1. ᠣᠶᠢᠷ᠎ᠠ ᠬᠠᠷᠠᠭ᠎ᠠ ᠪᠣᠯ ᠭᠠᠳᠠᠷ ᠲᠠᠯ᠎ᠠ ᠶᠢᠨ ᠵᠡᠷᠭᠡᠴᠡᠭᠡ ᠭᠡᠷᠡᠯ ᠤᠨ ᠱᠤᠭᠤᠮ ᠨᠢᠳᠦᠨ ᠤ ᠴᠡᠴᠡᠭᠡᠶ ᠶᠢᠨ | ᠭᠡᠷᠡᠯ ᠤᠨ ᠨᠤᠭᠤᠷᠠᠯᠲᠠ ᠶᠢᠨ ᠰᠢᠰᠲ᠋ᠧᠮ ᠢᠶᠠᠷ ᠳᠠᠮᠵᠢᠭᠰᠠᠨ ᠤ ᠳᠠᠷᠠᠭ᠎ᠠ ᠨᠢᠳᠦᠨ ᠤ ᠲᠣᠣᠷᠯᠢᠭ ᠪᠦᠷᠬᠦᠪᠴᠢ ᠶᠢᠨ | ᠡᠮᠦᠨ᠎ᠡ ᠲᠥᠪᠯᠡᠷᠡᠬᠦ ᠨᠢᠭᠡ ᠵᠦᠢᠯ ᠤᠨ ᠭᠡᠷᠡᠯ ᠤᠨ ᠨᠤᠭᠤᠷᠠᠯᠲᠠ ᠶᠢᠨ ᠲᠡᠭᠰᠢ ᠪᠤᠰᠤ ᠪᠠᠶᠢᠳᠠᠯ ᠪᠣᠯᠤᠨ᠎ᠠ᠃ ᠨᠢᠳᠤ ᠪᠠᠨ | ᠠᠮᠠᠷᠠᠭᠠᠬᠤ ᠦᠶᠡᠰ᠂ ᠵᠡᠷᠭᠡᠴᠡᠭᠡ ᠭᠡᠷᠡᠯ ᠤᠨ ᠱᠤᠭᠤᠮ ᠨᠢᠳᠦᠨ ᠴᠡᠴᠡᠭᠡᠶ ᠶᠢᠨ ᠭᠡᠷᠡᠯ ᠤᠨ ᠨᠤᠭᠤᠷᠠᠯᠲᠠ ᠶᠢᠨ | ᠰᠢᠰᠲ᠋ᠧᠮ ᠢᠶᠠᠷ ᠳᠠᠮᠵᠢᠭᠰᠠᠨ ᠤ ᠳᠠᠷᠠᠭ᠎ᠠ ᠨᠢᠳᠦᠨ ᠤ ᠲᠣᠣᠷᠯᠢᠭ ᠪᠦᠷᠬᠦᠪᠴᠢ ᠶᠢᠨ ᠡᠮᠦᠨ᠎ᠡ ᠲᠥᠪᠯᠡᠷᠡᠨ᠎ᠡ᠂ | ᠡᠶᠢᠮᠦᠷᠬᠦᠦ ᠭᠡᠷᠡᠯ ᠤᠨ ᠨᠤᠭᠤᠷᠠᠯᠲᠠ ᠶᠢᠨ ᠪᠠᠶᠢᠳᠠᠯ ᠢ ᠣᠶᠢᠷ᠎ᠠ ᠬᠠᠷᠠᠭ᠎ᠠ ᠭᠡᠨ᠎ᠡ᠃ ᠣᠶᠢᠷ᠎ᠠ ᠬᠠᠷᠠᠭ᠎ᠠ ᠨᠢ ᠬᠤᠯᠠ ᠶᠢ | ᠬᠠᠷᠠᠬᠤ ᠳᠤ ᠲᠣᠳᠣ ᠦᠭᠡᠶ᠂ ᠣᠶᠢᠷ᠎ᠠ ᠬᠠᠷᠠᠬᠤ ᠳᠤ ᠲᠣᠳᠣ ᠦᠭᠡᠶ ᠪᠠᠶᠢᠬᠤ ᠪᠠᠷ ᠭᠤᠣᠯ ᠣᠨᠴᠠᠯᠢᠭ ᠪᠣᠯᠭᠠᠳᠠᠭ᠃ | ᠬᠡᠦᠬᠡᠳ ᠪᠠᠭᠠᠴᠤᠳ ᠤᠨ ᠳᠤᠮᠳᠠ ᠡᠭᠦᠰᠦᠭᠰᠡᠨ ᠭᠡᠷᠡᠯ ᠤᠨ ᠨᠤᠭᠤᠷᠠᠯᠲᠠ ᠲᠡᠭᠰᠢ ᠪᠤᠰᠤ ᠨᠢ ᠭᠤᠣᠯᠳᠠᠭᠤ ᠣᠶᠢᠷ᠎ᠠ | ᠬᠠᠷᠠᠭ᠎ᠠ ᠪᠣᠯᠤᠨ᠎ᠠ᠃ | 2. ᠣᠶᠢᠷ᠎ᠠ ᠬᠠᠷᠠᠭ᠎ᠠ ᠨᠢ ᠬᠡᠦᠬᠡᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠨᠥᠯᠥᠭᠡᠯᠡᠨ᠎ᠡ᠃ | ᠣᠶᠢᠷ᠎ᠠ ᠬᠠᠷᠠᠭ᠎ᠠ ᠨᠢ ᠨᠢᠳᠦᠨ ᠤ ᠬᠠᠷᠠᠭ᠎ᠠ ᠶᠢ ᠪᠠᠯᠠᠷᠬᠠᠶ ᠪᠣᠯᠭᠠᠬᠤ᠂ ᠬᠠᠭᠤᠷᠠᠶᠢᠳᠠᠬᠤ᠂ ᠶᠠᠳᠠᠷᠠᠬᠤ᠂ ᠠᠩᠬᠠᠷᠤᠯ | ᠲᠥᠪᠯᠡᠷᠡᠬᠦ ᠦᠭᠡᠢ ᠪᠣᠯᠬᠤ᠂ ᠲᠣᠯᠣᠭᠠᠶ ᠡᠷᠭᠢᠬᠦ ᠵᠡᠷᠭᠡ ᠶᠢ ᠪᠣᠢ ᠪᠣᠯᠭᠠᠵᠤ᠂ ᠬᠡᠦᠬᠡᠳ ᠤᠨ ᠬᠡᠪ ᠤᠨ ᠰᠤᠷᠤᠯᠭ᠎ᠠ᠂ | ᠠᠮᠢᠳᠤᠷᠠᠯ ᠪᠠ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠨᠥᠯᠥᠭᠡᠯᠡᠨ᠎ᠡ᠃ ᠵᠠᠷᠢᠮ ᠲᠤᠰᠬᠠᠶ ᠮᠡᠷᠭᠡᠵᠢᠯ ᠪᠠ ᠠᠵᠢᠯ ᠨᠢ | ᠬᠠᠷᠠᠭ᠎ᠠ ᠶᠢ ᠴᠢᠩᠭ᠎ᠠ ᠱᠠᠭᠠᠷᠳᠠᠳᠠᠭ ᠪᠣᠯᠬᠤᠷ ᠣᠶᠢᠷ᠎ᠠ ᠬᠠᠷᠠᠭ᠎ᠠ ᠨᠢ ᠰᠤᠷᠭᠠᠭᠤᠯᠢ ᠳᠡᠪᠰᠢᠬᠦ ᠪᠠ ᠠᠵᠢᠯ | ᠰᠣᠩᠭᠤᠬᠤ ᠶᠢ ᠨᠥᠯᠥᠭᠡᠯᠡᠵᠦ ᠮᠡᠳᠡᠨ᠎ᠡ᠃ ᠣᠶᠢᠷ᠎ᠠ ᠬᠠᠷᠠᠭ᠎ᠠ ᠨᠢ ᠪᠠᠰᠠ ᠨᠢᠳᠦᠨ ᠤ ᠲᠣᠣᠷᠯᠢᠭ ᠪᠦᠷᠬᠦᠪᠴᠢ ᠶᠢᠨ | ᠡᠪᠡᠳᠴᠢᠨ ᠤ ᠬᠤᠪᠢᠷᠠᠯᠲᠠ ᠵᠡᠷᠭᠡ ᠳᠠᠪᠬᠤᠴᠠᠭᠰᠠᠨ ᠡᠪᠡᠳᠴᠢᠨ ᠤ ᠲᠦᠭᠰᠢᠭᠦᠷᠢ ᠶᠢ ᠨᠡᠮᠡᠭᠳᠡᠭᠦᠯᠵᠦ᠂ ᠬᠦᠨᠳᠦ | ᠨᠣᠴᠢᠲᠠᠶ ᠨᠢ ᠬᠠᠷᠠᠭ᠎ᠠ ᠪᠠᠨ ᠠᠯᠳᠠᠬᠤ ᠳᠤ ᠬᠦᠷᠦᠭᠦᠯᠦᠨ᠎ᠡ᠃ | 3. ᠡᠳᠦᠷ ᠢᠶᠠᠷ ᠬᠡᠷ ᠤᠨ ᠭᠠᠳᠠᠨ᠎ᠠ ᠬᠥᠳᠡᠯᠭᠡᠭᠡᠨ ᠬᠢᠬᠦ ᠶᠢ ᠭᠦᠢᠴᠡᠳ ᠪᠠᠷᠢᠮᠲᠠᠯᠠᠨ᠎ᠠ᠃ ᠡᠳᠦᠷ ᠢᠶᠠᠷ ᠭᠡᠷ ᠤᠨ | ᠭᠠᠳᠠᠨᠠᠬᠢ ᠬᠥᠳᠡᠯᠭᠡᠭᠡᠨ ᠢ ᠭᠦᠢᠴᠡᠳ ᠬᠢᠬᠦ ᠨᠢ ᠣᠶᠢᠷ᠎ᠠ ᠬᠠᠷᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠣᠶᠢᠷ᠎ᠠ | ᠬᠠᠷᠠᠭ᠎ᠠ ᠶᠢᠨ ᠬᠦᠨᠳᠦᠷᠡᠬᠦ ᠶᠢ ᠰᠡᠷᠭᠡᠶᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠠᠭᠰᠢ ᠪᠠ ᠭᠡᠷ ᠤᠨ | ᠠᠬᠠᠮᠠᠳ ᠬᠡᠦᠬᠡᠳ ᠢᠶᠠᠨ ᠬᠥᠲᠥᠯᠥᠨ ᠵᠢᠯᠣᠭᠤᠳᠴᠤ ᠪᠠᠶᠢᠭᠠᠳ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠢᠳᠡᠪᠬᠢᠲᠡᠶ | ᠣᠷᠣᠯᠴᠠᠭᠤᠯᠵᠤ᠂ ᠡᠳᠦᠷ ᠪᠦᠷᠢ 2 ᠴᠠᠭ ᠠᠴᠠ ᠳᠡᠭᠡᠭᠰᠢ ᠡᠳᠦᠷ ᠤᠨ ᠭᠠᠳᠠᠨ᠎ᠠ ᠬᠥᠳᠡᠯᠭᠡᠭᠡᠨ ᠬᠢᠯᠭᠡᠵᠦ᠂ | ᠪᠠᠶᠢᠷᠢ ᠳᠤ ᠰᠠᠭᠤᠬᠤ ᠳᠦᠷᠢᠮᠲᠦ ᠬᠡᠦᠬᠡᠳ ᠤᠨ ᠴᠡᠴᠡᠷᠯᠢᠭ ᠢ 3 ᠴᠠᠭ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ | | 4. ᠵᠥᠪ ᠣᠨᠣᠪᠴᠢᠲᠠᠶ ᠤᠩᠰᠢᠵᠤ ᠪᠢᠴᠢᠬᠦ ᠳᠦᠷᠢ ᠪᠠᠶᠢᠳᠠᠯ ᠲᠠᠢ ᠪᠠᠶᠢᠬᠤ ᠬᠡᠷᠡᠭᠲᠡᠶ᠃ ᠵᠥᠪ ᠪᠤᠰᠤ | ᠤᠩᠰᠢᠵᠤ ᠪᠢᠴᠢᠬᠦ ᠬᠡᠯᠪᠡᠷᠢ ᠨᠢ ᠣᠶᠢᠷ᠎ᠠ ᠬᠠᠷᠠᠭ᠎ᠠ ᠡᠭᠦᠰᠬᠦ ᠲᠦᠭᠰᠢᠭᠦᠷᠢ ᠶᠢ ᠨᠡᠮᠡᠭᠳᠡᠭᠦᠯᠳᠡᠭ᠃ ᠪᠠᠭᠰᠢ ᠪᠠ ᠭᠡᠷ ᠤᠨ | ᠠᠬᠠᠮᠠᠳ ᠬᠡᠦᠬᠡᠳ ᠲᠡᠭᠡᠨ ᠰᠠᠭᠤᠬᠤ ᠳᠤ ᠲᠣᠬᠢᠷᠠᠮᠵᠢᠲᠠᠶ ᠰᠢᠷᠡᠭᠡ ᠰᠠᠨᠳᠠᠯᠢ ᠪᠠ ᠰᠠᠶᠢᠨ ᠭᠡᠷᠡᠯᠲᠦᠭᠦᠯᠭᠡ ᠶᠢ | ᠬᠠᠩᠭᠠᠬᠤ ᠶᠢᠨ ᠬᠠᠮᠲᠤ ᠦᠷᠭᠦᠯᠵᠢ ᠬᠡᠦᠬᠡᠳ ᠢ ᠨᠣᠮ ᠤᠩᠰᠢᠵᠤ ᠦᠰᠦᠭ ᠪᠢᠴᠢᠬᠦ ᠳᠤ ︽ᠭᠤᠷᠪᠠᠨ ᠨᠢᠭᠡ︾ ᠶᠢ | ᠪᠠᠷᠢᠮᠲᠠᠯᠠᠬᠤ ᠬᠡᠷᠡᠭᠲᠡᠶ᠂ ᠳᠠᠷᠤᠶ ᠨᠢᠳᠦ ᠨᠢ ᠨᠣᠮ ᠠᠴᠠ ᠨᠢᠭᠡ ᠲᠣᠬᠤᠢ᠂ ᠴᠡᠭᠡᠵᠢ ᠨᠢ ᠰᠢᠷᠡᠭᠡᠨ ᠤ ᠢᠷᠮᠡᠭ ᠠᠴᠠ | ᠨᠢᠭᠡ ᠨᠢᠳᠤᠷᠭ᠎ᠠ᠂ ᠪᠢᠷ ᠪᠠᠷᠢᠬᠤ ᠬᠤᠷᠤᠭᠤ ᠪᠠᠨ ᠪᠢᠷ ᠤᠨ ᠦᠵᠦᠭᠦᠷ ᠠᠴᠠ ᠨᠢᠭᠡ ᠢᠮᠠᠬᠤ ᠵᠠᠶᠢᠲᠠᠶ ᠪᠠᠶᠢᠯᠭᠠᠵᠤ᠂ | ᠤᠩᠰᠢᠵᠤ ᠪᠢᠴᠢᠬᠦ ᠳᠤ ᠦᠷᠭᠦᠯᠵᠢᠯᠡᠨ ᠨᠢᠳᠦᠨ ᠤ ᠴᠠᠭ ᠢ 40 ᠮᠢᠨᠦ᠋ᠲ ᠠᠴᠠ ᠬᠡᠲᠦᠷᠡᠭᠦᠯᠵᠦ ᠪᠣᠯᠬᠤ ᠦᠭᠡᠢ ᠭᠡᠵᠦ | ᠱᠠᠭᠠᠷᠳᠠᠪᠠᠯ ᠵᠣᠬᠢᠨ᠎ᠠ᠃ ᠪᠠᠭᠰᠢ ᠠᠴᠠ ᠰᠤᠷᠤᠭᠴᠢᠳ ᠢ ᠵᠢᠯᠣᠭᠤᠳᠤᠨ ᠡᠳᠦᠷ ᠪᠦᠷᠢ ᠨᠢᠳᠦ ᠬᠠᠮᠠᠭᠠᠯᠠᠬᠤ ᠲᠠᠮᠢᠷ ᠢ | ᠨᠠᠷᠢᠨ ᠬᠢᠨᠠᠮᠠᠭᠠᠶ ᠬᠢᠯᠭᠡᠬᠦ ᠬᠡᠷᠡᠭᠲᠡᠶ᠃ | 5. ᠤᠩᠰᠢᠵᠤ ᠪᠢᠴᠢᠬᠦ ᠮᠠᠭᠤ ᠳᠠᠳᠬᠠᠯ ᠠᠴᠠ ᠵᠠᠶᠢᠯᠠᠰᠬᠢᠬᠦ ᠬᠡᠷᠡᠭᠲᠡᠶ᠃ ᠣᠶᠢᠷ᠎ᠠ ᠬᠠᠷᠠᠭ᠎ᠠ ᠶᠢ | ᠰᠡᠷᠭᠡᠶᠢᠯᠡᠬᠦ ᠳᠤ ᠤᠩᠰᠢᠵᠤ ᠪᠢᠴᠢᠬᠦ ᠮᠠᠭᠤ ᠳᠠᠳᠬᠠᠯ ᠠᠴᠠ ᠵᠠᠶᠢᠯᠠᠰᠬᠢᠵᠦ᠂ ᠠᠯᠬᠤᠬᠤ ᠦᠶ᠎ᠡ᠂ ᠬᠤᠭᠤᠯᠠ ᠢᠳᠡᠬᠦ᠂ | ᠬᠡᠪᠲᠡᠬᠦ ᠦᠶ᠎ᠡ᠂ ᠰᠠᠵᠢᠯᠠᠬᠤ ᠸᠠᠭᠤᠨ ᠳᠤ᠂ ᠭᠡᠷᠡᠯ ᠪᠦᠳᠡᠭᠢ ᠪᠤᠶᠤ ᠨᠡᠷᠡᠨ ᠤ ᠭᠡᠷᠡᠯ ᠡᠭᠴᠡ ᠳᠤᠰᠬᠤ ᠵᠡᠷᠭᠡ ᠪᠠᠶᠢᠳᠠᠯ | ᠳᠣᠣᠷ᠎ᠠ ᠨᠣᠮ ᠦᠵᠡᠬᠦ᠂ ᠦᠰᠦᠭ ᠪᠢᠴᠢᠬᠦ᠂ ᠡᠯᠧᠺᠳ᠋ᠷᠣᠨ ᠪᠦᠲᠦᠭᠡᠭᠳᠡᠬᠦᠨ ᠢ ᠬᠡᠷᠡᠭᠯᠡᠬᠦ ᠦᠭᠡᠢ ᠪᠠᠶᠢᠬᠤ ᠬᠡᠷᠡᠭᠲᠡᠶ᠃ | 6. ᠡᠯᠧᠺᠳ᠋ᠷᠣᠨ ᠦᠢᠯᠡᠳᠬᠦᠨ ᠢ ᠬᠡᠷᠡᠭᠯᠡᠬᠦ ᠴᠠᠭ ᠢ ᠬᠢᠵᠠᠭᠠᠷᠯᠠᠨ᠎ᠠ᠃ ᠭᠠᠷ ᠤᠲᠠᠰᠤ᠂ ᠺᠣᠮᠫᠢᠦ᠋ᠲ᠋ᠧᠷ ᠪᠣᠯᠤᠨ | ᠲᠧᠯᠸᠢᠰ ᠵᠡᠷᠭᠡ ᠡᠯᠧᠺᠳ᠋ᠷᠣᠨ ᠪᠦᠲᠦᠭᠡᠭᠳᠡᠬᠦᠨ ᠤ ᠳᠡᠯᠭᠡᠴᠡ ᠶᠢ ᠤᠷᠳᠤ ᠬᠤᠭᠤᠴᠠᠭ᠎ᠠ ᠪᠠᠷ᠂ ᠤᠢᠢᠷ᠎ᠠ ᠵᠠᠶ ᠠᠴᠠ | ᠦᠷᠭᠦᠯᠵᠢᠯᠡᠨ ᠰᠢᠷᠲᠡᠬᠦ ᠨᠢ ᠤᠢᠢᠷ᠎ᠠ ᠬᠠᠷᠠᠭ᠎ᠠ ᠶᠢᠨ ᠨᠢᠭᠡ ᠰᠢᠯᠲᠠᠭᠠᠨ ᠪᠣᠯᠤᠨ᠎ᠠ᠃ ᠰᠤᠷᠭᠠᠭᠤᠯᠢ ᠶᠢᠨ ᠡᠯᠧᠺᠳ᠋ᠷᠣᠨ | ᠦᠢᠯᠡᠳᠬᠦᠨ ᠬᠡᠷᠡᠭᠯᠡᠬᠦ ᠵᠢᠭᠠᠨ ᠰᠤᠷᠭᠠᠯᠲᠠ ᠶᠢᠨ ᠴᠠᠭ ᠤᠨ ᠣᠷᠳᠣ ᠨᠢ ᠵᠠᠷᠴᠢᠮ ᠳᠡᠭᠡᠷ᠎ᠡ ᠪᠠᠨ ᠵᠢᠭᠠᠨ | ᠰᠤᠷᠭᠠᠯᠲᠠ ᠶᠢᠨ ᠶᠡᠷᠦᠩᠬᠡᠶ ᠴᠠᠭ ᠤᠨ ᠣᠷᠳᠣ ᠶᠢᠨ 30% ᠠᠴᠠ ᠬᠡᠲᠦᠷᠡᠵᠦ ᠪᠣᠯᠬᠤ ᠥᠬᠡᠶ᠃ ᠬᠢᠴᠢᠶᠡᠯ ᠤᠨ | ᠭᠠᠳᠠᠨᠠᠬᠢ ᠴᠠᠭ ᠲᠤ ᠡᠯᠧᠺᠳ᠋ᠷᠣᠨ ᠪᠦᠲᠦᠭᠡᠭᠳᠡᠬᠦᠨ ᠢᠶᠠᠷ 30 — 40 ᠮᠢᠨᠦ᠋ᠲ ᠰᠤᠷᠤᠯᠴᠠᠭᠰᠠᠨ ᠤ ᠲᠡᠷᠠᠭ᠎ᠠ᠂ | ᠠᠯᠤᠰ ᠢ ᠪᠠᠷᠠᠯᠠᠬᠤ ᠳᠤ 10 ᠮᠢᠨᠦ᠋ᠲ ᠠᠮᠠᠷᠠᠪᠠᠯ ᠵᠣᠬᠢᠨ᠎ᠠ᠃ ᠰᠤᠷᠤᠯᠴᠠᠬᠤ ᠵᠣᠷᠢᠯᠭ᠎ᠠ ᠪᠠᠷ ᠬᠡᠷᠡᠭᠯᠡᠬᠦ ᠥᠬᠡᠶ | ᠡᠯᠧᠺᠳ᠋ᠷᠣᠨ ᠦᠢᠯᠡᠳᠬᠦᠨ ᠢ ᠨᠢᠭᠡ ᠤᠳᠠᠭ᠎ᠠ ᠳᠤ 15 ᠮᠢᠨᠦ᠋ᠲ ᠠᠴᠠ ᠬᠡᠲᠦᠷᠡᠭᠦᠯᠵᠦ ᠪᠣᠯᠬᠤ ᠥᠬᠡᠶ᠂ ᠡᠳᠦᠷ ᠪᠦᠷᠢ | ᠨᠡᠶᠢᠲᠡ 1 ᠴᠠᠭ ᠠᠴᠠ ᠬᠡᠲᠦᠷᠡᠭᠦᠯᠵᠦ ᠪᠣᠯᠬᠤ ᠥᠬᠡᠶ᠃ 6 ᠨᠠᠰᠤᠨ ᠠᠴᠠ ᠳᠣᠷᠣᠭᠰᠢᠬᠢ ᠬᠡᠦᠬᠡᠳ ᠲᠤ ᠭᠠᠷ | ᠤᠲᠠᠰᠤ ᠪᠠ ᠺᠣᠮᠫᠢᠦ᠋ᠲ᠋ᠧᠷ ᠬᠡᠷᠡᠭᠯᠡᠬᠦ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠃ ᠭᠡᠷ ᠤᠨ ᠠᠬᠠᠮᠠᠳ | ᠬᠡᠦᠬᠡᠳ ᠤᠨ ᠢᠶᠠᠨ ᠡᠮᠦᠨ᠎ᠡ ᠡᠯᠧᠺᠳ᠋ᠷᠣᠨ ᠪᠦᠲᠦᠭᠡᠭᠳᠡᠬᠦᠨ ᠢ ᠠᠯᠢ ᠴᠢᠳᠠᠬᠤ ᠪᠠᠷ ᠪᠠᠭ᠎ᠠ ᠬᠡᠷᠡᠭᠯᠡᠪᠡᠯ ᠵᠣᠬᠢᠨ᠎ᠠ᠃ | 7. ᠣᠶᠢᠷ᠎ᠠ ᠬᠠᠷᠠᠭ᠎ᠠ ᠶᠢ ᠡᠷᠲᠡ ᠢᠯᠡᠷᠡᠭᠦᠯᠵᠦ᠂ ᠡᠷᠲᠡ ᠵᠠᠯᠠᠷᠠᠭᠤᠯᠬᠤ ᠬᠡᠷᠡᠭᠲᠡᠶ᠃ ᠰᠠᠮᠪᠠᠷ᠎ᠠ ᠳᠡᠭᠡᠷᠡᠬᠢ | ᠦᠰᠦᠭ ᠪᠤᠶᠤ ᠬᠤᠯᠠ ᠶᠢᠨ ᠶᠠᠭᠤᠮ᠎ᠠ ᠶᠢ ᠲᠣᠳᠣᠷᠬᠠᠶ ᠣᠯᠵᠤ ᠦᠵᠡᠬᠦ ᠦᠭᠡᠢ ᠪᠣᠯ ᠣᠶᠢᠷ᠎ᠠ ᠬᠠᠷᠠᠭ᠎ᠠ ᠲᠠᠢ | ᠪᠣᠯᠤᠭᠰᠠᠨ ᠪᠠᠶᠢᠵᠤ ᠮᠡᠳᠡᠨ᠎ᠡ᠃ ᠲᠣᠭᠲᠠᠮᠠᠯ ᠬᠤᠭᠤᠴᠠᠭ᠎ᠠ ᠲᠠᠢ ᠪᠠᠷ ᠬᠠᠷᠠᠭᠠᠨ ᠤ ᠪᠠᠶᠢᠴᠠᠭᠠᠯᠲᠠ ᠬᠢᠬᠦ ᠨᠢ ᠡᠷᠲᠡ | ᠢᠯᠡᠷᠡᠭᠦᠯᠬᠦ᠂ ᠡᠷᠲᠡ ᠵᠠᠯᠠᠷᠠᠭᠤᠯᠬᠤ ᠳᠤ ᠠᠰᠢᠭᠲᠠᠶ ᠪᠠᠶᠢᠵᠤ᠂ ᠣᠶᠢᠷ᠎ᠠ ᠬᠠᠷᠠᠭ᠎ᠠ ᠶᠢᠨ ᠬᠦᠨᠳᠦᠷᠡᠬᠦ ᠶᠢ ᠰᠡᠷᠭᠡᠶᠢᠯᠡᠨ᠎ᠡ᠃ | 0-6 ᠨᠠᠰᠤ ᠪᠣᠯ ᠬᠡᠦᠬᠡᠳ ᠤᠨ ᠬᠠᠷᠠᠭᠠᠨ ᠤ ᠪᠤᠶᠢᠵᠢᠯᠲᠠ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠬᠤ | ᠤᠴᠢᠷ ᠠᠴᠠ ᠬᠡᠦᠬᠡᠳ ᠤᠨ ᠬᠠᠷᠠᠭᠠᠨ ᠤ ᠬᠠᠮᠠᠭᠠᠯᠠᠯᠲᠠ ᠪᠠ ᠡᠷᠡᠭᠦᠯ ᠮᠡᠨᠳᠦ ᠶᠢ ᠣᠨᠴᠠᠭᠠᠶᠢᠯᠠᠨ ᠴᠢᠬᠤᠯᠠᠴᠢᠯᠠᠬᠤ | ᠬᠡᠷᠡᠭᠲᠡᠶ᠃ | 8. ᠭᠦᠢᠴᠡᠳ ᠤᠨᠲᠠᠬᠤ ᠪᠠ ᠵᠣᠬᠢᠰᠲᠠᠶ ᠰᠢᠮ᠎ᠡ ᠲᠡᠵᠢᠭᠡᠯ ᠲᠠᠢ ᠪᠠᠶᠢᠬᠤ ᠶᠢ ᠪᠠᠲᠤᠯᠠᠨ᠎ᠠ᠃ ᠭᠦᠢᠴᠡᠳ | ᠤᠨᠲᠠᠬᠤ ᠪᠠ ᠵᠣᠬᠢᠰᠲᠠᠶ ᠰᠢᠮ᠎ᠡ ᠲᠡᠵᠢᠭᠡᠯ ᠪᠣᠯ ᠬᠠᠷᠠᠭᠠᠨ ᠤ ᠡᠷᠡᠭᠦᠯ ᠴᠢᠭᠢᠷᠠᠭ ᠢ ᠪᠠᠲᠤᠯᠠᠬᠤ ᠶᠢᠨ ᠰᠠᠭᠤᠷᠢ ᠪᠣᠯᠤᠨ᠎ᠠ | ᠃ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠳᠦᠷ ᠪᠦᠷᠢ ᠶᠢᠨ ᠤᠨᠲᠠᠬᠤ ᠴᠠᠭ ᠢ 10 ᠴᠠᠭ᠂ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ 9 ᠴᠠᠭ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠭᠴᠢᠳ ᠤᠨ 8 ᠴᠠᠭ ᠪᠠᠶᠢᠯᠭᠠᠨ᠎ᠠ᠃ ᠬᠡᠦᠬᠡᠳ ᠪᠠᠭᠠᠴᠤᠳ ᠡᠷᠬᠡᠪᠰᠢ ᠰᠢᠮ᠎ᠡ ᠲᠡᠵᠢᠭᠡᠯ ᠢᠶᠠᠨ | ᠲᠡᠩᠴᠡᠭᠦᠷᠢᠲᠡᠶ ᠪᠠᠶᠢᠯᠭᠠᠵᠤ᠂ ᠬᠤᠭᠤᠯᠠ ᠭᠤᠯᠣᠬᠤ ᠦᠭᠡᠶ᠂ ᠬᠤᠭᠤᠯᠠ ᠰᠢᠯᠢᠬᠦ ᠦᠭᠡᠶ᠂ ᠬᠡᠲᠦᠷᠡᠲᠡᠯ᠎ᠡ ᠢᠳᠡᠵᠦ | ᠤᠤᠭᠤᠬᠤ ᠦᠭᠡᠶ᠂ ᠰᠢᠬᠢᠷ ᠪᠠᠭ᠎ᠠ ᠢᠳᠡᠵᠦ᠂ ᠰᠢᠨ᠎ᠡ ᠰᠣᠷᠭᠤᠭ ᠨᠣᠭᠤᠭ᠎ᠠ ᠵᠢᠮᠢᠰ ᠢ ᠢᠯᠡᠭᠦᠦ ᠢᠳᠡᠪᠡᠯ ᠵᠣᠬᠢᠨ᠎ᠠ᠃ | 9. ᠣᠶᠢᠷ᠎ᠠ ᠬᠠᠷᠠᠭ᠎ᠠ ᠲᠠᠢ ᠭᠡᠵᠦ ᠣᠨᠣᠰᠢᠯᠠᠪᠠᠯ ᠡᠮᠴᠢ ᠶᠢᠨ ᠵᠢᠯᠣᠭᠤᠳᠣᠯᠭ᠎ᠠ ᠳᠣᠣᠷ᠎ᠠ ᠨᠢᠳᠦᠨ ᠰᠢᠯ ᠵᠡᠭᠦᠵᠦ᠂ | ᠲᠣᠭᠲᠠᠭᠰᠠᠨ ᠬᠤᠭᠤᠴᠠᠭ᠎ᠠ ᠲᠠᠢ ᠪᠠᠷ ᠳᠠᠬᠢᠨ ᠪᠠᠶᠢᠴᠠᠭᠠᠬᠤ ᠬᠡᠷᠡᠭᠲᠡᠶ᠃ ᠡᠮᠴᠢ ᠠᠴᠠ ᠣᠶᠢᠷ᠎ᠠ ᠬᠠᠷᠠᠭ᠎ᠠ ᠲᠠᠢ ᠭᠡᠵᠦ | ᠣᠨᠣᠰᠢᠯᠠᠪᠠᠯ ᠡᠷᠬᠡᠪᠰᠢ ᠵᠠᠯᠠᠷᠠᠭᠤᠯᠬᠤ ᠬᠡᠷᠡᠭᠲᠡᠶ᠂ ᠡᠰᠡ ᠲᠡᠭᠡᠪᠡᠯ ᠬᠠᠷᠠᠭ᠎ᠠ ᠨᠢ ᠤᠯᠠᠮ ᠨᠢᠭᠡ ᠠᠯᠬᠤᠮ ᠮᠠᠭᠤᠳᠠᠬᠤ | ᠪᠣᠯᠤᠯᠴᠠᠭ᠎ᠠ ᠲᠠᠢ᠃ ᠨᠢᠳᠦᠨ ᠰᠢᠯ ᠲᠠᠭᠠᠷᠠᠭᠤᠯᠬᠤ ᠪᠣᠯ ᠣᠳᠣᠬᠠᠨ ᠤ ᠬᠠᠷᠠᠭ᠎ᠠ ᠶᠢ ᠵᠠᠯᠠᠷᠠᠭᠤᠯᠬᠤ ᠳᠤ ᠦᠷᠭᠦᠯᠵᠢ | ᠬᠡᠷᠡᠭᠯᠡᠳᠡᠭ ᠠᠷᠭ᠎ᠠ ᠪᠣᠯᠤᠨ᠎ᠠ᠂ ᠭᠡᠪᠡᠴᠦ ᠠᠯᠢ ᠵᠦᠢᠯ ᠤᠨ ᠨᠢᠳᠦᠨ ᠰᠢᠯ ᠢ ᠬᠡᠷᠡᠭᠯᠡᠬᠦ ᠳᠤ ᠡᠮᠴᠢ ᠶᠢᠨ | ᠵᠢᠯᠣᠭᠤᠳᠤᠯᠭ᠎ᠠ ᠶᠢ ᠳᠠᠭᠠᠬᠤ ᠬᠡᠷᠡᠭᠲᠡᠶ᠃ ᠨᠢᠳᠦᠨ ᠰᠢᠯ ᠵᠡᠭᠦᠬᠦ ᠪᠠᠷ ᠳᠠᠮᠵᠢᠨ ᠬᠠᠷᠠᠭ᠎ᠠ ᠪᠠᠨ ᠵᠠᠯᠠᠷᠠᠭᠤᠯᠤᠭᠰᠠᠨ ᠤ | ᠳᠠᠷᠠᠭ᠎ᠠ᠂ ᠡᠷᠬᠡᠪᠰᠢ ᠰᠢᠯ ᠵᠡᠭᠦᠬᠦ ᠶᠢ ᠪᠠᠷᠢᠮᠲᠠᠯᠠᠬᠤ ᠮᠥᠷᠲᠡᠭᠡᠨ ᠦᠷᠭᠦᠯᠵᠢᠯᠡᠨ ᠰᠠᠶᠢᠨ ᠰᠠᠶᠢᠬᠠᠨ ᠨᠢᠳᠦ ᠪᠠᠨ | ᠬᠡᠷᠡᠭᠯᠡᠬᠦ ᠳᠠᠳᠬᠠᠯ ᠲᠠᠢ ᠪᠠᠶᠢᠵᠤ᠂ ᠬᠠᠭᠠᠰ ᠵᠢᠯ ᠳᠤ ᠨᠢᠭᠡ ᠤᠳᠠᠭ᠎ᠠ ᠡᠮᠨᠡᠯᠭᠡ ᠳᠤ ᠬᠦᠷᠴᠦ ᠳᠠᠬᠢᠨ ᠪᠠᠶᠢᠴᠠᠭᠠᠯᠭᠠᠬᠤ | ᠬᠡᠷᠡᠭᠲᠡᠶ᠃ 10. ᠤᠢᠢᠷ᠎ᠠ ᠬᠠᠷᠠᠭ᠎ᠠ ᠶᠢ ᠵᠠᠰᠠᠵᠤ ᠡᠳᠡᠭᠡᠷᠡᠭᠦᠯᠵᠦ ᠳᠡᠶᠢᠯᠬᠦ ᠬᠤᠳᠠᠯ ᠬᠠᠭᠤᠷᠮᠠᠭ ᠤᠬᠠᠭᠤᠯᠭ᠎ᠠ ᠶᠢ | ᠰᠡᠷᠡᠮᠵᠢᠯᠡᠬᠦ ᠬᠡᠷᠡᠭᠲᠡᠶ᠃ ᠣᠳᠣ ᠪᠣᠯᠲᠠᠯ᠎ᠠ ᠡᠮᠨᠡᠯᠭᠡ ᠶᠢᠨ ᠤᠬᠠᠭᠠᠨ ᠳᠤ ᠣᠶᠢᠷ᠎ᠠ ᠬᠠᠷᠠᠭ᠎ᠠ ᠶᠢ ᠵᠠᠰᠠᠵᠤ ᠡᠳᠡᠭᠡᠷᠡᠭᠦᠯᠬᠦ | ᠠᠷᠭ᠎ᠠ ᠦᠭᠡᠢ ᠪᠠᠶᠢᠭᠰᠠᠭᠠᠷ᠂ ᠵᠥᠪᠬᠡᠨ ᠰᠢᠨᠵᠢᠯᠡᠬᠦ ᠤᠬᠠᠭᠠᠨᠴᠢ ᠪᠠᠷ ᠵᠠᠰᠠᠬᠤ᠂ ᠨᠢᠳᠦ ᠬᠡᠷᠡᠭᠯᠡᠬᠦ ᠳᠠᠳᠬᠠᠯ ᠢ | ᠰᠠᠶᠢᠵᠢᠷᠠᠭᠤᠯᠬᠤ ᠵᠡᠷᠭᠡ ᠪᠠᠷ ᠣᠶᠢᠷ᠎ᠠ ᠬᠠᠷᠠᠭ᠎ᠠ ᠶᠢᠨ ᠬᠦᠨᠳᠦᠷᠡᠬᠦ ᠠᠴᠠ ᠵᠠᠶᠢᠯᠠᠰᠬᠢᠵᠦ ᠴᠢᠳᠠᠨ᠎ᠠ᠃ ᠦᠢᠷ᠎ᠠ | ᠬᠠᠷᠠᠭ᠎ᠠ ᠶᠢ ᠵᠠᠰᠠᠵᠤ ᠴᠢᠳᠠᠬᠤ ᠤᠬᠠᠭᠤᠯᠭ᠎ᠠ ᠪᠠ ᠬᠤᠳᠠᠯᠳᠤᠭᠠᠨ ᠤ ᠪᠣᠷᠣᠯᠠᠭᠤᠯᠤᠯᠲᠠ ᠶᠢ ᠢᠲᠡᠭᠡᠵᠦ ᠪᠣᠯᠬᠤ ᠦᠭᠡᠢ᠃ | ᠰᠢᠨᠵᠢᠯᠡᠬᠦ ᠤᠬᠠᠭᠠᠨᠴᠢ ᠪᠤᠰᠤ ᠰᠢᠢᠳᠪᠤᠷᠢᠯᠡᠯᠲᠡ ᠨᠢ ᠬᠠᠷᠠᠭ᠎ᠠ ᠶᠢ ᠤᠯᠠᠮ ᠨᠢᠭᠡ ᠠᠯᠬᠤᠮ ᠮᠠᠭᠤᠳᠠᠭᠤᠯᠵᠤ᠂ | ᠴᠢᠨᠠᠭᠰᠢᠯᠠᠨ ᠨᠢᠳᠦᠨ ᠤ ᠬᠡᠰᠡᠭ ᠤᠨ ᠬᠠᠯᠳᠠᠪᠤᠷᠢᠯᠠᠯ ᠪᠤᠶᠤ ᠭᠠᠳᠠᠷ ᠰᠢᠷᠬ᠎ᠠ ᠵᠡᠷᠭᠡ ᠬᠦᠨᠳᠦ ᠨᠣᠴᠢᠲᠠᠶ ᠦᠷ᠎ᠡ | ᠳ᠋ᠦᠩ ᠢ ᠡᠭᠦᠰᠭᠡᠵᠦ ᠮᠡᠳᠡᠨ᠎ᠡ᠃ |