ᠬᠥᠮᠦᠨ ᠬᠢᠭᠡᠳ ᠪᠠᠶᠢᠭᠠᠯᠢ ᠶᠢᠨ ᠠᠮᠢ ᠨᠠᠰᠤᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠶ᠎ᠠ | — | ︽ᠤᠳᠤᠷᠢᠳᠬᠤ ᠬᠥᠮᠦᠰ ᠤᠨ ᠠᠭᠤᠷ ᠠᠮᠢᠰᠬᠤᠯ ᠤᠨ ᠲᠦᠷᠦᠭᠦᠴᠦᠳ ᠤᠨ ᠬᠤᠷᠠᠯ︾ ᠳᠡᠭᠡᠷᠡᠬᠢ ᠶᠠᠷᠢᠶ᠎ᠠ | ︵2021 ᠣᠨ ᠤ 4 ᠳ᠋ᠦ᠋ᠭᠡᠷ ᠰᠠᠷ᠎ᠠ ᠶᠢᠨ 22 ᠤᠨ ᠡᠳᠦᠷ᠂ ᠪᠡᠭᠡᠵᠢᠩ︶ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | | ᠬᠦᠨᠳᠦᠲᠦ ᠶᠡᠷᠦᠩᠬᠡᠶᠢᠯᠡᠭᠴᠢ ᠪᠠᠶᠢᠳᠧᠨ᠂ | ᠬᠦᠨᠳᠦᠲᠦ ᠬᠠᠮᠲᠤ ᠠᠵᠢᠯᠯᠠᠭᠰᠠᠳ ᠡ᠄ | ︽ᠳᠡᠯᠡᠬᠡᠢ ᠶᠢᠨ ᠪᠥᠮᠪᠥᠷᠴᠡᠭ ᠤᠨ ᠡᠳᠦᠷ︾ ᠬᠦᠷᠴᠦ ᠢᠷᠡᠬᠦ ᠲᠠᠰᠢᠷᠠᠮ ᠢᠶᠠᠷ ᠤᠳᠤᠷᠢᠳᠬᠤ ᠬᠥᠮᠦᠰ ᠤᠨ | ᠠᠭᠤᠷ ᠠᠮᠢᠰᠬᠤᠯ ᠤᠨ ᠲᠦᠷᠦᠭᠦᠴᠦᠳ ᠤᠨ ᠬᠤᠷᠠᠯ ᠳᠤ ᠣᠷᠣᠯᠴᠠᠬᠤ ᠪᠣᠯᠤᠭᠰᠠᠨ ᠳᠤ ᠪᠠᠨ ᠮᠠᠰᠢ ᠪᠠᠶᠠᠷ ᠲᠠᠢ | ᠪᠠᠶᠢᠨ᠎ᠠ᠂ ᠡᠭᠦᠨ ᠳᠤ ᠶᠡᠷᠦᠩᠬᠡᠶᠢᠯᠡᠭᠴᠢ ᠪᠠᠶᠢᠳᠧᠨ ᠤ ᠤᠷᠢᠯᠭ᠎ᠠ ᠳᠤ ᠭᠦᠨ ᠲᠠᠯᠠᠷᠬᠠᠵᠤ ᠪᠠᠶᠢᠨ᠎ᠠ᠃ ᠡᠨᠡ | ᠲᠠᠰᠢᠷᠠᠮ ᠢᠶᠠᠷ᠂ ᠪᠢ ᠳᠤᠷᠠᠲᠠᠶ᠎ᠠ ᠲᠠ ᠤᠯᠠᠨ ᠲᠠᠢ ᠬᠠᠮᠲᠤ ᠠᠭᠤᠷ ᠠᠮᠢᠰᠬᠤᠯ ᠤᠨ ᠬᠤᠪᠢᠷᠠᠯᠲᠠ ᠶᠢᠨ | ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠭᠤᠷ ᠠᠮᠢᠰᠬᠤᠯ ᠤᠨ ᠬᠤᠪᠢᠷᠠᠯᠲᠠ ᠶᠢᠨ | ᠥᠷᠢᠰᠥᠯᠳᠦᠭᠡᠨ ᠢ ᠠᠷᠭᠠᠴᠠᠭᠠᠬᠤ ᠠᠷᠭ᠎ᠠ ᠪᠤᠳᠤᠯᠭ᠎ᠠ ᠶᠢ ᠬᠠᠮᠲᠤ ᠪᠠᠷ ᠵᠥᠪᠳᠡᠯᠴᠡᠵᠦ᠂ ᠬᠥᠮᠦᠨ ᠪᠠ ᠪᠠᠶᠢᠭᠠᠯᠢ ᠶᠢᠨ | ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠵᠠᠮ ᠢ ᠬᠠᠮᠲᠤ ᠪᠠᠷ ᠰᠦᠪᠡᠭᠴᠢᠯᠡᠨ᠎ᠡ᠃ | ᠬᠥᠮᠦᠨ ᠲᠥᠷᠥᠯᠬᠢᠲᠡᠨ ᠠᠵᠤ ᠦᠢᠯᠡᠳᠪᠦᠷᠢ ᠶᠢᠨ ᠪᠣᠯᠪᠠᠰᠤᠨ ᠤ ᠴᠠᠭ ᠦᠶ᠎ᠡ ᠳᠤ ᠤᠷᠤᠭᠰᠠᠨ ᠠᠴᠠ ᠨᠠᠭᠠᠰᠢ᠂ | ᠯᠤᠲᠤ ᠶᠡᠭᠡ ᠪᠣᠳᠠᠰ ᠤᠨ ᠡᠳ᠋ ᠪᠠᠶᠠᠯᠢᠭ ᠢ ᠡᠭᠦᠳᠦᠨ ᠪᠦᠲᠦᠭᠡᠭᠰᠡᠨ ᠤ ᠬᠠᠮᠲᠤ ᠪᠠᠶᠢᠭᠠᠯᠢ ᠶᠢᠨ ᠡᠬᠢ ᠪᠠᠶᠠᠯᠢᠭ ᠢ | ᠴᠦᠯᠪᠡᠨ ᠠᠪᠬᠤ ᠶᠠᠪᠤᠳᠠᠯ ᠢ ᠲᠦᠷᠭᠡᠳᠬᠡᠵᠦ᠂ ᠳᠡᠯᠡᠬᠡᠶ ᠶᠢᠨ ᠪᠥᠮᠪᠥᠷᠴᠡᠭ ᠤᠨ ᠠᠮᠢ ᠠᠬᠤᠶ ᠶᠢᠨ ᠰᠢᠰᠲ᠋ᠧᠮ ᠤᠨ | ᠲᠡᠩᠴᠡᠭᠦᠷᠢ ᠶᠢ ᠡᠪᠳᠡᠵᠦ᠂ ᠬᠥᠮᠦᠨ ᠪᠠ ᠪᠠᠶᠢᠭᠠᠯᠢ ᠶᠢᠨ ᠭᠦᠨ ᠳᠠᠪᠬᠤᠷᠭ᠎ᠠ ᠶᠢᠨ ᠵᠥᠷᠢᠴᠡᠯ ᠡᠳᠦᠷ ᠢᠷᠡᠬᠦᠶ᠎ᠡ | ᠢᠯᠡᠷᠬᠡᠢ ᠪᠣᠯᠵᠤ ᠪᠣᠢ᠃ ᠤᠢᠢᠷ᠎ᠠ ᠶᠢᠨ ᠵᠢᠯ ᠤᠳ ᠲᠤ᠂ ᠠᠭᠤᠷ ᠠᠮᠢᠰᠬᠤᠯ ᠬᠤᠪᠢᠷᠠᠵᠤ᠂ ᠠᠮᠢᠳᠤ ᠪᠣᠳᠠᠰ ᠤᠯᠠᠨ | ᠶᠠᠩᠵᠤᠲᠤ ᠴᠢᠨᠠᠷ ᠢᠶᠠᠨ ᠠᠯᠳᠠᠵᠤ᠂ ᠴᠦᠯᠡᠷᠬᠡᠭᠵᠢᠯ ᠶᠠᠪᠤᠬᠤ ᠳᠤᠲᠤᠮ ᠰᠢᠷᠦᠭᠦᠰᠴᠦ᠂ ᠲᠦᠢᠯ ᠤᠨ ᠠᠭᠤᠷ | ᠠᠮᠢᠰᠬᠤᠯ ᠤᠨ ᠬᠡᠷᠡᠭ ᠣᠯᠠᠨᠲᠠ ᠡᠭᠦᠰᠴᠦ᠂ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠬᠤ ᠪᠠ ᠬᠥᠭᠵᠢᠬᠦ ᠳᠤ | ᠬᠦᠨᠳᠦ ᠬᠡᠴᠡᠭᠦᠦ ᠥᠷᠢᠰᠥᠯᠳᠦᠭᠡᠨ ᠢ ᠠᠪᠴᠢᠷᠠᠭᠰᠠᠨ ᠪᠠᠶᠢᠨ᠎ᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠦᠷᠭᠦᠯᠵᠢᠯᠡᠨ ᠥᠷᠪᠢᠰᠦᠨ ᠳᠡᠯᠭᠡᠷᠡᠵᠦ᠂ ᠡᠯ᠎ᠡ ᠤᠯᠤᠰ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢ ᠤᠯᠠᠮ ᠬᠡᠴᠡᠭᠦᠳᠡᠭᠦᠯᠵᠦ ᠪᠠᠶᠢᠨ᠎ᠠ᠃ ᠪᠦᠬᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠶᠢᠨ | ᠤᠷᠢᠳᠤ ᠡᠮᠦᠨ᠎ᠡ ᠪᠠᠶᠢᠭ᠎ᠠ ᠦᠭᠡᠢ ᠬᠦᠴᠢᠷ ᠪᠡᠷᠬᠡᠰᠢᠶᠡᠯ ᠤᠨ ᠡᠮᠦᠨ᠎ᠡ᠂ ᠳᠡᠯᠡᠬᠡᠢ ᠨᠡᠶᠢᠭᠡᠮ ᠢᠶᠠᠷ ᠢᠶᠠᠨ ᠤᠷᠢᠳᠤ | ᠡᠮᠦᠨ᠎ᠡ ᠪᠠᠶᠢᠭ᠎ᠠ ᠦᠭᠡᠢ ᠠᠤᠭ᠎ᠠ ᠵᠣᠷᠢᠭ ᠪᠣᠯᠤᠨ ᠦᠢᠯᠡ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠶᠢ ᠵᠣᠷᠢᠭᠲᠠᠢ | ᠡᠭᠦᠷᠭᠡᠯᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠥᠮᠦᠨ ᠪᠠ ᠪᠠᠶᠢᠭᠠᠯᠢ ᠶᠢᠨ ᠠᠮᠢ ᠨᠠᠰᠤᠨ ᠤ | ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠪᠠᠯ ᠵᠣᠬᠢᠨ᠎ᠠ᠃ | — ᠬᠥᠮᠦᠨ ᠪᠠ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠪᠠᠷᠢᠮᠲᠠᠯᠠᠶ᠎ᠠ᠃ ︽ | ᠲᠦᠮᠡᠨ ᠪᠣᠳᠠᠰ ᠥᠪᠡᠷ ᠥᠪᠡᠷ ᠤᠨ ᠡᠶ᠎ᠡ ᠵᠤᠬᠢᠴᠠᠯ ᠲᠠᠢ᠂ ᠥᠪᠡᠷ ᠥᠪᠡᠷ ᠤᠨ ᠰᠢᠮ᠎ᠡ ᠬᠦᠷᠳᠡᠭᠡᠯ ᠲᠠᠢ︾᠃ ᠡᠬᠡ | ᠪᠠᠶᠢᠭᠠᠯᠢ ᠪᠣᠯ ᠬᠥᠮᠦᠨ ᠲᠥᠷᠥᠯᠬᠢᠲᠡᠨ ᠢ ᠪᠠᠭᠲᠠᠭᠠᠭᠰᠠᠨ ᠠᠯᠢᠪᠠ ᠠᠮᠢᠳᠤ ᠪᠣᠳᠠᠰ ᠤᠨ ᠥᠯᠥᠭᠡᠶ ᠮᠥᠨ᠂ ᠬᠥᠮᠦᠨ | ᠲᠥᠷᠥᠯᠬᠢᠲᠡᠨ ᠤ ᠣᠷᠣᠰᠢᠨ ᠲᠣᠭᠲᠠᠨᠢᠵᠤ ᠬᠥᠭᠵᠢᠬᠦ ᠶᠢᠨ ᠦᠨᠳᠦᠰᠦᠨ ᠨᠥᠬᠦᠴᠡᠯ ᠮᠥᠨ᠃ ᠡᠬᠡ ᠪᠠᠶᠢᠭᠠᠯᠢ | ᠬᠥᠮᠦᠨ ᠲᠥᠷᠥᠯᠬᠢᠲᠡᠨ ᠢ ᠪᠤᠶᠢᠵᠢᠭᠤᠯᠤᠨ ᠲᠡᠵᠢᠭᠡᠵᠦ ᠪᠠᠶᠢᠭ᠎ᠠ ᠪᠣᠯᠬᠤᠷ ᠬᠥᠮᠦᠨ ᠲᠥᠷᠥᠯᠬᠢᠲᠡᠨ ᠪᠠᠶᠢᠭᠠᠯᠢ ᠪᠠᠷ | ᠦᠨᠳᠦᠰᠦ ᠪᠣᠯᠭᠠᠨ᠂ ᠪᠠᠶᠢᠭᠠᠯᠢ ᠶᠢ ᠬᠦᠨᠳᠦᠳᠬᠡᠵᠦ᠂ ᠪᠠᠶᠢᠭᠠᠯᠢ ᠲᠠᠢ ᠵᠣᠬᠢᠴᠠᠵᠤ᠂ ᠪᠠᠶᠢᠭᠠᠯᠢ ᠶᠢ ᠬᠠᠮᠠᠭᠠᠯᠠᠪᠠᠯ | ᠵᠣᠬᠢᠨ᠎ᠠ᠃ ᠪᠠᠶᠢᠭᠠᠯᠢ ᠶᠢ ᠬᠦᠨᠳᠦᠳᠬᠡᠬᠦ ᠦᠭᠡᠢ᠂ ᠪᠠᠶᠢᠭᠠᠯᠢ ᠶᠢᠨ ᠵᠢᠮ᠎ᠡ ᠶᠣᠰᠣ ᠠᠴᠠ ᠵᠥᠷᠢᠴᠡᠪᠡᠯ ᠠᠶᠠᠨᠳᠠᠭᠠᠨ | ᠪᠠᠶᠢᠭᠠᠯᠢ ᠶᠢᠷᠲᠢᠨᠴᠦ ᠶᠢᠨ ᠰᠢᠢᠳᠬᠡᠯ ᠢ ᠣᠯᠣᠨ᠎ᠠ᠃ ᠪᠠᠶᠢᠭᠠᠯᠢ ᠬᠡᠷᠪᠡ ᠰᠢᠰᠲ᠋ᠧᠮ ᠤᠨ ᠴᠢᠨᠠᠷᠲᠠᠶ ᠡᠪᠳᠡᠯᠡᠭᠡ ᠳᠤ | ᠤᠴᠠᠷᠠᠪᠠᠯ᠂ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠵᠤ ᠬᠥᠭᠵᠢᠬᠦ ᠨᠢ ᠳᠠᠷᠤᠶ ᠡᠬᠢ ᠦᠭᠡᠢ ᠤᠰᠤ᠂ | ᠦᠨᠳᠦᠰᠦ ᠦᠭᠡᠢ ᠮᠣᠳᠣ ᠪᠣᠯᠤᠭᠰᠠᠨ ᠲᠠᠢ ᠠᠳᠠᠯᠢ ᠪᠣᠯᠳᠠᠭ᠃ ᠪᠢᠳᠡ ᠨᠢᠳᠦᠨ ᠤ ᠴᠡᠴᠡᠭᠡᠢ ᠪᠠᠨ ᠬᠠᠮᠠᠭᠠᠯᠠᠬᠤ ᠲᠠᠢ | ᠠᠳᠠᠯᠢ ᠪᠠᠷ ᠪᠠᠶᠢᠭᠠᠯᠢ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠬᠥᠮᠦᠨ ᠪᠠ ᠪᠠᠶᠢᠭᠠᠯᠢ ᠶᠢᠨ | ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ | — ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠶ᠎ᠠ᠃ ᠬᠥᠬᠡᠮᠳᠦᠭ ᠨᠣᠭᠤᠭᠠᠨ ᠠᠭᠤᠯᠠ ᠤᠰᠤ ᠪᠣᠯ | ᠳᠠᠷᠤᠢ ᠠᠯᠳᠠ ᠮᠥᠩᠭᠦᠨ ᠠᠭᠤᠯᠠ ᠮᠥᠨ᠃ ᠠᠮᠢ ᠠᠬᠤᠶ ᠶᠢᠨ ᠣᠷᠴᠢᠨ ᠲᠤᠭᠤᠷᠢᠨ ᠢ ᠬᠠᠮᠠᠭᠠᠯᠠᠬᠤ ᠪᠣᠯ ᠳᠠᠷᠤᠶ | ᠦᠢᠯᠡᠳᠪᠦᠷᠢᠯᠡᠯ ᠤᠨ ᠬᠦᠴᠦᠨ ᠢ ᠬᠠᠮᠠᠭᠠᠯᠠᠵᠤ ᠪᠠᠶᠢᠭ᠎ᠠ ᠶᠠᠪᠤᠳᠠᠯ ᠮᠥᠨ᠂ ᠠᠮᠢ ᠠᠬᠤᠶ ᠶᠢᠨ ᠣᠷᠴᠢᠨ ᠲᠣᠭᠤᠷᠢᠨ ᠢ | ᠰᠠᠶᠢᠵᠢᠷᠠᠭᠤᠯᠬᠤ ᠪᠣᠯ ᠳᠠᠷᠤᠶ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠪᠠᠶᠢᠭ᠎ᠠ ᠶᠠᠪᠤᠳᠠᠯ ᠮᠥᠨ᠂ ᠡᠨᠡ ᠪᠣᠯ | ᠪᠣᠷᠣᠭᠵᠢᠭᠤᠨ ᠦᠨᠡᠨ ᠶᠣᠰᠣ ᠮᠥᠨ᠃ ᠪᠢᠳᠡ ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠬᠤ | ᠴᠢᠨᠠᠭᠰᠢᠯᠠᠪᠠᠯ ᠡᠪᠳᠡᠬᠦ ᠬᠥᠭᠵᠢᠯᠲᠡ ᠶᠢᠨ ᠵᠠᠭᠪᠤᠷ ᠢ ᠲᠠᠶᠠᠭᠳᠠᠵᠤ᠂ ᠣᠷᠴᠢᠨ ᠲᠣᠭᠤᠷᠢᠨ ᠢ ᠦᠷᠡᠭᠳᠡᠭᠦᠯᠵᠦ | ᠪᠠᠶᠢᠭᠠᠳ ᠨᠢᠭᠡ ᠴᠠᠭ ᠤᠨ ᠬᠥᠭᠵᠢᠯᠲᠡ ᠶᠢ ᠰᠣᠯᠢᠬᠤ ᠣᠬᠤᠷ ᠪᠣᠳᠣᠯ ᠬᠢᠳᠡᠯ ᠢ ᠲᠠᠶᠠᠭᠳᠠᠬᠤ ᠬᠡᠷᠡᠭᠲᠡᠢ᠃ ᠤᠳᠤ | ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠶᠢᠨ ᠶᠡᠭᠡ | ᠴᠢᠭᠯᠡᠯ ᠳᠤ ᠵᠣᠬᠢᠴᠠᠭᠤᠯᠵᠤ᠂ ᠪᠣᠬᠢᠷᠲᠤᠯ ᠦᠭᠡᠢ ᠬᠡᠯᠪᠡᠷᠢ ᠬᠤᠪᠢᠷᠠᠭᠤᠯᠤᠯᠲᠠ ᠶᠢᠨ ᠠᠪᠴᠢᠷᠠᠭᠰᠠᠨ ᠯᠤᠲᠤ ᠶᠡᠭᠡ | ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠠᠵᠤ ᠠᠬᠤᠢ | ᠂ ᠡᠨᠧᠷᠭᠢ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠶᠡᠭᠡ ᠪᠠᠷ | ᠠᠬᠢᠭᠤᠯᠵᠤ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢᠶᠠᠷ ᠪᠦᠬᠦ ᠪᠥᠮᠪᠥᠷᠴᠡᠭ ᠤᠨ ᠠᠵᠤ ᠠᠬᠤᠢ | ᠨᠡᠶᠢᠭᠡᠮ ᠤᠨ ᠦᠷᠭᠦᠯᠵᠢᠯᠡᠬᠦ᠋ᠢᠴᠡ ᠬᠥᠭᠵᠢᠯᠲᠡ ᠶᠢᠨ ᠲᠤᠯᠭᠠᠭᠤᠷᠢᠯᠠᠯ ᠪᠣᠯᠭᠠᠬᠤ ᠬᠡᠷᠡᠭᠲᠡᠢ᠃ | — ᠰᠢᠰᠲ᠋ᠧᠮ ᠲᠠᠢ ᠪᠠᠷ ᠵᠠᠰᠠᠬᠤ ᠶᠢ ᠪᠠᠷᠢᠮᠲᠠᠯᠠᠶ᠎ᠠ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠪᠣᠯ ᠰᠠᠯᠵᠤ ᠪᠣᠯᠤᠰᠢ ᠦᠬᠡᠢ ᠠᠮᠢ ᠠᠬᠤᠶ ᠶᠢᠨ ᠰᠢᠰᠲ᠋ᠧᠮ ᠮᠥᠨ᠃ | ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠳᠤ ᠲᠣᠯᠣᠭᠠᠶ ᠡᠪᠡᠳᠪᠡᠯ ᠲᠣᠯᠣᠭᠠᠶ ᠶᠢ ᠨᠢ ᠡᠮᠨᠡᠵᠦ᠂ ᠬᠦᠯ | ᠡᠪᠡᠳᠪᠡᠯ ᠬᠦᠯ ᠢ ᠨᠢ ᠡᠮᠨᠡᠬᠦ ᠠᠷᠭ᠎ᠠ ᠶᠢ ᠬᠡᠷᠡᠭᠯᠡᠵᠦ ᠪᠣᠯᠬᠤ ᠦᠭᠡᠢ᠃ ᠪᠢᠳᠡ ᠠᠮᠢ ᠠᠬᠤᠶ ᠶᠢᠨ ᠰᠢᠰᠲ᠋ᠧᠮ ᠤᠨ | ᠳᠣᠲᠣᠭᠠᠳᠤ ᠵᠢᠮ᠎ᠡ ᠶᠣᠰᠣ ᠶᠢ ᠦᠨᠳᠦᠰᠦᠯᠡᠨ᠂ ᠪᠠᠶᠢᠭᠠᠯᠢ ᠠᠮᠢ ᠠᠬᠤᠶ ᠶᠢᠨ ᠡᠯ᠎ᠡ ᠴᠢᠬᠤᠯᠠ ᠬᠦᠴᠦᠨ ᠵᠦᠢᠯ ᠢ | ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠡᠭᠦᠨ ᠤ ᠤᠯᠠᠮ ᠠᠴᠠ ᠠᠮᠢ ᠠᠬᠤᠶ ᠶᠢᠨ ᠰᠢᠰᠲ᠋ᠧᠮ ᠤᠨ ᠣᠷᠴᠢᠯ ᠤᠨ | ᠴᠢᠳᠠᠪᠤᠷᠢ ᠶᠢ ᠨᠡᠮᠡᠭᠳᠡᠭᠦᠯᠬᠦ ᠪᠠ ᠠᠮᠢ ᠠᠬᠤᠶ ᠶᠢᠨ ᠲᠡᠩᠴᠡᠭᠦᠷᠢ ᠶᠢ ᠬᠠᠮᠠᠭᠠᠯᠠᠬᠤ ᠬᠠᠷᠠᠯᠲᠠ ᠳᠤ ᠬᠦᠷᠬᠦ ᠬᠡᠷᠡᠭᠲᠡᠶ᠃ | — ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠶ᠎ᠠ᠃ ᠠᠮᠢ ᠠᠬᠤᠶ ᠶᠢᠨ ᠣᠷᠴᠢᠨ ᠲᠣᠭᠤᠷᠢᠨ ᠨᠢ ᠡᠯ᠎ᠡ | ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠲᠠᠢ ᠬᠤᠯᠪᠣᠭᠳᠠᠵᠤ᠂ ᠪᠢᠳᠡ ᠡᠷᠬᠡᠪᠰᠢ ᠡᠯ᠎ᠡ ᠤᠯᠤᠰ ᠤᠨ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ᠂ ᠰᠢᠯᠢᠳᠡᠭ ᠰᠠᠶᠢᠨ ᠣᠷᠴᠢᠨ | ᠲᠣᠭᠤᠷᠢᠨ ᠤ ᠲᠤᠬᠠᠢ ᠬᠦᠰᠡᠯ ᠡᠷᠡᠮᠡᠯᠵᠡᠯ᠂ ᠦᠷ᠎ᠡ ᠬᠤᠶᠢᠴᠢᠰ ᠲᠤ ᠪᠠᠨ ᠬᠠᠷᠢᠭᠤᠴᠠᠬᠤ ᠬᠠᠷᠢᠭᠤᠴᠠᠯᠭ᠎ᠠ ᠶᠢ | ᠭᠦᠢᠴᠡᠳ ᠪᠣᠳᠣᠯᠬᠢᠯᠠᠵᠤ᠂ ᠣᠷᠴᠢᠨ ᠲᠣᠭᠤᠷᠢᠨ ᠢ ᠬᠠᠮᠠᠭᠠᠯᠠᠬᠤ ᠪᠠ ᠠᠵᠤ ᠠᠬᠤᠢ ᠶᠢ ᠬᠥᠭᠵᠢᠭᠦᠯᠬᠦ᠂ ᠠᠵᠢᠯ | ᠣᠯᠭᠤᠬᠤ ᠨᠥᠬᠦᠴᠡᠯ ᠢ ᠡᠭᠦᠳᠬᠦ᠂ ᠶᠠᠳᠠᠭᠤ ᠬᠦᠴᠢᠷᠳᠡᠯ ᠢ ᠠᠷᠢᠯᠭᠠᠬᠤ ᠵᠡᠷᠭᠡ ᠶᠢ ᠵᠣᠬᠢᠴᠠᠭᠤᠯᠤᠨ ᠦᠷ᠎ᠡ | ᠠᠰᠢᠭ ᠤᠨ ᠨᠡᠮᠡᠭᠳᠡᠯ ᠢ ᠰᠦᠪᠡᠭᠴᠢᠯᠡᠵᠦ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠠᠪᠤᠴᠠ ᠳᠤ | ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠴᠢᠷᠮᠠᠶᠢᠨ ᠪᠡᠶᠡᠯᠡᠭᠦᠯᠵᠦ᠂ ᠡᠯ᠎ᠡ ᠤᠯᠤᠰ ᠤᠨ ᠠᠷᠠᠳ | ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ | ᠨᠡᠮᠡᠭᠳᠡᠭᠦᠯᠬᠦ ᠬᠡᠷᠡᠭᠲᠡᠢ᠃ | — ᠤᠯᠠᠨ ᠲᠠᠯᠠᠲᠤ ᠦᠵᠡᠯ ᠢ ᠪᠠᠷᠢᠮᠲᠠᠯᠠᠶ᠎ᠠ᠃ ᠪᠢᠳᠡ ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠬᠤ᠂ | ᠲᠥᠪ ᠭᠤᠣᠯᠴᠢ ᠰᠢᠳᠤᠷᠭᠤ ᠶᠣᠰᠣ ᠪᠠᠷ ᠭᠤᠣᠯ ᠵᠣᠷᠢᠯᠲᠠ ᠪᠣᠯᠭᠠᠬᠤ᠂ ᠪᠦᠲᠦᠮᠵᠢᠲᠡᠢ ᠠᠵᠢᠯᠯᠠᠭ᠎ᠠ ᠪᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ | ᠪᠣᠯᠭᠠᠭᠰᠠᠨ ᠤᠯᠠᠨ ᠤᠯᠤᠰ ᠤᠨ ᠲᠣᠭᠲᠠᠯᠴᠠᠭ᠎ᠠ ᠶᠢ ᠬᠠᠮᠠᠭᠠᠯᠠᠨ᠂ ︽ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠪᠦᠳᠦᠭᠦᠪᠴᠢ ᠨᠡᠶᠢᠲᠡ ᠶᠢᠨ ᠭᠡᠷ᠎ᠡ︾ ᠵᠢᠴᠢ ︽ | ᠫᠠᠷᠢᠰ ᠤᠨ ᠬᠡᠯᠡᠯᠴᠡᠭᠡᠷ︾ ᠤᠨ ᠬᠠᠷᠠᠯᠲᠠ ᠪᠠ ᠵᠠᠷᠴᠢᠮ ᠢ ᠵᠢᠷᠤᠮᠯᠠᠵᠤ᠂ 2030 ᠣᠨ ᠤ ᠦᠷᠭᠦᠯᠵᠢᠯᠡᠬᠦ᠋ᠢᠴᠡ | ᠬᠥᠭᠵᠢᠯᠲᠡ ᠶᠢᠨ ᠵᠥᠪᠯᠡᠬᠦ ᠵᠦᠢᠯ ᠢ ᠴᠢᠷᠮᠠᠶᠢᠨ ᠨᠠᠶᠢᠳᠠᠪᠤᠷᠢᠵᠢᠭᠤᠯᠬᠤ ᠬᠡᠷᠡᠭᠲᠡᠢ︔ ᠲᠤᠰ ᠪᠡᠶ᠎ᠡ ᠶᠢᠨ | ᠠᠵᠢᠯᠯᠠᠭ᠎ᠠ ᠪᠠᠨ ᠴᠢᠩᠭᠠᠳᠬᠠᠵᠤ᠂ ᠬᠠᠨᠢᠲᠠᠨ ᠤ ᠬᠠᠷᠢᠴᠠᠭ᠎ᠠ ᠪᠠᠨ ᠭᠦᠨᠵᠡᠭᠡᠶᠢᠷᠡᠭᠦᠯᠵᠦ᠂ ᠬᠠᠮᠲᠤᠷᠠᠯᠴᠠᠬᠤ ᠬᠢᠷᠢ | ᠲᠦᠪᠰᠢᠨ ᠢᠶᠠᠨ ᠳᠡᠭᠡᠭᠰᠢᠯᠡᠭᠦᠯᠵᠦ᠂ ᠪᠦᠬᠦ ᠪᠥᠮᠪᠥᠷᠴᠡᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ | ᠰᠠᠭᠠᠷᠮᠠᠭᠵᠢᠭᠤᠯᠬᠤ ᠶᠢ ᠪᠡᠶᠡᠯᠡᠭᠦᠯᠬᠦ ᠰᠢᠨ᠎ᠡ ᠠᠶᠠᠨ ᠵᠠᠮ ᠳᠤ ᠬᠠᠷᠢᠯᠴᠠᠨ ᠰᠤᠷᠤᠯᠴᠠᠨ ᠬᠠᠷᠢᠯᠴᠠᠨ ᠲᠤᠯᠢ ᠪᠣᠯᠭᠠᠵᠤ᠂ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠶ᠎ᠡ᠃ ᠭᠠᠷ ᠭᠠᠷ ᠢᠶᠠᠨ ᠬᠤᠯᠪᠣᠯᠴᠠᠨ ᠬᠠᠮᠲᠤᠷᠠᠯᠴᠠᠵᠤ᠂ | ᠬᠠᠷᠢᠯᠴᠠᠨ ᠵᠢᠮᠡᠯᠡᠨ ᠪᠤᠷᠤᠭᠤᠰᠢᠶᠠᠬᠤ ᠦᠬᠡᠢ︔ ᠤᠷᠲᠤ ᠬᠤᠭᠤᠴᠠᠭ᠎ᠠ ᠪᠠᠷ ᠴᠦᠬᠦᠷᠡᠰᠢ ᠦᠭᠡᠢ ᠪᠠᠷᠢᠮᠲᠠᠯᠠᠵᠤ᠂ | ᠬᠠᠷᠠᠯᠲᠠ ᠵᠣᠷᠢᠯᠲᠠ ᠪᠠᠨ ᠪᠠᠶᠢᠨ ᠳᠠᠬᠢᠨ ᠬᠤᠪᠢᠷᠠᠭᠤᠯᠵᠤ ᠪᠣᠯᠬᠤ ᠦᠭᠡᠢ︔ ᠠᠮᠠᠯᠳᠠᠭᠰᠠᠨ ᠳᠤ ᠪᠠᠨ ᠬᠦᠷᠴᠦ᠂ | ᠬᠡᠯᠡᠭᠰᠡᠨ ᠳᠤ ᠪᠠᠨ ᠰᠠᠭᠤᠬᠤ ᠦᠭᠡᠢ ᠪᠠᠶᠢᠵᠤ ᠪᠣᠯᠬᠤ ᠦᠭᠡᠢ᠃ ᠠᠮᠧᠷᠢᠺᠠ ᠶᠢᠨ ᠲᠠᠯ᠎ᠠ ᠶᠢᠨ ᠬᠢᠨ ᠤ ᠤᠯᠠᠨ ᠲᠠᠯᠠᠲᠤ | ᠠᠭᠤᠷ ᠠᠮᠢᠰᠬᠤᠯ ᠤᠨ ᠵᠠᠰᠠᠯᠲᠠ ᠶᠢᠨ ᠠᠬᠢᠴᠠ ᠳᠤ ᠪᠤᠴᠠᠨ ᠢᠷᠡᠭᠰᠡᠨ ᠢ ᠳᠤᠮᠳᠠᠳᠤ ᠶᠢᠨ ᠬᠢᠨ ᠪᠠᠶᠠᠷᠯᠠᠨ ᠤᠭᠲᠤᠵᠤ | ᠪᠠᠶᠢᠨ᠎ᠠ᠃ ᠳᠤᠮᠳᠠᠳᠤ ᠠᠮᠧᠷᠢᠺᠠ ᠰᠠᠶ᠋ᠢᠬᠠᠨ ︽ᠠᠭᠤᠷ ᠠᠮᠢᠰᠬᠤᠯ ᠤᠨ ᠬᠢᠮᠤᠷᠠᠯ ᠢ ᠠᠷᠭᠠᠴᠠᠭᠠᠬᠤ ᠬᠠᠮᠲᠤᠷᠠᠭᠰᠠᠨ | ᠢᠯᠡᠷᠬᠡᠶᠢᠯᠡᠯᠲᠡ︾ ᠶᠢ ᠬᠠᠮᠲᠤ ᠪᠠᠷ ᠨᠡᠶᠢᠲᠡᠯᠡᠪᠡ᠂ ᠠᠮᠧᠷᠢᠺᠠ ᠶᠢ ᠪᠠᠭᠲᠠᠭᠠᠭᠰᠠᠨ ᠳᠡᠯᠡᠬᠡᠢ ᠨᠡᠶᠢᠭᠡᠮ ᠲᠠᠢ ᠬᠠᠮᠲᠤ ᠪᠠᠷ | ᠪᠦᠬᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠶᠢ ᠠᠬᠢᠭᠤᠯᠬᠤ ᠶᠢᠨ ᠲᠥᠯᠥᠭᠡ ᠴᠢᠷᠮᠠᠶᠢᠬᠤ ᠶᠢ | ᠳᠤᠮᠳᠠᠳᠤ ᠶᠢᠨ ᠬᠢᠨ ᠬᠦᠰᠡᠵᠦ ᠪᠠᠶᠢᠨ᠎ᠠ᠃ | — ᠬᠠᠮᠲᠤ ᠶᠢᠨ ᠪᠣᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠶ᠎ᠠ᠃ | ᠬᠠᠮᠲᠤ ᠶᠢᠨ ᠪᠣᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠪᠣᠯ ᠪᠦᠬᠦ ᠪᠥᠮᠪᠥᠷᠴᠡᠭ ᠤᠨ ᠠᠭᠤᠷ | ᠠᠮᠢᠰᠬᠤᠯ ᠤᠨ ᠵᠠᠰᠠᠯᠲᠠ ᠶᠢᠨ ᠰᠠᠭᠤᠷᠢ ᠮᠥᠨ᠃ ᠬᠥᠭᠵᠢᠵᠦ ᠪᠠᠶᠢᠭ᠎ᠠ ᠤᠯᠤᠰ ᠤᠳ ᠬᠢᠵᠢᠭ ᠤᠨ ᠪᠠᠶᠢᠳᠠᠯ ᠢ | ᠡᠰᠡᠷᠭᠦᠴᠡᠬᠦ᠂ ᠠᠵᠤ ᠠᠬᠤᠶ ᠪᠠᠨ ᠬᠥᠭᠵᠢᠭᠦᠯᠬᠦ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠡᠷᠭᠡ | ᠤᠯᠠᠨ ᠳᠠᠪᠬᠤᠷ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠪᠢᠳᠡ ᠬᠥᠭᠵᠢᠵᠦ ᠪᠠᠶᠢᠭ᠎ᠠ ᠤᠯᠤᠰ ᠤᠳ ᠤᠨ | ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠳᠤ ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳ | ᠨᠤᠲᠠᠯᠠᠵᠤ᠂ ᠲᠡᠳᠡᠨ ᠤ ᠣᠨᠴᠠᠭᠠᠶ ᠬᠦᠴᠢᠷᠳᠡᠯ ᠪᠠ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠬᠠᠷᠠᠭᠠᠯᠵᠠᠬᠤ | ᠬᠡᠷᠡᠭᠲᠡᠶ᠃ ᠬᠥᠭᠵᠢᠭᠰᠡᠨ ᠤᠯᠤᠰ ᠤᠳ ᠨᠡᠩ ᠶᠡᠭᠡ ᠠᠤᠭ᠎ᠠ ᠵᠣᠷᠢᠭ ᠪᠠ ᠦᠢᠯᠡ ᠠᠵᠢᠯᠯᠠᠭ᠎ᠠ ᠪᠠᠨ ᠢᠯᠡᠷᠡᠭᠦᠯᠬᠦ ᠶᠢᠨ | ᠬᠠᠮᠲᠤ ᠬᠥᠭᠵᠢᠵᠦ ᠪᠠᠶᠢᠭ᠎ᠠ ᠤᠯᠤᠰ ᠤᠳ ᠢ ᠦᠨᠡᠨ ᠬᠦ ᠬᠠᠪᠰᠤᠷᠤᠨ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠭᠠᠬᠤ ᠴᠢᠳᠠᠪᠤᠷᠢ ᠪᠠ ᠤᠶᠠᠨ ᠬᠠᠳᠠᠨ ᠴᠢᠨᠠᠷ ᠢ ᠨᠢ ᠳᠡᠭᠡᠭᠰᠢᠯᠡᠭᠦᠯᠵᠦ᠂ ᠬᠥᠭᠵᠢᠵᠦ ᠪᠠᠶᠢᠭ᠎ᠠ | ᠤᠯᠤᠰ ᠤᠳ ᠲᠤ ᠪᠡᠯᠡ ᠮᠥᠩᠭᠦ᠂ ᠮᠡᠷᠭᠡᠵᠢᠯ᠂ ᠴᠢᠳᠠᠪᠤᠷᠢ ᠶᠢᠨ ᠪᠠᠶᠢᠭᠤᠯᠤᠯᠲᠠ ᠵᠡᠷᠭᠡ ᠲᠠᠯ᠎ᠠ ᠶᠢᠨ ᠳᠡᠮᠵᠢᠯᠭᠡ | ᠬᠠᠩᠭᠠᠵᠤ᠂ ᠰᠠᠭᠠᠳ ᠦᠭᠡᠢ ᠠᠷᠠᠯᠵᠢᠶᠠᠨ ᠤ ᠪᠠᠬᠢᠯᠡᠯᠲᠡ ᠲᠣᠬᠢᠷᠠᠭᠤᠯᠬᠤ ᠠᠴᠠ ᠵᠠᠶᠢᠯᠠᠰᠬᠢᠵᠦ᠂ ᠲᠡᠳᠡᠨ ᠢ | ᠬᠠᠪᠰᠤᠷᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠳᠦ᠋ᠷᠦᠭᠴᠢᠲᠦ ᠬᠡᠯᠪᠡᠷᠢ ᠲᠡᠶᠢᠰᠢ ᠬᠤᠪᠢᠷᠠᠭᠤᠯᠬᠤ ᠶᠢ | ᠲᠦᠷᠭᠡᠳᠬᠡᠬᠦ ᠬᠡᠷᠡᠭᠲᠡᠶ᠃ | ᠬᠠᠮᠲᠤ ᠠᠵᠢᠯᠯᠠᠭᠰᠠᠳ ᠡ︕ | ᠳᠤᠮᠳᠠᠳᠤ ᠶᠢᠨ ᠰᠣᠶᠣᠯ ᠪᠣᠯᠪᠠᠰᠤᠨ ᠨᠢ ᠲᠡᠦᠬᠡᠨ ᠠᠴᠠ ᠠᠪᠤᠭᠠᠳ ᠬᠥᠮᠥᠨ ᠪᠠᠶᠢᠭᠠᠯᠢ ᠶᠢᠨ ᠨᠢᠭᠡᠲᠦᠯ᠂ ᠵᠦᠢ | ᠶᠣᠰᠣ ᠪᠠ ᠪᠠᠶᠢᠭᠠᠯᠢ ᠶᠢᠨ ᠨᠢᠭᠡᠳᠦᠯ ᠢ ᠡᠷᠬᠢᠮᠯᠡᠵᠦ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ | ᠬᠠᠮᠲᠤ ᠣᠷᠣᠰᠢᠬᠤ ᠶᠢ ᠡᠷᠬᠢᠮᠯᠡᠨ ᠬᠥᠭᠡᠭᠡᠴᠡᠯᠳᠦᠭᠰᠡᠭᠡᠷ ᠢᠷᠡᠭᠰᠡᠨ ᠶᠤᠮ᠃ ᠳᠤᠮᠳᠠᠳᠤ ᠤᠯᠤᠰ ᠠᠮᠢ ᠠᠬᠤᠶ ᠶᠢᠨ | ᠪᠣᠯᠪᠠᠰᠤᠨ ᠤ ᠣᠨᠣᠯᠵᠢᠬᠤᠨ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠳᠤ ᠪᠠᠨ ᠪᠢᠴᠢᠨ ᠣᠷᠣᠭᠤᠯᠵᠤ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠶᠡᠷᠦᠩᠬᠡᠶ ᠪᠠᠶᠢᠷᠢᠯᠠᠭᠤᠯᠤᠯᠲᠠ ᠳᠤ ᠣᠷᠣᠭᠤᠯᠪᠠ᠃ ᠳᠤᠮᠳᠠᠳᠤ ᠤᠯᠤᠰ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ | ᠣᠨᠣᠯᠵᠢᠬᠤᠨ ᠢ ᠲᠣᠭᠤᠰᠢᠯᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠶᠢ ᠪᠣᠬᠢᠷᠲᠤᠯ | ᠦᠭᠡᠢ ᠪᠠᠷ ᠬᠡᠯᠪᠡᠷᠢ ᠬᠤᠪᠢᠷᠠᠭᠤᠯᠬᠤ ᠪᠠᠷ ᠵᠢᠯᠤᠭᠤᠳᠤᠮᠵᠢ ᠪᠣᠯᠭᠠᠵᠤ᠂ ᠪᠣᠬᠢᠷᠲᠤᠯ ᠦᠭᠡᠢ ᠡᠨᠧᠷᠭᠢ ᠶᠢᠨ | ᠰᠤᠷᠪᠤᠯᠵᠢ ᠶᠢᠨ ᠳᠣᠣᠷ᠎ᠠ ᠨᠡᠭᠦᠷᠡᠰᠦᠳᠦ᠋ᠷᠦᠭᠴᠢᠲᠦ ᠬᠥᠭᠵᠢᠯᠲᠡ ᠪᠠᠷ ᠵᠠᠩᠭᠢᠯᠠᠭ᠎ᠠ ᠪᠣᠯᠭᠠᠵᠤ᠂ ᠠᠮᠢ ᠠᠬᠤᠢ ᠶᠢ | ᠤᠷᠢᠳ ᠢᠶᠠᠷ ᠪᠣᠳᠣᠯᠬᠢᠯᠠᠨ᠂ ᠪᠣᠬᠢᠷᠲᠤᠯ ᠦᠭᠡᠢ ᠪᠥᠭᠡᠳ ᠳᠣᠣᠷ᠎ᠠ ᠨᠡᠭᠦᠷᠡᠰᠦᠳᠦ᠋ᠷᠦᠭᠴᠢᠲᠦ ᠬᠥᠭᠵᠢᠯᠲᠡ ᠶᠢᠨ | ᠵᠠᠮ ᠢᠶᠠᠷ ᠵᠠᠮᠨᠠᠬᠤ ᠶᠢ ᠪᠠᠷᠢᠮᠲᠠᠯᠠᠵᠤ ᠪᠠᠶᠢᠨ᠎ᠠ᠃ ᠨᠢᠳᠤᠨᠤᠨ ᠪᠢ ᠳᠤᠮᠳᠠᠳᠤ ᠤᠯᠤᠰ 2030 ᠣᠨ ᠠᠴᠠ ᠡᠮᠦᠨ᠎ᠡ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠠᠴᠠ | ᠪᠠᠭᠤᠷᠠᠭᠤᠯᠬᠤ ᠶᠢ ᠪᠡᠶᠡᠯᠡᠭᠦᠯᠵᠦ᠂ 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ | ᠰᠠᠭᠠᠷᠮᠠᠭᠵᠢᠭᠤᠯᠤᠨ ᠦᠭᠡᠶᠢᠰᠬᠡᠬᠦ ᠶᠢ ᠪᠡᠶᠡᠯᠡᠭᠦᠯᠬᠦ ᠪᠠᠷ ᠴᠢᠷᠮᠠᠶᠢᠨ᠎ᠠ ᠭᠡᠵᠦ ᠠᠯᠪᠠᠨ ᠶᠣᠰᠣ ᠪᠠᠷ ᠨᠡᠶᠢᠲᠡᠯᠡᠪᠡ᠃ ᠡᠨᠡ | ᠪᠣᠯ ᠳᠤᠮᠳᠠᠳᠤ ᠤᠯᠤᠰ ᠤᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠠᠬᠢᠭᠤᠯᠬᠤ ᠬᠠᠷᠢᠭᠤᠴᠠᠯᠭ᠎ᠠ ᠡᠭᠦᠷᠭᠡᠯᠡᠯ ᠪᠣᠯᠤᠨ ᠦᠷᠭᠦᠯᠵᠢᠯᠡᠬᠦ᠋ᠢᠴᠡ ᠬᠥᠭᠵᠢᠯᠲᠡ ᠶᠢ | ᠪᠡᠶᠡᠯᠡᠭᠦᠯᠬᠦ ᠳᠣᠲᠣᠭᠠᠳᠤ ᠱᠠᠭᠠᠷᠳᠠᠯᠭ᠎ᠠ ᠳᠤ ᠰᠠᠭᠤᠷᠢᠯᠠᠵᠤ ᠲᠣᠭᠲᠠᠭᠠᠭᠰᠠᠨ ᠴᠢᠬᠤᠯᠠ ᠶᠡᠭᠡ ᠪᠠᠶᠢᠯᠳᠤᠬᠤ | ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠪᠣᠯᠤᠨ᠎ᠠ᠃ | ᠳᠤᠮᠳᠠᠳᠤ ᠤᠯᠤᠰ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠶᠢ ᠤᠷᠬᠢᠯ | ᠬᠡᠮᠵᠢᠭᠳᠡᠯ ᠠᠴᠠ ᠪᠠᠭᠤᠷᠠᠭᠤᠯᠬᠤ ᠠᠴᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠤᠨ | ᠦᠭᠡᠶᠢᠰᠬᠡᠬᠦ ᠶᠢ ᠪᠡᠶᠡᠯᠡᠭᠦᠯᠬᠦ ᠪᠠᠷ ᠠᠮᠠᠯᠳᠠᠭᠰᠠᠨ ᠴᠠᠭ ᠨᠢ ᠬᠥᠭᠵᠢᠭᠰᠡᠨ ᠤᠯᠤᠰ ᠤᠨ ᠬᠡᠷᠡᠭᠯᠡᠭᠰᠡᠨ ᠴᠠᠭ ᠠᠴᠠ ᠬᠤᠯᠠ | ᠣᠬᠤᠷ ᠪᠠᠶᠢᠵᠤ᠂ ᠡᠨᠡ ᠨᠢ ᠳᠤᠮᠳᠠᠳᠤ ᠶᠢᠨ ᠲᠠᠯ᠎ᠠ ᠶᠢᠨ ᠬᠢᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠶᠢ | ᠱᠠᠭᠠᠷᠳᠠᠵᠤ ᠪᠠᠶᠢᠨ᠎ᠠ᠃ ᠳᠤᠮᠳᠠᠳᠤ ᠤᠯᠤᠰ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠶᠢ | ᠤᠷᠬᠢᠯ ᠬᠡᠮᠵᠢᠭᠳᠡᠯ ᠠᠴᠠ ᠪᠠᠭᠤᠷᠠᠭᠤᠯᠬᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠤᠨ | ᠦᠭᠡᠶᠢᠰᠬᠡᠬᠦ ᠶᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠦᠬᠦᠯᠢ ᠴᠣᠭᠴᠠ ᠶᠢᠨ | ᠪᠠᠶᠢᠷᠢᠰᠢᠭᠤᠯᠤᠯᠲᠠ ᠳᠤ ᠣᠷᠣᠭᠤᠯᠵᠤ᠂ ᠤᠳᠤ ᠶᠠᠭ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ | ᠭᠠᠳᠠᠭᠰᠢᠯᠠᠭᠤᠯᠬᠤ ᠶᠢ ᠤᠷᠬᠢᠯ ᠬᠡᠮᠵᠢᠭᠳᠡᠯ ᠠᠴᠠ ᠪᠠᠭᠤᠷᠠᠭᠤᠯᠬᠤ ᠠᠵᠢᠯᠯᠠᠭ᠎ᠠ ᠶᠢᠨ ᠲᠥᠯᠥᠪᠯᠡᠭᠡ ᠶᠢ ᠲᠣᠭᠲᠠᠭᠠᠵᠤ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠶᠢ ᠤᠷᠬᠢᠯ ᠬᠡᠮᠵᠢᠭᠳᠡᠯ ᠠᠴᠠ ᠪᠠᠭᠤᠷᠠᠭᠤᠯᠬᠤ | ᠠᠵᠢᠯᠯᠠᠭ᠎ᠠ ᠶᠢ ᠥᠷᠭᠡᠨ ᠭᠦᠨᠵᠡᠭᠡᠢ ᠥᠷᠨᠢᠭᠦᠯᠵᠦ᠂ ᠨᠥᠬᠦᠴᠡᠯ ᠲᠠᠢ ᠭᠠᠵᠠᠷ ᠣᠷᠣᠨ ᠪᠠ ᠭᠤᠣᠯᠳᠠᠯᠭ᠎ᠠ ᠲᠠᠢ ᠠᠵᠢᠯ | ᠲᠦᠷᠦᠯ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠤᠷᠢᠳ ᠢᠶᠠᠷ ᠤᠷᠬᠢᠯ ᠬᠡᠮᠵᠢᠭᠳᠡᠯ ᠠᠴᠠ ᠪᠠᠭᠤᠷᠠᠭᠤᠯᠬᠤ ᠶᠢ | ᠲᠡᠮᠵᠢᠨ᠎ᠠ᠃ ᠳᠤᠮᠳᠠᠳᠤ ᠤᠯᠤᠰ ᠨᠡᠭᠦᠷᠡᠰᠦᠨ ᠴᠠᠬᠢᠯᠭᠠᠨ ᠤ ᠲᠥᠷᠥᠯ ᠵᠦᠢᠯ ᠢ ᠴᠢᠩᠭ᠎ᠠ ᠬᠢᠵᠠᠭᠠᠷᠯᠠᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠨᠡᠭᠦᠷᠡᠰᠦᠨ ᠤ ᠬᠡᠷᠡᠭᠯᠡᠭᠡᠨ ᠤ | ᠨᠡᠮᠡᠭᠳᠡᠯ ᠢ ᠴᠢᠩᠭ᠎ᠠ ᠬᠢᠵᠠᠭᠠᠷᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ ᠠᠯᠬᠤᠮ ᠠᠯᠬᠤᠮ ᠢᠶᠠᠷ ᠪᠠᠭᠠᠰᠬᠠᠨ᠎ᠠ᠃ ᠡᠭᠦᠨ ᠠᠴᠠ ᠭᠠᠳᠠᠨ᠎ᠠ᠂ ᠳᠤᠮᠳᠠᠳᠤ ᠤᠯᠤᠰ ᠨᠢᠭᠡᠨᠲᠡ ︽ | ︿ᠮᠣᠨᠳ᠋ᠷᠧᠶᠠᠯ ᠤᠨ ᠵᠥᠪᠯᠡᠨ ᠲᠣᠭᠲᠠᠭᠠᠭᠰᠠᠨ ᠪᠢᠴᠢᠭ﹀ ᠤᠨ ᠺᠢᠭᠠᠯᠢ ᠶᠢᠨ ᠵᠠᠰᠠᠪᠤᠷᠢ ᠣᠷᠣᠭᠤᠯᠤᠭᠰᠠᠨ ᠲᠥᠰᠦᠯ︾ | ᠢ ᠭᠥᠯᠢᠶᠡᠨ ᠠᠪᠴᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠪᠤᠰᠤ ᠬᠦᠯᠡᠮᠵᠢ ᠶᠢᠨ ᠬᠡᠶ ᠪᠡᠶᠡᠲᠦ ᠶᠢᠨ | ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠪᠠᠰᠠ ᠪᠥᠬᠦ ᠤᠯᠤᠰ ᠤᠨ ᠨᠡᠭᠦᠷᠡᠰᠦᠲᠥ᠋ᠷᠥᠭᠴᠢ ᠶᠢᠨ ᠵᠠᠬ᠎ᠠ | ᠳᠡᠯᠭᠡᠭᠦᠷ ᠤᠨ ᠰᠦᠯᠵᠢᠶᠡᠨ ᠠᠷᠠᠯᠵᠢᠶ᠎ᠠ ᠶᠢ ᠡᠬᠢᠯᠡᠭᠦᠯᠬᠦ ᠪᠠᠷ ᠲᠣᠭᠲᠠᠪᠠ᠃ | ᠪᠦᠬᠦ ᠪᠥᠮᠪᠥᠷᠴᠡᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠣᠷᠣᠯᠴᠠᠭᠴᠢ᠂ ᠬᠤᠪᠢ | ᠨᠡᠮᠡᠷᠢ ᠦᠵᠡᠭᠦᠯᠦᠭᠴᠢ᠂ ᠬᠥᠲᠥᠯᠥᠨ ᠲᠠᠭᠠᠭᠤᠯᠤᠭᠴᠢ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠤᠯᠠᠨ | ᠲᠠᠯᠠᠲᠤ ᠦᠵᠡᠯ ᠢ ᠡᠷᠡᠰ ᠦᠢᠯᠡᠳᠦᠯᠭᠡᠵᠢᠭᠦᠯᠵᠦ᠂ ᠲᠥᠪ ᠭᠤᠣᠯᠴᠢ ᠵᠦᠢ ᠵᠣᠬᠢᠰᠲᠠᠢ᠂ ᠬᠠᠷᠢᠯᠴᠠᠨ ᠬᠠᠮᠲᠤᠷᠠᠯᠴᠠᠵᠤ | ᠬᠠᠮᠲᠤ ᠪᠠᠷ ᠠᠰᠢᠭ ᠬᠦᠷᠳᠡᠬᠦ ᠪᠦᠬᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠶᠢᠨ ᠲᠣᠭᠲᠠᠯᠴᠠᠭ᠎ᠠ ᠶᠢ | ᠪᠠᠶᠢᠭᠤᠯᠬᠤ ᠪᠠᠷ ᠴᠢᠷᠮᠠᠶᠢᠨ ᠠᠬᠢᠭᠤᠯᠵᠤ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠡᠨᠡ ᠵᠢᠯ ᠤᠨ 10 ᠳ᠋ᠤᠭᠠᠷ | ᠰᠠᠷ᠎ᠠ ᠳᠤ ︽ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠠᠷᠪᠠᠨ ᠲᠠᠪᠤᠳᠤᠭᠠᠷ | ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠢ ᠡᠷᠬᠢᠯᠡᠨ ᠬᠤᠷᠠᠯᠳᠤᠭᠤᠯᠵᠤ᠂ ᠡᠯ᠎ᠡ ᠲᠠᠯ᠎ᠠ ᠶᠢᠨ ᠬᠢᠨ ᠲᠠᠢ | ᠬᠠᠮᠲᠤ ᠪᠠᠷ ᠪᠦᠬᠦ ᠪᠥᠮᠪᠥᠷᠴᠡᠭ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠵᠠᠰᠠᠯᠲᠠ ᠶᠢᠨ ᠰᠢᠨ᠎ᠡ | ᠳᠡᠭᠲᠡᠷ ᠲᠤ ᠭᠠᠷᠬᠤ ᠶᠢ ᠠᠬᠢᠭᠤᠯᠵᠤ᠂ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ | ᠠᠮᠢᠰᠬᠤᠯ ᠤᠨ ᠬᠤᠪᠢᠷᠠᠯᠲᠠ ᠶᠢᠨ ᠪᠦᠳᠦᠭᠦᠪᠴᠢ ᠨᠡᠶᠢᠲᠡ ᠶᠢᠨ ᠭᠡᠷ᠎ᠡ︾ ᠶᠢᠨ ᠬᠤᠷᠢᠨ ᠵᠢᠷᠭᠤᠳᠤᠭᠠᠷ ᠤᠳᠠᠭ᠎ᠠ ᠶᠢᠨ | ᠭᠡᠷᠡᠲᠦ ᠲᠠᠯ᠎ᠠ ᠶᠢᠨ ᠬᠤᠷᠠᠯ ᠤᠨ ᠢᠳᠡᠪᠬᠢᠲᠡᠢ ᠦᠷ᠎ᠡ ᠪᠦᠲᠦᠭᠡᠯ ᠤᠯᠬᠤ ᠶᠢ ᠳᠡᠮᠵᠢᠬᠦ ᠪᠠᠷ ᠪᠣᠢ᠃ ᠳᠤᠮᠳᠠᠳᠤ ᠶᠢᠨ | ᠲᠠᠯ᠎ᠠ ᠶᠢᠨ ᠬᠢᠨ ︽ᠪᠤᠰᠤᠳ ᠲᠤ ᠲᠤᠰᠠᠯᠠᠮᠵᠢ ᠬᠦᠷᠲᠡᠭᠡᠬᠦ︾ ᠣᠨᠣᠯᠵᠢᠬᠤᠨ ᠢ ᠪᠠᠷᠢᠮᠲᠠᠯᠠᠵᠤ᠂ ᠤᠯᠠᠨ ᠵᠦᠢᠯ ᠤᠨ | ᠬᠡᠯᠪᠡᠷᠢ ᠶᠢᠨ ᠡᠮᠦᠨᠡᠲᠦ ᠡᠮᠦᠨᠡᠲᠦ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠷ ᠳᠠᠮᠵᠢᠭᠤᠯᠵᠤ᠂ ᠬᠥᠭᠵᠢᠵᠦ | ᠪᠠᠶᠢᠭ᠎ᠠ ᠤᠯᠤᠰ ᠤᠳ ᠢ ᠴᠢᠳᠠᠯ ᠤᠨ ᠬᠢᠷᠢ ᠪᠠᠷ ᠢᠶᠠᠨ ᠬᠠᠪᠰᠤᠷᠤᠨ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠭᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠠᠹᠷᠢᠺᠠ ᠲᠢᠪ ᠤᠨ ᠠᠭᠤᠷ ᠠᠮᠢᠰᠬᠤᠯ ᠤᠨ ᠠᠯᠤᠰ | ᠰᠡᠷᠡᠯ ᠤᠨ ᠳᠠᠭᠠᠭᠤᠯᠢ ᠤᠳᠤ ᠠᠴᠠ ᠵᠡᠭᠦᠨ ᠡᠮᠦᠨᠡᠲᠦ ᠠᠽᠢᠶ᠎ᠠ ᠶᠢᠨ ᠳᠣᠣᠷ᠎ᠠ ᠨᠡᠭᠦᠷᠡᠰᠦᠳᠦ᠋ᠷᠦᠭᠴᠢᠲᠦ ᠵᠢᠱᠢᠶ᠎ᠡ | ᠦᠵᠡᠭᠦᠯᠬᠦ ᠣᠷᠣᠨ ᠬᠦᠷᠲᠡᠯ᠎ᠡ᠂ ᠲᠠᠬᠢᠭᠠᠳ ᠵᠢᠵᠢᠭ ᠠᠷᠠᠯ ᠤᠨ ᠤᠯᠤᠰ ᠤᠨ ᠡᠨᠧᠷᠭᠢ ᠠᠷᠪᠢᠯᠠᠬᠤ ᠳ᠋ᠧᠩ ᠬᠦᠷᠲᠡᠯ᠎ᠡ᠂ | ᠳᠤᠮᠳᠠᠳᠤ ᠤᠯᠤᠰ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠡᠮᠦᠨᠡᠲᠦ ᠡᠮᠦᠨᠡᠲᠦ ᠶᠢᠨ | ᠬᠠᠮᠲᠤᠷᠠᠯᠴᠠᠭᠠᠨ ᠳᠤ ᠦᠵᠡᠭᠦᠯᠦᠭᠰᠡᠨ ᠦᠷ᠎ᠡ ᠪᠦᠲᠦᠭᠡᠯ ᠨᠢ ᠨᠢᠳᠤᠨ ᠳᠤ ᠦᠵᠡᠭᠳᠡᠨ᠂ ᠭᠠᠷ ᠲᠤ ᠪᠠᠷᠢᠭᠳᠠᠵᠤ᠂ | ᠪᠣᠳᠠᠲᠤ ᠦᠷ᠎ᠡ ᠪᠦᠲᠦᠮᠵᠢ ᠣᠯᠤᠭᠰᠠᠨ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠪᠠᠰᠠ ᠠᠮᠢ ᠠᠬᠤᠢ ᠶᠢᠨ | ᠪᠣᠯᠪᠠᠰᠤᠨ ᠤ ᠬᠦᠷᠢᠶᠡᠨ ᠳᠠᠬᠢ ᠬᠠᠮᠲᠤᠷᠠᠯᠴᠠᠭ᠎ᠠ ᠶᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ | ᠪᠠᠶᠢᠭᠤᠯᠬᠤ ᠭᠤᠣᠯᠳᠠᠯᠭ᠎ᠠ ᠲᠠᠢ ᠠᠭᠤᠯᠭ᠎ᠠ ᠪᠣᠯᠭᠠᠵᠤ᠂ ᠪᠣᠬᠢᠷᠲᠤᠯ ᠦᠬᠡᠢ ᠠᠵᠢᠯᠯᠠᠭ᠎ᠠ ᠶᠢᠨ ᠰᠢᠷᠢᠰ | ᠰᠠᠨᠠᠭᠠᠴᠢᠯᠠᠭ᠎ᠠ ᠶᠢ ᠰᠠᠨᠠᠭᠠᠴᠢᠯᠠᠵᠤ᠂ ᠪᠣᠬᠢᠷᠲᠤᠯ ᠦᠬᠡᠢ ᠰᠠᠭᠤᠷᠢ ᠪᠦᠳᠦᠬᠡᠨ ᠪᠠᠶᠢᠭᠤᠯᠤᠯᠲᠠ᠂ ᠪᠣᠬᠢᠷᠲᠤᠯ ᠦᠬᠡᠢ | ᠡᠨᠧᠷᠭᠢ᠂ ᠪᠣᠬᠢᠷᠲᠤᠯ ᠦᠬᠡᠢ ᠵᠠᠮ ᠬᠠᠷᠢᠯᠴᠠᠭ᠎ᠠ᠂ ᠪᠣᠬᠢᠷᠲᠤᠯ ᠦᠬᠡᠢ ᠮᠥᠩᠭᠦᠨ ᠭᠦᠢᠯᠭᠡᠭᠡ ᠵᠡᠷᠭᠡ ᠠᠯᠢ ᠤᠯᠠᠨ | ᠠᠷᠭ᠎ᠠ ᠬᠡᠮᠵᠢᠶ᠎ᠡ ᠶᠢ ᠬᠡᠷᠡᠭᠯᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠬᠤ ᠳᠤ | ᠣᠷᠣᠯᠴᠠᠭᠰᠠᠨ ᠡᠯ᠎ᠡ ᠤᠯᠤᠰ ᠤᠨ ᠠᠷᠠᠳ ᠲᠦᠮᠡᠨ ᠳᠤ ᠦᠷᠭᠦᠯᠵᠢᠯᠡᠨ ᠪᠤᠶᠠᠨ ᠦᠢᠯᠡᠳᠬᠦ ᠪᠠᠷ ᠪᠣᠢ᠃ | ᠬᠠᠮᠲᠤ ᠠᠵᠢᠯᠯᠠᠭᠰᠠᠳ ᠡ︕ | ︽ᠬᠤᠲᠠᠯᠠ ᠣᠯᠠᠨ ᠢᠶᠠᠷ ᠢᠶᠠᠨ ᠬᠦᠴᠦᠨ ᠢᠶᠠᠨ ᠬᠠᠮᠲᠤᠳᠬᠠᠪᠠᠰᠤ᠂ ᠬᠤᠷᠸ᠎ᠠ ᠳᠡᠯᠡᠬᠡᠢ ᠳᠤ ᠬᠦᠴᠢᠷ ᠶᠠᠪᠤᠳᠠᠯ | ᠠᠯᠠᠭ᠎ᠠ︾᠃ ᠠᠭᠤᠷ ᠠᠮᠢᠰᠬᠤᠯ ᠤᠨ ᠬᠤᠪᠢᠷᠠᠯᠲᠠ ᠶᠢᠨ ᠬᠥᠮᠦᠨ ᠲᠥᠷᠥᠯᠬᠢᠲᠡᠨ ᠳᠤ ᠠᠪᠴᠢᠷᠠᠭᠰᠠᠨ | ᠥᠷᠢᠰᠥᠯᠳᠦᠭᠡᠨ ᠪᠣᠯ ᠦᠨᠡᠨ ᠪᠣᠳᠠᠲᠠᠶ᠂ ᠬᠠᠲᠠᠭᠤ ᠴᠢᠩᠭ᠎ᠠ᠂ ᠠᠯᠤᠰ ᠭᠡᠳᠤ ᠶᠢᠨ ᠪᠠᠶᠢᠳᠠᠭ᠃ ᠭᠡᠪᠡᠴᠦ᠂ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠳᠠᠭ ᠯᠠ ᠶᠤᠮ ᠪᠣᠯ ᠬᠥᠮᠦᠨ ᠲᠥᠷᠥᠯᠬᠢᠲᠡᠨ ᠯᠠᠪᠳᠠᠶ ᠪᠦᠬᠦ ᠪᠥᠮᠪᠥᠷᠴᠡᠭ ᠤᠨ ᠠᠭᠤᠷ | ᠠᠮᠢᠰᠬᠤᠯ ᠣᠷᠴᠢᠨ ᠲᠣᠭᠤᠷᠢᠨ ᠤ ᠥᠷᠢᠰᠥᠯᠳᠦᠭᠡᠨ ᠢ ᠰᠠᠶᠢᠲᠤᠷ ᠠᠷᠭᠠᠴᠠᠭᠠᠵᠤ᠂ ᠠᠷᠢᠭᠤᠨ ᠴᠡᠪᠡᠷ | ᠦᠵᠡᠰᠬᠦᠯᠡᠩᠲᠦ ᠰᠠᠶᠢᠬᠠᠨ ᠳᠡᠯᠡᠬᠡᠶ ᠶᠢᠷᠲᠢᠨᠴᠦ ᠶᠢ ᠦᠷ᠎ᠡ ᠬᠤᠶᠢᠴᠢᠰ ᠲᠤ ᠪᠠᠨ ᠦᠯᠡᠳᠡᠭᠡᠨ ᠥᠭᠴᠦ ᠴᠢᠳᠠᠨ᠎ᠠ | ᠭᠡᠳᠡᠭ ᠲᠤ ᠪᠠᠲᠤ ᠢᠲᠡᠭᠡᠯ ᠲᠠᠢ ᠪᠠᠶᠢᠨ᠎ᠠ᠃ | ᠲᠠ ᠪᠦᠬᠦᠨ ᠳᠤ ᠪᠠᠶᠠᠷᠯᠠᠯ᠎ᠠ᠃ | ︵ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 22 ᠤᠨ ᠴᠠᠬᠢᠯᠭᠠᠨ ᠮᠡᠳᠡᠭᠡ︶ | | | | | | |