ᠮᠠᠨ ᠤ ᠰᠢᠶᠠᠨ ᠲᠤᠰᠬᠠᠶ ᠬᠤᠷᠠᠯ ᠬᠤᠷᠠᠯᠳᠤᠭᠤᠯᠵᠤ 12345 ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠢ ᠳᠥᠯᠭᠢᠨ ᠠᠬᠢᠭᠤᠯᠪᠠ
ᠨᠡᠶᠢᠲᠡᠯᠡᠭᠰᠡᠨ ᠴᠠᠭ᠄
2022/10/10
   10 ᠰᠠᠷ᠎ᠠ ᠶᠢᠨ 9 ᠤ ᠡᠳᠦᠷ ᠬᠤᠷᠠᠯᠳᠤᠭᠰᠠᠨ ᠪᠥᠬᠦ ᠰᠢᠶᠠᠨ ᠤ 12345 ᠵᠠᠰᠠᠭ ᠤᠨ ᠶᠠᠪᠤᠳᠠᠯ ᠤᠨ ᠤᠶᠢᠯᠡᠴᠢᠯᠡᠭᠡᠨ  ᠤ ᠠᠷᠠᠳ ᠲᠤ ᠲᠥᠬᠦᠮ ᠦᠵᠡᠭᠦᠯᠬᠦ ᠬᠠᠯᠠᠭᠤᠨ ᠤᠲᠠᠰᠤᠨ ᠤ ᠠᠵᠢᠯ ᠢ ᠳᠥᠯᠭᠢᠨ ᠠᠬᠢᠭᠤᠯᠬᠤ ᠬᠤᠷᠠᠯ ᠳᠡᠭᠡᠷ᠎ᠡ ᠠᠴᠠ ᠣᠶᠢᠯᠠᠭᠠᠭᠰᠠᠨ ᠨᠢ᠂ ᠪᠥᠬᠦ ᠰᠢᠶᠠᠨ ᠤ ᠡᠯ᠎ᠡ ᠨᠢᠭᠡᠴᠡ᠂ ᠡᠯ᠎ᠡ ᠰᠢᠶᠠᠩ ᠪᠠᠯᠭᠠᠰᠤ 12345 ᠵᠠᠰᠠᠭ ᠤᠨ ᠶᠠᠪᠤᠳᠠᠯ ᠤᠨ ᠤᠶᠢᠯᠡᠴᠢᠯᠡᠭᠡᠨ  ᠤ ᠠᠷᠠᠳ ᠲᠤ ᠲᠥᠬᠦᠮ ᠦᠵᠡᠭᠦᠯᠬᠦ ᠬᠠᠯᠠᠭᠤᠨ ᠤᠲᠠᠰᠤᠨ ᠤ ᠠᠵᠢᠯ ᠢ ᠰᠠᠶᠢᠲᠤᠷ ᠬᠢᠬᠦ ᠦᠵᠡᠯ ᠰᠠᠨᠠᠭ᠎ᠠ ᠲᠠᠨᠢᠯᠲᠠ ᠪᠠᠨ ᠦᠷᠭᠦᠯᠵᠢᠯᠡᠨ ᠳᠡᠭᠡᠭᠰᠢᠯᠡᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠡᠨ ᠬᠦ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠠᠷᠠᠳ ᠲᠤ ᠲᠥᠬᠦᠮ ᠦᠵᠡᠭᠦᠯᠬᠦ ᠬᠠᠯᠠᠭᠤᠨ ᠤᠲᠠᠰᠤᠨ ᠤ  ᠰᠢᠢᠳᠪᠤᠷᠢᠯᠡᠵᠦ  ᠳᠠᠭᠤᠰᠬᠠᠬᠤ ᠨᠣᠷᠮ᠎ᠠ ᠪᠠ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠤᠳᠤᠷᠢᠳᠤᠯᠭ᠎ᠠ ᠪᠠᠨ ᠴᠢᠩᠭᠠᠳᠬᠠᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠨᠢᠭᠲᠠ ᠬᠠᠮᠵᠢᠯᠴᠠᠨ᠂ ᠨᠠᠰᠢ ᠴᠠᠰᠢ ᠲᠦᠯᠬᠢᠯᠴᠡᠬᠦ᠂ ᠤᠳᠠᠭᠠᠰᠢᠷᠠᠭᠤᠯᠤᠭᠠᠳ  ᠰᠢᠢᠳᠪᠤᠷᠢᠯᠡᠬᠦ ᠦᠭᠡᠢ ᠪᠠᠶᠢᠬᠤ ᠠᠴᠠ ᠡᠷᠡᠰ ᠵᠠᠶᠢᠯᠠᠰᠬᠢᠬᠦ ᠬᠡᠷᠡᠭᠲᠡᠶ᠃ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯ᠎ᠡ ᠲᠥᠷᠥᠯ ᠤᠨ ᠭᠤᠮᠣᠳᠠᠯ ᠲᠣᠭᠠᠴᠢᠬᠤ ᠠᠵᠢᠯ ᠤᠨ ᠬᠠᠭᠤᠳᠠᠰᠤ ᠶᠢ ᠴᠠᠭ ᠲᠤᠬᠠᠶ ᠳᠤᠨᠢ ᠭᠠᠷ ᠤᠨ ᠥᠰᠥᠭ ᠵᠢᠷᠤᠵᠤ ᠬᠤᠷᠢᠶᠠᠨ ᠠᠪᠴᠤ᠂ ᠨᠠᠷᠢᠨ ᠬᠢᠨᠠᠮᠠᠭᠠᠶ  ᠰᠢᠢᠳᠪᠤᠷᠢᠯᠡᠨ᠂ ᠣᠯᠠᠨ ᠲᠦᠮᠡᠨ ᠤ ᠵᠦᠶ ᠵᠣᠬᠢᠰᠲᠠᠶ ᠭᠤᠮᠣᠳᠠᠯ ᠱᠠᠭᠠᠷᠳᠠᠯᠭ᠎ᠠ ᠶᠢ ᠴᠠᠭ ᠲᠤᠬᠠᠶ ᠳᠤᠨᠢ  ᠰᠢᠢᠳᠪᠤᠷᠢᠯᠡᠬᠦ ᠬᠡᠷᠡᠭᠲᠡᠶ᠃ ᠬᠠᠯᠠᠭᠤᠨ ᠤᠲᠠᠰᠤ ᠶᠢ ᠭᠥᠯᠢᠶᠡᠨ ᠠᠪᠴᠤ  ᠰᠢᠢᠳᠪᠤᠷᠢᠯᠡᠬᠦ᠂ ᠬᠠᠭᠤᠳᠠᠰᠤ ᠲᠣᠮᠢᠯᠠᠬᠤ᠂  ᠭᠦᠢᠴᠡᠳᠭᠡᠬᠦ  ᠂ ᠬᠠᠷᠢᠭᠤ ᠥᠭᠬᠦ ᠵᠡᠷᠭᠡ ᠡᠯ᠎ᠡ  ᠵᠤᠶᠢᠯ ᠤᠨ ᠠᠵᠢᠯ ᠤᠨ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ 12345 ᠬᠠᠯᠠᠭᠤᠨ ᠤᠲᠠᠰᠤᠨ ᠤ ᠠᠵᠢᠯ ᠤᠨ ᠬᠠᠭᠤᠳᠠᠰᠤ ᠶᠢ ᠭᠦᠢᠴᠡᠳᠭᠡᠬᠦ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ ᠬᠠᠯᠠᠭᠤᠨ ᠤᠲᠠᠰᠤᠨ ᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃     ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ‍ᠤᠤᠢ ᠵᠢᠶᠠᠨ ᠹᠧᠩ ᠬᠤᠷᠠᠯ ᠳᠡᠭᠡᠷ᠎ᠡ ︽ᠥᠪᠡᠷᠲᠡᠭᠡᠨ ᠵᠠᠰᠠᠬᠤ ᠣᠷᠣᠨ ᠤ 12345 ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠪᠣᠯᠵᠣᠨ ᠶᠠᠷᠢᠯᠴᠠᠬᠤ ᠲᠦᠷᠢᠮ ︵ᠲᠤᠷᠰᠢᠨ ᠬᠡᠷᠡᠭᠵᠢᠭᠦᠯᠬᠦ︶︾ ᠤᠨ ᠮᠡᠳᠡᠭᠳᠡᠯ ᠢ ᠤᠯᠠᠮᠵᠢᠯᠠᠨ ᠰᠤᠷᠤᠯᠴᠠᠵᠤ᠂ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃                                                ᠨᠠᠶᠢᠷᠠᠭᠤᠯᠤᠭᠴᠢ᠄    ᠶᠠᠩ  ᠿᠦᠢ ᠵᠧᠨ                                                ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2