ᠬᠠᠶᠢᠷ᠎ᠠ ᠰᠡᠳᠭᠢᠯᠳᠦ ᠠᠵᠤ ᠠᠬᠤᠶᠢᠯᠠᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠠᠵᠢᠯᠲᠠᠳ  ᠢ ᠲᠣᠬᠤᠨᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/11/19
  11 ᠰᠠᠷ᠎ᠠ ᠶᠢᠨ 18 ᠤ ᠡᠳᠦᠷ᠂ ᠪᠣᠷᠣᠲᠣᠬᠤᠶ ᠠᠷᠢᠬᠢᠨ ᠤ ᠦᠢᠯᠡᠰ ᠤᠨ ᠯᠢᠶᠠᠩᠴᠧᠩ ᠬᠤᠲᠠ ᠶᠢᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠰᠢᠨ ᠴᠤᠤ ᠯᠦᠩ ᠠᠷᠢᠬᠢᠨ ᠤ ᠦᠢᠯᠡᠰ ᠤᠨ ᠬᠢᠨ ᠮᠠᠨ ᠤ ᠰᠢᠶᠠᠨ ᠤ ᠲᠢᠶᠠᠨ ᠴᠧᠩ ᠰᠢᠶᠠᠩ ᠤᠨ ᠬᠢᠵᠢᠭ ᠤᠨ ᠪᠠᠶᠢᠳᠠᠯ ᠢ ᠪᠠᠶᠢᠴᠠᠭᠠᠨ ᠬᠡᠮᠵᠢᠬᠦ ᠥᠷᠲᠡᠭᠡᠨ ᠤ ᠨᠢᠭᠡᠳᠦᠭᠡᠷ ᠹᠷᠣᠨᠲ ᠤᠨ ᠠᠵᠢᠯᠲᠠᠳ ᠢ ᠲᠣᠬᠤᠨᠢᠭᠤᠯᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠠᠵᠢᠯᠲᠠᠳ ᠲᠤ ᠬᠦᠨᠳᠦᠳᠬᠡᠯ ᠪᠠ ᠲᠠᠯᠠᠷᠬᠠᠯ ᠢᠶᠠᠨ ᠳᠡᠪᠰᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦ ᠨᠡᠮᠡᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠲᠠᠳ ᠲᠤ ᠬᠦᠴᠦ ᠨᠡᠮᠡᠭᠰᠡᠨ ᠪᠥᠭᠡᠳ ᠲᠡᠳᠡᠨ ᠳᠤ ᠷᠠᠰᠢᠶᠠᠨ ᠤᠰᠤ᠂ ᠳᠥᠭᠦᠮ ᠮᠢᠨᠲᠤᠤᠷ᠂ ᠦᠨᠢᠶᠡᠨ  ᠰᠦ ᠵᠡᠷᠭᠡ 60 ᠬᠠᠶᠢᠷᠴᠠᠭ ᠲᠣᠬᠤᠨᠢᠭᠤᠯᠬᠤ ᠡᠳ᠋ ᠪᠣᠳᠠᠰ ᠬᠦᠷᠭᠡᠵᠡᠶ᠃
        ᠬᠠᠶᠢᠷ᠎ᠠ ᠬᠠᠯᠠᠮᠵᠢ ᠬᠦᠷᠭᠡᠬᠦ ᠠᠵᠤ ᠠᠬᠤᠶᠢᠯᠠᠯ ᠤᠨ ᠬᠠᠨᠳᠢᠪᠯᠠᠯ ᠨᠢ ᠬᠢᠵᠢᠭ ᠤᠨ ᠪᠠᠶᠢᠳᠠᠯ ᠢ ᠡᠰᠡᠷᠭᠦᠴᠡᠬᠦ ᠪᠠᠶᠢᠩᠭᠤ ᠶᠢᠨ ᠴᠢᠨᠠᠷᠲᠠᠶ ᠠᠵᠢᠯ ᠢ ᠳᠡᠮᠵᠢᠵᠦ ᠪᠠᠶᠢᠬᠤ ᠪᠠᠷ ᠪᠠᠷᠠᠬᠤ ᠥᠬᠡᠶ᠂ ᠨᠠᠩ ᠴᠤ ᠬᠢᠵᠢᠭ ᠤᠨ ᠪᠠᠶᠢᠳᠠᠯ ᠤᠨ ᠵᠠᠮ ᠬᠠᠷᠢᠯᠴᠠᠭᠠᠨ ᠤ ᠪᠠᠶᠢᠴᠠᠭᠠᠨ ᠰᠢᠯᠭᠠᠬᠤ ᠥᠷᠲᠡᠭᠡᠨ ᠤ ᠵᠢᠵᠢᠭᠦᠷᠯᠡᠭᠴᠢᠳ ᠤᠨ ᠡᠳᠦᠷ ᠰᠥᠨᠢ ᠥᠬᠡᠶ ᠨᠢᠭᠡᠳᠦᠭᠡᠷ ᠹᠷᠣᠨᠲ ᠢ ᠪᠠᠲᠤ ᠰᠠᠬᠢᠬᠤ ᠳᠤ ᠯᠤᠲᠤ ᠶᠡᠭᠡ ᠵᠣᠷᠢᠭᠵᠢᠭᠤᠯᠤᠯ ᠪᠣᠯᠵᠣ᠂ ᠬᠠᠶᠢᠷᠴᠠᠭ ᠢᠶᠠᠷ ᠳᠦᠭᠦᠷᠡᠩ ᠬᠠᠶᠢᠷ᠎ᠠ ᠬᠠᠯᠠᠮᠵᠢ ᠬᠦᠷᠭᠡᠬᠦ ᠡᠳ᠋ ᠪᠣᠳᠠᠰ ᠨᠢ ᠨᠢᠭᠡᠳᠦᠭᠡᠷ ᠹᠷᠣᠨᠲ ᠤᠨ ᠬᠢᠵᠢᠭ ᠢ ᠰᠡᠷᠭᠡᠶᠢᠯᠡᠬᠦ ᠬᠥᠮᠦᠰ ᠲᠤ ᠠᠷᠠᠳ ᠣᠯᠠᠨ ᠤ ᠬᠠᠶᠢᠷ᠎ᠠ ᠬᠠᠯᠠᠮᠵᠢ ᠪᠠ ᠬᠠᠯᠠᠭᠤᠨ ᠳᠤᠯᠠᠭᠠᠨ ᠢ ᠭᠦᠨᠵᠡᠭᠡᠶ ᠮᠡᠳᠡᠷᠡᠭᠦᠯᠦᠭᠰᠡᠨ ᠪᠠᠶᠢᠨ᠎ᠠ᠃        ᠡᠮᠦᠨ᠎ᠡ ᠹᠷᠣᠨᠲ ᠢ ᠪᠠᠲᠤ ᠰᠠᠬᠢᠵᠤ ᠪᠠᠶᠢᠭ᠎ᠠ ᠠᠵᠢᠯᠲᠠᠳ ᠤᠨ ᠰᠡᠳᠬᠢᠯ ᠢ ᠶᠡᠬᠡᠳᠡ ᠳᠣᠭᠳᠣᠯᠤᠭᠤᠯᠵᠤ᠂ ᠵᠢᠵᠢᠭᠦᠷᠯᠡᠬᠦ ᠳᠤ ᠣᠷᠣᠯᠴᠠᠭᠰᠠᠨ ᠲᠢᠶᠠᠨ ᠴᠧᠩ ᠰᠢᠶᠠᠩ ᠤᠨ ᠲᠣᠮᠢᠯᠠᠭᠰᠠᠨ ᠰᠠᠯᠪᠤᠷᠢ ᠶᠢᠨ ᠳᠠᠷᠤᠭ᠎ᠠ ᠯᠢ ᠫᠸᠢ ᠴᠧᠩ ᠄ ︽ᠪᠣᠷᠣᠲᠣᠬᠤᠢ ᠶᠢᠨ ᠠᠷᠢᠬᠢᠨ ᠤ ᠦᠢᠯᠡᠰ ᠤᠨ ᠯᠢᠶᠠᠩᠴᠧᠩ ᠰᠢᠶᠠᠨ ᠤ ᠡᠵᠡᠩᠨᠡᠨ ᠪᠣᠷᠣᠯᠠᠭᠤᠯᠬᠤ ᠭᠠᠵᠠᠷ ᠤᠨ ᠠᠪᠴᠢᠷᠠᠭᠰᠠᠨ ᠬᠠᠯᠠᠭᠤᠨ ᠳᠤᠯᠠᠭᠠᠨ᠂ ᠲᠣᠬᠤᠨᠢᠭᠤᠯᠬᠤ ᠪᠣᠳᠠᠰ ᠲᠤ ᠲᠠᠯᠠᠷᠬᠠᠵᠤ ᠪᠠᠶᠢᠨ᠎ᠠ᠂ ᠪᠢᠳᠡ ᠬᠡᠵᠢᠶᠡᠳᠡ ᠨᠢᠭᠡ ᠲᠡᠷᠭᠡ ᠶᠢ ᠴᠦ ᠲᠠᠯᠪᠢᠬᠤ ᠦᠭᠡᠢ᠂ ᠨᠢᠭᠡ ᠬᠥᠮᠦᠨ ᠢ ᠴᠦ ᠰᠠᠭᠠᠲᠠᠭᠠᠬᠤ ᠦᠭᠡᠢ ᠪᠠᠶᠢᠬᠤ ᠵᠠᠷᠴᠢᠮ ᠢᠶᠠᠷ ᠨᠠᠰᠢ ᠴᠠᠰᠢ ᠥᠩᠭᠡᠷᠡᠬᠦ ᠲᠡᠷᠭᠡ ᠶᠢ ᠤᠰᠠᠳᠬᠠᠵᠤ᠂ ᠭᠤᠷᠪᠠᠨ ᠺᠣᠳ᠋ ᠨᠢᠭᠡ ᠦᠨᠡᠮᠯᠡᠯ ᠢ ᠪᠠᠶᠢᠴᠠᠭᠠᠵᠤ᠂ ᠪᠢᠲᠡᠭᠦᠦ ᠴᠠᠭᠠᠷᠢᠭ ᠢᠶᠠᠷ ᠬᠠᠮᠢᠶᠠᠷᠴᠤ᠂ ᠪᠢᠲᠡᠭᠦᠮᠵᠢᠯᠡᠬᠦ ᠬᠠᠭᠤᠳᠠᠰᠤ ᠨᠠᠭᠠᠵᠤ᠂ ᠪᠦᠬᠦ ᠰᠢᠶᠠᠨ ᠤ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠯᠠᠪᠲᠠᠢ ᠰᠠᠶᠢᠲᠤᠷ ᠬᠠᠮᠠᠭᠠᠯᠠᠨ᠎ᠠ︾ ᠭᠡᠵᠦ ᠬᠡᠯᠡᠪᠡ᠃                                                   ᠨᠠᠶᠢᠷᠠᠭᠤᠯᠤᠭᠴᠢ᠄   ᠶᠠᠩ  ᠿᠦᠢ ᠵᠧᠨ                                                   ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2