ᠪᠦᠬᠦ ᠰᠢᠶᠠᠨ ᠤ ᠥᠷᠭᠡᠨ ᠤᠯᠠᠨ ᠠᠷᠠᠳ ᠲᠦᠮᠡᠨ ᠳᠤ᠄ | ᠪᠥᠬᠦ ᠰᠢᠶᠠᠨ ᠤ ᠰᠢᠨ᠎ᠡ ᠵᠢᠯ᠂ ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠭᠡᠵᠦ ᠪᠠᠶᠢᠭ᠎ᠠ ᠦᠶ᠎ᠡ ᠳᠤ᠂ | ᠪᠥᠬᠦ ᠰᠢᠶᠠᠨ ᠤ ᠬᠤᠳᠠᠯᠳᠤᠭᠠᠨ ᠤ ᠵᠠᠬ᠎ᠠ ᠳᠡᠯᠭᠡᠭᠦᠷ᠂ ᠺᠢᠨᠣ᠋ ᠵᠦᠴᠦᠭᠡ ᠶᠢᠨ ᠬᠦᠷᠢᠶᠡᠯᠡᠩ᠂ KTV᠂ ᠲᠡᠷᠭᠡᠨ | ᠥᠷᠲᠡᠭᠡ᠂ ᠰᠦᠯᠵᠢᠶᠡᠨ ᠤ ᠪᠠᠭᠠᠷ ᠵᠡᠷᠭᠡ ᠣᠯᠠᠨ ᠨᠡᠶᠢᠲᠡ ᠶᠢᠨ ᠴᠤᠭᠯᠠᠷᠠᠯ ᠤᠨ ᠲᠠᠯᠠᠪᠤᠷ ᠤᠨ ᠬᠥᠮᠦᠨ ᠠᠮᠠ ᠶᠢᠨ | ᠲᠤᠭ᠎ᠠ ᠤᠯᠠᠮ ᠢᠶᠠᠷ ᠨᠡᠮᠡᠭᠳᠡᠵᠦ ᠪᠠᠶᠢᠨ᠎ᠠ᠃ ᠠᠳᠡ᠂ ᠯᠢᠶᠠᠩᠴᠧᠩ ᠰᠢᠶᠠᠨ ᠤ ᠭᠠᠯ ᠤᠨᠲᠠᠷᠠᠭᠠᠵᠤ ᠠᠪᠤᠷᠠᠨ | ᠲᠤᠰᠠᠯᠠᠬᠤ ᠶᠡᠭᠡ ᠠᠩᠬᠢ ᠶᠢᠨ ᠬᠢᠨ ᠥᠷᠭᠡᠨ ᠤᠯᠠᠨ ᠰᠠᠭᠤᠭᠠᠯᠢ ᠠᠷᠠᠳ ᠲᠤ᠄ ᠭᠠᠯ ᠤᠨᠲᠠᠷᠠᠭᠠᠵᠤ ᠠᠶᠤᠯ ᠠᠴᠠ | ᠬᠠᠮᠠᠭᠠᠯᠠᠬᠤ ᠶᠢ ᠪᠠᠲᠤ ᠴᠡᠭᠡᠵᠢᠯᠡᠵᠦ᠂ ᠭᠠᠯ ᠤᠨ ᠠᠶᠤᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ | ᠰᠠᠨᠠᠭᠤᠯᠵᠠᠢ᠃ | ᠨᠢᠭᠡ᠂ ᠡᠵᠡᠩᠨᠡᠯᠲᠡ ᠶᠢᠨ ᠴᠢᠨᠠᠷᠲᠠᠶ ᠲᠠᠯᠠᠪᠤᠷ ᠤᠨ ᠠᠩᠬᠠᠷᠬᠤ ᠵᠦᠢᠯ | 1᠂ ᠪᠠᠶᠠᠷ ᠤᠨ ᠡᠳᠦᠷ ᠠᠴᠠ ᠡᠮᠦᠨ᠎ᠡ ᠠᠷᠭᠠᠴᠠᠬᠤ ᠲᠠᠯᠠᠪᠤᠷ ᠲᠤ ᠨᠢᠭᠡ ᠤᠳᠠᠭᠠᠨ ᠤ ᠪᠥᠬᠦ ᠲᠠᠯ᠎ᠠ ᠶᠢᠨ ᠭᠠᠯ | ᠤᠨᠲᠠᠷᠠᠭᠠᠬᠤ ᠠᠮᠤᠷ ᠲᠦᠪᠰᠢᠨ ᠤ ᠶᠡᠭᠡ ᠪᠠᠶᠢᠴᠠᠭᠠᠯᠲᠠ ᠬᠢᠨ᠎ᠠ︔ | 2᠂ ᠨᠣᠴᠣᠮᠠᠲᠠᠭᠠᠶ ᠮᠠᠲ᠋ᠧᠷᠢᠶᠠᠯ ᠢᠶᠠᠷ ᠬᠢᠭᠰᠡᠨ ᠵᠠᠰᠠᠯ ᠵᠢᠮᠰᠡᠭ ᠪᠠ ᠪᠠᠶᠢᠷᠢᠯᠠᠭᠤᠯᠤᠭᠰᠠᠨ ᠦᠵᠡᠮᠵᠢ ᠶᠢ | ᠤᠰᠤᠨ ᠤ ᠡᠬᠢ ᠰᠤᠷᠪᠤᠯᠵᠢ ᠲᠠᠢ ᠣᠶᠢᠷᠠᠲᠤᠭᠤᠯᠬᠤ ᠶᠢᠨ ᠬᠠᠮᠲᠤ ᠲᠡᠭᠦᠨ ᠤ ᠲᠣᠭᠤᠷᠢᠨ ᠳᠤᠨᠢ ᠭᠠᠯ ᠤᠨᠲᠠᠷᠠᠭᠠᠭᠤᠷ | ᠵᠡᠷᠭᠡ ᠭᠠᠯ ᠤᠨᠲᠠᠷᠠᠭᠠᠬᠤ ᠬᠡᠷᠡᠭᠰᠡᠯ ᠢ ᠲᠠᠯᠪᠢᠬᠤ ᠬᠡᠷᠡᠭᠲᠡᠶ︔ | 3. ᠴᠠᠬᠢᠯᠭᠠᠨ ᠬᠡᠷᠡᠭᠯᠡᠬᠦ ᠲᠥᠬᠦᠭᠡᠷᠦᠮᠵᠢ ᠳᠤ ᠨᠢᠭᠡ ᠤᠳᠠᠭᠠᠨ ᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ | ᠴᠠᠬᠢᠯᠭᠠᠨ ᠢ ᠳᠠᠭᠠᠭᠠᠴᠠ ᠠᠴᠠ ᠬᠡᠲᠦᠷᠡᠭᠦᠯᠦᠨ ᠬᠡᠷᠡᠭᠯᠡᠬᠦ ᠥᠬᠡᠶ᠂ ᠴᠠᠬᠢᠯᠭᠠᠨ ᠤᠲᠠᠰᠤ ᠶᠢ ᠭᠠᠳᠠᠭᠰᠢ ᠢᠯᠡ | ᠭᠠᠷᠭᠠᠬᠤ ᠥᠬᠡᠶ᠂ ᠲᠦᠷ ᠴᠠᠭ ᠤᠨ ᠴᠠᠬᠢᠯᠭᠠᠨ ᠤᠲᠠᠰᠤ ᠶᠢ ᠳᠤᠷ᠎ᠠ ᠪᠠᠷ ᠢᠶᠠᠨ ᠲᠠᠲᠠᠵᠤ ᠳᠤᠷ᠎ᠠ ᠪᠠᠷ ᠢᠶᠠᠨ ᠵᠠᠯᠭᠠᠵᠤ | ᠪᠣᠯᠬᠤ ᠥᠬᠡᠶ︔ | 4. ᠲᠠᠯᠠᠪᠤᠷ ᠭᠠᠵᠠᠷ ᠲᠤ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭᠠᠲᠠᠨ᠂ ᠬᠠᠮᠢᠶᠠᠷᠤᠭᠴᠢ ᠶᠢ | ᠲᠣᠳᠣᠷᠬᠠᠶᠢᠯᠠᠵᠤ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠯᠤᠮᠵᠢᠲᠠᠶ | ᠪᠡᠯᠡᠳᠬᠡᠯ ᠲᠥᠰᠦᠯ ᠢ ᠲᠣᠭᠲᠠᠭᠠᠨ᠂ ᠠᠵᠢᠯᠲᠠᠨ ᠤ ᠪᠡᠯᠡᠳᠬᠡᠯ ᠲᠥᠰᠦᠯ ᠳᠠᠬᠢ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠠᠵᠢᠯᠲᠠᠨ ᠤ ᠪᠣᠯᠪᠠᠰᠤᠷᠠᠭᠤᠯᠤᠯ ᠰᠣᠷᠢᠯᠲᠠ ᠶᠢ ᠴᠢᠩᠭᠠᠳᠬᠠᠨ᠂ ᠡᠯ᠎ᠡ ᠲᠥᠷᠥᠯ ᠤᠨ ᠭᠠᠯ | ᠤᠨᠲᠠᠷᠠᠭᠠᠬᠤ ᠪᠠᠭᠠᠵᠢ ᠬᠡᠷᠡᠭᠰᠡᠯ ᠢ ᠪᠣᠯᠪᠠᠰᠤᠷᠠᠩᠭᠤᠶ ᠬᠡᠷᠡᠭᠯᠡᠬᠦ ᠬᠡᠷᠡᠭᠲᠡᠶ︔ | 5. ᠭᠠᠯ ᠰᠡᠷᠭᠡᠶᠢᠯᠡᠬᠦ ᠭᠠᠯ ᠤᠨᠲᠠᠷᠠᠭᠠᠬᠤ ᠬᠦᠴᠦᠨ ᠢ ᠨᠡᠮᠡᠵᠦ ᠳᠣᠭᠢᠷᠠᠭᠤᠯᠤᠨ᠂ ᠭᠠᠯ ᠤᠨᠲᠠᠷᠠᠭᠠᠬᠤ ᠠᠮᠤᠷ | ᠲᠦᠪᠰᠢᠨ ᠤ ᠲᠣᠭᠤᠷᠢᠨ ᠪᠠᠶᠢᠴᠠᠭᠠᠵᠤ ᠪᠠᠶᠢᠴᠠᠭᠠᠬᠤ ᠤᠳᠠᠭ᠎ᠠ ᠶᠢ ᠴᠢᠩᠭᠠᠳᠬᠠᠵᠤ᠂ ᠭᠠᠯ ᠤᠨ ᠭᠠᠮᠰᠢᠭ ᠤᠨ ᠳᠠᠯᠳᠠ | ᠬᠡᠮ ᠢ ᠴᠠᠭ ᠲᠤᠬᠠᠶ ᠳᠤᠨᠢ ᠣᠯᠵᠤ ᠮᠡᠳᠡᠬᠦ ᠶᠢᠨ ᠬᠠᠮᠲᠤ ᠠᠷᠢᠯᠭᠠᠬᠤ ᠬᠡᠷᠡᠭᠲᠡᠶ᠃ | ᠬᠤᠶᠠᠷ᠂ ᠰᠠᠭᠤᠭᠠᠯᠢ ᠠᠷᠠᠳ ᠤᠨ ᠠᠩᠬᠠᠷᠬᠤ ᠵᠦᠢᠯ | 1. ᠡᠪᠦᠯ ᠤᠨ ᠤᠯᠠᠷᠢᠯ ᠤᠨ ᠴᠠᠬᠢᠯᠭᠠᠨ ᠤ ᠭᠠᠯ ᠤᠨ ᠠᠶᠤᠯ ᠠᠷᠪᠢᠳᠪᠠᠯ᠂ ᠠᠮᠢᠳᠤᠷᠠᠯ ᠳᠤᠮᠳᠠ ᠪᠠᠨ ᠴᠠᠬᠢᠯᠭᠠᠨ | ᠬᠡᠷᠡᠭᠯᠡᠬᠦ ᠶᠢᠨ ᠠᠮᠤᠷ ᠲᠦᠪᠰᠢᠨ ᠢ ᠠᠩᠬᠠᠷᠴᠤ᠂ ᠴᠠᠬᠢᠯᠭᠠᠨ ᠡᠭᠦᠰᠭᠡᠭᠴᠢ ᠶᠢ ᠳᠤᠷ᠎ᠠ ᠪᠠᠷ ᠢᠶᠠᠨ ᠵᠠᠯᠭᠠᠬᠤ ᠥᠬᠡᠶ᠂ | ᠴᠠᠬᠢᠯᠭᠠᠨ ᠢ ᠳᠠᠭᠠᠭᠠᠴᠠ ᠠᠴᠠ ᠬᠡᠲᠦᠷᠡᠭᠦᠯᠦᠨ ᠬᠡᠷᠡᠭᠯᠡᠬᠦ ᠥᠬᠡᠶ ᠪᠠᠶᠢᠵᠤ᠂ ᠬᠠᠭᠤᠴᠢᠷᠬᠠᠰᠠᠨ ᠴᠠᠬᠢᠯᠭᠠᠨ | ᠬᠡᠷᠡᠭᠰᠡᠯ ᠤᠨ ᠲᠥᠬᠦᠭᠡᠷᠦᠮᠵᠢ ᠪᠠ ᠤᠲᠠᠰᠤ ᠶᠢ ᠴᠠᠭ ᠲᠤᠬᠠᠶ ᠳᠤᠨᠢ ᠰᠣᠯᠢᠵᠤ ᠰᠡᠯᠪᠢᠨ ᠵᠠᠰᠠᠵᠤ᠂ ᠴᠠᠬᠢᠯᠭᠠᠨ | ᠬᠡᠷᠡᠭᠯᠡᠬᠦ ᠲᠥᠬᠦᠭᠡᠷᠦᠮᠵᠢ ᠶᠢ ᠰᠢᠲᠠᠮᠠᠬᠠᠶ ᠪᠣᠳᠠᠰ ᠲᠠᠢ ᠠᠮᠤᠷ ᠲᠦᠪᠰᠢᠨ ᠤ ᠵᠠᠶ ᠲᠠᠢ ᠪᠠᠶᠢᠯᠭᠠᠵᠤ᠂ ᠭᠠᠳᠠᠭᠰᠢ | ᠭᠠᠷᠬᠤ ᠳᠠᠭᠠᠨ ᠴᠠᠬᠢᠯᠭᠠᠨ ᠡᠭᠦᠰᠭᠡᠭᠴᠢ ᠶᠢᠨ ᠨᠡᠭᠡᠭᠡᠯᠭᠡ ᠶᠢ ᠬᠠᠭᠠᠬᠤ ᠬᠡᠷᠡᠭᠲᠡᠶ︔ | 2. ᠬᠡᠤᠬᠡᠳ ᠤᠨ ᠬᠠᠮᠢᠶᠠᠷᠤᠯᠲᠠ ᠶᠢ ᠴᠢᠩᠭᠠᠳᠬᠠᠵᠤ᠂ ᠬᠡᠤᠬᠡᠳ ᠢ ᠨᠣᠴᠣᠭᠠᠭᠤᠷ᠂ ᠴᠦᠳᠡᠩ᠂ ᠯᠠ ᠵᠡᠷᠭᠡ ᠪᠠᠷ | ᠪᠢᠲᠡᠭᠡᠶ ᠨᠠᠭᠠᠳᠤᠭᠠᠷᠠᠶ ᠭᠡᠵᠦ ᠵᠥᠪ ᠲᠠᠯ᠎ᠠ ᠠᠴᠠ ᠬᠥᠲᠥᠯᠥᠨ ᠵᠢᠯᠣᠭᠤᠳᠤᠨ᠎ᠠ︔ | 3. ᠬᠡᠶ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠵᠤ᠂ ᠰᠢᠲᠠᠮᠠᠬᠠᠶ ᠬᠡᠶ ᠶᠢᠨ ᠬᠤᠭᠤᠯᠠᠶ ᠤᠲᠠᠰᠤ᠂ ᠪᠠᠭᠠᠵᠢ | ᠬᠡᠷᠡᠭᠰᠡᠯ ᠵᠡᠷᠭᠡ ᠶᠢ ᠴᠠᠭ ᠲᠤᠬᠠᠶ ᠳᠤᠨᠢ ᠪᠠᠶᠢᠴᠠᠭᠠᠨ ᠵᠠᠰᠠᠵᠤ᠂ ᠭᠠᠯ ᠤᠨ ᠭᠠᠮᠰᠢᠭ ᠤᠨ ᠠᠳᠡᠯ ᠭᠠᠷᠬᠤ ᠶᠢ | ᠰᠡᠷᠭᠡᠶᠢᠯᠡᠬᠦ ᠬᠡᠷᠡᠭᠲᠡᠶ︔ | 4. ᠰᠢᠲᠠᠮᠠᠬᠠᠶ ᠬᠡᠶ ᠶᠢ ᠴᠠᠭ ᠲᠤᠬᠠᠶ ᠳᠤᠨᠢ ᠴᠡᠪᠡᠷᠯᠡᠵᠦ᠂ ᠬᠡᠷ ᠠᠴᠠ ᠪᠠᠨ ᠬᠠᠶᠠᠭᠳᠠᠮᠠᠯ ᠡᠳ᠋ ᠲᠡᠭᠦᠵᠦ ᠠᠪᠬᠤ | ᠥᠬᠡᠶ᠂ ᠨᠠᠷᠠᠪᠴᠢ ᠳᠤ ᠰᠢᠲᠠᠮᠠᠬᠠᠶ ᠬᠡᠶ ᠶᠢ ᠣᠪᠣᠭᠠᠯᠠᠵᠤ ᠲᠠᠯᠪᠢᠬᠤ ᠥᠬᠡᠶ᠂ ᠲᠠᠷᠬᠠᠭᠠᠬᠤ ᠵᠠᠮ ᠳᠣᠲᠣᠷ᠎ᠠ ᠬᠡᠶ ᠶᠢ | ᠣᠪᠣᠭᠠᠯᠠᠵᠤ ᠲᠠᠯᠪᠢᠬᠤ ᠥᠬᠡᠶ ᠪᠠᠷ ᠨᠡᠪᠲᠡᠷᠡᠬᠦ ᠶᠢ ᠨᠥᠯᠥᠭᠡᠯᠡᠨ᠎ᠡ︔ | 5. ᠬᠡᠲᠦ ᠳᠡᠯᠭᠡᠭᠦᠷ᠂ ᠬᠤᠳᠠᠯᠳᠤᠭᠠᠨ ᠤ ᠲᠠᠯᠠᠪᠤᠷ᠂ ᠵᠣᠴᠢᠳ ᠤᠨ ᠪᠠᠭᠤᠳᠠᠯ ᠵᠡᠷᠭᠡ ᠲᠠᠯᠠᠪᠤᠷ ᠲᠤ | ᠣᠷᠣᠬᠤ ᠳᠠᠭᠠᠨ᠂ ᠲᠠᠯᠠᠪᠤᠷ ᠤᠨ ᠲᠠᠷᠬᠠᠭᠠᠬᠤ ᠵᠠᠮ᠂ ᠠᠮᠤᠷ ᠲᠦᠪᠰᠢᠨ ᠭᠠᠷᠬᠤ ᠭᠠᠵᠠᠷ ᠢ ᠠᠩᠬᠠᠷᠤᠨ ᠠᠵᠢᠭᠯᠠᠵᠤ᠂ | ᠭᠠᠯ ᠤᠨ ᠠᠶᠤᠯ ᠳᠤ ᠤᠴᠠᠷᠠᠪᠠᠯ᠂ ᠲᠠᠷᠬᠠᠭᠠᠬᠤ ᠵᠢᠭᠠᠯᠲᠠ ᠲᠡᠮᠳᠡᠭ ᠤᠨ ᠶᠣᠰᠣᠭᠠᠷ ᠦᠳᠲᠡᠷ ᠲᠦᠷᠭᠡᠨ ᠡᠮᠬᠢ | ᠵᠢᠷᠤᠮ ᠲᠠᠢ ᠪᠠᠷ ᠠᠮᠢ ᠵᠢᠭᠤᠲᠠᠨ᠎ᠠ︔ | 6. ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠪᠠᠷᠢᠯᠭ᠎ᠠ ᠶᠢᠨ ᠬᠡᠷ᠂ ᠲᠠᠷᠬᠠᠭᠠᠬᠤ ᠵᠠᠮ᠂ ᠠᠰᠠᠷ ᠤᠨ | ᠱᠠᠲᠤᠨ ᠤ ᠬᠤᠭᠤᠷᠣᠨᠳᠣᠬᠢ᠂ ᠠᠶᠤᠯ ᠥᠬᠡᠶ ᠭᠠᠷᠬᠤ ᠡᠭᠦᠳᠡ᠂ ᠡᠭᠦᠳᠡᠨ ᠲᠢᠩᠬᠢᠮ ᠵᠡᠷᠭᠡ ᠭᠠᠵᠠᠷ ᠲᠤ ᠲᠠᠯᠪᠢᠬᠤ | ᠪᠤᠶᠤ ᠴᠡᠨᠡᠭᠯᠡᠵᠦ ᠪᠣᠯᠬᠤ ᠥᠬᠡᠶ᠂ ᠴᠠᠬᠢᠯᠭᠠᠨ ᠬᠤᠷᠢᠶᠠᠭᠤᠷ ᠢ ᠬᠡᠷ ᠲᠡᠭᠡᠨ ᠲᠠᠯᠪᠢᠵᠤ ᠴᠡᠨᠡᠭᠯᠡᠵᠦ ᠪᠣᠯᠬᠤ ᠥᠬᠡᠶ︔ | 7. ᠭᠠᠯ ᠤᠨᠲᠠᠷᠠᠭᠠᠬᠤ ᠵᠠᠮ ᠳᠡᠭᠡᠷ᠎ᠡ ᠡᠯᠳᠡᠪ ᠶᠠᠭᠤᠮ᠎ᠠ ᠣᠪᠣᠭᠠᠯᠠᠵᠤ᠂ ᠲᠡᠷᠭᠡ ᠬᠥᠰᠬᠡ ᠵᠣᠭᠰᠣᠭᠠᠵᠤ ᠪᠣᠯᠬᠤ | ᠥᠬᠡᠶ᠂ ᠭᠠᠯ ᠤᠨᠲᠠᠷᠠᠭᠠᠬᠤ ᠵᠠᠮ ᠨᠡᠪᠲᠡᠷᠡᠯᠭᠡ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃ | ᠯᠢᠶᠠᠩᠴᠧᠩ ᠰᠢᠶᠠᠨ ᠤ ᠭᠠᠯ ᠤᠨᠲᠠᠷᠠᠭᠠᠯᠲᠠ ᠶᠢᠨ ᠠᠪᠤᠷᠠᠨ ᠲᠤᠰᠠᠯᠠᠬᠤ ᠶᠡᠭᠡ ᠠᠩᠭᠢ | 2022 ᠣᠨ ᠤ 1ᠰᠠᠷ᠎ᠠ ᠶᠢᠨ 3 | | | ᠢᠷᠡᠯᠲᠡ᠄ ᠠᠮᠢᠵᠢᠷᠠᠯ ᠪᠢᠯᠬᠠᠭᠰᠠᠨ ᠯᠢᠶᠠᠩᠴᠧᠩ ᠤᠨ ᠬᠢᠳᠠᠳ ᠰᠦᠯᠵᠢᠶ᠎ᠡ | ᠨᠠᠶᠢᠷᠠᠭᠤᠯᠤᠭᠴᠢ᠄ ᠯᠢ ᠬᠤᠩ ᠢᠤᠢ | ᠤᠷᠴᠢᠭᠤᠯᠤᠭᠴᠢ᠄ ᠪᠠᠶᠠᠷᠯᠠᠬᠤ | |