ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠬᠢᠵᠢᠭ ᠤᠨ ᠪᠠᠶᠢᠳᠠᠯ ᠢ ᠰᠡᠷᠭᠡᠶᠢᠯᠡᠨ‌ᠡᠵᠡᠮᠳᠡᠬᠦ ᠪᠠᠶᠢᠩᠭᠤ ᠶᠢᠨ ᠠᠵᠢᠯ ᠤᠨ ᠬᠤᠷᠠᠯ ᠢ ᠡᠷᠭᠢᠯᠠᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/30
   10 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢᠦ ᠶᠢᠨ ᠲᠤᠤ ᠮᠠᠨ ᠤ ᠰᠢᠶᠠᠨ ᠤ ᠪᠠᠶᠢᠩᠭᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠪᠠ ᠴᠢ ᠹᠸᠢ ᠶᠦᠨ ᠬᠤᠲᠠ ᠶᠢᠨ ᠳᠠᠷᠤᠭ᠎ᠠ ᠣᠶᠢᠷ᠎ᠠ ᠳᠤ ᠮᠠᠨ ᠤ ᠰᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠰᠢᠶᠠᠨ ᠤ ᠣᠶᠢᠷ᠎ᠠ ᠶᠢᠨ ᠬᠤᠭᠤᠴᠠᠭᠠᠨ ᠤ ᠪᠠᠶᠢᠩᠭᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠪᠣᠯᠤᠨ ᠪᠤᠰᠤᠳ ᠰᠢᠶᠠᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠯᠢᠦ ᠶᠢᠨ ᠲᠤᠤ ᠴᠢᠬᠤᠯᠠᠴᠢᠯᠠᠭᠰᠠᠨ ᠨᠢ    ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠮᠠᠨ ᠤ ᠰᠢᠶᠠᠨ ᠤ ᠬᠠᠷᠢᠶ᠎ᠠ ᠲᠠᠢ ᠬᠥᠬᠡᠬᠤᠲᠠ ᠳᠤ ᠪᠠᠶᠢᠭ᠎ᠠ ᠰᠣᠷᠣᠭᠴᠢ ᠶᠢᠨ ᠨᠤᠲᠤᠭ ᠲᠠᠭᠠᠨ ᠪᠤᠴᠠᠭᠰᠠᠨ ᠰᠣᠷᠣᠭᠴᠢ ᠶᠢ ᠡᠮᠬᠢ ᠵᠢᠷᠤᠮ ᠲᠠᠢ ᠪᠠᠷ  ᠰᠢᠯᠵᠢᠭᠦᠯᠦᠨ ᠭᠥᠯᠢᠶᠡᠨ ᠠᠪᠬᠤ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠶᠢ ᠦᠨᠡᠨᠬᠦ ᠪᠠᠲᠤᠯᠠᠬᠤ ᠬᠡᠷᠡᠭᠲᠡᠶ᠃ ᠵᠠᠮ ᠬᠠᠷᠢᠯᠴᠠᠭ᠎ᠠ᠂ ᠡᠷᠡᠭᠦᠯ ᠬᠠᠮᠠᠭᠠᠯᠠᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠡᠷᠭᠡ ᠬᠥᠰᠬᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ ᠤ ᠪᠣᠭᠤᠮᠲᠠ ᠶᠢ ᠰᠠᠶᠢᠲᠤᠷ ᠠᠳᠬᠤᠵᠤ᠂ ᠳᠠᠮᠵᠢᠭᠤᠯᠤᠨ ᠲᠡᠭᠡᠭᠡᠪᠦᠷᠢᠯᠡᠬᠦ ᠲᠡᠷᠭᠡ ᠬᠥᠰᠬᠡ ᠶᠢ ᠤᠰᠠᠳᠬᠠᠬᠤ ᠪᠠ ᠪᠤᠴᠠᠵᠤ ᠢᠷᠡᠭᠰᠡᠨ ᠰᠣᠷᠣᠭᠴᠢ᠂ ᠵᠢᠯᠣᠭᠤᠴᠢ ᠲᠡᠷᠭᠡᠨ ᠤ ᠰᠢᠯᠵᠢᠭᠦᠯᠦᠨ ᠲᠡᠭᠡᠭᠡᠪᠦᠷᠢᠯᠡᠬᠦ ᠠᠵᠢᠯᠲᠠᠨ ᠤ ᠬᠤᠪᠢ ᠬᠥᠮᠦᠨ ᠤ ᠬᠠᠮᠠᠭᠠᠯᠠᠯᠲᠠ ᠶᠢ ᠦᠨᠡᠨᠬᠦ ᠰᠠᠶᠢᠲᠤᠷ ᠬᠢᠬᠦ ᠬᠡᠷᠡᠭᠲᠡᠶ᠃ ᠨᠤᠲᠤᠭ ᠲᠠᠭᠠᠨ ᠪᠤᠴᠠᠭᠰᠠᠨ ᠰᠤᠷᠤᠭᠴᠢᠳ ᠤᠨ ᠢᠳᠡᠭᠡᠨ ᠤᠮᠳᠠᠭᠠᠨ ᠵᠡᠷᠭᠡ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢᠴᠢ  ᠤᠨᠴᠠᠭᠠᠢ ᠪᠠᠶᠢᠳᠠᠯ ᠳᠣᠤᠷᠠᠬᠢ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠬᠦ ᠶᠢ ᠰᠠᠶᠢᠲᠤᠷ ᠬᠢᠵᠦ᠂ ᠲᠡᠳᠡᠨ ᠳᠤ ᠨᠤᠲᠤᠭ ᠲᠠᠭᠠᠨ ᠪᠤᠴᠠᠭᠰᠠᠨ ᠰᠠᠶᠢᠨ ᠰᠠᠶᠢᠬᠠᠨ ᠣᠷᠴᠢᠨ ᠲᠣᠭᠤᠷᠢᠨ ᠢ ᠦᠨᠡᠨᠬᠦ ᠪᠣᠶ ᠪᠣᠯᠭᠠᠵᠤ ᠥᠭᠬᠦ ᠬᠡᠷᠡᠭᠲᠡᠶ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂  ᠳᠥᠷᠪᠡᠯᠵᠢᠨ ᠥᠷᠥᠭᠡ ᠶᠢᠨ ᠡᠮᠨᠡᠯᠭᠡ ᠶᠢᠨ ᠬᠤᠷᠢᠶ᠎ᠠ᠂ ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠵᠢᠴᠢ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠵᠡᠷᠭᠡ ᠤᠨᠴᠠᠭᠠᠢ  ᠬᠡᠰᠡᠭ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠪᠠᠲᠤᠯᠠᠭ᠎ᠠ ᠳᠤ ᠣᠷᠣᠯᠴᠠᠭᠰᠠᠨ ᠪᠣᠶ ᠪᠥᠬᠦᠶ ᠠᠵᠢᠯᠲᠠᠳ ᠡᠷᠬᠡᠪᠰᠢ ᠤᠳᠠᠭ᠎ᠠ ᠳᠠᠷᠠᠭ᠎ᠠ ᠪᠠᠷ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠰᠠᠶᠢᠲᠤᠷ ᠬᠢᠬᠦ ᠬᠡᠷᠡᠭᠲᠡᠶ ᠭᠡᠪᠡ᠃    ᠬᠤᠷᠠᠯ ᠠᠴᠠ ᠪᠠᠰᠠ ᠤᠢᠢᠷ᠎ᠠ ᠶᠢᠨ ᠬᠤᠭᠤᠴᠠᠭᠠᠨ ᠤ ᠪᠤᠰᠤᠳ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠠᠢ᠃                                        ᠨᠠᠶᠢᠷᠠᠭᠤᠯᠤᠭᠴᠢ᠄  ᠯᠢ ᠬᠤᠩ ᠢᠦᠢ                                          ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2