ᠯᠢᠶᠠᠩᠴᠧᠩ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ  ︵2022 ᠣᠨ︶ 36 ᠳ᠋ᠤᠭᠠᠷ ᠲᠣᠭᠠᠲᠤ ᠠᠯᠪᠠᠨ ᠵᠠᠷ
ᠨᠡᠶᠢᠲᠡᠯᠡᠭᠰᠡᠨ ᠴᠠᠭ᠄
2022/10/19
ᠥᠷᠭᠡᠨ ᠤᠯᠠᠨ  ᠰᠠᠭᠤᠭᠠᠯᠢ ︵ᠲᠣᠰᠬᠤᠨ ᠤ︶ ᠠᠷᠠᠳ ᠤᠨ  ᠨᠠᠶᠢᠵᠠ ᠨᠠᠷ ᠠ᠄    2022 ᠣᠨ ᠤ 10 ᠰᠠᠷ᠎ᠠ ᠶᠢᠨ 4 ᠤ ᠡᠳᠦᠷ ᠵᠦᠸᠧᠽᠢ ᠰᠢᠶᠠᠨ ᠤ ᠵᠢᠯᠣᠭᠤᠳᠬᠤ ᠭᠠᠵᠠᠷ ᠤᠨ ᠬᠠᠮᠵᠢᠨ ᠪᠠᠶᠢᠴᠠᠭᠠᠬᠤ ᠵᠠᠬᠢᠳᠠᠯ ᠢ ᠬᠦᠯᠢᠶᠡᠨ ᠠᠪᠴᠤ᠂ 9 ᠰᠠᠷ᠎ᠠ ᠶᠢᠨ 30 ᠤ ᠡᠳᠦᠷ ᠠᠴᠠ 10 ᠰᠠᠷ᠎ᠠ ᠶᠢᠨ 2 ᠤᠨ ᠡᠳᠦᠷ ᠪᠣᠯᠲᠠᠯ᠎ᠠ ᠬᠥᠬᠡᠬᠤᠲᠠ ᠶᠢᠨ ᠠᠷᠭ᠎ᠠ ᠶᠢᠨ ᠴᠢᠨᠠᠷᠲᠠᠶ ᠡᠪᠡᠳᠴᠢᠨ ᠤ ᠵᠢᠱᠢᠶ᠎ᠡ ᠲᠠᠢ ᠨᠢᠭᠲᠠ ᠣᠶᠢᠷᠠᠲᠤᠭᠰᠠᠳ ᠯᠢᠦ ᠣᠪᠣᠭᠲᠤ ᠶᠢᠨ ᠠᠵᠢᠯᠯᠠᠭ᠎ᠠ ᠶᠢᠨ ᠵᠠᠮ ᠮᠥᠷ ᠢ ᠵᠠᠷᠯᠠᠵᠠᠶ᠂ ᠯᠢᠦ ᠣᠪᠣᠭᠲᠤ ᠶᠢᠨ ᠨᠢᠭᠲᠠ ᠣᠶᠢᠷᠠᠲᠤᠭᠰᠠᠳ ᠢ ᠠᠯᠢ ᠲᠦᠷᠭᠡᠨ ᠢᠶᠠᠷ ᠡᠷᠢᠨ ᠣᠯᠵᠤ᠂ ᠬᠢᠵᠢᠭ ᠤᠨ ᠲᠠᠷᠬᠠᠯᠲᠠ ᠶᠢ ᠪᠦᠲᠦᠮᠵᠢᠲᠡᠶ ᠪᠠᠷ ᠬᠤᠷᠢᠭᠯᠠᠨ ᠵᠣᠭᠰᠣᠭᠠᠵᠤ᠂ ᠮᠠᠨ ᠤ ᠰᠢᠶᠠᠨ ᠤ ᠥᠷᠭᠡᠨ ᠣᠯᠠᠨ ᠰᠠᠭᠤᠭᠠᠯᠢ ᠠᠷᠠᠳ ᠤᠨ ᠪᠡᠶ᠎ᠡ ᠶᠢᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠄    9 ᠰᠠᠷ᠎ᠠ ᠶᠢᠨ 30 ᠤ ᠡᠳᠦᠷ ᠠᠴᠠ 10 ᠰᠠᠷ᠎ᠠ ᠶᠢᠨ 2 ᠤᠨ ᠡᠳᠦᠷ ᠪᠣᠯᠲᠠᠯ᠎ᠠ ᠯᠢᠨ ᠬᠤ ᠬᠥ᠋ ᠰᠧ ᠶᠢᠨ ᠵᠢᠭᠤᠯᠴᠢᠯᠠᠯ ᠤᠨ ᠲᠡᠤᠬᠡ ᠶᠢᠨ ᠠᠵᠢᠯᠲᠠᠨ᠂ ᠲᠡᠷᠡ ᠳᠠᠷᠤᠶ ᠳᠤᠨᠢ ᠪᠠᠶᠢᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ︵ᠲᠣᠰᠬᠤᠨ︶᠂ ᠨᠢᠭᠡᠴᠡ ᠪᠤᠶᠤ ᠪᠠᠭᠤᠳᠠᠯ ᠳᠤ ᠰᠠᠭᠤᠵᠤ ᠳᠠᠩᠰᠠᠯᠠᠭᠤᠯᠬᠤ ᠶᠢᠨ ᠬᠠᠮᠲᠤ ᠵᠣᠬᠢᠴᠠᠩᠭᠤᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠨ᠎ᠠ᠃ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠮᠡᠳᠡᠭᠦᠯᠬᠦ ᠥᠬᠡᠶ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ ᠪᠤᠶᠤ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠭᠰᠠᠨ ᠥᠬᠡᠶ ᠠᠴᠠ ᠪᠣᠯᠵᠣ᠂ ᠰᠢᠨ᠎ᠡ ᠲᠢᠲᠢᠮᠯᠢᠭ  ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠪᠤᠶᠤ ᠪᠤᠰᠤᠳ ᠬᠦᠨᠳᠦ ᠨᠣᠴᠢᠲᠠᠶ ᠦᠷ᠎ᠡ ᠳ᠋ᠦᠩ ᠢ ᠪᠣᠶ ᠪᠣᠯᠭᠠᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠬᠦ ᠪᠠ ᠰᠢᠳᠬᠡᠵᠦ᠂ ᠬᠦᠨᠳᠦ ᠨᠣᠴᠢᠲᠠᠶ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃             ᠯᠢᠶᠠᠩᠴᠧᠩ ᠰᠢᠶᠠᠨ ᠤ ᠰᠢᠨ᠎ᠡ ᠲᠢᠲᠢᠮᠯᠢᠭ  ᠠᠭᠤᠰᠬᠢᠨ ᠦᠷᠪᠢᠰᠦᠯ ᠤᠨ              ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ                       2022 ᠣᠨ ᠤ 10 ᠰᠠᠷ᠎ᠠ ᠶᠢᠨ 4 ᠤ ᠡᠳᠦᠷ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2