ᠮᠠᠨ ᠤ ᠰᠢᠶᠠᠨ ᠲᠥᠪ ᠬᠤᠲᠠ ᠶᠢᠨ ᠲᠣᠭᠤᠷᠢᠭ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠣᠷᠣᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/11/2
   ᠣᠶᠢᠷ᠎ᠠ ᠳᠤ᠂ ᠪᠥᠬᠦ ᠤᠯᠤᠰ ᠤᠨ ᠬᠢᠵᠢᠭ ᠤᠨ ᠪᠠᠶᠢᠳᠠᠯ ᠬᠦᠨᠳᠦ ᠬᠡᠴᠡᠭᠦᠤ ᠪᠥᠭᠡᠳ ᠪᠤᠳᠤᠯᠢᠶᠠᠨᠲᠠᠶ ᠪᠠᠶᠢᠵᠤ᠂ ᠮᠠᠨ ᠤ ᠰᠢᠶᠠᠨ ᠤ ᠡᠷᠬᠢᠨ ᠲᠣᠭᠤᠷᠢᠨ ᠤ ᠭᠠᠵᠠᠷ ᠣᠷᠣᠨ ᠳᠤ ᠵᠠᠯᠭᠠᠭ᠎ᠠ ᠪᠠᠷ ᠲᠥᠪᠯᠡᠷᠡᠭᠰᠡᠨ ᠴᠢᠨᠠᠷᠲᠠᠶ ᠬᠢᠵᠢᠭ ᠤᠨ ᠪᠠᠶᠢᠳᠠᠯ ᠢᠯᠡᠷᠡᠵᠡᠶ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ 11 ᠰᠠᠷ᠎ᠠ ᠶᠢᠨ 1 ᠤ ᠡᠳᠦᠷ᠂ ᠮᠠᠨ ᠤ ᠰᠢᠶᠠᠨ ᠲᠥᠪ ᠬᠤᠲᠠ ᠶᠢᠨ ᠲᠣᠭᠤᠷᠢᠭ ᠤᠨ ᠬᠡᠪᠴᠢᠶᠡᠨ ᠳᠤ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠪᠡ᠃
         ᠬᠠᠷ᠎ᠠ ᠥᠷᠯᠥᠭᠡ᠂ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠨᠡᠶᠢᠭᠡᠮ ᠲᠣᠭᠤᠷᠢᠭ ᠤᠨ ᠬᠥᠮᠦᠰ ᠲᠠᠢ ᠨᠢᠭᠲᠠ ᠬᠠᠮᠵᠢᠯᠴᠠᠨ᠂ ᠮᠥᠷᠥ ᠵᠡᠷᠭᠡᠴᠡᠨ ᠪᠠᠶᠢᠯᠳᠤᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠬᠠᠮᠤᠭ ᠤᠨ ᠡᠮᠦᠨ᠎ᠡ ᠵᠠᠬ᠎ᠠ ᠶᠢ ᠪᠠᠲᠤ ᠰᠠᠬᠢᠵᠤ᠂ ᠪᠣᠳᠠᠲᠠᠢ ᠠᠵᠢᠯᠯᠠᠭ᠎ᠠ ᠪᠠᠷ ᠢᠶᠠᠨ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠬᠠᠷᠢᠭᠤᠴᠠᠯᠭ᠎ᠠ ᠪᠣᠯᠤᠨ ᠡᠭᠦᠷᠭᠡᠯᠡᠯ ᠢ ᠦᠢᠯᠡᠳᠦᠯᠭᠡᠵᠢᠭᠦᠯᠵᠡᠢ᠃ ᠰᠤᠷᠪᠤᠯᠵᠢᠯᠠᠭᠴᠢ ᠮᠢᠶᠣᠣ ᠶᠤᠸᠠᠨ ᠪᠠᠭ᠎ᠠ ᠲᠣᠭᠤᠷᠢᠭ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠲᠤᠬᠠᠶ ᠶᠢᠨ ᠲᠠᠯᠠᠪᠠᠶ ᠳᠤ ᠣᠯᠵᠤ ᠦᠵᠡᠭᠰᠡᠨ ᠨᠢ᠂ ᠠᠵᠢᠯᠲᠠᠨ ᠤ ᠠᠵᠢᠯ ᠤᠨ ᠬᠤᠪᠢᠶᠠᠷᠢᠯᠠᠯ ᠲᠣᠳᠣᠷᠬᠠᠶ᠂ ᠨᠢᠭᠲᠠ ᠬᠠᠮᠵᠢᠯᠴᠠᠵᠤ᠂ ᠮᠡᠳᠡᠭᠡ ᠵᠠᠩᠭᠢ ᠳᠠᠩᠰᠠᠯᠠᠬᠤ᠂ ᠺᠣᠳ᠋ ᠰᠢᠷᠪᠢᠵᠦ ᠳᠤᠯᠠᠭᠠᠨ ᠢ ᠬᠡᠮᠵᠢᠬᠦ᠂ ᠥᠯᠢᠭᠡᠷ ᠠᠪᠴᠤ ᠳᠠᠩᠰᠠᠯᠠᠬᠤ᠂ ᠲᠡᠮᠳᠡᠭ ᠨᠠᠭᠠᠬᠤ᠂ ᠲᠤᠬᠠᠶ ᠶᠢᠨ ᠲᠠᠯᠠᠪᠤᠷ ᠤᠨ ᠡᠮᠬᠢ ᠵᠢᠷᠤᠮ ᠤᠨ ᠬᠠᠮᠢᠶᠠᠷᠤᠯᠲᠠ ᠵᠡᠷᠭᠡ ᠠᠵᠢᠯ ᠢ ᠢᠳᠡᠪᠬᠢᠲᠡᠶ ᠰᠠᠶᠢᠲᠤᠷ ᠬᠢᠬᠦ ᠶᠢᠨ ᠬᠠᠮᠲᠤ ᠪᠠᠰᠠ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠯᠭᠡᠵᠦ᠂ ᠬᠤᠯᠪᠣᠭᠳᠠᠯ ᠪᠥᠬᠦᠶ ᠬᠢᠵᠢᠭ ᠢ ᠰᠡᠷᠭᠡᠶᠢᠯᠡᠬᠦ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠰᠠᠭᠤᠭᠠᠯᠢ ᠠᠷᠠᠳ ᠢ ᠢᠳᠬᠠᠨ ᠪᠠᠶᠢᠩᠭᠤ ᠶᠢᠨ ᠴᠢᠨᠠᠷᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠲᠣᠭᠲᠠᠭᠠᠯ ᠢ ᠵᠢᠷᠤᠮᠯᠠᠭᠤᠯᠬᠤ ᠪᠠᠷ ᠢᠳᠬᠠᠵᠠᠶ᠃  ᠰᠢᠶᠠᠨ ᠤ ᠵᠠᠰᠠᠭ ᠤᠨ ᠶᠠᠪᠤᠳᠠᠯ ᠤᠨ  ᠤᠶᠢᠯᠡᠴᠢᠯᠡᠭᠡᠨ ᠤ ᠲᠣᠪᠴᠢᠶ᠎ᠠ ᠶᠢᠨ ᠳᠡᠳ᠋ ᠳᠠᠷᠤᠭ᠎ᠠ ᠵᠠᠩ ᠰᠢᠨ ᠢ ᠬᠡᠯᠡᠬᠦ ᠳᠡᠭᠡᠨ᠄ ︽ᠪᠢᠳᠡ 6 ᠴᠠᠭ 30 ᠮᠢᠨᠦ᠋ᠲ ᠲᠤ ᠪᠦᠬᠦᠨ ᠢᠶᠠᠷ ᠢᠶᠠᠨ ᠠᠵᠢᠯ ᠤᠨ ᠪᠠᠶᠢᠷᠢ ᠳᠤ ᠭᠠᠷᠴᠤ᠂ ᠡᠮᠬᠢ ᠵᠢᠷᠤᠮ ᠤᠨ ᠬᠠᠮᠠᠭᠠᠯᠠᠯᠲᠠ᠂ ᠮᠡᠳᠡᠭᠡ ᠵᠠᠩᠭᠢ ᠶᠢᠨ ᠣᠷᠣᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠡᠶ᠂ ᠲᠣᠰ ᠬᠤᠷᠢᠶᠠᠯᠠᠯ ᠳᠤ ᠨᠠᠰᠤᠲᠠᠶᠢᠴᠤᠳ ᠨᠡᠯᠢᠶᠡᠳ ᠣᠯᠠᠨ ᠪᠠᠶᠢᠳᠠᠭ ᠪᠣᠯᠬᠤᠷ ᠪᠢᠳᠡ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠲᠠᠢ ᠬᠠᠮᠲᠤ ᠸᠢᠴᠠᠲ ᠤᠨ ᠪᠦᠯᠦᠭ᠂ ᠳ᠋ᠢᠶᠠᠩᠬᠤᠸᠠ ᠵᠡᠷᠭᠡ ᠠᠷᠭ᠎ᠠ ᠮᠠᠶ᠋ᠢᠭ ᠢᠶᠠᠷ ᠰᠠᠭᠤᠭᠠᠯᠢ ᠡᠷᠦᠬᠡ ᠳᠤ ᠤᠷᠢᠳᠴᠢᠯᠠᠨ ᠮᠡᠳᠡᠭᠳᠡᠭᠰᠡᠨ ᠪᠥᠭᠡᠳ ᠪᠥᠭᠡᠮ ᠬᠦᠴᠢᠯ ᠢ ᠪᠠᠶᠢᠴᠠᠭᠠᠨ ᠰᠢᠯᠭᠠᠬᠤ ᠳᠤ ᠠᠩᠬᠠᠷᠬᠤ  ᠵᠤᠶᠢᠯᠡᠰ ᠢ ᠰᠠᠨᠠᠭᠤᠯᠵᠤ᠂ ᠪᠥᠭᠡᠮ ᠬᠦᠴᠢᠯ ᠢ ᠨᠢᠭᠡ ᠡᠷᠦᠬᠡ ᠳᠤ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠳᠤ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠪᠠ︾ ᠭᠡᠵᠡᠶ᠃
       ᠡᠯ᠎ᠡ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠢᠳᠡᠪᠬᠢᠲᠡᠶ ᠬᠠᠮᠵᠢᠯᠴᠠᠵᠤ᠂ ᠤᠬᠠᠮᠰᠠᠷ ᠠᠴᠠ ᠪᠠᠨ ᠨᠢᠭᠡ ᠮᠧᠲᠷ ᠤᠨ ᠵᠠᠶ ᠶᠢ ᠪᠠᠲᠤᠯᠠᠵᠤ᠂ ᠥᠯᠢᠭᠡᠷ ᠠᠪᠬᠤ ᠲᠣᠭᠤᠷᠢᠭ ᠲᠤ ᠮᠥᠷᠯᠡᠨ ᠣᠷᠣᠵᠤ ᠳᠡᠩᠰᠡᠯᠡᠨ ᠲᠡᠮᠳᠡᠭᠯᠡᠵᠦ᠂ ᠥᠯᠢᠭᠡᠷ ᠠᠪᠴᠤ᠂ ᠪᠦᠬᠦ᠋ᠢᠯᠡ ᠪᠥᠭᠡᠮ ᠬᠦᠴᠢᠯ ᠢ ᠪᠠᠶᠢᠴᠠᠭᠠᠨ ᠬᠡᠮᠵᠢᠵᠦ ᠴᠤᠭᠯᠠᠭᠤᠯᠬᠤ ᠶᠠᠪᠤᠴᠠ ᠨᠢ ᠡᠮᠬᠢ ᠳᠢᠭᠯᠢᠮ ᠲᠠᠢ ᠪᠠᠶᠢᠨ᠎ᠠ᠃ ᠹᠦ᠋ ᠬᠠᠶ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠰᠢᠤᠢ ᠯᠢ ᠷᠦᠩ᠄ ︽ᠲᠡᠳᠡᠨ ᠤ ᠠᠵᠢᠯ ᠦᠨᠡᠬᠡᠷ ᠮᠠᠰᠢ ᠵᠦᠳᠡᠷᠡᠯᠲᠡᠶ᠂ ᠬᠢᠵᠢᠭ ᠢ ᠰᠡᠷᠭᠡᠶᠢᠯᠡᠬᠦ ᠬᠤᠭᠤᠴᠠᠭᠠᠨ ᠳᠤ ᠪᠢᠳᠡ ᠢᠳᠡᠪᠬᠢᠲᠡᠶ ᠬᠠᠮᠵᠢᠯᠴᠠᠬᠤ ᠬᠡᠷᠡᠭᠲᠡᠶ᠂ ᠡᠭᠦᠨ ᠤ ᠬᠠᠮᠲᠤ ᠥᠪᠡᠷ ᠤᠨ ᠪᠡᠶ᠎ᠡ ᠪᠣᠯᠤᠨ ᠣᠯᠠᠨ ᠤ ᠡᠷᠡᠭᠦᠯ ᠮᠡᠨᠳᠦ ᠶᠢᠨ ᠲᠥᠯᠥᠭᠡ᠂ ᠪᠢᠳᠡ ᠵᠣᠬᠢᠬᠤ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠠᠪᠬᠤ ᠬᠡᠷᠡᠭᠲᠡᠶ︾ ᠭᠡᠵᠡᠶ᠃                                             ᠨᠠᠶᠢᠷᠠᠭᠤᠯᠤᠭᠴᠢ᠄   ᠶᠠᠩ  ᠿᠦᠢ ᠵᠧᠨ                                             ᠤᠷᠴᠢᠭᠤᠯᠤᠭᠴᠢ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2