ᠪᠠᠷᠰ ᠵᠢᠯ ᠤᠨ ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ 1 ᠰᠠᠷ᠎ᠠ ᠶᠢᠨ 25 ᠤ ᠡᠳᠦᠷ᠂ ᠰᠢᠶᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠷᠧᠨ ᠳ᠋ᠦᠩ ᠮᠢᠩ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠴᠧᠨ ᠷᠦᠢ | ᠧ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠧᠩ ᠶᠠᠨ ᠹᠠᠩ ᠲᠣᠬᠤᠨᠢᠭᠤᠯᠬᠤ ᠳᠤᠭᠤᠶᠢᠯᠠᠩ | ᠪᠠᠶᠢᠭᠤᠯᠵᠤ᠂ ᠮᠠᠩᠬᠠᠨ ᠪᠠᠯᠭᠠᠰᠤᠨ ᠳᠤ ᠭᠦᠨᠵᠡᠭᠡᠶᠢᠷᠡᠨ ᠶᠠᠳᠠᠭᠤ ᠬᠦᠴᠢᠷᠳᠡᠯᠲᠡᠶ ᠠᠬᠠᠮᠠᠳ ᠨᠠᠮ ᠤᠨ ᠭᠡᠰᠢᠭᠦᠳ ᠢ | ᠲᠣᠬᠤᠨᠢᠭᠤᠯᠵᠤ᠂ ᠲᠡᠳᠡᠨ ᠳᠤ ᠲᠣᠬᠤᠨᠢᠭᠤᠯᠬᠤ ᠪᠣᠳᠠᠰ ᠪᠠ ᠲᠣᠬᠤᠨᠢᠭᠤᠯᠬᠤ ᠮᠥᠩᠭᠦ ᠬᠦᠷᠭᠡᠭᠰᠡᠨ ᠪᠥᠭᠡᠳ ᠴᠠᠭᠠᠨ | ᠰᠠᠷ᠎ᠠ ᠶᠢᠨ ᠢᠷᠥᠭᠡᠯ ᠪᠠ ᠰᠠᠶᠢᠨ ᠰᠠᠶᠢᠬᠠᠨ ᠢᠷᠥᠭᠡᠯ ᠳᠡᠪᠰᠢᠭᠦᠯᠵᠡᠶ᠃ | | | | | | ᠽᠦᠸᠧ ᠸᠧᠢ ᠶᠣᠣ ᠶᠢᠨ ᠬᠦᠴᠢᠷᠳᠡᠯᠲᠡᠢ ᠠᠬᠠᠮᠠᠳ ᠨᠠᠮ ᠤᠨ ᠭᠡᠰᠢᠭᠦᠨ ᠵᠤᠤ ᠰᠢᠨ ᠮᠢᠩ᠂ ᠵᠠᠩ ᠭᠧᠨ | ᠧ ᠶᠢᠨ ᠭᠡᠷ ᠲᠤ᠂ ᠲᠣᠬᠤᠨᠢᠭᠤᠯᠬᠤ ᠳᠤᠭᠤᠶᠢᠯᠠᠩ ᠤᠨ ᠬᠢᠨ ᠲᠡᠳᠡᠨ ᠲᠠᠢ ᠵᠣᠭᠤᠭ ᠳᠡᠯᠭᠡᠵᠦ᠂ ᠬᠠᠯᠠᠭᠤᠨ | ᠬᠦᠢᠲᠡᠨ ᠢ ᠠᠰᠠᠭᠤᠵᠤ᠂ ᠲᠡᠳᠡᠨ ᠤ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠣᠬᠤᠨᠢᠭᠤᠯᠬᠤ | ᠪᠣᠳᠠᠰ ᠪᠣᠯᠤᠨ ᠲᠣᠬᠤᠨᠢᠭᠤᠯᠬᠤ ᠮᠥᠩᠭᠦ ᠬᠦᠷᠭᠡᠵᠦ᠂ ᠠᠬᠠᠮᠠᠳ ᠨᠠᠮ ᠤᠨ ᠭᠡᠰᠢᠭᠦᠳ ᠤᠨ ᠪᠡᠶ᠎ᠡ ᠪᠠᠨ ᠭᠠᠮᠨᠠᠬᠤ ᠶᠢᠨ | ᠬᠠᠮᠲᠤ ᠦᠯᠡᠳᠡᠪᠦᠷᠢ ᠢᠯᠴᠢ ᠪᠠᠨ ᠦᠷᠭᠦᠯᠵᠢᠯᠡᠨ ᠪᠠᠳᠠᠷᠠᠭᠤᠯᠬᠤ ᠶᠢ ᠬᠦᠰᠡᠪᠡ᠃ ᠡᠭᠦᠨ ᠤ ᠵᠡᠷᠭᠡᠪᠡᠷ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠢᠨ ᠳᠤ᠂ ᠦᠨᠡᠨ ᠰᠡᠳᠬᠢᠯ ᠠᠴᠠ ᠪᠠᠨ ᠬᠠᠶᠢᠷ᠎ᠠ ᠰᠡᠳᠬᠢᠯᠭᠡ ᠪᠠᠷ ᠢᠶᠠᠨ ᠲᠡᠳᠡᠨ ᠢ | ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ | ᠬᠠᠯᠠᠮᠵᠢ ᠶᠢ ᠦᠨᠡᠨᠬᠦ ᠬᠦᠷᠳᠡᠬᠦ ᠬᠡᠷᠡᠭᠲᠡᠢ ᠭᠡᠵᠦ ᠵᠠᠬᠢᠪᠠ᠃ | | | | ᠨᠠᠨ ᠸᠠᠨ ᠼᠦᠨ ᠭᠠᠴᠠᠭᠠᠨ ᠤ ᠠᠬᠠᠮᠠᠳ ᠨᠠᠮ ᠤᠨ ᠭᠡᠰᠢᠭᠦᠨ ᠰᠢᠤᠢ ᠱᠤᠸᠠᠩ ᠵᠢᠦ ᠶᠢᠨ ᠭᠡᠷ ᠲᠤ᠂ | ᠲᠣᠬᠤᠨᠢᠭᠤᠯᠬᠤ ᠳᠤᠭᠤᠶᠢᠯᠠᠩ ᠤᠨ ᠬᠢᠨ ᠲᠡᠭᠦᠨ ᠤ ᠦᠢᠯᠡᠳᠪᠦᠷᠢᠯᠡᠯ᠂ ᠠᠮᠢᠳᠤᠷᠠᠯ ᠤᠨ ᠪᠠᠶᠢᠳᠠᠯ ᠢ ᠨᠠᠷᠢᠨ | ᠣᠶᠢᠯᠠᠭᠠᠵᠤ᠂ ᠡᠬᠡᠨᠡᠷ ᠨᠢ ᠤᠳᠠᠭᠠᠨ ᠵᠢᠯ ᠢᠶᠠᠷ ᠡᠪᠡᠳᠴᠢᠨ ᠲᠠᠢ ᠪᠠᠶᠢᠵᠤ᠂ ᠣᠷᠣᠨ ᠠᠴᠠ ᠪᠠᠨ ᠪᠣᠰᠴᠤ ᠳᠡᠶᠢᠯᠬᠦ | ᠦᠭᠡᠢ ᠪᠠᠶᠢᠪᠠ᠃ ᠲᠣᠬᠤᠨᠢᠭᠤᠯᠬᠤ ᠳᠤᠭᠤᠶᠢᠯᠠᠩ ᠤᠨ ᠬᠢᠨ ᠲᠡᠳᠡᠨ ᠢ ᠬᠦᠴᠢᠷ ᠪᠡᠷᠬᠡᠰᠢᠶᠡᠯ ᠢ ᠢᠯᠠᠨ ᠳᠠᠪᠠᠭ᠋ᠤ | ᠢᠲᠡᠭᠡᠯ ᠵᠣᠷᠢᠭ ᠲᠠᠢ ᠪᠤᠯᠵᠤ᠂ ᠪᠠᠶᠠᠰᠤᠩᠭᠤᠶ ᠥᠭᠡᠳᠡᠷᠬᠡᠭ ᠠᠮᠢᠳᠤᠷᠠᠯ ᠤᠨ ᠣᠪᠣᠷ ᠲᠠᠢ ᠪᠠᠶᠢᠵᠤ᠂ ᠨᠠᠮ ᠪᠠ | ᠵᠠᠰᠠᠭ ᠤᠨ ᠣᠷᠳᠣᠨ ᠤ ᠬᠠᠯᠠᠮᠵᠢᠯᠠᠯ ᠳᠣᠣᠷ᠎ᠠ᠂ ᠬᠦᠴᠢᠷ ᠪᠡᠷᠬᠡᠰᠢᠶᠡᠯ ᠢ ᠯᠠᠪᠲᠠᠶ ᠢᠯᠠᠨ ᠳᠠᠪᠠᠵᠤ᠂ ᠬᠦᠴᠢᠷ | ᠪᠡᠷᠬᠡᠰᠢᠶᠡᠯ ᠢ ᠯᠠᠪᠲᠠᠶ ᠲᠤᠭᠤᠯᠵᠤ ᠴᠢᠳᠠᠨ᠎ᠠ ᠭᠡᠳᠡᠭ ᠢ ᠢᠲᠡᠭᠡᠬᠦ ᠬᠡᠷᠡᠭᠲᠡᠶ ᠭᠡᠵᠦ ᠵᠣᠷᠢᠭᠵᠢᠭᠤᠯᠵᠠᠶ᠃ | | ᠢᠷᠡᠯᠲᠡ᠄ ᠠᠮᠢᠵᠢᠷᠠᠯ ᠪᠢᠯᠬᠠᠭᠰᠠᠨ ᠯᠢᠶᠠᠩᠴᠧᠩ ᠤᠨ ᠬᠢᠳᠠᠳ ᠰᠦᠯᠵᠢᠶ᠎ᠡ | ᠨᠠᠶᠢᠷᠠᠭᠤᠯᠤᠭᠴᠢ᠄ ᠶᠠᠩ ᠷᠦᠢ ᠵᠧᠨ | ᠤᠷᠴᠢᠭᠤᠯᠤᠭᠴᠢ᠄ ᠪᠠᠶᠠᠷᠯᠠᠬᠤ | |