ᠮᠠᠨ ᠤ ᠰᠢᠶᠠᠨ ᠵᠠᠯᠠᠭᠤᠴᠤᠳ ᠤᠨ ᠲᠥᠯᠥᠭᠡᠯᠡᠭᠴᠢᠳ ᠤᠨ ᠵᠠᠯᠠᠭᠤ ᠨᠠᠰᠤᠨ ᠤ ᠦᠯᠢᠭᠡᠷ ᠢ ᠬᠤᠪᠢᠶᠠᠯᠴᠠᠨ ᠡᠳ᠋ᠯᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/10/5
   ᠤᠢᠢᠷ᠎ᠠ ᠶᠢᠨ ᠡᠳᠦᠷ᠂ ᠰᠢᠶᠠᠨ ᠤ ᠡᠪᠯᠡᠯ ᠤᠨ ᠬᠤᠷᠢᠶ᠎ᠠ ᠠᠴᠠ ᠮᠠᠨ ᠤ ᠰᠢᠶᠠᠨ ᠤ ᠡᠯ᠎ᠡ  ᠬᠦᠷᠢᠶ᠎ᠡ ᠡᠯ᠎ᠡ ᠠᠵᠢᠯ ᠲᠦᠷᠦᠯ ᠤᠨ ᠰᠢᠯᠢᠳᠡᠭ ᠵᠠᠯᠠᠭᠤᠴᠤᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠨᠠᠮ ᠢᠶᠠᠨ ᠡᠭᠦᠷᠢᠳᠡ ᠲᠠᠭᠠᠵᠦ᠂ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠶ᠎ᠠ︾ ᠭᠡᠬᠦ ᠵᠠᠯᠠᠭᠤ ᠨᠠᠰᠤᠨ ᠤ ᠦᠯᠢᠭᠡᠷ ᠢ ᠬᠤᠪᠢᠶᠠᠯᠴᠠᠨ ᠡᠳ᠋ᠯᠡᠬᠦ ᠠᠵᠢᠯᠯᠠᠭ᠎ᠠ ᠥᠷᠨᠢᠭᠦᠯᠵᠡᠢ᠃
         ᠠᠵᠢᠯᠯᠠᠭ᠎ᠠ ᠶᠢᠨ ᠳᠤᠮᠳᠠ᠂ ᠦᠨᠳᠦᠰᠦᠨ ᠱᠠᠲᠤᠨ ᠳᠤ ᠦᠨᠳᠦᠰᠦᠯᠡᠭᠰᠡᠨ ᠲᠣᠰᠬᠤᠨ ᠤ ᠨᠠᠮ ᠤᠨ ᠡᠭᠦᠷ ᠤᠨ ᠱᠦᠵᠢ᠂ ᠵᠣᠷᠢᠭᠲᠠᠢ ᠪᠠᠷ ᠰᠡᠳᠬᠢᠵᠦ ᠵᠣᠷᠢᠭᠲᠠᠢ ᠪᠠᠷ ᠲᠡᠮᠡᠴᠡᠳᠡᠭ ᠵᠠᠯᠠᠭᠤ ᠦᠢᠯᠡᠰ ᠪᠣᠰᠬᠠᠭᠴᠢ᠂ ᠰᠦᠭ ᠰᠦᠨᠡᠰᠦ ᠶᠢ ᠱᠤᠭᠤᠵᠤ ᠬᠥᠮᠦᠨ ᠢ ᠬᠥᠮᠦᠵᠢᠭᠦᠯᠳᠡᠭ ᠠᠷᠠᠳ ᠤᠨ ᠪᠠᠭᠰᠢ᠂ ᠬᠢᠵᠢᠭ ᠤᠨ ᠪᠠᠶᠢᠳᠠᠯ ᠢ ᠰᠥᠷᠴᠦ ᠶᠠᠪᠤᠳᠠᠭ ᠴᠠᠭᠠᠨ ᠬᠤᠪᠴᠠᠰᠤᠲᠤ ᠠᠨᠴᠢᠯ᠂ ᠬᠦᠨᠳᠦ ᠡᠭᠦᠷᠭᠡ ᠶᠢ ᠡᠭᠦᠷᠭᠡᠯᠡᠵᠦ ᠤᠷᠤᠭᠰᠢᠯᠠᠳᠠᠭ ᠠᠷᠠᠳ ᠤᠨ ᠴᠠᠭᠳᠠᠭ᠎ᠠ ᠵᠡᠷᠭᠡ 10 ᠭᠠᠷᠤᠢ ᠵᠠᠯᠠᠭᠤ ᠲᠥᠯᠥᠭᠡᠯᠡᠭᠴᠢ ᠲᠤᠰ ᠲᠤᠰ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠡᠳᠡᠨ ᠤ ᠵᠠᠯᠠᠭᠤ ᠨᠠᠰᠤᠨ ᠤ ᠲᠡᠮᠡᠴᠡᠯ ᠤᠨ ᠦᠯᠢᠭᠡᠷ ᠢᠶᠠᠨ ᠬᠤᠪᠢᠶᠠᠯᠴᠠᠪᠠ᠃ ᠲᠡᠳᠡ ᠪᠣᠯ ᠴᠥᠮ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠬᠠᠮᠤᠭ ᠤᠨ ᠡᠭᠡᠯ ᠵᠢᠷ ᠤᠨ ᠵᠠᠯᠠᠭᠤᠴᠤᠳ ᠮᠥᠨ᠂ ᠭᠡᠪᠡᠴᠦ ᠲᠡᠳᠡ ᠥᠪᠡᠷ ᠤᠨ ᠠᠮᠢᠳᠤᠷᠠᠯ ᠢᠶᠠᠨ ᠬᠠᠶᠢᠷᠠᠯᠠᠵᠤ᠂ ᠥᠪᠡᠷ ᠤᠨ ᠠᠵᠢᠯ ᠦᠢᠯᠡᠰ ᠢᠶᠠᠨ ᠨᠠᠨᠳᠢᠩᠨᠠᠵᠤ᠂ ᠥᠪᠡᠷ ᠤᠨ ᠬᠦᠰᠡᠯ ᠵᠡᠭᠦᠳᠦ ᠪᠠᠨ ᠬᠥᠭᠡᠭᠡᠴᠡᠯᠳᠦᠵᠦ᠂ ᠲᠡᠳᠡᠨ ᠤ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ ᠪᠠᠶᠢᠳᠠᠭ᠃
 
   ᠡᠪᠯᠡᠯ ᠤᠨ ᠰᠢᠶᠠᠨ ᠤ ᠨᠠᠮ ᠤᠨ  ᠬᠤᠷᠢᠶ᠎ᠠ ᠠᠴᠠ ᠪᠦᠬᠦ ᠰᠢᠶᠠᠨ ᠤ ᠥᠷᠭᠡᠨ ᠤᠯᠠᠨ ᠵᠠᠯᠠᠭᠤᠴᠤᠳ ᠢ ᠲᠤᠰ ᠤᠳᠠᠭ᠎ᠠ ᠶᠢᠨ ᠬᠤᠷᠠᠯ ᠢ ᠬᠤᠪᠢᠶᠠᠯᠴᠠᠨ ᠡᠳ᠋ᠯᠡᠬᠦ ᠪᠠᠷ ᠠᠵᠠ ᠲᠣᠬᠢᠶᠠᠯ ᠪᠣᠯᠭᠠᠵᠤ᠂ ᠳᠡᠳᠡᠨ ᠢᠶᠠᠷ ᠳᠠᠭᠤᠷᠢᠶᠠᠯ ᠪᠣᠯᠭᠠᠵᠤ᠂ ᠳᠡᠳᠡᠨ ᠤ ᠠᠵᠢᠯ ᠤᠨ ᠪᠠᠶᠢᠷᠢ ᠪᠣᠯᠤᠨ ᠠᠵᠢᠯ ᠦᠢᠯᠡᠰ ᠢᠶᠠᠨ ᠨᠠᠨᠳᠢᠩᠨᠠᠨ ᠬᠠᠶᠢᠷᠠᠯᠠᠬᠤ᠂ ᠵᠠᠯᠠᠭᠤ ᠨᠠᠰᠤ ᠪᠣᠯᠤᠨ ᠬᠦᠰᠡᠯ ᠵᠡᠭᠦᠳᠦ ᠪᠠᠨ ᠪᠠᠷᠢᠮᠲᠠᠯᠠᠬᠤ ᠪᠠ ᠬᠥᠭᠡᠭᠡᠴᠡᠯᠳᠦᠬᠦ ᠶᠢ ᠰᠤᠷᠤᠯᠴᠠᠵᠤ᠂ ᠵᠣᠷᠢᠭᠲᠠᠢ ᠪᠠᠷ ᠬᠦᠰᠡᠯ ᠵᠡᠭᠦᠳᠦ ᠪᠠᠨ ᠬᠥᠭᠡᠭᠡᠴᠡᠯᠳᠦᠵᠦ᠂ ᠵᠣᠷᠢᠭᠲᠠᠢ ᠪᠠᠷ ᠬᠦᠰᠡᠯ ᠵᠡᠭᠦᠳᠦ ᠪᠠᠨ ᠲᠡᠷᠭᠡᠯᠰᠢᠭᠦᠯᠬᠦ ᠳᠡᠭᠡᠨ ᠴᠢᠳᠠᠮᠠᠭᠠᠢ ᠪᠠᠶᠢᠵᠤ᠂ ᠥᠪᠡᠷ ᠤᠨ ᠵᠠᠯᠠᠭᠤ ᠨᠠᠰᠤᠨ ᠤ ᠦᠯᠢᠭᠡᠷ ᠢᠶᠠᠨ ᠰᠠᠶᠢᠲᠤᠷ ᠪᠢᠴᠢᠬᠦ ᠬᠡᠷᠡᠭᠲᠡᠢ ᠭᠡᠵᠦ ᠤᠷᠢᠶᠠᠯᠠᠪᠠ᠃ ᠨᠡᠩ ᠤᠯᠠᠨ ᠨᠡᠩ ᠰᠠᠶᠢᠨ ᠰᠢᠯᠢᠳᠡᠭ ᠵᠠᠯᠠᠭᠤᠴᠤᠳ ᠤᠨ ᠲᠡᠷᠢᠭᠦᠨ ᠤ ᠦᠢᠯᠡ ᠠᠵᠢᠯᠯᠠᠭ᠎ᠠ ᠪᠠᠷ ᠵᠠᠯᠠᠭᠤᠴᠤᠳ ᠢ ᠤᠷᠢᠶᠠᠯᠠᠵᠤ᠂ ᠵᠠᠯᠠᠭᠤᠴᠤᠳ ᠢ ᠵᠣᠷᠢᠭᠵᠢᠭᠤᠯᠵᠤ᠂ ᠵᠠᠯᠠᠭᠤᠴᠤᠳ ᠢ ᠨᠢᠭᠲᠠᠷᠠᠭᠤᠯᠵᠤ᠂ ᠥᠷᠭᠡᠨ ᠤᠯᠠᠨ ᠡᠪᠯᠡᠯ ᠤᠨ ᠭᠡᠰᠢᠭᠦᠨ ᠵᠠᠯᠠᠭᠤᠴᠤᠳ ᠤᠨ ᠵᠣᠷᠢᠭᠲᠠᠢ ᠪᠠᠷ ᠦᠢᠯᠡᠳᠦᠯᠭᠡᠵᠢᠭᠦᠯᠬᠦ ᠳᠤᠮᠳᠠ ᠡᠷᠳᠡᠮ ᠴᠢᠳᠠᠪᠤᠷᠢ ᠪᠠᠨ ᠨᠡᠮᠡᠭᠳᠡᠭᠦᠯᠬᠦ᠂ ᠲᠡᠰᠪᠦᠷᠢ ᠬᠠᠲᠠᠭᠤᠵᠢᠯᠲᠠᠢ ᠲᠡᠮᠡᠴᠡᠬᠦ ᠳᠤᠮᠳᠠ ᠰᠥᠰᠥ ᠵᠣᠷᠢᠭ ᠵᠠᠩ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ᠂ ᠠᠷᠠᠳ ᠲᠦᠮᠡᠨ ᠳᠤ ᠦᠢᠯᠡᠴᠢᠯᠡᠬᠦ ᠳᠤᠮᠳᠠ ᠵᠠᠯᠠᠭᠤ ᠨᠠᠰᠤᠨ ᠤ ᠦᠨ᠎ᠡ ᠦᠷᠳᠡᠭ ᠢᠶᠠᠨ ᠪᠡᠶᠡᠯᠡᠭᠦᠯᠬᠦ ᠶᠢ ᠵᠣᠷᠢᠭᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃                                               ᠨᠠᠶᠢᠷᠠᠭᠤᠯᠤᠭᠴᠢ᠄    ᠶᠠᠩ  ᠿᠦᠢ ᠵᠧᠨ                                               ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2