| | 4 ᠰᠠᠷ᠎ᠠ ᠶᠢᠨ 25 ᠤ ᠡᠳᠦᠷ ᠠᠴᠠ 27 ᠤ ᠡᠳᠦᠷ ᠪᠤᠯᠳᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠭᠤᠸᠠᠩᠰᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠤᠯ 27 ᠤ ᠦᠳᠡ ᠶᠢᠨ ᠡᠮᠦᠨ᠎ᠠ᠂ ᠰᠢ ᠶᠢᠨ ᠫᠢᠩ ᠨᠠᠨᠨᠢᠩ | ᠬᠤᠲᠠ ᠶᠢᠨ ᠭᠤᠸᠠᠩᠰᠢ ᠶᠢᠨ ᠦᠨᠳᠦᠰᠦᠲᠡᠨ ᠤ ᠮᠦᠽᠧᠢ ᠶᠢᠨ ᠭᠠᠳᠠᠨ᠎ᠠ᠂ ᠭᠤᠷᠪᠠᠨ ᠰᠠᠷ᠎ᠠ ᠶᠢᠨ ᠭᠤᠷᠪᠠᠨ ᠤ ︽ | ᠳᠠᠭᠤᠤ ᠶᠢᠨ ᠨᠠᠶᠢᠷ︾ ᠤᠨ ᠦᠨᠳᠦᠰᠦᠳᠡᠨ ᠤ ᠰᠤᠶᠤᠯ ᠤᠨ ᠠᠵᠢᠯᠯᠠᠭ᠎ᠠ ᠳᠤ ᠤᠷᠤᠯᠴᠠᠵᠤ ᠪᠠᠶᠢᠭ᠎ᠠ ᠡᠯ᠎ᠠ | ᠦᠨᠳᠦᠰᠦᠳᠡᠨ ᠤ ᠤᠯᠠᠨ ᠲᠦᠮᠡᠨ ᠲᠠᠢ ᠲᠤᠳᠤᠨᠤ ᠪᠠᠷ ᠶᠠᠷᠢᠯᠴᠠᠵᠦ ᠪᠠᠶᠢᠭ᠎ᠠ ᠨᠢ᠃ ᠰᠢᠨᠬᠤᠸᠠ ᠬᠤᠷᠢᠶᠠᠨ ᠤ | ᠰᠤᠷᠪᠤᠯᠵᠢᠯᠠᠭᠴᠢ ᠰᠢᠶᠧ ᠬᠤᠸᠠᠨ ᡂᠢ ᠰᠡᠭᠦᠳᠡᠷᠯᠡᠪᠡ | | | | | | 4 ᠰᠠᠷ᠎ᠠ ᠶᠢᠨ 25 ᠤ ᠡᠳᠦᠷ ᠠᠴᠠ 27 ᠤ ᠡᠳᠦᠷ ᠪᠤᠯᠳᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠭᠤᠸᠠᠩᠰᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠤᠯ 26 ᠤ ᠦᠳᠡ ᠶᠢᠨ ᠬᠤᠶᠢᠨ᠎ᠠ᠂ ᠰᠢ ᠶᠢᠨ ᠫᠢᠩ | ᠭᠤᠸᠠᠩᠰᠢ ᠶᠢᠨ ᠯᠢᠦ ᠭᠦᠩ ᠪᠦᠯᠦᠭᠯᠡᠯ ᠺᠣᠮᠫᠠᠨᠢ ᠳᠤ ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠤ | ᠪᠠᠶᠢᠭ᠎ᠠ ᠨᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠢᠢᠷ᠎ᠠ ᠳᠤ ᠭᠤᠸᠠᠩᠰᠢ ᠳᠤ ᠰᠢᠨᠵᠢᠯᠡᠨ | ᠪᠠᠶᠢᠴᠠᠭᠠᠬᠤ ᠳᠠᠭᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ | ᠲᠤᠭᠤᠰᠢᠯᠠᠭᠤᠯᠵᠥ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ | ᠲᠠᠯ᠎ᠠ ᠪᠠᠷ ᠲᠤᠭᠤᠰᠢᠯᠠᠭᠤᠯᠵᠥ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ | ᠠᠶᠠᠰ ᠢ ᠪᠠᠷᠢᠮᠲᠠᠯᠠᠨ᠂ ᠦᠵᠡᠯ ᠰᠠᠨᠠᠭ᠎ᠠ ᠪᠠᠨ ᠴᠢᠯᠥᠭᠡᠯᠡᠨ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠤᠨ᠂ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠬᠦᠯᠵᠥ᠂ ᠬᠢᠯᠢ ᠬᠢᠵᠠᠭᠠᠷ ᠤᠨ ᠦᠨᠳᠦᠰᠦᠲᠡᠨ ᠤ | ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠵᠠᠮ ᠢ ᠨᠡᠭᠡᠭᠡᠵᠥ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ | ᠭᠠᠷᠭᠠᠨ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠠᠯᠬᠤᠮ ᠢ ᠠᠯᠬᠤᠵᠤ᠂ | ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ ᠤᠨ ᠠᠮᠤᠷ ᠲᠣᠭᠲᠠᠭᠤᠨ ᠢ | ᠪᠠᠬᠢᠵᠢᠭᠦᠯᠦᠨ ᠬᠥᠭᠵᠢᠭᠦᠯᠬᠦ ᠲᠠᠯ᠎ᠠ ᠪᠠᠷ ᠰᠢᠨ᠎ᠡ ᠡᠭᠦᠷᠭᠡᠯᠡᠯ ᠢᠶᠠᠨ ᠢᠯᠡᠷᠡᠬᠦᠯᠵᠥ᠂ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠦᠷᠯᠢᠭ ᠰᠠᠶᠢᠬᠠᠨ ᠭᠤᠸᠠᠩᠰᠢ ᠶᠢ ᠪᠦᠲᠦᠭᠡᠨ ᠪᠠᠶᠢᠭᠤᠯᠬᠤ | ᠬᠡᠷᠡᠭᠳᠡᠢ ᠬᠡᠵᠥ ᠴᠢᠬᠤᠯᠠᠴᠢᠯᠠᠪᠠ᠃ | 4 ᠰᠠᠷ᠎ᠠ ᠶᠢᠨ 25 ᠠᠴᠠ 27 ᠤ ᠡᠳᠦᠷ ᠪᠣᠯᠲᠠᠯ᠎ᠠ᠂ ᠰᠢ ᠶᠢᠨ ᠫᠢᠩ ᠭᠤᠸᠠᠩᠰᠢ ᠶᠢᠨ ᠵᠤᠸᠠᠩ | ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠯᠦ ᠰᠢᠨ ᠱᠧ ᠪᠣᠯᠤᠨ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠯᠠᠨ ᠲᠢᠶᠠᠨ ᠯᠢ ᠶᠢᠨ ᠪᠠᠷ᠎ᠠ | ᠪᠤᠯᠤᠯᠭ᠎ᠠ ᠲᠠᠢ ᠪᠠᠷ᠂ ᠤᠷᠢᠳ ᠬᠤᠵᠢᠳ ᠭᠦᠢᠯᠢᠨ᠂ ᠯᠢᠦᠵᠧᠦ᠂ ᠨᠠᠨᠨᠢᠩ ᠵᠡᠷᠭᠡ ᠭᠠᠵᠠᠷ ᠲᠤ ᠬᠦᠷᠴᠦ᠂ | ᠬᠤᠪᠢᠰᠬᠠᠯ ᠤᠨ ᠳᠤᠷᠠᠰᠬᠠᠯ ᠤᠨ ᠣᠷᠳᠣᠨ᠂ ᠬᠥᠳᠡᠭᠡ ᠲᠣᠰᠬᠤᠨ᠂ ᠠᠵᠤ ᠠᠬᠤᠶᠢᠯᠠᠯ᠂ ᠦᠨᠳᠦᠰᠦᠲᠡᠨ ᠤ ᠮᠦᠽᠧᠢ | ᠵᠡᠷᠬᠡ ᠳᠤ ᠭᠦᠨᠵᠡᠭᠡᠶᠢᠷᠡᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ | ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠥᠷᠨᠢᠭᠦᠯᠬᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠳᠡ ᠲᠠᠢ ᠪᠠᠶᠢᠬᠤ ᠶᠢ ᠠᠬᠢᠭᠤᠯᠬᠤ | ᠵᠡᠷᠭᠡ ᠶᠢᠨ ᠲᠤᠬᠠᠢ ᠪᠠᠶᠢᠴᠠᠭᠠᠨ ᠰᠤᠳᠤᠯᠪᠠ᠃ | 25 ᠤ ᠦᠳᠡ ᠶᠢᠨ ᠡᠮᠦᠨ᠎ᠡ᠂ ᠰᠢ ᠶᠢᠨ ᠫᠢᠩ ᠭᠦᠢᠯᠢᠨ ᠬᠤᠳᠠ ᠶᠢᠨ ᠴᠢᠤᠸᠠᠨᠵᠧᠦ ᠰᠢᠶᠠᠨ ᠤ ᠼᠠᠢ ᠸᠠᠨ | ᠪᠠᠯᠭᠠᠰᠤᠨ ᠳᠤ ᠪᠠᠶᠢᠷᠢᠯᠠᠭ᠎ᠠ ᠤᠯᠠᠭᠠᠨ ᠴᠡᠷᠢᠭ ᠤᠨ ᠤᠷᠳᠤ ᠵᠠᠮ ᠤᠨ ᠠᠶᠠᠨ ᠲᠠᠶᠢᠨ ᠤ ᠰᠢᠶᠠᠩᠵᠢᠶᠠᠩ ᠤᠨ | ᠳᠠᠶᠢᠯᠠᠯᠳᠤᠭᠠᠨ ᠤ ᠳᠤᠷᠠᠰᠬᠠᠯ ᠤᠨ ᠬᠦᠷᠢᠶᠡᠯᠡᠩ ᠳᠤ ᠬᠦᠷᠴᠦ᠂ ᠰᠢᠶᠠᠩᠵᠢᠶᠠᠩ ᠤᠨ ᠳᠠᠶᠢᠯᠠᠯᠳᠤᠭᠠᠨ ᠳᠤ | ᠦᠷᠡᠭᠳᠡᠭᠰᠡᠨ ᠤᠯᠠᠭᠠᠨ ᠴᠡᠷᠢᠭ ᠤᠨ ᠪᠠᠭᠠᠲᠤᠷᠴᠤᠳ ᠲᠤ ᠴᠡᠴᠡᠭᠲᠦ ᠰᠠᠭᠰᠤ ᠬᠦᠷᠭᠡᠭᠰᠡᠨ ᠪᠥᠭᠡᠳ ᠭᠤᠷᠪᠠᠨᠲᠠ | ᠮᠡᠬᠦ᠋ᠢᠨ ᠶᠣᠰᠣᠯᠠᠵᠤ᠂ ︽ᠤᠯᠠᠭᠠᠨ ᠴᠡᠷᠢᠭ ᠤᠨ ᠰᠦᠭ ᠰᠦᠨᠡᠰᠦ︾ ᠱᠤᠭᠤᠮᠠᠯ ᠳᠤ ᠪᠠᠷᠠᠳᠠᠵᠤ᠂ ᠳᠤᠷᠠᠰᠬᠠᠯ ᠤᠨ | ᠣᠷᠳᠣᠨ ᠢ ᠲᠣᠭᠤᠷᠢᠨ ᠦᠵᠡᠪᠡ᠃ 1934 ᠣᠨ ᠤ ᠵᠢᠯ ᠤᠨ ᠰᠡᠭᠦᠯᠴᠢ ᠪᠠᠷ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠪᠣᠯᠤᠨ ᠲᠥᠪ ᠤᠨ ᠤᠯᠠᠭᠠᠨ ᠴᠡᠷᠢᠭ ᠤᠨ ᠭᠤᠣᠯ ᠬᠦᠴᠦᠨ ᠤ ᠰᠢᠶᠠᠩᠵᠢᠶᠠᠩ | ᠮᠥᠷᠡᠨ ᠢ ᠭᠡᠲᠦᠯᠬᠦ ᠶᠢ ᠪᠠᠲᠤᠯᠠᠵᠤ᠂ ᠤᠯᠠᠭᠠᠨ ᠴᠡᠷᠢᠭ ᠢ ᠰᠢᠶᠠᠩᠵᠢᠶᠠᠩ ᠮᠥᠷᠡᠨ ᠠᠴᠠ ᠵᠡᠭᠦᠨᠳᠠᠢ ᠪᠦᠰᠡᠯᠡᠨ | ᠤᠰᠠᠳᠬᠠᠬᠤ ᠭᠡᠰᠡᠨ ᠳᠠᠶᠢᠰᠤᠨ ᠤ ᠭᠤᠷᠢᠳᠠᠯᠭ᠎ᠠ ᠶᠢ ᠪᠤᠳᠠ ᠨᠢᠷᠭᠡᠬᠦ ᠶᠢᠨ ᠲᠥᠯᠥᠭᠡ᠂ ᠬᠡᠳᠦᠨ ᠲᠦᠮᠡᠨ ᠤᠯᠠᠭᠠᠨ | ᠴᠡᠷᠢᠭ ᠤᠨ ᠳᠠᠷᠤᠭ᠎ᠠ ᠪᠠᠶᠢᠯᠳᠤᠭᠴᠢ ᠰᠢᠶᠠᠩᠵᠢᠶᠠᠩ ᠮᠥᠷᠡᠨ ᠤ ᠬᠤᠶᠠᠷ ᠬᠦᠪᠡᠭᠡ ᠪᠠᠷ ᠴᠢᠰᠤᠳᠤ ᠪᠠᠶᠢᠯᠳᠤᠭᠠᠨ ᠬᠢᠪᠡ | ᠂ ᠡᠨᠡ ᠬᠦ ᠪᠠᠶᠢᠯᠳᠤᠭᠠᠨ ᠨᠢ ᠳᠤᠮᠳᠠᠳᠤ ᠤᠯᠤᠰ ᠤᠨ ᠬᠤᠪᠢᠰᠬᠠᠯ ᠤᠨ ᠮᠠᠨᠳᠤᠵᠤ ᠮᠥᠬᠦᠬᠦ ᠲᠠᠢ ᠬᠤᠯᠪᠣᠭᠳᠠᠬᠰᠠᠨ | ᠴᠢᠬᠤᠯᠠ ᠲᠡᠦᠬᠡᠨ ᠶᠠᠪᠤᠳᠠᠯ ᠪᠣᠯᠵᠠᠢ᠃ ᠰᠢ ᠶᠢᠨ ᠫᠢᠩ᠂ ᠭᠤᠸᠠᠩᠰᠢ ᠳᠤ ᠰᠢᠨᠵᠢᠯᠡᠨ ᠪᠠᠶᠢᠴᠠᠭᠠᠬᠤ ᠠᠩᠬᠠᠨ ᠤ | ᠦᠷᠳᠡᠭᠡ ᠪᠠᠨ ᠠᠳᠡ ᠲᠠᠯᠪᠢᠭᠰᠠᠨ ᠨᠢ ᠪᠦᠬᠦ ᠨᠠᠮ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠥᠷᠨᠢᠭᠦᠯᠬᠦ ᠲᠠᠰᠢᠷᠠᠮ ᠢᠶᠠᠷ᠂ ᠬᠤᠪᠢᠰᠬᠠᠯ ᠤᠨ ᠤᠷᠢᠳᠤᠰ ᠢᠶᠠᠨ ᠳᠤᠷᠠᠰᠤᠨ ᠰᠠᠨᠠᠭᠠᠯᠵᠠᠵᠤ᠂ ᠡᠪ ᠬᠠᠮᠲᠤᠴᠤᠳ ᠤᠨ | ᠵᠣᠷᠢᠭ ᠰᠠᠨᠠᠭᠠᠨ ᠤ ᠠᠮᠢᠨ ᠰᠤᠳᠠᠰᠤ ᠶᠢ ᠵᠠᠯᠭᠠᠮᠵᠢᠯᠠᠨ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ | ᠬᠤᠪᠢᠰᠬᠠᠯ ᠤᠨ ᠡᠷᠴᠢ ᠵᠣᠷᠢᠭ ᠢᠶᠠᠨ ᠬᠥᠪᠴᠢᠯᠡᠬᠦ ᠶᠢᠨ ᠲᠥᠯᠥᠭᠡ ᠶᠤᠮ᠃ ᠬᠤᠪᠢᠰᠬᠠᠯ ᠤᠨ ᠬᠦᠰᠡᠯᠡᠩ | ᠶᠠᠭᠤᠨ ᠠᠴᠠ ᠴᠤ ᠡᠷᠬᠢᠮ ᠶᠤᠮ᠂ ᠬᠦᠰᠡᠯᠡᠩ ᠢᠲᠡᠭᠡᠯ ᠪᠢᠰᠢᠷᠡᠯ ᠤᠨ ᠭᠠᠯ ᠳᠦᠷᠡᠯᠵᠡᠪᠡᠯ ᠯᠤᠲᠤ ᠶᠡᠭᠡ ᠤᠶᠤᠨ | ᠰᠠᠨᠠᠭᠠᠨ ᠤ ᠬᠦᠴᠦᠨ ᠢ ᠪᠤᠢ ᠪᠤᠯᠭᠠᠵᠤ ᠴᠢᠳᠠᠨ᠎ᠠ᠃ ᠤᠯᠠᠭᠠᠨ ᠴᠡᠷᠢᠭ ᠤᠨ ᠳᠠᠷᠤᠭ᠎ᠠ ᠪᠠᠶᠢᠯᠳᠤᠭᠴᠢᠳ ᠦᠬᠦᠬᠦ ᠠᠴᠠ | ᠦᠯᠦ ᠡᠮᠢᠶᠡᠨ᠂ ᠠᠮᠢ ᠪᠠᠨ ᠴᠦᠯᠡᠨ ᠴᠤᠴᠠᠯᠲᠠ ᠦᠭᠡᠢ ᠤᠷᠤᠭᠰᠢᠯᠠᠵᠤ᠂ ᠠᠯᠢᠪᠠ ᠬᠦᠴᠢᠷ ᠪᠡᠷᠬᠡᠰᠢᠶᠡᠯ ᠢ | ᠵᠣᠷᠢᠭᠲᠠᠢ ᠪᠠᠷ ᠢᠯᠠᠨ ᠳᠠᠪᠠᠵᠤ᠂ ᠶᠠᠮᠠᠷᠪᠠ ᠬᠦᠴᠢᠷ ᠪᠡᠷᠬᠡᠰᠢᠶᠡᠯ ᠳᠤ ᠨᠤᠭᠤᠷᠠᠰᠢ ᠦᠭᠡᠢ ᠪᠠᠶᠢᠳᠠᠭ ᠡᠷᠬᠢᠮ ᠳᠡᠭᠡᠳᠦ | ᠵᠣᠷᠢᠭ ᠰᠠᠨᠠᠭ᠎ᠠ ᠶᠢ ᠪᠢᠳᠡ ᠡᠭᠦᠷᠢᠳᠡ ᠪᠠᠲᠤ ᠴᠡᠭᠡᠵᠢᠯᠡᠵᠦ ᠪᠠᠳᠠᠷᠠᠭᠤᠯᠤᠭᠤᠰᠢᠲᠠᠢ ᠶᠤᠮ᠃ ᠬᠤᠶᠠᠳᠤᠭᠠᠷ ᠵᠠᠭᠤᠨ | ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠤᠷᠳᠤ ᠵᠠᠮ ᠤᠨ ᠠᠶᠠᠨ ᠲᠠᠶᠢᠨ ᠳᠤ᠂ ᠪᠢᠳᠡ ᠵᠠᠪᠠᠯ ᠢᠯᠠᠬᠤ | ᠢᠲᠡᠭᠡᠯ ᠵᠣᠷᠢᠭ ᠢ ᠡᠪᠦᠷᠯᠡᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠵᠦᠢᠯ ᠤᠨ ᠬᠦᠨᠳᠦ ᠶᠡᠭᠡ ᠠᠶᠤᠯ | ᠲᠦᠭᠰᠢᠭᠦᠷᠢ ᠥᠷᠢᠰᠥᠯᠳᠦᠭᠡᠨ ᠢ ᠵᠣᠷᠢᠭᠲᠠᠢ ᠪᠠᠷ ᠢᠯᠠᠨ ᠳᠠᠪᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠡᠶᠡᠯᠡᠭᠦᠯᠬᠦ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠬᠤ ᠬᠡᠷᠡᠭᠲᠡᠢ ᠬᠡᠵᠥ ᠢᠯᠡᠳᠬᠡᠪᠡ᠃ | | ᠲᠠᠷᠠᠭ᠎ᠠ ᠨᠢ᠂ ᠰᠢ ᠶᠢᠨ ᠫᠢᠩ ᠼᠠᠢ ᠸᠠᠨ ᠪᠠᠯᠭᠠᠰᠤᠨ ᠤ ᠮᠤᠤ ᠵᠦ ᠱᠠᠨ ᠲᠣᠰᠬᠤᠨ ᠳᠤ ᠬᠦᠷᠪᠡ᠃ ᠲᠤᠰ | ᠲᠣᠰᠬᠤᠨ ᠤᠢᠢᠷ᠎ᠠ ᠶᠢᠨ ᠵᠢᠯ ᠠᠴᠠ ᠦᠵᠦᠮ ᠲᠠᠷᠢᠬᠤ ᠦᠢᠯᠡᠰ ᠢ ᠢᠳᠡᠪᠬᠢᠲᠡᠢ ᠬᠥᠭᠵᠢᠭᠦᠯᠵᠦ᠂ ᠲᠠᠷᠢᠶᠠᠴᠢᠳ ᠤᠨ | ᠣᠷᠣᠯᠭ᠎ᠠ ᠶᠢᠨ ᠨᠡᠮᠡᠭᠳᠡᠯ ᠢ ᠬᠦᠴᠦᠲᠡᠢ ᠠᠬᠢᠭᠤᠯᠵᠠᠢ᠃ ᠰᠢ ᠶᠢᠨ ᠫᠢᠩ ᠦᠵᠦᠮ ᠤᠨ ᠲᠠᠷᠢᠮᠠᠯ ᠤᠨ ᠬᠦᠷᠢᠶᠡᠯᠡᠩ ᠳᠤ | ᠣᠷᠣᠵᠤ᠂ ᠦᠵᠦᠮ ᠤᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠠᠷᠢᠶᠠᠯᠠᠩ ᠤᠨ ᠮᠡᠷᠭᠡᠵᠢᠯᠲᠡᠨ ᠶᠠᠭ | ᠲᠣᠰᠬᠤᠨ ᠤ ᠠᠷᠠᠳ ᠢ ᠵᠢᠯᠣᠭᠤᠳᠤᠨ ᠦᠵᠦᠮ ᠤᠨ ᠵᠡᠯ᠎ᠡ ᠤᠶᠠᠬᠤ᠂ ᠵᠡᠯ᠎ᠡ ᠲᠣᠭᠲᠠᠭᠠᠬᠤ ᠠᠵᠢᠯ ᠢ ᠵᠢᠯᠣᠭᠤᠳᠴᠤ | ᠪᠠᠶᠢᠪᠠ᠂ ᠶᠡᠷᠦᠩᠬᠡᠶ ᠱᠦᠵᠢ ᠶᠢᠨ ᠢᠷᠡᠭᠰᠡᠨ ᠢ ᠦᠵᠡᠭᠡᠳ ᠨᠤᠲᠤᠭ ᠤᠨ ᠠᠬ᠎ᠠ ᠳᠡᠭᠦᠦ ᠨᠡᠷ ᠬᠤᠶᠢᠨ᠎ᠠ | ᠬᠤᠶᠢᠨ᠎ᠠ ᠠᠴᠠ ᠪᠠᠨ ᠬᠦᠷᠢᠶᠡᠯᠡᠨ ᠢᠷᠡᠵᠡᠬᠡᠪᠡ᠃ ᠰᠢ ᠶᠢᠨ ᠫᠢᠩ ᠦᠵᠦᠮ ᠤᠨ ᠭᠠᠷᠤᠯᠳᠠ᠂ ᠶᠠᠰᠤ ᠴᠢᠨᠠᠷ᠂ | ᠪᠣᠷᠣᠯᠠᠭᠤᠯᠭ᠎ᠠ ᠶᠢᠨ ᠵᠠᠮ᠂ ᠦᠨ᠎ᠡ ᠬᠠᠩᠰᠢ ᠵᠡᠷᠭᠡ ᠪᠠᠶᠢᠳᠠᠯ ᠢ ᠨᠠᠷᠢᠨ ᠠᠰᠠᠭᠤᠪᠠ᠃ ᠲᠡᠷᠡ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠤᠨᠴᠠᠯᠢᠬᠳᠤ ᠡᠬᠢ ᠪᠠᠶᠠᠯᠢᠭ ᠲᠤ ᠰᠠᠭᠤᠷᠢᠯᠠᠵᠤ | ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠳᠡᠭᠡ ᠠᠵᠤ ᠠᠬᠤᠢ ᠶᠢ ᠬᠥᠭᠵᠢᠭᠦᠯᠬᠦ ᠶᠢ ᠪᠠᠷᠢᠮᠲᠠᠯᠠᠵᠤ᠂ ᠭᠠᠵᠠᠷ | ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠥᠳᠡᠭᠡ ᠲᠣᠰᠬᠤᠨ ᠤ ᠵᠢᠭᠤᠯᠴᠢᠯᠠᠯ᠂ ᠰᠡᠯᠡᠭᠦᠴᠡᠯ ᠤᠨ ᠲᠠᠷᠢᠶᠠᠯᠠᠩ | ᠵᠡᠷᠭᠡ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠤᠨ᠂ ᠦᠢᠯᠡᠳᠪᠦᠷᠢᠯᠡᠯ | ᠡᠳ᠋ᠰᠢᠭᠦᠯᠦᠯᠲᠡ ᠪᠣᠷᠣᠯᠠᠭᠤᠯᠭ᠎ᠠ ᠶᠢ ᠰᠢᠯᠤᠭᠤᠳᠬᠠᠵᠤ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠢ | ᠠᠭᠤᠰᠤᠯᠴᠠᠭᠤᠯᠤᠨ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠨ ᠪᠤᠵᠠᠭᠠᠢᠢᠷᠠᠬᠤ ᠶᠢ ᠠᠬᠢᠭᠤᠯᠵᠤ᠂ | ᠲᠠᠷᠢᠶᠠᠴᠢᠳ ᠲᠤ ᠠᠵᠤ ᠦᠢᠯᠡᠰ ᠤᠨ ᠦᠷᠳᠡᠭ ᠨᠡᠮᠡᠭᠳᠡᠯ ᠤᠨ ᠠᠰᠢᠭ ᠣᠷᠣᠯᠭ᠎ᠠ ᠶᠢ ᠨᠡᠩ ᠤᠯᠠᠨ ᠡᠳ᠋ᠯᠡᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠲᠣᠰᠬᠤᠨ ᠤ ᠳᠦᠷᠰᠦ ᠪᠠᠶᠢᠳᠠᠯ ᠢ ᠶᠠᠪᠠᠭᠠᠨ ᠢᠶᠠᠷ ᠪᠠᠶᠢᠴᠠᠭᠠᠨ ᠦᠵᠡᠭᠰᠡᠨ ᠪᠥᠭᠡᠳ | ᠲᠣᠰᠬᠤᠨ ᠤ ᠠᠷᠠᠳ ᠸᠠᠩ ᠳ᠋ᠧ ᠯᠢ ᠶᠢᠨ ᠬᠡᠷ ᠲᠤ ᠬᠦᠷᠴᠦ ᠡᠷᠬᠢᠨ ᠦᠵᠡᠵᠦ᠂ ᠬᠡᠷ ᠤᠨ ᠬᠥᠮᠦᠰ ᠲᠠᠢ ᠨᠢ | ᠬᠦᠷᠢᠶᠡᠯᠡᠨ ᠰᠠᠭᠤᠵᠤ ᠵᠣᠭᠤᠭᠳᠠᠪᠠ᠃ ᠸᠠᠩ ᠳ᠋ᠧ ᠯᠢ ᠶᠡᠷᠦᠩᠬᠡᠢ ᠱᠦᠵᠢ ᠳᠤ᠂ ᠲᠡᠳᠡᠨ ᠤ ᠬᠢᠨ 12 ᠮᠦ ᠦᠵᠦᠮ | ᠲᠠᠷᠢᠵᠥ᠂ ᠲᠠᠷᠢᠶᠠᠯᠠᠩ ᠤᠨ ᠰᠡᠯᠡᠭᠦᠦ ᠴᠠᠭ ᠲᠤ ᠭᠠᠳᠠᠭᠰᠢ ᠭᠠᠷᠴᠤ ᠬᠥᠯᠥᠰᠥᠨ ᠠᠵᠢᠯ ᠬᠢᠵᠦ᠂ ᠨᠢᠳᠤᠨᠤᠨ ᠭᠡᠷ | ᠪᠦᠯᠢ ᠶᠢᠨ ᠣᠷᠣᠯᠭ᠎ᠠ ᠨᠢ 14 ᠲᠦᠮᠡᠨ ᠲᠥᠭᠦᠷᠢᠭ ᠢ ᠳᠠᠪᠠᠵᠠᠢ ᠭᠡᠵᠦ ᠬᠡᠯᠡᠪᠡ᠃ ᠰᠢ ᠶᠢᠨ ᠫᠢᠩ ᠰᠣᠨᠣᠰᠤᠭᠠᠳ | ᠮᠠᠰᠢ ᠪᠠᠶᠠᠷᠯᠠᠪᠠ᠃ ᠲᠡᠷᠡ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ | ᠬᠠᠮᠲᠤ ᠶᠢᠨ ᠴᠢᠷᠮᠠᠶᠢᠯᠭ᠎ᠠ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ | ᠤᠢ ᠶᠢ ᠤᠬᠳᠤᠬᠤ ᠴᠢᠬᠤᠯᠠ ᠴᠠᠭ ᠮᠥᠴᠡ ᠳᠤ᠂ ᠮᠠᠨ ᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠤᠯᠪᠠ᠃ ᠰᠠᠶᠢᠨ ᠰᠠᠶᠢᠬᠠᠨ ᠠᠮᠢᠳᠤᠷᠠᠯ ᠢ ᠪᠦᠷ ᠲᠡᠮᠡᠴᠡᠵᠦ | ᠪᠠᠶᠢᠭᠠᠳ ᠣᠯᠳᠠᠭ ᠶᠤᠮ᠃ ᠲᠠ ᠨᠠᠷ ᠠᠵᠢᠯᠴᠢ ᠬᠥᠳᠡᠯᠮᠦᠷᠢᠴᠢ ᠤᠶᠤᠨ ᠤᠬᠠᠭᠠᠨ ᠳᠠᠭᠠᠨ ᠲᠦᠰᠢᠭᠯᠡᠨ | ᠠᠮᠢᠳᠤᠷᠠᠯ ᠢᠶᠠᠨ ᠨᠡᠩ ᠵᠣᠯ ᠵᠢᠷᠭᠠᠯᠲᠠᠢ᠂ ᠨᠡᠩ ᠡᠷᠡᠮᠡᠯᠵᠡᠯ ᠲᠠᠢ ᠪᠣᠯᠭᠠᠬᠤ ᠶᠢ ᠬᠦᠰᠡᠵᠦ ᠪᠠᠶᠢᠨ᠎ᠠ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢ ᠰᠤᠷᠤᠯᠴᠠᠬᠤ ᠶᠢ ᠴᠢᠬᠤᠯᠠᠴᠢᠯᠠᠵᠤ᠂ ᠮᠡᠳᠡᠯᠭᠡ ᠪᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠲᠤᠯᠭᠠᠭᠤᠷᠢᠯᠠᠬᠤ ᠬᠡᠷᠡᠭᠲᠡᠢ ᠬᠡᠵᠥ ᠵᠢᠭᠠᠵᠥ ᠭᠠᠷᠭᠠᠪᠠ᠃ ᠲᠣᠰᠬᠤᠨ ᠠᠴᠠ ᠰᠠᠯᠬᠤ | ᠦᠶ᠎ᠡ ᠳᠤ᠂ ᠨᠤᠲᠤᠭ ᠤᠨ ᠠᠬ᠎ᠠ ᠳᠡᠭᠦᠦ ᠨᠡᠷ ᠥᠨᠳᠥᠷ ᠳᠠᠭᠤᠨ ᠢᠶᠠᠷ ᠶᠡᠷᠦᠩᠬᠡᠢ ᠱᠦᠵᠢ ᠶᠢᠨ ᠠᠮᠤᠷ ᠢ ᠠᠰᠠᠭᠤᠪᠠ᠃ | ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠪᠡ᠃ ᠲᠡᠷᠡ᠂ ᠠᠷᠠᠳ ᠳᠦᠮᠡᠨ ᠢ ᠵᠣᠯ ᠵᠢᠷᠭᠠᠯ ᠲᠠᠢ | ᠠᠮᠢᠳᠤᠷᠠᠭᠤᠯᠬᠤ ᠪᠣᠯ ︽ᠤᠯᠤᠰ ᠤᠨ ᠶᠡᠭᠡ ᠶᠠᠪᠤᠳᠠᠯ︾ ᠮᠦᠨ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠭᠦᠨᠴᠡ᠂ ᠥᠷᠭᠡᠴᠡ᠂ ᠬᠦᠴᠢᠷᠳᠡᠯ ᠨᠢ ᠴᠥᠮ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠴᠠ ᠳᠣᠣᠷ᠎ᠠ ᠦᠭᠡᠢ ᠶᠤᠮ᠂ ᠶᠠᠭᠠᠬᠢᠭᠰᠠᠨ ᠴᠤ ᠠᠮᠤᠰᠬᠢᠬᠦ ᠪᠤᠳᠤᠯ | ᠤᠷᠤᠵᠤ ᠪᠣᠯᠬᠤ ᠦᠭᠡᠢ᠂ ᠰᠢᠨ᠎ᠡ ᠭᠠᠷᠤᠭ᠎ᠠ ᠳᠡᠭᠡᠷ᠎ᠡ ᠦᠷᠭᠦᠯᠵᠢᠯᠡᠨ ᠲᠡᠮᠡᠴᠡᠵᠦ᠂ ᠪᠦᠬᠦ ᠠᠷᠠᠳ ᠲᠦᠮᠡᠨ ᠤ | ᠬᠠᠮᠲᠤ ᠶᠢᠨ ᠴᠢᠨᠡᠭᠡᠯᠢᠭᠵᠢᠯ ᠤᠨ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠤᠯᠬᠤ ᠶᠢ ᠠᠬᠢᠭᠤᠯᠬᠤ ᠬᠡᠷᠡᠭᠲᠡᠢ | ᠭᠡᠵᠦ ᠭᠦᠨ ᠰᠡᠳᠬᠢᠯᠭᠡ ᠲᠠᠢ ᠬᠡᠯᠡᠪᠡ᠃ | ᠤᠢᠢᠷ᠎ᠠ ᠶᠢᠨ ᠵᠢᠯ ᠳᠤ᠂ ᠭᠦᠢᠯᠢᠨ ᠬᠤᠳᠠ ᠯᠢᠵᠢᠶᠠᠩ ᠮᠦᠷᠡᠨ ᠤ ︽ᠡᠪᠳᠡᠭᠳᠡᠯ ᠢ ᠵᠠᠰᠠᠬᠤ᠂ ᠤᠰᠤ ᠶᠢ | ᠵᠠᠰᠠᠬᠤ᠂ ᠠᠭᠤᠯᠠ ᠶᠢ ᠵᠠᠰᠠᠬᠤ᠂ ᠦᠨᠳᠦᠰᠦ ᠶᠢ ᠵᠠᠰᠠᠬᠤ︾ ᠶᠢ ᠶᠡᠭᠡ ᠪᠠᠷ ᠠᠬᠢᠭᠤᠯᠵᠤ᠂ ᠯᠢᠵᠢᠶᠠᠩ ᠮᠦᠷᠡᠨ ᠤ | ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠪᠠ᠃ 25 ᠤ ᠦᠳᠡ ᠶᠢᠨ ᠬᠤᠶᠢᠨ᠎ᠠ᠂ ᠰᠢ ᠶᠢᠨ ᠫᠢᠩ ᠭᠦᠢᠯᠢᠨ | ᠬᠤᠳᠠ ᠶᠢᠨ ᠶᠠᠩ ᠱᠦᠸᠧ ᠰᠢᠶᠠᠨ ᠤ ᠯᠢᠵᠢᠶᠠᠩ ᠮᠦᠷᠡᠨ ᠤ ᠶᠠᠩ ᠳ᠋ᠢ ᠭᠠᠷᠠᠮ ᠳᠤ ᠬᠦᠷᠴᠦ᠂ ᠯᠢᠵᠢᠶᠠᠩ ᠮᠦᠷᠡᠨ ᠤ | ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ᠂ ᠠᠮᠢ ᠠᠬᠤᠢ ᠶᠢᠨ ᠬᠠᠮᠠᠭᠠᠯᠠᠯᠲᠠ ᠵᠡᠷᠭᠡ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠤᠭᠰᠠᠨ ᠪᠥᠭᠡᠳ ᠣᠩᠭᠤᠴᠠᠨ ᠳᠤ ᠰᠠᠭᠤᠵᠤ ᠯᠢᠵᠢᠶᠠᠩ ᠮᠦᠷᠡᠨ ᠤ ᠶᠠᠩ ᠱᠦᠸᠧ ᠶᠢᠨ | ᠬᠡᠰᠡᠭ ᠲᠤ ᠰᠢᠨᠵᠢᠯᠡᠨ ᠪᠠᠶᠢᠴᠠᠭᠠᠪᠠ᠃ ᠲᠡᠷᠡ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ | ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠵᠥᠪ ᠠᠮᠢ ᠠᠬᠤᠢ ᠶᠢᠨ | ᠦᠵᠡᠯᠲᠡ᠂ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠪᠠᠶᠢᠭᠠᠯᠢ ᠶᠢ ᠳᠡᠭᠡᠳᠦᠯᠡᠵᠦ᠂ ᠪᠠᠶᠢᠭᠠᠯᠢ ᠲᠠᠢ ᠵᠣᠬᠢᠴᠠᠨ | ᠂ ᠪᠠᠶᠢᠭᠠᠯᠢ ᠶᠢ ᠬᠠᠮᠠᠭᠠᠯᠠᠵᠤ᠂ ᠳᠡᠭᠡᠳᠦ ᠳᠤᠤᠷᠠᠳᠤ ᠱᠠᠳᠤ ᠪᠠᠷ ᠢᠶᠠᠨ ᠰᠡᠳᠬᠢᠯ ᠨᠢᠭᠡᠳᠤᠨ ᠵᠡᠷᠭᠡ ᠪᠠᠷ ᠠᠳᠬᠤᠨ | ᠬᠠᠮᠲᠤ ᠪᠠᠷ ᠬᠠᠮᠢᠶᠠᠷᠴᠤ᠂ ᠠᠭᠤᠯᠠ ᠤᠰᠤᠨ ᠤ ᠠᠮᠢ ᠠᠬᠤᠢ ᠶᠢᠨ ᠤᠤᠭᠠᠯ ᠴᠢᠨᠠᠷ ᠪᠠ ᠪᠦᠷᠢᠨ ᠪᠦᠲᠦᠨ ᠴᠢᠨᠠᠷ ᠢ | ᠪᠠᠲᠤᠯᠠᠬᠤ ᠶᠢ ᠨᠢᠭᠡ ᠵᠦᠢᠯ ᠤᠨ ᠴᠢᠬᠤᠯᠠ ᠠᠵᠢᠯ ᠪᠣᠯᠭᠠᠨ᠂ ᠠᠮᠢ ᠠᠬᠤᠢ ᠶᠢ ᠰᠡᠷᠭᠦᠭᠡᠬᠦ ᠪᠠ ᠣᠷᠴᠢᠨ | ᠲᠣᠭᠤᠷᠢᠨ ᠤ ᠪᠣᠬᠢᠷᠲᠤᠯ ᠢ ᠵᠠᠰᠠᠬᠤ ᠶᠢ ᠭᠦᠨᠵᠡᠭᠡᠢ ᠠᠬᠢᠭᠤᠯᠵᠤ᠂ ᠳᠤᠷ᠎ᠠ ᠪᠠᠷ ᠢᠶᠠᠨ ᠲᠡᠭᠦᠵᠦ ᠮᠠᠯᠲᠠᠬᠤ ᠶᠢ | ᠵᠤᠭᠰᠤᠭᠠᠨ᠂ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠬᠤ᠂ ᠠᠮᠢ | ᠠᠬᠤᠢ ᠶᠢᠨ ᠰᠢᠰᠲ᠋ᠧᠮ ᠦᠷᠭᠦᠯᠵᠢᠯᠡᠨ ᠰᠢᠯᠢᠳᠡᠭᠵᠢᠭᠦ᠂ ᠪᠦᠬᠦᠯᠢ ᠴᠣᠭᠴᠠ ᠶᠢᠨ ᠴᠢᠳᠠᠮᠵᠢ ᠦᠷᠭᠦᠯᠵᠢᠯᠡᠨ | ᠳᠡᠭᠡᠭᠰᠢᠯᠡᠭᠦ ᠶᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠵᠠᠢ᠃ | 26 ᠤ ᠡᠳᠦᠷ᠂ ᠰᠢ ᠶᠢᠨ ᠫᠢᠩ ᠭᠦᠢᠯᠢᠨ ᠬᠤᠳᠠ ᠶᠢᠨ ᠰᠢᠶᠠᠩ ᠪᠢ ᠱᠠᠨ ᠴᠡᠴᠡᠷᠯᠢᠭ ᠲᠤ ᠬᠦᠷᠴᠦ᠂ | ᠠᠭᠤᠯᠠ ᠤᠰᠤᠨ ᠤ ᠦᠩᠭᠡ ᠦᠵᠡᠮᠵᠢ ᠶᠢ ᠪᠠᠷᠠᠯᠠᠵᠤ᠂ ᠶᠠᠪᠠᠭᠠᠨ ᠬᠦᠮᠦᠨ ᠤ ᠵᠠᠮ ᠢᠶᠠᠷ ᠬᠤᠳᠠᠯᠳᠤᠭ᠎ᠠ᠂ ᠰᠢᠦᠳᠠᠨ | ᠵᠡᠷᠭᠡ ᠦᠢᠯᠡᠴᠢᠯᠡᠭᠡᠨ ᠤ ᠲᠥᠬᠦᠭᠡᠷᠦᠮᠵᠢ ᠶᠢ ᠪᠠᠶᠢᠴᠠᠭᠠᠨ ᠦᠵᠡᠪᠡ᠃ ᠵᠢᠭᠤᠯᠴᠢᠯᠠᠭᠰᠠᠳ᠄ ︽ᠶᠡᠷᠦᠩᠬᠡᠢ ᠱᠦᠵᠢ | ᠰᠠᠶᠢᠨ ᠦᠦ︕︾ ᠭᠡᠵᠦ ᠦᠨᠲᠦᠷ ᠲᠠᠭᠤᠨ ᠢᠶᠠᠷ ᠪᠠᠶᠠᠷᠯᠠᠨ ᠬᠠᠰᠬᠢᠷᠪᠠ᠃ ᠰᠢ ᠶᠢᠨ ᠫᠢᠩ ᠤᠯᠠᠨ ᠲᠠᠢ | ᠳᠣᠲᠣᠨᠣ ᠪᠠᠷ ᠶᠠᠷᠢᠯᠴᠠᠪᠠ᠃ ᠲᠡᠷᠡ᠂ ᠭᠦᠢᠯᠢᠨ ᠪᠣᠯ ᠠᠭᠤᠯᠠ ᠤᠰᠤ ᠪᠠᠷ ᠢᠶᠠᠨ ᠳᠡᠯᠡᠬᠡᠶ ᠳᠤ ᠠᠯᠲᠠᠷᠰᠢᠭᠰᠠᠠ | ᠵᠢᠭᠤᠯᠴᠢᠯᠠᠯ ᠤᠨ ᠨᠠᠷᠠᠲᠤ ᠬᠤᠲᠠ ᠮᠥᠨ᠃ ᠡᠨᠡ ᠪᠣᠯ ᠡᠬᠡ ᠪᠠᠶᠢᠭᠠᠯᠢ ᠠᠴᠠ ᠳᠤᠮᠳᠠᠳᠤ ᠶᠢᠨ ᠦᠨᠳᠦᠰᠦᠲᠡᠨ ᠳᠤ | ᠰᠣᠶᠣᠷᠬᠠᠭᠰᠠᠨ ᠡᠷᠳᠡᠨᠢᠲᠦ ᠭᠠᠵᠠᠷ ᠮᠦᠨ᠂ ᠡᠷᠬᠡᠪᠰᠢ ᠰᠠᠶᠢᠲᠤᠷ ᠬᠠᠮᠠᠭᠠᠯᠠᠬᠤ ᠬᠡᠷᠡᠭᠲᠡᠶ᠃ ᠠᠷᠠᠳ ᠲᠦᠮᠡᠨ ᠢᠶᠠᠷ | ᠭᠤᠤᠯ ᠪᠣᠯᠭᠠᠬᠤ ᠶᠢ ᠪᠠᠷᠢᠮᠲᠠᠯᠠᠵᠤ᠂ ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ | ᠢᠯᠡᠷᠡᠭᠦᠯᠵᠦ᠂ ᠬᠡᠪ ᠠᠶᠠᠰ ᠴᠢᠨᠠᠷ ᠲᠡᠰ ᠢᠶᠠᠨ ᠳᠡᠭᠡᠭᠰᠢᠯᠡᠭᠦᠯᠤᠨ᠂ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠶ᠂ | ᠨᠠᠷᠬᠢᠨ ᠵᠢᠭᠤᠯᠴᠢᠯᠠᠬᠤ ᠳᠤ ᠲᠣᠬᠢᠯᠢᠭ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠡᠭᠦᠳᠴᠦ᠂ | ᠳᠡᠯᠡᠬᠡᠶ ᠶᠢᠨ ᠲᠠᠰ ᠤᠨ ᠵᠢᠭᠤᠯᠴᠢᠯᠠᠯ ᠤᠨ ᠬᠤᠲᠠ ᠶᠢ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠵᠢᠭᠠᠵᠦ | ᠭᠠᠷᠭᠠᠪᠠ᠃ | ᠲᠤᠰ ᠡᠳᠦᠷ ᠤᠨ ᠦᠳᠡ ᠶᠢᠨ ᠬᠤᠶᠢᠨ᠎ᠠ᠂ ᠰᠢ ᠶᠢᠨ ᠫᠢᠩ ᠯᠢᠤᠵᠸᠤ ᠬᠤᠳᠠ ᠳᠤ ᠬᠦᠷᠴᠤ ᠰᠢᠨᠵᠢᠯᠡᠨ | ᠪᠠᠶᠢᠴᠠᠭᠠᠪᠠ᠃ ᠭᠤᠸᠠᠩᠰᠢ ᠶᠢᠨ ᠯᠢᠦ ᠭᠦᠩ ᠪᠦᠯᠦᠭᠯᠡᠯ ᠺᠣᠮᠫᠠᠨᠢ ᠳᠤ᠂ ᠰᠢ ᠶᠢᠨ ᠫᠢᠩ ᠤᠷᠢᠳ ᠬᠤᠵᠢᠳ | ᠺᠣᠮᠫᠠᠨᠢ ᠶᠢᠨ ᠦᠵᠡᠭᠦᠯᠭᠡ ᠶᠢᠨ ᠲᠢᠩᠬᠢᠮ᠂ ᠰᠤᠳᠤᠯᠤᠨ ᠨᠡᠭᠡᠭᠡᠬᠦ ᠲᠤᠷᠰᠢᠯᠲᠠ ᠶᠢᠨ ᠲᠥᠪ᠂ ᠤᠳᠬᠤᠭᠤᠷ ᠮᠠᠰᠢᠨ | ᠤᠭᠰᠠᠷᠠᠨ ᠲᠣᠨᠣᠭᠯᠠᠬᠤ ᠦᠢᠯᠡᠳᠪᠦᠷᠢ ᠵᠡᠷᠭᠡ ᠪᠠᠷ ᠬᠦᠷᠴᠦ᠂ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠴᠤ᠂ ᠭᠤᠣᠯ ᠪᠤᠯᠬᠤ ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠦ᠂ ᠠᠵᠤ | ᠠᠬᠤᠶᠢᠯᠠᠯ ᠤᠨ ᠠᠵᠢᠯᠳᠠᠨ ᠠᠵᠢᠯᠴᠢᠨ ᠪᠣᠯᠤᠨ ᠮᠡᠷᠭᠡᠵᠢᠯ ᠰᠤᠳᠤᠯᠤᠨ ᠨᠡᠭᠡᠭᠡᠬᠦ ᠬᠥᠮᠦᠰ ᠲᠠᠢ ᠳᠣᠲᠣᠨᠣ ᠪᠠᠷ | ᠶᠠᠷᠢᠯᠴᠠᠪᠠ᠃ ᠰᠢ ᠶᠢᠨ ᠫᠢᠩ᠂ ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠣᠯ ᠮᠠᠨ ᠤ ᠤᠯᠤᠰ ᠤᠨ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠭᠤᠣᠯᠳᠠᠯᠭ᠎ᠠ ᠶᠢᠨ ᠭᠤᠣᠯᠳᠠᠯᠭ᠎ᠠ ᠪᠣᠯᠤᠨ᠎ᠠ᠂ ᠨᠡᠶᠢᠭᠡᠮ | ᠵᠢᠷᠤᠮᠲᠦ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ᠂ ᠪᠣᠳᠠᠲᠤ ᠴᠣᠭᠴᠠ ᠶᠢᠨ ᠠᠵᠤ | ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠳᠤ ᠴᠥᠮ ᠦᠢᠯᠡᠳᠬᠦ ᠦᠢᠯᠡᠰ ᠠᠴᠠ ᠰᠠᠯᠵᠤ ᠴᠢᠳᠠᠬᠤ ᠦᠭᠡᠢ ᠶᠤᠮ | ᠂ ᠠᠵᠤ ᠦᠢᠯᠡᠰ ᠤᠨ ᠰᠢᠯᠢᠳᠡᠭᠵᠢᠨ ᠲᠡᠰ ᠳᠡᠪᠰᠢᠭᠦ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦ ᠲᠠᠯᠪᠢᠬᠤ | ᠬᠡᠷᠡᠭᠲᠡᠢ᠃ ᠭᠠᠭᠴᠠ ᠬᠦ ᠰᠢᠨ᠎ᠡ ᠶᠢ ᠡᠭᠦᠳᠪᠡᠯ ᠰᠠᠶ᠋ᠢ ᠥᠪᠡᠷ ᠢ ᠪᠠᠨ ᠬᠦᠴᠦᠷᠬᠡᠭᠵᠢᠭᠦᠯᠵᠦ᠂ ᠲᠡᠷᠢᠭᠦᠨ ᠤ ᠬᠢ | ᠪᠤᠯᠬᠤ ᠪᠠᠷ ᠬᠦᠴᠦᠯᠡᠨ ᠴᠢᠷᠮᠠᠶᠢᠵᠤ ᠴᠢᠳᠠᠨ᠎ᠠ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠰᠢᠨ᠎ᠠ ᠵᠠᠮ ᠢᠶᠠᠷ ᠡᠷᠡᠰ | ᠭᠤᠶᠢᠪᠢᠰᠢ ᠦᠭᠡᠢ ᠵᠠᠮᠨᠠᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠥᠪᠡᠷ ᠤᠨ | ᠭᠠᠷ ᠲᠠᠭᠠᠨ ᠪᠠᠲᠤ ᠡᠵᠡᠮᠳᠡᠬᠦ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠠᠬᠢ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠪᠠ ᠺᠣᠮᠫᠠᠨᠢ ᠶᠢᠨ | ᠵᠠᠰᠠᠯᠲᠠ ᠶᠢ ᠲᠡᠭᠦᠯᠳᠡᠷᠵᠢᠭᠦᠯᠬᠦ ᠶᠢ ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤᠮᠳᠠ ᠨᠠᠮ ᠤᠨ ᠪᠠᠶᠢᠭᠤᠯᠤᠯᠲᠠ ᠶᠢ ᠰᠠᠶᠢᠲᠤᠷ ᠬᠢᠵᠦ᠂ ᠠᠵᠤ | ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢᠨ ᠶᠠᠪᠤᠴᠠ ᠳᠠᠬᠢ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠠᠷᠠᠭ᠎ᠠ ᠨᠢ᠂ ᠰᠢ ᠶᠢᠨ ᠫᠢᠩ ᠯᠢᠦᠵᠸᠦ ᠶᠢᠨ ᠭᠤᠤᠯ ᠤᠨ ᠲᠤᠩ ᠤᠨ ᠰᠤᠷ ᠪᠤᠳᠠᠭᠠᠨ ᠤ ᠦᠢᠯᠡᠳᠪᠦᠷᠢᠯᠡᠯ | ᠲᠥᠪᠯᠡᠷᠡᠭᠰᠡᠨ ᠣᠷᠣᠨ ᠳᠤ ᠬᠦᠷᠴᠦ᠂ ᠭᠤᠤᠯ ᠤᠨ ᠲᠤᠩ ᠤᠨ ᠰᠤᠷ ᠪᠤᠳᠠᠭᠠᠨ ᠤ ᠤᠨᠴᠠᠯᠢᠬᠳᠤ ᠠᠵᠤ ᠦᠢᠯᠡᠰ ᠤᠨ | ᠠᠵᠢᠯ ᠣᠯᠭᠤᠯᠲᠠ ᠶᠢ ᠠᠬᠢᠭᠤᠯᠵᠤ᠂ ᠲᠠᠷᠢᠶᠠᠴᠢᠳ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠭᠰᠡᠨ ᠵᠡᠷᠭᠡ | ᠪᠠᠶᠢᠳᠠᠯ ᠢ ᠨᠠᠷᠢᠨ ᠣᠶᠢᠯᠠᠭᠠᠪᠠ᠃ ᠰᠢ ᠶᠢᠨ ᠫᠢᠩ᠂ ᠤᠨᠴᠠᠯᠢᠬᠳᠤ ᠠᠵᠤ ᠦᠢᠯᠡᠰ ᠢ ᠬᠥᠭᠵᠢᠭᠦᠯᠬᠦ ᠪᠣᠯ ᠣᠷᠣᠨ | ᠨᠤᠲᠤᠭ ᠤᠨ ᠪᠣᠳᠠᠲᠤ ᠴᠣᠭᠴᠠ ᠶᠢᠨ ᠠᠵᠤ ᠠᠬᠤᠢ ᠶᠢ ᠪᠣᠳᠠᠲᠠᠶᠢᠵᠢᠭᠤᠯᠤᠨ ᠬᠦᠴᠦᠷᠬᠡᠭᠵᠢᠭᠦᠯᠵᠦ | ᠰᠢᠯᠢᠳᠡᠭᠵᠢᠭᠦᠯᠬᠦ ᠶᠢᠨ ᠨᠢᠭᠡᠨ ᠪᠣᠳᠠᠲᠤ ᠠᠷᠭ᠎ᠠ ᠬᠡᠮᠵᠢᠶ᠎ᠠ ᠮᠥᠨ᠂ ᠲᠤᠰ ᠪᠡᠶ᠎ᠡ ᠶᠢᠨ ᠨᠥᠬᠦᠴᠡᠯ ᠪᠣᠯᠤᠨ | ᠳᠠᠪᠠᠭᠤᠯᠢᠭ ᠲᠠᠢ ᠪᠠᠨ ᠤᠶᠠᠯᠳᠤᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠶᠠᠰᠤ | ᠴᠢᠨᠠᠷ ᠤᠨ ᠠᠮᠤᠷ ᠲᠦᠪᠰᠢᠨ ᠤ ᠪᠣᠭᠤᠮᠲᠠ ᠶᠢ ᠪᠠᠳᠤ ᠰᠠᠬᠢᠵᠤ᠂ ᠪᠠᠷᠢᠮᠵᠢᠶᠠᠵᠢᠭᠤᠯᠤᠯᠲᠠ᠂ ᠲᠦᠷᠦᠯ | ᠲᠡᠮᠳᠡᠭᠴᠢᠯᠡᠯᠲᠡ ᠶᠢ ᠠᠬᠢᠭᠤᠯᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠠᠪᠰᠤᠷᠤᠨ | ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ | ᠪᠤᠵᠠᠭᠠᠶᠢᠷᠬᠠᠤ ᠶᠢ ᠵᠣᠷᠢᠭᠵᠢᠭᠤᠯᠤᠨ ᠳᠡᠮᠵᠢᠵᠦ᠂ ᠬᠥᠲᠥᠯᠥᠨ ᠵᠢᠯᠣᠭᠤᠳᠬᠤ ᠬᠡᠷᠡᠭᠲᠡᠶ ᠭᠡᠵᠦ ᠵᠢᠭᠠᠵᠦ ᠭᠠᠷᠭᠠᠪᠠ᠃ | ᠭᠤᠸᠠᠩᠰᠢ ᠪᠣᠯ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ ᠬᠠᠮᠤᠭ ᠤᠨ | ᠣᠯᠠᠨ ᠪᠠᠶᠢᠳᠠᠭ ᠥᠪᠡᠷᠲᠡᠭᠡᠨ ᠵᠠᠰᠠᠬᠤ ᠣᠷᠣᠨ ᠪᠣᠯᠤᠨ᠎ᠠ᠃ 27 ᠤ ᠦᠳᠡ ᠶᠢᠨ ᠡᠮᠦᠨ᠎ᠡ᠂ ᠰᠢ ᠶᠢᠨ ᠫᠢᠩ ᠨᠠᠨᠨᠢᠩ | ᠬᠤᠲᠠ ᠶᠢᠨ ᠶᠦᠩᠵᠢᠶᠠᠩ ᠮᠦ᠋ᠷᠠᠠ ᠤ ᠬᠥᠪᠡᠭᠡᠨ ᠳᠤ ᠪᠠᠶᠢᠭ᠎ᠠ ᠭᠤᠸᠠᠩᠰᠢ ᠶᠢᠨ ᠦᠨᠳᠦᠰᠦᠲᠡᠨ ᠤ ᠮᠦᠽᠧᠢ ᠳᠤ | ᠬᠦᠷᠴᠦ᠂ ᠵᠤᠸᠠᠩ ᠦᠨᠳᠦᠰᠦᠲᠡᠨ ᠤ ᠰᠣᠶᠣᠯ ᠤᠨ ᠦᠵᠡᠭᠦᠯᠭᠡ ᠶᠢ ᠲᠣᠭᠤᠷᠢᠨ ᠦᠵᠡᠪᠡ᠃ ᠮᠦᠽᠧᠶ ᠶᠢᠨ ᠭᠠᠳᠠᠨ᠎ᠠ | ᠂ ᠭᠤᠷᠪᠠᠨ ᠰᠠᠷ᠎ᠠ ᠶᠢᠨ ᠭᠤᠷᠪᠠᠨ ᠤ ︽ᠳᠠᠭᠤᠤ ᠶᠢᠨ ᠨᠠᠶᠢᠷ︾ ᠤᠨ ᠵᠤᠸᠠᠩ ᠦᠨᠳᠦᠰᠦᠲᠡᠨ ᠤ ᠡᠯᠭᠦᠭᠡ ᠳᠠᠭᠤᠤ | ᠵᠡᠷᠭᠡ ᠦᠨᠳᠦᠰᠦᠲᠡᠨ ᠤ ᠰᠣᠶᠣᠯ ᠤᠨ ᠠᠵᠢᠯᠯᠠᠭ᠎ᠠ ᠶᠢ ᠲᠥᠪᠯᠡᠷᠡᠭᠦᠯᠦᠨ ᠬᠠᠷᠠᠭᠤᠯᠵᠤ ᠪᠠᠶᠢᠪᠠ᠃ ᠰᠢ ᠶᠢᠨ ᠫᠢᠩ᠂ | ᠭᠤᠸᠠᠩᠰᠢ ᠪᠣᠯ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ | ᠪᠣᠯᠤᠨ᠎ᠠ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠬᠤ ᠬᠡᠷᠡᠭᠲᠡᠢ᠃ | ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠠᠪᠰᠢᠵᠤ᠂ ᠬᠠᠮᠲᠤ ᠪᠠᠷ ᠴᠡᠴᠡᠭᠯᠡᠨ ᠬᠥᠭᠵᠢᠬᠦ ᠪᠣᠯ | ᠳᠤᠮᠳᠠᠳᠤ ᠶᠢᠨ ᠦᠨᠳᠦᠰᠦᠲᠡᠨ ᠤ ᠠᠮᠢ ᠨᠠᠰᠤ᠂ ᠬᠦᠴᠦᠨ ᠴᠢᠳᠠᠯ᠂ ᠬᠦᠰᠡᠯ ᠡᠷᠡᠮᠡᠯᠵᠡᠯ ᠤᠨ ᠡᠬᠢ ᠰᠤᠷᠪᠤᠯᠵᠢ ᠮᠦᠨ | ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠤᠭᠡᠨ ᠪᠠᠶᠢᠭᠤᠯᠬᠤ ᠰᠢᠨ᠎ᠡ ᠠᠶᠠᠨ ᠵᠠᠮ ᠳᠤ | ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ᠂ ᠦᠨᠳᠦᠰᠦᠲᠡᠨ ᠨᠦᠭᠦᠳ ᠤᠨ ᠠᠷᠠᠳ ᠲᠦᠮᠡᠨ | ᠰᠡᠳᠬᠢᠯ ᠵᠢᠷᠦᠬᠡ ᠪᠠᠨ ᠬᠤᠯᠪᠣᠨ ᠪᠦᠯᠬᠦᠮᠳᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠰᠠᠶᠢᠨ ᠰᠠᠶᠢᠬᠠᠨ | ᠢᠷᠡᠭᠡᠳᠦᠢ ᠶᠢ ᠬᠠᠮᠲᠤ ᠪᠠᠷ ᠴᠣᠭᠴᠠᠯᠠᠨ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠩᠭᠡ | ᠭᠡᠷᠡᠯ ᠢ ᠬᠠᠮᠲᠤ ᠪᠠᠷ ᠡᠳ᠋ᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠲᠤᠰ ᠡᠳᠦᠷ ᠤᠨ ᠦᠳᠡ ᠶᠢᠨ ᠡᠮᠦᠨ᠎ᠡ᠂ ᠰᠢ ᠶᠢᠨ ᠫᠢᠩ ᠭᠤᠸᠠᠩᠰᠢ ᠶᠢᠨ ᠵᠤᠸᠠᠩ ᠦᠨᠳᠦᠰᠦᠲᠡᠨ ᠤ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠭᠤᠸᠠᠩᠰᠢ ᠶᠢᠨ ᠡᠯ᠎ᠡ ᠲᠠᠯ᠎ᠠ ᠶᠢᠨ ᠠᠵᠢᠯ ᠤᠨ ᠤᠯᠤᠭᠰᠠᠨ ᠠᠮᠵᠢᠯᠲᠠ ᠶᠢ | ᠨᠤᠲᠠᠯᠠᠵᠤ᠂ ᠭᠤᠸᠠᠩᠰᠢ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠨᠡᠶᠢᠭᠡᠮ ᠵᠢᠷᠦᠮᠳᠤ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠭᠤᠸᠠᠩᠰᠢ ᠶᠢᠨ ᠬᠠᠭᠤᠳᠠᠰᠤ ᠶᠢ ᠴᠢᠷᠮᠠᠶᠢᠨ | ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠶᠢ | ᠬᠦᠰᠡᠪᠡ᠃ | ᠰᠢ ᠶᠢᠨ ᠫᠢᠩ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ | ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠶᠢᠨ ᠣᠷᠣᠨ ᠨᠤᠲᠤᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠳᠠᠬᠢ ᠵᠠᠷᠴᠢᠮ | ᠱᠠᠭᠠᠷᠳᠠᠯᠭ᠎ᠠ ᠶᠢ ᠭᠦᠨᠵᠡᠭᠡᠢ ᠲᠠᠨᠢᠬᠤ ᠬᠡᠷᠡᠭᠲᠡᠢ ᠪᠥᠭᠡᠳ ᠪᠠᠰᠠ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠦᠢᠯᠡᠴᠢᠯᠡᠬᠦ ᠪᠠ ᠠᠭᠤᠰᠤᠯᠴᠠᠬᠤ ᠶᠠᠪᠤᠴᠠ ᠳᠠᠬᠢ ᠲᠤᠰ ᠭᠠᠵᠠᠷ ᠣᠷᠣᠨ ᠤ ᠪᠠᠨ ᠬᠠᠷᠢᠴᠠᠭᠤᠯᠤᠭᠰᠠᠨ ᠳᠠᠪᠠᠭᠤᠯᠢᠭ ᠢ | ᠣᠨᠣᠪᠴᠢᠲᠠᠢ ᠡᠵᠡᠮᠳᠡᠵᠦ᠂ ᠭᠠᠵᠠᠷ ᠤᠷᠤᠨ ᠤ ᠪᠠᠨ ᠪᠣᠳᠠᠲᠤ ᠪᠠᠶᠢᠳᠠᠯ ᠳᠤ ᠨᠡᠶᠢᠴᠡᠭᠰᠡᠨ ᠴᠢᠨᠠᠷ ᠰᠠᠶᠢᠲᠠᠢ | ᠬᠥᠭᠵᠢᠯᠲᠡ ᠶᠢᠨ ᠵᠠᠮ ᠢ ᠨᠡᠭᠡᠭᠡᠬᠦ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ ᠳᠡᠭᠡᠳᠦ ᠲᠡᠰᠵᠢᠬᠦ᠂ | ᠤᠶᠤᠨᠴᠢᠯᠠᠬᠤ᠂ ᠪᠣᠬᠢᠷᠲᠤᠯ ᠦᠭᠡᠢ ᠪᠤᠯᠬᠤ ᠶᠢ ᠠᠬᠢᠭᠤᠯᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ | ᠰᠢᠯᠢᠳᠡᠭᠵᠢᠨ ᠲᠡᠰ ᠳᠡᠪᠰᠢᠭᠦ ᠶᠢ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠢᠳᠡᠪᠬᠢᠲᠡᠢ | ᠪᠤᠶᠢᠵᠢᠭᠤᠯᠤᠨ᠂ ᠲᠤᠭ᠎ᠠ ᠪᠠᠷᠢᠮᠳᠠ ᠶᠢᠨ ᠠᠵᠤ ᠦᠢᠯᠡᠰᠵᠢᠯᠲᠡ ᠪᠠ ᠠᠵᠤ ᠦᠢᠯᠡᠰ ᠤᠨ ᠲᠣᠭᠠᠴᠢᠯᠠᠯᠲᠠ ᠶᠢ | ᠲᠦᠷᠭᠡᠳᠬᠡᠬᠦ ᠬᠡᠷᠡᠭᠲᠡᠢ᠃ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠬᠤᠶᠠᠷ ᠡᠷᠡᠰ ᠭᠤᠶᠢᠪᠢᠰᠢ | ᠦᠭᠡᠢ︾ ᠶᠢ ᠪᠠᠷᠢᠮᠲᠠᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠡᠷᠡᠭᠲᠡᠢ᠃ | ᠰᠢᠨ᠎ᠡ ᠶᠢ ᠡᠭᠦᠳᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠶᠢ ᠡᠭᠦᠳᠬᠦ ᠠᠮᠢ ᠠᠬᠤᠢ ᠤᠷᠴᠢᠨ | ᠨᠦᠬᠦᠴᠡᠯ ᠢ ᠰᠢᠯᠢᠳᠡᠭᠵᠢᠭᠦᠯᠦᠨ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠡᠯᠧᠮᠧᠨ᠋ᠲ ᠤᠨ ᠠᠵᠤ ᠠᠬᠤᠶᠢᠯᠠᠯ | ᠲᠡᠶᠢᠰᠢ ᠲᠥᠪᠯᠡᠷᠡᠬᠦ ᠶᠢ ᠠᠬᠢᠭᠤᠯᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ ᠶᠢ ᠠᠬᠢᠭᠤᠯᠬᠤ ᠬᠡᠷᠡᠭᠲᠡᠢ᠃ | ᠬᠥᠬᠡᠮᠥ᠋ᠷᠡᠨ ᠤ ᠠᠵᠤ ᠠᠬᠤᠶ ᠶᠢᠨ ᠪᠦᠰᠡ ᠶᠢᠨ ᠬᠥᠭᠵᠢᠯᠲᠡ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ | ᠪᠤᠯᠤᠩ ᠤᠨ ᠣᠷᠣᠨ ᠤ ᠪᠥᠲᠥᠭᠡᠨ ᠪᠠᠶᠢᠭᠤᠯᠤᠯᠲᠠ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠲᠠᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ | ᠪᠠᠶᠢᠭᠤᠯᠬᠤ ᠳᠤ ᠠᠭᠤᠰᠤᠯᠴᠠᠵᠤ᠂ ᠪᠠᠷᠠᠭᠤᠨ ᠬᠡᠰᠡᠭ ᠤᠨ ᠡᠬᠡ ᠬᠠᠭᠤᠷᠠᠶ ᠪᠠ ᠲᠡᠯᠡᠶ ᠶᠢᠨ ᠰᠢᠨ᠎ᠡ ᠵᠠᠮ ᠢ ᠥᠨᠳᠥᠷ | ᠲᠦᠪᠰᠢᠨ ᠢᠶᠠᠷ ᠬᠠᠮᠲᠤ ᠪᠠᠷ ᠪᠥᠲᠥᠭᠡᠨ ᠪᠠᠶᠢᠭᠤᠯᠵᠤ᠂ ᠲᠡᠯᠡᠶ ᠳᠤ ᠬᠠᠨᠳᠤᠭᠰᠠᠨ ᠠᠵᠤ ᠠᠬᠤᠶ ᠶᠢ ᠶᠡᠭᠡ ᠪᠠᠷ | ᠬᠥᠭᠵᠢᠭᠦᠯᠤᠨ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ | ᠨᠡᠭᠡᠭᠡᠯᠳᠡᠳᠤ ᠬᠠᠮᠲᠤᠷᠠᠯᠴᠠᠭ᠎ᠠ ᠶᠢ ᠠᠬᠢᠭᠤᠯᠵᠤ᠂ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠰᠠᠶᠢᠲᠤᠷ | ᠡᠷᠭᠢᠯᠡᠵᠦ᠂ ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠢᠶᠠᠨ ᠨᠡᠭᠡᠭᠡᠯᠲᠡ ᠬᠢᠵᠦ ᠬᠥᠭᠵᠢᠭᠦᠯᠬᠦ ᠳᠠᠪᠠᠭᠤᠯᠢᠭ | ᠪᠤᠯᠭᠠᠨ ᠨᠡᠩ ᠰᠠᠶᠢᠳᠦᠷ ᠬᠤᠪᠢᠷᠠᠭᠤᠯᠬᠤ ᠬᠡᠷᠡᠭᠲᠡᠶ ᠭᠡᠵᠤ ᠵᠢᠭᠠᠵᠤ ᠭᠠᠷᠭᠠᠵᠠᠢ᠃ | ᠰᠢ ᠶᠢᠨ ᠫᠢᠩ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠭᠤᠤ ᠶᠡᠭᠡ ᠵᠣᠷᠢᠭ | ᠰᠠᠨᠠᠭ᠎ᠠ ᠶᠢ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠵᠤ᠂ | ᠬᠥᠳᠡᠭᠡ ᠲᠣᠰᠬᠤᠨ ᠤ ᠳᠣᠣᠷ᠎ᠠ ᠣᠷᠣᠯᠭ᠎ᠠ ᠲᠠᠢ ᠬᠥᠮᠦᠨ ᠠᠮᠠ ᠶᠢ ᠬᠠᠪᠰᠤᠷᠤᠨ ᠲᠡᠳᠬᠦᠬᠦ ᠶᠢ ᠪᠠᠶᠢᠩᠭᠤᠵᠢᠭᠤᠯᠬᠤ | ᠲᠣᠭᠲᠠᠴᠠ ᠶᠢ ᠪᠦᠷᠢᠨᠰᠢᠬᠦᠯᠤᠨ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠤᠨᠴᠠᠯᠢᠬᠳᠤ ᠠᠵᠤ | ᠦᠢᠯᠡᠰ ᠤᠨ ᠬᠥᠭᠵᠢᠯᠲᠡ ᠶᠢ ᠦᠷᠭᠦᠯᠵᠢᠯᠡᠨ ᠲᠡᠮᠵᠢᠵᠤ᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ | ᠳᠡᠮᠵᠢᠯᠭᠡ ᠪᠠᠨ ᠴᠢᠩᠭᠠᠳᠬᠠᠬᠤ ᠬᠡᠷᠡᠭᠲᠡᠢ᠃ ᠭᠤᠸᠠᠩᠰᠢ ᠶᠢᠨ ᠤᠢ ᠰᠢᠭᠤᠢ ᠵᠢᠮᠢᠰ ᠢᠳᠡᠰᠢᠨ ᠨᠣᠭᠤᠭ᠎ᠠ ᠰᠢᠬᠢᠷ | ᠵᠡᠷᠭᠡ ᠤᠨᠴᠠᠯᠢᠬᠳᠤ ᠡᠬᠢ ᠪᠠᠶᠠᠯᠢᠭ ᠲᠤ ᠰᠠᠭᠤᠷᠢᠯᠠᠵᠤ᠂ ᠨᠢᠭᠡ ᠪᠦᠯᠦᠭ ᠤᠨᠴᠠᠯᠢᠬᠳᠤ ᠲᠠᠷᠢᠶᠠᠯᠠᠩ ᠤᠨ ᠠᠵᠤ | ᠦᠢᠯᠡᠰ ᠤᠨ ᠪᠦᠯᠦᠭᠵᠢᠯ ᠢ ᠴᠣᠭᠴᠠᠯᠠᠬᠤ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ | ᠠᠳᠠᠯᠢᠬᠠᠨ ᠬᠠᠷᠢᠭᠤᠴᠠᠯᠭ᠎ᠠ ᠡᠭᠦᠷᠭᠡᠯᠡᠬᠦ ᠶᠢ ᠴᠢᠩᠭ᠎ᠠ ᠬᠡᠷᠡᠭᠵᠢᠭᠦᠯᠵᠦ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠮᠤ | ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠬᠦ ᠬᠡᠷᠡᠭᠲᠡᠢ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ | ᠨᠡᠭᠦᠷᠡᠰᠦᠲᠥ᠋ᠷᠥᠭᠴᠢ ᠶᠢ ᠤᠷᠬᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠠᠵᠤ | ᠠᠬᠤᠢ ᠨᠡᠶᠢᠭᠡᠮ ᠤᠨ ᠬᠥᠭᠵᠢᠯᠲᠡ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠦᠬᠦᠯᠢ | ᠴᠣᠭᠴᠠ ᠶᠢᠨ ᠪᠠᠶᠢᠷᠢᠰᠢᠭᠤᠯᠤᠯᠲᠠ ᠳᠤ ᠣᠷᠣᠭᠤᠯᠵᠤ᠂ ᠪᠣᠬᠢᠷᠲᠤᠯ ᠦᠭᠡᠢ ᠳᠤᠤᠷ᠎ᠠ ᠨᠡᠭᠦᠷᠡᠰᠦᠲᠥ᠋ᠷᠥᠭᠴᠢᠳᠤ | ᠡᠷᠬᠢᠯᠳᠡᠳᠤ ᠬᠥᠭᠵᠢᠯᠲᠡ ᠶᠢᠨ ᠠᠵᠤ ᠠᠬᠤᠢ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠤ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠲᠡᠶᠢᠰᠢ ᠪᠠᠨ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃ | ᠰᠢ ᠶᠢᠨ ᠫᠢᠩ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠤ᠂ ᠠᠵᠢᠯ | ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠪᠣᠯᠤᠨ ᠢᠳᠡᠪᠬᠢᠲᠡᠢ ᠠᠵᠢᠯ ᠣᠯᠭᠤᠯᠲᠠ ᠶᠢᠨ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ ᠤᠶᠤᠳᠠᠳ᠂ | ᠴᠡᠷᠢᠭ ᠠᠴᠠ ᠬᠠᠯᠠᠭᠳᠠᠭᠰᠠᠳ᠂ ᠬᠥᠯᠥᠰᠥᠨ ᠲᠠᠷᠢᠶᠠᠴᠢᠨ ᠪᠣᠯᠤᠨ ᠬᠤᠳᠠ ᠪᠠᠯᠭᠠᠰᠤᠨ ᠤ ᠬᠦᠴᠢᠷᠳᠡᠯᠲᠡᠢ ᠬᠥᠮᠦᠰ | ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠤᠯᠠᠨ ᠠᠷᠭ᠎ᠠ | ᠵᠠᠮ ᠢᠶᠠᠷ ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ | ᠠᠴᠢᠶᠠᠨ ᠤ ᠮᠠᠰᠢᠨ ᠤ ᠵᠢᠯᠣᠭᠤᠴᠢ᠂ ᠲᠦᠷᠭᠡᠨ ᠬᠦᠷᠭᠡᠯᠳᠡ ᠶᠢᠨ ᠰᠢᠤᠳᠠᠨᠴᠢ᠂ ᠵᠠᠬᠢᠶᠠᠯᠠᠭ᠎ᠠ ᠶᠢᠨ ᠬᠤᠭᠤᠯᠠ | ᠬᠦᠷᠭᠡᠭᠴᠢ ᠵᠡᠷᠭᠡ ᠶᠢᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠬᠤ ᠬᠡᠷᠡᠭᠲᠡᠢ᠃ ᠨᠠᠮ ᠤᠨ ᠰᠤᠷᠭᠠᠨ | ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ | ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠶᠢᠨ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠳᠠᠬᠢ ᠵᠢᠷᠤᠮᠵᠢᠭᠰᠠᠨ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠢ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ | ᠴᠢᠩᠭᠠᠳᠬᠠᠨ᠂ ᠡᠮᠨᠡᠬᠦ ᠰᠡᠷᠭᠡᠶᠢᠯᠡᠬᠦ ᠶᠢ ᠬᠠᠮᠵᠢᠯᠴᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠦᠨᠳᠦᠰᠦᠨ | ᠱᠠᠲᠤᠨ ᠤ ᠰᠡᠷᠭᠡᠶᠢᠯᠡᠬᠦ᠂ ᠡᠮᠨᠡᠨ ᠵᠠᠰᠠᠬᠤ᠂ ᠰᠤᠪᠢᠯᠠᠬᠤ ᠡᠷᠡᠭᠦᠯᠵᠢᠭᠦᠯᠬᠦ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠥᠴᠦᠬᠡᠨ ᠴᠦ | ᠰᠤᠯᠠᠷᠠᠭᠤᠯᠤᠯ ᠦᠭᠡᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ | ᠴᠢᠩᠭ᠎ᠠ ᠰᠡᠷᠭᠡᠶᠢᠯᠡᠵᠦ᠂ ᠤᠨᠴᠠ ᠬᠦᠨᠳᠤ ᠶᠡᠭᠡ ᠠᠶᠤᠯᠭᠦᠢ ᠦᠢᠯᠡᠳᠪᠦᠷᠢᠯᠡᠯ ᠤᠨ ᠠᠳᠡᠯ ᠡᠭᠦᠰᠬᠦ ᠶᠢ ᠪᠦᠲᠦᠮᠵᠢᠲᠡᠢ | ᠬᠤᠷᠢᠡᠡᠯᠠᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠬᠦ | ᠬᠡᠷᠡᠭᠲᠡᠢ ᠭᠡᠵᠤ ᠵᠢᠭᠠᠵᠤ ᠭᠠᠷᠭᠠᠵᠠᠢ᠃ | ᠰᠢ ᠶᠢᠨ ᠫᠢᠩ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠢ ᠰᠠᠶᠢᠲᠤᠷ | ᠬᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠦᠳᠤᠯᠤᠨ ᠵᠢᠯᠣᠭᠤᠳᠴᠤ ᠪᠠᠶᠢᠭᠠᠳ ᠵᠥᠪ ᠤᠯᠤᠰ ᠤᠨ | ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ | ᠰᠤᠷᠲᠠᠬᠤᠨ ᠤ ᠦᠵᠡᠯᠲᠡ ᠲᠠᠢ ᠪᠤᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠡᠭᠡ | ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠴᠢᠩᠭᠠᠳᠬᠠᠨ᠂ | ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠬᠤ ᠬᠡᠷᠡᠭᠲᠡᠢ ᠭᠡᠵᠤ | ᠴᠢᠬᠤᠯᠠᠴᠢᠯᠠᠪᠠ᠃ | ᠰᠢ ᠶᠢᠨ ᠫᠢᠩ᠂ ᠭᠤᠸᠠᠩᠰᠢ ᠶᠢᠨ ᠬᠤᠪᠢᠰᠬᠠᠯ ᠤᠨ ᠡᠬᠢ ᠪᠠᠶᠠᠯᠢᠭ ᠡᠯᠪᠡᠭ ᠳᠡᠯᠪᠡᠭ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠳᠤ ᠡᠳᠡᠭᠡᠷ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠡᠡᠯᠠᠵᠤ᠂ ᠲᠡᠦᠬᠡ ᠶᠢ | ᠰᠤᠷᠤᠯᠴᠠᠵᠦ ᠢᠲᠡᠭᠡᠯ ᠢᠶᠠᠨ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ᠃ ᠲᠡᠦᠬᠡ ᠶᠢ ᠰᠤᠷᠤᠯᠴᠠᠵᠤ ᠢᠲᠡᠭᠡᠯ ᠢᠶᠠᠨ | ᠨᠡᠮᠡᠭᠳᠡᠭᠦᠯᠬᠦ ᠪᠤᠯ ᠳᠠᠷᠤᠢ ᠢᠲᠡᠭᠡᠯ ᠪᠢᠰᠢᠷᠡᠯ᠂ ᠢᠲᠡᠭᠡᠯ ᠬᠦᠰᠡᠯ᠂ ᠢᠳᠡᠭᠡᠯ ᠵᠤᠷᠢᠭ ᠢᠶᠠᠨ ᠨᠡᠮᠡᠭᠳᠡᠭᠦᠯᠬᠦ ᠶᠠᠪᠤᠳᠠᠯ | ᠪᠤᠯᠤᠨ᠎ᠠ᠂ ᠡᠨᠡ ᠪᠣᠯ ᠪᠢᠳᠡᠨ ᠤ ᠠᠯᠢᠪᠠ ᠬᠦᠴᠦᠷᠬᠡᠭ ᠳᠠᠶᠢᠰᠤᠨ ᠢ ᠢᠯᠠᠬᠤ᠂ ᠠᠯᠢᠪᠠ ᠬᠦᠴᠢᠷ ᠪᠡᠷᠬᠡᠰᠢᠶᠡᠯ ᠢ ᠢᠯᠠᠨ | ᠳᠠᠪᠠᠭ᠋ᠤ᠂ ᠠᠯᠢᠪᠠ ᠢᠯᠠᠯᠲᠠ ᠶᠢ ᠲᠡᠮᠡᠴᠡᠨ ᠤᠯᠬᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠮᠥᠨ᠃ | ᠮᠠᠷᠺᠰ ᠤᠨ ᠦᠵᠡᠯ᠂ ᠡᠪ ᠬᠠᠮᠲᠤ ᠶᠣᠰᠣᠨ ᠤ ᠲᠤᠬᠠᠢ ᠢᠲᠡᠭᠡᠯ ᠪᠢᠰᠢᠷᠡᠯ ᠢᠶᠠᠨ ᠴᠢᠩᠭᠠᠳᠬᠠᠨ᠂ ᠥᠷᠭᠡᠨ ᠤᠯᠠᠨ | ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠨᠠᠮ ᠤᠨ ᠵᠠᠭᠤᠨ ᠵᠢᠯ ᠤᠨ ᠲᠡᠮᠡᠴᠡᠯ ᠤᠨ | ᠶᠠᠪᠤᠴᠠ ᠠᠴᠠ ᠢᠲᠡᠭᠡᠯ ᠪᠢᠰᠢᠷᠡᠯ ᠤᠨ ᠬᠦᠴᠦᠨ ᠢ ᠮᠡᠳᠡᠷᠡᠭᠦᠯᠦᠨ ᠤᠢᠢᠯᠠᠭᠠᠭᠤᠯᠵᠤ᠂ ᠢᠮᠠᠭᠲᠠ ᠡᠷᠡᠰ ᠬᠠᠳᠠᠨ | ᠰᠥᠰᠥ ᠵᠣᠷᠢᠭ ᠲᠠᠢ ᠪᠠᠶᠢᠯᠭᠠᠨ᠂ ᠡᠯ᠎ᠡ ᠵᠦᠢᠯ ᠤᠨ ᠬᠦᠨᠳᠦ ᠶᠡᠭᠡ ᠬᠦᠴᠢᠷ ᠪᠡᠷᠬᠡᠰᠢᠶᠡᠯ ᠪᠣᠯᠤᠨ ᠬᠠᠲᠠᠭᠤ ᠴᠢᠩᠭ᠎ᠠ | ᠥᠷᠢᠰᠥᠯᠳᠦᠭᠡᠨ ᠢ ᠵᠣᠷᠢᠭᠲᠠᠢ ᠢᠯᠠᠨ ᠳᠠᠪᠠᠭᠤᠯᠬᠤ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠲᠤᠬᠠᠢ ᠢᠲᠡᠭᠡᠯ ᠬᠦᠰᠡᠯ ᠢ ᠴᠢᠩᠭᠠᠳᠬᠠᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ | ᠬᠥᠮᠦᠵᠢᠭᠦᠯᠦᠨ ᠵᠢᠯᠣᠭᠤᠳᠴᠤ ᠪᠠᠶᠢᠭᠠᠳ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠪᠣᠯ | ᠲᠡᠦᠬᠡ ᠶᠢᠨ ᠬᠥᠭᠵᠢᠯᠲᠡ ᠶᠢᠨ ᠵᠠᠶᠢᠯᠠᠰᠢ ᠦᠭᠡᠢ ᠦᠷ᠎ᠡ ᠳ᠋ᠦᠩ ᠮᠥᠨ᠂ ᠳᠤᠮᠳᠠᠳᠤ ᠤᠯᠤᠰ ᠢ ᠬᠥᠭᠵᠢᠭᠦᠯᠬᠦ ᠳᠤ | ᠵᠠᠶᠢᠯᠠᠰᠢ ᠦᠭᠡᠢ ᠵᠠᠮᠨᠠᠬᠤ ᠵᠠᠮ ᠮᠥᠨ᠂ ᠦᠢᠯᠡᠳᠦᠯᠭᠡ ᠶᠢᠨ ᠰᠢᠯᠭᠠᠯᠳᠠ ᠶᠢ ᠦᠩᠭᠡᠷᠡᠭᠦᠯᠦᠭᠰᠡᠨ ᠰᠢᠨᠵᠢᠯᠡᠬᠦ | ᠤᠬᠠᠭᠠᠨᠴᠢ ᠦᠨᠡᠨ ᠶᠣᠰᠣ ᠮᠥᠨ ᠭᠡᠳᠡᠭ ᠢ ᠭᠦᠨᠵᠡᠭᠡᠢ ᠲᠠᠨᠢᠭᠤᠯᠵᠤ᠂ ᠵᠠᠮ ᠤᠨ ᠢᠲᠡᠭᠡᠯ᠂ ᠤᠨᠤᠯ ᠤᠨ ᠢᠲᠡᠭᠡᠯ᠂ | ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢ ᠨᠢ ᠢᠮᠠᠭᠲᠠ ᠪᠠᠲᠤᠳᠬᠠᠬᠤ ᠬᠡᠷᠡᠭᠲᠡᠢ᠃ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠢᠲᠡᠭᠡᠯ ᠵᠤᠷᠢᠭ ᠢ ᠴᠢᠩᠭᠠᠳᠬᠠᠨ᠂ ᠥᠷᠭᠡᠨ | ᠤᠯᠠᠨ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠵᠠᠪᠠᠯ ᠢᠯᠠᠬᠤ ᠢᠲᠡᠭᠡᠯ ᠢ ᠨᠢ ᠴᠢᠩᠭᠠᠳᠬᠠᠵᠤ᠂ ᠮᠠᠨ ᠤ ᠨᠠᠮ ᠯᠠᠪᠲᠠᠢ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ | ᠳᠡᠭᠡᠷ᠎ᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠵᠦ᠂ ᠮᠠᠨ ᠤ ᠡᠨᠡ | ᠦᠶ᠎ᠡ ᠶᠢᠨ ᠬᠥᠮᠦᠰ ᠲᠤ ᠬᠠᠷᠢᠶᠠᠯᠠᠭᠳᠠᠬᠤ᠂ ᠰᠢᠨ᠎ᠡ ᠴᠠᠭ ᠦᠶ᠎ᠡ ᠳᠤ ᠣᠰᠣᠯᠳᠠᠬᠤ ᠦᠭᠡᠢ ᠲᠡᠦᠬᠡᠲᠦ ᠭᠠᠪᠢᠶ᠎ᠠ | ᠵᠢᠳᠬᠦᠯ ᠪᠠᠶᠢᠭᠤᠯᠵᠤ ᠳᠡᠶᠢᠯᠬᠦ ᠶᠢ ᠪᠠᠳᠤ ᠢᠳᠡᠭᠡᠭᠦᠯᠬᠦ ᠬᠡᠷᠡᠭᠳᠠᠢ᠃ ᠢᠲᠡᠭᠡᠯ ᠪᠢᠰᠢᠷᠡᠯ᠂ ᠢᠲᠡᠭᠡᠯ ᠬᠦᠰᠡᠯ᠂ ᠢᠲᠡᠭᠡᠯ | ᠵᠤᠷᠢᠭ ᠪᠣᠯ ᠢᠯᠵᠠᠷᠠᠯ ᠢ ᠰᠡᠷᠭᠡᠶᠢᠯᠡᠬᠦ ᠬᠠᠮᠤᠭ ᠤᠨ ᠰᠠᠶᠢᠨ ᠡᠮ ᠮᠥᠨ᠃ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢ ᠢᠮᠠᠭᠲᠠ ᠰᠠᠶᠢᠲᠤᠷ ᠠᠳᠬᠤᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ | ᠂ ᠢᠯᠵᠠᠷᠠᠬᠤ ᠶᠢ ᠪᠤᠳᠤᠬᠤ ᠦᠭᠡᠢ ᠶᠢ ᠨᠢᠭᠡ ᠴᠤᠬᠴᠠᠵᠢᠭᠤᠯᠤᠨ ᠠᠬᠢᠭᠤᠯᠬᠤ ᠶᠢ ᠨᠡᠩ ᠤᠯᠠᠨ ᠲᠦᠷᠢᠮ ᠤᠨ | ᠴᠢᠨᠠᠷᠲᠠᠢ ᠦᠷ᠎ᠡ ᠪᠦᠲᠦᠭᠡᠯ ᠪᠠ ᠨᠡᠩ ᠶᠡᠭᠡ ᠵᠠᠰᠠᠯᠲᠠ ᠶᠢᠨ ᠦᠷ᠎ᠡ ᠪᠦᠲᠦᠮᠵᠢ ᠲᠠᠢ ᠪᠣᠯᠭᠠᠬᠤ ᠬᠡᠷᠡᠭᠲᠡᠢ ᠭᠡᠵᠤ | ᠵᠢᠭᠠᠵᠤ ᠭᠠᠷᠭᠠᠵᠠᠢ᠃ | ᠳ᠋ᠢᠩ ᠰᠢᠤᠸᠠᠢ ᠰᠢᠶᠠᠩ᠂ ᠯᠢᠦ ᠾᠧ᠂ ᠴᠧᠨ ᠰᠢ᠂ ᠾᠧ ᠯᠢ ᠹᠧᠩ ᠪᠣᠯᠤᠨ ᠲᠥᠪ ᠤᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | | | | | | | | | | | | | | |