| ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ ᠰᠠᠷ᠎ᠠ ᠶᠢᠨ 8 ᠤ ᠣᠷᠣᠢ ᠺᠠᠮᠪᠤᠵᠠ ᠸᠠᠩᠲᠤ ᠤᠯᠤᠰ ᠤᠨ | ᠲᠡᠷᠢᠭᠦᠨ ᠰᠠᠶᠢᠳ ᠾᠦᠨᠰᠧᠨ ᠤ ᠤᠷᠢᠯᠭ᠎ᠠ ᠪᠠᠷ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ | ᠺᠧ ᠴᠢᠶᠠᠩ ᠲᠤᠰᠬᠠᠢ ᠨᠢᠰᠬᠡᠯ ᠢᠶᠠᠷ ᠫᠨᠣᠮ ᠪᠧᠩ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠵᠤ᠂ | ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯᠳᠤᠭᠠᠨ ᠳᠤ ᠤᠷᠤᠯᠴᠠᠬᠰᠠᠨ ᠤ | ᠬᠠᠮᠲᠤ ᠺᠠᠮᠪᠤᠵᠠ ᠳᠤ ᠠᠯᠪᠠᠨ ᠶᠣᠰᠣᠨ ᠤ ᠠᠶᠢᠯᠴᠢᠯᠠᠯᠲᠠ ᠬᠢᠪᠡ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠪᠢᠨ ᠰᠡᠭᠦᠳᠡᠷᠯᠡᠪᠡ | ᠰᠢᠨᠬᠤᠸᠠ ᠬᠤᠷᠢᠶᠠᠨ ᠤ ᠫᠨᠣᠮ ᠪᠧᠩ ᠤᠨ 11 ᠳ᠋ᠦ᠋ᠭᠡᠷ ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ | ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ ᠰᠠᠷ᠎ᠠ ᠶᠢᠨ 8 ᠤ ᠡᠳᠦᠷ ᠤᠨ ᠣᠷᠣᠢ᠂ ᠺᠠᠮᠪᠤᠵᠠ ᠸᠠᠩᠲᠤ | ᠤᠯᠤᠰ ᠤᠨ ᠲᠡᠷᠢᠭᠦᠨ ᠰᠠᠶᠢᠳ ᠾᠦᠨᠰᠧᠨ ᠤ ᠤᠷᠢᠯᠭ᠎ᠠ ᠪᠠᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠺᠧ ᠴᠢᠶᠠᠩ ᠲᠤᠰᠬᠠᠢ ᠨᠢᠰᠬᠡᠯ ᠢᠶᠠᠷ ᠫᠨᠣᠮ ᠪᠧᠩ ᠤᠨ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ | ᠪᠠᠭᠤᠵᠤ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠳᠤ | ᠤᠷᠤᠯᠴᠠᠬᠰᠠᠨ ᠤ ᠬᠠᠮᠲᠤ ᠺᠠᠮᠪᠤᠵᠠ ᠳᠤ ᠠᠯᠪᠠᠨ ᠶᠣᠰᠣᠨ ᠤ ᠠᠶᠢᠯᠴᠢᠯᠠᠯᠲᠠ ᠬᠢᠪᠡ᠃ ᠶᠡᠷᠦᠩᠬᠡᠢ ᠰᠠᠶᠢᠳ ᠯᠢ ᠺᠧ | ᠴᠢᠶᠠᠩ ᠤᠨ ᠬᠠᠳᠤᠨ ᠴᠧᠩ ᠬᠤᠩ᠂ ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠲᠦᠷᠦ ᠶᠢᠨ ᠶᠠᠪᠤᠳᠠᠯ ᠤᠨ | ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠰᠢᠶᠣᠣ ᠵᠢᠶᠧ ᠵᠡᠷᠭᠡ ᠪᠠᠷ᠎ᠠ ᠪᠣᠯᠣᠭᠰᠠᠳ ᠬᠠᠮᠲᠤ ᠪᠠᠶᠢᠯᠴᠠᠵᠠᠢ᠃ | ᠺᠠᠮᠪᠤᠵᠠ ᠶᠢᠨ ᠳᠡᠳ᠋ ᠲᠡᠷᠢᠭᠦᠨ ᠰᠠᠶᠢᠳ ᠾᠦᠷᠡᠨ᠋ᠮᠾᠤᠩ ᠵᠠᠰᠠᠭ ᠤᠨ ᠣᠷᠳᠣᠨ ᠤ ᠳᠡᠭᠡᠳᠦ ᠵᠡᠷᠭᠡ ᠶᠢᠨ | ᠲᠤᠰᠢᠶᠠᠯᠳᠠᠳ ᠢᠶᠠᠨ ᠳᠠᠭᠠᠭᠤᠯᠤᠨ ᠨᠢᠰᠬᠡᠯ ᠤᠨ ᠪᠠᠭᠤᠳᠠᠯ ᠳᠤ ᠬᠦᠷᠴᠦ ᠤᠭᠲᠤᠪᠠ᠃ ᠶᠣᠰᠣᠯᠠᠯ ᠤᠨ ᠴᠡᠷᠢᠭ | ᠤᠯᠠᠭᠠᠨ ᠬᠡᠪᠢᠰ ᠤᠨ ᠬᠤᠶᠠᠷ ᠲᠠᠯ᠎ᠠ ᠪᠠᠷ ᠮᠥᠷᠯᠡᠨ ᠶᠣᠰᠣᠯᠠᠪᠠ᠃ | ᠲᠤᠬᠠᠢ ᠶᠢᠨ ᠭᠠᠵᠠᠷ ᠤᠨ ᠵᠠᠯᠠᠭᠤᠴᠤᠳ ᠯᠢ ᠺᠧ ᠴᠢᠶᠠᠩ ᠪᠣᠯᠣᠨ ᠲᠡᠭᠦᠨ ᠤ ᠬᠠᠳᠤᠨ ᠴᠧᠩ ᠬᠤᠩ ᠳᠤ | ᠰᠣᠷᠭᠤᠭ ᠴᠡᠴᠡᠭ ᠬᠦᠷᠭᠡᠪᠡ᠃ ᠺᠠᠮᠪᠤᠵᠠ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠸᠠᠩ ᠸᠧᠨ | ᠲᠢᠶᠠᠨ ᠪᠣᠯᠣᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠳᠤ ᠰᠠᠭᠤᠭ᠎ᠠ ᠡᠯᠴᠢᠨ ᠰᠠᠶᠢᠳ ᠳ᠋ᠧᠩ | ᠰᠢ ᠵᠢᠶᠦ᠋ᠨ ᠪᠠᠰᠠ ᠨᠢᠰᠬᠡᠯ ᠤᠨ ᠪᠠᠭᠤᠳᠠᠯ ᠳᠤ ᠬᠦᠷᠴᠦ ᠤᠭᠲᠤᠪᠠ᠃ ᠯᠢ ᠺᠧ ᠴᠢᠶᠠᠩ ᠢᠯᠡᠷᠬᠡᠶᠢᠯᠡᠬᠦ ᠳᠤ ᠪᠠᠨ᠂ | ᠳᠤᠮᠳᠠᠳᠤ ᠤᠯᠤᠰ ᠪᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠣᠯ ᠪᠦᠬᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠠ ᠬᠠᠮᠤᠭ ᠤᠨ ᠲᠣᠮᠣ ᠠᠷᠠᠯᠵᠢᠶᠠᠨ ᠤ ᠬᠠᠨᠢᠲᠠᠨ ᠮᠥᠨ᠃ ᠣᠳᠣᠬᠠᠨ ᠳᠤ | ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠭᠦᠨᠵᠡᠭᠡᠢ ᠤᠯᠠᠷᠢᠨ ᠬᠤᠪᠢᠰᠴᠤ᠂ | ᠡᠯ᠎ᠡ ᠵᠦᠢᠯ ᠤᠨ ᠲᠣᠭᠲᠠᠪᠤᠷᠢ ᠦᠭᠡᠢ ᠮᠥᠷᠲᠡᠭᠡᠨ ᠲᠣᠭᠲᠠᠭᠤᠨ ᠪᠤᠰᠤ ᠬᠦᠴᠦᠨ ᠵᠦᠢᠯ ᠣᠯᠠᠰᠢᠷᠠᠵᠤ᠂ ᠪᠦᠬᠦ | ᠪᠥᠮᠪᠥᠷᠴᠡᠭ ᠤᠨ ᠬᠥᠭᠵᠢᠯᠲᠡ ᠤᠷᠢᠳᠤ ᠡᠮᠦᠨ᠎ᠡ ᠪᠠᠶᠢᠭ᠎ᠠ ᠦᠭᠡᠢ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ | ᠳᠤᠮᠳᠠᠳᠤ ᠶᠢᠨ ᠲᠠᠯ᠎ᠠ ᠶᠢᠨ ᠬᠢᠨ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ | ᠬᠤᠷᠠᠯ ᠤᠨ ᠬᠥᠭᠵᠢᠯᠲᠡ ᠪᠠ ᠬᠠᠮᠲᠤᠷᠠᠯᠴᠠᠭ᠎ᠠ ᠳᠤ ᠤᠯᠠᠨ ᠲᠠᠯᠠᠲᠤ ᠦᠵᠡᠯ ᠪᠠ ᠴᠢᠯᠦᠭᠡᠲᠦ ᠠᠷᠠᠯᠵᠢᠶ᠎ᠠ ᠶᠢ | ᠪᠠᠷᠢᠮᠲᠠᠯᠠᠵᠤ᠂ ᠨᠡᠭᠡᠭᠡᠯᠲᠡ ᠲᠠᠢ ᠪᠠᠷ ᠬᠠᠮᠲᠤᠷᠠᠯᠴᠠᠬᠤ ᠪᠠ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ | ᠬᠦᠷᠳᠡᠬᠦ ᠶᠢ ᠪᠠᠷᠢᠮᠲᠠᠯᠠᠵᠤ᠂ ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ | ᠬᠡᠯᠬᠢᠶ᠎ᠡ ᠶᠢᠨ ᠠᠮᠤᠷ ᠲᠦᠪᠰᠢᠨ ᠪᠦᠭᠡᠳ ᠰᠠᠭᠠᠳ ᠦᠭᠡᠢ ᠨᠡᠪᠲᠡᠷᠡᠬᠦ ᠶᠢ ᠬᠠᠮᠲᠤ ᠪᠠᠷ ᠬᠠᠮᠠᠭᠠᠯᠠᠵᠤ᠂ ᠪᠦᠬᠦ | ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠭᠠᠷ ᠭᠠᠷ ᠢᠶᠠᠨ ᠬᠤᠯᠪᠣᠯᠴᠠᠨ ᠠᠷᠭᠠᠴᠠᠭᠠᠵᠤ᠂ ᠣᠷᠣᠨ ᠪᠦᠰᠡ ᠶᠢᠨ | ᠠᠵᠤ ᠠᠬᠤᠢ ᠶᠢᠨ ᠨᠢᠭᠡ ᠴᠤᠬᠴᠠᠵᠢᠭᠤᠯᠤᠯᠳᠠ ᠶᠢ ᠠᠬᠢᠭᠤᠯᠬᠤ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ | ᠠᠮᠤᠷ ᠲᠣᠭᠲᠠᠭᠤᠨ ᠪᠠᠶᠢᠳᠠᠯ ᠪᠠ ᠬᠥᠭᠵᠢᠯ ᠴᠡᠴᠡᠭᠯᠡᠯ ᠢ ᠬᠠᠮᠠᠭᠠᠯᠠᠬᠤ ᠳᠤ ᠰᠢᠨ᠎ᠡ ᠬᠦᠳᠡᠯᠬᠡᠬᠦ ᠬᠦᠴᠦᠨ | ᠨᠡᠮᠡᠷᠢᠯᠡᠬᠦ ᠪᠠᠷ ᠬᠦᠰᠡᠨ ᠡᠷᠡᠮᠡᠯᠵᠠᠵᠤ ᠪᠠᠶᠢᠨ᠎ᠠ ᠭᠡᠵᠡᠢ᠃ ᠯᠢ ᠺᠧ ᠴᠢᠶᠠᠩ ᠵᠢᠭᠠᠬᠤ ᠳᠤ ᠪᠠᠨ᠂ ᠳᠤᠮᠳᠠᠳᠤ ᠺᠠᠮᠪᠤᠵᠠ | ᠪᠤᠯ ᠬᠥᠷᠰᠢ ᠵᠡᠷᠭᠡᠯᠡᠳᠡᠭᠡ ᠤᠯᠤᠰ ᠪᠠᠶᠢᠵᠤ᠂ ᠤᠯᠠᠮᠵᠢᠯᠠᠯᠲᠤ ᠨᠥᠬᠦᠷᠯᠡᠯ ᠭᠦᠨ ᠵᠤᠵᠠᠭᠠᠨ᠂ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠨᠢ ᠲᠠᠰᠤᠷᠠᠯᠳᠡ ᠦᠭᠡᠢ ᠰᠢᠨ᠎ᠡ ᠬᠥᠭᠵᠢᠯᠲᠡ ᠲᠠᠢ ᠪᠣᠯᠪᠠ᠃ ᠳᠤᠮᠳᠠᠳᠤ ᠶᠢᠨ ᠲᠠᠯ᠎ᠠ ᠶᠢᠨ ᠬᠢᠨ | ᠲᠤᠰ ᠤᠳᠠᠭ᠎ᠠ ᠶᠢᠨ ᠠᠶᠢᠯᠴᠢᠯᠠᠯᠲᠠ ᠪᠠᠷ ᠳᠠᠮᠵᠢᠭᠤᠯᠤᠨ ᠺᠠᠮᠪᠤᠵᠠ ᠶᠢᠨ ᠲᠠᠯ᠎ᠠ ᠶᠢᠨ ᠬᠢᠨ ᠲᠠᠢ ᠪᠦᠯᠬᠦᠮᠳᠡᠯ | ᠨᠥᠬᠦᠷᠯᠡᠯ ᠢᠶᠠᠨ ᠬᠠᠮᠲᠤ ᠪᠠᠷ ᠶᠠᠷᠢᠯᠴᠠᠵᠤ᠂ ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠵᠦ᠂ | ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ ᠤᠯᠠᠨ ᠦᠷ᠎ᠡ | ᠪᠦᠲᠦᠭᠡᠯ ᠣᠯᠬᠤ ᠶᠢ ᠠᠬᠢᠭᠤᠯᠵᠤ᠂ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠨᠡᠩ ᠶᠡᠭᠡ | ᠪᠤᠶᠠᠨ ᠦᠢᠯᠡᠳᠬᠦ ᠶᠢ ᠬᠦᠰᠡᠵᠦ ᠪᠠᠶᠢᠨ᠎ᠠ ᠭᠡᠵᠡᠢ᠃ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ | ᠬᠥᠮᠥᠰ ᠤᠨ ᠰᠢᠷᠢᠰ ᠬᠤᠷᠠᠯ ᠳᠤ ᠣᠷᠤᠯᠴᠠᠬᠤ ᠬᠤᠭᠤᠴᠠᠭᠠᠨ ᠳᠤ᠂ ᠯᠢ ᠺᠧ ᠴᠢᠶᠠᠩ 25 ᠳ᠋ᠤᠭᠠᠷ ᠤᠳᠠᠭ᠎ᠠ ᠶᠢᠨ | ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ︵10 + 1︶ | ᠤᠳᠤᠷᠢᠳᠬᠤ ᠬᠥᠮᠥᠰ ᠤᠨ ᠬᠤᠷᠠᠯ᠂ 25 ᠳ᠋ᠤᠭᠠᠷ ᠤᠳᠠᠭ᠎ᠠ ᠶᠢᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠣᠭ᠎ᠠ ᠪᠣᠯᠣᠨ ᠳᠤᠮᠳᠠᠳᠤ ᠶᠠᠫᠤᠨ ᠺᠣᠷᠢᠶᠠ ᠶᠢᠨ ︵10 + 3︶ ᠤᠳᠤᠷᠢᠳᠬᠤ ᠬᠥᠮᠥᠰ ᠤᠨ ᠬᠤᠷᠠᠯ ᠪᠣᠯᠣᠨ | 17 ᠳ᠋ᠤᠭᠠᠷ ᠬᠤᠭᠤᠴᠠᠭᠠᠨ ᠤ ᠵᠡᠭᠦᠨ ᠠᠽᠢᠶ᠎ᠠ ᠶᠢᠨ ᠤᠯᠤᠰ ᠤᠳ ᠤᠨ ᠲᠦᠷᠦᠭᠦᠴᠦᠳ ᠤᠨ ᠬᠤᠷᠠᠯ ᠳᠤ | ᠣᠷᠣᠯᠴᠠᠬᠤ ᠪᠣᠯᠣᠨ᠎ᠠ᠃ ᠺᠠᠮᠪᠤᠵᠠ ᠳᠤ ᠠᠶᠢᠯᠴᠢᠯᠠᠬᠤ ᠬᠤᠭᠤᠴᠠᠭᠠᠨ ᠳᠤ ᠪᠠᠨ᠂ ᠯᠢ ᠺᠧ ᠴᠢᠶᠠᠩ ᠤᠯᠤᠰ ᠤᠨ ᠸᠠᠩ | ᠰᠢᠾᠠᠮᠦ᠋ᠨᠢ ᠲᠠᠢ ᠠᠭᠤᠯᠵᠠᠨ᠂ ᠲᠡᠷᠢᠭᠦᠨ ᠰᠠᠶᠢᠳ ᠾᠦᠨᠰᠧᠨ ᠲᠠᠢ ᠬᠡᠯᠡᠯᠴᠡᠭᠡ ᠬᠢᠵᠦ᠂ ᠬᠤᠶᠠᠷ ᠲᠠᠯ᠎ᠠ ᠶᠢᠨ | ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠵᠦ᠂ ᠫᠨᠣᠮ | ᠪᠧᠩ ᠠᠴᠠ ᠰᠢᠾᠠᠨᠦ᠋ᠺ ᠭᠠᠷᠠᠮ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠤᠨ ᠲᠡᠷᠭᠡ ᠨᠡᠪᠲᠡᠷᠡᠬᠦ᠂ ᠳᠤᠮᠳᠠᠳᠤ | ᠤᠯᠤᠰ ᠤᠨ ᠺᠠᠮᠪᠤᠵᠠ ᠶᠢ ᠲᠤᠰᠠᠯᠠᠭᠰᠠᠨ ᠤᠩᠭᠤ᠋ ᠶᠢᠨ ᠡᠷᠲᠡᠨ ᠤ ᠳ᠋ᠡᠭᠸᠤ᠋ ᠰᠦᠮ᠎ᠡ ᠶᠢ ᠰᠡᠯᠪᠢᠨ ᠵᠠᠰᠠᠬᠤ ᠲᠦᠷᠦᠯ | ᠵᠦᠢᠯ ᠤᠨ ᠪᠣᠳᠠᠲᠤ ᠴᠣᠭᠴᠠ ᠶᠢ ᠰᠢᠯᠵᠢᠭᠦᠯᠦᠨ ᠲᠤᠰᠢᠶᠠᠬᠤ ᠵᠡᠷᠭᠡ ᠠᠵᠢᠯᠯᠠᠭ᠎ᠠ ᠳᠤ ᠣᠷᠣᠯᠴᠠᠨ᠎ᠠ᠃ |