ᠯᠢᠦ ᠶᠢᠨ ᠲᠤᠤ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/10/10
  10 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠠᠭᠠᠷᠯᠠᠬᠤ ᠴᠡᠭ᠂ ᠪᠠᠶᠢᠴᠠᠭᠠᠬᠤ ᠥᠷᠲᠡᠭᠡ᠂ ᠳᠥᠷᠪᠡᠯᠵᠢᠨ ᠥᠷᠥᠭᠡ ᠶᠢᠨ ᠡᠮᠨᠡᠯᠭᠡ ᠶᠢᠨ ᠬᠤᠷᠢᠶ᠎ᠠ ᠳᠤ ᠭᠦᠨᠵᠡᠭᠡᠶᠢᠷᠡᠨ ᠪᠠᠶᠢᠩᠭᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠰᠢᠶᠠᠨ ᠤ ᠤᠳᠤᠷᠢᠳᠤᠯᠭ᠎ᠠ  ᠰᠡᠴᠡᠩᠭᠤᠸ᠎ᠠ᠂ ᠸᠠᠩ ᠵᠢᠶᠦ᠋ᠨ ᠶᠦᠩ ᠪᠠᠷ᠎ᠠ ᠪᠣᠯᠪᠠ᠃      ᠶᠦᠩᠱᠦ᠋ᠨ  ᠵᠢᠭᠠᠰᠤᠨ ᠠᠵᠤ ᠠᠬᠤᠢ ᠪᠣᠯᠤᠨ  ᠲᠠᠭ᠎ᠠ ᠶᠢᠨ ᠨᠠᠭᠤᠷ ᠤᠨ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠶᠢᠨ ᠲᠤᠰᠠᠭᠠᠷᠯᠠᠬᠤ ᠴᠡᠭ ᠲᠤ᠂ ᠯᠢᠦ ᠶᠢᠨ ᠲᠤᠤ ᠲᠤᠰᠠᠭᠠᠷᠯᠠᠬᠤ ᠴᠡᠭ ᠤᠨ ᠪᠠᠭᠲᠠᠭᠠᠮᠵᠢ ᠶᠢᠨ ᠴᠢᠳᠠᠪᠤᠷᠢ᠂ ᠭᠡᠷ ᠪᠠᠶᠢᠰᠢᠩ ᠤᠨ ᠪᠠᠷᠢᠮᠵᠢᠶ᠎ᠠ᠂ ᠠᠮᠢᠳᠤᠷᠠᠯ ᠤᠨ ᠲᠥᠬᠦᠭᠡᠷᠦᠮᠵᠢ ᠶᠢᠨ ᠳᠤᠬᠢᠷᠠᠭᠤᠯᠤᠯᠳᠠ᠂ ᠠᠵᠢᠯᠳᠠᠨ ᠤ ᠳᠤᠬᠢᠷᠠᠭᠤᠯᠤᠯᠳᠠ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠯᠢᠦ ᠶᠢᠨ ᠲᠤᠤ ᠴᠢᠬᠤᠯᠠᠴᠢᠯᠠᠭᠰᠠᠨ ᠨᠢ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠵᠢᠷᠤᠮᠵᠢᠭᠰᠠᠨ ᠬᠠᠮᠢᠶᠠᠷᠤᠯᠲᠠ ᠪᠠᠨ  ᠴᠢᠩᠭᠠᠳᠬᠠᠵᠤ᠂ ᠮᠠᠨ ᠤ ᠰᠢᠶᠠᠨ ᠤ ᠲᠥᠪᠯᠡᠷᠡᠭᠦᠯᠦᠨ ᠲᠤᠰᠠᠭᠠᠷᠯᠠᠭᠰᠠᠨ ᠬᠥᠮᠦᠰ ᠲᠤ ᠰᠢᠯᠵᠢᠭᠦᠯᠦᠨ ᠬᠦᠷᠭᠡᠬᠦ ᠦᠢᠯᠡᠴᠢᠯᠡᠭᠡᠨ ᠤ ᠪᠠᠲᠤᠯᠠᠭ᠎ᠠ ᠵᠡᠷᠭᠡ ᠡᠯ᠎ᠡ ᠵᠦᠢᠯ ᠤᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠤᠯᠠᠨ ᠲᠦᠮᠡᠨ ᠢ ᠲᠥᠪᠯᠡᠷᠡᠭᠦᠯᠦᠨ ᠲᠤᠰᠠᠭᠠᠷᠯᠠᠬᠤ ᠳᠤ ᠰᠡᠳᠬᠢᠯ ᠲᠠᠯᠪᠢᠭᠤᠨ ᠢᠶᠠᠷ ᠰᠠᠶᠢᠲᠤᠷ ᠦᠢᠯᠡᠴᠢᠯᠡᠵᠦ᠂ ᠲᠤᠰᠠᠭᠠᠷᠯᠠᠭᠰᠠᠨ ᠬᠥᠮᠦᠰ ᠤᠨ ᠡᠷᠡᠭᠦᠯ ᠮᠡᠨᠳᠤ ᠶᠢᠨ ᠪᠠᠲᠤᠯᠠᠭ᠎ᠠ᠂ ᠠᠮᠢᠳᠤᠷᠠᠯ ᠤᠨ ᠬᠠᠩᠭᠠᠯᠭ᠎ᠠ ᠪᠣᠯᠤᠨ ᠰᠣᠶᠣᠯ ᠢᠷᠭᠡᠨᠰᠢᠯ ᠤᠨ ᠬᠠᠯᠠᠮᠵᠢᠯᠠᠯ ᠤᠨ ᠠᠵᠢᠯ ᠢ ᠨᠠᠷᠢᠨ ᠨᠢᠮᠪᠠᠢ ᠰᠠᠶᠢᠲᠤᠷ ᠬᠢᠬᠦ ᠬᠡᠷᠡᠭᠲᠡᠢ᠃ ᠠᠵᠢᠯᠲᠠᠳ ᠬᠦᠢᠲᠡᠨ ᠢ ᠰᠡᠷᠭᠡᠶᠢᠯᠡᠵᠦ ᠳᠤᠯᠠᠭᠠᠨ ᠢ ᠬᠠᠮᠠᠭᠠᠯᠠᠬᠤ ᠵᠢᠴᠢ ᠬᠤᠪᠢ ᠬᠥᠮᠦᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠠᠪᠴᠤ᠂ ᠥᠪᠡᠷ ᠤᠨ ᠠᠮᠤᠷ ᠲᠦᠪᠰᠢᠨ ᠢᠶᠠᠨ ᠬᠠᠮᠠᠭᠠᠯᠠᠬᠤ ᠶᠢ ᠠᠩᠬᠠᠷᠬᠤ ᠬᠡᠷᠡᠭᠲᠡᠶ᠃      209 ᠱᠤᠭᠤᠮ ᠤᠨ  ᠲᠠᠭ᠎ᠠ ᠶᠢᠨ ᠨᠠᠭᠤᠷ ᠪᠠᠯᠭᠠᠰᠤᠨ ᠤ ᠪᠠᠶᠢᠴᠠᠭᠠᠬᠤ ᠦᠷᠳᠡᠭᠡ ᠳᠤ᠂ ᠯᠢᠦ ᠶᠢᠨ ᠲᠤᠤ ᠠᠵᠢᠯᠳᠠᠨ ᠤ ᠲᠤᠬᠢᠷᠠᠭᠤᠯᠤᠯᠳᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠠᠷᠭ᠎ᠠ  ᠬᠡᠮᠵᠢᠶ᠎ᠡ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠨᠠᠷᠢᠨ ᠨᠢᠭᠲᠠ ᠯᠠᠪᠯᠠᠨ ᠠᠰᠠᠭᠤᠪᠠ᠃ ᠲᠡᠷᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠪᠠᠶᠢᠩᠭᠤ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠥᠬᠡᠬᠤᠲᠠ᠂ ᠪᠤᠭᠤᠲᠤ ᠬᠤᠳᠠ᠂ ᠵᠦᠸᠧᠽᠢ ᠰᠢᠶᠠᠨ ᠵᠡᠷᠭᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠶᠤᠯ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠰᠢᠶᠠᠨ ᠳᠠᠭᠠᠨ ᠪᠤᠴᠠᠵᠤ ᠢᠷᠡᠭᠰᠡᠨ ᠬᠥᠮᠦᠰ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠬᠡᠷᠡᠭᠲᠡᠢ ᠭᠡᠵᠦ ᠬᠡᠯᠡᠪᠡ᠃ ᠰᠡᠷᠭᠡᠶᠢᠯᠡᠨ ᠡᠵᠡᠮᠳᠡᠬᠦ ᠠᠵᠢᠯᠲᠠᠳ ᠢ ᠦᠨᠡᠨᠬᠦ ᠬᠠᠯᠠᠮᠵᠢᠯᠠᠨ ᠬᠠᠶᠢᠷᠠᠯᠠᠵᠤ᠂ ᠡᠯ᠎ᠡ ᠵᠦᠢᠯ ᠤᠨ ᠦᠢᠯᠡᠴᠢᠯᠡᠭᠡᠨ ᠤ ᠪᠠᠲᠤᠯᠠᠪᠤᠷᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠥᠨᠳᠥᠷ ᠪᠦᠲᠦᠮᠵᠢᠲᠡᠢ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃    ᠹᠠᠩ ᠦ᠋ ᠡᠮᠨᠡᠯᠭᠡ ᠶᠢᠨ  ᠬᠤᠷᠢᠶ᠎ᠠ ᠳᠤ᠂ ᠯᠢᠦ ᠶᠢᠨ ᠲᠤᠤ ᠲᠡᠭᠦᠨ ᠤ ᠥᠭᠡᠷᠡᠴᠢᠯᠡᠨ ᠪᠠᠶᠢᠭᠤᠯᠤᠭᠰᠠᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠭᠰᠠᠨ ᠨᠢ᠂ ᠳᠥᠷᠪᠡᠯᠵᠢᠨ ᠥᠷᠥᠭᠡ ᠲᠠᠢ ᠡᠮᠨᠡᠯᠭᠡ ᠶᠢᠨ ᠬᠤᠷᠢᠶ᠎ᠠ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ᠂ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ ᠪᠠᠷ ᠰᠠᠶᠢᠲᠤᠷ ᠪᠠᠶᠢᠭᠤᠯᠵᠤ᠂ ᠡᠯ᠎ᠡ  ᠵᠤᠶᠢᠯ ᠤᠨ ᠴᠢᠳᠠᠮᠵᠢ ᠶᠢᠨ ᠱᠠᠭᠠᠷᠳᠠᠯᠭ᠎ᠠ ᠶᠢ ᠶᠡᠷᠦᠩᠬᠡᠶᠢᠯᠡᠨ ᠰᠠᠶᠢᠲᠤᠷ ᠪᠣᠳᠣᠯᠬᠢᠯᠠᠨ᠂ ᠬᠡᠷᠡᠭᠴᠡᠭᠡ ᠲᠠᠢ ᠦᠶ᠎ᠡ ᠳᠤ ᠦᠳᠲᠡᠷ ᠲᠦᠷᠭᠡᠨ ᠢᠶᠠᠷ ᠡᠬᠢᠯᠡᠨ ᠬᠡᠷᠡᠭᠯᠡᠵᠦ᠂ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃                                   ᠨᠠᠶᠢᠷᠠᠭᠤᠯᠤᠭᠴᠢ᠄    ᠶᠠᠩ  ᠿᠦᠢ ᠵᠧᠨ                                   ᠤᠷᠴᠢᠭᠤᠯᠤᠭᠴᠢ᠄   ᠼᠦᠢ ᠴᠢᠩ                                                                     ᠢᠷᠡᠯᠳᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2