ᠯᠢ ᠫᠸᠢ ᠰᠢᠶᠠ᠄ ᠡᠯᠧᠺᠲᠷᠣᠨ ᠬᠤᠳᠠᠯᠳᠤᠭᠠᠨ ᠤ ᠤᠶᠢᠯᠡᠰ ᠴᠣᠭᠴᠠᠯᠠᠯᠲᠠ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠬᠦ ᠬᠦᠴᠦᠨ ᠢ  ᠬᠦᠭᠵᠡᠭᠡᠪᠡ
ᠨᠡᠶᠢᠲᠡᠯᠡᠭᠰᠡᠨ ᠴᠠᠭ᠄
2021/4/8
    2020 ᠣᠨ ᠤ 6 ᠰᠠᠷ᠎ᠠ ᠳᠤ᠂ ᠨᠤᠲᠤᠭ ᠲᠠᠭᠠᠨ ᠪᠤᠴᠠᠵᠤ ᠤᠶᠢᠯᠡᠰ ᠴᠣᠭᠴᠠᠯᠠᠭᠰᠠᠨ ᠣᠶᠤᠲᠠᠨ ᠯᠢ ᠫᠧᠶ ᠰᠢᠶᠠ ᠯᠢᠶᠠᠩᠴᠧᠩ ᠤᠨ ᠢ ᠱᠠᠨ ᠢ ᠱᠦᠶ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠺᠣᠮᠫᠠᠨᠢ ᠶᠢ ᠡᠭᠦᠳᠦᠨ ᠪᠠᠶᠢᠭᠤᠯᠵᠤ᠂ ᠤᠯᠤᠰ ᠤᠨ ︽ᠢᠨᠲ᠋ᠧᠷ ᠰᠦᠯᠵᠢᠶ᠎ᠡ +︾ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠣᠰᠬᠤᠨ ᠠᠴᠠ ᠭᠠᠷᠭᠠᠵᠤ ᠬᠤᠲᠠ ᠳᠤ ᠣᠷᠣᠭᠤᠯᠬᠤ ᠢᠨᠵᠧᠨᠧᠷᠢᠩ ᠢ ᠢᠳᠡᠪᠬᠢᠲᠡᠶ ᠳᠠᠭᠠᠬᠤ ᠶᠢᠨ ᠲᠥᠯᠥᠭᠡ᠂ ᠯᠢ ᠫᠧᠶ ᠰᠢᠶᠠ ︽ᠳ᠋ᠠᠶ ᠬᠠᠶ ᠬᠤᠩ︾ ᠡᠯᠧᠺᠲᠷᠣᠨ ᠬᠤᠳᠠᠯᠳᠤᠭᠠᠨ ᠤ 10 ᠲᠦᠮᠡᠨ ᠯᠣᠩᠬᠤ ᠲᠣᠰᠣ ᠼᠤᠤ ᠶᠢᠨ ᠲᠥᠯᠥᠪᠯᠡᠭᠡ ᠪᠠ 6 ᠰᠢᠶᠠᠩ 2 ᠪᠠᠯᠭᠠᠰᠤᠨ ᠤ ᠨᠠᠷᠠᠲᠤ ᠲᠡᠮᠳᠡᠭ ᠤᠨ ᠲᠥᠯᠥᠪᠯᠡᠭᠡ ᠶᠢ ᠲᠣᠭᠲᠠᠭᠠᠵᠠᠶ᠃
           ︽ᠣᠲᠣ ᠪᠣᠯᠲᠠᠯ᠎ᠠ ᠯᠢᠶᠠᠩᠴᠧᠩ  ᠤᠨ ᠲᠣᠰᠣ ᠼᠤᠤ ᠶᠢ ᠨᠡᠶᠢᠲᠡ 67000 ᠭᠠᠷᠤᠶ ᠯᠣᠩᠬᠤ ᠪᠣᠷᠣᠯᠠᠭᠤᠯᠵᠤ᠂ ᠪᠥᠬᠦ ᠤᠯᠤᠰ ᠤᠨ 21 ᠮᠤᠵᠢ ᠬᠤᠲᠠ ᠥᠪᠡᠷᠲᠡᠭᠡᠨ ᠵᠠᠰᠠᠬᠤ ᠣᠷᠣᠨ ᠳᠤ ᠪᠣᠷᠣᠯᠠᠭᠤᠯᠵᠤ᠂ ᠨᠡᠶᠢᠲᠡ 5 ᠲᠦᠮᠡ ᠭᠠᠷᠤᠶ ᠦᠨᠡᠯᠡᠯᠲᠡ ᠥᠭᠴᠦ᠂ ᠵᠢᠱᠢᠯᠲᠡ ᠪᠠᠷ ᠡᠨᠡ ᠵᠢᠯ ᠤᠨ 6 ᠰᠠᠷ᠎ᠠ ᠳᠤ ᠺᠣᠮᠫᠠᠨᠢ ᠪᠠᠶᠢᠭᠤᠯᠤᠭᠳᠠᠭᠰᠠᠨ ᠡᠬᠢᠨ ᠤ ᠦᠶ᠎ᠡ ᠳᠤ ᠲᠣᠭᠲᠠᠭᠠᠭᠰᠠᠨ 10 ᠲᠦᠮᠡᠨ ᠯᠣᠩᠬᠤ ᠪᠣᠷᠣᠯᠠᠭᠤᠯᠬᠤ ᠲᠥᠯᠥᠪᠯᠡᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠪᠣᠯᠤᠨ᠎ᠠ᠃ ᠮᠠᠨ ᠤ ᠬᠠᠷᠠᠯᠲᠠ ᠪᠣᠯ ᠯᠢᠶᠠᠩᠴᠧᠩ  ᠤᠨ ᠲᠠᠭ᠎ᠠ ᠶᠢᠨ ᠨᠠᠭᠤᠷ ᠤᠨ ᠤᠯᠠᠭᠠᠨ ᠼᠤᠤ ᠶᠢ ᠯᠢᠶᠠᠩᠴᠧᠩ ᠰᠢᠶᠠᠨ ᠤ ᠡᠯᠳᠡᠪ ᠠᠮᠤ ᠪᠤᠳᠠᠭᠠᠨ ᠤ ᠳᠠᠷᠠᠭᠠᠬᠢ ᠬᠤᠶᠠᠳᠤᠭᠠᠷ ᠲᠤᠮᠤ ᠲᠦᠷᠦᠯ ᠲᠡᠮᠳᠡᠭ ᠤᠨ ᠠᠵᠤ ᠦᠢᠯᠡᠰ ᠪᠣᠯᠭᠠᠨ ᠪᠠᠶᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠢ ᠪᠠᠶᠠᠵᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠠᠪᠤᠳᠠᠯ ᠪᠣᠯᠤᠨ᠎ᠠ᠃︾ ᠭᠡᠵᠦ ᠯᠢ ᠫᠸᠢ ᠰᠢᠶᠠ ᠬᠡᠯᠡᠪᠡ᠃  ᠲᠠᠭ᠎ᠠ ᠶᠢᠨ ᠨᠠᠭᠤᠷ ᠪᠠᠯᠭᠠᠰᠤᠨ ᠤ ᠦᠨᠳᠦᠰᠦᠨ ᠱᠠᠲᠤᠨ ᠤ ᠨᠠᠮ ᠤᠨ ᠭᠡᠰᠢᠭᠦᠨ ᠪᠠ ᠯᠢᠶᠠᠩᠴᠧᠩ ᠰᠢᠶᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ  ᠤᠶᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠯᠢ ᠫᠧᠶ ᠰᠢᠶᠠ ᠡᠯᠧᠺᠲᠷᠣᠨ ᠬᠤᠳᠠᠯᠳᠤᠭᠠᠨ ᠤ ᠶᠠᠪᠤᠳᠠᠯ ᠢᠶᠠᠷ ᠳᠠᠮᠵᠢᠭᠤᠯᠤᠨ ᠯᠢᠶᠠᠩᠴᠧᠩ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠤ ᠰᠦᠯᠵᠢᠶᠡᠨ ᠳᠡᠭᠡᠷ᠎ᠡ ᠪᠣᠷᠣᠯᠠᠭᠤᠯᠭ᠎ᠠ ᠶᠢ ᠳᠡᠯᠭᠡᠷᠡᠭᠦᠯᠬᠦ ᠳᠤ ᠨᠠᠩ ᠶᠡᠭᠡ ᠴᠢᠷᠮᠠᠶᠢᠯᠭ᠎ᠠ ᠭᠠᠷᠭᠠᠬᠤ ᠬᠡᠷᠡᠭᠲᠡᠶ ᠭᠡᠳᠡᠭ ᠢᠶᠠᠨ ᠭᠦᠨᠵᠡᠭᠡᠶ ᠣᠶᠢᠯᠠᠭᠠᠭᠰᠠᠨ ᠪᠠᠶᠢᠨ᠎ᠠ᠃      ᠡᠯ᠎ᠡ ᠲᠣᠮᠣ ᠡᠯᠧᠺᠲᠷᠣᠨ ᠬᠤᠳᠠᠯᠳᠤᠭᠠᠨ ᠤ ᠲᠠᠪᠴᠠᠩ ᠳᠤ ᠪᠣᠷᠣᠯᠠᠭᠤᠯᠤᠨ ᠳᠡᠯᠭᠡᠷᠡᠭᠦᠯᠬᠦ ᠠᠴᠠ ᠭᠠᠳᠠᠨ᠎ᠠ ᠂ ᠯᠢ ᠫᠧᠶ ᠰᠢᠶᠠ ᠪᠠᠰᠠ ᠪᠦᠯᠬᠦᠮ ᠢᠶᠠᠨ ᠳᠠᠭᠠᠭᠤᠯᠤᠨ ᠡᠯ᠎ᠡ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠡᠶᠢᠭᠡᠮ ᠤᠨ ᠪᠦᠯᠬᠦᠮ ᠤᠨ ᠨᠤᠲᠤᠭ ᠤᠨ ᠢᠶᠠᠨ ᠲᠠᠷᠢᠶᠠᠯᠠᠩ ᠤᠨ ᠣᠨᠴᠠ ᠭᠠᠷᠤᠯᠲᠠ ᠶᠢ ᠬᠤᠳᠠᠯᠳᠤᠨ ᠠᠪᠬᠤ ᠲᠠᠢ ᠢᠳᠡᠪᠬᠢᠲᠡᠶ ᠪᠠᠷ ᠵᠣᠯᠭᠠᠭᠤᠯᠵᠤ᠂ ᠡᠯ᠎ᠡ ᠵᠤᠶᠢᠯ ᠤᠨ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠳᠤ ᠣᠷᠣᠯᠴᠠᠵᠤ᠂ ᠨᠠᠷᠠᠲᠤ ᠣᠳᠣᠨ ᠰᠦᠯᠵᠢᠶᠡᠨ ᠤ ᠤᠯᠠᠭᠠᠨ ᠪᠦᠰᠡᠨ ᠪᠠᠷᠠᠭ᠎ᠠ ᠶᠢᠨ ᠨᠤᠲᠤᠭ ᠤᠨ ᠲᠠᠷᠢᠶᠠᠯᠠᠩ ᠤᠨ ᠣᠨᠴᠠ ᠭᠠᠷᠤᠯᠲᠠ ᠲᠠᠢ ᠬᠠᠷᠢᠯᠴᠠᠵᠤ᠂ ᠥᠩᠭᠡᠷᠡᠭᠰᠡᠨ ᠳᠤ ᠬᠥᠬᠡᠬᠤᠲᠠ ᠳᠤ ᠡᠷᠭᠢᠯᠡᠭᠰᠡᠨ ᠲᠣᠮᠣ ᠬᠡᠯᠪᠡᠷᠢ ᠶᠢᠨ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠳᠤ ᠨᠠᠷᠠᠲᠤ ᠺᠢᠨᠣ᠋ ᠶᠢᠨ ᠣᠳᠣᠨ ︽ ᠰᠢᠶᠧ ᠳ᠋ᠠ ᠵᠢᠶᠣᠣ︾ ᠢᠦᠶ ᠶᠤᠸᠠᠢ ᠰᠢᠶᠠᠨ ᠪᠠᠭᠰᠢ ᠶᠢᠨ ᠰᠢᠭᠤᠳ ᠨᠡᠪᠲᠡᠷᠡᠭᠦᠯᠭᠡ ᠶᠢᠨ ᠲᠠᠰᠤᠭ ᠲᠠᠭᠠᠨ  ᠯᠢᠶᠠᠩᠴᠧᠩ ᠰᠢᠶᠠᠨ ᠤ ᠠᠮᠲᠠᠲᠤ ᠼᠤᠤ ᠶᠢᠨ ᠪᠠᠷᠠᠭ᠎ᠠ ᠶᠢ ᠠᠪᠴᠢᠷᠠᠵᠤ᠂ ᠪᠡᠶ᠎ᠡ ᠪᠠᠷ ᠢᠶᠠᠨ ᠲᠠᠨᠢᠯᠴᠠᠭᠤᠯᠵᠤ᠂ ᠪᠡᠶ᠎ᠡ ᠪᠠᠷ ᠢᠶᠠᠨ ᠠᠮᠲᠠᠯᠠᠭᠰᠠᠨ ᠪᠥᠭᠡᠳ ᠠᠮᠠ ᠬᠠᠮᠬᠢᠯ ᠥᠬᠡᠶ ᠮᠠᠭᠲᠠᠵᠤ ᠪᠠᠶᠢᠪᠠ᠃ ᠣᠳᠣᠳ ᠪᠠᠷᠠᠭ᠎ᠠ ᠠᠪᠴᠤ ᠶᠠᠪᠤᠭᠰᠠᠨ ᠢᠶᠠᠷ ᠯᠢᠶᠠᠩᠴᠧᠩ ᠤᠨ ᠦᠨᠦᠷᠲᠦ ᠼᠤᠤ ᠶᠢ ᠶᠡᠭᠡ ᠪᠠᠷ ᠪᠣᠷᠣᠯᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠮᠠᠰᠢ ᠰᠠᠶᠢᠨ ᠨᠡᠶᠢᠭᠡᠮ ᠤᠨ ᠦᠷ᠎ᠡ ᠠᠰᠢᠭ ᠭᠥᠷᠳᠡᠭᠰᠡᠨ ᠪᠠᠶᠢᠨ᠎ᠠ᠃
    2020 ᠣᠨ ᠳᠤ ᠯᠢ ᠫᠸᠢ ᠰᠢᠶᠠ ᠲᠠᠭ᠎ᠠ ᠶᠢᠨ ᠨᠠᠭᠤᠷ ᠪᠠᠯᠭᠠᠰᠤ ᠶᠢ ᠬᠠᠪᠰᠤᠷᠤᠨ ᠶᠠᠳᠠᠭᠤ ᠶᠢ ᠲᠡᠳᠬᠦᠬᠦ ᠤᠯᠠᠭᠠᠨ ᠲᠥᠮᠥᠰᠥ ᠶᠢ 4 ᠲᠦᠮᠡ ᠭᠠᠷᠤᠢ ᠵᠢᠩ ᠪᠣᠷᠣᠯᠠᠭᠤᠯᠵᠤ᠂ ᠲᠠᠩᠰᠠᠯᠠᠨ ᠺᠠᠷᠲᠯᠠᠭᠰᠠᠨ 4 ᠶᠠᠳᠠᠭᠤ ᠬᠦᠴᠢᠷᠳᠡᠯᠲᠡᠢ ᠡᠷᠦᠬᠡ ᠲᠠᠢ ᠬᠠᠪᠰᠤᠷᠤᠨ ᠲᠡᠳᠬᠦᠬᠦ ᠬᠡᠯᠡᠯᠴᠡᠭᠡᠷ ᠲᠣᠭᠲᠠᠵᠤ᠂ ᠲᠡᠳᠡᠨ ᠢ ᠬᠠᠪᠰᠤᠷᠤᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠵᠠᠢ᠃ ᠡᠭᠦᠨ ᠠᠴᠠ ᠭᠠᠳᠠᠨ᠎ᠠ ᠲᠡᠷᠡ ᠪᠠᠰᠠ ᠡᠯᠧᠺᠲᠷᠣᠨ ᠬᠤᠳᠠᠯᠳᠤᠭᠠᠨ ᠤ ᠠᠵᠢᠯᠲᠠᠳ ᠢ ᠬᠠᠪᠰᠤᠷᠤᠨ ᠵᠢᠯᠣᠭᠤᠳᠴᠤ ᠪᠠᠶᠢᠭᠠᠳ ᠡᠯᠧᠺᠲᠷᠣᠨ ᠬᠤᠳᠠᠯᠳᠤᠭᠠᠨ ᠤ ᠠᠵᠢᠯ ᠲᠦᠷᠦᠯ ᠳᠤ ᠲᠦᠷᠭᠡᠨ ᠪᠥᠭᠡᠳ ᠯᠠᠪᠳᠠᠭᠤᠨ ᠢᠶᠠᠷ ᠣᠷᠣᠬᠤ ᠶᠢ ᠵᠢᠭᠠᠨ ᠵᠢᠯᠣᠭᠤᠳᠴᠤ᠂ ᠯᠢᠶᠠᠩᠴᠧᠩ ᠰᠢᠶᠠᠨ ᠤ ︽ᠲᠥᠮᠥᠰᠥ ᠶᠢᠨ ᠪᠢᠴᠢᠬᠠᠨ ᠸᠠᠩ︾ ᠬᠡᠮᠡᠭᠳᠡᠭᠰᠡᠨ ᠵᠡᠮᠳᠡᠭ ᠵᠠᠯᠠᠭᠤ ᠯᠢ ᠵᠢᠶᠠᠨ ᠯᠢ ᠪᠣᠯ ᠳᠠᠷᠤᠢ ᠯᠢ ᠫᠸᠢ ᠰᠢᠶᠠ ᠶᠢᠨ ᠪᠦᠯᠬᠦᠮ ᠤᠨ ᠬᠠᠪᠰᠤᠷᠤᠯᠭ᠎ᠠ ᠳᠡᠮᠵᠢᠯᠭᠡ ᠶᠢᠨ ᠵᠢᠯᠤᠭᠤᠳᠤᠯᠭ᠎ᠠ ᠪᠠᠷ ᠡᠯᠧᠺᠲᠷᠣᠨ ᠬᠤᠳᠠᠯᠳᠤᠭᠠᠨ ᠤ ᠦᠢᠯᠡᠰ ᠪᠤᠰᠬᠠᠬᠤ ᠵᠠᠮ ᠢᠶᠠᠷ ᠵᠠᠮᠨᠠᠭᠰᠠᠨ ᠶᠤᠮ᠂ ᠲᠡᠭᠦᠨ ᠤ ᠳᠡᠯᠭᠡᠭᠦᠷ ᠤᠨ ᠲᠥᠮᠥᠰᠥ ᠶᠢᠨ ᠪᠣᠷᠣᠯᠠᠭᠤᠯᠭ᠎ᠠ ᠬᠠᠮᠤᠭ ᠤᠨ ᠥᠨᠳᠥᠷ ᠦᠶ᠎ᠡ ᠳᠤ ᠡᠳᠦᠷ ᠲᠤ 2000 ᠭᠠᠷᠤᠢ ᠵᠢᠩ ᠬᠤᠳᠠᠯᠳᠤᠳᠠᠭ᠃    ᠰᠦᠯᠵᠢᠶᠡᠨ ᠳᠡᠭᠡᠷ᠎ᠡ ᠳᠡᠯᠭᠡᠭᠦᠷ ᠨᠡᠭᠡᠭᠡᠬᠦ ᠳᠤ᠂ ᠳᠡᠯᠭᠡᠭᠦᠷ ᠨᠢᠭᠡᠪᠦᠷᠢ ᠶᠢᠨ ᠬᠡᠪ ᠤᠨ ᠡᠵᠡᠩᠨᠡᠯᠲᠡ ᠶᠢᠨ ᠠᠷᠤ ᠳᠤ ᠪᠦᠷᠢᠨ ᠪᠦᠲᠦᠨ ᠬᠠᠩᠭᠠᠯᠭ᠎ᠠ ᠶᠢᠨ ᠬᠡᠯᠬᠢᠶ᠎ᠡ ᠶᠢᠨ ᠰᠢᠰᠲ᠋ᠧᠮ ᠤᠨ ᠲᠤᠯᠭᠠᠭᠤᠷᠢᠯᠠᠯ ᠪᠠᠶᠢᠬᠤ ᠬᠡᠷᠡᠭᠲᠡᠶ᠂ ᠪᠦᠲᠦᠭᠡᠭᠳᠡᠬᠦᠨ ᠢ ᠵᠠᠬ᠎ᠠ ᠳᠡᠯᠭᠡᠭᠦᠷ ᠲᠤ ᠭᠠᠷᠭᠠᠬᠤ᠂ ᠤᠬᠠᠭᠤᠯᠤᠨ ᠳᠡᠯᠭᠡᠷᠡᠭᠦᠯᠬᠦ ᠠᠴᠠ ᠠᠪᠤᠭᠠᠳ ᠵᠣᠴᠢᠨ ᠡᠷᠦᠬᠡ ᠵᠠᠬᠢᠶᠠᠯᠠᠭ᠎ᠠ ᠪᠠᠭᠤᠯᠭᠠᠵᠤ ᠬᠤᠳᠠᠯᠳᠤᠨ ᠠᠪᠬᠤ᠂ ᠪᠠᠷᠠᠭᠠᠨ ᠤ ᠭᠦᠢᠯᠭᠡᠭᠡ ᠪᠠᠷ ᠪᠠᠷᠠᠭ᠎ᠠ ᠶᠠᠪᠤᠭᠤᠯᠬᠤ᠂ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡᠨ ᠤ ᠭᠤᠭᠴᠤᠭ᠎ᠠ ᠨᠢᠭᠡᠪᠦᠷᠢ ᠶᠢ ᠡᠷᠬᠡᠪᠰᠢ ᠬᠠᠷᠠᠯᠲᠠ ᠠᠴᠠ ᠳᠠᠪᠠᠭᠤᠯᠤᠨ ᠪᠡᠶᠡᠯᠡᠭᠦᠯᠬᠦ ᠬᠡᠷᠡᠭᠲᠡᠶ᠂ ᠳᠤᠮᠳᠠᠬᠢ ᠠᠯᠢ ᠨᠢᠭᠡ ᠭᠤᠭᠴᠤᠭ᠎ᠠ ᠳᠤᠨᠢ ᠠᠯᠳᠠᠭ᠎ᠠ ᠪᠤᠷᠤᠭᠤ ᠭᠠᠷᠪᠠᠯ ᠡᠴᠦᠰ ᠲᠡᠭᠡᠨ ᠬᠡᠷᠡᠭᠯᠡᠭᠴᠢᠳ ᠤᠨ ᠬᠤᠳᠠᠯᠳᠤᠨ ᠠᠪᠬᠤ ᠲᠤᠷᠰᠢᠯᠲᠠ ᠶᠢᠨ ᠬᠡᠮᠵᠢᠶ᠎ᠡ ᠶᠢ ᠮᠠᠭᠤᠳᠠᠭᠤᠯᠵᠤ᠂ ᠡᠯ᠎ᠡ ᠭᠤᠭᠴᠤᠭ᠎ᠠ ᠶᠢ ᠨᠠᠷᠢᠨ ᠨᠢᠭᠲᠠ ᠬᠢᠬᠦ ᠠᠴᠠ ᠭᠠᠳᠠᠨ᠎ᠠ ᠪᠠᠰᠠ ᠵᠣᠴᠢᠨ ᠡᠷᠦᠬᠡ ᠶᠢ ᠰᠣᠴᠢᠭᠠᠨ ᠪᠠᠶᠠᠷᠯᠠᠭᠤᠯᠵᠤ ᠳᠣᠭᠳᠣᠯᠤᠭᠤᠯᠳᠠᠭ᠃ ᠳᠥᠭᠦᠮᠬᠡᠨ ᠰᠦᠯᠵᠢᠶᠡᠨ ᠤ ᠳᠡᠯᠭᠡᠭᠦᠷ ᠨᠡᠭᠡᠭᠡᠬᠦ ᠨᠢ ᠰᠦᠯᠵᠢᠶᠡᠨ ᠠᠴᠠ ᠭᠠᠳᠠᠭᠤᠷ ᠮᠠᠶᠢᠮᠠᠶ ᠬᠢᠬᠦ ᠠᠴᠠ ᠬᠢᠯᠪᠠᠷ ᠶᠠᠪᠤᠳᠠᠯ ᠣᠭᠲᠣ ᠪᠢᠰᠢ ᠶᠤᠮ᠂ ᠵᠣᠴᠢᠨ ᠡᠷᠦᠬᠡ ᠳᠤ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠲᠠᠢ ᠪᠠᠶᠢᠳᠠᠭ᠂ ᠲᠡᠷᠡᠴᠢᠯᠡᠨ ᠢᠨᠲ᠋ᠧᠷ ᠰᠦᠯᠵᠢᠶᠡᠨ ᠤ ᠢᠯᠡ ᠲᠣᠳᠣ ᠪᠠ ᠦᠨ᠎ᠡ ᠶᠢᠨ ᠠᠳᠠᠯᠢᠳᠬᠠᠯ ᠤᠨ  ᠤᠶᠢᠯᠡᠴᠢᠯᠡᠭᠡ ᠨᠢ ᠨᠢᠭᠡᠨ ᠵᠢᠵᠢᠭᠬᠡᠨ ᠰᠦᠯᠵᠢᠶᠡᠨ ᠤ ᠳᠡᠯᠭᠡᠭᠦᠷ ᠢ ᠪᠥᠬᠦ ᠤᠯᠤᠰ ᠤᠨ ᠠᠵᠢᠯ ᠨᠢᠭᠡᠲᠡᠨ ᠤ ᠥᠷᠢᠰᠥᠯᠳᠦᠭᠡᠨ ᠳᠤ ᠬᠠᠨᠳᠤᠭᠤᠯᠵᠤ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠰᠢᠯᠭᠠᠯᠲᠠ ᠶᠢ ᠪᠥᠬᠦ ᠲᠠᠯ᠎ᠠ ᠪᠠᠷ ᠬᠦᠯᠢᠶᠡᠬᠦ ᠪᠣᠯᠭᠠᠵᠠᠶ᠃ ᠵᠣᠴᠢᠨ ᠡᠷᠤᠭᠡ ᠶᠢᠨ ᠢᠲᠡᠭᠡᠯ ᠪᠠ ᠬᠠᠨᠤᠮᠵᠢ ᠶᠢ ᠤᠯᠬᠤ ᠳᠤ ᠲᠡᠭᠦᠰ ᠲᠡᠭᠦᠯᠳᠡᠷ ᠤᠶᠤᠨ ᠴᠢᠳᠠᠯ ᠪᠠ ᠣᠷᠭᠢᠯᠤᠮ᠎ᠠ ᠬᠠᠯᠠᠭᠤᠨ ᠰᠡᠳᠬᠢᠯᠭᠡ ᠲᠠᠢ ᠪᠠᠶᠢᠬᠤ ᠬᠡᠷᠡᠭᠲᠡᠶ᠂ ᠡᠭᠦᠨ ᠤ ᠠᠷᠤ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠤ ᠳᠡᠮᠵᠢᠯᠭᠡ ᠪᠠᠶᠢᠬᠤ ᠬᠡᠷᠡᠭᠲᠡᠶ᠃ ᠯᠢ ᠫᠧᠶ ᠰᠢᠶᠠ ᠪᠣᠯᠤᠨ ᠲᠡᠭᠦᠨ ᠤ ᠺᠣᠮᠫᠠᠨᠢ ᠨᠢ ᠠᠭᠠᠵᠢᠮ ᠢᠶᠠᠷ ᠡᠯᠧᠺᠲᠷᠣᠨ ᠬᠤᠳᠠᠯᠳᠤᠭᠠᠨ ᠤ ᠵᠠᠮ ᠤᠨ ᠠᠷᠤ ᠳᠠᠬᠢ ᠪᠠᠲᠤᠯᠠᠭ᠎ᠠ ᠪᠣᠯᠵᠤ ᠪᠠᠶᠢᠨ᠎ᠠ᠃      ᠺᠣᠮᠫᠠᠨᠢ ᠪᠠᠶᠢᠭᠤᠯᠤᠭᠳᠠᠭᠠᠳ ᠨᠢᠭᠡ ᠵᠢᠯ ᠪᠣᠯᠤᠭ᠎ᠠ ᠦᠭᠡᠢ ᠬᠤᠭᠤᠴᠠᠭᠠᠨ ᠳᠤ᠂ ᠯᠢ ᠫᠸᠢ ᠰᠢᠶᠠ ᠦᠵᠡᠰᠬᠦᠯᠡᠩ ᠳᠤ ᠣᠷᠣᠯᠴᠠᠵᠤ᠂ ᠰᠢᠭᠤᠳ ᠨᠡᠪᠲᠡᠷᠡᠭᠦᠯᠭᠡ ᠲᠠᠢ ᠵᠣᠯᠭᠠᠭᠤᠯᠵᠤ᠂ ᠡᠯ᠎ᠡ ᠲᠤᠮᠤ ᠡᠯᠧᠺᠲᠷᠣᠨ ᠬᠤᠳᠠᠯᠳᠤᠭᠠᠨ ᠤ ᠲᠠᠪᠴᠠᠩ ᠤᠨ ᠤᠷᠤᠰᠴᠠ ᠶᠢᠨ ᠡᠬᠢ ᠪᠠᠶᠠᠯᠢᠭ ᠢ ᠤᠯᠬᠤ ᠪᠠᠷ ᠴᠢᠷᠮᠠᠶᠢᠬᠤ ᠶᠢᠨ ᠠᠷᠤ ᠳᠠᠬᠢ ᠬᠥᠳᠡᠯᠭᠡᠬᠦ ᠬᠦᠴᠦᠨ ᠪᠣᠯ ᠳᠠᠷᠤᠢ ᠨᠤᠲᠤᠭ ᠤᠨ ᠢᠶᠠᠨ ᠭᠠᠵᠠᠷ ᠰᠢᠷᠣᠢ ᠪᠣᠯᠤᠨ ᠠᠷᠠᠳ ᠲᠦᠮᠡᠨ ᠪᠠᠶᠢᠵᠤ᠂ ᠦᠵᠡᠰᠬᠦᠯᠡᠩᠲᠦ ᠰᠠᠶᠢᠬᠠᠨ ᠨᠤᠲᠤᠭ ᠤᠨ ᠢᠶᠠᠨ ᠭᠠᠵᠠᠷ ᠰᠢᠷᠣᠢ ᠳᠡᠭᠡᠷᠡᠬᠢ ᠰᠠᠶᠢᠨ ᠪᠦᠲᠦᠭᠡᠭᠳᠡᠬᠦᠨ ᠢ ᠨᠡᠩ ᠬᠤᠯᠠ ᠬᠤᠳᠠᠯᠳᠤᠭᠤᠯᠵᠤ᠂ ᠨᠤᠲᠤᠭ ᠤᠨ ᠢᠶᠠᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠵᠤ᠂ ᠠᠮᠢᠳᠤᠷᠠᠯ ᠢ ᠨᠢ ᠤᠯᠠᠮ ᠠᠴᠠ ᠤᠯᠠᠮ ᠬᠥᠭᠵᠢᠶᠡᠨᠲᠡᠢ ᠪᠣᠯᠭᠠᠬᠤ ᠳᠤ ᠪᠤᠢ᠃      ᠨᠠᠩ ᠰᠠᠶᠢᠨ ᠡᠯᠧᠺᠲᠷᠣᠨ ᠬᠤᠳᠠᠯᠳᠤᠭᠠᠨ ᠤ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 2021 ᠣᠨ ᠤ 2 ᠰᠠᠷ᠎ᠠ ᠶᠢᠨ 4 ᠤ ᠡᠳᠦᠷ ᠦᠬᠡᠷ ᠵᠢᠯ ᠤᠨ ᠴᠠᠭᠠᠨ ᠰᠠᠷ᠎ᠠ ᠶᠢ ᠤᠭᠲᠤᠬᠤ ᠡᠳᠦᠷ ᠲᠤ᠂ ᠬᠠᠮᠲᠤᠷᠠᠭᠰᠠᠨ ᠬᠠᠮ ᠵᠠᠭᠤᠴᠢᠯᠠᠭᠤᠷ ᠤᠨ ᠬᠢᠨ ᠯᠢᠶᠠᠩᠴᠧᠩ ᠰᠢᠶᠠᠨ ᠤ ᠠᠩᠬᠠᠳᠤᠭᠠᠷ ᠬᠤᠭᠤᠴᠠᠭᠠᠨ ᠤ ᠡᠯᠧᠺᠲᠷᠣᠨ ᠬᠤᠳᠠᠯᠳᠤᠭᠠᠨ ᠤ ᠵᠢᠯ ᠤᠨ ᠪᠠᠷᠠᠭᠠᠨ ᠤ ᠪᠠᠶᠠᠷ ᠢ ᠡᠷᠭᠢᠯᠡᠵᠦ᠂ ᠣᠷᠣᠯᠴᠠᠭᠰᠠᠨ ᠬᠥᠮᠦᠨ ᠤ ᠲᠤᠭ᠎ᠠ 1 ᠲᠦᠮᠡᠨ ᠬᠥᠮᠦᠨ ᠤᠳᠠᠭ᠎ᠠ ᠶᠢ ᠳᠠᠪᠠᠵᠤ᠂ ᠯᠢᠶᠠᠩᠴᠧᠩ ᠬᠤᠲᠠ ᠶᠢᠨ ᠠᠷᠠᠳ ᠲᠦᠮᠡᠨ ᠳᠤ ᠬᠡᠷ ᠪᠦᠯᠢ ᠶᠢᠨ ᠪᠠ ᠲᠡᠯᠡᠶ ᠶᠢᠨ ᠬᠤᠳᠠᠯᠳᠤᠭᠠᠨ ᠤ ᠰᠦᠯᠵᠢᠶᠡᠨ ᠳᠡᠭᠡᠷ᠎ᠡ ᠰᠢᠨᠡᠯᠡᠬᠦ ᠪᠠᠶᠠᠷ ᠪᠠᠶᠠᠰᠤᠯ ᠢ ᠡᠳ᠋ᠯᠡᠭᠦᠯᠪᠡ᠃ 80᠂ 90 ᠣᠨ ᠠᠴᠠ ᠬᠤᠶᠢᠰᠢᠬᠢ ᠵᠠᠯᠠᠭᠤᠴᠤᠳ ᠤᠨ ᠨᠡᠷᠡᠨ ᠳᠤ ᠡᠭᠡᠭᠡᠭᠰᠡᠨ ᠬᠤᠳᠠ ᠶᠢᠨ ᠦᠵᠡᠮᠵᠢ᠂ ᠠᠮᠲᠠᠲᠤ ᠢᠳᠡᠭᠡᠨ᠂ ᠰᠣᠨᠢᠷᠬᠠᠯᠲᠠᠢ ᠶᠠᠪᠤᠳᠠᠯ ᠲᠠᠢ ᠬᠠᠷᠢᠴᠠᠭᠤᠯᠪᠠᠯ᠂ ᠨᠤᠲᠤᠭ ᠲᠠᠭᠠᠨ ᠪᠤᠴᠠᠵᠤ ᠦᠢᠯᠡᠰ ᠪᠤᠰᠬᠠᠬᠰᠠᠨ ᠵᠠᠯᠠᠭᠤ ᠪᠥᠭᠡᠳ ᠲᠠᠭ᠎ᠠ ᠶᠢᠨ ᠨᠠᠭᠤᠷ ᠪᠠᠯᠭᠠᠰᠤᠨ ᠤ ᠸᠠᠩ ᠬᠠᠢ ᠨᠡᠶᠢᠭᠡᠮ ᠲᠣᠭᠤᠷᠢᠭ ᠤᠨ ᠡᠷᠬᠢᠯᠡᠭᠴᠢ ᠶᠢᠨ ᠦᠨᠳᠦᠰᠦᠨ ᠱᠠᠲᠤᠨ ᠤ ᠠᠵᠢᠯᠳᠠᠨ ᠯᠢ ᠫᠸᠢ ᠰᠢᠶᠠ ᠶᠢᠨ ᠨᠡᠷᠡᠨ ᠳᠤ ᠡᠭᠡᠭᠡᠭᠰᠡᠨ ᠨᠢ ᠥᠭᠡᠷ᠎ᠡ ᠨᠢᠭᠡ ᠵᠦᠢᠯ ᠤᠨ ᠠᠮᠢᠳᠤᠷᠠᠯ ᠤᠨ ᠠᠷᠭ᠎ᠠ ᠵᠠᠮ ᠪᠠᠶᠢᠵᠤ᠂ ᠥᠭᠡᠷ᠎ᠡ ᠨᠢᠭᠡ ᠠᠳᠠᠯᠢ ᠪᠤᠰᠤ ᠠᠮᠢ ᠨᠠᠰᠤᠨ ᠤ ᠵᠢᠷᠤᠭ ᠳᠦᠷᠰᠦ ᠶᠢ ᠵᠢᠷᠤᠭᠯᠠᠵᠠᠢ᠃                                     ᠰᠤᠷᠪᠤᠯᠵᠢᠯᠠᠭᠴᠢ᠄ ᠰᠢᠤᠸᠠᠨ ᠽᠢ ᠬᠠᠨ                                     ᠨᠠᠶᠢᠷᠠᠭᠤᠯᠤᠭᠴᠢ᠄ ᠶᠠᠩ ᠯᠢ ᠨᠠ                                     ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2