ᠪᠦᠬᠦ ᠣᠷᠣᠨ ᠢᠶᠠᠷ ᠢᠶᠠᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠶ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2022/1/24
 ᠬᠤᠸᠠᠷ ᠫᠤᠤᠵᠢᠩ ᠤᠨ ᠠᠭᠠᠷ ᠮᠠᠨᠳᠠᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠨᠬᠦ ᠪᠠᠭᠠᠰᠬᠠᠬᠤ ᠶᠢᠨ ᠲᠥᠯᠥᠭᠡ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠰᠠᠶᠢᠵᠢᠷᠠᠭᠤᠯᠵᠤ᠂ ᠣᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠲᠥᠷᠥ ᠶᠢᠨ ᠶᠠᠪᠤᠳᠠᠯ ᠤᠨ ᠬᠤᠷᠢᠶᠠᠨ ᠤ ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠪᠡᠯ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠠᠷᠤᠮᠠᠯᠯᠠᠨ ᠲᠠᠷᠬᠠᠭᠠᠭᠰᠠᠨ ︽ᠤᠯᠠᠭᠠᠨᠴᠠᠪ ᠬᠤᠲᠠ ᠶᠢᠨ 2021 — 2022 ᠣᠨ ᠤ ᠨᠠᠮᠤᠷ ᠡᠪᠦᠯ ᠤᠨ ᠤᠯᠠᠷᠢᠯ ᠤᠨ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠰᠢᠪᠲᠤᠯᠤᠯᠲᠠ ᠶᠢᠨ ᠲᠥᠰᠦᠯ︾ ︵ᠤᠯᠠᠭᠠᠨᠴᠠᠪ ᠠᠯᠪᠠᠨ ᠥᠰᠥᠭ ︹ 2021 ︺ 64 ᠳ᠋ᠦᠭᠡᠷ ᠲᠣᠭᠠᠲᠤ︶᠂ ︽ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠥᠬᠦ ᠴᠠᠷᠠᠭᠠᠨ ᠳᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠶ ᠵᠠᠷᠯᠠᠯ︾ ᠤᠨ ᠱᠠᠭᠠᠷᠳᠠᠯᠭ᠎ᠠ ᠶᠣᠰᠣᠭᠠᠷ᠂ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠭᠠᠳ᠂ ᠪᠦᠬᠦ ᠰᠢᠶᠠᠨ ᠤ ᠬᠤᠸᠠᠷ ᠫᠤᠤᠵᠢᠩ ᠲᠠᠯᠪᠢᠬᠤ ᠪᠠ ᠭᠠᠯ ᠨᠣᠴᠣᠭᠠᠬᠤ ᠶᠢ ᠬᠠᠮᠢᠶᠠᠷᠤᠨ ᠡᠵᠡᠮᠳᠡᠬᠦ ᠪᠠᠷ ᠲᠣᠭᠲᠠᠪᠠ᠂ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠲᠠᠯᠪᠢᠬᠤ ᠶᠢ ᠴᠠᠭᠠᠵᠠᠯᠠᠬᠤ ᠬᠡᠪᠴᠢᠶ᠎ᠡ           ᠯᠢᠶᠠᠩᠴᠧᠩ ᠰᠢᠶᠠᠨ ᠤ ᠪᠦᠬᠦ ᠰᠢᠶᠠᠨ ᠤ ᠬᠡᠪᠴᠢᠶᠡᠨ ᠳᠤ᠃    ᠬᠤᠶᠠᠷ᠂ ᠬᠤᠳᠠᠯᠳᠤᠬᠤ ᠶᠢ ᠴᠠᠭᠠᠵᠠᠯᠠᠬᠤ᠂ ᠲᠠᠯᠪᠢᠬᠤ ᠶᠢ ᠴᠠᠭᠠᠵᠠᠯᠠᠬᠤ ᠴᠠᠭ ᠬᠤᠭᠤᠴᠠᠭ᠎ᠠ    2022 ᠣᠨ ᠤ 1 ᠰᠠᠷ᠎ᠠ ᠶᠢᠨ 1 ᠤ ᠡᠳᠦᠷ ᠠᠴᠠ 2022 ᠣᠨ ᠤ 3 ᠰᠠᠷ᠎ᠠ ᠶᠢᠨ 13 ᠤ ᠡᠳᠦᠷ ᠪᠣᠯᠲᠠᠯ᠎ᠠ    ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ    ︵ᠨᠢᠭᠡ︶ ᠪᠦᠬᠦ ᠰᠢᠶᠠᠨ ᠤ ᠨᠠᠮ ᠵᠠᠰᠠᠭ ᠤᠨ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠠᠮ ᠤᠨ ᠭᠡᠰᠢᠭᠦᠨ ᠺᠠᠳ᠋ᠷᠴᠤᠳ ᠲᠤᠰ ᠵᠠᠷᠯᠠᠯ ᠤᠨ ᠡᠯ᠎ᠡ ᠵᠦᠢᠯ ᠤᠨ ᠲᠣᠭᠲᠠᠭᠠᠯ ᠢ ᠲᠦᠷᠦᠭᠦᠯᠡᠨ ᠬᠡᠷᠡᠭᠵᠢᠭᠦᠯᠵᠦ᠂ ᠵᠡᠭᠡᠯᠢ ᠭᠤᠳᠤᠮᠵᠢ ︵ᠰᠢᠶᠠᠩ ᠪᠠᠯᠭᠠᠰᠤ︶᠂ ᠨᠡᠶᠢᠭᠡᠮ ᠲᠣᠭᠤᠷᠢᠭ ︵ᠭᠠᠴᠠᠭ᠎ᠠ ᠳᠤᠭᠤᠶᠢᠯᠠᠩ︶ ᠤᠨ ᠠᠵᠢᠯᠲᠠᠳ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠤᠯᠠᠨ ᠲᠦᠮᠡᠨ ᠢ ᠢᠳᠬᠠᠨ ᠬᠤᠷᠢᠭᠯᠠᠬᠤ ᠬᠡᠷᠡᠭᠲᠡᠶ᠃ ᠥᠷᠭᠡᠨ ᠤᠯᠠᠨ ᠬᠤᠳᠠ ᠶᠢᠨ ᠠᠷᠠᠳ ᠵᠠᠩ ᠳᠠᠳᠬᠠᠯ ᠢᠶᠠᠨ ᠥᠭᠡᠷᠡᠴᠢᠯᠡᠵᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠪᠦᠬᠦ ᠰᠢᠶᠠᠨ ᠤ ᠤᠯᠠᠨ ᠨᠡᠶᠢᠲᠡ ᠶᠢᠨ ᠣᠷᠴᠢᠨ ᠲᠣᠭᠤᠷᠢᠨ ᠢ ᠬᠠᠮᠲᠤᠪᠠᠷ ᠬᠠᠮᠠᠭᠠᠯᠠᠬᠤ ᠬᠡᠷᠡᠭᠲᠡᠢ᠃    ︵ᠬᠤᠶᠠᠷ︶ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠪᠣᠯ ᠬᠤᠸᠠᠷ ᠫᠤᠤᠵᠢᠩ ᠲᠠᠯᠪᠢᠬᠤ ᠪᠠ ᠭᠠᠯ ᠨᠣᠴᠣᠭᠠᠬᠤ ᠶᠢ ᠴᠠᠭᠠᠵᠠᠯᠠᠬᠤ ᠭᠤᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ᠂ ᠬᠤᠳᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ  ᠤᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠠᠮᠢ ᠠᠬᠤᠶ ᠶᠢᠨ ᠣᠷᠴᠢᠨ ᠲᠣᠭᠤᠷᠢᠨ᠂ ᠰᠣᠨᠢᠨ ᠮᠡᠳᠡᠭᠡ ᠤᠬᠠᠭᠤᠯᠭ᠎ᠠ ᠵᠡᠷᠭᠡ ᠰᠠᠯᠠᠭ᠎ᠠ ᠮᠥᠴᠢᠷ  ᠤᠳ ᠬᠠᠮᠵᠢᠯᠴᠠᠭ᠎ᠠ ᠪᠠᠨ ᠴᠢᠩᠭᠠᠳᠬᠠᠨ᠂ ᠨᠢᠭᠲᠠ ᠬᠠᠮᠵᠢᠯᠴᠠᠵᠤ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠪᠠ ᠨᠣᠴᠣᠬᠤ  ᠴᠡᠭ  ᠤᠨ ᠭᠠᠯ  ᠤᠨ ᠬᠠᠮᠢᠶᠠᠷᠤᠯᠲᠠ ᠶᠢᠨ ᠠᠵᠢᠯ   ᠢ  ᠬᠠᠮᠲᠤᠪᠠᠷ ᠰᠠᠶᠢᠲᠤᠷ ᠬᠢᠵᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠᠨ ᠴᠢᠩᠭᠠᠳᠬᠠᠨ᠂ ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠦᠢᠯᠡᠳᠪᠦᠷᠢᠯᠡᠬᠦ᠂ ᠪᠣᠷᠣᠯᠠᠭᠤᠯᠬᠤ᠂ ᠨᠣᠴᠣᠭᠠᠬᠤ ᠪᠠ ᠨᠣᠴᠣᠬᠤ   ᠴᠡᠭ ᠤᠨ ᠭᠠᠯ   ᠤᠨ ᠥᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ  ᠰᠢᠢᠳᠪᠤᠷᠢᠯᠡᠬᠦ ᠶᠢᠨ ᠬᠠᠮᠲᠤ ᠵᠠᠭᠤᠴᠢᠯᠠᠭᠤᠷ ᠲᠤ ᠢᠯᠡ ᠪᠠᠷ ᠢᠯᠡᠴᠢᠯᠡᠬᠦ ᠬᠡᠷᠡᠭᠲᠡᠶ᠃    ︵ᠭᠤᠷᠪᠠ︶ ᠮᠠᠨ ᠤ ᠰᠢᠶᠠᠨ ᠤ ᠬᠤᠸᠠᠷ ᠫᠤᠤᠵᠢᠩ ᠤᠨ ᠣᠷᠳᠣ ᠬᠤᠭᠤᠴᠠᠭᠠᠨ ᠤ ᠵᠢᠵᠢᠭᠯᠡᠨ ᠬᠤᠳᠠᠯᠳᠤᠬᠤ ᠴᠡᠭ ᠤᠨ ᠦᠨᠡᠮᠯᠡᠯ ᠰᠣᠯᠢᠬᠤ ᠬᠤᠭᠤᠴᠠᠭ᠎ᠠ ᠶᠢ ᠤᠷᠲᠤᠳᠬᠠᠬᠤ ᠠᠵᠢᠯ ᠢ ᠬᠠᠮᠢᠶᠠᠷᠤᠨ ᠡᠵᠡᠮᠳᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠠᠰ ᠲᠤᠨᠢ ᠮᠡᠳᠡᠭᠳᠡᠵᠦ ᠭᠦᠢᠴᠡᠳᠬᠡᠨ᠎ᠡ᠃ ᠡᠨᠡ ᠬᠤᠭᠤᠴᠠᠭᠠᠨ ᠳᠤ ᠪᠥᠭᠡᠮ ᠢᠶᠠᠷ ᠬᠤᠳᠠᠯᠳᠤᠬᠤ ᠬᠤᠳᠠᠯᠳᠤᠭᠠᠴᠢᠨ ᠠᠴᠠ ᠵᠢᠵᠢᠭᠯᠡᠨ ᠬᠤᠳᠠᠯᠳᠤᠬᠤ ᠬᠤᠳᠠᠯᠳᠤᠭᠠᠴᠢᠨ ᠳᠤ ᠶᠠᠮᠠᠷ ᠴᠤ ᠬᠤᠸᠠᠷ ᠫᠤᠤᠵᠢᠩ ᠬᠠᠩᠭᠠᠵᠤ ᠪᠣᠯᠬᠤ ᠦᠭᠡᠢ᠃ 2022 ᠣᠨ ᠳᠤ ᠤᠯᠠᠷᠢᠯ ᠤᠨ ᠴᠢᠨᠠᠷᠲᠠᠶ ᠵᠢᠵᠢᠭᠯᠡᠨ ᠬᠤᠳᠠᠯᠳᠤᠬᠤ ᠶᠢ  ᠭᠦᠢᠴᠡᠳᠬᠡᠵᠤ ᠥᠭᠬᠦ ᠥᠬᠡᠶ᠃    ᠳᠥᠷᠪᠡ᠂ ᠬᠠᠷᠢᠭᠤᠴᠠᠯᠭ᠎ᠠ ᠨᠡᠬᠡᠮᠵᠢᠯᠡᠬᠦ    ︵ᠨᠢᠭᠡ︶ ᠬᠤᠸᠠᠷ ᠫᠤᠤᠵᠢᠩ  ᠤᠨ ᠪᠦᠲᠦᠭᠡᠭᠳᠡᠬᠦᠨ  ᠢ ᠲᠣᠭᠲᠠᠭᠠᠯ ᠠᠴᠠ ᠵᠥᠷᠢᠴᠡᠨ ᠡᠵᠡᠩᠨᠡᠭᠰᠡᠨ ᠪᠣᠯ ︽ᠬᠤᠸᠠᠷ ᠫᠤᠤᠵᠢᠩ  ᠤᠨ ᠠᠶᠤᠯ ᠥᠭᠡᠢ ᠶᠢᠨ ᠬᠠᠮᠢᠶᠠᠷᠤᠯᠲᠠ ᠶᠢᠨ ᠲᠥᠷᠢᠮ︾   ᠤᠨ ᠭᠤᠴᠢᠨ ᠵᠢᠷᠭᠤᠳᠤᠭᠠᠷ ᠵᠦᠢᠯ ‍ᠤᠨ‌ᠨᠢᠭᠡᠳᠦᠭᠡᠷ ᠵᠤᠷᠪᠤᠰ  ᠤᠨ ᠲᠣᠭᠲᠠᠭᠠᠯ   ᠢ ᠦᠨᠳᠦᠰᠦᠯᠡᠨ᠂ 2 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ   ᠰᠢᠢᠳᠬᠡᠬᠦ ᠶᠢᠨ ᠬᠠᠮᠲᠤ ᠬᠠᠤᠯᠢ ᠪᠤᠰᠤ ᠪᠠᠷ ᠦᠢᠯᠡᠳᠪᠦᠷᠢᠯᠡᠭᠰᠡᠨ᠂ ᠡᠵᠡᠩᠨᠡᠭᠰᠡᠨ  ᠪᠠᠷᠠᠭ᠎ᠠ ᠵᠢᠴᠢ ᠬᠠᠤᠯᠢ ᠠᠴᠠ ᠵᠥᠷᠢᠴᠡᠵᠦ ᠣᠯᠤᠭᠰᠠᠨ ᠣᠯᠵᠠᠪᠤᠷᠢ ᠶᠢ ᠨᠢ ᠬᠤᠷᠢᠶᠠᠵᠤ ᠠᠪᠤᠨ᠎ᠠ᠃ ᠬᠤᠸᠠᠷ ᠫᠤᠤᠵᠢᠩ᠂ ᠫᠤᠤᠵᠢᠩ ᠢ ᠬᠠᠤᠯᠢ ᠪᠤᠰᠤ ᠪᠠᠷ ᠡᠵᠡᠩᠨᠡᠵᠦ᠂ ᠵᠥᠭᠡᠭᠡᠪᠦᠷᠢᠯᠡᠭᠡᠳ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠪᠤᠯᠵᠤ ᠪᠦᠷᠢᠯᠳᠦᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ︵ᠬᠤᠶᠠᠷ︶ ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠲᠠᠯᠪᠢᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠤᠸᠠᠷ ᠫᠤᠤᠵᠢᠩ ᠲᠠᠯᠪᠢᠬᠤ ᠶᠢ ᠨᠢ ᠵᠠᠷᠯᠢᠭᠳᠠᠨ ᠵᠣᠭᠰᠣᠭᠠᠵᠤ᠂ ︽ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠤᠨ ᠳᠥᠴᠢᠨ ᠬᠤᠶᠠᠳᠤᠭᠠᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ 100 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ   ᠰᠢᠢᠳᠬᠡᠨ᠎ᠡ᠃ ᠵᠥᠪᠰᠢᠶᠡᠷᠡᠯ ᠦᠭᠡᠢ ᠪᠠᠷ ᠬᠤᠸᠠᠷ ᠫᠤᠤᠵᠢᠩ ᠤᠨ ᠦᠳᠡᠰᠢᠯᠡᠭᠡ ᠵᠢᠴᠢ ᠪᠤᠰᠤᠳ ᠲᠤᠮᠤ ᠬᠡᠯᠪᠡᠷᠢ ᠶᠢᠨ ᠬᠤᠸᠠᠷ ᠫᠤᠤᠵᠢᠩ ᠲᠠᠯᠪᠢᠬᠤ ᠠᠵᠢᠯᠯᠠᠭ᠎ᠠ ᠡᠷᠬᠢᠯᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠤᠸᠠᠷ ᠫᠤᠤᠵᠢᠩ ᠲᠠᠯᠪᠢᠬᠤ ᠶᠢ ᠨᠢ ᠵᠠᠷᠯᠢᠭᠳᠠᠨ ᠵᠣᠭᠰᠣᠭᠠᠵᠤ᠂ ︽ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠤᠨ ᠳᠥᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ᠬᠠᠷᠢᠭᠤᠴᠠᠯᠭᠠᠲᠤ ᠨᠢᠭᠡᠴᠢ ᠶᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃ ᠵᠢᠯᠤᠭᠤᠳᠤᠯᠭ᠎ᠠ ᠶᠢ ᠰᠣᠨᠣᠰᠬᠤ ᠦᠭᠡᠢ᠂ ᠢᠳᠬᠠᠨ ᠬᠤᠷᠢᠭᠯᠠᠬᠤ ᠶᠢ ᠰᠣᠨᠣᠰᠬᠤ ᠦᠭᠡᠢ᠂ ᠠᠯᠪᠠᠨ ᠠᠵᠢᠯ ᠭᠦᠢᠴᠡᠳᠬᠡᠬᠦ ᠶᠢ ᠬᠠᠷᠰᠢᠯᠠᠭᠰᠠᠨ ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠲᠦᠷ ᠬᠤᠷᠢᠵᠤ᠂ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ︵ᠭᠤᠷᠪᠠ︶ ᠶᠠᠮᠠᠷᠪᠠ ᠨᠢᠭᠡᠴᠡ ᠪᠣᠯᠤᠨ ᠬᠤᠪᠢ ᠬᠥᠮᠦᠨ ᠪᠦᠷ ᠬᠠᠤᠯᠢ ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠪᠣᠷᠣᠯᠠᠭᠤᠯᠬᠤ᠂ ᠲᠠᠯᠪᠢᠬᠤ ᠪᠠ ᠭᠠᠯ ᠨᠣᠴᠣᠭᠠᠬᠤ ᠥᠢᠯᠡ ᠠᠵᠢᠯᠯᠠᠭ᠎ᠠ ᠶᠢ ᠢᠳᠬᠠᠨ ᠬᠤᠷᠢᠭᠯᠠᠬᠤ᠂ ᠬᠤᠷᠢᠭᠯᠠᠨ ᠵᠣᠭᠰᠣᠭᠠᠬᠤ ᠡᠷᠬᠡ ᠲᠠᠢ ᠪᠠᠶᠢᠬᠤ ᠶᠢᠨ ᠬᠠᠮᠲᠤ ᠨᠡᠶᠢᠭᠡᠮ   ᠤᠨ ᠡᠯ᠎ᠡ ᠡᠲᠡᠭᠡᠳ  ᠤᠨ ᠬᠥᠮᠦᠰ  ᠤᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠪᠠ ᠭᠠᠯ ᠨᠣᠴᠣᠭᠠᠬᠤ ᠠᠵᠢᠯ   ᠢ ᠢᠳᠡᠪᠬᠢᠲᠡᠶ ᠪᠠᠷ ᠳᠡᠮᠵᠢᠬᠦ ᠪᠠ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ᠂ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠥᠷᠭᠡᠨ ᠤᠯᠠᠨ ᠲᠦᠮᠡᠨ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠬᠤ ᠬᠡᠷᠡᠭᠲᠡᠶ᠃    ᠢᠯᠡᠴᠢᠯᠡᠨ ᠮᠡᠳᠡᠭᠦᠯᠬᠦ ᠤᠲᠠᠰᠤ᠄ 110᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠢᠯᠡᠴᠢᠯᠡᠨ ᠮᠡᠳᠡᠭᠦᠯᠬᠦ ᠶᠢ ᠬᠠᠤᠯᠢ ᠪᠠᠷ ᠬᠠᠮᠠᠭᠠᠯᠠᠨ᠎ᠠ᠃    ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    
 
ᠢᠷᠡᠯᠲᠡ᠄ ᠠᠮᠢᠵᠢᠷᠠᠯ ᠪᠢᠯᠬᠠᠭᠰᠠᠨ ᠯᠢᠶᠠᠩᠴᠧᠩ  ᠤᠨ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2