ᠱᠢ ᠯᠢᠶᠠᠩ ᠮᠠᠨ ᠤ ᠰᠢᠶᠠᠨ ᠳᠤ ᠬᠦᠷᠴᠦ ᠴᠠᠭᠠᠨ ᠰᠠᠷ᠎ᠠ ᠠᠴᠠ ᠡᠮᠦᠨ᠎ᠡ ᠠᠶᠢᠯᠴᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/1/26
   ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠯᠢᠶᠠᠩ᠂ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠢ ᠶᠤᠸᠠᠢ ᠨᠠᠷ ᠮᠠᠨ ᠤ ᠰᠢᠶᠠᠨ ᠳᠤ ᠬᠦᠷᠴᠦ ᠢᠷᠠᠭᠤ ᠠᠯᠳᠠᠷ ᠤᠨ ᠬᠦᠷᠢᠶᠡᠯᠡᠩ ᠤᠨ ᠬᠥᠮᠦᠰ᠂ ᠠᠰᠠᠷᠠᠨ ᠬᠠᠷᠠᠭᠠᠯᠵᠠᠬᠤ ᠡᠲᠡᠭᠡᠳ᠂ ᠶᠠᠳᠠᠭᠤ ᠬᠦᠴᠢᠷᠳᠡᠯᠲᠡᠢ ᠴᠡᠷᠢᠭ ᠠᠴᠠ ᠬᠠᠯᠠᠭᠳᠠᠭᠰᠠᠳ᠂ ᠶᠠᠳᠠᠭᠤ ᠬᠦᠴᠢᠷᠳᠡᠯᠲᠡᠢ ᠨᠠᠮ ᠤᠨ ᠭᠡᠰᠢᠭᠦᠨ ᠵᠢᠴᠢ ᠠᠬᠠᠮᠠᠳ ᠨᠠᠮ ᠤᠨ ᠭᠡᠰᠢᠭᠦᠳ ᠢ ᠲᠣᠬᠤᠨᠢᠭᠤᠯᠵᠤ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ  ᠬᠠᠶᠢᠷ᠎ᠠ ᠬᠠᠯᠠᠮᠵᠢ ᠶᠢ ᠬᠦᠷᠭᠡᠬᠦ ᠶᠢᠨ ᠬᠠᠮᠲᠤ ᠤᠯᠠᠨ ᠳᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ᠃
   ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠵᠧᠩ ᠳ᠋ᠦᠩ ᠫᠢᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠣ ᠵᠢᠶᠠᠨ ᠵᠢᠶᠦ᠋ᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠸᠠᠩ ᠵᠢᠶᠦ᠋ᠨ ᠶᠦᠩ ᠪᠠᠷ᠎ᠠ ᠪᠣᠯᠵᠤ ᠲᠣᠬᠤᠨᠢᠭᠤᠯᠪᠠ᠃
     ᠮᠠᠶᠢᠬᠤᠳᠤ ᠪᠠᠯᠭᠠᠰᠤᠨ ᠤ ᠮᠠᠶᠢᠱᠧᠩ ᠲᠣᠰᠬᠤᠨ ᠤ ᠳᠥᠷᠪᠡᠳᠦᠭᠡᠷ ᠠᠩᠭᠢ᠂  ᠲᠠᠭ᠎ᠠ ᠶᠢᠨ ᠨᠠᠭᠤᠷ ᠪᠠᠯᠭᠠᠰᠤᠨ ᠤ ᠲᠠᠪᠤᠳᠤᠭᠠᠷ ᠰᠤᠮᠤᠨ ᠤ ᠴᠢᠤᠸᠠᠨ ᠳ᠋ᠦ᠋ᠩ ᠲᠣᠰᠬᠤᠨ ᠳᠤ᠂ ᠱᠢ ᠯᠢᠶᠠᠩ ᠨᠠᠷ ᠤᠷᠢᠳ ᠬᠤᠵᠢᠳ ᠬᠦᠴᠢᠷᠳᠡᠯ ᠲᠠᠢ ᠨᠠᠮ ᠤᠨ ᠭᠡᠰᠢᠭᠦᠨ ᠬᠤᠸᠠᠩ ᠴᠠᠩ ᠱᠧᠩ᠂ ᠠᠬᠠᠮᠠᠳ ᠨᠠᠮ ᠤᠨ ᠭᠡᠰᠢᠭᠦᠨ ᠵᠠᠩ  ᠬᠡᠦ ᠳ᠋ᠠᠨ ᠤ ᠭᠡᠷ ᠲᠤ ᠬᠦᠷᠴᠦ᠂ ᠲᠡᠳᠡᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠪᠡᠶ᠎ᠡ ᠮᠠᠬᠠᠪᠣᠳ ᠤᠨ ᠪᠠᠶᠢᠳᠠᠯ᠂ ᠠᠮᠢᠳᠤᠷᠠᠯ ᠤᠨ ᠪᠠᠶᠢᠳᠠᠯ᠂ ᠭᠡᠷ ᠪᠦᠯᠢ ᠶᠢᠨ ᠣᠷᠣᠯᠭ᠎ᠠ ᠶᠢᠨ ᠢᠷᠡᠯᠳᠡ ᠵᠢᠴᠢ ᠦᠢᠯᠡᠳᠪᠦᠷᠢᠯᠡᠯ ᠠᠮᠢᠳᠤᠷᠠᠯ ᠤᠨ ᠳᠤᠮᠳᠠ ᠲᠤᠯᠭᠠᠷᠠᠭᠰᠠᠨ ᠪᠣᠳᠠᠲᠠᠶ ᠬᠦᠴᠢᠷᠳᠡᠯ ᠢ ᠨᠠᠷᠢᠨ ᠣᠶᠢᠯᠠᠭᠠᠵᠤ᠂ ᠲᠡᠳᠡᠨ ᠢ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠨ᠂ ᠢᠳᠡᠪᠬᠢᠲᠡᠶ ᠪᠠᠶᠠᠰᠤᠩᠭᠤᠶ ᠠᠮᠢᠳᠤᠷᠠᠬᠤ ᠶᠢᠨ ᠬᠠᠮᠲᠤ ᠲᠡᠳᠡᠨ ᠳᠤ ᠲᠣᠬᠤᠨᠢᠭᠤᠯᠬᠤ ᠪᠣᠳᠠᠰ ᠪᠠ ᠲᠣᠬᠤᠨᠢᠭᠤᠯᠬᠤ ᠮᠥᠩᠭᠦ ᠬᠦᠷᠭᠡᠬᠦ ᠶᠢ ᠵᠣᠷᠢᠭᠵᠢᠭᠤᠯᠪᠠ᠃ ᠡᠭᠦᠨ ᠤ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠶᠢᠷ᠎ᠠ ᠰᠡᠳᠬᠢᠯᠭᠡ ᠪᠠ ᠬᠠᠷᠢᠭᠤᠴᠠᠯᠭ᠎ᠠ ᠶᠢ ᠡᠪᠦᠷᠯᠡᠵᠦ᠂ ᠬᠦᠴᠢᠷᠳᠡᠯᠲᠡᠢ ᠨᠠᠮ ᠤᠨ ᠭᠡᠰᠢᠭᠦᠨ ᠢ ᠦᠨᠡᠨ ᠰᠡᠳᠬᠢᠯ ᠠᠴᠠ ᠪᠠᠨ ᠬᠠᠯᠠᠮᠵᠢᠯᠠᠵᠤ᠂ ᠦᠨᠡᠨ ᠰᠡᠳᠬᠢᠯ ᠠᠴᠠ ᠪᠠᠨ ᠬᠠᠶᠢᠷᠠᠯᠠᠵᠤ᠂ ᠲᠡᠳᠡᠨ ᠳᠤ ᠢᠯᠡᠭᠦᠬᠡᠨ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠲᠡᠳᠡᠨ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠬᠦ ᠬᠡᠷᠡᠭᠲᠡᠢ ᠭᠡᠵᠦ ᠵᠠᠬᠢᠪᠠ᠃
     ᠢᠷᠠᠭᠤ ᠠᠯᠳᠠᠷ ᠤᠨ ᠬᠦᠷᠢᠶᠡᠯᠡᠩ ᠳᠤ᠂ ᠱᠢ ᠯᠢᠶᠠᠩ ᠨᠠᠷ ᠨᠠᠰᠤᠲᠠᠶᠢᠴᠤᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠪᠡᠶ᠎ᠡ ᠶᠢᠨ ᠪᠠᠶᠢᠳᠠᠯ ᠵᠢᠴᠢ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠳᠡᠨ ᠤ ᠤᠯᠤᠰ ᠤᠨ ᠪᠦᠳᠦᠭᠡᠨ ᠪᠠᠶᠢᠭᠤᠯᠤᠯᠲᠠ᠂ ᠬᠤᠪᠢᠰᠬᠠᠯ ᠤᠨ ᠦᠢᠯᠡᠰ ᠲᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠳᠤ ᠲᠠᠯᠠᠷᠬᠠᠵᠤ᠂ ᠨᠠᠰᠤᠲᠠᠶᠢᠴᠤᠳ ᠲᠤ ᠪᠡᠶ᠎ᠡ ᠪᠠᠨ ᠰᠠᠶᠢᠲᠤᠷ ᠭᠠᠮᠨᠠᠵᠤ᠂ ᠲᠡᠳᠡᠨ ᠤ ᠴᠠᠭᠠᠨ ᠰᠠᠷ᠎ᠠ ᠶᠢᠨ ᠪᠠᠶᠠᠷ ᠬᠦᠷ ᠲᠠᠢ᠂ ᠪᠡᠶ᠎ᠡ ᠮᠠᠬᠠᠪᠣᠳ ᠡᠷᠡᠭᠦᠯ ᠴᠢᠭᠢᠷᠠᠭ ᠪᠠᠶᠢᠬᠤ ᠶᠢ ᠬᠦᠰᠡᠨ ᠵᠥᠩᠨᠡᠬᠦ ᠶᠢᠨ ᠬᠠᠮᠲᠤ ᠲᠣᠬᠤᠨᠢᠭᠤᠯᠬᠤ ᠮᠥᠩᠭᠦ ᠬᠦᠷᠭᠡᠭᠡᠷᠡᠢ ᠭᠡᠵᠦ ᠵᠠᠬᠢᠪᠠ᠃ ᠡᠭᠦᠨ ᠤ ᠬᠠᠮᠲᠤ ᠠᠵᠢᠯᠲᠠᠳ ᠲᠤ ᠡᠷᠬᠡᠪᠰᠢ ᠬᠤᠪᠢᠰᠬᠠᠯ ᠤᠨ ᠠᠬᠠᠮᠠᠳ ᠪᠠᠶᠢᠯᠳᠤᠭᠴᠢᠳ ᠤᠨ ᠠᠮᠢᠳᠤᠷᠠᠯ ᠢ ᠰᠠᠶᠢᠲᠤᠷ ᠬᠠᠷᠠᠭᠠᠯᠵᠠᠵᠤ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠠᠬᠢᠪᠠ᠃
    ᠠᠰᠠᠷᠠᠨ ᠬᠠᠷᠠᠭᠠᠯᠵᠠᠬᠤ ᠡᠲᠡᠭᠡᠳ ᠵᠣᠣ ᠰᠢ ᠸᠧᠨ ᠪᠣᠯᠤᠨ ᠬᠦᠴᠢᠷᠳᠡᠯ ᠲᠠᠢ ᠴᠡᠷᠢᠭ ᠠᠴᠠ ᠬᠠᠯᠠᠭᠳᠠᠭᠰᠠᠳ ᠭᠦᠸᠧ ᠯᠦᠩ ᠤᠨ ᠭᠡᠷ ᠲᠤ᠂ ᠤᠳᠤᠷᠢᠳᠤᠯᠭ᠎ᠠ ᠨᠠᠷ ᠳᠡᠳᠡᠨ ᠲᠠᠢ ᠡᠪᠦᠳᠦᠭ ᠨᠤᠭᠤᠯᠤᠨ ᠶᠠᠷᠢᠯᠴᠠᠵᠤ᠂ ᠳᠡᠳᠡᠨ ᠤ ᠪᠡᠶ᠎ᠡ ᠶᠢᠨ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠳᠡᠳᠡᠨ ᠤ ᠴᠡᠷᠢᠭ ᠠᠩᠬᠢ᠂ ᠡᠬᠡ ᠤᠯᠤᠰ᠂ ᠠᠷᠠᠳ ᠲᠦᠮᠡᠨ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠬᠤ ᠶᠢᠨ ᠬᠠᠮᠲᠤ ᠲᠣᠬᠤᠨᠢᠭᠤᠯᠬᠤ ᠮᠥᠩᠭᠦ ᠪᠣᠯᠤᠨ ᠰᠢᠨ᠎ᠡ ᠵᠢᠯ ᠤᠨ ᠵᠥᠩᠨᠡᠯ ᠳᠡᠪᠰᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤ ᠭᠤᠣᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ ᠤᠨ ᠠᠮᠢᠳᠤᠷᠠᠯ ᠢ ᠢᠯᠡᠭᠦᠬᠡᠨ ᠬᠠᠯᠠᠮᠵᠢᠯᠠᠵᠤ᠂ ᠳᠡᠳᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠳᠡᠳᠡᠨ ᠢ ᠥᠲᠡᠯᠦᠭᠡ ᠨᠠᠰᠤ ᠪᠠᠨ ᠠᠮᠤᠷ ᠵᠢᠮᠦᠷ ᠥᠩᠭᠡᠷᠡᠭᠦᠯᠦᠭᠡᠷᠡᠢ ᠭᠡᠵᠦ ᠵᠠᠬᠢᠪᠠ᠃               ᠢᠷᠡᠯᠲᠡ᠄  ᠠᠮᠢᠵᠢᠷᠠᠯ ᠪᠢᠯᠬᠠᠭᠰᠠᠨ ᠯᠢᠶᠠᠩᠴᠧᠩ ᠤᠨ ᠬᠢᠳᠠᠳ ᠰᠦᠯᠵᠢᠶ᠎ᠡ               ᠨᠠᠶᠢᠷᠠᠭᠤᠯᠤᠭᠴᠢ᠄  ᠶᠠᠩ ᠷᠦᠢ ᠵᠧᠨ               ᠤᠷᠴᠢᠭᠤᠯᠤᠭᠴᠢ᠄  ᠪᠠᠶᠠᠷᠯᠠᠬᠤ
 
ᠢᠷᠡᠯᠲᠡ᠄ ᠠᠮᠢᠵᠢᠷᠠᠯ ᠪᠢᠯᠬᠠᠭᠰᠠᠨ ᠯᠢᠶᠠᠩᠴᠧᠩ ᠤᠨ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2