ᠮᠠᠨ ᠤ ᠰᠢᠶᠠᠨ ᠰᠢᠶᠠᠩ ᠪᠠᠯᠭᠠᠰᠤᠨ ᠤ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯ ‍ᠤᠨ‌ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/10
    10 ᠰᠠᠷ᠎ᠠ ᠶᠢᠨ 8 ᠤ ᠡᠳᠦᠷ᠂ ᠮᠠᠨ ᠤ ᠰᠢᠶᠠᠨ ᠪᠥᠬᠦ ᠰᠢᠶᠠᠨ ᠤ ᠰᠢᠶᠠᠩ ᠪᠠᠯᠭᠠᠰᠤᠨ ᠤ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ  ᠠᠵᠢᠯ ‍ᠤᠨ‌ᠬᠤᠷᠠᠯ   ᠬᠤᠷᠠᠯᠳᠤᠭᠤᠯᠵᠤ᠂  ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠬᠤᠷᠠᠯ ᠢ ᠡᠷᠭᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠣ ᠵᠢᠶᠠᠨ ᠵᠢᠶᠦ᠋ᠨ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠣᠣ ᠷᠦᠢ ᠵᠢᠴᠢ ᠰᠢᠶᠠᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠤᠳᠤᠷᠢᠳᠤᠯᠭ᠎ᠠ ᠬᠤᠷᠠᠯ ᠳᠤ ᠣᠷᠣᠯᠴᠠᠪᠠ᠃
       ᠬᠤᠷᠠᠯ ᠠᠴᠠ ᠡᠯ᠎ᠡ ᠰᠢᠶᠠᠩ ᠪᠠᠯᠭᠠᠰᠤᠨ ᠤ ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠤᠨ ᠪᠡᠯᠡᠳᠬᠡᠯ ᠤᠨ ᠪᠠᠶᠢᠳᠠᠯ ᠢ ᠰᠣᠨᠣᠰᠴᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠤᠴᠢᠷ ᠶᠠᠪᠤᠳᠠᠯ ᠤᠨ ᠲᠠᠯ᠎ᠠ ᠪᠠᠷ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠵᠠᠮ ᠬᠠᠷᠢᠯᠴᠠᠭᠠᠨ ᠤ ᠴᠢᠬᠤᠯᠠ ᠱᠤᠭᠤᠮ ᠢ ᠪᠠᠶᠢᠴᠠᠭᠠᠨ ᠰᠢᠯᠭᠠᠬᠤ ᠥᠷᠲᠡᠭᠡ ᠴᠡᠭ ᠢ ᠡᠷᠡᠰ ᠰᠠᠬᠢᠵᠤ᠂ ᠲᠣᠭᠤᠷᠢᠤ ᠵᠠᠮ ᠢᠶᠠᠷ ᠪᠤᠴᠠᠵᠤ ᠢᠷᠡᠭᠰᠡᠳ ᠢ ᠡᠷᠬᠡᠪᠰᠢ ᠥᠪᠡᠷ ᠤᠨ ᠰᠦᠢᠳᠬᠡᠯ ᠢᠶᠠᠷ ᠲᠥᠪᠯᠡᠷᠡᠭᠦᠯᠦᠨ ᠲᠤᠰᠠᠭᠠᠷᠯᠠᠬᠤ ᠶᠢᠨ ᠬᠠᠮᠲᠤ ᠬᠤᠯᠪᠣᠭᠳᠠᠯ ᠪᠦᠬᠦᠢ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠶ᠃ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠰᠣᠷᠢᠯᠲᠠ ᠶᠢᠨ ᠠᠵᠢᠯ ᠬᠢᠭᠡᠳ ᠵᠢᠵᠢᠭ ᠲᠣᠭᠤᠷᠢᠭ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠳᠠᠯᠠᠵᠤ᠂ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠠᠵᠢᠯᠲᠠᠨ ᠳᠤ ︽ᠬᠡᠷ ᠠᠴᠠ ᠪᠠᠨ ᠭᠠᠷᠬᠤ ᠥᠬᠡᠶ᠂ ᠬᠡᠷ ᠲᠤᠨᠢ ᠬᠦᠷᠴᠦ  ᠤᠶᠢᠯᠡᠴᠢᠯᠡᠬᠦ︾ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠠᠮᠢᠶᠠᠷᠤᠨ ᠡᠵᠡᠮᠳᠡᠬᠦ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠲᠣᠭᠲᠠᠭᠰᠠᠨ ᠴᠠᠭ ᠲᠤᠨᠢ ᠤᠳᠠᠭ᠎ᠠ ᠳᠠᠷᠠᠭ᠎ᠠ ᠪᠠᠷ ᠪᠥᠭᠡᠮ ᠬᠦᠴᠢᠯ ᠤᠨ ᠥᠯᠢᠭᠡᠷ ᠠᠪᠴᠤ ᠪᠠᠶᠢᠴᠠᠭᠠᠨ ᠬᠡᠮᠵᠢᠬᠦ ᠶᠢ ᠬᠢᠬᠦ ᠬᠡᠷᠡᠭᠲᠡᠶ᠃ ᠪᠠᠷᠠᠭᠠᠨ ᠤ  ᠭᠦᠢᠯᠭᠡᠭᠡᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠭᠰᠠᠨ ᠪᠠᠶᠢᠳᠠᠯ ᠳᠣᠤᠷ᠎ᠠ᠂ ᠮᠠᠨ ᠤ ᠰᠢᠶᠠᠨ ᠳᠤ ᠪᠤᠴᠠᠵᠤ ᠢᠷᠡᠭᠰᠡᠨ ᠲᠣᠮᠣ ᠪᠠᠷᠠᠭᠠᠨ ᠤ ᠲᠡᠷᠭᠡ ᠶᠢᠨ ᠵᠢᠯᠣᠭᠤᠴᠢ ᠳᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠣᠨᠴᠠᠭᠠᠶ ᠰᠢᠯᠲᠠᠭᠠᠨ ᠠᠴᠠ ᠪᠣᠯᠵᠣ ᠬᠤᠲᠠ ᠳᠤ ᠤᠷᠤᠭᠰᠠᠨ ᠲᠡᠷᠭᠡ ᠬᠥᠰᠬᠡ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠦᠨᠡᠨ ᠬᠦ ᠪᠠᠲᠤᠯᠠᠬᠤ ᠬᠡᠷᠡᠭᠲᠡᠶ᠂ ᠨᠡᠶᠢᠭᠡᠮ ᠤᠨ ᠲᠠᠯ᠎ᠠ ᠳᠤ ᠣᠶᠢᠷᠠᠳᠴᠤ ᠪᠣᠯᠬᠤ ᠥᠬᠡᠶ᠃ ᠡᠷᠲᠡ ᠠᠴᠠ ᠢᠯᠡᠷᠡᠭᠦᠯᠬᠦ ᠂ ᠡᠷᠲᠡ ᠠᠴᠠ ᠬᠠᠮᠢᠶᠠᠷᠤᠨ ᠡᠵᠡᠮᠳᠡᠬᠦ ᠵᠠᠷᠴᠢᠮ ᠳᠤ ᠰᠠᠭᠤᠷᠢᠯᠠᠵᠤ᠂ ᠡᠯ᠎ᠡ ᠰᠢᠶᠠᠩ ᠪᠠᠯᠭᠠᠰᠤ ᠨᠢ ᠪᠦᠬᠦ ᠠᠵᠢᠯᠲᠠᠨ ᠤ ᠪᠥᠭᠡᠮ ᠬᠦᠴᠢᠯ ᠤᠨ ᠰᠣᠷᠢᠯᠲᠠ ᠶᠢ ᠥᠷᠨᠢᠭᠦᠯᠬᠦ ᠶᠢᠨ ᠬᠠᠮᠲᠤ᠂ ᠲᠤᠰ ᠰᠢᠶᠠᠩ ᠪᠠᠯᠭᠠᠰᠤᠨ ᠤ ᠪᠤᠴᠠᠵᠤ ᠢᠷᠡᠭᠰᠡᠨ ᠬᠥᠮᠦᠰ ᠢ ᠳᠠᠬᠢᠨ ᠨᠢᠭᠡ ᠤᠳᠠᠭ᠎ᠠ ᠪᠦᠬᠦ ᠲᠠᠯ᠎ᠠ ᠪᠠᠷ ᠪᠠᠶᠢᠴᠠᠭᠠᠨ ᠰᠢᠯᠭᠠᠵᠤ᠂ ᠰᠢᠶᠠᠩ ᠪᠠᠯᠭᠠᠰᠤᠨ ᠳᠤ ᠰᠠᠭᠤᠭ᠎ᠠ ᠠᠵᠤ ᠠᠬᠤᠶᠢᠯᠠᠯ᠂ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠵᠡᠷᠭᠡ ᠬᠦᠴᠢᠷᠳᠡᠯ ᠲᠠᠢ ᠭᠤᠣᠯᠳᠠᠯᠭ᠎ᠠ ᠲᠠᠢ ᠬᠥᠮᠦᠰ ᠢ ᠪᠠᠶᠢᠴᠠᠭᠠᠨ ᠰᠢᠯᠭᠠᠬᠤ ᠶᠢ ᠣᠨᠴᠠᠭᠠᠶᠢᠯᠠᠨ ᠠᠩᠬᠠᠷᠴᠤ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠨᠡᠶᠢᠭᠡᠮ ᠤᠨ ᠲᠠᠯ᠎ᠠ ᠶᠢᠨ ᠰᠡᠷᠭᠡᠶᠢᠯᠡᠨ ᠡᠵᠡᠮᠳᠡᠬᠦ ᠠᠵᠢᠯ ᠪᠣᠯᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢ ᠪᠠᠷᠢᠮᠲᠠᠯᠠᠵᠤ᠂ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ ᠮᠡᠳᠡᠭᠦᠯᠦᠨ ᠳᠠᠩᠰᠠᠯᠠᠭᠤᠯᠬᠤ᠂ ᠲᠤᠰᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠦᠭᠡᠢ ᠪᠣᠯ ᠰᠠᠶ᠋ᠢ ᠠᠵᠢᠯ ᠳᠤ ᠭᠠᠷᠴᠤ ᠪᠣᠯᠤᠨ᠎ᠠ᠃ ᠰᠤᠷᠭᠠᠭᠤᠯᠢ ᠶᠢᠨ ᠪᠠᠭᠰᠢ ᠰᠤᠷᠤᠭᠴᠢᠳ ᠪᠣᠯᠤᠨ ᠬᠡᠷ ᠤᠨ ᠠᠬᠠᠮᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠥᠭᠡᠮ ᠬᠦᠴᠢᠯ ᠢ ᠪᠠᠶᠢᠴᠠᠭᠠᠨ ᠬᠡᠮᠵᠢᠬᠦ ᠠᠵᠢᠯ ᠢ ᠰᠠᠶᠢᠲᠤᠷ ᠬᠢᠵᠦ᠂ ᠲᠤᠰᠠᠭᠠᠷᠯᠠᠬᠤ ᠲᠠᠯᠠᠪᠤᠷ ᠢ ᠰᠠᠶᠢᠲᠤᠷ ᠬᠠᠮᠢᠶᠠᠷᠴᠤ᠂ ᠲᠤᠰᠠᠭᠠᠷᠯᠠᠬᠤ ᠭᠠᠵᠠᠷ ᠲᠤ ᠰᠣᠯᠪᠢᠴᠠᠨ ᠬᠠᠯᠳᠠᠪᠤᠷᠢᠯᠠᠵᠤ ᠶᠠᠭᠠᠬᠢᠭᠰᠠᠨ ᠴᠤ ᠪᠣᠯᠬᠤ ᠥᠬᠡᠶ᠃ ᠤᠬᠠᠭᠤᠯᠤᠨ ᠨᠡᠶᠢᠲᠡᠯᠡᠬᠦ ᠶᠢ ᠦᠷᠭᠦᠯᠵᠢᠯᠡᠨ ᠴᠢᠩᠭᠠᠳᠬᠠᠵᠤ᠂ ᠣᠯᠠᠨ ᠶᠠᠩᠵᠤ ᠶᠢᠨ ᠬᠡᠯᠪᠡᠷᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠣᠯᠠᠨ ᠲᠦᠮᠡᠨ ᠤ ᠡᠳᠦᠷ ᠲᠤᠲᠤᠮ ᠤᠨ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠪᠠ ᠥᠪᠡᠷ ᠢ ᠪᠠᠨ ᠰᠡᠷᠭᠡᠶᠢᠯᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠃    ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠤᠶᠤ ᠰᠢᠶᠠᠩ ᠪᠠᠯᠭᠠᠰᠤᠨ ᠤ ᠳᠠᠷᠤᠭ᠎ᠠ᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                                       ᠨᠠᠶᠢᠷᠠᠭᠤᠯᠤᠭᠴᠢ᠄    ᠶᠠᠩ  ᠿᠦᠢ ᠵᠧᠨ                                       ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2