ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠲᠠᠨ ᠤ ᠲᠣᠭᠤᠳᠠᠭ ᠲᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠦᠷᠴᠦ ᠨᠤᠲᠤᠭᠰᠢᠨ ᠠᠮᠢᠳᠤᠷᠠᠪᠠ
ᠨᠡᠶᠢᠲᠡᠯᠡᠭᠰᠡᠨ ᠴᠠᠭ᠄
2022/10/17
   ᠣᠶᠢᠷ᠎ᠠ ᠳᠤ᠂ 25 ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠲᠠᠨ ᠤ ᠲᠣᠭᠤᠳᠠᠭ ᠮᠠᠨ ᠤ ᠰᠢᠶᠠᠨ ᠤ ᠲᠠᠭ᠎ᠠ ᠶᠢᠨ ᠨᠠᠭᠤᠷ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠦᠷᠴᠦ ᠨᠤᠲᠤᠭᠰᠢᠨ ᠠᠮᠢᠳᠤᠷᠠᠵᠤ᠂ ᠨᠠᠮᠤᠷ ᠤᠨ ᠰᠡᠭᠦᠯᠴᠢ ᠶᠢᠨ ᠦᠶ᠎ᠡ ᠶᠢᠨ ᠲᠠᠭ᠎ᠠ ᠶᠢᠨ ᠨᠠᠭᠤᠷ ᠲᠤ ᠴᠤᠭ ᠪᠠᠳᠠᠷᠠᠩᠭᠤᠶ ᠠᠮᠢᠵᠢᠷᠠᠯ ᠤᠨ ᠬᠦᠴᠦᠨ ᠢ ᠠᠪᠴᠢᠷᠠᠭᠰᠠᠨ ᠪᠠᠶᠢᠨ᠎ᠠ᠃
         ᠲᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠥᠷᠭᠡᠨ ᠠᠭᠤᠳᠠᠮ ᠡᠪᠡᠰᠦᠲᠦ ᠲᠠᠯ᠎ᠠ ᠳᠤ᠂  ᠲᠤᠭᠤᠳᠠᠭ ᠰᠢᠪᠠᠭᠤ ᠰᠤᠯᠠ ᠰᠡᠯᠡᠭᠦᠦ ᠠᠯᠬᠤᠵᠤ᠂ ᠵᠠᠷᠢᠮ ᠳᠠᠭᠠᠨ ᠲᠣᠯᠣᠭᠠᠢ ᠪᠥᠬᠦ᠋ᠢᠨ ᠢᠳᠡᠰᠢ ᠡᠷᠢᠵᠦ᠂ ᠵᠠᠷᠢᠮ ᠳᠠᠭᠠᠨ ᠭᠠᠵᠠᠷ ᠪᠣᠯᠭᠠᠨ ᠠᠴᠠ ᠠᠵᠢᠭᠯᠠᠨ᠂ ᠵᠠᠷᠢᠮ ᠳᠠᠭᠠᠨ ᠵᠢᠭᠦᠷ ᠢᠶᠠᠨ ᠬᠤᠷᠦ᠋ᠢᠯᠵᠠᠭᠤᠯᠤᠨ ᠣᠭᠲᠠᠷᠭᠤᠢ ᠳᠤ ᠨᠢᠰᠤᠨ ᠭᠠᠷᠤᠨ᠎ᠠ᠃ ᠬᠦᠵᠦᠭᠦᠦ ᠪᠠᠷ ᠢᠶᠠᠨ ᠨᠠᠷᠢᠬᠠᠨ ᠤᠷᠲᠤ ᠬᠦᠵᠦᠭᠦᠦ ᠲᠠᠢ᠂ ᠬᠡ ᠤᠭᠠᠯᠵᠠ ᠲᠠᠢ ᠬᠦᠷᠡᠩ ᠬᠦᠷᠡᠩ ᠥᠲᠥ ᠨᠢ ᠬᠤᠯᠠ ᠠᠴᠠ ᠬᠠᠷᠠᠬᠤ ᠳᠤ ᠲᠣᠭᠤᠳᠠᠭ ᠨᠢ ᠶᠠᠭ ᠯᠠ ᠨᠢᠭᠡᠨ ᠨᠠᠷᠢᠬᠠᠨ ᠬᠡᠯᠪᠡᠷᠢ ᠶᠢᠨ ᠲᠡᠮᠡᠭᠡᠨ ᠬᠢᠷᠭᠤᠤᠯ ᠰᠢᠭ  ᠪᠠᠶᠢᠯ᠎ᠠ᠃
          ︽ᠪᠢᠳᠡ ᠭᠤᠷᠪᠠᠨ ᠵᠢᠯ ᠳᠠᠷᠠᠭᠠᠯᠠᠨ ᠲᠣᠭᠤᠷᠢᠨ ᠬᠠᠮᠠᠭᠠᠯᠠᠬᠤ ᠶᠠᠪᠤᠴᠠ ᠳᠠᠭᠠᠨ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠳᠤ ᠪᠠᠶᠢᠭ᠎ᠠ ᠠᠮᠢᠲᠠᠨ ᠤ ᠲᠣᠭᠤᠳᠠᠭ ᠶᠢ ᠣᠯᠵᠤ ᠮᠡᠳᠡᠵᠡᠶ᠂ ᠡᠨᠡ ᠵᠢᠯ ᠪᠠᠰᠠ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠪᠣᠯᠵᠣᠭᠰᠠᠨ ᠶᠣᠰᠣᠭᠠᠷ ᠬᠦᠷᠴᠦ ᠢᠷᠡᠵᠡᠶ᠂ ᠲᠡᠳᠡ ᠵᠢᠯ ᠪᠦᠷᠢ ᠶᠢᠨ 10 ᠰᠠᠷ᠎ᠠ ᠠᠴᠠ ᠳᠠᠷᠠᠭ᠎ᠠ ᠵᠢᠯ ᠤᠨ 5 ᠰᠠᠷ᠎ᠠ ᠳᠤ ᠠᠳᠡ ᠨᠤᠲᠤᠭᠰᠢᠳᠠᠭ︾᠃ ᠭᠡᠵᠦ ᠲᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠦᠢᠯᠡᠴᠢᠯᠡᠭᠡᠨ ᠤ ᠲᠥᠪ ᠤᠨ ᠰᠢᠨᠵᠢᠯᠡᠬᠦ ᠤᠬᠠᠭᠠᠨ ᠤ ᠰᠤᠳᠤᠯᠭᠠᠨ ᠤᠬᠠᠭᠤᠯᠭ᠎ᠠ ᠶᠢᠨ ᠡᠷᠬᠢᠯᠡᠭᠴᠢ ᠴᠧᠨ ᠢᠦᠢ ᠰᠤᠷᠪᠤᠯᠵᠢᠯᠠᠭᠴᠢ ᠳᠤ ᠬᠡᠯᠡᠨ᠎ᠡ᠃       ᠲᠣᠭᠤᠳᠠᠭ ᠪᠣᠯ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠬᠡᠭᠡᠷ᠎ᠡ ᠶᠢᠨ ᠠᠮᠢᠲᠠᠨ ᠪᠠᠶᠢᠵᠤ᠂ ᠳᠡᠯᠡᠬᠡᠶ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠬᠤᠯᠪᠣᠭᠠᠨ ᠳᠤ ᠮᠥᠬᠦᠬᠦ ᠰᠢᠬᠠᠭᠰᠠᠨ ᠳᠦᠷᠰᠦ ᠶᠢᠨ ᠤᠯᠠᠭᠠᠨ ᠨᠡᠷᠡᠰ ᠤᠨ ᠵᠢᠭᠰᠠᠭᠠᠯᠲᠠ ᠳᠤ ᠣᠷᠣᠵᠤ᠂ ︽ᠲᠣᠭᠤᠳᠠᠭ︾ ᠨᠢ ᠥᠷᠭᠡᠨ ᠠᠭᠤᠳᠠᠮ ᠲᠠᠯ᠎ᠠ ᠨᠤᠲᠤᠭ᠂ ᠬᠠᠭᠠᠰ ᠡᠯᠡᠰᠦᠨ ᠴᠥᠯ ᠭᠠᠵᠠᠷ ᠵᠢᠴᠢ ᠲᠠᠷᠢᠶᠠᠨ ᠭᠠᠵᠠᠷ ᠡᠪᠡᠰᠦᠲᠦ ᠭᠠᠵᠠᠷ ᠲᠤ ᠨᠤᠲᠤᠭᠰᠢᠨ᠂ ᠰᠦᠷᠦᠭᠯᠡᠨ ᠭᠦᠶᠦᠵᠦ᠂ ᠮᠠᠰᠢ ᠴᠢᠳᠠᠮᠠᠭᠠᠶ ᠭᠦᠶᠦᠳᠡᠭ ᠪᠠᠶᠢᠨ᠎ᠠ᠃  ᠲᠣᠭᠤᠳᠠᠭ ᠪᠣᠯ ᠬᠤᠯᠢᠮᠠᠭ ᠢᠳᠡᠰᠢᠲᠡᠨ ᠰᠢᠪᠠᠭᠤᠨ ᠤ ᠲᠥᠷᠥᠯ ᠳᠤ ᠪᠠᠭᠲᠠᠨ᠎ᠠ᠂ ᠬᠡᠭᠡᠷ᠎ᠡ ᠶᠢᠨ ᠡᠪᠡᠰᠦ ᠶᠢ ᠢᠳᠡᠬᠦ ᠮᠥᠷᠲᠡᠭᠡᠨ ᠪᠠᠰᠠ ᠴᠣᠬᠤ᠂ ᠴᠠᠷᠴᠠᠬᠠᠶ᠂ ᠰᠠᠬᠤᠯᠢᠭ ᠬᠤᠷᠣᠬᠠᠶ ᠵᠡᠷᠭᠡ ᠶᠢ ᠢᠳᠡᠳᠡᠭ᠂ ᠬᠠᠩᠭᠠᠷᠢ ᠶᠢᠨ ᠤᠯᠤᠰ ᠤᠨ ᠰᠢᠪᠠᠭᠤ ᠪᠣᠯᠤᠨ᠎ᠠ᠃ ᠡᠷᠡᠭᠴᠢᠨ ᠤ ᠪᠡᠶ᠎ᠡ ᠶᠢᠨ ᠣᠷᠳᠣ ᠨᠢ 1 ᠮᠧᠲᠷ ᠠᠴᠠ ᠳᠠᠪᠠᠵᠤ᠂ ᠬᠦᠨᠳᠦ ᠨᠢ 10 ᠺᠢᠯᠣᠭ᠍ᠷᠠᠮ ᠣᠷᠴᠢᠮ ᠪᠠᠶᠢᠵᠤ᠂ ᠣᠳᠣᠬᠠᠨ ᠤ ᠳᠡᠯᠡᠬᠡᠶ ᠳᠡᠭᠡᠷᠡᠬᠢ ᠬᠠᠮᠤᠭ ᠤᠨ ᠲᠣᠮᠣ ᠨᠢᠰᠬᠦ ᠰᠢᠪᠠᠭᠤᠨ ᠤ ᠲᠥᠷᠥᠯ ᠤᠨ ᠨᠢᠭᠡ ᠪᠣᠯᠤᠨ᠎ᠠ᠃    ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ‌‍ᠲ᠋ᠠᠭ᠎ᠠ ᠶᠢᠨ ᠨᠠᠭᠤᠷ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠶᠡᠬᠡᠪᠡᠷ ᠬᠡᠷᠡᠭᠵᠢᠭᠦᠯᠬᠦ ᠪᠠᠷ ᠳᠠᠮᠵᠢᠭᠤᠯᠵᠤ᠂ ᠳᠠᠭᠠ ᠶᠢᠨ ᠨᠠᠭᠤᠷ ᠤᠨ ᠡᠷᠬᠢᠨ ᠲᠣᠭᠤᠷᠢᠨ ᠤ ᠨᠤᠭᠤ ᠭᠠᠵᠠᠷ ᠤᠨ ᠲᠠᠯᠠᠪᠠᠢ ᠶᠢ ᠵᠢᠯ ᠳᠠᠷᠠᠭᠠᠯᠠᠨ ᠨᠡᠮᠡᠭᠳᠡᠭᠦᠯᠵᠦ᠂ ᠤᠷᠭᠤᠮᠠᠯ ᠤᠨ ᠪᠦᠷᠬᠦᠴᠡ ᠶᠢᠨ ᠨᠤᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠵᠠᠰᠠᠬᠤ ᠠᠴᠠ ᠡᠮᠦᠨᠡᠬᠢ 68% ᠪᠠᠶᠢᠭᠰᠠᠨ ᠠᠴᠠ 70% ᠪᠣᠯᠲᠠᠯ᠎ᠠ ᠨᠡᠮᠡᠭᠳᠡᠭᠦᠯᠪᠡ︔ ᠰᠢᠪᠠᠭᠤᠨ ᠤ ᠲᠥᠷᠥᠯ  ᠵᠤᠶᠢᠯ ᠨᠢ ᠵᠠᠰᠠᠬᠤ ᠠᠴᠠ ᠡᠮᠦᠨᠡᠬᠢ 68  ᠵᠤᠶᠢᠯ ᠠᠴᠠ ᠪᠠᠨ ᠨᠡᠮᠡᠭᠳᠡᠭᠡᠳ 91  ᠵᠤᠶᠢᠯ ᠪᠣᠯᠪᠠ᠃                                            ᠨᠠᠶᠢᠷᠠᠭᠤᠯᠤᠭᠴᠢ᠄  ᠯᠢ ᠬᠤᠩ ᠢᠦᠢ                                              ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2