ᠬᠤᠩ ᠮᠤᠤ ᠪᠠᠯᠭᠠᠰᠤᠨ ᠤ ᠮᠠ ᠹᠠᠩ ᠲᠠᠨ ᠤ ᠨᠤᠲᠤᠭ ᠲᠠᠭᠠᠨ ᠬᠠᠷᠢᠭᠰᠠᠨ ᠠᠳᠠᠯ ᠤᠶᠢᠯᠡᠰ ᠴᠣᠭᠴᠠᠯᠠᠭᠰᠠᠨ ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠳᠠᠭᠠᠭᠤᠯᠤᠭᠴᠢ  ᠸᠠᠩ ᠵᠢᠩ ᠭᠠᠩ  ᠤᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2021/7/14
      ᠬᠤᠲᠠ ᠣᠷᠣᠵᠤ ᠬᠥᠯᠥᠰᠥᠨ ᠠᠵᠢᠯ ᠬᠢᠵᠦ ᠪᠠᠶᠢᠭ᠎ᠠ ᠬᠥᠮᠦᠰ ᠲᠤ ᠠᠪᠴᠤ ᠬᠡᠯᠡᠪᠡᠯ᠂ ᠨᠤᠲᠤᠭ ᠤᠰᠤ ᠨᠢ ᠵᠥᠪᠬᠡᠨ ᠰᠡᠳᠬᠢᠯ ᠤᠨ ᠪᠣᠳᠣᠯ ᠲᠡᠳᠦᠶ ᠪᠢᠰᠢ᠂ ᠬᠠᠰᠢ ᠯᠠ ᠮᠣᠷᠳᠠᠬᠤ ᠶᠢᠨ ᠬᠥᠳᠡᠯᠭᠡᠭᠴᠢ ᠬᠦᠴᠦᠨ ᠪᠠ ᠪᠤᠴᠠᠵᠤ ᠢᠷᠡᠬᠦ ᠬᠥᠭᠵᠢᠯᠲᠡ ᠶᠢᠨ ᠬᠠᠯᠠᠭᠤᠨ ᠬᠥᠷᠥᠰᠥ ᠮᠥᠨ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠤᠴᠠᠵᠤ ᠢᠷᠡᠭᠰᠡᠨ ᠬᠥᠮᠦᠰ ᠨᠤᠲᠤᠭ ᠤᠰᠤᠨ ᠤ ᠪᠠᠨ ᠬᠥᠭᠵᠢᠯᠲᠡ ᠶᠢ ᠬᠤᠪᠢᠷᠠᠭᠤᠯᠵᠤ ᠪᠠᠶᠢᠨ᠎ᠠ᠃
           ᠬᠥᠪᠡᠭᠡ ᠬᠢᠵᠠᠭᠠᠷ ᠨᠢ ᠬᠠᠷᠠᠭᠳᠠᠬᠤ ᠦᠭᠡᠶ ᠨᠣᠪ ᠨᠣᠭᠤᠭᠠᠨ ᠰᠢᠰᠢ ᠶᠢᠨ ᠲᠠᠷᠢᠶᠠᠨ ᠳᠤ᠂ ᠪᠢᠳᠡ ᠨᠤᠲᠤᠭ ᠲᠠᠭᠠᠨ ᠬᠠᠷᠢᠵᠤ ᠠᠳᠠᠯ ᠦᠢᠯᠡᠰ ᠴᠣᠭᠴᠠᠯᠠᠭᠰᠠᠨ ᠵᠠᠯᠠᠭᠤ ᠸᠠᠩ ᠵᠢᠩ  ᠭᠠᠩ  ᠨᠣᠮᠣᠬᠠᠨ ᠰᠢᠳᠤᠷᠭᠤ ᠭᠠᠳᠠᠷ ᠪᠠᠶᠢᠳᠠᠯ ᠲᠠᠢ᠂ ᠰᠢᠪᠠᠷ ᠰᠢᠷᠣᠶ ᠨᠠᠭᠠᠯᠳᠤᠭᠰᠠᠨ ᠬᠤᠶᠠᠷ ᠭᠠᠷ ᠢ ᠣᠯᠵᠤ ᠬᠠᠷᠠᠵᠠᠶ᠂ ᠡᠨᠡ ᠦᠶ᠎ᠡ ᠳᠤ ᠲᠡᠷᠡ ᠶᠠᠭ ᠰᠠᠶᠢᠬᠠᠨ ᠰᠢᠰᠢ ᠶᠢᠨ ᠲᠠᠷᠢᠶᠠᠨ ᠳᠤ ᠡᠪᠡᠰᠦ ᠠᠷᠢᠯᠭᠠᠵᠤ ᠪᠠᠶᠢᠵᠠᠶ᠃ ᠲᠠᠷᠢᠶᠠᠨ ᠳᠤ ᠤᠨᠠᠭᠰᠠᠨ ᠨᠢ ᠬᠥᠯᠥᠰᠥ᠂ ᠸᠠᠩ ᠵᠢᠩ  ᠭᠠᠩ ᠰᠢᠶᠠᠨ ᠤ ᠰᠡᠳᠬᠢᠯ ᠳᠤ ᠰᠠᠴᠤᠭᠰᠠᠨ ᠨᠢ ᠪᠠᠶᠠᠷ ᠪᠠᠭ᠋ᠠᠳᠤᠯ᠂ ᠡᠨᠡ ᠬᠡᠳᠦᠨ ᠵᠢᠯ ᠤᠨ ᠰᠢᠰᠢ ᠶᠢᠨ ᠤᠨᠠᠯᠲᠠ ᠥᠨᠳᠥᠷ᠂ ᠬᠤᠳᠠᠯᠳᠤᠬᠤ ᠦᠨ᠎ᠡ ᠥᠨᠳᠥᠷ ᠪᠣᠯᠬᠤᠷ ᠲᠠᠷᠢᠶᠠᠴᠢᠳ ᠤᠨ ᠰᠡᠳᠬᠢᠯ ᠳᠤ ᠪᠠᠶᠠᠷ ᠪᠠᠶᠠᠰᠤᠯ ᠲᠠᠢ ᠪᠣᠯᠵᠠᠶ᠃       2014 ᠣᠨ ᠳᠤ᠂ ᠬᠥᠳᠡᠭᠡ ᠲᠣᠰᠬᠤᠨ ᠢᠶᠠᠨ ᠬᠠᠶᠢᠷᠠᠯᠠᠵᠤ᠂ ᠭᠠᠵᠠᠷ ᠰᠢᠷᠣᠢ ᠳᠠᠭᠠᠨ ᠦᠨᠡᠨᠴᠢ ᠰᠡᠳᠬᠢᠯ ᠢᠶᠠᠷ ᠬᠠᠨᠳᠤᠵᠤ᠂ ᠸᠠᠩ ᠵᠢᠩ ᠭᠠᠩ ᠬᠥᠬᠡᠬᠤᠲᠠ ᠳᠤ ᠳᠠᠭᠠᠭᠠᠴᠢᠯᠠᠭᠰᠠᠨ ᠪᠠᠷᠢᠯᠭ᠎ᠠ ᠪᠠᠨ ᠬᠠᠶᠠᠵᠤ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠪᠠᠷ ᠲᠣᠭᠲᠠᠵᠤ᠂ ᠰᠤᠯᠠ ᠲᠠᠯᠪᠢᠭᠳᠠᠭᠰᠠᠨ᠂ ᠠᠲᠠᠷᠰᠢᠭᠰᠠᠨ ᠭᠠᠵᠠᠷ ᠰᠢᠷᠣᠢ ᠪᠠᠨ ᠰᠢᠨ᠎ᠡ ᠪᠠᠷ ᠬᠠᠭᠠᠯᠪᠤᠷᠢᠯᠠᠵᠤ᠂ 400 ᠮᠦ ᠭᠠᠵᠠᠷ ᠰᠢᠷᠣᠢ ᠶᠢ ᠨᠢᠭᠡ ᠯᠡ ᠤᠳᠠᠭ᠎ᠠ ᠳᠤ ᠳᠠᠭᠠᠭᠠᠴᠢᠯᠠᠬᠤ ᠶᠢᠨ ᠬᠠᠮᠲᠤ ᠲᠣᠰᠬᠤᠨ ᠤ ᠠᠷᠠᠳ ᠲᠠᠢ ᠠᠷᠪᠠᠨ ᠵᠢᠯ ᠤᠨ ᠭᠠᠵᠠᠷ ᠰᠢᠷᠣᠢ ᠶᠢᠨ ᠭᠡᠷ᠎ᠡ ᠲᠣᠭᠲᠠᠵᠤ᠂ ᠲᠠᠷᠢᠮᠠᠯ ᠤᠨ ᠦᠢᠯᠡᠰ ᠢ ᠬᠥᠭᠵᠢᠭᠦᠯᠬᠦ ᠪᠠᠷ ᠲᠣᠭᠲᠠᠵᠠᠢ᠃ ᠲᠠᠷᠢᠮᠠᠯ ᠤᠨ ᠦᠢᠯᠡᠰ ᠢ ᠡᠷᠬᠢᠯᠡᠵᠦ ᠪᠠᠶᠢᠭ᠎ᠠ ᠸᠠᠩ ᠵᠢᠩ ᠭᠠᠩ ᠢᠯᠠᠭᠳᠠᠭᠰᠠᠨ ᠦᠭᠡᠢ ᠮᠥᠷᠲᠡᠭᠡᠨ ᠲᠠᠷᠢᠮᠠᠯ ᠤᠨ ᠦᠢᠯᠡᠰ ᠤᠨ ᠬᠥᠭᠵᠢᠯ ᠪᠠᠳᠠᠷᠠᠯ ᠢ ᠪᠠᠳᠠᠷᠠᠭᠤᠯᠤᠨ᠂ ᠲᠠᠷᠢᠮᠠᠯ ᠤᠨ ᠦᠢᠯᠡᠰ ᠤᠨ ᠶᠠᠭᠠᠷᠠᠤ ᠤᠯᠠᠷᠢᠯ ᠳᠤ ᠶᠡᠭᠡ ᠬᠡᠮᠵᠢᠶᠡᠨ ᠤ ᠣᠬᠤᠷ ᠬᠤᠭᠤᠴᠠᠭᠠᠨ ᠤ ᠠᠵᠢᠯᠴᠢᠨ ᠢ ᠤᠷᠢᠵᠤ᠂ ᠲᠣᠰᠬᠤᠨ ᠤ ᠬᠡᠰᠡᠭ ᠦᠯᠡᠭᠦᠦ ᠬᠥᠳᠡᠯᠮᠦᠷᠢ ᠶᠢᠨ ᠬᠦᠴᠦᠨ ᠳᠤ ᠠᠵᠢᠯ ᠣᠯᠭᠤᠬᠤ ᠠᠰᠠᠭᠤᠳᠠᠯ ᠢ  ᠰᠢᠢᠳᠪᠤᠷᠢᠯᠡᠭᠰᠡᠨ ᠪᠠᠶᠢᠨ᠎ᠠ᠃      ᠲᠠᠷᠢᠮᠠᠯ ᠤᠨ ᠦᠢᠯᠡᠰ ᠤᠨ ᠰᠠᠶᠢᠨ ᠰᠠᠶᠢᠬᠠᠨ ᠪᠠᠶᠢᠳᠠᠯ ᠨᠢ ᠸᠠᠩ ᠵᠢᠩ   ᠭᠠᠩ ᠰᠢᠶᠠᠨ ᠤ ᠬᠥᠭᠵᠢᠯᠲᠡ ᠶᠢᠨ ᠠᠯᠬᠤᠮ ᠢ ᠵᠣᠭᠰᠣᠭᠠᠭᠰᠠᠨ ᠦᠭᠡᠢ᠂ ᠥᠪᠡᠷ ᠢᠶᠠᠨ ᠬᠡᠳᠦ᠋ᠢᠪᠡᠷ ᠬᠥᠭᠵᠢᠵᠦ ᠡᠬᠢᠯᠡᠭᠰᠡᠨ ᠪᠣᠯᠪᠠᠴᠤ᠂ ᠲᠣᠰᠬᠤᠨ ᠤ ᠪᠤᠰᠤᠳ ᠬᠥᠮᠦᠰ ᠮᠥᠨ ᠯᠡ ᠶᠠᠳᠠᠭᠤ ᠬᠦᠴᠢᠷᠳᠡᠯ ᠤᠨ ᠳᠠᠪᠠᠭᠠᠨ ᠳᠡᠭᠡᠷ᠎ᠡ ᠡᠷᠭᠢᠴᠡᠵᠦ ᠪᠠᠶᠢᠪᠠ᠃ ᠡᠶᠢᠮᠦᠷᠬᠦᠦ ᠪᠠᠶᠢᠳᠠᠯ ᠨᠢ ᠸᠠᠩ ᠵᠢᠩ  ᠭᠠᠩ ᠰᠢᠶᠠᠨ ᠢ ᠵᠣᠷᠢᠭ ᠰᠢᠭᠤᠳᠤᠨ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠯᠢᠶᠠᠩᠴᠧᠩ ᠰᠢᠶᠠᠨ ᠤ ᠬᠤᠩ ᠳ᠋ᠠ ᠲᠠᠷᠢᠵᠦ ᠲᠡᠵᠢᠭᠡᠬᠦ ᠬᠤᠷᠰᠢᠶ᠎ᠠ ᠶᠢ ᠪᠠᠶᠢᠭᠤᠯᠵᠤ᠂ ᠤᠯᠠᠨ ᠲᠦᠮᠡᠨ ᠢ ᠳᠠᠶᠢᠴᠢᠯᠠᠨ ᠬᠠᠮᠲᠤ ᠪᠠᠷ  ᠪᠠᠶᠠᠵᠢᠵᠠᠢ᠃ ᠨᠢᠳᠤᠨᠤᠨ᠂ ᠲᠡᠷᠡ ᠪᠠᠰᠠ ᠭᠠᠵᠠᠷ ᠤᠨ ᠰᠠᠷᠢᠰᠤᠲᠤ ᠲᠠᠬᠢᠶ᠎ᠠ᠂ ᠬᠤᠩ ᠢᠦᠶ 380᠂ ᠴᠠᠭᠠᠨ ᠡᠷᠡᠭᠴᠢᠨ ᠲᠠᠬᠢᠶ᠎ᠠ ᠵᠡᠷᠭᠡ ᠶᠢ ᠣᠷᠣᠭᠤᠯᠤᠨ ᠠᠪᠴᠢᠷᠠᠵᠤ᠂ ᠤᠨᠴᠠᠯᠢᠭᠳᠤ ᠲᠡᠵᠢᠭᠡᠨ ᠦᠷᠡᠵᠢᠭᠦᠯᠬᠦ  ᠤᠶᠢᠯᠡᠰ ᠢ ᠬᠥᠭᠵᠢᠭᠦᠯᠵᠦ᠂ ᠪᠣᠷᠣᠯᠠᠭᠤᠯᠭ᠎ᠠ ᠰᠠᠶᠢᠲᠠᠶ ᠤᠯᠠᠷᠢᠯ ᠳᠤ᠂ ᠲᠡᠳᠡᠨ ᠤ ᠲᠡᠵᠢᠭᠡᠭᠰᠡᠨ ᠡᠯ᠎ᠡ ᠲᠥᠷᠥᠯ ᠤᠨ ᠲᠠᠬᠢᠶ᠎ᠠ ᠶᠢᠨ ᠬᠠᠩᠭᠠᠯᠭ᠎ᠠ ᠨᠢ ᠬᠡᠷᠡᠭᠴᠡᠭᠡ ᠳᠡᠭᠡᠨ ᠬᠥᠷᠬᠦ ᠥᠬᠡᠶ ᠪᠣᠯᠵᠣ᠂ ᠵᠥᠪᠬᠡᠨ ᠲᠡᠵᠢᠭᠡᠭᠰᠡᠨ ᠲᠠᠬᠢᠶ᠎ᠠ ᠨᠢ 10 ᠲᠦᠮᠡᠨ ᠲᠥᠭᠦᠷᠢᠭ ᠤᠨ ᠣᠷᠣᠯᠭ᠎ᠠ ᠲᠠᠢ ᠪᠣᠯᠵᠠᠶ᠃ ᠭᠡᠪᠡᠴᠦ ᠭᠠᠭ᠋ᠠᠶ ᠶᠢ ᠲᠡᠵᠢᠭᠡᠨ ᠦᠷᠡᠵᠢᠭᠦᠯᠬᠦ ᠶᠠᠪᠤᠴᠠ ᠳᠤ ᠲᠡᠵᠢᠭᠡᠨ ᠦᠷᠡᠵᠢᠭᠦᠯᠬᠦ ᠲᠤᠷᠰᠢᠯᠭ᠎ᠠ ᠪᠠᠷ ᠳᠤᠲᠠᠮᠠᠭ᠂ ᠬᠢᠵᠢᠭ ᠢ ᠰᠡᠷᠭᠡᠶᠢᠯᠡᠬᠦ ᠦᠵᠡᠯᠲᠡ ᠪᠠᠷ ᠠᠨᠠᠶ ᠪᠣᠯᠬᠤᠷ᠂ ᠨᠢᠭᠡ ᠤᠳᠠᠭᠠᠨ ᠤ ᠭᠠᠭ᠋ᠠᠶ ᠶᠢᠨ ᠬᠢᠵᠢᠭ ᠨᠢ ᠲᠡᠵᠢᠭᠡᠨ ᠦᠷᠡᠵᠢᠭᠦᠯᠦᠭᠰᠡᠨ ᠳᠥᠴᠢᠨ ᠭᠠᠭ᠋ᠠᠶ ᠶᠢ ᠨᠢᠭᠡ ᠯᠡ ᠠᠮᠢᠳᠤ ᠪᠠᠶᠢᠯᠭᠠᠵᠤ᠂ ᠸᠠᠩ ᠵᠢᠩ ᠭᠠᠩ ᠬᠦᠨᠳᠦ ᠨᠣᠴᠢᠲᠠᠶ ᠬᠤᠬᠢᠷᠠᠯ ᠳᠤ ᠤᠴᠠᠷᠠᠨ᠂ ᠠᠷᠭ᠎ᠠ ᠮᠤᠬᠤᠷᠳᠠᠬᠤ ᠶᠢᠨ ᠠᠷᠭ᠎ᠠ ᠦᠭᠡᠶ ᠪᠣᠯᠵᠠᠶ᠃ { ᠭᠠᠭ᠋ᠠᠶ ᠶᠢᠨ ᠮᠢᠬ᠎ᠠ ᠶᠢ ᠲᠡᠵᠢᠭᠡᠨ ᠦᠷᠡᠵᠢᠭᠦᠯᠬᠦ ᠶᠠᠪᠤᠴᠠ ᠳᠤ ᠭᠠᠭ᠋ᠠᠶ ᠶᠢ ᠲᠡᠵᠢᠭᠡᠨ ᠦᠷᠡᠵᠢᠭᠦᠯᠬᠦ ᠶᠠᠪᠤᠴᠠ ᠳᠤ ᠭᠠᠭ᠋ᠠᠶ ᠶᠢ ᠲᠡᠵᠢᠭᠡᠨ ᠦᠷᠡᠵᠢᠭᠦᠯᠬᠦ ᠲᠤᠷᠰᠢᠯᠭ᠎ᠠ ᠪᠠᠷ ᠳᠤᠲᠠᠮᠠᠭ ᠪᠠᠶᠢᠪᠠ᠃ ᠦᠨᠡᠬᠡᠷ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ ᠴᠢᠳᠠᠬᠤ ᠦᠭᠡᠢ ᠭᠡᠵᠢ  ᠤᠤ︖ ᠸᠠᠩ ᠵᠢᠩ ᠭᠠᠩ ᠥᠪᠡᠷ ᠤᠨ ᠪᠡᠶ᠎ᠡ ᠠᠴᠠ ᠪᠠᠨ ᠠᠰᠠᠭᠤᠬᠤ ᠳᠤ᠂ ᠥᠪᠡᠷ ᠤᠨ ᠪᠡᠶ᠎ᠡ ᠠᠴᠠ ᠪᠠᠨ ᠥᠯᠥ ᠪᠠᠭᠤᠵᠤ ᠥᠭᠬᠦ ᠢᠲᠡᠭᠡᠯ ᠵᠣᠷᠢᠭ ᠨᠢ ᠲᠡᠭᠦᠨ ᠤ ᠡᠷᠴᠢ ᠵᠣᠷᠢᠭ ᠢ ᠳᠠᠬᠢᠨ ᠬᠥᠪᠴᠢᠯᠡᠵᠦ᠂ ᠳᠠᠬᠢᠨ ᠨᠢᠭᠡ ᠤᠳᠠᠭ᠎ᠠ ᠲᠤᠷᠰᠢᠬᠤ ᠪᠠᠷ ᠰᠢᠶ᠋ᠳᠴᠡᠶ᠃ ᠢᠩᠭᠢᠭᠡᠳ ᠲᠡᠷᠡ ᠦᠬᠦᠭᠰᠡᠨ ᠭᠠᠭ᠋ᠠᠶ ᠶᠢ ᠪᠤᠯᠠᠵᠤ ᠬᠠᠶᠠᠭᠠᠳ ᠲᠡᠵᠢᠭᠡᠨ ᠦᠷᠡᠵᠢᠭᠦᠯᠬᠦ ᠲᠦᠷᠦᠯ ᠵᠦᠢᠯ ᠢ ᠲᠠᠬᠢᠨ ᠲᠤᠬᠠᠶ ᠶᠢᠨ ᠭᠠᠵᠠᠷ ᠲᠤᠨᠢ ᠰᠤᠷᠪᠤᠯᠵᠢᠯᠠᠵᠤ᠂ ᠲᠡᠵᠢᠭᠡᠨ ᠦᠷᠡᠵᠢᠭᠦᠯᠬᠦ ᠲᠤᠮᠤ ᠡᠷᠦᠬᠡ ᠠᠴᠠ ᠲᠤᠷᠰᠢᠯᠭ᠎ᠠ ᠰᠤᠷᠤᠯᠴᠠᠬᠤ ᠪᠠᠷ ᠪᠠᠷᠠᠬᠤ ᠦᠭᠡᠢ ᠪᠠᠰᠠ ᠭᠠᠳᠠᠭᠰᠢ ᠭᠠᠷᠴᠤ ᠰᠢᠰᠲ᠋ᠧᠮ ᠲᠠᠢ ᠲᠡᠵᠢᠭᠡᠨ ᠦᠷᠡᠵᠢᠭᠦᠯᠬᠦ ᠮᠡᠳᠡᠯᠭᠡ ᠶᠢ ᠰᠤᠷᠤᠯᠴᠠᠵᠤ᠂ ᠨᠢᠭᠡ ᠯᠡ ᠰᠡᠳᠬᠢᠯ ᠢᠶᠠᠷ ᠲᠡᠵᠢᠭᠡᠨ ᠦᠷᠡᠵᠢᠭᠦᠯᠬᠦ ᠮᠡᠳᠡᠯᠭᠡ ᠶᠢ ᠰᠤᠳᠤᠯᠵᠠᠶ᠃      ᠲᠦᠷᠦᠭᠦᠬᠡᠨ᠂ ᠸᠠᠩ ᠵᠢᠩ ᠭᠠᠩ ᠭᠠᠭ᠋ᠠᠶ ᠵᠡᠷᠭᠡ ᠤᠨᠴᠠᠯᠢᠬᠳᠤ ᠲᠡᠵᠢᠭᠡᠨ ᠦᠷᠡᠵᠢᠭᠦᠯᠬᠦ ᠡᠭᠦᠯᠳᠡᠷ ᠢ ᠣᠷᠣᠭᠤᠯᠤᠨ ᠠᠪᠴᠢᠷᠠᠵᠤ᠂ ᠡᠷᠬᠢᠨ ᠲᠣᠭᠤᠷᠢᠨ ᠤ ᠣᠯᠠᠨ ᠲᠦᠮᠡᠨ ᠢ ᠳᠠᠶᠢᠴᠢᠯᠠᠨ ᠤᠨᠴᠠᠯᠢᠬᠳᠤ ᠲᠡᠵᠢᠭᠡᠨ ᠦᠷᠡᠵᠢᠭᠦᠯᠬᠦ  ᠤᠶᠢᠯᠡᠰ ᠢ ᠬᠥᠭᠵᠢᠭᠦᠯᠵᠦ᠂ ᠲᠡᠭᠦᠨ ᠲᠠᠢ ᠬᠠᠮᠲᠤ ᠪᠠᠷ ᠪᠥᠭᠡᠮᠨᠡᠷᠡᠨ ᠪᠣᠷᠣᠯᠠᠭᠤᠯᠵᠤ᠂ ᠲᠣᠰᠬᠤᠨ ᠤ ᠠᠷᠠᠳ ᠢ ᠳᠠᠭᠠᠭᠤᠯᠤᠨ ᠬᠠᠮᠲᠤ ᠪᠠᠷ ᠪᠠᠶᠠᠵᠢᠵᠤ ᠪᠠᠶᠢᠨ᠎ᠠ᠃ ᠸᠠᠩ ᠵᠢᠩ  ᠭᠠᠩ᠄ ︽ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠵᠠᠯᠠᠭᠤᠴᠤᠳ ᠪᠠ ᠨᠠᠮ ᠳᠤ ᠣᠷᠣᠬᠤ ᠢᠳᠡᠪᠬᠢᠲᠡᠨ ᠪᠣᠯᠤᠭᠰᠠᠨ ᠤ ᠬᠤᠪᠢ ᠳᠤ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠢ ᠰᠣᠨᠢᠷᠬᠠᠵᠤ᠂ ᠶᠡᠷᠦᠩᠬᠡᠢ ᠱᠦᠵᠢ ᠶᠢᠨ ︽7 · 1︾ ᠤ ᠴᠢᠬᠤᠯᠠ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ ᠪᠢ ᠲᠦᠢᠯ ᠢᠶᠠᠷ ᠵᠣᠷᠢᠭᠵᠢᠵᠤ᠂ ᠰᠡᠳᠬᠢᠯ ᠤᠨ ᠴᠢᠭᠯᠡᠯ ᠪᠠ ᠬᠦᠰᠡᠯᠡᠩ ᠢᠶᠠᠨ ᠨᠡᠩ ᠪᠠᠲᠤᠳᠬᠠᠪᠠ᠂ ᠬᠤᠶᠢᠰᠢᠳᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠥᠪᠡᠷ ᠤᠨ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠬᠡᠨ ᠪᠠᠶᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠡᠯᠡᠪᠡ᠃      ᠤᠢᠢᠷ᠎ᠠ ᠶᠢᠨ ᠵᠢᠯ ᠠᠴᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠠ ᠠᠬᠢᠭᠤᠯᠬᠤ ᠶᠢ ᠲᠠᠭᠠᠯᠳᠤᠨ᠂ ᠤᠯᠠᠮ ᠠᠴᠠ ᠤᠯᠠᠮ ᠤᠯᠠᠨ ᠬᠥᠮᠦᠨ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠶᠢ ᠰᠣᠩᠭᠤᠵᠤ᠂ ᠭᠠᠵᠠᠷ ᠪᠣᠯᠭᠠᠨ ᠳᠤ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠬᠠᠪᠤᠷ ᠤᠨ ᠤᠷᠤᠰᠬᠠᠯ ᠪᠢᠯᠬᠠᠵᠤ᠂ ᠦᠢᠯᠡᠰ ᠪᠤᠰᠬᠠᠵᠤ ᠪᠠᠶᠠᠵᠢᠨ ᠴᠢᠨᠡᠭᠡᠯᠢᠭᠵᠢᠬᠦ ᠣᠮᠤᠭ ᠵᠣᠷᠢᠭ ᠣᠷᠭᠢᠯᠵᠤ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠳᠠᠭᠠᠭᠤᠯᠭ᠎ᠠ ᠪᠠᠷ᠂ ᠸᠠᠩ ᠵᠢᠩ ᠭᠠᠩ ᠮᠡᠲᠦ ᠶᠢᠨ ᠦᠢᠯᠡᠰ ᠪᠣᠰᠬᠠᠭᠴᠢᠳ ᠠᠭᠤᠯᠠᠨ ᠲᠣᠰᠬᠤᠨ ᠳᠠᠭᠠᠨ ᠰᠠᠭᠤᠷᠢᠯᠠᠵᠤ᠂ ᠦᠷᠭᠦᠯᠵᠢᠯᠡᠨ ᠴᠢᠷᠮᠠᠶᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠰᠣᠷᠭᠤᠭ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠤ ︽ᠬᠦᠰᠡᠯ ᠵᠡᠭᠦᠳᠦ ᠪᠠᠨ ᠬᠥᠭᠡᠭᠡᠴᠡᠯᠳᠦᠭᠴᠢ︾ ᠪᠤᠯᠵᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠵᠤ᠂ ᠬᠥᠳᠡᠭᠡ ᠲᠣᠰᠬᠤᠨ ᠤ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠬᠦ ᠪᠣᠯᠤᠨ᠎ᠠ                         ᠰᠤᠷᠪᠤᠯᠵᠢᠯᠠᠭᠴᠢ᠄ ᠵᠠᠩ ᠯᠢᠩ ᠾᠦᠢ᠂ ᠯᠢ ᠰᠢᠶᠤᠤ ᠾᠦᠢ                         ᠨᠠᠶᠢᠷᠠᠭᠤᠯᠤᠭᠴᠢ᠄    ᠮᠠ ᠴᠤᠤ  ᠴᠢᠶᠦ᠋ᠨ                           ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2