ᠯᠢᠦ ᠶᠢᠨ ᠲᠤᠤ ᠭᠠᠯ ᠤᠨᠲᠠᠷᠠᠭᠠᠬᠤ ᠶᠡᠭᠡ ᠠᠩᠬᠢ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ
ᠨᠡᠶᠢᠲᠡᠯᠡᠭᠰᠡᠨ ᠴᠠᠭ᠄
2022/1/27
 1 ᠰᠠᠷ᠎ᠠ ᠶᠢᠨ 25 ᠤ ᠡᠳᠦᠷ᠂ ᠪᠢᠯᠢᠭ ᠤᠨ ᠤᠯᠠᠷᠢᠯ ᠤᠨ ᠪᠠᠭ᠎ᠠ ᠵᠢᠯ ᠪᠤᠯᠵᠤ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢᠦ ᠶᠢᠨ ᠲᠤᠤ ᠭᠠᠯ ᠤᠨᠲᠠᠷᠠᠭᠠᠬᠤ ᠶᠡᠭᠡ ᠠᠩᠬᠢ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠬᠦᠷᠴᠦ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠩᠬᠢ ᠶᠢᠨ ᠬᠢᠨ ᠪᠣᠯᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶᠢᠯᠳᠤᠭᠴᠢᠳ ᠲᠤ ᠰᠠᠶᠢᠨ ᠰᠠᠶᠢᠬᠠᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠪᠦᠬᠦ ᠳᠠᠷᠤᠭ᠎ᠠ ᠪᠠᠶᠢᠯᠳᠤᠭᠴᠢᠳ ᠤᠨ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠳᠤ ᠲᠠᠯᠠᠷᠬᠠᠪᠠ᠃ ᠰᠢᠶᠠᠨ ᠤ ᠤᠳᠤᠷᠢᠳᠤᠯᠭ᠎ᠠ ᠡᡁᠸᠥ ᠵᠢᠶᠦ᠋ᠨ ᠢᠦᠢ᠂ ᠸᠠᠩ ᠵᠢᠶᠦ᠋ᠨ ᠶᠦᠩ᠂ ᠵᠤᠤ ᠿᠢ ᠪᠢᠨ ᠪᠠᠷ᠎ᠠ ᠪᠤᠯᠵᠤ ᠲᠣᠬᠤᠨᠢᠭᠤᠯᠪᠠ᠃
         ᠭᠠᠯ ᠤᠨᠲᠠᠷᠠᠭᠠᠬᠤ ᠶᠡᠭᠡ ᠠᠩᠬᠢ ᠳᠤ᠂ ᠯᠢᠦ ᠶᠢᠨ ᠲᠤᠤ ᠰᠢᠶᠠᠨ ᠤ ᠨᠠᠮ ᠤᠨ  ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠭᠠᠯ ᠤᠨᠲᠠᠷᠠᠭᠠᠬᠤ ᠠᠩᠬᠢ ᠶᠢᠨ ᠬᠢᠨ ᠳᠤ ᠴᠠᠭᠠᠨ ᠰᠠᠷ᠎ᠠ ᠶᠢᠨ ᠪᠠᠶᠠᠷ ᠬᠦᠷᠭᠡᠵᠡᠢ᠃ ᠲᠡᠷᠡ ᠬᠡᠯᠡᠭᠰᠡᠨ ᠨᠢ᠂ ᠥᠩᠭᠡᠷᠡᠭᠰᠡᠨ ᠨᠢᠭᠡ ᠵᠢᠯ ᠳᠤ ᠭᠠᠯ ᠤᠨᠲᠠᠷᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠪᠦᠬᠦ ᠰᠢᠶᠠᠨ ᠤ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠵᠡᠷᠭᠡ ᠲᠠᠯ᠎ᠠ ᠪᠠᠷ ᠢᠳᠡᠪᠬᠢᠲᠡᠶ ᠬᠤᠪᠢ ᠨᠡᠮᠡᠷᠢ ᠦᠵᠡᠭᠦᠯᠵᠦ᠂ ᠪᠦᠬᠦ ᠰᠢᠶᠠᠨ ᠤ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠳᠠᠪᠰᠢᠯᠲᠠ ᠳᠤ ᠬᠦᠴᠦᠲᠡᠶ ᠳᠡᠮᠵᠢᠯᠭᠡ ᠦᠵᠡᠭᠦᠯᠵᠡᠶ᠃ ᠭᠠᠯ ᠤᠨᠲᠠᠷᠠᠭᠠᠬᠤ ᠠᠩᠭᠢ ᠶᠢᠨ ᠬᠢᠨ ᠰᠢᠨ᠎ᠡ ᠨᠢᠭᠡ ᠵᠢᠯ ᠳᠤ ᠦᠷᠭᠦᠯᠵᠢᠯᠡᠨ ᠪᠠᠶᠢᠯᠳᠤᠬᠤ ᠰᠢᠯᠢᠳᠡᠭ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠦᠨᠡᠨᠴᠢ ᠰᠢᠳᠤᠷᠭᠤ ᠪᠠ ᠠᠮᠢ ᠴᠦᠯᠡᠨ ᠲᠡᠮᠡᠴᠡᠬᠦ᠂ ᠬᠠᠯᠠᠭᠤᠨ ᠴᠢᠰᠤ ᠪᠠᠨ ᠤᠷᠤᠰᠬᠠᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠰᠢᠨ᠎ᠡ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠶᠢ ᠬᠦᠰᠡᠵᠦ ᠪᠠᠶᠢᠨ᠎ᠠ ᠭᠡᠵᠡᠶ᠃
    ᠯᠢᠦ ᠶᠢᠨ ᠲᠤᠤ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠥᠩᠭᠡᠷᠡᠭᠰᠡᠨ ᠨᠢᠭᠡ ᠵᠢᠯ ᠤᠨ ᠠᠵᠢᠯ ᠤᠨ ᠠᠮᠵᠢᠯᠲᠠ ᠶᠢ ᠨᠤᠲᠠᠯᠠᠪᠠ᠃ ᠲᠡᠷᠡ ᠴᠢᠬᠤᠯᠠᠴᠢᠯᠠᠭᠰᠠᠨ ᠨᠢ᠂ ᠬᠦᠴᠢᠷ ᠪᠡᠷᠬᠡ ᠶᠢ ᠣᠨᠴᠠᠭᠠᠶ ᠠᠮᠰᠠᠵᠤ ᠴᠢᠳᠠᠬᠤ᠂ ᠣᠨᠴᠠᠭᠠᠶ ᠪᠠᠶᠢᠯᠳᠤᠵᠤ ᠴᠢᠳᠠᠬᠤ᠂ ᠣᠨᠴᠠᠭᠠᠶ ᠬᠤᠪᠢ ᠨᠡᠮᠡᠷᠢ ᠦᠵᠡᠭᠦᠯᠵᠦ ᠴᠢᠳᠠᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠪᠦᠬᠦ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠦᠲᠦᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃
     ᠲᠣᠬᠤᠨᠢᠭᠤᠯᠬᠤ ᠶᠠᠪᠤᠴᠠ ᠳᠤ ᠭᠠᠯ ᠤᠨᠲᠠᠷᠠᠭᠠᠨ ᠠᠪᠤᠷᠠᠨ ᠲᠤᠰᠠᠯᠠᠬᠤ ᠠᠩᠭᠢ ᠶᠢᠨ ᠭᠡᠰᠢᠭᠦᠳ ᠪᠣᠯᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶᠢᠯᠳᠤᠭᠴᠢᠳ ᠢᠯᠡᠷᠬᠡᠶᠢᠯᠡᠭᠰᠡᠨ ᠨᠢ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠬᠦᠰᠡᠯ ᠢ ᠬᠥᠰᠡᠷᠳᠡᠭᠦᠯᠬᠦ ᠦᠭᠡᠶ ᠪᠠᠷ ᠲᠤᠬᠠᠶᠢᠯᠠᠭᠰᠠᠨ ᠠᠵᠢᠯ ᠢᠶᠠᠨ ᠢᠳᠡᠪᠬᠢᠲᠡᠶ ᠪᠠᠷ ᠰᠠᠶᠢᠲᠤᠷ ᠬᠢᠵᠦ᠂ ᠰᠠᠭᠤᠭ᠎ᠠ ᠭᠠᠵᠠᠷ ᠤᠨ ᠨᠡᠶᠢᠭᠡᠮ ᠤᠨ ᠲᠣᠭᠲᠠᠭᠤᠨ ᠪᠠᠶᠢᠳᠠᠯ᠂ ᠠᠵᠤ ᠠᠬᠤᠶ ᠶᠢᠨ ᠬᠥᠭᠵᠢᠯᠲᠡ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ ᠭᠡᠵᠡᠶ᠃                    ᠢᠷᠡᠯᠲᠡ᠄  ᠠᠮᠢᠵᠢᠷᠠᠯ ᠪᠢᠯᠬᠠᠭᠰᠠᠨ ᠯᠢᠶᠠᠩᠴᠧᠩ ᠤᠨ ᠬᠢᠳᠠᠳ ᠰᠦᠯᠵᠢᠶ᠎ᠡ                ᠨᠠᠶᠢᠷᠠᠭᠤᠯᠤᠭᠴᠢ᠄  ᠶᠠᠩ ᠷᠦᠢ ᠵᠧᠨ                ᠤᠷᠴᠢᠭᠤᠯᠤᠭᠴᠢ᠄  ᠪᠠᠶᠠᠷᠯᠠᠬᠤ
 
ᠢᠷᠡᠯᠲᠡ᠄ ᠠᠮᠢᠵᠢᠷᠠᠯ ᠪᠢᠯᠬᠠᠭᠰᠠᠨ ᠯᠢᠶᠠᠩᠴᠧᠩ ᠤᠨ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2