ᠡᠪᠦᠯ ᠤᠨ ᠡᠬᠢᠨ ᠤ ᠠᠯᠬᠤᠮ ᠰᠡᠮᠡᠷᠬᠡᠨᠢᠷᠡᠬᠦ ᠦᠶ᠎ᠡ ᠳᠤ᠂ ᠲᠩᠷᠢ ᠳᠤ ᠰᠢᠪᠢᠷ ᠰᠢᠪᠢᠷ ᠪᠣᠷᠣᠭᠠᠨ ᠣᠷᠣᠵᠤ᠂ | ᠳᠡᠮᠡᠶ ᠤᠳᠠᠯ ᠥᠬᠡᠶ ᠪᠣᠷᠣᠭᠠᠨ ᠤ ᠤᠰᠤ ᠭᠠᠵᠠᠷ ᠤᠨ ᠨᠢᠭᠤᠷ ᠢ ᠨᠣᠷᠭᠠᠳᠠᠭ᠃ ᠬᠥᠮᠦᠨ ᠤ ᠪᠡᠶ᠎ᠡ ᠨᠢᠭᠤᠷ ᠳᠡᠭᠡᠷ᠎ᠡ | ᠲᠤᠰᠬᠤ ᠳᠤ ᠲᠡᠰᠬᠡᠯ ᠦᠭᠡᠢ ᠴᠡᠴᠡᠷᠡᠨ ᠳᠠᠭᠵᠢᠨ᠎ᠠ᠃ ᠵᠡᠭᠡᠯᠢ ᠳᠡᠭᠡᠷ᠎ᠡ ᠶᠠᠪᠠᠭᠠᠨ ᠬᠥᠮᠦᠨ ᠶᠠᠭᠠᠷᠠᠤ ᠰᠠᠨᠳᠤᠷᠤᠤ | ᠶᠠᠪᠤᠵᠤ᠂ ᠵᠣᠪ ᠵᠤᠵᠠᠭᠠᠨ ᠬᠥᠪᠥᠩ ᠬᠤᠪᠴᠠᠰᠤ ᠡᠮᠦᠰᠴᠦ ᠶᠠᠪᠤᠨ᠎ᠠ᠃ | | | | | | ᠰᠤᠷᠪᠤᠯᠵᠢᠯᠠᠭᠴᠢ ᠰᠢᠶᠠᠨ ᠤ ᠴᠠᠭ ᠠᠭᠤᠷ ᠤᠨ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠬᠦᠢᠲᠡᠨ | ᠠᠭᠤᠷ ᠠᠮᠢᠰᠬᠤᠯ ᠤᠨ ᠨᠥᠯᠥᠭᠡ ᠪᠠᠷ᠂ 11 ᠤ ᠡᠳᠦᠷ ᠤᠨ ᠥᠷᠯᠥᠭᠡ ᠡᠷᠲᠡ ᠮᠠᠨ ᠤ ᠰᠢᠶᠠᠨ ᠳᠤ ᠢᠯᠡᠷᠬᠡᠶ | ᠪᠣᠷᠣᠭᠠᠨ ᠣᠷᠣᠵᠤ᠂ 11 ᠤ ᠡᠳᠦᠷ ᠤᠨ 17 ᠴᠠᠭ ᠪᠣᠯᠲᠠᠯ᠎ᠠ᠂ ᠪᠥᠬᠦ ᠰᠢᠶᠠᠨ ᠤ ᠪᠣᠷᠣᠭᠠᠨ ᠤᠷᠤᠭᠰᠠᠨ ᠲᠠᠯᠠᠪᠠᠶ | 76.5% ᠬᠦᠷᠴᠦ᠂ ᠬᠠᠮᠤᠭ ᠤᠨ ᠶᠡᠭᠡ ᠪᠣᠷᠣᠭᠠᠨ ᠤᠷᠤᠭᠰᠠᠨ ᠬᠡᠮᠵᠢᠶ᠎ᠡ ᠨᠢ ᠬᠤᠩ ᠮᠤᠤ ᠪᠠᠯᠭᠠᠰᠤᠨ ᠳᠤ | ᠢᠯᠡᠷᠡᠵᠦ᠂ 15.0 ᠮᠢᠯᠢᠮᠧᠲᠷ ᠪᠠᠶᠢᠵᠤ᠂ ᠬᠠᠮᠤᠭ ᠤᠨ ᠶᠡᠭᠡ ᠴᠠᠭ ᠲᠤ ᠼᠤᠤ ᠨᠢᠶᠠᠨ ᠤ ᠮᠠᠨᠵᠤ ᠦᠨᠳᠦᠰᠦᠲᠡᠨ ᠤ | ᠰᠢᠶᠠᠩ ᠳᠤ ᠢᠯᠡᠷᠡᠵᠦ᠂ ᠲᠤᠬᠠᠶ ᠶᠢᠨ ᠡᠳᠦᠷ ᠤᠨ 14 — 15 ᠴᠠᠭ ᠲᠤ 4.0 ᠮᠢᠯᠢᠮᠧᠲᠷ \ ᠴᠠᠭ ᠪᠣᠯᠵᠠᠶ᠃ | 11 ᠤ ᠡᠳᠦᠷ ᠤᠨ ᠡᠳᠦᠷ ᠬᠦᠶ᠋ᠲᠡᠨ ᠠᠭᠠᠷ ᠡᠬᠢᠯᠡᠨ ᠳᠦᠷᠢᠨ ᠣᠷᠣᠵᠤ᠂ 12 ᠤᠨ ᠡᠳᠦᠷ᠂ 13 ᠤ ᠡᠳᠦᠷ ᠤᠨ | ᠠᠭᠠᠷ ᠤᠨ ᠳᠤᠯᠠᠭᠠᠨ ᠦᠷᠭᠦᠯᠵᠢᠯᠡᠨ ᠳᠣᠷᠣᠭᠰᠢᠯᠠᠵᠤ᠂ ᠶᠠᠪᠤᠴᠠ ᠶᠢᠨ ᠳᠤᠯᠠᠭᠠᠨ ᠤ ᠪᠠᠭᠤᠷᠠᠯᠲᠠ ᠨᠢ 10~14C | ᠭᠥᠷᠳᠡᠭ᠃ | | | | | ᠲᠣᠰ ᠡᠭᠡᠯᠵᠢ ᠶᠢᠨ ᠲᠤᠨᠳᠠᠰᠤᠨ ᠤ ᠶᠠᠪᠤᠴᠠ ᠨᠢ ᠣᠶ ᠰᠢᠭᠤᠶ ᠶᠢᠨ ᠭᠠᠯ ᠤᠨ ᠠᠶᠤᠯ ᠤᠨ ᠲᠠᠰ ᠢ | ᠪᠠᠭᠤᠷᠠᠭᠤᠯᠬᠤ ᠪᠠ ᠠᠭᠠᠷ ᠤᠨ ᠶᠠᠰᠤ ᠴᠢᠨᠠᠷ ᠢ ᠰᠠᠶᠢᠵᠢᠷᠠᠭᠤᠯᠬᠤ ᠳᠤ ᠠᠰᠢᠭᠲᠠᠶ ᠪᠠᠶᠢᠳᠠᠭ᠂ ᠭᠡᠪᠡᠴᠦ ᠲᠤᠨᠳᠠᠰᠤᠨ ᠤ | ᠬᠡᠮᠵᠢᠶ᠎ᠡ᠂ ᠶᠡᠭᠡ ᠰᠠᠯᠬᠢ᠂ ᠳᠤᠯᠠᠭᠠᠨ ᠤ ᠬᠡᠮᠵᠢᠶ᠎ᠡ ᠪᠠᠭᠤᠷᠠᠬᠤ ᠴᠠᠭ ᠠᠭᠤᠷ ᠤᠨ ᠵᠠᠮ ᠲᠡᠭᠡᠭᠡᠪᠦᠷᠢ᠂ | ᠤᠶᠢᠯᠡᠳᠪᠤᠷᠢᠯᠡᠯ ᠠᠮᠢᠳᠤᠷᠠᠯ ᠵᠡᠷᠭᠡ ᠳᠤ ᠠᠰᠢᠭ ᠥᠬᠡᠶ ᠨᠥᠯᠥᠭᠡ ᠦᠵᠡᠭᠦᠯᠬᠦ ᠶᠢ ᠰᠡᠷᠭᠡᠶᠢᠯᠡᠬᠦ ᠬᠡᠷᠡᠭᠲᠡᠶ᠃ ᠪᠣᠷᠣᠭᠠᠨ | ᠴᠠᠰᠤ ᠲᠠᠢ ᠠᠭᠤᠷ ᠠᠮᠢᠰᠬᠤᠯ ᠳᠤ ᠦᠵᠡᠭᠳᠡᠴᠡ ᠪᠠᠭ᠎ᠠ ᠪᠠᠶᠢᠵᠤ᠂ ᠵᠠᠮ ᠬᠠᠯᠲᠤᠷᠢᠵᠤ ᠮᠥᠰᠥ ᠬᠥᠯᠳᠡᠳᠡᠭ ᠪᠣᠯᠬᠤᠷ | ᠣᠯᠠᠨ ᠢᠶᠠᠷ ᠢᠶᠠᠨ ᠭᠠᠳᠠᠭᠰᠢ ᠭᠠᠷᠬᠤ ᠳᠠᠭᠠᠨ ᠠᠮᠤᠷ ᠲᠦᠪᠰᠢᠨ ᠢ ᠠᠩᠬᠠᠷᠬᠤ ᠶᠢ ᠰᠠᠨᠠᠭᠤᠯᠵᠤ ᠪᠠᠶᠢᠨ᠎ᠠ᠃ | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |