ᠰᠢᠶᠠᠨ ᠤ ᠠᠵᠤ ᠤᠶᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠄ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠰᠤᠯᠠᠷᠠᠭᠤᠯᠬᠤ ᠥᠬᠡᠶ ᠬᠤᠳᠠᠯᠳᠤᠭᠠᠨ ᠤ ᠬᠡᠲᠦ ᠳᠡᠯᠭᠡᠭᠦᠷ ᠤᠨ ᠠᠮᠤᠷ ᠲᠦᠪᠰᠢᠨ ᠤ ᠬᠠᠩᠭᠠᠯᠭ᠎ᠠ ᠶᠢ ᠪᠠᠲᠤᠯᠠᠬᠤ ᠬᠡᠷᠡᠭᠲᠡᠶ
ᠨᠡᠶᠢᠲᠡᠯᠡᠭᠰᠡᠨ ᠴᠠᠭ᠄
2022/11/12
    ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠪᠠᠭ᠎ᠠ ᠶᠠᠪᠤᠳᠠᠯ ᠭᠡᠵᠦ ᠦᠭᠡᠢ᠂ ᠠᠷᠠᠳ ᠤᠨ ᠠᠮᠢᠳᠤᠷᠠᠯ ᠤᠨ ᠬᠠᠩᠭᠠᠯᠭ᠎ᠠ ᠶᠢ ᠪᠠᠲᠤᠯᠠᠬᠤ ᠳᠤ ᠪᠠᠰᠤᠵᠤ ᠪᠣᠯᠬᠤ ᠦᠭᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠴᠠᠭ ᠦᠶ᠎ᠡ ᠳᠤ᠂ ᠠᠷᠠᠳ ᠤᠨ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠪᠣᠯ ᠪᠦᠬᠦ ᠰᠢᠶᠠᠨ ᠤ ᠤᠯᠠᠨ ᠲᠦᠮᠡᠨ ᠤ ᠣᠨᠴᠠᠭᠠᠶᠢᠯᠠᠨ ᠠᠩᠬᠠᠷᠴᠤ ᠪᠠᠶᠢᠭ᠎ᠠ ᠠᠰᠠᠭᠤᠳᠠᠯ ᠪᠣᠯᠤᠨ᠎ᠠ᠃ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ  ᠲᠤᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠦᠢᠯᠡᠴᠢᠯᠡᠭᠡ ᠪᠠᠨ ᠰᠢᠯᠢᠳᠡᠭᠵᠢᠭᠦᠯᠵᠦ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠠᠷᠠᠳ ᠤᠯᠠᠨ ᠤ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠪᠦᠬᠦ ᠬᠦᠴᠦᠨ ᠢᠶᠠᠷ ᠢᠶᠠᠨ ᠬᠠᠩᠭᠠᠵᠤ᠂ ᠤᠯᠠᠨ ᠲᠦᠮᠡᠨ ᠤ ︽ᠢᠳᠡᠰᠢᠨ ᠨᠣᠭᠤᠭ᠎ᠠ︾ ᠶᠢ ᠰᠠᠶᠢᠲᠤᠷ ᠰᠠᠬᠢᠨ ᠬᠠᠮᠠᠭᠠᠯᠠᠪᠠ᠃      11 ᠰᠠᠷ᠎ᠠ ᠶᠢᠨ 10 ᠤ ᠡᠳᠦᠷ᠂ ᠰᠤᠷᠪᠤᠯᠵᠢᠯᠠᠭᠴᠢ ᠤᠷᠢᠳ ᠬᠤᠵᠢᠳ ᠸᠠᠨ ᠵᠢᠶᠠ ᠧᠨ ᠲᠠᠷᠢᠶᠠᠯᠠᠩ ᠠᠷᠠᠯᠵᠢᠶᠠᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠠᠮᠤ ᠲᠣᠰᠣ ᠪᠥᠭᠡᠮ ᠢᠶᠠᠷ ᠬᠤᠳᠠᠯᠳᠤᠬᠤ᠂ ᠹᠦ᠋ ᠵᠢᠶᠠ ᠬᠡᠳᠦ ᠳᠡᠯᠭᠡᠭᠦᠷ ᠲᠤ ᠬᠦᠷᠴᠦ᠂ ᠬᠡᠳᠦ ᠳᠡᠯᠭᠡᠭᠦᠷ ᠤᠨ ᠳᠣᠲᠣᠷᠠᠬᠢ ᠠᠮᠤ ᠪᠤᠳᠠᠭ᠎ᠠ᠂ ᠭᠤᠯᠢᠷ᠂ ᠲᠣᠰᠣ᠂ ᠮᠢᠬ᠎ᠠ᠂ ᠥᠨᠳᠡᠭᠡ᠂ ᠨᠣᠭᠤᠭ᠎ᠠ ᠵᠡᠷᠭᠡ ᠠᠷᠠᠳ ᠤᠨ ᠠᠮᠢᠳᠤᠷᠠᠯ ᠤᠨ ᠦᠨᠳᠦᠰᠦᠨ ᠡᠳ᠋ ᠪᠣᠳᠠᠰ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ᠂ ᠬᠠᠩᠭᠠᠯᠭ᠎ᠠ ᠭᠦᠢᠴᠡᠳ ᠪᠠᠶᠢᠬᠤ ᠶᠢ ᠦᠵᠡᠭᠡᠳ᠂ ᠬᠡᠳᠦ ᠳᠡᠯᠭᠡᠭᠦᠷ ᠤᠨ ᠪᠠᠷᠠᠭᠠᠨ ᠤ ᠲᠠᠯᠪᠢᠭᠤᠷ ᠳᠡᠭᠡᠷᠡᠬᠢ ᠪᠤᠰᠤᠳ ᠡᠯ᠎ᠡ ᠲᠥᠷᠥᠯ ᠤᠨ ᠲᠠᠸᠠᠷ ᠨᠢ ᠡᠩ ᠤᠨ ᠦᠶ᠎ᠡ ᠶᠢᠨ ᠬᠢ ᠲᠠᠢ ᠠᠳᠠᠯᠢ ᠪᠠᠷ ᠨᠢᠳᠦ ᠳᠦᠭᠦᠷᠡᠩ᠂ ᠪᠠᠷᠠᠭᠠᠨ ᠤ ᠲᠠᠯᠪᠢᠭᠤᠷ ᠳᠦᠭᠦᠷᠡᠩ ᠦᠷᠦᠵᠦ᠂ ᠵᠣᠴᠢᠳ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠰᠠᠭᠤᠷᠢᠨ ᠳᠡᠭᠡᠷ᠎ᠡ ᠶᠠᠭ ᠰᠠᠶᠢᠬᠠᠨ ᠡᠮᠬᠢ ᠵᠢᠷᠤᠮ ᠲᠠᠢ ᠪᠠᠷ ᠰᠢᠯᠢᠨ ᠰᠣᠩᠭᠤᠵᠤ᠂ ᠬᠤᠳᠠᠯᠳᠤᠨ ᠠᠪᠴᠤ ᠪᠠᠶᠢᠨ᠎ᠠ᠃       ᠢᠳᠡᠰᠢᠨ ᠨᠣᠭᠤᠭ᠎ᠠ ᠬᠤᠳᠠᠯᠳᠤᠨ ᠠᠪᠬᠤ ᠪᠠᠷ ᠢᠷᠡᠭᠰᠡᠨ ᠰᠠᠭᠤᠭᠠᠯᠢ ᠠᠷᠠᠳ ᠸᠠᠩ ᠰᠦ ᠫᠢᠩ᠄ ︽ᠮᠠᠨ ᠤ ᠭᠡᠷ ᠪᠣᠯ ᠳᠠᠷᠤᠶ ᠡᠨᠡ ᠬᠠᠪᠢ ᠶᠢᠨ ᠬᠢ ᠶᠤᠮ᠂ ᠡᠩ ᠤᠨ ᠴᠠᠭ ᠲᠤ ᠪᠠᠰᠠ ᠦᠷᠭᠦᠯᠵᠢ ᠠᠳᠡ ᠢᠷᠡᠵᠦ ᠨᠣᠭᠤᠭ᠎ᠠ ᠬᠤᠳᠠᠯᠳᠤᠨ ᠠᠪᠲᠠᠭ᠂ ᠡᠨᠡᠬᠦ ᠣᠨᠴᠠᠭᠠᠶ ᠴᠠᠭ ᠬᠤᠭᠤᠴᠠᠭᠠᠨ ᠳᠤ ᠬᠡᠳᠦ ᠳᠡᠯᠭᠡᠭᠦᠷ ᠤᠨ ᠢᠳᠡᠰᠢᠨ ᠨᠣᠭᠤᠭ᠎ᠠ ᠪᠣᠯᠤᠨ ᠵᠢᠮᠢᠰ ᠤᠨ ᠡᠯ᠎ᠡ ᠵᠦᠢᠯ ᠤᠨ ᠡᠳᠦᠷ ᠲᠤᠲᠤᠮ ᠤᠨ ᠬᠡᠷᠡᠭᠯᠡᠭᠡᠨ ᠤ ᠵᠦᠢᠯ ᠴᠥᠮ ᠪᠠᠶᠢᠬᠤ ᠶᠣᠰᠣᠲᠠᠶ ᠪᠥᠭᠡᠳ ᠴᠢᠨᠠᠷ ᠴᠢᠨᠰᠠᠭ᠎ᠠ ᠪᠠ ᠲᠤᠭ᠎ᠠ ᠬᠡᠮᠵᠢᠶ᠎ᠡ ᠶᠢ ᠪᠠᠲᠤᠯᠠᠳᠠᠭ ᠪᠣᠯᠬᠤᠷ ᠮᠠᠨ ᠤ ᠠᠷᠠᠳ ᠲᠦᠮᠡᠨ ᠴᠥᠮ ᠰᠡᠳᠬᠢᠯ ᠬᠠᠨᠤᠮᠵᠢᠲᠠᠶ ᠪᠠᠶᠢᠨ᠎ᠠ︾ ᠭᠡᠵᠡᠶ᠃      ᠣᠶᠢᠷ᠎ᠠ ᠶᠢᠨ ᠡᠳᠦᠷ ᠤᠳ ᠲᠤ᠂ ᠯᠢᠶᠠᠩᠴᠧᠩ ᠰᠢᠶᠠᠨ ᠤ ᠠᠵᠤ ᠤᠶᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠣᠯᠠᠨ ᠵᠤᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠢᠳᠡᠭᠡᠨ ᠤ ᠵᠦᠶ᠋ᠯ᠂ ᠪᠠᠷᠠᠭᠠᠨ ᠤ ᠪᠠᠷᠠᠭ᠎ᠠ ᠣᠷᠣᠭᠤᠯᠬᠤ ᠪᠣᠭᠤᠮᠲᠠ᠂ ᠦᠨ᠎ᠡ ᠬᠠᠩᠰᠢ ᠶᠢ ᠬᠠᠮᠢᠶᠠᠷᠤᠨ ᠡᠵᠡᠮᠳᠡᠬᠦ ᠪᠣᠭᠤᠮᠲᠠ ᠶᠢ ᠴᠢᠩᠭ᠎ᠠ ᠠᠳᠬᠤᠵᠤ᠂ ᠡᠷᠬᠢᠨ ᠲᠣᠭᠤᠷᠢᠨ ᠤ ᠭᠠᠵᠠᠷ ᠣᠷᠣᠨ ᠤ ᠬᠢᠵᠢᠭ ᠤᠨ ᠪᠠᠶᠢᠳᠠᠯ ᠤᠨ ᠮᠠᠨ ᠤ ᠰᠢᠶᠠᠨ ᠤ ᠰᠠᠭᠤᠭᠠᠯᠢ ᠠᠷᠠᠳ ᠤᠨ ᠠᠮᠢᠳᠤᠷᠠᠯ ᠳᠤ ᠦᠵᠡᠭᠦᠯᠬᠦ ᠨᠥᠯᠥᠭᠡ ᠶᠢ ᠪᠦᠲᠦᠮᠵᠢᠲᠡᠶ ᠰᠡᠷᠭᠡᠶᠢᠯᠡᠨ ᠪᠠᠭᠠᠰᠬᠠᠵᠤ᠂ ᠣᠯᠠᠨ ᠲᠦᠮᠡᠨ ᠤ ᠬᠡᠪ ᠤᠨ ᠠᠮᠢᠳᠤᠷᠠᠯ ᠤᠨ ᠬᠡᠷᠡᠭᠴᠡᠭᠡ ᠶᠢ ᠦᠨᠡᠨ ᠬᠦ ᠪᠠᠲᠤᠯᠠᠪᠠ᠃ ᠯᠢᠶᠠᠩᠴᠧᠩ ᠰᠢᠶᠠᠨ ᠤ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ  ᠲᠤᠪᠴᠢᠶ᠎ᠠ ᠶᠢᠨ ᠳᠡᠳ᠋ ᠳᠠᠷᠤᠭ᠎ᠠ ᠵᠤᠤ ᠵᠢᠶᠠᠨ ᠵᠢᠶᠦ᠋ᠨ᠄ ︽ᠣᠳᠣᠬᠠᠨ ᠳᠤ ᠮᠠᠨ ᠤ ᠰᠢᠶᠠᠨ ᠤ ᠠᠮᠢᠳᠤᠷᠠᠯ ᠤᠨ ᠡᠳ᠋ ᠪᠣᠳᠠᠰ ᠤᠨ ᠢᠷᠡᠯᠳᠡ ᠭᠦᠢᠴᠡᠳ᠂ ᠦᠨ᠎ᠡ ᠬᠠᠩᠰᠢ ᠲᠣᠭᠲᠠᠭᠤᠨ᠂ ᠪᠦᠬᠦ ᠰᠢᠶᠠᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠵᠤ ᠴᠢᠳᠠᠨ᠎ᠠ︾ ᠭᠡᠵᠦ ᠬᠡᠯᠡᠪᠡ᠃                                            ᠨᠠᠶᠢᠷᠠᠭᠤᠯᠤᠭᠴᠢ᠄  ᠯᠢ ᠬᠤᠩ ᠢᠦᠢ                                              ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2