ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 10 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/10/25
   10 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢᠦ ᠶᠢᠨ ᠲᠤᠤ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 10 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠣ ᠵᠢᠶᠠᠨ ᠵᠢᠶᠦ᠋ᠨ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠣᠣ ᠷᠦᠢ ᠵᠡᠷᠭᠡ ᠳᠥᠷᠪᠡᠨ ᠶᠡᠭᠡ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠠᠶ᠃      ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ︾᠂ ᠶᠡᠷᠦᠩᠬᠡᠢ ᠱᠦᠵᠢ ᠰᠢ ᠶᠢᠨ ᠫᠢᠩ ᠲᠠᠪᠤᠳᠤᠭᠠᠷ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠲᠤ ᠢᠯᠡᠭᠡᠭᠰᠡᠨ ᠪᠠᠶᠠᠷ ᠤᠨ ᠵᠠᠬᠢᠳᠠᠯ ᠤᠨ ᠠᠭᠤᠯᠭ᠎ᠠ᠂ ᠶᠡᠷᠦᠩᠬᠡᠢ ᠱᠦᠵᠢ ᠰᠢ ᠶᠢᠨ ᠫᠢᠩ ︽ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ︾ ᠭᠡᠬᠦ ᠭᠤᠣᠯ ᠰᠡᠳᠦᠪᠲᠦ ᠠᠮᠵᠢᠯᠲᠠ ᠪᠦᠲᠦᠮᠵᠢ ᠶᠢᠨ ᠦᠵᠡᠭᠦᠯᠦᠯᠭᠡ ᠶᠢ ᠲᠣᠭᠤᠷᠢᠨ ᠦᠵᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ  ᠤᠨ ︽ᠪᠢᠴᠢᠭ ᠤᠨ ᠰᠠᠩ ᠢ ᠳᠠᠪᠲᠠᠬᠤ ︾ ᠳᠤ ᠵᠣᠷᠢᠭᠤᠯᠤᠨ ᠪᠢᠴᠢᠭᠰᠡᠨ ᠣᠷᠣᠰᠢᠯ ᠢ ᠤᠯᠠᠮᠵᠢᠯᠠᠨ ᠰᠤᠷᠤᠯᠴᠠᠪᠠ᠄ ︽ᠰᠡᠷᠭᠦᠨ ᠮᠠᠨᠳᠤᠯᠲᠠ ᠶᠢᠨ ᠵᠠᠮ ᠢᠶᠠᠷ ᠡᠷᠡᠰ ᠤᠷᠤᠭᠰᠢᠯᠠᠶ᠎ᠠ︾᠂ ᠰᠢ ᠶᠢᠨ ᠫᠢᠩ ᠶᠡᠷᠦᠩᠬᠡᠢ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠲᠤᠬᠠᠢ ᠴᠢᠬᠤᠯᠠ ᠥᠭᠦᠯᠡᠯᠲᠡ ᠶᠢᠨ ᠲᠣᠪᠴᠢᠯᠠᠯ ᠪᠠ ᠰᠢ ᠶᠢᠨ ᠫᠢᠩ ᠶᠡᠷᠦᠩᠬᠡᠢ ᠱᠦᠵᠢ ᠶᠢᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠲᠣᠪᠴᠢᠯᠠᠯ︔ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠲᠤᠰ ᠲᠤᠰ ᠤᠨ ᠬᠤᠪᠢᠳᠠᠨ ᠬᠠᠮᠢᠶᠠᠷᠴᠤ ᠪᠠᠶᠢᠭ᠎ᠠ  ᠬᠦᠷᠢᠶ᠎ᠡ ᠳᠡᠭᠡᠨ ᠦᠵᠡᠯ ᠤᠬᠠᠮᠰᠠᠷ ᠤᠨ ᠬᠡᠯᠪᠡᠷᠢ ᠶᠢᠨ ᠵᠠᠳᠠᠯᠤᠯᠲᠠ ᠬᠢᠵᠦ ᠰᠤᠳᠤᠯᠤᠨ ᠮᠠᠭᠠᠳᠯᠠᠪᠠ︔ ᠬᠤᠷᠠᠯ ᠳᠤ ᠣᠷᠣᠯᠴᠠᠭᠰᠠᠳ ᠨᠢᠭᠤᠴᠠ ᠶᠢ ᠬᠠᠮᠠᠭᠠᠯᠠᠬᠤ ᠰᠡᠷᠡᠮᠵᠢ ᠶᠢᠨ ᠬᠥᠮᠦᠵᠢᠯ ᠤᠨ ᠹᠢᠯᠢᠮ ︽ᠤᠯᠠᠭᠠᠨ ᠱᠤᠭᠤᠮ︾ ᠢ ᠲᠥᠪᠯᠡᠷᠡᠭᠦᠯᠦᠨ ᠦᠵᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠢᠶᠠᠷ ᠢᠶᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ᠂ ᠤᠬᠠᠭᠤᠯᠬᠤ᠂ ᠲᠤᠤᠱᠯᠠᠭᠤᠯᠬᠤ᠂ ᠨᠠᠶᠢᠳᠠᠪᠤᠷᠢᠵᠢᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠬᠤ ᠬᠡᠷᠡᠭᠲᠡᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠰᠢ ᠶᠢᠨ ᠫᠢᠩ  ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠡᠯᠪᠡᠭ ᠪᠠᠶᠠᠯᠢᠭ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠢ ᠡᠵᠡᠮᠳᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠬᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠯᠲᠡ ᠳᠡᠯᠭᠡᠷᠡᠭᠦᠯᠦᠯᠲᠡ ᠶᠢᠨ ᠡᠷᠴᠢᠮ ᠢ ᠴᠢᠩᠭᠠᠷᠠᠭᠤᠯᠵᠤ᠂ ᠦᠷ᠎ᠡ ᠶᠢᠨ ᠦᠢᠯᠡᠰ ᠢ ᠳᠡᠭᠡᠭᠰᠢᠯᠡᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠠᠷᠢᠶᠠᠯᠠᠩ ᠤᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ︽ᠨᠢᠭᠡ ᠳᠤ ᠣᠷᠣᠯᠭ᠎ᠠ᠂ ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾᠂ ᠠᠮᠤᠷ ᠲᠦᠪᠰᠢᠨ ᠢᠶᠠᠷ ᠤᠰᠤ ᠤᠮᠳᠠ᠂ ᠡᠷᠦᠬᠡ ᠶᠢᠨ ᠵᠣᠷᠯᠣᠩ ᠢ ᠥᠭᠡᠷᠡᠴᠢᠯᠡᠬᠦ 8 ᠵᠦᠢᠯ ᠤᠨ ᠠᠵᠢᠯ ᠤᠨ ᠲᠣᠭᠤᠷᠢᠨ ᠳᠤ ᠡᠯ᠎ᠡ ᠲᠦᠷᠦᠯ ᠤᠨ ᠨᠥᠬᠦᠪᠥᠷᠢ ᠥᠭᠬᠦ᠂ ᠠᠪᠤᠷᠠᠨ ᠲᠤᠰᠠᠯᠠᠬᠤ ᠠᠷᠭ᠎ᠠ  ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠲᠠᠬᠢᠨ ᠶᠠᠳᠠᠭᠤᠷᠠᠵᠤ ᠶᠠᠳᠠᠭᠤᠷᠠᠬᠤ ᠠᠶᠤᠯ ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠠᠷᠢᠯᠭᠠᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃    ᠬᠤᠷᠠᠯ ᠠᠴᠠ᠂ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ  ᠬᠡᠮᠵᠢᠶ᠎ᠡ ᠪᠠᠷ ᠰᠡᠷᠡᠮᠵᠢ ᠲᠠᠢ ᠪᠠᠶᠢᠵᠤ᠂ ᠪᠠᠶᠢᠳᠠᠯ ᠢ ᠲᠣᠳᠣᠷᠬᠠᠢ ᠲᠠᠨᠢᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠠᠮᠤᠷ ᠲᠦᠪᠰᠢᠨ ᠤ ᠲᠣᠣᠷ︾ ᠢ ᠨᠢᠭᠲᠠ ᠪᠥᠭᠡᠳ ᠪᠠᠲᠤ ᠰᠦᠯᠵᠢᠵᠦ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠪᠠᠲᠤ ᠰᠠᠬᠢᠬᠤ ᠬᠡᠷᠡᠭᠲᠡᠢ ᠭᠡᠵᠦ ᠱᠠᠭᠠᠷᠳᠠᠪᠠ᠃ ᠰᠢᠶᠠᠨ ᠳᠤ ᠣᠷᠣᠬᠤ ᠪᠣᠭᠤᠮᠲᠠ ᠶᠢ ᠰᠠᠶᠢᠲᠤᠷ ᠰᠠᠬᠢᠵᠤ᠂ ᠣᠷᠣᠵᠤ ᠭᠠᠷᠬᠤ ᠡᠭᠦᠳᠡ ᠶᠢ ᠪᠠᠲᠤ ᠰᠠᠬᠢᠵᠤ᠂ ᠰᠢᠶᠠᠨ᠂ ᠰᠢᠶᠠᠩ᠂ ᠲᠣᠰᠬᠤᠨ ᠤ ᠵᠠᠮ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠳᠠᠮᠵᠢᠭᠤᠯᠬᠤ ᠠᠷᠭ᠎ᠠ ᠵᠠᠮ ᠢ ᠦᠨᠡᠨ ᠬᠦ ᠲᠠᠰᠤᠯᠵᠤ᠂ ᠡᠷᠲᠡ ᠠᠴᠠ ᠣᠯᠵᠤ ᠮᠡᠳᠡᠬᠦ᠂ ᠣᠷᠣᠭᠤᠯᠬᠤ ᠠᠴᠠ ᠰᠡᠷᠭᠡᠶᠢᠯᠡᠬᠦ ᠶᠢ ᠪᠡᠶᠡᠯᠡᠭᠦᠯᠬᠦ ᠬᠡᠷᠡᠭᠲᠡᠢ᠃ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢᠨ ᠬᠥᠭᠵᠢᠯᠲᠡ ᠶᠢᠨ ᠬᠤᠶᠠᠷ ᠲᠠᠯ᠎ᠠ ᠶᠢ ᠠᠳᠬᠤᠬᠤ᠂ ᠬᠤᠶᠠᠷ ᠢ ᠰᠠᠭᠠᠲᠠᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠨᠠᠮ ᠤᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠶᠢ ᠪᠠᠲᠤ ᠡᠵᠡᠮᠳᠡᠵᠦ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ  ᠭᠡᠵᠠᠢ᠃                                             ᠨᠠᠶᠢᠷᠠᠭᠤᠯᠤᠭᠴᠢ᠄   ᠶᠠᠩ  ᠿᠦᠢ ᠵᠧᠨ                                             ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2