ᠲᠦᠷᠦᠭᠦᠬᠡᠨ᠂ ᠰᠤᠷᠪᠤᠯᠵᠢᠯᠠᠭᠴᠢ ᠯᠢᠶᠠᠩᠴᠧᠩ ᠰᠢᠶᠠᠨ ᠤ ᠬᠤᠶᠠᠳᠤᠭᠠᠷ ᠬᠡᠤᠬᠡᠳ ᠤᠨ ᠴᠡᠴᠡᠷᠯᠢᠭ ᠲᠤ | ᠬᠦᠷᠬᠦ ᠳᠤ᠂ ᠨᠣᠮᠢᠨ ᠨᠤᠭᠤᠭᠠᠨ ᠨᠠᠷᠠᠰᠤ ᠮᠠᠶᠢᠯᠠᠰᠤ᠂ ᠥᠩᠭᠡ ᠢᠯᠭᠠᠷᠠᠭᠰᠠᠨ ᠤᠯᠠᠭᠠᠨ ᠨᠠᠮ ᠤᠨ ᠲᠤᠭ ᠰᠠᠯᠬᠢᠨ ᠤ | ᠠᠶ᠎ᠠ ᠪᠠᠷ ᠨᠠᠮᠢᠷᠠᠨ᠂ ᠵᠢᠭᠠᠨ ᠰᠤᠷᠭᠠᠯᠲᠠ ᠶᠢᠨ ᠠᠰᠠᠷ ᠲᠤ ︽ᠡᠪ ᠬᠠᠮᠲᠤ ᠨᠠᠮ ᠪᠠᠶᠢᠬᠤ ᠥᠬᠡᠶ ᠪᠣᠯ ᠰᠢᠨ᠎ᠡ | ᠳᠤᠮᠳᠠᠳᠤ ᠤᠯᠤᠰ ᠪᠠᠶᠢᠵᠤ ᠴᠢᠳᠠᠬᠤ ᠥᠬᠡᠶ︾᠂ ︽ᠤᠯᠠᠭᠠᠨ ᠣᠲᠣ ᠬᠡᠷᠡᠯ ᠭᠢᠯᠪᠠᠭ᠎ᠠ ᠪᠠᠨ ᠰᠠᠴᠤᠷᠠᠭᠤᠯᠤᠨ᠎ᠠ︾ | ᠭᠡᠬᠦ ᠨᠢᠯᠬᠠᠰᠠᠭ ᠳᠠᠭᠤᠤ ᠪᠠᠶᠢᠨ ᠪᠠᠶᠢᠨ ᠳᠠᠭᠤᠷᠢᠰᠴᠤ᠂ ᠪᠥᠬᠦ ᠬᠡᠤᠬᠡᠳ ᠤᠨ ᠴᠡᠴᠡᠷᠯᠢᠭ ᠢᠶᠠᠷ ᠢᠶᠠᠨ ᠨᠠᠮ ᠤᠨ ᠵᠠᠭᠤᠨ | ᠵᠢᠯ ᠤᠨ ᠣᠶ ᠶᠢ ᠪᠠᠶᠠᠷᠯᠠᠨ ᠪᠡᠯᠭᠡᠯᠡᠬᠦ ᠠᠭᠤᠷ ᠠᠮᠢᠰᠬᠤᠯ ᠳᠤ ᠰᠣᠭᠲᠣᠭᠤᠷᠠᠵᠤ ᠪᠠᠶᠢᠯ᠎ᠠ᠃ ᠬᠤᠷᠠᠯ ᠤᠨ ᠭᠡᠷ ᠲᠤ᠂ | ᠨᠢᠭᠡᠨ ᠳᠤᠮᠳᠠ ᠨᠠᠰᠤᠨ ᠤ ᠡᠮᠡᠭᠲᠡᠢ ᠤᠶᠤᠨ ᠤᠬᠠᠭᠠᠨ ᠢᠶᠠᠨ ᠲᠥᠪᠯᠡᠷᠡᠭᠦᠯᠦᠨ ᠬᠦᠴᠦ ᠪᠠᠨ ᠬᠠᠮᠲᠤᠳᠬᠠᠵᠤ᠂ ᠪᠢᠷ | ᠪᠠᠷᠢᠵᠤ ᠪᠠᠶᠢᠯ᠎ᠠ᠃ ᠲᠡᠷᠡ ᠪᠣᠯ ᠡᠨᠡ ᠵᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠪ | ᠬᠠᠮᠲᠤ ᠨᠠᠮ ᠤᠨ ᠭᠡᠰᠢᠭᠦᠨ ᠤ ᠢᠷᠠᠭᠤ ᠠᠯᠳᠠᠷ ᠤᠨ ᠴᠣᠯᠠ ᠶᠢ ᠬᠦᠷᠳᠡᠭᠰᠡᠨ ᠯᠢᠶᠠᠩᠴᠧᠩ ᠰᠢᠶᠠᠨ ᠤ ᠬᠤᠶᠠᠳᠤᠭᠠᠷ | ᠬᠡᠦᠬᠡᠳ ᠤᠨ ᠴᠡᠴᠡᠷᠯᠢᠭ ᠤᠨ ᠨᠠᠮ ᠤᠨ ᠡᠭᠦᠷ ᠤᠨ ᠱᠦᠵᠢ᠂ ᠴᠡᠴᠡᠷᠯᠢᠭ ᠤᠨ ᠳᠠᠷᠤᠭ᠎ᠠ ᠸᠧᠨ ᠵᠧᠨ ᠬᠤᠸᠠ | ᠪᠣᠯᠤᠨ᠎ᠠ᠃ | | | | | ᠵᠢᠷᠤᠭ ᠵᠢᠷᠤᠬᠤ ᠤᠴᠢᠷ ᠢ ᠠᠰᠠᠭᠤᠬᠤ ᠳᠤ᠂ ᠲᠡᠷᠡ ᠪᠢᠷ ᠢᠶᠠᠨ ᠲᠠᠯᠪᠢᠭᠠᠳ ᠭᠦᠨ ᠰᠡᠳᠬᠢᠭᠳᠡᠯ ᠲᠠᠢ | ᠬᠡᠯᠡᠬᠦ ᠳᠡᠭᠡᠨ᠂ ᠡᠨᠡ ᠨᠢ ᠬᠡᠳᠦ᠋ᠢᠪᠡᠷ ᠨᠢᠭᠡᠨ ᠶᠠᠳᠠᠷᠠᠭᠠᠨ ᠲᠠᠢ ᠠᠵᠢᠯ ᠪᠣᠯᠪᠠᠴᠤ᠂ ᠪᠦᠬᠦ ᠴᠡᠴᠡᠷᠯᠢᠭ ᠤᠨ 200 | ᠭᠠᠷᠤᠶ ᠱᠠᠩᠨᠠᠯ ᠤᠨ ᠪᠢᠴᠢᠭ ᠢ ᠨᠢᠭᠡ ᠨᠢᠭᠡ ᠪᠠᠷ ᠵᠢᠷᠤᠵᠤ᠂ ᠴᠠᠭ ᠪᠠ ᠬᠦᠴᠦ ᠲᠠᠮᠢᠷ ᠢᠶᠠᠨ ᠪᠠᠷᠠᠵᠤ ᠪᠠᠶᠢᠨ᠎ᠠ᠂ | ᠭᠡᠪᠡᠴᠦ ᠮᠢᠨᠦ ᠦᠵᠡᠬᠦ ᠪᠠᠷ ᠡᠨᠡ ᠪᠣᠯ ᠤᠳᠬ᠎ᠠ ᠠᠭᠤᠯᠭ᠎ᠠ ᠲᠠᠢ ᠶᠠᠪᠤᠳᠠᠯ ᠶᠤᠮ ᠭᠡᠨ᠎ᠡ᠃ ᠬᠡᠦᠬᠡᠳ ᠤᠳ ᠤᠨ | ᠲᠡᠷᠢᠭᠦᠯᠡᠭᠴᠢ ᠴᠡᠴᠡᠭ ᠰᠢᠭ ᠡᠷᠡᠰ ᠬᠠᠲᠠᠭᠤ᠂ ᠬᠤᠯᠤᠰᠤ ᠰᠢᠭ᠋ ᠠᠰᠪᠤᠷ ᠰᠢᠯᠤᠭᠤᠨ᠂ ᠴᠠᠬᠢᠷᠮ᠎ᠠ ᠰᠢᠭ᠋ ᠠᠷᠢᠭᠤᠨ | ᠴᠡᠪᠡᠷ᠂ ᠤᠳᠪᠠᠯᠠ ᠰᠢᠭ᠋ ᠡᠷᠬᠢᠮ ᠳᠡᠭᠡᠳᠦ ᠵᠠᠩ ᠴᠢᠨᠠᠷ ᠢ ᠨᠢᠳᠦ ᠪᠠᠷ ᠢᠶᠠᠨ ᠦᠵᠡᠵᠦ ᠪᠣᠯᠬᠤ ᠮᠥᠷᠲᠡᠭᠡᠨ ᠨᠢᠯᠬ᠎ᠠ | ᠪᠠᠯᠴᠢᠷ ᠣᠶᠤᠨ ᠰᠠᠨᠠᠭᠠᠨ ᠳᠤᠨᠢ ᠤᠯᠠᠮᠵᠢᠯᠠᠯᠲᠤ ᠰᠣᠶᠣᠯ ᠤᠨ ᠬᠢᠲᠠᠳ ᠵᠢᠷᠤᠭ ᠢ ᠤᠳᠬᠠᠴᠢᠯᠠᠨ ᠵᠢᠷᠤᠭᠰᠠᠨ ᠤᠯᠠ | ᠮᠥᠷ ᠢ ᠵᠢᠷᠤᠵᠤ ᠪᠣᠯᠬᠤ ᠶᠤᠮ᠂ ᠡᠭᠦᠨ ᠢ ᠶᠠᠭᠤᠨ ᠳᠤ ᠬᠢᠬᠦ ᠦᠭᠡᠶ ᠪᠤᠶ ︖ | | | | ᠦᠨᠡᠨᠴᠢ ᠰᠡᠳᠬᠢᠯ ᠢᠶᠠᠷ ᠬᠦᠷᠬᠦ ᠳᠤ᠂ ᠴᠢᠯᠠᠭᠤ ᠴᠢᠯᠠᠭᠤ ᠶᠢ ᠨᠡᠭᠡᠭᠡᠬᠦ ᠳᠤ ᠬᠦᠷᠦᠨ᠎ᠠ᠃ ᠸᠧᠨ ᠵᠧᠨ | ᠬᠤᠸᠠ ᠶᠢᠨ ᠴᠡᠴᠡᠷᠯᠢᠭ ᠡᠷᠭᠢᠯᠡᠬᠦ ᠣᠶᠢᠯᠠᠭᠠᠭᠳᠠᠬᠤᠨ ᠨᠢ ᠴᠦ ᠱᠠᠩᠨᠠᠯ ᠤᠨ ᠪᠢᠴᠢᠭ ᠳᠡᠭᠡᠷ᠎ᠡ ᠵᠢᠷᠤᠭ ᠵᠢᠷᠤᠵᠤ᠂ | ᠬᠥᠮᠦᠨ ᠢᠶᠠᠷ ᠦᠨᠳᠦᠰᠦ ᠪᠣᠯᠭᠠᠨ᠂ ᠰᠠᠶᠢᠨ ᠢ ᠡᠷᠬᠢᠮᠯᠡᠵᠦ ᠰᠠᠶᠢᠬᠠᠨ ᠢ ᠡᠷᠬᠢᠮᠯᠡᠬᠦ ᠲᠠᠢ ᠠᠳᠠᠯᠢ ᠶᠤᠮ᠃ ︽ᠬᠡᠦᠬᠡᠳ | ᠨᠢᠭᠡᠪᠦᠷᠢ ᠶᠢᠨ ᠳᠠᠯᠳᠠ ᠴᠢᠳᠠᠪᠤᠷᠢ ᠶᠢ ᠨᠡᠭᠡᠭᠡᠨ ᠬᠥᠭᠵᠢᠭᠦᠯᠵᠦ᠂ ᠬᠡᠦᠬᠡᠳ ᠢ ᠬᠠᠮᠤᠭ ᠤᠨ ᠰᠠᠶᠢᠨ ᠥᠪᠡᠷ ᠢ ᠪᠠᠨ | ᠪᠣᠯᠭᠠᠬᠤ︾ ᠪᠠᠷ ᠵᠣᠷᠢᠯᠲᠠ ᠪᠣᠯᠭᠠᠵᠤ᠂ ᠬᠥᠮᠦᠨ ᠢ ᠬᠥᠮᠦᠵᠢᠭᠦᠯᠬᠦ᠂ ᠨᠠᠷᠢᠯᠢᠭ᠂ ᠪᠣᠷᠣᠭᠵᠢᠭᠤᠨ᠂ ᠦᠵᠡᠮᠵᠢᠲᠡᠶ | ᠪᠠᠶᠢᠬᠤ ᠵᠠᠷᠴᠢᠮ ᠢ ᠪᠠᠷᠢᠮᠲᠠᠯᠠᠵᠤ᠂ ᠨᠠᠷᠢᠯᠢᠭ ᠣᠨᠣᠴᠠᠲᠠᠶ ᠬᠠᠮᠢᠶᠠᠷᠬᠤ᠂ ᠰᠢᠨᠵᠢᠯᠡᠬᠦ ᠤᠬᠠᠭᠠᠨᠴᠢ ᠪᠠᠷ ᠰᠢᠰᠲ᠋ᠧᠮ ᠲᠠᠢ | ᠠᠵᠢᠯᠯᠠᠭᠤᠯᠬᠤ᠂ ᠪᠠᠭᠰᠢ ᠶᠢᠨ ᠡᠩᠨᠡᠭᠡ ᠶᠢ ᠰᠢᠯᠢᠳᠡᠭᠵᠢᠭᠦᠯᠬᠦ᠂ ᠭᠤᠶᠢᠳᠠ ᠰᠠᠶᠢᠬᠠᠨ ᠣᠷᠴᠢᠨ ᠲᠣᠭᠤᠷᠢᠨ ᠢ ᠪᠣᠶ | ᠪᠣᠯᠭᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠡᠤᠬᠡᠳ ᠤᠳ ᠤᠨ ᠳᠤᠷ᠎ᠠ ᠰᠣᠨᠢᠷᠬᠠᠯ ᠢ ᠦᠨᠳᠦᠰᠦᠯᠡᠨ | ᠤᠯᠤᠰ ᠤᠨ ᠰᠤᠷᠭᠠᠯ ᠤᠨ ᠰᠡᠬᠡᠭᠡᠷᠡᠭᠦᠯᠦᠯ᠂ ᠤᠳᠬᠠᠴᠢᠯᠠᠭᠰᠠᠨ ᠬᠢᠲᠠᠳ ᠵᠢᠷᠤᠭ᠂ ᠵᠢᠵᠢᠭ ᠬᠥᠯ ᠪᠥᠮᠪᠦᠭᠡ ᠵᠡᠷᠭᠡ | ᠬᠢᠴᠢᠶᠡᠯ ᠨᠡᠭᠡᠭᠡᠵᠦ᠂ ᠥᠪᠡᠷᠲᠡᠭᠡᠨ ᠵᠠᠰᠠᠬᠤ ᠣᠷᠣᠨ ᠤ ᠤᠷᠠᠯᠢᠭ ᠤᠨ ᠤᠨᠴᠠᠯᠢᠭᠳᠤ ᠨᠠᠷᠠᠲᠤ ᠬᠦᠷᠢᠶᠡᠯᠡᠩ ᠢ | ᠴᠢᠷᠮᠠᠶᠢᠨ ᠪᠠᠶᠢᠭᠤᠯᠤᠨ᠎ᠠ᠃ ᠲᠡᠷᠡ ᠥᠪᠡᠷ ᠤᠨ ᠪᠡᠶ᠎ᠡ ᠪᠠᠷ ᠢᠶᠠᠨ ᠴᠢᠷᠮᠠᠶᠢᠨ ᠠᠵᠢᠯᠯᠠᠵᠤ᠂ ᠶᠠᠭᠠᠷᠠᠤ ᠴᠠᠭ ᠢᠶᠠᠷ ᠢᠶᠠᠨ | ᠭᠠᠷᠠᠭ ᠪᠦᠷᠢ ᠶᠢᠨ ᠲᠦᠷᠪᠡᠨ ᠤ ᠦᠳᠡ ᠶᠢᠨ ᠬᠤᠶᠢᠨ᠎ᠠ ᠬᠡᠦᠬᠡᠳ ᠤᠨ ᠴᠡᠴᠡᠷᠯᠢᠭ ᠤᠨ ᠭᠤᠷᠪᠠᠨ ᠶᠡᠭᠡ ᠠᠩᠬᠢ ᠳᠤ | ᠬᠢᠲᠠᠳ ᠵᠢᠷᠤᠭ ᠤᠨ ᠤᠳᠬᠠᠴᠢᠯᠠᠭᠰᠠᠨ ᠬᠢᠴᠢᠶᠡᠯ ᠣᠷᠣᠵᠤ ᠥᠭᠪᠡ᠃ ᠬᠢᠴᠢᠶᠡᠯ ᠤᠨ ᠲᠠᠩᠬᠢᠮ ᠳᠤ᠂ ᠤᠷᠮ᠎ᠠ | ᠪᠠᠬ᠎ᠠ ᠲᠠᠢ ᠬᠡᠦᠬᠡᠳ ᠤᠳ ᠦᠰᠦᠨ ᠪᠢᠷ ᠪᠠᠷᠢᠵᠤ᠂ ᠨᠣᠭᠤᠭᠠᠨ ᠦᠩᠭᠡ ᠪᠠᠷ ᠵᠢᠷᠤᠵᠤ᠂ ᠤᠯᠠᠮᠵᠢᠯᠠᠯᠲᠤ ᠠᠷᠭ᠎ᠠ ᠪᠠᠷ | ᠳᠡᠯᠡᠬᠡᠢ ᠶᠢᠨ ᠪᠥᠮᠪᠥᠷᠴᠡᠭ ᠤᠨ ᠭᠡᠷ ᠣᠷᠣᠨ ᠤ ᠵᠢᠷᠤᠭ ᠢ ᠵᠢᠷᠤᠨ᠎ᠠ᠃ ᠸᠧᠨ ᠵᠧᠨ ᠬᠤᠸᠠ ᠲᠣᠭᠤᠷᠢᠨ ᠪᠠᠶᠢᠴᠠᠭᠠᠵᠤ | ᠂ ᠨᠢᠭᠡ ᠨᠢᠭᠡ ᠪᠠᠷ ᠵᠢᠭᠠᠨ ᠳᠣᠬᠢᠵᠤ᠂ ᠭᠠᠷ ᠢᠶᠠᠷ ᠢᠶᠠᠨ ᠵᠢᠷᠤᠭ ᠵᠢᠷᠤᠬᠤ ᠶᠢ ᠵᠢᠭᠠᠪᠠ᠃ ᠴᠡᠴᠡᠷᠯᠢᠭ ᠤᠨ ᠳᠠᠷᠤᠭ᠎ᠠ | ᠵᠢᠱᠢᠶ᠎ᠡ ᠦᠵᠡᠭᠦᠯᠦᠨ ᠲᠠᠶᠢᠴᠢᠯᠠᠵᠦ᠂ ᠪᠠᠭᠰᠢ ᠨᠠᠷ ᠠᠪᠢᠶᠠᠰ ᠴᠢᠳᠠᠪᠤᠷᠢ ᠪᠠᠨ ᠪᠠᠳᠠᠷᠠᠭᠤᠯᠵᠤ᠂ ᠪᠠᠭ᠎ᠠ ᠰᠢᠶᠠᠨ ᠤ | ᠬᠤᠳᠠ ᠳᠤ ᠶᠡᠭᠡ ᠬᠤᠳᠠ ᠶᠢᠨ᠂ ᠠᠭᠤᠳᠠᠮᠴᠢ ᠪᠠᠭᠲᠠᠭᠠᠮᠵᠢᠲᠠᠢ᠂ ᠶᠡᠭᠡ ᠪᠠᠶᠢᠷᠢᠰᠢᠯ ᠲᠠᠢ ᠬᠡᠦᠬᠡᠳ ᠤᠨ ᠴᠡᠴᠡᠷᠯᠢᠭ ᠢ | ᠡᠷᠬᠢᠯᠡᠪᠡ᠃ ᠸᠧᠨ ᠵᠧᠨ ᠬᠤᠸᠠ ᠴᠡᠴᠡᠷᠯᠢᠭ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠭᠠᠳ 10 ᠵᠢᠯ ᠰᠢᠬᠠᠮ | ᠪᠣᠯᠵᠣ᠂ ᠯᠢᠶᠠᠩᠴᠧᠩ ᠰᠢᠶᠠᠨ ᠤ ᠬᠠᠭᠤᠴᠢᠨ ᠲᠠᠩᠬᠢᠮ ᠤᠨ ᠬᠡᠤᠬᠡᠳ ᠤᠨ ᠴᠡᠴᠡᠷᠯᠢᠭ ᠢ ᠪᠠᠶᠢᠭᠤᠯᠵᠤ᠂ | ᠯᠢᠶᠠᠩᠴᠧᠩ ᠤᠨ ᠬᠤᠶᠠᠳᠤᠭᠠᠷ ᠬᠡᠤᠬᠡᠳ ᠤᠨ ᠴᠡᠴᠡᠷᠯᠢᠭ ᠢ ᠬᠥᠭᠵᠢᠭᠦᠯᠪᠡ᠂ ᠡᠨᠡ ᠬᠤᠶᠠᠷ ᠬᠡᠤᠬᠡᠳ ᠤᠨ | ᠴᠡᠴᠡᠷᠯᠢᠭ ᠨᠢ ᠲᠣᠰ ᠲᠣᠰ 2016 ᠣᠨ᠂ 2018 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ | ᠵᠢᠱᠢᠶ᠎ᠡ ᠦᠵᠡᠭᠦᠯᠬᠦ ᠴᠢᠨᠠᠷᠲᠠᠶ ᠬᠡᠤᠬᠡᠳ ᠤᠨ ᠴᠡᠴᠡᠷᠯᠢᠭ ᠢᠶᠠᠷ ᠦᠨᠡᠯᠡᠭᠳᠡᠪᠡ᠃ | ᠲᠠᠷᠢᠶᠠᠴᠢᠨ ᠤ ᠭᠡᠷ ᠪᠦᠯᠢ ᠳᠤ ᠲᠦᠷᠦᠭᠰᠡᠨ ᠸᠧᠨ ᠵᠧᠨ ᠬᠤᠸᠠ᠂ 1993 ᠣᠨ ᠳᠤ ᠲᠡᠭᠦᠰᠦᠭᠰᠡᠨ ᠤ | ᠲᠠᠷᠠᠭ᠎ᠠ ᠠᠵᠢᠯ ᠳᠤ ᠣᠷᠣᠵᠠᠶ᠂ ᠲᠡᠷᠡ ᠯᠠᠪᠳᠠᠭᠤᠨ ᠪᠠᠲᠤᠲᠠᠶ ᠰᠢᠷᠭᠠᠭᠤ ᠬᠠᠲᠠᠭᠤᠵᠢᠯᠲᠠᠶ ᠠᠵᠢᠯᠯᠠᠨ᠂ ᠠᠯᠬᠤᠮ | ᠲᠠᠪᠰᠢᠬᠤ ᠪᠠᠷ ᠢᠳᠡᠪᠬᠢᠲᠡᠶ ᠱᠠᠭᠠᠷᠳᠠᠵᠤ᠂ 2003 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ | ᠣᠷᠣᠵᠠᠶ᠃ 2012 ᠣᠨ ᠳᠤ᠂ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠬᠠᠭᠤᠴᠢᠨ ᠲᠠᠩᠬᠢᠮ ᠬᠡᠤᠬᠡᠳ ᠤᠨ | ᠴᠡᠴᠡᠷᠯᠢᠭ ᠤᠨ ᠳᠠᠷᠤᠭ᠎ᠠ ᠶᠢᠨ ᠲᠤᠰᠢᠶᠠᠯ ᠳᠤ ᠢᠯᠡ ᠪᠠᠷ ᠥᠷᠢᠰᠥᠯᠳᠦᠨ ᠣᠷᠣᠯᠴᠠᠬᠤ ᠪᠠᠷ ᠳᠡᠮᠵᠢᠨ᠂ ᠸᠧᠨ ᠵᠧᠨ | ᠬᠤᠸᠠ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠰᠢᠷᠭᠠᠭᠤ ᠬᠠᠲᠠᠭᠤᠵᠢᠯᠲᠠᠶ ᠠᠵᠢᠯᠯᠠᠬᠤ ᠵᠣᠷᠢᠭ ᠰᠠᠨᠠᠭ᠎ᠠ ᠪᠠᠷ | ᠪᠠᠭᠰᠢ ᠠᠵᠢᠯᠲᠠᠳ ᠢᠶᠠᠨ ᠪᠦᠯᠬᠦᠮᠳᠡᠭᠦᠯᠦᠨ ᠳᠠᠭᠠᠭᠤᠯᠵᠤ᠂ ᠬᠤᠭ ᠨᠣᠪᠰᠢ ᠶᠢ ᠴᠡᠪᠡᠷᠯᠡᠨ᠂ ᠲᠠᠯᠠᠪᠤᠷ ᠭᠠᠵᠠᠷ ᠢ | ᠲᠡᠭᠰᠢᠯᠡᠵᠦ᠂ ᠨᠣᠭᠤᠭᠠᠷᠠᠭᠤᠯᠤᠯᠲᠠ ᠬᠢᠵᠦ᠂ ᠪᠠᠯᠠ ᠮᠥᠩᠭᠦ ᠭᠠᠷᠭᠠᠨ᠂ ᠲᠣᠨᠤᠭ ᠲᠥᠬᠦᠭᠡᠷᠦᠮᠵᠢ ᠬᠤᠳᠠᠯᠳᠤᠨ | ᠠᠪᠴᠤ᠂ ᠣᠷᠴᠢᠨ ᠲᠣᠭᠤᠷᠢᠨ ᠢᠶᠠᠨ ᠭᠤᠶᠤᠵᠢᠭᠤᠯᠤᠨ᠂ ᠲᠣᠭᠲᠠᠭᠰᠠᠨ ᠬᠤᠭᠤᠴᠠᠭᠠᠨ ᠳᠠᠭᠠᠨ ᠴᠡᠴᠡᠷᠯᠢᠭ | ᠨᠡᠭᠡᠭᠡᠬᠦ ᠶᠢ ᠪᠡᠶᠡᠯᠡᠭᠦᠯᠪᠡ᠃ ᠲᠡᠷᠡ ᠭᠦᠨ ᠵᠤᠵᠠᠭᠠᠨ ᠰᠢᠰᠲ᠋ᠧᠮ ᠲᠠᠢ ᠲᠤᠰᠬᠠᠢ ᠮᠡᠷᠭᠡᠵᠢᠯ ᠤᠨ ᠤᠨᠤᠯ ᠪᠣᠯᠤᠨ | ᠨᠡᠯᠢᠶᠡᠳ ᠴᠢᠩᠭ᠎ᠠ ᠵᠣᠬᠢᠴᠠᠭᠤᠯᠤᠨ ᠬᠠᠮᠢᠶᠠᠷᠬᠤ ᠴᠢᠳᠠᠪᠤᠷᠢ ᠪᠠᠷ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠠᠵᠢᠯ ᠢ ᠵᠣᠬᠢᠶᠠᠨ ᠪᠠᠶᠢᠭᠤᠯᠤᠨ ᠲᠤᠬᠢᠷᠠᠭᠤᠯᠵᠤ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ | ᠡᠮᠦᠨᠡᠰᠢ ᠵᠢᠶᠠᠩᠰᠦ ᠵᠧᠵᠢᠶᠠᠩ ᠳᠤ ᠬᠦᠷᠴᠦ᠂ ᠵᠡᠭᠦᠨᠰᠢ ᠪᠡᠭᠡᠵᠢᠩ ᠲᠢᠶᠠᠨᠵᠢᠨ ᠳᠤ ᠬᠦᠷᠴᠦ ᠨᠣᠮ ᠵᠠᠯᠠᠵᠤ᠂ ᠤᠯᠠᠨ ᠤ | ᠤᠬᠠᠭᠠᠨ ᠬᠠᠮᠲᠤ ᠶᠢᠨ ᠬᠦᠴᠦᠨ ᠢᠶᠠᠷ ᠬᠡᠦᠬᠡᠳ ᠤᠨ ᠴᠡᠴᠡᠷᠯᠢᠭ ᠡᠷᠬᠢᠯᠡᠬᠦ ᠲᠥᠯᠥᠪᠵᠢᠭᠦᠯᠭᠡ ᠶᠢ ᠲᠣᠭᠲᠠᠭᠠᠵᠠᠢ᠃ | ᠪᠠᠭᠰᠢ ᠠᠵᠢᠯᠲᠠᠳ ᠤᠨ ᠢᠳᠡᠪᠬᠢᠵᠢᠯ ᠢ ᠭᠦᠢᠴᠡᠳ ᠪᠠᠳᠠᠷᠠᠭᠤᠯᠤᠨ᠂ ᠴᠥᠬᠦᠷᠡᠰᠢ ᠦᠭᠡᠢ ᠴᠢᠷᠮᠠᠶᠢᠵᠤ᠂ | ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠵᠢᠷᠭᠤᠭᠠᠬᠠᠨ ᠵᠢᠯ ᠭᠠᠷᠤᠢ ᠶᠢᠨ ᠬᠤᠭᠤᠴᠠᠭᠠᠨ ᠳᠤ᠂ ᠵᠢᠤ ᠲᠠᠩ | ᠬᠡᠦᠬᠡᠳ ᠤᠨ ᠴᠡᠴᠡᠷᠯᠢᠭ ᠢ ᠯᠢᠶᠠᠩᠴᠧᠩ ᠰᠢᠶᠠᠨ ᠤ ᠠᠩᠬᠠᠳᠠᠭᠴᠢ ᠡᠳᠦᠷ ᠤᠨ ᠴᠡᠴᠡᠷᠯᠢᠭ ᠤᠨ ᠴᠡᠴᠡᠷᠯᠢᠭ᠂ | ᠠᠩᠬᠠᠳᠠᠭᠴᠢ ᠬᠤᠳᠠ ᠶᠢᠨ ᠲᠡᠰ ᠤᠨ ᠵᠢᠱᠢᠶ᠎ᠡ ᠦᠵᠡᠭᠦᠯᠬᠦ ᠴᠢᠨᠠᠷᠲᠠᠢ ᠬᠡᠦᠬᠡᠳ ᠤᠨ ᠴᠡᠴᠡᠷᠯᠢᠭ᠂ ᠠᠩᠬᠠᠳᠠᠭᠴᠢ | ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠱᠢᠶ᠎ᠡ ᠦᠵᠡᠭᠦᠯᠬᠦ ᠴᠢᠨᠠᠷᠲᠠᠢ ᠬᠡᠦᠬᠡᠳ ᠤᠨ ᠴᠡᠴᠡᠷᠯᠢᠭ ᠪᠣᠯᠭᠠᠨ | ᠪᠦᠳᠦᠭᠡᠨ ᠪᠠᠶᠢᠭᠤᠯᠪᠠ᠃ | 2018 ᠣᠨ ᠤ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠳᠤ᠂ ᠯᠢᠶᠠᠩᠴᠧᠩ ᠰᠢᠶᠠᠨ ᠤ | ᠭᠤᠷᠪᠠᠳᠤᠭᠠᠷ ᠡᠭᠡᠯᠵᠢ ᠶᠢᠨ ᠰᠤᠷᠭᠠᠭᠤᠯᠢ ᠶᠢᠨ ᠬᠦᠷᠢᠶᠡᠨ ᠤ ᠳᠠᠷᠤᠭ᠎ᠠ ᠶᠢᠨ ᠥᠷᠢᠰᠥᠯᠳᠦᠭᠡᠨ ᠳᠤ ᠢᠯᠠᠭᠰᠠᠨ ᠸᠧᠨ | ᠵᠧᠨ ᠬᠤᠸᠠ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢ ᠳᠠᠭᠠᠵᠤ᠂ ᠯᠢᠶᠠᠩᠴᠧᠩ ᠰᠢᠶᠠᠨ ᠤ ᠬᠤᠶᠠᠳᠤᠭᠠᠷ | ᠬᠡᠤᠬᠡᠳ ᠤᠨ ᠴᠡᠴᠡᠷᠯᠢᠭ ᠲᠤ ᠬᠦᠷᠴᠦ ᠴᠡᠴᠡᠷᠯᠢᠭ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃ ᠲᠤᠰᠢᠶᠠᠯ ᠳᠤ | ᠭᠠᠷᠤᠭᠰᠠᠨ ᠠᠴᠠ ᠨᠠᠭᠠᠰᠢ᠂ ᠲᠡᠷᠡ ᠦᠨᠡᠨᠴᠢ ᠣᠪᠣᠷ᠂ ᠲᠥᠪ ᠴᠢᠩᠭ᠎ᠠ ᠣᠪᠣᠷ ᠰᠤᠷᠲᠠᠯ᠂ ᠭᠤᠶᠠᠴᠢ ᠦᠭᠡᠢ ᠵᠣᠷᠢᠭ | ᠰᠠᠨᠠᠭ᠎ᠠ ᠪᠠᠷ ᠠᠵᠢᠯ ᠳᠠᠭᠠᠨ ᠵᠢᠳᠬᠦᠭᠰᠡᠨ ᠪᠠᠶᠢᠨ᠎ᠠ᠃ ᠡᠳᠦᠷ ᠲᠡᠭᠡᠨ ᠵᠢᠭᠠᠨ ᠰᠤᠷᠭᠠᠯᠲᠠ ᠶᠢᠨ ᠡᠮᠦᠨ᠎ᠡ ᠹᠷᠣᠨᠲ ᠲᠤ | ᠭᠦᠨᠵᠡᠭᠡᠶᠢᠷᠡᠵᠦ᠂ ᠪᠠᠭᠰᠢ ᠨᠠᠷ ᠲᠠᠢ ᠬᠠᠮᠲᠤ ᠵᠢᠭᠠᠨ ᠰᠤᠷᠭᠠᠯᠲᠠ ᠶᠢ ᠰᠤᠳᠤᠯᠤᠨ᠂ ᠣᠷᠴᠢᠨ ᠲᠣᠭᠤᠷᠢᠨ ᠢ ᠪᠣᠶ | ᠪᠣᠯᠭᠠᠵᠤ᠂ ᠰᠥᠨᠢ ᠳᠦᠯᠢ ᠪᠠᠷ ᠲᠠᠩᠰᠠ ᠡᠪᠬᠡᠮᠡᠯ ᠤᠨ ᠲᠠᠰᠤᠭ ᠲᠤ ᠬᠠᠮᠢᠶ᠎ᠠ ᠪᠥᠬᠦᠶ ᠮᠠᠲ᠋ᠧᠷᠢᠶᠠᠯ ᠢ ᠡᠮᠬᠢᠯᠡᠵᠦ | ᠲᠠᠩᠰᠠ ᠡᠪᠬᠡᠮᠡᠯ ᠳᠤ ᠣᠷᠣᠭᠤᠯᠤᠨ᠎ᠠ᠂ ᠪᠠᠭᠤᠯᠭᠠᠪᠤᠷᠢ ᠮᠠᠰᠢᠨ ᠤ ︽ᠠᠵᠢᠯ ᠬᠠᠶᠠᠯᠲᠠ︾ ᠪᠣᠯ ᠡᠩ ᠤᠨ ᠶᠠᠪᠤᠳᠠᠯ | ᠪᠣᠯᠤᠨ᠎ᠠ᠃ 70 ᠭᠠᠷᠤᠶ ᠡᠳᠦᠷ ᠤᠨ ᠬᠡᠪ ᠤᠨ ᠪᠤᠰᠤ ᠠᠵᠢᠯ ᠢᠶᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ ᠤᠨ ᠲᠤᠰᠬᠠᠶ ᠮᠡᠷᠭᠡᠵᠢᠯᠲᠡᠨ ᠤ ᠪᠦᠯᠬᠦᠮ ᠤᠨ ᠰᠢᠯᠭᠠᠨ ᠪᠠᠶᠢᠴᠠᠭᠠᠯᠲᠠ ᠶᠢ | ᠤᠷᠤᠭᠰᠢᠲᠠᠶ ᠥᠩᠭᠡᠷᠡᠭᠡᠵᠦ᠂ ᠯᠢᠶᠠᠩᠴᠧᠩ ᠰᠢᠶᠠᠨ ᠤ ᠬᠤᠶᠠᠳᠤᠭᠠᠷ ᠬᠡᠤᠬᠡᠳ ᠤᠨ ᠴᠡᠴᠡᠷᠯᠢᠭ ᠢ ᠯᠢᠶᠠᠩᠴᠧᠩ | ᠰᠢᠶᠠᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠬᠤᠶᠠᠳᠤᠭᠠᠷ ᠵᠢᠱᠢᠶ᠎ᠡ ᠦᠵᠡᠭᠦᠯᠬᠦ ᠴᠢᠨᠠᠷᠲᠠᠶ ᠬᠡᠤᠬᠡᠳ ᠤᠨ | ᠴᠡᠴᠡᠷᠯᠢᠭ ᠪᠣᠯᠭᠠᠨ ᠪᠥᠲᠥᠭᠡᠨ ᠪᠠᠶᠢᠭᠤᠯᠪᠠ᠃ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠴᠡᠴᠡᠷᠯᠢᠭ ᠤᠨ | ᠨᠠᠮ ᠤᠨ ᠡᠭᠦᠷ ᠤᠨ ᠱᠦᠵᠢ ᠪᠣᠯᠤᠭᠰᠠᠨ ᠸᠧᠨ ᠵᠧᠨ ᠬᠤᠸᠠ ᠤᠬᠠᠮᠰᠠᠷ ᠠᠴᠠ ᠪᠠᠨ ᠰᠤᠷᠤᠯᠴᠠᠵᠤ᠂ ᠲᠦᠷᠦᠭᠦᠯᠡᠨ | ᠰᠤᠷᠤᠯᠴᠠᠵᠤ᠂ 8 ᠲᠦᠮᠡ ᠭᠠᠷᠤᠢ ᠦᠰᠦᠭ ᠤᠨ ᠰᠤᠷᠤᠯᠴᠠᠯᠭ᠎ᠠ ᠶᠢᠨ ᠲᠡᠮᠳᠡᠭᠯᠡᠯ ᠢ ᠪᠢᠴᠢᠵᠡᠢ᠃ ᠡᠭᠦᠨ ᠤ ᠬᠠᠮᠲᠤ᠂ | ᠪᠦᠬᠦ ᠴᠡᠴᠡᠷᠯᠢᠭ ᠤᠨ ᠨᠠᠮ ᠤᠨ ᠭᠡᠰᠢᠭᠦᠳ ᠢ ᠵᠣᠬᠢᠶᠠᠨ ᠪᠠᠶᠢᠭᠤᠯᠵᠤ ᠵᠠᠪᠠᠯ ᠤᠩᠰᠢᠬᠤ ᠨᠣᠮ ᠤᠨ ᠭᠠᠷᠴᠠᠭ ᠪᠣᠯᠤᠨ | ᠯᠠᠪᠯᠠᠯᠲᠠ ᠶᠢᠨ ᠮᠠᠲ᠋ᠧᠷᠢᠶᠠᠯ ᠤᠨ ᠲᠣᠭᠤᠷᠢᠨ ᠳᠤ᠂ ︽ᠰᠤᠷᠤᠯᠴᠠᠯᠭ᠎ᠠ ᠤᠨ ᠬᠦᠴᠦᠷᠬᠡᠭ ᠤᠯᠤᠰ︾᠂ ︽ | ᠤᠮᠠᠷᠠᠲᠤ ᠶᠢᠨ ᠬᠤᠰᠢᠭᠤᠴᠢ︾ ᠵᠡᠷᠭᠡ ᠲᠠᠪᠴᠠᠩ ᠢᠶᠠᠷ ᠭᠠᠷᠳᠠᠴᠠ ᠪᠣᠯᠭᠠᠨ᠂ ︽ᠭᠤᠷᠪᠠᠨ ᠬᠤᠷᠠᠯ ᠨᠢᠭᠡ ᠬᠢᠴᠢᠶᠡᠯ︾ | ᠪᠣᠯᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠡᠷᠭᠡ ᠪᠠᠷ ᠳᠠᠮᠵᠢᠭᠤᠯᠵᠤ᠂ ᠠᠯᠢ ᠤᠯᠠᠨ ᠭᠤᠣᠯ | ᠰᠡᠳᠦᠪ ᠨᠢ ᠲᠤᠪᠤᠶᠢᠮ᠎ᠠ᠂ ᠣᠨᠴᠠᠯᠢᠭ ᠨᠢ ᠢᠯᠡ ᠲᠣᠳᠣ᠂ ᠬᠡᠯᠪᠡᠷᠢ ᠨᠢ ᠤᠯᠠᠨ ᠶᠠᠩᠵᠤ ᠶᠢᠨ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ︽ᠬᠤᠪᠢ ᠬᠥᠮᠦᠨ ᠥᠪᠡᠷ ᠢᠶᠠᠨ ᠰᠤᠷᠤᠯᠴᠠᠬᠤ + | ᠭᠤᠣᠯ ᠰᠡᠳᠦᠪᠲᠦ ᠳᠠᠭᠠᠭᠤᠯᠤᠨ ᠰᠤᠷᠤᠯᠴᠠᠬᠤ + ᠭᠤᠣᠯ ᠰᠡᠳᠦᠪᠲᠦ ᠨᠠᠮ ᠤᠨ ᠬᠢᠴᠢᠶᠡᠯ + ᠣᠯᠤᠯᠲᠠ | ᠲᠦᠷᠦᠭᠳᠡᠯ ᠢᠶᠠᠨ ᠬᠤᠪᠢᠶᠠᠯᠴᠠᠬᠤ + ᠲᠤᠰᠬᠠᠢ ᠰᠡᠳᠦᠪᠲᠦ ᠰᠤᠳᠤᠯᠤᠨ ᠶᠠᠷᠢᠯᠴᠠᠬᠤ︾ ᠰᠤᠷᠤᠯᠴᠠᠯᠭ᠎ᠠ ᠶᠢᠨ | ᠰᠢᠰᠲ᠋ᠧᠮ ᠢ ᠪᠦᠷᠢᠯᠳᠦᠭᠦᠯᠵᠡᠢ᠃ ᠪᠦᠬᠦ ᠴᠡᠴᠡᠷᠯᠢᠭ ᠤᠨ ᠨᠠᠮ ᠤᠨ ᠭᠡᠰᠢᠭᠦᠨ᠂ ᠪᠠᠭᠰᠢ ᠨᠠᠷ ᠮᠠᠷᠺᠰ ᠤᠨ ᠦᠵᠡᠯ᠂ | ᠡᠪ ᠬᠠᠮᠲᠤ ᠶᠣᠰᠣᠨ ᠤ ᠢᠲᠡᠭᠡᠯ ᠪᠢᠰᠢᠷᠡᠯ ᠢᠶᠠᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠢᠲᠡᠭᠡᠯ ᠵᠣᠷᠢᠭ ᠢᠶᠠᠨ ᠪᠠᠲᠤᠳᠬᠠᠵᠤ᠂ | ᠲᠡᠳᠡᠨ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠵᠠᠭᠤᠨ ᠵᠢᠯ ᠤᠨ ᠭᠡᠷᠡᠯ ᠰᠠᠴᠤᠷᠠᠩᠭᠤᠢ | ᠲᠡᠦᠬᠡᠨ ᠶᠠᠪᠤᠴᠠ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠢ ᠣᠯᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯ ᠤᠨ ᠪᠠᠶᠢᠷᠢ ᠳᠡᠭᠡᠷ᠎ᠡ ᠠᠷᠠᠳ | ᠲᠦᠮᠡᠨ ᠤ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠪᠦᠬᠦ ᠴᠡᠴᠡᠷᠯᠢᠭ ᠤᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠠᠵᠢᠯ ᠢ ᠴᠢᠨᠠᠷ ᠰᠠᠶᠢᠲᠠᠢ ᠬᠥᠭᠵᠢᠯᠲᠡ ᠲᠡᠰᠢ ᠤᠷᠤᠭᠰᠢᠯᠠᠭᠤᠯᠪᠠ᠃ | ᠰᠡᠳᠬᠢᠯ ᠵᠢᠷᠦᠬᠡᠨ ᠳᠡᠭᠡᠨ ᠢᠲᠡᠭᠡᠯ ᠪᠢᠰᠢᠷᠡᠯ ᠲᠠᠢ᠂ ᠬᠥᠯ ᠳᠣᠣᠷ᠎ᠠ ᠪᠠᠨ ᠬᠦᠴᠦᠨ ᠴᠢᠳᠠᠯ ᠲᠠᠢ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ ᠢᠶᠠᠷ ᠦᠨᠡᠯᠡᠭᠳᠡᠭᠰᠡᠨ | ᠸᠤᠨ ᠵᠧᠨ ᠬᠤᠸᠠ ᠢᠷᠠᠭᠤ ᠠᠯᠳᠠᠷ ᠤᠨ ᠡᠮᠦᠨ᠎ᠡ ᠲᠡᠷᠡ ᠮᠥᠨ ᠯᠡ ᠠᠯᠬᠤᠭ᠎ᠠ ᠪᠠᠨ ᠵᠣᠭᠰᠣᠭᠰᠠᠨ ᠦᠭᠡᠢ᠂ ᠲᠡᠷᠡ | ᠨᠡᠩ ᠴᠤ ᠡᠪ ᠬᠠᠮᠲᠤ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ᠤᠭ | ᠰᠠᠨᠠᠭ᠎ᠠ ᠪᠠᠨ ᠦᠢᠯᠡᠳᠦᠯᠭᠡᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠳᠠᠷᠤᠤ ᠬᠢᠴᠢᠶᠡᠩᠭᠦᠢ ᠪᠠᠷ | ᠬᠥᠮᠦᠨ ᠪᠤᠯᠵᠤ᠂ ᠥᠨᠳᠥᠷ ᠪᠠᠷᠢᠮᠵᠢᠶ᠎ᠠ ᠪᠠᠷ ᠠᠵᠢᠯ ᠬᠢᠵᠦ᠂ ︽ᠠᠳᠠᠷ ᠬᠠᠭᠠᠯᠪᠤᠷᠢᠯᠠᠬᠤ ᠦᠬᠡᠷ︾ ᠤᠨ ᠵᠣᠷᠢᠭ | ᠰᠠᠨᠠᠭ᠎ᠠ ᠪᠠᠷ ︽ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ︾ ᠢ ᠰᠠᠶᠢᠲᠤᠷ ᠡᠷᠬᠢᠯᠡᠬᠦ ᠶᠢᠨ | ᠲᠥᠯᠥᠭᠡ ᠬᠦᠴᠦᠯᠡᠨ ᠲᠡᠮᠡᠴᠡᠵᠦ᠂ ᠯᠢᠶᠠᠩᠴᠧᠩ ᠰᠢᠶᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠴᠢᠨᠠᠷ ᠰᠠᠶᠢᠲᠠᠢ ᠬᠥᠭᠵᠢᠯᠲᠡ ᠶᠢᠨ ᠳᠠᠷᠳᠠᠩ ᠵᠠᠮ ᠢᠶᠠᠷ ᠯᠠᠪᠳᠠᠭᠤᠨ ᠢᠶᠠᠷ ᠤᠷᠤᠭᠰᠢᠯᠠᠬᠤ ᠶᠢ ᠬᠦᠳᠦᠯᠦᠨ | ᠳᠠᠭᠠᠭᠤᠯᠵᠠᠢ᠃ | | ᠰᠤᠷᠪᠤᠯᠵᠢᠯᠠᠭᠴᠢ᠄ ᠰᠦᠩ ᠹᠦ᠋ ᠾᠧᠩ | ᠨᠠᠶᠢᠷᠠᠭᠤᠯᠤᠭᠴᠢ᠄ ᠮᠠ ᠴᠤᠤ ᠴᠢᠶᠦ᠋ᠨ | ᠤᠷᠴᠢᠭᠤᠯᠤᠭᠴᠢ᠄ ᠼᠦᠢ ᠴᠢᠩ |