2022 ᠤᠨ ᠤ  ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2022/1/20
     2022 ᠣᠨ ᠤ 1 ᠰᠠᠷ᠎ᠠ ᠶᠢᠨ 8᠎ ᠤ ᠡᠳᠦᠷ ᠯᠢᠶᠠᠩᠴᠧᠩ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ                                  ᠵᠠᠰᠠᠭ ᠤᠨ ᠣᠷᠳᠣᠨ ᠤ ᠣᠷᠣᠯᠠᠭᠴᠢ ᠰᠢᠶᠠᠨ ᠤ ᠳᠠᠷᠤᠭ᠎ᠠ ᠵᠧᠩ ᠳ᠋ᠦᠩ ᠫᠢᠩ    ᠲᠥᠯᠥᠭᠡᠯᠡᠭᠴᠢᠳ ᠡ᠄    ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠪᠤᠰᠤᠳ ᠨᠥᠬᠦᠳ ᠰᠠᠨᠠᠯ ᠢᠶᠠᠨ ᠳᠤᠷᠠᠳᠬᠤ ᠪᠣᠯᠪᠠᠤ᠃                                   ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ             ᠰᠢᠶᠠᠨ ᠤ ᠠᠷᠠᠳ ᠤᠨ ᠲᠥᠯᠥᠭᠡᠯᠡᠭᠴᠢᠳ ᠤᠨ ᠠᠷᠪᠠᠨ ᠲᠠᠪᠤᠳᠤᠭᠠᠷ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠠᠴᠠ ᠨᠠᠰᠢ᠂ ᠬᠤᠷᠸ᠎ᠠ ᠠᠵᠤ ᠠᠬᠤᠶ ᠶᠢᠨ ᠦᠷᠭᠦᠯᠵᠢᠯᠡᠨ ᠪᠠᠭᠤᠷᠠᠬᠤ᠂ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠠᠭᠠᠷᠢᠯᠲᠠ ᠵᠡᠷᠭᠡ ᠠᠯᠢ ᠣᠯᠠᠨ ᠠᠰᠢᠭ ᠦᠭᠡᠶ ᠨᠥᠯᠥᠭᠡ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ︽ᠵᠢᠷᠭᠤᠭ᠎ᠠ ᠶᠢ ᠲᠣᠭᠲᠠᠭᠤᠨ︾ ︽ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠠ ᠲᠣᠬᠢᠶᠠᠯ ᠢ ᠠᠮᠵᠢᠬᠤ ᠶᠢᠨ ᠳᠤᠮᠳᠠ ᠠᠰᠢᠭᠲᠠᠢ ᠪᠠᠶᠢᠳᠠᠯ ᠢ ᠠᠮᠵᠢᠨ ᠤᠷᠤᠭᠰᠢᠯᠠᠵᠤ᠂ ᠥᠷᠢᠰᠥᠯᠳᠦᠭᠡᠨ ᠢ ᠠᠷᠭᠠᠴᠠᠬᠤ ᠶᠢᠨ ᠳᠤᠮᠳᠠ ᠰᠥᠷᠭᠡᠦ ᠪᠠᠶᠢᠳᠠᠯ ᠢ ᠰᠥᠷᠥᠨ ᠰᠢᠪᠲᠤᠯᠵᠤ᠂ ᠲᠣᠭᠲᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠶᠡᠷᠦᠩᠬᠡᠢ ᠳᠡᠭᠡᠨ ᠲᠣᠭᠲᠠᠭᠤᠨ᠂ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠢᠯᠡᠷᠡᠵᠡᠢ᠃ 2021 ᠣᠨ ᠳᠤ᠂ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 48.87 ᠳ᠋ᠦᠩᠰᠢᠭᠤᠷ ᠲᠥᠭᠦᠷᠢᠭ ᠢ ᠪᠡᠶᠡᠯᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 2 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠨᠡᠶᠢᠭᠡᠮ ᠤᠨ ᠬᠡᠷᠡᠭᠯᠡᠭᠡᠨ ᠤ ᠡᠳ᠋ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 11᠂ 85 ᠳ᠋ᠦᠩᠰᠢᠭᠤᠷ ᠲᠥᠭᠦᠷᠢᠭ ᠲᠤ ᠬᠦᠷᠴᠡᠶ︔ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ 16 ᠳ᠋ᠦᠩᠰᠢᠭᠤᠷ ᠲᠥᠭᠦᠷᠢᠭ ᠲᠤ ᠬᠦᠷᠴᠡᠢ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 34090 ᠲᠥᠭᠦᠷᠢᠭ ᠪᠠ 15880 ᠲᠥᠭᠦᠷᠢᠭ ᠪᠡᠶᠡᠯᠡᠭᠦᠯᠪᠡ᠃ ᠭᠤᠷᠪᠠᠨ ᠠᠵᠤ ᠦᠢᠯᠡᠰ ᠤᠨ ᠪᠦᠲᠦᠴᠡ ᠶᠢ 2017 ᠣᠨ ᠤ 27.2᠄ 38.1᠄ 34.7 ᠪᠠᠶᠢᠭᠰᠠᠨ ᠠᠴᠠ 2021 ᠣᠨ ᠤ 19.3᠄ 29.8᠄ 50.9 ᠪᠣᠯᠭᠠᠨ ᠲᠤᠬᠢᠷᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠡᠷᠴᠢ ᠵᠣᠷᠢᠭ ᠨᠡᠩ ᠲᠡᠭᠦᠯᠳᠡᠷ ᠪᠣᠯᠵᠠᠢ᠃   ︽ᠭᠤᠷᠪᠠᠨ ᠠᠵᠤ ᠦᠢᠯᠡᠰ ᠤᠨ ᠪᠦᠲᠦᠴᠡ ᠶᠢ 2017 ᠣᠨ ᠤ 27.2᠄ 38.1᠄ 34.7 ᠪᠠᠶᠢᠭᠰᠠᠨ ᠠᠴᠠ 2021 ᠣᠨ ᠤ 19.3᠄ 29.8᠄ 50.9 ᠪᠣᠯᠭᠠᠨ ᠲᠤᠬᠢᠷᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠡᠷᠴᠢ ᠵᠣᠷᠢᠭ ᠨᠡᠩ ᠲᠡᠭᠦᠯᠳᠡᠷ ᠪᠣᠯᠵᠠᠢ᠃        — — ᠭᠤᠷᠪᠠᠨ ᠶᠡᠭᠡ ᠪᠡᠷᠬᠡ ᠰᠡᠳᠦᠪ ᠢ  ᠰᠢᠢᠳᠪᠤᠷᠢᠯᠡᠬᠦ ᠳᠠᠶᠢᠯᠠᠯᠳᠤᠭᠠᠨ ᠰᠢᠢᠳᠪᠤᠷᠢᠯᠡᠭᠴᠢ ᠴᠢᠨᠠᠷᠲᠠᠶ ᠠᠮᠵᠢᠯᠲᠠ ᠪᠦᠲᠦᠮᠵᠢ ᠤᠯᠪᠠ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠤᠷᠢᠯᠡᠬᠦ ᠠᠵᠢᠯ ᠪᠦᠬᠦ ᠲᠠᠯ᠎ᠠ ᠪᠠᠷ ᠢᠯᠠᠯᠲᠠ ᠤᠯᠪᠠ᠃ ᠢᠮᠠᠭᠲᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠠ ᠠᠷᠠᠳ ᠤᠨ ᠠᠮᠢᠳᠤᠷᠠᠯ ᠤᠨ ᠨᠢᠭᠡᠳᠦᠭᠡᠷ ᠢᠨᠵᠧᠨᠧᠷᠢᠩ ᠪᠣᠯᠭᠠᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠰᠡᠳᠬᠢᠯ ᠨᠢᠭᠡᠳᠦᠨ ᠡᠷᠡᠯᠬᠡᠭᠯᠡᠨ ᠪᠠᠶᠢᠯᠳᠤᠵᠤ᠂ 9639 ᠡᠷᠤᠭᠡ ᠶᠢᠨ 21205 ᠨᠡᠷ᠎ᠡ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 51 ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠢ ᠲᠣᠰᠬᠤᠨ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 2019 ᠣᠨ ᠳᠤ ᠶᠠᠳᠠᠭᠤ ᠬᠦᠴᠢᠷᠳᠡᠯᠲᠡᠢ ᠰᠢᠶᠠᠨ ᠤ ᠮᠠᠯᠠᠭᠠᠢ ᠶᠢ ᠲᠠᠶᠠᠭᠳᠠᠵᠤ᠂ ᠲᠦᠢᠯ ᠤᠨ ᠶᠠᠳᠠᠭᠤ ᠬᠦᠴᠢᠷᠳᠡᠯ ᠢ ᠠᠷᠢᠯᠭᠠᠬᠤ ᠬᠠᠲᠠᠭᠤ ᠪᠡᠷᠬᠡ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠢᠶᠠᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠤᠪᠴᠢᠶ᠎ᠠ ︽ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠬᠠᠮᠲᠤ︾ ᠭᠡᠬᠦ ᠢᠷᠠᠭᠤ ᠠᠯᠳᠠᠷ ᠤᠨ ᠴᠣᠯᠠ ᠶᠢ ᠬᠦᠷᠳᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠶᠠᠭ ᠲᠣᠭᠲᠠᠭᠤᠨ ᠢᠶᠠᠷ ᠶᠠᠪᠤᠭᠳᠠᠵᠤ ᠪᠠᠶᠢᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠪᠦᠬᠦ ᠰᠢᠶᠠᠨ ᠢᠶᠠᠷ ᠢᠶᠠᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠤᠬᠠᠮᠰᠠᠷ ᠠᠴᠠ ᠪᠠᠨ ︽ᠬᠤᠶᠠᠷ ᠬᠠᠮᠠᠭᠠᠯᠠᠯᠲᠠ︾᠎ ᠶᠢ ᠦᠢᠯᠡᠳᠦᠯᠭᠡᠵᠢᠭᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠵᠢᠴᠢ ︽ᠡᠷᠬᠢᠨ ᠬᠠᠷᠠᠬᠤ︾᠎ ᠳᠤ ᠬᠠᠷᠢᠭᠤ ᠲᠤᠰᠬᠠᠭᠰᠠᠨ 20 ᠵᠦᠢᠯ ᠤᠨ ᠠᠰᠠᠭᠤᠳᠠᠯ ᠢ ᠪᠦᠬᠦᠨ ᠢ ᠬᠦᠴᠦᠨ ᠦᠭᠡᠢ ᠪᠣᠯᠭᠠᠪᠠ᠃ ᠲᠠᠭ᠎ᠠ ᠶᠢᠨ ᠨᠠᠭᠤᠷ ᠤᠨ ᠵᠠᠰᠠᠯᠲᠠ ᠱᠠᠲᠤ ᠦᠶ᠎ᠡ ᠶᠢᠨ ᠴᠢᠨᠠᠷᠲᠠᠶ ᠠᠬᠢᠴᠠ ᠲᠠᠢ ᠪᠣᠯᠵᠣ᠂ ᠨᠡᠶᠢᠲᠡ 56 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠵᠤ᠂ ︽ᠨᠢᠭᠡ ᠳᠤ ᠨᠢᠭᠡ ᠶᠢ ᠪᠤᠶᠢᠵᠢᠭᠤᠯᠵᠤ ᠨᠢᠭᠡ ᠶᠢ ᠴᠠᠭᠠᠵᠠᠯᠠᠬᠤ᠂ ᠬᠤᠶᠠᠷ ᠢ ᠪᠠᠭᠠᠰᠬᠠᠵᠤ ᠬᠤᠶᠠᠷ ᠢ ᠨᠥᠬᠦᠪᠥᠷᠢᠯᠡᠵᠦ ᠬᠤᠶᠠᠷ ᠢ ᠰᠡᠷᠭᠦᠭᠡᠬᠦ᠂ ᠬᠤᠶᠠᠷ ᠢ ᠥᠭᠡᠷᠡᠴᠢᠯᠡᠵᠦ ᠳᠥᠷᠪᠡ ᠶᠢ ᠬᠢᠵᠠᠭᠠᠷᠯᠠᠵᠤ ᠭᠤᠷᠪᠠ ᠶᠢ ᠰᠢᠢᠳᠪᠤᠷᠢᠯᠡᠬᠦ︾ 18  ᠵᠦᠢᠯ ᠤᠨ ᠵᠠᠰᠠᠯᠲᠠ ᠶᠢᠨ ᠠᠷᠭ᠎ᠠ ᠬᠡᠮᠵᠢᠶ᠎ᠡ ᠠᠪᠴᠤ᠂ ᠨᠠᠭᠤᠷ ᠤᠨ ᠲᠠᠯᠠᠪᠠᠶ ᠶᠢᠨ ᠪᠠᠭᠠᠰᠬᠤ ᠬᠠᠨᠳᠤᠰᠢ ᠤᠳᠠᠭᠠᠰᠢᠷᠠᠵᠤ᠂ ᠤᠰᠤᠨ ᠤ ᠴᠢᠨᠠᠷ ᠤᠨ ᠮᠠᠭᠤᠳᠠᠯ ᠢ ᠪᠦᠲᠦᠮᠵᠢᠲᠡᠶ ᠨᠠᠮᠳᠠᠭᠤᠯᠵᠤ᠂ ᠡᠷᠬᠢᠨ ᠲᠣᠭᠤᠷᠢᠨ ᠤ ᠭᠠᠵᠠᠷ ᠳᠣᠤᠷᠠᠬᠢ ᠤᠰᠤᠨ ᠤ ᠲᠦᠪᠰᠢᠨ ᠢ ᠵᠢᠯ ᠳᠠᠷᠠᠭᠠᠯᠠᠨ ᠳᠡᠭᠡᠭᠰᠢᠯᠡᠭᠦᠯᠵᠦ᠂ ᠲᠠᠭ᠎ᠠ ᠶᠢᠨ ᠨᠠᠭᠤᠷ ᠤᠨ ᠠᠮᠢ ᠠᠬᠤᠶ ᠶᠢᠨ ᠪᠠᠴᠢᠮ ᠪᠠᠶᠢᠳᠠᠯ ᠢ ᠠᠷᠭᠠᠴᠠᠬᠤ ᠤᠰᠤ ᠨᠥᠬᠦᠪᠥᠷᠢᠯᠡᠬᠦ ᠢᠨᠵᠧᠨᠧᠷᠢᠩ ᠢ ᠶᠠᠭ ᠲᠦᠷᠭᠡᠳᠬᠡᠨ ᠠᠬᠢᠭᠤᠯᠵᠤ ᠪᠠᠶᠢᠨ᠎ᠠ᠃ ᠠᠭᠠᠷ ᠮᠠᠨᠳᠠᠯ ᠤᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠢᠯᠴᠢ ᠴᠠᠬᠢᠯᠭᠠᠨ ᠢ ᠵᠡᠷᠭᠡᠪᠡᠷ ᠦᠢᠯᠡᠳᠪᠦᠷᠢᠯᠡᠬᠦ ᠨᠢᠭᠡᠳᠦᠭᠡᠷ ᠬᠤᠭᠤᠴᠠᠭ᠎ᠠ ᠶᠢ ᠠᠰᠢᠭᠯᠠᠯᠲᠠ ᠳᠤ ᠣᠷᠣᠭᠤᠯᠵᠤ᠂ ᠪᠠᠶᠢᠭᠤᠯᠤᠭᠰᠠᠨ ᠲᠣᠭᠤᠷᠢᠭ ᠤᠨ 10 ᠲᠣᠨ ᠠᠭᠤᠷᠰᠢᠭᠤᠯᠬᠤ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠵᠢᠵᠢᠭ ᠭᠦᠸᠧᠯᠦ ᠶᠢ ᠪᠦᠬᠦᠨ ᠢ ᠬᠦᠴᠦᠨ ᠥᠬᠡᠶ ᠪᠣᠯᠭᠠᠵᠤ᠂ ᠠᠭᠠᠷ ᠤᠨ ᠴᠢᠨᠠᠷ ᠴᠢᠨᠰᠠᠭ᠎ᠠ ᠶᠢᠨ ᠰᠢᠯᠢᠳᠡᠭ ᠰᠠᠶᠢᠨ ᠡᠳᠦᠷ ᠤᠨ ᠲᠤᠭ᠎ᠠ ᠶᠢ 2017 ᠣᠨ ᠤ 222 ᠡᠳᠦᠷ ᠠᠴᠠ 2021 ᠣᠨ ᠤ 315 ᠡᠳᠦᠷ ᠪᠣᠯᠭᠠᠨ ᠳᠡᠭᠡᠭᠰᠢᠯᠡᠭᠦᠯᠵᠦ᠂ ᠰᠢᠯᠢᠳᠡᠭ ᠰᠠᠶᠢᠨ ᠨᠣᠷᠮ᠎ᠠ ᠶᠢ 91%᠎ ᠳᠤ ᠬᠦᠷᠦᠭᠦᠯᠦᠨ᠎ᠡ᠃ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠲᠣᠭᠲᠠᠭᠤᠨ ᠪᠠᠶᠢᠯᠭᠠᠵᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠨᠣᠷᠮ᠎ᠠ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠠᠭᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠴᠥᠮ 85%᠎ ᠠᠴᠠ ᠳᠡᠭᠡᠭᠰᠢ ᠳᠤ ᠬᠦᠷᠦᠭᠦᠯᠵᠦ᠂ ᠠᠵᠤ  ᠦᠢᠯᠡᠳᠪᠤᠷᠢ ᠶᠢᠨ ᠠᠵᠤ ᠠᠬᠤᠶᠢᠯᠠᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠶ ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠢ  ᠰᠢᠢᠳᠪᠤᠷᠢᠯᠡᠬᠦ ᠨᠣᠷᠮ᠎ᠠ ᠶᠢ ᠴᠥᠮ 100%᠎ ᠳᠤ ᠬᠦᠷᠦᠭᠦᠯᠦᠨ᠎ᠡ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠵᠤ᠂ ᠭᠤᠷᠪᠠᠨ ᠱᠠᠲᠤᠨ ᠤ ︽ᠣᠶ ᠰᠢᠭᠤᠶ ᠡᠪᠡᠰᠦ ᠪᠡᠯᠴᠢᠭᠡᠷ ᠤᠨ ᠣᠷᠳᠣ ᠬᠤᠭᠤᠴᠠᠭ᠎ᠠ ᠶᠢᠨ ᠲᠦᠷᠢᠮ︾᠎ ᠤᠨ ᠰᠢᠰᠲ᠋ᠧᠮᠵᠢ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠪᠠᠶᠢᠭᠠᠯᠢ ᠶᠢᠨ ᠣᠶ ᠶᠢ ᠬᠠᠮᠠᠭᠠᠯᠠᠬᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠭᠤᠷᠪᠠᠨ ᠶᠡᠭᠡ ᠢᠨᠵᠧᠨᠧᠷᠢᠩ ᠢ ᠬᠡᠷᠡᠭᠵᠢᠭᠦᠯᠦᠨ᠂ ᠨᠡᠶᠢᠲᠡ 17.4 ᠲᠦᠮᠡᠨ ᠮᠥ ᠮᠣᠳᠣ ᠳᠠᠷᠢᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 35.6% ᠬᠦᠷᠲᠡᠯ᠎ᠡ ᠳᠡᠭᠡᠭᠰᠢᠯᠡᠭᠦᠯᠵᠦ᠂ ᠨᠣᠭᠤᠭᠠᠨ ᠥᠩᠭᠡ ᠨᠢ ᠯᠢᠶᠠᠩᠴᠧᠩ  ᠰᠢᠶᠠᠨ ᠤ ᠬᠠᠮᠤᠭ ᠤᠨ ᠭᠤᠶᠣ ᠰᠠᠶᠢᠬᠠᠨ ᠨᠡᠷ᠎ᠡ ᠶᠢᠨ ᠬᠠᠭᠤᠳᠠᠰᠤ ᠪᠣᠯᠪᠠ᠃ ᠬᠦᠨᠳᠦ ᠶᠡᠭᠡ ᠠᠶᠤᠯ ᠲᠦᠭᠰᠢᠭᠦᠷᠢ ᠶᠢ ᠶᠡᠷᠦᠩᠬᠡᠶ ᠳᠡᠭᠡᠨ ᠡᠵᠡᠮᠳᠡᠵᠦ ᠪᠣᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠴᠦᠰ ᠲᠤᠨᠢ ᠲᠤᠯᠲᠠᠯ᠎ᠠ ᠬᠢᠴᠢᠶᠡᠨ ᠰᠠᠶᠢᠲᠤᠷ ᠠᠳᠬᠤᠵᠤ᠂ ᠡᠩ ᠤᠨ ᠪᠠ ᠪᠠᠴᠢᠮ ᠪᠠᠶᠢᠳᠠᠯ ᠢ ᠨᠢᠭᠡ ᠴᠤᠭᠴᠠᠵᠢᠭᠤᠯᠤᠭᠰᠠᠨ ᠵᠢᠯᠣᠭᠤᠳᠬᠤ ᠰᠢᠰᠲ᠋ᠧᠮ ᠢ ᠪᠠᠶᠢᠭᠤᠯᠤᠨ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠪᠠ ︽ᠲᠦᠷᠪᠡᠨ ᠡᠷᠲᠡ︾᠎ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠥᠮᠦᠰ᠂ ᠭᠤᠣᠯᠳᠠᠯᠭ᠎ᠠ ᠲᠠᠢ ᠡᠳ᠋ ᠪᠣᠳᠠᠰ᠂ ᠭᠤᠣᠯᠳᠠᠯᠭ᠎ᠠ ᠲᠠᠢ ᠣᠷᠴᠢᠨ ᠠᠬᠤᠶ ᠶᠢᠨ ᠪᠥᠭᠡᠮ ᠬᠦᠴᠢᠯ ᠤᠨ ᠦᠯᠢᠭᠡᠷ ᠢ ᠨᠡᠶᠢᠳᠡ 12 ᠲᠦᠮᠡ ᠴᠤᠭᠯᠠᠭᠤᠯᠵᠤ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ︾ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ᠂ ︽ᠣᠷᠣᠭᠤᠯᠬᠤ ᠦᠭᠡᠢ ᠪᠠᠷ ᠣᠨᠣᠰᠢᠯᠠᠭᠤᠯᠬᠤ ᠦᠭᠡᠢ︾᠎ ᠶᠢ ᠪᠡᠶᠡᠯᠡᠭᠦᠯᠪᠡ᠃ ᠠᠷᠠᠳ ᠨᠡᠶᠢᠲᠡ ᠶᠢᠨ ᠡᠭᠡᠯᠢᠯᠡᠭᠡ ᠶᠢᠨ ᠬᠠᠯᠬᠠᠪᠴᠢ ᠶᠢ ᠲᠦᠷᠭᠡᠪᠴᠢᠯᠡᠨ ᠪᠠᠶᠢᠭᠤᠯᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠳᠡᠭᠡᠳᠦ ᠱᠠᠲᠤᠨ ᠠᠴᠠ ᠪᠠᠭᠤᠯᠭᠠᠭᠰᠠᠨ 9᠂ 8 ᠲᠦᠮᠡᠨ ᠬᠥᠮᠦᠨ ᠤ ᠠᠩᠬᠠᠳᠠᠭᠴᠢ ᠲᠠᠷᠢᠯᠭ᠎ᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠠᠷ ᠪᠡᠶᠡᠯᠡᠭᠦᠯᠪᠡ᠃ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠦᠢᠯ ᠤᠨ ᠲᠤᠪᠤᠶᠢᠮ᠎ᠠ ᠪᠠᠶᠢᠭ᠎ᠠ ᠯᠤᠲᠤ ᠶᠡᠭᠡ ᠳᠠᠷᠤᠯᠲᠠ ᠶᠢ ᠲᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ 23 ᠳ᠋ᠦᠩᠰᠢᠭᠤᠷ ᠲᠥᠭᠦᠷᠢᠭ ᠠᠷᠢᠯᠭᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠨᠤᠷᠮ᠎ᠠ ᠶᠢ 151% ᠪᠣᠯᠲᠠᠯ᠎ᠠ ᠪᠠᠭᠤᠷᠠᠭᠤᠯᠪᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠬᠠᠤᠯᠢ ᠪᠤᠰᠤ ᠪᠠᠷ ᠢᠨᠲ᠋ᠤᠷ ᠰᠦᠯᠵᠢᠶᠡᠨ ᠤ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢᠯᠡᠳᠲᠡ ᠦᠷ᠎ᠡ ᠪᠦᠲᠦᠮᠵᠢ ᠣᠯᠵᠤ᠂ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠲᠠᠰᠤᠷᠠᠯᠳᠡ ᠦᠭᠡᠢ ᠴᠢᠩᠭᠠᠷᠠᠪᠠ᠃ ᠵᠠᠬᠢᠳᠠᠯ ᠰᠤᠷᠪᠤᠯᠵᠢᠯᠠᠭ᠎ᠠ ᠶᠢᠨ ᠡᠮᠬᠢ ᠵᠢᠷᠤᠮ ᠠᠯᠬᠤᠮ ᠠᠯᠬᠤᠮ ᠢᠶᠠᠷ ᠰᠠᠶᠢᠵᠢᠷᠠᠵᠤ᠂ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ  ᠰᠢᠢᠳᠪᠤᠷᠢᠯᠡᠵᠤ᠂ ᠣᠨᠴᠠ ᠵᠠᠷᠢᠮ ᠬᠠᠤᠯᠢ ᠶᠢ ᠵᠥᠷᠢᠴᠡᠭᠰᠡᠨ ᠵᠠᠬᠢᠳᠠᠯ ᠰᠤᠷᠪᠤᠯᠵᠢᠯᠠᠭ᠎ᠠ ᠬᠢᠭᠰᠡᠳ ᠢ ᠬᠠᠤᠯᠢ ᠶᠣᠰᠣᠭᠠᠷ  ᠰᠢᠢᠳᠪᠤᠷᠢᠯᠡᠪᠡ᠃ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠪᠠᠶᠢᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠯᠠᠪᠳᠠᠭᠤᠨ ᠢᠶᠠᠷ ᠠᠬᠢᠪᠠ᠃       — — ᠭᠤᠷᠪᠠᠨ ᠠᠵᠤ ᠦᠢᠯᠡᠰ ᠤᠨ ᠪᠦᠲᠦᠴᠡ ᠶᠢ ᠲᠠᠰᠤᠷᠠᠯᠳᠠ ᠦᠭᠡᠢ ᠰᠢᠯᠢᠳᠡᠭᠵᠢᠭᠦᠯᠪᠡ᠃ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠢ ᠵᠡᠷᠭᠡᠪᠡᠷ ᠳᠡᠭᠡᠭᠰᠢᠯᠡᠭᠦᠯᠦᠨ᠎ᠡ᠃ 6 ᠲᠦᠮᠡᠨ ᠮᠥ ᠣᠷᠭᠠᠨᠢᠭ ᠬᠠᠭᠤᠷᠠᠶ ᠪᠠᠷ ᠳᠠᠷᠢᠬᠤ ᠲᠠᠷᠢᠶᠠᠯᠠᠩ ᠢ ᠨᠠᠷᠢᠯᠢᠭ ᠪᠣᠶ ᠪᠣᠯᠭᠠᠵᠤ᠂ ᠡᠯᠳᠡᠪ ᠠᠮᠤ ᠡᠯᠳᠡᠪ ᠪᠤᠷᠴᠠᠭ ᠳᠠᠷᠢᠬᠤ ᠲᠠᠯᠠᠪᠠᠶ ᠶᠢ 53 ᠲᠦᠮᠡᠨ ᠮᠥ ᠪᠣᠯᠲᠠᠯ᠎ᠠ ᠨᠡᠮᠡᠭᠳᠡᠭᠦᠯᠦᠨ᠂ ᠡᠷᠳᠡᠨᠢ ᠰᠢᠰᠢ ᠶᠢᠨ ᠦᠷ᠎ᠡ ᠳᠠᠷᠢᠬᠤ ᠲᠠᠯᠠᠪᠠᠶ ᠶᠢ 25.7 ᠲᠦᠮᠡᠨ ᠮᠥ ᠪᠣᠯᠲᠠᠯ᠎ᠠ ᠪᠠᠭᠠᠰᠬᠠᠵᠤ᠂ ᠲᠠᠷᠢᠮᠠᠯ ᠤᠨ ᠦᠢᠯᠡᠰ ᠤᠨ ᠪᠦᠲᠦᠴᠡ ᠡᠳᠦᠷ ᠢᠷᠡᠬᠦᠶ᠎ᠡ ᠵᠦᠶ ᠵᠣᠬᠢᠰᠲᠠᠶ ᠪᠣᠯᠪᠠ︔ 9᠂97 ᠲᠦᠮᠡᠨ  ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠳᠦᠭᠡᠨ ᠪᠠᠶᠢᠭᠤᠯᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠮᠧᠬᠠᠨᠢᠭᠵᠢᠭᠤᠯᠤᠯᠲᠠ ᠶᠢᠨ ᠬᠢᠷᠢ ᠬᠡᠮᠵᠢᠶ᠎ᠡ ᠶᠢ 77% ᠪᠣᠯᠲᠠᠯ᠎ᠠ ᠳᠡᠭᠡᠭᠰᠢᠯᠡᠭᠦᠯᠵᠦ᠂ ᠠᠮᠤ ᠪᠤᠳᠠᠭᠠᠨ ᠤ ᠤᠨᠠᠯᠲᠠ ᠶᠢ 4 ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠪᠠ᠃ ᠠᠵᠢᠨᠠᠶ ᠢᠮᠠᠭᠠᠨ ᠤ ᠮᠠᠯ ᠠᠵᠤ ᠠᠬᠤᠶ ᠶᠢᠨ 5 ᠰᠠᠭᠤᠷᠢ ᠪᠠᠷᠢᠮᠵᠢᠶᠠᠵᠢᠭᠤᠯᠤᠭᠰᠠᠨ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠲᠠᠯᠠᠪᠠᠶ᠂ ᠬᠠᠶ ᠭᠤᠤ ᠮᠠᠯ ᠠᠵᠤ ᠠᠬᠤᠶ ᠶᠢᠨ ᠳᠥᠷᠪᠡᠳᠦᠭᠡᠷ ᠬᠤᠭᠤᠴᠠᠭ᠎ᠠ ᠵᠡᠷᠭᠡ ᠲᠣᠮᠣ ᠬᠡᠯᠪᠡᠷᠢ ᠶᠢᠨ ᠲᠡᠵᠢᠭᠡᠨ ᠦᠷᠡᠵᠢᠭᠦᠯᠬᠦ ᠲᠥᠷᠥᠯ  ᠵᠦᠢᠯ ᠢ ᠪᠠᠶᠢᠭᠤᠯᠵᠤ ᠳᠠᠭᠤᠰᠬᠠᠭᠠᠳ ᠡᠵᠡᠩᠨᠡᠯᠲᠡ ᠳᠤ ᠣᠷᠣᠭᠤᠯᠪᠠ︔ ᠪᠥᠬᠦ ᠰᠢᠶᠠᠨ ᠤ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠦᠢᠯᠡᠰ ᠲᠣᠭᠲᠠᠭᠤᠨ ᠢᠶᠠᠷ ᠬᠥᠭᠵᠢᠵᠦ᠂ ᠰᠠᠭᠠᠯᠢ ᠶᠢᠨ ᠦᠨᠢᠶ᠎ᠡ᠂ ᠠᠯᠠᠰᠢᠨ ᠦᠬᠡᠷ ᠤᠨ ᠲᠤᠭ᠎ᠠ ᠲᠣᠰ ᠲᠣᠰ 3 ᠲᠦᠮᠡ᠂ 6.38 ᠲᠦᠮᠡ ᠳᠤ ᠬᠦᠷᠴᠦ᠂ ᠠᠯᠠᠰᠢᠨ ᠬᠤᠨᠢ᠂ ᠰᠠᠭᠠᠯᠢ ᠶᠢᠨ ᠢᠮᠠᠭᠠᠨ ᠤ ᠲᠤᠭ᠎ᠠ ᠲᠣᠰ ᠲᠣᠰ 54.2 ᠲᠦᠮᠡ᠂ 3 ᠲᠦᠮᠡ ᠳᠤ ᠬᠦᠷᠴᠦ᠂ ᠥᠨᠳᠡᠭᠡᠨ ᠲᠠᠬᠢᠶ᠎ᠠ᠂ ᠠᠯᠠᠰᠢᠨ ᠲᠠᠬᠢᠶ᠎ᠠ ᠶᠢᠨ ᠲᠤᠭ᠎ᠠ ᠲᠣᠰ ᠲᠣᠰ 39.8 ᠲᠦᠮᠡᠨ ᠥᠲᠥ᠂ 2.3 ᠲᠦᠮᠡᠨ ᠥᠲᠥ ᠬᠦᠷᠴᠡᠶ︔ ᠴᠢᠨᠠᠷ ᠰᠠᠶᠢᠲᠠᠶ ᠮᠠᠯ ᠤᠨ ᠡᠭᠦᠯᠳᠡᠷ ᠰᠠᠶᠢᠵᠢᠷᠠᠭᠤᠯᠤᠭᠰᠠᠨ ᠨᠣᠷᠮ᠎ᠠ 95%᠎ ᠳᠤ ᠬᠦᠷᠴᠦ᠂ ᠮᠠᠯ ᠠᠵᠤ ᠠᠬᠤᠶ ᠶᠢᠨ ᠦᠢᠯᠡᠳᠭᠦᠨ ᠤ ᠥᠷᠲᠡᠭ ᠨᠢ ᠲᠠᠷᠢᠶᠠᠯᠠᠩ ᠤᠨ ᠦᠢᠯᠡᠳᠭᠦᠨ ᠤ ᠶᠡᠷᠦᠩᠬᠡᠶ ᠥᠷᠲᠡᠭ ᠦᠢᠯᠡᠳᠪᠦᠷᠢ ᠶᠢᠨ ᠬᠥᠭᠵᠢᠯᠲᠡ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠪᠠ᠃ ︽ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ︾᠎ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠮᠡᠨ ᠲᠥᠭᠦᠷᠢᠭ ᠤᠨ GDP᠎ ᠶᠢᠨ ᠡᠨᠧᠷᠭᠢ ᠶᠢᠨ ᠬᠤᠷᠣᠭᠳᠠᠭᠤᠯᠤᠯ ᠢ 2᠂97%᠎ ᠪᠠᠷ ᠪᠠᠭᠤᠷᠠᠭᠤᠯᠪᠠ᠃  ᠲᠠᠭ᠎ᠠ ᠶᠢᠨ ᠨᠠᠭᠤᠷ ᠤᠨ ᠴᠠᠬᠢᠯᠭᠠᠨ ᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢ ᠤᠷᠤᠭᠰᠢᠲᠠᠢ ᠳᠠᠭᠤᠰᠬᠠᠵᠤ᠂ ᠬᠤᠩ ᠮᠤᠤ ᠡᠮ ᠤᠨ ᠦᠢᠯᠡᠰ ᠤᠨ ᠬᠡᠷᠡᠭᠯᠡᠭᠡᠨ ᠤ ᠵᠠᠬ᠎ᠠ ᠳᠡᠯᠭᠡᠭᠦᠷ ᠠᠯᠬᠤᠮ ᠠᠯᠬᠤᠮ ᠢᠶᠠᠷ ᠰᠠᠶᠢᠵᠢᠷᠠᠵᠤ᠂ ᠮᠧᠩ ᠳ᠋ᠢ ᠬᠠᠭᠠᠨ ᠤ ᠰᠦᠨ ᠦᠢᠯᠡᠰ᠂ ᠮᠠᠷᠲᠠᠯ ᠤᠨ ᠬᠡᠯᠪᠡᠷᠢ ᠶᠢᠨ ᠲᠠᠷᠢᠶᠠᠯᠠᠩ ᠵᠡᠷᠭᠡ ᠲᠠᠷᠢᠶᠠᠯᠠᠩ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠠᠩᠬ᠎ᠠ ᠠᠯᠬᠤᠮ ᠬᠡᠪᠴᠢᠶᠡᠵᠢᠪᠡ᠃ ᠴᠡᠪᠡᠷ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠲᠦᠷᠭᠡᠪᠴᠢᠯᠡᠨ ᠪᠠᠶᠢᠷᠢᠯᠠᠭᠤᠯᠵᠤ᠂ 150 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ 5᠂5 ᠲᠦᠮᠡᠨ ᠺᠢᠯᠣᠸᠠᠲ ᠤᠨ ᠲᠠᠷᠬᠠᠯᠲᠠ ᠶᠢᠨ ᠮᠠᠶ᠋ᠢᠭ ᠤᠨ ᠭᠡᠷᠡᠯ ᠢᠶᠠᠷ ᠴᠠᠬᠢᠯᠭᠠᠨ ᠭᠠᠷᠭᠠᠬᠤ ᠵᠦᠢᠯᠡᠰ ᠢ ᠬᠢᠨᠠᠨ ᠵᠥᠪᠰᠢᠶᠡᠷᠡᠬᠦ ᠱᠠᠲᠤᠨ ᠳᠤ ᠣᠷᠣᠭᠤᠯᠪᠠ᠃ ᠪᠠᠷᠠᠭᠤᠨ ᠲᠣᠭᠤᠷᠢᠭ ᠤᠨ ᠢᠳᠡᠭᠡᠨ ᠪᠠ ᠡᠮ ᠤᠨ ᠵᠦᠢᠯ ᠤᠨ ᠠᠵᠤ ᠦᠢᠯᠡᠰ ᠤᠨ ᠬᠦᠷᠢᠶᠡᠯᠡᠩ᠂ ᠲᠢᠶᠠᠨ ᠴᠧᠩ ᠠᠵᠤ ᠦᠢᠯᠡᠰ ᠤᠨ ᠰᠠᠭᠤᠷᠢᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ ᠵᠢᠭᠤᠯᠴᠢᠯᠠᠯ ᠠᠷᠠᠯᠵᠢᠶ᠎ᠠ ᠬᠤᠳᠠᠯᠳᠤᠭᠠᠨ ᠤ ᠠᠮᠢᠵᠢᠷᠠᠯ ᠤᠨ ᠬᠦᠴᠦᠨ ᠣᠷᠭᠢᠯᠣᠨ ᠪᠠᠳᠠᠷᠠᠵᠤ ᠪᠠᠶᠢᠨ᠎ᠠ᠃ ᠰᠦᠢᠶᠤᠸᠠᠨ ᠥᠪᠥᠷ ᠮᠣᠩᠭᠤᠯ ᠤᠨ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠭᠤᠷᠪᠠᠳᠤᠭᠠᠷ ᠪᠦᠯᠦᠭ ᠤᠨ ᠪᠦᠬᠦ ᠤᠯᠤᠰ ᠤᠨ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠰᠠᠭᠤᠷᠢᠨ ᠳᠤ ᠰᠣᠩᠭᠤᠭᠳᠠᠵᠤ᠂ ᠾᠧ ᠯᠦᠩ ᠤᠨ ᠬᠤᠪᠢᠰᠬᠠᠯ ᠤᠨ ᠠᠵᠢᠯᠯᠠᠭ᠎ᠠ ᠶᠢᠨ ᠬᠠᠭᠤᠴᠢᠨ ᠪᠠᠭᠤᠷᠢ ᠶᠢ ᠥᠭᠡᠷᠡᠴᠢᠯᠡᠨ ᠲᠡᠰ ᠳᠡᠪᠰᠢᠭᠦᠯᠪᠡ᠃ ᠬᠠᠭᠠᠨ ᠤ ᠮᠠᠰᠢᠨ ᠲᠡᠷᠭᠡᠨ ᠤ ᠪᠠᠭᠤᠴᠠ᠂ ᠵᠤᠤ ᠵᠢᠶᠠ ᠼᠦᠨ ᠲᠣᠰᠬᠤᠨ ᠤ ᠰᠣᠳᠣᠨ ᠠᠷᠠᠳ ᠤᠨ ᠣᠷᠣᠨ ᠰᠠᠭᠤᠴᠠ ᠶᠢ ᠪᠠᠶᠢᠭᠤᠯᠤᠨ ᠡᠵᠡᠩᠨᠡᠯᠲᠡ ᠳᠤ ᠣᠷᠣᠭᠤᠯᠵᠤ᠂  ᠲᠠᠭ᠎ᠠ ᠶᠢᠨ ᠨᠠᠭᠤᠷ ᠤᠨ ᠬᠠᠯᠠᠭᠤᠨ ᠷᠠᠰᠢᠶᠠᠨ ᠤ ᠮᠥᠰᠥ ᠴᠠᠰᠤᠨ ᠤ ᠵᠢᠵᠢᠭ ᠪᠠᠯᠭᠠᠰᠤ ᠬᠤᠶᠠᠳᠤᠭᠠᠷ ᠪᠦᠯᠦᠭ ᠤᠨ ᠪᠦᠬᠦ ᠤᠯᠤᠰ ᠤᠨ ᠣᠨᠴᠠᠯᠢᠭ ᠲᠠᠢ ᠵᠢᠵᠢᠭ ᠪᠠᠯᠭᠠᠰᠤ ᠶᠢ ᠵᠥᠪᠰᠢᠶᠡᠷᠡᠵᠡᠢ᠃ ᠲᠠᠭ᠎ᠠ ᠶᠢᠨ ᠨᠠᠭᠤᠷ ᠤᠨ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠨᠢ ᠤᠯᠤᠰ ᠤᠨ 4A ᠲᠡᠰ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ ᠪᠦᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠪᠡᠶᠡᠯᠡᠭᠦᠯᠵᠦ᠂ ︽ᠨᠢᠭᠡ ᠪᠦᠰᠡ ᠨᠢᠭᠡ ᠵᠠᠮ︾᠎ ᠤᠨ ᠠᠷᠠᠳ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠪᠦᠬᠦ ᠤᠯᠤᠰ ᠤᠨ ︽ᠬᠤᠶᠠᠳᠤᠭᠠᠷ ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠵᠡᠷᠭᠡ ᠲᠤᠮᠤ ᠬᠡᠯᠪᠡᠷᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠤᠷᠤᠭᠰᠢᠲᠠᠢ ᠳᠠᠭᠠᠭᠠᠴᠢᠯᠠᠨ ᠡᠷᠬᠢᠯᠡᠵᠦ᠂ ᠭᠠᠵᠠᠷ ᠣᠷᠣᠨ ᠤ ᠠᠯᠳᠠᠷᠰᠢᠯ᠂ ᠠᠯᠳᠠᠷᠰᠢᠯ ᠢᠯᠡᠳᠲᠡ ᠳᠡᠭᠡᠭᠰᠢᠯᠡᠵᠡᠢ᠃ ᠡᠯᠧᠺᠲᠷᠣᠨ ᠬᠤᠳᠠᠯᠳᠤᠭᠠᠨ ᠤ ᠠᠵᠤ  ᠦᠢᠯᠡᠰ ᠲᠦᠷᠭᠡᠨ ᠢᠶᠠᠷ ᠬᠥᠭᠵᠢᠵᠦ᠂ ᠰᠦᠯᠵᠢᠶᠡᠨ ᠳᠡᠭᠡᠷᠡᠬᠢ ᠠᠷᠠᠯᠵᠢᠶᠠᠨ ᠤ ᠲᠤᠭ᠎ᠠ ᠨᠡᠶᠢᠲᠡ 4.3 ᠳ᠋ᠦᠩᠰᠢᠭᠤᠷ ᠲᠥᠭᠦᠷᠢᠭ ᠲᠤ ᠬᠥᠷᠪᠡ᠃ ᠬᠤᠭᠤᠯᠠ ᠤᠮᠳᠠ ᠬᠤᠨᠤᠭ ᠪᠠᠭᠤᠳᠠᠯ᠂ ᠲᠦᠷᠭᠡᠨ ᠬᠦᠷᠭᠡᠯᠲᠡ ᠡᠳ᠋ ᠪᠠᠷᠠᠭᠠᠨ ᠤ ᠭᠦᠢᠯᠭᠡᠭᠡ ᠵᠡᠷᠭᠡ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠥᠷᠨᠢᠩᠭᠦᠶ ᠪᠠᠷ ᠬᠥᠭᠵᠢᠪᠡ᠃         — — ᠬᠤᠳᠠ ᠬᠥᠳᠡᠭᠡ ᠶᠢᠨ ᠰᠠᠭᠤᠷᠢ ᠪᠥᠳᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠥᠯᠬᠢᠨ ᠠᠬᠢᠭᠤᠯᠪᠠ᠃ ᠬᠤᠲᠠ ᠪᠠᠯᠭᠠᠰᠤᠨ ᠤ ᠶᠠᠰᠤ ᠴᠢᠨᠠᠷ ᠶᠡᠭᠡ ᠪᠠᠷ ᠳᠡᠭᠡᠭᠰᠢᠯᠡᠪᠡ᠃ ᠰᠢᠨ᠎ᠡ ᠪᠠᠷ ᠪᠠᠶᠢᠭᠤᠯᠤᠭᠰᠠᠨ ᠬᠡᠷ ᠪᠦᠯᠢ᠂ ᠰᠢᠨ᠎ᠡ ᠪᠠᠷ ᠪᠠᠶᠢᠭᠤᠯᠤᠭᠰᠠᠨ ᠬᠡᠷ ᠪᠦᠯᠢ ᠵᠡᠷᠭᠡ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ  ᠵᠦᠢᠯ ᠢ ᠤᠷᠤᠭᠰᠢᠲᠠᠶ ᠳᠠᠭᠤᠰᠬᠠᠵᠤ᠂ 25 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠵᠤ᠂ 189 ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠤᠪᠢᠶᠠᠷᠢᠯᠠᠨ᠂ 78 ᠲᠦᠮᠡᠨ ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ ᠶᠢ ᠰᠢᠨ᠎ᠡ ᠪᠠᠷ ᠪᠠᠶᠢᠭᠤᠯᠵᠤ᠂ ︽ᠰᠠᠭᠤᠬᠤ ᠠᠴᠠ ᠣᠷᠣᠨ ᠰᠠᠭᠤᠴᠠ ᠲᠠᠢ︾ ᠪᠠᠶᠢᠬᠤ ᠶᠢ ︽ᠰᠠᠭᠤᠬᠤ ᠳᠤ ᠲᠣᠬᠢᠷᠠᠮᠵᠢᠲᠠᠶ︾  ᠲᠡᠶᠢᠰᠢ ᠠᠯᠬᠤᠮ ᠠᠯᠬᠤᠮ ᠢᠶᠠᠷ ᠤᠷᠤᠭᠰᠢᠯᠠᠭᠤᠯᠪᠠ᠃ ᠰᠢᠨ᠎ᠡ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠵᠦ᠂ ᠭᠤᠸᠠᠩ ᠮᠢᠩ ᠵᠠᠮ᠂ ᠲᠣᠭᠲᠠᠭᠠᠯ ᠲᠤᠯᠤᠭᠠᠨ ᠵᠠᠮ ᠢ ᠪᠦᠬᠦ ᠱᠤᠭᠤᠮ ᠢᠶᠠᠷ ᠨᠡᠪᠲᠡᠷᠡᠭᠦᠯᠵᠦ᠂ ᠪᠦᠳᠦᠭᠡᠨ ᠪᠠᠶᠢᠭᠤᠯᠤᠭᠰᠠᠨ ᠣᠷᠣᠨ ᠤ ᠲᠠᠯᠠᠪᠠᠢ ᠶᠢ 10᠂5 ᠲᠡᠭᠰᠢ ᠳᠥᠷᠪᠡᠯᠵᠢᠨ ᠺᠢᠯᠣᠮᠧᠲᠷ ᠬᠦᠷᠲᠡᠯ᠎ᠡ ᠥᠷᠭᠡᠳᠬᠡᠪᠡ᠃ ᠬᠤᠳᠠ ᠬᠥᠳᠡᠭᠡ ᠶᠢᠨ ᠪᠣᠬᠢᠷ ᠤᠰᠤᠨ ᠤ ᠬᠤᠭᠤᠯᠠᠶ ᠶᠢᠨ ᠲᠣᠣᠷ ᠢ 206 ᠺᠢᠯᠣᠮᠧᠲᠷ ᠳᠡᠪᠢᠰᠴᠦ᠂ ᠭᠤᠣᠯ ᠪᠣᠯᠬᠤ ᠵᠡᠭᠡᠯᠢ ᠭᠤᠳᠤᠮᠵᠢ ᠶᠢᠨ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ᠶᠢᠨ ᠲᠣᠣᠷ ᠢ ᠪᠦᠬᠦᠨ  ᠢ ᠬᠦᠮᠦᠨ‌‍ᠲ᠋ᠤᠮᠳᠠᠴᠢ ᠶᠢᠨ ᠴᠡᠴᠡᠷᠯᠢᠭ ᠤᠨ ᠨᠣᠭᠤᠭᠠᠷᠠᠭᠤᠯᠤᠭᠰᠠᠨ ᠭᠠᠵᠠᠷ ᠤᠨ ᠲᠠᠯᠠᠪᠠᠶ 15.25 ᠲᠡᠭᠰᠢ ᠳᠥᠷᠪᠡᠯᠵᠢᠨ ᠮᠧᠲᠷ ᠲᠤ ᠬᠦᠷᠴᠦ᠂ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 35.7% ᠂ ᠨᠣᠭᠤᠭᠠᠷᠠᠭᠤᠯᠤᠭᠰᠠᠨ ᠭᠠᠵᠠᠷ ᠤᠨ ᠨᠣᠷᠮ᠎ᠠ 33%᠎ ᠳᠤ ᠬᠦᠷᠴᠦ᠂ ᠣᠯᠠᠨ ᠲᠦᠮᠡᠨ ᠤ ︽ᠪᠣᠬᠢᠷᠲᠤᠯ ᠥᠬᠡᠶ ᠵᠣᠯ ᠵᠢᠷᠭᠠᠯ ᠤᠨ ᠰᠡᠳᠬᠢᠭᠳᠡᠯ︾ ᠢᠯᠡᠳᠲᠡ ᠨᠡᠮᠡᠭᠳᠡᠪᠡ᠃ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠪᠡ᠃ ᠬᠥᠬᠡᠬᠤᠲᠠ ᠶᠢᠨ ᠯᠢᠶᠠᠩᠹᠤᠩ ᠤᠨ ᠨᠢᠭᠡᠳᠦᠭᠡᠷ ᠳᠡᠰ ᠤᠨ ᠵᠠᠰᠠᠮᠠᠯ ᠵᠠᠮ ᠤᠨ  ᠯᠢᠶᠠᠩᠴᠧᠩ ᠤᠨ ᠬᠡᠰᠡᠭ ᠪᠥᠬᠦ ᠱᠤᠭᠤᠮ ᠢᠶᠠᠷ ᠲᠡᠷᠭᠡ ᠨᠡᠪᠲᠡᠷᠡᠵᠦ᠂ ᠮᠤᠵᠢ ᠶᠢᠨ ᠵᠠᠮ ᠤᠨ 209 ᠱᠤᠭᠤᠮ ᠢ ᠤᠳᠠᠯ ᠥᠬᠡᠶ ᠪᠥᠬᠦ ᠲᠠᠯ᠎ᠠ ᠪᠠᠷ ᠳᠠᠭᠤᠰᠬᠠᠵᠤ᠂ ᠬᠠᠯᠠᠭᠤᠨ ᠷᠠᠰᠢᠶᠠᠨ ᠤ ᠮᠥᠰᠥ ᠴᠠᠰᠤᠨ ᠤ ᠵᠢᠵᠢᠭ ᠪᠠᠯᠭᠠᠰᠤᠨ ᠤ ︽ᠬᠤᠶᠠᠷ ᠭᠤᠯᠳᠤ ᠨᠢᠭᠡ ᠬᠥᠨᠳᠡᠯᠡᠨ︾ ᠵᠠᠮ ᠤᠨ ᠲᠣᠤᠷ ᠢ ᠪᠠᠶᠢᠭᠤᠯᠤᠨ ᠳᠠᠭᠤᠰᠬᠠᠵᠤ᠂ 82 ᠺᠢᠯᠣᠮᠧᠲᠷ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾᠎ ᠢ ᠲᠠᠰ ᠳᠡᠪᠰᠢᠭᠦᠯᠦᠨ ᠲᠠᠰ ᠳᠡᠪᠰᠢᠭᠦᠯᠵᠦ᠂ ᠬᠤᠲᠠ ᠬᠥᠳᠡᠭᠡ ᠶᠢᠨ ᠵᠠᠮ ᠤᠨ ᠲᠣᠤᠷ ᠤᠨ ᠰᠠᠭᠠᠳ ᠥᠬᠡᠶ ᠨᠡᠪᠲᠡᠷᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠶᠢ ᠠᠰᠢᠭᠯᠠᠯᠲᠠ ᠳᠤ ᠣᠷᠣᠭᠤᠯᠵᠤ᠂ ᠯᠢᠶᠠᠩᠴᠧᠩ ᠠᠴᠠ ᠵᠢᠨᠢᠩ ᠬᠦᠷᠬᠦ ᠬᠡᠰᠡᠭ ᠤᠨ ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ ᠢ ᠨᠡᠶᠢᠲᠡ ᠶᠢᠨ ᠮᠠᠰᠢᠨ ᠲᠡᠷᠭᠡᠨ ᠳᠤ ᠣᠷᠣᠭᠤᠯᠬᠤ ᠥᠭᠡᠷᠡᠴᠢᠯᠡᠯᠲᠡ ᠶᠢ ᠪᠡᠶᠡᠯᠡᠭᠦᠯᠪᠡ ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠠᠬᠤᠶ ᠶᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠭᠡᠷ ᠳᠣᠲᠣᠷᠠᠬᠢ ᠵᠣᠷᠯᠣᠩ ᠢ 3943 ᠡᠷᠦᠬᠡ ᠳᠤ ᠥᠭᠡᠷᠡᠴᠢᠯᠡᠵᠦ᠂ 7 ᠬᠤᠭ ᠨᠣᠪᠰᠢ ᠰᠢᠲᠠᠭᠠᠬᠤ ᠦᠷᠳᠡᠭᠡ᠂ 5 ᠳᠠᠮᠵᠢᠭᠤᠯᠬᠤ ᠦᠷᠳᠡᠭᠡ ᠶᠢ ᠪᠠᠶᠢᠭᠤᠯᠵᠤ᠂ 75 ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠲᠡᠷᠭᠡ ᠬᠥᠰᠬᠡ᠂ 2668 ᠬᠤᠭ ᠨᠣᠪᠰᠢ ᠶᠢᠨ ᠠᠪᠳᠠᠷ᠎ᠠ ᠶᠢ ᠲᠣᠬᠢᠷᠠᠭᠤᠯᠵᠤ᠂ ᠬᠤᠳᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢ ᠡᠳᠦᠷ ᠲᠤ ᠦᠢᠯᠡᠳᠪᠦᠷᠢᠯᠡᠵᠦ ᠡᠳᠦᠷ ᠲᠤ ᠴᠡᠪᠡᠷᠯᠡᠬᠦ ᠶᠢ ᠪᠡᠶᠡᠯᠡᠭᠦᠯᠪᠡ᠃ ᠬᠥᠳᠡᠭᠡ ᠲᠣᠰᠬᠤᠨ ᠤ ᠴᠠᠬᠢᠯᠭᠠᠨ ᠤ ᠲᠣᠣᠷ ᠤᠨ ᠥᠭᠡᠷᠡᠴᠢᠯᠡᠯᠲᠡ ᠶᠢᠨ 540 ᠺᠢᠯᠣᠮᠧᠲᠷ᠂ ᠯᠢᠦ ᠵᠢᠶᠠ ᠶᠣᠣ ᠠᠴᠠ ᠲᠢᠶᠠᠨ ᠴᠧᠩ ᠬᠦᠷᠬᠦ 35 ᠺᠢᠯᠣᠸᠠᠲ ᠤᠨ ᠴᠠᠬᠢᠯᠭᠠᠨ ᠬᠦᠷᠭᠡᠬᠦ ᠱᠤᠭᠤᠮ ᠤᠨ ᠪᠠᠷᠢᠯᠭ᠎ᠠ ᠶᠢᠨ ᠠᠵᠢᠯ ᠢ ᠡᠬᠢᠯᠡᠭᠦᠯᠦᠨ ᠪᠦᠳᠦᠭᠡᠨ ᠪᠠᠶᠢᠭᠤᠯᠵᠤ᠂ ᠴᠠᠬᠢᠯᠭᠠᠨ ᠬᠦᠴᠦᠨ ᠤ ᠪᠠᠲᠤᠯᠠᠭ᠎ᠠ ᠶᠢ ᠪᠦᠬᠦ ᠲᠠᠯ᠎ᠠ ᠪᠠᠷ ᠲᠡᠰ ᠳᠡᠪᠰᠢᠭᠦᠯᠪᠡ᠃    — — ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠪᠠᠲᠤ ᠴᠢᠩᠭ᠎ᠠ ᠠᠷᠠᠳ ᠤᠨ ᠠᠮᠢᠳᠤᠷᠠᠯ ᠤᠨ ᠡᠯ᠎ᠡ ᠲᠦᠷᠦᠯ ᠤᠨ ᠣᠷᠣᠭᠤᠯᠤᠯᠲᠠ ᠨᠢ ᠡᠳ᠋ ᠤᠨ ᠵᠠᠰᠠᠭ ᠤᠨ ᠶᠡᠷᠦᠩᠬᠡᠶ ᠵᠠᠷᠤᠯᠭ᠎ᠠ ᠶᠢᠨ 50%᠎ ᠠᠴᠠ ᠳᠡᠭᠡᠭᠰᠢᠬᠢ ᠶᠢ ᠡᠵᠡᠯᠡᠵᠦ᠂ ᠠᠷᠠᠳ ᠤᠨ ᠠᠮᠢᠳᠤᠷᠠᠯ ᠤᠨ 23 ᠪᠣᠳᠠᠲᠤ ᠶᠠᠪᠤᠳᠠᠯ ᠤᠨ ᠵᠦᠢᠯᠡᠰ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠪᠠ᠃ ᠬᠤᠳᠠ ᠪᠠᠯᠭᠠᠰᠤᠨ ᠤ 3879 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4᠂2%᠎ ᠤᠨ ᠳᠣᠲᠣᠷ᠎ᠠ ᠬᠢᠵᠠᠭᠠᠷᠯᠠᠪᠠ᠃ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠤᠰ ᠲᠤᠰ 17% ᠪᠠ 15%᠎ ᠪᠠᠷ ᠳᠡᠭᠡᠭᠰᠢᠯᠡᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ ᠲᠤᠰ ᠲᠤᠰ 95% ᠪᠠ 98%᠎ ᠳᠤ ᠬᠦᠷᠭᠡᠵᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠬᠦ ᠬᠠᠨᠳᠤᠰᠢ ᠲᠠᠢ ᠪᠣᠯᠭᠠᠪᠠ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠰᠢᠶᠠᠨ ᠰᠢᠶᠠᠩ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠤᠡᠭᠭᠤᠨ ᠢ ᠦᠨᠳᠦᠰᠦᠨ ᠳᠡᠭᠡᠨ ᠪᠠᠷᠢᠵᠤ ᠳᠠᠭᠤᠰᠬᠠᠪᠠ᠃ ᠨᠢᠭᠡ ᠪᠦᠯᠦᠭ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠬᠦᠷᠢᠶᠡᠨ ᠳᠠᠬᠢ ︽ᠦᠨᠡᠮᠯᠡᠯ ᠠᠪᠬᠤ ᠳᠤ ᠬᠦᠴᠢᠷᠲᠡᠶ᠂ ᠣᠷᠣᠵᠤ ᠰᠠᠭᠤᠬᠤ ᠳᠤ ᠬᠦᠴᠢᠷᠲᠡᠶ᠂ ᠪᠤᠴᠠᠵᠤ ᠨᠡᠭᠦᠬᠦ ᠳᠤ ᠬᠦᠴᠢᠷᠲᠡᠶ︾ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠦᠲᠦᠮᠵᠢᠲᠡᠶ ᠪᠠᠷ  ᠰᠢᠢᠳᠪᠤᠷᠢᠯᠡᠪᠡ᠃ ᠨᠡᠶᠢᠭᠡᠮ ᠤᠨ ᠦᠢᠯᠡᠰ ᠲᠦᠷᠭᠡᠨ ᠬᠥᠭᠵᠢᠪᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ᠂ ᠵᠢᠷᠭᠤᠳᠤᠭᠠᠷ ᠬᠡᠤᠬᠡᠳ ᠤᠨ ᠴᠡᠴᠡᠷᠯᠢᠭ ᠵᠡᠷᠭᠡ ᠭᠤᠤᠯᠳᠠᠯᠭ᠎ᠠ ᠲᠠᠢ ᠲᠥᠷᠥᠯ  ᠵᠦᠢᠯ ᠢ ᠠᠰᠢᠭᠯᠠᠯᠲᠠ ᠳᠤ ᠣᠷᠣᠭᠤᠯᠪᠠ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ 91%᠎ ᠳᠤ ᠬᠦᠷᠴᠦ᠂ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠲᠤ ᠪᠠᠶᠢᠭ᠎ᠠ ᠬᠡᠤᠬᠡᠳ ᠤᠨ ᠴᠡᠴᠡᠷᠯᠢᠭ ᠤᠨ ᠬᠠᠷᠢᠴᠠᠯ 61%᠎ ᠳᠤ ᠬᠦᠷᠴᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ 98.45%᠎ ᠳᠤ ᠬᠥᠷᠪᠡ᠃ 2 ᠰᠢᠯᠢᠳᠡᠭ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠣᠷᠣᠭᠤᠯᠤᠨ ᠠᠪᠴᠢᠷᠠᠵᠤ᠂ ᠰᠤᠷᠭᠠᠨ ᠬᠥᠮᠦᠵᠢᠯ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠂ ᠰᠢᠯᠢᠳᠡᠭ ᠰᠣᠷᠣᠭᠴᠢ ᠶᠢᠨ ᠢᠷᠡᠯᠲᠡ ᠶᠢᠨ ᠭᠠᠳᠠᠭᠰᠢ ᠤᠷᠤᠰᠬᠤ ᠦᠵᠡᠭᠳᠡᠯ ᠢ ᠪᠦᠲᠦᠮᠵᠢᠲᠡᠶ ᠬᠤᠷᠢᠭᠯᠠᠨ᠎ᠠ᠃ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠢᠷᠤᠮᠵᠢᠭᠤᠯᠤᠨ ᠵᠠᠰᠠᠪᠠ᠃ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠰᠢᠶᠠᠨ ᠤ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠶᠡᠷᠦᠩᠬᠡᠶᠢᠯᠡᠭᠰᠡᠨ ᠠᠰᠠᠷ᠂ ᠬᠠᠯᠳᠠᠪᠤᠷᠢᠲᠤ ᠡᠪᠡᠳᠴᠢᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠤᠷᠤᠭᠰᠢᠲᠠᠶ ᠠᠬᠢᠵᠤ᠂ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠰᠢᠨ᠎ᠡ ᠲᠥᠪ ᠢ ᠠᠰᠢᠭᠯᠠᠯᠲᠠ ᠳᠤ ᠣᠷᠣᠭᠤᠯᠪᠠ᠃ ᠤᠯᠠᠭᠠᠨᠮᠥ᠋ᠴᠢᠷ ᠤᠨ ᠡᠩᠨᠡᠭᠡ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾᠎ ᠤᠨ  ᠦᠢᠯᠡᠳᠦᠯ ᠢ ᠨᠠᠩ  ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠤ ᠰᠣᠶᠣᠯ ᠤᠨ ᠥᠷᠲᠡᠭᠡ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠂ ᠮᠦᠽᠧᠶ᠂ ᠲᠥᠯᠥᠪᠵᠢᠭᠦᠯᠭᠡ ᠶᠢᠨ ᠣᠷᠳᠣᠨ᠂ ᠨᠠᠰᠤᠲᠠᠶᠢᠴᠤᠳ ᠤᠨ ᠠᠵᠢᠯᠯᠠᠭᠠᠨ ᠤ ᠲᠥᠪ ᠢ ᠪᠠᠶᠢᠭᠤᠯᠤᠨ ᠠᠵᠢᠯᠯᠠᠭᠤᠯᠵᠤ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠲᠦᠢᠯ ᠤᠨ ᠶᠡᠭᠡ ᠪᠠᠷ ᠪᠠᠶᠠᠯᠢᠭᠵᠢᠭᠤᠯᠪᠠ᠃       — ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠢᠯᠡᠳᠲᠡ ᠴᠢᠩᠭᠠᠷᠠᠭᠤᠯᠤᠨ᠎ᠠ᠃ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠰᠢᠪᠲᠤᠯᠤᠯᠲᠠ ᠲᠠᠢ ᠪᠣᠯᠪᠠ ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠪᠡ᠃ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ᠂ ᠰᠢᠶᠠᠩ ᠪᠠᠯᠭᠠᠰᠤᠨ ᠤ ᠥᠭᠡᠷᠡᠴᠢᠯᠡᠯᠲᠡ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ᠲᠠᠷᠢᠶᠠᠯᠠᠩ ᠤᠨ ᠶᠡᠷᠦᠩᠬᠡᠶᠢᠯᠡᠭᠰᠡᠨ ᠤᠰᠤᠨ ᠤ ᠦᠨ᠎ᠡ ᠶᠢᠨ ᠥᠭᠡᠷᠡᠴᠢᠯᠡᠯᠲᠡ᠂ ᠬᠥᠳᠡᠭᠡ ᠲᠣᠰᠬᠤᠨ ᠤ ︽ᠭᠤᠷᠪᠠᠨ ᠡᠷᠬᠡ ᠶᠢ ᠰᠠᠯᠭᠠᠬᠤ︾ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠦᠳᠦᠭᠡᠨ ᠪᠠᠶᠢᠭᠤᠯᠤᠯᠲᠠ ᠶᠢ ᠰᠢᠯᠭᠠᠨ ᠠᠪᠬᠤ ᠪᠠᠷ ᠥᠩᠭᠡᠷᠡᠭᠡᠵᠦ᠂ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠠᠩᠰᠠᠯᠠᠵᠤ ᠦᠨᠡᠮᠯᠡᠯ ᠣᠯᠭᠤᠬᠤ ᠠᠵᠢᠯ ᠤᠨ ᠨᠢᠭᠡᠨᠲᠡ ᠲᠣᠭᠲᠠᠭᠠᠭᠰᠠᠨ ᠡᠭᠦᠷᠭᠡ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ︽ᠭᠡᠷ ᠪᠠᠶᠢᠰᠢᠩ ᠭᠠᠵᠠᠷ ᠰᠢᠷᠣᠶ ᠶᠢ ᠨᠢᠭᠡ ᠴᠤᠭᠴᠠᠵᠢᠭᠤᠯᠬᠤ︾ ᠪᠠ ᠬᠠᠮᠲᠤ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ︽ᠪᠠᠭᠤᠯᠭᠠᠬᠤ ᠤᠶᠠᠯᠳᠤᠭᠤᠯᠬᠤ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠪᠠ᠃ ︽ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾᠎ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠯ ᠪᠦᠷᠢ ᠳᠤᠮᠳᠠᠴᠢ ᠪᠠᠷ ᠪᠠᠷᠤᠭ 30 ᠲᠦᠮᠡᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠵᠦᠢᠯᠡᠰ ᠢ ᠭᠦᠢᠴᠡᠳᠬᠡᠪᠡ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠬᠢᠨᠠᠨ ᠵᠥᠪᠰᠢᠶᠡᠷᠡᠬᠦ᠂ ᠥᠯᠥ ᠬᠥᠳᠡᠯᠬᠦ ᠬᠥᠷᠥᠩᠭᠡ ᠶᠢ ᠳᠠᠩᠰᠠᠯᠠᠬᠤ᠂ ᠠᠵᠤ ᠠᠬᠤᠶᠢᠯᠠᠯ ᠡᠷᠭᠢᠯᠡᠬᠦ ᠴᠠᠭ ᠤᠨ ᠬᠢᠵᠠᠭᠠᠷ ᠢ ᠲᠣᠰ ᠲᠣᠰ 60᠂ 3᠂ 1 ᠠᠵᠢᠯᠯᠠᠬᠤ ᠡᠳᠦᠷ ᠪᠣᠯᠭᠠᠨ ᠪᠣᠭᠤᠨᠢᠰᠬᠠᠨ᠎ᠠ᠃ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠳᠡᠭᠡᠷ᠎ᠡ ᠭᠦᠶᠦᠬᠦ︾ ᠤᠴᠢᠷ ᠶᠠᠪᠤᠳᠠᠯ 179᠎ ᠳᠤ ᠬᠦᠷᠴᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠤᠴᠢᠷ ᠶᠠᠪᠤᠳᠠᠯ ᠢ 77 ᠬᠦᠴᠦᠨ ᠦᠭᠡᠢ ᠪᠣᠯᠭᠠᠵᠤ᠂ ᠰᠢᠶᠠᠩ ᠪᠠᠯᠭᠠᠰᠤᠨ ᠤ ᠵᠠᠰᠠᠭ ᠵᠠᠬᠢᠷᠭᠠᠨ ᠤ ᠡᠷᠬᠡ ᠶᠢᠨ ᠤᠴᠢᠷ ᠶᠠᠪᠤᠳᠠᠯ ᠢ 99 ᠳᠣᠷᠣᠭᠰᠢ ᠪᠠᠭᠤᠯᠭᠠᠪᠠ ᠃ ︽ᠢᠨᠲ᠋ᠤᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠲᠠᠰᠤᠷᠠᠯᠲᠠ ᠥᠬᠡᠶ ᠲᠡᠭᠦᠯᠳᠡᠷᠵᠢᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠲᠣᠭᠲᠠᠴᠠ ᠶᠢ ᠬᠡᠷᠡᠭᠵᠢᠭᠦᠯᠦᠨ᠂ 36  ᠵᠦᠢᠯ ᠤᠨ ᠣᠷᠣᠯᠠᠨ ᠭᠦᠢᠴᠡᠳᠬᠡᠬᠦ ᠬᠠᠪᠰᠤᠷᠤᠨ  ᠭᠦᠢᠴᠡᠳᠬᠡᠬᠦ  ᠵᠦᠢᠯᠡᠰ ᠢ ᠡᠮᠬᠢᠯᠡᠨ ᠳᠢᠭᠯᠡᠵᠦ᠂ ᠨᠠᠷᠢᠯᠢᠭ ᠣᠨᠣᠴᠠᠲᠠᠶ ᠪᠠᠷ ᠥᠨᠳᠥᠷ ᠪᠦᠲᠦᠮᠵᠢᠲᠡᠶ ᠪᠠᠷ ᠠᠵᠤ ᠠᠬᠤᠶᠢᠯᠠᠯ ᠪᠠ ᠣᠯᠠᠨ ᠲᠦᠮᠡᠨ ᠳᠤ  ᠦᠢᠯᠡᠴᠢᠯᠡᠪᠡ᠃ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠡᠷᠡᠭᠵᠢᠭᠦᠯᠬᠦ ᠰᠠᠨᠠᠯ ︵ᠲᠤᠷᠰᠢᠨ ᠬᠡᠷᠡᠭᠵᠢᠭᠦᠯᠬᠦ︶︾᠎ ᠢ ᠨᠡᠶᠢᠲᠡᠯᠡᠵᠦ᠂ ᠨᠡᠶᠢᠳᠡ 4᠂7 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠨ ᠰᠦᠢᠳᠬᠡᠯ ᠢ ᠪᠠᠭᠤᠷᠠᠭᠤᠯᠵᠤ᠂ 3380 ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠰᠢᠨ᠎ᠡ ᠪᠠᠷ ᠨᠡᠮᠡᠭᠳᠡᠭᠦᠯᠦᠭᠡᠳ᠂ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠢ ᠭᠦᠢᠴᠡᠳ ᠬᠥᠭᠵᠢᠭᠡᠪᠡ᠃    — — ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾᠎ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠵᠠᠰᠠᠭ ᠤᠨ ᠣᠷᠳᠣᠨ ᠤ  ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠤᠯᠪᠠ᠃ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠬᠤ ᠶᠢ ᠪᠠᠷᠢᠮᠲᠠᠯᠠᠵᠤ᠂ ︽ᠬᠤᠶᠠᠷ ᠢ ᠰᠤᠷᠤᠯᠴᠠᠵᠦ ᠨᠢᠭᠡ ᠳᠤ ᠲᠡᠩᠴᠡᠭᠦᠯᠬᠦ︾ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠠᠬᠢᠭᠤᠯᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠬᠡᠷᠡᠭ ᠵᠥᠪᠯᠡᠬᠦ ᠰᠢᠶ᠋ᠳᠪᠦᠷᠢᠲᠦ ᠪᠤᠳᠤᠯᠭ᠎ᠠ ᠲᠣᠭᠲᠠᠭᠠᠬᠤ ᠲᠦᠷᠢᠮ ᠢ ᠲᠡᠭᠦᠯᠳᠡᠷᠵᠢᠭᠦᠯᠵᠦ᠂ ᠳᠣᠯᠣᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠲᠥᠰᠦᠪ ᠤᠨ ᠬᠠᠤᠯᠢ ᠶᠢ ᠴᠢᠩᠭ᠎ᠠ ᠬᠡᠷᠡᠭᠵᠢᠭᠦᠯᠵᠦ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠨᠡᠩ ᠵᠢᠷᠤᠮᠵᠢᠭᠤᠯᠪᠠ᠃ ᠭᠤᠣᠯᠳᠠᠯᠭ᠎ᠠ ᠲᠠᠢ ᠬᠦᠷᠢᠶᠡᠨ ᠳᠠᠬᠢ ᠬᠢᠨᠠᠨ ᠪᠤᠳᠤᠯᠳᠠ ᠶᠢᠨ ᠰᠢᠪᠠᠳᠠᠨ ᠪᠠᠶᠢᠴᠠᠭᠠᠯᠲᠠ ᠶᠢ ᠴᠢᠩᠭᠠᠳᠬᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾᠎ ᠢ ᠵᠢᠯ ᠳᠠᠷᠠᠭᠠᠯᠠᠨ ᠪᠠᠭᠠᠰᠬᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ ᠪᠠ ᠰᠠᠨᠠᠭᠤᠯᠭ᠎ᠠ ᠶᠢ 312 ᠬᠤᠪᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ 363 ᠬᠤᠪᠢ ᠴᠢᠨᠠᠷ ᠰᠠᠶᠢᠲᠠᠶ ᠰᠢᠶ᠋ᠳᠪᠦᠷᠢᠯᠡᠵᠦ᠂  ᠰᠢᠢᠳᠪᠤᠷᠢᠯᠡᠵᠤ ᠬᠠᠷᠢᠭᠤᠯᠲᠠ ᠥᠭᠭᠦᠭᠰᠡᠨ ᠨᠤᠷᠮ᠎ᠠ ᠨᠢ 100% ᠪᠣᠯᠪᠠ᠃    ᠡᠭᠦᠨ ᠠᠴᠠ ᠭᠠᠳᠠᠨ᠎ᠠ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠦᠨᠳᠦᠰᠦᠲᠡᠨ ᠱᠠᠰᠢᠨ ᠰᠤᠷᠲᠠᠬᠤᠨ᠂ ᠵᠡᠮᠳᠡᠭᠴᠦᠳ ᠤᠨ ᠬᠤᠯᠪᠣᠭᠠᠨ ᠤ ᠠᠵᠢᠯᠴᠢᠨ ᠤ ᠡᠪᠯᠡᠯ᠂ ᠴᠡᠷᠢᠭ ᠠᠴᠠ ᠬᠠᠯᠠᠭᠳᠠᠭᠰᠠᠳ᠂ ᠲᠡᠤᠬᠡ ᠣᠶᠢᠯᠠᠯᠭ᠎ᠠ ᠶᠢᠨ ᠲᠠᠩᠰᠠ ᠡᠪᠬᠡᠮᠡᠯ᠂ ᠭᠠᠯ ᠤᠨᠲᠠᠷᠠᠭᠠᠬᠤ᠂ ᠴᠠᠭ ᠠᠭᠤᠷ ᠵᠡᠷᠭᠡ ᠡᠭᠦᠷᠭᠡ ᠴᠢᠳᠠᠪᠤᠷᠢ ᠶᠢᠨ ᠦᠶ᠋ᠯᠡᠳᠦᠯ ᠢᠶᠠᠨ ᠭᠦᠶ᠋ᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠠᠵᠢᠯ ᠤᠨ ᠪᠥᠬᠦ ᠲᠠᠯ᠎ᠠ ᠶᠢᠨ ᠳᠠᠪᠰᠢᠯᠲᠠ ᠶᠢ ᠬᠠᠮᠲᠤ ᠪᠠᠷ ᠳᠥᠯᠭᠢᠨ ᠠᠬᠢᠭᠤᠯᠪᠠ᠃       ᠲᠥᠯᠥᠭᠡᠯᠡᠭᠴᠢᠳ ᠡ᠂ ᠬᠥᠭᠵᠢᠯᠲᠡ ᠶᠢᠨ ᠥᠩᠭᠡᠷᠡᠯᠲᠡ ᠪᠠᠨ ᠡᠷᠭᠢᠴᠡᠭᠦᠯᠬᠦᠶ᠎ᠡ᠂ ᠤᠷᠢᠳᠤ ᠡᠮᠦᠨ᠎ᠡ ᠪᠠᠶᠢᠭ᠎ᠠ ᠦᠭᠡᠢ ᠥᠷᠢᠰᠥᠯᠳᠦᠭᠡᠨ ᠳᠤ ᠲᠤᠯᠭᠠᠷᠠᠵᠤ᠂ ᠲᠡᠮᠡᠴᠡᠯ ᠨᠢ ᠬᠠᠲᠠᠭᠤ ᠪᠡᠷᠬᠡᠰᠢᠶᠡᠯ ᠢᠶᠠᠷ ᠳᠦᠭᠦᠷᠴᠦ᠂ ᠦᠷ᠎ᠡ ᠪᠦᠲᠦᠮᠵᠢ ᠨᠢ ᠵᠢᠱᠢᠭᠰᠡᠨ ᠠᠴᠠ ᠰᠠᠶᠢᠨ ᠪᠠᠶᠢᠨ᠎ᠠ᠃ ᠡᠳᠡᠭᠡᠷ ᠠᠮᠵᠢᠯᠲᠠ ᠶᠢ ᠣᠯᠤᠭᠰᠠᠨ ᠨᠢ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠵᠠᠮᠴᠢᠯᠠᠬᠤ ᠴᠢᠭᠯᠡᠯ ᠤᠨ ᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠵᠠᠰᠠᠭ ᠤᠨ ᠣᠷᠳᠣᠨ᠂ ᠬᠤᠳᠠ ᠶᠢᠨ ᠨᠠᠮ ᠤᠨ  ᠬᠤᠷᠢᠶ᠎ᠠ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ  ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠶᠢᠨ ᠠᠴᠢ ᠪᠠᠷ᠂ ᠪᠦᠬᠦ ᠰᠢᠶᠠᠨ ᠤ ᠳᠡᠭᠡᠷ᠎ᠡ ᠳᠣᠣᠷ᠎ᠠ ᠱᠠᠲᠤᠨ ᠤ ᠴᠢᠷᠮᠠᠶᠢᠨ ᠲᠡᠮᠡᠴᠡᠭᠰᠡᠨ ᠤ ᠠᠴᠢ ᠪᠠᠷ᠂ ᠥᠩᠭᠡᠷᠡᠭᠰᠡᠨ ᠤ ᠤᠳᠤᠷᠢᠳᠬᠤ ᠪᠠᠭ᠂ ᠥᠩᠭᠡᠷᠡᠭᠰᠡᠨ ᠤ ᠲᠤᠰᠢᠶᠠᠯ ᠡᠭᠦᠷᠭᠡᠯᠡᠵᠦ ᠪᠠᠶᠢᠭᠰᠠᠨ ᠤᠳᠤᠷᠢᠳᠤᠯᠭ᠎ᠠ ᠶᠢᠨ ᠲᠠᠯᠪᠢᠭᠰᠠᠨ ᠪᠠᠲᠤ ᠪᠠᠬᠢ ᠰᠠᠭᠤᠷᠢ ᠶᠢᠨ ᠠᠴᠢ ᠪᠠᠷ᠂ ᠠᠳᠡ ᠰᠠᠭᠤᠭ᠎ᠠ ᠲᠥᠯᠥᠭᠡᠯᠡᠭᠴᠢᠳ ᠪᠣᠯᠤᠨ ᠰᠤᠯᠠ ᠣᠷᠣᠯᠴᠠᠭᠰᠠᠳ ᠤᠨ ᠳᠡᠮᠵᠢᠯᠭᠡ ᠪᠣᠯᠤᠨ ᠬᠢᠨᠠᠯᠲᠠ ᠶᠢᠨ ᠠᠴᠢ ᠪᠠᠷ ᠪᠣᠯᠵᠠᠢ ᠭᠡᠵᠦ ᠵᠢᠭᠠᠵᠤ ᠭᠠᠷᠭᠠᠪᠠ᠃ ᠡ᠊ᠨᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠲᠡᠭᠦᠨ ᠳᠤ ᠣᠷᠣᠯᠴᠠᠭᠰᠠᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠡᠲᠡᠭᠡᠳ ᠤᠨ ᠨᠠᠶᠢᠵᠠ ᠨᠠᠷ ᠪᠠ ᠨᠥᠬᠦᠳ ᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠬᠦ ᠶᠢᠨ ᠬᠠᠮᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕    ᠠᠮᠵᠢᠯᠲᠠ ᠪᠠᠨ ᠭᠦᠢᠴᠡᠳ ᠨᠤᠲᠠᠯᠠᠬᠤ ᠶᠢᠨ ᠵᠡᠷᠭᠡᠴᠡᠭᠡᠪᠡᠷ ᠰᠢᠶᠠᠨ ᠤ ᠬᠠᠮᠤᠭ ᠤᠨ ᠦᠨᠳᠦᠰᠦᠨ ᠪᠠᠶᠢᠳᠠᠯ ᠪᠣᠯ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠲᠦᠢᠯ ᠤᠨ ᠲᠡᠩᠴᠡᠭᠦᠷᠢ ᠦᠭᠡᠢ᠂ ᠰᠢᠨ᠎ᠡ ᠭᠠᠶᠢᠯᠢ ᠶᠢᠨ ᠢᠷᠡᠯᠳᠡ ᠶᠢ ᠪᠤᠶᠢᠵᠢᠭᠤᠯᠬᠤ ᠬᠤᠷᠳᠤᠴᠠ ᠤᠳᠠᠭᠠᠨ᠂ ᠠᠷᠠᠳ ᠤᠨ ᠠᠮᠢᠳᠤᠷᠠᠯ ᠢ ᠪᠠᠲᠤᠯᠠᠬᠤ ᠵᠠᠷᠤᠯᠭ᠎ᠠ ᠶᠢᠨ ᠳᠠᠷᠤᠯᠲᠠ ᠨᠡᠯᠢᠶᠡᠳ ᠶᠡᠭᠡ ᠪᠠᠶᠢᠬᠤ︔ ᠬᠠᠮᠤᠭ ᠤᠨ ᠲᠤᠯᠭᠠᠮ᠎ᠠ ᠠᠰᠠᠭᠤᠳᠠᠯ ᠪᠣᠯ ᠠᠵᠤ ᠦᠢᠯᠡᠰ ᠤᠨ ᠰᠠᠭᠤᠷᠢ ᠨᠢᠮᠭᠡᠨ᠂ ᠲᠤᠯᠭᠠᠭᠤᠷᠢᠯᠠᠨ ᠳᠠᠶᠢᠴᠢᠯᠠᠬᠤ ᠴᠢᠳᠠᠪᠤᠷᠢ ᠴᠢᠩᠭ᠎ᠠ ᠪᠢᠰᠢ᠂ ᠬᠥᠭᠵᠢᠯᠲᠡ ᠶᠢ ᠲᠦᠷᠭᠡᠳᠬᠡᠬᠦ ᠶᠢᠨ ᠰᠡᠯᠭᠦᠬᠦ ᠬᠦᠴᠦᠨ ᠬᠦᠷᠦᠯᠴᠡᠬᠦ ᠦᠭᠡᠢ ᠪᠠᠶᠢᠬᠤ ᠶᠠᠪᠤᠳᠠᠯ ᠪᠣᠯᠤᠨ᠎ᠠ︔ ᠬᠠᠮᠤᠭ ᠤᠨ ᠲᠤᠪᠤᠶᠢᠮ᠎ᠠ ᠳᠤᠲᠠᠭᠤᠳᠠᠯ ᠪᠣᠯ ᠬᠥᠭᠵᠢᠯᠲᠡ ᠶᠢ ᠤᠷᠳᠤ ᠬᠤᠭᠤᠴᠠᠭ᠎ᠠ ᠪᠠᠷ ᠬᠢᠵᠠᠭᠠᠷᠯᠠᠵᠤ ᠪᠠᠶᠢᠭᠰᠠᠨ ᠵᠠᠮ ᠬᠠᠷᠢᠯᠴᠠᠭᠠᠨ ᠤ ᠪᠣᠭᠤᠮᠢ ᠶᠢ ᠲᠦᠷᠭᠡᠨ ᠰᠢᠢᠳᠪᠦᠷᠢᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠲᠦᠷᠭᠡᠨ ᠰᠢᠯᠢᠳᠡᠭᠵᠢᠭᠦᠯᠬᠦ ᠴᠢᠬᠤᠯᠠᠲᠠᠢ ᠪᠠᠶᠢᠬᠤ ᠶᠠᠪᠤᠳᠠᠯ ᠪᠣᠯᠤᠨ᠎ᠠ ︔ ᠭᠡᠬᠦ ᠮᠡᠲᠦ᠃ ᠡᠭᠦᠨ ᠳᠤ ᠪᠢᠳᠡ ᠠᠰᠠᠭᠤᠳᠠᠯ ᠳᠤ ᠰᠢᠭᠤᠳ ᠬᠠᠨᠳᠤᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ  ᠰᠢᠢᠳᠪᠤᠷᠢᠯᠡᠨ᠎ᠡ᠃              ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠬᠠᠷᠠᠯᠲᠠ ᠪᠠ ᠠᠵᠢᠯ ᠤᠨ ᠡᠭᠦᠷᠭᠡ            ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠰᠢᠶ᠋ᠳᠪᠦᠷᠢᠲᠦ ᠪᠣᠳᠣᠯᠭ᠎ᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠬᠤᠶᠠᠷ ᠰᠠᠪᠠ ᠭᠠᠵᠠᠷ ᠢ ᠴᠢᠩᠭ᠎ᠠ ᠠᠵᠢᠵᠤ ᠭᠤᠷᠪᠠᠨ ᠶᠡᠭᠡ ᠠᠵᠤ ᠦᠢᠯᠡᠰ  ᠢ ᠬᠥᠭᠵᠢᠭᠦᠯᠦᠨ ᠮᠠᠨᠳᠤᠭᠤᠯᠵᠤ᠂ ᠳᠥᠷᠪᠡᠨ ᠵᠦᠢᠯ ᠤᠨ ᠳᠤᠲᠠᠭᠤᠳᠠᠯ ᠢ ᠨᠥᠬᠦᠪᠥᠷᠢᠯᠡᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠰᠠᠶᠢᠲᠤᠷ ᠵᠠᠮᠨᠠᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾᠎ ᠶᠢ ᠲᠦᠷᠭᠡᠳᠬᠡᠨ ᠪᠥᠲᠥᠭᠡᠨ ᠪᠠᠶᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠳᠤ ᠯᠢᠶᠠᠩᠴᠧᠩ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ᠃      ᠬᠤᠶᠢᠰᠢᠳᠠ ᠶᠢᠨ ᠲᠠᠪᠤᠨ ᠵᠢᠯ ᠤᠨ ᠲᠡᠮᠡᠴᠡᠬᠦ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠢ ᠵᠢᠯ ᠪᠦᠷᠢ ᠳᠤᠮᠳᠠᠴᠢ ᠪᠠᠷ 7% ᠣᠷᠴᠢᠮ ᠢᠶᠠᠷ ᠨᠡᠮᠡᠭᠳᠡᠭᠦᠯᠦᠨ᠎ᠡ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ 10% ᠣᠷᠴᠢᠮ  ᠬᠦᠷᠦᠩᠭᠡ ᠶᠢᠨ ᠪᠡᠯᠡ ᠣᠷᠣᠭᠤᠯᠤᠯᠲᠠ ᠶᠢ ᠵᠢᠯ ᠪᠦᠷᠢ ᠳᠤᠮᠳᠠᠴᠢ ᠪᠠᠷ 10% ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ ᠵᠢᠯ ᠪᠦᠷᠢ ᠳᠤᠮᠳᠠᠴᠢ ᠪᠠᠷ 8% ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠵᠢᠯ ᠪᠦᠷᠢ ᠳᠤᠮᠳᠠᠴᠢ ᠪᠠᠷ ᠳᠤᠰ ᠳᠤᠰ 7% ᠪᠠ 9% ᠣᠷᠴᠢᠮ ᠨᠡᠮᠡᠭᠳᠡᠭᠦᠯᠦᠨ᠎ᠡ︔ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4᠂5%᠎ ᠶᠢᠨ ᠳᠣᠲᠣᠷ᠎ᠠ ᠬᠢᠵᠠᠭᠠᠷᠯᠠᠨ᠎ᠠ᠃      ᠪᠢᠳᠡ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠬᠥᠭᠵᠢᠯᠲᠡ ᠶᠢᠨ ᠪᠠᠶᠢᠷᠢᠰᠢᠭᠤᠯᠤᠯᠲᠠ᠂ ᠬᠥᠭᠵᠢᠯᠲᠡ ᠶᠢᠨ ᠠᠷᠭ᠎ᠠ ᠵᠠᠮ ᠲᠠᠢ ᠨᠢᠭᠲᠠ ᠤᠶᠠᠯᠳᠤᠭᠤᠯᠤᠨ᠂ ᠲᠤᠯᠤᠭᠠᠨ ᠲᠠᠯ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃     ᠨᠢᠭᠡ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠰᠠᠭᠤᠷᠢ ᠶᠢ ᠪᠠᠬᠢᠵᠢᠭᠦᠯᠦᠨ᠎ᠡ    ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ︽ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ︾᠎ ᠢ  ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠭᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ᠎ᠠ᠃    ᠲᠠᠭ᠎ᠠ ᠶᠢᠨ ᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠲᠠᠭ᠎ᠠ ᠶᠢᠨ  ᠨᠠᠭᠤᠷ ᠤᠨ ᠰᠠᠪᠠ ᠭᠠᠵᠠᠷ ᠤᠨ ᠬᠠᠮᠠᠭᠠᠯᠠᠯᠲᠠ ᠵᠠᠰᠠᠯᠲᠠ ᠶᠢᠨ ᠬᠡᠷᠡᠭᠵᠢᠭᠦᠯᠬᠦ ᠲᠥᠰᠦᠯ︾᠎ ᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ ᠬᠤᠪᠢ ᠨᠢᠭᠡ ᠶᠢ ᠪᠤᠶᠢᠵᠢᠭᠤᠯᠵᠤ ᠨᠢᠭᠡ ᠶᠢ ᠴᠠᠭᠠᠵᠠᠯᠠᠬᠤ᠂ ᠬᠤᠶᠠᠷ ᠢ ᠪᠠᠭᠠᠰᠬᠠᠵᠤ ᠬᠤᠶᠠᠷ ᠢ ᠨᠥᠬᠦᠪᠥᠷᠢᠯᠡᠵᠦ ᠬᠤᠶᠠᠷ ᠢ ᠰᠡᠷᠭᠦᠭᠡᠬᠦ᠂ ᠬᠤᠶᠠᠷ ᠢ ᠥᠭᠡᠷᠡᠴᠢᠯᠡᠵᠦ ᠳᠥᠷᠪᠡ ᠶᠢ ᠡᠵᠡᠮᠳᠡᠵᠦ ᠭᠤᠷᠪᠠ ᠶᠢ  ᠰᠢᠢᠳᠪᠤᠷᠢᠯᠡᠬᠦ︾ ᠵᠠᠰᠠᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠨᠠᠭᠤᠷ ᠤᠨ ᠲᠠᠯᠠᠪᠠᠶ ᠶᠢ 50 — 70 ᠲᠡᠭᠰᠢ ᠳᠥᠷᠪᠡᠯᠵᠢᠨ ᠺᠢᠯᠣᠮᠧᠲᠷ ᠲᠤ ᠪᠠᠶᠢᠯᠭᠠᠬᠤ ᠪᠠᠷ ᠴᠢᠷᠮᠠᠶᠢᠵᠤ᠂ ᠰᠠᠭᠤᠷᠢ ᠲᠠᠯ᠎ᠠ ᠶᠢᠨ ᠨᠥᠯᠥᠭᠡ ᠶᠢ ᠭᠥᠷᠳᠡᠭᠰᠡᠨ ᠳᠡᠭᠡᠳᠦ ᠮᠠᠩᠭᠠᠨ ᠬᠦᠴᠢᠯ ᠤᠨ ᠳᠠᠪᠤᠰᠤᠨ ᠤ  ᠭᠦᠢᠴᠡᠳᠬᠡᠯ ᠲᠤᠭ᠎ᠠ᠂ ᠹᠯᠣᠷᠲᠤ ᠨᠢᠭᠡᠳᠪᠦᠷᠢ᠂ ᠬᠢᠮᠢ ᠶᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ ᠶᠢᠨ ᠭᠤᠤᠯ  ᠭᠦᠢᠴᠡᠳᠬᠡᠯ ᠲᠤᠭ᠎ᠠ ᠶᠢ ᠭᠠᠷᠭᠠᠪᠠᠯ᠂ ᠪᠤᠰᠤᠳ  ᠭᠦᠢᠴᠡᠳᠬᠡᠯ  ᠲᠤᠭ᠎ᠠ ᠶᠢ ᠭᠠᠵᠠᠷ ᠳᠡᠭᠡᠷᠡᠬᠢ ᠤᠰᠤᠨ ᠤ V ᠲᠥᠷᠥᠯ ᠤᠨ ᠪᠠᠷᠢᠮᠵᠢᠶ᠎ᠠ ᠳᠤ ᠬᠦᠷᠦᠭᠦᠯᠦᠨ᠎ᠡ᠃ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠲᠠᠯ᠎ᠠ ᠪᠠᠷ ᠦᠷ᠎ᠡ ᠪᠦᠲᠦᠮᠵᠢ ᠤᠯᠪᠠ᠃  ᠲᠠᠭ᠎ᠠ ᠶᠢᠨ ᠨᠠᠭᠤᠷ ᠤᠨ ᠠᠮᠢ ᠠᠬᠤᠶ ᠶᠢᠨ ᠪᠠᠴᠢᠮ ᠪᠠᠶᠢᠳᠠᠯ ᠢ ᠠᠷᠭᠠᠴᠠᠵᠤ ᠤᠰᠤ ᠨᠥᠬᠦᠪᠥᠷᠢᠯᠡᠬᠦ ᠠᠵᠢᠯ ᠢ ᠲᠣᠭᠲᠠᠭᠤᠨ ᠢᠶᠠᠷ ᠶᠠᠪᠤᠭᠳᠠᠭᠤᠯᠵᠤ᠂ ᠢᠨᠵᠧᠨᠧᠷᠢᠩ ᠤᠨ ᠣᠷᠳᠣ ᠬᠤᠭᠤᠴᠠᠭ᠎ᠠ ᠪᠠᠷ ᠦᠷ᠎ᠡ ᠠᠰᠢᠭᠲᠠᠷᠢᠮᠠᠯ ᠤᠨ ᠦᠢᠯᠡᠰ ᠤᠨ ᠪᠦᠲᠦᠴᠡ ᠶᠢᠨ ᠳᠤᠬᠢᠷᠠᠭᠤᠯᠤᠯᠳᠠ ᠶᠢᠨ ᠡᠷᠴᠢᠮ ᠢ ᠴᠢᠩᠭᠠᠷᠠᠭᠤᠯᠵᠤ᠂ ᠲᠠᠷᠢᠶᠠᠯᠠᠩ ᠤᠨ ᠤᠰᠤ ᠬᠤᠷᠣᠭᠳᠠᠭᠤᠯᠬᠤ ᠬᠡᠮᠵᠢᠶ᠎ᠡ ᠶᠢ ᠴᠢᠩᠭ᠎ᠠ ᠬᠢᠵᠠᠭᠠᠷᠯᠠᠨ᠎ᠠ᠃ ᠱᠠᠲᠤᠯᠢᠭ ᠬᠡᠯᠪᠡᠷᠢ ᠶᠢᠨ ᠤᠰᠤᠨ ᠤ ᠦᠨ᠎ᠡ ᠶᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠪᠣᠯᠬᠤ ᠳᠤ᠂  ᠲᠠᠭ᠎ᠠ ᠶᠢᠨ ᠨᠠᠭᠤᠷ ᠤᠨ ᠡᠷᠬᠢᠨ ᠲᠣᠭᠤᠷᠢᠨ ᠤ ᠭᠠᠵᠠᠷ ᠳᠣᠤᠷᠠᠬᠢ ᠤᠰᠤᠨ ᠤ ᠲᠦᠪᠰᠢᠨ ᠨᠡᠶᠢᠲᠡ 15 ᠰᠠᠨᠲ᠋ᠢᠮᠧᠲᠷ ᠳᠡᠭᠡᠭᠰᠢᠯᠡᠵᠦ᠂ ᠲᠦᠮᠡᠨ ᠲᠥᠭᠦᠷᠢᠭ ᠤᠨ GDP᠎ ᠶᠢᠨ ᠤᠰᠤ ᠬᠡᠷᠡᠭᠯᠡᠬᠦ ᠬᠡᠮᠵᠢᠶ᠎ᠡ 2020 ᠣᠨ ᠤ ᠬᠢ ᠠᠴᠠ 12% ᠪᠠᠭᠤᠷᠠᠪᠠ᠃ ᠤᠰᠤᠨ ᠤ ᠣᠷᠴᠢᠨ ᠲᠣᠭᠤᠷᠢᠨ ᠤ ᠵᠠᠰᠠᠯᠲᠠ ᠶᠢᠨ ᠲᠠᠯ᠎ᠠ ᠪᠠᠷ ᠪᠣᠳᠠᠲᠠᠶ ᠦᠷ᠎ᠡ ᠪᠦᠲᠦᠮᠵᠢ ᠤᠯᠬᠤ ᠬᠡᠷᠡᠭᠲᠡᠶ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠪᠥᠬᠦ ᠲᠠᠯ᠎ᠠ ᠪᠠᠷ ᠪᠠᠭᠠᠰᠬᠠᠵᠤ᠂ ᠨᠠᠭᠤᠷ ᠲᠤ ᠴᠢᠳᠬᠤᠬᠤ ᠭᠤᠤᠯ ᠤᠨ ᠵᠠᠮ ᠤᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠪᠣᠯᠬᠤ ᠳᠤ᠂ ᠨᠠᠭᠤᠷ ᠲᠤ ᠴᠢᠳᠬᠤᠬᠤ ᠭᠤᠤᠯ ᠮᠥᠷᠡᠨ ᠤ ᠤᠰᠤᠨ ᠤ ᠬᠠᠷᠢᠴᠠᠯ ᠢ 80%᠎ ᠳᠤ ᠬᠦᠷᠦᠭᠦᠯᠦᠨ᠎ᠡ᠃ ᠠᠮᠢᠳᠤᠷᠠᠯ ᠤᠨ ᠪᠣᠬᠢᠷ ᠤᠰᠤ᠂ ᠠᠮᠢᠳᠤᠷᠠᠯ ᠤᠨ ᠬᠤᠭ ᠨᠣᠪᠰᠢ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ  ᠰᠢᠢᠳᠪᠤᠷᠢᠯᠡᠬᠦ ︽ᠪᠠᠶᠢᠭᠤᠯᠬᠤ᠂ ᠬᠡᠷᠡᠭᠯᠡᠬᠦ᠂ ᠬᠠᠮᠢᠶᠠᠷᠬᠤ︾ ᠲᠣᠭᠲᠠᠴᠠ ᠶᠢ ᠪᠦᠷᠢᠨᠰᠢᠬᠦᠯᠦᠨ᠎ᠠ᠃ ᠰᠠᠪᠠ ᠭᠠᠵᠠᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠠᠷ ᠨᠠᠭᠤᠷ ᠴᠥᠭᠦᠷᠥᠮ ᠢ ᠵᠠᠰᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠤᠰᠤᠨ ᠤ ᠠᠮᠢ ᠠᠬᠤᠶ ᠶᠢ ᠰᠡᠷᠭᠦᠭᠡᠬᠦ ᠲᠠᠯ᠎ᠠ ᠪᠠᠷ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ᠲᠠᠭ᠎ᠠ ᠶᠢᠨ ᠨᠠᠭᠤᠷ  ᠤᠨ ᠬᠥᠪᠡᠭᠡᠨ ᠤ ᠨᠠᠮᠬᠠᠳᠬᠠᠯ ᠪᠦᠰᠡ ᠶᠢ ᠬᠠᠮᠠᠭᠠᠯᠠᠬᠤ᠂ ᠣᠶ ᠰᠢᠭᠤᠶ ᠡᠪᠡᠰᠦ ᠪᠡᠯᠴᠢᠭᠡᠷ ᠢ ᠪᠤᠶᠢᠵᠢᠭᠤᠯᠤᠨ ᠰᠡᠷᠭᠦᠭᠡᠬᠦ᠂ ᠤᠰᠤᠨ ᠤ ᠠᠮᠢ ᠠᠬᠤᠶ ᠶᠢ ᠰᠡᠷᠭᠦᠭᠡᠬᠦ ᠲᠤᠷᠰᠢᠯᠲᠠ ᠶᠢᠨ ᠴᠢᠬ ᠤᠨ ᠢᠨᠵᠧᠨᠧᠷᠢᠩ ᠢ ᠬᠡᠷᠡᠭᠵᠢᠭᠦᠯᠵᠦ᠂ ᠨᠤᠭᠤ ᠭᠠᠵᠠᠷ ᠤᠨ ᠬᠡᠪᠴᠢᠶᠡᠨ ᠳᠠᠬᠢ ᠡᠳᠦᠷ ᠲᠤᠲᠤᠮ ᠤᠨ ᠬᠠᠮᠢᠶᠠᠷᠴᠤ ᠬᠠᠮᠠᠭᠠᠯᠠᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ᠂ ᠨᠠᠭᠤᠷ ᠤᠨ ᠬᠥᠪᠡᠭᠡᠨ ᠤ ᠪᠢᠲᠡᠭᠦᠦ ᠠᠮᠢ ᠠᠬᠤᠶ ᠶᠢᠨ ᠪᠦᠰᠡ ᠶᠢ ᠪᠠᠶᠢᠭᠤᠯᠵᠤ᠂ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠰᠠᠶᠢᠨ ᠡᠷᠭᠢᠯᠲᠡ ᠶᠢ ᠠᠬᠢᠭᠤᠯᠤᠨ᠎ᠠ    ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠰᠢᠨᠲᠠᠷᠠᠰᠢ ᠥᠬᠡᠶ ᠰᠠᠶᠢᠲᠤᠷ ᠠᠳᠬᠤᠨ᠎ᠠ᠃ ︽ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ︾᠎ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠮᠠᠭᠠᠯᠠᠯᠲᠠ ᠪᠠ ᠬᠥᠭᠵᠢᠯᠲᠡ ᠶᠢᠨ ᠬᠠᠮᠤᠭ ᠤᠨ ᠰᠠᠶᠢᠨ ᠲᠡᠩᠴᠡᠭᠦᠷᠢ ᠶᠢᠨ ᠴᠡᠭ ᠢ ᠣᠨᠣᠪᠴᠢᠲᠠᠶ ᠡᠷᠢᠨ ᠣᠯᠵᠤ᠂ ᠬᠠᠮᠠᠭᠠᠯᠠᠯᠲᠠ ᠪᠠ ᠬᠥᠭᠵᠢᠯᠲᠡ ᠶᠢ ᠨᠢᠭᠡ ᠴᠤᠭᠴᠠᠵᠢᠭᠤᠯᠤᠨ ᠲᠥᠯᠥᠪᠵᠢᠭᠦᠯᠵᠦ᠂ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠠᠮᠢ ᠠᠬᠤᠶ ᠶᠢᠨ ᠬᠠᠮᠠᠭᠠᠯᠠᠯᠲᠠ ᠶᠢ ᠴᠢᠩᠭ᠎ᠠ ᠱᠠᠭᠠᠷᠳᠠᠵᠤ ᠰᠠᠶᠢᠲᠤᠷ ᠠᠳᠬᠤᠨ᠎ᠠ᠃ ︽ᠨᠢᠭᠡ ᠭᠤᠣᠯ ᠨᠢᠭᠡ ᠪᠤᠳᠤᠯᠭ᠎ᠠ︾᠎ ᠶᠢᠨ ᠲᠥᠰᠦᠯ ᠢ ᠲᠣᠭᠲᠠᠭᠠᠵᠤ᠂ ᠭᠤᠣᠯ ᠤᠨ ᠵᠠᠮ ᠤᠨ ︽ᠲᠦᠷᠪᠡᠨ ᠳᠤᠷ᠎ᠠ ᠪᠠᠷ ᠢᠶᠠᠨ ᠪᠠᠶᠢᠬᠤ︾᠎ ᠶᠢ ᠴᠡᠪᠡᠷᠯᠡᠬᠦ ᠲᠤᠰᠬᠠᠶ ᠴᠡᠭᠴᠡᠯᠡᠯᠲᠡ ᠶᠢ ᠬᠡᠷᠡᠭᠵᠢᠭᠦᠯᠪᠡ᠃ ︽ᠳᠥᠷᠪᠡᠨ ᠤᠰᠤ ᠶᠢ ᠳᠥᠷᠪᠡᠨ ᠲᠠᠯ᠎ᠠ ᠪᠠᠷ ᠲᠣᠭᠲᠠᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠲᠥᠷᠥᠯ ᠬᠤᠪᠢᠶᠠᠨ ᠤᠰᠤ ᠬᠡᠷᠡᠭᠯᠡᠬᠦ ᠦᠷ᠎ᠡ ᠪᠦᠲᠦᠮᠵᠢ ᠶᠢᠨ ᠨᠣᠷᠮ᠎ᠠ ᠶᠢᠨ ᠪᠠᠷᠢᠮᠵᠢᠶ᠎ᠠ ᠶᠢ ᠬᠡᠷᠡᠭᠵᠢᠭᠦᠯᠦᠨ᠂ ᠤᠰᠤ ᠶᠡᠭᠡ ᠬᠤᠷᠣᠭᠳᠠᠭᠤᠯᠬᠤ ᠠᠵᠤ  ᠦᠢᠯᠡᠳᠪᠤᠷᠢ ᠶᠢᠨ ᠲᠥᠷᠥᠯ  ᠵᠦᠢᠯ ᠢ ᠰᠢᠨ᠎ᠡ ᠪᠠᠷ ᠪᠠᠶᠢᠭᠤᠯᠬᠤ ᠶᠢ ᠴᠢᠩᠭ᠎ᠠ ᠬᠢᠵᠠᠭᠠᠷᠯᠠᠵᠤ᠂ ᠤᠰᠤ ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ ᠪᠥᠭᠡᠳ ᠦᠷ᠎ᠡ ᠠᠰᠢᠭ ᠢᠶᠠᠷ ᠳᠣᠤᠷ᠎ᠠ ᠪᠠᠶᠢᠭᠰᠠᠨ ᠠᠴᠠ ᠡᠷᠴᠢᠮᠯᠢᠭ ᠪᠥᠭᠡᠳ ᠥᠨᠳᠥᠷ ᠦᠷ᠎ᠡ ᠠᠰᠢᠭ ᠲᠠᠢ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠵᠦ᠂ 4 ᠲᠦᠮᠡᠨ ᠮᠥ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠣᠶ ᠶᠢ ᠳᠠᠷᠢᠵᠤ᠂ 1 ᠲᠦᠮᠡᠨ ᠮᠥ ᠳᠣᠤᠷ᠎ᠠ ᠠᠰᠢᠭᠯᠠᠮᠵᠢ ᠲᠠᠢ ᠣᠶ ᠶᠢ ᠥᠭᠡᠷᠡᠴᠢᠯᠡᠨ᠂ ᠰᠠᠪᠠ ᠭᠠᠵᠠᠷ ᠤᠨ ᠣᠶ ᠰᠢᠭᠤᠶ ᠶᠢᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ 100 ᠲᠡᠭᠰᠢ ᠳᠥᠷᠪᠡᠯᠵᠢᠨ ᠺᠢᠯᠣᠮᠧᠲᠷ ᠬᠥᠷᠥᠰᠥ ᠰᠢᠷᠣᠶ ᠶᠢ ᠬᠠᠮᠠᠭᠠᠯᠠᠨ ᠵᠠᠰᠠᠵᠤ᠂ ᠶᠦᠩ ᠰᠢᠩ ᠭᠧᠤ ᠵᠡᠷᠭᠡ 5 ᠭᠤᠣᠯ ᠤᠨ ᠵᠠᠮ ᠢ ᠶᠡᠷᠦᠩᠬᠡᠶᠢᠯᠡᠨ ᠵᠠᠰᠠᠵᠤ᠂ ᠰᠠᠪᠠ ᠭᠠᠵᠠᠷ ᠤᠨ ᠠᠮᠢ ᠠᠬᠤᠶ ᠶᠢᠨ ᠳᠦᠷᠰᠦ ᠪᠠᠶᠢᠳᠠᠯ ᠢ ᠬᠦᠴᠦᠯᠡᠨ ᠰᠠᠶᠢᠵᠢᠷᠠᠭᠤᠯᠤᠨ᠎ᠠ᠃ ᠤᠯᠠᠨ ᠠᠷᠭ᠎ᠠ ᠬᠡᠮᠵᠢᠶ᠎ᠡ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ︽ᠲᠡᠵᠢᠭᠡᠬᠦ ᠶᠢᠨ ᠲᠥᠯᠥᠭᠡ ᠳᠠᠷᠢᠵᠤ᠂ ᠳᠠᠷᠢᠵᠤ ᠲᠡᠵᠢᠭᠡᠬᠦ ᠶᠢ ᠤᠶᠠᠯᠳᠤᠭᠤᠯᠬᠤ︾᠎ ᠶᠢᠨ ᠲᠣᠭᠤᠷᠢᠨ ᠳᠤ᠂ ᠬᠥᠬᠡ ᠳᠠᠷᠤᠰᠢ ᠶᠢᠨ ᠡᠷᠳᠡᠨᠢ ᠰᠢᠰᠢ ᠵᠡᠷᠭᠡ ᠡᠪᠡᠰᠦ ᠪᠣᠷᠳᠤᠭ᠎ᠠ ᠶᠢᠨ ᠳᠠᠷᠢᠯᠲᠠ ᠶᠢ ᠠᠵᠤ ᠦᠶᠢᠯᠡᠰᠵᠢᠭᠦᠯᠦᠨ ᠬᠥᠭᠵᠢᠭᠦᠯᠬᠦ ᠶᠢ ᠪᠥᠬᠦ ᠲᠠᠯ᠎ᠠ ᠪᠠᠷ ᠠᠬᠢᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠣᠷᠭᠠᠨᠢᠭ ᠬᠠᠭᠤᠷᠠᠶ ᠲᠠᠷᠢᠶᠠᠯᠠᠩ ᠢ ᠬᠥᠭᠵᠢᠭᠦᠯᠵᠦ᠂   ᠰᠢᠰᠢ ᠪᠠᠷ ᠭᠤᠤᠯ ᠪᠣᠯᠭᠠᠭᠰᠠᠨ ᠴᠢᠨᠠᠷ ᠰᠠᠶᠢᠲᠠᠶ ᠡᠯᠳᠡᠪ ᠠᠮᠤ ᠡᠯᠳᠡᠪ ᠪᠤᠷᠴᠠᠭ ᠤᠨ ᠠᠵᠤ  ᠦᠢᠯᠡᠰ ᠤᠨ ᠪᠦᠰᠡ ᠶᠢ ᠪᠣᠶ ᠪᠣᠯᠭᠠᠨ᠎ᠠ︔ ᠰᠠᠭᠠᠯᠢ ᠶᠢᠨ ᠦᠨᠢᠶ᠎ᠡ ᠢᠳᠡᠰᠢᠨ ᠦᠬᠡᠷ ᠤᠨ ᠠᠮᠢ ᠠᠬᠤᠶ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠲᠡᠵᠢᠭᠡᠨ ᠦᠷᠡᠵᠢᠭᠦᠯᠬᠦ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠎ᠡ᠃ ᠠᠮᠢ ᠠᠬᠤᠶ ᠶᠢᠨ ᠵᠢᠭᠤᠯᠴᠢᠯᠠᠯ ᠤᠨ ᠦᠢᠯᠡᠰ ᠢ ᠬᠥᠭᠵᠢᠭᠦᠯᠵᠦ᠂ ᠬᠠᠳᠤᠨ ᠭᠤᠣᠯ ᠤᠨ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠵᠤ᠂ ᠮᠠᠨ ᠬᠠᠨ ᠱᠠᠨ᠂ ᠮᠢᠩ ᠤᠯᠤᠰ ᠤᠨ ᠤᠷᠳᠤ ᠴᠠᠭᠠᠨ ᠬᠡᠷᠡᠮ᠂ ᠬᠤᠪᠢᠰᠬᠠᠯ ᠤᠨ ᠳᠤᠷᠠᠰᠬᠠᠯᠲᠤ ᠬᠠᠭᠤᠴᠢᠳ ᠵᠡᠷᠭᠡ ᠶᠢ ᠭᠤᠣᠯᠳᠠᠯᠭ᠎ᠠ ᠲᠠᠢ ᠪᠠᠷ ᠨᠡᠭᠡᠭᠡᠨ ᠠᠰᠢᠭᠯᠠᠵᠤ᠂ ᠨᠢᠭᠡ ᠪᠦᠯᠦᠭ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠢ ᠠᠭᠤᠰᠤᠯᠴᠠᠭᠤᠯᠬᠤ ᠵᠦᠢᠯᠡᠰ ᠢ ᠭᠠᠷᠭᠠᠨ᠎ᠠ     ᠬᠤᠶᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠲᠤᠯᠭᠠᠭᠤᠷᠢᠯᠠᠯ ᠢ ᠴᠣᠭᠴᠠᠯᠠᠨ ᠪᠠᠶᠢᠭᠤᠯᠤᠨ᠎ᠠ     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ︽ᠬᠤᠷᠢᠨ ᠦᠰᠦᠭ︾᠎ ᠤᠨ ᠶᠡᠷᠦᠩᠬᠡᠢ ᠱᠠᠭᠠᠷᠳᠠᠯᠭ᠎ᠠ ᠶᠢ ᠴᠢᠩᠭ᠎ᠠ ᠡᠵᠡᠮᠳᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠠᠯᠬᠤᠴᠠ ᠶᠢ ᠲᠠᠰᠤᠷᠠᠯᠲᠠ ᠦᠭᠡᠢ ᠲᠦᠷᠭᠡᠳᠬᠡᠬᠦ ᠬᠡᠷᠡᠭᠲᠡᠢ᠃    ᠲᠠᠷᠢᠶᠠᠯᠠᠩ ᠤᠨ ︽ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ︾ ᠪᠠᠶᠢᠬᠤ ᠶᠢ ᠬᠦᠴᠦᠯᠡᠨ ᠠᠬᠢᠭᠤᠯᠤᠨ᠎ᠠ ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠦ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠎ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾᠎ ᠶᠢ ᠰᠡᠷᠭᠡᠶᠢᠯᠡᠵᠦ᠂ ᠠᠮᠤ ᠪᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂  ᠲᠠᠷᠢᠮᠠᠯ ᠤᠨ ᠶᠡᠷᠦᠩᠬᠡᠶ ᠲᠠᠯᠠᠪᠠᠢ ᠶᠢ 90 ᠲᠦᠮᠡᠨ ᠮᠤ᠋ ᠠᠴᠠ ᠳᠡᠭᠡᠭᠰᠢ ᠲᠣᠭᠲᠠᠪᠤᠷᠢᠵᠢᠭᠤᠯᠬᠤ᠂ ᠠᠮᠤ ᠪᠤᠳᠠᠭᠠᠨ ᠤ ᠶᠡᠷᠦᠩᠬᠡᠶ ᠤᠨᠠᠯᠲᠠ ᠶᠢ 4 ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠴᠢᠷᠮᠠᠶᠢᠨ ᠨᠥᠬᠦᠴᠡᠯ ᠪᠦᠷᠢᠯᠳᠦᠭᠦᠯᠵᠦ ᠪᠠᠶᠢᠭᠠᠳ ᠳᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠣᠷᠴᠢᠯ ᠲᠠᠷᠢᠶᠠᠯᠠᠩ ᠢ ᠠᠯᠬᠤᠮ ᠠᠯᠬᠤᠮ ᠢᠶᠠᠷ ᠬᠥᠭᠵᠢᠭᠦᠯᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃ ︽ ᠯᠢᠶᠠᠩᠴᠧᠩ ᠰᠢᠶᠠᠨ ᠤ ᠬᠠᠭᠤᠷᠠᠶ ᠠᠮᠤ︾᠎ ᠶᠢᠨ ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃ ᠲᠠᠷᠢᠮᠠᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠰᠢᠯᠢᠳᠡᠭ ᠡᠭᠦᠯᠳᠡᠷ ᠢ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ︽ᠤᠰᠤ ᠶᠢ ᠭᠠᠩ ᠬᠠᠭᠤᠷᠠᠶ ᠪᠣᠯᠭᠠᠨ ᠥᠭᠡᠷᠡᠴᠢᠯᠡᠬᠦ︾ 26 ᠲᠦᠮᠡᠨ ᠮᠥ ᠣᠷᠣᠨ ᠪᠦᠰᠡ ᠪᠠᠷ ᠭᠤᠤᠯ ᠴᠣᠭᠴᠠ ᠪᠣᠯᠭᠠᠨ᠂ ᠣᠷᠭᠠᠨᠢᠭ ᠬᠠᠭᠤᠷᠠᠶ ᠠᠮᠤ ᠳᠠᠷᠢᠬᠤ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠵᠤ᠂ ᠬᠠᠭᠤᠷᠠᠶ ᠠᠮᠤ ᠪᠤᠳᠠᠭᠠᠨ ᠤ ᠲᠥᠷᠥᠯ  ᠵᠦᠢᠯ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠶᠢ ᠠᠬᠢᠭᠤᠯᠤᠨ᠎ᠠ᠃ ᠡᠷᠬᠢᠨ ᠲᠣᠭᠤᠷᠢᠨ ᠤ ᠴᠢᠴᠠᠷᠭᠠᠨ᠎ᠠ ᠶᠢᠨ ᠠᠵᠤ  ᠦᠢᠯᠡᠰ ᠲᠠᠢ ᠢᠳᠡᠪᠬᠢᠲᠡᠶ ᠪᠠᠷ ᠵᠣᠯᠭᠠᠭᠤᠯᠵᠤ᠂ ᠳᠠᠷᠢᠬᠤ ᠲᠠᠯᠠᠪᠠᠶ ᠶᠢ ᠤᠯᠠᠮ ᠨᠢᠭᠡ ᠠᠯᠬᠤᠮ ᠥᠷᠭᠡᠳᠬᠡᠨ᠂ ᠡᠳ᠋ᠰᠢᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠠᠵᠤ  ᠦᠢᠯᠡᠰ ᠤᠨ ᠬᠡᠯᠬᠢᠶ᠎ᠡ ᠶᠢ ᠤᠷᠲᠤᠳᠬᠠᠨ᠎ᠠ᠃ ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ ᠠᠬᠢᠭᠤᠯᠤᠨ᠎ᠠ᠃ ᠰᠠᠭᠠᠯᠢ ᠶᠢᠨ ᠦᠨᠢᠶ᠎ᠡ ᠶᠢᠨ ᠠᠮᠢ ᠠᠬᠤᠶ ᠶᠢᠨ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ᠂ ᠰᠠᠭᠠᠯᠢ ᠶᠢᠨ ᠢᠮᠠᠭ᠎ᠠ ᠶᠢ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠡᠭᠡᠳᠦ ᠲᠠᠰ ᠤᠨ ᠪᠣᠬᠢᠷᠲᠤᠯ ᠥᠬᠡᠶ ᠰᠠᠭᠠᠯᠢ ᠶᠢᠨ ᠢᠷᠡᠯᠲᠡ ᠶᠢᠨ ᠰᠠᠭᠤᠷᠢᠨ 2026 ᠣᠨ ᠪᠣᠯᠬᠤ ᠳᠤ᠂ ᠰᠠᠭᠠᠯᠢ ᠶᠢᠨ ᠦᠨᠢᠶ᠎ᠡ᠂ ᠰᠠᠭᠠᠯᠢ ᠶᠢᠨ ᠢᠮᠠᠭ᠎ᠠ ᠶᠢ ᠲᠣᠰ ᠲᠣᠰ 4 ᠲᠦᠮᠡᠨ ᠲᠣᠯᠣᠭᠠᠶ᠂ 5 ᠲᠦᠮᠡ ᠠᠴᠠ ᠳᠡᠭᠡᠭᠰᠢ ᠳᠤ ᠬᠦᠷᠦᠭᠦᠯᠵᠦ᠂ ᠵᠢᠯ ᠳᠤ 30 ᠲᠦᠮᠡᠨ ᠲᠣᠨ ᠰᠠᠭᠠᠯᠢ ᠶᠢᠨ  ᠰᠦ ᠶᠢᠨ ᠭᠠᠷᠤᠯᠲᠠ ᠲᠠᠢ ᠪᠣᠯᠭᠠᠨ᠎ᠠ᠃ ︽ᠠᠯᠠᠰᠢᠨ ᠦᠬᠡᠷ ᠢ ᠲᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ ᠶᠢ ᠬᠡᠷᠡᠭᠵᠢᠭᠦᠯᠦᠨ᠎ᠡ᠃ ︽ᠨᠢᠭᠡ ᠵᠢᠯ ᠳᠤ ᠰᠠᠭᠤᠷᠢ ᠲᠠᠯᠪᠢᠵᠤ᠂ ᠬᠤᠶᠠᠷ ᠵᠢᠯ ᠳᠤ ᠰᠢᠰᠲ᠋ᠧᠮᠵᠢ ᠶᠢ ᠴᠢᠩᠭᠠᠳᠬᠠᠨ᠂ ᠭᠤᠷᠪᠠᠨ ᠵᠢᠯ ᠳᠤ ᠶᠡᠭᠡ ᠪᠠᠷ ᠳᠡᠭᠡᠭᠰᠢᠯᠡᠭᠦᠯᠬᠦ︾ ᠰᠡᠳᠬᠢᠮᠵᠢ ᠶᠣᠰᠣᠭᠠᠷ᠂ ︽ᠵᠠᠰᠠᠭ ᠪᠠᠩᠬᠢ ᠠᠵᠤ ᠠᠬᠤᠶᠢᠯᠠᠯ ᠡᠷᠦᠬᠡ ᠶᠢᠨ ᠳᠠᠭᠠᠳᠬᠠᠯ︾᠎ ᠤᠨ ᠲᠠᠪᠴᠠᠩ ᠢ ᠪᠠᠶᠢᠭᠤᠯᠵᠤ᠂ ︽ᠱᠡᠭᠡᠯᠡᠭᠡ ᠪᠠᠷ ᠪᠠᠭ᠎ᠠ ᠶᠢ ᠶᠡᠭᠡ ᠪᠣᠯᠭᠠᠬᠤ︾ ︽ᠬᠡᠰᠡᠭ ᠬᠤᠪᠢᠶᠠᠨ ᠣᠷᠣᠯᠠᠨ ᠲᠡᠵᠢᠭᠡᠬᠦ︾ ᠵᠡᠷᠭᠡ ᠵᠠᠭᠪᠤᠷ ᠢᠶᠠᠷ ᠳᠠᠮᠵᠢᠭᠤᠯᠤᠨ᠂ ᠬᠡᠪᠴᠢᠶᠡᠲᠦ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠢ ᠵᠣᠷᠢᠭᠵᠢᠭᠤᠯᠤᠨ ᠬᠥᠭᠵᠢᠭᠦᠯᠦᠨ᠎ᠡ᠃ 2024 ᠣᠨ ᠪᠣᠯᠬᠤ ᠳᠤ᠂ ᠦᠷᠡᠵᠢᠵᠦ ᠳᠡᠶᠢᠯᠬᠦ ᠡᠬᠡ ᠮᠠᠯ ᠤᠨ ᠲᠤᠭ᠎ᠠ ᠲᠣᠯᠣᠭᠠᠶ ᠶᠢ ᠬᠤᠶᠠᠷ ᠳᠠᠬᠢᠨ ᠨᠡᠮᠡᠭᠳᠡᠭᠦᠯᠵᠦ᠂ 5 ᠲᠦᠮᠡ ᠳᠤ ᠬᠦᠷᠦᠭᠦᠯᠵᠦ᠂ 2026 ᠣᠨ ᠪᠣᠯᠬᠤ ᠳᠤ᠂ ᠲᠤᠭ᠎ᠠ ᠲᠣᠯᠣᠭᠠᠶ ᠶᠢ 11 ᠲᠦᠮᠡ ᠳᠤ ᠬᠦᠷᠦᠭᠦᠯᠬᠦ ᠬᠡᠷᠡᠭᠲᠡᠶ᠃    ᠬᠥᠳᠡᠭᠡ ᠲᠣᠰᠬᠤᠨ ᠤ ︽ᠣᠷᠣᠰᠢᠨ ᠰᠠᠭᠤᠬᠤ ᠳᠤ ᠲᠣᠬᠢᠷᠠᠮᠵᠢᠲᠠᠶ︾ ᠪᠠᠶᠢᠬᠤ ᠶᠢ ᠴᠢᠷᠮᠠᠶᠢᠨ ᠪᠡᠶᠡᠯᠡᠭᠦᠯᠦᠨ᠎ᠡ᠃ ᠠᠶᠢᠯ ᠲᠣᠰᠬᠤᠨ ᠤ ᠲᠥᠯᠥᠪᠵᠢᠭᠦᠯᠭᠡ ᠶᠣᠰᠣᠭᠠᠷ᠂ ᠭᠤᠤᠯ ᠴᠣᠭᠴᠠ ᠶᠢᠨ ᠴᠢᠳᠠᠮᠵᠢᠵᠢᠭᠰᠠᠨ ᠪᠠᠶᠢᠷᠢᠰᠢᠭᠤᠯᠤᠯᠲᠠ ᠶᠢ ᠵᠦᠶ ᠵᠣᠬᠢᠰᠲᠠᠶ ᠳᠣᠭᠢᠷᠠᠭᠤᠯᠵᠤ᠂ ᠬᠤᠲᠠ ᠬᠥᠳᠡᠭᠡ ᠶᠢ ᠠᠭᠤᠰᠤᠯᠴᠠᠭᠤᠯᠬᠤ᠂ ᠲᠥᠪᠯᠡᠷᠡᠭᠦᠯᠦᠨ ᠳᠡᠭᠡᠭᠰᠢᠯᠡᠭᠦᠯᠬᠦ᠂ ᠬᠠᠰᠤᠵᠤ ᠨᠡᠶᠢᠯᠡᠭᠦᠯᠬᠦ᠂ ᠤᠨᠴᠠᠯᠢᠭᠳᠤ ᠬᠠᠮᠠᠭᠠᠯᠠᠯᠲᠠ ᠶᠢᠨ ᠲᠥᠷᠥᠯ ᠤᠨ ᠱᠠᠭᠠᠷᠳᠠᠯᠭ᠎ᠠ ᠶᠣᠰᠣᠭᠠᠷ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠢᠬᠦᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠶ ᠶᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠥᠪᠯᠡᠷᠡᠭᠦᠯᠦᠨ ᠤᠰᠤ ᠬᠠᠩᠭᠠᠬᠤ ᠶᠢ ᠲᠦᠭᠡᠮᠡᠯᠵᠢᠭᠦᠯᠬᠦ ᠨᠤᠷᠮ᠎ᠠ ᠶᠢ 88%᠎ ᠠᠴᠠ ᠳᠡᠭᠡᠭᠰᠢ ᠳᠤ ᠬᠦᠷᠭᠡᠬᠦ ᠶᠢ ᠦᠨᠡᠨ ᠬᠦ ᠪᠠᠲᠤᠯᠠᠨ᠎ᠠ᠃ ︽ᠵᠠᠮ ᠤᠨ ᠳᠠᠷᠤᠭ᠎ᠠ ᠶᠢᠨ ᠲᠦᠷᠢᠮ︾᠎ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ︾᠎ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠠᠶᠢᠭᠤᠯᠤᠯᠳᠤ ᠲᠣᠰᠬᠤᠨ ᠳᠤ ᠬᠤᠤᠰ ᠲᠡᠷᠭᠡᠨ ᠵᠠᠮ ᠨᠡᠪᠲᠡᠷᠡᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠲᠣᠭᠠᠴᠢᠯᠠᠭᠰᠠᠨ ᠬᠥᠳᠡᠭᠡ ᠲᠣᠰᠬᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ 5G᠎ ᠶᠢᠨ ᠰᠦᠯᠵᠢᠶᠡᠨ ᠤ ᠲᠤᠷᠰᠢᠯᠲᠠ ᠶᠢᠨ ᠴᠡᠭ ᠤᠨ ᠪᠠᠶᠢᠷᠢᠯᠠᠭᠤᠯᠤᠯᠲᠠ ᠶᠢ ᠲᠦᠷᠭᠡᠳᠬᠡᠨ᠎ᠡ ᠃ ᠬᠥᠳᠡᠭᠡ ᠲᠣᠰᠬᠤᠨ ᠤ ᠭᠦᠢᠯᠭᠡᠭᠡᠨ ᠤ ᠲᠣᠣᠷ ᠰᠦᠯᠵᠢᠶᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠲᠣᠬᠢᠷᠠᠭᠤᠯᠤᠨ ᠬᠦᠷᠭᠡᠬᠦ ᠦᠢᠯᠡᠴᠢᠯᠡᠭᠡᠨ ᠤ ᠲᠥᠪ ᠢ ᠪᠠᠶᠢᠭᠤᠯᠵᠤ᠂ ︽ᠲᠠᠷᠢᠶᠠᠯᠠᠩ ᠤᠨ ᠪᠦᠲᠦᠭᠡᠭᠳᠡᠬᠦᠨ ᠢ ᠬᠤᠳᠠ ᠳᠤ ᠣᠷᠣᠭᠤᠯᠬᠤ᠂ ᠠᠵᠤ ᠦᠢᠯᠡᠳᠪᠦᠷᠢ ᠶᠢᠨ ᠦᠢᠯᠡᠳᠬᠦᠨ ᠢ ᠬᠥᠳᠡᠭᠡ ᠪᠠᠭᠤᠯᠭᠠᠬᠤ︾ ᠬᠤᠣᠰ ᠴᠢᠭᠯᠡᠯ ᠤᠨ ᠭᠦᠢᠯᠭᠡᠭᠡᠨ ᠤ ᠠᠷᠭ᠎ᠠ ᠵᠠᠮ ᠢ ᠦᠨᠡᠨ ᠬᠦ ᠨᠡᠪᠲᠡᠷᠡᠭᠦᠯᠦᠨ᠎ᠡ᠃ ᠰᠢᠨ᠎ᠡ ᠨᠢᠭᠡᠨ ᠡᠭᠡᠯᠵᠢ ᠶᠢᠨ ᠬᠥᠳᠡᠭᠡ ᠲᠣᠰᠬᠤᠨ ᠤ ᠴᠠᠬᠢᠯᠭᠠᠨ ᠲᠣᠣᠷ ᠢ ᠲᠡᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ 110 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠵᠦᠢᠯᠡᠰ ᠢ ᠪᠠᠶᠢᠭᠤᠯᠤᠨ ᠪᠦᠲᠦᠭᠡᠵᠦ᠂ ᠬᠥᠳᠡᠭᠡ ᠲᠣᠰᠬᠤᠨ ᠤ ᠴᠠᠬᠢᠯᠭᠠᠨ ᠬᠦᠴᠦᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠯᠬᠢᠨᠬᠦᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠠᠬᠤᠶ ᠶᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ᠂ ᠠᠮᠢᠳᠤᠷᠠᠯ ᠤᠨ ᠬᠤᠭ ᠨᠣᠪᠰᠢ᠂ ᠪᠣᠬᠢᠷ ᠤᠰᠤ ᠶᠢ ᠴᠤᠭᠯᠠᠭᠤᠯᠤᠨ ᠰᠢᠢᠳᠪᠤᠷᠢᠯᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠪᠣᠯᠬᠤ ᠳᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ  ᠰᠢᠢᠳᠪᠤᠷᠢᠯᠡᠬᠦ ᠰᠢᠰᠲ᠋ᠧᠮ ᠢ ᠨᠡᠶᠢᠳᠡᠮ ᠬᠠᠮᠤᠷᠤᠭᠤᠯᠵᠤ᠂ ᠠᠮᠢᠳᠤᠷᠠᠯ ᠤᠨ ᠪᠣᠬᠢᠷ ᠤᠰᠤ ᠶᠢ ᠵᠠᠰᠠᠬᠤ ᠨᠤᠷᠮ᠎ᠠ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠎ᠡ᠃ ᠲᠣᠰᠬᠤᠨ ᠤ ᠳᠦᠷᠰᠦ ᠪᠠᠶᠢᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠳᠤᠷ᠎ᠠ ᠪᠠᠷ ᠢᠶᠠᠨ ᠪᠠᠶᠢᠭᠤᠯᠵᠤ ᠳᠤᠷ᠎ᠠ ᠪᠠᠷ ᠢᠶᠠᠨ ᠪᠠᠶᠢᠭᠤᠯᠬᠤ ᠶᠠᠪᠤᠳᠠᠯ ᠢ ᠴᠡᠪᠡᠷᠯᠡᠵᠦ᠂ ᠲᠣᠰᠬᠤᠨ ᠤ ᠣᠷᠴᠢᠨ ᠨᠥᠬᠦᠴᠡᠯ ᠢ ᠪᠦᠲᠦᠮᠵᠢᠲᠡᠶ ᠪᠠᠷ ᠰᠠᠶᠢᠵᠢᠷᠠᠭᠤᠯᠤᠨ᠎ᠠ᠃ ᠬᠥᠳᠡᠭᠡ ᠲᠣᠰᠬᠤᠨ ᠢ ᠨᠣᠭᠤᠭᠠᠷᠠᠭᠤᠯᠵᠤ ᠭᠤᠶᠤᠵᠢᠭᠤᠯᠬᠤ ᠠᠵᠢᠯᠯᠠᠭ᠎ᠠ ᠶᠢ ᠥᠷᠨᠢᠭᠦᠯᠵᠦ᠂ ᠪᠠᠯᠭᠠᠰᠤ ᠲᠣᠰᠬᠤᠨ ᠤ ᠡᠷᠬᠢᠨ ᠲᠣᠭᠤᠷᠢᠨ᠂ ᠵᠠᠰᠠᠮᠠᠯ ᠵᠠᠮ ᠤᠨ ᠬᠤᠶᠠᠷ ᠬᠠᠵᠠᠭᠤ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠠᠬᠢᠭᠤᠯᠤᠨ᠎ᠠ᠃ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠵᠦ᠂ ᠲᠣᠰᠬᠤᠨ ᠤ ᠠᠷᠠᠳ ᠤᠨ ᠭᠤᠤᠯ ᠴᠣᠭᠴᠠ ᠶᠢᠨ  ᠦᠢᠯᠡᠳᠦᠯ ᠢ ᠪᠠᠳᠠᠷᠠᠭᠤᠯᠤᠨ᠂ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠬᠤ ᠶᠢ ᠠᠬᠢᠭᠤᠯᠤᠨ᠎ᠠ  ᠃    ᠲᠠᠷᠢᠶᠠᠴᠢᠳ ᠤᠨ ︽ᠪᠠᠶᠠᠨ ᠴᠢᠨᠡᠭᠡᠯᠢᠭ︾᠎ ᠢ ᠦᠨᠡᠨ ᠬᠦ ᠲᠦᠯᠬᠢᠨ ᠠᠬᠢᠭᠤᠯᠤᠨ᠎ᠠ᠃ ᠠᠷᠭ᠎ᠠ ᠪᠦᠬᠦᠨ ᠢ ᠰᠦᠪᠡᠭᠴᠢᠯᠡᠨ ᠲᠠᠷᠢᠶᠠᠴᠢᠳ ᠤᠨ ᠡᠳ᠋ ᠬᠦᠷᠦᠩᠭᠡ ᠶᠢᠨ ᠴᠢᠨᠠᠷᠲᠠᠶ ᠣᠷᠣᠯᠭ᠎ᠠ ᠶᠢ ᠨᠡᠮᠡᠭᠳᠡᠭᠦᠯᠵᠦ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠠᠬᠢᠴᠠ ᠶᠢ ᠲᠦᠷᠭᠡᠳᠬᠡᠨ᠂ ᠲᠠᠷᠢᠶᠠᠴᠢᠳ ᠤᠨ ᠬᠠᠮᠲᠤ ᠶᠢᠨ ᠡᠳ᠋ ᠬᠦᠷᠦᠩᠭᠡ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ  ᠰᠢᠢᠳᠪᠤᠷᠢᠯᠡᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ︽ᠳᠥᠷᠪᠡ ᠶᠢ ᠰᠠᠯᠭᠠᠬᠤ ᠥᠬᠡᠶ︾ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠣᠲᠣ ᠶᠢᠨ ᠪᠠᠶᠢᠭ᠎ᠠ ᠭᠤᠤᠯ ᠪᠣᠯᠬᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠵᠦ ᠶᠠᠳᠠᠭᠤᠷᠠᠬᠤ ᠶᠢ ᠬᠥᠳᠡᠯᠦᠩᠭᠦᠶ ᠪᠠᠷ ᠬᠢᠨᠠᠨ ᠬᠡᠮᠵᠢᠬᠦ ᠪᠠ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠤ᠂ ᠠᠵᠤ ᠦᠢᠯᠡᠰ᠂ ᠠᠵᠢᠯ ᠣᠯᠭᠤᠯᠲᠠ ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠬᠡᠪᠴᠢᠶᠡᠵᠢᠭᠰᠡᠨ ᠴᠢᠨᠠᠷᠲᠠᠶ ᠲᠠᠬᠢᠨ ᠶᠠᠳᠠᠭᠤᠷᠠᠬᠤ ᠶᠠᠪᠤᠳᠠᠯ ᠦᠯᠦ ᠡᠭᠦᠰᠬᠦ ᠬᠢᠵᠠᠭᠠᠷ ᠱᠤᠭᠤᠮ ᠢ ᠡᠷᠡᠰ ᠰᠠᠬᠢᠨ᠎ᠠ᠃ ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠮᠵᠢ ᠶᠢ ᠰᠠᠶᠢᠲᠤᠷ ᠬᠢᠵᠦ᠂ ᠨᠡᠭᠦᠯᠭᠡᠵᠦ ᠲᠥᠪᠬᠢᠨᠡᠭᠦᠯᠬᠦ  ᠴᠡᠭ ᠤᠨ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ  ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠵᠦ᠂ ᠨᠡᠭᠦᠯᠭᠡᠭᠰᠡᠨ ᠣᠯᠠᠨ ᠲᠦᠮᠡᠨ ᠤ ︽ᠲᠣᠭᠲᠠᠪᠤᠷᠢᠲᠠᠶ᠂ ᠠᠵᠢᠯ ᠤᠯᠬᠤ᠂ ᠠᠯᠬᠤᠮ ᠠᠯᠬᠤᠮ ᠢᠶᠠᠷ ᠪᠠᠶᠠᠵᠢᠵᠤ ᠳᠡᠶᠢᠯᠬᠦ︾᠎ ᠶᠢ ᠦᠨᠡᠨᠬᠦ ᠪᠠᠲᠤᠯᠠᠨ᠎ᠠ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠡᠵᠡᠩᠨᠡᠯᠲᠡ᠂ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠲᠥᠷᠥᠯ  ᠵᠦᠢᠯ ᠤᠨ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠬᠤ ᠶᠢ ᠦᠨᠡᠨᠬᠦ ᠪᠠᠲᠤᠯᠠᠨ᠎ᠠ᠃ ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠠᠷᠢᠶᠠᠴᠢᠳ ᠲᠤ ᠨᠡᠩ ᠤᠯᠠᠨ ᠦᠷᠳᠡᠭ ᠨᠡᠮᠡᠭᠳᠡᠯ ᠤᠨ ᠠᠰᠢᠭ ᠣᠷᠣᠯᠭ᠎ᠠ ᠶᠢ ᠡᠳ᠋ᠯᠡᠭᠦᠯᠦᠨ᠎ᠡ᠃       ᠭᠤᠷᠪᠠ᠂ ᠪᠣᠬᠢᠷᠲᠤᠯ ᠦᠭᠡᠢ ᠠᠵᠤ ᠦᠢᠯᠡᠰ ᠤᠨ ᠰᠢᠰᠲ᠋ᠧᠮ ᠢ ᠲᠦᠷᠭᠡᠨ ᠪᠤᠶᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠨᠢᠭᠲᠠᠷᠠᠭᠤᠯᠤᠨ᠎ᠠ    ᠤᠯᠤᠰ ᠤᠨ ︽ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ︾ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯᠯᠠᠬᠤ ᠠᠵᠤ  ᠦᠢᠯᠡᠰ ᠢ ᠬᠦᠴᠦᠷᠬᠡᠭᠵᠢᠭᠦᠯᠦᠨ᠂ ᠰᠢᠨ᠎ᠡ ᠪᠠᠷ ᠪᠣᠶ ᠪᠣᠯᠤᠭᠰᠠᠨ ᠠᠵᠤ  ᠦᠢᠯᠡᠰ ᠢ ᠪᠤᠵᠠᠭᠠᠶᠢᠷᠠᠭᠤᠯᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠳᠣᠬᠢᠴᠢᠯᠠᠭᠰᠠᠨ ᠠᠵᠤ  ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃    ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠴᠡᠪᠡᠷ ᠡᠨᠧᠷᠭᠢ ᠭᠠᠷᠭᠠᠬᠤ ᠰᠠᠭᠤᠷᠢᠨ ᠭᠠᠵᠠᠷ  ᠢ  ᠪᠥᠳᠥᠭᠡᠨ ᠪᠠᠶᠢᠭᠤᠯᠤᠨ᠎ᠠ᠃ ᠡᠨᠧᠷᠭᠢ ᠬᠡᠷᠡᠭᠯᠡᠬᠦ ᠪᠦᠲᠦᠴᠡ ᠶᠢ ᠦᠷᠭᠦᠯᠵᠢᠯᠡᠨ ᠰᠠᠶᠢᠵᠢᠷᠠᠭᠤᠯᠵᠤ᠂ ᠰᠠᠯᠬᠢ᠂ ᠬᠡᠷᠡᠯ ᠤᠨ ᠡᠬᠢ ᠪᠠᠶᠠᠯᠢᠭ ᠢ ᠬᠠᠮᠤᠭ ᠤᠨ ᠶᠡᠭᠡ ᠪᠠᠷ ᠨᠡᠭᠡᠭᠡᠨ ᠠᠰᠢᠭᠯᠠᠵᠤ᠂ 2026 ᠣᠨ ᠪᠣᠯᠬᠤ ᠳᠤ᠂ ᠵᠢᠩ ᠨᠤᠩ ᠪᠦᠯᠦᠭᠯᠡᠯ ᠤᠨ 150 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ᠂ 5.5 ᠲᠦᠮᠡᠨ ᠺᠢᠯᠣᠸᠠᠲ ᠤᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠤᠨ ᠲᠥᠷᠥᠯ  ᠵᠦᠢᠯ ᠂ 23 ᠲᠦᠮᠡᠨ ᠺᠢᠯᠣᠸᠠᠲ ᠤᠨ ᠪᠥᠬᠦ ᠰᠢᠶᠠᠨ ᠤ ᠬᠡᠷ ᠤᠨ ᠣᠷᠣᠶ ᠶᠢᠨ ᠬᠡᠷᠡᠯ ᠴᠡᠨᠡᠭ ᠤᠨ ᠲᠥᠷᠥᠯ  ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ 2.5 ᠳ᠋ᠦᠩᠰᠢᠭᠤᠷ ᠲᠥᠭᠦᠷᠢᠭ ᠤᠨ ᠭᠠᠶᠢᠯᠢ ᠶᠢᠨ ᠣᠷᠣᠯᠭ᠎ᠠ ᠶᠢ ᠪᠡᠶᠡᠯᠡᠭᠦᠯᠵᠦ᠂ ᠪᠥᠬᠦ ᠰᠢᠶᠠᠨ ᠤ ᠥᠩᠭᠡ ᠦᠵᠡᠮᠵᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ ᠲᠣᠰ ᠲᠣᠰ 155 ᠲᠦᠮᠡᠨ ᠺᠢᠯᠣᠸᠠᠲ ᠲᠤ ᠬᠦᠷᠭᠡᠵᠦ᠂ 35.5 ᠲᠦᠮᠡᠨ ᠺᠢᠯᠣᠸᠠᠲ ᠲᠤ ᠬᠦᠷᠦᠭᠦᠯᠦᠨ᠎ᠡ᠃ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠠᠵᠤ ᠦᠢᠯᠡᠰ ᠢ ᠬᠥᠭᠵᠢᠭᠦᠯᠦᠨ᠎ᠡ᠃  ᠲᠠᠭ᠎ᠠ ᠶᠢᠨ ᠨᠠᠭᠤᠷ ᠤᠨ ᠴᠠᠬᠢᠯᠭᠠᠨ ᠤ ᠦᠢᠯᠡᠳᠪᠦᠷᠢ ᠶᠢᠨ ᠵᠢᠯ ᠳᠤ 120 ᠲᠦᠮᠡᠨ ᠲᠣᠨ ᠨᠤᠨᠲᠠᠭ ᠨᠡᠭᠦᠷᠡᠰᠦᠨ ᠤ ᠦᠨᠡᠰᠦᠨ ᠤ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠬᠥᠭᠵᠢᠭᠦᠯᠵᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠵᠤ ᠲᠠᠬᠢᠨ ᠠᠰᠢᠭᠯᠠᠬᠤ ᠶᠢ ᠲᠦᠯᠬᠢᠨ ᠠᠬᠢᠭᠤᠯᠵᠤ᠂ ᠣᠷᠴᠢᠯ ᠠᠵᠤ ᠠᠬᠤᠶ ᠶᠢ ᠬᠥᠭᠵᠢᠭᠦᠯᠬᠦ ᠳᠤ ᠰᠢᠨ᠎ᠡ ᠬᠥᠳᠡᠯᠭᠡᠭᠴᠢ ᠡᠨᠧᠷᠭᠢ ᠶᠢ ᠨᠡᠮᠡᠷᠢᠯᠡᠨ᠎ᠡ᠃ 2026 ᠣᠨ ᠪᠣᠯᠬᠤ ᠳᠤ᠂ ᠦᠢᠯᠡᠳᠬᠦᠨ ᠤ ᠦᠷᠳᠡᠭ ᠢ 10 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠵᠤ᠂ 1 ᠳ᠋ᠦᠩᠰᠢᠭᠤᠷ ᠲᠥᠭᠦᠷᠢᠭ ᠤᠨ ᠭᠠᠶᠢᠯᠢ ᠶᠢᠨ ᠣᠷᠣᠯᠭ᠎ᠠ ᠶᠢ ᠪᠡᠶᠡᠯᠡᠭᠦᠯᠦᠨ᠎ᠡ᠃     ᠲᠠᠷᠢᠶᠠᠯᠠᠩ ᠤᠨ ᠪᠦᠲᠦᠭᠡᠭᠳᠡᠬᠦᠨ ᠮᠠᠯ  ᠤᠨ ᠠᠰᠢᠭ ᠰᠢᠮ᠎ᠡ ᠶᠢ ᠡᠳ᠋ᠰᠢᠭᠦᠯᠬᠦ ᠦᠢᠯᠡᠰ  ᠤᠨ ᠬᠥᠭᠵᠢᠯᠲᠡ ᠶᠢ ᠲᠥᠯᠬᠢᠨ ᠠᠬᠢᠭᠤᠯᠤᠨ᠎ᠠ᠃ ᠪᠣᠬᠢᠷᠲᠤᠯ ᠥᠬᠡᠶ᠂ ᠪᠠᠶᠢᠭᠠᠯᠢᠯᠢᠭ᠂ ᠣᠷᠭᠠᠨᠢᠭ ᠵᠡᠷᠭᠡ ᠶᠠᠰᠤ ᠴᠢᠨᠠᠷ ᠤᠨ ᠣᠨᠴᠠᠯᠢᠭ ᠢ ᠳᠣᠪᠤᠶᠢᠯᠭᠠᠵᠤ᠂ ᠬᠥᠲᠥᠴᠢ ᠠᠵᠤ ᠠᠬᠤᠶᠢᠯᠠᠯ ᠪᠠ ᠨᠠᠷᠠᠲᠤ ᠲᠥᠷᠥᠯ ᠲᠡᠮᠳᠡᠭᠲᠦ ᠶᠢᠨ ᠬᠥᠲᠥᠯᠦᠨ ᠳᠠᠭᠠᠭᠤᠯᠬᠤ  ᠦᠢᠯᠡᠳᠦᠯ ᠢ ᠪᠠᠳᠠᠷᠠᠭᠤᠯᠤᠨ᠂ ᠣᠯᠠᠨ ᠡᠰᠢᠵᠢᠭᠦᠯᠦᠨ ᠨᠡᠭᠡᠭᠡᠨ ᠬᠥᠭᠵᠢᠭᠦᠯᠵᠦ᠂ ᠣᠯᠠᠨ ᠲᠠᠰ ᠳᠠᠪᠬᠤᠷᠭ᠎ᠠ ᠪᠠᠷ ᠠᠰᠢᠭᠯᠠᠵᠤ᠂ ᠣᠯᠠᠨ ᠭᠤᠭᠴᠤᠭ᠎ᠠ ᠪᠠᠷ ᠥᠷᠲᠡᠭ ᠨᠡᠮᠡᠭᠳᠡᠭᠦᠯᠦᠨ᠂ ᠤᠨᠴᠠᠯᠢᠬᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ  ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ ᠪᠤᠵᠠᠭᠠᠶᠢᠷᠠᠭᠤᠯᠤᠨ᠎ᠠ᠃ ᠡᠯᠳᠡᠪ ᠠᠮᠤ ᠡᠯᠳᠡᠪ ᠪᠤᠷᠴᠠᠭ ᠤᠨ ᠠᠵᠤ  ᠦᠢᠯᠡᠰ ᠤᠨ ᠬᠡᠯᠬᠢᠶ᠎ᠡ ᠶᠢ ᠴᠢᠩᠭᠠᠷᠠᠭᠤᠯᠤᠨ᠎ᠠ᠃ ᠣᠷᠭᠠᠨᠢᠭ ᠭᠠᠩᠳᠠᠭᠰᠠᠨ ᠠᠮᠤ ᠪᠤᠳᠠᠭ᠎ᠠ ᠶᠢ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠡᠯᠳᠡᠪ ᠠᠮᠤ ᠡᠯᠳᠡᠪ ᠪᠤᠷᠴᠠᠭ ᠤᠨ ᠪᠦᠷᠢᠨ ᠰᠢᠮ᠎ᠡ ᠲᠡᠵᠢᠭᠡᠯ ᠤᠨ ᠠᠰᠢᠭᠯᠠᠯᠲᠠ ᠬᠢᠭᠡᠳ ᠥᠨᠳᠥᠷ ᠨᠡᠮᠡᠯᠲᠡ ᠥᠷᠲᠡᠭ ᠤᠨ ᠬᠤᠪᠢᠷᠠᠭᠤᠯᠤᠯᠲᠠ ᠶᠢ ᠠᠬᠢᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠤ ᠥᠷᠲᠡᠭ ᠨᠡᠮᠡᠭᠳᠡᠯ ᠤᠨ ᠣᠷᠣᠨ ᠵᠠᠶ ᠶᠢ ᠳᠡᠭᠡᠭᠰᠢᠯᠡᠭᠦᠯᠦᠨ᠎ᠡ᠃ ᠮᠢᠬᠠᠨ ᠢᠳᠡᠭᠡᠨ ᠤ ᠠᠵᠤ  ᠦᠢᠯᠡᠰ ᠤᠨ ᠬᠡᠯᠬᠢᠶᠡᠰᠦ ᠶᠢ ᠤᠷᠲᠤᠳᠬᠠᠨ᠎ᠠ᠃ ᠠᠮᠢᠳᠤ ᠮᠠᠯ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ ᠢ ᠪᠥᠲᠥᠭᠡᠨ ᠪᠠᠶᠢᠭᠤᠯᠵᠤ᠂ ᠠᠯᠠᠵᠤ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠳᠡᠭᠡᠳᠦ ᠳᠣᠤᠷᠠᠳᠤ ᠤᠷᠤᠰᠬᠠᠯ ᠤᠨ ᠪᠦᠲᠦᠭᠡᠭᠳᠡᠬᠦᠨ ᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠶᠢ ᠨᠡᠮᠡᠭᠳᠡᠭᠦᠯᠦᠨ᠂ ᠮᠠᠯ ᠵᠢᠭᠦᠷᠲᠡᠨ ᠤ ᠮᠢᠬᠠᠨ ᠤ ᠲᠥᠷᠥᠯ ᠢ ᠠᠯᠠᠵᠤ ᠨᠢᠲᠤᠯᠵᠤ ᠪᠣᠷᠣᠯᠠᠭᠤᠯᠬᠤ ᠠᠴᠠ ᠥᠨᠳᠥᠷ ᠨᠡᠮᠡᠯᠲᠡ ᠥᠷᠲᠡᠭ ᠲᠠᠢ ᠡᠳ᠋ᠰᠢᠭᠦᠯᠬᠦ ᠳᠠᠰᠢ ᠬᠤᠪᠢᠷᠠᠭᠤᠯᠬᠤ ᠶᠢ ᠶᠡᠬᠡᠪᠡᠷ ᠠᠬᠢᠭᠤᠯᠤᠨ᠎ᠠ᠃ 2026 ᠣᠨ ᠪᠣᠯᠬᠤ ᠳᠤ᠂ ᠵᠢᠯ ᠳᠤ ᠮᠢᠬᠠᠨ ᠤ  ᠵᠦᠢᠯ ᠪᠣᠯᠪᠠᠰᠤᠷᠠᠭᠤᠯᠬᠤ ᠴᠢᠳᠠᠪᠤᠷᠢ ᠶᠢ 10 ᠲᠦᠮᠡᠨ ᠲᠣᠨ ᠠᠴᠠ ᠳᠡᠭᠡᠭᠰᠢ ᠳᠤ ᠬᠦᠷᠦᠭᠦᠯᠦᠨ᠎ᠡ᠃ ᠴᠠᠭᠠᠨ ᠢᠳᠡᠭᠡᠨ ᠤ ᠠᠵᠤ  ᠦᠢᠯᠡᠰ ᠤᠨ ᠬᠡᠯᠬᠢᠶ᠎ᠡ ᠶᠢ ᠨᠥᠬᠦᠪᠥᠷᠢᠯᠡᠨ᠎ᠡ᠃ ᠮᠤᠩ ᠳ᠋ᠢ ᠬᠠᠭᠠᠨ ᠤ  ᠰᠦ ᠶᠢᠨ  ᠦᠢᠯᠡᠰ᠂ ᠱᠤᠨ ᠨᠢᠦ ᠰᠦ᠋ ᠶᠢᠨ  ᠦᠢᠯᠡᠰ ᠤᠨ  ᠦᠢᠯᠡᠳᠪᠤᠷᠢᠯᠡᠯ ᠤᠨ ᠬᠡᠪᠴᠢᠶ᠎ᠡ ᠪᠠᠨ ᠥᠷᠭᠡᠳᠬᠡᠬᠦ ᠶᠢ ᠲᠡᠳᠬᠦᠨ ᠳᠡᠮᠵᠢᠵᠦ᠂ ᠳᠣᠤᠷ᠎ᠠ ᠳᠤᠯᠠᠭᠠᠨ ᠳᠤ ᠢᠰᠬᠡᠭᠰᠡᠨ ᠰᠦ ᠵᠡᠷᠭᠡ ᠤᠨᠴᠠᠯᠢᠬᠳᠤ ᠰᠦᠨ ᠪᠦᠲᠦᠭᠡᠭᠳᠡᠬᠦᠨ ᠡᠳ᠋ᠰᠢᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠤᠯᠠᠮᠵᠢᠯᠠᠯᠲᠤ ᠠᠵᠤ ᠦᠢᠯᠡᠰ ᠠᠴᠠ ᠨᠠᠷᠢᠯᠢᠭ ᠭᠦᠨᠵᠡᠭᠡᠶ ᠡᠳ᠋ᠰᠢᠭᠦᠯᠬᠦ ᠳᠠᠰᠢ ᠤᠷᠤᠭᠰᠢᠯᠠᠬᠤ ᠶᠢ ᠪᠡᠶᠡᠯᠡᠭᠦᠯᠦᠨ᠎ᠡ᠃ 2026 ᠣᠨ ᠪᠣᠯᠬᠤ ᠳᠤ᠂ ᠰᠢᠨ᠎ᠡ ᠰᠦ ᠶᠢ ᠡᠳ᠋ᠰᠢᠭᠦᠯᠦᠨ ᠬᠤᠪᠢᠷᠠᠭᠤᠯᠬᠤ ᠴᠢᠳᠠᠪᠤᠷᠢ ᠶᠢ ᠦᠨᠳᠦᠰᠦᠨ ᠳᠡᠭᠡᠨ ᠰᠢᠨ᠎ᠡ  ᠰᠦ ᠶᠢᠨ ᠭᠠᠷᠤᠯᠲᠠ ᠲᠠᠢ ᠲᠣᠬᠢᠷᠠᠯᠴᠠᠭᠤᠯᠤᠨ᠎ᠠ᠃       ᠳᠥᠷᠪᠡ᠂ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠬᠦᠴᠦᠯᠡᠨ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠪᠣᠶ ᠪᠣᠯᠭᠠᠨ᠎ᠠ      ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠴᠢᠨᠠᠷ ᠰᠠᠶᠢᠲᠠᠶ ᠵᠢᠭᠤᠯᠴᠢᠯᠠᠯ ᠤᠨ  ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠂ ᠵᠢᠭᠤᠯᠴᠢᠯᠠᠯ ᠤᠨ ᠬᠥᠭᠵᠢᠯᠲᠡ ᠶᠢᠨ ᠶᠠᠰᠤ ᠴᠢᠨᠠᠷ ᠪᠠ ᠶᠡᠷᠦᠩᠬᠡᠶᠢᠯᠡᠭᠰᠡᠨ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃    ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ᠃ ᠪᠣᠳᠠᠲᠤ ᠬᠦᠴᠦᠨ ᠲᠠᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠨᠡᠭᠡᠭᠡᠨ ᠬᠥᠭᠵᠢᠭᠦᠯᠵᠦ᠂ ᠵᠢᠭᠤᠯᠴᠢᠯᠠᠯ ᠤᠨ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ 2026 ᠣᠨ ᠪᠣᠯᠬᠤ ᠳᠤ᠂ ᠪᠦᠬᠦ ᠰᠢᠶᠠᠨ ᠤ ᠵᠤᠭᠠᠴᠠᠯ ᠤᠨ ᠦᠢᠯᠡᠰ ᠤᠨ ᠶᠡᠷᠦᠩᠬᠡᠢ ᠣᠷᠣᠯᠭ᠎ᠠ 10 ᠳ᠋ᠦᠩᠰᠢᠭᠤᠷ ᠲᠥᠭᠦᠷᠢᠭ ᠢ ᠳᠠᠪᠠᠵᠤ᠂ ᠵᠢᠯ ᠳᠤ 200 ᠲᠦᠮᠡᠨ ᠬᠥᠮᠦᠨ ᠤᠳᠠᠭ᠎ᠠ ᠠᠴᠠ ᠳᠡᠭᠡᠭᠰᠢ ᠵᠤᠭᠠᠴᠠᠭᠰᠠᠳ ᠢ ᠬᠦᠯᠢᠶᠡᠨ ᠠᠪᠤᠨ᠎ᠠ᠃ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ︽ᠲᠠᠪᠤᠨ ᠶᠡᠭᠡ ᠰᠣᠶᠣᠯ︾᠎ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠡᠯᠪᠡᠭ ᠪᠠᠶᠠᠯᠢᠭ ᠰᠣᠶᠣᠯ ᠤᠨ ᠡᠯᠧᠮᠧᠨ᠋ᠲ ᠢ ︽ᠢᠳᠡᠵᠦ ᠤᠤᠭᠤᠬᠤ ᠬᠤᠨᠣᠵᠤ ᠬᠡᠪᠲᠡᠬᠦ ᠵᠤᠭᠠᠴᠠᠵᠤ ᠬᠤᠳᠠᠯᠳᠤᠨ ᠠᠪᠬᠤ ᠵᠤᠭ᠎ᠠ ᠴᠡᠩᠭᠡᠯ︾᠎ ᠤᠨ ᠵᠢᠷᠭᠤᠭᠠᠨ ᠶᠡᠭᠡ ᠵᠢᠭᠤᠯᠴᠢᠯᠠᠯ ᠤᠨ ᠡᠯᠧᠮᠧᠨ᠋ᠲ ᠲᠤ  ᠭᠦᠢᠴᠡᠳ ᠨᠡᠪᠴᠢᠭᠦᠯᠦᠨ᠎ᠡ᠃ ᠵᠤᠭᠠᠴᠠᠯ ᠤᠨ ᠦᠵᠡᠭᠳᠡᠯᠲᠦ ᠵᠦᠴᠦᠭᠡ ᠶᠢᠨ ᠲᠠᠯᠠᠪᠠᠢ ᠶᠢ ᠪᠠᠶᠢᠭᠤᠯᠵᠤ᠂ ︽ᠪᠠᠷᠠᠭᠤᠨ ᠠᠮᠠᠰᠠᠷ ᠲᠤ ᠰᠣᠭᠲᠣᠭᠰᠠᠨ ᠨᠢ︾ ᠵᠡᠷᠭᠡ ᠦᠵᠡᠭᠳᠡᠯᠲᠦ ᠵᠦᠴᠦᠭᠡ ᠶᠢ ᠦᠷᠦᠵᠦ ᠲᠡᠭᠦᠯᠳᠡᠷᠵᠢᠭᠦᠯᠦᠨ᠂ ᠪᠣᠳᠠᠰ ᠤᠨ ᠪᠤᠰᠤ ᠰᠣᠶᠣᠯ ᠤᠨ ᠥᠪ ᠤᠨ ᠤᠷᠠᠯᠢᠭ ᠤᠨ ᠪᠦᠲᠦᠭᠡᠯ ᠢ ᠦᠵᠡᠮᠵᠢ ᠶᠢᠨ ᠣᠷᠣᠨ ᠳᠤ ᠣᠷᠣᠭᠤᠯᠵᠤ᠂ ᠦᠵᠡᠰᠬᠦᠯᠡᠩ ᠡᠷᠬᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠲᠦᠷᠦᠯ ᠵᠦᠢᠯ ᠢ ᠰᠦᠪᠡᠭᠴᠢᠯᠡᠨ ᠬᠡᠷᠡᠭᠵᠢᠭᠦᠯᠵᠦ᠂ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠠᠮᠠᠭᠠᠯᠠᠵᠤ᠂ ᠨᠠᠢᠮᠠᠨ ᠵᠣᠪᠬᠢᠰ ᠠᠴᠠ ᠢᠷᠡᠭᠰᠡᠨ ᠵᠣᠴᠢᠳ ᠢ ᠨᠡᠩ ᠰᠠᠶᠢᠨ ᠰᠠᠶᠢᠬᠠᠨ ᠪᠡᠶᠡᠴᠢᠯᠡᠨ ᠣᠶᠢᠯᠠᠭᠠᠬᠤ᠂ ᠨᠡᠩ ᠲᠠᠭᠠᠲᠠᠢ ᠵᠢᠷᠭᠠᠬᠤ᠂ ᠨᠡᠩ ᠮᠠᠷᠲᠠᠭᠳᠠᠰᠢ ᠦᠭᠡᠢ ᠡᠷᠭᠢᠴᠡᠭᠦᠯᠦᠯ ᠲᠠᠢ ᠪᠣᠯᠭᠠᠨ᠎ᠠ᠃ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ  ᠤᠨ ᠳᠣᠲᠣᠭᠠᠳᠤ ᠶᠢᠨ ᠨᠠᠷᠠᠲᠠᠶ ᠵᠢᠭᠤᠯᠴᠢᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠲᠠᠢ ᠬᠠᠮᠲᠤᠷᠠᠯᠴᠠᠵᠤ᠂ ᠡᠷᠬᠢᠨ ᠲᠣᠭᠤᠷᠢᠨ ᠤ ᠠᠯᠳᠠᠷᠲᠤ ᠵᠢᠭᠤᠯᠴᠢᠯᠠᠯ ᠤᠨ ᠦᠵᠡᠮᠵᠢ ᠶᠢᠨ ᠴᠡᠭ ᠲᠠᠢ ᠬᠤᠯᠪᠣᠭᠠᠯᠠᠨ᠂ ᠠᠮᠢ ᠠᠬᠤᠶ ᠶᠢᠨ ᠵᠢᠭᠤᠯᠴᠢᠯᠠᠯ᠂ ᠰᠣᠶᠣᠯ ᠤᠨ ᠣᠶᠢᠯᠠᠭᠠᠯᠲᠠ᠂ ᠬᠥᠳᠡᠭᠡ ᠲᠣᠰᠬᠤᠨ ᠤ ᠰᠡᠯᠡᠭᠦᠴᠡᠯ᠂ ᠮᠥᠰᠥ ᠴᠠᠰᠤᠨ ᠤ ᠪᠡᠶ᠎ᠡ ᠴᠢᠭᠢᠷᠠᠭᠵᠢᠭᠤᠯᠤᠯᠲᠠ ᠵᠡᠷᠭᠡ ᠶᠢ ᠨᠢᠭᠡ ᠴᠤᠭᠴᠠᠵᠢᠭᠤᠯᠤᠭᠰᠠᠨ ᠰᠣᠳᠣᠨ ᠰᠣᠶᠣᠯ ᠤᠨ ᠵᠢᠭᠤᠯᠴᠢᠯᠠᠯ ᠤᠨ ᠵᠠᠮ ᠱᠤᠭᠤᠮ ᠢ ᠵᠢᠷᠤᠭᠯᠠᠨ ᠲᠥᠯᠥᠪᠯᠡᠨ᠎ᠡ᠃ ᠲᠠᠭ᠎ᠠ ᠶᠢᠨ ᠨᠠᠭᠤᠷ ᠤᠨ ᠴᠡᠴᠡᠭ ᠡᠪᠡᠰᠦᠨ ᠤ ᠪᠠᠶᠠᠷ᠂ ᠴᠢᠭᠢᠭᠯᠢᠭ ᠭᠠᠵᠠᠷ ᠤᠨ ᠰᠢᠪᠠᠭᠤ ᠰᠣᠨᠢᠷᠬᠠᠬᠤ ᠪᠠᠶᠠᠷ᠂ ᠬᠠᠯᠠᠭᠤᠨ ᠷᠠᠰᠢᠶᠠᠨ ᠤ ᠡᠷᠡᠭᠦᠯᠵᠢᠯ ᠰᠤᠪᠢᠯᠠᠯᠲᠠ ᠶᠢᠨ ᠪᠠᠶᠠᠷ ᠵᠡᠷᠭᠡ ᠤᠨᠴᠠᠯᠢᠬᠳᠤ ᠵᠢᠭᠤᠯᠴᠢᠯᠠᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠵᠢᠴᠢ ᠨᠠᠭᠤᠷ ᠲᠣᠭᠤᠷᠢᠭᠰᠠᠨ ᠮᠠᠷᠠᠰᠤᠨ ᠤᠷᠤᠯᠳᠤᠭᠠᠨ᠂ ᠳᠤᠭᠤᠶ ᠲᠡᠷᠭᠡᠨ ᠤ ᠤᠷᠤᠯᠳᠤᠭᠠᠨ᠂ ᠣᠶ ᠰᠢᠭᠤᠶ ᠶᠢᠨ ᠬᠦᠴᠢᠯᠲᠥ᠋ᠷᠥᠭᠴᠢᠲᠦ ᠠᠭᠤᠯᠠ ᠠᠪᠠᠷᠢᠬᠤ ᠤᠷᠤᠯᠳᠤᠭᠠᠨ ᠵᠡᠷᠭᠡ ᠲᠣᠮᠣ ᠬᠡᠯᠪᠡᠷᠢ ᠶᠢᠨ ᠤᠷᠤᠯᠳᠤᠭᠠᠨ ᠤ ᠠᠵᠢᠯᠯᠠᠭ᠎ᠠ ᠶᠢ ᠨᠠᠷᠢᠨ ᠨᠢᠮᠪᠠᠶ ᠡᠷᠭᠢᠯᠡᠵᠦ᠂ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃    ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠤᠨ᠎ᠠ᠃ ︽ᠠᠷᠠᠳ ᠤᠨ ᠣᠷᠣᠨ ᠰᠠᠭᠤᠴᠠ ︾᠎ ᠶᠢᠨ ᠠᠵᠤ  ᠦᠢᠯᠡᠰ ᠢ ᠨᠠᠷᠢᠯᠢᠭ ᠬᠢᠨ᠎ᠠ᠃ ︽ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠵᠠᠬ᠎ᠠ ᠳᠡᠯᠭᠡᠭᠦᠷ ᠣᠷᠣᠯᠴᠠᠬᠤ᠂ ᠭᠤᠤᠯᠳᠠᠯᠭ᠎ᠠ ᠲᠠᠢ ᠰᠢᠪᠲᠤᠯᠤᠯᠲᠠ ᠬᠢᠬᠦ︾ ᠵᠠᠷᠴᠢᠮ ᠶᠣᠰᠣᠭᠠᠷ᠂  ᠲᠠᠭ᠎ᠠ  ᠶᠢᠨ ᠨᠠᠭᠤᠷ ᠤᠨ ᠠᠮᠢ ᠠᠬᠤᠶ ᠶᠢᠨ ᠣᠷᠣᠨ᠂ ᠮᠠᠨ ᠬᠠᠨ ᠠᠭᠤᠯᠠᠷᠬᠠᠭ ᠣᠷᠣᠨ᠂ ᠬᠥᠬᠡᠬᠤᠲᠠ ᠶᠢᠨ ᠵᠠᠰᠠᠮᠠᠯ ᠵᠠᠮ ᠳᠠᠭᠠᠤ ᠳᠤ ᠰᠤᠯᠠ ᠪᠠᠶᠢᠭ᠎ᠠ ᠠᠷᠠᠳ ᠤᠨ ᠬᠡᠷ ᠪᠠᠶᠢᠰᠢᠩ ᠢ ᠥᠭᠡᠷᠡᠴᠢᠯᠡᠬᠦ᠂ ᠪᠠᠭ᠎ᠠ ᠬᠡᠰᠡᠭ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠢᠯᠵᠢᠭᠦᠯᠦᠨ ᠬᠤᠳᠠᠯᠳᠤᠬᠤ᠂ ᠬᠥᠳᠡᠭᠡ ᠲᠣᠰᠬᠤᠨ ᠤ ᠬᠠᠮᠲᠤ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠦᠷᠢᠶᠡᠰᠦᠯᠡᠬᠦ ᠵᠡᠷᠭᠡ ᠠᠷᠭ᠎ᠠ ᠮᠠᠶ᠋ᠢᠭ ᠢ ᠠᠪᠴᠤ᠂ ᠠᠷᠠᠳ ᠤᠨ ᠣᠷᠣᠨ ᠰᠠᠭᠤᠴᠠ ᠶᠢᠨ ᠠᠵᠤ  ᠦᠢᠯᠡᠰ ᠢ ᠶᠡᠬᠡᠪᠡᠷ ᠬᠥᠭᠵᠢᠭᠦᠯᠦᠨ᠎ᠡ᠃ 2026 ᠣᠨ ᠪᠣᠯᠬᠤ ᠳᠤ᠂ 50 ᠰᠣᠳᠣᠨ ᠠᠷᠠᠳ ᠤᠨ ᠣᠷᠣᠨ ᠰᠠᠭᠤᠴᠠ ᠶᠢ ᠪᠠᠶᠢᠭᠤᠯᠵᠤ᠂ ᠠᠷᠠᠳ ᠤᠨ ᠣᠷᠣᠨ ᠰᠠᠭᠤᠴᠠ ᠶᠢᠨ ᠴᠤᠭᠯᠠᠷᠠᠯ ᠤᠨ ᠦᠢᠯᠡᠳᠦᠯ ᠎ ᠢ ᠤᠯᠠᠮ ᠢᠶᠠᠷ ᠲᠣᠪᠤᠶᠢᠮ᠎ᠠ ᠪᠣᠯᠵᠣ᠂ ᠬᠥᠳᠡᠭᠡ ᠲᠣᠰᠬᠤᠨ ᠤ ᠵᠢᠭᠤᠯᠴᠢᠯᠠᠯ ᠤᠨ  ᠦᠢᠯᠡᠰ ᠤᠨ ᠲᠦᠷᠭᠡᠨ ᠬᠥᠭᠵᠢᠯᠲᠡ ᠶᠢ ᠳᠠᠶᠢᠴᠢᠯᠠᠨ᠎ᠠ᠃ ︽ᠮᠥᠰᠥ ᠴᠠᠰᠤ︾᠎ ᠶᠢᠨ ᠠᠵᠤ  ᠦᠢᠯᠡᠰ ᠢ ᠠᠮᠢᠳᠤᠯᠢᠭ ᠪᠣᠯᠭᠠᠨ᠎ᠠ᠃ ᠤᠯᠤᠰ ᠤᠨ ︽ᠭᠤᠷᠪᠠᠨ ᠳ᠋ᠦᠩᠰᠢᠭᠤᠷ ᠬᠥᠮᠦᠨ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ 2022 ᠣᠨ ᠳᠤ ᠡᠪᠦᠯ ᠤᠨ ᠣᠯᠧᠮᠫᠢᠺ ᠴᠤᠭᠯᠠᠭᠠᠨ ᠬᠤᠲᠠ ᠳᠤ ᠥᠷᠨᠢᠭᠦᠯᠦᠭᠰᠡᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠠᠯᠠᠭᠤᠨ ᠥᠷᠨᠢᠯᠲᠡ ᠶᠢ ᠠᠰᠢᠭᠯᠠᠨ᠂  ᠲᠠᠭ᠎ᠠ ᠶᠢᠨ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠶ ᠶᠢᠨ ᠴᠠᠰᠤᠨ ᠳᠡᠭᠡᠷᠡᠬᠢ ᠲᠠᠮᠢᠷ ᠤᠨ ᠬᠥᠳᠡᠯᠭᠡᠭᠡᠨ ᠤ ᠲᠥᠷᠥᠯ  ᠵᠦᠢᠯ ᠢ ᠪᠠᠶᠠᠯᠢᠭᠵᠢᠭᠤᠯᠵᠤ᠂ ᠪᠥᠬᠦ ᠤᠯᠤᠰ ᠤᠨ ᠴᠢᠬᠤᠯᠠ ᠶᠡᠭᠡ ᠴᠠᠰᠤᠨ ᠳᠡᠭᠡᠷᠡᠬᠢ ᠲᠠᠮᠢᠷ ᠤᠨ ᠤᠷᠤᠯᠳᠤᠭᠠᠨ ᠢ ᠳᠠᠭᠠᠭᠠᠴᠢᠯᠠᠨ ᠡᠷᠭᠢᠯᠡᠬᠦ ᠴᠢᠳᠠᠪᠤᠷᠢ ᠪᠠᠨ ᠨᠡᠮᠡᠭᠳᠡᠭᠦᠯᠦᠨ᠎ᠡ᠃  ᠲᠠᠭ᠎ᠠ ᠶᠢᠨ ᠨᠠᠭᠤᠷ ᠤᠨ ᠦᠵᠡᠮᠵᠢ ᠶᠢᠨ ᠣᠷᠣᠨ ᠤ ᠮᠥᠰᠥᠨ ᠳᠡᠭᠡᠷᠡᠬᠢ ᠬᠥᠯ ᠪᠥᠮᠪᠦᠭᠡ᠂ ᠮᠥᠰᠥᠨ ᠳᠡᠭᠡᠷᠡᠬᠢ ᠯᠤᠤᠲᠤ ᠣᠩᠭᠤᠴᠠ᠂ ᠮᠥᠰᠥᠨ ᠳᠡᠭᠡᠷᠡᠬᠢ ᠮᠠᠰᠢᠨ ᠲᠡᠷᠭᠡ ᠬᠥᠪᠪᠥᠨ ᠰᠢᠯᠵᠢᠬᠦ ᠵᠡᠷᠭᠡ ᠤᠨᠴᠠᠯᠢᠬᠳᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ  ᠵᠦᠢᠯ ᠢ ᠨᠡᠭᠡᠭᠡᠨ ᠬᠥᠭᠵᠢᠭᠦᠯᠵᠦ᠂ ᠨᠠᠩ ᠣᠯᠠᠨ ᠵᠤᠭᠠᠴᠠᠭᠰᠠᠳ ᠢ ᠯᠢᠶᠠᠩᠴᠧᠩ ᠳᠤ ᠢᠷᠡᠭᠦᠯᠵᠦ ᠮᠥᠰᠥ ᠴᠠᠰᠤᠨ ᠳᠤ ᠨᠠᠭᠠᠳᠤᠭᠤᠯᠤᠨ᠎ᠠ᠃ ︽ᠡᠷᠡᠭᠦᠯᠵᠢᠯ ᠰᠤᠪᠢᠯᠠᠯᠲᠠ︾᠎ ᠶᠢᠨ ᠠᠵᠤ  ᠦᠢᠯᠡᠰ ᠢ ᠪᠤᠵᠠᠭᠠᠶᠢᠷᠠᠭᠤᠯᠤᠨ᠎ᠠ᠃ ᠯᠢᠶᠠᠩᠴᠧᠩ  ᠰᠢᠶᠠᠨ ᠤ ︽ᠡᠪᠦᠯ ᠳᠡᠭᠡᠨ ᠬᠠᠬᠢᠷ ᠬᠦᠢᠲᠡᠨ ᠦᠭᠡᠶ᠂ ᠵᠤᠨ ᠳᠠᠭᠠᠨ ᠠᠭᠠᠭᠢᠮ᠎ᠠ ᠬᠠᠯᠠᠭᠤᠨ ᠦᠭᠡᠶ︾ ᠠᠭᠤᠷ ᠠᠮᠢᠰᠬᠤᠯ ᠤᠨ ᠳᠠᠪᠠᠭᠤᠯᠢᠭ ᠪᠠ ︽ᠠᠭᠤᠯᠠ᠂ ᠤᠰᠤ᠂ ᠪᠤᠯᠠᠭ᠂ ᠨᠣᠭᠤᠭᠠᠨ︾ ᠠᠮᠢ ᠠᠬᠤᠶ ᠶᠢᠨ ᠳᠠᠪᠠᠭᠤᠯᠢᠭ ᠲᠤ ᠰᠠᠭᠤᠷᠢᠯᠠᠨ᠂ ᠬᠠᠯᠠᠭᠤᠨ ᠷᠠᠰᠢᠶᠠᠨ ᠤ ᠵᠢᠵᠢᠭ ᠪᠠᠯᠭᠠᠰᠤᠨ ᠤ ᠣᠳᠣ ᠪᠠᠶᠢᠭ᠎ᠠ ᠭᠤᠣᠯᠳᠠᠯᠭ᠎ᠠ ᠲᠠᠢ ᠵᠢᠭᠤᠯᠴᠢᠯᠠᠯ ᠤᠨ ᠲᠥᠷᠥᠯ ᠨᠢᠭᠡᠳᠦᠯᠲᠡᠶ ᠲᠥᠯᠥᠪᠵᠢᠭᠦᠯᠵᠦ᠂ ᠬᠡᠰᠡᠭ ᠬᠤᠪᠢᠶᠠᠨ ᠬᠤᠳᠠᠯᠳᠤᠭᠠᠴᠢᠨ ᠤᠷᠢᠵᠤ᠂ ᠪᠦᠬᠦᠯᠢ ᠶᠢ ᠰᠠᠯᠭᠠᠵᠤ᠂ ᠶᠡᠭᠡ ᠪᠠᠭ᠎ᠠ ᠪᠣᠯᠭᠠᠵᠤ᠂ ᠲᠣᠰ ᠭᠠᠵᠠᠷ ᠣᠷᠣᠨ ᠵᠢᠴᠢ ᠯᠢᠶᠠᠩᠴᠧᠩ  ᠰᠢᠶᠠᠨ ᠤ  ᠭᠠᠳᠠᠨ᠎ᠠ ᠠᠮᠵᠢᠯᠲᠠ ᠣᠯᠤᠭᠰᠠᠨ ᠬᠥᠮᠦᠰ ᠢ ᠲᠡᠳᠡᠨ ᠡᠷᠡᠭᠦᠯ ᠮᠡᠨᠳᠦ ᠠᠰᠠᠷᠠᠨ ᠲᠡᠵᠢᠭᠡᠬᠦ ᠠᠵᠤ ᠦᠢᠯᠡᠰ ᠲᠤ ᠪᠠᠯᠠ ᠣᠷᠣᠭᠤᠯᠵᠤ᠂ ᠨᠠᠰᠤᠲᠠᠶᠢᠴᠤᠳ ᠤᠨ ᠠᠰᠠᠷᠠᠨ ᠰᠤᠪᠢᠯᠠᠬᠤ ᠬᠦᠷᠢᠶᠡᠯᠡᠩ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠲᠥᠪ᠂ ᠠᠷᠠᠳ ᠤᠨ ᠣᠷᠣᠨ ᠰᠠᠭᠤᠴᠠ ᠶᠢᠨ ᠠᠰᠠᠷᠠᠨ ᠲᠡᠵᠢᠭᠡᠬᠦ ᠬᠦᠷᠢᠶᠡᠯᠡᠩ ᠢ ᠪᠥᠲᠥᠭᠡᠨ ᠪᠠᠶᠢᠭᠤᠯᠵᠤ᠂  ᠲᠠᠭ᠎ᠠ ᠶᠢᠨ ᠨᠠᠭᠤᠷ ᠤᠨ ᠬᠠᠯᠠᠭᠤᠨ ᠷᠠᠰᠢᠶᠠᠨ ᠤ ᠮᠥᠰᠥ ᠴᠠᠰᠤᠨ ᠤ ᠵᠢᠵᠢᠭ ᠪᠠᠯᠭᠠᠰᠤ ᠶᠢ ᠡᠷᠡᠭᠦᠯ ᠮᠡᠨᠳᠦ ᠪᠡᠶ᠎ᠡ ᠰᠤᠪᠢᠯᠠᠬᠤ᠂ ᠡᠮᠨᠡᠨ ᠰᠤᠪᠢᠯᠠᠬᠤ᠂ ᠴᠠᠭ ᠬᠤᠪᠢᠶᠠᠨ ᠠᠮᠠᠷᠠᠯᠲᠠ ᠥᠩᠭᠡᠷᠡᠭᠡᠬᠦ᠂ ᠬᠥᠳᠡᠯᠭᠡᠭᠡᠨ ᠵᠤᠭ᠎ᠠ ᠴᠡᠩᠭᠡᠯ ᠢ ᠨᠢᠭᠡ ᠴᠣᠭᠴᠠᠵᠢᠭᠤᠯᠤᠭᠰᠠᠨ ᠤᠯᠤᠰ ᠤᠨ ᠲᠠᠰ ᠤᠨ ᠡᠷᠡᠭᠦᠯ ᠮᠡᠨᠳᠦ ᠠᠰᠠᠷᠠᠨ ᠲᠡᠵᠢᠭᠡᠬᠦ ᠰᠡᠯᠡᠭᠦᠴᠡᠯ ᠤᠨ ᠠᠮᠠᠷᠠᠯᠲᠠ ᠶᠢᠨ ᠣᠷᠣᠨ ᠪᠣᠯᠭᠠᠨ ᠪᠥᠲᠥᠭᠡᠨ ᠪᠠᠶᠢᠭᠤᠯᠤᠨ᠎ᠠ᠃   ᠲᠠᠪᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠳᠠᠯᠳᠠ ᠬᠦᠴᠦᠨ ᠢ ᠪᠠᠳᠠᠷᠠᠭᠤᠯᠤᠨ᠎ᠠ    ᠥᠭᠡᠷᠡᠴᠢᠯᠡᠯᠲᠡ ᠶᠢᠨ ᠲᠣᠭᠲᠠᠯ ᠬᠦᠴᠦᠨ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠢᠮᠠᠭᠲᠠ ᠪᠠᠲᠤᠯᠠᠵᠤ᠂ ᠦᠷ᠎ᠡ ᠪᠦᠲᠦᠮᠵᠢ ᠪᠠᠷ ᠬᠠᠮᠤᠭ ᠤᠨ ᠥᠨᠳᠥᠷ᠂  ᠦᠢᠯᠡᠴᠢᠯᠡᠭᠡ ᠪᠠᠷ ᠬᠠᠮᠤᠭ ᠤᠨ ᠰᠠᠶᠢᠨ᠂ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠢᠶᠠᠷ ᠬᠠᠮᠤᠭ ᠤᠨ ᠴᠢᠩᠭ᠎ᠠ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠨ᠎ᠠ᠃    ᠥᠭᠡᠷᠡᠴᠢᠯᠡᠯᠲᠡ ᠬᠥᠭᠵᠢᠯᠲᠡ ᠶᠢ ᠭᠦᠨ ᠳᠡᠰ ᠳᠠᠪᠬᠤᠷᠭ᠎ᠠ ᠠᠴᠠ ᠲᠦᠯᠬᠢᠨ ᠠᠬᠢᠭᠤᠯᠪᠠ᠃ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ · ᠳᠥᠷᠪᠡ ᠶᠢ ᠭᠦᠢᠴᠡᠳᠬᠡᠬᠦ︾᠎ ᠶᠢᠨ ᠠᠵᠢᠯ ᠢ ᠶᠡᠬᠡᠪᠡᠷ ᠠᠬᠢᠭᠤᠯᠵᠤ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ  ᠵᠦᠢᠯᠡᠰ ᠢ ᠰᠦᠯᠵᠢᠶᠡᠨ ᠳᠡᠭᠡᠷ᠎ᠡ ᠰᠢᠭᠤᠳ ᠭᠦᠢᠴᠡᠳᠬᠡᠬᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠥᠨᠳᠥᠷ ᠳᠠᠪᠲᠠᠮᠵᠢ ᠪᠠᠷ ᠰᠢᠯᠵᠢᠭᠦᠯᠦᠨ  ᠭᠦᠢᠴᠡᠳᠬᠡᠵᠤ ᠪᠣᠯᠬᠤ᠂ ᠠᠷᠠᠳ ᠲᠤ ᠲᠥᠬᠦᠮ ᠦᠵᠡᠭᠦᠯᠬᠦ ᠨᠠᠩ ᠣᠯᠠᠨ  ᠵᠦᠢᠯᠡᠰ ᠢ ᠨᠢᠭᠡ ᠯᠡ ᠤᠳᠠᠭ᠎ᠠ ᠳᠤ  ᠭᠦᠢᠴᠡᠳᠬᠡᠵᠤ ᠪᠣᠯᠬᠤ᠂ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠠᠪᠰᠤᠷᠤᠨ ᠭᠦᠢᠴᠡᠳᠬᠡᠵᠤ ᠣᠷᠣᠯᠠᠨ ᠭᠦᠢᠴᠡᠳᠬᠡᠬᠦ ᠶᠢ ᠪᠡᠶᠡᠯᠡᠭᠦᠯᠵᠦ᠂ ︽ᠢᠯᠡ ᠲᠣᠳᠣ ᠵᠠᠰᠠᠭ ᠤᠨ ᠶᠠᠪᠤᠳᠠᠯ᠂ ᠰᠡᠳᠬᠢᠯ ᠢ ᠳᠤᠯᠠᠭᠠᠴᠠᠭᠤᠯᠬᠤ  ᠦᠢᠯᠡᠴᠢᠯᠡᠭᠡ︾᠎ ᠶᠢᠨ ᠵᠠᠰᠠᠭ ᠤᠨ ᠶᠠᠪᠤᠳᠠᠯ ᠤᠨ ᠨᠠᠷᠠᠲᠤ ᠲᠥᠷᠥᠯ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂  ᠦᠢᠯᠡᠴᠢᠯᠡᠭᠡᠨ ᠤ ︽ᠵᠠᠶ ᠥᠬᠡᠶ︾ ᠪᠠᠶᠢᠬᠤ ᠶᠢ ᠪᠡᠶᠡᠯᠡᠭᠦᠯᠦᠨ᠎ᠡ᠃ ︽ᠰᠠᠶᠢᠨ ᠮᠠᠭᠤ ᠶᠢᠨ ᠦᠨᠡᠯᠡᠯᠲᠡ︾᠎ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠪᠠ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠦᠷᠦᠭᠳᠡᠯ ᠢ ᠳᠡᠭᠡᠭᠰᠢᠯᠡᠭᠦᠯᠦᠨ᠎ᠡ᠃ ᠲᠤᠭᠠᠵᠢᠭᠤᠯᠤᠭᠰᠠᠨ ᠵᠠᠰᠠᠭ ᠤᠨ ᠶᠠᠪᠤᠳᠠᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠶᠠᠨ ᠰᠢᠶᠠᠩ ᠭᠠᠴᠠᠭᠠᠨ ᠤ ︽ᠭᠤᠷᠪᠠ ᠶᠢ ᠨᠢᠭᠡ ᠴᠤᠭᠴᠠᠵᠢᠭᠤᠯᠤᠭᠰᠠᠨ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠰᠢᠰᠲ᠋ᠧᠮ ᠢ ᠲᠡᠭᠦᠯᠳᠡᠷᠵᠢᠭᠦᠯᠦᠨ᠎ᠡ᠃ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠵᠡᠷᠭᠡ ᠵᠠᠭᠪᠤᠷ ᠢ ᠶᠡᠬᠡᠪᠡᠷ ᠳᠥᠯᠭᠢᠨ ᠠᠬᠢᠭᠤᠯᠵᠤ᠂ ︽ᠴᠠᠭᠠᠵᠠᠯᠠᠬᠤ ᠥᠬᠡᠶ ᠪᠣᠯ ᠳᠠᠷᠤᠶ ᠣᠷᠣᠭᠤᠯᠬᠤ︾᠎ ᠶᠢ ᠨᠡᠶᠢᠳᠡᠮ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠪᠠᠭᠲᠠᠭᠠᠮᠵᠢᠲᠠᠶ ᠬᠢᠨᠠᠭᠤᠷ ᠪᠣᠯᠭᠤᠮᠵᠢᠲᠠᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠬᠢᠨᠠᠯᠲᠠ ᠬᠠᠮᠢᠶᠠᠷᠤᠯᠲᠠ ᠶᠢᠨ ᠡᠷᠴᠢᠮ ᠲᠠᠢ ᠮᠥᠷᠲᠡᠭᠡᠨ ᠳᠤᠯᠠᠭᠠᠨ ᠤ ᠬᠡᠮᠵᠢᠶ᠎ᠡ ᠲᠠᠢ ᠪᠣᠯᠭᠠᠨ᠎ᠠ᠃ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠲᠦᠷᠭᠡᠳᠬᠡᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠣᠭᠲᠠᠴᠠ ᠶᠢ ᠰᠢᠯᠤᠭᠤᠳᠬᠠᠵᠤ᠂ ᠰᠢᠶᠠᠨ ᠤ ᠱᠠᠲᠤᠨ ᠤ ᠪᠡᠯᠡ ᠣᠷᠣᠭᠤᠯᠵᠤ ᠪᠡᠯᠡ ᠲᠣᠬᠢᠷᠠᠭᠤᠯᠬᠤ ᠶᠢ ᠠᠬᠢᠭᠤᠯᠤᠨ᠎ᠠ᠃    ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠠᠳᠬᠤᠨ᠎ᠠ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠵᠠᠭᠪᠤᠷ ᠤᠨ ᠰᠢᠨ᠎ᠡ ᠶᠢ ᠡᠭᠦᠳᠴᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠷᠭ᠎ᠠ ᠵᠠᠮ ᠢ ᠥᠷᠭᠡᠳᠬᠡᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠴᠢᠳᠠᠪᠤᠷᠢᠲᠠᠨ ᠤ ᠪᠠᠶᠢᠭᠤᠯᠤᠯᠲᠠ ᠶᠢᠨ ᠠᠵᠢᠯ ᠢ ᠴᠢᠩᠭᠠᠳᠬᠠᠨ᠎ᠠ᠃ ︽ᠡᠤ ᠳ᠋ᠡ ᠵᠠᠩ︾ ︽ᠬᠥᠬᠡᠬᠤᠲᠠ ᠪᠤᠭᠤᠲᠤ ᠣᠷᠳᠣᠰ ᠦᠬᠠᠢ︾᠎ ᠶᠢ ᠨᠢᠭᠡ ᠴᠣᠠᠠᠴᠠᠵᠢᠭᠤᠯᠥᠨ ᠬᠥᠭᠵᠢᠭᠦᠯᠬᠦ ᠠᠵᠠ ᠲᠣᠬᠢᠶᠠᠯ ᠢ ᠠᠰᠢᠭᠯᠠᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠰᠢᠨ᠎ᠡ ᠡᠨᠧᠷᠭᠢ᠂ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ᠂ ᠬᠥᠳᠡᠯᠮᠦᠷᠢ ᠨᠢᠭᠲᠠᠷᠠᠭᠰᠠᠨ ᠬᠡᠯᠪᠡᠷᠢ ᠵᠡᠷᠭᠡ ᠠᠵᠤ  ᠦᠢᠯᠡᠰ ᠤᠨ ᠲᠣᠭᠤᠷᠢᠨ ᠳᠤ᠂ ᠨᠢᠭᠡ ᠪᠦᠯᠦᠭ ᠬᠥᠲᠥᠴᠢ ᠬᠡᠯᠪᠡᠷᠢ ᠶᠢᠨ᠂ ᠰᠠᠭᠤᠷᠢᠨ ᠭᠠᠵᠠᠷ ᠤᠨ ᠬᠡᠯᠪᠡᠷᠢ ᠶᠢᠨ᠂ ᠰᠢᠨ᠎ᠡ ᠶᠢ ᠡᠭᠦᠳᠬᠦ ᠬᠡᠯᠪᠡᠷᠢ ᠶᠢᠨ ᠲᠣᠮᠣ ᠲᠥᠷᠥᠯ  ᠵᠦᠢᠯ᠂ ᠰᠠᠶᠢᠨ ᠲᠥᠷᠥᠯ  ᠵᠦᠢᠯ ᠢ ᠨᠠᠷᠢᠯᠢᠭ ᠣᠨᠣᠴᠠᠲᠠᠶ ᠪᠠᠷ ᠣᠷᠣᠭᠤᠯᠤᠨ ᠠᠪᠴᠢᠷᠠᠵᠤ᠂ ᠲᠠᠪᠤᠨ ᠵᠢᠯ ᠳᠤ 10 ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠪᠠᠯᠠ ᠣᠷᠣᠭᠤᠯᠤᠯᠲᠠ ᠶᠢᠨ ᠲᠤᠭ᠎ᠠ ᠶᠢ 100 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ᠃ ᠲᠥᠷᠥᠯ  ᠵᠦᠢᠯ ᠢ ᠲᠥᠯᠥᠪᠵᠢᠭᠦᠯᠵᠦ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠲᠥᠷᠥᠯ  ᠵᠦᠢᠯ ᠤᠨ ᠬᠥᠮᠥᠷᠭᠡ ᠶᠢᠨ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠂ ︽ᠨᠢᠭᠡ ᠪᠦᠯᠦᠭ ᠢ ᠲᠥᠯᠥᠪᠵᠢᠭᠦᠯᠵᠦ᠂ ᠨᠢᠭᠡ ᠪᠦᠯᠦᠭ ᠢ ᠨᠥᠭᠡᠴᠡᠯᠡᠵᠦ᠂ ᠨᠢᠭᠡ ᠪᠦᠯᠦᠭ ᠢ ᠪᠥᠲᠥᠭᠡᠨ ᠪᠠᠶᠢᠭᠤᠯᠵᠤ᠂ ᠨᠢᠭᠡ ᠪᠦᠯᠦᠭ ᠢ ᠦᠷ᠎ᠡ ᠪᠦᠲᠦᠮᠵᠢ ᠳᠤ ᠬᠦᠷᠦᠭᠦᠯᠬᠦ︾ ᠱᠠᠲᠤᠯᠠᠨ ᠠᠬᠢᠭᠤᠯᠬᠤ ᠪᠠᠶᠢᠷᠢᠰᠢᠯ ᠢ ᠪᠣᠶ ᠪᠣᠯᠭᠠᠵᠤ᠂ ᠵᠢᠯ ᠪᠦᠷᠢ ᠶᠢᠨ ᠨᠥᠭᠡᠴᠡᠯᠡᠬᠦ ᠭᠤᠤᠯᠳᠠᠯᠭ᠎ᠠ ᠲᠠᠢ ᠲᠥᠷᠥᠯ ᠵᠦᠢᠯ ᠢ 30᠎ ᠠᠴᠠ ᠳᠤᠲᠠᠭᠤ ᠥᠬᠡᠶ ᠪᠠᠶᠢᠯᠭᠠᠨ᠎ᠠ᠃ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ᠃ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠦᠷᠢᠮ︾᠎ ᠢ ᠴᠢᠩᠭ᠎ᠠ ᠬᠡᠷᠡᠭᠵᠢᠭᠦᠯᠵᠦ᠂ ᠭᠠᠶᠢᠯᠢ ᠬᠥᠩᠭᠡᠯᠡᠵᠦ  ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠳᠤ ᠬᠤᠯᠪᠣᠭᠳᠠᠬᠤ  ᠰᠦᠢᠳᠬᠡᠯ ᠬᠤᠷᠢᠶᠠᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠨᠠᠵᠠᠭᠠᠶ ᠲᠠᠯ᠎ᠠ ᠶᠢᠨ ᠨᠠᠷᠢᠨ ᠲᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ︽ᠳᠤᠮᠳᠠᠬᠢ ᠲᠦᠭᠵᠢᠷᠡᠯ︾᠎ ᠢ ᠴᠢᠩᠭ᠎ᠠ ᠰᠢᠳᠬᠡᠨ᠎ᠡ᠃ ᠬᠤᠳᠠᠯᠳᠤᠭᠠᠴᠢᠨ ᠤᠷᠢᠬᠤ ᠲᠥᠷᠥᠯ  ᠵᠦᠢᠯ ᠤᠨ ︽ᠨᠢᠭᠡ ᠥᠷᠲᠡᠭᠡᠨ ᠤ ᠮᠠᠶ᠋ᠢᠭ︾᠎ ᠤᠨ ᠦᠢᠯᠡᠴᠢᠯᠡᠭᠡ ᠶᠢ ᠪᠠᠶᠢᠭᠤᠯᠵᠤ᠂ ᠡᠮᠦᠨᠡᠬᠢ ᠬᠤᠭᠤᠴᠠᠭᠠᠨ ᠤ ᠵᠣᠯᠭᠠᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠳᠤᠮᠳᠠ ᠬᠤᠭᠤᠴᠠᠭᠠᠨ ᠤ ᠵᠣᠬᠢᠴᠠᠭᠤᠯᠤᠨ ᠬᠤᠷᠳᠤᠴᠠ ᠶᠢ ᠳᠡᠭᠡᠭᠰᠢᠯᠡᠭᠦᠯᠵᠦ᠂ ᠰᠡᠭᠦᠯᠴᠢ ᠶᠢᠨ ᠬᠤᠭᠤᠴᠠᠭᠠᠨ ᠤ ᠮᠥᠷᠳᠡᠨ ᠳᠠᠭᠠᠵᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠡᠶᠡᠯᠡᠭᠦᠯᠵᠦ᠂ ᠯᠢᠶᠠᠩᠴᠧᠩ ᠢ ᠬᠤᠳᠠᠯᠳᠤᠭ᠎ᠠ ᠡᠵᠡᠩᠨᠡᠬᠦ ᠥᠨᠳᠦᠷᠯᠢᠭ ᠭᠠᠵᠠᠷ᠂ ᠪᠠᠯᠠ ᠣᠷᠣᠭᠤᠯᠤᠯᠲᠠ ᠶᠢᠨ ᠬᠤᠲᠣᠭᠤᠷ ᠭᠠᠵᠠᠷ᠂ ᠬᠥᠭᠵᠢᠯᠲᠡ ᠶᠢᠨ ᠵᠢᠷᠭᠠᠯᠠᠩᠲᠤ ᠭᠠᠵᠠᠷ ᠪᠣᠯᠭᠠᠨ ᠪᠥᠲᠥᠭᠡᠨ ᠪᠠᠶᠢᠭᠤᠯᠤᠨ᠎ᠠ᠃        ᠵᠢᠷᠭᠤᠭ᠎ᠠ᠂ ᠬᠤᠲᠠ ᠶᠢᠨ ᠶᠡᠷᠦᠩᠬᠡᠶᠢᠯᠡᠭᠰᠡᠨ ᠴᠢᠳᠠᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠲᠠᠪᠴᠠᠩ ᠢ ᠪᠠᠶᠢᠭᠤᠯᠤᠨ᠎ᠠ    ᠬᠤᠳᠠ ᠶᠢᠨ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠬᠤᠳᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠤᠳᠠ ᠶᠢᠨ ᠴᠢᠳᠠᠪᠬᠢ ᠶᠢ ᠳᠡᠭᠡᠭᠰᠢᠯᠡᠭᠦᠯᠵᠦ᠂ ᠭᠤᠶᠤ ᠰᠠᠶᠢᠬᠠᠨ ᠲᠠᠢ᠂ ᠥᠨᠳᠥᠷ ᠤᠨ  ᠬᠡᠮᠵᠢᠶ᠎ᠡ ᠲᠠᠢ᠂ ᠳᠤᠯᠠᠭᠠᠨ ᠤ  ᠬᠡᠮᠵᠢᠶ᠎ᠡ ᠲᠠᠢ ᠵᠣᠯ ᠵᠢᠷᠭᠠᠯᠲᠤ ᠦᠵᠡᠰᠬᠦᠯᠡᠩᠲᠦ ᠰᠠᠶᠢᠬᠠᠨ ᠰᠢᠨ᠎ᠡ  ᠯᠢᠶᠠᠩᠴᠧᠩ ᠶᠢ ᠪᠦᠳᠦᠭᠡᠨ ᠪᠠᠶᠢᠭᠤᠯᠤᠨ᠎ᠠ᠃    ᠬᠤᠳᠠ ᠶᠢ ᠰᠢᠨᠡᠳᠬᠡᠬᠦ ᠠᠵᠢᠯᠯᠠᠭ᠎ᠠ ᠶᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠵᠤ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠵᠡᠷᠭᠡ ᠭᠤᠷᠪᠠᠨ ᠶᠡᠭᠡ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠬᠤᠲᠠ ᠪᠠᠯᠭᠠᠰᠤᠨ ᠤ ᠵᠣᠬᠢᠴᠠᠩᠭᠤᠶ ᠪᠥᠭᠡᠳ ᠦᠷᠭᠦᠯᠵᠢᠯᠡᠬᠦ ᠬᠥᠭᠵᠢᠯᠲᠡ ᠶᠢᠨ ᠰᠠᠭᠤᠷᠢ ᠶᠢ ᠲᠠᠯᠪᠢᠨ᠎ᠠ᠃ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠬᠤᠲᠠ ᠶᠢᠨ ᠠᠵᠢᠯᠯᠠᠭᠠᠨ ᠤ ︽ᠨᠢᠭᠡ ᠲᠣᠤᠷ ᠢᠶᠠᠷ ᠨᠢᠭᠡᠳᠦᠯᠲᠡᠶ ᠬᠠᠮᠢᠶᠠᠷᠬᠤ︾᠂ ᠠᠮᠢᠳᠤᠷᠠᠯ ᠤᠨ  ᠦᠢᠯᠡᠴᠢᠯᠡᠭᠡᠨ ᠤ ︽ᠨᠢᠭᠡ ᠨᠣᠮᠧᠷ ᠢᠶᠠᠷ ᠬᠤᠲᠠ ᠶᠢ ᠨᠡᠪᠲᠡᠷᠡᠭᠦᠯᠬᠦ︾᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ︽ᠨᠢᠭᠡ ᠴᠤᠭᠴᠠᠵᠢᠭᠤᠯᠤᠨ ᠬᠤᠯᠪᠣᠭᠠᠯᠠᠨ ᠬᠥᠳᠡᠯᠦᠯᠴᠡᠬᠦ︾᠎ ᠶᠢ ᠪᠡᠶᠡᠯᠡᠭᠦᠯᠵᠦ᠂ ᠬᠤᠲᠠ ᠶᠢ ᠨᠠᠩ ᠤᠬᠠᠭᠠᠯᠢᠭ᠂ ᠵᠠᠰᠠᠯᠲᠠ ᠶᠢ ᠨᠠᠩ ᠥᠨᠳᠥᠷ ᠪᠦᠲᠦᠮᠵᠢᠲᠡᠶ᠂ ᠠᠮᠢᠳᠤᠷᠠᠯ ᠢ ᠨᠠᠩ ᠳᠥᠭᠦᠮ ᠳᠥᠲᠡ ᠪᠣᠯᠭᠠᠨ᠎ᠠ᠃ ᠬᠤᠲᠠ ᠪᠠᠯᠭᠠᠰᠤ ᠶᠢᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ  ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠥᠯᠬᠢᠨ ᠠᠬᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ  ᠤᠨ ᠲᠥᠯᠥᠪᠵᠢᠭᠦᠯᠭᠡ ᠶᠢᠨ ᠬᠤᠭᠤᠴᠠᠭᠠᠨ  ᠤ ᠰᠡᠭᠦᠯᠴᠢ ᠪᠣᠯᠬᠤ  ᠳᠤ᠂ 2005 ᠣᠨ ᠠᠴᠠ ᠡᠮᠦᠨ᠎ᠡ ᠪᠠᠶᠢᠭᠤᠯᠤᠭᠰᠠᠨ ᠬᠠᠭᠤᠴᠢᠨ ᠪᠠ ᠬᠠᠭᠤᠴᠢᠨ ᠪᠠᠭ᠎ᠠ ᠲᠣᠭᠤᠷᠢᠭ ‍ᠤᠨ‌ᠥᠭᠡᠷᠡᠴᠢᠯᠡᠯᠲᠡ ᠶᠢ ᠦᠨᠳᠦᠰᠦᠨ  ᠲᠤᠨᠢ ᠪᠡᠶᠡᠯᠡᠭᠦᠯᠦᠨ᠎ᠡ᠃ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢᠨ ᠪᠠᠲᠤᠯᠠᠭ᠎ᠠ ᠪᠠ ᠲᠦᠷᠢᠶᠡᠰᠦᠯᠡᠯ ᠤᠨ ᠨᠥᠬᠦᠪᠥᠷᠢ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠳᠤᠮᠳᠠ ᠳᠣᠣᠷ᠎ᠠ ᠣᠷᠣᠯᠭ᠎ᠠ ᠲᠠᠢ ᠭᠡᠷ ᠪᠦᠯᠢ ᠶᠢᠨ ᠣᠷᠣᠨ ᠰᠠᠭᠤᠴᠠ ᠶᠢᠨ ᠬᠦᠴᠢᠷ ᠠᠰᠠᠭᠤᠳᠠᠯ ᠢ ᠬᠦᠴᠦᠯᠡᠨ  ᠰᠢᠢᠳᠪᠤᠷᠢᠯᠡᠨ᠎ᠡ᠃ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠡᠭᠦᠨ ᠪᠠᠷᠠᠭᠤᠨ ᠮᠡᠯᠡᠷᠡᠭ ᠭᠤᠤᠯ ᠤᠨ ᠦᠵᠡᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠪᠡᠶᠡᠯᠡᠭᠦᠯᠵᠦ᠂ ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠨᠣᠷᠮ᠎ᠠ ᠶᠢ 40%᠎ ᠳᠤ ᠬᠦᠷᠦᠭᠦᠯᠵᠦ᠂ ᠬᠥᠮᠦᠨ ᠪᠦᠷᠢ ᠶᠢᠨ ᠳᠤᠮᠳᠠᠴᠢ ᠨᠣᠭᠤᠭᠠᠷᠠᠭᠤᠯᠤᠭᠰᠠᠨ ᠭᠠᠵᠠᠷ ᠤᠨ ᠲᠠᠯᠠᠪᠠᠶ ᠶᠢ 25 ᠲᠡᠭᠰᠢ ᠳᠥᠷᠪᠡᠯᠵᠢᠨ ᠮᠧᠲᠷ ᠲᠤ ᠬᠦᠷᠦᠭᠦᠯᠬᠦ ᠪᠠᠷ ᠴᠢᠷᠮᠠᠶᠢᠨ᠎ᠠ ᠃ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠲᠠᠮᠠᠬᠠᠶ ᠬᠡᠶ ᠶᠢᠨ ᠲᠦᠭᠡᠮᠡᠯᠵᠢᠭᠦᠯᠦᠯᠲᠡ ᠶᠢᠨ ᠨᠣᠷᠮ᠎ᠠ ᠶᠢ 90%᠎ ᠠᠴᠠ ᠳᠡᠭᠡᠭᠰᠢ ᠳ᠋ᠦ᠋ᠬᠤᠲᠠ ᠪᠠᠯᠭᠠᠰᠤ ᠶᠢᠨ ᠪᠣᠷᠣᠭᠠᠨ ᠤ ᠪᠣᠬᠢᠷᠲᠤᠯ ᠢ ᠰᠠᠯᠭᠠᠬᠤ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠬᠤ ᠨᠣᠷᠮ᠎ᠠ ᠶᠢ 75%᠎ ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠬᠦ ᠶᠢ ᠦᠨᠡᠨᠬᠦ ᠪᠠᠲᠤᠯᠠᠨ᠎ᠠ  ᠂ ᠠᠴᠢᠶᠠᠯᠠᠪᠤᠷᠢ ᠶᠢᠨ ᠴᠢᠳᠠᠮᠵᠢ ᠶᠢ ᠴᠢᠩᠭᠠᠷᠠᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠱᠣᠩ᠂ ᠲᠣᠮᠣ ᠬᠡᠯᠪᠡᠷᠢ ᠶᠢᠨ ᠲᠠᠷᠢᠶᠠᠯᠠᠩ ᠤᠨ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠠᠷᠠᠳ ᠲᠤ ᠲᠥᠬᠦᠮ ᠦᠵᠡᠭᠦᠯᠬᠦ ᠬᠤᠯᠪᠣᠯᠳᠤᠭᠰᠠᠨ  ᠦᠢᠯᠡᠴᠢᠯᠡᠭᠡᠨ ᠤ ᠲᠥᠪ ᠵᠡᠷᠭᠡ ᠠᠮᠢᠳᠤᠷᠠᠯ ᠤᠨ ᠢᠵᠢ ᠪᠥᠷᠢᠳᠦᠭᠦᠯᠬᠦ ᠪᠡᠯᠡᠳᠬᠡᠮᠵᠢ ᠶᠢ ᠪᠥᠲᠥᠭᠡᠨ ᠪᠠᠶᠢᠭᠤᠯᠵᠤ᠂ ︽15 ᠮᠢᠨᠦ᠋ᠲ ᠤᠨ ᠠᠮᠢᠳᠤᠷᠠᠯ ᠤᠨ ᠬᠦᠷᠢᠶ᠎ᠡ︾᠎ ᠶᠢ ᠪᠠᠶᠢᠭᠤᠯᠤᠨ᠎ᠠ᠃ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠲᠡᠭᠡᠭᠰᠢᠯᠡᠭᠦᠨ᠎ᠡ᠃    ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠶᠡᠭᠡ ᠡᠷᠴᠢᠮ ᠢᠶᠠᠷ ᠪᠠᠶᠢᠭᠤᠯᠤᠨ᠎ᠠ᠃ ᠬᠥᠬᠡᠬᠤᠲᠠ ᠶᠢᠨ ᠬᠡᠰᠡᠭ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠶᠢ ᠢᠳᠡᠪᠬᠢᠲᠡᠶ ᠪᠠᠷ ᠵᠣᠬᠢᠴᠠᠭᠤᠯᠤᠨ ᠠᠬᠢᠭᠤᠯᠵᠤ᠂ ᠣᠷᠣᠨ ᠤ ᠲᠥᠪ ᠤᠨ ︽1 ᠴᠠᠭ ᠤᠨ ᠠᠵᠤ ᠠᠬᠤᠶ ᠶᠢᠨ ᠲᠣᠭᠤᠷᠢᠭ︾᠎ ᠲᠤ ᠲᠦᠷᠭᠡᠬᠡᠨ ᠠᠭᠤᠰᠤᠯᠴᠠᠭᠤᠯᠬᠤ ᠬᠡᠷᠡᠭᠲᠡᠶ᠃ G512  ᠯᠢᠶᠠᠩᠴᠧᠩ ᠠᠴᠠ  ᠬᠤᠷᠢᠨ ᠭᠡᠷ ᠬᠥᠷᠬᠦ ᠬᠡᠰᠡᠭ᠂ ᠮᠧᠶ ᠳ᠋ᠠᠶ ᠱᠤᠭᠤᠮ ᠤᠨ ᠰᠢᠨ᠎ᠡ ᠪᠠᠷ ᠨᠡᠮᠡᠭᠰᠡᠨ ᠨᠢᠭᠡᠳᠦᠭᠡᠷ ᠳᠡᠰ ᠤᠨ ᠨᠢᠭᠡ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠰᠢᠶᠠᠨ ᠤ  ᠬᠤᠶᠢᠲᠤ ᠭᠠᠷᠬᠤ  ᠡᠭᠦᠳᠡ ᠬᠢᠭᠡᠳ S209 ᠬᠤᠯᠪᠣᠬᠤ ᠱᠤᠭᠤᠮ ᠢ ᠵᠠᠰᠠᠨ ᠪᠠᠶᠢᠭᠤᠯᠵᠤ᠂ ᠡᠮᠦᠨ᠎ᠡ ᠭᠠᠳᠠᠷ ᠲᠣᠭᠤᠷᠢᠯ ᠵᠠᠮ ᠢ ᠥᠭᠡᠷᠡᠴᠢᠯᠡᠨ ᠰᠠᠶᠢᠵᠢᠷᠠᠭᠤᠯᠵᠤ᠂ S102 ᠯᠢᠶᠠᠩᠴᠧᠩ  ᠠᠴᠠ  ᠱᠠ ᠬᠤ ᠺᠸᠦ ᠬᠥᠷᠬᠦ ᠬᠡᠰᠡᠭ᠂ S209 ᠯᠢᠶᠠᠩᠴᠧᠩ ᠠᠴᠠ ᠽᠦᠸᠧ ᠶᠦᠨ ᠬᠥᠷᠬᠦ ᠬᠡᠰᠡᠭ ᠤᠨ ᠲᠥᠷᠥᠯ  ᠵᠦᠢᠯ ᠢ ᠪᠣᠳᠠᠲᠠᠶ ᠪᠠᠷ ᠠᠵᠢᠯ ᠡᠬᠢᠯᠡᠭᠦᠯᠬᠦ ᠪᠠᠷ ᠴᠢᠷᠮᠠᠶᠢᠵᠤ᠂ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠤᠤᠯ ᠰᠤᠳᠠᠰᠤ ᠶᠢ ᠲᠦᠢᠯᠪᠤᠷᠢᠲᠠᠶ ᠨᠡᠪᠲᠡᠷᠡᠭᠦᠯᠦᠨ᠎ᠡ᠃ ᠠᠭᠠᠷ ᠤᠨ ᠠᠶᠠᠯᠠᠯ ᠤᠨ ᠤᠢ ᠰᠢᠭᠤᠶ ᠶᠢ ᠬᠠᠮᠠᠭᠠᠯᠠᠬᠤ ᠦᠷᠳᠡᠭᠡ ᠶᠢ ᠪᠠᠶᠢᠭᠤᠯᠵᠤ᠂ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠠᠶᠢᠴᠢᠯᠠᠬᠤ ᠪᠠ ᠲᠡᠭᠦᠨ ᠳᠤ ᠦᠢᠯᠡᠴᠢᠯᠡᠨ᠎ᠡ᠃ ᠬᠤᠲᠠ ᠶᠢᠨ ᠶᠠᠪᠤᠳᠠᠯ ᠤᠨ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠵᠢᠵᠢᠭ ᠵᠡᠭᠡᠯᠢ ᠵᠢᠵᠢᠭ ᠭᠤᠳᠤᠮᠵᠢ ᠶᠢ ᠬᠠᠲᠠᠭᠤᠷᠠᠭᠤᠯᠤᠨ ᠵᠠᠰᠠᠬᠤ ᠶᠢ ᠬᠡᠷᠡᠭᠵᠢᠭᠦᠯᠦᠨ᠂ ᠳᠣᠲᠣᠭᠠᠳᠤ ᠡᠷᠭᠢᠯᠲᠡ ᠶᠢ ᠲᠡᠭᠦᠯᠳᠡᠷᠵᠢᠭᠦᠯᠵᠦ᠂ ᠪᠢᠴᠢᠯ ᠡᠷᠭᠢᠯᠲᠡ ᠶᠢ ᠰᠠᠭᠠᠳ ᠥᠬᠡᠶ ᠨᠡᠪᠲᠡᠷᠡᠭᠦᠯᠦᠨ᠎ᠡ᠃ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢ ᠪᠥᠬᠦ ᠲᠠᠯ᠎ᠠ ᠪᠠᠷ ᠲᠠᠰ ᠳᠡᠪᠰᠢᠭᠦᠯᠵᠦ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠢ ᠨᠡᠶᠢᠲᠡ ᠶᠢᠨ ᠮᠠᠰᠢᠨᠴᠢᠯᠠᠬᠤ ᠥᠭᠡᠷᠡᠴᠢᠯᠡᠯᠲᠡ ᠶᠢ ᠠᠬᠢᠭᠤᠯᠤᠨ᠂ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡ ᠶᠢ ᠰᠠᠶᠢᠵᠢᠷᠠᠭᠤᠯᠤᠨ᠎ᠠ᠃      ᠲᠤᠯᠤᠭ᠎ᠠ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ    ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠵᠦᠢᠯᠡᠰ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠬᠢᠬᠦ ᠶᠢ ᠪᠠᠷᠢᠮᠲᠠᠯᠠᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠢ ᠨᠡᠩ ︽ᠬᠠᠩᠭᠠᠮᠵᠢᠲᠠᠶ︾ ᠪᠣᠯᠭᠠᠵᠤ᠂ ᠵᠣᠯ ᠵᠢᠷᠭᠠᠯ ᠤᠨ ᠲᠦᠷᠦᠭᠳᠡᠯ ᠢ ᠨᠡᠩ ︽ᠤᠯᠠᠨ︾᠂ ᠠᠮᠤᠷ ᠲᠦᠪᠰᠢᠨ ᠤ ᠲᠦᠷᠦᠭᠳᠡᠯ ᠢ ᠨᠡᠩ ︽ᠴᠢᠩᠭ᠎ᠠ︾ ᠪᠣᠯᠭᠠᠨ᠎ᠠ᠃    ᠠᠷᠠᠳ ᠤᠨ ᠠᠮᠢᠳᠤᠷᠠᠯ ᠤᠨ ︽ᠪᠠᠲᠤᠯᠠᠭ᠎ᠠ ᠶᠢᠨ ᠲᠣᠣᠷ︾᠎ ᠢ ᠨᠢᠭᠲᠠ ᠰᠦᠯᠵᠢᠨ᠎ᠡ᠃ ᠵᠢᠯ ᠪᠦᠷᠢ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠰᠠᠶᠢᠲᠤᠷ ᠡᠷᠬᠢᠯᠡᠬᠦ ᠶᠢ ᠪᠠᠷᠢᠮᠲᠠᠯᠠᠵᠤ᠂ ᠠᠷᠠᠳ ᠤᠯᠠᠨ ᠳᠤ ᠦᠨᠡᠨ ᠬᠦ ᠬᠤᠪᠢᠷᠠᠯᠲᠠ ᠶᠢ ᠬᠠᠷᠠᠭᠤᠯᠵᠤ᠂ ᠪᠣᠳᠠᠲᠤ ᠠᠰᠢᠭ ᠬᠦᠷᠲᠡᠭᠡᠨ᠎ᠡ᠃ ᠠᠵᠢᠯ ᠣᠯᠭᠤᠯᠲᠠ ᠶᠢ ᠲᠡᠷᠢᠭᠦᠨ ᠳᠤ  ᠲᠠᠯᠪᠢᠵᠤ᠂   ᠲᠡᠭᠡᠳᠤ ᠰᠤᠷᠭᠠᠭᠤᠯᠢ ᠲᠡᠭᠦᠰᠦᠭᠰᠡᠳ᠂ ᠨᠤᠲᠤᠭ ᠲᠠᠭᠠᠨ ᠪᠤᠴᠠᠭᠰᠠᠨ ᠬᠥᠯᠥᠰᠥᠨ ᠠᠵᠢᠯᠴᠢᠨ᠂ ᠴᠡᠷᠢᠭ ᠠᠴᠠ ᠬᠠᠯᠠᠭᠳᠠᠭᠰᠠᠳ᠂ ᠬᠥᠳᠡᠭᠡ ᠲᠣᠰᠬᠤᠨ ᠠᠴᠠ ᠰᠢᠯᠵᠢᠭᠰᠡᠨ ᠬᠥᠳᠡᠯᠮᠦᠷᠢ ᠶᠢᠨ ᠬᠦᠴᠦᠨ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠰᠠᠶᠢᠲᠤᠷ ᠠᠳᠬᠤᠨ᠎ᠠ᠃ ᠪᠥᠬᠦᠳᠡ ᠣᠯᠠᠨ ᠢᠶᠠᠷ ᠢᠶᠠᠨ ᠠᠳᠠᠯ  ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠭᠦᠨᠵᠡᠭᠡᠶ ᠬᠡᠷᠡᠭᠵᠢᠭᠦᠯᠵᠦ᠂ ᠠᠳᠠᠯ  ᠦᠢᠯᠡᠰ ᠴᠣᠭᠴᠠᠯᠠᠬᠤ ᠶᠢᠨ ᠨᠡᠪᠴᠢᠭᠦᠯᠬᠦ ᠬᠦᠷᠢᠶᠡᠯᠡᠩ ᠤᠨ ᠲᠠᠪᠴᠠᠩ ᠤᠨ  ᠦᠢᠯᠡᠳᠦᠯ ᠢ ᠪᠠᠳᠠᠷᠠᠭᠤᠯᠤᠨ᠂ ᠠᠳᠠᠯ  ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ︽ᠳᠠᠬᠢᠨ ᠢᠶᠠᠷ ᠨᠡᠮᠡᠭᠳᠡᠭᠦᠯᠬᠦ ᠦᠢᠯᠡᠳᠦᠯ︾᠎ ᠢ ᠪᠠᠳᠠᠷᠠᠭᠤᠯᠤᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠥᠭᠡᠷᠡᠴᠢᠯᠡᠨ ᠪᠠᠶᠢᠭᠤᠯᠵᠤ᠂ ᠨᠢᠭᠡ ᠪᠦᠯᠦᠭ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠮᠡᠷᠭᠡᠵᠢᠯ ᠤᠷ᠎ᠠ ᠴᠢᠳᠠᠪᠤᠷᠢᠲᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ︽ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ︾᠎ ᠶᠢ ᠭᠦᠨᠵᠡᠭᠡᠶ ᠬᠡᠷᠡᠭᠵᠢᠭᠦᠯᠵᠦ᠂ ᠬᠤᠲᠠ ᠪᠠᠯᠭᠠᠰᠤ ᠶᠢᠨ ᠠᠵᠢᠯᠲᠠᠨ ᠠᠵᠢᠯᠴᠢᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠷᠢᠮ ᠢ ᠨᠡᠶᠢᠳᠡᠮ ᠬᠡᠷᠡᠭᠵᠢᠭᠦᠯᠦᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠡᠯ᠎ᠡ  ᠵᠦᠢᠯ ᠤᠨ ᠡᠮᠴᠢᠯᠡᠭᠡᠨ ᠤ ᠳᠠᠭᠠᠳᠬᠠᠯ ᠤᠨ ᠲᠦᠷᠢᠮ ᠤᠨ ᠬᠠᠷᠢᠯᠴᠠᠨ ᠵᠣᠯᠭᠠᠯᠳᠤᠬᠤ ᠶᠢ ᠠᠬᠢᠭᠤᠯᠤᠨ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠵᠤ᠂ ᠡᠳ᠋ᠯᠡᠬᠦ ᠶᠣᠰᠣᠲᠠᠶ ᠶᠢ ᠨᠢ ᠴᠥᠮ ᠡᠳ᠋ᠯᠡᠬᠦ ᠶᠢ ᠪᠡᠶᠡᠯᠡᠭᠦᠯᠦᠨ᠎ᠡ᠃ ᠲᠡᠰ ᠳᠠᠪᠬᠤᠷᠭ᠎ᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠬᠦᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠵᠡᠷᠭᠡ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠲᠦᠷᠢᠮ ᠢ ᠨᠠᠶᠢᠳᠠᠪᠤᠷᠢᠵᠢᠭᠤᠯᠵᠤ᠂ ᠬᠤᠳᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠯᠲᠠ ᠶᠢ ᠠᠳᠠᠯᠢ ᠲᠡᠭᠰᠢ ᠪᠣᠯᠭᠠᠬᠤ ᠶᠢ ᠪᠡᠶᠡᠯᠡᠭᠦᠯᠦᠨ᠎ᠡ᠃    ᠣᠯᠠᠨ ᠨᠡᠶᠢᠲᠡ ᠶᠢᠨ ︽ ᠦᠢᠯᠡᠴᠢᠯᠡᠭᠡᠨ ᠤ ᠲᠣᠤᠷ︾᠎ ᠢ ᠰᠠᠶᠢᠲᠤᠷ ᠰᠦᠯᠵᠢᠨ᠎ᠡ᠃ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠷᠳᠡᠮ ᠤᠨ ᠴᠣᠯᠠ ᠶᠢᠨ ᠬᠠᠩᠭᠠᠯᠭ᠎ᠠ ᠶᠢ ᠥᠷᠭᠡᠳᠬᠡᠵᠦ᠂ ᠠᠰᠠᠷᠠᠨ ᠬᠥᠮᠦᠵᠢᠭᠦᠯᠬᠦ ᠠᠰᠠᠷᠠᠨ ᠬᠥᠮᠦᠵᠢᠭᠦᠯᠬᠦ ᠠᠭᠤᠯᠤᠭᠳᠠᠬᠤᠨ ᠤ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠶ ᠪᠣᠯᠭᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠠᠯᠪᠠᠨ ᠠᠴᠠ ᠡᠷᠬᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠵᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠰᠤᠷᠭᠠᠨ ᠬᠥᠮᠦᠵᠢᠯ  ᠎ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠣᠨᠴᠠᠯᠢᠬᠵᠢᠭᠤᠯᠤᠭᠰᠠᠨ ᠰᠤᠷᠭᠠᠭᠤᠯᠢ ᠡᠷᠭᠢᠯᠡᠬᠦ ᠵᠠᠭᠪᠤᠷ ᠲᠤ ᠰᠢᠨ᠎ᠡ ᠶᠢ ᠡᠭᠦᠳᠴᠦ᠂ ᠯᠢᠶᠠᠩᠴᠧᠩ ᠰᠢᠶᠠᠨ  ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠠᠵᠢᠯ ᠮᠡᠷᠭᠡᠵᠢᠯ ᠤᠨ ᠠᠭᠤᠰᠤᠯᠴᠠᠨ ᠨᠡᠪᠲᠡᠷᠡᠯᠴᠡᠬᠦ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ 2 — 3 ᠲᠣᠭᠤᠷᠢᠭ ᠬᠤᠲᠠ ᠶᠢᠨ ᠲᠠᠰ ᠤᠨ ᠠᠵᠢᠯ ᠮᠡᠷᠭᠡᠵᠢᠯ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠣᠳᠣᠨ ᠲᠤᠰᠬᠠᠶ ᠮᠡᠷᠭᠡᠵᠢᠯ ᠢ ᠪᠣᠶ ᠪᠣᠯᠭᠠᠨ᠎ᠠ᠃ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠢ ᠶᠡᠬᠡᠪᠡᠷ ᠳᠡᠮᠵᠢᠨ ᠵᠢᠷᠤᠮᠵᠢᠭᠤᠯᠵᠤ᠂ ᠠᠷᠠᠳ ᠣᠯᠠᠨ ᠤ ᠣᠯᠠᠨ ᠲᠠᠰ ᠳᠠᠪᠬᠤᠷᠭ᠎ᠠ ᠣᠯᠠᠨ ᠶᠠᠩᠵᠤ ᠶᠢᠨ ᠰᠤᠷᠭᠠᠨ ᠬᠥᠮᠦᠵᠢᠯ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠨ᠎ᠠ᠃ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠭᠰᠢ ᠰᠤᠷᠤᠭᠴᠢᠳ ᠤᠨ ᠳᠠᠷᠤᠭᠠᠰᠤ ᠶᠢ ᠦᠨᠡᠨᠬᠦ ᠬᠥᠩᠭᠡᠷᠡᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠢ ᠴᠢᠩᠭᠠᠷᠠᠭᠤᠯᠤᠨ᠎ᠠ᠃ ᠡᠷᠡᠭᠦᠯ ᠰᠠᠷᠠᠭᠤᠯ   ᠯᠢᠶᠠᠩᠴᠧᠩ ᠶᠢ ᠪᠠᠶᠢᠭᠤᠯᠤᠨ᠎ᠠ᠃ ᠪᠠᠶᠢᠩᠭᠤᠵᠢᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠥᠬᠦ ᠶᠠᠪᠤᠴᠠ ᠶᠢᠨ ᠪᠠᠴᠢᠮ ᠪᠠᠶᠢᠳᠠᠯ ᠢ ᠠᠷᠭᠠᠴᠠᠨ  ᠰᠢᠢᠳᠪᠤᠷᠢᠯᠡᠬᠦ ᠰᠢᠰᠲ᠋ᠧᠮᠵᠢ ᠶᠢ ᠪᠦᠷᠢᠨᠰᠢᠬᠦᠯᠵᠦ᠂ ︽ᠭᠠᠳᠠᠨ᠎ᠠ ᠠᠴᠠ ᠰᠡᠷᠭᠡᠶᠢᠯᠡᠨ ᠣᠷᠣᠭᠤᠯᠬᠤ︾᠎ ᠶᠢᠨ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠮᠡᠳᠡᠷᠡᠯ ᠤᠨ ᠡᠪᠡᠳᠴᠢᠨ ᠤ ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠵᠤ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢ ᠬᠤᠶᠠᠳᠤᠭᠠᠷᠰᠢᠶᠠᠨ ᠤ ᠬᠡᠪᠴᠢᠶᠡᠨ ᠤ ︽ᠡᠮᠴᠢᠯᠡᠭᠡᠨ ᠤ ᠬᠠᠮᠲᠤ ᠶᠢᠨ ᠴᠣᠭᠴᠠ︾᠎ ᠶᠢᠨ ᠪᠠᠶᠢᠭᠤᠯᠤᠯᠲᠠ ᠶᠢ ᠲᠦᠷᠭᠡᠳᠬᠡᠵᠦ᠂ ᠡᠮᠴᠢᠯᠡᠭᠡᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠦᠵᠢᠭᠦᠯᠬᠦ ᠶᠢ ᠴᠢᠩᠭᠠᠳᠬᠠᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ   ᠰᠠᠶᠢᠵᠢᠷᠠᠭᠤᠯᠤᠨ᠎ᠠ᠃  ᠭᠤᠷᠪᠠᠨ ᠬᠡᠤᠬᠡᠳ ᠠᠪᠬᠤ ᠲᠥᠷᠥ ᠶᠢᠨ ᠪᠣᠳᠣᠯᠭ᠎ᠠ ᠵᠢᠴᠢ ᠢᠵᠢ ᠪᠥᠷᠢᠳᠦᠭᠦᠯᠦᠨ ᠳᠡᠮᠵᠢᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ᠃ ᠰᠣᠶᠣᠯ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ︽ᠤᠯᠠᠭᠠᠨᠮᠥ᠋ᠴᠢᠷ ᠤᠨ ᠲᠦᠷᠢᠮ︾᠎ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠠᠭᠠᠨᠮᠥ᠋ᠴᠢᠷ ᠤᠨ ᠠᠵᠢᠯ  ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠰᠣᠶᠣᠯ ᠤᠨ ᠦᠷᠲᠡᠭᠡ ︵ᠦᠷᠦᠭᠡ︶᠎ ᠶᠢᠨ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠦᠢᠯᠡᠳᠦᠯ ᠢ ᠦᠨᠡᠨ ᠬᠦ ᠪᠠᠳᠠᠷᠠᠭᠤᠯᠤᠨ᠎ᠠ᠃ ᠬᠥᠳᠡᠭᠡ ᠲᠣᠰᠬᠤᠨ ᠤ ᠰᠣᠶᠣᠯ ᠤᠨ ᠳᠠᠭᠠᠭᠤᠯᠤᠭᠴᠢ ᠶᠢᠨ ᠡᠩᠨᠡᠭᠡ ᠶᠢ ᠬᠥᠮᠦᠵᠢᠭᠦᠯᠵᠦ᠂ ᠪᠠᠶᠢᠩᠭᠤ ᠰᠠᠭᠤᠭ᠎ᠠ ᠡᠷᠦᠬᠡ 120 ᠡᠷᠦᠬᠡ ᠠᠴᠠ ᠳᠡᠭᠡᠭᠰᠢᠬᠢ ᠲᠣᠰᠬᠤᠨ ᠳᠤ ᠠᠳᠠᠭ ᠲᠠᠭᠠᠨ 1 ᠨᠡᠷᠡᠰ ᠰᠣᠶᠣᠯ ᠤᠨ ᠳᠠᠭᠠᠭᠤᠯᠤᠭᠴᠢ ᠲᠠᠢ ᠪᠠᠶᠢᠬᠤ ᠶᠢ ᠪᠡᠶᠡᠯᠡᠭᠦᠯᠦᠨ᠎ᠡ᠃ ᠤᠷᠳᠤ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠰᠣᠶᠣᠯ ᠤᠨ ᠵᠦᠢᠯᠡᠰ  ᠰᠢᠶᠠᠨ ᠰᠢᠶᠠᠩ ᠲᠣᠰᠬᠤᠨ ᠤ ᠣᠯᠠᠨ ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢ ᠲᠡᠭᠦᠯᠳᠡᠷᠵᠢᠭᠦᠯᠵᠦ᠂ ︽10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾᠎ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ︽ᠲᠦᠮᠡᠨ ᠰᠣᠷᠣᠭᠴᠢ ᠶᠢᠨ ᠮᠥᠰᠥ ᠴᠠᠰᠤᠨ ᠳᠤ ᠣᠷᠣᠬᠤ · ᠤᠮᠪᠠᠯᠲᠠ ᠶᠢᠨ ᠴᠥᠭᠦᠷᠥᠮ ᠳᠤ ᠪᠠᠭᠤᠬᠤ︾ ︽ᠠᠭᠤᠯᠠ ᠤᠰᠤᠨ ᠤ ᠠᠶᠠᠯᠠᠯ︾ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠦᠷᠭᠦᠯᠵᠢᠯᠡᠨ ᠥᠷᠨᠢᠭᠦᠯᠵᠦ᠂ ᠣᠯᠠᠨ ᠲᠦᠮᠡᠨ ᠤ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠲᠠᠢ ᠪᠣᠯᠬᠤ ᠶᠢ ᠰᠠᠨᠠᠭᠠᠴᠢᠯᠠᠨ᠎ᠠ᠃    ᠠᠮᠤᠷ ᠲᠦᠪᠰᠢᠨ ᠤ ︽ᠬᠠᠮᠠᠭᠠᠯᠠᠯᠲᠠ ᠶᠢᠨ ᠲᠣᠤᠷ︾᠎ ᠢ ᠪᠠᠲᠤ ᠪᠠᠬᠢ ᠪᠠᠶᠢᠭᠤᠯᠤᠨ᠎ᠠ᠃ ᠠᠶᠤᠯᠭᠦᠶ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠲᠠᠯᠳᠠ ᠭᠡᠮ ᠢ ᠳᠠᠷᠠᠭᠠᠯᠠᠨ ᠪᠠᠶᠢᠴᠠᠭᠠᠬᠤ ᠳᠠᠪᠬᠤᠷ ᠤᠷᠢᠳᠴᠢᠯᠠᠨ ᠰᠡᠷᠭᠡᠶᠢᠯᠡᠬᠦ ᠰᠢᠰᠲ᠋ᠧᠮ ᠢ ᠪᠠᠶᠢᠭᠤᠯᠵᠤ᠂ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠢᠳᠡᠭᠡᠨ ᠪᠠ ᠡᠮ ᠤᠨ ᠵᠦᠢᠯ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠠᠮᠤᠷ ᠲᠦᠪᠰᠢᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠠᠮᠤᠷ ᠠᠮᠤᠭᠤᠯᠠᠩ ᠯᠢᠶᠠᠩᠴᠧᠩ  ᠶᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃ ᠰᠢᠨ᠎ᠡ ᠴᠠᠭ ᠦᠶ᠎ᠡ ᠶᠢᠨ ︽ ᠴᠢᠶᠤᠤ ᠹᠧᠩ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ᠂ ᠵᠢᠭᠰᠠᠭᠠᠨ ᠪᠠᠶᠢᠴᠠᠭᠠᠵᠤ ᠡᠮᠬᠢᠯᠡᠬᠦ᠂ ᠵᠢᠭᠤᠷᠠᠯᠳᠤᠭᠠᠨ ᠢ  ᠰᠢᠢᠳᠪᠤᠷᠢᠯᠡᠬᠦ᠂ ᠪᠠᠴᠢᠮ ᠪᠠᠶᠢᠳᠠᠯ ᠢ ᠠᠷᠭᠠᠴᠠᠨ  ᠰᠢᠢᠳᠪᠤᠷᠢᠯᠡᠬᠦ ᠨᠡᠶᠢᠭᠡᠮ ᠤᠨ ᠵᠥᠷᠢᠴᠡᠯ ᠢ ᠶᠡᠷᠦᠩᠬᠡᠶᠢᠯᠡᠨ ᠵᠠᠰᠠᠬᠤ ᠲᠣᠭᠲᠠᠴᠠ ᠶᠢ ᠪᠠᠶᠢᠭᠤᠯᠤᠨ᠂ ᠣᠯᠠᠨ ᠲᠦᠮᠡᠨ ᠤ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠲᠣᠬᠢᠲᠠᠶ  ᠰᠢᠢᠳᠪᠤᠷᠢᠯᠡᠨ᠎ᠡ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠶᠡᠷᠦᠩᠬᠡᠶᠢᠯᠡᠭᠰᠡᠨ ᠥᠷᠢ ᠥᠭᠴᠡᠭᠡ ᠶᠢᠨ ᠨᠤᠷᠮ᠎ᠠ ᠶᠢ 120%᠎ ᠠᠴᠠ ᠳᠣᠭᠤᠭᠰᠢ ᠪᠣᠯᠲᠠᠯ᠎ᠠ ᠪᠠᠭᠤᠷᠠᠭᠤᠯᠤᠨ᠎ᠠ᠃ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 — 2025 ᠣᠨ︶︾᠎ ᠶᠢ ᠰᠠᠶᠢᠲᠤᠷ ᠲᠤᠤᠱᠯᠠᠭᠤᠯᠤᠨ ᠬᠡᠷᠡᠭᠵᠢᠭᠦᠯᠵᠦ᠂ ︽ ᠨᠠᠢᠮᠠᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠠᠵᠢᠯ ᠢ ᠴᠢᠨᠠᠷ ᠰᠠᠶᠢᠲᠠᠶ ᠠᠬᠢᠭᠤᠯᠵᠤ᠂ ᠪᠥᠬᠦ ᠠᠷᠠᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃    ᠡᠭᠦᠨ ᠤ ᠬᠠᠮᠲᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠵᠤ᠂ ᠦᠨᠳᠦᠰᠦᠲᠡᠨ ᠱᠠᠰᠢᠨ ᠰᠤᠷᠲᠠᠬᠤᠨ᠂ ᠠᠮᠤ ᠪᠤᠳᠠᠭᠠᠨ ᠤ ᠨᠥᠭᠡᠴᠡᠯᠡᠯ᠂ ᠴᠠᠭ ᠠᠭᠤᠷ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠪᠠᠳᠠᠷᠠᠭᠤᠯᠬᠤ ᠶᠢ ᠶᠡᠬᠡᠪᠡᠷ ᠳᠡᠮᠵᠢᠵᠦ᠂ ᠡᠯ᠎ᠡ ᠵᠦᠢᠯ ᠤᠨ ᠨᠡᠶᠢᠭᠡᠮ ᠤᠨ ᠦᠢᠯᠡᠰ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠪᠠᠲᠤᠯᠠᠨ᠎ᠠ᠃                              2022 ᠣᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ          ᠡᠨᠡ ᠵᠢᠯ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠬᠢᠯᠡᠯᠲᠡ ᠶᠢᠨ ᠵᠢᠯ ᠮᠥᠨ ᠪᠣᠯᠬᠤᠷ ᠪᠦᠬᠦ ᠵᠢᠯ ᠤᠨ ᠠᠵᠢᠯ ᠢᠶᠠᠨ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠤᠷᠢᠯᠡᠯ ᠤᠨ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 6.5% ᠣᠷᠴᠢᠮ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 6% ᠣᠷᠴᠢᠮ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 10% ᠣᠷᠴᠢᠮ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ‌‍ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 8% ᠣᠷᠴᠢᠮ  ᠨᠡᠮᠡᠭᠳᠡᠪᠡ᠃  ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 7% ᠪᠠ 9% ᠣᠷᠴᠢᠮ ᠨᠡᠮᠡᠭᠳᠡᠪᠡ︔ ᠳᠡᠭᠡᠳᠦ ᠱᠠᠲᠤᠨ ᠠᠴᠠ ᠪᠠᠭᠤᠯᠭᠠᠭᠰᠠᠨ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠬᠠᠷᠠᠯᠲᠠᠲᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠨ᠎ᠡ᠃    ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ ᠪᠢᠳᠡ ᠳᠣᠣᠷᠠᠬᠢ ᠲᠠᠪᠤᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄    ᠨᠢᠭᠡ᠂ ᠠᠮᠢ ᠠᠬᠤᠢ ᠶᠢᠨ ᠬᠠᠮᠠᠭᠠᠯᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠦᠭᠡᠢ ᠬᠥᠭᠵᠢᠯᠲᠡ ᠶᠢ ᠦᠢᠯᠡᠳᠦᠯᠭᠡᠵᠢᠭᠦᠯᠬᠦ ᠳᠡᠭᠡᠷ᠎ᠡ ᠳᠠᠬᠢᠨᠲᠠ ᠬᠦᠴᠦᠯᠡᠬᠦ ᠬᠡᠷᠡᠭᠲᠡᠢ    ᠲᠠᠭ᠎ᠠ ᠵᠢᠨ‌ᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠰᠢ ᠶᠢᠨ ᠫᠢᠩ ᠶᠡᠷᠦᠩᠬᠡᠶ ᠱᠦᠵᠢ ᠶᠢᠨ ︽ᠨᠢᠭᠡ ᠨᠠᠭᠤᠷ ᠬᠤᠶᠠᠷ ᠲᠠᠩᠭᠢᠰ︾᠎ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ 3᠂ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 14 ᠵᠦᠢᠯ ᠤᠨ ᠵᠦᠢᠯᠡᠰ ᠢ ᠬᠡᠷᠡᠭᠵᠢᠭᠦᠯᠦᠨ᠂ ᠤᠰᠤᠨ ᠤ ᠬᠡᠮᠵᠢᠶ᠎ᠡ᠂ ᠤᠰᠤᠨ ᠤ ᠴᠢᠨᠠᠷ ᠤᠨ ᠭᠦᠢᠴᠡᠳᠬᠡᠬᠦ ᠲᠤᠭ᠎ᠠ ᠶᠢ ᠵᠦᠢ ᠵᠣᠬᠢᠰᠲᠠᠶ ᠣᠷᠣᠨ ᠵᠠᠶ ᠶᠢᠨ ᠳᠣᠲᠣᠷ᠎ᠠ ᠪᠠᠶᠢᠯᠭᠠᠬᠤ ᠪᠠᠷ ᠴᠢᠷᠮᠠᠶᠢᠪᠠ᠃ ︽ᠤᠰᠤᠨ ᠤ ᠬᠡᠮᠵᠢᠶ᠎ᠡ ᠶᠢ ᠨᠡᠮᠡᠭᠳᠡᠭᠦᠯᠬᠦ︾ ᠲᠠᠯ᠎ᠠ ᠪᠠᠷ᠂ ᠪᠥᠬᠦ ᠰᠢᠶᠠᠨ ᠤ ᠬᠦᠴᠦᠨ ᠢᠶᠠᠷ ᠪᠠᠴᠢᠮ ᠪᠠᠶᠢᠳᠠᠯ ᠢ ᠠᠷᠭᠠᠴᠠᠬᠤ ᠤᠰᠤ ᠨᠥᠬᠦᠪᠥᠷᠢᠯᠡᠬᠦ ᠢᠨᠵᠧᠨᠧᠷᠢᠩ ᠤᠨ ᠲᠣᠭᠲᠠᠭᠰᠠᠨ ᠬᠤᠭᠤᠴᠠᠭᠠᠨ ᠳᠤ ᠤᠰᠤ ᠨᠡᠪᠲᠡᠷᠡᠭᠦᠯᠬᠦ ᠶᠢ ᠪᠠᠲᠤᠯᠠᠵᠤ᠂  ᠲᠠᠭ᠎ᠠ ᠶᠢᠨ ᠨᠠᠭᠤᠷ ᠲᠤ ᠡᠬᠢ ᠡᠭᠦᠰᠦᠯ ᠤᠨ ᠤᠰᠤ᠂ ᠬᠥᠭᠵᠢᠯᠲᠡ ᠶᠢᠨ ᠤᠰᠤ ᠶᠢ ᠣᠷᠣᠭᠤᠯᠵᠤ ᠥᠭᠭᠦᠨ᠎ᠡ︔ ᠠᠵᠢᠯ ᠤᠨ ᠬᠤᠭᠤᠴᠠᠭᠠᠨ ᠳᠤ᠂ ᠭᠦᠩ ᠪᠠ ᠾᠧ ᠭᠤᠤᠯ ᠤᠨ ᠠᠳᠠᠭ ᠤᠨ ᠬᠠᠰᠢᠵᠤ ᠴᠡᠪᠡᠷᠰᠢᠭᠦᠯᠬᠦ ᠢᠨᠵᠧᠨᠧᠷᠢᠩ ᠤᠨ ᠠᠬᠢᠴᠠ ᠶᠢ ᠭᠤᠤᠷᠰᠤ ᠳᠠᠷᠤᠵᠤ ᠳᠥᠯᠭᠢᠨ ᠠᠬᠢᠭᠤᠯᠵᠤ᠂ ᠬᠠᠲᠤᠨ ᠭᠤᠤᠯ ᠤᠨ ᠤᠰᠤ ᠶᠢ  ᠲᠠᠭ᠎ᠠ ᠶᠢᠨ ᠨᠠᠭᠤᠷ ᠲᠤ ᠤᠷᠤᠭᠰᠢᠲᠠᠶ ᠬᠦᠷᠭᠡᠵᠦ᠂  ᠲᠠᠭ᠎ᠠ ᠶᠢᠨ ᠤᠰᠤᠨ ᠤ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ᠃ ︽ᠤᠰᠤᠨ ᠤ ᠴᠢᠨᠠᠷ ᠢ ᠰᠠᠶᠢᠵᠢᠷᠠᠭᠤᠯᠬᠤ︾ ᠲᠠᠯ᠎ᠠ ᠪᠠᠷ᠂ ᠬᠢᠮᠢ ᠶᠢᠨ ᠪᠤᠷᠳᠤᠭᠤᠷ ᠤᠨ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠷᠭᠠᠨᠢᠭ ᠪᠤᠷᠳᠤᠭᠤᠷ ᠢ 15 ᠲᠦᠮᠡᠨ ᠮᠦ ᠬᠡᠷᠡᠭᠯᠡᠬᠦ ᠶᠢ ᠳᠡᠯᠭᠡᠷᠡᠭᠦᠯᠵᠦ᠂ ᠬᠤᠣᠷ ᠶᠡᠬᠡᠲᠡᠶ᠂ ᠦᠯᠡᠳᠡᠭᠳᠡᠯ ᠶᠡᠬᠡᠲᠡᠶ ᠲᠠᠷᠢᠶᠠᠨ ᠡᠮ ᠣᠷᠣᠭᠤᠯᠬᠤ ᠶᠢ ᠴᠠᠭᠠᠵᠠᠯᠠᠵᠤ᠂ ᠨᠠᠭᠤᠷ ᠲᠤ ᠴᠢᠳᠬᠤᠬᠤ ᠪᠣᠬᠢᠷᠲᠤᠯ ᠪᠣᠳᠠᠰ ᠢ ᠪᠦᠲᠦᠮᠵᠢᠲᠡᠶ ᠪᠠᠷ ᠪᠠᠭᠠᠰᠬᠠᠨ᠎ᠠ᠃ ᠤᠰᠤᠨ ᠳᠤ ᠵᠢᠪᠦᠭᠰᠡᠨ ᠣᠷᠣᠨ ᠤ ᠬᠦᠨᠳᠦ ᠪᠣᠬᠢᠷᠲᠤᠯᠳᠤ ᠣᠷᠣᠨ ᠤ ᠢᠷᠣᠭᠠᠷ ᠰᠢᠪᠠᠷ ᠢ 25 ᠲᠦᠮᠡᠨ ᠪᠣᠰᠤᠭ᠎ᠠ ᠳᠥᠷᠪᠡᠯᠵᠢᠨ ᠮᠧᠲᠷ ᠴᠡᠪᠡᠷᠯᠡᠵᠦ᠂ ᠶᠤᠸᠠᠨ ᠱᠠᠨ ᠭᠧᠦ᠂ ᠴᠠᠩ ᠬᠤᠸᠠ ᠾᠧ ᠭᠤᠣᠯ᠂ ᠰᠦᠩ  ᠱᠦ᠋ ᠭᠧᠤ ᠶᠢᠨ ᠭᠤᠣᠯ ᠤᠨ ᠵᠠᠮ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠦᠰᠡ ᠶᠢ 1025 ᠮᠤ᠋  ᠪᠠᠶᠢᠭᠤᠯᠵᠤ᠂ ᠭᠤᠣᠯ ᠤᠨ ᠵᠠᠮ ᠤᠨ ᠬᠤᠨᠭ᠍ᠬᠢᠯ ᠤᠨ ᠴᠢᠭᠢᠭᠯᠢᠭ ᠭᠠᠵᠠᠷ ᠢ 483  ᠮᠤ᠋ ᠰᠡᠷᠭᠦᠭᠡᠵᠦ᠂ ᠵᠢᠭᠠᠰᠤᠨ ᠤ ᠲᠦᠷᠦᠯ ᠢ ᠲᠠᠯᠪᠢᠵᠤ ᠲᠡᠵᠢᠭᠡᠬᠦ ᠲᠤᠷᠰᠢᠯᠲᠠ ᠶᠢ ᠥᠷᠨᠢᠭᠦᠯᠦᠨ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠶᠠᠯᠠᠯ ᠤᠨ ᠰᠤᠮᠤ ᠶᠢ ᠵᠢᠭᠰᠠᠭᠠᠨ ᠪᠠᠶᠢᠴᠠᠭᠠᠵᠤ᠂ ᠤᠰᠤᠨ ᠤ ᠴᠢᠨᠠᠷ ᠤᠨ ᠪᠣᠬᠢᠷᠲᠤᠯ ᠢ ᠤᠯᠠᠮ ᠨᠢᠭᠡ ᠠᠯᠬᠤᠮ ᠪᠠᠭᠠᠰᠬᠠᠨ᠎ᠠ᠃ ︽ᠤᠰᠤᠨ ᠤ ᠠᠮᠢ ᠠᠬᠤᠶ ᠶᠢ ᠰᠡᠷᠭᠦᠭᠡᠬᠦ︾ ᠲᠠᠯ᠎ᠠ ᠪᠠᠷ᠂ ᠨᠠᠭᠤᠷ ᠤᠨ ᠬᠥᠪᠡᠭᠡᠨ ᠤ ᠪᠦᠰᠡ ᠶᠢᠨ ᠭᠠᠵᠠᠷ ᠤᠨ ᠭᠠᠳᠠᠷᠭᠤ ᠶᠢ 1.5 ᠲᠦᠮᠡᠨ ᠮᠥ ᠴᠡᠪᠡᠷᠯᠡᠵᠦ᠂ ᠤᠤᠯ ᠤᠨ ᠪᠠᠶᠢᠷᠢ ᠶᠢᠨ ᠠᠮᠢ ᠠᠬᠤᠶ ᠶᠢ ᠰᠡᠷᠭᠦᠭᠡᠬᠦ ᠤᠰᠤᠨ ᠤ ᠤᠷᠭᠤᠮᠠᠯ ᠢ 2100 ᠮᠥ᠂ ᠨᠠᠭᠤᠷ ᠤᠨ ᠬᠥᠪᠡᠭᠡᠨ ᠤ ᠨᠤᠭᠤ ᠭᠠᠵᠠᠷ ᠢ 1.2 ᠲᠦᠮᠡᠨ ᠮᠥ ᠰᠡᠷᠭᠦᠭᠡᠪᠡ᠃ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠬᠥᠷᠥᠰᠥ ᠰᠢᠷᠣᠶ ᠶᠢ ᠬᠠᠮᠠᠭᠠᠯᠠᠬᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠵᠢᠯ ᠤᠨ ᠳᠣᠲᠣᠷ᠎ᠠ 1.5 ᠲᠦᠮᠡᠨ ᠮᠥ ᠣᠶ ᠰᠢᠭᠤᠶ ᠡᠪᠡᠰᠦ ᠪᠡᠯᠴᠢᠭᠡᠷ ᠢ ᠠᠷᠠᠴᠢᠯᠠᠨ ᠪᠤᠶᠢᠵᠢᠭᠤᠯᠵᠤ ᠰᠡᠯᠪᠢᠨ ᠵᠠᠰᠠᠵᠤ᠂ 3000 ᠮᠥ ᠲᠠᠷᠢᠶᠠᠯᠠᠬᠤ ᠶᠢ ᠵᠣᠭᠰᠣᠭᠠᠵᠤ ᠴᠢᠭᠢᠭᠲᠦᠭᠦᠯᠬᠦ ᠶᠢ ᠪᠡᠶᠡᠯᠡᠭᠦᠯᠦᠨ᠎ᠡ᠃ ᠲᠠᠭ᠎ᠠ ᠶᠢᠨ  ᠨᠠᠭᠤᠷ ᠤᠨ ᠴᠢᠭᠢᠭᠯᠢᠭ ᠭᠠᠵᠠᠷ ᠵᠢᠴᠢ ᠡᠷᠬᠢᠨ ᠲᠣᠭᠤᠷᠢᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ᠂ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠠᠵᠢᠯ ᠢ ᠰᠠᠶᠢᠲᠤᠷ ᠠᠳᠬᠤᠨ᠎ᠠ᠃    ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ  ᠂ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠡᠷᠴᠢᠮ ᠢ ᠴᠢᠩᠭᠠᠷᠠᠭᠤᠯᠵᠤ᠂ ᠵᠢᠯ ᠤᠨ ᠬᠤᠷᠢᠶᠠᠨ ᠠᠪᠴᠤ ᠠᠰᠢᠭᠯᠠᠬᠤ ᠨᠣᠷᠮ᠎ᠠ ᠶᠢ 85%᠎ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ︔ ᠤᠰᠤᠨ ᠤ ᠴᠢᠨᠠᠷ ᠤᠨ ᠠᠦ᠋ᠲ᠋ᠣ᠋ ᠬᠢᠨᠠᠨ ᠬᠡᠮᠵᠢᠬᠦ ᠥᠷᠲᠡᠭᠡ ᠶᠢ 2 ᠰᠢᠨ᠎ᠡ ᠪᠠᠷ ᠪᠠᠶᠢᠭᠤᠯᠵᠤ᠂ ᠤᠰᠤᠨ ᠤ ᠣᠷᠴᠢᠨ ᠲᠣᠭᠤᠷᠢᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ︔ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠳᠤᠷ᠎ᠠ ᠪᠠᠷ ᠢᠶᠠᠨ ᠰᠠᠮᠠᠭᠤᠷᠠᠬᠤ︾᠎ ᠶᠢ ᠪᠠᠶᠢᠩᠭᠤᠵᠢᠭᠤᠯᠤᠨ ᠲᠦᠯᠬᠢᠨ ᠠᠬᠢᠭᠤᠯᠵᠤ᠂ ᠶᠦᠩ ᠰᠢᠩ ᠭᠧᠤ ᠭᠤᠣᠯ ᠤᠨ ᠵᠠᠮ ᠢ 12᠂5 ᠺᠢᠯᠣᠮᠧᠲᠷ ᠴᠡᠪᠡᠷᠯᠡᠨ ᠨᠡᠪᠲᠡᠷᠡᠭᠦᠯᠵᠦ᠂ 20 ᠲᠡᠭᠰᠢ ᠳᠥᠷᠪᠡᠯᠵᠢᠨ ᠺᠢᠯᠣᠮᠧᠲᠷ ᠬᠥᠷᠥᠰᠥ ᠰᠢᠷᠣᠶ ᠶᠢ ᠬᠠᠮᠠᠭᠠᠯᠠᠨ ᠵᠠᠰᠠᠪᠠ᠃ ︽ᠣᠶ ᠰᠢᠭᠤᠶ ᠡᠪᠡᠰᠦ ᠪᠡᠯᠴᠢᠭᠡᠷ ᠤᠨ ᠣᠷᠳᠣ ᠬᠤᠭᠤᠴᠠᠭᠠᠨ ᠤ ᠲᠦᠷᠢᠮ︾᠎ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠰᠤᠷᠪᠤᠯᠵᠢ ᠶᠢ 1.3 ᠲᠦᠮᠡᠨ ᠮᠥ ᠵᠠᠰᠠᠵᠤ᠂ ᠪᠠᠶᠢᠭᠠᠯᠢ ᠶᠢᠨ ᠣᠶ ᠰᠢᠭᠤᠶ ᠶᠢ 0.2 ᠲᠦᠮᠡᠨ ᠮᠥ ᠬᠠᠮᠠᠭᠠᠯᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢ 1 ᠲᠦᠮᠡᠨ ᠮᠥ ᠵᠠᠰᠠᠨ ᠰᠡᠷᠭᠦᠭᠡᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ  ᠰᠢᠢᠳᠪᠤᠷᠢᠯᠡᠭᠦ ᠲᠠᠶᠢᠨ ᠢ ᠭᠦᠨᠵᠡᠭᠡᠶ ᠰᠠᠶᠢᠲᠤᠷ ᠬᠢᠨ᠎ᠠ᠃ ᠨᠡᠶᠢᠭᠡᠮ ᠤᠨ ᠬᠥᠷᠥᠩᠭᠡ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ᠂ ᠬᠠᠮᠢᠶᠠᠷᠴᠤ ᠬᠠᠮᠠᠭᠠᠯᠠᠬᠤ ᠵᠡᠷᠭᠡ ᠪᠥᠬᠦ ᠶᠠᠪᠤᠴᠠ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠨ᠎ᠡ᠃ ᠡᠰᠢ ᠰᠦᠷᠡᠯ ᠢ ᠰᠢᠲᠠᠭᠠᠬᠤ᠂ ᠲᠦᠭᠦᠬᠡᠶ ᠨᠡᠭᠦᠷᠡᠰᠦ ᠶᠢ ᠰᠤᠯᠠ ᠰᠢᠲᠠᠭᠠᠬᠤ ᠵᠡᠷᠭᠡ ᠪᠣᠬᠢᠷᠲᠤᠯ ᠢ ᠬᠠᠮᠢᠶᠠᠷᠤᠨ ᠡᠵᠡᠮᠳᠡᠵᠦ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠭᠠᠵᠠᠷ ᠤᠨ ᠲᠣᠭᠤᠰᠣ ᠰᠢᠷᠣᠶ ᠵᠡᠷᠭᠡ ᠠᠭᠠᠷ ᠮᠠᠨᠳᠠᠯ ᠤᠨ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠢᠯᠴᠢ ᠴᠠᠬᠢᠯᠭᠠᠨ ᠢ ᠵᠡᠷᠭᠡᠪᠡᠷ  ᠦᠢᠯᠡᠳᠪᠤᠷᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠡᠶᠡᠯᠡᠭᠦᠯᠵᠦ᠂ ᠠᠭᠠᠷ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠠᠭᠤᠷᠬᠠᠶ ᠶᠢ ᠴᠡᠭᠴᠡᠯᠡᠨ ᠵᠠᠰᠠᠵᠤ ᠰᠡᠷᠭᠦᠭᠡᠬᠦ ᠠᠵᠢᠯ ᠢ ᠴᠢᠩᠭᠠᠳᠬᠠᠵᠤ᠂ ᠪᠦᠬᠦ ᠰᠢᠶᠠᠨ ᠤ ︽ᠭᠤᠷᠪᠠᠨ ᠣᠷᠣᠨ ᠬᠤᠶᠠᠷ ᠱᠤᠭᠤᠮ︾᠎ ᠤᠨ ᠳᠣᠲᠣᠷᠠᠬᠢ ᠬᠠᠶᠠᠭᠳᠠᠮᠠᠯ ᠮᠠᠯᠲᠠᠯᠲᠠ ᠶᠢᠨ ᠨᠦᠬᠡ ᠶᠢ ᠵᠠᠰᠠᠨ᠎ᠠ᠃       ᠬᠤᠶᠠᠷ᠂ ᠪᠦᠲᠦᠮᠵᠢᠲᠡᠶ ᠪᠠᠷ ᠵᠣᠯᠭᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠬᠤ ᠲᠠᠯ᠎ᠠ ᠪᠠᠷ ᠳᠠᠬᠢᠨᠲᠠ ᠬᠦᠴᠦᠯᠡᠬᠦ ᠬᠡᠷᠡᠭᠲᠡᠶ       ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠎ ᠤᠨ ᠠᠯᠬᠤᠴᠠ  ᠶᠢ ᠲᠦᠷᠭᠡᠳᠬᠡᠨ᠎ᠡ᠃ ᠣᠲᠣ ᠦᠶ᠎ᠡ ᠶᠢᠨ ᠲᠠᠷᠢᠮᠠᠯ ᠤᠨ  ᠦᠢᠯᠡᠰ ᠢ ᠰᠢᠯᠢᠳᠡᠭᠵᠢᠭᠦᠯᠦᠨ᠎ᠡ᠃ ︽ᠠᠮᠤ ᠪᠤᠳᠠᠭ᠎ᠠ ᠶᠢ ᠲᠠᠷᠢᠶᠠᠨ ᠭᠠᠵᠠᠷ ᠲᠤ ᠬᠠᠳᠠᠭᠠᠯᠠᠵᠤ᠂ ᠮᠡᠷᠭᠡᠵᠢᠯ ᠳᠤ ᠲᠦᠰᠢᠭᠯᠡᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠬᠠᠭᠤᠷᠠᠶ ᠪᠠᠷ ᠳᠠᠷᠢᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 5.5 ᠲᠦᠮᠡᠨ ᠮᠥ ᠪᠥᠲᠥᠭᠡᠨ ᠪᠠᠶᠢᠭᠤᠯᠵᠤ᠂ ᠡᠯᠳᠡᠪ ᠠᠮᠤ ᠡᠯᠳᠡᠪ ᠪᠤᠷᠴᠠᠭ ᠤᠨ ᠳᠠᠷᠢᠬᠤ ᠲᠠᠯᠠᠪᠠᠶ ᠶᠢ 50 ᠲᠦᠮᠡᠨ ᠮᠥ ᠠᠴᠠ ᠳᠡᠭᠡᠭᠰᠢ ᠲᠣᠭᠲᠠᠪᠤᠷᠢᠵᠢᠭᠤᠯᠤᠨ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠬᠥᠬᠡ ᠳᠠᠷᠤᠰᠢ ᠶᠢᠨ ᠡᠷᠳᠡᠨᠢ ᠰᠢᠰᠢ᠂ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠶᠢ 10 ᠲᠦᠮᠡᠨ ᠮᠥ ᠳᠠᠷᠢᠨ᠎ᠠ᠃ 6 ᠲᠦᠮᠡᠨ ᠮᠥ ᠣᠷᠭᠠᠨᠢᠭ ᠬᠠᠭᠤᠷᠠᠶ ᠲᠠᠷᠢᠶᠠᠯᠠᠩ ᠤᠨ ᠦᠷ᠎ᠡ ᠪᠦᠲᠦᠭᠡᠯ ᠢ ᠪᠠᠬᠢᠵᠢᠭᠦᠯᠵᠦ᠂ ᠵᠢᠯ ᠤᠨ ᠳᠣᠲᠣᠷ᠎ᠠ ︽  ᠯᠢᠶᠠᠩᠴᠧᠩ ᠶᠢᠨ ᠬᠠᠭᠤᠷᠠᠶ ᠠᠮᠤ︾᠎ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠪᠡᠶᠡᠯᠡᠭᠦᠯᠵᠦ᠂ ︽ᠠᠵᠤ ᠦᠢᠯᠡᠰ ᠤᠨ ᠬᠡᠯᠬᠢᠶ᠎ᠡ︾᠎ ᠠᠴᠠ ︽ᠥᠷᠲᠡᠭ ᠤᠨ ᠬᠡᠯᠬᠢᠶ᠎ᠡ︾ ᠬᠦᠷᠲᠡᠯᠡᠬᠢ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠪᠡᠶᠡᠯᠡᠭᠦᠯᠦᠨ᠎ᠡ᠃ ︽ᠰᠢᠭᠤᠳ ᠨᠡᠪᠲᠡᠷᠡᠭᠦᠯᠭᠡ + ᠡᠯᠧᠺᠲᠷᠣᠨ ᠬᠤᠳᠠᠯᠳᠤᠭ᠎ᠠ︾᠎ ᠶᠢᠨ ᠬᠡᠯᠪᠡᠷᠢ ᠪᠠᠷ᠂ ᠣᠷᠭᠠᠨᠢᠭ ᠬᠠᠭᠤᠷᠠᠶ ᠲᠠᠷᠢᠶᠠᠯᠠᠩ ᠤᠨ ᠦᠢᠯᠡᠳᠪᠤᠷᠢᠯᠡᠯ ᠤᠨ ᠪᠥᠬᠦ ᠶᠠᠪᠤᠴᠠ ᠶᠢ ᠰᠢᠭᠤᠳ ᠨᠡᠪᠲᠡᠷᠡᠭᠦᠯᠵᠦ᠂ ᠬᠡᠷᠡᠭᠯᠡᠭᠴᠢᠳ ᠤᠨ ᠢᠲᠡᠭᠡᠯ ᠢ ᠨᠡᠮᠡᠭᠳᠡᠭᠦᠯᠦᠨ᠂ ︽ ᠯᠢᠶᠠᠩᠴᠧᠩ ᠤᠨ ᠬᠠᠭᠤᠷᠠᠶ ᠠᠮᠤ︾᠎ ᠶᠢ ︽ᠡᠭᠦᠯᠡᠨ ᠦᠵᠦᠭᠦᠷ︾᠎ ᠲᠤ ᠭᠠᠷᠭᠠᠨ᠎ᠠ᠃ ᠤᠳᠤ ᠦᠶ᠎ᠡ ᠶᠢᠨ ᠮᠠᠯ ᠠᠵᠤ ᠠᠬᠤᠶ ᠶᠢ ᠬᠦᠴᠦᠷᠬᠡᠭᠵᠢᠭᠦᠯᠦᠨ᠎ᠡ᠃ ᠬᠠᠶ ᠭᠤᠤ᠂ ᠱᠧᠩ ᠲᠢᠶᠠᠨ ᠵᠡᠷᠭᠡ ᠬᠥᠲᠥᠴᠢ ᠠᠵᠤ ᠠᠬᠤᠶᠢᠯᠠᠯ ᠤᠨ ᠨᠥᠯᠥᠭᠡᠯᠡᠨ ᠳᠠᠶᠢᠴᠢᠯᠠᠬᠤ  ᠦᠢᠯᠡᠳᠦᠯ ᠢ ᠪᠠᠳᠠᠷᠠᠭᠤᠯᠵᠤ᠂ ᠲᠡᠵᠢᠭᠡᠨ ᠦᠷᠡᠵᠢᠭᠦᠯᠬᠦ ᠲᠣᠮᠣ ᠡᠷᠦᠬᠡ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠲᠦᠷᠭᠡᠳᠬᠡᠨ ᠪᠤᠶᠢᠵᠢᠭᠤᠯᠵᠤ᠂ ᠵᠢᠯ ᠤᠨ ᠳᠣᠲᠣᠷ᠎ᠠ ᠰᠢᠶᠠᠩ ᠪᠠᠯᠭᠠᠰᠤ ᠨᠢᠭᠡᠪᠦᠷᠢ ᠳᠤ ᠠᠳᠠᠭ ᠲᠠᠭᠠᠨ 2 ᠠᠯᠠᠰᠢᠨ ᠦᠬᠡᠷ ᠲᠡᠵᠢᠭᠡᠨ ᠦᠷᠡᠵᠢᠭᠦᠯᠬᠦ ᠬᠤᠷᠰᠢᠶ᠎ᠠ᠂ ᠬᠡᠷ ᠪᠦᠯᠢ ᠶᠢᠨ ᠮᠠᠯᠵᠢᠯ ᠤᠨ ᠲᠠᠯᠠᠪᠠᠶ ᠶᠢ 2 ᠰᠢᠨ᠎ᠡ ᠪᠠᠷ ᠪᠠᠶᠢᠭᠤᠯᠵᠤ᠂ ᠪᠥᠬᠦ ᠰᠢᠶᠠᠨ ᠳᠤ 2᠎ ᠠᠴᠠ ᠳᠡᠭᠡᠭᠰᠢ ᠦᠷᠡᠵᠢᠪᠦᠷᠢ ᠲᠠᠢ ᠡᠬᠡ ᠮᠠᠯ ᠲᠡᠵᠢᠭᠡᠨ ᠦᠷᠡᠵᠢᠭᠦᠯᠬᠦ ᠡᠷᠦᠬᠡ ᠶᠢ 3500 ᠡᠷᠦᠬᠡ ᠠᠴᠠ ᠳᠡᠭᠡᠭᠰᠢ ᠳᠤ ᠬᠦᠷᠦᠭᠦᠯᠵᠦ᠂ ᠠᠯᠠᠰᠢᠨ ᠦᠬᠡᠷ ᠤᠨ ᠲᠤᠭ᠎ᠠ ᠲᠣᠯᠣᠭᠠᠶ ᠶᠢ ᠰᠢᠨ᠎ᠡ ᠪᠠᠷ 1 ᠲᠦᠮᠡ ᠨᠡᠮᠡᠭᠳᠡᠭᠦᠯᠦᠨ᠎ᠡ᠃ ᠰᠠᠭᠠᠯᠢ ᠶᠢᠨ ᠦᠨᠢᠶ᠎ᠡ᠂ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠶᠢ ︽ᠰᠠᠭᠤᠷᠢᠨ ᠭᠠᠵᠠᠷ ᠪᠣᠯᠭᠠᠬᠤ︾᠎ ᠶᠢ ᠪᠠᠷᠢᠮᠲᠠᠯᠠᠵᠤ᠂ ᠵᠢᠯ ᠤᠨ ᠳᠣᠲᠣᠷ᠎ᠠ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠲᠠᠯᠠᠪᠠᠶ ᠶᠢ 3 ᠪᠠᠶᠢᠭᠤᠯᠵᠤ᠂ ᠰᠠᠭᠠᠯᠢ ᠶᠢᠨ ᠦᠨᠢᠶ᠎ᠡ ᠶᠢᠨ ᠲᠤᠭ᠎ᠠ ᠶᠢ 4000 ᠰᠢᠨ᠎ᠡ ᠪᠠᠷ ᠨᠡᠮᠡᠭᠳᠡᠭᠦᠯᠵᠦ᠂ ᠰᠠᠭᠠᠯᠢ ᠶᠢᠨ ᠢᠮᠠᠭ᠎ᠠ ᠶᠢᠨ ᠲᠤᠭ᠎ᠠ ᠶᠢ 1.2 ᠲᠦᠮᠡ ᠰᠢᠨ᠎ᠡ ᠪᠠᠷ ᠨᠡᠮᠡᠭᠳᠡᠭᠦᠯᠦᠨ᠎ᠡ᠃    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ  ᠰᠢᠢᠳᠪᠤᠷᠢᠯᠡᠬᠦ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠠᠯ᠎ᠠ ᠪᠠᠷ ᠦᠷᠭᠦᠯᠵᠢᠯᠡᠨ ᠬᠦᠴᠦᠯᠡᠨ ᠴᠢᠷᠮᠠᠶᠢᠪᠠ᠃ ᠨᠠᠷᠢᠯᠢᠭ ᠨᠠᠶᠢᠳᠠᠪᠤᠷᠢᠵᠢᠭᠤᠯᠵᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠨᠠᠶᠢᠳᠠᠪᠤᠷᠢᠵᠢᠭᠤᠯᠤᠨ᠂ ᠠᠵᠢᠯ ᠤᠨ ᠰᠢᠰᠲ᠋ᠧᠮᠵᠢ᠂ ᠬᠥᠭᠵᠢᠯᠲᠡ ᠶᠢᠨ ᠲᠥᠯᠥᠪᠵᠢᠭᠦᠯᠭᠡ᠂ ᠬᠢᠨᠠᠨ ᠰᠢᠯᠭᠠᠬᠤ ᠲᠣᠭᠲᠠᠴᠠ ᠵᠡᠷᠭᠡ ᠶᠢ ᠪᠦᠲᠦᠮᠵᠢᠲᠡᠶ ᠵᠣᠯᠭᠠᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠭᠤᠤᠯ ᠪᠣᠯᠬᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠪᠠᠲᠤᠯᠠᠨ᠂ ᠬᠠᠪᠰᠤᠷᠤᠨ ᠲᠡᠳᠬᠦᠬᠦ ᠡᠩᠨᠡᠭᠡ ᠶᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠨ᠎ᠠ᠃ ᠬᠢᠨᠠᠨ ᠬᠡᠮᠵᠢᠭᠳᠡᠬᠦ ᠡᠲᠡᠭᠡᠳ ᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠭᠡᠷ ᠤᠨ ᠣᠷᠣᠢ ᠶᠢᠨ ᠭᠡᠷᠡᠯ ᠢᠶᠠᠷ ᠴᠠᠬᠢᠯᠭᠠᠨ ᠭᠠᠷᠭᠠᠬᠤ᠂ ᠬᠦᠷᠢᠶ᠎ᠡ ᠬᠠᠰᠢᠶ᠎ᠠ ᠶᠢᠨ ᠠᠵᠤ ᠠᠬᠤᠶ᠂ ᠶᠠᠳᠠᠭᠤ ᠶᠢ ᠰᠡᠷᠭᠡᠶᠢᠯᠡᠵᠦ ᠶᠠᠳᠠᠭᠤ ᠶᠢ ᠪᠠᠲᠤᠯᠠᠬᠤ ᠵᠡᠷᠭᠡ ᠡᠷᠦᠬᠡ ᠳᠤ ᠬᠦᠷᠲᠡᠯ᠎ᠡ 5 ᠵᠦᠢᠯᠡᠰ ᠢ ᠬᠡᠷᠡᠭᠵᠢᠭᠦᠯᠵᠦ᠂ ᠲᠠᠬᠢᠨ ᠶᠠᠳᠠᠭᠤᠷᠠᠬᠤ ᠲᠦᠭᠰᠢᠭᠦᠷᠢ ᠶᠢ ᠡᠰᠡᠷᠭᠦᠴᠡᠨ ᠬᠤᠷᠢᠭᠯᠠᠬᠤ ᠴᠢᠳᠠᠪᠤᠷᠢ ᠪᠠᠨ ᠪᠦᠬᠦ ᠲᠠᠯ᠎ᠠ ᠪᠠᠷ ᠨᠡᠮᠡᠭᠳᠡᠭᠦᠯᠦᠨ᠎ᠡ᠃ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠢ ᠣᠨᠣᠪᠴᠢᠲᠠᠶ ᠳᠣᠭᠢᠷᠠᠭᠤᠯᠵᠤ᠂ ᠠᠵᠤ  ᠦᠢᠯᠡᠰ ᠢᠶᠠᠷ ᠶᠠᠳᠠᠭᠤ ᠶᠢ ᠲᠡᠳᠬᠦᠬᠦ ᠶᠢᠨ ᠳᠠᠶᠢᠴᠢᠯᠠᠬᠤ  ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠸᠠᠩ ᠬᠠᠶ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ  ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠵᠤ᠂ ᠣᠨᠳᠣᠤ ᠭᠠᠵᠠᠷ ᠲᠤ ᠶᠠᠳᠠᠭᠤ ᠶᠢ ᠲᠡᠳᠬᠦᠵᠦ ᠨᠡᠭᠦᠯᠭᠡᠬᠦ ᠡᠷᠦᠬᠡ ᠳᠤ ᠨᠡᠶᠢᠭᠡᠮ ᠲᠣᠭᠤᠷᠢᠭ ᠤᠨ ᠦᠢᠯᠡᠴᠢᠯᠡᠭᠡ ᠬᠠᠩᠭᠠᠨ᠎ᠠ᠃ ᠵᠢᠯ ᠤᠨ ᠳᠣᠲᠣᠷ᠎ᠠ 3 ᠵᠢᠱᠢᠶ᠎ᠡ ᠦᠵᠡᠭᠦᠯᠬᠦ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ 20 ᠲᠦᠮᠡᠨ ᠲᠥᠭᠦᠷᠢᠭ ᠢ ᠳᠠᠪᠠᠵᠤ᠂ 13 ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠲᠣᠰᠬᠤᠨ ᠤ ᠬᠠᠮᠲᠤ ᠶᠢᠨ ᠠᠵᠤ ᠠᠬᠤᠶ ᠶᠢᠨ ᠲᠣᠭᠲᠠᠭᠤᠨ ᠢᠶᠠᠷ ᠨᠡᠮᠡᠭᠳᠡᠬᠦ ᠶᠢ ᠳᠠᠶᠢᠴᠢᠯᠠᠨ᠎ᠠ᠃ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠬᠦ ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠬᠦ ᠬᠡᠷᠡᠭᠲᠡᠢ᠃ 94 ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠪᠡ᠃᠎  ᠲᠠᠭ᠎ᠠ ᠶᠢᠨ ᠨᠠᠭᠤᠷ ᠤᠨ ᠰᠠᠪᠠ ᠭᠠᠵᠠᠷ ᠤᠨ 447 ᠠᠶᠢᠯ ᠲᠣᠰᠬᠤᠨ ᠤ ᠵᠢᠯ ᠳᠤ 50 ᠪᠣᠰᠤᠭ᠎ᠠ ᠳᠥᠷᠪᠡᠯᠵᠢᠨ ᠮᠧᠲᠷ ᠠᠴᠠ ᠳᠣᠷᠣᠭᠰᠢ ᠪᠠᠭᠠᠰᠤᠨ ᠪᠣᠬᠢᠷᠲᠤᠯ ᠲᠠᠢ ᠲᠡᠵᠢᠭᠡᠨ ᠦᠷᠡᠵᠢᠭᠦᠯᠬᠦ ᠡᠷᠦᠬᠡ ᠳᠤ ᠪᠣᠷᠲᠣᠭᠤᠷ ᠣᠪᠣᠭᠠᠯᠠᠬᠤ ᠢᠰᠬᠡᠯᠲᠡ ᠶᠢᠨ ᠲᠠᠲᠠᠭᠠᠯ ᠪᠠᠶᠢᠭᠤᠯᠬᠤ ᠪᠤᠶᠤ ᠢᠰᠬᠡᠯᠲᠡ ᠶᠢᠨ ᠬᠠᠶᠢᠷᠴᠠᠭ ᠲᠣᠬᠢᠷᠠᠭᠤᠯᠵᠤ᠂ ᠪᠣᠬᠢᠷ ᠤᠰᠤᠨ ᠤ ᠬᠤᠭᠤᠯᠠᠶ ᠶᠢᠨ ᠲᠣᠤᠷ ᠢ 90 ᠺᠢᠯᠣᠮᠧᠲᠷ ᠳᠡᠪᠢᠰᠦᠨ᠎ᠡ᠃ ᠬᠥᠮᠦᠨ ᠮᠠᠯ ᠢ ᠰᠠᠯᠭᠠᠬᠤ ᠲᠤᠷᠰᠢᠯᠲᠠ ᠶᠢᠨ ᠴᠡᠭ ᠤᠨ ᠲᠥᠷᠥᠯ  ᠵᠦᠢᠯ ᠢ ᠬᠡᠷᠡᠭᠵᠢᠭᠦᠯᠵᠦ᠂ ᠠᠮᠢ ᠠᠬᠤᠶ ᠬᠢᠭᠡᠳ ᠲᠡᠵᠢᠭᠡᠨ ᠦᠷᠡᠵᠢᠭᠦᠯᠬᠦ ᠶᠢᠨ ᠬᠠᠷᠢᠯᠴᠠᠨ ᠠᠰᠢᠭ ᠣᠯᠭᠤᠵᠤ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ  ᠰᠢᠢᠳᠪᠤᠷᠢᠯᠡᠬᠦ ᠥᠷᠲᠡᠭᠡ ᠶᠢ 3 ᠰᠢᠨ᠎ᠡ ᠪᠠᠷ ᠪᠠᠶᠢᠭᠤᠯᠵᠤ᠂ ᠪᠣᠶ ᠪᠥᠬᠦᠶ ᠠᠶᠢᠯ ᠲᠣᠰᠬᠤᠨ ᠤ ᠬᠤᠭ ᠨᠣᠪᠰᠢ ᠶᠢ ᠬᠤᠷᠢᠶᠠᠨ ᠴᠤᠭᠯᠠᠭᠤᠯᠬᠤ᠂ ᠳᠠᠮᠵᠢᠭᠤᠯᠤᠨ ᠲᠡᠭᠡᠭᠡᠪᠦᠷᠢᠯᠡᠬᠦ᠂ ᠰᠢᠲᠠᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠨ᠎ᠠ᠃ ︽ᠬᠥᠳᠡᠭᠡ ᠲᠣᠰᠬᠤᠨ ᠤ ᠲᠦᠷᠪᠡᠨ ᠰᠠᠶᠢᠨᠲᠠᠶ ᠵᠠᠮ︾᠎ ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ 23 ᠺᠢᠯᠣᠮᠧᠲᠷ ᠢ ᠰᠢᠨ᠎ᠡ ᠪᠠᠷ ᠪᠠᠶᠢᠭᠤᠯᠵᠤ᠂ 40 ᠺᠢᠯᠣᠮᠧᠲᠷ ᠢ ᠥᠭᠡᠷᠡᠴᠢᠯᠡᠨ ᠵᠠᠰᠠᠨ᠎ᠠ᠃ 5G᠎ ᠶᠢᠨ ᠰᠦᠯᠵᠢᠶᠡᠨ ᠤ ᠪᠠᠶᠢᠭᠤᠯᠤᠯᠲᠠ ᠶᠢ ᠲᠦᠷᠭᠡᠳᠬᠡᠵᠦ᠂ ᠰᠢᠶᠠᠩ ᠪᠠᠯᠭᠠᠰᠤᠨ ᠤ ᠪᠠᠶᠢᠭ᠎ᠠ ᠭᠠᠵᠠᠷ ᠤᠨ 5G᠎ ᠶᠢᠨ ᠰᠠᠭᠤᠷᠢ ᠥᠷᠲᠡᠭᠡ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ 2500 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠥᠳᠡᠭᠡ ᠲᠣᠰᠬᠤᠨ ᠤ ᠴᠠᠬᠢᠯᠭᠠᠨ ᠤ ᠲᠣᠣᠷ ᠢ 80 ᠺᠢᠯᠣᠮᠧᠲᠷ ᠳᠡᠰ ᠳᠡᠪᠰᠢᠭᠦᠯᠦᠨ ᠥᠭᠡᠷᠡᠴᠢᠯᠡᠨ᠎ᠡ  ᠃ ᠯᠢᠦ ᠵᠢᠶᠠ ᠶᠣᠣ ᠠᠴᠠ ᠲᠢᠶᠠᠨ ᠴᠧᠩ ᠬᠥᠷᠬᠦ 35 ᠺᠢᠯᠣᠸᠠᠲ ᠤᠨ ᠴᠠᠬᠢᠯᠭᠠᠨ ᠬᠦᠷᠭᠡᠬᠦ ᠱᠤᠭᠤᠮ ᠤᠨ ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ ᠲᠢᠶᠠᠨ ᠴᠧᠩ ᠬᠤᠪᠢᠷᠠᠬᠤ᠂ ᠾᠧᠦ ᠶᠢᠩ ᠬᠤᠪᠢᠷᠠᠬᠤ ᠬᠤᠶᠠᠷ ᠰᠠᠭᠤᠷᠢ 35 ᠺᠢᠯᠣᠸᠠᠲ ᠤᠨ ᠴᠠᠬᠢᠯᠭᠠᠨ ᠬᠤᠪᠢᠰᠬᠠᠬᠤ ᠥᠷᠲᠡᠭᠡ ᠶᠢᠨ ᠪᠠᠭᠲᠠᠭᠠᠮᠵᠢ ᠶᠢ ᠨᠡᠮᠡᠭᠳᠡᠭᠦᠯᠦᠨ ᠥᠷᠭᠡᠳᠬᠡᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠵᠦ᠂ ᠲᠢᠶᠠᠨ ᠴᠧᠩ ᠠᠵᠤ ᠦᠢᠯᠡᠰ ᠤᠨ ᠰᠠᠭᠤᠷᠢᠨ ᠭᠠᠵᠠᠷ ᠪᠠ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠤᠨ ᠴᠠᠬᠢᠯᠭᠠᠨ ᠬᠠᠩᠭᠠᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠎ᠡ᠃       ᠭᠤᠷᠪᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ  ᠦᠢᠯᠡᠰ ᠤᠨ ᠪᠥᠭᠡᠮᠨᠡᠷᠡᠯ ᠢ ᠪᠤᠵᠠᠭᠠᠶᠢᠷᠠᠭᠤᠯᠬᠤ ᠲᠠᠯ᠎ᠠ ᠪᠠᠷ ᠳᠠᠬᠢᠨᠲᠠ ᠬᠦᠴᠦᠯᠡᠬᠦ ᠬᠡᠷᠡᠭᠲᠡᠶ    ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠶᠡᠬᠡᠪᠡᠷ ᠰᠢᠯᠢᠳᠡᠭᠵᠢᠭᠦᠯᠦᠨ᠎ᠡ᠃ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ ᠬᠢᠨᠠᠨ ᠵᠥᠪᠰᠢᠶᠡᠷᠡᠬᠦ  ᠦᠢᠯᠡᠴᠢᠯᠡᠭᠡᠨ ᠤ ︽ᠳᠠᠷᠦ᠋ᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠶᠢᠷ᠎ᠠ ᠬᠠᠪᠢ ᠳᠠᠭᠠᠨ  ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾᠎ ᠶᠢ ᠭᠦᠨᠵᠡᠭᠡᠶ ᠬᠡᠷᠡᠭᠵᠢᠭᠦᠯᠵᠦ᠂ ᠡᠷᠬᠡ ᠶᠢᠨ ᠵᠦᠢᠯᠡᠰ ᠤᠨ ᠨᠠᠷᠢᠨ ᠲᠠᠩᠰᠠ ᠪᠠ  ᠦᠢᠯᠡᠴᠢᠯᠡᠭᠡᠨ ᠤ  ᠵᠦᠢᠯᠡᠰ ᠤᠨ ᠨᠠᠷᠢᠨ ᠲᠠᠩᠰᠠ ᠶᠢ ᠬᠥᠳᠡᠯᠦᠩᠭᠦᠶ ᠪᠠᠷ ᠬᠠᠮᠢᠶᠠᠷᠴᠤ᠂ ᠬᠥᠳᠡᠯᠦᠩᠭᠦᠶ ᠪᠠᠷ ᠳᠣᠭᠢᠷᠠᠭᠤᠯᠤᠨ᠂ ᠬᠢᠨᠠᠨ ᠵᠥᠪᠰᠢᠶᠡᠷᠡᠬᠦ ᠴᠠᠭ ᠨᠢ ᠣᠷᠳᠣ᠂ ᠭᠤᠶᠤᠴᠢᠯᠠᠭᠴᠢ ᠶᠢᠨ ︽ᠣᠯᠠᠨ ᠲᠠᠯ᠎ᠠ ᠠᠴᠠ ᠭᠦᠶᠦᠯᠭᠡᠬᠦ︾ ︽ᠣᠯᠠᠨ ᠤᠳᠠᠭ᠎ᠠ ᠭᠦᠶᠦᠯᠭᠡᠬᠦ︾ ᠠᠰᠠᠭᠤᠳᠠᠯ ᠢ ᠰᠢᠢᠳᠪᠤᠷᠢᠯᠡᠵᠤ᠂ ᠠᠵᠢᠯ ᠶᠠᠪᠤᠳᠠᠯ  ᠭᠦᠢᠴᠡᠳᠬᠡᠬᠦ ᠳᠤ ᠬᠤᠷᠳᠤᠴᠠ ᠲᠠᠢ᠂  ᠦᠢᠯᠡᠴᠢᠯᠡᠭᠡ‌‍ᠶᠢ ᠳᠤᠯᠠᠭᠠᠬᠠᠨ ᠪᠠᠶᠢᠯᠭᠠᠨ᠎ᠠ᠃ ᠬᠥᠳᠡᠭᠡ ᠲᠣᠰᠬᠤᠨ ᠤ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠠᠬᠢᠭᠤᠯᠵᠤ᠂ ︽ᠰᠢᠶᠠᠨ ᠰᠢᠶᠠᠩ ᠲᠣᠰᠬᠤᠨ︾᠎ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠨᠢᠭᠡᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠤᠨ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠠᠮᠠᠭᠠᠯᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠳᠠᠯᠢ ᠬᠤᠭᠤᠴᠠᠭᠠᠨ ᠤ ᠬᠢ ᠠᠴᠠ 20%᠎ ᠠᠴᠠ ᠳᠡᠭᠡᠭᠰᠢᠨᠡᠭᠡᠭᠡᠯᠲᠡᠲᠡᠶ ᠪᠥᠭᠡᠳ ᠳᠥᠭᠦᠮ ᠳᠥᠲᠡ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠪᠤᠢ ᠪᠣᠯᠭᠠᠨ᠎ᠠ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠬᠡᠷᠡᠭᠵᠢᠭᠦᠯᠬᠦ ᠰᠠᠨᠠᠯ ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ ᠲᠣᠭᠲᠠᠭᠠᠯ ᠳᠤ ᠨᠡᠶᠢᠴᠡᠬᠦ ᠲᠥᠷᠥ ᠶᠢᠨ ᠪᠣᠳᠣᠯᠭ᠎ᠠ ᠶᠢᠨ ᠠᠮᠠᠯᠠᠯᠲᠠ ᠪᠠ ᠬᠠᠷᠠᠭᠠᠯᠵᠠᠯ ᠤᠨ ᠨᠥᠬᠦᠴᠡᠯ ᠢ ᠴᠢᠩᠭ᠎ᠠ ᠪᠡᠶᠡᠯᠡᠭᠦᠯᠵᠦ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠶᠠᠭᠠᠬᠢᠭᠰᠠᠨ ᠴᠤ ︽ᠡᠴᠦᠰ ᠤᠨ ᠨᠢᠭᠡ ᠺᠢᠯᠣᠮᠧᠲᠷ︾᠎ ᠲᠤ ᠪᠣᠭᠤᠮᠢᠯᠠᠵᠤ ᠪᠣᠯᠬᠤ ᠥᠬᠡᠶ᠃ ᠪᠡᠯᠡ ᠣᠷᠣᠭᠤᠯᠤᠯᠲᠠ ᠶᠢ ᠠᠬᠢᠭᠤᠯᠬᠤ ᠵᠥᠪᠯᠡᠭᠴᠢ ᠶᠢᠨ ᠲᠦᠷᠢᠮ ᠢ ᠪᠦᠷᠢᠨᠰᠢᠬᠦᠯᠵᠤ᠂ ᠠᠷᠠᠯᠵᠢᠶᠠᠴᠢᠨ ᠤᠷᠢᠬᠤ ᠪᠣᠭᠤᠮᠲᠠ ᠰᠢᠪᠲᠤᠯᠬᠤ ᠠᠩᠬᠢ᠂ ᠠᠷᠠᠯᠵᠢᠶᠠᠴᠢᠨ ᠤᠷᠢᠬᠤ ᠪᠠᠭ᠎ᠠ ᠬᠤᠪᠢᠶᠠᠷᠢ ᠠᠩᠬᠢ ᠶᠢ ᠵᠣᠬᠢᠶᠠᠨ ᠪᠠᠶᠢᠭᠤᠯᠵᠤ᠂ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ᠂ ᠴᠡᠭ ᠲᠤ ᠰᠠᠭᠤᠵᠤ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠤᠯᠠᠷᠢᠯ ᠪᠦᠷᠢ ᠳᠤ ᠠᠳᠠᠭ ᠲᠠᠭᠠᠨ ᠨᠢᠭᠡ ᠤᠳᠠᠭ᠎ᠠ ᠲᠤᠰᠬᠠᠢ ᠰᠡᠳᠦᠪᠲᠦ ᠠᠷᠠᠯᠵᠢᠶᠠᠴᠢᠨ ᠤᠷᠢᠵᠤ ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠦ᠂ ᠪᠦᠬᠦ ᠵᠢᠯ ᠳᠤ ᠭᠡᠷ᠎ᠡ ᠲᠣᠭᠲᠠᠨ ᠨᠠᠶᠢᠳᠠᠪᠤᠷᠢᠵᠢᠭᠤᠯᠬᠤ ᠲᠦᠷᠦᠯ ᠵᠦᠢᠯ ᠤᠨ ᠭᠡᠷ᠎ᠡ ᠶᠢ ᠭᠦᠢᠴᠡᠳᠬᠡᠭᠰᠡᠨ ᠨᠤᠷᠮ᠎ᠠ᠂ ᠠᠵᠢᠯ ᠡᠬᠢᠯᠡᠭᠦᠯᠦᠭᠰᠡᠨ ᠨᠤᠷᠮ᠎ᠠ᠂ ᠪᠡᠯᠡ ᠮᠥᠩᠭᠦ ᠶᠢᠨ ᠪᠣᠳᠠᠲᠠᠶᠢᠵᠢᠭᠰᠠᠨ ᠨᠤᠷᠮ᠎ᠠ ᠶᠢ ᠲᠤᠰ ᠲᠤᠰ 90%᠂ 80%᠂ 30%᠎ ᠠᠴᠠ ᠳᠡᠭᠡᠭᠰᠢ ᠳᠤ ᠬᠦᠷᠭᠡᠨ᠎ᠡ᠃ ᠰᠢᠶᠠᠨ ᠤ ᠱᠠᠲᠤᠨ ᠤ ᠤᠳᠤᠷᠢᠳᠤᠯᠭ᠎ᠠ᠂ ᠰᠢᠶᠠᠩ ᠪᠠᠯᠭᠠᠰᠤ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠤ ᠭᠤᠣᠯᠳᠠᠯᠭ᠎ᠠ ᠲᠠᠢ ᠵᠦᠢᠯᠡᠰ ᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠪᠦᠳᠤᠭᠡᠨ ᠪᠠᠶᠢᠭᠤᠯᠬᠤ ᠶᠠᠪᠤᠴᠠ ᠳᠤ ᠲᠣᠬᠢᠶᠠᠯᠳᠤᠭᠰᠠᠨ ᠡᠯ᠎ᠡ ᠵᠦᠢᠯ ᠤᠨ ᠬᠦᠴᠢᠷᠳᠡᠯ ᠲᠠᠢ ᠠᠰᠠᠭᠤᠳᠠᠯ ᠢ ᠵᠣᠬᠢᠴᠠᠭᠤᠯᠤᠨ  ᠰᠢᠢᠳᠪᠤᠷᠢᠯᠡᠵᠤ᠂ ᠭᠡᠷ᠎ᠡ ᠲᠣᠭᠲᠠᠪᠠᠯ ᠳᠠᠷᠤᠶ ᠠᠵᠢᠯ ᠡᠬᠢᠯᠡᠭᠦᠯᠬᠦ᠂ ᠠᠵᠢᠯ ᠡᠬᠢᠯᠡᠭᠦᠯᠪᠡᠯ ᠲᠦᠷᠭᠡᠨ ᠪᠦᠳᠤᠭᠡᠨ ᠪᠠᠶᠢᠭᠤᠯᠬᠤ᠂ ᠪᠦᠳᠤᠭᠡᠨ ᠪᠠᠶᠢᠭᠤᠯᠤᠯᠲᠠ ᠶᠢ ᠡᠷᠲᠡ ᠠᠰᠢᠭᠯᠠᠯᠲᠠ ᠳᠤ ᠣᠷᠣᠭᠤᠯᠬᠤ ᠰᠠᠶᠢᠨ ᠣᠷᠴᠢᠯ ᠢ ᠪᠤᠢ ᠪᠣᠯᠭᠠᠨ᠎ᠠ᠃     ᠠᠵᠤ ᠦᠢᠯᠡᠳᠪᠦᠷᠢ ᠤᠨ ᠠᠵᠤ ᠠᠬᠤᠶ  ᠶᠢᠨ ᠪᠣᠳᠠᠲᠤ ᠬᠦᠴᠦᠨ  ᠢ ᠨᠡᠮᠡᠭᠳᠡᠭᠦᠯᠦᠨ᠎ᠡ᠃ ᠪᠠᠷᠠᠭᠤᠨ ᠲᠣᠭᠤᠷᠢᠭ ᠤᠨ ᠢᠳᠡᠭᠡᠨ ᠪᠠ ᠡᠮ ᠤᠨ ᠵᠦᠢᠯ ᠤᠨ ᠠᠵᠤ  ᠦᠢᠯᠡᠰ ᠤᠨ ᠬᠦᠷᠢᠶᠡᠯᠡᠩ ᠤᠨ ᠢᠵᠢ ᠪᠥᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠵᠦ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠢᠳᠡᠪᠬᠢᠯᠡᠨ ᠣᠯᠵᠤ᠂ ᠲᠢᠶᠠᠨ ᠴᠧᠩ ᠠᠵᠤ  ᠦᠢᠯᠡᠰ ᠤᠨ ᠰᠠᠭᠤᠷᠢᠨ ᠭᠠᠵᠠᠷ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠵᠢᠯ ᠤᠨ ᠳᠣᠲᠣᠷ᠎ᠠ ᠬᠤᠲᠠ ᠶᠢᠨ ᠲᠠᠰ ᠤᠨ ᠠᠵᠤ  ᠦᠢᠯᠡᠰ ᠤᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ  ᠳᠤ  ᠤᠷᠤᠬᠤ ᠪᠠᠷ ᠴᠢᠷᠮᠠᠶᠢᠨ᠎ᠠ᠃ ᠤᠳᠤ ᠦᠶ᠎ᠡ ᠶᠢᠨ ᠰᠢᠨ᠎ᠡ ᠡᠨᠧᠷᠭᠢ ᠶᠢᠨ ᠠᠵᠤ ᠠᠬᠤᠶ ᠶᠢ ᠬᠥᠭᠵᠢᠭᠦᠯᠬᠦ ᠳᠤ 112 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠪᠡᠭᠡᠵᠢᠩ ᠡᠨᠧᠷᠭᠢ ᠶᠢᠨ ᠪᠦᠯᠦᠭᠯᠡᠯ ᠤᠨ 150 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ᠂ 5.5 ᠲᠦᠮᠡᠨ ᠺᠢᠯᠣᠸᠠᠲ ᠤᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠤᠨ ᠲᠥᠷᠥᠯ  ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠢᠳᠡᠪᠬᠢᠲᠡᠶ ᠴᠢᠷᠮᠠᠶᠢᠨ᠎ᠠ᠃  ᠲᠠᠭ᠎ᠠ ᠶᠢᠨ ᠨᠠᠭᠤᠷ ᠤᠨ ᠴᠠᠬᠢᠯᠭᠠᠨ ᠤ ᠦᠢᠯᠡᠳᠪᠦᠷᠢ ᠶᠢᠨ ᠨᠤᠨᠲᠠᠭ ᠨᠡᠭᠦᠷᠡᠰᠦᠨ ᠤ ᠦᠨᠡᠰᠦ ᠶᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠵᠦᠢᠯᠡᠰ ᠢ ᠭᠡᠷ᠎ᠡ ᠲᠣᠭᠲᠠᠨ ᠨᠠᠶᠢᠳᠠᠪᠤᠷᠢᠵᠢᠭᠤᠯᠬᠤ ᠵᠢᠨᠢᠲᠤᠯᠵᠤ ᠡᠳ᠋ᠰᠢᠭᠦᠯᠬᠦ ᠲᠥᠷᠥᠯ  ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠳᠦᠷᠰᠦ ᠪᠠᠨ ᠮᠠᠷᠲᠠᠭᠰᠠᠨ ᠲᠠᠷᠢᠶᠠᠯᠠᠩ ᠤᠨ ᠬᠤᠶᠠᠳᠤᠭᠠᠷ ᠬᠤᠭᠤᠴᠠᠭᠠᠨ ᠤ ᠲᠥᠷᠥᠯ  ᠵᠦᠢᠯ ᠢ ᠪᠥᠬᠦ ᠲᠠᠯ᠎ᠠ ᠪᠠᠷ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠂ ᠯᠢᠶᠠᠩᠴᠧᠩ ᠤᠨ ᠪᠣᠬᠢᠷᠲᠤᠯ ᠥᠬᠡᠶ ᠢᠳᠡᠭᠡᠨ ᠤ ᠮᠠᠲ᠋ᠧᠷᠢᠶᠠᠯ ᠢ ︽ᠲᠥᠪ ᠲᠣᠭᠤᠭᠠᠨ ᠬᠡᠷ︾᠎ ᠳᠤ ᠣᠷᠣᠭᠤᠯᠤᠨ᠎ᠠ᠃ ᠬᠤᠩ ᠮᠤᠤ ᠡᠮ ᠤᠨ ᠦᠢᠯᠡᠰ ᠵᠡᠷᠭᠡ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠶᠡᠬᠡᠪᠡᠷ ᠳᠡᠮᠵᠢᠵᠦ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃    ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ  ᠮᠠᠨ ᠬᠠᠨ ᠠᠭᠤᠯᠠ ᠶᠢᠨ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠶᠢ ᠳᠥᠯᠭᠢᠨ ᠠᠬᠢᠭᠤᠯᠵᠤ᠂ ᠲᠠᠭ᠎ᠠ ᠶᠢᠨ ᠨᠠᠭᠤᠷ ᠤᠨ ᠵᠢᠭᠤᠯᠴᠢᠯᠠᠯ ᠤᠨ ᠣᠷᠣᠨ ᠤ ᠰᠡᠯᠢᠭᠦᠷ ᠲᠤᠯᠤᠮ ᠣᠩᠭᠤᠴᠠ᠂ ᠬᠠᠯᠠᠭᠤᠨ ᠬᠡᠶᠢᠲᠦ ᠪᠥᠮᠪᠦᠭᠡ᠂ ᠬᠠᠯᠢᠯ ᠰᠢᠬᠦᠷ᠂ ᠤᠰᠤᠨ ᠳᠡᠭᠡᠷᠡᠬᠢ ᠯᠤᠤᠲᠤ ᠣᠩᠭᠤᠴᠠ ᠵᠡᠷᠭᠡ ︽ᠣᠬᠤᠷ ᠲᠡᠭᠰᠢ ᠲᠦᠷᠭᠡᠨ︾᠎ ᠤ ᠲᠥᠷᠥᠯ ᠵᠦᠢᠯ ᠢ ᠵᠢᠷᠤᠭᠯᠠᠨ ᠲᠥᠯᠥᠪᠯᠡᠵᠦ᠂ ᠬᠠᠯᠠᠭᠤᠨ ᠷᠠᠰᠢᠶᠠᠨ ᠤ ᠰᠠᠶᠢᠬᠠᠨ ᠴᠠᠭ᠂ ᠸᠠᠨ ᠳ᠋ᠧᠩ ᠬᠠᠯᠠᠭᠤᠨ ᠷᠠᠰᠢᠶᠠᠨ ᠤ Live ᠰᠣᠶᠣᠯ ᠤᠨ ᠰᠣᠯᠢᠯᠴᠠᠭᠠᠨ ᠤ ᠶᠡᠷᠦᠩᠬᠡᠶᠢᠯᠡᠭᠰᠡᠨ ᠴᠣᠭᠴᠠ ᠵᠡᠷᠭᠡ ᠪᠠᠶᠢᠭᠤᠯᠵᠤ ᠪᠠᠶᠢᠭ᠎ᠠ ᠲᠥᠷᠥᠯ ᠵᠦᠢᠯ ᠢ ᠡᠵᠡᠩᠨᠡᠯᠲᠡ ᠳᠤ ᠣᠷᠣᠭᠤᠯᠬᠤ ᠶᠢ ᠬᠦᠴᠦᠯᠡᠨ ᠠᠬᠢᠭᠤᠯᠵᠤ᠂ ᠵᠢᠭᠤᠯᠴᠢᠯᠠᠭᠴᠢᠳ ᠤᠨ ᠣᠶᠢᠯᠠᠭᠠᠬᠤ ᠲᠥᠷᠥᠭᠳᠡᠯ ᠪᠠ ᠲᠠᠭᠠᠯᠠᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠤᠩ ᠮᠤᠤ ᠡᠮ ᠤᠨ  ᠦᠢᠯᠡᠰ᠂ ᠡᠷᠡᠨ ᠵᠠᠭᠤᠨ ᠤ ᠠᠮᠤ ᠪᠤᠳᠠᠭᠠᠨ ᠤ ᠬᠤᠳᠠᠯᠳᠤᠭ᠎ᠠ᠂ ᠮᠤᠩ ᠳ᠋ᠢ ᠰᠦ ᠶᠢᠨ  ᠦᠢᠯᠡᠰ ᠵᠡᠷᠭᠡ ᠠᠵᠤ ᠠᠬᠤᠶᠢᠯᠠᠯ ᠲᠠᠢ ᠬᠤᠯᠪᠣᠭᠠᠯᠠᠨ᠂ ᠠᠵᠤ ᠦᠢᠯᠡᠳᠪᠤᠷᠢ ᠶᠢᠨ ᠵᠢᠭᠤᠯᠴᠢᠯᠠᠯ ᠢ ᠰᠦᠪᠡᠭᠴᠢᠯᠡᠨ ᠬᠥᠭᠵᠢᠭᠦᠯᠵᠦ᠂ ᠵᠢᠭᠤᠯᠴᠢᠯᠠᠯ ᠤᠨ ᠪᠦᠲᠦᠭᠡᠭᠳᠡᠬᠦᠨ ᠢ ᠪᠠᠶᠠᠯᠢᠭᠵᠢᠭᠤᠯᠬᠤ ᠶᠢᠨ ᠬᠠᠮᠲᠤ᠂ ᠠᠵᠤ  ᠦᠢᠯᠡᠳᠪᠤᠷᠢ ᠶᠢᠨ ᠠᠵᠤ ᠠᠬᠤᠶᠢᠯᠠᠯ ᠳᠤ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ᠎ᠠ᠃ ︽ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠶᠢᠨ ᠰᠢᠪᠲᠤᠯᠤᠯᠲᠠ ᠶᠢᠨ ᠣᠨ︾᠎ ᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ 15 ᠥᠪᠡᠷᠮᠢᠴᠡ ᠣᠨᠴᠠᠯᠢᠭ ᠲᠠᠢ ᠠᠷᠠᠳ ᠤᠨ ᠣᠷᠣᠨ ᠰᠠᠭᠤᠴᠠ ᠶᠢ ᠰᠢᠨ᠎ᠡ ᠪᠠᠷ ᠪᠠᠶᠢᠭᠤᠯᠪᠠ᠃ ᠳᠤᠮᠳᠠᠳᠤ ᠤᠯᠤᠰ ᠤᠨ ᠳᠣᠷᠣᠨᠠᠳᠠᠬᠢᠨ ᠤ ᠳᠠᠭᠤᠤ ᠪᠥᠵᠢᠭ ᠤᠨ ᠪᠦᠯᠬᠦᠮ ᠢ ᠤᠷᠢᠵᠤ᠂  ᠲᠠᠭ᠎ᠠ ᠶᠢᠨ ᠦᠵᠡᠮᠵᠢ ᠶᠢᠨ ᠣᠷᠣᠨ ᠳᠤ ︽ᠳᠤᠮᠳᠠᠳᠤ ᠤᠯᠤᠰ — ᠥᠪᠥᠷ ᠮᠣᠩᠭᠤᠯ · ᠯᠢᠶᠠᠩᠴᠧᠩ ᠤᠨ ᠲᠠᠯ᠎ᠠ ᠨᠤᠲᠤᠭ ᠤᠨ ᠲᠩᠷᠢ ᠶᠢᠨ ᠡᠭᠡᠰᠢᠭ ᠢ ᠬᠠᠩᠭᠢᠨᠠᠭᠤᠯᠤᠶ᠎ᠠ︾ ᠭᠡᠬᠦ ᠠᠩᠬᠠᠳᠤᠭᠠᠷ ᠬᠤᠭᠤᠴᠠᠭᠠᠨ ᠤ ᠨᠠᠶᠢᠷᠠᠯ ᠳᠠᠭᠤᠤ ᠶᠢᠨ ᠨᠠᠶᠢᠷ ᠢ ᠡᠷᠭᠢᠯᠡᠵᠦ᠂ ᠵᠢᠭᠤᠯᠴᠢᠯᠠᠯ ᠤᠨ ᠨᠠᠷᠠᠲᠤ ᠲᠡᠮᠳᠡᠭ ᠤᠨ ᠠᠯᠳᠠᠷᠰᠢᠯ ᠢ ᠳᠡᠭᠡᠭᠰᠢᠯᠡᠭᠦᠯᠦᠨ᠎ᠡ᠃ ᠲᠢᠶᠠᠨ ᠴᠧᠩ ᠤᠨ ᠡᠷᠲᠡᠨ ᠤ ᠰᠦᠮ᠎ᠡ᠂ ᠶᠤᠸᠠᠨ ᠽᠢ ᠭᠧᠦ ᠶᠢᠨ ᠪᠠᠭᠤᠷᠢ ᠵᠡᠷᠭᠡ ᠶᠢ ᠰᠡᠯᠪᠢᠨ ᠵᠠᠰᠠᠬᠤ ᠠᠵᠢᠯ ᠢ ᠰᠠᠶᠢᠲᠤᠷ ᠬᠢᠵᠦ᠂ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ᠂ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠤᠷᠠᠯᠢᠭ ᠤᠨ ᠲᠥᠪ ᠢ ᠠᠵᠢᠯ ᠡᠬᠢᠯᠡᠭᠦᠯᠦᠨ ᠪᠠᠶᠢᠭᠤᠯᠵᠤ᠂ ︽ᠭᠠᠯ ᠤᠨ ᠠᠶ᠎ᠠ ᠪᠠᠷ ᠥᠨᠳᠥᠷ ᠲᠤ ᠨᠢᠰᠦᠭᠰᠡᠨ︾ ᠦᠵᠡᠭᠳᠡᠯᠲᠦ ᠵᠦᠴᠦᠭᠡ ᠶᠢ ᠨᠠᠶᠢᠷᠠᠭᠤᠯᠤᠨ ᠵᠣᠬᠢᠶᠠᠨ ᠪᠦᠲᠦᠭᠡᠵᠦ᠂ ᠰᠣᠶᠣᠯ ᠵᠢᠭᠤᠯᠴᠢᠯᠠᠯ ᠤᠨ ᠠᠭᠤᠯᠬᠤᠨ ᠢ ᠪᠠᠶᠠᠯᠢᠭᠵᠢᠭᠤᠯᠤᠨ ᠥᠷᠭᠡᠳᠬᠡᠨ᠎ᠡ᠃       ᠲᠦᠷᠪᠡ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠲᠠᠯ᠎ᠠ ᠪᠠᠷ ᠳᠠᠬᠢᠨᠲᠠ ᠬᠦᠴᠦᠯᠡᠨ᠎ᠡ    ᠬᠤᠲᠠ ᠪᠠᠯᠭᠠᠰᠤ ᠶᠢᠨ ᠬᠥᠭᠵᠢᠯᠲᠡ ᠶᠢᠨ ᠠᠭᠤᠯᠤᠭᠳᠠᠬᠤᠨ ᠤ ᠶᠠᠰᠤ ᠴᠢᠨᠠᠷ ᠢ 1263 ᠡᠷᠦᠬᠡ ᠠᠨ ᠺᠠᠩ ᠬᠡᠷ ᠣᠷᠣᠨ ᠤ ᠢᠵᠢ ᠪᠦᠷᠢᠨ ᠪᠤᠰᠤ ᠣᠷᠣᠨ ᠰᠠᠭᠤᠴᠠ ᠶᠢ ᠥᠭᠡᠷᠡᠴᠢᠯᠡᠨ ᠵᠠᠰᠠᠬᠤ ᠶᠢ ᠬᠡᠷᠡᠭᠵᠢᠭᠦᠯᠵᠦ᠂ 1.5 ᠲᠦᠮᠡᠨ ᠲᠡᠭᠰᠢ ᠳᠥᠷᠪᠡᠯᠵᠢᠨ ᠮᠧᠲᠷ ᠤᠨ 7 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠵᠠᠰᠠᠬᠤ ᠪᠠᠷ ᠲᠥᠯᠥᠪᠯᠡᠵᠦ᠂ 31 ᠺᠢᠯᠣᠮᠧᠲᠷ ᠪᠣᠷᠣᠭᠠᠨ ᠤ ᠪᠣᠬᠢᠷᠲᠤᠯ ᠤᠨ ᠬᠤᠭᠤᠯᠠᠶ ᠶᠢᠨ ᠲᠣᠤᠷ ᠢ ᠳᠡᠪᠢᠰᠴᠦ᠂ ᠣᠯᠠᠨ ᠲᠦᠮᠡᠨ ᠤ ᠣᠷᠣᠰᠢᠨ ᠰᠠᠭᠤᠬᠤ ᠳᠤ ᠲᠣᠬᠢᠷᠠᠮᠵᠢᠲᠠᠶ ᠵᠢᠭᠠᠯᠲᠠ ᠲᠤᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠤᠶᠤᠨᠲᠤ ᠤᠰᠤᠨ ᠤ ᠶᠠᠪᠤᠳᠠᠯ ᠤᠨ ᠲᠥᠷᠥᠯ ᠵᠦᠢᠯ ᠢ ᠬᠡᠷᠡᠭᠵᠢᠭᠦᠯᠵᠦ᠂ ᠤᠰᠤ ᠬᠠᠩᠭᠠᠬᠤ ᠬᠤᠭᠤᠯᠠᠶ ᠶᠢᠨ ᠲᠣᠤᠷ ᠢ 43 ᠺᠢᠯᠣᠮᠧᠲᠷ ᠥᠷᠭᠡᠳᠬᠡᠨ ᠪᠠᠶᠢᠭᠤᠯᠵᠤ᠂ 8000 ᠤᠰᠤᠨ ᠤ ᠬᠡᠮᠵᠢᠭᠦᠷ ᠢ ᠰᠣᠯᠢᠪᠠ᠃ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠱᠣᠩ ᠢ 50 ᠪᠠᠶᠢᠭᠤᠯᠬᠤ ᠪᠠᠷ ᠴᠢᠷᠮᠠᠶᠢᠵᠤ᠂ ᠴᠠᠬᠢᠯᠭᠠᠨ ᠴᠡᠨᠡᠭᠯᠡᠬᠦ ᠬᠦᠴᠢᠷ ᠠᠰᠠᠭᠤᠳᠠᠯ ᠢ ᠦᠨᠡᠨ ᠬᠦ  ᠰᠢᠢᠳᠪᠤᠷᠢᠯᠡᠨ᠎ᠡ᠃ ᠠᠭᠠᠷ  ᠎ ᠤᠨ ᠠᠶᠠᠯᠠᠯ  ᠤᠨ ᠤᠢ ᠰᠢᠭᠤᠶ ᠬᠠᠮᠠᠭᠠᠯᠠᠬᠤ ᠥᠷᠳᠡᠭᠡ ᠶᠢ ᠠᠵᠢᠯ ᠡᠬᠢᠯᠡᠭᠦᠯᠦᠨ ᠪᠥᠳᠥᠭᠡᠨ ᠪᠠᠶᠢᠭᠤᠯᠵᠤ᠂ ᠬᠠᠭᠤᠴᠢᠨ ᠬᠥᠬᠡᠬᠤᠲᠠ ᠶᠢᠨ ᠯᠢᠶᠠᠩᠴᠧᠩ‌ᠡᠴᠠ ᠶᠠᠩ ᠱᠤ ᠸᠠᠨ ᠬᠥᠷᠬᠦ ᠬᠡᠰᠡᠭ  ᠎ ᠢ ᠰᠡᠯᠪᠢᠨ ᠵᠠᠰᠠᠬᠤ ᠶᠢ ᠪᠡᠶᠡᠯᠡᠭᠦᠯᠵᠦ᠂ ᠡᠮᠦᠨ᠎ᠡ ᠶᠡᠭᠡ ᠵᠡᠭᠡᠯᠢ ᠶᠢᠨ 4 ᠵᠤᠷᠪᠤᠰ ᠵᠠᠮ  ᠶᠢ ᠥᠷᠭᠡᠳᠬᠡᠨ ᠵᠠᠰᠠᠵᠤ᠂ ᠤᠯᠠᠨ ᠲᠦᠮᠡᠨ  ᠢ ᠶᠠᠪᠤᠵᠤ ᠰᠠᠭᠤᠬᠤ ᠲᠤ ᠲᠠᠭᠠᠰᠢᠶᠠᠭᠳᠠᠭᠰᠠᠨ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠦᠨ᠎ᠡ᠃ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠬᠦᠷᠢᠶᠡᠨ ᠳᠠᠬᠢ ︽ᠭᠤᠷᠪᠠᠨ ᠪᠡᠷᠬᠡ︾᠎ ᠶᠢᠨ ᠠᠰᠠᠭᠤᠳᠠᠯ ᠢ ᠪᠦᠬᠦ   ᠬᠦᠴᠦᠨ ᠠᠭᠤᠴᠢᠯᠠᠬᠤ ᠥᠬᠡᠶ ᠣᠪᠣᠷ ᠢᠶᠠᠷ ᠪᠥᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠵᠤ᠂ ᠬᠠᠤᠯᠢ ᠠᠴᠠ ᠵᠥᠷᠢᠴᠡᠨ ᠭᠠᠵᠠᠷ ᠡᠵᠡᠯᠡᠭᠰᠡᠨ ᠦᠢᠯᠡ‌ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠦᠢᠯᠪᠤᠷᠢᠲᠠᠶ ᠴᠡᠭᠴᠡᠯᠡᠨ ᠵᠠᠰᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠪᠠ ᠤᠢ ᠮᠣᠳᠣᠨ ᠤ ᠡᠷᠬᠡ ᠶᠢᠨ ᠦᠨᠡᠮᠯᠡᠯ ᠢ ᠬᠢᠨᠠᠨ ᠪᠠᠶᠢᠴᠠᠭᠠᠵᠤ ᠳᠠᠩᠰᠠᠯᠠᠵᠤ ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠡᠮᠬᠢ ᠵᠢᠷᠤᠮ ᠲᠠᠢ ᠶᠠᠪᠤᠭᠳᠠᠭᠤᠯᠤᠨ᠎ᠠ᠃    ᠠᠷᠠᠳ  ᠤᠨ ᠠᠮᠢᠳᠤᠷᠠᠯ  ᠤᠨ ᠦᠢᠯᠡᠴᠢᠯᠡᠭᠡᠨ  ᠤ ᠶᠠᠰᠤ ᠴᠢᠨᠠᠷ  ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢ ᠴᠢᠩᠭᠠᠳᠬᠠᠨ᠎ᠠ᠃ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠲᠠᠢ ᠤᠶᠠᠯᠳᠤᠭᠤᠯᠤᠨ᠂ ᠠᠷᠠᠳ ᠤᠨ ᠠᠮᠢᠳᠤᠷᠠᠯ ᠤᠨ 7 ᠵᠦᠢᠯ ᠤᠨ ᠪᠣᠳᠠᠲᠤ ᠶᠠᠪᠤᠳᠠᠯ ᠢ ᠴᠢᠷᠮᠠᠶᠢᠨ ᠰᠠᠶᠢᠲᠤᠷ ᠬᠢᠪᠡ᠃ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢ ᠳᠡᠮᠵᠢᠬᠦ ᠡᠷᠴᠢᠮ ᠢ ᠴᠢᠩᠭᠠᠷᠠᠭᠤᠯᠵᠤ᠂ ᠠᠵᠢᠯ ᠮᠡᠷᠭᠡᠵᠢᠯ ᠤᠨ ᠵᠢᠯᠤᠭᠤᠳᠤᠯᠭ᠎ᠠ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠦᠢᠯᠡᠴᠢᠯᠡᠭᠡ ᠶᠢ ᠨᠠᠷᠢᠯᠢᠭ ᠣᠨᠣᠴᠠᠲᠠᠶ ᠪᠠᠷ ᠰᠠᠶᠢᠲᠤᠷ ᠬᠢᠵᠦ᠂ ᠤᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠤᠯᠬᠤ ᠶᠢ ᠠᠬᠢᠭᠤᠯᠵᠤ᠂ ᠬᠤᠳᠠ ᠪᠠᠯᠭᠠᠰᠤᠨ ᠤ 500 ᠬᠥᠮᠦᠨ ᠳᠤ ᠰᠢᠨ᠎ᠡ ᠪᠠᠷ ᠠᠵᠢᠯ ᠣᠯᠭᠤᠵᠤ᠂ ︽ᠠᠵᠢᠯ ᠣᠯᠤᠭᠰᠠᠳ ᠦᠭᠡᠢ︾ ᠭᠡᠷ ᠪᠦᠯᠢ ᠶᠢ ᠬᠥᠳᠡᠯᠦᠩᠭᠦᠶ ᠪᠠᠷ ᠴᠡᠪᠡᠷᠯᠡᠬᠦ ᠶᠢ ᠦᠨᠡᠨ ᠬᠦ ᠪᠠᠲᠤᠯᠠᠨ᠎ᠠ᠃ ᠥᠷᠢ ᠥᠭᠴᠡᠭᠡ ᠶᠢ ᠵᠠᠰᠠᠵᠤ ᠵᠠᠷᠤᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠡᠯ᠎ᠡ ᠲᠦᠷᠦᠯ ᠤᠨ ᠠᠵᠢᠯ ᠣᠯᠭᠤᠯᠲᠠ ᠶᠢᠨ ᠬᠠᠮᠲᠤᠯᠢᠭ ᠤᠨ ᠬᠠᠤᠯᠢ ᠶᠣᠰᠣᠨ ᠤ ᠡᠷᠬᠡ  ᠂  ᠬᠤᠳᠠ ᠪᠠᠯᠭᠠᠰᠤᠨ ᠤ ᠠᠵᠤ ᠠᠬᠤᠶᠢᠯᠠᠯ ᠤᠨ ᠠᠵᠢᠯᠳᠠᠨ ᠠᠵᠢᠯᠴᠢᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠬᠡᠪᠴᠢᠶ᠎ᠡ ᠶᠢ ︽ᠦᠨᠳᠦᠰᠦᠨ ᠡᠮᠴᠢᠯᠡᠭᠡ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ︾᠎ ᠶᠢᠨ ᠭᠤᠷᠪᠠᠨ ᠳᠠᠪᠬᠤᠷ ᠪᠠᠲᠤᠯᠠᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠣᠷᠣᠰᠢᠭᠤᠯᠭ᠎ᠠ ᠶᠢᠨ ᠭᠠᠵᠠᠷ ᠪᠣᠯᠤᠨ 13 ᠰᠢᠶᠠᠨ ᠰᠢᠶᠠᠩ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠣᠩᠭᠤᠨ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠤᠨ᠎ᠠ᠃ ᠤᠯᠠᠨ ᠨᠡᠶᠢᠲᠡ ᠶᠢᠨ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠵᠢᠯ ᠤᠨ ᠳᠣᠲᠣᠷ᠎ᠠ ᠳᠥᠷᠪᠡᠨ ᠨᠢᠯᠬ᠎ᠠ᠂ ᠲᠠᠪᠤᠨ ᠨᠢᠯᠬ᠎ᠠ  ᠶᠢ ᠠᠰᠢᠭᠯᠠᠯᠲᠠ ᠳᠤ ᠣᠷᠣᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠢ ᠦᠨᠡᠯᠡᠨ ᠵᠢᠱᠢᠬᠦ ᠠᠵᠢᠯ ᠢ ᠰᠢᠯᠭᠠᠨ ᠠᠪᠬᠤ ᠳᠤ ᠬᠢᠷᠢ ᠲᠡᠩᠴᠡᠭᠦᠯᠦᠨ᠎ᠡ᠃ ︽ᠬᠤᠶᠠᠷ ᠢ ᠪᠠᠭᠠᠰᠬᠠᠬᠤ︾ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ︽ᠲᠠᠪᠤᠨ ᠵᠦᠢᠯ ᠤᠨ ᠬᠠᠮᠢᠶᠠᠷᠤᠯᠲᠠ︾᠎ ᠶᠢ ᠭᠦᠨᠵᠡᠭᠡᠶᠢᠷᠡᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠤᠲᠠ ᠬᠥᠳᠡᠭᠡ ᠶᠢ ᠨᠢᠭᠡ ᠴᠤᠭᠴᠠᠵᠢᠭᠤᠯᠤᠨ ᠴᠢᠨᠠᠷ ᠰᠠᠶᠢᠲᠠᠶ ᠬᠥᠭᠵᠢᠭᠦᠯᠬᠦ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠠᠯᠪᠠᠨ ᠠᠴᠠ ᠡᠷᠭᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠣᠨᠴᠠᠯᠢᠬᠵᠢᠭᠤᠯᠤᠭᠰᠠᠨ ᠰᠤᠷᠭᠠᠭᠤᠯᠢ ᠡᠷᠭᠢᠯᠡᠬᠦ ᠪᠠᠲᠤᠯᠠᠭ᠎ᠠ ᠶᠢ ᠴᠢᠩᠭᠠᠷᠠᠭᠤᠯᠤᠨ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠮᠥᠰᠥ ᠴᠠᠰᠤ ᠪᠠ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠨᠠᠷᠠᠲᠤ ᠲᠦᠷᠦᠯ  ᠂  ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ ᠠᠰᠢᠭᠯᠠᠨ᠂ ᠪᠠᠭᠰᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠪᠠ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠳᠥᠷᠪᠡᠳᠡᠬᠢ ᠡᠭᠡᠯᠵᠢ ᠶᠢᠨ ᠰᠤᠷᠭᠠᠭᠤᠯᠢ ᠶᠢᠨ ᠬᠦᠷᠢᠶᠡᠨ ᠤ ᠳᠠᠷᠤᠭ᠎ᠠ ᠶᠢ ᠤᠷᠢᠨ ᠲᠣᠮᠢᠯᠠᠬᠤ ᠠᠵᠢᠯ ᠢ ᠰᠠᠶᠢᠲᠤᠷ ᠬᠢᠨ᠎ᠠ᠃ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ  ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠬᠤᠭᠤᠴᠠᠭᠠᠨ ᠳᠠᠬᠢ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠰᠣᠷᠣᠭᠴᠢ ᠶᠢᠨ ᠲᠤᠭ᠎ᠠ  ᠶᠢ ᠵᠢᠰᠢᠨ᠎ᠡ᠃  ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ︽ᠬᠥᠮᠦᠨ᠂ ᠪᠣᠳᠠᠰ᠂ ᠣᠷᠴᠢᠨ ᠲᠣᠭᠤᠷᠢᠨ︾᠎ ᠢ ᠵᠡᠷᠭᠡᠪᠡᠷ ᠰᠡᠷᠭᠡᠶᠢᠯᠡᠵᠦ ᠵᠡᠷᠭᠡᠪᠡᠷ ᠪᠠᠶᠢᠴᠠᠭᠠᠬᠤ ᠶᠢ ᠨᠠᠶᠢᠳᠠᠪᠤᠷᠢᠵᠢᠭᠤᠯᠤᠨ᠂ ᠪᠢᠲᠡᠭᠦᠮᠵᠢᠯᠡᠨ ᠡᠵᠡᠮᠳᠡᠬᠦ ᠴᠠᠭᠠᠷᠢᠭ᠂ ᠬᠠᠮᠢᠶᠠᠷᠤᠨ ᠡᠵᠡᠮᠳᠡᠬᠦ ᠴᠠᠭᠠᠷᠢᠭ᠂ ᠰᠡᠷᠭᠡᠶᠢᠯᠡᠬᠦ ᠴᠠᠭᠠᠷᠢᠭ ᠵᠡᠷᠭᠡ ︽ᠭᠤᠷᠪᠠᠨ ᠴᠠᠭᠠᠷᠢᠭ︾᠎ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠪᠠ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠪᠣᠳᠠᠲᠤ ᠰᠣᠷᠢᠯᠲᠠ ᠶᠢ ᠰᠠᠶᠢᠲᠤᠷ ᠬᠢᠵᠦ᠂ ᠸᠠᠺᠼᠢᠨ ᠤ ᠲᠠᠷᠢᠯᠭ᠎ᠠ᠂ ᠬᠤᠪᠢ ᠬᠥᠮᠦᠨ ᠤ ᠬᠠᠮᠠᠭᠠᠯᠠᠯᠲᠠ᠂ ᠣᠯᠠᠨ ᠨᠡᠶᠢᠲᠡ ᠶᠢᠨ ᠲᠠᠯᠠᠪᠤᠷ᠂ ᠭᠤᠤᠯᠳᠠᠯᠭ᠎ᠠ ᠲᠠᠢ ᠬᠥᠮᠦᠰ ᠤᠨ ︽ᠳᠥᠷᠪᠡᠨ ᠬᠠᠯᠬᠠᠪᠴᠢ︾᠎ ᠶᠢ ᠪᠥᠬᠦ ᠬᠦᠴᠦᠨ ᠢᠶᠠᠷ ᠢᠶᠠᠨ ᠪᠠᠬᠢᠵᠢᠭᠦᠯᠦᠨ᠎ᠡ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠴᠢᠳᠠᠪᠤᠷᠢ ᠪᠠ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠱᠠᠳᠤ ᠬᠤᠪᠢᠶᠠᠨ ᠣᠨᠣᠰᠢᠯᠠᠨ ᠡᠮᠨᠡᠬᠦ ᠪᠠ ᠰᠡᠷᠭᠡᠶᠢᠯᠡᠬᠦ ᠶᠢ ᠤᠶᠠᠯᠳᠤᠭᠤᠯᠬᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠵᠢᠯ ᠤᠨ ᠳᠣᠲᠣᠷ᠎ᠠ ᠰᠢᠶᠠᠨ ᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠠᠰᠠᠷ᠂ ᠵᠡᠮᠳᠡᠭᠴᠦᠳ ᠤᠨ ᠡᠷᠡᠭᠦᠯᠵᠢᠯ ᠤᠨ ᠲᠥᠪ᠂ ᠮᠡᠳᠡᠷᠡᠯ ᠤᠨ ᠡᠪᠡᠳᠴᠢᠨ ᠤ ᠡᠷᠡᠭᠦᠯᠵᠢᠯ ᠤᠨ ᠲᠥᠪ ᠢ ᠪᠠᠶᠢᠭᠤᠯᠵᠤ ᠠᠰᠢᠭᠯᠠᠯᠲᠠ ᠳᠤ ᠣᠷᠣᠭᠤᠯᠤᠨ᠎ᠠ᠃ ᠮᠣᠩᠭᠤᠯ ᠬᠢᠲᠠᠳ ᠡᠮ ᠡᠮᠨᠡᠯᠭᠡ ᠶᠢᠨ ᠲᠦᠷᠭᠡᠨ ᠬᠥᠭᠵᠢᠯᠲᠡ ᠶᠢ ᠠᠬᠢᠭᠤᠯᠵᠤ᠂ ᠡᠨᠡ ᠵᠢᠯ  ᠤᠨ ᠳᠣᠲᠣᠷ᠎ᠠ 80%᠎ ᠠᠴᠠ ᠳᠡᠭᠡᠭᠰᠢᠬᠢ ᠨᠡᠶᠢᠭᠡᠮ ᠲᠣᠭᠤᠷᠢᠭ᠂ ᠡᠷᠡᠭᠦᠯ ᠬᠠᠮᠠᠭᠠᠯᠠᠯ  ᠤᠨ ᠦᠢᠯᠡᠴᠢᠯᠡᠭᠡᠨ  ᠎ ᠤ ᠲᠥᠪ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ  ᠤᠨ ᠬᠤᠷᠢᠶ᠎ᠠ ᠶᠢ ᠬᠢᠲᠠᠳ ᠡᠮᠨᠡᠯᠭᠡ ᠶᠢᠨ ᠣᠷᠳᠣᠨ ᠪᠣᠯᠭᠠᠨ ᠪᠠᠶᠢᠭᠤᠯᠤᠨ᠎ᠠ᠃    ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠮᠤᠷ ᠠᠮᠤᠭᠤᠯᠠᠩ ᠬᠤᠳᠠ ᠶᠢᠨ ︽ᠭᠡᠭᠡᠨ ᠰᠠᠷᠠᠭᠤᠯ ᠢᠨᠵᠧᠨᠧᠷᠢᠩ︾᠎ ᠢ ᠬᠡᠷᠡᠭᠵᠢᠭᠦᠯᠵᠦ᠂ ᠴᠠᠬᠢᠯᠭᠠᠨ ᠬᠤᠯᠪᠣᠭᠠᠨ ᠤ ᠮᠡᠬᠡᠯᠡᠯ ᠵᠡᠷᠭᠡ ᠰᠢᠨ᠎ᠡ ᠬᠡᠯᠪᠡᠷᠢ ᠶᠢᠨ ᠰᠦᠯᠵᠢᠶᠡᠨ ᠤ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠴᠣᠬᠢᠯᠲᠠ ᠥᠭᠬᠦ ᠰᠡᠷᠭᠡᠶᠢᠯᠡᠬᠦ ᠬᠠᠮᠢᠶᠠᠷᠬᠤ ᠡᠵᠡᠮᠳᠡᠬᠦ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠤᠯᠠᠨ ᠤ ᠠᠮᠤᠷ ᠲᠦᠪᠰᠢᠨ ᠤ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ᠃ ᠨᠡᠶᠢᠭᠡᠮ ᠤᠨ ᠵᠥᠷᠢᠴᠡᠯ ᠢ ᠵᠢᠭᠰᠠᠭᠠᠨ ᠪᠠᠶᠢᠴᠠᠭᠠᠬᠤ ᠪᠠ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠶᠤᠯᠭᠦᠶ ᠶᠢᠨ ᠰᠡᠷᠭᠡᠶᠢᠯᠡᠯᠲᠡ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾᠎ ᠢ ᠬᠢᠨᠠᠮᠠᠭᠠᠶ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠤᠯᠠᠮ ᠨᠢᠭᠡ ᠪᠠᠳᠤᠵᠢᠭᠤᠯᠤᠨ᠎ᠠ᠃         ᠲᠠᠪᠤ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠪᠠᠶᠢᠭᠤᠯᠬᠤ ᠳᠡᠭᠡᠷ᠎ᠡ ᠳᠠᠬᠢᠨᠲᠠ ᠬᠦᠴᠦᠯᠡᠬᠦ ᠬᠡᠷᠡᠭᠲᠡᠢ    ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠦᠨᠡᠨᠴᠢ ᠰᠢᠳᠤᠷᠭᠤ ᠵᠠᠰᠠᠭ ᠤᠨ ᠣᠷᠳᠣᠨ ᠢ ᠪᠠᠶᠢᠭᠤᠯᠤᠨ᠎ᠠ᠃ ︽ᠬᠤᠶᠠᠷ ᠢ ᠲᠣᠭᠲᠠᠭᠠᠬᠤ︾᠎ ᠶᠢᠨ ᠰᠢᠢᠳᠪᠤᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾᠎ ᠢ ᠴᠢᠩᠭᠠᠳᠬᠠᠨ᠂ ︽ᠳᠥᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠬᠡᠷᠡᠭᠲᠡᠶ᠃ ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠢ ᠲᠠᠨᠢᠵᠤ᠂ ᠠᠵᠢᠯ ᠢᠶᠠᠨ ᠠᠬᠢᠭᠤᠯᠬᠤ ᠳᠠᠭᠠᠨ ᠴᠢᠳᠠᠮᠠᠭᠠᠢ ᠪᠠᠶᠢᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢ᠊ ᠡᠶ᠎ᠡ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠭᠠᠷᠭᠠᠬᠤ ᠪᠠᠷ ᠨᠠᠮ ᠳᠠᠭᠠᠨ ᠲᠦᠢᠯ ᠤᠨ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠬᠡᠪ ᠴᠢᠨᠠᠷ ᠢ ᠲᠠᠶᠢᠯᠪᠤᠷᠢᠯᠠᠨ᠎ᠠ᠃    ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠶᠣᠰᠣ ᠲᠦᠷᠢᠮ ᠢ ᠰᠠᠬᠢᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠡᠷᠬᠡᠪᠰᠢ ᠭᠦᠢᠴᠡᠳᠬᠡᠬᠦ᠂ ᠬᠠᠤᠯᠢ ᠠᠴᠠ ᠡᠷᠬᠡ ᠣᠯᠭᠤᠭᠰᠠᠨ ᠦᠭᠡᠢ ᠪᠣᠯ ᠬᠢᠵᠦ ᠪᠣᠯᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ ︽ᠭᠤᠷᠪᠠᠨ ᠴᠢᠬᠤᠯᠠ ᠨᠢᠭᠡ ᠶᠡᠭᠡ︾᠎ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ  ᠰᠢᠢᠳᠪᠤᠷᠢᠳᠤ ᠪᠤᠳᠤᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ  ᠰᠢᠢᠳᠪᠤᠷᠢᠳᠤ ᠪᠤᠳᠤᠯᠭ᠎ᠠ ᠨᠢ ᠬᠠᠤᠯᠢ ᠪᠠᠷ ᠵᠠᠰᠠᠬᠤ ᠶᠢᠨ ᠪᠣᠳᠣᠯᠬᠢᠯᠠᠯ ᠢ ᠳᠠᠭᠠᠭᠠᠵᠤ᠂ ᠠᠷᠠᠳ ᠤᠨ ᠰᠠᠨᠠᠭᠠᠨ ᠤ ᠬᠠᠨᠳᠤᠰᠢ ᠶᠢ ᠢᠯᠡᠷᠡᠭᠦᠯᠬᠦ ᠶᠢ ᠦᠨᠡᠨ ᠬᠦ ᠪᠠᠲᠤᠯᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠦᠷᠭᠦᠯᠵᠢᠯᠡᠨ ᠲᠦᠯᠬᠢᠨ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠷᠬᠡ ᠶᠢ ᠢᠯᠡ ᠪᠠᠷ ᠥᠨᠳᠥᠷ ᠪᠦᠲᠦᠮᠵᠢᠲᠡᠶ ᠪᠠᠷ ᠠᠵᠢᠯᠯᠠᠭᠤᠯᠤᠨ᠎ᠠ᠃    ᠡᠭᠦᠷᠭᠡᠯᠡᠨ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠣᠯᠵᠤ᠂ ᠦᠢᠯᠡᠰ ᠪᠦᠲᠦᠭᠡᠯ ᠲᠠᠢ ᠵᠠᠰᠠᠭ ᠤᠨ ᠣᠷᠳᠣᠨ ᠢ ᠪᠠᠶᠢᠭᠤᠯᠤᠨ᠎ᠠ᠃ ︽ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ︾᠎ ᠶᠢ ᠢᠮᠠᠭᠲᠠ ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠪᠣᠯᠭᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠯᠠᠨ ᠤ ᠬᠠᠯᠠᠮᠵᠢᠯᠠᠨ ᠠᠩᠬᠠᠷᠴᠤ ᠪᠠᠶᠢᠭ᠎ᠠ ᠬᠠᠯᠠᠭᠤᠨ ᠴᠡᠭ ᠤᠨ ᠪᠠ ᠬᠦᠴᠢᠷ ᠠᠰᠠᠭᠤᠳᠠᠯ ᠲᠠᠢ ᠤᠶᠠᠯᠳᠤᠭᠤᠯᠤᠨ᠂ ᠵᠣᠷᠢᠭᠲᠠᠶ ᠪᠠᠷ ᠳᠠᠷᠤᠯᠲᠠ ᠦᠵᠡᠭᠦᠯᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠬᠦᠴᠦᠯᠡᠨ ᠴᠢᠷᠮᠠᠶᠢᠵᠤ ᠪᠠᠶᠢᠭᠠᠳ ᠠᠵᠢᠯ ᠦᠢᠯᠡᠰ ᠪᠦᠲᠦᠭᠡᠵᠦ᠂ ︽ᠲᠥᠯᠥᠪᠵᠢᠭᠦᠯᠭᠡ ᠶᠢᠨ ᠵᠢᠷᠤᠭ︾᠎ ᠢ ︽ᠪᠠᠷᠢᠯᠭ᠎ᠠ ᠶᠢᠨ ᠵᠢᠷᠤᠭ︾ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ︽ᠴᠠᠭ ᠤᠨ ᠬᠦᠰᠦᠨᠦᠭᠲᠦ︾᠎ ᠶᠢ ︽ᠲᠥᠯᠥᠪᠯᠡᠭᠡ ᠶᠢᠨ ᠬᠦᠰᠦᠨᠦᠭᠲᠦ︾ ᠪᠣᠯᠭᠠᠨ ᠬᠤᠪᠢᠷᠠᠭᠤᠯᠵᠤ᠂ ᠠᠤᠭ᠎ᠠ ᠶᠡᠭᠡ ᠵᠢᠷᠤᠭ ᠲᠥᠰᠦᠪ ᠢ ᠰᠠᠶᠢᠨ ᠰᠠᠶᠢᠬᠠᠨ ᠪᠣᠳᠠᠲᠤ ᠠᠬᠤᠶ ᠪᠣᠯᠭᠠᠨ ᠬᠤᠪᠢᠷᠠᠭᠤᠯᠵᠤ᠂ ᠡᠯ᠎ᠡ ᠵᠦᠢᠯ ᠤᠨ ᠠᠵᠢᠯ ᠢ ᠦᠨᠡᠨ ᠬᠦ ᠪᠣᠳᠠᠲᠤ ᠠᠮᠵᠢᠯᠲᠠ ᠪᠠᠷ ᠢᠶᠠᠨ ᠶᠠᠷᠢᠵᠤ᠂ ᠠᠷᠠᠳ ᠤᠯᠠᠨ ᠤ ᠵᠥᠪᠰᠢᠶᠡᠷᠡᠯ ᠢᠶᠠᠷ ᠶᠠᠷᠢᠬᠤ ᠶᠢ ᠪᠡᠶᠡᠯᠡᠭᠦᠯᠬᠦ ᠬᠡᠷᠡᠭᠲᠡᠶ    ᠠᠷᠢᠭᠤᠨ ᠴᠢᠬᠡᠴᠢ ᠪᠠᠷ ᠦᠯᠢᠭᠡᠷ ᠳᠠᠭᠤᠷᠢᠶᠠᠯ ᠪᠤᠯᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾᠎ ᠶᠢ ᠬᠢᠨᠠᠮᠠᠭᠠᠶ ᠭᠦᠢᠴᠡᠳᠬᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠥᠬᠦᠷᠡᠰᠢ ᠦᠭᠡᠢ ᠰᠠᠶᠢᠲᠤᠷ ᠠᠳᠬᠤᠨ᠎ᠠ᠃ ︽ᠮᠣᠷᠢ ᠡᠮᠡᠭᠡᠯ ᠠᠴᠠ ᠪᠠᠨ ᠰᠠᠯᠬᠤ ᠦᠭᠡᠢ᠂ ᠵᠢᠯᠣᠭᠤ ᠪᠠᠨ ᠲᠠᠯᠪᠢᠬᠤ ᠦᠭᠡᠢ︾ ᠲᠣᠭᠲᠠᠯ ᠬᠦᠴᠦᠨ ᠢᠶᠠᠷ ︽ᠲᠦᠷᠪᠡᠨ ᠰᠤᠷᠲᠠᠯ︾᠎ ᠢ ᠴᠥᠬᠦᠷᠡᠰᠢ ᠦᠭᠡᠢ ᠵᠠᠯᠠᠷᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠷᠬᠠᠭ ᠭᠡᠮ ᠢ ᠡᠷᠡᠰ ᠴᠡᠭᠴᠡᠯᠡᠨ ᠵᠠᠰᠠᠨ᠎ᠠ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠵᠤ᠂ ︽ᠡᠩ ᠤᠨ ᠴᠢᠨᠠᠷᠲᠠᠢ ᠵᠠᠷᠤᠯᠭ᠎ᠠ︾᠎ ᠶᠢ ᠶᠡᠬᠡᠪᠡᠷ ᠪᠠᠭᠠᠰᠬᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾᠎ ᠢ ᠴᠢᠩᠭ᠎ᠠ ᠬᠢᠵᠠᠭᠠᠷᠯᠠᠵᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠴᠢᠩᠭ᠎ᠠ ᠪᠠᠲᠤᠯᠠᠵᠤ᠂ ᠵᠠᠰᠠᠭ ᠤᠨ ᠣᠷᠳᠣᠨ ᠤ ︽ᠭᠠᠮᠲᠠᠢ ᠠᠮᠢᠳᠤᠷᠠᠯ︾᠎ ᠢᠶᠠᠷ ᠤᠯᠠᠨ ᠲᠦᠮᠡᠨ ᠤ ︽ᠰᠠᠶᠢᠨ ᠠᠮᠢᠳᠤᠷᠠᠯ︾᠎ ᠢ ᠰᠣᠯᠢᠵᠤ ᠠᠪᠤᠨ᠎ᠠ᠃    ᠲᠥᠯᠥᠭᠡᠯᠡᠭᠴᠢᠳ ᠡ︕ ᠰᠢᠨ᠎ᠡ ᠴᠠᠭ ᠦᠶ᠎ᠡ ᠠᠴᠠ ᠰᠢᠨ᠎ᠡ ᠡᠭᠦᠷᠭᠡ ᠬᠠᠷᠢᠭᠤᠴᠠᠯᠭ᠎ᠠ ᠣᠯᠭᠤᠵᠤ᠂ ᠰᠢᠨ᠎ᠡ ᠠᠶᠠᠨ ᠵᠠᠮ ᠨᠢ ᠰᠢᠨ᠎ᠡ ᠵᠢᠳᠬᠦᠯ ᠴᠢᠷᠮᠠᠶᠢᠯᠭ᠎ᠠ ᠶᠢ ᠬᠥᠭᠵᠢᠭᠡᠨ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ  ᠂  ᠬᠤᠳᠠ ᠶᠢᠨ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠴᠤᠭ ᠪᠠᠳᠠᠷᠠᠩᠭᠤᠢ ᠤᠷᠤᠭᠰᠢᠯᠠᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ᠂ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ ᠢᠶᠠᠷ᠂ ᠤᠯᠠᠨ ᠤ ᠵᠣᠷᠢᠭ ᠢᠶᠠᠷ ᠬᠦᠴᠦ ᠪᠠᠨ ᠬᠠᠮᠲᠤᠳᠬᠠᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢᠶᠠᠷ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠯᠢᠶᠠᠩᠴᠧᠩ ᠰᠢᠶᠠᠨ ᠢ  ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ︕        
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2