ᠪᠦᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/10/5
   10 ᠰᠠᠷ᠎ᠠ ᠶᠢᠨ 4 ᠤ ᠡᠳᠦᠷ᠂ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠬᠤᠷᠠᠯ ᠡᠷᠭᠢᠯᠡᠪᠡ᠃ ᠬᠤᠷᠠᠯ ᠠᠴᠠ 10 ᠰᠠᠷ᠎ᠠ ᠶᠢᠨ 1 ᠤ ᠡᠳᠦᠷ ᠰᠦᠨ ᠱᠤᠤ ᠴᠧᠩ ᠱᠦᠵᠢ᠂ ᠸᠠᠩ ᠯᠢ ᠰᠢᠶᠠ ᠶᠢᠨ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ 10 ᠰᠠᠷ᠎ᠠ ᠶᠢᠨ 2 ᠤᠨ ᠡᠳᠦᠷ ᠰᠦᠢ ᠸᠧᠢ ᠵᠢᠶᠦ᠋ᠨ  ᠪᠦᠬᠦ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠢᠷᠠᠭᠤᠯᠭ᠎ᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃ ᠡᠳ᠋ ᠪᠣᠳᠠᠰ ᠤᠨ ᠪᠠᠲᠤᠯᠠᠭ᠎ᠠ᠂ ᠶᠡᠷᠦᠩᠬᠡᠶᠢᠯᠡᠨ ᠵᠣᠬᠢᠴᠠᠭᠤᠯᠬᠤ᠂ ᠭᠦᠢᠯᠭᠡᠭᠡᠨ ᠤ ᠪᠠᠶᠢᠳᠠᠯ ᠢ ᠮᠥᠷᠳᠡᠬᠦ᠂ ᠨᠡᠶᠢᠭᠡᠮ ᠤᠨ ᠬᠠᠮᠢᠶᠠᠷᠤᠯᠲᠠ ᠡᠵᠡᠮᠳᠡᠯ᠂ ᠵᠠᠮ ᠬᠠᠷᠢᠯᠴᠠᠭᠠᠨ ᠤ ᠪᠠᠲᠤᠯᠠᠭ᠎ᠠ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ᠂ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠶᠢ ᠬᠢᠨᠠᠨ ᠵᠢᠯᠣᠭᠤᠳᠬᠤ ᠵᠡᠷᠭᠡ ᠡᠯ᠎ᠡ ᠲᠤᠰᠬᠠᠶ ᠳᠤᠭᠤᠶᠢᠯᠠᠩ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ    ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠦᠨᠳᠦ ᠬᠡᠴᠡᠭᠦᠦ ᠴᠢᠨᠠᠷ ᠨᠠᠷᠢᠨ ᠪᠤᠳᠤᠯᠢᠶᠠᠨᠲᠤ ᠴᠢᠨᠠᠷ ᠢ ᠰᠡᠷᠭᠡᠭ ᠢᠶᠠᠷ ᠲᠠᠨᠢᠵᠤ᠂ ᠦᠷᠭᠦᠯᠵᠢᠯᠡᠨ ᠰᠢᠳᠦ ᠪᠠᠨ ᠵᠠᠭᠤᠵᠤ᠂ ᠴᠤᠭ ᠰᠦᠯᠳᠡ ᠪᠠᠨ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ ᠬᠡᠷᠡᠭᠲᠡᠢ᠃ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠢᠨ ᠲᠦᠷᠦᠭᠦᠯᠡᠨ ᠶᠡᠷᠦᠩᠬᠡᠶᠢᠯᠡᠨ ᠠᠳᠬᠤᠬᠤ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠥᠨᠳᠥᠷ ᠪᠦᠲᠦᠮᠵᠢᠲᠡᠶ ᠪᠠᠷ ᠲᠣᠬᠢᠷᠠᠭᠤᠯᠵᠤ᠂ ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠳᠡᠳ᠋ ᠶᠡᠷᠦᠩᠬᠡᠶ ᠵᠢᠯᠣᠭᠤᠳᠣᠭᠴᠢ ᠪᠣᠯᠤᠨ ᠲᠤᠰᠬᠠᠶ ᠠᠵᠢᠯ ᠤᠨ ᠳᠤᠭᠤᠶᠢᠯᠠᠩ ᠤᠳ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ᠂ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠵᠠᠷᠯᠢᠭ ᠵᠢᠭᠠᠪᠤᠷᠢ ᠶᠢ ᠡᠷᠡᠰ ᠳᠠᠭᠠᠵᠤ᠂ ᠲᠤᠬᠢᠷᠠᠭᠤᠯᠤᠯᠳᠠ ᠶᠢ ᠲᠠᠭᠠᠵᠤ᠂ ᠡᠯ᠎ᠡ ᠲᠠᠯ᠎ᠠ ᠶᠢᠨ ᠬᠢᠨ ᠤ ᠨᠢᠭᠲᠠ ᠵᠣᠯᠭᠠᠯᠴᠠᠬᠤ᠂ ᠬᠠᠷᠢᠯᠴᠠᠨ ᠬᠠᠮᠵᠢᠯᠴᠠᠬᠤ᠂ ᠠᠯᠬᠤᠮ ᠨᠢᠭᠡᠲᠡᠶ ᠠᠵᠢᠯ ᠢᠶᠠᠨ ᠥᠷᠨᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ᠂ ᠡᠷᠡᠰ᠂ ᠴᠢᠩᠭ᠎ᠠ ᠨᠠᠶᠢᠳᠠᠪᠤᠷᠢᠵᠢᠭᠤᠯᠵᠤ᠂ ᠣᠨᠴᠠᠭᠠᠶᠢᠯᠠᠨ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠣᠷᠣᠨ ᠪᠠᠶᠢᠷᠢ᠂ ᠭᠤᠣᠯᠳᠠᠯᠭ᠎ᠠ ᠲᠠᠢ ᠬᠥᠮᠦᠰ ᠤᠨ ᠡᠷᠴᠢᠮ ᠢ ᠡᠷᠬᠡᠪᠰᠢ ᠴᠢᠩᠭᠠᠷᠠᠭᠤᠯᠵᠤ᠂ ᠬᠤᠯᠪᠣᠭᠳᠠᠯ ᠪᠦᠬᠦᠢ ᠱᠠᠭᠠᠷᠳᠠᠯᠭ᠎ᠠ ᠪᠠ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠲᠡᠷᠭᠡᠨ ᠥᠷᠲᠡᠭᠡ᠂ ᠵᠣᠴᠢᠳ ᠤᠨ ᠪᠠᠭᠤᠳᠠᠯ᠂ ᠬᠤᠳᠠᠯᠳᠤᠭᠠᠨ ᠤ ᠬᠡᠲᠦ ᠳᠡᠯᠭᠡᠭᠦᠷ ᠵᠡᠷᠭᠡ ᠬᠥᠮᠦᠨ ᠣᠯᠠᠨ ᠴᠤᠭᠯᠠᠷᠠᠳᠠᠭ ᠲᠠᠯᠠᠪᠤᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠡᠯ᠎ᠡ  ᠵᠤᠶᠢᠯ ᠤᠨ ᠬᠡᠪᠰᠢᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠢᠯᠠᠩᠭᠤᠶ᠎ᠠ ᠰᠤᠷᠭᠠᠭᠤᠯᠢ ᠶᠢᠨ ᠬᠡᠪᠰᠢᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠶ᠃    ᠬᠤᠷᠠᠯ ᠤᠨ ᠱᠠᠭᠠᠷᠳᠠᠯᠭ᠎ᠠ    ᠡᠮ ᠤᠨ ᠳᠡᠯᠭᠡᠭᠦᠷ᠂ ᠡᠭᠦᠳᠡᠨ ᠡᠮᠨᠡᠯᠭᠡ ᠵᠡᠷᠭᠡ ᠶᠢᠨ ︽ᠬᠠᠷᠠᠭᠤᠯ ᠤᠨ ᠭᠠᠵᠠᠷ︾ ᠤᠨ  ᠤᠶᠢᠯᠡᠳᠤᠯ ᠢ ᠦᠨᠡᠨᠬᠦ ᠪᠠᠳᠠᠷᠠᠭᠤᠯᠵᠤ᠂ ᠳᠤᠯᠠᠭᠠᠨ ᠢ ᠬᠡᠮᠵᠢᠬᠦ᠂ ᠠᠶᠠᠯᠠᠯ ᠤᠨ ᠨᠣᠮᠧᠷ ᠢ ᠲᠡᠮᠳᠡᠭᠯᠡᠬᠦ᠂ ᠪᠦᠷᠢᠳᠬᠡᠨ ᠮᠡᠳᠡᠭᠦᠯᠵᠦ ᠳᠠᠩᠰᠠᠯᠠᠭᠤᠯᠬᠤ ᠵᠡᠷᠭᠡ ᠲᠦᠷᠢᠮ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠲᠣᠭᠲᠠᠩᠭᠤᠶ ᠬᠠᠮᠢᠶᠠᠷᠤᠯᠲᠠ ᠶᠢᠨ ᠠᠷᠭ᠎ᠠ ᠪᠠᠷ ᠯᠠᠪᠯᠠᠯᠲᠠ ᠪᠣᠯᠭᠠᠵᠤ᠂ ᠬᠥᠬᠡᠬᠤᠲᠠ ᠶᠢᠨ ᠬᠠᠮᠢᠶ᠎ᠠ ᠪᠥᠬᠦᠶ ᠭᠠᠵᠠᠷ ᠣᠷᠣᠨ ᠤ ᠵᠢᠭᠤᠯᠴᠢᠯᠠᠨ ᠰᠠᠭᠤᠭᠰᠠᠨ ᠲᠡᠤᠬᠡ ᠲᠠᠢ ᠬᠥᠮᠦᠰ ᠵᠠᠷᠴᠢᠮ ᠳᠡᠭᠡᠷ᠎ᠡ ᠪᠠᠨ ᠴᠢᠬᠤᠯᠠ ᠥᠬᠡᠶ ᠪᠣᠯ ᠴᠥᠮ ᠮᠠᠨ ᠤ ᠰᠢᠶᠠᠨ ᠳᠤ ᠣᠷᠣᠵᠤ ᠪᠣᠯᠬᠤ ᠥᠬᠡᠶ᠂ ᠬᠡᠷᠪᠡ ᠴᠢᠬᠤᠯᠠ ᠪᠥᠬᠦᠶ ᠪᠠᠶᠢᠳᠠᠯ ᠠᠴᠠ ᠪᠣᠯᠵᠣ ᠮᠠᠨ ᠤ ᠰᠢᠶᠠᠨ ᠳᠤ ᠣᠷᠣᠵᠤ ᠢᠷᠡᠭᠰᠡᠨ ᠬᠥᠮᠦᠰ ᠲᠤ ᠡᠯ᠎ᠡ  ᠵᠤᠶᠢᠯ ᠤᠨ ᠪᠣᠳᠠᠲᠠᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠪᠤᠰᠤᠳ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠶᠤᠯ ᠲᠦᠭᠰᠢᠭᠦᠷᠢ ᠥᠬᠡᠶ ᠭᠠᠵᠠᠷ ᠣᠷᠣᠨ ᠠᠴᠠ ᠮᠠᠨ ᠤ ᠰᠢᠶᠠᠨ ᠳᠤ ᠪᠤᠴᠠᠵᠤ ᠢᠷᠡᠭᠰᠡᠨ ᠬᠥᠮᠦᠰ ᠡᠷᠬᠡᠪᠰᠢ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠬᠤ᠂ ︽ᠭᠤᠷᠪᠠᠨ ᠺᠣᠳ᠋ ᠨᠢᠭᠡ ᠦᠨᠡᠮᠯᠡᠯ︾᠂ ᠴᠥᠮ᠎ᠡ ᠶᠢᠨ ᠬᠦᠴᠢᠯ ᠳᠤ ᠬᠦᠷᠦᠭᠰᠡᠨ᠂ ︽ᠸᠢᠴᠠᠲ ᠤᠨ ᠦᠵᠦᠭᠦᠷ ᠲᠤ ᠪᠤᠴᠠᠬᠤ ᠵᠢᠵᠢᠭ ᠫᠷᠤᠭ᠍ᠷᠠᠮ︾ ᠢ ᠪᠠᠶᠢᠴᠠᠭᠠᠨ ᠦᠵᠡᠵᠦ ᠮᠡᠳᠡᠭᠦᠯᠦᠨ ᠳᠠᠩᠰᠠᠯᠠᠭᠤᠯᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡ ᠲᠡᠷᠭᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠡᠶᠢᠭᠡᠮ ᠤᠨ ᠲᠠᠯ᠎ᠠ ᠠᠴᠠ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠠᠵᠢᠯ ᠤᠨ ᠲᠣᠭᠲᠠᠴᠠ ᠶᠢ ᠡᠬᠢᠯᠡᠭᠦᠯᠵᠦ᠂ ᠨᠡᠶᠢᠭᠡᠮ ᠲᠣᠭᠤᠷᠢᠭ᠂ ᠳᠠᠭᠠᠭᠠᠴᠢᠯᠠᠨ ᠬᠤᠯᠪᠣᠭᠠᠯᠠᠬᠤ ᠨᠢᠭᠡᠴᠡ ᠶᠢᠨ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ ᠂ ᠠᠵᠢᠯᠳᠠᠨ ᠢ ᠵᠢᠭᠰᠠᠭᠠᠨ ᠪᠠᠶᠢᠴᠠᠭᠠᠬᠤ᠂ ᠭᠡᠷ ᠲᠤᠨᠢ ᠠᠵᠢᠭᠯᠠᠨ ᠬᠠᠮᠢᠶᠠᠷᠤᠨ ᠡᠵᠡᠮᠳᠡᠬᠦ᠂ ᠬᠤᠪᠢ ᠬᠥᠮᠦᠨ ᠢ ᠰᠡᠷᠭᠡᠶᠢᠯᠡᠨ ᠬᠠᠮᠠᠭᠠᠯᠠᠬᠤ ᠪᠠ ᠬᠦᠳᠦᠯᠦᠨ ᠵᠢᠯᠣᠭᠤᠳᠬᠤ ᠶᠢ ᠴᠢᠩᠭ᠎ᠠ ᠪᠥᠭᠡᠳ ᠴᠢᠩᠭ᠎ᠠ ᠰᠠᠶᠢᠲᠤᠷ ᠬᠢᠬᠦ ᠬᠡᠷᠡᠭᠲᠡᠢ᠃ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ ᠵᠡᠷᠭᠡ ᠬᠥᠮᠦᠨ ᠣᠯᠠᠨ ᠴᠤᠭᠯᠠᠷᠠᠳᠠᠭ ᠲᠠᠯᠠᠪᠤᠷ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠷᠠᠭᠤᠯᠵᠤ᠂ ︽ᠠᠮᠠᠪᠴᠢ ᠵᠡᠭᠦᠬᠦ + ᠺᠣᠳ᠋ ᠰᠢᠷᠪᠢᠬᠦ + ᠳᠤᠯᠠᠭᠠᠨ ᠢ ᠬᠡᠮᠵᠢᠬᠦ︾᠂ 48 ᠴᠠᠭ ᠤᠨ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠬᠤ ᠵᠡᠷᠭᠡ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠪᠣᠳᠠᠲᠠᠶ ᠪᠠᠷ ᠬᠡᠷᠡᠭᠵᠢᠭᠦᠯᠦᠭᠰᠡᠨ ᠥᠬᠡᠶ ᠡᠵᠡᠩᠨᠡᠯᠲᠡ ᠶᠢᠨ ᠲᠠᠯᠠᠪᠤᠷ ᠢ ᠴᠥᠮ ᠠᠵᠢᠯ ᠢ ᠨᠢ ᠵᠣᠭᠰᠣᠭᠠᠵᠤ ᠴᠡᠭᠴᠡᠯᠡᠬᠦ ᠪᠤᠶᠤ ᠲᠤᠬᠠᠶ ᠶᠢᠨ ᠲᠠᠯᠠᠪᠤᠷ ᠲᠤᠨᠢ ᠵᠢᠯᠣᠭᠤᠳᠤᠨ ᠴᠡᠭᠴᠡᠯᠡᠬᠦ ᠬᠡᠷᠡᠭᠲᠡᠶ᠃ ︽ᠲᠣᠮᠣ ᠳ᠋ᠠᠶᠢᠲ᠋ᠠ + ᠲᠣᠤᠷᠵᠢᠭᠤᠯᠬᠤ︾ ᠵᠡᠷᠭᠡ ᠠᠷᠭ᠎ᠠ ᠪᠠᠷᠢᠯ ᠢ  ᠭᠦᠢᠴᠡᠳ ᠬᠡᠷᠡᠭᠯᠡᠨ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠬᠠᠮᠢᠶ᠎ᠠ ᠪᠥᠬᠦᠶ ᠬᠥᠮᠦᠰ ᠲᠤ ᠳᠡᠩᠰᠡᠯᠡᠨ ᠲᠡᠮᠳᠡᠭᠯᠡᠬᠦ ᠶᠢᠨ ᠴᠤᠪᠤᠷᠠᠯ ᠲᠣᠬᠢᠷᠠᠭᠤᠯᠤᠯᠲᠠ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠬᠡᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠲᠥᠪᠯᠡᠷᠡᠭᠦᠯᠦᠨ ᠲᠤᠰᠠᠭᠠᠷᠯᠠᠬᠤ ᠵᠡᠷᠭᠡ ᠬᠠᠷᠢᠯᠴᠠᠨ ᠵᠣᠬᠢᠴᠠᠯᠳᠤᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠴᠠᠭ ᠲᠤᠬᠠᠶ ᠳᠤᠨᠢ ᠲᠣᠳᠣᠷᠬᠠᠶ ᠬᠦᠷᠭᠡᠬᠦ᠂ ᠨᠡᠶᠢᠭᠡᠮ ᠲᠣᠭᠤᠷᠢᠭ ᠤᠨ ᠪᠠᠶᠢᠴᠠᠭᠠᠨ ᠬᠡᠮᠵᠢᠯᠲᠡ ᠶᠢ ᠨᠠᠷᠢᠯᠢᠭ ᠣᠨᠣᠴᠠᠲᠠᠶ ᠥᠨᠳᠥᠷ ᠪᠦᠲᠦᠮᠵᠢᠲᠡᠶ ᠪᠠᠶᠢᠯᠭᠠᠬᠤ᠂ ᠴᠠᠭ ᠲᠤᠬᠠᠶ ᠳᠤᠨᠢ ᠣᠨᠣᠪᠴᠢᠲᠠᠶ ᠪᠠᠶᠢᠯᠭᠠᠬᠤ ᠶᠢ ᠪᠡᠶᠡᠯᠡᠭᠦᠯᠬᠦ ᠬᠡᠷᠡᠭᠲᠡᠶ᠃ ᠪᠣᠶ ᠪᠥᠬᠦᠶ ᠬᠠᠮᠢᠶᠠᠷᠤᠨ ᠡᠵᠡᠮᠳᠡᠬᠦ ᠡᠲᠡᠭᠡᠳ ᠵᠢᠴᠢ ᠭᠤᠤᠯᠳᠠᠯᠭ᠎ᠠ ᠲᠠᠢ ᠪᠠᠶᠢᠭᠤᠯᠤᠮᠵᠢ ᠶᠢᠨ ᠲᠠᠯᠠᠪᠤᠷ ᠭᠠᠵᠠᠷ ᠤᠨ ᠠᠵᠢᠯᠲᠠᠨ ᠤ ᠨᠡᠷᠡᠰ ᠢ ᠲᠣᠳᠣᠷᠬᠠᠶᠢᠯᠠᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠲᠦᠷᠭᠡᠨ ᠬᠢᠵᠦ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ᠂ ᠨᠢᠭᠡ ᠤᠳᠠᠭ᠎ᠠ ᠶᠢ ᠴᠤ ᠣᠷᠬᠢᠭᠳᠠᠭᠤᠯᠬᠤ ᠥᠬᠡᠶ ᠪᠠᠶᠢᠬᠤ ᠶᠢ ᠪᠠᠲᠤᠯᠠᠨ᠂ ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠵᠤ᠂ ᠪᠠᠶᠢᠴᠠᠭᠠᠬᠤ ᠶᠣᠰᠣᠲᠠᠶ ᠶᠢ ᠨᠢ ᠪᠠᠶᠢᠴᠠᠭᠠᠬᠤ ᠥᠬᠡᠶ᠂ ᠨᠢᠭᠡ ᠯᠡ ᠳᠡᠭᠡᠷ᠎ᠡ ᠮᠡᠳᠡᠭᠦᠯᠬᠦ ᠦᠵᠡᠭᠳᠡᠯ ᠭᠠᠷᠭᠠᠵᠤ ᠶᠠᠭᠠᠬᠢᠭᠰᠠᠨ ᠴᠤ ᠪᠣᠯᠬᠤ ᠥᠬᠡᠶ᠃    ᠬᠤᠷᠠᠯ ᠠᠴᠠ ᠴᠢᠬᠤᠯᠠᠴᠢᠯᠠᠭᠰᠠᠨ ᠨᠢ    ᠪᠥᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠨᠢᠭᠡᠴᠡ᠂ ᠬᠤᠪᠢ ᠬᠥᠮᠦᠨ ᠤ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠠᠮᠲᠤ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠰᠡᠷᠭᠡᠶᠢᠯᠡᠨ ᠡᠵᠡᠮᠳᠡᠬᠦ ᠲᠣᠤᠷ ᠰᠦᠯᠵᠢᠶ᠎ᠡ ᠶᠢ ᠨᠢᠭᠲᠠ ᠪᠥᠭᠡᠳ ᠪᠠᠲᠤ ᠰᠦᠯᠵᠢᠵᠦ᠂ ᠬᠢᠵᠢᠭ ᠤᠨ ᠪᠠᠶᠢᠳᠠᠯ ᠣᠷᠣᠵᠤ ᠢᠷᠡᠬᠦ ᠶᠢ ᠡᠷᠡᠰ ᠰᠡᠷᠭᠡᠶᠢᠯᠡᠬᠦ ᠬᠡᠷᠡᠭᠲᠡᠶ᠃ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠢᠨᠠᠨ ᠵᠢᠯᠣᠭᠤᠳᠬᠤ ᠪᠠ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠲᠤᠰᠢᠶᠠᠯ ᠤᠨ ᠪᠠᠶᠢᠷᠢ ᠠᠴᠠ ᠪᠠᠨ ᠳᠤᠷ᠎ᠠ ᠪᠠᠷ ᠢᠶᠠᠨ ᠰᠠᠯᠤᠭᠰᠠᠨ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ᠂ ᠬᠠᠷᠢᠭᠤᠴᠠᠯᠭ᠎ᠠ ᠪᠠᠨ ᠬᠠᠷᠢᠯᠴᠠᠨ ᠲᠦᠯᠬᠢᠯᠴᠡᠭᠰᠡᠨ᠂ ᠠᠵᠢᠯ ᠢᠶᠠᠨ ᠰᠠᠭᠠᠲᠠᠭᠠᠭᠰᠠᠨ ᠤᠳᠤᠷᠢᠳᠬᠤ ᠺᠠᠳ᠋ᠷ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠣᠷᠣᠯᠴᠠᠬᠤ ᠥᠬᠡᠶ᠂ ᠪᠠᠶᠢᠴᠠᠭᠠᠨ ᠰᠢᠯᠭᠠᠬᠤ᠂ ᠲᠤᠰᠠᠭᠠᠷᠯᠠᠬᠤ᠂ ᠬᠠᠮᠢᠶᠠᠷᠤᠨ ᠡᠵᠡᠮᠳᠡᠬᠦ᠂ ᠪᠢᠲᠡᠭᠦᠮᠵᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠬᠠᠮᠵᠢᠯᠴᠠᠬᠤ ᠥᠬᠡᠶ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠪᠠᠶᠢᠩᠭᠤ ᠲᠣᠬᠢᠶᠠᠯᠳᠤᠳᠠᠭ ᠬᠠᠤᠯᠢ ᠲᠣᠭᠲᠠᠭᠠᠯ ᠠᠴᠠ ᠵᠥᠷᠢᠴᠡᠭᠰᠡᠨ  ᠤᠶᠢᠯᠡ ᠠᠵᠢᠯᠯᠠᠭ᠎ᠠ ᠳᠤ ᠡᠷᠡᠰ ᠴᠢᠩᠭ᠎ᠠ ᠴᠣᠬᠢᠯᠲᠠ ᠥᠭᠭᠦᠨ᠎ᠡ᠃    ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ᠂ ᠡᠯ᠎ᠡ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃                                        ᠨᠠᠶᠢᠷᠠᠭᠤᠯᠤᠭᠴᠢ᠄    ᠶᠠᠩ  ᠿᠦᠢ ᠵᠧᠨ                                        ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2