11 ᠰᠠᠷ᠎ᠠ ᠶᠢᠨ 8 ᠤ ᠡᠳᠦᠷ᠂ ᠯᠢᠶᠠᠩᠴᠧᠩ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ | ᠬᠤᠷᠠᠯ ᠬᠤᠷᠠᠯᠳᠤᠭᠤᠯᠪᠠ᠃ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠵᠣᠷᠢᠭ ᠰᠠᠨᠠᠭ᠎ᠠ ᠶᠢ | ᠵᠣᠬᠢᠶᠠᠨ ᠪᠠᠶᠢᠭᠤᠯᠤᠨ ᠰᠤᠷᠤᠯᠴᠠᠭᠤᠯᠪᠠ᠂ ᠬᠤᠷᠠᠯ ᠠᠴᠠ᠂ ᠰᠤᠷᠭᠠᠨ ᠬᠥᠮᠦᠵᠢᠯ ᠤᠨ ᠰᠢᠰᠲ᠋ᠧᠮ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ | ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ | ᠴᠢᠷᠮᠠᠶᠢᠨ ᠪᠠᠶᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ | ᠭᠡᠵᠦ ᠵᠢᠭᠠᠵᠤ ᠭᠠᠷᠭᠠᠪᠠ᠃ | | | | ᠬᠤᠷᠠᠯ ᠠᠴᠠ ᠱᠠᠭᠠᠷᠳᠠᠭᠰᠠᠨ ᠨᠢ᠂ ᠪᠦᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠨᠤᠭᠤᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠤᠬᠠᠭᠤᠯᠵᠤ ᠲᠤᠤᠱᠯᠠᠭᠤᠯᠬᠤ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ | ᠶᠡᠭᠡ ᠶᠠᠪᠤᠳᠠᠯ ᠪᠠ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠬᠤ ᠬᠡᠷᠡᠭᠲᠡᠶ᠃ ᠰᠦᠯᠵᠢᠶᠡᠨ ᠤ ᠪᠠ | ᠰᠦᠯᠵᠢᠶᠡᠨ ᠤ ᠭᠠᠳᠠᠨᠠᠬᠢ ᠶᠢ ᠤᠶᠠᠯᠳᠤᠭᠤᠯᠬᠤ ᠬᠡᠯᠪᠡᠷᠢ ᠪᠠᠷ ᠳᠠᠮᠵᠢᠭᠤᠯᠤᠨ᠂ ᠬᠤᠪᠢ ᠬᠥᠮᠦᠨ ᠥᠪᠡᠷ ᠢᠶᠠᠨ ᠰᠤᠷᠤᠯᠴᠠᠬᠤ᠂ | ᠲᠥᠪᠯᠡᠷᠡᠭᠦᠯᠦᠨ ᠰᠤᠷᠤᠯᠴᠠᠬᠤ᠂ ᠲᠤᠰᠬᠠᠢ ᠮᠡᠷᠭᠡᠵᠢᠯᠲᠡᠨ ᠳᠠᠭᠠᠭᠤᠯᠤᠨ ᠰᠤᠷᠤᠯᠴᠠᠬᠤ᠂ ᠱᠦᠵᠢ ᠨᠠᠮ ᠤᠨ ᠬᠢᠴᠢᠶᠡᠯ | ᠣᠷᠣᠬᠤ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠵᠡᠷᠭᠡ ᠤᠯᠠᠨ ᠵᠦᠢᠯ ᠤᠨ ᠬᠡᠯᠪᠡᠷᠢ ᠶᠢᠨ ᠰᠤᠷᠤᠯᠴᠠᠯᠭ᠎ᠠ ᠶᠢ | ᠢᠳᠡᠪᠬᠢᠲᠡᠢ ᠥᠷᠨᠢᠭᠦᠯᠬᠦ ᠳᠤ᠂ ᠨᠠᠮ ᠤᠨ ᠭᠡᠰᠢᠭᠦᠨ᠂ ᠺᠠᠳ᠋ᠷ᠂ ᠪᠠᠭᠰᠢ ᠨᠠᠷ ᠤᠨ ᠤᠬᠠᠭᠤᠯᠤᠨ ᠲᠠᠶᠢᠯᠪᠤᠷᠢᠯᠠᠬᠤ | ᠪᠣᠯᠪᠠᠰᠤᠷᠠᠯ ᠢ ᠰᠠᠶᠢᠲᠤᠷ ᠵᠣᠬᠢᠶᠠᠨ ᠪᠠᠶᠢᠭᠤᠯᠵᠤ᠂ ᠪᠠᠶᠠᠯᠢᠭ ᠰᠠᠶᠢᠬᠠᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠭᠠᠨ ᠬᠥᠮᠦᠵᠢᠯ ᠤᠨ ᠰᠢᠰᠲ᠋ᠧᠮ ᠳᠤ ᠲᠤᠤᠱᠯᠠᠭᠤᠯᠤᠨ | ᠨᠠᠶᠢᠳᠠᠪᠤᠷᠢᠵᠢᠭᠤᠯᠬᠤ᠂ ᠴᠡᠴᠡᠭᠯᠡᠨ ᠵᠢᠮᠢᠰᠯᠡᠬᠦ ᠶᠢ ᠭᠦᠨᠵᠡᠭᠡᠢ ᠠᠬᠢᠭᠤᠯᠵᠤ᠂ ᠰᠤᠷᠭᠠᠨ ᠬᠥᠮᠦᠵᠢᠯ ᠤᠨ ᠦᠢᠯᠡᠰ ᠤᠨ | ᠬᠥᠭᠵᠢᠯᠲᠡ ᠶᠢᠨ ᠭᠤᠶᠢᠳᠠ ᠰᠠᠶᠢᠬᠠᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠠᠢ᠃ | | | | | | ᠯᠢᠶᠠᠩᠴᠧᠩ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠠᠬᠢᠷᠤᠯ ᠾᠥᠸᠧ ᠶᠢᠨ ᠶᠤᠸᠠᠨ᠄ ︽ᠰᠤᠷᠭᠠᠨ | ᠬᠥᠮᠦᠵᠢᠯ ᠤᠨ ᠠᠵᠢᠯᠳᠠᠨ ᠪᠣᠯᠤᠭᠰᠠᠨ ᠤ ᠬᠤᠪᠢ ᠳᠤ᠂ ᠡᠷᠬᠡᠪᠰᠢ ᠬᠡᠨ ᠤ ᠲᠥᠯᠥᠭᠡ ᠬᠥᠮᠦᠨ ᠢ ᠬᠥᠮᠦᠵᠢᠭᠦᠯᠬᠦ᠂ ᠶᠠᠮᠠᠷ | ᠬᠥᠮᠦᠨ ᠢ ᠬᠥᠮᠦᠵᠢᠭᠦᠯᠬᠦ᠂ ᠬᠡᠷᠬᠢᠨ ᠬᠥᠮᠦᠨ ᠢ ᠬᠥᠮᠦᠵᠢᠭᠦᠯᠬᠦ ᠶᠢ ᠮᠡᠳᠡᠬᠦ ᠬᠡᠷᠡᠭᠲᠡᠢ᠂ ᠵᠠᠪᠠᠯ ᠪᠠᠭᠰᠢ ᠶᠢᠨ ᠮᠣᠷᠠᠯ | ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠴᠢᠷᠮᠠᠶᠢᠨ ᠰᠤᠳᠤᠯᠵᠤ᠂ ᠰᠢᠨ᠎ᠡ ᠶᠢ ᠡᠭᠦᠳᠴᠦ᠂ | ᠬᠦᠴᠦᠯᠡᠨ ᠴᠢᠷᠮᠠᠶᠢᠵᠤ᠂ ᠵᠣᠷᠢᠭᠲᠠᠢ ᠪᠠᠷ ᠤᠷᠤᠭᠰᠢᠯᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ | ᠬᠥᠮᠦᠵᠢᠯ ᠢ ᠡᠷᠬᠢᠯᠡᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠬᠤ ᠬᠡᠷᠡᠭᠲᠡᠢ︾ ᠭᠡᠵᠦ ᠬᠡᠯᠡᠪᠡ᠃ | | | | ᠰᠢᠶᠠᠨ ᠤ ᠰᠤᠷᠭᠠᠨ ᠬᠥᠮᠦᠵᠢᠯ ᠤᠨ ᠰᠤᠳᠤᠯᠤᠨ ᠰᠤᠷᠤᠯᠴᠠᠬᠤ ᠲᠥᠪ ᠤᠨ ᠨᠠᠮ ᠤᠨ ᠡᠭᠦᠷ ᠤᠨ ᠱᠦᠵᠢ᠂ ᠡᠷᠬᠢᠯᠡᠭᠴᠢ | ᠶᠠᠩ ᠰᠢᠶᠤᠤ ᠳ᠋ᠦᠩ ᠬᠡᠯᠡᠬᠦ ᠳᠡᠭᠡᠨ᠄ ︽ᠰᠤᠷᠭᠠᠨ ᠬᠥᠮᠦᠵᠢᠯ ᠤᠨ ᠠᠵᠢᠯᠳᠠᠨ ᠪᠣᠯᠤᠭᠰᠠᠨ ᠤ ᠬᠤᠪᠢ ᠳᠤ᠂ ᠪᠢ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠤᠷᠭᠠᠨ ᠬᠥᠮᠦᠵᠢᠯ ᠤᠨ ᠤᠬ | ᠰᠠᠨᠠᠭ᠎ᠠ ᠪᠠᠨ ᠦᠯᠦ ᠮᠠᠷᠲᠠᠵᠤ᠂ ᠨᠠᠮ ᠤᠨ ᠲᠥᠯᠥᠭᠡ ᠬᠥᠮᠦᠨ ᠢ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ | ᠬᠥᠮᠦᠵᠢᠭᠦᠯᠬᠦ ᠡᠭᠦᠷᠭᠡ ᠪᠠᠨ ᠪᠠᠲᠤ ᠴᠡᠭᠡᠵᠢᠯᠡᠵᠦ᠂ ᠵᠢᠭᠠᠨ ᠰᠤᠳᠤᠯᠬᠤ ᠠᠵᠢᠯ᠂ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠶᠢᠨ ᠳᠤᠮᠳᠠ ᠦᠨᠡᠨᠬᠦ ᠢᠯᠡᠭᠦᠬᠡᠨ ᠬᠦᠴᠦ ᠣᠷᠣᠭᠤᠯᠵᠤ᠂ ᠬᠢᠴᠢᠶᠡᠯ ᠤᠨ ᠲᠠᠩᠬᠢᠮ ᠤᠨ ᠰᠤᠷᠭᠠᠨ | ᠬᠥᠮᠦᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠶᠠᠰᠤ ᠴᠢᠨᠠᠷ ᠢ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠴᠠᠭ | ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠠᠢ᠃ | | | | | | ᠮᠠᠶᠢᠬᠠᠨᠳᠤ ᠭᠤᠣᠯ ᠰᠤᠷᠭᠠᠭᠤᠯᠢ ᠶᠢᠨ ᠵᠠᠬᠢᠷᠤᠯ ᠴᠧᠨ ᠰᠢᠶᠠᠩ ᠬᠤᠩ᠄ ︽ᠦᠨᠳᠦᠰᠦᠨ ᠱᠠᠲᠤᠨ ᠤ ᠰᠤᠷᠭᠠᠨ | ᠬᠥᠮᠦᠵᠢᠯ ᠤᠨ ᠠᠵᠢᠯᠳᠠᠨ ᠪᠣᠯᠤᠭᠰᠠᠨ ᠤ ᠬᠤᠪᠢ ᠳᠤ᠂ ᠪᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠦᠷᠭᠦᠯᠵᠢᠯᠡᠨ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠤᠱᠯᠠᠭᠤᠯᠵᠤ᠂ ᠶᠣᠰᠣ ᠰᠤᠷᠲᠠᠬᠤᠨ ᠢ | ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠥᠪ | ᠭᠤᠣᠯᠴᠢ ᠪᠠᠷ ᠰᠢᠨ᠎ᠡ ᠶᠢ ᠡᠭᠦᠳᠴᠦ᠂ ᠰᠡᠳᠬᠢᠯ ᠲᠠᠯᠪᠢᠨ ᠬᠥᠮᠦᠨ ᠢ ᠬᠥᠮᠦᠵᠢᠭᠦᠯᠵᠦ᠂ ᠠᠷᠠᠳ ᠲᠦᠮᠡᠨ ᠳᠤ | ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢᠨ ᠲᠥᠯᠥᠭᠡ ᠴᠢᠷᠮᠠᠶᠢᠨ ᠲᠡᠮᠡᠴᠡᠨ᠎ᠡ︾ ᠭᠡᠵᠦ ᠬᠡᠯᠡᠪᠡ᠃ | | | | | | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |