ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ | ᠡᠳ᠋ ᠤᠨ ᠵᠠᠰᠠᠭ ᠤᠨ ᠪᠠᠯᠠ ᠮᠥᠩᠭᠦ ᠶᠢ ᠰᠢᠭᠤᠳ ᠬᠦᠷᠭᠡᠬᠦ ᠪᠠᠶᠢᠩᠭᠤᠵᠢᠭᠰᠠᠨ ᠲᠣᠭᠲᠠᠴᠠ ᠶᠢ ᠤᠯᠠᠮ ᠨᠢᠭᠡ | ᠠᠯᠬᠤᠮ ᠰᠠᠶᠢᠲᠤᠷ ᠬᠡᠷᠡᠭᠵᠢᠭᠦᠯᠬᠦ ᠲᠤᠬᠠᠶ ᠪᠠᠶᠢᠷᠢᠯᠠᠭᠤᠯᠵᠤ ᠡᠳ᠋ ᠤᠨ ᠵᠠᠰᠠᠭ ᠤᠨ ᠪᠠᠯᠠ ᠮᠥᠩᠭᠦ ᠶᠢᠨ ᠠᠵᠤ | ᠠᠬᠤᠶᠢᠯᠠᠯ ᠪᠠ ᠠᠷᠠᠳ ᠲᠤ ᠠᠰᠢᠭ ᠬᠦᠷᠲᠡᠭᠡᠬᠦ ᠤᠶᠢᠯᠡᠳᠤᠯ ᠢ ᠨᠠᠩ ᠰᠠᠶᠢᠲᠤᠷ ᠪᠠᠳᠠᠷᠠᠭᠤᠯᠪᠠ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ | ᠬᠠᠤᠯᠢ ᠶᠢ ᠬᠡᠷᠡᠭᠵᠢᠭᠦᠯᠬᠦ ᠲᠦᠷᠢᠮ ︵ᠵᠠᠰᠠᠪᠤᠷᠢ ᠣᠷᠣᠭᠤᠯᠬᠤ ᠲᠥᠰᠦᠯ︶︾ ᠢ ᠪᠠᠲᠤᠯᠠᠪᠠ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 4 ᠳ᠋ᠦ᠋ᠭᠡᠷ ᠰᠠᠷ᠎ᠠ ᠶᠢᠨ 21 ᠤ | ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠳ᠋ ᠤᠨ | ᠵᠠᠰᠠᠭ ᠤᠨ ᠪᠠᠯᠠ ᠮᠥᠩᠭᠦ ᠶᠢ ᠰᠢᠭᠤᠳ ᠬᠦᠷᠭᠡᠬᠦ ᠪᠠᠶᠢᠩᠭᠤᠵᠢᠭᠰᠠᠨ ᠲᠣᠭᠲᠠᠴᠠ ᠶᠢ ᠤᠯᠠᠮ ᠨᠢᠭᠡ ᠠᠯᠬᠤᠮ | ᠰᠠᠶᠢᠲᠤᠷ ᠬᠡᠷᠡᠭᠵᠢᠭᠦᠯᠵᠦ᠂ ᠡᠳ᠋ ᠤᠨ ᠵᠠᠰᠠᠭ ᠤᠨ ᠪᠠᠯᠠ ᠮᠥᠩᠭᠦ ᠶᠢᠨ ᠠᠵᠤ ᠠᠬᠤᠶᠢᠯᠠᠯ ᠪᠠ ᠠᠷᠠᠳ ᠲᠤ ᠠᠰᠢᠭ | ᠬᠦᠷᠲᠡᠭᠡᠬᠦ ᠤᠶᠢᠯᠡᠳᠤᠯ ᠢ ᠨᠠᠩ ᠰᠠᠶᠢᠲᠤᠷ ᠪᠠᠳᠠᠷᠠᠭᠤᠯᠬᠤ ᠲᠤᠬᠠᠶ ᠪᠠᠶᠢᠷᠢᠯᠠᠭᠤᠯᠪᠠ︔ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠲᠦᠷᠢᠮ ︵ | ᠵᠠᠰᠠᠪᠤᠷᠢ ᠣᠷᠣᠭᠤᠯᠬᠤ ᠲᠥᠰᠦᠯ︶︾ ᠢ ᠪᠠᠲᠤᠯᠠᠵᠠᠢ᠃ | ᠬᠤᠷᠠᠯ ᠳᠤ ᠵᠢᠭᠠᠨ ᠭᠠᠷᠭᠠᠬᠤ ᠳᠤ ᠪᠠᠨ᠂ ᠡᠳ᠋ ᠤᠨ ᠵᠠᠰᠠᠭ ᠤᠨ ᠪᠡᠯᠡ ᠮᠥᠩᠭᠦ ᠶᠢ ᠰᠢᠭᠤᠳ ᠬᠦᠷᠭᠡᠬᠦ | ᠲᠣᠭᠲᠠᠴᠠ ᠶᠢ ᠬᠡᠷᠡᠭᠵᠢᠭᠦᠯᠬᠦ ᠪᠣᠯ ᠬᠤᠷᠸ᠎ᠠ ᠡᠵᠡᠮᠰᠢᠯ ᠲᠤᠬᠢᠷᠠᠭᠤᠯᠭ᠎ᠠ ᠶᠢᠨ ᠰᠢᠨ᠎ᠡ ᠶᠢ ᠡᠭᠦᠳᠬᠦ ᠴᠢᠬᠤᠯᠠ ᠶᠡᠭᠡ | ᠠᠷᠭ᠎ᠠ ᠬᠡᠮᠵᠢᠶ᠎ᠡ ᠮᠥᠨ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ | ᠶᠣᠰᠣᠭᠠᠷ᠂ ᠨᠢᠳᠤᠨᠤᠨ ᠲᠥᠪ ᠤᠨ ᠡᠳ᠋ ᠤᠨ ᠵᠠᠰᠠᠭ ᠰᠢᠭᠤᠳ ᠬᠦᠷᠭᠡᠬᠦ ᠪᠠᠯᠠ ᠮᠥᠩᠭᠦ 1.7 ᠲᠦᠮᠡᠨ ᠳ᠋ᠦᠩᠰᠢᠭᠤᠷ | ᠲᠥᠭᠦᠷᠢᠭ ᠪᠠᠭᠤᠯᠭᠠᠵᠤ᠂ ᠬᠤᠲᠠ ᠰᠢᠶᠠᠨ ᠤ ᠦᠨᠳᠦᠰᠦᠨ ᠱᠠᠲᠤᠨ ᠤ ᠭᠠᠶᠢᠯᠢ ᠶᠢ ᠬᠥᠩᠭᠡᠯᠡᠵᠦ ᠰᠤᠶᠢᠳᠭᠡᠯ ᠢ | ᠪᠠᠭᠤᠷᠠᠭᠤᠯᠬᠤ ᠳᠤ ︽ᠳᠠᠭᠠᠷᠠᠭᠰᠠᠨ ᠬᠥᠮᠦᠨ ᠳᠤ ᠳᠠᠬᠤ ᠬᠦᠷᠭᠡᠬᠦ︾ ᠤᠶᠢᠯᠡᠳᠤᠯ ᠪᠠᠳᠠᠷᠠᠭᠤᠯᠵᠤ᠂ ᠠᠵᠤ | ᠠᠬᠤᠶ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠳᠤ ᠴᠢᠬᠤᠯᠠ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠱᠠᠭᠠᠷᠳᠠᠯᠭ᠎ᠠ ᠶᠣᠰᠣᠭᠠᠷ᠂ ᠡᠨᠡ ᠵᠢᠯ ᠰᠢᠭᠤᠳ ᠬᠦᠷᠭᠡᠬᠦ | ᠲᠣᠭᠲᠠᠴᠠ ᠶᠢ ᠪᠠᠶᠢᠩᠭᠤᠵᠢᠭᠤᠯᠬᠤ ᠨᠢ ᠨᠢᠳᠤᠨᠤᠨ ᠤ ᠰᠢᠭᠤᠳ ᠬᠦᠷᠭᠡᠬᠦ ᠪᠡᠯᠡ ᠮᠥᠩᠭᠦ ᠶᠢ ᠪᠦᠬᠦᠨ ᠢ ᠨᠡᠮᠡᠭᠳᠡᠯ | ᠪᠡᠯᠡ ᠮᠥᠩᠭᠦ ᠪᠣᠯᠭᠠᠭᠰᠠᠨ ᠲᠠᠢ ᠠᠳᠠᠯᠢ ᠦᠭᠡᠢ᠂ ᠡᠨᠡ ᠵᠢᠯ ᠭᠤᠣᠯᠳᠠᠭᠤ ᠦᠯᠡᠳᠡᠭᠡᠯ ᠪᠡᠯᠡ ᠮᠥᠩᠭᠦ ᠪᠣᠯᠭᠠᠨ᠎ᠠ᠂ | ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠠᠰᠢᠭ ᠲᠤᠰᠠ ᠶᠢᠨ ᠪᠠᠶᠢᠷᠢᠰᠢᠯ ᠢ ᠥᠭᠡᠷᠡᠴᠢᠯᠡᠨ ᠲᠣᠬᠢᠷᠠᠭᠤᠯᠬᠤ ᠪᠠᠷ | ᠳᠠᠮᠵᠢᠭᠤᠯᠤᠨ᠂ ᠲᠥᠪ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠨᠥᠬᠦᠪᠥᠷᠢ ᠶᠢᠨ ᠡᠯ᠎ᠡ ᠵᠦᠢᠯ ᠤᠨ | ᠪᠡᠯᠡ ᠮᠥᠩᠭᠦ ᠶᠢ ᠪᠦᠬᠦᠨ ᠢ ᠨᠢ ᠰᠢᠭᠤᠳ ᠬᠦᠷᠭᠡᠬᠦ ᠬᠡᠪᠴᠢᠶᠡᠨ ᠳᠤ ᠣᠷᠣᠭᠤᠯᠵᠤ᠂ ᠪᠡᠯᠡ ᠮᠥᠩᠭᠦ ᠶᠢᠨ ᠶᠡᠷᠦᠩᠬᠡᠶ | ᠬᠡᠮᠵᠢᠶ᠎ᠡ ᠶᠢ 2.8 ᠲᠦᠮᠡᠨ ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ ᠣᠳᠣᠬᠠᠨ ᠳᠤ ᠲᠥᠪ ᠤᠨ ᠡᠳ᠋ ᠤᠨ | ᠵᠠᠰᠠᠭ ᠠᠴᠠ ᠰᠢᠭᠤᠳ ᠪᠠᠭᠤᠯᠭᠠᠭᠰᠠᠨ ᠪᠠᠯᠠ ᠮᠥᠩᠭᠦ 2.6 ᠲᠦᠮᠡᠨ ᠳ᠋ᠦᠩᠰᠢᠭᠤᠷ ᠲᠥᠭᠦᠷᠢᠭ ᠪᠠᠶᠢᠵᠤ᠂ ᠡᠭᠦᠨ ᠳᠤ | 2.2 ᠲᠦᠮᠡᠨ ᠳ᠋ᠦᠩᠰᠢᠭᠤᠷ ᠭᠠᠷᠤᠢ ᠲᠥᠭᠦᠷᠢᠭ ᠢ ᠨᠢᠭᠡᠨᠲᠡ ᠪᠠᠯᠠ ᠮᠥᠩᠭᠦ ᠬᠡᠷᠡᠭᠯᠡᠬᠦ ᠨᠢᠭᠡᠴᠢ ᠳᠤ ᠪᠠᠭᠤᠯᠭᠠᠭᠰᠠᠨ | ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠨᠢᠭᠡ ᠳᠤ᠂ ᠰᠢᠭᠤᠳ ᠬᠦᠷᠭᠡᠬᠦ ᠪᠠᠯᠠ ᠮᠥᠩᠭᠦ ᠶᠢᠨ ᠬᠡᠷᠡᠭᠯᠡᠯᠲᠡ ᠶᠢᠨ | ᠭᠤᠤᠯᠳᠠᠯᠭ᠎ᠠ ᠶᠢ ᠳᠣᠪᠤᠶᠢᠯᠭᠠᠨ᠎ᠠ᠃ ᠠᠵᠤ ᠠᠬᠤᠶ ᠶᠢ ᠲᠣᠭᠲᠠᠭᠤᠨ ᠪᠠᠶᠢᠯᠭᠠᠬᠤ ᠶᠢᠨ ᠳᠠᠭᠠᠤ ᠪᠠᠬᠢᠵᠢᠭᠦᠯᠬᠦ ᠶᠢ | ᠠᠬᠢᠭᠤᠯᠬᠤ ᠲᠠᠯ᠎ᠠ ᠠᠴᠠ ᠪᠣᠳᠣᠯᠬᠢᠯᠠᠨ᠂ ᠰᠢᠭᠤᠳ ᠬᠦᠷᠭᠡᠬᠦ ᠪᠠᠯᠠ ᠮᠥᠩᠭᠦ ᠶᠢ ᠬᠡᠰᠡᠭ ᠱᠠᠲᠤ ᠦᠶᠡᠴᠢ ᠴᠢᠨᠠᠷᠲᠠᠶ | ᠲᠥᠷᠥ ᠶᠢᠨ ᠪᠣᠳᠣᠯᠭ᠎ᠠ ᠶᠢᠨ ︽ᠪᠠᠭᠤᠷᠠᠯᠲᠠ︾ ᠶᠢᠨ ᠨᠥᠯᠥᠭᠡ ᠶᠢ ᠠᠷᠢᠯᠭᠠᠬᠤ ᠴᠢᠬᠤᠯᠠ ᠠᠷᠭ᠎ᠠ ᠪᠠᠷᠢᠯ ᠤᠨ | ᠨᠢᠭᠡ ᠨᠢ ᠪᠣᠯᠭᠠᠵᠤ᠂ ᠲᠠᠭᠦᠨ ᠢ ᠭᠤᠤᠯᠳᠠᠭᠤ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ | ᠪᠠᠲᠤᠯᠠᠬᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠠᠲᠤᠯᠠᠬᠤ ᠶᠢ ᠳᠡᠮᠵᠢᠬᠦ ᠳᠤ ᠦᠷᠭᠦᠯᠵᠢᠯᠡᠨ ᠬᠡᠷᠡᠭᠯᠡᠵᠦ᠂ | ᠪᠠᠯᠠ ᠮᠥᠩᠭᠦ ᠶᠢ ᠣᠯᠠᠨ ᠲᠦᠮᠡᠨ ᠤ ᠬᠦᠰᠡᠯ ᠡᠷᠡᠮᠡᠯᠵᠡᠯ᠂ ᠠᠵᠤ ᠠᠬᠤᠶᠢᠯᠠᠯ ᠤᠨ ᠬᠦᠰᠡᠵᠦ ᠪᠠᠶᠢᠭ᠎ᠠ ᠴᠢᠭᠯᠡᠯ ᠪᠠ | ᠬᠦᠷᠢᠶ᠎ᠡ ᠵᠢᠴᠢ ᠦᠨᠳᠦᠰᠦᠨ ᠱᠠᠲᠤᠨ ᠤ ᠴᠠᠯᠢᠩ ᠢ ᠪᠠᠲᠤᠯᠠᠬᠤ ᠪᠠ ᠡᠷᠭᠢᠯᠲᠡ ᠶᠢ ᠪᠠᠲᠤᠯᠠᠬᠤ ᠳᠤ ᠬᠡᠷᠡᠭᠯᠡᠨ᠂ ᠨᠠᠩ | ᠣᠯᠠᠨ ᠡᠳ᠋ ᠤᠨ ᠬᠦᠴᠦᠨ ᠢ ᠲᠥᠪᠯᠡᠷᠡᠭᠦᠯᠦᠨ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮᠴᠢᠯᠡᠭᠡ᠂ | ᠦᠨᠳᠦᠰᠦᠨ ᠣᠷᠣᠨ ᠰᠠᠭᠤᠴᠠ ᠵᠡᠷᠭᠡ ᠠᠷᠠᠳ ᠤᠨ ᠦᠨᠳᠦᠰᠦᠨ ᠠᠮᠢᠳᠤᠷᠠᠯ ᠤᠨ ᠣᠷᠣᠭᠤᠯᠤᠯᠲᠠ ᠶᠢ ᠨᠡᠮᠡᠭᠳᠡᠭᠦᠯᠵᠦ | ᠂ ᠲᠠᠷᠢᠶᠠᠯᠠᠩ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠨ᠎ᠡ᠃ ᠬᠤᠶᠠᠷ ᠲᠤ᠂ ᠣᠷᠣᠨ | ᠨᠤᠲᠤᠭ ᠢ ᠰᠢᠪᠠᠳᠠᠵᠤ ᠪᠠᠶᠢᠭᠠᠳ ᠦᠯᠡᠳᠡᠭᠳᠡᠯ ᠰᠢᠭᠤᠳ ᠬᠦᠷᠭᠡᠬᠦ ᠪᠡᠯᠡ ᠮᠥᠩᠭᠦ ᠶᠢ ᠪᠠᠭᠤᠯᠭᠠᠬᠤ ᠪᠠ ᠬᠡᠷᠡᠭᠯᠡᠬᠦ | ᠠᠵᠢᠯ ᠢ ᠰᠠᠶᠢᠲᠤᠷ ᠬᠢᠯᠭᠡᠵᠦ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤ ᠨᠢ | ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠶᠢ ᠪᠠᠲᠤᠯᠠᠨ᠎ᠠ᠃ ᠣᠷᠣᠨ ᠨᠤᠲᠤᠭ ᠢ ᠵᠢᠯᠣᠭᠤᠳᠴᠤ ᠪᠠᠶᠢᠭᠠᠳ | ᠲᠥᠪ ᠤᠨ ᠰᠢᠭᠤᠳ ᠬᠦᠷᠭᠡᠬᠦ ᠪᠡᠯᠡ ᠮᠥᠩᠭᠦ ᠶᠢᠨ ᠰᠠᠭᠤᠷᠢᠨ ᠳᠡᠭᠡᠷ᠎ᠡ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤ ᠲᠣᠬᠢᠷᠠᠭᠤᠯᠤᠨ ᠣᠷᠣᠨ ᠨᠤᠲᠤᠭ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠰᠢᠭᠤᠳ ᠬᠦᠷᠬᠦ | ᠬᠡᠪᠴᠢᠶ᠎ᠡ ᠶᠢ ᠥᠷᠭᠡᠳᠬᠡᠨ᠎ᠡ᠃ ᠮᠤᠵᠢ ᠶᠢᠨ ᠱᠠᠲᠤᠨ ᠤ ᠵᠠᠰᠠᠭ ᠤᠨ ᠣᠷᠳᠣᠨ ᠦᠷᠭᠦᠯᠵᠢᠯᠡᠨ ︽ᠵᠠᠮ ᠤᠨ ᠨᠠᠮᠰᠠᠷᠠᠢ | ᠪᠤᠷᠬᠠᠨ︾ ᠪᠣᠯᠬᠤ ᠠᠴᠠ ᠪᠢᠰᠢ ︽ᠨᠢᠷᠤᠭᠤ ᠪᠠᠨ ᠡᠭᠦᠷᠦᠭᠰᠡᠨ ᠨᠣᠶᠠᠨ︾ ᠪᠣᠯᠵᠤ ᠪᠣᠯᠬᠤ ᠦᠭᠡᠢ᠂ ᠨᠠᠩ ᠣᠯᠠᠨ | ᠡᠳ᠋ ᠤᠨ ᠬᠦᠴᠦᠨ ᠢᠶᠠᠨ ᠳᠣᠷᠣᠭᠰᠢ ᠪᠠᠭᠤᠯᠭᠠᠵᠤ᠂ ᠦᠨᠳᠦᠰᠦᠨ ᠱᠠᠲᠤᠨ ᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢ ᠠᠳᠬᠤᠬᠤ ᠴᠢᠳᠠᠪᠤᠷᠢ ᠶᠢ ᠨᠢ ᠴᠢᠩᠭᠠᠷᠠᠭᠤᠯᠬᠤ ᠬᠡᠷᠡᠭᠲᠡᠶ᠃ ᠭᠤᠷᠪᠠ ᠳᠤ᠂ ᠰᠢᠭᠤᠳ | ᠬᠦᠷᠭᠡᠬᠦ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠪᠠᠨ ᠴᠢᠩᠳᠠᠯᠠᠨ᠎ᠠ᠃ ᠡᠳ᠋ ᠤᠨ ᠵᠠᠰᠠᠭ᠂ ᠬᠢᠨᠠᠨ ᠪᠤᠳᠤᠯᠲᠠ | ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠴᠥᠮ ᠬᠢᠨᠠᠯᠲᠠ ᠪᠠᠨ ᠴᠢᠩᠭᠠᠳᠬᠠᠵᠤ᠂ ᠣᠷᠣᠨ ᠨᠤᠲᠤᠭ ᠤᠨ ᠪᠠᠯᠠ | ᠮᠥᠩᠭᠦ ᠬᠤᠪᠢᠶᠠᠷᠢᠯᠠᠭᠰᠠᠨ᠂ ᠰᠠᠯᠭᠠᠨ ᠥᠭᠭᠦᠭᠰᠡᠨ ᠪᠠ ᠬᠡᠷᠡᠭᠯᠡᠭᠰᠡᠨ ᠪᠠᠶᠢᠳᠠᠯ ᠢ ᠬᠥᠳᠡᠯᠦᠩᠭᠦᠶ ᠪᠠᠷ ᠮᠥᠷᠳᠡᠵᠦ᠂ | ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤ ᠨᠢ ᠢᠯᠡᠷᠡᠭᠦᠯᠬᠦ ᠪᠠ ᠵᠠᠯᠠᠷᠠᠭᠤᠯᠵᠤ᠂ ᠬᠠᠮᠢᠶ᠎ᠠ ᠪᠥᠬᠦᠶ ᠣᠷᠣᠨ | ᠨᠤᠲᠤᠭ ᠵᠢᠴᠢ ᠬᠠᠷᠢᠭᠤᠴᠠᠯᠭᠠᠲᠠᠳ ᠲᠠᠢ ᠪᠠᠶᠢᠳᠠᠯ ᠢ ᠨᠢ ᠦᠵᠡᠵᠦ ᠨᠡᠪᠲᠡᠷᠡᠭᠦᠯᠬᠦ ᠪᠠ ᠪᠣᠯᠵᠣᠨ ᠶᠠᠷᠢᠯᠴᠠᠵᠤ᠂ | ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠤᠭᠰᠠᠨ᠂ ᠳᠤᠮᠳᠠ ᠠᠴᠠ ᠨᠢ ᠦᠯᠡᠳᠡᠭᠡᠵᠦ ᠨᠡᠭᠦᠯᠭᠡᠨ ᠬᠡᠷᠡᠭᠯᠡᠭᠰᠡᠨ | ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠤᠶᠢᠯᠡ ᠠᠵᠢᠯᠯᠠᠭ᠎ᠠ ᠨᠤᠭᠤᠳ ᠢ ᠨᠢᠭᠡ ᠶᠢ ᠣᠯᠵᠤ ᠮᠡᠳᠡᠪᠡᠯ | ᠨᠢᠭᠡ ᠶᠢ ᠲᠦᠢᠯᠪᠤᠷᠢᠲᠠᠶ ᠪᠠᠶᠢᠴᠠᠭᠠᠵᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠤᠯᠭᠠᠵᠤ᠂ | ᠰᠢᠭᠤᠳ ᠪᠠᠯᠠ ᠮᠥᠩᠭᠦ ᠶᠢ ᠣᠨᠢᠨ ᠳᠡᠭᠡᠷ᠎ᠡ ᠨᠢ ᠬᠡᠷᠡᠭᠯᠡᠬᠦ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠪᠠ | ᠠᠷᠠᠳ ᠲᠤ ᠠᠰᠢᠭ ᠬᠦᠷᠲᠡᠭᠡᠬᠦ ᠪᠣᠳᠠᠲᠤ ᠦᠷ᠎ᠡ ᠪᠦᠲᠦᠮᠵᠢ ᠶᠢ ᠨᠠᠩ ᠰᠠᠶᠢᠨ ᠪᠠᠳᠠᠷᠠᠭᠤᠯᠬᠤ ᠬᠡᠷᠡᠭᠲᠡᠶ ᠭᠡᠵᠡᠢ᠃ | ᠬᠤᠷᠠᠯ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ | ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠲᠦᠷᠢᠮ ︵ᠵᠠᠰᠠᠪᠤᠷᠢ ᠣᠷᠣᠭᠤᠯᠬᠤ ᠲᠥᠰᠦᠯ︶︾ ᠢ ᠪᠠᠲᠤᠯᠠᠪᠠ᠃ | ᠲᠥᠰᠦᠯ ᠳᠤ ᠲᠠᠷᠢᠶᠠᠨ ᠭᠠᠵᠠᠷ ᠢᠯᠠᠩᠭᠤᠶ᠎ᠠ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠢᠶᠠᠷᠤᠯᠲᠠ | ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ | ᠰᠠᠬᠢᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠢᠯᠠᠩᠭᠤᠶ᠎ᠠ ᠲᠠᠷᠢᠶᠠᠨ ᠭᠠᠵᠠᠷ ᠢ ᠪᠥᠲᠥᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠬᠤ ᠶᠢᠨ ᠬᠠᠮᠲᠤ᠂ ᠲᠠᠷᠢᠶᠠᠨ ᠭᠠᠵᠠᠷ ᠢ ᠣᠶᠢᠲᠤ | ᠭᠠᠵᠠᠷ᠂ ᠡᠪᠡᠰᠦᠲᠦ ᠭᠠᠵᠠᠷ ᠵᠡᠷᠭᠡ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠤᠯᠠᠮ | ᠨᠢᠭᠡ ᠠᠯᠬᠤᠮ ᠲᠣᠳᠣᠷᠬᠠᠶ ᠬᠢᠵᠠᠭᠠᠷᠯᠠᠵᠤ᠂ ᠲᠠᠷᠢᠶᠠᠨ ᠭᠠᠵᠠᠷ ᠤᠨ ︽ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢᠲᠡᠶ | ᠪᠠᠶᠢᠯᠭᠠᠬᠤ︾ ᠲᠦᠷᠢᠮ ᠢ ᠴᠢᠩᠭ᠎ᠠ ᠬᠡᠷᠡᠭᠵᠢᠭᠦᠯᠪᠡ᠃ ᠲᠥᠰᠦᠯ ᠨᠢ ᠭᠠᠵᠠᠷ ᠰᠢᠷᠣᠶ ᠲᠠᠲᠠᠪᠤᠷᠢᠯᠠᠬᠤ ᠳᠡᠰ | ᠳᠠᠷᠠᠭᠠᠯᠠᠯ ᠢ ᠨᠠᠷᠢᠯᠢᠭᠵᠢᠭᠤᠯᠵᠤ᠂ ᠭᠠᠵᠠᠷ ᠰᠢᠷᠣᠶ ᠲᠠᠲᠠᠪᠤᠷᠢᠯᠠᠬᠤ ᠶᠢ ᠤᠷᠢᠳᠴᠢᠯᠠᠨ ᠵᠠᠷᠯᠠᠬᠤ ᠳᠦᠷᠢᠮ ᠢ | ᠲᠣᠭᠲᠠᠭᠠᠵᠤ᠂ ᠲᠠᠲᠠᠪᠤᠷᠢᠯᠠᠯᠲᠠ ᠶᠢᠨ ᠨᠥᠬᠦᠪᠥᠷᠢ ᠶᠢ ᠵᠢᠷᠤᠮᠵᠢᠭᠤᠯᠵᠤ᠂ ᠬᠤᠯᠪᠣᠭᠳᠠᠯ ᠪᠦᠬᠦᠢ ᠵᠠᠷᠤᠳᠠᠯ ᠢ ᠭᠦᠢᠴᠡᠳ | ᠲᠤᠭ᠎ᠠ ᠪᠠᠷ ᠪᠣᠳᠠᠲᠠᠶᠢᠵᠢᠭᠤᠯᠤᠭᠰᠠᠨ ᠦᠭᠡᠶ ᠪᠣᠯ ᠭᠠᠵᠠᠷ ᠰᠢᠷᠣᠶ ᠲᠠᠲᠠᠪᠤᠷᠢᠯᠠᠬᠤ ᠶᠢ ᠵᠥᠪᠰᠢᠶᠡᠷᠡᠵᠦ ᠪᠣᠯᠬᠤ ᠦᠭᠡᠶ | ᠭᠡᠵᠦ ᠲᠣᠭᠲᠠᠭᠠᠨ᠂ ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠳ ᠤᠨ ᠪᠠᠶᠢᠳᠠᠯ ᠢ ᠮᠡᠳᠡᠬᠦ ᠡᠷᠬᠡ᠂ | ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠵᠠᠢ᠃ ᠲᠥᠰᠦᠯ ᠳᠤ ᠲᠠᠷᠢᠶᠠᠴᠢᠳ ᠤᠨ ᠵᠦᠢ ᠵᠣᠬᠢᠰᠲᠠᠢ | ᠣᠷᠣᠨ ᠰᠠᠭᠤᠴᠠ ᠶᠢᠨ ᠭᠠᠵᠠᠷ ᠤᠨ ᠬᠡᠷᠡᠭᠴᠡᠭᠡ ᠶᠢ ᠪᠠᠲᠤᠯᠠᠵᠤ᠂ ᠣᠷᠣᠨ ᠰᠠᠭᠤᠴᠠ ᠶᠢᠨ ᠭᠠᠵᠠᠷ ᠤᠨ | ᠬᠠᠮᠢᠶᠠᠷᠤᠯᠲᠠ ᠶᠢ ᠵᠢᠷᠤᠮᠵᠢᠭᠤᠯᠤᠨ᠂ ᠲᠠᠷᠢᠶᠠᠴᠢᠳ ᠤᠨ ᠬᠠᠤᠯᠢ ᠶᠣᠰᠣᠭᠠᠷ ᠣᠯᠤᠭᠰᠠᠨ ᠣᠷᠣᠨ ᠰᠠᠭᠤᠴᠠ ᠶᠢᠨ | ᠭᠠᠵᠠᠷ ᠤᠨ ᠡᠷᠬᠡ ᠠᠰᠢᠭ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠥᠰᠦᠯ ᠳᠤ ᠪᠠᠰᠠ ᠭᠠᠵᠠᠷ ᠰᠢᠷᠣᠶ ᠶᠢ | ᠰᠢᠪᠠᠳᠠᠨ ᠪᠠᠶᠢᠴᠠᠭᠠᠬᠤ ᠲᠦᠷᠢᠮ ᠢ ᠨᠠᠷᠢᠯᠢᠬᠵᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ᠬᠡᠮᠵᠢᠶ᠎ᠡ ᠶᠢ | ᠴᠢᠩᠭᠠᠳᠬᠠᠨ᠂ ᠬᠥᠳᠡᠯᠦᠩᠭᠦᠶ ᠲᠣᠭᠤᠷᠢᠨ ᠪᠠᠶᠢᠴᠠᠭᠠᠬᠤ ᠵᠡᠷᠭᠡ ᠲᠣᠭᠲᠠᠴᠠ ᠶᠢ ᠪᠠᠶᠢᠭᠤᠯᠬᠤ ᠶᠢᠨ ᠵᠡᠷᠭᠡᠴᠡᠭᠡ | ᠲᠠᠷᠢᠶᠠᠨ ᠭᠠᠵᠠᠷ ᠢ ᠡᠪᠳᠡᠬᠦ᠂ ᠭᠠᠵᠠᠷ ᠰᠢᠷᠣᠶ ᠶᠢ ᠬᠠᠤᠯᠢ ᠪᠤᠰᠤ ᠪᠠᠷ ᠡᠵᠡᠯᠡᠬᠦ᠂ ᠭᠠᠵᠠᠷ ᠰᠢᠷᠣᠶ ᠶᠢ ᠳᠠᠬᠢᠨ | ᠬᠠᠭᠠᠯᠪᠤᠷᠢᠯᠠᠬᠤ ᠡᠭᠦᠷᠭᠡ ᠪᠠᠨ ᠭᠦᠶ᠋ᠴᠡᠳᠬᠡᠬᠦ ᠶᠢ ᠲᠡᠪᠴᠢᠬᠦ ᠵᠡᠷᠭᠡ ᠬᠠᠤᠯᠢ ᠶᠢ ᠵᠥᠷᠢᠴᠡᠭᠰᠡᠨ ᠦᠶ᠋ᠯᠡ | ᠠᠵᠢᠯᠯᠠᠭ᠎ᠠ ᠨᠤᠭᠤᠳ ᠢ ᠰᠢᠢᠳᠭᠡᠬᠦ ᠡᠷᠴᠢᠮ ᠢᠶᠠᠨ ᠴᠢᠩᠭᠠᠷᠠᠭᠤᠯᠵᠤ᠂ ᠲᠠᠷᠢᠶᠠᠨ ᠭᠠᠵᠠᠷ ᠢ ︽ᠠᠮᠤ ᠪᠤᠳᠠᠭᠠᠨ ᠤ | ᠪᠤᠰᠤ ᠪᠣᠯᠭᠠᠬᠤ︾ ᠶᠢ ᠰᠢᠢᠳᠭᠡᠬᠦ ᠲᠤᠬᠠᠶ ᠲᠣᠭᠲᠠᠭᠠᠯ ᠨᠡᠮᠡᠭᠰᠡᠨ ᠪᠠᠶᠢᠨ᠎ᠠ᠃ | | | |