯᠠᠭᠤᠯᠵᠤ ᠪᠣᠯᠤᠨ᠎ᠠ᠂ ᠠᠵᠢᠯ ᠵᠣᠭᠰᠣᠬᠤ | ᠬᠠᠮᠤᠭ ᠤᠨ ᠣᠷᠳᠣ ᠬᠤᠭᠤᠴᠠᠭ᠎ᠠ ᠶᠢ 3 ᠵᠢᠯ ᠠᠴᠠ ᠬᠡᠲᠦᠷᠡᠭᠦᠯᠵᠦ ᠪᠣᠯᠬᠤ ᠥᠬᠡᠶ᠃ ︵5︶ ᠦᠨᠡᠨᠴᠢ ᠢᠲᠡᠭᠡᠮᠵᠢᠲᠡᠶ | ᠪᠠᠶᠢᠬᠤ ᠪᠠ ᠬᠢᠨᠠᠨ ᠬᠠᠮᠢᠶᠠᠷᠬᠤ ᠱᠠᠭᠠᠷᠳᠠᠯᠭ᠎ᠠ ᠶᠢ ᠲᠣᠳᠣᠷᠬᠠᠶ ᠪᠣᠯᠭᠠᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠨᠢ | ᠦᠨᠡᠨ ᠨᠡᠷ᠎ᠡ ᠪᠠᠷ ᠢᠶᠠᠨ ᠳᠠᠩᠰᠠᠯᠠᠭᠤᠯᠬᠤ ᠶᠢ ᠬᠡᠷᠡᠭᠵᠢᠭᠦᠯᠵᠦ᠂ ᠲᠤᠰᠢᠶᠠᠭᠰᠠᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ | ᠬᠠᠤᠯᠢ ᠶᠣᠰᠣᠴᠢ ᠴᠢᠨᠠᠷ ᠪᠠ ᠪᠦᠳᠦᠮᠵᠢᠳᠤ ᠴᠢᠨᠠᠷ ᠲᠤ ᠬᠠᠷᠢᠭᠤᠴᠠᠬᠤ ᠶᠢᠨ ᠬᠠᠮᠲᠤ᠂ ᠲᠣᠭᠲᠠᠭᠠᠯ ᠶᠣᠰᠣᠭᠠᠷ ᠣᠨ ᠤ | ᠮᠡᠳᠡᠭᠦᠯᠦᠯᠲᠡ ᠪᠠ ᠳᠡᠩᠰᠡᠯᠡᠯᠲᠡ ᠶᠢᠨ ᠬᠠᠮᠢᠶ᠎ᠠ ᠪᠥᠬᠦᠶ ᠮᠡᠳᠡᠭᠡ ᠵᠠᠩᠭᠢ ᠶᠢ ᠢᠯᠡ ᠨᠡᠶᠢᠲᠡᠯᠡᠨ᠎ᠡ᠃ ᠳᠠᠩᠰᠠᠯᠠᠭᠤᠯᠬᠤ ᠳᠤ ᠪᠠᠨ | ᠬᠤᠳᠠᠯ ᠬᠠᠭᠤᠷᠮᠠᠭ ᠮᠠᠲ᠋ᠧᠷᠢᠶᠠᠯ ᠲᠤᠰᠢᠶᠠᠭᠰᠠᠨ ᠪᠤᠶᠤ ᠪᠤᠰᠤᠳ ᠮᠡᠬᠡᠯᠡᠬᠦ ᠦᠢᠯᠡ ᠠᠵᠢᠯᠯᠠᠭ᠎ᠠ ᠲᠠᠢ ᠪᠠᠶᠢᠪᠠᠯ᠂ ᠲᠡᠭᠦᠨ ᠤ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠯᠲᠡ ᠶᠢ ᠬᠦᠴᠦᠨ ᠥᠬᠡᠶ ᠪᠣᠯᠭᠠᠵᠤ᠂ ᠰᠢᠭᠤᠳ | ᠬᠠᠷᠢᠭᠤᠴᠠᠯᠭᠠᠲᠠᠨ ᠨᠢ 3 ᠵᠢᠯ ᠤᠨ ᠳᠣᠲᠣᠷ᠎ᠠ ᠳᠠᠭᠢᠵᠤ ᠳᠠᠩᠰᠠᠯᠠᠭᠤᠯᠬᠤ ᠪᠠᠷ ᠭᠤᠶᠤᠴᠢᠯᠠᠵᠤ ᠪᠣᠯᠬᠤ ᠥᠬᠡᠶ᠃ ᠳᠠᠩᠰᠠᠯᠠᠬᠤ | ᠪᠠᠶᠢᠭᠤᠯᠭ᠎ᠠ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠪᠠᠶᠢᠳᠠᠯ ᠢ ᠦᠨᠳᠦᠰᠦᠯᠡᠨ ᠲᠠᠰ ᠲᠥᠷᠥᠯ | ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ︽ᠬᠤᠶᠠᠷ ᠲᠠᠰᠢᠷᠠᠮ ᠢᠶᠠᠷ ᠬᠢᠬᠦ᠂ ᠨᠢᠭᠡ ᠶᠢ ᠢᠯᠡ ᠪᠣᠯᠭᠠᠬᠤ︾ | ᠠᠷᠭ᠎ᠠ ᠶᠢ ᠬᠡᠷᠡᠭᠯᠡᠨ ᠳᠠᠩᠰᠠᠯᠠᠬᠤ ᠵᠦᠢᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ︵6︶ ᠬᠠᠤᠯᠢ ᠶᠢ ᠵᠥᠷᠢᠴᠡᠭᠰᠡᠨ | ᠠᠵᠢᠯᠯᠠᠭ᠎ᠠ ᠶᠢᠨ ᠬᠠᠤᠯᠢ ᠶᠢᠨ ᠬᠠᠷᠢᠭᠤᠴᠠᠯᠭ᠎ᠠ ᠪᠠ ᠰᠢᠢᠳᠬᠡᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠎ᠠ᠃ ᠰᠢᠢᠳᠬᠡᠯ ᠤᠨ | ᠬᠠᠨᠳᠤᠯᠭᠠᠲᠤ ᠴᠢᠨᠠᠷ ᠢ ᠴᠢᠩᠭᠠᠷᠠᠭᠤᠯᠵᠤ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠡᠵᠡᠩᠨᠡᠯᠲᠡ ᠶᠢᠨ ᠦᠨᠡᠮᠯᠡᠯ ᠢ ᠨᠢ | ᠬᠤᠷᠢᠶᠠᠨ ᠠᠪᠴᠤ ᠬᠦᠴᠦᠨ ᠦᠭᠡᠢ ᠪᠣᠯᠭᠠᠵᠤ᠂ ᠦᠨᠡᠨᠴᠢ ᠢᠲᠡᠭᠡᠮᠵᠢᠲᠡᠶ ᠪᠠᠶᠢᠬᠤ᠂ ᠭᠤᠣᠯᠴᠢ ᠪᠠᠷ ᠥᠷᠢᠰᠥᠯᠳᠦᠬᠦ ᠵᠠᠬ᠎ᠠ | ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠨ᠎ᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |