ᠯᠢᠶᠠᠩᠴᠧᠩ ᠰᠢᠶᠠᠨ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠪᠡ
ᠨᠡᠶᠢᠲᠡᠯᠡᠭᠰᠡᠨ ᠴᠠᠭ᠄
2022/10/25
    ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠰᠢᠶᠠᠨ ᠤ ᠲᠥᠪᠯᠡᠷᠡᠭᠦᠯᠦᠨ ᠲᠤᠰᠠᠭᠠᠷᠯᠠᠬᠤ ᠭᠠᠵᠠᠷ ᠤᠨ ᠠᠵᠢᠯ ᠤᠨ ᠶᠠᠪᠤᠴᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠲᠥᠪᠯᠡᠷᠡᠭᠦᠯᠦᠨ ᠲᠤᠰᠠᠭᠠᠷᠯᠠᠬᠤ ᠭᠠᠵᠠᠷ ᠤᠨ ᠡᠯ᠎ᠡ  ᠵᠤᠶᠢᠯ ᠤᠨ ᠠᠵᠢᠯ ᠢ ᠦᠨᠡᠨ ᠬᠦ ᠰᠠᠶᠢᠲᠤᠷ ᠬᠢᠵᠦ᠂ 10 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠥᠪᠯᠡᠷᠡᠭᠦᠯᠦᠨ ᠲᠤᠰᠠᠭᠠᠷᠯᠠᠬᠤ ᠭᠠᠵᠠᠷ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠥᠬᠦ ᠰᠢᠶᠠᠨ ᠤ ᠬᠠᠷᠢᠶ᠎ᠠ ᠲᠣᠭᠤᠷᠢᠭ ᠤᠨ 17 ᠲᠥᠪᠯᠡᠷᠡᠭᠦᠯᠦᠨ ᠲᠤᠰᠠᠭᠠᠷᠯᠠᠬᠤ ᠭᠠᠵᠠᠷ ᠤᠨ ᠬᠠᠷᠢᠭᠤᠴᠠᠯᠭᠠᠲᠠᠨ ᠵᠢᠴᠢ ᠬᠠᠮᠢᠶᠠᠷᠤᠯᠲᠠ ᠶᠢᠨ ᠠᠵᠢᠯᠲᠠᠨ ᠵᠡᠷᠭᠡ 60 ᠭᠠᠷᠤᠶ ᠬᠥᠮᠦᠨ ᠪᠣᠯᠪᠠᠰᠤᠷᠠᠭᠤᠯᠤᠯ ᠳᠤ ᠣᠷᠣᠯᠴᠠᠵᠠᠶ᠃     ᠪᠣᠯᠪᠠᠰᠤᠷᠠᠯ ᠤᠨ ᠬᠤᠷᠠᠯ ᠳᠡᠭᠡᠷ᠎ᠡ᠂ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠡᠷᠬᠢᠯᠡᠭᠴᠢ ᠸᠠᠩ ᠵᠢᠶᠦ᠋ᠨ ᠶᠢᠩ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠪᠠ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠵᠦᠭᠯᠡᠭᠦᠷ︾ ᠤᠨ ᠲᠤᠬᠠᠶ᠂ ᠰᠢᠶᠠᠨ ᠤ ᠡᠮᠨᠡᠯᠭᠡ ᠶᠢᠨ ᠬᠤᠷᠢᠶᠠᠨ ᠤ ᠰᠤᠪᠢᠯᠠᠭᠴᠢ ᠶᠢᠨ ᠳᠠᠷᠤᠭ᠎ᠠ ᠵᠠᠩ ᠵᠢᠶᠧ ᠬᠠᠮᠠᠭᠠᠯᠠᠯᠲᠠ ᠶᠢᠨ ᠬᠤᠪᠴᠠᠰᠤ ᠪᠠᠨ ᠬᠡᠷᠬᠢᠨ ᠲᠠᠶᠢᠯᠬᠤ ᠲᠤᠬᠠᠶ᠂ ᠰᠢᠶᠠᠨ ᠤ ᠡᠮᠨᠡᠯᠭᠡ ᠶᠢᠨ ᠬᠤᠷᠢᠶᠠᠨ ᠤ ᠰᠤᠪᠢᠯᠠᠭᠴᠢ ᠶᠢᠨ ᠳᠠᠷᠤᠭ᠎ᠠ ᠵᠠᠩ ᠵᠢᠩ ︽ᠲᠤᠰᠠᠭᠠᠷᠯᠠᠬᠤ ᠲᠠᠯᠠᠪᠤᠷ ᠤᠨ ᠰᠣᠯᠪᠢᠴᠠᠯ ᠬᠠᠯᠳᠠᠪᠤᠷᠢᠯᠠᠯ ᠢ ᠬᠠᠷᠢᠴᠠᠭᠤᠯᠤᠨ ᠪᠠᠶᠢᠴᠠᠭᠠᠭᠰᠠᠨ ᠨᠠᠷᠢᠨ ᠲᠠᠩᠰᠠ ︵50︶︾ ᠵᠡᠷᠭᠡ ᠭᠤᠤᠯᠳᠠᠯᠭ᠎ᠠ ᠲᠠᠢ ᠠᠭᠤᠯᠭ᠎ᠠ ᠶᠢᠨ ᠲᠤᠬᠠᠶ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠯᠲᠠ ᠬᠢᠵᠦ᠂ ᠣᠨᠣᠯ ᠤᠨ ᠦᠨᠳᠦᠷᠴᠡ ᠲᠠᠢ ᠮᠥᠷᠲᠡᠭᠡᠨ  ᠤᠶᠢᠯᠡᠳᠤᠯᠭᠡ ᠶᠢᠨ ᠵᠢᠯᠣᠭᠤᠳᠣᠯᠭ᠎ᠠ ᠲᠠᠢ ᠪᠠᠶᠢᠵᠤ᠂ ᠪᠣᠯᠪᠠᠰᠤᠷᠠᠯ ᠳᠤ ᠣᠷᠣᠯᠴᠠᠭᠰᠠᠳ ᠲᠤ ᠶᠡᠭᠡ ᠠᠰᠢᠭ ᠬᠦᠷᠲᠡᠭᠡᠭᠰᠡᠨ ᠪᠠᠶᠢᠨ᠎ᠠ᠃     ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠢᠶᠠᠷ ᠳᠡᠮᠵᠢᠨ᠂ ᠮᠠᠨ ᠤ ᠰᠢᠶᠠᠨ ᠤ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠵᠢᠷᠤᠮᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠪᠠᠴᠢᠮ ᠪᠠᠶᠢᠳᠠᠯ ᠢ ᠠᠷᠭᠠᠴᠠᠨ  ᠰᠢᠢᠳᠪᠤᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠮᠠᠨ ᠤ ᠰᠢᠶᠠᠨ ᠤ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠶᠢᠨ ᠪᠠᠶᠢᠩᠭᠤᠵᠢᠭᠤᠯᠬᠤ ᠠᠵᠢᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃    ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ‍ᠤᠤᠢ ᠶᠦᠩ ᠬᠤᠷᠠᠯ ᠡᠷᠭᠢᠯᠡᠪᠡ᠃                                               ᠨᠠᠶᠢᠷᠠᠭᠤᠯᠤᠭᠴᠢ᠄   ᠶᠠᠩ  ᠿᠦᠢ ᠵᠧᠨ                                               ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2