ᠯᠢᠦ ᠶᠢᠨ ᠲᠤᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/2
   11 ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠭᠤᠤᠯ ᠤᠳᠤᠷᠢᠳᠤᠯᠭ᠎ᠠ ᠶᠢᠨ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠰᠢᠶᠠᠨ ᠤ ᠣᠶᠢᠷ᠎ᠠ ᠶᠢᠨ ᠬᠤᠭᠤᠴᠠᠭᠠᠨ ᠤ ᠪᠠᠶᠢᠩᠭᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠳᠠᠬᠢᠨ ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠵᠡᠷᠭᠡ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠬᠠᠮᠢᠶ᠎ᠠ ᠪᠥᠬᠦᠶ ᠤᠳᠤᠷᠢᠳᠤᠯᠭ᠎ᠠ ᠬᠤᠷᠠᠯ ᠳᠤ ᠣᠷᠣᠯᠴᠠᠵᠠᠶ᠃      ᠬᠤᠷᠠᠯ ᠠᠴᠠ ᠴᠢᠬᠤᠯᠠᠴᠢᠯᠠᠭᠰᠠᠨ ᠨᠢ    ᠰᠢᠶᠠᠨ ᠤ ᠬᠡᠪᠴᠢᠶᠡᠨ ᠤ ᠵᠠᠮ ᠬᠠᠷᠢᠯᠴᠠᠭᠠᠨ ᠤ ᠪᠠᠶᠢᠴᠠᠭᠠᠬᠤ ᠥᠷᠲᠡᠭᠡ ᠶᠢᠨ ᠴᠢᠩᠭ᠎ᠠ ᠪᠠᠶᠢᠴᠠᠭᠠᠨ ᠰᠢᠯᠭᠠᠬᠤ ᠶᠢ ᠦᠷᠭᠦᠯᠵᠢᠯᠡᠨ ᠬᠡᠷᠡᠭᠵᠢᠭᠦᠯᠵᠦ᠂ ᠡᠳ᠋ ᠪᠠᠷᠠᠭᠠᠨ ᠤ ᠲᠡᠭᠡᠭᠡᠪᠦᠷᠢ ᠶᠢᠨ ᠠᠮᠤᠷ ᠲᠦᠪᠰᠢᠨ ᠪᠠ ᠰᠠᠭᠠᠳ ᠥᠬᠡᠶ ᠨᠡᠪᠲᠡᠷᠡᠬᠦ ᠶᠢ ᠪᠠᠲᠤᠯᠠᠨ᠂ ᠬᠤᠤᠰ ᠴᠢᠭᠯᠡᠯ ᠢᠶᠠᠷ ᠡᠵᠡᠮᠳᠡᠬᠦ᠂ ᠨᠠᠶᠢᠳᠠᠪᠤᠷᠢᠵᠢᠭᠤᠯᠤᠨ ᠪᠠᠶᠢᠴᠠᠭᠠᠬᠤ᠂ ᠮᠥᠷᠳᠡᠨ ᠪᠠᠶᠢᠴᠠᠭᠠᠬᠤ ᠵᠡᠷᠭᠡ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠶ᠃ ᠭᠤᠤᠯᠳᠠᠯᠭ᠎ᠠ ᠲᠠᠢ ᠬᠥᠮᠦᠰ ᠪᠠ ᠠᠶᠤᠯ ᠲᠦᠭᠰᠢᠭᠦᠷᠢ ᠲᠠᠢ ᠠᠵᠢᠯ ᠮᠡᠷᠭᠡᠵᠢᠯ ᠤᠨ ᠬᠥᠮᠦᠰ ᠢ ᠬᠠᠮᠢᠶᠠᠷᠤᠨ ᠡᠵᠡᠮᠳᠡᠬᠦ ᠶᠢ ᠦᠷᠭᠦᠯᠵᠢᠯᠡᠨ ᠴᠢᠩᠭ᠎ᠠ ᠬᠡᠷᠡᠭᠵᠢᠭᠦᠯᠵᠦ᠂ ᠨᠢᠭᠤᠴᠠ ᠪᠠᠷ ᠵᠠᠯᠭᠠᠬᠤ᠂ ᠳᠡᠳ᠋ ᠨᠢᠭᠤᠴᠠ ᠪᠠᠷ ᠵᠠᠯᠭᠠᠬᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠶᠤᠯ ᠲᠦᠭᠰᠢᠭᠦᠷᠢ ᠲᠠᠢ ᠭᠠᠵᠠᠷ ᠣᠷᠣᠨ ᠠᠴᠠ ᠪᠤᠴᠠᠵᠤ ᠢᠷᠡᠬᠦ ᠬᠥᠮᠦᠰ ᠲᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠵᠤ᠂ ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠵᠤ᠂ ᠲᠠᠰᠤᠯᠳᠠᠭᠤᠯᠬᠤ ᠶᠣᠰᠣᠲᠠᠶ ᠶᠢ ᠨᠢ ᠴᠥᠮ ᠲᠠᠰᠤᠯᠳᠠᠭᠤᠯᠬᠤ ᠬᠡᠷᠡᠭᠲᠡᠶ᠃ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ᠂ ᠬᠠᠯᠠᠭᠤᠷᠠᠯ ᠤᠨ ᠡᠭᠦᠳᠡᠨ ᠡᠮᠨᠡᠯᠭᠡ᠂ ᠲᠦᠷᠭᠡᠨ ᠬᠦᠷᠭᠡᠯᠲᠡ ᠶᠢᠨ ᠵᠠᠬᠢᠶᠠᠯᠠᠭ᠎ᠠ ᠶᠢᠨ ᠬᠤᠭᠤᠯᠠ᠂ ᠬᠤᠳᠠᠯᠳᠤᠭᠠᠨ ᠤ ᠬᠡᠲᠦ ᠪᠠᠭᠤᠳᠠᠯ ᠵᠡᠷᠭᠡ ᠠᠶᠤᠯ ᠲᠦᠭᠰᠢᠭᠦᠷᠢ ᠶᠡᠬᠡᠲᠡᠶ ᠠᠵᠢᠯ ᠲᠥᠷᠥᠯ ᠤᠨ ᠠᠵᠢᠯ ᠡᠷᠬᠢᠯᠡᠭᠰᠡᠳ ᠲᠤ ︽ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃     ᠬᠤᠷᠠᠯ ᠤᠨ ᠱᠠᠭᠠᠷᠳᠠᠯᠭ᠎ᠠ    ᠨᠡᠶᠢᠭᠡᠮ ᠤᠨ ᠲᠠᠯ᠎ᠠ ᠠᠴᠠ ᠬᠠᠮᠢᠶᠠᠷᠤᠨ ᠡᠵᠡᠮᠳᠡᠬᠦ ᠪᠠ ᠭᠤᠣᠯᠳᠠᠯᠭ᠎ᠠ ᠲᠠᠢ ᠲᠠᠯᠠᠪᠤᠷ ᠭᠠᠵᠠᠷ ᠠᠴᠠ ᠬᠠᠮᠢᠶᠠᠷᠤᠨ ᠡᠵᠡᠮᠳᠡᠬᠦ ᠶᠢ ᠦᠷᠭᠦᠯᠵᠢᠯᠡᠨ ᠴᠢᠩᠭ᠎ᠠ ᠬᠡᠷᠡᠭᠵᠢᠭᠦᠯᠬᠦ ᠬᠡᠷᠡᠭᠲᠡᠶ᠃ ᠲᠤᠰᠠᠭᠠᠷᠯᠠᠬᠤ ᠭᠠᠵᠠᠷ ᠤᠨ ᠠᠵᠢᠯᠲᠠᠳ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠣᠨᠴᠠᠭᠠᠶᠢᠯᠠᠨ ᠲᠤᠰᠠᠭᠠᠷᠯᠠᠬᠤ ᠭᠠᠵᠠᠷ ᠤᠨ ᠠᠷᠢᠭᠤᠳᠬᠠᠨ ᠠᠷᠢᠯᠭᠠᠬᠤ ᠪᠠ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠠᠵᠢᠯ ᠢ ᠰᠠᠶᠢᠲᠤᠷ ᠬᠢᠵᠦ᠂ ᠰᠣᠯᠪᠢᠴᠠᠨ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠦᠯᠵᠢᠶᠡᠨ ᠳᠡᠭᠡᠷᠡᠬᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠦᠷᠭᠦᠯᠵᠢᠯᠡᠨ ᠥᠷᠨᠢᠭᠦᠯᠵᠦ᠂ ᠪᠠᠭᠰᠢ᠂ ᠰᠣᠷᠣᠭᠴᠢ᠂ ᠬᠡᠷ ᠤᠨ ᠠᠬᠠᠮᠠᠳ ᠢ ᠬᠠᠮᠢᠶᠠᠷᠴᠤ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠡᠮ ᠡᠮᠨᠡᠯᠭᠡ ᠶᠢᠨ ᠪᠠᠶᠢᠭᠤᠯᠤᠮᠵᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠭᠢᠨᠳᠠᠨ ᠤ ᠭᠠᠵᠠᠷ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠬᠠᠯᠳᠠᠪᠤᠷᠢᠯᠠᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠤᠷᠤᠰᠬᠠᠯ ᠬᠥᠭ ᠤᠨ ᠡᠬᠢ ᠶᠢ ᠡᠷᠢᠬᠦ ᠴᠢᠳᠠᠪᠤᠷᠢ᠂ ᠪᠥᠭᠡᠮ ᠬᠦᠴᠢᠯ ᠤᠨ ᠦᠯᠢᠭᠡᠷ ᠠᠪᠬᠤ ᠴᠢᠳᠠᠪᠤᠷᠢ᠂ ᠲᠥᠪᠯᠡᠷᠡᠭᠦᠯᠦᠨ ᠲᠤᠰᠠᠭᠠᠷᠯᠠᠬᠤ ᠴᠢᠳᠠᠪᠤᠷᠢ᠂ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠪᠣᠯᠤᠨ ᠠᠷᠢᠭᠤᠳᠬᠠᠨ ᠠᠷᠢᠯᠭᠠᠬᠤ ᠴᠢᠳᠠᠪᠤᠷᠢ ᠶᠢ ᠦᠷᠭᠦᠯᠵᠢᠯᠡᠨ ᠴᠢᠩᠭᠠᠳᠬᠠᠵᠤ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠨᠳᠥᠷ ᠪᠦᠲᠦᠮᠵᠢᠲᠡᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠵᠤ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠪᠠᠲᠤ ᠰᠠᠬᠢᠬᠤ ᠬᠡᠷᠡᠭᠲᠡᠢ᠃    ᠬᠤᠷᠠᠯ ᠨᠢ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠡᠯᠪᠡᠷᠢ ᠪᠠᠷ ᠵᠡᠷᠭᠡᠪᠡᠷ ᠶᠠᠪᠤᠭᠳᠠᠵᠤ᠂ ᠬᠤᠯᠪᠣᠭᠳᠠᠯ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ ᠸᠢᠳᠢᠣ᠋ ᠶᠢᠨ ᠬᠡᠯᠪᠡᠷᠢ ᠪᠠᠷ ᠬᠤᠷᠠᠯ ᠳᠤ ᠣᠷᠣᠯᠴᠠᠪᠠ᠃                                                   ᠨᠠᠶᠢᠷᠠᠭᠤᠯᠤᠭᠴᠢ᠄   ᠶᠠᠩ  ᠿᠦᠢ ᠵᠧᠨ                                                   ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2