ᠵᠢᠶᠠ ᠰᠢᠶᠤᠤ ᠫᠢᠩ ᠲᠥᠪᠯᠡᠷᠡᠩᠭᠦᠶ ᠲᠤᠰᠠᠭᠠᠷᠯᠠᠨ ᠠᠵᠢᠭᠯᠠᠬᠤ ᠴᠡᠭ ᠤᠨ ᠬᠠᠮᠢᠶᠠᠷᠤᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/1/26
      1 ᠰᠠᠷ᠎ᠠ ᠶᠢᠨ 25 ᠤ ᠡᠳᠦᠷ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠢᠶᠠ ᠰᠢᠶᠤᠤ ᠫᠢᠩ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠪᠯᠡᠷᠡᠩᠭᠦᠶ ᠲᠤᠰᠠᠭᠠᠷᠯᠠᠨ ᠠᠵᠢᠭᠯᠠᠬᠤ ᠴᠡᠭ ᠤᠨ ᠬᠠᠮᠢᠶᠠᠷᠤᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ᠃
    ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ ᠴᠡᠭ ᠤᠨ ᠰᠢ ᠱᠦᠢ ᠲᠠᠩ ᠪᠣᠯᠤᠨ ᠬᠤᠸᠠ ᠮᠠᠨ  ᠵᠣᠴᠢᠳ ᠤᠨ ᠪᠠᠭᠤᠳᠠᠯ ᠳᠤ᠂ ᠵᠢᠶᠠ ᠰᠢᠶᠤᠤ ᠫᠢᠩ ᠲᠡᠭᠦᠨ ᠤ ᠪᠢᠲᠡᠭᠦᠦ ᠴᠠᠭᠠᠷᠢᠭ ᠤᠨ ᠬᠠᠮᠢᠶᠠᠷᠤᠯᠲᠠ᠂ ᠬᠠᠲᠠᠭᠤ ᠬᠡᠷᠡᠭᠰᠡᠯ ᠤᠨ ᠲᠥᠬᠦᠭᠡᠷᠦᠮᠵᠢ᠂ ᠠᠵᠢᠯᠳᠠᠨ ᠤ ᠲᠤᠬᠢᠷᠠᠭᠤᠯᠤᠯᠳᠠ᠂ ᠡᠮ ᠡᠮᠨᠡᠯᠭᠡ ᠶᠢᠨ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠵᠤ ᠪᠠᠶᠢᠭ᠎ᠠ ᠡᠮᠴᠢ ᠰᠤᠪᠢᠯᠠᠭᠴᠢᠳ᠂ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯᠲᠠᠳ ᠲᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠳᠡᠨ ᠳᠤ ᠡᠷᠬᠡᠪᠰᠢ ᠥᠪᠡᠷ ᠤᠨ ᠪᠡᠶ᠎ᠡ ᠶᠢᠨ ᠬᠠᠮᠠᠭᠠᠯᠠᠯᠲᠠ ᠪᠠᠨ ᠴᠢᠩᠭᠠᠳᠬᠠᠵᠤ᠂ ᠲᠤᠰᠠᠭᠠᠷᠯᠠᠭᠰᠠᠨ ᠬᠥᠮᠦᠰ ᠤᠨ ᠬᠡᠪ ᠤᠨ ᠠᠮᠢᠳᠤᠷᠠᠯ ᠢ ᠪᠠᠲᠤᠯᠠᠬᠤ ᠪᠠᠷ ᠪᠠᠷᠠᠬᠤ ᠥᠬᠡᠶ᠂ ᠨᠠᠩ ᠴᠤ ᠥᠪᠡᠷ ᠤᠨ ᠪᠡᠶ᠎ᠡ ᠶᠢᠨ ᠠᠮᠤᠷ ᠲᠦᠪᠰᠢᠨ ᠢᠶᠠᠨ ᠪᠠᠲᠤᠯᠠᠬᠤ ᠬᠡᠷᠡᠭᠲᠡᠶ ᠭᠡᠵᠦ ᠰᠠᠨᠠᠭᠤᠯᠵᠤ ᠪᠠᠶᠢᠨ᠎ᠠ᠃
    ᠵᠢᠶᠠ ᠰᠢᠶᠤᠤ ᠫᠢᠩ ᠬᠡᠯᠡᠬᠦ ᠳᠡᠭᠡᠨ᠂ ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ ᠴᠡᠭ ᠪᠣᠯ ᠣᠳᠣᠬᠠᠨ ᠤ ᠬᠢᠵᠢᠭ ᠤᠨ ᠪᠠᠶᠢᠳᠠᠯ ᠤᠨ ᠲᠠᠷᠬᠠᠯᠲᠠ ᠶᠢ ᠬᠤᠷᠢᠭᠯᠠᠬᠤ ᠴᠢᠬᠤᠯᠠ ᠠᠷᠭ᠎ᠠ ᠪᠠᠷᠢᠯ ᠤᠨ ᠨᠢᠭᠡ ᠮᠥᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠷᠬᠡᠪᠰᠢ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠲᠥᠪᠯᠡᠷᠡᠭᠦᠯᠦᠨ ᠲᠤᠰᠠᠭᠠᠷᠯᠠᠬᠤ ᠡᠯ᠎ᠡ  ᠵᠦᠢᠯ ᠤᠨ ᠠᠵᠢᠯ ᠢ ᠴᠢᠩᠭ᠎ᠠ ᠪᠥᠭᠡᠳ ᠵᠢᠷᠤᠮᠵᠢᠭᠤᠨ᠂ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠪᠠᠷ ᠰᠠᠶᠢᠲᠤᠷ ᠬᠢᠵᠦ᠂ ᠬᠢᠵᠢᠭ ᠤᠨ ᠪᠠᠶᠢᠳᠠᠯ ᠤᠨ ᠲᠠᠷᠬᠠᠯᠲᠠ ᠶᠢᠨ ᠠᠷᠭ᠎ᠠ ᠵᠠᠮ ᠢ ᠡᠷᠡᠰ ᠲᠠᠰᠤᠯᠬᠤ ᠬᠡᠷᠡᠭᠲᠡᠶ ᠭᠡᠵᠡᠶ᠃ ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ ᠴᠡᠭ ᠤᠨ ᠠᠵᠢᠯ ᠤᠨ ᠱᠠᠭᠠᠷᠳᠠᠯᠭ᠎ᠠ ᠪᠠ ᠠᠵᠢᠯᠯᠠᠬᠤ ᠶᠠᠪᠤᠴᠠ ᠶᠢ ᠴᠢᠩᠭ᠎ᠠ ᠵᠢᠷᠤᠮᠯᠠᠨ᠂ ᠡᠮᠴᠢ ᠰᠤᠪᠢᠯᠠᠭᠴᠢᠳ ᠪᠠ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠬᠦᠴᠦᠨ ᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠲᠤᠰᠠᠭᠠᠷᠯᠠᠬᠤ ᠡᠮᠬᠢ ᠳᠢᠭᠯᠢᠮ ᠢ ᠪᠥᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠶ᠃ ᠡᠮᠴᠢ ᠰᠤᠪᠢᠯᠠᠭᠴᠢᠳ ᠪᠠ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯᠲᠠᠳ ᠤᠨ ᠲᠣᠰ ᠪᠡᠶ᠎ᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠲᠣᠭᠲᠠᠭᠠᠭᠰᠠᠨ ᠱᠠᠭᠠᠷᠳᠠᠯᠭ᠎ᠠ ᠪᠠ ᠠᠵᠢᠯᠯᠠᠬᠤ ᠶᠠᠪᠤᠴᠠ ᠶᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠬᠦ ᠬᠡᠷᠡᠭᠲᠡᠶ᠃ ᠨᠤᠲᠤᠭ ᠲᠠᠭᠠᠨ ᠪᠤᠴᠠᠵᠤ ᠲᠤᠰᠠᠭᠠᠷᠯᠠᠭᠰᠠᠨ ᠬᠥᠮᠦᠰ ᠤᠨ ᠰᠡᠳᠬᠢᠴᠡ ᠶᠢᠨ ᠵᠢᠯᠣᠭᠤᠳᠣᠯᠭ᠎ᠠ ᠶᠢ ᠰᠠᠶᠢᠲᠤᠷ ᠬᠢᠵᠦ᠂ ᠲᠡᠳᠡᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠪᠠᠲᠤᠯᠠᠵᠤ᠂ ᠲᠡᠳᠡᠨ ᠤ ᠲᠤᠰᠠᠭᠠᠷᠯᠠᠬᠤ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ᠃ ᠲᠥᠪᠯᠡᠷᠡᠭᠦᠯᠦᠨ ᠲᠤᠰᠠᠭᠠᠷᠯᠠᠬᠤ  ᠴᠡᠭ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠴᠢᠩᠭᠠᠳᠬᠠᠵᠤ᠂ ᠲᠤᠰᠠᠭᠠᠷᠯᠠᠬᠤ  ᠴᠡᠭ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ ᠴᠡᠭ ᠤᠨ ᠠᠮᠤᠷ ᠲᠦᠪᠰᠢᠨ᠂ ᠡᠮᠬᠢ ᠵᠢᠷᠤᠮ ᠲᠠᠢ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃                     ᠢᠷᠡᠯᠲᠡ᠄  ᠠᠮᠢᠵᠢᠷᠠᠯ ᠪᠢᠯᠬᠠᠭᠰᠠᠨ ᠯᠢᠶᠠᠩᠴᠧᠩ ᠤᠨ ᠬᠢᠳᠠᠳ ᠰᠦᠯᠵᠢᠶ᠎ᠡ                 ᠨᠠᠶᠢᠷᠠᠭᠤᠯᠤᠭᠴᠢ᠄  ᠶᠠᠩ ᠷᠦᠢ ᠵᠧᠨ                 ᠤᠷᠴᠢᠭᠤᠯᠤᠭᠴᠢ᠄  ᠪᠠᠶᠠᠷᠯᠠᠬᠤ    
 
ᠢᠷᠡᠯᠲᠡ᠄ ᠠᠮᠢᠵᠢᠷᠠᠯ ᠪᠢᠯᠬᠠᠭᠰᠠᠨ ᠯᠢᠶᠠᠩᠴᠧᠩ ᠤᠨ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2