ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠤᠶᠢᠯᠡᠰᠤᠨ ᠠᠵᠢᠯ ᠢᠶᠠᠨ ᠰᠡᠷᠭᠦᠭᠡᠵᠦ | ᠤᠶᠢᠯᠡᠳᠪᠤᠷᠢᠯᠡᠯ ᠢᠶᠠᠨ ᠰᠡᠷᠭᠦᠭᠡᠬᠦ ᠠᠵᠢᠯ ᠤᠨ ᠲᠤᠬᠠᠶ ᠬᠤᠲᠠ ᠶᠢᠨ ᠵᠠᠰᠠᠭ ᠤᠨ ᠣᠷᠳᠣᠨ ᠤ ᠱᠠᠭᠠᠷᠳᠠᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠲᠦᠷᠭᠡᠨ ᠬᠦᠷᠭᠡᠯᠲᠡ ᠶᠢᠨ ᠠᠵᠢᠯ ᠲᠥᠷᠥᠯ ᠤᠨ ᠡᠮᠬᠢ | ᠵᠢᠷᠤᠮ ᠲᠠᠢ ᠪᠠᠷ ᠠᠵᠢᠯ ᠢᠶᠠᠨ ᠰᠡᠷᠭᠦᠭᠡᠬᠦ ᠶᠢ ᠯᠠᠪᠳᠠᠭᠤᠨ ᠢᠶᠠᠷ ᠠᠬᠢᠭᠤᠯᠬᠤ ᠶᠢᠨ ᠲᠥᠯᠥᠭᠡ᠂ 11 ᠰᠠᠷ᠎ᠠ ᠶᠢᠨ | 17 ᠤ ᠡᠳᠦᠷ᠂ ᠰᠢᠶᠠᠨ ᠤ ᠠᠵᠤ ᠤᠶᠢᠯᠡᠳᠪᠤᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠡᠪᠡᠳᠴᠢᠨ ᠡᠮᠭᠡᠭ ᠰᠡᠷᠭᠡᠶᠢᠯᠡᠨ | ᠬᠢᠵᠠᠭᠠᠷᠯᠠᠬᠤ ᠲᠥᠪ ᠢᠶᠠᠷ ᠪᠦᠷᠢᠯᠳᠦᠭᠰᠡᠨ ᠰᠢᠤᠳᠠᠨ ᠤ ᠲᠦᠷᠭᠡᠨ ᠬᠦᠷᠭᠡᠯᠲᠡ ᠶᠢᠨ ᠪᠠᠶᠢᠴᠠᠭᠠᠯᠲᠠ ᠶᠢᠨ ᠲᠤᠰᠬᠠᠶ | ᠠᠩᠭᠢ ᠠᠴᠠ ᠮᠠᠨ ᠤ ᠰᠢᠶᠠᠨ ᠤ ᠲᠦᠷᠭᠡᠨ ᠬᠦᠷᠭᠡᠯᠲᠡ ᠶᠢᠨ ᠠᠵᠢᠯ ᠲᠥᠷᠥᠯ ᠤᠨ ᠠᠵᠢᠯ ᠢᠶᠠᠨ ᠰᠡᠷᠭᠦᠭᠡᠵᠦ | ᠤᠶᠢᠯᠡᠳᠪᠤᠷᠢᠯᠡᠯ ᠢᠶᠠᠨ ᠰᠡᠷᠭᠦᠭᠡᠬᠦ ᠡᠯ᠎ᠡ ᠵᠤᠶᠢᠯ ᠤᠨ ᠪᠡᠯᠡᠳᠬᠡᠯ ᠠᠵᠢᠯ ᠢ ᠪᠠᠶᠢᠴᠠᠭᠠᠵᠤ ᠰᠢᠯᠭᠠᠨ ᠠᠪᠤᠪᠠ᠃ | | ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠱᠦᠨ ᠹᠧᠩ ᠤᠨ ᠲᠦᠷᠭᠡᠨ ᠬᠦᠷᠭᠡᠯᠲᠡ᠂ ᠵᠢᠩ | ᠳ᠋ᠦᠩ ᠤᠨ ᠲᠦᠷᠭᠡᠨ ᠬᠦᠷᠭᠡᠯᠲᠡ᠂ ᠰᠢᠦᠳᠠᠨ ᠤ ᠲᠦᠷᠭᠡᠨ ᠬᠦᠷᠭᠡᠯᠲᠡ ᠶᠢᠨ ᠡᠵᠡᠩᠨᠡᠯᠲᠡ ᠶᠢᠨ ᠲᠣᠣᠷ ᠴᠡᠭ ᠲᠤ | ᠬᠦᠷᠴᠦ ᠪᠠᠶᠢᠳᠠᠯ ᠢ ᠪᠠᠶᠢᠴᠠᠭᠠᠨ ᠰᠢᠯᠭᠠᠵᠤ᠂ ᠡᠵᠡᠩᠨᠡᠯᠲᠡ ᠶᠢᠨ ᠴᠡᠭ ᠲᠤ ᠬᠦᠷᠬᠦ ᠪᠦᠷᠢ᠂ ᠪᠠᠶᠢᠴᠠᠭᠠᠬᠤ ᠠᠵᠢᠯᠲᠠᠳ | ᠴᠥᠮ ᠲᠦᠷᠭᠡᠨ ᠬᠦᠷᠭᠡᠬᠦ ᠠᠵᠤ ᠠᠬᠤᠶᠢᠯᠠᠯ ᠤᠨ ᠠᠵᠢᠯ ᠢ ᠰᠡᠷᠭᠦᠭᠡᠵᠦ ᠦᠢᠯᠡᠳᠪᠦᠷᠢᠯᠡᠯ ᠢ ᠰᠡᠷᠭᠦᠭᠡᠬᠦ ᠠᠵᠢᠯ ᠤᠨ | ᠲᠥᠰᠦᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠪᠠᠶᠢᠩᠭᠤ ᠶᠢᠨ | ᠲᠥᠰᠦᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠰᠣᠷᠢᠯᠲᠠ ᠪᠣᠯᠤᠨ ᠪᠣᠯᠪᠠᠰᠤᠷᠠᠭᠤᠯᠤᠯ᠂ ᠵᠢᠯᠣᠭᠤᠴᠢ | ᠪᠣᠯᠤᠨ ᠢᠯᠭᠠᠬᠤ ᠠᠵᠢᠯᠲᠠᠨ ᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠲᠥᠰᠦᠯ᠂ ᠤᠰᠠᠳᠬᠠᠬᠤ ᠠᠵᠢᠯ ᠤᠨ | ᠡᠬᠡ ᠳᠠᠩᠰᠠ᠂ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠭᠰᠠᠨ ᠲᠡᠮᠳᠡᠭᠯᠡᠯ᠂ ᠣᠷᠴᠢᠨ ᠲᠣᠭᠤᠷᠢᠨ ᠢ | ᠤᠰᠠᠳᠬᠠᠬᠤ ᠵᠡᠷᠭᠡ 18 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢᠨ ᠲᠣᠭᠤᠷᠢᠨ ᠳᠤ ᠨᠠᠷᠢᠨ ᠪᠠᠶᠢᠴᠠᠭᠠᠯᠲᠠ ᠬᠢᠭᠰᠡᠨ | ᠪᠠᠶᠢᠨ᠎ᠠ᠃ ᠡᠭᠦᠨ ᠤ ᠬᠠᠮᠲᠤ᠂ ᠪᠠᠶᠢᠴᠠᠭᠠᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠠᠯᠠᠨ | ᠰᠠᠶᠢᠵᠢᠷᠠᠭᠤᠯᠬᠤ ᠴᠢᠬᠤᠯᠠᠲᠠᠶ ᠵᠤᠶᠢᠯᠡᠰ ᠢ ᠲᠦᠷᠭᠡᠨ ᠬᠦᠷᠭᠡᠬᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ | ᠲᠡᠭᠦᠯᠳᠡᠷᠵᠢᠭᠦᠯᠬᠦ ᠪᠠ ᠴᠡᠭᠴᠡᠯᠡᠨ ᠰᠠᠶᠢᠵᠢᠷᠠᠭᠤᠯᠬᠤ ᠶᠢ ᠮᠡᠳᠡᠭᠳᠡᠨ᠎ᠡ᠃ | | ᠠᠵᠤ ᠤᠶᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠰᠢᠤᠳᠠᠨ ᠤ ᠶᠠᠪᠤᠳᠠᠯ ᠤᠨ ᠲᠦᠷᠭᠡᠨ | ᠬᠦᠷᠭᠡᠯᠲᠡ ᠶᠢᠨ ᠪᠠᠶᠢᠴᠠᠭᠠᠯᠲᠠ ᠶᠢᠨ ᠲᠤᠰᠬᠠᠶ ᠠᠩᠭᠢ ᠶᠢᠨ ᠭᠡᠰᠢᠭᠦᠨ ᠸᠠᠩ ᠶᠦᠩ ᠹᠧᠩ ᠰᠤᠷᠪᠤᠯᠵᠢᠯᠠᠭᠴᠢ ᠳᠤ | ᠬᠡᠯᠡᠬᠦ ᠳᠡᠭᠡᠨ᠄ ︽ᠲᠠᠷᠠᠭᠠᠴᠢ ᠶᠢᠨ ᠠᠯᠬᠤᠮ ᠳᠤ᠂ ᠪᠢᠳᠡ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ | ᠠᠵᠢᠯ ᠢᠶᠠᠨ ᠰᠡᠷᠭᠦᠭᠡᠵᠦ ᠦᠶ᠋ᠯᠡᠳᠪᠦᠷᠢᠯᠡᠯ ᠢᠶᠠᠨ ᠰᠡᠷᠭᠦᠭᠡᠬᠦ ᠲᠥᠰᠦᠯ ᠤᠨ ᠶᠣᠰᠣᠭᠠᠷ ᠡᠮᠦᠨᠡᠬᠢ ᠬᠤᠭᠤᠴᠠᠭᠠᠨ ᠤ | ᠪᠡᠯᠡᠳᠬᠡᠯ ᠠᠵᠢᠯ ᠢ ᠰᠠᠶᠢᠲᠤᠷ ᠬᠢᠬᠦ ᠶᠢ ᠦᠷᠭᠦᠯᠵᠢᠯᠡᠨ ᠰᠢᠪᠠᠳᠠᠨ ᠵᠢᠯᠣᠭᠤᠳᠴᠤ᠂ ᠠᠵᠢᠯ ᠢᠶᠠᠨ ᠰᠡᠷᠭᠦᠭᠡᠵᠦ | ᠤᠶᠢᠯᠡᠳᠪᠤᠷᠢᠯᠡᠯ ᠢᠶᠠᠨ ᠰᠡᠷᠭᠦᠭᠡᠬᠦ ᠨᠥᠬᠦᠴᠡᠯ ᠳᠤ ᠨᠡᠶᠢᠴᠡᠬᠦ ᠲᠦᠷᠭᠡᠨ ᠬᠦᠷᠭᠡᠯᠲᠡ ᠶᠢᠨ ᠲᠣᠤᠷ ᠴᠡᠭ ᠢ ᠴᠠᠭ | ᠲᠤᠬᠠᠶ ᠳᠤᠨᠢ ᠰᠢᠯᠭᠠᠨ ᠠᠪᠴᠤ᠂ ᠮᠠᠨ ᠤ ᠰᠢᠶᠠᠨ ᠤ ᠲᠦᠷᠭᠡᠨ ᠬᠦᠷᠭᠡᠯᠲᠡ ᠶᠢᠨ ᠤᠶᠢᠯᠡᠰ ᠤᠨ ᠬᠡᠪ ᠤᠨ | ᠡᠵᠡᠩᠨᠡᠯᠲᠡ ᠪᠠᠨ ᠲᠦᠷᠭᠡᠬᠡᠨ ᠰᠡᠷᠭᠦᠭᠡᠬᠦ ᠶᠢ ᠦᠨᠡᠨ ᠬᠦ ᠪᠠᠲᠤᠯᠠᠨ᠎ᠠ︾ ᠭᠡᠵᠡᠶ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ᠄ ᠼᠦᠢ ᠴᠢᠩ |