ᠰᠢᠶᠠᠨ ᠤ ᠵᠠᠰᠠᠭ ᠤᠨ ᠣᠷᠳᠣᠨ 2022 ᠣᠨ ᠤ 22 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/30
  10 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠵᠠᠰᠠᠭ ᠤᠨ ᠣᠷᠳᠣᠨ ᠤ 2022 ᠣᠨ ᠤ 22 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠠᠴᠠ ᠪᠦᠬᠦ ᠰᠢᠶᠠᠨ ᠤ ᠲᠦᠷᠦᠭᠦᠦ ᠭᠤᠷᠪᠠᠨ ᠤᠯᠠᠷᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠢ ᠰᠣᠨᠣᠰᠴᠠᠢ᠃ ᠬᠤᠷᠠᠯ ᠠᠴᠠ᠂ ᠠᠵᠤ ᠦᠢᠯᠡᠰ᠂ ᠲᠦᠷᠦᠯ ᠵᠦᠢᠯ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠴᠡᠪᠡᠷ ᠡᠨᠧᠷᠭᠢ᠂ ᠰᠣᠶᠣᠯ ᠵᠤᠭᠠᠴᠠᠯ ᠤᠨ ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠭᠤᠣᠯᠳᠠᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠳᠡᠭᠡᠳᠦ ᠱᠠᠲᠤᠨ ᠤ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠵᠦ᠂ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠠᠬᠢᠴᠠ ᠶᠢ ᠲᠦᠷᠭᠡᠳᠬᠡᠵᠦ᠂ ᠡᠨᠡ ᠵᠢᠯ ᠤᠨ ᠳᠥᠷᠪᠡᠳᠦᠭᠡᠷ ᠤᠯᠠᠷᠢᠯ ᠪᠣᠯᠤᠨ ᠢᠷᠡᠬᠦ ᠵᠢᠯ ᠤᠨ ᠠᠵᠤ ᠠᠬᠤᠢ ᠶᠢᠨ ᠬᠥᠭᠵᠢᠯᠲᠡ ᠳᠤ ᠰᠠᠭᠤᠷᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠪᠣᠯ ᠨᠢᠭᠡ ᠵᠦᠢᠯ ᠤᠨ ᠴᠢᠬᠤᠯᠠ ᠠᠷᠠᠳ ᠤᠨ ᠠᠮᠢᠳᠤᠷᠠᠯ ᠤᠨ ᠠᠵᠢᠯ ᠪᠣᠯᠤᠨ᠎ᠠ ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠡᠭᠦᠨ ᠢ ︽ᠲᠡᠷᠢᠭᠦᠨ ᠵᠡᠷᠭᠡ ᠶᠢᠨ ᠶᠡᠭᠡ ᠶᠠᠪᠤᠳᠠᠯ︾ ᠪᠣᠯᠭᠠᠨ ᠠᠳᠬᠤᠵᠤ᠂ ᠪᠡᠶ᠎ᠡ ᠪᠠᠷ ᠢᠶᠠᠨ ᠰᠤᠳᠤᠯᠵᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠵᠣᠬᠢᠴᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠵᠤ᠂ ᠲᠤᠰᠬᠠᠶ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ᠂ ᠰᠢᠶ᠋ᠳᠪᠦᠷᠢᠯᠡᠬᠦ ᠠᠵᠢᠯᠲᠠᠨ ᠪᠠ ᠬᠠᠷᠢᠭᠤ ᠰᠤᠷᠪᠤᠯᠵᠢᠯᠠᠬᠤ ᠠᠵᠢᠯᠲᠠᠨ ᠢ ᠲᠣᠳᠣᠷᠬᠠᠶᠢᠯᠠᠵᠤ᠂  ᠭᠦᠢᠴᠡᠳᠭᠡᠬᠦ ᠠᠵᠢᠯ ᠤᠨ ᠬᠠᠭᠤᠳᠠᠰᠤ ᠶᠢ ᠴᠠᠭ ᠲᠤᠬᠠᠶ ᠳᠤᠨᠢ ᠭᠥᠯᠢᠶᠡᠨ ᠠᠪᠴᠤ᠂ ᠠᠵᠢᠯ ᠤᠨ ᠬᠠᠭᠤᠳᠠᠰᠤ ᠶᠢ ᠭᠥᠯᠢᠶᠡᠨ ᠠᠪᠴᠤ ᠳᠡᠶᠢᠯᠬᠦ᠂ ᠰᠠᠶᠢᠲᠤᠷ ᠡᠷᠭᠢᠯᠡᠬᠦ ᠶᠢ ᠦᠨᠡᠨᠬᠦ ᠪᠠᠲᠤᠯᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ  ᠰᠢᠢᠳᠪᠤᠷᠢᠡᠯᠬᠦ᠂ ᠰᠢᠢᠳᠪᠤᠷᠢᠡᠯᠬᠦ ᠠᠵᠢᠯ ᠢ ᠦᠨᠡᠨᠬᠦ ᠰᠠᠶᠢᠲᠤᠷ ᠰᠢᠢᠳᠪᠤᠷᠢᠡᠯᠬᠦ ᠬᠡᠷᠡᠭᠲᠡᠶ᠃    ᠬᠤᠷᠠᠯ ᠠᠴᠠ ︽ᠯᠢᠶᠠᠩᠴᠧᠩ ᠰᠢᠶᠠᠨ ᠤ ᠨᠠᠮᠤᠷ ᠤᠨ ᠤᠯᠠᠷᠢᠯ ᠤᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠪᠡ᠃ ᠬᠤᠷᠠᠯ ᠠᠴᠠ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠠᠵᠢᠯ ᠢ ᠴᠢᠬᠤᠯᠠᠴᠢᠯᠠᠵᠤ᠂ ᠤᠬᠠᠭᠤᠯᠤᠨ ᠳᠠᠶᠢᠴᠢᠯᠠᠬᠤ ᠠᠵᠢᠯ ᠢ ᠰᠠᠶᠢᠲᠤᠷ ᠬᠢᠵᠦ᠂ ᠡᠭᠦᠷᠭᠡ ᠶᠢᠨ ᠡᠮᠬᠢ ᠳᠢᠭᠯᠢᠮ ᠲᠠᠢ᠂ ᠨᠠᠶᠢᠳᠠᠪᠤᠷᠢᠵᠢᠭᠤᠯᠤᠯᠲᠠ ᠶᠢᠨ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠡᠯ᠎ᠡ ᠰᠢᠶᠠᠩ ᠪᠠᠯᠭᠠᠰᠤ ᠠᠷᠭ᠎ᠠ ᠬᠡᠮᠵᠢᠶ᠎ᠡ ᠪᠠᠨ ᠰᠠᠶᠢᠲᠤᠷ ᠲᠣᠭᠲᠠᠭᠠᠵᠤ᠂ ᠲᠤᠰᠬᠠᠶ ᠠᠩᠬᠢ ᠶᠢ ᠰᠠᠶᠢᠲᠤᠷ ᠵᠣᠬᠢᠶᠠᠨ ᠪᠠᠶᠢᠭᠤᠯᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠡᠭᠦᠷᠭᠡ ᠪᠠᠨ ᠪᠦᠬᠦ ᠲᠠᠯ᠎ᠠ ᠪᠠᠷ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃    ᠵᠠᠰᠠᠭ ᠤᠨ ᠣᠷᠳᠣᠨ ᠤ ᠡᠯ᠎ᠡ ᠳᠡᠳ᠋ ᠰᠢᠶᠠᠨ ᠤ ᠳᠠᠷᠤᠭ᠎ᠠ ᠵᠢᠴᠢ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ᠂ ᠡᠯ᠎ᠡ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃                                           ᠨᠠᠶᠢᠷᠠᠭᠤᠯᠤᠭᠴᠢ᠄  ᠯᠢ ᠬᠤᠩ ᠢᠦᠢ                                             ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2