ᠯᠢᠶᠠᠨ ᠵᠢᠶᠠᠨ ᠮᠢᠨ᠄ ᠨᠢᠭᠡ ᠰᠡᠳᠬᠢᠯ ᠢᠶᠠᠷ ᠠᠷᠠᠳ ᠤᠨ ᠲᠥᠯᠥᠭᠡ ᠤᠬ ᠵᠣᠷᠢᠯᠲᠠ ᠪᠠᠨ ᠰᠠᠬᠢᠵᠤ ᠦᠨᠡᠨᠴᠢ ᠰᠢᠳᠤᠷᠭᠤ ᠪᠠᠷ ᠠᠮᠤᠷ ᠠᠮᠤᠭᠤᠯᠠᠩ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2022/10/30
  ᠯᠢᠶᠠᠨ ᠵᠢᠶᠠᠨ ᠮᠢᠨ᠂ 1999 ᠣᠨ ᠳᠤ ᠴᠡᠷᠢᠭ ᠲᠤ ᠤᠷᠤᠭᠰᠠᠨ ᠠᠴᠠ 2016 ᠣᠨ ᠳᠤ ᠴᠡᠷᠢᠭ ᠠᠴᠠ ᠬᠠᠯᠠᠭᠳᠠᠬᠤ ᠪᠣᠯᠲᠠᠯ᠎ᠠ᠂ ᠤᠯᠤᠰ ᠲᠠᠭᠠᠨ ᠦᠨᠡᠨᠴᠢ ᠰᠢᠳᠤᠷᠭᠤ᠂ ᠨᠢᠭᠡ ᠰᠡᠳᠬᠢᠯ ᠢᠶᠠᠷ ᠠᠷᠠᠳ ᠤᠨ ᠲᠥᠯᠥᠭᠡ ᠵᠢᠳᠬᠦᠬᠦ ᠴᠡᠷᠢᠭ ᠤᠨ ᠬᠥᠮᠦᠨ ᠤ ᠤᠤᠷ ᠴᠢᠨᠠᠷ ᠢᠶᠠᠨ ᠬᠠᠳᠠᠭᠠᠯᠠᠭᠰᠠᠭᠠᠷ ᠢᠷᠡᠵᠠᠢ᠂ ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠬᠢ ᠳᠤ ᠪᠠᠶᠢᠭ᠎ᠠ ᠲᠡᠷᠡ ᠡᠨᠡᠬᠦ ᠤᠤᠷ ᠴᠢᠨᠠᠷ ᠢᠶᠠᠨ ᠬᠤᠪᠢᠷᠠᠭᠤᠯᠤᠭᠠᠳᠤᠢ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠠᠵᠢᠯ ᠤᠨ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠵᠦ᠂ ᠥᠪᠡᠷ ᠤᠨ ᠬᠤᠪᠢᠷᠠᠰᠢ ᠦᠭᠡᠢ ᠤᠬ ᠰᠠᠨᠠᠭ᠎ᠠ ᠪᠠᠷ ᠢᠶᠠᠨ ᠠᠷᠠᠳ ᠤᠯᠠᠨ ᠤ ᠠᠮᠤᠷ ᠠᠮᠤᠭᠤᠯᠠᠩ ᠢ ᠰᠠᠬᠢᠨ ᠬᠠᠮᠠᠭᠠᠯᠠᠵᠤ ᠪᠤᠢ᠃
     ᠴᠡᠷᠢᠭ ᠤᠨ ᠠᠯᠪᠠ ᠬᠠᠭᠠᠵᠤ ᠪᠠᠶᠢᠬᠤ ᠬᠤᠭᠤᠴᠠᠭᠠᠨ ᠳᠠᠭᠠᠨ᠂ ᠯᠢᠶᠠᠨ ᠵᠢᠶᠠᠨ ᠮᠢᠨ ᠥᠪᠡᠷ ᠢ ᠪᠠᠨ ᠢᠮᠠᠭᠲᠠ ᠴᠢᠩᠭ᠎ᠠ ᠱᠠᠭᠠᠷᠳᠠᠵᠤ᠂ ᠨᠢᠭᠡ ᠴᠡᠷᠢᠭ ᠤᠨ ᠬᠥᠮᠦᠨ ᠤ ᠡᠭᠦᠷᠭᠡ ᠬᠠᠷᠢᠭᠤᠴᠠᠯᠭ᠎ᠠ ᠪᠠ ᠡᠭᠦᠷᠭᠡᠯᠡᠯ ᠢ ᠴᠠᠭ ᠢᠮᠠᠭᠲᠠ ᠦᠢᠯᠡᠳᠦᠯᠭᠡᠵᠢᠭᠦᠯᠵᠦ᠂ ᠴᠡᠷᠢᠭ ᠠᠩᠬᠢ ᠶᠢᠨ ᠳᠠᠪᠲᠠᠯᠲᠠ ᠪᠠ ᠴᠢᠷᠮᠠᠶᠢᠯᠭ᠎ᠠ ᠪᠠᠷ ᠳᠠᠮᠵᠢᠨ᠂ ᠬᠠᠮᠢᠶᠠᠷᠤᠯᠲᠠ ᠶᠢᠨ ᠴᠢᠳᠠᠪᠤᠷᠢ ᠵᠢᠴᠢ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠮᠠᠰᠢ ᠴᠠᠭᠠᠷᠠᠭᠰᠠᠨ ᠰᠢᠯᠢᠳᠡᠭ ᠴᠡᠷᠢᠭ ᠤᠨ ᠬᠥᠮᠦᠨ ᠪᠤᠯᠵᠤ᠂ ᠤᠷᠢᠳ ᠬᠤᠵᠢᠳ ᠰᠢᠯᠢᠳᠡᠭ ᠪᠠᠶᠢᠯᠳᠤᠭᠴᠢ᠂ ᠬᠤᠪᠢ ᠬᠥᠮᠦᠨ ᠤ ᠭᠤᠷᠪᠠᠳᠤᠭᠠᠷ ᠳᠡᠰ ᠤᠨ ᠭᠠᠪᠢᠶ᠎ᠠ᠂ ᠡᠩᠬᠡ ᠲᠠᠶᠢᠪᠤᠩ ᠢ ᠬᠠᠮᠠᠭᠠᠯᠠᠬᠤ ᠭᠠᠪᠢᠶᠠᠨ ᠳᠡᠮᠳᠡᠭ᠂ ᠬᠤᠪᠢ ᠬᠥᠮᠦᠨ ᠤ ᠬᠤᠶᠠᠳᠤᠭᠠᠷ ᠳᠡᠰ ᠤᠨ ᠭᠠᠪᠢᠶ᠎ᠠ᠂ ᠰᠢᠯᠢᠳᠡᠭ ᠴᠢᠳᠠᠪᠤᠷᠢᠲᠠᠨ ᠤ ᠭᠤᠷᠪᠠᠳᠤᠭᠠᠷ ᠳᠡᠰ ᠤᠨ ᠱᠠᠩᠨᠠᠯ ᠵᠡᠷᠭᠡ ᠶᠢ ᠬᠦᠷᠳᠡᠵᠡᠢ᠃    ᠴᠡᠷᠢᠭ ᠤᠨ ᠬᠤᠪᠴᠠᠰᠤ ᠪᠠᠨ ᠲᠠᠶᠢᠯᠵᠤ᠂ ᠴᠠᠭᠳᠠᠭᠠᠨ ᠤ ᠬᠤᠪᠴᠠᠰᠤ ᠪᠠᠨ ᠡᠮᠦᠰᠦᠭᠰᠡᠨ ᠲᠡᠷᠡ ᠮᠥᠴᠡ ᠠᠴᠠ ᠡᠬᠢᠯᠡᠨ᠂ ᠯᠢᠶᠠᠨ ᠵᠢᠶᠠᠨ ᠮᠢᠨ ᠢᠮᠠᠭᠲᠠ ︽ᠴᠡᠷᠢᠭ ᠠᠴᠠ ᠬᠠᠯᠠᠭᠳᠠᠬᠤ ᠳᠤ ᠦᠩᠬᠡ ᠤᠨᠠᠬᠤ ᠦᠭᠡᠢ︾ ᠪᠠᠶᠢᠵᠤ᠂ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠵᠣᠷᠢᠭᠲᠠᠢ ᠪᠠᠷ ᠬᠤᠪᠢ ᠨᠡᠮᠡᠷᠢ ᠦᠵᠡᠭᠦᠯᠬᠦ ᠴᠡᠷᠢᠭ ᠤᠨ ᠬᠥᠮᠦᠨ ᠤ ᠵᠣᠷᠢᠭ ᠰᠠᠨᠠᠭ᠎ᠠ ᠪᠠᠷ ᠠᠷᠠᠳ ᠲᠦᠮᠡᠨ ᠳᠤ ᠦᠢᠯᠡᠴᠢᠯᠡᠬᠦ ᠨᠢᠭᠡᠳᠦᠭᠡᠷ ᠹᠷᠣᠨᠲ ᠢ ᠪᠠᠲᠤ ᠰᠠᠬᠢᠪᠠ᠃ 2021 ᠣᠨ ᠤ 4 ᠰᠠᠷ᠎ᠠ ᠠᠴᠠ ᠨᠠᠰᠢ᠂ ᠯᠢᠶᠠᠩᠴᠧᠩ ᠰᠢᠶᠠᠨ ᠤ ᠡᠷᠡᠭᠦᠤ ᠶᠢᠨ ᠴᠠᠭᠳᠠᠭ᠎ᠠ ᠶᠢᠨ ᠶᠡᠭᠡ ᠠᠩᠭᠢ ᠶᠢᠨ ᠬᠢᠨ ᠣᠯᠠᠨ ᠤᠳᠠᠭ᠎ᠠ ᠬᠦᠴᠦᠳᠡᠯ ᠥᠭᠡᠷᠡᠴᠢᠯᠡᠭᠴᠢ ᠶᠢᠨ ᠵᠡᠰ ᠭᠤᠤᠯ ᠬᠤᠯᠠᠭᠠᠶᠢᠯᠠᠭᠳᠠᠭᠰᠠᠨ ᠴᠠᠭᠳᠠᠭᠠᠨ ᠤ ᠪᠠᠶᠢᠳᠠᠯ ᠢ ᠲᠤᠰᠴᠠᠶ᠂ ᠬᠡᠷᠡᠭ ᠮᠡᠳᠡᠭᠦᠯᠦᠭᠴᠢ ᠶᠢᠨ ᠬᠡᠯᠡᠬᠦ ᠪᠠᠷ᠂ ᠣᠯᠠᠨ ᠰᠢᠶᠠᠩ ᠪᠠᠯᠭᠠᠰᠤᠨ ᠤ 40 ᠭᠠᠷᠤᠶ ᠬᠦᠴᠦᠳᠡᠯ ᠥᠭᠡᠷᠡᠴᠢᠯᠡᠭᠴᠢ ᠶᠢᠨ ᠵᠡᠰ ᠭᠤᠤᠯ ᠬᠤᠯᠠᠭᠠᠶᠢᠯᠠᠭᠳᠠᠵᠠᠶ᠂ ᠡᠨᠡᠬᠦ ᠰᠢᠷᠢᠰ ᠬᠡᠷᠡᠭ ᠭᠠᠷᠤᠭᠰᠠᠨ ᠨᠢ ᠨᠡᠯᠢᠶᠡᠳ ᠶᠡᠭᠡ ᠠᠵᠤ ᠠᠬᠤᠶ ᠶᠢᠨ ᠬᠤᠬᠢᠷᠠᠯ ᠭᠠᠷᠭᠠᠭᠰᠠᠨ ᠢᠶᠠᠷ ᠪᠠᠷᠠᠬᠤ ᠥᠬᠡᠶ ᠬᠡᠷᠡᠭ ᠭᠠᠷᠤᠭᠰᠠᠨ ᠭᠠᠵᠠᠷ ᠤᠨ ᠣᠯᠠᠨ ᠲᠦᠮᠡᠨ ᠤ ᠬᠡᠪ ᠤᠨ ᠦᠶ᠋ᠯᠡᠳᠪᠦᠷᠢᠯᠡᠯ ᠠᠮᠢᠳᠤᠷᠠᠯ ᠳᠤ ᠬᠦᠨᠳᠦ ᠨᠣᠴᠢᠲᠠᠶ ᠨᠥᠯᠥᠭᠡ ᠦᠵᠡᠭᠦᠯᠦᠭᠰᠡᠨ ᠪᠠᠶᠢᠨ᠎ᠠ᠃ ᠬᠡᠷᠡᠭ ᠢ ᠲᠦᠷᠭᠡᠬᠡᠨ ᠢᠯᠡᠷᠡᠭᠦᠯᠬᠦ ᠶᠢᠨ ᠲᠥᠯᠥᠭᠡ᠂ ᠯᠢᠶᠠᠨ ᠵᠢᠶᠠᠨ ᠮᠢᠨ ᠦᠷᠭᠦᠯᠵᠢᠯᠡᠨ ᠪᠠᠶᠢᠯᠳᠤᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠷᠢᠳ ᠬᠤᠵᠢᠳ ᠬᠡᠷᠡᠭ ᠭᠠᠷᠤᠭᠰᠠᠨ ᠭᠠᠵᠠᠷ ᠲᠤ ᠴᠡᠭ ᠲᠤ ᠰᠠᠭᠤᠵᠤ᠂ ᠪᠠᠶᠢᠴᠠᠭᠠᠨ ᠰᠤᠷᠪᠤᠯᠵᠢᠯᠠᠵᠤ᠂ ᠤᠯᠠᠨ ᠭᠤᠣᠯᠳᠠᠯᠭ᠎ᠠ ᠲᠠᠢ ᠰᠡᠵᠢᠭᠳᠡᠨ ᠢ ᠳᠠᠷᠠᠭᠠᠯᠠᠨ ᠪᠠᠶᠢᠴᠠᠭᠠᠨ ᠬᠠᠷᠭᠤᠭᠤᠯᠵᠤ᠂ ᠭᠤᠣᠯᠳᠠᠯᠭ᠎ᠠ ᠲᠠᠢ ᠬᠠᠷᠠᠯᠲᠠ ᠶᠢ ᠲᠣᠭᠲᠠᠭᠠᠭᠰᠠᠨ ᠤ ᠳᠠᠷᠠᠭ᠎ᠠ᠂ ᠶᠡᠭᠡ ᠬᠡᠮᠵᠢᠶᠡᠨ ᠤ ᠲᠤᠭ᠎ᠠ ᠪᠠᠷᠢᠮᠲᠠ ᠶᠢ ᠰᠤᠳᠤᠯᠤᠨ ᠮᠠᠭᠠᠳᠯᠠᠬᠤ ᠪᠠᠷ ᠳᠠᠮᠵᠢᠨ᠂ ᠡᠴᠦᠰ ᠲᠡᠭᠡᠨ ᠶᠠᠯ᠎ᠠ ᠬᠢᠭᠰᠡᠨ ᠰᠡᠵᠢᠭᠳᠡᠨ ᠤ ᠦᠨᠡᠨ ᠪᠡᠶ᠎ᠡ ᠶᠢᠨ ᠭᠠᠷᠤᠯ ᠢ ᠡᠵᠡᠮᠰᠢᠵᠦ᠂ ᠲᠦᠷᠪᠡᠨ ᠰᠠᠷ᠎ᠠ ᠶᠢᠨ ᠬᠤᠭᠤᠴᠠᠭ᠎ᠠ ᠶᠢ ᠥᠩᠭᠡᠷᠡᠭᠡᠭᠡᠳ᠂ ᠲᠠᠪᠤᠨ ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠪᠠ᠃ ᠲᠤᠰ ᠬᠡᠷᠡᠭ ᠢ ᠠᠮᠵᠢᠯᠲᠠ ᠲᠠᠢ ᠪᠠᠷ ᠳᠡᠩᠨᠡᠨ ᠢᠯᠡᠷᠡᠭᠦᠯᠦᠭᠰᠡᠨ ᠢᠶᠠᠷ ᠨᠡᠶᠢᠭᠡᠮ ᠤᠨ ᠨᠥᠯᠥᠭᠡ ᠶᠢ ᠴᠠᠭ ᠲᠤᠬᠠᠶ ᠳᠤᠨᠢ ᠠᠷᠢᠯᠭᠠᠵᠤ᠂ ᠶᠠᠯᠠᠲᠤ ᠡᠲᠡᠭᠡᠳ ᠤᠨ ᠭᠠᠯᠵᠠᠭᠤ ᠣᠮᠤᠭ ᠰᠦᠷ ᠲᠤ ᠬᠦᠴᠦᠲᠡᠶ ᠴᠣᠬᠢᠯᠲᠠ ᠥᠭᠴᠦ᠂ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠭᠰᠠᠨ ᠪᠠᠶᠢᠨ᠎ᠠ᠃    2022 ᠣᠨ ᠤ 6 ᠰᠠᠷ᠎ᠠ ᠶᠢᠨ 13 ᠤ ᠡᠳᠦᠷ᠂ ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠬᠢᠵᠢᠭ ᠤᠨ ᠪᠠᠶᠢᠳᠠᠯ ᠭᠡᠨᠡᠳᠲᠡ ᠡᠭᠦᠰᠴᠦ᠂ ᠮᠠᠨ ᠤ ᠰᠢᠶᠠᠨ ᠤ ᠳᠣᠲᠣᠭᠠᠳᠤ ᠶᠢ ᠬᠠᠮᠠᠭᠠᠯᠠᠬᠤ ᠬᠦᠴᠦᠨ ᠤ ᠳᠡᠮᠵᠢᠯᠭᠡ ᠶᠢ ᠤᠯᠬᠤ ᠴᠢᠬᠤᠯᠠᠲᠠᠶ ᠪᠣᠯᠪᠠ᠂ ᠡᠨᠡ ᠬᠦ ᠪᠠᠴᠢᠮ ᠲᠦᠭᠰᠢᠭᠦᠷᠢᠲᠡᠶ ᠦᠶ᠎ᠡ ᠳᠤ ᠯᠢᠶᠠᠨ ᠵᠢᠶᠠᠨ ᠮᠢᠨ ᠢᠳᠡᠪᠬᠢᠲᠡᠶ ᠪᠠᠷ ᠨᠡᠷ᠎ᠡ ᠮᠡᠳᠡᠭᠦᠯᠵᠦ᠂ ᠡᠮᠦᠨ᠎ᠡ ᠨᠢ ᠭᠠᠪᠰᠢᠭᠠᠶᠢᠯᠠᠨ ᠳᠠᠭᠠᠷᠢᠵᠤ᠂ ᠲᠡᠶᠢᠨ ᠳᠤ ᠣᠷᠣᠯᠴᠠᠬᠤ ᠲᠥᠪ ᠴᠢᠩᠭ᠎ᠠ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠭᠰᠠᠨ ᠪᠥᠭᠡᠳ ᠠᠩᠭᠢ ᠳᠠᠭᠠᠭᠤᠯᠤᠨ ᠰᠢᠩ ᠾᠧ ᠰᠢᠶᠠᠨ ᠳᠤ ᠬᠦᠷᠴᠦ ᠬᠢᠵᠢᠭ ᠤᠨ ᠪᠠᠶᠢᠳᠠᠯ ᠢ ᠡᠰᠡᠷᠭᠦᠴᠡᠪᠡ᠃ ᠨᠢᠭᠡᠨ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠯᠢᠶᠠᠨ ᠵᠢᠶᠠᠨ ᠮᠢᠨ ᠲᠡᠷᠡ ᠳᠠᠷᠤᠢ ᠳᠤᠨᠢ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠡᠷᠡᠰ ᠰᠢᠭᠤᠷᠬᠠᠢ ᠪᠠᠷ ᠰᠥᠷᠭᠡᠦ ᠴᠢᠭᠯᠡᠯ ᠢᠶᠠᠷ ᠤᠷᠤᠭᠰᠢᠯᠠᠵᠤ᠂ ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ  ᠲᠤᠪᠴᠢᠶ᠎ᠠ ᠶᠢᠨ ᠰᠢᠩ ᠡᡁᠧ ᠰᠢᠶᠠᠨ ᠤ ᠬᠢᠵᠢᠭ ᠤᠨ ᠪᠠᠶᠢᠳᠠᠯ ᠢ ᠡᠰᠡᠷᠭᠦᠴᠡᠬᠦ ᠠᠩᠬᠠᠨ ᠤ ᠪᠦᠯᠦᠭ ᠤᠨ ᠡᠩᠨᠡᠭᠡ ᠶᠢᠨ ᠨᠢᠭᠡ ᠭᠡᠰᠢᠭᠦᠨ ᠪᠣᠯᠵᠠᠢ᠃ ᠠᠵᠢᠯᠯᠠᠬᠤ ᠭᠠᠵᠠᠷ ᠲᠠᠭᠠᠨ ᠬᠦᠷᠦᠭᠰᠡᠨ ᠤ ᠳᠠᠷᠠᠭ᠎ᠠ᠂ ᠯᠢᠶᠠᠨ ᠵᠢᠶᠠᠨ ᠮᠢᠨ ᠮᠠᠰᠢ ᠲᠦᠷᠭᠡᠨ ᠢᠶᠠᠷ ᠪᠠᠴᠢᠮ ᠶᠠᠭᠠᠷᠠᠯᠲᠠᠢ ᠬᠢᠨᠠᠨ ᠪᠠᠶᠢᠴᠠᠭᠠᠬᠤ ᠠᠵᠢᠯ ᠳᠤ ᠣᠷᠣᠯᠴᠠᠪᠠ᠂ ᠲᠡᠷᠡ ᠡᠷᠲᠡ ᠨᠢᠭᠡ ᠮᠢᠨᠦ᠋ᠲ ᠤᠨ ᠡᠮᠦᠨ᠎ᠡ ᠣᠯᠵᠤ ᠮᠡᠳᠡᠪᠡᠯ᠂ ᠠᠷᠠᠳ ᠤᠯᠠᠨ ᠤ ᠠᠶᠤᠯ ᠲᠦᠭᠰᠢᠭᠦᠷᠢ ᠨᠢᠭᠡ ᠬᠤᠪᠢ ᠳᠤᠲᠠᠭᠤ ᠪᠣᠯᠬᠤ ᠶᠢ ᠭᠦᠨᠵᠡᠭᠡᠢ ᠣᠶᠢᠯᠠᠭᠠᠪᠠ᠃ ᠲᠡᠷᠡ ᠥᠩᠭᠡᠷᠡᠭᠰᠡᠨ ᠤ ᠠᠵᠢᠯ ᠤᠨ ᠲᠤᠷᠰᠢᠯᠭ᠎ᠠ ᠪᠠᠨ ᠦᠨᠳᠦᠰᠦᠯᠡᠨ᠂ ᠨᠠᠷᠢᠨ ᠬᠢᠨᠠᠮᠠᠭᠠᠶ ᠲᠡᠮᠳᠡᠭᠯᠡᠯ ᠬᠢᠵᠦ᠂ ᠬᠤᠯᠪᠣᠭᠳᠠᠯ ᠪᠥᠬᠦᠶ ᠡᠬᠡ ᠲᠠᠩᠰᠠ᠂ ᠬᠠᠷᠢᠴᠠᠭᠠᠨ ᠤ ᠵᠢᠷᠤᠭ ᠬᠦᠰᠦᠨᠦᠭᠲᠦ ᠵᠡᠷᠭᠡ ᠶᠢ ᠪᠠᠶᠢᠭᠤᠯᠵᠤ᠂ ᠬᠢᠨᠠᠨ ᠪᠠᠶᠢᠴᠠᠭᠠᠭᠴᠢ ᠳᠤ ᠠᠵᠢᠯ ᠤᠨ ᠴᠢᠭᠯᠡᠯ ᠢ ᠬᠠᠩᠭᠠᠭᠰᠠᠨ ᠪᠠᠶᠢᠨ᠎ᠠ᠃ ᠡᠭᠦᠨ ᠤ ᠵᠡᠷᠭᠡ ᠳᠤ᠂ ᠲᠡᠷᠡ ᠪᠠᠰᠠ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠬᠢᠨᠠᠨ ᠬᠠᠷᠭᠤᠭᠤᠯᠬᠤ ᠠᠵᠢᠯ ᠳᠤ ᠣᠷᠣᠯᠴᠠᠵᠤ᠂ ᠠᠯᠢ ᠨᠢᠭᠡᠨ ᠰᠦᠪᠡᠭᠴᠢ ᠶᠢ ᠴᠦ ᠣᠷᠬᠢᠭᠳᠠᠭᠤᠯᠬᠤ ᠦᠭᠡᠶ᠂ ᠠᠯᠢ ᠨᠢᠭᠡᠨ ᠬᠥᠮᠦᠨ ᠢ ᠴᠦ ᠣᠷᠬᠢᠭᠳᠠᠭᠤᠯᠬᠤ ᠦᠭᠡᠶ ᠭᠡᠵᠡᠶ        ᠬᠠᠮᠲᠤ ᠠᠵᠢᠯᠯᠠᠭᠴᠢ ᠹᠦ᠋ ᠱᠧᠩ ᠰᠤᠷᠪᠤᠯᠵᠢᠯᠠᠭᠴᠢ ᠳᠤ᠄ ︽ᠮᠠᠨ ᠤ ᠰᠤᠮᠤᠨ ᠠᠩᠭᠢ ᠶᠢᠨ ᠳᠠᠷᠤᠭ᠎ᠠ ᠡᠩ ᠤᠨ ᠦᠶ᠎ᠡ ᠳᠤ ᠠᠵᠢᠯ ᠤᠨ ᠳᠤᠮᠳᠠ ᠪᠠᠨ ᠬᠢᠴᠢᠶᠡᠨ ᠴᠢᠷᠮᠠᠶᠢᠵᠤ᠂ ᠵᠣᠪᠠᠭᠤᠷᠢ ᠵᠦᠳᠡᠭᠦᠷᠢ ᠶᠢ ᠬᠦᠯᠢᠴᠡᠨ ᠲᠡᠰᠪᠦᠷᠢᠯᠡᠵᠦ᠂ ᠴᠡᠷᠢᠭ ᠠᠩᠭᠢ ᠶᠢᠨ ᠰᠢᠯᠢᠳᠡᠭ ᠰᠤᠷᠲᠠᠯ ᠢ ᠪᠠᠳᠠᠷᠠᠭᠤᠯᠵᠤ ᠪᠠᠶᠢᠳᠠᠭ᠂ ᠡᠨᠡ ᠪᠣᠯ ᠪᠢᠳᠡᠨ ᠤ ᠰᠤᠷᠤᠯᠴᠠᠬᠤ ᠳᠠᠭᠤᠷᠢᠶᠠᠯ ᠮᠥᠨ︾ ᠭᠡᠵᠡᠶ᠃    ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠢᠶᠠᠨ ᠯᠢᠶᠠᠨ ᠵᠢᠶᠠᠨ ᠮᠢᠨ ᠨᠠᠮ ᠪᠣᠯᠤᠨ ᠳᠣᠲᠣᠭᠠᠳᠤ ᠶᠢ ᠬᠠᠮᠠᠭᠠᠯᠠᠬᠤ ᠦᠢᠯᠡᠰ ᠲᠤ ᠦᠨᠡᠨᠴᠢ ᠰᠢᠳᠤᠷᠭᠤ᠂ ᠲᠤᠬᠠᠶᠢᠯᠠᠭᠰᠠᠨ ᠠᠵᠢᠯ ᠳᠠᠭᠠᠨ ᠬᠠᠶᠢᠷ᠎ᠠ ᠰᠡᠳᠬᠢᠯᠭᠡ ᠪᠠᠨ ᠪᠦᠷ ᠥᠪᠡᠷ ᠤᠨ ᠡᠳᠦᠷ ᠳᠤᠳᠤᠮ ᠤᠨ ᠠᠵᠢᠯ ᠳᠠᠭᠠᠨ ᠠᠭᠤᠰᠬᠠᠪᠠ᠃ ᠳᠣᠲᠣᠭᠠᠳᠤ ᠶᠢ ᠬᠠᠮᠠᠭᠠᠯᠠᠬᠤ ᠠᠵᠢᠯ ᠳᠤ ᠲᠤᠯᠭᠠᠷᠠᠵᠤ ᠪᠠᠶᠢᠭ᠎ᠠ ᠨᠡᠶᠢᠭᠡᠮ ᠤᠨ ᠠᠮᠤᠷ ᠲᠦᠪᠰᠢᠨ ᠤ ᠣᠷᠴᠢᠨ ᠲᠣᠭᠤᠷᠢᠨ ᠪᠤᠳᠤᠯᠢᠶᠠᠨᠲᠠᠶ᠂ ᠡᠷᠡᠭᠦᠦ ᠶᠢᠨ ᠬᠡᠷᠡᠭ ᠤᠨ ᠲᠥᠷᠥᠯ ᠵᠦᠢᠯ ᠮᠠᠰᠢ ᠣᠯᠠᠨ᠂ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠪᠦᠬᠦ ᠲᠠᠯ᠎ᠠ ᠪᠠᠷ ᠲᠡᠷᠡ ᠰᠤᠯᠠ ᠰᠡᠯᠡᠭᠦᠦ ᠴᠠᠭ ᠢᠶᠠᠷ ᠢᠶᠠᠨ ᠠᠵᠢᠯ ᠤᠨ ᠴᠢᠯᠥᠭᠡ ᠪᠠᠷ ᠢᠶᠠᠨ ᠬᠡᠷᠡᠭ ᠤᠨ ᠵᠢᠱᠢᠶ᠎ᠡ ᠪᠠ ᠲᠤᠰᠬᠠᠶ ᠮᠡᠷᠭᠡᠵᠢᠯ ᠤᠨ ᠨᠣᠮ ᠪᠢᠴᠢᠭ ᠢ ᠲᠠᠬᠢᠨ ᠳᠠᠪᠲᠠᠨ ᠰᠤᠳᠤᠯᠤᠨ ᠤᠩᠰᠢᠵᠤ᠂ ᠥᠪᠡᠷ ᠢ ᠪᠠᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠬᠠᠮ ᠴᠢᠳᠠᠪᠤᠷᠢᠲᠠᠨ ᠪᠣᠯᠭᠠᠨ ᠱᠤᠭᠤᠵᠤ᠂ ᠤᠷᠢᠳ ᠬᠤᠵᠢᠳ ︽ᠸᠠᠩ ᠣᠪᠣᠭᠲᠤ ᠶᠢᠨ ᠵᠣᠷᠢᠭᠤᠳᠠ ᠬᠥᠮᠦᠨ ᠠᠯᠠᠭᠰᠠᠨ ᠬᠡᠷᠡᠭ︾᠂ ︽ᠯᠢᠦ ᠣᠪᠣᠭᠲᠤ᠂ ᠸᠠᠩ ᠣᠪᠣᠭᠲᠤ ᠵᠡᠷᠭᠡ ᠬᠥᠮᠦᠰ ᠤᠨ ᠬᠦᠴᠦᠳᠡᠯ ᠥᠭᠡᠷᠡᠴᠢᠯᠡᠭᠴᠢ ᠶᠢ ᠬᠤᠯᠠᠭᠠᠶᠢᠯᠠᠭᠰᠠᠨ ᠰᠢᠷᠢᠰ ᠬᠡᠷᠡᠭ︾ ᠵᠡᠷᠭᠡ ᠨᠡᠶᠢᠭᠡᠮ ᠤᠨ ᠨᠥᠯᠥᠭᠡ ᠪᠠᠷ ᠮᠠᠭᠤ 20 ᠭᠠᠷᠤᠶ ᠲᠤᠮᠤ ᠴᠢᠬᠤᠯᠠ ᠬᠡᠷᠡᠭ ᠢ ᠡᠷᠬᠢᠯᠡᠨ  ᠰᠢᠢᠳᠪᠤᠷᠢᠯᠡᠵᠦ᠂ ᠬᠡᠷᠡᠭ ᠲᠤ ᠬᠤᠯᠪᠣᠭᠳᠠᠭᠰᠠᠨ 30 ᠭᠠᠷᠤᠶ ᠬᠥᠮᠦᠨ ᠢ ᠪᠠᠷᠢᠪᠴᠢᠯᠠᠵᠤ᠂ ᠨᠢᠭᠡ ᠪᠦᠯᠦᠭ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠪᠠ᠃      ᠨᠡᠷᠡᠨ ᠤ ᠭᠡᠷᠡᠯ ᠳᠤᠸᠠᠯᠠᠵᠤ ᠪᠠᠶᠢᠭ᠎ᠠ ᠨᠢ ᠲᠡᠭᠦᠨ ᠤ ᠥᠩᠭᠡ ᠭᠡᠷᠡᠯ ᠢ ᠰᠣᠩᠭᠤᠭᠰᠠᠨ ᠠᠴᠠ ᠪᠣᠯᠤᠭᠰᠠᠨ ᠶᠤᠮ ᡽ ᠳᠠᠯᠠᠢ ᠶᠢᠨ ᠤᠰᠤ ᠨᠡᠯᠦᠭᠡᠷ ᠶᠡᠭᠡ  ᠪᠠᠶᠢᠳᠠᠭ ᠨᠢ ᠲᠡᠭᠦᠨ ᠤ ᠭᠤᠶᠠᠴᠢ ᠦᠭᠡᠢ ᠰᠣᠩᠭᠤᠯᠲᠠ ᠬᠢᠭᠰᠡᠨ ᠠᠴᠠ ᠪᠣᠯᠤᠭᠰᠠᠨ ᠶᠤᠮ᠃ ᠯᠢᠶᠠᠨ ᠵᠢᠶᠠᠨ ᠮᠢᠨ ᠳᠣᠲᠣᠭᠠᠳᠤ ᠶᠢ ᠬᠠᠮᠠᠭᠠᠯᠠᠬᠤ ᠡᠷᠡᠭᠦᠦ ᠶᠢᠨ ᠴᠠᠭᠳᠠᠭ᠎ᠠ ᠶᠢᠨ ᠡᠨᠡᠬᠦ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠢᠭᠡ ᠡᠪ ᠬᠠᠮᠲᠤ ᠨᠠᠮ ᠤᠨ ᠭᠡᠰᠢᠭᠦᠨ᠂ ᠨᠢᠭᠡ ᠴᠡᠷᠢᠭ ᠠᠴᠠ ᠬᠠᠯᠠᠭᠳᠠᠭᠰᠠᠳ᠂ ᠨᠢᠭᠡ ᠠᠷᠠᠳ ᠤᠨ ᠴᠠᠭᠳᠠᠭ᠎ᠠ ᠶᠢᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠲᠠᠶᠢᠯᠪᠤᠷᠢᠯᠠᠪᠠ᠃    ᠯᠢᠶᠠᠨ ᠵᠢᠶᠠᠨ ᠮᠢᠨ᠄ ︽ᠴᠠᠭᠳᠠᠭ᠎ᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠠᠷᠠᠳ ᠢᠷᠭᠡᠳ ᠤᠨ ᠠᠮᠤᠷ ᠲᠦᠪᠰᠢᠨ ᠢ ᠬᠠᠮᠠᠭᠠᠯᠠᠬᠤ ᠪᠠᠷ ᠡᠭᠦᠷᠭᠡ ᠪᠠᠨ ᠪᠣᠯᠭᠠᠵᠤ᠂ ᠤᠯᠠᠨ ᠲᠦᠮᠡᠨ ᠤ ᠰᠡᠳᠬᠢᠯ ᠬᠠᠨᠤᠮᠵᠢᠲᠠᠢ ᠢᠨᠢᠶᠡᠮᠰᠦᠭᠯᠡᠯ ᠵᠢᠴᠢ ᠲᠡᠳᠡᠨ ᠤ ᠠᠷᠠᠳ ᠤᠨ ᠴᠠᠭᠳᠠᠭ᠎ᠠ ᠶᠢ ᠢᠲᠡᠭᠡᠬᠦ ᠨᠢ ᠮᠢᠨᠦ ᠲᠠᠰᠤᠷᠠᠯᠲᠠ ᠦᠭᠡᠢ ᠤᠷᠤᠭᠰᠢᠯᠠᠬᠤ ᠶᠢᠨ ᠬᠥᠳᠡᠯᠭᠡᠬᠦ ᠬᠦᠴᠦᠨ ᠪᠣᠯᠤᠨ᠎ᠠ᠂ ᠤᠯᠠᠨ ᠲᠦᠮᠡᠨ ᠤ ᠲᠥᠯᠥᠭᠡ ᠤᠴᠢᠷ ᠶᠠᠪᠤᠳᠠᠯ ᠪᠦᠲᠦᠭᠡᠵᠦ᠂ ᠤᠯᠠᠨ ᠲᠦᠮᠡᠨ ᠤ ᠲᠥᠯᠥᠭᠡ ᠬᠡᠷᠡᠭ ᠢ ᠢᠯᠡᠷᠡᠭᠦᠯᠬᠦ ᠳᠤ ᠠᠯᠢᠪᠠ ᠪᠦᠬᠦᠨ ᠴᠥᠮ ᠦᠨ᠎ᠡ ᠦᠷᠲᠡᠭ ᠲᠠᠢ ᠶᠤᠮ︾ ᠭᠡᠵᠦ ᠬᠡᠯᠡᠪᠡ᠃                                      ᠨᠠᠶᠢᠷᠠᠭᠤᠯᠤᠭᠴᠢ᠄   ᠶᠠᠩ  ᠿᠦᠢ ᠵᠧᠨ                                       ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2