ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠯᠢᠶᠠᠩᠴᠧᠩ ᠰᠢᠶᠠᠨ ᠤ ᠬᠤᠶᠠᠳᠤᠭᠠᠷ ᠬᠡᠦᠬᠡᠳ ᠤᠨ ᠴᠡᠴᠡᠷᠯᠢᠭ ᠤᠨ ᠨᠠᠮ ᠤᠨ ᠡᠭᠦᠷ ᠤᠨ ᠱᠦᠵᠢ᠂ ᠴᠡᠴᠡᠷᠯᠢᠭ ᠤᠨ ᠳᠠᠷᠤᠭ᠎ᠠ ᠸᠧᠨ ᠵᠧᠨ ᠬᠤᠸᠠ ᠶᠢᠨ ᠲᠤᠬᠠᠶ  ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2021/7/9
     ᠲᠦᠷᠦᠭᠦᠬᠡᠨ᠂ ᠰᠤᠷᠪᠤᠯᠵᠢᠯᠠᠭᠴᠢ ᠯᠢᠶᠠᠩᠴᠧᠩ ᠰᠢᠶᠠᠨ ᠤ ᠬᠤᠶᠠᠳᠤᠭᠠᠷ ᠬᠡᠤᠬᠡᠳ ᠤᠨ ᠴᠡᠴᠡᠷᠯᠢᠭ ᠲᠤ ᠬᠦᠷᠬᠦ ᠳᠤ᠂ ᠨᠣᠮᠢᠨ ᠨᠤᠭᠤᠭᠠᠨ ᠨᠠᠷᠠᠰᠤ ᠮᠠᠶᠢᠯᠠᠰᠤ᠂ ᠥᠩᠭᠡ ᠢᠯᠭᠠᠷᠠᠭᠰᠠᠨ ᠤᠯᠠᠭᠠᠨ ᠨᠠᠮ ᠤᠨ ᠲᠤᠭ ᠰᠠᠯᠬᠢᠨ ᠤ ᠠᠶ᠎ᠠ ᠪᠠᠷ ᠨᠠᠮᠢᠷᠠᠨ᠂ ᠵᠢᠭᠠᠨ ᠰᠤᠷᠭᠠᠯᠲᠠ ᠶᠢᠨ ᠠᠰᠠᠷ ᠲᠤ ︽ᠡᠪ ᠬᠠᠮᠲᠤ ᠨᠠᠮ ᠪᠠᠶᠢᠬᠤ ᠥᠬᠡᠶ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠥᠬᠡᠶ︾᠂ ︽ᠤᠯᠠᠭᠠᠨ ᠣᠲᠣ ᠬᠡᠷᠡᠯ ᠭᠢᠯᠪᠠᠭ᠎ᠠ ᠪᠠᠨ ᠰᠠᠴᠤᠷᠠᠭᠤᠯᠤᠨ᠎ᠠ︾ ᠭᠡᠬᠦ ᠨᠢᠯᠬᠠᠰᠠᠭ ᠳᠠᠭᠤᠤ ᠪᠠᠶᠢᠨ ᠪᠠᠶᠢᠨ ᠳᠠᠭᠤᠷᠢᠰᠴᠤ᠂ ᠪᠥᠬᠦ ᠬᠡᠤᠬᠡᠳ ᠤᠨ ᠴᠡᠴᠡᠷᠯᠢᠭ ᠢᠶᠠᠷ ᠢᠶᠠᠨ ᠨᠠᠮ ᠤᠨ ᠵᠠᠭᠤᠨ ᠵᠢᠯ ᠤᠨ ᠣᠶ ᠶᠢ ᠪᠠᠶᠠᠷᠯᠠᠨ ᠪᠡᠯᠭᠡᠯᠡᠬᠦ ᠠᠭᠤᠷ ᠠᠮᠢᠰᠬᠤᠯ ᠳᠤ ᠰᠣᠭᠲᠣᠭᠤᠷᠠᠵᠤ ᠪᠠᠶᠢᠯ᠎ᠠ᠃ ᠬᠤᠷᠠᠯ ᠤᠨ ᠭᠡᠷ ᠲᠤ᠂ ᠨᠢᠭᠡᠨ ᠳᠤᠮᠳᠠ ᠨᠠᠰᠤᠨ ᠤ ᠡᠮᠡᠭᠲᠡᠢ ᠤᠶᠤᠨ ᠤᠬᠠᠭᠠᠨ ᠢᠶᠠᠨ ᠲᠥᠪᠯᠡᠷᠡᠭᠦᠯᠦᠨ ᠬᠦᠴᠦ ᠪᠠᠨ ᠬᠠᠮᠲᠤᠳᠬᠠᠵᠤ᠂ ᠪᠢᠷ ᠪᠠᠷᠢᠵᠤ ᠪᠠᠶᠢᠯ᠎ᠠ᠃  ᠲᠡᠷᠡ ᠪᠣᠯ ᠡᠨᠡ ᠵᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ ᠤ ᠢᠷᠠᠭᠤ ᠠᠯᠳᠠᠷ ᠤᠨ ᠴᠣᠯᠠ ᠶᠢ ᠬᠦᠷᠳᠡᠭᠰᠡᠨ ᠯᠢᠶᠠᠩᠴᠧᠩ ᠰᠢᠶᠠᠨ ᠤ ᠬᠤᠶᠠᠳᠤᠭᠠᠷ ᠬᠡᠦᠬᠡᠳ ᠤᠨ ᠴᠡᠴᠡᠷᠯᠢᠭ ᠤᠨ ᠨᠠᠮ ᠤᠨ ᠡᠭᠦᠷ ᠤᠨ ᠱᠦᠵᠢ᠂ ᠴᠡᠴᠡᠷᠯᠢᠭ ᠤᠨ ᠳᠠᠷᠤᠭ᠎ᠠ ᠸᠧᠨ ᠵᠧᠨ ᠬᠤᠸᠠ ᠪᠣᠯᠤᠨ᠎ᠠ᠃
          ᠵᠢᠷᠤᠭ ᠵᠢᠷᠤᠬᠤ ᠤᠴᠢᠷ ᠢ ᠠᠰᠠᠭᠤᠬᠤ ᠳᠤ᠂ ᠲᠡᠷᠡ ᠪᠢᠷ ᠢᠶᠠᠨ ᠲᠠᠯᠪᠢᠭᠠᠳ ᠭᠦᠨ ᠰᠡᠳᠬᠢᠭᠳᠡᠯ ᠲᠠᠢ ᠬᠡᠯᠡᠬᠦ ᠳᠡᠭᠡᠨ᠂ ᠡᠨᠡ ᠨᠢ ᠬᠡᠳᠦ᠋ᠢᠪᠡᠷ ᠨᠢᠭᠡᠨ ᠶᠠᠳᠠᠷᠠᠭᠠᠨ ᠲᠠᠢ ᠠᠵᠢᠯ ᠪᠣᠯᠪᠠᠴᠤ᠂ ᠪᠦᠬᠦ ᠴᠡᠴᠡᠷᠯᠢᠭ ᠤᠨ 200 ᠭᠠᠷᠤᠶ ᠱᠠᠩᠨᠠᠯ ᠤᠨ ᠪᠢᠴᠢᠭ ᠢ ᠨᠢᠭᠡ ᠨᠢᠭᠡ ᠪᠠᠷ ᠵᠢᠷᠤᠵᠤ᠂ ᠴᠠᠭ ᠪᠠ ᠬᠦᠴᠦ ᠲᠠᠮᠢᠷ ᠢᠶᠠᠨ ᠪᠠᠷᠠᠵᠤ ᠪᠠᠶᠢᠨ᠎ᠠ᠂ ᠭᠡᠪᠡᠴᠦ ᠮᠢᠨᠦ ᠦᠵᠡᠬᠦ ᠪᠠᠷ ᠡᠨᠡ ᠪᠣᠯ ᠤᠳᠬ᠎ᠠ ᠠᠭᠤᠯᠭ᠎ᠠ ᠲᠠᠢ ᠶᠠᠪᠤᠳᠠᠯ ᠶᠤᠮ ᠭᠡᠨ᠎ᠡ᠃ ᠬᠡᠦᠬᠡᠳ ᠤᠳ ᠤᠨ ᠲᠡᠷᠢᠭᠦᠯᠡᠭᠴᠢ ᠴᠡᠴᠡᠭ ᠰᠢᠭ ᠡᠷᠡᠰ ᠬᠠᠲᠠᠭᠤ᠂ ᠬᠤᠯᠤᠰᠤ ᠰᠢᠭ᠋ ᠠᠰᠪᠤᠷ ᠰᠢᠯᠤᠭᠤᠨ᠂ ᠴᠠᠬᠢᠷᠮ᠎ᠠ ᠰᠢᠭ᠋ ᠠᠷᠢᠭᠤᠨ ᠴᠡᠪᠡᠷ᠂ ᠤᠳᠪᠠᠯᠠ ᠰᠢᠭ᠋ ᠡᠷᠬᠢᠮ ᠳᠡᠭᠡᠳᠦ ᠵᠠᠩ ᠴᠢᠨᠠᠷ ᠢ ᠨᠢᠳᠦ ᠪᠠᠷ ᠢᠶᠠᠨ ᠦᠵᠡᠵᠦ ᠪᠣᠯᠬᠤ ᠮᠥᠷᠲᠡᠭᠡᠨ ᠨᠢᠯᠬ᠎ᠠ ᠪᠠᠯᠴᠢᠷ ᠣᠶᠤᠨ ᠰᠠᠨᠠᠭᠠᠨ ᠳᠤᠨᠢ ᠤᠯᠠᠮᠵᠢᠯᠠᠯᠲᠤ ᠰᠣᠶᠣᠯ ᠤᠨ ᠬᠢᠲᠠᠳ ᠵᠢᠷᠤᠭ ᠢ ᠤᠳᠬᠠᠴᠢᠯᠠᠨ ᠵᠢᠷᠤᠭᠰᠠᠨ ᠤᠯᠠ ᠮᠥᠷ ᠢ ᠵᠢᠷᠤᠵᠤ ᠪᠣᠯᠬᠤ ᠶᠤᠮ᠂ ᠡᠭᠦᠨ ᠢ ᠶᠠᠭᠤᠨ ᠳᠤ ᠬᠢᠬᠦ ᠦᠭᠡᠶ ᠪᠤᠶ  ︖
     ᠦᠨᠡᠨᠴᠢ ᠰᠡᠳᠬᠢᠯ ᠢᠶᠠᠷ ᠬᠦᠷᠬᠦ ᠳᠤ᠂ ᠴᠢᠯᠠᠭᠤ ᠴᠢᠯᠠᠭᠤ ᠶᠢ ᠨᠡᠭᠡᠭᠡᠬᠦ ᠳᠤ ᠬᠦᠷᠦᠨ᠎ᠠ᠃ ᠸᠧᠨ ᠵᠧᠨ ᠬᠤᠸᠠ ᠶᠢᠨ ᠴᠡᠴᠡᠷᠯᠢᠭ ᠡᠷᠭᠢᠯᠡᠬᠦ ᠣᠶᠢᠯᠠᠭᠠᠭᠳᠠᠬᠤᠨ ᠨᠢ ᠴᠦ ᠱᠠᠩᠨᠠᠯ ᠤᠨ ᠪᠢᠴᠢᠭ ᠳᠡᠭᠡᠷ᠎ᠡ ᠵᠢᠷᠤᠭ ᠵᠢᠷᠤᠵᠤ᠂ ᠬᠥᠮᠦᠨ ᠢᠶᠠᠷ ᠦᠨᠳᠦᠰᠦ ᠪᠣᠯᠭᠠᠨ᠂ ᠰᠠᠶᠢᠨ ᠢ ᠡᠷᠬᠢᠮᠯᠡᠵᠦ ᠰᠠᠶᠢᠬᠠᠨ ᠢ ᠡᠷᠬᠢᠮᠯᠡᠬᠦ ᠲᠠᠢ ᠠᠳᠠᠯᠢ ᠶᠤᠮ᠃ ︽ᠬᠡᠦᠬᠡᠳ ᠨᠢᠭᠡᠪᠦᠷᠢ ᠶᠢᠨ ᠳᠠᠯᠳᠠ ᠴᠢᠳᠠᠪᠤᠷᠢ ᠶᠢ ᠨᠡᠭᠡᠭᠡᠨ ᠬᠥᠭᠵᠢᠭᠦᠯᠵᠦ᠂ ᠬᠡᠦᠬᠡᠳ ᠢ ᠬᠠᠮᠤᠭ ᠤᠨ ᠰᠠᠶᠢᠨ ᠥᠪᠡᠷ ᠢ ᠪᠠᠨ ᠪᠣᠯᠭᠠᠬᠤ︾ ᠪᠠᠷ ᠵᠣᠷᠢᠯᠲᠠ ᠪᠣᠯᠭᠠᠵᠤ᠂ ᠬᠥᠮᠦᠨ ᠢ ᠬᠥᠮᠦᠵᠢᠭᠦᠯᠬᠦ᠂ ᠨᠠᠷᠢᠯᠢᠭ᠂ ᠪᠣᠷᠣᠭᠵᠢᠭᠤᠨ᠂ ᠦᠵᠡᠮᠵᠢᠲᠡᠶ ᠪᠠᠶᠢᠬᠤ ᠵᠠᠷᠴᠢᠮ ᠢ ᠪᠠᠷᠢᠮᠲᠠᠯᠠᠵᠤ᠂ ᠨᠠᠷᠢᠯᠢᠭ ᠣᠨᠣᠴᠠᠲᠠᠶ ᠬᠠᠮᠢᠶᠠᠷᠬᠤ᠂ ᠰᠢᠨᠵᠢᠯᠡᠬᠦ ᠤᠬᠠᠭᠠᠨᠴᠢ ᠪᠠᠷ ᠰᠢᠰᠲ᠋ᠧᠮ ᠲᠠᠢ ᠠᠵᠢᠯᠯᠠᠭᠤᠯᠬᠤ᠂ ᠪᠠᠭᠰᠢ ᠶᠢᠨ ᠡᠩᠨᠡᠭᠡ ᠶᠢ ᠰᠢᠯᠢᠳᠡᠭᠵᠢᠭᠦᠯᠬᠦ᠂ ᠭᠤᠶᠢᠳᠠ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠡᠤᠬᠡᠳ ᠤᠳ ᠤᠨ ᠳᠤᠷ᠎ᠠ ᠰᠣᠨᠢᠷᠬᠠᠯ ᠢ ᠦᠨᠳᠦᠰᠦᠯᠡᠨ ᠤᠯᠤᠰ ᠤᠨ ᠰᠤᠷᠭᠠᠯ ᠤᠨ ᠰᠡᠬᠡᠭᠡᠷᠡᠭᠦᠯᠦᠯ᠂ ᠤᠳᠬᠠᠴᠢᠯᠠᠭᠰᠠᠨ ᠬᠢᠲᠠᠳ ᠵᠢᠷᠤᠭ᠂ ᠵᠢᠵᠢᠭ ᠬᠥᠯ ᠪᠥᠮᠪᠦᠭᠡ ᠵᠡᠷᠭᠡ ᠬᠢᠴᠢᠶᠡᠯ ᠨᠡᠭᠡᠭᠡᠵᠦ᠂ ᠥᠪᠡᠷᠲᠡᠭᠡᠨ ᠵᠠᠰᠠᠬᠤ ᠣᠷᠣᠨ ᠤ ᠤᠷᠠᠯᠢᠭ ᠤᠨ ᠤᠨᠴᠠᠯᠢᠭᠳᠤ ᠨᠠᠷᠠᠲᠤ ᠬᠦᠷᠢᠶᠡᠯᠡᠩ ᠢ ᠴᠢᠷᠮᠠᠶᠢᠨ ᠪᠠᠶᠢᠭᠤᠯᠤᠨ᠎ᠠ᠃ ᠲᠡᠷᠡ ᠥᠪᠡᠷ ᠤᠨ ᠪᠡᠶ᠎ᠡ ᠪᠠᠷ ᠢᠶᠠᠨ ᠴᠢᠷᠮᠠᠶᠢᠨ ᠠᠵᠢᠯᠯᠠᠵᠤ᠂ ᠶᠠᠭᠠᠷᠠᠤ ᠴᠠᠭ ᠢᠶᠠᠷ ᠢᠶᠠᠨ ᠭᠠᠷᠠᠭ ᠪᠦᠷᠢ ᠶᠢᠨ ᠲᠦᠷᠪᠡᠨ  ᠤ ᠦᠳᠡ ᠶᠢᠨ ᠬᠤᠶᠢᠨ᠎ᠠ ᠬᠡᠦᠬᠡᠳ ᠤᠨ ᠴᠡᠴᠡᠷᠯᠢᠭ ᠤᠨ ᠭᠤᠷᠪᠠᠨ ᠶᠡᠭᠡ ᠠᠩᠬᠢ ᠳᠤ ᠬᠢᠲᠠᠳ ᠵᠢᠷᠤᠭ ᠤᠨ ᠤᠳᠬᠠᠴᠢᠯᠠᠭᠰᠠᠨ ᠬᠢᠴᠢᠶᠡᠯ ᠣᠷᠣᠵᠤ ᠥᠭᠪᠡ᠃ ᠬᠢᠴᠢᠶᠡᠯ ᠤᠨ ᠲᠠᠩᠬᠢᠮ ᠳᠤ᠂ ᠤᠷᠮ᠎ᠠ ᠪᠠᠬ᠎ᠠ ᠲᠠᠢ ᠬᠡᠦᠬᠡᠳ ᠤᠳ ᠦᠰᠦᠨ ᠪᠢᠷ ᠪᠠᠷᠢᠵᠤ᠂ ᠨᠣᠭᠤᠭᠠᠨ ᠦᠩᠭᠡ ᠪᠠᠷ ᠵᠢᠷᠤᠵᠤ᠂ ᠤᠯᠠᠮᠵᠢᠯᠠᠯᠲᠤ ᠠᠷᠭ᠎ᠠ ᠪᠠᠷ ᠳᠡᠯᠡᠬᠡᠢ ᠶᠢᠨ ᠪᠥᠮᠪᠥᠷᠴᠡᠭ ᠤᠨ ᠭᠡᠷ ᠣᠷᠣᠨ ᠤ ᠵᠢᠷᠤᠭ ᠢ ᠵᠢᠷᠤᠨ᠎ᠠ᠃  ᠸᠧᠨ ᠵᠧᠨ ᠬᠤᠸᠠ ᠲᠣᠭᠤᠷᠢᠨ ᠪᠠᠶᠢᠴᠠᠭᠠᠵᠤ ᠂ ᠨᠢᠭᠡ ᠨᠢᠭᠡ ᠪᠠᠷ ᠵᠢᠭᠠᠨ ᠳᠣᠬᠢᠵᠤ᠂ ᠭᠠᠷ ᠢᠶᠠᠷ ᠢᠶᠠᠨ ᠵᠢᠷᠤᠭ ᠵᠢᠷᠤᠬᠤ ᠶᠢ ᠵᠢᠭᠠᠪᠠ᠃ ᠴᠡᠴᠡᠷᠯᠢᠭ ᠤᠨ ᠳᠠᠷᠤᠭ᠎ᠠ ᠵᠢᠱᠢᠶ᠎ᠡ ᠦᠵᠡᠭᠦᠯᠦᠨ ᠲᠠᠶᠢᠴᠢᠯᠠᠵᠦ᠂ ᠪᠠᠭᠰᠢ ᠨᠠᠷ ᠠᠪᠢᠶᠠᠰ ᠴᠢᠳᠠᠪᠤᠷᠢ ᠪᠠᠨ ᠪᠠᠳᠠᠷᠠᠭᠤᠯᠵᠤ᠂ ᠪᠠᠭ᠎ᠠ ᠰᠢᠶᠠᠨ ᠤ ᠬᠤᠳᠠ ᠳᠤ ᠶᠡᠭᠡ ᠬᠤᠳᠠ ᠶᠢᠨ᠂ ᠠᠭᠤᠳᠠᠮᠴᠢ ᠪᠠᠭᠲᠠᠭᠠᠮᠵᠢᠲᠠᠢ᠂ ᠶᠡᠭᠡ ᠪᠠᠶᠢᠷᠢᠰᠢᠯ ᠲᠠᠢ ᠬᠡᠦᠬᠡᠳ ᠤᠨ ᠴᠡᠴᠡᠷᠯᠢᠭ ᠢ ᠡᠷᠬᠢᠯᠡᠪᠡ᠃  ᠸᠧᠨ ᠵᠧᠨ ᠬᠤᠸᠠ ᠴᠡᠴᠡᠷᠯᠢᠭ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠭᠠᠳ 10 ᠵᠢᠯ ᠰᠢᠬᠠᠮ ᠪᠣᠯᠵᠣ᠂ ᠯᠢᠶᠠᠩᠴᠧᠩ  ᠰᠢᠶᠠᠨ ᠤ ᠬᠠᠭᠤᠴᠢᠨ ᠲᠠᠩᠬᠢᠮ ᠤᠨ ᠬᠡᠤᠬᠡᠳ ᠤᠨ ᠴᠡᠴᠡᠷᠯᠢᠭ ᠢ ᠪᠠᠶᠢᠭᠤᠯᠵᠤ᠂ ᠯᠢᠶᠠᠩᠴᠧᠩ  ᠤᠨ ᠬᠤᠶᠠᠳᠤᠭᠠᠷ ᠬᠡᠤᠬᠡᠳ ᠤᠨ ᠴᠡᠴᠡᠷᠯᠢᠭ ᠢ ᠬᠥᠭᠵᠢᠭᠦᠯᠪᠡ᠂ ᠡᠨᠡ ᠬᠤᠶᠠᠷ ᠬᠡᠤᠬᠡᠳ ᠤᠨ ᠴᠡᠴᠡᠷᠯᠢᠭ ᠨᠢ ᠲᠣᠰ ᠲᠣᠰ 2016 ᠣᠨ᠂ 2018 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠴᠢᠨᠠᠷᠲᠠᠶ ᠬᠡᠤᠬᠡᠳ ᠤᠨ ᠴᠡᠴᠡᠷᠯᠢᠭ ᠢᠶᠠᠷ ᠦᠨᠡᠯᠡᠭᠳᠡᠪᠡ᠃    ᠲᠠᠷᠢᠶᠠᠴᠢᠨ ᠤ ᠭᠡᠷ ᠪᠦᠯᠢ ᠳᠤ ᠲᠦᠷᠦᠭᠰᠡᠨ ᠸᠧᠨ ᠵᠧᠨ ᠬᠤᠸᠠ᠂ 1993 ᠣᠨ ᠳᠤ ᠲᠡᠭᠦᠰᠦᠭᠰᠡᠨ ᠤ ᠲᠠᠷᠠᠭ᠎ᠠ ᠠᠵᠢᠯ ᠳᠤ ᠣᠷᠣᠵᠠᠶ᠂ ᠲᠡᠷᠡ ᠯᠠᠪᠳᠠᠭᠤᠨ ᠪᠠᠲᠤᠲᠠᠶ ᠰᠢᠷᠭᠠᠭᠤ ᠬᠠᠲᠠᠭᠤᠵᠢᠯᠲᠠᠶ ᠠᠵᠢᠯᠯᠠᠨ᠂ ᠠᠯᠬᠤᠮ ᠲᠠᠪᠰᠢᠬᠤ ᠪᠠᠷ ᠢᠳᠡᠪᠬᠢᠲᠡᠶ ᠱᠠᠭᠠᠷᠳᠠᠵᠤ᠂ 2003 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠶ᠃ 2012 ᠣᠨ ᠳᠤ᠂ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠬᠠᠭᠤᠴᠢᠨ ᠲᠠᠩᠬᠢᠮ ᠬᠡᠤᠬᠡᠳ ᠤᠨ ᠴᠡᠴᠡᠷᠯᠢᠭ ᠤᠨ ᠳᠠᠷᠤᠭ᠎ᠠ ᠶᠢᠨ ᠲᠤᠰᠢᠶᠠᠯ ᠳᠤ ᠢᠯᠡ ᠪᠠᠷ ᠥᠷᠢᠰᠥᠯᠳᠦᠨ ᠣᠷᠣᠯᠴᠠᠬᠤ ᠪᠠᠷ ᠳᠡᠮᠵᠢᠨ᠂  ᠸᠧᠨ ᠵᠧᠨ ᠬᠤᠸᠠ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠰᠢᠷᠭᠠᠭᠤ ᠬᠠᠲᠠᠭᠤᠵᠢᠯᠲᠠᠶ ᠠᠵᠢᠯᠯᠠᠬᠤ ᠵᠣᠷᠢᠭ ᠰᠠᠨᠠᠭ᠎ᠠ ᠪᠠᠷ ᠪᠠᠭᠰᠢ ᠠᠵᠢᠯᠲᠠᠳ ᠢᠶᠠᠨ ᠪᠦᠯᠬᠦᠮᠳᠡᠭᠦᠯᠦᠨ ᠳᠠᠭᠠᠭᠤᠯᠵᠤ᠂ ᠬᠤᠭ ᠨᠣᠪᠰᠢ ᠶᠢ ᠴᠡᠪᠡᠷᠯᠡᠨ᠂ ᠲᠠᠯᠠᠪᠤᠷ ᠭᠠᠵᠠᠷ ᠢ ᠲᠡᠭᠰᠢᠯᠡᠵᠦ᠂ ᠨᠣᠭᠤᠭᠠᠷᠠᠭᠤᠯᠤᠯᠲᠠ ᠬᠢᠵᠦ᠂ ᠪᠠᠯᠠ ᠮᠥᠩᠭᠦ ᠭᠠᠷᠭᠠᠨ᠂ ᠲᠣᠨᠤᠭ ᠲᠥᠬᠦᠭᠡᠷᠦᠮᠵᠢ ᠬᠤᠳᠠᠯᠳᠤᠨ ᠠᠪᠴᠤ᠂ ᠣᠷᠴᠢᠨ ᠲᠣᠭᠤᠷᠢᠨ ᠢᠶᠠᠨ ᠭᠤᠶᠤᠵᠢᠭᠤᠯᠤᠨ᠂ ᠲᠣᠭᠲᠠᠭᠰᠠᠨ ᠬᠤᠭᠤᠴᠠᠭᠠᠨ ᠳᠠᠭᠠᠨ ᠴᠡᠴᠡᠷᠯᠢᠭ ᠨᠡᠭᠡᠭᠡᠬᠦ ᠶᠢ ᠪᠡᠶᠡᠯᠡᠭᠦᠯᠪᠡ᠃ ᠲᠡᠷᠡ ᠭᠦᠨ ᠵᠤᠵᠠᠭᠠᠨ ᠰᠢᠰᠲ᠋ᠧᠮ ᠲᠠᠢ ᠲᠤᠰᠬᠠᠢ ᠮᠡᠷᠭᠡᠵᠢᠯ ᠤᠨ ᠤᠨᠤᠯ ᠪᠣᠯᠤᠨ ᠨᠡᠯᠢᠶᠡᠳ ᠴᠢᠩᠭ᠎ᠠ ᠵᠣᠬᠢᠴᠠᠭᠤᠯᠤᠨ ᠬᠠᠮᠢᠶᠠᠷᠬᠤ ᠴᠢᠳᠠᠪᠤᠷᠢ ᠪᠠᠷ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠲᠤᠬᠢᠷᠠᠭᠤᠯᠵᠤ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠡᠮᠦᠨᠡᠰᠢ ᠵᠢᠶᠠᠩᠰᠦ ᠵᠧᠵᠢᠶᠠᠩ ᠳᠤ ᠬᠦᠷᠴᠦ᠂ ᠵᠡᠭᠦᠨᠰᠢ ᠪᠡᠭᠡᠵᠢᠩ ᠲᠢᠶᠠᠨᠵᠢᠨ ᠳᠤ ᠬᠦᠷᠴᠦ ᠨᠣᠮ ᠵᠠᠯᠠᠵᠤ᠂ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠬᠡᠦᠬᠡᠳ ᠤᠨ ᠴᠡᠴᠡᠷᠯᠢᠭ ᠡᠷᠬᠢᠯᠡᠬᠦ ᠲᠥᠯᠥᠪᠵᠢᠭᠦᠯᠭᠡ ᠶᠢ ᠲᠣᠭᠲᠠᠭᠠᠵᠠᠢ᠃ ᠪᠠᠭᠰᠢ ᠠᠵᠢᠯᠲᠠᠳ ᠤᠨ ᠢᠳᠡᠪᠬᠢᠵᠢᠯ ᠢ ᠭᠦᠢᠴᠡᠳ ᠪᠠᠳᠠᠷᠠᠭᠤᠯᠤᠨ᠂ ᠴᠥᠬᠦᠷᠡᠰᠢ ᠦᠭᠡᠢ ᠴᠢᠷᠮᠠᠶᠢᠵᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠵᠢᠷᠭᠤᠭᠠᠬᠠᠨ ᠵᠢᠯ ᠭᠠᠷᠤᠢ ᠶᠢᠨ ᠬᠤᠭᠤᠴᠠᠭᠠᠨ ᠳᠤ᠂ ᠵᠢᠤ ᠲᠠᠩ ᠬᠡᠦᠬᠡᠳ ᠤᠨ ᠴᠡᠴᠡᠷᠯᠢᠭ ᠢ ᠯᠢᠶᠠᠩᠴᠧᠩ ᠰᠢᠶᠠᠨ ᠤ ᠠᠩᠬᠠᠳᠠᠭᠴᠢ ᠡᠳᠦᠷ ᠤᠨ ᠴᠡᠴᠡᠷᠯᠢᠭ ᠤᠨ ᠴᠡᠴᠡᠷᠯᠢᠭ᠂ ᠠᠩᠬᠠᠳᠠᠭᠴᠢ ᠬᠤᠳᠠ ᠶᠢᠨ ᠲᠡᠰ ᠤᠨ  ᠵᠢᠱᠢᠶ᠎ᠡ ᠦᠵᠡᠭᠦᠯᠬᠦ ᠴᠢᠨᠠᠷᠲᠠᠢ ᠬᠡᠦᠬᠡᠳ ᠤᠨ ᠴᠡᠴᠡᠷᠯᠢᠭ᠂ ᠠᠩᠬᠠᠳᠠᠭᠴᠢ ᠥᠪᠡᠷᠲᠡᠭᠡᠨ ᠵᠠᠰᠠᠬᠤ ᠣᠷᠣᠨ ᠤ ᠲᠡᠰ ᠤᠨ  ᠵᠢᠱᠢᠶ᠎ᠡ ᠦᠵᠡᠭᠦᠯᠬᠦ ᠴᠢᠨᠠᠷᠲᠠᠢ ᠬᠡᠦᠬᠡᠳ ᠤᠨ ᠴᠡᠴᠡᠷᠯᠢᠭ ᠪᠣᠯᠭᠠᠨ ᠪᠦᠳᠦᠭᠡᠨ ᠪᠠᠶᠢᠭᠤᠯᠪᠠ᠃     2018 ᠣᠨ ᠤ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠳᠤ᠂ ᠯᠢᠶᠠᠩᠴᠧᠩ ᠰᠢᠶᠠᠨ ᠤ ᠭᠤᠷᠪᠠᠳᠤᠭᠠᠷ ᠡᠭᠡᠯᠵᠢ ᠶᠢᠨ ᠰᠤᠷᠭᠠᠭᠤᠯᠢ ᠶᠢᠨ ᠬᠦᠷᠢᠶᠡᠨ ᠤ ᠳᠠᠷᠤᠭ᠎ᠠ ᠶᠢᠨ ᠥᠷᠢᠰᠥᠯᠳᠦᠭᠡᠨ ᠳᠤ ᠢᠯᠠᠭᠰᠠᠨ ᠸᠧᠨ ᠵᠧᠨ ᠬᠤᠸᠠ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢ ᠳᠠᠭᠠᠵᠤ᠂ ᠯᠢᠶᠠᠩᠴᠧᠩ ᠰᠢᠶᠠᠨ ᠤ ᠬᠤᠶᠠᠳᠤᠭᠠᠷ ᠬᠡᠤᠬᠡᠳ ᠤᠨ ᠴᠡᠴᠡᠷᠯᠢᠭ ᠲᠤ ᠬᠦᠷᠴᠦ ᠴᠡᠴᠡᠷᠯᠢᠭ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃ ᠲᠤᠰᠢᠶᠠᠯ ᠳᠤ ᠭᠠᠷᠤᠭᠰᠠᠨ ᠠᠴᠠ ᠨᠠᠭᠠᠰᠢ᠂ ᠲᠡᠷᠡ ᠦᠨᠡᠨᠴᠢ ᠣᠪᠣᠷ᠂ ᠲᠥᠪ ᠴᠢᠩᠭ᠎ᠠ ᠣᠪᠣᠷ ᠰᠤᠷᠲᠠᠯ᠂ ᠭᠤᠶᠠᠴᠢ ᠦᠭᠡᠢ ᠵᠣᠷᠢᠭ ᠰᠠᠨᠠᠭ᠎ᠠ ᠪᠠᠷ ᠠᠵᠢᠯ ᠳᠠᠭᠠᠨ ᠵᠢᠳᠬᠦᠭᠰᠡᠨ ᠪᠠᠶᠢᠨ᠎ᠠ᠃ ᠡᠳᠦᠷ ᠲᠡᠭᠡᠨ ᠵᠢᠭᠠᠨ ᠰᠤᠷᠭᠠᠯᠲᠠ ᠶᠢᠨ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠪᠠᠭᠰᠢ ᠨᠠᠷ ᠲᠠᠢ ᠬᠠᠮᠲᠤ ᠵᠢᠭᠠᠨ ᠰᠤᠷᠭᠠᠯᠲᠠ ᠶᠢ ᠰᠤᠳᠤᠯᠤᠨ᠂ ᠣᠷᠴᠢᠨ ᠲᠣᠭᠤᠷᠢᠨ ᠢ ᠪᠣᠶ ᠪᠣᠯᠭᠠᠵᠤ᠂ ᠰᠥᠨᠢ ᠳᠦᠯᠢ ᠪᠠᠷ ᠲᠠᠩᠰᠠ ᠡᠪᠬᠡᠮᠡᠯ ᠤᠨ ᠲᠠᠰᠤᠭ ᠲᠤ ᠬᠠᠮᠢᠶ᠎ᠠ ᠪᠥᠬᠦᠶ ᠮᠠᠲ᠋ᠧᠷᠢᠶᠠᠯ ᠢ ᠡᠮᠬᠢᠯᠡᠵᠦ ᠲᠠᠩᠰᠠ ᠡᠪᠬᠡᠮᠡᠯ ᠳᠤ ᠣᠷᠣᠭᠤᠯᠤᠨ᠎ᠠ᠂ ᠪᠠᠭᠤᠯᠭᠠᠪᠤᠷᠢ ᠮᠠᠰᠢᠨ ᠤ ︽ᠠᠵᠢᠯ ᠬᠠᠶᠠᠯᠲᠠ︾ ᠪᠣᠯ ᠡᠩ ᠤᠨ ᠶᠠᠪᠤᠳᠠᠯ ᠪᠣᠯᠤᠨ᠎ᠠ᠃ 70 ᠭᠠᠷᠤᠶ ᠡᠳᠦᠷ ᠤᠨ ᠬᠡᠪ ᠤᠨ ᠪᠤᠰᠤ ᠠᠵᠢᠯ ᠢᠶᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠲᠤᠰᠬᠠᠶ ᠮᠡᠷᠭᠡᠵᠢᠯᠲᠡᠨ ᠤ ᠪᠦᠯᠬᠦᠮ ᠤᠨ ᠰᠢᠯᠭᠠᠨ ᠪᠠᠶᠢᠴᠠᠭᠠᠯᠲᠠ ᠶᠢ ᠤᠷᠤᠭᠰᠢᠲᠠᠶ ᠥᠩᠭᠡᠷᠡᠭᠡᠵᠦ᠂ ᠯᠢᠶᠠᠩᠴᠧᠩ ᠰᠢᠶᠠᠨ ᠤ ᠬᠤᠶᠠᠳᠤᠭᠠᠷ ᠬᠡᠤᠬᠡᠳ ᠤᠨ ᠴᠡᠴᠡᠷᠯᠢᠭ ᠢ ᠯᠢᠶᠠᠩᠴᠧᠩ ᠰᠢᠶᠠᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠬᠤᠶᠠᠳᠤᠭᠠᠷ ᠵᠢᠱᠢᠶ᠎ᠡ ᠦᠵᠡᠭᠦᠯᠬᠦ ᠴᠢᠨᠠᠷᠲᠠᠶ ᠬᠡᠤᠬᠡᠳ ᠤᠨ ᠴᠡᠴᠡᠷᠯᠢᠭ ᠪᠣᠯᠭᠠᠨ ᠪᠥᠲᠥᠭᠡᠨ ᠪᠠᠶᠢᠭᠤᠯᠪᠠ᠃     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠴᠡᠴᠡᠷᠯᠢᠭ ᠤᠨ ᠨᠠᠮ ᠤᠨ ᠡᠭᠦᠷ ᠤᠨ ᠱᠦᠵᠢ ᠪᠣᠯᠤᠭᠰᠠᠨ ᠸᠧᠨ ᠵᠧᠨ ᠬᠤᠸᠠ ᠤᠬᠠᠮᠰᠠᠷ ᠠᠴᠠ ᠪᠠᠨ ᠰᠤᠷᠤᠯᠴᠠᠵᠤ᠂ ᠲᠦᠷᠦᠭᠦᠯᠡᠨ ᠰᠤᠷᠤᠯᠴᠠᠵᠤ᠂ 8 ᠲᠦᠮᠡ ᠭᠠᠷᠤᠢ ᠦᠰᠦᠭ ᠤᠨ ᠰᠤᠷᠤᠯᠴᠠᠯᠭ᠎ᠠ ᠶᠢᠨ ᠲᠡᠮᠳᠡᠭᠯᠡᠯ ᠢ ᠪᠢᠴᠢᠵᠡᠢ᠃ ᠡᠭᠦᠨ ᠤ ᠬᠠᠮᠲᠤ᠂ ᠪᠦᠬᠦ ᠴᠡᠴᠡᠷᠯᠢᠭ ᠤᠨ ᠨᠠᠮ ᠤᠨ ᠭᠡᠰᠢᠭᠦᠳ ᠢ ᠵᠣᠬᠢᠶᠠᠨ ᠪᠠᠶᠢᠭᠤᠯᠵᠤ ᠵᠠᠪᠠᠯ ᠤᠩᠰᠢᠬᠤ ᠨᠣᠮ ᠤᠨ ᠭᠠᠷᠴᠠᠭ ᠪᠣᠯᠤᠨ ᠯᠠᠪᠯᠠᠯᠲᠠ ᠶᠢᠨ ᠮᠠᠲ᠋ᠧᠷᠢᠶᠠᠯ ᠤᠨ ᠲᠣᠭᠤᠷᠢᠨ ᠳᠤ᠂ ︽ᠰᠤᠷᠤᠯᠴᠠᠯᠭ᠎ᠠ  ᠤᠨ ᠬᠦᠴᠦᠷᠬᠡᠭ ᠤᠯᠤᠰ︾᠂ ︽ᠤᠮᠠᠷᠠᠲᠤ ᠶᠢᠨ ᠬᠤᠰᠢᠭᠤᠴᠢ︾ ᠵᠡᠷᠭᠡ ᠲᠠᠪᠴᠠᠩ ᠢᠶᠠᠷ ᠭᠠᠷᠳᠠᠴᠠ ᠪᠣᠯᠭᠠᠨ᠂ ︽ᠭᠤᠷᠪᠠᠨ ᠬᠤᠷᠠᠯ ᠨᠢᠭᠡ ᠬᠢᠴᠢᠶᠡᠯ︾ ᠪᠣᠯᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠡᠷᠭᠡ ᠪᠠᠷ ᠳᠠᠮᠵᠢᠭᠤᠯᠵᠤ᠂ ᠠᠯᠢ ᠤᠯᠠᠨ ᠭᠤᠣᠯ ᠰᠡᠳᠦᠪ ᠨᠢ ᠲᠤᠪᠤᠶᠢᠮ᠎ᠠ᠂ ᠣᠨᠴᠠᠯᠢᠭ ᠨᠢ ᠢᠯᠡ ᠲᠣᠳᠣ᠂ ᠬᠡᠯᠪᠡᠷᠢ ᠨᠢ ᠤᠯᠠᠨ ᠶᠠᠩᠵᠤ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ︽ᠬᠤᠪᠢ ᠬᠥᠮᠦᠨ ᠥᠪᠡᠷ ᠢᠶᠠᠨ ᠰᠤᠷᠤᠯᠴᠠᠬᠤ + ᠭᠤᠣᠯ ᠰᠡᠳᠦᠪᠲᠦ ᠳᠠᠭᠠᠭᠤᠯᠤᠨ ᠰᠤᠷᠤᠯᠴᠠᠬᠤ + ᠭᠤᠣᠯ ᠰᠡᠳᠦᠪᠲᠦ ᠨᠠᠮ ᠤᠨ ᠬᠢᠴᠢᠶᠡᠯ + ᠣᠯᠤᠯᠲᠠ ᠲᠦᠷᠦᠭᠳᠡᠯ ᠢᠶᠠᠨ ᠬᠤᠪᠢᠶᠠᠯᠴᠠᠬᠤ + ᠲᠤᠰᠬᠠᠢ ᠰᠡᠳᠦᠪᠲᠦ ᠰᠤᠳᠤᠯᠤᠨ ᠶᠠᠷᠢᠯᠴᠠᠬᠤ︾ ᠰᠤᠷᠤᠯᠴᠠᠯᠭ᠎ᠠ ᠶᠢᠨ  ᠰᠢᠰᠲ᠋ᠧᠮ ᠢ ᠪᠦᠷᠢᠯᠳᠦᠭᠦᠯᠵᠡᠢ᠃ ᠪᠦᠬᠦ ᠴᠡᠴᠡᠷᠯᠢᠭ ᠤᠨ ᠨᠠᠮ ᠤᠨ ᠭᠡᠰᠢᠭᠦᠨ᠂ ᠪᠠᠭᠰᠢ ᠨᠠᠷ ᠮᠠᠷᠺᠰ ᠤᠨ ᠦᠵᠡᠯ᠂ ᠡᠪ ᠬᠠᠮᠲᠤ ᠶᠣᠰᠣᠨ ᠤ ᠢᠲᠡᠭᠡᠯ ᠪᠢᠰᠢᠷᠡᠯ ᠢᠶᠠᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠢᠲᠡᠭᠡᠯ ᠵᠣᠷᠢᠭ ᠢᠶᠠᠨ ᠪᠠᠲᠤᠳᠬᠠᠵᠤ᠂ ᠲᠡᠳᠡᠨ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠵᠠᠭᠤᠨ ᠵᠢᠯ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠢ ᠣᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯ ᠤᠨ ᠪᠠᠶᠢᠷᠢ ᠳᠡᠭᠡᠷ᠎ᠡ ᠠᠷᠠᠳ ᠲᠦᠮᠡᠨ ᠤ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠪᠦᠬᠦ ᠴᠡᠴᠡᠷᠯᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠴᠢᠨᠠᠷ ᠰᠠᠶᠢᠲᠠᠢ ᠬᠥᠭᠵᠢᠯᠲᠡ ᠲᠡᠰᠢ ᠤᠷᠤᠭᠰᠢᠯᠠᠭᠤᠯᠪᠠ᠃      ᠰᠡᠳᠬᠢᠯ ᠵᠢᠷᠦᠬᠡᠨ ᠳᠡᠭᠡᠨ ᠢᠲᠡᠭᠡᠯ ᠪᠢᠰᠢᠷᠡᠯ ᠲᠠᠢ᠂ ᠬᠥᠯ ᠳᠣᠣᠷ᠎ᠠ ᠪᠠᠨ ᠬᠦᠴᠦᠨ ᠴᠢᠳᠠᠯ ᠲᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ ᠢᠶᠠᠷ ᠦᠨᠡᠯᠡᠭᠳᠡᠭᠰᠡᠨ ᠸᠤᠨ ᠵᠧᠨ ᠬᠤᠸᠠ ᠢᠷᠠᠭᠤ ᠠᠯᠳᠠᠷ ᠤᠨ ᠡᠮᠦᠨ᠎ᠡ ᠲᠡᠷᠡ ᠮᠥᠨ ᠯᠡ ᠠᠯᠬᠤᠭ᠎ᠠ ᠪᠠᠨ ᠵᠣᠭᠰᠣᠭᠰᠠᠨ ᠦᠭᠡᠢ᠂ ᠲᠡᠷᠡ ᠨᠡᠩ ᠴᠤ ᠡᠪ ᠬᠠᠮᠲᠤ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ᠤᠭ ᠰᠠᠨᠠᠭ᠎ᠠ ᠪᠠᠨ ᠦᠢᠯᠡᠳᠦᠯᠭᠡᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠳᠠᠷᠤᠤ ᠬᠢᠴᠢᠶᠡᠩᠭᠦᠢ ᠪᠠᠷ ᠬᠥᠮᠦᠨ ᠪᠤᠯᠵᠤ᠂ ᠥᠨᠳᠥᠷ ᠪᠠᠷᠢᠮᠵᠢᠶ᠎ᠠ ᠪᠠᠷ ᠠᠵᠢᠯ ᠬᠢᠵᠦ᠂ ︽ᠠᠳᠠᠷ ᠬᠠᠭᠠᠯᠪᠤᠷᠢᠯᠠᠬᠤ ᠦᠬᠡᠷ︾ ᠤᠨ ᠵᠣᠷᠢᠭ ᠰᠠᠨᠠᠭ᠎ᠠ ᠪᠠᠷ ︽ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ︾ ᠢ ᠰᠠᠶᠢᠲᠤᠷ ᠡᠷᠬᠢᠯᠡᠬᠦ ᠶᠢᠨ ᠲᠥᠯᠥᠭᠡ ᠬᠦᠴᠦᠯᠡᠨ ᠲᠡᠮᠡᠴᠡᠵᠦ᠂ ᠯᠢᠶᠠᠩᠴᠧᠩ ᠰᠢᠶᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠴᠢᠨᠠᠷ ᠰᠠᠶᠢᠲᠠᠢ ᠬᠥᠭᠵᠢᠯᠲᠡ ᠶᠢᠨ ᠳᠠᠷᠳᠠᠩ ᠵᠠᠮ ᠢᠶᠠᠷ ᠯᠠᠪᠳᠠᠭᠤᠨ ᠢᠶᠠᠷ ᠤᠷᠤᠭᠰᠢᠯᠠᠬᠤ ᠶᠢ ᠬᠦᠳᠦᠯᠦᠨ ᠳᠠᠭᠠᠭᠤᠯᠵᠠᠢ᠃                                                                   ᠰᠤᠷᠪᠤᠯᠵᠢᠯᠠᠭᠴᠢ᠄ ᠰᠦᠩ ᠹᠦ᠋ ᠾᠧᠩ                             ᠨᠠᠶᠢᠷᠠᠭᠤᠯᠤᠭᠴᠢ᠄ ᠮᠠ ᠴᠤᠤ  ᠴᠢᠶᠦ᠋ᠨ                             ᠤᠷᠴᠢᠭᠤᠯᠤᠭᠴᠢ᠄ ᠼᠦᠢ  ᠴᠢᠩ
 
ᠢᠷᠡᠯᠲᠡ᠄ ᠠᠮᠢᠵᠢᠷᠠᠯ ᠪᠢᠯᠬᠠᠭᠰᠠᠨ ᠯᠢᠶᠠᠩᠴᠧᠩ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2