| | | ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠫᠨᠣᠮ ᠪᠧᠩ ᠤᠨ ᠨᠠᠶᠢᠷᠠᠮᠳᠠᠯ ᠲᠣᠮᠣ | ᠠᠰᠠᠷ ᠲᠤ ᠺᠠᠮᠪᠤᠵᠠ ᠶᠢᠨ ᠲᠡᠷᠢᠭᠦᠨ ᠰᠠᠶᠢᠳ ᠡᠾᠦ᠋ᠨᠰᠧᠨ ᠲᠠᠢ ᠬᠡᠯᠡᠯᠴᠡᠭᠡ ᠬᠢᠪᠡ᠃ ᠬᠡᠯᠡᠯᠴᠡᠭᠡ ᠬᠢᠬᠦ ᠠᠴᠠ ᠡᠮᠦᠨ᠎ᠡ | ᠡᠾᠦ᠋ᠨᠰᠧᠨ ᠨᠠᠶᠢᠷᠠᠮᠳᠠᠯ ᠲᠣᠮᠣ ᠠᠰᠠᠷ ᠲᠤ ᠯᠢ ᠺᠧ ᠴᠢᠶᠠᠩ ᠢ ᠤᠭᠲᠤᠬᠤ ᠦᠪᠡᠳᠡᠭᠰᠢ ᠶᠡᠭᠡ ᠤᠭᠲᠤᠯᠭ᠎ᠠ ᠶᠢᠨ | ᠶᠣᠰᠣᠯᠠᠯ ᠶᠠᠪᠤᠭᠤᠯᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ | ᠰᠢᠨᠬᠤᠸᠠ ᠬᠤᠷᠢᠶᠠᠨ ᠤ ᠫᠨᠤᠮ ᠪᠧᠩ ᠤᠨ 11 ᠳ᠋ᠦ᠋ᠭᠡᠷ ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠭᠡ | ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠫᠨᠤᠮ ᠪᠧᠩ ᠤᠨ ᠨᠠᠶᠢᠷᠠᠮᠳᠠᠯ ᠲᠣᠮᠣ | ᠠᠰᠠᠷ ᠲᠤ ᠺᠠᠮᠪᠤᠵᠠ ᠶᠢᠨ ᠲᠡᠷᠢᠭᠦᠨ ᠰᠠᠶᠢᠳ ᠡᠾᠦ᠋ᠨᠰᠧᠨ ᠲᠠᠢ ᠬᠡᠯᠡᠯᠴᠡᠭᠡ ᠬᠢᠪᠡ᠃ | ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠺᠠᠮᠪᠤᠵᠠ ᠭᠦᠨ ᠵᠤᠵᠠᠭᠠᠨ ᠤᠯᠠᠮᠵᠢᠯᠠᠯᠲᠤ | ᠨᠥᠬᠦᠷᠯᠡᠯ ᠲᠠᠢ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠢᠲᠡᠭᠡᠯᠴᠡᠭᠡ ᠲᠠᠢ᠂ ᠡᠯ᠎ᠡ ᠬᠦᠷᠢᠶᠡᠨ ᠤ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠶᠢᠨ ᠦᠷ᠎ᠡ ᠪᠦᠲᠦᠭᠡᠯ ᠲᠠᠢ ᠪᠠᠶᠢᠳᠠᠭ᠃ ᠲᠡᠷᠢᠭᠦᠯᠡᠭᠴᠢ ᠰᠢ ᠶᠢᠨ ᠫᠢᠩ 2016 | ᠣᠨ ᠳᠤ ᠺᠠᠮᠪᠤᠵᠠ ᠳᠤ ᠠᠮᠵᠢᠯᠲᠠ ᠲᠠᠢ ᠠᠶᠢᠯᠴᠢᠯᠠᠯᠲᠠ ᠬᠢᠵᠦ᠂ 2020 ᠣᠨ ᠳᠤ ᠮᠦᠨᠢᠯᠢᠶᠧ ᠲᠠᠶᠢᠬᠡᠦ ᠳᠤ ︽ | ᠨᠥᠬᠦᠷᠯᠡᠯ ᠤᠨ ᠭᠠᠪᠢᠶᠠᠨ ᠲᠡᠮᠳᠡᠭ︾ ᠣᠯᠭᠤᠵᠤ᠂ ᠬᠤᠶᠠᠷ ᠤᠯᠤᠰ ᠤᠨ ᠨᠥᠬᠦᠷᠯᠡᠯ ᠤᠨ ᠰᠢᠨ᠎ᠡ ᠬᠠᠭᠤᠳᠠᠰᠤ ᠶᠢ | ᠦᠷᠭᠦᠯᠵᠢᠯᠡᠨ ᠪᠢᠴᠢᠭᠯᠡᠪᠡ᠃ ᠲᠡᠷᠢᠭᠦᠨ ᠰᠠᠶᠢᠳ ᠠᠪᠤᠭᠠᠢ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠭᠡᠨᠡᠳᠲᠡ ᠡᠭᠦᠰᠦᠭᠰᠡᠨ ᠦᠶ᠎ᠡ ᠳᠤ ᠳᠤᠮᠳᠠᠳᠤ ᠤᠯᠤᠰ ᠲᠤ ᠠᠶᠢᠯᠴᠢᠯᠠᠭᠰᠠᠨ ᠠᠩᠬᠠᠳᠠᠭᠴᠢ | ᠭᠠᠳᠠᠭᠠᠳᠤ ᠤᠯᠤᠰ ᠤᠨ ᠤᠳᠤᠷᠢᠳᠬᠤ ᠬᠥᠮᠥᠨ ᠪᠠᠶᠢᠵᠤ᠂ ᠳᠤᠮᠳᠠᠳᠤ ᠤᠯᠤᠰ ᠤᠨ ᠠᠷᠠᠳ ᠲᠦᠮᠡᠨ ᠳᠤ ᠭᠦᠨ | ᠰᠠᠭᠤᠭᠳᠠᠯ ᠦᠯᠡᠳᠡᠭᠡᠵᠡᠢ᠃ ᠬᠢᠵᠢᠭ ᠤᠨ ᠪᠠᠶᠢᠳᠠᠯ ᠡᠭᠦᠰᠦᠭᠰᠡᠨ ᠭᠤᠷᠪᠠᠨ ᠵᠢᠯ ᠰᠢᠬᠠᠮ ᠤᠨ ᠲᠤᠷᠰᠢ᠂ ᠪᠢ ᠠᠩᠬ᠎ᠠ | ᠤᠳᠠᠭ᠎ᠠ ᠫᠨᠣᠮ ᠪᠧᠩ ᠳᠤ ᠬᠦᠷᠴᠦ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ | ᠬᠤᠷᠠᠯ ᠳᠤ ᠣᠷᠣᠯᠴᠠᠭᠰᠠᠨ ᠤ ᠬᠠᠮᠲᠤ ᠺᠠᠮᠪᠤᠵᠠ ᠳᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠣᠯᠤᠭᠰᠠᠨ ᠳᠤ ᠪᠠᠨ | ᠮᠠᠰᠢ ᠪᠠᠶᠠᠷ ᠲᠠᠢ ᠪᠠᠶᠢᠨ᠎ᠠ᠃ ᠺᠠᠮᠪᠤᠵᠠ ᠶᠢᠨ ᠠᠵᠤ ᠠᠬᠤᠢ ᠨᠡᠶᠢᠭᠡᠮ ᠰᠢᠨ᠎ᠡ ᠬᠥᠭᠵᠢᠯᠲᠡ ᠲᠠᠢ ᠪᠣᠯᠤᠭᠰᠠᠨ ᠳᠤ | ᠳᠤᠮᠳᠠᠳᠤ ᠤᠯᠤᠰ ᠪᠠᠶᠠᠷ ᠬᠦᠷᠭᠡᠵᠦ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠶᠡᠷᠦ ᠠᠴᠠ ᠶᠡᠭᠡ ᠪᠠᠭ᠎ᠠ ᠤᠯᠤᠰ | ᠭᠡᠰᠡᠨ ᠦᠭᠡᠢ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠡᠯ᠎ᠡ ᠤᠯᠤᠰ ᠪᠦᠷ ᠣᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠵᠠᠷᠴᠢᠮ ᠢ ᠵᠢᠷᠤᠮᠯᠠᠵᠤ᠂ ᠺᠠᠮᠪᠤᠵᠠ ᠶᠢᠨ | ᠲᠠᠯ᠎ᠠ ᠶᠢᠨ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ | ᠳᠡᠮᠵᠢᠵᠦ᠂ ᠺᠠᠮᠪᠤᠵᠠ ᠶᠢᠨ ᠳᠡᠯᠡᠬᠡᠢ ᠶᠢᠨ ᠪᠠ ᠭᠠᠵᠠᠷ ᠣᠷᠣᠨ ᠤ ᠲᠠᠪᠴᠠᠩ ᠳᠤ ᠨᠡᠩ ᠴᠢᠬᠤᠯᠠ ᠦᠢᠯᠡᠳᠦᠯ | ᠦᠵᠡᠭᠦᠯᠬᠦ ᠶᠢ ᠳᠡᠮᠵᠢᠵᠦ᠂ ᠳᠤᠷᠠᠲᠠᠶ᠎ᠠ ᠺᠠᠮᠪᠤᠵᠠ ᠶᠢᠨ ᠲᠠᠯ᠎ᠠ ᠶᠢᠨ ᠬᠢᠨ ᠲᠠᠢ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ | ᠣᠯᠣᠯᠴᠠᠭ᠎ᠠ ᠪᠠᠨ ᠨᠢᠭᠲᠠᠷᠠᠭᠤᠯᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠠ ᠠᠩᠬᠠᠷᠴᠤ ᠪᠠᠶᠢᠭ᠎ᠠ | ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠳᠡᠮᠵᠢᠯᠴᠡᠵᠦ᠂ ᠳᠤᠮᠳᠠᠳᠤ ᠺᠠᠮᠪᠤᠵᠠ ᠶᠢᠨ ᠪᠦᠬᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠴᠠᠭ᠎ᠠ ᠶᠢᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠡᠢ᠃ | | ᠯᠢ ᠺᠧ ᠴᠢᠶᠠᠩ ᠵᠢᠭᠠᠬᠤ ᠳᠤ ᠪᠠᠨ᠂ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠺᠠᠮᠪᠤᠵᠠ ᠶᠢᠨ | ᠲᠠᠯ᠎ᠠ ᠶᠢᠨ ᠬᠢᠨ ᠲᠠᠢ ᠢᠷᠡᠬᠦ ᠵᠢᠯ ᠤᠨ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠪᠠᠷ | ᠠᠵᠠ ᠲᠣᠬᠢᠶᠠᠯ ᠪᠣᠯᠭᠠᠨ᠂ ︽ᠳᠤᠮᠳᠠᠳᠤ ᠺᠠᠮᠪᠤᠵᠠ ᠶᠢᠨ ᠨᠥᠬᠦᠷᠯᠡᠯ ᠤᠨ ᠣᠨ︾ ᠤ ᠰᠢᠷᠢᠰ ᠠᠵᠢᠯᠯᠠᠭ᠎ᠠ ᠶᠢ | ᠰᠠᠶᠢᠲᠤᠷ ᠡᠷᠬᠢᠯᠡᠨ᠎ᠡ᠃ ᠺᠠᠮᠪᠤᠵᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨᠴᠢᠯᠠᠯᠲᠠ᠂ ᠠᠵᠤ ᠦᠢᠯᠡᠰᠵᠢᠯᠲᠡ ᠶᠢᠨ | ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠳᠡᠮᠵᠢᠵᠦ᠂ ᠺᠠᠮᠪᠤᠵᠠ ᠶᠢᠨ ᠳᠠᠪᠠᠭᠤᠯᠢᠭ ᠲᠠᠷᠢᠶᠠᠯᠠᠩ ᠤᠨ | ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠶᠢ ᠥᠷᠭᠡᠳᠬᠡᠨ᠂ ᠲᠣᠮᠣ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠺᠠᠮᠪᠤᠵᠠ ᠶᠢᠨ ᠠᠵᠤ ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠬᠤ ᠶᠢ | ᠳᠡᠮᠵᠢᠨ᠎ᠡ᠃ ᠺᠠᠮᠪᠤᠵᠠ ᠶᠢ ᠬᠠᠪᠰᠤᠷᠤᠨ ᠮᠢᠨ᠎ᠠ ᠠᠷᠢᠯᠭᠠᠬᠤ ᠠᠵᠢᠯᠯᠠᠭ᠎ᠠ ᠶᠢ ᠥᠷᠨᠢᠭᠦᠯᠵᠦ᠂ ᠺᠠᠮᠪᠤᠵᠠ ᠶᠢ ᠲᠤᠰᠠᠯᠠᠬᠤ | ᠵᠠᠮ᠂ ᠡᠮ ᠡᠮᠨᠡᠯᠭᠡ᠂ ᠤᠰᠤ ᠬᠠᠩᠭᠠᠬᠤ ᠵᠡᠷᠭᠡ ᠲᠦᠷᠦᠯ ᠵᠦᠢᠯ ᠢ ᠰᠠᠶᠢᠲᠤᠷ ᠨᠠᠶᠢᠳᠠᠪᠤᠷᠢᠵᠢᠭᠤᠯᠵᠤ᠂ ᠺᠠᠮᠪᠤᠵᠠ ᠶᠢᠨ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ᠂ ᠰᠣᠶᠣᠯ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠰᠢᠭᠤᠳ ᠬᠦᠷᠬᠦ ᠡᠭᠡᠯᠵᠢ ᠶᠢᠨ ᠨᠢᠰᠬᠡᠯ ᠢ ᠨᠡᠮᠡᠭᠳᠡᠭᠦᠯᠵᠦ᠂ ᠺᠠᠮᠪᠤᠵᠠ ᠶᠢᠨ | ᠰᠤᠷᠤᠭᠴᠢᠳ ᠤᠨ ᠳᠤᠮᠳᠠᠳᠤ ᠤᠯᠤᠰ ᠲᠤ ᠢᠷᠡᠵᠤ ᠰᠤᠷᠤᠯᠴᠠᠬᠤ ᠶᠢ ᠪᠠᠶᠠᠷᠯᠠᠨ ᠤᠭᠲᠤᠨ᠎ᠠ ᠭᠡᠵᠡᠢ᠃ | ᠯᠢ ᠺᠧ ᠴᠢᠶᠠᠩ ᠴᠢᠬᠤᠯᠠᠴᠢᠯᠠᠬᠤ ᠳᠤ ᠪᠠᠨ᠂ ᠲᠣᠭᠲᠠᠭᠤᠨ᠂ ᠬᠥᠭᠵᠢᠭᠰᠡᠨ᠂ ᠴᠡᠴᠡᠭᠯᠡᠭᠰᠡᠨ ᠺᠠᠮᠪᠤᠵᠠ ᠨᠢ | ᠭᠠᠵᠠᠷ ᠣᠷᠣᠨ ᠤ ᠲᠣᠭᠲᠠᠭᠤᠨ ᠪᠠ ᠬᠥᠭᠵᠢᠯᠲᠡ ᠶᠢ ᠬᠠᠮᠠᠭᠠᠯᠠᠬᠤ᠂ ᠳᠤᠮᠳᠠᠳᠤ ᠤᠯᠤᠰ ᠪᠣᠯᠣᠨ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠠᠷᠢᠯᠴᠠᠭ᠎ᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ | ᠬᠤᠪᠢ ᠳᠤ ᠺᠠᠮᠪᠤᠵᠠ ᠶᠢᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠠᠮᠲᠤᠷᠠᠯᠴᠠᠭᠠᠨ ᠤ ᠤᠳᠤᠷᠢᠳᠬᠤ | ᠬᠥᠮᠥᠰ ᠤᠨ ᠰᠢᠷᠢᠰ ᠬᠤᠷᠠᠯ ᠢ ᠰᠠᠶᠢᠲᠤᠷ ᠡᠷᠬᠢᠯᠡᠬᠦ ᠶᠢ ᠳᠤᠮᠳᠠᠳᠤ ᠤᠯᠤᠰ ᠪᠦᠬᠦ ᠬᠦᠴᠦᠨ ᠢᠶᠠᠷ ᠢᠶᠠᠨ ᠳᠡᠮᠵᠢᠵᠦ᠂ | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠪᠦᠯᠬᠦᠮᠳᠡᠯ ᠪᠠ ᠭᠤᠣᠯᠯᠠᠬᠤ ᠪᠠᠶᠢᠷᠢ ᠰᠠᠭᠤᠷᠢ ᠶᠢ | ᠡᠷᠡᠰ ᠳᠡᠮᠵᠢᠵᠦ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠠᠷ ᠭᠤᠣᠯ ᠤᠳᠤᠷᠢᠳᠤᠮᠵᠢ | ᠪᠣᠯᠭᠠᠭᠰᠠᠨ ᠣᠷᠣᠨ ᠪᠦᠰᠡ ᠶᠢᠨ ᠬᠠᠮᠲᠤᠷᠠᠯᠴᠠᠭᠠᠨ ᠤ ᠪᠣᠷᠣ ᠲᠥᠰᠥᠪ ᠢ ᠳᠡᠮᠵᠢᠵᠦ᠂ ᠵᠡᠭᠦᠨ ᠡᠮᠦᠨᠡᠲᠦ ᠠᠽᠢᠶ᠎ᠠ ᠶᠢᠨ | ᠣᠯᠠᠨ ᠤᠯᠤᠰ ᠤᠨ ᠭᠠᠵᠠᠷ ᠣᠷᠣᠨ ᠤ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠨᠡᠩ ᠶᠡᠭᠡ | ᠦᠢᠯᠡᠳᠦᠯ ᠦᠵᠡᠭᠦᠯᠬᠦ ᠶᠢ ᠳᠡᠮᠵᠢᠨ᠎ᠡ ᠭᠡᠵᠡᠢ᠃ ᠡᠾᠦ᠋ᠨᠰᠧᠨ ᠢᠯᠡᠷᠬᠡᠶᠢᠯᠡᠬᠦ ᠳᠤ ᠪᠠᠨ᠂ ᠺᠠᠮᠪᠤᠵᠠ ᠪᠠ ᠳᠤᠮᠳᠠᠳᠤ | ᠤᠯᠤᠰ ᠪᠣᠯ ᠳᠣᠲᠣᠨᠣᠰᠤᠭ ᠬᠠᠷᠢᠴᠠᠭ᠎ᠠ ᠲᠠᠢ ᠨᠠᠶᠢᠵᠠ ᠶᠤᠮ᠂ ᠺᠠᠮᠪᠤᠵᠠ ᠳᠤᠮᠳᠠᠳᠤ ᠶᠢᠨ ᠨᠥᠬᠦᠷᠯᠡᠯ ᠨᠢ | ᠺᠠᠮᠪᠤᠵᠠ ᠶᠢᠨ ᠠᠷᠠᠳ ᠲᠦᠮᠡᠨ ᠤ ᠬᠦᠷᠢᠶᠡᠯᠡᠯ ᠳᠡᠮᠵᠢᠯᠭᠡ ᠶᠢ ᠣᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ | ᠮᠠᠰᠢ ᠶᠡᠭᠡ ᠬᠦᠰᠡᠯ ᠡᠷᠡᠮᠡᠯᠵᠡᠯ ᠲᠠᠢ ᠪᠠᠶᠢᠨ᠎ᠠ᠃ ᠺᠠᠮᠪᠤᠵᠠ ᠶᠢᠨ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ | ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠺᠠᠮᠪᠤᠵᠠ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠬᠠᠮᠲᠤ ᠪᠠᠷ ᠪᠠᠶᠢᠭᠤᠯᠬᠤ ᠶᠢ ᠳᠡᠮᠵᠢᠵᠦ᠂ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠬᠢᠨ ᠲᠠᠢ ᠬᠠᠮᠲᠤ ᠪᠠᠷ | ᠢᠷᠡᠬᠦ ᠵᠢᠯ ᠤᠨ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠶᠢ ᠳᠤᠷᠠᠰᠬᠠᠬᠤ | ᠠᠵᠢᠯᠯᠠᠭ᠎ᠠ ᠶᠢ ᠰᠠᠶᠢᠲᠤᠷ ᠡᠷᠬᠢᠯᠡᠵᠦ᠂ ᠠᠷᠠᠯᠵᠢᠶ᠎ᠠ᠂ ᠪᠡᠯᠡ ᠣᠷᠣᠭᠤᠯᠤᠯᠲᠠ᠂ ᠬᠥᠳᠡᠭᠡ ᠠᠵᠤ ᠠᠬᠤᠢ᠂ ᠡᠨᠧᠷᠭᠢ᠂ | ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠰᠣᠶᠣᠯ ᠢᠷᠭᠡᠨᠰᠢᠯ ᠵᠡᠷᠭᠡ ᠬᠦᠷᠢᠶᠡᠨ ᠤ | ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭ᠎ᠠ ᠪᠣᠯᠣᠨ | ᠬᠠᠮᠲᠤᠷᠠᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ᠃ ᠺᠠᠮᠪᠤᠵᠠ ᠶᠢᠨ ᠲᠠᠯ᠎ᠠ ᠶᠢᠨ ᠬᠢᠨ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠳᠠᠬᠢ ᠡᠯ᠎ᠡ ᠤᠯᠤᠰ ᠤᠨ ᠡᠷᠬᠡ ᠮᠡᠳᠡᠯ ᠪᠣᠯᠣᠨ | ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠵᠠᠷᠴᠢᠮ ᠢ ᠬᠦᠨᠳᠦᠳᠬᠡᠵᠦ᠂ ᠳᠤᠷᠠᠲᠠᠶ᠎ᠠ | ᠳᠤᠮᠳᠠᠳᠤ ᠶᠢᠨ ᠲᠠᠯ᠎ᠠ ᠶᠢᠨ ᠬᠢᠨ ᠲᠠᠢ ᠤᠯᠠᠨ ᠲᠠᠯ᠎ᠠ ᠶᠢᠨ ᠪᠦᠳᠦᠭᠦᠪᠴᠢ ᠲᠥᠰᠥᠪ ᠤᠨ ᠳᠣᠣᠷ᠎ᠠ ᠨᠢᠭᠲᠠ | ᠵᠣᠬᠢᠴᠠᠭᠤᠯᠤᠨ ᠬᠠᠮᠵᠢᠯᠴᠠᠵᠤ᠂ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠠᠮᠤᠷ ᠲᠣᠭᠲᠠᠭᠤᠨ | ᠪᠠᠶᠢᠳᠠᠯ ᠪᠣᠯᠣᠨ ᠬᠥᠭᠵᠢᠯᠲᠡ ᠶᠢ ᠬᠠᠮᠲᠤ ᠪᠠᠷ ᠬᠠᠮᠠᠭᠠᠯᠠᠨ᠎ᠠ ᠭᠡᠵᠡᠢ᠃ ᠬᠤᠶᠠᠷ ᠲᠠᠯ᠎ᠠ ᠪᠠᠷ ᠢᠶᠠᠨ ᠪᠠᠰᠠ ᠬᠠᠮᠲᠤ ᠪᠠᠷ | ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ | ᠰᠣᠯᠢᠯᠴᠠᠵᠠᠢ᠃ ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠯᠢ ᠺᠧ ᠴᠢᠶᠠᠩ ᠶᠡᠷᠦᠩᠬᠡᠢ ᠰᠠᠶᠢᠳ ᠪᠣᠯᠣᠨ ᠡᠾᠦ᠋ᠨᠰᠧᠨ | ᠲᠡᠷᠢᠭᠦᠨ ᠰᠠᠶᠢᠳ ᠬᠠᠮᠲᠤ ᠪᠠᠷ ᠳᠤᠮᠳᠠᠳᠤ ᠺᠠᠮᠪᠤᠵᠠ ᠶᠢᠨ ᠬᠥᠳᠡᠭᠡ ᠠᠵᠤ ᠠᠬᠤᠢ᠂ ᠰᠠᠭᠤᠷᠢ ᠲᠥᠬᠦᠭᠡᠷᠦᠮᠵᠢ᠂ | ᠰᠤᠷᠭᠠᠨ ᠬᠥᠮᠦᠵᠢᠯ᠂ ᠬᠢᠲᠠᠳ ᠡᠮ ᠡᠮᠨᠡᠯᠭᠡ᠂ ᠪᠣᠭᠤᠮᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠭᠤᠷ | ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠡᠷᠭᠡ ᠬᠦᠷᠢᠶᠡᠨ ᠳᠠᠬᠢ ᠬᠤᠶᠠᠷ ᠲᠠᠯ᠎ᠠ ᠶᠢᠨ ᠬᠢᠨ ᠤ ᠠᠷᠪᠠᠨ ᠬᠡᠳᠦᠨ | ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠭᠡᠷᠡᠴᠢᠯᠡᠵᠦ᠂ ᠫᠨᠣᠮ | ᠪᠧᠩ ᠠᠴᠠ ᠰᠢᠾᠠᠨᠦ᠋ᠺ ᠭᠠᠷᠠᠮ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠤᠨ ᠲᠡᠷᠭᠡ ᠨᠡᠪᠲᠡᠷᠡᠬᠦ ᠵᠢᠴᠢ ᠢᠵᠢ | ᠪᠦᠷᠢᠳᠦᠭᠰᠡᠨ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠲᠦᠷᠦᠯ ᠵᠦᠢᠯ ᠢ ᠰᠢᠯᠵᠢᠭᠦᠯᠦᠨ ᠲᠤᠰᠢᠶᠠᠬᠤ | ᠶᠣᠰᠣᠯᠠᠯ ᠳᠤ ᠣᠷᠣᠯᠴᠠᠪᠠ᠃ ᠳᠤᠮᠳᠠᠳᠤ ᠺᠠᠮᠪᠤᠵᠠ ᠬᠤᠶᠠᠷ ᠲᠠᠯ᠎ᠠ ᠪᠠᠷ ᠢᠶᠠᠨ ᠬᠠᠮᠲᠤᠷᠠᠭᠰᠠᠨ ᠠᠯᠪᠠᠨ ᠮᠡᠳᠡᠭᠡ | ᠨᠡᠶᠢᠲᠡᠯᠡᠬᠦ ᠪᠣᠯᠣᠨ᠎ᠠ᠃ ᠬᠡᠯᠡᠯᠴᠡᠭᠡ ᠬᠢᠬᠦ ᠠᠴᠠ ᠡᠮᠦᠨ᠎ᠡ᠂ ᠡᠾᠦ᠋ᠨᠰᠧᠨ ᠨᠠᠶᠢᠷᠠᠮᠳᠠᠯ ᠲᠣᠮᠣ ᠠᠰᠠᠷ ᠲᠤ ᠯᠢ ᠺᠧ | ᠴᠢᠶᠠᠩ ᠢ ᠤᠭᠲᠤᠬᠤ ᠦᠪᠡᠳᠡᠭᠰᠢ ᠶᠡᠭᠡ ᠶᠣᠰᠣᠯᠠᠯ ᠶᠠᠪᠤᠭᠤᠯᠪᠠ᠃ | ᠯᠢ ᠺᠧ ᠴᠢᠶᠠᠩ ᠶᠡᠷᠦᠩᠬᠡᠢ ᠰᠠᠶᠢᠳ ᠪᠣᠯᠣᠨ ᠡᠾᠦ᠋ᠨᠰᠧᠨ ᠲᠡᠷᠢᠭᠦᠨ ᠰᠠᠶᠢᠳ ᠰᠢᠯᠭᠠᠨ ᠦᠵᠡᠬᠦ ᠲᠠᠶᠢᠰᠠᠨ ᠳᠤ | ᠭᠠᠷᠴᠤ᠂ ᠴᠡᠷᠢᠭ ᠤᠨ ᠬᠥᠭᠵᠢᠮ ᠤᠨ ᠠᠩᠭᠢ ᠶᠢᠨ ᠬᠢᠨ ᠳᠤᠮᠳᠠᠳᠤ ᠺᠠᠮᠪᠤᠵᠠ ᠬᠤᠶᠠᠷ ᠤᠯᠤᠰ ᠤᠨ ᠰᠦᠯᠳᠡ | ᠳᠠᠭᠤᠤ ᠶᠢ ᠬᠥᠭᠵᠢᠮᠳᠡᠪᠡ᠃ | ᠯᠢ ᠺᠧ ᠴᠢᠶᠠᠩ ᠡᠾᠦ᠋ᠨᠰᠧᠨ ᠤ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠪᠡ᠃ | ᠲᠤᠰ ᠡᠳᠦᠷ ᠤᠨ ᠦᠳᠡ ᠶᠢᠨ ᠬᠤᠶᠢᠨ᠎ᠠ ᠯᠢ ᠺᠧ ᠴᠢᠶᠠᠩ ᠺᠠᠮᠪᠤᠵᠠ ᠶᠢᠨ ᠲᠤᠰᠠᠭᠠᠷ ᠲᠣᠭᠲᠠᠨᠢᠯ ᠤᠨ ᠳᠤᠷᠠᠰᠬᠠᠯ ᠤᠨ | ᠬᠥᠰᠢᠶ᠎ᠡ ᠪᠣᠯᠣᠨ ᠤᠯᠤᠰ ᠤᠨ ᠸᠠᠩ ᠰᠢᠾᠠᠨᠦ᠋ᠺ ᠤᠨ ᠱᠤᠭᠤᠮᠠᠯ ᠳᠤ ᠴᠠᠭᠠᠷᠢᠭᠲᠤ ᠴᠡᠴᠡᠭ ᠬᠦᠷᠭᠡᠪᠡ᠃ ᠰᠢᠶᠣᠣ | ᠵᠢᠶᠧ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ |