ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ | ᠪᠦᠯᠬᠦᠮᠳᠡᠨ ᠲᠡᠮᠡᠴᠡᠰᠦᠭᠡᠢ | — ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ | ︵2022 ᠣᠨ ᠤ 10 ᠰᠠᠷ᠎ᠠ ᠶᠢᠨ 16 ᠤ ᠡᠳᠦᠷ︶ | ᠰᠢ ᠶᠢᠨ ᠫᠢᠩ | | ᠨᠥᠬᠦᠳ ᠠ᠋᠄ | ᠤᠳᠤ ᠪᠢ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠢᠯᠡᠳᠬᠡᠯ | ᠭᠢᠶ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠪᠣᠯ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ | ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ | ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠶᠡᠭᠡ ᠬᠤᠷᠠᠯ | ᠪᠣᠯᠣᠨ᠎ᠠ᠃ | ᠶᠡᠭᠡ ᠬᠤᠷᠠᠯ ᠤᠨ ᠭᠤᠣᠯ ᠰᠡᠳᠦᠪ ᠪᠣᠯ᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠠᠭᠤᠤ ᠶᠡᠭᠡ ᠨᠠᠮ | ᠪᠠᠶᠢᠭᠤᠯᠤᠭᠰᠠᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠪᠡᠷ ᠢ ᠪᠠᠨ ᠢᠲᠡᠭᠡᠵᠦ ᠥᠪᠡᠷ ᠢ ᠪᠠᠨ | ᠬᠦᠴᠦᠷᠬᠡᠭᠵᠢᠭᠦᠯᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠣᠮᠤᠭ ᠵᠣᠷᠢᠭ ᠪᠠᠳᠠᠷᠠᠩᠭᠤᠢ ᠪᠠᠷ | ᠡᠷᠡᠮᠡᠬᠡᠶᠢᠯᠡᠨ ᠴᠢᠷᠮᠠᠶᠢᠵᠤ᠂ ᠡᠷᠡᠯᠬᠡᠭᠯᠡᠨ ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ | ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠨ᠎ᠡ᠃ | ᠳᠤᠮᠳᠠᠳᠤ ᠤᠯᠤᠰ ᠤᠨ ᠡᠪ ᠬᠠᠮᠲᠤ ᠨᠠᠮ ᠨᠢᠭᠡᠨᠲᠡ ᠵᠠᠭᠤᠨ ᠵᠢᠯ ᠤᠨ ᠲᠡᠮᠡᠴᠡᠯ ᠤᠨ ᠶᠠᠪᠤᠴᠠ ᠶᠢ ᠥᠩᠭᠡᠷᠡᠭᠦᠯᠪᠡ᠃ | ᠮᠠᠨ ᠤ ᠨᠠᠮ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠠᠤᠭ᠎ᠠ ᠦᠢᠯᠡᠰ ᠢ ᠪᠦᠲᠦᠭᠡᠬᠦ ᠪᠠᠷ ᠵᠣᠷᠢᠭ | ᠰᠢᠭᠤᠳᠴᠤ᠂ ᠬᠥᠮᠥᠨ ᠲᠥᠷᠥᠯᠬᠢᠲᠡᠨ ᠤ ᠡᠩᠬᠡ ᠲᠠᠶᠢᠪᠤᠩ ᠪᠣᠯᠣᠨ ᠬᠥᠭᠵᠢᠯᠲᠡ ᠶᠢᠨ ᠡᠷᠬᠢᠮ ᠳᠡᠭᠡᠳᠦ ᠦᠢᠯᠡᠰ ᠤᠨ | ᠲᠥᠯᠥᠭᠡ ᠴᠢᠷᠮᠠᠶᠢᠵᠤ ᠪᠠᠶᠢᠭ᠎ᠠ ᠪᠣᠯᠬᠤᠷ ᠬᠠᠷᠢᠭᠤᠴᠠᠯᠭ᠎ᠠ ᠬᠢᠵᠠᠭᠠᠯᠠᠰᠢ ᠦᠭᠡᠢ ᠬᠦᠨᠳᠦ ᠶᠡᠭᠡ᠂ ᠡᠭᠦᠷᠭᠡ ᠬᠢᠵᠠᠭᠠᠯᠠᠰᠢ | ᠦᠭᠡᠢ ᠢᠷᠠᠭᠤ ᠠᠯᠳᠠᠷᠲᠠᠢ ᠶᠤᠮ᠃ ᠪᠦᠭᠦ ᠨᠠᠮ ᠤᠨ ᠨᠥᠬᠦᠳ ᠡᠷᠬᠡᠪᠰᠢ ᠤᠭ ᠰᠠᠨᠠᠭ᠎ᠠ ᠪᠠᠨ ᠦᠯᠦ ᠮᠠᠷᠲᠠᠨ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠷᠬᠡᠪᠰᠢ ᠳᠠᠷᠤᠤ ᠬᠢᠴᠢᠶᠡᠩᠭᠦᠢ ᠪᠠᠶᠢᠵᠤ᠂ ᠲᠡᠰᠪᠦᠷᠢ | ᠬᠠᠲᠠᠭᠤᠵᠢᠯᠲᠠᠢ ᠲᠡᠮᠡᠴᠡᠵᠦ᠂ ᠡᠷᠬᠡᠪᠰᠢ ᠵᠣᠷᠢᠭᠲᠠᠢ ᠲᠡᠮᠡᠴᠡᠵᠦ᠂ ᠴᠢᠳᠠᠮᠠᠭᠠᠢ ᠪᠠᠷ ᠲᠡᠮᠡᠴᠡᠵᠦ᠂ ᠲᠡᠦᠬᠡ ᠶᠢᠨ | ᠢᠲᠡᠭᠡᠯ ᠢᠶᠠᠨ ᠪᠠᠲᠤᠳᠬᠠᠵᠤ᠂ ᠲᠡᠦᠬᠡ ᠶᠢᠨ ᠰᠠᠨᠠᠭᠠᠴᠢᠯᠠᠭ᠎ᠠ ᠪᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠨᠡᠩ ᠭᠡᠷᠡᠯ ᠰᠠᠴᠤᠷᠠᠩᠭᠤᠢ ᠢᠷᠠᠭᠤ ᠬᠠᠭᠤᠳᠠᠰᠤ ᠶᠢ | ᠪᠢᠴᠢᠭᠯᠡᠬᠦ ᠬᠡᠷᠡᠭᠲᠡᠢ᠃ | ᠨᠢᠭᠡ᠂ ᠥᠩᠭᠡᠷᠡᠭᠰᠡᠨ ᠲᠠᠪᠤᠨ ᠵᠢᠯ ᠤᠨ ᠠᠵᠢᠯ ᠪᠠ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ | ᠬᠤᠪᠢᠰᠤᠯᠲᠠ | ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠲᠠᠪᠤᠨ ᠵᠢᠯ ᠪᠣᠯ ᠲᠤᠶᠢᠯ ᠤᠨ ᠶᠡᠷᠦ ᠪᠤᠰᠤ ᠶᠢᠨ᠂ | ᠲᠤᠶᠢᠯ ᠤᠨ ᠵᠢᠷ ᠤᠨ ᠪᠤᠰᠤ ᠶᠢᠨ ᠲᠠᠪᠤᠨ ᠵᠢᠯ ᠮᠥᠨ᠃ ᠨᠠᠮ ᠤᠨ ᠲᠥᠪ ᠬᠤᠷᠢᠶ᠎ᠠ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠪᠣᠯᠣᠨ | ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ | ᠲᠥᠯᠥᠪᠵᠢᠭᠦᠯᠵᠦ᠂ ᠳᠤᠯᠤᠭ᠎ᠠ ᠤᠳᠠᠭ᠎ᠠ ᠶᠢᠨ ᠪᠦᠭᠦᠳᠡ ᠬᠤᠷᠠᠯ ᠬᠢᠵᠦ᠂ ᠲᠤᠰ ᠲᠤᠰ ᠦᠨᠳᠦᠰᠦᠨ ᠬᠠᠤᠯᠢ ᠳᠤ | ᠵᠠᠰᠠᠪᠤᠷᠢ ᠣᠷᠣᠭᠤᠯᠬᠤ᠂ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ | ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ | ᠲᠣᠭᠲᠠᠭᠠᠬᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ | ᠲᠤᠷᠰᠢᠯᠭ᠎ᠠ ᠶᠢ ᠪᠦᠭᠦ ᠲᠠᠯ᠎ᠠ ᠪᠠᠷ ᠳ᠋ᠦᠩᠨᠡᠭᠦ ᠵᠡᠷᠭᠡ ᠴᠢᠬᠤᠯᠠ ᠶᠡᠭᠡ ᠠᠰᠠᠭᠤᠳᠠᠯ ᠤᠨ ᠲᠤᠬᠠᠢ ᠲᠣᠭᠲᠠᠭᠠᠯ ᠪᠠ | ᠰᠢᠢᠳᠪᠦᠷᠢ ᠭᠠᠷᠭᠠᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠨᠳᠦ ᠬᠡᠴᠡᠭᠦᠦ ᠨᠠᠷᠢᠨ | ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠪᠣᠯᠣᠨ ᠵᠠᠯᠭᠠᠭ᠎ᠠ ᠪᠠᠷ ᠲᠤᠯᠭᠠᠷᠠᠭᠰᠠᠨ ᠯᠤᠲᠤ ᠶᠡᠭᠡ ᠠᠶᠤᠯ ᠲᠦᠭᠰᠢᠭᠦᠷᠢ | ᠥᠷᠢᠰᠦᠯᠳᠦᠭᠡᠨ ᠢ ᠪᠦᠲᠦᠮᠵᠢᠲᠡᠢ ᠠᠷᠭᠠᠴᠠᠭᠠᠵᠤ᠂ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠬᠤ | ᠵᠣᠷᠢᠭ ᠰᠠᠨᠠᠭ᠎ᠠ ᠪᠠᠷ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ | ᠲᠠᠰᠤᠷᠠᠯᠲᠠ ᠦᠭᠡᠢ ᠤᠷᠤᠭᠰᠢᠯᠠᠭᠤᠯᠪᠠ᠃ | ᠲᠠᠪᠤᠨ ᠵᠢᠯ ᠤᠨ ᠲᠤᠷᠰᠢ᠂ ᠪᠢᠳᠡ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠪᠣᠯᠣᠨ ᠨᠠᠮ ᠤᠨ ᠲᠥᠪ | ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠬᠤ ᠶᠢ ᠪᠠᠷᠢᠮᠲᠠᠯᠠᠵᠤ᠂ ᠴᠢᠨᠡᠭᠡᠯᠢᠭ | ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠠᠬᠢᠴᠠ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠤᠨᠤᠪᠴᠢᠳᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ | ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠰᠠᠨᠠᠭᠠᠴᠢᠯᠠᠭ᠎ᠠ ᠠᠴᠠ ᠪᠠᠨ ᠪᠠᠶᠢᠭᠤᠯᠵᠤ᠂ ᠥᠭᠡᠷᠡᠴᠢᠯᠡᠯᠲᠡ ᠶᠢ ᠲᠦᠷᠭᠡᠨ ᠪᠥᠭᠡᠳ ᠯᠠᠪᠳᠠᠭᠤᠨ ᠢᠶᠠᠷ ᠠᠬᠢᠭᠤᠯᠵᠤ᠂ | ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠯᠠᠪᠳᠠᠭᠤᠨ ᠪᠠᠲᠤᠲᠠᠢ ᠠᠬᠢᠭᠤᠯᠵᠤ᠂ ᠬᠠᠤᠯᠢ ᠪᠠᠷ ᠤᠯᠤᠰ ᠢᠶᠠᠨ | ᠵᠠᠰᠠᠬᠤ ᠶᠢ ᠪᠦᠭᠦ ᠲᠠᠯ᠎ᠠ ᠪᠠᠷ ᠠᠬᠢᠭᠤᠯᠵᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠢᠳᠡᠪᠬᠢᠲᠡᠢ | ᠬᠥᠭᠵᠢᠭᠦᠯᠵᠦ᠂ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠶᠢ ᠳᠣᠪᠤᠶᠢᠯᠭᠠᠵᠤ᠂ ᠬᠦᠴᠦ ᠪᠠᠨ | ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠢᠵᠦ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠤᠯᠤᠰ ᠤᠨ ᠠᠮᠤᠷ ᠲᠦᠪᠰᠢᠨ ᠢ ᠡᠷᠡᠰ | ᠬᠠᠮᠠᠭᠠᠯᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠢ ᠪᠠᠲᠤᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ | ᠭᠠᠳᠠᠭᠠᠳᠤ ᠬᠠᠷᠢᠯᠴᠠᠭ᠎ᠠ ᠶᠢ ᠪᠦᠭᠦ ᠲᠠᠯ᠎ᠠ ᠪᠠᠷ ᠥᠷᠨᠢᠭᠦᠯᠵᠦ᠂ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ | ᠢᠨᠵᠧᠨᠧᠷᠢᠩ ᠢ ᠪᠦᠭᠦ ᠲᠠᠯ᠎ᠠ ᠪᠠᠷ ᠠᠬᠢᠭᠤᠯᠵᠠᠢ᠃ ᠪᠢᠳᠡ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ ᠵᠠᠭᠤᠨ ᠵᠢᠯ ᠤᠨ ᠣᠶ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ ᠳᠠᠯᠠᠨ ᠵᠢᠯ ᠤᠨ ᠣᠶ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠭᠤᠷᠪᠠᠳᠤᠭᠠᠷ ᠲᠡᠦᠬᠡ ᠶᠢᠨ | ᠰᠢᠢᠳᠪᠦᠷᠢ ᠶᠢ ᠲᠣᠭᠲᠠᠭᠠᠨ᠂ ᠪᠦᠭᠦ ᠨᠠᠮ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠦᠵᠡᠰᠭᠦᠯᠡᠩ ᠤᠨ ᠣᠷᠳᠣᠨ ᠢ ᠪᠠᠶᠢᠭᠤᠯᠤᠨ᠂ ᠪᠦᠭᠦ | ᠨᠠᠮ ᠢ ᠤᠷᠢᠶᠠᠯᠠᠨ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ ᠰᠤᠷᠤᠯᠴᠠᠨ ᠦᠢᠯᠡᠳᠦᠯᠭᠡᠵᠢᠭᠦᠯᠵᠦ᠂ | ᠰᠢᠨ᠎ᠡ ᠠᠶᠠᠨ ᠳᠤ ᠨᠡᠩ ᠡᠷᠡᠰ ᠪᠠᠲᠤ᠂ ᠨᠡᠩ ᠤᠬᠠᠮᠰᠠᠷ ᠠᠴᠠ ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠵᠦ᠂ ᠰᠠᠶᠢᠨ ᠰᠠᠶᠢᠬᠠᠨ ᠢᠷᠡᠭᠡᠳᠦᠢ ᠶᠢ ᠡᠭᠦᠳᠦᠨ ᠨᠡᠭᠡᠭᠡᠵᠡᠢ᠃ ᠢᠯᠠᠩᠭᠤᠶ᠎ᠠ ᠭᠡᠨᠡᠳᠲᠡ ᠡᠭᠦᠰᠦᠭᠰᠡᠨ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ | ᠰᠡᠷᠭᠡᠶᠢᠯᠡᠬᠦ᠂ ᠳᠣᠲᠣᠨ᠎ᠠ ᠪᠠᠨ ᠳᠠᠭᠢᠨ ᠲᠠᠷᠬᠠᠨ ᠳᠡᠯᠭᠡᠷᠡᠬᠦ ᠶᠢ ᠰᠡᠷᠭᠡᠶᠢᠯᠡᠬᠦ ᠶᠢ ᠪᠠᠷᠢᠮᠲᠠᠯᠠᠵᠤ᠂ ᠡᠪᠡᠳᠴᠢᠨ ᠤ | ᠵᠢᠱᠢᠶ᠎ᠡ ᠶᠢ ᠦᠭᠡᠢ ᠪᠤᠯᠭᠠᠬᠤ ᠶᠢ ᠪᠠᠷᠢᠮᠲᠠᠯᠠᠵᠤ᠂ ᠬᠢᠵᠢᠭ ᠲᠠᠢ ᠲᠡᠮᠡᠴᠡᠬᠦ ᠠᠷᠠᠳ ᠤᠨ ᠳᠠᠶᠢᠯᠠᠯᠳᠤᠭᠠᠨ᠂ ᠶᠡᠷᠦᠩᠬᠡᠢ | ᠳᠠᠶᠢᠯᠠᠯᠳᠤᠭᠠᠨ᠂ ᠬᠤᠷᠢᠭᠯᠠᠯᠲᠠ ᠶᠢᠨ ᠳᠠᠶᠢᠯᠠᠯᠳᠤᠭᠠᠨ ᠢ ᠥᠷᠨᠢᠭᠦᠯᠵᠦ᠂ ᠠᠷᠠᠳ ᠲᠦᠮᠡᠨ ᠤ ᠠᠮᠢ ᠨᠠᠰᠤᠨ ᠤ ᠠᠮᠤᠷ | ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠬᠦ ᠲᠠᠯ᠎ᠠ ᠪᠠᠷ ᠴᠢᠬᠤᠯᠠ ᠶᠡᠭᠡ ᠢᠳᠡᠪᠬᠢᠲᠡᠢ ᠦᠷ᠎ᠡ ᠪᠦᠲᠦᠭᠡᠯ ᠣᠯᠪᠠ᠃ ᠰᠢᠶᠠᠩᠭᠠᠩ ᠤᠨ | ᠪᠠᠶᠢᠳᠠᠯ ᠤᠨ ᠲᠣᠭᠲᠠᠭᠤᠨ ᠪᠤᠰᠤ ᠬᠤᠪᠢᠷᠠᠯᠲᠠ ᠶᠢᠨ ᠡᠮᠦᠨ᠎ᠡ᠂ ᠪᠢᠳᠡ ᠦᠨᠳᠦᠰᠦᠨ ᠬᠠᠤᠯᠢ ᠪᠠ ᠦᠨᠳᠦᠰᠦ ᠪᠤᠯᠬᠤ | ᠬᠠᠤᠯᠢ ᠶᠢ ᠦᠨᠳᠦᠰᠦᠯᠡᠨ ᠵᠠᠰᠠᠭ ᠵᠠᠬᠢᠷᠭᠠᠨ ᠤ ᠣᠨᠴᠠᠭᠠᠢ ᠣᠷᠣᠨ ᠢ ᠪᠦᠭᠦ ᠲᠠᠯ᠎ᠠ ᠪᠠᠷ ᠬᠠᠮᠢᠶᠠᠷᠤᠨ ᠵᠠᠰᠠᠬᠤ | ᠡᠷᠬᠡ ᠶᠢ ᠪᠦᠲᠦᠮᠵᠢᠲᠡᠢ ᠬᠡᠷᠡᠭᠵᠢᠭᠦᠯᠵᠦ᠂ ᠰᠢᠶᠠᠩᠭᠠᠩ ᠵᠠᠰᠠᠭ ᠵᠠᠬᠢᠷᠭᠠᠨ ᠤ ᠣᠨᠴᠠᠭᠠᠢ ᠣᠷᠣᠨ ᠤ ᠤᠯᠤᠰ ᠤᠨ | ᠠᠮᠤᠷ ᠲᠦᠪᠰᠢᠨ ᠢ ᠬᠠᠮᠠᠭᠠᠯᠠᠬᠤ ᠬᠠᠤᠯᠢ ᠶᠢ ᠲᠣᠭᠲᠠᠭᠠᠨ ᠬᠡᠷᠡᠭᠵᠢᠭᠦᠯᠵᠦ᠂ ︽ᠤᠯᠤᠰ ᠢᠶᠠᠨ ᠬᠠᠶᠢᠷᠠᠯᠠᠭᠴᠢᠳ | ᠰᠢᠶᠠᠩᠭᠠᠩ ᠢ ᠵᠠᠰᠠᠬᠤ︾ ᠵᠠᠷᠴᠢᠮ ᠢ ᠨᠠᠶᠢᠳᠠᠪᠤᠷᠢᠵᠢᠭᠤᠯᠤᠨ᠂ ᠰᠢᠶᠠᠩᠭᠠᠩ ᠤᠨ ᠪᠠᠶᠢᠳᠠᠯ ᠰᠠᠮᠠᠭᠤᠷᠠᠯ ᠤᠨ ᠪᠠᠶᠢᠳᠠᠯ | ᠠᠴᠠ ᠲᠦᠪᠰᠢᠷᠡᠭᠰᠡᠨ ᠪᠠᠶᠢᠳᠠᠯ ᠳᠤ ᠣᠷᠣᠭᠰᠠᠨ ᠴᠢᠬᠤᠯᠠ ᠶᠡᠭᠡ ᠡᠷᠭᠢᠯᠲᠡ ᠶᠢ ᠪᠡᠶᠡᠯᠡᠭᠦᠯᠵᠦ᠂ ᠭᠤᠸᠠᠩᠳᠦ᠋ᠩ | ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠂ | ᠰᠢᠶᠠᠩᠭᠠᠩ ᠣᠣᠮᠧᠨ ᠤ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ᠂ | ᠲᠣᠭᠲᠠᠭᠤᠨ ᠢᠶᠠᠨ ᠪᠠᠲᠤᠯᠠᠬᠤ ᠶᠢ ᠳᠡᠮᠵᠢᠪᠡ᠃ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠦᠴᠦᠨ ᠤ | ᠬᠠᠭᠠᠴᠠᠭᠤᠯᠬᠤ ᠠᠵᠢᠯᠯᠠᠭ᠎ᠠ ᠪᠠ ᠭᠠᠳᠠᠭᠠᠳᠤ ᠶᠢᠨ ᠬᠦᠴᠦᠨ ᠤ ᠲᠠᠶᠢᠸᠠᠨ ᠤ ᠬᠡᠷᠡᠭ ᠶᠠᠪᠤᠳᠠᠯ ᠳᠤ ᠭᠠᠷ ᠲᠦᠷᠦᠭᠦ | ᠬᠦᠨᠳᠦ ᠨᠣᠴᠢᠲᠠᠢ ᠥᠳᠥᠭᠡᠯᠭᠡ ᠶᠢᠨ ᠡᠮᠦᠨ᠎ᠡ᠂ ᠪᠢᠳᠡ ᠬᠠᠭᠠᠴᠠᠭᠤᠯᠬᠤ ᠶᠢ ᠡᠰᠡᠷᠭᠦᠴᠡᠬᠦ᠂ ᠭᠠᠷ ᠲᠦᠷᠦᠭᠦ ᠶᠢ | ᠡᠰᠡᠷᠭᠦᠴᠡᠬᠦ ᠴᠢᠬᠤᠯᠠ ᠶᠡᠭᠡ ᠲᠡᠮᠡᠴᠡᠯ ᠢ ᠡᠷᠡᠰ ᠥᠷᠨᠢᠭᠦᠯᠵᠦ᠂ ᠮᠠᠨ ᠤ ᠤᠯᠤᠰ ᠤᠨ ᠡᠷᠬᠡ ᠮᠡᠳᠡᠯ ᠪᠠ ᠨᠤᠲᠤᠭ | ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ | ᠡᠰᠡᠷᠭᠦᠴᠡᠬᠦ ᠡᠷᠡᠰ ᠵᠣᠷᠢᠭ ᠪᠠ ᠬᠦᠴᠦᠷᠬᠡᠭ ᠶᠡᠭᠡ ᠴᠢᠳᠠᠪᠤᠷᠢ ᠶᠢ ᠢᠯᠡᠷᠡᠭᠦᠯᠵᠦ᠂ ᠡᠬᠡ ᠣᠷᠣᠨ ᠤ ᠪᠦᠷᠢᠨ | ᠨᠢᠭᠡᠳᠦᠯ ᠢ ᠪᠡᠶᠡᠯᠡᠭᠦᠯᠬᠦ ᠪᠠᠶᠢᠯᠳᠤᠬᠤ ᠪᠣᠳᠣᠯᠭ᠎ᠠ ᠶᠢᠨ ᠰᠠᠨᠠᠭᠠᠴᠢᠯᠠᠭᠠᠲᠤ ᠡᠷᠬᠡ ᠶᠢ ᠤᠯᠠᠮ ᠴᠢᠨᠠᠭᠰᠢᠳᠠ ᠡᠵᠡᠮᠰᠢᠵᠦ᠂ | ᠳᠡᠯᠡᠬᠡᠢ ᠨᠡᠶᠢᠲᠡ ᠶᠢᠨ ᠨᠢᠭᠡ ᠯᠡ ᠳᠤᠮᠳᠠᠳᠤ ᠤᠯᠤᠰ ᠪᠠᠶᠢᠬᠤ ᠶᠢ ᠪᠠᠷᠢᠮᠲᠠᠯᠠᠬᠤ ᠪᠠᠶᠢᠷᠢᠰᠢᠯ ᠢ ᠤᠯᠠᠮ ᠴᠢᠨᠠᠭᠰᠢᠳᠠ | ᠪᠠᠲᠤᠳᠬᠠᠪᠠ᠃ ᠳᠡᠯᠡᠬᠡᠢ ᠶᠢᠨ ᠪᠠᠶᠢᠳᠠᠯ ᠤᠨ ᠲᠦᠷᠭᠡᠨ ᠬᠤᠪᠢᠷᠠᠯᠲᠠ ᠶᠢᠨ ᠡᠮᠦᠨ᠎ᠡ᠂ ᠢᠯᠠᠩᠭᠤᠶ᠎ᠠ ᠭᠠᠳᠠᠭᠠᠳᠤ ᠶᠢᠨ | ᠬᠢᠬᠠᠯᠲᠠ᠂ ᠰᠢᠬᠠᠯᠲᠠ᠂ ᠪᠢᠲᠡᠭᠦᠮᠵᠢᠯᠡᠯᠲᠡ᠂ ᠲᠤᠶᠢᠯ ᠤᠨ ᠶᠡᠭᠡ ᠳᠠᠷᠤᠯᠲᠠ ᠶᠢᠨ ᠡᠮᠦᠨ᠎ᠡ᠂ ᠪᠢᠳᠡ ᠤᠯᠤᠰ ᠤᠨ | ᠠᠰᠢᠭ ᠲᠤᠰᠠ ᠶᠢ ᠴᠢᠬᠤᠯᠠᠴᠢᠯᠠᠨ᠂ ᠤᠯᠤᠰ ᠤᠨ ᠳᠣᠲᠣᠭᠠᠳᠤ ᠶᠢᠨ ᠤᠯᠤᠰ ᠲᠦᠷᠦ ᠶᠢ ᠲᠡᠷᠢᠭᠦᠨ ᠳᠤ ᠲᠠᠯᠪᠢᠬᠤ ᠶᠢ | ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠨ᠂ ᠲᠡᠮᠡᠴᠡᠯ ᠤᠨ ᠵᠣᠷᠢᠭ ᠰᠠᠨᠠᠭ᠎ᠠ ᠶᠢ | ᠪᠠᠳᠠᠷᠠᠭᠤᠯᠵᠤ᠂ ᠬᠦᠴᠦᠷᠬᠡᠭᠯᠡᠯ ᠠᠴᠠ ᠠᠶᠤᠬᠤ ᠦᠭᠡᠢ ᠡᠷᠡᠰ ᠪᠠᠲᠤ ᠵᠣᠷᠢᠭ ᠰᠠᠨᠠᠭ᠎ᠠ ᠶᠢ ᠢᠯᠡᠷᠡᠭᠦᠯᠵᠦ᠂ | ᠲᠡᠮᠡᠴᠡᠯ ᠤᠨ ᠳᠤᠮᠳᠠ ᠤᠯᠤᠰ ᠤᠨ ᠨᠡᠷ᠎ᠡ ᠬᠦᠨᠳᠦ ᠪᠠ ᠭᠤᠣᠯᠯᠠᠬᠤ ᠠᠰᠢᠭ ᠲᠤᠰᠠ ᠶᠢ ᠬᠠᠮᠠᠭᠠᠯᠠᠨ᠂ ᠮᠠᠨ ᠤ | ᠤᠯᠤᠰ ᠤᠨ ᠬᠥᠭᠵᠢᠯᠲᠡ ᠪᠠ ᠠᠮᠤᠷ ᠲᠦᠪᠰᠢᠨ ᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠪᠡ᠃ ᠲᠠᠪᠤᠨ | ᠵᠢᠯ ᠤᠨ ᠲᠤᠷᠰᠢ᠂ ᠮᠠᠨ ᠤ ᠨᠠᠮ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠤᠷᠳᠤ ᠬᠤᠭᠤᠴᠠᠭᠠᠨ ᠳᠤ | ᠰᠢᠢᠳᠪᠦᠷᠢᠯᠡᠭᠡᠳᠦᠢ ᠪᠠᠶᠢᠭᠰᠠᠨ ᠮᠠᠰᠢ ᠤᠯᠠᠨ ᠬᠦᠴᠢᠷ ᠠᠰᠠᠭᠤᠳᠠᠯ ᠢ ᠰᠢᠢᠳᠪᠦᠷᠢᠯᠡᠨ᠂ ᠠᠯᠤᠰ ᠭᠡᠳᠤ ᠳᠤ | ᠬᠤᠯᠪᠣᠭᠳᠠᠬᠤ ᠮᠠᠰᠢ ᠤᠯᠠᠨ ᠶᠡᠭᠡ ᠶᠠᠪᠤᠳᠠᠯ ᠴᠢᠬᠤᠯᠠ ᠶᠠᠪᠤᠳᠠᠯ ᠢ ᠪᠦᠲᠦᠭᠡᠵᠦ᠂ ᠨᠠᠮ ᠪᠣᠯᠣᠨ ᠤᠯᠤᠰ ᠤᠨ ᠠᠵᠢᠯ | ᠦᠢᠯᠡᠰ ᠤᠨ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠴᠢᠬᠤᠯᠠ ᠶᠡᠭᠡ ᠠᠮᠵᠢᠯᠲᠠ ᠣᠯᠬᠤ ᠶᠢ ᠠᠬᠢᠭᠤᠯᠪᠠ᠃ | ᠨᠥᠬᠦᠳ ᠠ᠋︕ ᠠᠷᠪᠠᠨ ᠨᠠᠢᠮᠠᠳᠤᠭᠠᠷ ᠶᠡᠭᠡ ᠬᠤᠷᠠᠯ ᠬᠤᠷᠠᠯᠳᠤᠭᠠᠳ ᠤᠳᠤ ᠪᠤᠯᠳᠠᠯ᠎ᠠ ᠠᠷᠪᠠᠨ ᠵᠢᠯ ᠪᠣᠯᠵᠤ ᠪᠠᠶᠢᠨ᠎ᠠ | ᠃ ᠠᠷᠪᠠᠨ ᠵᠢᠯ ᠤᠨ ᠲᠤᠷᠰᠢ᠂ ᠪᠢᠳᠡ ᠨᠠᠮ ᠪᠠ ᠠᠷᠠᠳ ᠲᠦᠮᠡᠨ ᠤ ᠦᠢᠯᠡᠰ ᠲᠤ ᠴᠢᠬᠤᠯᠠ ᠶᠡᠭᠡ ᠪᠣᠳᠠᠲᠤ ᠠᠴᠢ | ᠬᠤᠯᠪᠣᠭᠳᠠᠯ ᠪᠠ ᠠᠯᠤᠰ ᠭᠡᠳᠦ ᠶᠢᠨ ᠲᠡᠦᠬᠡᠲᠦ ᠠᠴᠢ ᠬᠤᠯᠪᠣᠭᠳᠠᠯ ᠲᠠᠢ ᠭᠤᠷᠪᠠᠨ ᠶᠡᠭᠡ ᠶᠠᠪᠤᠳᠠᠯ ᠢ ᠥᠩᠭᠡᠷᠡᠭᠦᠯᠪᠡ | ᠄ ᠨᠢᠭᠡ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠤᠭᠲᠤᠨ | ᠠᠪᠴᠢᠷᠠᠪᠠ᠂ ᠬᠤᠶᠠᠷ ᠲᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ | ᠣᠷᠣᠪᠠ᠂ ᠭᠤᠷᠪᠠ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠴᠢᠨᠡᠭᠡᠯᠢᠭ ᠨᠡᠶᠢᠭᠡᠮ ᠢ ᠪᠦᠭᠦ | ᠲᠠᠯ᠎ᠠ ᠪᠠᠷ ᠪᠡᠶᠡᠯᠡᠭᠦᠯᠬᠦ ᠲᠡᠦᠬᠡᠲᠦ ᠡᠭᠦᠷᠭᠡ ᠶᠢ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ | ᠬᠠᠷᠠᠯᠲᠠ ᠶᠢ ᠪᠡᠶᠡᠯᠡᠭᠦᠯᠪᠡ᠃ ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ | ᠠᠷᠠᠳ ᠲᠦᠮᠡᠨ ᠤ ᠪᠦᠯᠬᠦᠮᠳᠡᠨ ᠲᠡᠮᠡᠴᠡᠵᠦ ᠣᠯᠣᠭᠰᠠᠨ ᠲᠡᠦᠬᠡᠲᠦ ᠴᠢᠨᠠᠷᠲᠠᠢ ᠢᠯᠠᠯᠲᠠ ᠮᠥᠨ᠂ ᠳᠤᠮᠳᠠᠳᠤ ᠶᠢᠨ | ᠦᠨᠳᠦᠰᠦᠲᠡᠨ ᠤ ᠬᠥᠭᠵᠢᠯᠲᠡ ᠶᠢᠨ ᠲᠡᠦᠬᠡᠨ ᠬᠠᠭᠤᠳᠠᠰᠤ ᠶᠢ ᠭᠡᠶᠢᠭᠦᠯᠦᠭᠰᠡᠨ ᠲᠡᠦᠬᠡᠲᠦ ᠴᠢᠨᠠᠷᠲᠠᠢ ᠢᠯᠠᠯᠲᠠ ᠮᠥᠨ᠂ | ᠪᠠᠰᠠ ᠴᠤ ᠳᠡᠯᠡᠬᠡᠢ ᠳ᠋ᠠᠬᠢᠨ ᠳᠤ ᠠᠯᠤᠰ ᠭᠡᠳᠦ ᠶᠢᠨ ᠨᠥᠯᠥᠭᠡ ᠦᠵᠡᠭᠦᠯᠭᠦ ᠲᠡᠦᠬᠡᠲᠦ ᠴᠢᠨᠠᠷᠲᠠᠢ ᠢᠯᠠᠯᠲᠠ ᠮᠥᠨ᠃ | ᠠᠷᠪᠠᠨ ᠵᠢᠯ ᠤᠨ ᠡᠮᠦᠨ᠎ᠡ᠂ ᠮᠠᠨ ᠤ ᠡᠮᠦᠨ᠎ᠡ ᠲᠤᠯᠭᠠᠷᠠᠵᠤ ᠪᠠᠶᠢᠭᠰᠠᠨ ᠪᠠᠶᠢᠳᠠᠯ ᠪᠣᠯ ᠥᠭᠡᠷᠡᠴᠢᠯᠡᠯᠲᠡ ᠨᠡᠭᠡᠭᠡᠯᠲᠡ ᠪᠠ | ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠯᠤᠲᠤ ᠶᠡᠭᠡ ᠠᠮᠵᠢᠯᠲᠠ ᠣᠯᠵᠤ᠂ ᠨᠠᠮ ᠤᠨ | ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢᠯᠡᠳᠲᠡ ᠠᠮᠵᠢᠯᠲᠠ ᠪᠦᠲᠦᠮᠵᠢ ᠣᠯᠵᠤ᠂ ᠪᠢᠳᠡᠨ ᠤ | ᠦᠷᠭᠦᠯᠵᠢᠯᠡᠨ ᠤᠷᠤᠭᠰᠢᠯᠠᠬᠤ ᠳᠤ ᠪᠠᠲᠤ ᠪᠠᠬᠢ ᠰᠠᠭᠤᠷᠢ ᠶᠢ ᠲᠠᠯᠪᠢᠨ᠂ ᠰᠠᠶᠢᠨ ᠰᠠᠶᠢᠬᠠᠨ ᠨᠥᠬᠦᠴᠡᠯ ᠢ | ᠪᠦᠷᠢᠯᠳᠦᠭᠦᠯᠦᠨ ᠥᠭᠴᠦ᠂ ᠴᠢᠬᠤᠯᠠ ᠪᠠᠲᠤᠯᠠᠭ᠎ᠠ ᠬᠠᠩᠭᠠᠭᠰᠠᠨ ᠪᠠᠶᠢᠨ᠎ᠠ᠂ ᠡᠭᠦᠨ ᠤ ᠬᠠᠮᠲᠤ ᠠᠯᠢ ᠤᠯᠠᠨ ᠤᠷᠳᠤ | ᠬᠤᠭᠤᠴᠠᠭᠠᠨ ᠳᠤ ᠬᠤᠷᠠᠮᠳᠤᠭᠰᠠᠨ ᠵᠢᠴᠢ ᠰᠢᠨ᠎ᠡ ᠪᠠᠷ ᠢᠯᠡᠷᠡᠭᠰᠡᠨ ᠲᠣᠪᠣᠶᠢᠮ᠎ᠠ ᠵᠥᠷᠢᠴᠡᠯ ᠪᠠ ᠠᠰᠠᠭᠤᠳᠠᠯ ᠢ | ᠲᠦᠷᠭᠡᠨ ᠰᠢᠢᠳᠪᠦᠷᠢᠯᠡᠬᠦ ᠴᠢᠬᠤᠯᠠᠲᠠᠢ ᠪᠠᠶᠢᠵᠠᠢ᠃ ᠨᠠᠮ ᠤᠨ ᠳᠣᠲᠣᠭᠠᠳᠤ ᠳᠤ ᠨᠠᠮ ᠤᠨ ᠤᠳᠤᠷᠢᠳᠤᠯᠭ᠎ᠠ ᠶᠢ | ᠪᠠᠷᠢᠮᠲᠠᠯᠠᠬᠤ ᠲᠤᠬᠠᠢ ᠲᠠᠨᠢᠯᠲᠠ ᠪᠠᠯᠠᠷᠬᠠᠢ᠂ ᠠᠵᠢᠯᠯᠠᠭ᠎ᠠ ᠶᠢᠨ ᠬᠦᠴᠦᠨ ᠮᠡᠬᠦᠰ ᠪᠠᠶᠢᠭᠰᠠᠨ ᠠᠰᠠᠭᠤᠳᠠᠯ ᠴᠥᠭᠡᠨ | ᠪᠤᠰᠤ ᠣᠷᠣᠰᠢᠵᠤ᠂ ᠨᠠᠮ ᠤᠨ ᠤᠳᠤᠷᠢᠳᠤᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠪᠠᠯᠠᠷᠬᠠᠶᠢᠰᠢᠭᠰᠠᠨ᠂ | ᠬᠡᠶᠢᠰᠪᠦᠷᠢᠵᠢᠭᠰᠡᠨ᠂ ᠰᠤᠯᠠᠷᠠᠭᠰᠠᠨ ᠠᠰᠠᠭᠤᠳᠠᠯ ᠴᠥᠭᠡᠨ ᠪᠤᠰᠤ ᠣᠷᠣᠰᠢᠵᠤ᠂ ᠵᠠᠷᠢᠮ ᠨᠠᠮ ᠤᠨ ᠭᠡᠰᠢᠭᠦᠨ᠂ | ᠺᠠᠳ᠋ᠷᠴᠤᠳ ᠤᠨ ᠤᠯᠤᠰ ᠲᠦᠷᠦ ᠶᠢᠨ ᠢᠲᠡᠭᠡᠯ ᠪᠢᠰᠢᠷᠡᠯ ᠭᠤᠶᠢᠪᠢᠯᠵᠠᠵᠤ᠂ ᠵᠠᠷᠢᠮ ᠭᠠᠵᠠᠷ ᠣᠷᠣᠨ ᠪᠠ ᠰᠠᠯᠠᠭ᠎ᠠ | ᠮᠥᠴᠢᠷ ᠲᠤ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠠ ᠱᠠᠯᠢᠨ | ᠪᠦᠷᠢᠯᠭᠡᠬᠦ ᠰᠤᠷᠲᠠᠯ ᠬᠤᠷᠢᠭᠯᠠᠭᠳᠠᠰᠢ ᠦᠭᠡᠢ ᠠᠬᠢᠨ ᠳᠠᠭᠢᠨ ᠡᠭᠦᠰᠴᠦ᠂ ᠣᠨᠴᠠ ᠡᠷᠬᠡ ᠶᠢᠨ ᠦᠵᠡᠯ ᠰᠠᠨᠠᠭ᠎ᠠ ᠪᠠ | ᠣᠨᠴᠠ ᠡᠷᠬᠡ ᠶᠢᠨ ᠦᠵᠡᠭᠳᠡᠯ ᠨᠡᠯᠢᠶᠡᠳ ᠬᠦᠨᠳᠦ ᠨᠣᠴᠢᠲᠠᠢ ᠣᠷᠣᠰᠢᠵᠤ᠂ ᠵᠠᠷᠢᠮ ᠱᠠᠮᠰᠢᠨ ᠢᠯᠵᠠᠷᠠᠬᠤ ᠠᠰᠠᠭᠤᠳᠠᠯ | ᠬᠥᠮᠥᠰ ᠢ ᠰᠣᠴᠢᠭᠠᠮ᠎ᠠ ᠬᠡᠮᠵᠢᠶᠡᠨ ᠳᠤ ᠭᠦᠷᠴᠡᠢ ︔ ᠠᠵᠤ ᠠᠬᠤᠢ ᠶᠢᠨ ᠪᠦᠲᠦᠴᠡ ᠶᠢᠨ ᠴᠢᠨᠠᠷᠲᠠᠢ ᠳᠦᠷᠢᠮ ᠤᠨ | ᠴᠢᠨᠠᠷᠲᠠᠢ ᠵᠥᠷᠢᠴᠡᠯ ᠲᠣᠪᠣᠶᠢᠮ᠎ᠠ ᠪᠠᠶᠢᠵᠤ᠂ ᠬᠥᠭᠵᠢᠯᠲᠡ ᠲᠡᠩᠴᠡᠭᠦᠷᠢ ᠦᠭᠡᠢ᠂ ᠵᠣᠬᠢᠴᠠᠩᠭᠤᠢ ᠪᠤᠰᠤ᠂ | ᠦᠷᠭᠦᠯᠵᠢᠯᠡᠬᠦ ᠪᠤᠰᠤ ᠪᠠᠶᠢᠵᠤ᠂ ᠤᠯᠠᠮᠵᠢᠯᠠᠯᠲᠤ ᠬᠥᠭᠵᠢᠯᠲᠡ ᠶᠢᠨ ᠵᠠᠭᠪᠤᠷ ᠦᠷᠭᠦᠯᠵᠢᠯᠡᠬᠦᠶ᠎ᠡ ᠪᠡᠷᠬᠡ ᠪᠣᠯᠵᠤ᠂ ᠵᠠᠷᠢᠮ | ᠭᠦᠨ ᠳᠠᠪᠬᠤᠷᠭ᠎ᠠ ᠶᠢᠨ ᠪᠠᠶᠢᠭᠤᠯᠤᠮᠵᠢ ᠲᠣᠭᠲᠠᠴᠠ ᠶᠢᠨ ᠠᠰᠠᠭᠤᠳᠠᠯ ᠪᠠ ᠠᠰᠢᠭ ᠲᠤᠰᠠ ᠶᠢᠨ ᠬᠠᠲᠠᠭᠤ ᠰᠠᠭᠠᠳ | ᠡᠳᠦᠷ ᠢᠷᠡᠬᠦᠶ᠎ᠡ ᠢᠯᠡᠷᠡᠵᠦ ᠪᠠᠶᠢᠪᠠ ︔ ᠵᠠᠷᠢᠮ ᠬᠥᠮᠥᠰ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠤᠯᠤᠰ ᠲᠦᠷᠦ ᠶᠢᠨ ᠪᠠᠶᠢᠭᠤᠯᠤᠯ ᠤᠨ ᠲᠤᠬᠠᠢ ᠢᠲᠡᠭᠡᠯ ᠮᠡᠬᠦᠰ᠂ ᠬᠠᠤᠯᠢ ᠪᠠᠶᠢᠲᠠᠯ᠎ᠠ ᠵᠢᠷᠤᠮᠯᠠᠬᠤ ᠦᠭᠡᠢ | ᠂ ᠬᠠᠤᠯᠢ ᠶᠢ ᠴᠢᠩᠭ᠎ᠠ ᠬᠡᠷᠡᠭᠵᠢᠭᠦᠯᠬᠦ ᠦᠭᠡᠢ ᠵᠡᠷᠭᠡ ᠠᠰᠠᠭᠤᠳᠠᠯ ᠬᠦᠨᠳᠦ ᠨᠣᠴᠢᠲᠠᠢ ᠣᠷᠣᠰᠢᠵᠤ ᠪᠠᠶᠢᠪᠠ ︔ | ᠵᠣᠭᠤᠰ ᠮᠥᠩᠭᠦᠨ ᠳᠤ ᠰᠢᠨᠤᠬᠠᠶᠢᠷᠠᠬᠤ ᠦᠵᠡᠯ᠂ ᠵᠢᠷᠭᠠᠵᠤ ᠴᠡᠩᠬᠡᠬᠦ ᠦᠵᠡᠯ᠂ ᠬᠡᠲᠦᠷᠡᠮᠡᠬᠡᠢ ᠬᠤᠪᠢᠨᠴᠢᠷ ᠦᠵᠡᠯ ᠪᠠ | ᠲᠡᠦᠬᠡ ᠶᠢ ᠦᠭᠡᠶᠢᠰᠭᠡᠭᠦ ᠦᠵᠡᠯ ᠵᠡᠷᠭᠡ ᠪᠤᠷᠤᠭᠤ ᠦᠵᠡᠯ ᠰᠠᠨᠠᠭᠠᠨ ᠤ ᠤᠷᠤᠰᠬᠠᠯ ᠪᠠᠶᠢᠨ ᠪᠠᠶᠢᠨ ᠭᠠᠷᠴᠤ᠂ | ᠰᠦᠯᠵᠢᠶᠡᠨ ᠤ ᠶᠠᠷᠢᠶ᠎ᠠ ᠬᠡᠯᠡᠯᠴᠡᠭᠡ ᠳᠤ ᠰᠠᠮᠠᠭᠤᠨ ᠦᠵᠡᠭᠳᠡᠯ ᠣᠯᠠᠰᠢᠷᠠᠵᠤ᠂ ᠬᠥᠮᠥᠰ ᠤᠨ ᠦᠵᠡᠯ ᠰᠠᠨᠠᠭ᠎ᠠ ᠪᠠ | ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠣᠷᠴᠢᠨ ᠢ ᠬᠦᠨᠳᠦ ᠨᠣᠴᠢᠲᠠᠢ ᠨᠥᠯᠥᠭᠡᠯᠡᠵᠦ ᠪᠠᠶᠢᠪᠠ ︔ ᠠᠷᠠᠳ ᠤᠨ | ᠠᠮᠢᠳᠤᠷᠠᠯ ᠤᠨ ᠪᠠᠲᠤᠯᠠᠭ᠎ᠠ ᠳᠤ ᠴᠥᠭᠡᠨ ᠪᠤᠰᠤ ᠪᠠᠭᠤᠷᠠᠢ ᠭᠤᠭᠴᠤᠭ᠎ᠠ ᠣᠷᠣᠰᠢᠵᠤ ᠪᠠᠶᠢᠪᠠ ︔ ᠡᠬᠢ ᠪᠠᠶᠠᠯᠢᠭ | ᠣᠷᠴᠢᠨ ᠲᠣᠭᠤᠷᠢᠨ ᠤ ᠬᠢᠵᠠᠭᠠᠷᠯᠠᠯ ᠴᠢᠩᠭᠠᠷᠠᠵᠤ᠂ ᠣᠷᠴᠢᠨ ᠲᠣᠭᠤᠷᠢᠨ ᠤ ᠪᠣᠬᠢᠷᠳᠤᠯ ᠵᠡᠷᠭᠡ ᠠᠰᠠᠭᠤᠳᠠᠯ | ᠲᠣᠪᠣᠶᠢᠮ᠎ᠠ ᠪᠠᠶᠢᠪᠠ ︔ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ ᠲᠡᠭᠦᠯᠳᠡᠷᠵᠢᠭᠡᠳᠦᠢ᠂ ᠡᠯ᠎ᠡ | ᠵᠦᠢᠯ ᠤᠨ ᠬᠦᠨᠳᠦ ᠶᠡᠭᠡ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠴᠢᠩᠭ᠎ᠠ ᠪᠢᠰᠢ᠂ ᠤᠯᠤᠰ ᠤᠨ | ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠳᠤ ᠴᠥᠭᠡᠨ ᠪᠤᠰᠤ ᠳᠤᠲᠠᠭᠤᠳᠠᠯ ᠪᠠ ᠪᠠᠭᠤᠷᠠᠢ | ᠲᠠᠯ᠎ᠠ ᠣᠷᠣᠰᠢᠵᠤ ᠪᠠᠶᠢᠪᠠ ︔ ᠰᠢᠶᠠᠩᠭᠠᠩ᠂ ᠣᠣᠮᠧᠨ ᠤ ︽ᠨᠢᠭᠡ ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾ ᠶᠢ ᠨᠠᠶᠢᠳᠠᠪᠤᠷᠢᠵᠢᠭᠤᠯᠬᠤ ᠪᠠᠶᠢᠭᠤᠯᠤᠮᠵᠢ ᠲᠣᠭᠲᠠᠴᠠ ᠨᠢ ᠪᠦᠷᠢᠨ ᠲᠡᠭᠦᠯᠳᠡᠷ ᠪᠢᠰᠢ ᠪᠠᠶᠢᠪᠠ ︔ | ᠤᠯᠤᠰ ᠤᠨ ᠠᠮᠤᠷ ᠲᠦᠪᠰᠢᠨ ᠬᠠᠲᠠᠭᠤ ᠴᠢᠩᠭ᠎ᠠ ᠥᠷᠢᠰᠦᠯᠳᠦᠭᠡᠨ ᠳᠤ ᠲᠤᠯᠭᠠᠷᠠᠵᠤ ᠪᠠᠶᠢᠭᠰᠠᠨ ᠭᠡᠬᠦ ᠮᠡᠲᠦ᠃ | ᠲᠤᠬᠠᠢ ᠶᠢᠨ ᠦᠶ᠎ᠡ ᠳᠤ᠂ ᠨᠠᠮ ᠤᠨ ᠳᠣᠲᠣᠭᠠᠳᠤ ᠪᠠ ᠨᠡᠶᠢᠭᠡᠮ ᠳᠡᠭᠡᠷᠡᠬᠢ ᠴᠥᠭᠡᠨ ᠪᠤᠰᠤ ᠬᠥᠮᠥᠰ ᠨᠠᠮ ᠪᠠ | ᠤᠯᠤᠰ ᠤᠨ ᠢᠷᠡᠭᠡᠳᠦᠢ ᠳᠤ ᠶᠡᠬᠡᠳᠡ ᠰᠡᠳᠬᠢᠯ ᠵᠣᠪᠠᠨᠢᠵᠤ ᠪᠠᠶᠢᠪᠠ᠃ ᠨᠠᠮ ᠤᠨ ᠤᠷᠳᠤ ᠬᠤᠭᠤᠴᠠᠭ᠎ᠠ ᠪᠠᠷ ᠲᠦᠷᠦ | ᠪᠠᠷᠢᠬᠤ᠂ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ᠂ ᠠᠷᠠᠳ ᠲᠦᠮᠡᠨ ᠤ ᠵᠣᠯ ᠵᠢᠷᠭᠠᠯ ᠠᠮᠤᠷ | ᠠᠮᠤᠭᠤᠯᠠᠩ ᠢ ᠨᠥᠯᠥᠭᠡᠯᠡᠬᠦ ᠡᠳᠡᠭᠡᠷ ᠲᠣᠪᠣᠶᠢᠮ᠎ᠠ ᠵᠥᠷᠢᠴᠡᠯ ᠪᠠ ᠠᠰᠠᠭᠤᠳᠠᠯ ᠤᠨ ᠡᠮᠦᠨ᠎ᠡ᠂ ᠨᠠᠮ ᠤᠨ ᠲᠥᠪ | ᠬᠤᠷᠢᠶ᠎ᠠ ᠴᠠᠭ ᠢ ᠦᠵᠡᠨ ᠪᠠᠶᠢᠳᠠᠯ ᠢ ᠰᠢᠨᠵᠢᠵᠦ᠂ ᠡᠷᠡᠰ ᠰᠢᠭᠤᠷᠬᠠᠢ ᠪᠠᠷ ᠰᠣᠩᠭᠤᠯᠲᠠ ᠬᠢᠵᠦ᠂ ᠡᠷᠡᠰ ᠵᠣᠷᠢᠭᠲᠠᠢ | ᠪᠠᠷ ᠤᠷᠤᠭᠰᠢᠯᠠᠨ ᠳᠠᠪᠰᠢᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠭᠦ ᠨᠠᠮ ᠪᠦᠭᠦ ᠴᠡᠷᠢᠭ ᠪᠦᠭᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠠᠨᠴᠤᠢ ᠰᠢᠮᠠᠯᠠᠨ | ᠴᠢᠷᠮᠠᠶᠢᠨ ᠠᠵᠢᠯᠯᠠᠵᠤ᠂ ᠰᠠᠯᠬᠢ ᠪᠣᠷᠣᠭᠠᠨ ᠢ ᠰᠥᠷᠦᠨ ᠤᠷᠤᠭᠰᠢᠯᠠᠵᠤ᠂ ᠡᠷᠡᠰ ᠰᠢᠭᠤᠷᠬᠠᠢ ᠪᠠᠷ ᠮᠠᠰᠢ ᠤᠯᠠᠨ | ᠰᠢᠨ᠎ᠡ ᠲᠡᠦᠬᠡᠨ ᠣᠨᠴᠠᠯᠢᠭ ᠲᠠᠢ ᠠᠭᠤᠤ ᠶᠡᠭᠡ ᠲᠡᠮᠡᠴᠡᠯ ᠢ ᠶᠠᠪᠤᠭᠳᠠᠭᠤᠯᠪᠠ᠃ | ᠠᠷᠪᠠᠨ ᠵᠢᠯ ᠤᠨ ᠲᠤᠷᠰᠢ᠂ ᠪᠢᠳᠡ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ | ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ | ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ | ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠠᠯᠢ ᠣᠯᠠᠨ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠷᠭ᠎ᠠ ᠬᠡᠮᠵᠢᠶ᠎ᠡ ᠠᠪᠴᠤ᠂ ᠠᠯᠢ ᠣᠯᠠᠨ ᠬᠤᠪᠢᠰᠤᠯᠲᠠ ᠶᠢᠨ ᠴᠢᠨᠠᠷᠲᠠᠢ | ᠦᠢᠯᠡᠳᠦᠯᠭᠡ ᠶᠢ ᠠᠬᠢᠭᠤᠯᠵᠤ᠂ ᠠᠯᠢ ᠣᠯᠠᠨ ᠰᠢᠪᠲᠤᠯᠤᠯᠲᠠ ᠶᠢᠨ ᠴᠢᠨᠠᠷᠲᠠᠢ ᠠᠬᠢᠴᠠ ᠶᠢ ᠪᠡᠶᠡᠯᠡᠭᠦᠯᠵᠦ᠂ ᠠᠯᠢ | ᠣᠯᠠᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠵᠤ᠂ ᠤᠯᠤᠰ ᠲᠥᠷᠥ᠂ ᠠᠵᠤ ᠠᠬᠤᠢ᠂ ᠦᠵᠡᠯ | ᠤᠬᠠᠮᠰᠠᠷ ᠤᠨ ᠭᠡᠯᠪᠡᠷᠢ᠂ ᠪᠠᠶᠢᠭᠠᠯᠢ ᠶᠢᠷᠲᠢᠨᠴᠦ ᠵᠡᠷᠭᠡ ᠲᠠᠯ᠎ᠠ ᠠᠴᠠ ᠢᠷᠡᠭᠰᠡᠨ ᠠᠶᠤᠯ ᠲᠦᠭᠰᠢᠭᠦᠷᠢ | ᠥᠷᠢᠰᠦᠯᠳᠦᠭᠡᠨ ᠰᠢᠯᠭᠠᠯᠲᠠ ᠶᠢ ᠳᠠᠭᠠᠭᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ | ᠠᠮᠵᠢᠯᠲᠠ ᠪᠦᠳᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠂ ᠮᠠᠨ ᠤ ᠤᠯᠤᠰ ᠤᠨ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠬᠤ ᠶᠢ | ᠠᠬᠢᠭᠤᠯᠪᠠ᠃ | — ᠪᠢᠳᠡ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠡᠭᠦᠳᠴᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ | ᠦᠨᠳᠦᠰᠦᠨ ᠠᠷᠭ᠎ᠠ ᠪᠣᠳᠣᠯᠭ᠎ᠠ ᠶᠢ ᠲᠣᠳᠣᠷᠬᠠᠶᠢᠯᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠠᠯᠢ ᠤᠯᠠᠨ | ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠴᠤ᠂ ᠮᠠᠷᠺᠰ ᠤᠨ | ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠦᠰᠦᠷᠦᠯᠲᠡ ᠶᠢ ᠪᠡᠶᠡᠯᠡᠭᠦᠯᠵᠦ᠂ ᠡᠨᠡ ᠬᠦ | ᠰᠢᠨ᠎ᠡ ᠶᠢ ᠡᠭᠦᠳᠭᠦ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠤᠭᠤᠯᠬᠤ᠂ | ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ | ᠠᠵᠢᠯ ᠦᠢᠯᠡᠰ ᠤᠨ ᠬᠥᠭᠵᠢᠯᠲᠡ ᠳᠤ ᠦᠨᠳᠦᠰᠦᠨ ᠵᠢᠷᠤᠮᠯᠠᠯ ᠬᠠᠩᠭᠠᠪᠠ᠃ | — ᠪᠢᠳᠡ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠴᠢᠩᠭᠠᠳᠬᠠᠵᠤ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠬᠠᠮᠤᠭ ᠤᠨ ᠮᠥᠨ ᠴᠢᠨᠠᠷ ᠤᠨ ᠣᠨᠴᠠᠯᠢᠭ ᠪᠣᠯ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠳᠤᠷᠢᠳᠤᠯᠭ᠎ᠠ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠪᠠᠶᠢᠭᠤᠯᠤᠯ ᠤᠨ ᠬᠠᠮᠤᠭ ᠤᠨ ᠶᠡᠭᠡ ᠳᠠᠪᠠᠭᠤᠯᠢᠭ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ | ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠬᠠᠮᠤᠭ ᠤᠨ ᠳᠡᠭᠡᠳᠦ ᠤᠯᠤᠰ ᠲᠦᠷᠦ ᠶᠢᠨ ᠤᠳᠤᠷᠢᠳᠬᠤ | ᠬᠦᠴᠦᠨ ᠮᠥᠨ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠪᠣᠯ | ᠬᠠᠮᠤᠭ ᠤᠨ ᠳᠡᠭᠡᠳᠦ ᠤᠯᠤᠰ ᠲᠦᠷᠦ ᠶᠢᠨ ᠵᠠᠷᠴᠢᠮ ᠮᠥᠨ ᠭᠡᠳᠡᠭ ᠢ ᠲᠣᠳᠣᠷᠬᠠᠶᠢᠯᠠᠵᠤ᠂ ᠨᠠᠮ ᠤᠨ ᠤᠳᠤᠷᠢᠳᠬᠤ | ᠳᠦᠷᠢᠮ ᠤᠨ ᠰᠢᠰᠲ᠋ᠧᠮ ᠢ ᠰᠢᠰᠲ᠋ᠧᠮ ᠲᠠᠢ ᠲᠡᠭᠦᠯᠳᠡᠷᠵᠢᠭᠦᠯᠵᠦ᠂ ᠪᠦᠭᠦ ᠨᠠᠮ ᠢᠶᠠᠷ ᠢᠶᠠᠨ ︽ᠳᠥᠷᠪᠡᠨ ᠤᠬᠠᠮᠰᠠᠷ︾ | ᠢᠶᠠᠨ ᠴᠢᠩᠭᠠᠳᠬᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ | ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠤᠯᠤᠰ ᠲᠥᠷᠥ ᠶᠢᠨ ᠮᠠᠭᠠᠳᠯᠠᠬᠤ | ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ | ᠲᠠᠰᠤᠷᠠᠯᠳᠠ ᠦᠭᠡᠢ ᠲᠡᠭᠡᠭᠰᠢᠯᠡᠭᠦᠯᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠦᠨᠡᠨ ᠬᠦ ᠪᠠᠲᠤᠯᠠᠵᠤ᠂ ᠨᠠᠮ ᠤᠨ ᠪᠦᠭᠦ ᠲᠠᠯ᠎ᠠ ᠶᠢ ᠡᠵᠡᠮᠳᠡᠬᠦ᠂ ᠡᠯ᠎ᠡ ᠲᠠᠯ᠎ᠠ ᠶᠢ | ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠪᠠᠳᠠᠷᠠᠭᠤᠯᠬᠤ ᠶᠢ ᠦᠨᠡᠨ ᠬᠦ ᠪᠠᠲᠤᠯᠠᠵᠤ᠂ ᠶᠢᠰᠦᠨ | ᠮᠢᠩᠭ᠎ᠠ ᠵᠢᠷᠭᠤᠭᠠᠨ ᠵᠠᠭᠤ ᠭᠠᠷᠤᠢ ᠲᠦᠮᠡᠨ ᠨᠠᠮ ᠤᠨ ᠭᠡᠰᠢᠭᠦᠨ ᠲᠠᠢ ᠮᠠᠨ ᠤ ᠡᠨᠡ ᠬᠦ ᠮᠠᠷᠺᠰ ᠤᠨ ᠦᠵᠡᠯ ᠤᠨ | ᠲᠦᠷᠤ ᠶᠢᠨ ᠨᠠᠮ ᠨᠡᠩ ᠢᠯᠡᠭᠦᠦ ᠪᠦᠯᠬᠦᠮᠳᠡᠨ ᠨᠢᠭᠡᠳᠪᠡ᠃ | — ᠪᠢᠳᠡ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨᠵᠢᠯᠡᠬᠦ | ᠤᠬᠠᠭᠠᠨᠴᠢ ᠪᠦᠷᠢᠨ ᠲᠡᠭᠦᠯᠳᠡᠷ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢ | ᠳᠤᠷᠠᠳᠴᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠠᠬᠢᠭᠤᠯᠵᠤ᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ | ᠦᠢᠯᠡᠰ᠂ ᠠᠭᠤᠤ ᠶᠡᠭᠡ ᠬᠦᠰᠡᠯ ᠵᠡᠭᠦᠳᠦ ᠶᠢ ᠶᠡᠷᠦᠩᠬᠡᠶᠢᠯᠡᠨ ᠡᠵᠡᠮᠳᠡᠵᠦ᠂ ︽ᠲᠠᠪᠤ ᠶᠢ ᠨᠢᠭᠡ ᠴᠣᠭᠴᠠᠵᠢᠭᠤᠯᠬᠤ︾ | ᠶᠡᠷᠦᠩᠬᠡᠢ ᠪᠠᠶᠢᠷᠢᠰᠢᠭᠤᠯᠤᠯᠲᠠ ᠪᠠ ︽ᠳᠥᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠭᠤᠯᠤᠯᠲᠠ ᠶᠢ ᠲᠣᠳᠣᠷᠬᠠᠶᠢᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ | ᠶᠡᠷᠦᠩᠬᠡᠢ ᠭᠦᠭ ᠠᠶᠠᠰ ᠢ ᠲᠣᠭᠲᠠᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ | ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠪᠣᠯ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠪᠣᠯᠣᠨ ᠬᠥᠭᠵᠢᠯᠲᠡ ᠲᠡᠩᠴᠡᠭᠦᠷᠢ ᠦᠭᠡᠢ ᠭᠦᠢᠴᠡᠳ ᠪᠤᠰᠤ ᠪᠠᠶᠢᠬᠤ | ᠶᠢᠨ ᠬᠤᠭᠤᠷᠣᠨᠳᠣᠭᠢ ᠵᠥᠷᠢᠴᠡᠯ ᠮᠥᠨ ᠭᠡᠳᠡᠭ ᠢ ᠲᠣᠳᠣᠷᠬᠠᠶᠢᠯᠠᠭᠰᠠᠨ ᠪᠥᠭᠡᠳ ᠡᠨᠡ ᠬᠦ ᠨᠡᠶᠢᠭᠡᠮ ᠤᠨ ᠭᠤᠣᠯ | ᠵᠥᠷᠢᠴᠡᠯ ᠲᠠᠢ ᠨᠢᠭᠲᠠ ᠤᠶᠠᠯᠳᠤᠭᠤᠯᠤᠨ ᠡᠯ᠎ᠡ ᠵᠦᠢᠯ ᠤᠨ ᠠᠵᠢᠯ ᠢᠶᠠᠨ ᠠᠬᠢᠭᠤᠯᠵᠤ᠂ ᠬᠥᠮᠥᠨ ᠲᠥᠷᠥᠯᠬᠢᠲᠡᠨ ᠤ | ᠪᠣᠯᠪᠠᠰᠤᠨ ᠤ ᠰᠢᠨ᠎ᠡ ᠭᠡᠯᠪᠡᠷᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠪᠡ᠃ | — ᠪᠢᠳᠡ ᠦᠷᠭᠦᠯᠵᠢᠯᠡᠨ ᠲᠡᠮᠡᠴᠡᠬᠦ ᠪᠠᠷ ᠲᠠᠮᠵᠢᠨ᠂ ᠴᠢᠨᠡᠭᠡᠯᠢᠭ ᠨᠡᠶᠢᠭᠡᠮ ᠭᠡᠬᠦ ᠡᠨᠡ ᠬᠦ ᠳᠤᠮᠳᠠᠳᠤ ᠶᠢᠨ | ᠦᠨᠳᠦᠰᠦᠲᠡᠨ ᠤ ᠮᠢᠩᠭᠠᠨ ᠣᠨ ᠤ ᠬᠦᠰᠡᠯ ᠵᠡᠭᠦᠳᠦ ᠶᠢ ᠪᠡᠶᠡᠯᠡᠭᠦᠯᠵᠦ᠂ ᠮᠠᠨ ᠤ ᠤᠯᠤᠰ ᠤᠨ ᠬᠥᠭᠵᠢᠯᠲᠡ ᠨᠡᠩ | ᠥᠨᠳᠥᠷ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠪᠠ᠃ ᠪᠢᠳᠡ ᠣᠨᠣᠴᠠᠲᠠᠢ ᠪᠠᠷ ᠶᠠᠳᠠᠭᠤ ᠶᠢ ᠲᠡᠳᠭᠦᠭᠦ᠂ | ᠭᠠᠪᠰᠢᠭᠠᠢ ᠠᠩᠭᠢ ᠪᠠᠶᠢᠯᠳᠤᠬᠤ ᠶᠢ ᠪᠠᠷᠢᠮᠲᠠᠯᠠᠵᠤ᠂ ᠬᠥᠮᠥᠨ ᠲᠥᠷᠥᠯᠬᠢᠲᠡᠨ ᠤ ᠲᠡᠦᠬᠡᠨ ᠳᠡᠭᠡᠷᠡᠬᠢ ᠬᠡᠪᠴᠢᠶ᠎ᠡ ᠪᠠᠷ | ᠬᠠᠮᠤᠭ ᠤᠨ ᠶᠡᠭᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ | ᠂ ᠪᠦᠭᠦ ᠤᠯᠤᠰ ᠤᠨ 832 ᠶᠠᠳᠠᠭᠤ ᠬᠦᠴᠢᠷᠳᠡᠯᠲᠡᠢ ᠰᠢᠶᠠᠨ ᠪᠦᠭᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ | ᠬᠥᠳᠡᠭᠡ ᠲᠣᠰᠬᠤᠨ ᠤ 1 ᠳ᠋ᠦᠩᠰᠢᠭᠤᠷ ᠰᠢᠬᠠᠮ ᠶᠠᠳᠠᠭᠤ ᠬᠦᠴᠢᠷᠳᠡᠯᠲᠡᠢ ᠬᠥᠮᠥᠨ ᠠᠮᠠ ᠶᠢ ᠶᠠᠳᠠᠭᠤ ᠠᠴᠠ | ᠠᠩᠭᠢᠵᠢᠷᠠᠭᠤᠯᠵᠤ᠂ 960 ᠭᠠᠷᠤᠢ ᠲᠦᠮᠡᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠣᠨᠳᠣᠣ ᠭᠠᠵᠠᠷ ᠲᠤ | ᠨᠡᠭᠦᠯᠭᠡᠬᠦ ᠶᠢ ᠪᠡᠶᠡᠯᠡᠭᠦᠯᠵᠦ᠂ ᠲᠤᠶᠢᠯ ᠤᠨ ᠶᠠᠳᠠᠭᠤ ᠬᠦᠴᠢᠷᠳᠡᠯᠲᠡᠢ ᠪᠠᠶᠢᠬᠤ ᠠᠰᠠᠭᠤᠳᠠᠯ ᠢ ᠲᠡᠦᠬᠡᠲᠦ ᠴᠢᠨᠠᠷᠲᠠᠢ ᠪᠠᠷ | ᠰᠢᠢᠳᠪᠦᠷᠢᠯᠡᠵᠦ᠂ ᠪᠦᠭᠦ ᠪᠥᠮᠪᠥᠷᠴᠡᠭ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠦᠢᠯᠡᠰ ᠲᠤ | ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ | — ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠳᠤᠷᠠᠳᠬᠤ ᠶᠢᠨ ᠬᠠᠮᠲᠤ ᠲᠤᠭᠤᠰᠢᠯᠠᠭᠤᠯᠵᠤ᠂ ᠴᠢᠨᠠᠷ | ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ | ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠬᠡᠷᠡᠭᠵᠢᠭᠦᠯᠵᠦ᠂ ᠠᠯᠢ | ᠤᠯᠠᠨ ᠪᠦᠭᠦ ᠲᠠᠯ᠎ᠠ ᠶᠢᠨ ᠴᠢᠨᠠᠷᠲᠠᠢ ᠠᠴᠢ ᠬᠤᠯᠪᠣᠭᠳᠠᠯ ᠪᠦᠬᠦᠢ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢ ᠲᠣᠭᠲᠠᠭᠠᠵᠤ᠂ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ ᠲᠡᠦᠬᠡᠲᠦ ᠴᠢᠨᠠᠷᠲᠠᠢ | ᠦᠰᠦᠷᠦᠯᠲᠡ ᠳᠡᠭᠡᠭᠰᠢᠯᠡᠯᠲᠡ ᠶᠢ ᠪᠡᠶᠡᠯᠡᠭᠦᠯᠪᠡ᠃ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ | ᠦᠷᠲᠡᠭ 54 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 114 ᠲᠦᠮᠡᠨ ᠳ᠋ᠦᠩᠰᠢᠭᠤᠷ ᠲᠥᠭᠦᠷᠢᠭ | ᠪᠣᠯᠣᠨ ᠨᠡᠮᠡᠭᠳᠡᠵᠦ᠂ ᠳᠡᠯᠡᠬᠡᠢ ᠶᠢᠨ ᠠᠵᠤ ᠠᠬᠤᠢ ᠳᠤ ᠡᠵᠡᠯᠡᠭᠦ ᠮᠠᠨ ᠤ ᠤᠯᠤᠰ ᠤᠨ ᠠᠵᠤ ᠠᠬᠤᠢ ᠶᠢᠨ ᠶᠡᠷᠦᠩᠬᠡᠢ | ᠬᠡᠮᠵᠢᠶᠡᠨ ᠤ ᠬᠤᠪᠢ ᠶᠢᠨ ᠵᠢᠩ 18.5% ᠳᠤ ᠬᠦᠷᠴᠦ᠂ ᠵᠠᠭᠤᠨ ᠤ ᠬᠠᠷᠢᠴᠠᠯ ᠢᠶᠠᠷ 7.2 ᠬᠤᠪᠢ ᠳᠡᠭᠡᠭᠰᠢᠯᠡᠵᠦ | ᠂ ᠳᠡᠯᠡᠬᠡᠢ ᠶᠢᠨ ᠬᠤᠶᠠᠳᠤᠭᠠᠷ ᠲᠤ ᠪᠠᠲᠤᠲᠠᠢ ᠣᠷᠣᠪᠠ ︔ ᠬᠥᠮᠥᠨ ᠳᠤᠮᠳᠠᠴᠢ ᠶᠢᠨ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠶᠡᠷᠦᠩᠬᠡᠢ ᠦᠷᠳᠡᠭ 39800 ᠲᠥᠭᠦᠷᠢᠭ ᠪᠠᠶᠢᠭᠰᠠᠨ ᠠᠴᠠ ᠪᠠᠨ 81000 ᠲᠥᠭᠦᠷᠢᠭ | ᠪᠣᠯᠵᠤ ᠨᠡᠮᠡᠭᠳᠡᠪᠡ᠃ ᠠᠮᠤ ᠪᠤᠳᠠᠭᠠᠨ ᠤ ᠲᠠᠷᠢᠮᠠᠯ ᠤᠨ ᠶᠡᠷᠦᠩᠬᠡᠢ ᠤᠨᠠᠯᠲᠠ ᠳᠡᠯᠡᠬᠡᠢ ᠶᠢᠨ ᠲᠡᠷᠢᠭᠦᠨ ᠳᠤ ᠣᠷᠣᠵᠤ᠂ | ᠠᠷᠪᠠᠨ ᠲᠦᠷᠪᠡᠨ ᠳ᠋ᠦᠩᠰᠢᠭᠤᠷ ᠭᠠᠷᠤᠢ ᠬᠥᠮᠥᠨ ᠤ ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ | ᠲᠦᠪᠰᠢᠨ ᠪᠦᠲᠦᠮᠵᠢᠲᠡᠢ ᠪᠠᠲᠤᠯᠠᠭ᠎ᠠ ᠲᠠᠢ ᠪᠣᠯᠪᠠ᠃ ᠬᠤᠲᠠ ᠪᠠᠯᠭᠠᠰᠤᠵᠢᠯᠲᠠ ᠶᠢᠨ ᠨᠤᠷᠮ᠎ᠠ ᠵᠠᠭᠤᠨ ᠤ ᠬᠠᠷᠢᠴᠠᠯ | ᠢᠶᠠᠷ 11.6 ᠬᠤᠪᠢ ᠳᠡᠭᠡᠭᠰᠢᠯᠡᠵᠦ᠂ 64.7% ᠳᠤ ᠭᠦᠷᠪᠡ᠃ ᠦᠢᠯᠡᠳᠭᠦ ᠦᠢᠯᠡᠰ ᠤᠨ ᠬᠡᠪᠴᠢᠶ᠎ᠡ᠂ ᠭᠠᠳᠠᠭᠠᠳᠤ | ᠭᠤᠪᠢᠭᠤᠯᠭ᠎ᠠ ᠶᠢᠨ ᠨᠥᠭᠡᠴᠡ ᠳᠡᠯᠡᠬᠡᠢ ᠶᠢᠨ ᠨᠢᠭᠡᠳᠦᠭᠡᠷ ᠲᠤ ᠪᠠᠲᠤᠲᠠᠢ ᠣᠷᠣᠪᠠ᠃ ᠳᠡᠯᠡᠬᠡᠢ ᠳᠡᠭᠡᠷᠡᠬᠢ ᠬᠠᠮᠤᠭ ᠤᠨ | ᠲᠣᠮᠣ ᠲᠦᠷᠭᠡᠨ ᠤ ᠲᠡᠮᠦᠷ ᠵᠠᠮ ᠤᠨ ᠲᠣᠣᠷ᠂ ᠲᠦᠷᠭᠡᠨ ᠤ ᠵᠠᠰᠠᠮᠠᠯ ᠵᠠᠮ ᠤᠨ ᠲᠣᠣᠷ᠂ ᠨᠢᠰᠬᠡᠯ ᠤᠨ ᠪᠠᠭᠤᠳᠠᠯ | ᠭᠠᠷᠠᠮ᠂ ᠤᠰᠤᠨ ᠠᠰᠢᠭᠯᠠᠯᠲᠠ᠂ ᠡᠨᠧᠷᠭᠢ᠂ ᠮᠡᠳᠡᠭᠡ ᠵᠠᠩᠭᠢ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠴᠢᠬᠤᠯᠠ ᠶᠡᠭᠡ ᠠᠮᠵᠢᠯᠲᠠ ᠪᠦᠲᠦᠮᠵᠢ ᠣᠯᠪᠠ᠃ ᠪᠢᠳᠡ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠱᠠᠯᠠᠪᠳᠠᠭᠤᠯᠤᠨ ᠠᠬᠢᠭᠤᠯᠵᠤ᠂ ᠨᠡᠶᠢᠭᠡᠮ | ᠳᠠᠶᠠᠭᠠᠷ ᠤᠨ ᠰᠤᠳᠤᠯᠤᠨ ᠨᠡᠭᠡᠭᠡᠬᠦ ᠵᠠᠷᠤᠳᠠᠯ ᠤᠨ ᠵᠠᠷᠤᠯᠭ᠎ᠠ ᠶᠢ 1 ᠲᠦᠮᠡᠨ ᠳ᠋ᠦᠩᠰᠢᠭᠤᠷ ᠲᠥᠭᠦᠷᠢᠭ | ᠪᠠᠶᠢᠭᠰᠠᠨ ᠠᠴᠠ 28000 ᠳ᠋ᠦᠩᠰᠢᠭᠤᠷ ᠲᠥᠭᠦᠷᠢᠭ ᠪᠤᠯᠲᠠᠯ᠎ᠠ ᠨᠡᠮᠡᠭᠳᠡᠭᠦᠯᠵᠦ᠂ ᠳᠡᠯᠡᠬᠡᠢ ᠶᠢᠨ ᠬᠤᠶᠠᠳᠤᠭᠠᠷ ᠲᠤ | ᠣᠷᠣᠵᠤ᠂ ᠰᠤᠳᠤᠯᠤᠨ ᠨᠡᠭᠡᠭᠡᠬᠦ ᠠᠵᠢᠯᠲᠠᠨ ᠤ ᠶᠡᠷᠦᠩᠬᠡᠢ ᠬᠡᠮᠵᠢᠶ᠎ᠡ ᠳᠡᠯᠡᠬᠡᠢ ᠶᠢᠨ ᠨᠢᠭᠡᠳᠦᠭᠡᠷ ᠲᠤ ᠣᠷᠣᠪᠠ᠃ | ᠰᠠᠭᠤᠷᠢ ᠰᠤᠳᠤᠯᠭᠠᠨ ᠪᠠ ᠤᠤᠭᠠᠯ ᠰᠢᠨ᠎ᠡ ᠡᠭᠦᠳᠦᠯᠲᠡ ᠲᠠᠰᠤᠷᠠᠯᠳᠠ ᠦᠭᠡᠢ ᠴᠢᠩᠭᠠᠷᠠᠵᠤ᠂ ᠵᠠᠷᠢᠮ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠤᠨ ᠲᠠᠯ᠎ᠠ ᠪᠠᠷ ᠰᠢᠪᠲᠤᠯᠤᠯᠲᠠ ᠲᠠᠢ ᠪᠣᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠬᠥᠭᠵᠢᠭᠰᠡᠨ ᠠᠵᠤ ᠦᠢᠯᠡᠰ ᠬᠥᠭᠵᠢᠨ ᠪᠤᠵᠠᠭᠠᠶᠢᠷᠠᠵᠤ᠂ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ | ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ᠂ ᠭᠦᠨ ᠲᠠᠯᠠᠢ ᠭᠦᠨ ᠭᠠᠵᠠᠷ ᠢ ᠬᠠᠶᠢᠨ ᠭᠡᠮᠵᠢᠭᠦ᠂ ᠲᠡᠰ ᠠᠴᠠ | ᠳᠠᠪᠠᠭᠰᠠᠨ ᠺᠤᠮᠫᠢᠦ᠋ᠲ᠋ᠧᠷ᠂ ᠳᠠᠭᠠᠭᠤᠯᠢ ᠤᠳᠤᠨ ᠤ ᠠᠶᠠᠯᠠᠯ ᠵᠠᠯᠠᠭᠤᠷ᠂ ᠺᠸᠠᠨ᠋ᠲ ᠮᠡᠳᠡᠭᠡ ᠵᠠᠩᠭᠢ᠂ ᠴᠥᠮ᠎ᠡ ᠶᠢᠨ | ᠴᠠᠭᠢᠯᠭᠠᠨ ᠤ ᠮᠡᠷᠭᠡᠵᠢᠯ᠂ ᠰᠢᠨ᠎ᠡ ᠡᠨᠧᠷᠭᠢ ᠶᠢᠨ ᠮᠡᠷᠭᠡᠵᠢᠯ᠂ ᠲᠣᠮᠣ ᠨᠢᠰᠬᠡᠯ ᠦᠢᠯᠡᠳᠭᠦ᠂ ᠠᠮᠢᠳᠤ ᠪᠣᠳᠠᠰ ᠤᠨ ᠡᠮ | ᠡᠮᠨᠡᠯᠭᠡ ᠵᠡᠷᠭᠡ ᠲᠠᠯ᠎ᠠ ᠪᠠᠷ ᠴᠢᠬᠤᠯᠠ ᠶᠡᠭᠡ ᠦᠷ᠎ᠡ ᠪᠦᠲᠦᠭᠡᠯ ᠣᠯᠵᠤ᠂ ᠰᠢᠨ᠎ᠡ ᠶᠢ ᠡᠭᠦᠳᠭᠦ ᠭᠡᠯᠪᠡᠷᠢ ᠶᠢᠨ | ᠤᠯᠤᠰ ᠤᠨ ᠡᠩᠨᠡᠭᠡᠨ ᠳᠤ ᠣᠷᠣᠪᠠ᠃ | — ᠪᠢᠳᠡ ᠯᠤᠲᠤ ᠶᠡᠭᠡ ᠤᠯᠤᠰ ᠲᠥᠷᠥ ᠶᠢᠨ ᠰᠥᠰᠥ ᠵᠣᠷᠢᠭ ᠢᠶᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠬᠢᠯᠡᠭᠦᠯᠵᠦ᠂ | ᠥᠭᠡᠷᠡᠴᠢᠯᠡᠯᠲᠡ ᠶᠢᠨ ᠦᠵᠦ ᠲᠥᠯᠥᠪᠯᠡᠭᠡ ᠶᠢ ᠴᠢᠩᠭᠠᠳᠬᠠᠵᠤ᠂ ᠲᠦᠭᠰᠢᠭᠦᠷᠢᠲᠤ ᠣᠷᠣᠨ ᠳᠤ ᠵᠣᠷᠢᠭᠲᠠᠢ ᠪᠠᠷ | ᠰᠢᠪᠲᠤᠯᠤᠨ ᠣᠷᠣᠵᠤ᠂ ᠵᠣᠷᠢᠭᠲᠠᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠣᠷᠢᠭᠲᠠᠢ ᠪᠠᠷ ᠪᠠᠷᠲᠠᠭᠠᠲᠤ | ᠭᠠᠵᠠᠷ ᠢ ᠲᠤᠭᠤᠯᠵᠤ᠂ ᠰᠢᠨ᠎ᠡ ᠵᠥᠷᠢᠴᠡᠯ ᠰᠢᠨ᠎ᠡ ᠥᠷᠢᠰᠦᠯᠳᠦᠭᠡᠨ ᠳᠤ ᠵᠣᠷᠢᠭᠲᠠᠢ ᠪᠠᠷ ᠬᠠᠨᠳᠤᠵᠤ᠂ ᠦᠵᠡᠯ | ᠰᠠᠨᠠᠭ᠎ᠠ ᠣᠶᠢᠯᠠᠭᠠᠭᠳᠠᠬᠤᠨ ᠤ ᠬᠦᠯᠢᠶᠡᠰᠦᠯᠡᠯ ᠢ ᠡᠪᠳᠡᠵᠦ᠂ ᠠᠰᠢᠭ ᠲᠤᠰᠠ ᠶᠢᠨ ᠬᠡᠪᠰᠢᠭᠰᠡᠨ ᠬᠠᠯᠬᠠᠪᠴᠢ ᠶᠢ | ᠰᠢᠪᠲᠤᠯᠵᠤ᠂ ᠡᠯ᠎ᠡ ᠲᠠᠯ᠎ᠠ ᠶᠢᠨ ᠪᠠᠶᠢᠭᠤᠯᠤᠮᠵᠢ ᠲᠣᠭᠲᠠᠴᠠ ᠶᠢᠨ ᠭᠡᠮ ᠰᠣᠭᠤᠭ ᠢ ᠡᠷᠡᠰ ᠠᠷᠢᠯᠭᠠᠵᠤ᠂ ᠡᠯ᠎ᠡ | ᠬᠦᠷᠢᠶᠡᠨ ᠤ ᠰᠠᠭᠤᠷᠢ ᠴᠢᠨᠠᠷᠲᠠᠢ ᠳᠦᠷᠢᠮ ᠤᠨ ᠪᠣᠷᠣ ᠲᠥᠯᠥᠪ ᠢ ᠦᠨᠳᠦᠰᠦᠨ ᠳᠡᠭᠡᠨ ᠪᠠᠶᠢᠭᠤᠯᠵᠤ᠂ ᠮᠠᠰᠢ ᠣᠯᠠᠨ | ᠬᠦᠷᠢᠶᠡᠨ ᠳᠤ ᠲᠡᠦᠬᠡᠲᠦ ᠴᠢᠨᠠᠷᠲᠠᠢ ᠬᠤᠪᠢᠰᠤᠯᠲᠠ᠂ ᠰᠢᠰᠲ᠋ᠧᠮᠲᠦ ᠳᠠᠭᠢᠨ ᠱᠤᠭᠤᠯᠲᠠ᠂ ᠪᠦᠬᠦᠯᠢ ᠴᠣᠭᠴᠠᠲᠤ | ᠲᠠᠭᠢᠨ ᠪᠠᠶᠢᠭᠤᠯᠤᠯᠲᠠ ᠶᠢ ᠪᠡᠶᠡᠯᠡᠭᠦᠯᠵᠦ᠂ ᠰᠢᠨ᠎ᠡ ᠨᠢᠭᠡ ᠡᠭᠡᠯᠵᠢ ᠶᠢᠨ ᠨᠠᠮ ᠪᠠ ᠲᠥᠷᠥ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠪᠡᠶᠡᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠪᠠᠶᠢᠭᠤᠯᠤᠯ ᠨᠠᠩ ᠪᠣᠯᠪᠠᠰᠤᠷᠠᠩᠭᠤᠢ ᠨᠠᠩ ᠲᠥᠯᠥᠪᠰᠢᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢᠯᠡᠳᠲᠡ ᠳᠡᠭᠡᠭᠰᠢᠯᠡᠪᠡ᠃ | — ᠪᠢᠳᠡ ᠨᠠᠩ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠵᠦ᠂ ᠪᠦᠭᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ | ᠣᠷᠣᠨ ᠤ ᠲᠣᠣᠷ ᠢ ᠪᠠᠶᠢᠭᠤᠯᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ ᠬᠠᠶᠢᠨᠠᠨ ᠤ ᠴᠢᠯᠦᠭᠡᠲᠦ | ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠨᠢᠭᠡ ᠪᠦᠰᠡ ᠨᠢᠭᠡ ᠵᠠᠮ | ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠣᠯᠠᠨ ᠤ ᠬᠦᠷᠢᠶᠡᠯᠡᠯ ᠢ ᠶᠡᠬᠡᠳᠡ ᠣᠯᠣᠭᠰᠠᠨ ᠣᠯᠠᠨ ᠤᠯᠤᠰ ᠤᠨ | ᠣᠯᠠᠨ ᠨᠡᠶᠢᠲᠡ ᠶᠢᠨ ᠦᠢᠯᠡᠳᠬᠦᠨ ᠪᠠ ᠣᠯᠠᠨ ᠤᠯᠤᠰ ᠤᠨ ᠬᠠᠮᠲᠤᠷᠠᠯᠴᠠᠭᠠᠨ ᠤ ᠲᠠᠪᠴᠠᠩ ᠪᠣᠯᠵᠠᠢ᠃ ᠮᠠᠨ ᠤ | ᠤᠯᠤᠰ 140 ᠭᠠᠷᠤᠢ ᠤᠯᠤᠰ ᠪᠠ ᠭᠠᠵᠠᠷ ᠣᠷᠣᠨ ᠤ ᠭᠤᠣᠯ ᠠᠷᠠᠯᠵᠢᠶᠠᠨ ᠤ ᠬᠠᠨᠢᠲᠠᠨ ᠪᠣᠯᠵᠤ᠂ ᠪᠠᠷᠠᠭᠠᠨ ᠤ | ᠠᠷᠠᠯᠵᠢᠶᠠᠨ ᠤ ᠶᠡᠷᠦᠩᠬᠡᠢ ᠲᠤᠭ᠎ᠠ ᠳᠡᠯᠡᠬᠡᠢ ᠶᠢᠨ ᠨᠢᠭᠡᠳᠦᠭᠡᠷ ᠲᠤ ᠣᠷᠣᠵᠤ᠂ ᠭᠠᠳᠠᠭᠠᠳᠤ ᠪᠡᠯᠡ ᠶᠢ ᠲᠠᠲᠠᠬᠤ ᠪᠠ | ᠭᠠᠳᠠᠭᠠᠳᠤ ᠳᠤ ᠪᠡᠯᠡ ᠣᠷᠣᠭᠤᠯᠬᠤ ᠲᠠᠯ᠎ᠠ ᠪᠠᠷ ᠳᠡᠯᠡᠬᠡᠢ ᠶᠢᠨ ᠡᠮᠦᠨ᠎ᠡ ᠡᠩᠨᠡᠭᠡᠨ ᠳᠤ ᠣᠷᠣᠵᠤ᠂ ᠨᠡᠩ ᠶᠡᠭᠡ | ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠶᠢᠨ ᠭᠠᠳᠠᠭᠠᠳᠤ ᠨᠡᠭᠡᠭᠡᠯᠲᠡ ᠬᠢᠬᠦ ᠪᠠᠶᠢᠷᠢᠰᠢᠯ ᠢ | ᠪᠦᠷᠢᠯᠳᠦᠭᠦᠯᠪᠡ᠃ | — ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ | ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠦᠭᠦ ᠶᠠᠪᠤᠴᠠ ᠳᠤ ᠠᠷᠠᠳ ᠤᠨ ᠠᠷᠠᠳᠴᠢᠯᠠᠯ ᠢ ᠪᠦᠭᠦ | ᠲᠠᠯ᠎ᠠ ᠪᠠᠷ ᠬᠥᠭᠵᠢᠭᠦᠯᠦᠨ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢᠨ ᠳᠦᠷᠢᠮᠵᠢᠯᠲᠡ᠂ | ᠵᠢᠷᠦᠮᠵᠢᠯᠲᠡ᠂ ᠳᠡᠰ ᠳᠠᠷᠠᠭᠠᠯᠠᠯᠵᠢᠯᠳᠠ ᠶᠢ ᠪᠦᠭᠦ ᠲᠠᠯ᠎ᠠ ᠪᠠᠷ ᠠᠬᠢᠭᠤᠯᠵᠤ᠂ ᠨᠡᠶᠢᠭᠡᠮ ᠵᠢᠷᠤᠮ ᠤᠨ ᠵᠥᠪᠯᠡᠭᠦ | ᠠᠷᠠᠳᠴᠢᠯᠠᠯ ᠢ ᠥᠷᠭᠡᠨ ᠢᠶᠠᠷ ᠥᠷᠨᠢᠭᠦᠯᠦᠨ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠦ ᠶᠢ ᠨᠡᠩ ᠯᠠᠪᠳᠠᠭᠤᠨ | ᠪᠠᠲᠤᠲᠠᠢ ᠪᠤᠯᠭᠠᠵᠤ᠂ ᠦᠨᠳᠦᠰᠦᠨ ᠱᠠᠲᠤᠨ ᠤ ᠠᠷᠠᠳᠴᠢᠯᠠᠯ ᠤᠨ ᠠᠮᠢᠳᠤᠯᠢᠭ ᠬᠦᠴᠦᠨ ᠢ ᠴᠢᠩᠭᠠᠷᠠᠭᠤᠯᠤᠨ᠂ | ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠪᠠᠬᠢᠵᠢᠭᠦᠯᠦᠨ ᠥᠷᠭᠡᠳᠬᠡᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠳᠤ ᠰᠢᠨ᠎ᠡ ᠳᠦᠷᠰᠦ ᠪᠠᠶᠢᠳᠠᠯ ᠢᠯᠡᠷᠡᠨ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ | ᠴᠢᠭᠯᠡᠯᠲᠡ ᠪᠦᠭᠦ ᠲᠠᠯ᠎ᠠ ᠪᠠᠷ ᠲᠤᠭᠤᠰᠢᠯᠠᠭᠳᠠᠵᠤ᠂ ᠬᠥᠮᠥᠨ ᠤ ᠡᠷᠬᠡ ᠶᠢ ᠨᠡᠩ ᠰᠠᠶᠢᠨ ᠪᠠᠲᠤᠯᠠᠪᠠ᠃ ᠨᠡᠶᠢᠭᠡᠮ | ᠵᠢᠷᠤᠮ ᠤᠨ ᠬᠠᠤᠯᠢᠵᠢᠯ ᠤᠨ ᠤᠯᠤᠰ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠪᠦᠭᠦ ᠲᠠᠯ᠎ᠠ ᠪᠠᠷ ᠬᠠᠤᠯᠢ ᠪᠠᠷ | ᠤᠯᠤᠰ ᠢᠶᠠᠨ ᠵᠠᠰᠠᠬᠤ ᠶᠡᠷᠦᠩᠬᠡᠢ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠵᠦ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠠᠤᠯᠢ ᠪᠠᠷᠢᠬᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠴᠢᠬᠤᠯᠠ ᠶᠡᠭᠡ ᠠᠬᠢᠯᠲᠠ ᠲᠠᠢ ᠪᠤᠯᠭᠠᠵᠤ᠂ ᠨᠡᠶᠢᠭᠡᠮ ᠤᠨ ᠲᠥᠪ ᠭᠤᠣᠯᠴᠢ | ᠰᠢᠳᠤᠷᠭᠤ ᠶᠣᠰᠣᠨ ᠤ ᠪᠠᠲᠤᠯᠠᠭ᠎ᠠ ᠶᠢ ᠨᠡᠩ ᠪᠠᠲᠤ ᠪᠠᠬᠢ ᠪᠤᠯᠭᠠᠵᠤ᠂ ᠬᠠᠤᠯᠢᠵᠢᠯ ᠤᠨ ᠳᠤᠮᠳᠠᠳᠤ ᠤᠯᠤᠰ ᠤᠨ | ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠪᠡ᠃ | — ᠪᠢᠳᠡ ᠮᠠᠷᠺᠰ ᠤᠨ ᠦᠵᠡᠯ ᠤᠨ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠠᠬᠢ ᠵᠢᠯᠤᠭᠤᠳᠬᠤ | ᠪᠠᠶᠢᠷᠢ ᠰᠠᠭᠤᠷᠢ ᠶᠢᠨ ᠦᠨᠳᠦᠰᠦᠨ ᠳᠦᠷᠢᠮ ᠢ ᠲᠣᠭᠲᠠᠭᠠᠨ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ | ᠰᠢᠨ᠎ᠡ ᠶᠢ ᠡᠭᠦᠳᠦᠭᠰᠡᠨ ᠤᠨᠤᠯ ᠬᠥᠮᠥᠰ ᠤᠨ ᠰᠡᠳᠬᠢᠯ ᠳᠤ ᠬᠠᠳᠠᠩᠰᠢᠵᠤ᠂ ᠨᠡᠶᠢᠭᠡᠮ ᠵᠢᠷᠤᠮ ᠤᠨ ᠭᠤᠣᠯᠯᠠᠭᠴᠢ | ᠦᠷᠳᠡᠭ ᠤᠨ ᠦᠵᠡᠯᠲᠡ ᠥᠷᠭᠡᠨ ᠢᠶᠠᠷ ᠳᠠᠮᠵᠢᠭᠤᠯᠤᠭᠳᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ | ᠪᠦᠲᠦᠭᠡᠯᠴᠢ ᠴᠢᠨᠠᠷᠲᠠᠢ ᠪᠠᠷ ᠤᠯᠠᠷᠢᠭᠤᠯᠤᠬᠲᠠᠵᠤ᠂ ᠰᠢᠨ᠎ᠡ ᠶᠢ ᠡᠭᠦᠳᠭᠦ ᠴᠢᠨᠠᠷᠲᠠᠢ ᠪᠠᠷ ᠬᠥᠭᠵᠢᠵᠦ᠂ ᠰᠣᠶᠣᠯ ᠤᠨ | ᠦᠢᠯᠡᠰ ᠡᠳᠦᠷ ᠢᠷᠡᠬᠦᠶ᠎ᠡ ᠴᠡᠴᠡᠭᠯᠡᠨ ᠬᠥᠭᠵᠢᠵᠦ᠂ ᠰᠦᠯᠵᠢᠶᠡᠨ ᠤ ᠠᠮᠢ ᠠᠬᠤᠢ ᠦᠷᠭᠦᠯᠵᠢᠯᠡᠨ ᠰᠠᠶᠢᠵᠢᠷᠠᠵᠤ᠂ | ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠤ ᠪᠠᠶᠢᠳᠠᠯ ᠳᠤ ᠪᠦᠭᠦ ᠲᠠᠯ᠎ᠠ ᠶᠢᠨ ᠴᠢᠨᠠᠷᠲᠠᠢ᠂ ᠦᠨᠳᠦᠰᠦᠨ | ᠴᠢᠨᠠᠷᠲᠠᠢ ᠬᠤᠪᠢᠷᠠᠯᠲᠠ ᠭᠠᠷᠴᠠᠢ᠃ ᠪᠢᠳᠡ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ | ᠪᠠᠶᠢᠭᠤᠯᠤᠭᠳᠠᠭᠰᠠᠨ 90 ᠵᠢᠯ ᠤᠨ ᠣᠢ᠂ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠣᠢ ᠶᠢ ᠦᠪᠡᠳᠡᠭᠰᠢ | ᠶᠡᠭᠡ ᠪᠠᠷ ᠪᠡᠯᠭᠡᠯᠡᠵᠦ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ ᠵᠢᠴᠢ | ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ 70 ᠵᠢᠯ ᠤᠨ ᠣᠢ᠂ ᠳᠤᠮᠳᠠᠳᠤ ᠤᠯᠤᠰ ᠤᠨ | ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠪᠠᠷ | ᠭᠠᠳᠠᠭᠠᠳᠤ ᠳᠤ ᠭᠠᠷᠴᠤ ᠲᠠᠶᠢᠨ ᠬᠢᠭᠰᠡᠨ 70 ᠵᠢᠯ ᠤᠨ ᠣᠢ ᠶᠢ ᠦᠪᠡᠳᠡᠭᠰᠢ ᠶᠡᠭᠡ ᠪᠠᠷ ᠳᠤᠷᠠᠰᠬᠠᠵᠤ᠂ | ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ | ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠵᠥ᠂ ᠵᠠᠯᠠᠭᠤ ᠨᠢᠭᠡ ᠦᠶ᠎ᠡ ᠶᠢᠨ | ᠬᠢᠨ ᠨᠡᠩ ᠢᠳᠡᠪᠬᠢᠲᠡᠢ ᠥᠭᠡᠳᠡᠯᠡᠨ ᠳᠠᠪᠰᠢᠵᠤ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠤ ᠰᠣᠶᠣᠯ ᠤᠨ ᠢᠲᠡᠭᠡᠯ ᠢᠯᠡᠳᠲᠡ ᠴᠢᠩᠭᠠᠷᠠᠵᠤ᠂ ᠣᠶᠣᠨ ᠰᠠᠨᠠᠭᠠᠨ ᠤ ᠳᠦᠷᠰᠦ ᠪᠠᠶᠢᠳᠠᠯ ᠨᠡᠩ | ᠴᠤᠭ ᠪᠠᠳᠠᠷᠠᠩᠭᠤᠢ ᠪᠣᠯᠪᠠ᠃ | — ᠪᠢᠳᠡ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠨᠢᠯᠬ᠎ᠠ ᠪᠠᠶᠢᠬᠤ ᠳᠤᠨᠢ ᠠᠰᠠᠷᠠᠬᠤ ᠭᠠᠵᠠᠷ ᠲᠠᠢ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ | ᠂ ᠬᠥᠳᠡᠯᠮᠦᠷᠢᠯᠡᠪᠡᠯ ᠬᠥᠯᠥᠰᠦ ᠣᠯᠭᠤᠮᠵᠢ ᠲᠠᠢ᠂ ᠡᠪᠡᠳᠴᠢᠯᠡᠪᠡᠯ ᠦᠵᠡᠭᠦᠯᠭᠦ ᠡᠮᠨᠡᠯᠭᠡ ᠲᠠᠢ᠂ ᠥᠲᠡᠯᠪᠡᠯ ᠭᠦᠷᠳᠡᠭᠦ | ᠠᠰᠠᠷᠠᠮᠵᠢ ᠲᠠᠢ᠂ ᠰᠠᠭᠤᠬᠤ ᠠᠴᠠ ᠣᠷᠣᠨ ᠰᠠᠭᠤᠴᠠ ᠲᠠᠢ᠂ ᠪᠠᠭᠤᠷᠠᠶᠢᠴᠤᠤᠯ ᠨᠢ ᠭᠦᠷᠳᠡᠭᠦ ᠲᠤᠰᠠᠯᠠᠮᠵᠢ ᠲᠠᠢ | ᠪᠠᠶᠢᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠷᠠᠳ ᠤᠨ ᠠᠮᠢᠳᠤᠷᠠᠯ ᠪᠦᠭᠦ ᠲᠠᠯ᠎ᠠ ᠪᠠᠷ ᠰᠠᠶᠢᠵᠢᠷᠠᠪᠠ᠃ | ᠬᠥᠮᠥᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ 78.2 ᠨᠠᠰᠤ ᠪᠣᠯᠵᠤ ᠨᠡᠮᠡᠭᠳᠡᠪᠡ᠃ ᠰᠠᠭᠤᠭᠠᠯᠢ ᠠᠷᠠᠳ ᠤᠨ | ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 16500 ᠲᠥᠭᠦᠷᠢᠭ ᠪᠠᠶᠢᠭᠰᠠᠨ ᠠᠴᠠ ᠪᠠᠨ 35100 | ᠲᠥᠭᠦᠷᠢᠭ ᠪᠣᠯᠵᠤ ᠨᠡᠮᠡᠭᠳᠡᠪᠡ᠃ ᠬᠤᠲᠠ ᠪᠠᠯᠭᠠᠰᠤᠨ ᠳᠤ ᠵᠢᠯ ᠳᠤᠮᠳᠠᠴᠢ ᠪᠠᠷ 1300 ᠲᠦᠮᠡ ᠭᠠᠷᠤᠢ | ᠬᠥᠮᠥᠨ ᠳᠤ ᠰᠢᠨ᠎ᠡ ᠪᠠᠷ ᠠᠵᠢᠯ ᠣᠯᠭᠤᠪᠠ᠃ ᠳᠡᠯᠡᠬᠡᠢ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠰᠤᠷᠭᠠᠨ | ᠬᠥᠮᠦᠵᠢᠯ ᠤᠨ ᠰᠢᠰᠲ᠋ᠧᠮ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠰᠢᠰᠲ᠋ᠧᠮ ᠢ ᠪᠠᠶᠢᠭᠤᠯᠵᠤ᠂ ᠰᠤᠷᠭᠠᠨ ᠬᠥᠮᠦᠵᠢᠯ ᠢ ᠲᠦᠭᠡᠮᠡᠯᠵᠢᠭᠦᠯᠦᠭᠰᠡᠨ ᠬᠢᠷᠢ ᠲᠦᠪᠰᠢᠨ ᠲᠡᠦᠬᠡᠲᠦ ᠴᠢᠨᠠᠷᠲᠠᠢ | ᠳᠠᠪᠠᠯᠲᠠ ᠶᠢ ᠪᠡᠶᠡᠯᠡᠭᠦᠯᠵᠦ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ 10.4 ᠳ᠋ᠦᠩᠰᠢᠭᠤᠷ | ᠬᠥᠮᠥᠨ ᠢ ᠬᠠᠮᠤᠷᠴᠤ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠰᠠᠨ ᠨᠤᠷᠮ᠎ᠠ 95% ᠳᠤ | ᠲᠣᠭᠲᠠᠪᠤᠷᠢᠵᠢᠪᠠ᠃ ᠦᠷᠡᠵᠢᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠲᠣᠬᠢᠷᠠᠭᠤᠯᠪᠠ᠃ ᠳᠥᠭᠦᠮ | ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ 4200 ᠭᠠᠷᠤᠢ ᠲᠦᠮᠡᠨ ᠢᠵᠢ ᠣᠷᠣᠨ ᠰᠠᠭᠤᠴᠠ ᠶᠢ | ᠥᠭᠡᠷᠡᠴᠢᠯᠡᠨ ᠵᠠᠰᠠᠵᠤ᠂ ᠬᠥᠳᠡᠭᠡ ᠲᠣᠰᠬᠤᠨ ᠤ 2400 ᠭᠠᠷᠤᠢ ᠲᠦᠮᠡᠨ ᠡᠷᠦᠭᠡ ᠶᠢᠨ ᠨᠤᠷᠠᠬᠤ ᠠᠶᠤᠯᠲᠠᠢ ᠭᠡᠷ | ᠪᠠᠶᠢᠰᠢᠩ ᠢ ᠥᠭᠡᠷᠡᠴᠢᠯᠡᠨ ᠵᠠᠰᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ | ᠨᠥᠬᠦᠴᠡᠯ ᠢᠯᠡᠳᠲᠡ ᠰᠠᠶᠢᠵᠢᠷᠠᠪᠠ᠃ ᠢᠨᠲ᠋ᠧᠷ ᠰᠦᠯᠵᠢᠶᠡᠨ ᠳᠤ ᠭᠠᠷᠤᠭᠰᠠᠨ ᠬᠥᠮᠥᠨ ᠤ ᠲᠤᠭ᠎ᠠ 10.3 | ᠳ᠋ᠦᠩᠰᠢᠭᠤᠷ ᠲᠤ ᠬᠦᠷᠴᠡᠢ᠃ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠨᠡᠩ ᠭᠦᠢᠴᠡᠳ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ ᠪᠣᠯᠵᠤ᠂ ᠬᠠᠮᠲᠤ ᠪᠠᠷ | ᠪᠠᠶᠠᠵᠢᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠪᠠ᠃ | — ᠪᠢᠳᠡ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ | ᠣᠶᠢᠯᠠᠭᠠᠭᠳᠠᠬᠤᠨ ᠢ ᠪᠠᠷᠢᠮᠲᠠᠯᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ | ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠭᠦ ᠲᠠᠯ᠎ᠠ ᠪᠠᠷ᠂ ᠪᠦᠭᠦ ᠣᠷᠣᠨ ᠪᠦᠰᠡ ᠪᠠᠷ᠂ ᠪᠦᠭᠦ | ᠶᠠᠪᠤᠴᠠ ᠳᠤ ᠴᠢᠩᠭᠠᠳᠬᠠᠵᠤ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮ ᠢ ᠨᠡᠩ ᠪᠦᠷᠢᠨᠰᠢᠭᠦᠯᠵᠦ᠂ | ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠢ ᠭᠦᠨᠵᠡᠭᠡᠶᠢᠷᠡᠭᠦᠯᠦᠨ ᠠᠬᠢᠭᠤᠯᠵᠤ᠂ ᠪᠣᠬᠢᠷᠳᠤᠯ | ᠦᠭᠡᠢ᠂ ᠡᠷᠭᠢᠯᠲᠡᠲᠦ᠂ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠯᠠᠪᠳᠠᠭᠤᠨ ᠪᠠᠲᠤᠲᠠᠢ ᠠᠯᠬᠤᠮ ᠢ ᠠᠯᠬᠤᠵᠤ᠂ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠭᠦ | ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠴᠤ᠂ ᠪᠢᠲᠡᠨ ᠤ ᠡᠬᠡ ᠤᠯᠤᠰ ᠤᠨ ᠲᠡᠭᠷᠢ ᠨᠢ ᠨᠡᠩ ᠴᠡᠯᠮᠡᠭ᠂ ᠠᠭᠤᠯᠠ | ᠨᠢ ᠨᠡᠩ ᠬᠥᠬᠡᠮᠳᠦᠭ᠂ ᠤᠰᠤ ᠨᠢ ᠨᠡᠩ ᠲᠤᠩᠭᠠᠯᠠᠭ ᠪᠣᠯᠵᠠᠢ᠃ | — ᠪᠢᠳᠡ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠤᠯᠤᠰ ᠤᠨ | ᠠᠮᠤᠷ ᠲᠦᠪᠰᠢᠨ ᠤ ᠤᠳᠤᠷᠢᠳᠬᠤ ᠪᠠᠶᠢᠭᠤᠯᠤᠯ ᠪᠠ ᠬᠠᠤᠯᠢᠵᠢᠯ ᠤᠨ ᠰᠢᠰᠲ᠋ᠧᠮ᠂ ᠪᠠᠶᠢᠯᠳᠤᠬᠤ ᠪᠣᠳᠣᠯᠭ᠎ᠠ ᠶᠢᠨ | ᠰᠢᠰᠲ᠋ᠧᠮ᠂ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠵᠠᠷᠴᠢᠮ ᠤᠨ | ᠠᠰᠠᠭᠤᠳᠠᠯ ᠳᠡᠭᠡᠷ᠎ᠡ ᠥᠴᠥᠬᠡᠨ ᠴᠦ ᠨᠠᠶᠢᠷ ᠲᠠᠯᠪᠢᠬᠤ ᠦᠭᠡᠢ ᠪᠠᠶᠢᠵᠤ᠂ ᠡᠷᠡᠰ ᠪᠠᠲᠤ ᠵᠣᠷᠢᠭ ᠰᠠᠨᠠᠭ᠎ᠠ ᠵᠠᠩ | ᠴᠢᠨᠠᠷ ᠢᠶᠠᠷ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠵᠤ᠂ | ᠤᠯᠤᠰ ᠤᠨ ᠠᠮᠤᠷ ᠲᠦᠪᠰᠢᠨ ᠢ ᠪᠦᠭᠦ ᠲᠠᠯ᠎ᠠ ᠪᠠᠷ ᠴᠢᠩᠭᠠᠳᠬᠠᠪᠠ᠃ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ | ᠬᠠᠮᠲᠤ ᠪᠠᠷ ᠡᠳ᠋ᠯᠡᠭᠦ ᠨᠡᠶᠢᠭᠡᠮ ᠤᠨ ᠵᠠᠰᠠᠯᠲᠠ ᠶᠢᠨ ᠳᠦᠷᠢᠮ ᠤᠯᠠᠮ ᠨᠢᠭᠡ ᠠᠯᠬᠤᠮ ᠪᠦᠷᠢᠨᠰᠢᠵᠦ᠂ ᠦᠨᠳᠦᠰᠦᠲᠡᠨ ᠤ | ᠬᠠᠭᠠᠴᠠᠭᠤᠯᠬᠤ ᠬᠦᠴᠦᠨ᠂ ᠱᠠᠰᠢᠨ ᠰᠤᠷᠲᠠᠬᠤᠨ ᠤ ᠬᠡᠲᠦᠷᠡᠮᠡᠬᠡᠢ ᠬᠦᠴᠦᠨ᠂ ᠬᠦᠴᠦᠷᠬᠡᠭᠯᠡᠯ ᠰᠦᠷᠳᠡᠭᠦᠯᠦᠯ ᠤᠨ | ᠬᠦᠴᠦᠨ ᠢ ᠪᠦᠲᠦᠮᠵᠢᠲᠡᠢ ᠬᠤᠷᠢᠭᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ | ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠤ᠂ ᠠᠯᠢ ᠤᠯᠠᠨ ᠬᠦᠨᠳᠦ ᠶᠡᠭᠡ ᠪᠠᠶᠢᠭᠠᠯᠢ ᠶᠢᠨ ᠭᠠᠮᠰᠢᠭ ᠢ ᠬᠦᠴᠦᠲᠡᠢ | ᠠᠷᠭᠠᠴᠠᠭᠠᠵᠤ᠂ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠨᠡᠩ ᠥᠨᠳᠥᠷ ᠲᠦᠪᠰᠢᠨ ᠳᠤ | ᠭᠦᠷᠪᠡ᠃ | — ᠪᠢᠳᠡ ᠨᠠᠮ ᠤᠨ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠶᠢ ᠲᠣᠭᠲᠠᠭᠠᠨ᠂ | ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ | ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ | ᠨᠠᠮ ᠤᠨ ᠠᠷᠠᠳ ᠤᠨ ᠴᠡᠷᠢᠭ ᠠᠩᠭᠢ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠨ᠂ ᠭᠦ᠋ ᠲᠢᠶᠠᠨ ᠤ | ᠪᠦᠭᠦ ᠴᠡᠷᠢᠭ ᠤᠨ ᠤᠯᠤᠰ ᠲᠥᠷᠥ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠰᠤᠷᠲᠠᠯ ᠴᠡᠭᠴᠡᠯᠡᠬᠦ ᠵᠣᠷᠢᠭ | ᠰᠠᠨᠠᠭ᠎ᠠ ᠪᠠᠷ ᠤᠯᠤᠰ ᠲᠥᠷᠥ ᠶᠢᠨ ᠴᠡᠭᠴᠡᠯᠡᠯᠲᠡ ᠶᠢ ᠠᠬᠢᠭᠤᠯᠵᠤ᠂ ᠳᠠᠶᠢᠴᠢᠨ ᠬᠦᠴᠦᠨ ᠭᠡᠬᠦ ᠡᠨᠡ ᠬᠦ ᠴᠣᠷ ᠤᠨ | ᠭᠠᠭᠴᠠ ᠦᠨᠳᠦᠰᠦᠨ ᠪᠠᠷᠢᠮᠵᠢᠶ᠎ᠠ ᠶᠢ ᠪᠠᠲᠤ ᠪᠠᠬᠢ ᠪᠤᠢ ᠪᠤᠯᠭᠠᠵᠤ᠂ ᠪᠦᠭᠦ ᠴᠡᠷᠢᠭ ᠤᠨ ᠠᠵᠢᠯ ᠤᠨ ᠭᠤᠣᠯᠳᠠᠯᠭ᠎ᠠ ᠶᠢ | ᠳᠠᠶᠢᠨ ᠳᠤ ᠪᠡᠯᠡᠳᠬᠡᠨ ᠪᠠᠶᠢᠯᠳᠤᠭᠠᠨ ᠬᠢᠬᠦ ᠳᠡᠭᠡᠷ᠎ᠡ ᠡᠷᠡᠰ ᠲᠠᠯᠪᠢᠵᠤ᠂ ᠡᠯ᠎ᠡ ᠴᠢᠭᠯᠡᠯ ᠡᠯ᠎ᠡ ᠬᠦᠷᠢᠶᠡᠨ ᠤ ᠴᠡᠷᠢᠭ ᠤᠨ | ᠶᠠᠪᠤᠳᠠᠯ ᠤᠨ ᠲᠡᠮᠡᠴᠡᠯ ᠢ ᠨᠢᠭᠡᠳᠦᠯᠲᠡᠢ ᠲᠥᠯᠥᠪᠵᠢᠭᠦᠯᠦᠨ ᠴᠢᠩᠭᠠᠳᠬᠠᠵᠤ᠂ ᠪᠣᠳᠠᠲᠤ ᠪᠠᠶᠢᠯᠳᠤᠭᠠᠨ ᠤ ᠭᠡᠯᠪᠡᠷᠢ ᠶᠢᠨ | ᠴᠡᠷᠢᠭ ᠤᠨ ᠪᠣᠯᠪᠠᠰᠤᠷᠠᠯ ᠢ ᠶᠡᠭᠡ ᠪᠠᠷ ᠠᠳᠬᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠥᠭᠡᠷᠡᠴᠢᠯᠡᠯᠲᠡ ᠶᠢ ᠡᠷᠡᠰ ᠰᠢᠭᠤᠷᠬᠠᠢ ᠶᠡᠭᠡ ᠪᠠᠷ ᠭᠦᠨᠵᠡᠭᠡᠶᠢᠷᠡᠭᠦᠯᠵᠦ᠂ ᠠᠷᠠᠳ ᠤᠨ ᠴᠡᠷᠢᠭ ᠠᠩᠭᠢ ᠶᠢᠨ | ᠤᠳᠤᠷᠢᠳᠤᠨ ᠵᠢᠯᠤᠭᠤᠳᠬᠤ ᠪᠠᠶᠢᠭᠤᠯᠤᠮᠵᠢ᠂ ᠤᠳᠤ ᠦᠶ᠎ᠡ ᠶᠢᠨ ᠴᠡᠷᠢᠭ ᠤᠨ ᠶᠠᠪᠤᠳᠠᠯ ᠤᠨ ᠬᠦᠴᠦᠨ ᠤ ᠰᠢᠰᠲ᠋ᠧᠮ᠂ | ᠴᠡᠷᠢᠭ ᠤᠨ ᠶᠠᠪᠤᠳᠠᠯ ᠤᠨ ᠲᠦᠷᠦ ᠶᠢᠨ ᠪᠣᠳᠣᠯᠭ᠎ᠠ ᠳᠦᠷᠢᠮ ᠢ ᠳᠠᠭᠢᠨ ᠪᠠᠶᠢᠭᠤᠯᠵᠤ᠂ ᠤᠯᠤᠰ ᠤᠨ ᠪᠠᠲᠤᠯᠠᠨ | ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠴᠡᠷᠢᠭ ᠤᠨ ᠠᠯᠪᠠ ᠬᠠᠭᠠᠵᠤ ᠪᠠᠶᠢᠭ᠎ᠠ ᠬᠥᠮᠥᠨ ᠤ ᠲᠤᠭ᠎ᠠ ᠶᠢ ᠭᠤᠴᠢᠨ ᠲᠦᠮᠡ ᠬᠠᠰᠤᠬᠤ ᠶᠢ ᠢᠯᠠᠯᠲᠠ ᠲᠠᠢ ᠪᠠᠷ | ᠪᠡᠶᠡᠯᠡᠭᠦᠯᠵᠦ᠂ ᠠᠷᠠᠳ ᠤᠨ ᠴᠡᠷᠢᠭ ᠠᠩᠭᠢ ᠶᠢᠨ ᠪᠠᠶᠢᠭᠤᠯᠤᠮᠵᠢ ᠨᠢ ᠰᠢᠨ᠎ᠡ᠂ ᠪᠦᠲᠦᠴᠡ ᠨᠢ ᠰᠢᠨ᠎ᠡ᠂ ᠪᠠᠶᠢᠷᠢᠰᠢᠯ | ᠨᠢ ᠰᠢᠨ᠎ᠡ᠂ ᠳᠦᠷᠰᠦ ᠪᠠᠶᠢᠳᠠᠯ ᠨᠢ ᠴᠣ᠋ ᠰᠢᠨ᠎ᠡ ᠪᠣᠯᠵᠤ᠂ ᠣᠳᠣᠬᠢᠴᠢᠯᠠᠯᠲᠠ ᠶᠢᠨ ᠲᠦᠪᠰᠢᠨ ᠪᠠ ᠪᠣᠳᠠᠲᠤ | ᠪᠠᠶᠢᠯᠳᠤᠭᠠᠨ ᠤ ᠴᠢᠳᠠᠪᠤᠷᠢ ᠢᠯᠡᠳᠲᠡ ᠳᠡᠭᠡᠭᠰᠢᠯᠡᠨ᠂ ᠳᠤᠮᠳᠠᠳᠤ ᠤᠯᠤᠰ ᠤᠨ ᠣᠨᠴᠠᠯᠢᠭ ᠲᠠᠢ ᠴᠡᠷᠢᠭ ᠢ | ᠬᠦᠴᠦᠷᠬᠡᠭᠵᠢᠭᠦᠯᠬᠦ ᠵᠠᠮ ᠶᠠᠪᠤᠬᠤ ᠲᠤᠳᠤᠮ ᠰᠠᠷᠠᠭᠤᠯ ᠳᠠᠷᠳᠠᠩ ᠪᠣᠯᠪᠠ᠃ | — ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢ ᠪᠦᠭᠦ ᠲᠠᠯ᠎ᠠ ᠪᠠᠷ | ᠣᠨᠣᠪᠴᠢᠲᠠᠢ ᠠᠬᠢᠭᠤᠯᠵᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩᠴᠤᠳ | ᠰᠢᠶᠠᠩᠭᠠᠩ ᠢᠶᠠᠨ ᠵᠠᠰᠠᠬᠤ︾᠂ ︽ᠣᠣᠮᠧᠨᠴᠤᠳ ᠣᠣᠮᠧᠨ ᠢᠶᠠᠨ ᠵᠠᠰᠠᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ | ᠵᠠᠰᠠᠬᠤ ᠴᠢᠭᠯᠡᠯᠲᠡ ᠶᠢ ᠪᠠᠷᠢᠮᠲᠠᠯᠠᠵᠤ᠂ ᠰᠢᠶᠠᠩᠭᠠᠩ ᠤᠨ ᠰᠠᠮᠠᠭᠤᠷᠠᠯ ᠤᠨ ᠪᠠᠶᠢᠳᠠᠯ ᠠᠴᠠ ᠲᠦᠪᠰᠢᠷᠡᠭᠰᠡᠨ | ᠪᠠᠶᠢᠳᠠᠯ ᠳᠤ ᠣᠷᠣᠭᠰᠠᠨ ᠠᠴᠠ ᠲᠦᠪᠰᠢᠷᠡᠭᠰᠡᠨ ᠪᠠᠶᠢᠳᠠᠯ ᠠᠴᠠ ᠬᠦᠴᠦᠷᠬᠡᠭᠵᠢᠨ ᠮᠠᠨᠳᠤᠬᠤ ᠪᠠᠶᠢᠳᠠᠯ ᠲᠡᠶᠢᠰᠢ | ᠭᠦᠭᠵᠢᠭᠦ ᠰᠢᠨ᠎ᠡ ᠱᠠᠲᠤᠨ ᠳᠤ ᠣᠷᠣᠬᠤ ᠶᠢ ᠠᠬᠢᠭᠤᠯᠵᠤ᠂ ᠰᠢᠶᠠᠩᠭᠠᠩ᠂ ᠣᠣᠮᠧᠨ ᠤᠷᠳᠤ ᠬᠤᠭᠤᠴᠠᠭᠠᠨ ᠤ | ᠲᠣᠭᠲᠠᠭᠤᠨ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢᠶᠠᠨ ᠪᠠᠲᠤᠯᠠᠪᠠ᠃ ᠪᠢᠳᠡ ᠰᠢᠨ᠎ᠡ ᠴᠠᠭ ᠦᠶ᠎ᠡ ᠳᠤ | ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠳᠤᠷᠠᠳᠤᠨ ᠭᠠᠷᠭᠠᠵᠤ᠂ ᠲᠠᠶᠢᠸᠠᠨ | ᠬᠤᠭᠤᠯᠠᠢ ᠶᠢᠨ ᠬᠤᠶᠠᠷ ᠭᠦᠪᠡᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠤᠨ᠂ ︽ᠲᠠᠶᠢᠸᠠᠨ ᠢ ᠲᠤᠰᠠᠭᠠᠷ | ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠵᠦ᠂ ᠭᠠᠳᠠᠭᠠᠳᠤ ᠶᠢᠨ ᠬᠦᠴᠦᠨ ᠤ ᠭᠠᠷ | ᠲᠦᠷᠦᠭᠦ ᠶᠢ ᠡᠷᠡᠰ ᠡᠰᠡᠷᠭᠦᠴᠡᠨ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠬᠠᠷᠢᠴᠠᠭᠠᠨ ᠤ ᠭᠤᠣᠯᠯᠠᠬᠤ | ᠡᠷᠬᠡ ᠪᠠ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠪᠡ᠃ | — ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠭᠦ | ᠲᠠᠯ᠎ᠠ ᠪᠠᠷ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ | ᠠᠬᠢᠭᠤᠯᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠵᠤ᠂ ᠵᠢᠩᠬᠢᠨᠢ ᠤᠯᠠᠨ ᠲᠠᠯᠠᠲᠤ | ᠦᠵᠡᠯ ᠢ ᠰᠠᠨᠠᠭᠠᠴᠢᠯᠠᠨ ᠦᠢᠯᠡᠳᠦᠯᠭᠡᠵᠢᠭᠦᠯᠵᠦ᠂ ᠲᠤᠭ ᠲᠡᠮᠳᠡᠭ ᠲᠣᠳᠣᠷᠬᠠᠢ ᠪᠠᠷ ᠠᠯᠢᠪᠠ ᠡᠵᠡᠷᠬᠡᠬᠦ ᠦᠵᠡᠯ ᠪᠣᠯᠣᠨ | ᠬᠦᠴᠦᠷᠬᠡᠭᠯᠡᠯ ᠤᠨ ᠤᠯᠤᠰ ᠲᠦᠷᠦ ᠶᠢ ᠡᠰᠡᠷᠭᠦᠴᠡᠵᠦ᠂ ᠶᠠᠮᠠᠷᠪᠠ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ᠂ | ᠪᠠᠯᠠᠮᠠᠳ ᠠᠵᠢᠯᠯᠠᠭ᠎ᠠ ᠶᠢ ᠡᠷᠡᠰ ᠭᠤᠶᠢᠪᠢᠰᠢ ᠦᠭᠡᠢ ᠡᠰᠡᠷᠭᠦᠴᠡᠪᠡ᠃ ᠪᠢᠳᠠ ᠭᠠᠳᠠᠭᠠᠳᠤ ᠬᠠᠷᠢᠯᠴᠠᠭᠠᠨ ᠤ ᠶᠡᠷᠦᠩᠬᠡᠢ | ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠪᠦᠭᠦ ᠪᠥᠮᠪᠥᠷᠴᠡᠭ ᠢ ᠪᠦᠷᠬᠦᠭᠰᠡᠨ ᠬᠠᠨᠢᠲᠠᠨ ᠤ ᠬᠠᠷᠢᠯᠴᠠᠭ᠎ᠠ ᠶᠢᠨ | ᠲᠣᠣᠷ ᠢ ᠢᠳᠡᠪᠬᠢᠲᠡᠢ ᠪᠠᠶᠢᠭᠤᠯᠵᠤ᠂ ᠰᠢᠨ᠎ᠡ ᠭᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ ᠶᠢ | ᠠᠬᠢᠭᠤᠯᠪᠠ᠃ ᠪᠢᠳᠡ ᠬᠠᠷᠢᠭᠤᠴᠠᠯᠭ᠎ᠠ ᠲᠠᠢ ᠲᠣᠮᠣ ᠤᠯᠤᠰ ᠤᠨ ᠡᠭᠦᠷᠭᠡᠯᠡᠯ ᠢᠶᠠᠨ ᠢᠯᠡᠷᠡᠭᠦᠯᠵᠦ᠂ ᠪᠦᠭᠦ | ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ | ᠣᠷᠣᠯᠴᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠣᠯᠠᠨ ᠤᠯᠤᠰ ᠤᠨ | ᠬᠠᠮᠲᠤᠷᠠᠯᠴᠠᠭ᠎ᠠ ᠶᠢ ᠪᠦᠭᠦ ᠲᠠᠯ᠎ᠠ ᠪᠠᠷ ᠥᠷᠨᠢᠭᠦᠯᠵᠦ᠂ ᠳᠡᠯᠡᠬᠡᠢ ᠨᠡᠶᠢᠲᠡ ᠶᠢᠨ ᠥᠷᠭᠡᠨ ᠳᠡᠯᠭᠡᠷ ᠮᠠᠭᠲᠠᠭᠠᠯ | ᠰᠠᠶᠢᠰᠢᠶᠠᠯ ᠢ ᠣᠯᠵᠤ᠂ ᠮᠠᠨ ᠤ ᠤᠯᠤᠰ ᠤᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ᠂ | ᠴᠣᠭᠴᠠᠯᠠᠬᠤ ᠬᠦᠴᠦᠨ ᠢᠯᠡᠳᠲᠡ ᠳᠡᠭᠡᠭᠰᠢᠯᠡᠪᠡ᠃ | — ᠪᠢᠳᠡ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠲᠡᠮᠦᠷ ᠢ ᠳᠠᠪᠲᠠᠬᠤ ᠳᠤ | ᠥᠪᠡᠷ ᠢᠶᠠᠨ ᠵᠠᠪᠠᠯ ᠬᠠᠲᠠᠭᠤ ᠪᠠᠶᠢᠬᠤ ᠶᠢ ᠪᠠᠷᠢᠮᠲᠠᠯᠠᠨ᠂ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ | ᠨᠠᠶᠢᠳᠠᠪᠤᠷᠢᠵᠢᠭᠤᠯᠬᠤ ᠠᠴᠠ ᠡᠬᠢᠯᠡᠨ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ᠨᠠᠮ ᠤᠨ | ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠳᠤᠷᠠᠳᠤᠨ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠥᠷᠥ ᠶᠢᠨ | ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠶᠡᠷᠦᠩᠬᠡᠶᠢᠯᠡᠨ ᠵᠢᠯᠣᠭᠤᠳᠤᠭᠤᠯᠵᠤ᠂ | ᠦᠵᠡᠯ ᠰᠠᠨᠠᠭ᠎ᠠ ᠪᠠᠷ ᠨᠠᠮ ᠪᠠᠶᠢᠭᠤᠯᠬᠤ ᠪᠠ ᠳᠦᠷᠢᠮ ᠢᠶᠠᠷ ᠨᠠᠮ ᠢ ᠵᠠᠰᠠᠬᠤ ᠶᠢ ᠠᠳᠠᠯᠢ ᠴᠢᠭᠯᠡᠯ ᠢᠶᠠᠷ ᠬᠦᠴᠦᠯᠡᠬᠦ ᠶᠢ | ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠳᠠᠯᠠᠨ᠂ ᠨᠠᠮ ᠤᠨ | ᠳᠣᠲᠣᠭᠠᠳᠤ ᠶᠢᠨ ᠲᠥᠪᠯᠡᠷᠡᠩᠭᠦᠢ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ | ᠵᠣᠬᠢᠶᠠᠨ ᠪᠠᠶᠢᠭᠤᠯᠤᠯᠲᠠ ᠶᠢᠨ ᠱᠤᠭᠤᠮ ᠢ ᠳᠤᠷᠠᠳᠤᠨ ᠪᠠᠷᠢᠮᠲᠠᠯᠠᠵᠤ᠂ ᠤᠯᠤᠰ ᠲᠥᠷᠥ ᠶᠢᠨ ᠪᠠᠷᠢᠮᠵᠢᠶ᠎ᠠ ᠪᠠᠷ | ᠮᠡᠷᠭᠡᠳ ᠢ ᠰᠣᠩᠭᠤᠵᠤ ᠴᠢᠳᠠᠪᠤᠷᠢᠲᠠᠨ ᠢ ᠲᠣᠮᠢᠯᠠᠬᠤ ᠶᠢ ᠳᠣᠪᠤᠶᠢᠯᠭᠠᠵᠤ᠂ ᠤᠯᠤᠰ ᠲᠦᠷᠦ ᠶᠢᠨ ᠲᠣᠭᠤᠷᠢᠨ | ᠪᠠᠶᠢᠴᠠᠭᠠᠯᠲᠠ ᠶᠢ ᠴᠢᠩᠭᠠᠳᠬᠠᠵᠤ᠂ ᠨᠡᠯᠢᠶᠡᠳ ᠪᠦᠷᠢᠨ ᠲᠡᠭᠦᠯᠳᠡᠷ ᠨᠠᠮ ᠤᠨ ᠳᠣᠲᠣᠭᠠᠳᠤ ᠶᠢᠨ ᠬᠠᠤᠯᠢ | ᠲᠣᠭᠲᠠᠭᠠᠯ ᠤᠨ ᠰᠢᠰᠲ᠋ᠧᠮ ᠢ ᠪᠦᠷᠢᠯᠳᠦᠭᠦᠯᠵᠦ᠂ ᠪᠦᠭᠦ ᠨᠠᠮ ᠤᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ | ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠴᠢᠩᠭᠠᠷᠠᠭᠤᠯᠵᠤ᠂ ᠰᠠᠬᠢᠯᠭ᠎ᠠ ᠪᠠᠲᠤ ᠲᠣᠭᠲᠠᠭᠠᠯ ᠢ ᠴᠢᠩᠳᠠᠯᠠᠬᠤ ᠶᠢ | ᠠᠬᠢᠭᠤᠯᠪᠠ᠃ ᠪᠢᠳᠡ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠢᠮᠠᠭᠲᠠ ᠬᠤᠪᠢᠷᠠᠰᠢ ᠦᠭᠡᠢ | ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠵᠤ᠂ | ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠢ ᠡᠰᠡᠷᠭᠦᠴᠡᠵᠦ᠂ ᠤᠯᠠᠨ ᠲᠦᠮᠡᠨ ᠤ | ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠤᠷᠳᠤ | ᠬᠤᠭᠤᠴᠠᠭ᠎ᠠ ᠪᠠᠷ ᠬᠤᠷᠢᠭᠯᠠᠵᠤ ᠳᠡᠶᠢᠯᠦᠭᠡᠳᠦᠢ ᠪᠠᠶᠢᠭᠰᠠᠨ ᠵᠠᠷᠢᠮ ᠭᠠᠵᠢᠭᠤ ᠰᠤᠷᠲᠠᠯ ᠢ ᠬᠤᠷᠢᠭᠯᠠᠨ ᠵᠣᠭᠰᠣᠭᠠᠵᠤ᠂ | ᠤᠯᠠᠨ ᠵᠢᠯ ᠠᠷᠢᠯᠭᠠᠭᠠᠳᠤᠢ ᠪᠠᠶᠢᠭᠰᠠᠨ ᠵᠠᠷᠢᠮ ᠠᠷᠬᠠᠭ ᠭᠡᠮ ᠢ ᠵᠠᠯᠠᠷᠠᠭᠤᠯᠤᠨ ᠵᠠᠰᠠᠪᠠ᠃ ᠪᠢᠳᠡ ᠤᠷᠢᠳ ᠡᠮᠦᠨ᠎ᠡ | ᠪᠠᠶᠢᠭ᠎ᠠ ᠦᠭᠡᠢ ᠢᠯᠵᠠᠷᠠᠯ ᠢ ᠡᠰᠡᠷᠭᠦᠴᠡᠬᠦ ᠲᠡᠮᠡᠴᠡᠯ ᠢ ᠥᠷᠨᠢᠭᠦᠯᠵᠦ᠂ ︽ᠮᠢᠩᠭ᠎ᠠ ᠲᠦᠮᠡᠨ ᠬᠥᠮᠥᠨ ᠲᠠᠢ | ᠮᠠᠭᠤᠳᠠᠯᠴᠠᠭᠰᠠᠨ ᠴᠤ ᠠᠷᠪᠠᠨ ᠲᠦᠷᠪᠡᠨ ᠳ᠋ᠦᠩᠰᠢᠭᠤᠷ ᠠᠷᠠᠳ ᠲᠦᠮᠡᠨ ᠢ ᠬᠥᠰᠡᠷᠳᠡᠭᠦᠯᠬᠦ ᠦᠭᠡᠢ︾ ᠭᠡᠬᠦ ᠡᠭᠦᠷᠭᠡ | ᠬᠠᠷᠢᠭᠤᠴᠠᠯᠭ᠎ᠠ ᠪᠠᠷ ᠠᠷᠬᠠᠭ ᠭᠡᠮ ᠢ ᠠᠷᠢᠯᠭᠠᠨ ᠰᠠᠮᠠᠭᠤᠷᠠᠯ ᠢ ᠵᠠᠰᠠᠵᠤ᠂ ᠢᠯᠵᠠᠷᠠᠬᠤ ᠠᠴᠠ ᠵᠢᠷᠦᠬᠡᠰᠢᠶᠡᠬᠦ᠂ | ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ | ︽ᠪᠠᠷᠰ ᠢ ᠴᠣᠬᠢᠵᠤ︾᠂ ︽ᠢᠯᠠᠭ᠎ᠠ ᠶᠢ ᠰᠠᠪᠠᠭ᠋ᠤ︾᠂ ︽ᠦᠨᠡᠭᠡ ᠶᠢ ᠠᠩᠨᠠᠬᠤ︾ ᠶᠢ ᠵᠡᠷᠭᠡ ᠪᠠᠷ ᠶᠠᠪᠤᠭᠤᠯᠵᠤ᠂ | ᠢᠯᠵᠠᠷᠠᠯ ᠢ ᠡᠰᠡᠷᠭᠦᠴᠡᠬᠦ ᠲᠡᠮᠡᠴᠡᠯ ᠳᠡᠶᠢᠯᠦᠩᠭᠦᠢ ᠢᠯᠠᠯᠲᠠ ᠶᠢ ᠣᠯᠣᠭᠰᠠᠨ ᠪᠥᠭᠡᠳ ᠪᠦᠭᠦ ᠲᠠᠯ᠎ᠠ ᠪᠠᠷ ᠪᠠᠬᠢᠵᠢᠵᠦ᠂ | ᠨᠠᠮ᠂ ᠤᠯᠤᠰ᠂ ᠴᠡᠷᠢᠭ ᠠᠩᠭᠢ ᠶᠢᠨ ᠳᠣᠲᠣᠭᠠᠳᠤ ᠳᠤ ᠣᠷᠣᠰᠢᠵᠤ ᠪᠠᠶᠢᠭ᠎ᠠ ᠬᠦᠨᠳᠦ ᠨᠣᠴᠢᠲᠠᠢ ᠲᠠᠯᠳᠠ ᠭᠡᠮ ᠢ | ᠠᠷᠢᠯᠭᠠᠵᠤ᠂ ᠨᠠᠮ ᠪᠠ ᠠᠷᠠᠳ ᠲᠦᠮᠡᠨ ᠠᠴᠠ ᠣᠯᠭᠤᠭᠰᠠᠨ ᠡᠷᠬᠡ ᠶᠢ ᠢᠮᠠᠭᠲᠠ ᠠᠷᠠᠳ ᠲᠦᠮᠡᠨ ᠳᠤ ᠵᠣᠯ ᠵᠢᠷᠭᠠᠯ | ᠣᠯᠭᠤᠬᠤ ᠳᠤ ᠬᠡᠷᠡᠭᠯᠡᠬᠦ ᠶᠢ ᠦᠨᠡᠨ ᠬᠦ ᠪᠠᠲᠤᠯᠠᠪᠠ᠃ ᠴᠥᠬᠦᠷᠡᠰᠢ ᠦᠭᠡᠢ ᠴᠢᠷᠮᠠᠶᠢᠯᠭ᠎ᠠ ᠪᠠᠷ ᠲᠠᠮᠵᠢᠨ᠂ ᠨᠠᠮ ᠤᠨ | ᠥᠪᠡᠷ ᠪᠡᠶ᠎ᠡ ᠶᠢᠨ ᠬᠤᠪᠢᠰᠬᠠᠯ ᠡᠨᠡ ᠬᠦ ᠰᠠᠮᠠᠭᠤᠷᠠᠯ ᠢ ᠵᠠᠰᠠᠵᠤ ᠮᠠᠨᠳᠤᠵᠤ ᠪᠠᠭᠤᠷᠠᠬᠤ ᠲᠡᠦᠬᠡᠨ ᠦᠶᠡᠯᠡᠯ ᠠᠴᠠ | ᠮᠤᠯᠲᠤᠷᠠᠭᠰᠠᠨ ᠬᠤᠶᠠᠳᠤᠭᠠᠷ ᠬᠠᠷᠢᠭᠤᠯᠲᠠ ᠶᠢ ᠣᠯᠵᠤ᠂ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ | ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠴᠢᠳᠠᠪᠤᠷᠢ ᠢᠯᠡᠳᠲᠡ | ᠴᠢᠩᠭᠠᠷᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠲᠠᠯ᠎ᠠ ᠪᠠᠷ ᠬᠢ ᠠᠭᠤᠵᠢᠭᠤ ᠰᠤᠯᠠ ᠵᠥᠭᠡᠯᠡᠨ ᠪᠠᠶᠢᠳᠠᠯ ᠢ | ᠦᠨᠳᠦᠰᠦᠨ ᠠᠴᠠ ᠨᠢ ᠬᠤᠪᠢᠷᠠᠭᠤᠯᠵᠤ᠂ ᠰᠤᠷᠲᠠᠯ ᠴᠢᠬᠡᠴᠢ ᠣᠪᠣᠷ ᠲᠥᠪ ᠨᠠᠮ ᠤᠨ ᠳᠣᠲᠣᠭᠠᠳᠤ ᠶᠢᠨ ᠤᠯᠤᠰ | ᠲᠦᠷᠦ ᠶᠢᠨ ᠠᠮᠢ ᠠᠬᠤᠢ ᠶᠢ ᠲᠠᠰᠤᠷᠠᠯᠳᠠ ᠦᠭᠡᠢ ᠪᠦᠷᠢᠯᠳᠦᠭᠦᠯᠦᠨ ᠬᠥᠭᠵᠢᠭᠦᠯᠵᠦ᠂ ᠨᠠᠮ ᠤᠨ ᠡᠭᠦᠷᠢᠳᠡ ᠴᠢᠨᠠᠷ | ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠢ᠂ ᠰᠤᠷᠲᠠᠯ ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ | ᠃ | ᠨᠠᠮ ᠪᠠ ᠤᠯᠤᠰ ᠤᠨ ᠠᠵᠢᠯ ᠦᠢᠯᠡᠰ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ | ᠣᠯᠣᠭᠰᠠᠨ ᠢ ᠭᠦᠢᠴᠡᠳ ᠨᠤᠲᠠᠯᠠᠬᠤ ᠶᠢᠨ ᠬᠠᠮᠲᠤ᠂ ᠮᠠᠨ ᠤ ᠠᠵᠢᠯ ᠳᠤ ᠪᠠᠰᠠ ᠡᠳᠦᠢ ᠲᠡᠳᠦᠢ ᠬᠦᠷᠦᠯᠴᠡᠬᠦ ᠦᠭᠡᠢ | ᠲᠠᠯ᠎ᠠ ᠣᠷᠣᠰᠢᠵᠤ᠂ ᠴᠥᠭᠡᠨ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠡᠷᠬᠡᠪᠰᠢ ᠰᠡᠷᠭᠡᠭ ᠢᠶᠠᠷ | ᠣᠯᠵᠤ ᠬᠠᠷᠠᠬᠤ ᠬᠡᠷᠡᠭᠲᠡᠢ᠃ ᠡᠭᠦᠨ ᠳᠤ ᠭᠤᠣᠯᠳᠠᠭᠤ᠄ ᠬᠥᠭᠵᠢᠯᠲᠡ ᠲᠡᠩᠴᠡᠭᠦᠷᠢ ᠦᠭᠡᠢ ᠭᠦᠢᠴᠡᠳ ᠪᠤᠰᠤ ᠪᠠᠶᠢᠬᠤ | ᠠᠰᠠᠭᠤᠳᠠᠯ ᠮᠥᠨ ᠲᠣᠪᠣᠶᠢᠮ᠎ᠠ ᠣᠷᠣᠰᠢᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠰᠠ ᠮᠠᠰᠢ | ᠤᠯᠠᠨ ᠬᠠᠷᠰᠢ ᠰᠠᠭᠠᠳ ᠬᠤᠷᠢᠭ᠎ᠠ ᠪᠣᠭᠤᠮᠢ ᠶᠢᠨ ᠠᠰᠠᠭᠤᠳᠠᠯ ᠳᠤ ᠲᠤᠯᠭᠠᠷᠠᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠭᠦ ᠴᠢᠳᠠᠪᠤᠷᠢ ᠪᠠᠰᠠ ᠴᠢᠩᠭ᠎ᠠ ᠪᠢᠰᠢ ᠪᠠᠶᠢᠨ᠎ᠠ ︔ ᠠᠮᠤ ᠪᠤᠳᠠᠭ᠎ᠠ᠂ ᠡᠨᠧᠷᠭᠢ᠂ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠨᠠᠶᠢᠳᠠᠪᠤᠷᠢᠲᠠᠢ ᠠᠮᠤᠷ ᠲᠦᠪᠰᠢᠨ ᠢ ᠪᠠᠲᠤᠯᠠᠬᠤ ᠪᠠ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠳᠤ ᠪᠠᠰᠠ ᠮᠠᠰᠢ ᠤᠯᠠᠨ ᠴᠢᠬᠤᠯᠠ ᠶᠡᠭᠡ | ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ ︔ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠳᠤ | ᠪᠠᠰᠠ ᠴᠥᠭᠡᠨ ᠪᠤᠰᠤ ᠬᠦᠴᠢᠷ ᠪᠡᠷᠬᠡ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ ︔ ᠦᠵᠡᠯ | ᠤᠬᠠᠮᠰᠠᠷ ᠤᠨ ᠭᠡᠯᠪᠡᠷᠢ ᠶᠢᠨ ᠬᠦᠷᠢᠶᠡᠨ ᠳᠤ ᠴᠥᠭᠡᠨ ᠪᠤᠰᠤ ᠥᠷᠢᠰᠦᠯᠳᠦᠭᠡᠨ ᠣᠷᠣᠰᠢᠵᠤ ᠪᠠᠶᠢᠨ᠎ᠠ ︔ ᠬᠤᠳᠠ | ᠬᠥᠳᠡᠭᠡ ᠣᠷᠣᠨ ᠪᠦᠰᠡ ᠶᠢᠨ ᠬᠥᠭᠵᠢᠯᠲᠡ ᠪᠠ ᠣᠷᠣᠯᠭ᠎ᠠ ᠶᠢᠨ ᠬᠤᠪᠢᠶᠠᠷᠢᠯᠠᠯᠲᠠ ᠶᠢᠨ ᠵᠥᠷᠢᠶ᠎ᠡ ᠮᠥᠨ ᠯᠡ | ᠨᠡᠯᠢᠶᠡᠳ ᠶᠡᠭᠡ ᠪᠠᠶᠢᠨ᠎ᠠ ︔ ᠣᠯᠠᠨ ᠲᠦᠮᠡᠨ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ | ᠨᠠᠶᠢᠳᠠᠨ ᠪᠣᠶᠢᠵᠢᠭᠤᠯᠬᠤ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ ᠲᠠᠯ᠎ᠠ ᠪᠠᠷ ᠴᠥᠭᠡᠨ ᠪᠤᠰᠤ | ᠬᠦᠴᠢᠷ ᠠᠰᠠᠭᠤᠳᠠᠯ ᠳᠤ ᠲᠤᠯᠭᠠᠷᠠᠵᠤ ᠪᠠᠶᠢᠨ᠎ᠠ ︔ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠡᠭᠦᠷᠭᠡ ᠮᠥᠨ ᠬᠦ ᠬᠠᠲᠠᠭᠤ ᠪᠡᠷᠬᠡ ᠪᠠᠶᠢᠨ᠎ᠠ ︔ ᠵᠠᠷᠢᠮ ᠨᠠᠮ ᠤᠨ ᠭᠡᠰᠢᠭᠦᠨ᠂ ᠺᠠᠳ᠋ᠷ ᠬᠠᠷᠢᠭᠤᠴᠠᠯᠭ᠎ᠠ ᠡᠭᠦᠷᠭᠡᠯᠡᠬᠦ | ᠵᠣᠷᠢᠭ ᠰᠠᠨᠠᠭ᠎ᠠ ᠪᠠᠷ ᠳᠤᠲᠠᠮᠠᠭ᠂ ᠲᠡᠮᠡᠴᠡᠯ ᠤᠨ ᠡᠷᠳᠡᠮ ᠴᠢᠳᠠᠪᠤᠷᠢ ᠴᠢᠩᠭ᠎ᠠ ᠪᠢᠰᠢ᠂ ᠪᠣᠳᠠᠲᠠᠢ ᠠᠵᠢᠯᠯᠠᠬᠤ ᠵᠣᠷᠢᠭ | ᠰᠠᠨᠠᠭ᠎ᠠ ᠪᠠᠷ ᠬᠦᠷᠦᠯᠴᠡᠬᠦ ᠦᠭᠡᠢ ᠪᠠᠶᠢᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠦᠵᠡᠭᠳᠡᠯ ᠮᠥᠨ | ᠨᠡᠯᠢᠶᠡᠳ ᠲᠣᠪᠣᠶᠢᠮ᠎ᠠ ᠪᠠᠶᠢᠨ᠎ᠠ ︔ ᠢᠯᠵᠠᠷᠠᠯ ᠤᠨ ᠡᠭᠦᠰᠭᠦ ᠬᠥᠷᠥᠰᠥ ᠰᠢᠷᠣᠢ ᠶᠢ ᠠᠷᠢᠯᠭᠠᠬᠤ ᠡᠭᠦᠷᠭᠡ ᠮᠥᠨ ᠯᠡ | ᠪᠡᠷᠬᠡ ᠬᠠᠲᠠᠭᠤᠵᠢᠯᠲᠠᠢ ᠪᠠᠶᠢᠬᠤ ᠵᠡᠷᠭᠡ᠃ ᠡᠳᠡᠭᠡᠷ ᠠᠰᠠᠭᠤᠳᠠᠯ ᠢ ᠪᠢᠳᠡ ᠨᠢᠭᠡᠨᠲᠡ ᠠᠯᠢ ᠤᠯᠠᠨ ᠠᠷᠭ᠎ᠠ ᠬᠡᠮᠵᠢᠶ᠎ᠡ | ᠠᠪᠴᠤ ᠰᠢᠢᠳᠪᠦᠷᠢᠯᠡᠭᠰᠡᠨ ᠪᠠᠶᠢᠨ᠎ᠠ᠂ ᠬᠤᠶᠢᠰᠢᠳᠠ ᠡᠷᠬᠡᠪᠰᠢ ᠠᠵᠢᠯ ᠤᠨ ᠡᠷᠴᠢᠮ ᠢᠶᠠᠨ ᠨᠡᠩ ᠴᠢᠩᠭᠠᠷᠠᠭᠤᠯᠬᠤ | ᠬᠡᠷᠡᠭᠲᠡᠢ᠃ | ᠨᠥᠬᠦᠳ ᠠ᠋︕ ᠰᠢᠨ᠎ᠡ ᠴᠠᠭ ᠦᠶ᠎ᠡ ᠶᠢᠨ ᠠᠭᠤᠤ ᠶᠡᠭᠡ ᠠᠮᠵᠢᠯᠲᠠ ᠪᠦᠲᠦᠮᠵᠢ ᠶᠢ ᠪᠣᠯ ᠨᠠᠮ ᠪᠣᠯᠣᠨ | ᠠᠷᠠᠳ ᠲᠦᠮᠡᠨ ᠬᠠᠮᠲᠤ ᠪᠠᠷ ᠮᠡᠷᠡᠶᠢᠵᠦ ᠪᠠᠶᠢᠭᠠᠳ ᠣᠯᠣᠭᠰᠠᠨ ᠶᠤᠮ᠂ ᠠᠵᠢᠯᠯᠠᠵᠤ ᠪᠠᠶᠢᠭᠠᠳ ᠣᠯᠣᠭᠰᠠᠨ ᠶᠤᠮ᠂ | ᠲᠡᠮᠡᠴᠡᠵᠦ ᠪᠠᠶᠢᠭᠠᠳ ᠣᠯᠣᠭᠰᠠᠨ ᠶᠤᠮ︕ ᠠᠳᠡ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠡᠮᠦᠨ᠎ᠡ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠭᠦ ᠭᠡᠰᠢᠭᠦᠨ᠂ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠭᠦᠮ | ᠪᠠ ᠡᠯ᠎ᠡ ᠡᠲᠡᠭᠡᠳ ᠤᠨ ᠡᠬᠡ ᠣᠷᠣᠨᠴᠢ ᠬᠥᠮᠥᠰ᠂ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠬ᠎ᠠ | ᠳᠡᠭᠦᠦ ᠨᠠᠷ᠂ ᠣᠣᠮᠧᠨ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠬ᠎ᠠ ᠳᠡᠭᠦᠦ ᠨᠠᠷ ᠪᠠ ᠲᠠᠶᠢᠸᠠᠨ ᠤ ᠠᠬ᠎ᠠ | ᠳᠡᠭᠦᠦ ᠨᠠᠷ ᠵᠢᠴᠢ ᠥᠷᠭᠡᠨ ᠤᠯᠠᠨ ᠬᠠᠷᠢᠶᠠᠲᠤ ᠠᠬ᠎ᠠ ᠳᠡᠭᠦᠦ ᠨᠠᠷ᠂ ᠳᠤᠮᠳᠠᠳᠤ ᠤᠯᠤᠰ ᠤᠨ ᠣᠳᠣᠬᠢᠴᠢᠯᠠᠬᠤ | ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠭᠰᠡᠨ ᠡᠯ᠎ᠡ ᠤᠯᠤᠰ ᠤᠨ ᠨᠠᠶᠢᠵᠠ ᠨᠠᠷ ᠲᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠦᠶ᠎ᠡ︕ | ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠨᠢ ᠨᠠᠮ ᠤᠨ ᠲᠡᠦᠬᠡ᠂ ᠰᠢᠨ᠎ᠡ ᠳᠤᠮᠳᠠᠳᠤ | ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ᠂ | ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠳᠤ ᠬᠥᠰᠢᠶ᠎ᠡ ᠲᠡᠮᠳᠡᠭ ᠤᠨ ᠠᠴᠢ ᠬᠤᠯᠪᠣᠭᠳᠠᠯ ᠲᠠᠢ | ᠶᠤᠮ᠃ ᠵᠠᠭᠤᠨ ᠵᠢᠯ ᠤᠨ ᠲᠡᠮᠡᠴᠡᠯ ᠤᠨ ᠶᠠᠪᠤᠴᠠ ᠶᠢ ᠥᠩᠭᠡᠷᠡᠭᠦᠯᠦᠭᠰᠡᠨ ᠳᠤᠮᠳᠠᠳᠤ ᠤᠯᠤᠰ ᠤᠨ ᠡᠪ ᠬᠠᠮᠲᠤ ᠨᠠᠮ | ᠬᠤᠪᠢᠰᠬᠠᠯᠲᠤ ᠴᠢᠨᠠᠷᠲᠠᠢ ᠳᠠᠪᠲᠠᠯᠲᠠ ᠶᠢᠨ ᠳᠤᠮᠳᠠ ᠨᠡᠩ ᠪᠠᠲᠤ ᠴᠢᠩᠭ᠎ᠠ ᠬᠦᠴᠦᠨ ᠲᠠᠢ ᠪᠣᠯᠵᠤ᠂ ᠨᠠᠮ ᠤᠨ ᠤᠯᠤᠰ | ᠲᠦᠷᠦ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠤᠯᠠᠨ ᠲᠦᠮᠡᠨ ᠢ | ᠵᠣᠬᠢᠶᠠᠨ ᠪᠠᠶᠢᠭᠤᠯᠬᠤ ᠬᠦᠴᠦᠨ᠂ ᠨᠡᠶᠢᠭᠡᠮ ᠤᠨ ᠤᠷᠢᠶᠠᠯᠠᠬᠤ ᠬᠦᠴᠦᠨ ᠢᠯᠡᠳᠲᠡ ᠴᠢᠩᠭᠠᠷᠠᠵᠤ᠂ ᠨᠠᠮ ᠪᠣᠯᠣᠨ | ᠠᠷᠠᠳ ᠲᠦᠮᠡᠨ ᠴᠢᠰᠤ ᠮᠢᠬᠠᠨ ᠤ ᠪᠠᠷᠢᠯᠳᠤᠯᠭ᠎ᠠ ᠪᠠᠨ ᠢᠮᠠᠭᠲᠠ ᠪᠠᠲᠤᠯᠠᠵᠤ᠂ ᠳᠤᠮᠳᠠᠳᠤ ᠤᠯᠤᠰ ᠤᠨ ᠡᠪ ᠬᠠᠮᠲᠤ | ᠨᠠᠮ ᠳᠡᠯᠡᠬᠡᠢ ᠶᠢᠨ ᠪᠠᠶᠢᠳᠠᠯ ᠤᠨ ᠭᠦᠨᠵᠡᠭᠡᠢ ᠬᠤᠪᠢᠷᠠᠯᠲᠠ ᠶᠢᠨ ᠲᠡᠦᠬᠡᠨ ᠠᠬᠢᠴᠠ ᠳᠤᠮᠳᠠ ᠢᠮᠠᠭᠲᠠ ᠴᠠᠭ | ᠦᠶ᠎ᠡ ᠶᠢᠨ ᠡᠮᠦᠨ᠎ᠡ ᠡᠩᠨᠡᠭᠡᠨ ᠳᠤ ᠶᠠᠪᠤᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠵᠦᠢᠯ ᠤᠨ ᠠᠶᠤᠯ | ᠲᠦᠭᠰᠢᠭᠦᠷᠢ ᠪᠣᠯᠣᠨ ᠰᠢᠯᠭᠠᠯᠲᠠ ᠶᠢ ᠠᠷᠭᠠᠴᠠᠭᠠᠬᠤ ᠲᠡᠦᠬᠡᠨ ᠠᠬᠢᠴᠠ ᠳᠤᠮᠳᠠ ᠢᠮᠠᠭᠲᠠ ᠪᠦᠭᠦ ᠤᠯᠤᠰ ᠤᠨ ᠠᠷᠠᠳ | ᠲᠦᠮᠡᠨ ᠤ ᠲᠦᠰᠢᠭ ᠲᠤᠯᠭᠠᠭᠤᠷᠢ ᠪᠣᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ | ᠬᠥᠭᠵᠢᠭᠦᠯᠬᠦ ᠲᠡᠦᠬᠡᠨ ᠠᠬᠢᠴᠠ ᠳᠤᠮᠳᠠ ᠢᠮᠠᠭᠲᠠ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠪᠠ᠃ | ᠳᠤᠮᠳᠠᠳᠤ ᠤᠯᠤᠰ ᠤᠨ ᠠᠷᠠᠳ ᠲᠦᠮᠡᠨ ᠤ ᠤᠷᠤᠭᠰᠢᠯᠠᠯᠲᠠ ᠶᠢᠨ ᠬᠦᠳᠡᠯᠭᠡᠬᠦ ᠬᠦᠴᠦᠨ ᠨᠡᠩ | ᠬᠦᠴᠦᠷᠬᠡᠭ ᠶᠡᠭᠡ ᠪᠣᠯᠵᠤ᠂ ᠲᠡᠮᠡᠴᠡᠯ ᠤᠨ ᠵᠣᠷᠢᠭ ᠰᠠᠨᠠᠭ᠎ᠠ ᠨᠡᠩ ᠴᠤᠭ ᠪᠠᠳᠠᠷᠠᠩᠭᠤᠢ ᠪᠣᠯᠵᠤ᠂ ᠯᠠᠪᠲᠠᠢ ᠢᠯᠠᠯᠲᠠ | ᠣᠯᠬᠤ ᠢᠲᠡᠭᠡᠯ ᠵᠣᠷᠢᠭ ᠨᠡᠩ ᠪᠠᠲᠤ ᠴᠢᠩᠭ᠎ᠠ ᠪᠣᠯᠵᠤ᠂ ᠨᠡᠩ ᠴᠢᠩᠭ᠎ᠠ ᠲᠡᠦᠬᠡ ᠶᠢᠨ ᠤᠬᠠᠮᠰᠠᠷ ᠪᠣᠯᠣᠨ | ᠰᠠᠨᠠᠭᠠᠴᠢᠯᠠᠭᠠᠲᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ | ᠤᠯᠤᠰ ᠤᠨ ᠠᠷᠠᠳ ᠲᠦᠮᠡᠨ ᠳᠤᠮᠳᠠᠳᠤ ᠶᠢᠨ ᠦᠨᠳᠦᠰᠦᠲᠡᠨ ᠤ ᠪᠣᠰᠴᠤ ᠵᠣᠭᠰᠣᠭᠰᠠᠨ᠂ ᠴᠢᠨᠡᠭᠡᠯᠢᠭᠵᠢᠭᠰᠡᠨ ᠠᠴᠠ | ᠬᠦᠴᠦᠷᠬᠡᠭᠵᠢᠭᠰᠡᠨ ᠬᠦᠷᠲᠡᠯᠡᠬᠢ ᠠᠭᠤᠤ ᠶᠡᠭᠡ ᠦᠰᠦᠷᠦᠯᠲᠡ ᠶᠢ ᠢᠲᠡᠭᠡᠯ ᠲᠡᠭᠦᠯᠳᠡᠷ ᠢᠶᠠᠷ ᠠᠬᠢᠭᠤᠯᠵᠤ ᠪᠠᠶᠢᠨ᠎ᠠ᠃ | ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠭᠦᠨᠵᠡᠭᠡᠶᠢᠷᠡᠨ | ᠠᠬᠢᠵᠤ᠂ ᠠᠵᠤ ᠠᠬᠤᠢ ᠶᠢᠨ ᠲᠦᠷᠭᠡᠨ ᠬᠥᠭᠵᠢᠯᠲᠡ ᠪᠠ ᠨᠡᠶᠢᠭᠡᠮ ᠤᠨ ᠤᠷᠲᠤ ᠬᠤᠭᠤᠴᠠᠭᠠᠨ ᠤ ᠲᠣᠭᠲᠠᠭᠤᠨ | ᠪᠠᠶᠢᠳᠠᠯ ᠭᠡᠬᠦ ᠬᠤᠶᠠᠷ ᠶᠡᠭᠡ ᠭᠠᠶᠢᠬᠠᠮᠰᠢᠭ ᠤᠨ ᠰᠢᠨ᠎ᠡ ᠬᠠᠭᠤᠳᠠᠰᠤ ᠶᠢ ᠪᠢᠴᠢᠭᠯᠡᠵᠦ᠂ ᠮᠠᠨ ᠤ ᠤᠯᠤᠰ ᠤᠨ | ᠬᠥᠭᠵᠢᠯᠲᠡ ᠨᠡᠩ ᠪᠠᠲᠤ ᠪᠠᠬᠢ ᠪᠣᠳᠠᠰ ᠤᠨ ᠰᠠᠭᠤᠷᠢ ᠲᠠᠢ᠂ ᠨᠡᠩ ᠪᠦᠷᠢᠨ ᠲᠡᠭᠦᠯᠳᠡᠷ ᠪᠠᠶᠢᠭᠤᠯᠤᠯ ᠤᠨ | ᠪᠠᠲᠤᠯᠠᠭ᠎ᠠ ᠲᠠᠢ ᠪᠣᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ | ᠶᠠᠪᠤᠳᠠᠯ ᠪᠤᠴᠠᠰᠢ ᠦᠭᠡᠢ ᠲᠡᠦᠬᠡᠨ ᠠᠬᠢᠴᠠ ᠳᠤ ᠣᠷᠣᠪᠠ᠃ ᠰᠢᠨᠵᠢᠯᠡᠬᠦ ᠤᠬᠠᠭᠠᠨ ᠤ ᠨᠡᠶᠢᠭᠡᠮ ᠵᠢᠷᠤᠮ ᠬᠤᠷᠢᠨ | ᠨᠢᠭᠡᠳᠦᠭᠡᠷ ᠵᠠᠭᠤᠨ ᠤ ᠳᠤᠮᠳᠠᠳᠤ ᠤᠯᠤᠰ ᠲᠤ ᠴᠤᠭ ᠪᠠᠳᠠᠷᠠᠩᠭᠤᠢ ᠰᠢᠨ᠎ᠡ ᠠᠮᠢᠵᠢᠷᠠᠯ ᠤᠨ ᠬᠦᠴᠦᠨ ᠢᠶᠠᠨ | ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠬᠥᠮᠥᠨ ᠲᠥᠷᠥᠯᠬᠢᠲᠡᠨ ᠤ | ᠣᠳᠣᠬᠢᠴᠢᠯᠠᠯᠲᠠ ᠶᠢ ᠪᠡᠶᠡᠯᠡᠭᠦᠯᠬᠦ ᠳᠤ ᠰᠢᠨ᠎ᠡ ᠰᠣᠩᠭᠤᠯᠲᠠ ᠶᠢ ᠬᠠᠩᠭᠠᠵᠤ᠂ ᠳᠤᠮᠳᠠᠳᠤ ᠤᠯᠤᠰ ᠤᠨ ᠡᠪ ᠬᠠᠮᠲᠤ | ᠨᠠᠮ ᠪᠠ ᠳᠤᠮᠳᠠᠳᠤ ᠤᠯᠤᠰ ᠤᠨ ᠠᠷᠠᠳ ᠲᠦᠮᠡᠨ ᠬᠥᠮᠥᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠬᠠᠮᠲᠤ ᠶᠢᠨ | ᠠᠰᠠᠭᠤᠳᠠᠯ ᠢ ᠰᠢᠢᠳᠪᠦᠷᠢᠯᠡᠬᠦ ᠳᠤ ᠨᠡᠩ ᠤᠯᠠᠨ ᠨᠡᠩ ᠰᠠᠶᠢᠨ ᠳᠤᠮᠳᠠᠳᠤ ᠤᠯᠤᠰ ᠤᠨ ᠤᠶᠤᠨ ᠤᠬᠠᠭᠠᠨ᠂ | ᠳᠤᠮᠳᠠᠳᠤ ᠤᠯᠤᠰ ᠤᠨ ᠲᠥᠰᠥᠯ᠂ ᠳᠤᠮᠳᠠᠳᠤ ᠤᠯᠤᠰ ᠤᠨ ᠬᠦᠴᠦᠨ ᠢ ᠬᠠᠩᠭᠠᠵᠤ᠂ ᠬᠥᠮᠥᠨ ᠲᠥᠷᠥᠯᠬᠢᠲᠡᠨ ᠤ | ᠡᠩᠬᠡ ᠲᠠᠶᠢᠪᠤᠩ ᠪᠠ ᠬᠥᠭᠵᠢᠯᠲᠡ ᠶᠢᠨ ᠡᠷᠬᠢᠮ ᠳᠡᠭᠡᠳᠦ ᠦᠢᠯᠡᠰ ᠲᠤ ᠨᠡᠩ ᠶᠡᠭᠡ ᠰᠢᠨ᠎ᠡ ᠬᠤᠪᠢ ᠨᠡᠮᠡᠷᠢ | ᠦᠵᠡᠭᠦᠯᠪᠡ︕ | ᠬᠤᠶᠠᠷ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠨᠡᠭᠡᠭᠡᠨ᠎ᠡ | ᠮᠠᠷᠺᠰ ᠤᠨ ᠦᠵᠡᠯ ᠪᠣᠯ ᠮᠠᠨ ᠤ ᠨᠠᠮ ᠢᠶᠠᠨ ᠪᠠᠶᠢᠭᠤᠯᠵᠤ ᠤᠯᠤᠰ ᠢᠶᠠᠨ ᠪᠠᠶᠢᠭᠤᠯᠬᠤ᠂ ᠨᠠᠮ ᠢᠶᠠᠨ | ᠮᠠᠨᠳᠤᠭᠤᠯᠵᠤ ᠤᠯᠤᠰ ᠢᠶᠠᠨ ᠮᠠᠨᠳᠤᠭᠤᠯᠬᠤ ᠶᠢᠨ ᠦᠨᠳᠦᠰᠦᠨ ᠵᠢᠯᠤᠭᠤᠳᠬᠤ ᠦᠵᠡᠯ ᠰᠠᠨᠠᠭ᠎ᠠ ᠮᠥᠨ᠃ ᠳᠤᠮᠳᠠᠳᠤ | ᠤᠯᠤᠰ ᠤᠨ ᠡᠪ ᠬᠠᠮᠲᠤ ᠨᠠᠮ ᠶᠠᠭᠠᠬᠢᠭᠠᠳ ᠴᠢᠳᠠᠬᠤ ᠪᠤᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠶᠠᠭᠠᠬᠢᠭᠠᠳ ᠰᠠᠶᠢᠨ ᠪᠠᠶᠢᠳᠠᠭ ᠪᠤᠢ ᠭᠡᠪᠡᠯ ᠡᠴᠦᠰ ᠤᠨ ᠡᠴᠦᠰ ᠲᠡᠭᠡᠨ ᠮᠠᠷᠺᠰ ᠤᠨ ᠦᠵᠡᠯ ᠰᠠᠶᠢᠨ ᠪᠠᠶᠢᠬᠤ᠂ | ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠮᠠᠷᠺᠰ ᠤᠨ ᠦᠵᠡᠯ ᠰᠠᠶᠢᠨ ᠪᠠᠶᠢᠬᠤ ᠳᠤ ᠪᠤᠢ ᠭᠡᠳᠡᠭ ᠢ | ᠦᠢᠯᠡᠳᠦᠯᠭᠡ ᠪᠢᠳᠡᠨ ᠳᠤ ᠬᠡᠯᠡᠵᠦ ᠥᠭᠪᠡ᠃ ᠮᠠᠷᠺᠰ ᠤᠨ ᠦᠵᠡᠯ ᠤᠨ ᠰᠢᠨᠵᠢᠯᠡᠬᠦ ᠤᠬᠠᠭᠠᠨᠴᠢ ᠤᠨᠤᠯ ᠤᠨ | ᠵᠢᠯᠣᠭᠤᠳᠤᠯᠭ᠎ᠠ ᠲᠠᠢ ᠪᠠᠶᠢᠬᠤ ᠪᠣᠯ ᠮᠠᠨ ᠤ ᠨᠠᠮ ᠤᠨ ᠢᠲᠡᠭᠡᠯ ᠪᠢᠰᠢᠷᠡᠯ ᠢᠶᠠᠨ ᠪᠠᠲᠤᠳᠬᠠᠵᠤ᠂ ᠲᠡᠦᠬᠡ ᠶᠢᠨ | ᠰᠠᠨᠠᠭᠠᠴᠢᠯᠠᠭᠠᠲᠤ ᠡᠷᠬᠡ ᠶᠢ ᠡᠵᠡᠮᠳᠡᠬᠦ ᠶᠢᠨ ᠦᠨᠳᠦᠰᠦ ᠪᠣᠯᠣᠨ᠎ᠠ᠃ | ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠠᠬᠢᠭᠤᠯᠬᠤ ᠪᠣᠯ ᠦᠨᠡᠨ | ᠶᠣᠰᠣ ᠶᠢ ᠬᠥᠭᠡᠭᠡᠴᠡᠯᠳᠦᠬᠦ᠂ ᠦᠨᠡᠨ ᠶᠣᠰᠣ ᠶᠢ ᠢᠯᠡᠷᠡᠭᠦᠯᠭᠦ᠂ ᠦᠨᠡᠨ ᠶᠣᠰᠣ ᠶᠢ ᠪᠠᠲᠤᠲᠠᠢ ᠬᠡᠷᠡᠭᠵᠢᠭᠦᠯᠬᠦ ᠶᠠᠪᠤᠴᠠ | ᠮᠥᠨ᠃ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠤᠯᠤᠰ ᠤᠨ ᠳᠣᠲᠣᠭᠠᠳᠤ ᠭᠠᠳᠠᠭᠠᠳᠤ ᠶᠢᠨ | ᠪᠠᠶᠢᠳᠠᠯ ᠤᠨ ᠰᠢᠨ᠎ᠡ ᠬᠤᠪᠢᠷᠠᠯᠲᠠ ᠪᠠ ᠦᠢᠯᠡᠳᠦᠯᠭᠡ ᠶᠢᠨ ᠰᠢᠨ᠎ᠡ ᠱᠠᠭᠠᠷᠳᠠᠯᠭ᠎ᠠ ᠨᠢ ᠪᠢᠳᠡᠨ ᠤ ᠤᠨᠤᠯ ᠪᠠ | ᠦᠢᠯᠡᠳᠦᠯᠭᠡ ᠶᠢᠨ ᠤᠶᠠᠯᠳᠤᠯ ᠤᠨ ᠲᠠᠯ᠎ᠠ ᠠᠴᠠ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ᠂ ᠨᠠᠮ ᠤᠨ | ᠲᠦᠷᠦ ᠶᠢ ᠵᠠᠰᠠᠵᠤ ᠵᠠᠰᠠᠭ ᠢ ᠡᠷᠭᠢᠯᠡᠭᠦ ᠳᠤ ᠬᠤᠯᠪᠣᠭᠳᠠᠬᠤ ᠠᠯᠢ ᠤᠯᠠᠨ ᠴᠢᠬᠤᠯᠠ ᠶᠡᠭᠡ ᠴᠠᠭ ᠦᠶ᠎ᠡ ᠶᠢᠨ | ᠰᠡᠳᠦᠪ ᠲᠤ ᠭᠦᠨᠵᠡᠭᠡᠢ ᠬᠠᠷᠢᠭᠤᠯᠲᠠ ᠥᠭᠬᠦ ᠶᠢ ᠲᠤᠯᠭᠠᠮ ᠱᠠᠭᠠᠷᠳᠠᠵᠤ ᠪᠠᠶᠢᠨ᠎ᠠ᠃ ᠮᠠᠨ ᠤ ᠨᠠᠮ ᠵᠣᠷᠢᠭᠲᠠᠢ ᠪᠠᠷ | ᠤᠨᠤᠯ ᠤᠨ ᠰᠦᠪᠡᠭᠴᠢᠯᠡᠯᠲᠡ ᠪᠠ ᠰᠢᠨ᠎ᠡ ᠡᠭᠦᠳᠦᠯᠲᠡ ᠬᠢᠵᠦ᠂ ᠴᠣ ᠰᠢᠨ᠎ᠡ ᠬᠠᠷᠠᠭᠠᠰᠤ ᠠᠴᠠ ᠡᠪ ᠬᠠᠮᠲᠤ ᠨᠠᠮ ᠤᠨ | ᠲᠦᠷᠦ ᠪᠠᠷᠢᠬᠤ ᠵᠢᠮ᠎ᠡ ᠶᠣᠰᠣ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣ᠂ ᠬᠥᠮᠥᠨ | ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ | ᠴᠢᠬᠤᠯᠠ ᠶᠡᠭᠡ ᠤᠨᠤᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠣᠯᠵᠤ᠂ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠭᠠᠨ ᠲᠥᠪᠯᠡᠷᠡᠩᠭᠦᠢ ᠢᠯᠡᠷᠡᠭᠦᠯᠪᠡ | ᠃ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ | ᠪᠦᠭᠦᠳᠡ ᠬᠤᠷᠠᠯ ᠠᠴᠠ ᠳᠤᠷᠠᠳᠤᠭᠰᠠᠨ ︽ᠠᠷᠪᠠ ᠶᠢ ᠲᠣᠳᠣᠷᠬᠠᠶᠢᠯᠠᠬᠤ︾᠂ ︽ᠠᠷᠪᠠᠨ ᠳᠥᠷᠪᠡ ᠶᠢ ᠪᠠᠷᠢᠮᠲᠠᠯᠠᠬᠤ | ︾᠂ ︽ᠠᠷᠪᠠᠨ ᠭᠤᠷᠪᠠᠨ ᠲᠠᠯ᠎ᠠ ᠶᠢᠨ ᠠᠮᠵᠢᠯᠲᠠ ᠪᠦᠲᠦᠮᠵᠢ︾ ᠳᠤ ᠡᠨᠡ ᠬᠦ ᠦᠵᠡᠯ ᠰᠠᠨᠠᠭᠠᠨ ᠤ ᠭᠤᠣᠯ | ᠠᠭᠤᠯᠭ᠎ᠠ ᠶᠢ ᠬᠤᠷᠢᠶᠠᠩᠭᠤᠶᠢᠯᠠᠪᠠ᠂ ᠡᠷᠬᠡᠪᠰᠢ ᠣᠷᠳᠣ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠤ ᠲᠠᠰᠤᠷᠠᠯᠲᠠ | ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ᠃ | ᠵᠦᠪᠭᠡᠨ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ | ᠪᠠᠶᠢᠳᠠᠯ ᠲᠠᠢ ᠤᠶᠠᠯᠳᠤᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ᠂ | ᠬᠤᠪᠢᠰᠤᠩᠭᠤᠢ ᠪᠣᠳᠠᠰᠴᠢ ᠦᠵᠡᠯ ᠪᠠ ᠲᠡᠦᠬᠡ ᠶᠢᠨ ᠪᠣᠳᠠᠰᠴᠢ ᠦᠵᠡᠯ ᠢ ᠬᠡᠷᠡᠭᠯᠡᠬᠦ ᠶᠢ ᠪᠠᠷᠢᠮᠲᠠᠯᠠᠪᠠᠯ ᠰᠠᠶ᠋ᠢ ᠴᠠᠭ | ᠦᠶ᠎ᠡ ᠪᠠ ᠦᠢᠯᠡᠳᠦᠯᠭᠡ ᠶᠢᠨ ᠳᠤᠷᠠᠳᠤᠭᠰᠠᠨ ᠴᠢᠬᠤᠯᠠ ᠶᠡᠭᠡ ᠠᠰᠠᠭᠤᠯᠳᠠ ᠳᠤ ᠵᠥᠪ ᠬᠠᠷᠢᠭᠤᠯᠲᠠ ᠥᠭᠴᠦ᠂ | ᠰᠠᠶ᠋ᠢ ᠮᠠᠷᠺᠰ ᠤᠨ ᠦᠵᠡᠯ ᠤᠨ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠪᠠ ᠥᠷᠨᠢᠭᠦᠨ ᠪᠠᠳᠠᠷᠠᠩᠭᠤᠢ ᠠᠮᠢᠳᠤ | ᠰᠣᠷᠭᠤᠭ ᠬᠦᠴᠦᠨ ᠢ ᠢᠮᠠᠭᠲᠠ ᠪᠠᠲᠤᠯᠠᠵᠤ ᠴᠢᠳᠠᠨ᠎ᠠ ᠭᠡᠳᠡᠭ ᠢ ᠳᠤᠮᠳᠠᠳᠤ ᠤᠯᠤᠰ ᠤᠨ ᠡᠪ ᠬᠠᠮᠲᠤᠴᠤᠳ | ᠭᠦᠨᠵᠡᠭᠡᠢ ᠲᠠᠨᠢᠵᠤ ᠣᠯᠣᠭᠰᠠᠨ ᠪᠠᠶᠢᠨ᠎ᠠ᠃ | ᠮᠠᠷᠺᠰ ᠤᠨ ᠦᠵᠡᠯ ᠢ ᠪᠠᠷᠢᠮᠲᠠᠯᠠᠨ ᠬᠥᠭᠵᠢᠭᠦᠯᠬᠦ ᠳᠤ ᠡᠷᠬᠡᠪᠰᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ | ᠤᠶᠠᠯᠳᠤᠭᠤᠯᠬᠤ ᠬᠡᠷᠡᠭᠲᠡᠢ᠃ ᠪᠢᠳᠡ ᠮᠠᠷᠺᠰ ᠤᠨ ᠦᠵᠡᠯ ᠢᠶᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠪᠠᠶᠢᠭ᠎ᠠ | ᠨᠢ ᠲᠡᠭᠦᠨ ᠤ ᠰᠢᠨᠵᠢᠯᠡᠬᠦ ᠤᠬᠠᠭᠠᠨᠴᠢ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠢᠶᠠᠷ ᠳᠤᠮᠳᠠᠳᠤ | ᠤᠯᠤᠰ ᠤᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠶᠤᠮ᠂ ᠬᠠᠷᠢᠨ ᠲᠡᠭᠦᠨ ᠤ ᠪᠣᠳᠠᠲᠠᠢ ᠳ᠋ᠦᠩᠨᠡᠯᠲᠡ ᠪᠠ | ᠦᠭᠡ ᠥᠭᠦᠯᠡᠪᠦᠷᠢ ᠶᠢ ᠴᠡᠭᠡᠵᠢᠯᠡᠬᠦ ᠪᠠ ᠳᠠᠪᠲᠠᠬᠤ ᠶᠢᠨ ᠲᠥᠯᠥᠭᠡ ᠪᠢᠰᠢ᠂ ᠨᠡᠩ ᠴᠤ ᠮᠠᠷᠺᠰ ᠤᠨ ᠦᠵᠡᠯ ᠢ | ᠬᠡᠵᠢᠶᠡᠳᠡ ᠬᠤᠪᠢᠷᠠᠰᠢ ᠦᠭᠡᠢ ᠨᠣᠮᠯᠠᠯ ᠪᠤᠯᠭᠠᠵᠤ ᠪᠤᠯᠬᠤ ᠦᠭᠡᠢ᠃ ᠪᠢᠳᠡ ᠡᠷᠬᠡᠪᠰᠢ ᠦᠵᠡᠯ ᠰᠠᠨᠠᠭ᠎ᠠ ᠪᠠᠨ | ᠴᠢᠯᠦᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ ᠦᠨᠡᠨ ᠢ ᠪᠠᠷᠢᠮᠲᠠᠯᠠᠨ | ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠠᠯᠢᠪᠠ ᠪᠦᠭᠦᠨ ᠳᠤ ᠪᠣᠳᠠᠲᠠᠢ ᠠᠴᠠ ᠡᠭᠦᠰᠴᠦ᠂ ᠰᠢᠨ᠎ᠡ ᠴᠠᠭ | ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ | ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠠᠩᠬᠠᠷᠴᠤ᠂ ᠳᠤᠮᠳᠠᠳᠤ ᠤᠯᠤᠰ ᠤᠨ ᠠᠰᠠᠭᠤᠯᠲᠠ᠂ ᠳᠡᠯᠡᠬᠡᠢ ᠶᠢᠨ | ᠠᠰᠠᠭᠤᠯᠲᠠ᠂ ᠠᠷᠠᠳ ᠲᠦᠮᠡᠨ ᠤ ᠠᠰᠠᠭᠤᠯᠲᠠ᠂ ᠴᠠᠭ ᠦᠶ᠎ᠡ ᠶᠢᠨ ᠠᠰᠠᠭᠤᠯᠲᠠ ᠳᠤ ᠲᠠᠰᠤᠷᠠᠯᠳᠠ ᠦᠭᠡᠢ | ᠬᠠᠷᠢᠭᠤᠯᠲᠠ ᠥᠭᠴᠦ᠂ ᠳᠤᠮᠳᠠᠳᠤ ᠤᠯᠤᠰ ᠤᠨ ᠪᠣᠳᠠᠲᠤ ᠪᠠᠶᠢᠳᠠᠯ ᠪᠠ ᠴᠠᠭ ᠦᠶ᠎ᠡ ᠶᠢᠨ ᠱᠠᠭᠠᠷᠳᠠᠯᠭ᠎ᠠ ᠳᠤ | ᠨᠡᠶᠢᠴᠡᠭᠰᠡᠨ ᠵᠥᠪ ᠬᠠᠷᠢᠭᠤᠯᠲᠠ ᠥᠭᠴᠦ᠂ ᠪᠤᠰᠤᠳᠴᠢ ᠵᠢᠮ᠎ᠡ ᠶᠣᠰᠣᠨ ᠳᠤ ᠨᠡᠶᠢᠴᠡᠭᠰᠡᠨ ᠰᠢᠨᠵᠢᠯᠡᠬᠦ ᠤᠬᠠᠭᠠᠨᠴᠢ | ᠲᠠᠨᠢᠯᠲᠠ ᠶᠢ ᠳ᠋ᠦᠩᠨᠡᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠤᠨᠤᠯ ᠤᠨ ᠦᠷ᠎ᠡ ᠪᠦᠲᠦᠭᠡᠯ ᠢ ᠪᠤᠢ | ᠪᠤᠯᠭᠠᠵᠤ᠂ ᠳᠤᠮᠳᠠᠳᠤ ᠤᠯᠤᠰ ᠤᠨ ᠦᠢᠯᠡᠳᠦᠯᠭᠡ ᠶᠢ ᠨᠡᠩ ᠰᠠᠶᠢᠲᠤᠷ ᠵᠢᠯᠤᠭᠤᠳᠬᠤ ᠬᠡᠷᠡᠭᠲᠡᠢ᠃ | ᠮᠠᠷᠺᠰ ᠤᠨ ᠦᠵᠡᠯ ᠢ ᠪᠠᠷᠢᠮᠲᠠᠯᠠᠨ ᠬᠥᠭᠵᠢᠭᠦᠯᠬᠦ ᠳᠤ ᠡᠷᠬᠡᠪᠰᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠲᠠᠢ ᠤᠶᠠᠯᠳᠤᠭᠤᠯᠬᠤ ᠬᠡᠷᠡᠭᠲᠡᠢ᠃ ᠵᠦᠪᠭᠡᠨ ᠲᠤᠰ ᠤᠯᠤᠰ᠂ ᠲᠤᠰ ᠦᠨᠳᠦᠰᠦᠲᠡᠨ ᠤ ᠲᠡᠦᠬᠡ | ᠰᠣᠶᠣᠯ ᠤᠨ ᠥᠩ ᠰᠢᠮᠡᠯᠢᠭ ᠬᠥᠷᠥᠰᠥᠨ ᠳᠤ ᠦᠨᠳᠦᠰᠦᠯᠡᠪᠡᠯ ᠰᠠᠶ᠋ᠢ ᠮᠠᠷᠺᠰ ᠤᠨ ᠦᠵᠡᠯ ᠤᠨ ᠦᠨᠡᠨ ᠶᠣᠰᠣᠨ ᠤ | ᠮᠣᠳᠣ ᠦᠨᠳᠦᠰᠦ ᠭᠦᠨ ᠨᠠᠪᠴᠢ ᠰᠠᠬᠤᠯᠢᠭ ᠪᠠᠶᠢᠵᠤ ᠴᠢᠳᠠᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ | ᠪᠣᠯ ᠥᠨᠢ ᠤᠳᠠᠭᠠᠨ ᠤᠯᠠᠮᠵᠢᠯᠠᠯ ᠲᠠᠢ᠂ ᠥᠷᠭᠡᠨ ᠳᠡᠯᠭᠡᠷ ᠭᠦᠨ ᠭᠦᠨᠵᠡᠭᠡᠢ ᠪᠠᠶᠢᠳᠠᠭ᠂ ᠲᠡᠷᠡ ᠪᠣᠯ ᠳᠤᠮᠳᠠᠳᠤ ᠶᠢᠨ | ᠪᠣᠯᠪᠠᠰᠤᠨ ᠤ ᠤᠶᠤᠨ ᠤᠬᠠᠭᠠᠨ ᠤ ᠤᠭᠢ ᠲᠠᠯᠠᠰᠲᠤ ᠮᠥᠨ᠂ ᠲᠡᠭᠦᠨ ᠳᠤ ᠠᠭᠤᠯᠤᠭᠳᠠᠵᠤ ᠪᠠᠶᠢᠭ᠎ᠠ ᠲᠦᠷᠦ ᠶᠢᠨ | ᠡᠷᠬᠡ ᠶᠢ ᠲᠦᠮᠡᠨ ᠤ ᠬᠢ ᠪᠤᠯᠭᠠᠬᠤ᠂ ᠠᠷᠠᠳ ᠲᠦᠮᠡᠨ ᠢᠶᠠᠷ ᠤᠯᠤᠰ ᠣᠷᠣᠨ ᠤ ᠦᠨᠳᠦᠰᠦ ᠪᠤᠯᠭᠠᠬᠤ᠂ ᠤᠯᠤᠰ ᠢ | ᠶᠣᠰᠣ ᠮᠣᠷᠠᠯ ᠢᠶᠠᠷ ᠵᠠᠰᠠᠬᠤ᠂ ᠬᠠᠭᠤᠴᠢᠨ ᠢ ᠥᠭᠡᠷᠡᠴᠢᠯᠡᠵᠦ ᠰᠢᠨ᠎ᠡ ᠶᠢ ᠪᠠᠶᠢᠭᠤᠯᠬᠤ᠂ ᠡᠷᠳᠡᠮᠲᠡᠨ ᠮᠡᠷᠭᠡᠳ ᠢ ᠯᠡ | ᠬᠡᠷᠡᠭᠯᠡᠬᠦ᠂ ᠲᠡᠭᠷᠢ ᠬᠥᠮᠥᠨ ᠨᠢᠭᠡᠳᠭᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠶᠣᠰᠣ ᠮᠣᠷᠠᠯ ᠢ ᠡᠷᠬᠢᠮᠯᠡᠨ | ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠢᠲᠡᠭᠡᠯ ᠢ ᠡᠷᠬᠢᠮᠯᠡᠨ ᠡᠪ ᠨᠠᠶᠢᠷ ᠢ ᠡᠷᠭᠢᠮᠯᠡᠭᠦ᠂ ᠬᠥᠷᠰᠢ | ᠵᠡᠷᠭᠡᠯᠡᠳᠡᠭᠡ ᠲᠠᠢ ᠪᠠᠨ ᠳᠣᠲᠣᠨᠣ ᠨᠥᠭᠦᠷᠰᠡᠭ ᠢᠶᠠᠷ ᠶᠠᠪᠤᠯᠴᠠᠬᠤ ᠵᠡᠷᠭᠡ ᠪᠣᠯ ᠳᠤᠮᠳᠠᠳᠤ ᠤᠯᠤᠰ ᠤᠨ ᠠᠷᠠᠳ | ᠲᠦᠮᠡᠨ ᠤ ᠤᠷᠳᠤ ᠬᠤᠭᠤᠴᠠᠭᠠᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠬᠤᠷᠠᠮᠳᠤᠭᠤᠯᠤᠭᠰᠠᠨ ᠣᠷᠴᠢᠯᠠᠩ | ᠤᠨ ᠦᠵᠡᠯᠲᠡ᠂ ᠶᠢᠷᠲᠢᠨᠴᠦ ᠶᠢᠨ ᠦᠵᠡᠯᠲᠡ᠂ ᠨᠡᠶᠢᠭᠡᠮ ᠤᠨ ᠦᠵᠡᠯᠲᠡ᠂ ᠶᠣᠰᠣ ᠰᠤᠷᠲᠠᠬᠤᠨ ᠤ ᠦᠵᠡᠯᠲᠡ ᠶᠢᠨ | ᠴᠢᠬᠤᠯᠠ ᠢᠯᠡᠷᠡᠯ ᠮᠥᠨ᠂ ᠲᠡᠷᠡ ᠨᠢ ᠰᠢᠨᠵᠢᠯᠡᠬᠦ ᠤᠬᠠᠭᠠᠨ ᠤ ᠨᠡᠶᠢᠭᠡᠮ ᠵᠢᠷᠤᠮ ᠤᠨ ᠦᠷᠳᠡᠭ ᠤᠨ ᠦᠵᠡᠯᠲᠡ ᠶᠢᠨ | ᠵᠣᠷᠢᠯᠲᠠ ᠲᠠᠢ ᠳᠡᠭᠡᠳᠦ ᠬᠡᠮᠵᠢᠶ᠎ᠡ ᠪᠠᠷ ᠵᠣᠬᠢᠴᠠᠬᠤ ᠴᠢᠨᠠᠷ ᠲᠠᠢ᠃ ᠪᠢᠳᠡ ᠡᠷᠬᠡᠪᠰᠢ ᠲᠡᠦᠬᠡ ᠶᠢᠨ ᠢᠲᠡᠭᠡᠯ᠂ | ᠰᠣᠶᠣᠯ ᠤᠨ ᠢᠲᠡᠭᠡᠯ ᠢᠶᠠᠨ ᠪᠠᠲᠤᠳᠬᠠᠵᠤ᠂ ᠡᠷᠲᠡᠨ ᠤ ᠬᠢ ᠶᠢ ᠡᠳᠦᠭᠡ ᠳᠤ ᠦᠢᠯᠡᠴᠢᠯᠡᠭᠦᠯᠬᠦ᠂ ᠬᠠᠭᠤᠴᠢᠨ ᠢ | ᠤᠷᠭᠢᠵᠤ ᠰᠢᠨ᠎ᠡ ᠶᠢ ᠡᠭᠦᠳᠭᠦ ᠶᠢ ᠪᠠᠷᠢᠮᠲᠠᠯᠠᠵᠤ᠂ ᠮᠠᠷᠺᠰ ᠤᠨ ᠦᠵᠡᠯ ᠤᠨ ᠦᠵᠡᠯ ᠰᠠᠨᠠᠭᠠᠨ ᠤ ᠤᠭᠢ ᠰᠣᠳᠣ ᠶᠢ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠭᠢ ᠰᠣᠳᠣ ᠲᠠᠢ ᠨᠠᠪᠲᠠᠷᠡᠭᠦᠯᠵᠦ᠂ ᠠᠷᠠᠳ ᠤᠯᠠᠨ ᠤ | ᠡᠳᠦᠷ ᠲᠤᠳᠤᠮ ᠤᠨ ᠬᠡᠷᠡᠭᠯᠡᠭᠡᠨ ᠳᠤ ᠬᠡᠷᠡᠭᠯᠡᠳᠡᠭ ᠠᠳᠠᠯ᠎ᠠ ᠦᠯᠦ ᠢᠯᠡᠷᠡᠭᠦᠯᠦᠭᠰᠡᠨ ᠬᠠᠮᠲᠤ ᠶᠢᠨ ᠦᠷᠳᠡᠭ ᠤᠨ | ᠦᠵᠡᠯᠲᠡ ᠲᠠᠢ ᠠᠭᠤᠰᠤᠯᠴᠠᠭᠤᠯᠵᠤ᠂ ᠰᠢᠨᠵᠢᠯᠡᠬᠦ ᠤᠬᠠᠭᠠᠨᠴᠢ ᠤᠨᠤᠯ ᠳᠤ ᠢᠯᠡ ᠲᠣᠳᠣ ᠳᠤᠮᠳᠠᠳᠤ ᠤᠯᠤᠰ ᠤᠨ | ᠣᠨᠴᠠᠯᠢᠭ ᠢ ᠲᠠᠰᠤᠷᠠᠯᠳᠠ ᠦᠭᠡᠢ ᠣᠯᠭᠤᠵᠤ᠂ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠬᠤ ᠴᠠᠭ | ᠦᠶᠡᠴᠢᠯᠡᠬᠦ ᠲᠡᠦᠬᠡ ᠶᠢᠨ ᠰᠠᠭᠤᠷᠢ ᠪᠠ ᠤᠯᠠᠨ ᠲᠦᠮᠡᠨᠴᠢ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ | ᠮᠠᠷᠺᠰ ᠤᠨ ᠦᠵᠡᠯ ᠢ ᠳᠤᠮᠳᠠᠳᠤ ᠤᠯᠤᠰ ᠲᠤ ᠪᠠᠲᠤ ᠦᠨᠳᠦᠰᠦᠯᠡᠭᠦᠯᠬᠦ ᠬᠡᠷᠡᠭᠲᠡᠢ᠃ | ᠦᠢᠯᠡᠳᠦᠯᠭᠡ ᠬᠢᠵᠠᠭᠠᠷ ᠦᠭᠡᠢ᠂ ᠤᠨᠤᠯ ᠤᠨ ᠰᠢᠨ᠎ᠡ ᠶᠢ ᠡᠭᠦᠳᠭᠦ ᠴᠦ ᠬᠢᠵᠠᠭᠠᠷ ᠦᠭᠡᠢ ᠶᠤᠮ᠃ ᠮᠠᠷᠺᠰ ᠤᠨ | ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠬᠦ | ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠲᠥᠪ ᠴᠢᠩᠭ᠎ᠠ ᠲᠡᠦᠬᠡᠲᠦ ᠬᠠᠷᠢᠭᠤᠴᠠᠯᠭ᠎ᠠ | ᠮᠥᠨ᠃ ᠦᠢᠯᠡᠳᠦᠯᠭᠡ ᠶᠢᠨ ᠰᠠᠭᠤᠷᠢᠨ ᠳᠡᠭᠡᠷᠡᠬᠢ ᠤᠨᠤᠯ ᠤᠨ ᠰᠢᠨ᠎ᠡ ᠶᠢ ᠡᠭᠦᠳᠭᠦ ᠶᠢ ᠦᠷᠭᠦᠯᠵᠢᠯᠡᠨ | ᠠᠬᠢᠭᠤᠯᠬᠤ ᠳᠤ᠂ ᠶᠠᠭᠤᠨ ᠤ ᠡᠮᠦᠨ᠎ᠡ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠢ ᠰᠠᠶᠢᠲᠤᠷ ᠡᠵᠡᠮᠳᠡᠵᠦ᠂ | ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠪᠠᠷᠢᠮᠲᠠᠯᠠᠨ ᠰᠠᠶᠢᠲᠤᠷ | ᠬᠡᠷᠡᠭᠯᠡᠬᠦ ᠬᠡᠷᠡᠭᠲᠡᠢ᠃ | — ᠡᠷᠬᠡᠪᠰᠢ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ ᠬᠡᠷᠡᠭᠲᠡᠢ᠃ ᠠᠷᠠᠳᠴᠢ ᠴᠢᠨᠠᠷ ᠪᠣᠯ ᠮᠠᠷᠺᠰ ᠤᠨ | ᠦᠵᠡᠯ ᠤᠨ ᠮᠥᠨ ᠴᠢᠨᠠᠷ ᠤᠨ ᠰᠢᠨᠵᠢ ᠮᠥᠨ᠂ ᠨᠠᠮ ᠤᠨ ᠤᠨᠤᠯ ᠪᠣᠯ ᠠᠷᠠᠳ ᠲᠦᠮᠡᠨ ᠠᠴᠠ ᠢᠷᠡᠵᠦ᠂ ᠠᠷᠠᠳ | ᠲᠦᠮᠡᠨ ᠤ ᠲᠥᠯᠥᠭᠡ᠂ ᠠᠷᠠᠳ ᠲᠦᠮᠡᠨ ᠳᠤ ᠪᠤᠶᠠᠨ ᠦᠢᠯᠡᠳᠭᠦ ᠤᠨᠤᠯ ᠮᠥᠨ᠂ ᠠᠷᠠᠳ ᠲᠦᠮᠡᠨ ᠤ ᠪᠦᠲᠦᠭᠡᠯᠴᠢ | ᠴᠢᠨᠠᠷᠲᠠᠢ ᠦᠢᠯᠡᠳᠦᠯᠭᠡ ᠪᠣᠯ ᠤᠨᠤᠯ ᠤᠨ ᠰᠢᠨ᠎ᠡ ᠡᠭᠦᠳᠦᠯᠲᠡ ᠶᠢᠨ ᠰᠢᠷᠭᠢᠰᠢ ᠦᠭᠡᠢ ᠡᠬᠢ ᠪᠤᠯᠠᠭ ᠮᠥᠨ᠃ ᠠᠷᠠᠳ | ᠲᠦᠮᠡᠨ ᠠᠴᠠ ᠰᠠᠯᠤᠩᠬᠢᠷᠠᠭᠰᠠᠨ ᠠᠯᠢᠪᠠ ᠤᠨᠤᠯ ᠴᠥᠮ ᠬᠡᠢ ᠬᠤᠭᠤᠰᠤᠨ ᠬᠦᠴᠦᠨ ᠦᠭᠡᠢ ᠶᠤᠮ᠂ ᠠᠷᠠᠳ | ᠲᠦᠮᠡᠨ ᠳᠤ ᠪᠤᠶᠠᠨ ᠦᠢᠯᠡᠳᠭᠦ ᠦᠭᠡᠢ ᠠᠯᠢᠪᠠ ᠤᠨᠤᠯ ᠴᠥᠮ ᠠᠮᠢᠵᠢᠷᠠᠯ ᠤᠨ ᠬᠦᠴᠦᠨ ᠦᠭᠡᠢ ᠶᠤᠮ᠃ ᠪᠢᠳᠡ | ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠢ ᠡᠵᠡᠮᠳᠡᠵᠦ᠂ | ᠠᠷᠠᠳ ᠲᠦᠮᠡᠨ ᠤ ᠡᠭᠦᠳᠦᠨ ᠪᠦᠲᠦᠭᠡᠯᠲᠡ ᠶᠢ ᠭᠦᠨᠳᠦᠳᠭᠡᠵᠦ᠂ ᠠᠷᠠᠳ ᠲᠦᠮᠡᠨ ᠤ ᠤᠶᠤᠨ ᠤᠬᠠᠭᠠᠨ ᠢ | ᠲᠥᠪᠯᠡᠷᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ᠂ ᠮᠡᠳᠡᠷᠡᠭᠳᠡᠭᠰᠡᠨ᠂ ᠡᠵᠡᠮᠰᠢᠭᠳᠡᠭᠰᠡᠨ ᠤᠨᠤᠯ ᠢ ᠪᠤᠢ | ᠪᠤᠯᠭᠠᠵᠤ᠂ ᠲᠡᠭᠦᠨ ᠢ ᠠᠷᠠᠳ ᠲᠦᠮᠡᠨ ᠤ ᠶᠢᠷᠲᠢᠨᠴᠦ ᠶᠢ ᠲᠠᠨᠢᠬᠤ ᠪᠠ ᠶᠢᠷᠲᠢᠨᠴᠦ ᠶᠢ ᠥᠭᠡᠷᠡᠴᠢᠯᠡᠬᠦ ᠶᠢ | ᠵᠢᠯᠤᠭᠤᠳᠬᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠤᠯᠭᠠᠬᠤ ᠬᠡᠷᠡᠭᠲᠡᠢ᠃ | — ᠡᠷᠬᠡᠪᠰᠢ ᠢᠲᠡᠭᠡᠯ ᠵᠣᠷᠢᠭ ᠲᠠᠢ ᠪᠠᠶᠢᠵᠤ ᠪᠡᠶ᠎ᠡ ᠪᠠᠨ ᠳᠠᠭᠠᠭᠠᠬᠤ ᠶᠢ ᠪᠠᠷᠢᠮᠲᠠᠯᠠᠬᠤ ᠬᠡᠷᠡᠭᠲᠡᠢ᠃ ᠳᠤᠮᠳᠠᠳᠤ | ᠤᠯᠤᠰ ᠤᠨ ᠠᠷᠠᠳ ᠲᠦᠮᠡᠨ ᠪᠣᠯᠣᠨ ᠳᠤᠮᠳᠠᠳᠤ ᠶᠢᠨ ᠦᠨᠳᠦᠰᠦᠲᠡᠨ ᠣᠶᠢᠷ᠎ᠠ ᠦᠶ᠎ᠡ ᠠᠴᠠ ᠨᠠᠭᠠᠰᠢᠬᠢ ᠬᠦᠨᠳᠦ | ᠬᠡᠴᠡᠭᠦᠦ ᠭᠠᠰᠠᠯᠠᠩ ᠵᠣᠪᠠᠯᠠᠩ ᠠᠴᠠ ᠠᠭᠤᠤ ᠶᠡᠭᠡ ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ ᠢᠷᠡᠭᠡᠳᠦᠢ ᠲᠡᠶᠢᠰᠢ | ᠤᠷᠤᠭᠰᠢᠯᠠᠭᠰᠠᠨ ᠨᠢ ᠶᠡᠷᠦ ᠠᠴᠠ ᠬᠢᠴᠢᠶᠡᠯ ᠤᠨ ᠪᠢᠴᠢᠭ ᠭᠡᠵᠦ ᠪᠠᠶᠢᠬᠤ ᠦᠭᠡᠢ᠂ ᠨᠡᠩ ᠴᠤ ᠪᠡᠯᠡᠨ ᠬᠠᠷᠢᠭᠤᠯᠲᠠ | ᠭᠡᠵᠦ ᠦᠭᠡᠢ ᠶᠤᠮ᠃ ᠨᠠᠮ ᠤᠨ ᠵᠠᠭᠤᠨ ᠵᠢᠯ ᠤᠨ ᠲᠡᠮᠡᠴᠡᠯ ᠤᠨ ᠠᠮᠵᠢᠯᠲᠠ ᠲᠠᠢ ᠵᠠᠮ ᠢ ᠪᠣᠯ ᠨᠠᠮ ᠠᠴᠠ ᠠᠷᠠᠳ | ᠲᠦᠮᠡᠨ ᠢ ᠤᠳᠤᠷᠢᠳᠤᠨ ᠪᠡᠶ᠎ᠡ ᠪᠠᠨ ᠳᠠᠭᠠᠭᠠᠵᠤ ᠡᠵᠡᠨ ᠮᠡᠳᠡᠨ ᠰᠦᠪᠡᠭᠴᠢᠯᠡᠵᠦ ᠪᠠᠶᠢᠭᠠᠳ ᠨᠡᠭᠡᠭᠡᠭᠰᠡᠨ ᠶᠤᠮ᠂ | ᠮᠠᠷᠺᠰ ᠤᠨ ᠦᠵᠡᠯ ᠤᠨ ᠳᠤᠮᠳᠠᠳᠤ ᠤᠯᠤᠰ ᠤᠨ ᠬᠠᠭᠤᠳᠠᠰᠤ ᠶᠢ ᠪᠣᠯ ᠳᠤᠮᠳᠠᠳᠤ ᠤᠯᠤᠰ ᠤᠨ ᠡᠪ ᠬᠠᠮᠲᠤᠴᠤᠳ | ᠥᠪᠡᠷ ᠤᠨ ᠬᠦᠴᠦᠨ ᠳᠡᠭᠡᠨ ᠲᠦᠰᠢᠭᠯᠡᠨ ᠦᠢᠯᠡᠳᠦᠯᠭᠡᠵᠢᠭᠦᠯᠵᠦ ᠪᠠᠶᠢᠭᠠᠳ ᠨᠡᠭᠡᠭᠡᠭᠰᠡᠨ ᠶᠤᠮ᠂ ᠡᠭᠦᠨ ᠳᠤ | ᠲᠤᠭᠤᠰᠢᠯᠠᠭᠳᠠᠵᠤ ᠪᠠᠶᠢᠭ᠎ᠠ ᠨᠢᠭᠡᠨ ᠦᠨᠳᠦᠰᠦᠨ ᠵᠦᠢᠯ ᠪᠣᠯ ᠳᠠᠷᠤᠢ ᠳᠤᠮᠳᠠᠳᠤ ᠤᠯᠤᠰ ᠤᠨ ᠠᠰᠠᠭᠤᠳᠠᠯ ᠢ | ᠡᠷᠬᠡᠪᠰᠢ ᠳᠤᠮᠳᠠᠳᠤ ᠤᠯᠤᠰ ᠤᠨ ᠦᠨᠳᠦᠰᠦᠨ ᠪᠠᠶᠢᠳᠠᠯ ᠠᠴᠠ ᠡᠭᠦᠰᠴᠦ᠂ ᠳᠤᠮᠳᠠᠳᠤᠴᠤᠳ ᠥᠪᠡᠷ ᠢᠶᠠᠨ | ᠬᠠᠷᠢᠭᠤᠯᠬᠤ ᠬᠡᠷᠡᠭᠲᠡᠢ᠃ ᠪᠢᠳᠡ ᠮᠠᠷᠺᠰ ᠤᠨ ᠦᠵᠡᠯ ᠤᠨ ᠲᠤᠬᠠᠢ ᠡᠷᠡᠰ ᠪᠠᠲᠤ ᠢᠲᠡᠭᠡᠯ ᠪᠢᠰᠢᠷᠡᠯ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠡᠷᠡᠰ ᠪᠠᠲᠤ ᠢᠲᠡᠭᠡᠯ ᠵᠣᠷᠢᠭ ᠢ ᠪᠠᠷᠢᠮᠲᠠᠯᠠᠵᠤ᠂ ᠵᠠᠮ ᠤᠨ | ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠨᠡᠩ | ᠢᠳᠡᠪᠬᠢᠲᠡᠢ ᠲᠡᠦᠬᠡ ᠶᠢᠨ ᠡᠭᠦᠷᠭᠡᠯᠡᠯ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠪᠠᠷ ᠮᠠᠷᠺᠰ ᠤᠨ ᠦᠵᠡᠯ ᠢ | ᠬᠥᠭᠵᠢᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ᠂ ᠵᠠᠪᠢ ᠳᠡᠭᠡᠷ᠎ᠡ ᠲᠡᠮᠳᠡᠭ ᠲᠠᠯᠪᠢᠵᠤ ᠵᠢᠪᠦᠭᠰᠡᠨ | ᠰᠡᠯᠡᠮ᠎ᠡ ᠪᠠᠨ ᠡᠷᠢᠬᠦ᠂ ᠲᠦᠭᠵᠢᠮᠡᠯ ᠬᠥᠰᠢᠭᠦᠨ ᠪᠠᠶᠢᠵᠤ ᠪᠤᠯᠬᠤ ᠦᠭᠡᠢ ᠮᠥᠷᠲᠡᠭᠡᠨ ᠪᠠᠰᠠ ᠲᠡᠷᠡ ᠬᠡᠪ ᠢᠶᠠᠷ ᠨᠢ | ᠬᠠᠭᠤᠯᠤᠨ ᠨᠡᠭᠦᠯᠭᠡᠵᠦ᠂ ᠭᠠᠳᠠᠭᠠᠳᠤ ᠶᠢᠨ ᠲᠤᠷᠰᠢᠯᠭ᠎ᠠ ᠶᠢ ᠲᠡᠷᠡ ᠬᠡᠪ ᠢᠶᠠᠷ ᠨᠢ ᠨᠡᠭᠦᠯᠭᠡᠨ ᠠᠪᠴᠢᠷᠠᠵᠤ ᠵᠠᠳᠠᠯᠤᠯᠲᠠ | ᠬᠢᠵᠦ ᠬᠠᠷᠢᠴᠠᠭᠤᠯᠬᠤ ᠦᠭᠡᠢ ᠪᠠᠶᠢᠵᠤ ᠪᠤᠯᠬᠤ ᠦᠭᠡᠢ᠃ | — ᠡᠷᠬᠡᠪᠰᠢ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠭᠦ ᠶᠢ ᠪᠠᠷᠢᠮᠲᠠᠯᠠᠬᠤ ᠬᠡᠷᠡᠭᠲᠡᠢ᠃ ᠪᠢᠳᠡᠨ ᠤ ᠬᠢᠵᠦ | ᠪᠠᠶᠢᠭ᠎ᠠ ᠪᠣᠯ ᠤᠷᠢᠳ ᠡᠮᠦᠨ᠎ᠡ ᠪᠠᠶᠢᠭ᠎ᠠ ᠦᠭᠡᠢ ᠠᠭᠤᠤ ᠶᠡᠭᠡ ᠦᠢᠯᠡᠰ ᠮᠥᠨ᠂ ᠲᠥᠪ ᠶᠣᠰᠣ ᠶᠢ ᠪᠠᠷᠢᠮᠲᠠᠯᠠᠪᠠᠯ | ᠰᠠᠶ᠋ᠢ ᠴᠢᠭᠯᠡᠯ ᠢᠶᠠᠨ ᠠᠯᠳᠠᠬᠤ ᠦᠭᠡᠢ᠂ ᠨᠤᠷᠠᠭᠠᠯᠲᠠ ᠶᠢᠨ ᠴᠢᠨᠠᠷᠲᠠᠢ ᠠᠯᠳᠠᠭ᠎ᠠ ᠭᠠᠷᠭᠠᠬᠤ ᠦᠭᠡᠢ ᠪᠠᠶᠢᠵᠤ ᠴᠢᠳᠠᠨ᠎ᠠ᠂ | ᠰᠢᠨ᠎ᠡ ᠶᠢ ᠡᠭᠦᠳᠪᠡᠯ ᠰᠠᠶ᠋ᠢ ᠴᠠᠭ ᠦᠶ᠎ᠡ ᠶᠢ ᠡᠵᠡᠮᠳᠡᠵᠦ᠂ ᠴᠠᠭ ᠦᠶ᠎ᠡ ᠶᠢ ᠬᠥᠲᠥᠯᠥᠨ ᠳᠠᠭᠠᠭᠤᠯᠵᠤ ᠴᠢᠳᠠᠨ᠎ᠠ᠃ | ᠪᠢᠳᠡ ᠰᠢᠨᠵᠢᠯᠡᠬᠦ ᠤᠬᠠᠭᠠᠨᠴᠢ ᠣᠪᠣᠷ ᠢᠶᠠᠷ ᠰᠢᠨᠵᠢᠯᠡᠬᠦ ᠤᠬᠠᠭᠠᠨ ᠳᠤ ᠬᠠᠨᠳᠤᠵᠤ᠂ ᠦᠨᠡᠨ ᠶᠣᠰᠣᠨ ᠤ ᠵᠣᠷᠢᠭ | ᠰᠠᠨᠠᠭ᠎ᠠ ᠪᠠᠷ ᠦᠨᠡᠨ ᠶᠣᠰᠣ ᠶᠢ ᠬᠥᠭᠡᠭᠡᠴᠡᠯᠳᠦᠵᠦ᠂ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ | ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠭᠤᠶᠢᠪᠢᠰᠢ ᠦᠭᠡᠢ | ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠭᠤᠶᠢᠪᠢᠰᠢ ᠦᠭᠡᠢ ᠪᠠᠷᠢᠮᠲᠠᠯᠠᠵᠤ᠂ ᠴᠠᠭ | ᠦᠶ᠎ᠡ ᠶᠢᠨ ᠠᠯᠬᠤᠭ᠎ᠠ ᠶᠢ ᠰᠠᠯᠤᠯ ᠦᠭᠡᠢ ᠳᠠᠭᠠᠵᠤ᠂ ᠦᠢᠯᠡᠳᠦᠯᠭᠡ ᠶᠢᠨ ᠬᠥᠭᠵᠢᠯᠲᠡ ᠲᠠᠢ ᠵᠣᠬᠢᠴᠠᠵᠤ᠂ ᠬᠡᠬᠦᠳᠡᠭ | ᠳᠦᠭᠦᠷᠡᠩ ᠬᠠᠯᠠᠭᠤᠨ ᠰᠡᠳᠬᠢᠯᠭᠡ ᠪᠠᠷ ᠠᠯᠢᠪᠠ ᠰᠢᠨ᠎ᠡ ᠬᠡᠷᠡᠭ ᠪᠣᠳᠠᠰ ᠲᠤ ᠬᠠᠨᠳᠤᠵᠤ᠂ ᠲᠠᠨᠢᠯᠲᠠ ᠶᠢᠨ ᠥᠷᠭᠡᠴᠡ | ᠪᠠ ᠭᠦᠨᠴᠡ ᠶᠢ ᠲᠠᠰᠤᠷᠠᠯᠲᠠ ᠦᠭᠡᠢ ᠥᠷᠭᠡᠳᠬᠡᠵᠦ᠂ ᠤᠷᠢᠳᠤᠬᠢ ᠬᠥᠮᠥᠰ ᠤᠨ ᠬᠡᠯᠡᠵᠦ ᠥᠩᠭᠡᠷᠡᠭᠰᠡᠨ ᠦᠭᠡᠢ | ᠰᠢᠨ᠎ᠡ ᠦᠭᠡ ᠶᠢ ᠵᠣᠷᠢᠭᠲᠠᠢ ᠬᠡᠯᠡᠵᠦ᠂ ᠤᠷᠢᠳᠤᠬᠢ ᠬᠥᠮᠥᠰ ᠤᠨ ᠬᠢᠵᠦ ᠥᠩᠭᠡᠷᠡᠭᠰᠡᠨ ᠦᠭᠡᠢ ᠶᠠᠪᠤᠳᠠᠯ ᠢ | ᠵᠣᠷᠢᠭᠲᠠᠢ ᠬᠢᠵᠦ᠂ ᠰᠢᠨ᠎ᠡ ᠤᠨᠤᠯ ᠢᠶᠠᠷ ᠰᠢᠨ᠎ᠡ ᠦᠢᠯᠡᠳᠦᠯᠭᠡ ᠶᠢ ᠵᠢᠯᠤᠭᠤᠳᠬᠤ ᠬᠡᠷᠡᠭᠲᠡᠢ᠃ | — ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠬᠤ ᠬᠡᠷᠡᠭᠲᠡᠢ᠃ ᠠᠰᠠᠭᠤᠳᠠᠯ ᠪᠣᠯ ᠴᠠᠭ | ᠦᠶ᠎ᠡ ᠶᠢᠨ ᠲᠠᠭᠤᠨ ᠮᠥᠨ᠂ ᠠᠰᠠᠭᠤᠳᠠᠯ ᠢ ᠬᠠᠷᠢᠭᠤᠯᠵᠤ ᠵᠢᠯᠣᠭᠤᠳᠤᠨ ᠰᠢᠢᠳᠪᠦᠷᠢᠯᠡᠬᠦ ᠪᠣᠯ ᠤᠨᠤᠯ ᠤᠨ | ᠦᠨᠳᠦᠰᠦᠨ ᠡᠭᠦᠷᠭᠡ ᠮᠥᠨ᠃ ᠥᠨᠥᠳᠥᠷ ᠪᠢᠳᠡᠨ ᠳᠤ ᠲᠤᠯᠭᠠᠷᠠᠵᠤ ᠪᠠᠶᠢᠭ᠎ᠠ ᠠᠰᠠᠭᠤᠳᠠᠯ ᠤᠨ ᠪᠤᠳᠤᠯᠢᠶᠠᠨᠲᠤ | ᠬᠡᠮᠵᠢᠶ᠎ᠡ᠂ ᠠᠰᠠᠭᠤᠳᠠᠯ ᠢ ᠰᠢᠢᠳᠪᠦᠷᠢᠯᠡᠬᠦ ᠪᠡᠷᠬᠡ ᠶᠢᠨ ᠬᠡᠮᠵᠢᠶ᠎ᠡ ᠢᠯᠡᠳᠲᠡ ᠨᠡᠮᠡᠭᠳᠡᠵᠦ᠂ ᠤᠨᠤᠯ ᠤᠨ ᠰᠢᠨ᠎ᠡ | ᠡᠭᠦᠳᠦᠯᠲᠡ ᠳᠤ ᠴᠣ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠪᠢᠳᠡ ᠠᠰᠠᠭᠤᠳᠠᠯ ᠤᠨ ᠲᠤᠬᠠᠢ | ᠤᠬᠠᠮᠰᠠᠷ ᠢᠶᠠᠨ ᠴᠢᠩᠭᠠᠳᠬᠠᠵᠤ᠂ ᠦᠢᠯᠡᠳᠦᠯᠭᠡ ᠳᠤ ᠲᠤᠯᠭᠠᠷᠠᠭᠰᠠᠨ ᠰᠢᠨ᠎ᠡ ᠠᠰᠠᠭᠤᠳᠠᠯ᠂ ᠥᠭᠡᠷᠡᠴᠢᠯᠡᠯᠲᠡ | ᠬᠥᠭᠵᠢᠯᠲᠡ ᠲᠣᠭᠲᠠᠭᠤᠨ ᠤ ᠳᠤᠮᠳᠠ ᠣᠷᠣᠰᠢᠵᠤ ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ᠂ ᠠᠷᠠᠳ ᠤᠯᠠᠨ ᠤ | ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ᠂ ᠤᠯᠠᠨ ᠤᠯᠤᠰ ᠤᠨ ᠬᠤᠪᠢᠷᠠᠯᠲᠠ ᠶᠢᠨ | ᠳᠤᠮᠳᠠᠬᠢ ᠴᠢᠬᠤᠯᠠ ᠶᠡᠭᠡ ᠠᠰᠠᠭᠤᠳᠠᠯ᠂ ᠨᠠᠮ ᠤᠨ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠲᠣᠪᠣᠶᠢᠮ᠎ᠠ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢ ᠦᠨᠡᠨ ᠬᠦ ᠰᠢᠢᠳᠪᠦᠷᠢᠯᠡᠬᠦ ᠰᠢᠨ᠎ᠡ | ᠣᠶᠢᠯᠠᠭᠠᠭᠳᠠᠬᠤᠨ ᠰᠢᠨ᠎ᠡ ᠰᠡᠳᠬᠢᠴᠡ ᠰᠢᠨ᠎ᠡ ᠠᠷᠭ᠎ᠠ ᠶᠢ ᠲᠠᠰᠤᠷᠠᠯᠳᠠ ᠦᠭᠡᠢ ᠳᠤᠷᠠᠳᠤᠨ ᠭᠠᠷᠭᠠᠬᠤ ᠬᠡᠷᠡᠭᠲᠡᠢ᠃ | — ᠡᠷᠬᠡᠪᠰᠢ ᠰᠢᠰᠲ᠋ᠧᠮᠲᠦ ᠦᠵᠡᠯᠲᠡ ᠶᠢ ᠪᠠᠷᠢᠮᠲᠠᠯᠠᠬᠤ ᠬᠡᠷᠡᠭᠲᠡᠢ᠃ ᠲᠦᠮᠡᠨ ᠬᠡᠷᠡᠭ ᠪᠣᠳᠠᠰ ᠬᠠᠷᠢᠯᠴᠠᠨ | ᠬᠤᠯᠪᠣᠯᠳᠤᠵᠤ᠂ ᠬᠠᠷᠢᠯᠴᠠᠨ ᠲᠦᠰᠢᠭᠯᠡᠯᠴᠡᠨ ᠣᠷᠣᠰᠢᠵᠤ ᠪᠠᠶᠢᠳᠠᠭ᠃ ᠭᠠᠭᠴᠠ ᠬᠦ ᠲᠦᠭᠡᠮᠡᠯ ᠬᠤᠯᠪᠤᠭ᠎ᠠ ᠲᠠᠢ᠂ | ᠪᠦᠭᠦ ᠲᠠᠯ᠎ᠠ ᠶᠢᠨ ᠰᠢᠰᠲ᠋ᠧᠮᠲᠦ᠂ ᠬᠥᠭᠵᠢᠯᠲᠡ ᠬᠤᠪᠢᠷᠠᠯᠲᠠ ᠶᠢᠨ ᠦᠵᠡᠯᠲᠡ ᠪᠠᠷ ᠬᠡᠷᠡᠭ ᠪᠣᠳᠠᠰ ᠢ ᠠᠵᠢᠭᠯᠠᠪᠠᠯ | ᠰᠠᠶ᠋ᠢ ᠬᠡᠷᠡᠭ ᠪᠣᠳᠠᠰ ᠤᠨ ᠬᠥᠭᠵᠢᠯᠲᠡ ᠶᠢᠨ ᠵᠢᠮ᠎ᠡ ᠶᠣᠰᠣ ᠶᠢ ᠡᠵᠡᠮᠰᠢᠵᠦ ᠴᠢᠳᠠᠨ᠎ᠠ᠃ ᠮᠠᠨ ᠤ ᠤᠯᠤᠰ ᠪᠣᠯ ᠨᠢᠭᠡᠨ | ᠬᠥᠭᠵᠢᠵᠦ ᠪᠠᠶᠢᠭ᠎ᠠ ᠲᠣᠮᠣ ᠤᠯᠤᠰ ᠮᠥᠨ᠂ ᠮᠥᠨ ᠯᠡ ᠨᠡᠶᠢᠭᠡᠮ ᠵᠢᠷᠤᠮ ᠤᠨ ᠠᠩᠬᠠᠨ ᠤ ᠱᠠᠲᠤᠨ ᠳᠤ ᠣᠷᠣᠰᠢᠵᠤ᠂ | ᠶᠠᠭ ᠨᠡᠶᠢᠭᠡᠮ ᠤᠨ ᠥᠷᠭᠡᠨ ᠳᠡᠯᠭᠡᠷ ᠪᠥᠭᠡᠳ ᠭᠦᠨ ᠭᠦᠨᠵᠡᠭᠡᠢ ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠂ | ᠥᠭᠡᠷᠡᠴᠢᠯᠡᠯᠲᠡ ᠬᠥᠭᠵᠢᠯᠲᠡ ᠶᠢ ᠲᠦᠯᠬᠢᠨ ᠠᠬᠢᠭᠤᠯᠬᠤ᠂ ᠠᠰᠢᠭ ᠲᠤᠰᠠ ᠶᠢᠨ ᠬᠠᠷᠢᠴᠠᠭ᠎ᠠ ᠶᠢ ᠲᠣᠬᠢᠷᠠᠭᠤᠯᠬᠤ ᠨᠢ | ᠶᠡᠷᠦ ᠠᠴᠠ ᠲᠤᠶᠢᠯ ᠤᠨ ᠪᠠᠭ᠎ᠠ ᠬᠡᠰᠡᠭ ᠢ ᠭᠦᠨᠳᠡᠪᠡᠯ ᠪᠦᠭᠦ ᠲᠠᠯ᠎ᠠ ᠶᠢ ᠨᠥᠯᠥᠭᠡᠯᠡᠵᠦ ᠮᠡᠳᠡᠨ᠎ᠠ᠃ ᠪᠢᠳᠡ ᠲᠡᠦᠬᠡ ᠪᠠᠷ | ᠳᠠᠮᠵᠢᠭᠤᠯᠤᠨ ᠪᠣᠳᠠᠲᠤ ᠪᠠᠶᠢᠳᠠᠯ ᠢ ᠦᠵᠡᠵᠦ᠂ ᠦᠵᠡᠭᠳᠡᠯ ᠢᠶᠠᠷ ᠳᠠᠮᠵᠢᠭᠤᠯᠤᠨ ᠮᠥᠨ ᠴᠢᠨᠠᠷ ᠢ ᠦᠵᠡᠬᠦ ᠳᠡᠭᠡᠨ | ᠴᠢᠳᠠᠮᠠᠭᠠᠢ ᠪᠠᠶᠢᠵᠤ᠂ ᠪᠦᠭᠦ ᠲᠠᠯ᠎ᠠ ᠪᠠ ᠬᠡᠰᠡᠭ ᠲᠠᠯ᠎ᠠ᠂ ᠣᠳᠣᠬᠠᠨ ᠪᠠ ᠠᠯᠤᠰ ᠭᠡᠳᠦ᠂ ᠬᠤᠷᠸ᠎ᠠ ᠪᠠ ᠬᠤᠮᠠᠬᠢ᠂ | ᠭᠤᠣᠯ ᠵᠥᠷᠢᠴᠡᠯ ᠪᠠ ᠳᠡᠳ᠋ ᠵᠥᠷᠢᠴᠡᠯ᠂ ᠣᠨᠴᠠᠭᠠᠢ ᠪᠠ ᠡᠩ ᠤᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ | ᠪᠠᠶᠢᠯᠳᠤᠬᠤ ᠪᠣᠳᠣᠯᠭ᠎ᠠ ᠶᠢᠨ ᠰᠡᠳᠬᠢᠬᠦᠢ᠂ ᠲᠡᠦᠬᠡ ᠶᠢᠨ ᠰᠡᠳᠬᠢᠬᠦᠢ᠂ ᠬᠤᠪᠢᠰᠤᠩᠭᠤᠢ ᠰᠡᠳᠬᠢᠬᠦᠢ᠂ ᠰᠢᠰᠲ᠋ᠧᠮᠲᠦ | ᠰᠡᠳᠬᠢᠬᠦᠢ᠂ ᠰᠢᠨ᠎ᠡ ᠶᠢ ᠡᠭᠦᠳᠭᠦ ᠰᠡᠳᠬᠢᠬᠦᠢ᠂ ᠬᠠᠤᠯᠢ ᠪᠠᠷ ᠵᠠᠰᠠᠬᠤ ᠰᠡᠳᠬᠢᠬᠦᠢ᠂ ᠬᠤᠷᠢᠭ᠎ᠠ ᠱᠤᠭᠤᠮ ᠤᠨ | ᠰᠡᠳᠬᠢᠬᠦᠢ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠠᠷᠠᠯᠠᠯᠲᠦ ᠴᠢᠨᠠᠷᠲᠠᠢ ᠪᠠᠷ ᠰᠡᠳᠭᠢᠭᠦ᠂ | ᠪᠦᠭᠦ ᠲᠠᠯ᠎ᠠ ᠶᠢᠨ ᠴᠢᠨᠠᠷᠲᠠᠢ ᠪᠠᠷ ᠲᠥᠯᠥᠪᠯᠡᠬᠦ᠂ ᠪᠦᠬᠦᠯᠢ ᠴᠣᠭᠴᠠ ᠶᠢᠨ ᠴᠢᠨᠠᠷᠲᠠᠢ ᠪᠠᠷ ᠨᠠᠮ ᠪᠠ ᠤᠯᠤᠰ ᠤᠨ ᠡᠯ᠎ᠡ | ᠵᠦᠢᠯ ᠤᠨ ᠠᠵᠢᠯ ᠦᠢᠯᠡᠰ ᠢ ᠠᠬᠢᠭᠤᠯᠬᠤ ᠳᠤ ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠠᠷᠭ᠎ᠠ ᠶᠢ ᠬᠠᠩᠭᠠᠬᠤ | ᠬᠡᠷᠡᠭᠲᠡᠢ᠃ | — ᠡᠷᠬᠡᠪᠰᠢ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠬᠤ ᠶᠢ ᠪᠠᠷᠢᠮᠲᠠᠯᠠᠬᠤ ᠬᠡᠷᠡᠭᠲᠡᠢ᠃ ᠳᠤᠮᠳᠠᠳᠤ | ᠤᠯᠤᠰ ᠤᠨ ᠡᠪ ᠬᠠᠮᠲᠤ ᠨᠠᠮ ᠪᠣᠯ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ | ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠨᠠᠮ ᠮᠥᠨ᠂ ᠪᠠᠰᠠ ᠴᠤ ᠬᠥᠮᠥᠨ | ᠲᠥᠷᠥᠯᠬᠢᠲᠡᠨ ᠤ ᠲᠠᠪᠰᠢᠯᠳᠠ ᠶᠢᠨ ᠲᠥᠯᠥᠭᠡ᠂ ᠳᠡᠯᠡᠬᠡᠢ ᠳ᠋ᠠᠬᠢᠨ ᠤ ᠡᠪ ᠨᠢᠭᠡᠳᠦᠯ ᠤᠨ ᠲᠥᠯᠥᠭᠡ ᠴᠢᠷᠮᠠᠶᠢᠬᠤ ᠨᠠᠮ | ᠮᠥᠨ᠃ ᠪᠢᠳᠡ ᠳᠡᠯᠡᠬᠡᠢ ᠶᠢᠨ ᠬᠠᠷᠠᠭ᠎ᠠ ᠪᠠᠨ ᠥᠷᠭᠡᠳᠬᠡᠵᠦ᠂ ᠬᠥᠮᠥᠨ ᠲᠥᠷᠥᠯᠬᠢᠲᠡᠨ ᠤ ᠬᠥᠭᠵᠢᠯᠲᠡ | ᠲᠠᠪᠰᠢᠯᠳᠠ ᠶᠢᠨ ᠤᠷᠤᠰᠬᠠᠯ ᠢ ᠭᠦᠨᠵᠡᠭᠡᠢ ᠠᠵᠢᠭᠯᠠᠵᠤ᠂ ᠡᠯ᠎ᠡ ᠤᠯᠤᠰ ᠤᠨ ᠠᠷᠠᠳ ᠲᠦᠮᠡᠨ ᠤ ᠨᠡᠶᠢᠳᠡᠮ ᠠᠩᠬᠠᠷᠴᠤ | ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠬᠥᠮᠥᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ | ᠬᠠᠮᠲᠤ ᠶᠢᠨ ᠠᠰᠠᠭᠤᠳᠠᠯ ᠢ ᠰᠢᠢᠳᠪᠦᠷᠢᠯᠡᠬᠦ ᠳᠤ ᠬᠤᠪᠢ ᠨᠡᠮᠡᠷᠢ ᠦᠵᠡᠭᠦᠯᠵᠦ᠂ ᠠᠨᠠᠪᠠᠳ ᠲᠠᠯᠠᠢ ᠤᠯᠠᠨ ᠤᠷᠤᠰᠬᠠᠯ | ᠴᠢᠳᠬᠤᠯᠠᠩ ᠢ ᠠᠭᠤᠯᠬᠤ ᠠᠭᠤᠳᠠᠮᠴᠢ ᠪᠠᠭᠲᠠᠭᠠᠮᠵᠢᠲᠠᠢ ᠬᠡᠬᠦᠳᠡᠭ ᠴᠡᠭᠡᠵᠢ ᠪᠠᠷ ᠬᠥᠮᠥᠨ ᠲᠥᠷᠥᠯᠬᠢᠲᠡᠨ ᠤ ᠠᠯᠢᠪᠠ | ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢ ᠲᠣᠯᠢᠯᠠᠨ ᠰᠢᠩᠭᠡᠭᠡᠵᠦ᠂ ᠨᠡᠩ ᠰᠠᠶᠢᠨ ᠰᠠᠶᠢᠬᠠᠨ ᠳᠡᠯᠡᠬᠡᠢ | ᠶᠢᠷᠲᠢᠨᠴᠦ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ | ᠭᠤᠷᠪᠠ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ | ᠬᠠᠷᠢᠭᠤᠴᠠᠯᠭ᠎ᠠ | ᠤᠳᠤ ᠠᠴᠠ ᠡᠬᠢᠯᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠣᠯ ᠡᠭᠦᠷᠭᠡ ᠪᠣᠯ ᠳᠠᠷᠤᠢ ᠪᠦᠭᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠵᠢᠷᠤᠮ ᠤᠨ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠡᠶᠡᠯᠡᠭᠦᠯᠵᠦ᠂ ᠬᠤᠶᠠᠳᠤᠭᠠᠷ ᠵᠠᠭᠤᠨ ᠵᠢᠯ ᠤᠨ | ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠠᠪᠤᠳᠠᠯ ᠪᠣᠯᠣᠨ᠎ᠠ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ | ᠤᠷᠳᠤ ᠬᠤᠭᠤᠴᠠᠭᠠᠨ ᠤ ᠰᠦᠪᠡᠭᠴᠢᠯᠡᠯᠲᠡ ᠪᠠ ᠦᠢᠯᠡᠳᠦᠯᠭᠡ ᠶᠢᠨ ᠰᠠᠭᠤᠷᠢᠨ ᠳᠡᠭᠡᠷ᠎ᠡ᠂ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢᠬᠢ ᠤᠨᠤᠯ ᠪᠠ ᠦᠢᠯᠡᠳᠦᠯᠭᠡ ᠶᠢᠨ ᠲᠠᠯ᠎ᠠ ᠪᠠᠷ ᠬᠢ ᠰᠢᠨ᠎ᠡ ᠶᠢ ᠡᠭᠦᠳᠭᠦ ᠰᠢᠪᠲᠤᠯᠤᠯᠲᠠ ᠪᠠᠷ | ᠳᠠᠮᠵᠢᠭᠠᠳ᠂ ᠮᠠᠨ ᠤ ᠨᠠᠮ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠮᠵᠢᠯᠲᠠ ᠲᠠᠢ ᠪᠠᠷ ᠲᠦᠯᠬᠢᠨ | ᠠᠬᠢᠭᠤᠯᠵᠤ ᠥᠷᠭᠡᠳᠬᠡᠭᠰᠡᠨ ᠪᠠᠶᠢᠨ᠎ᠠ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠭᠰᠠᠨ ᠨᠡᠶᠢᠭᠡᠮ ᠵᠢᠷᠤᠮ ᠤᠨ ᠣᠳᠣᠬᠢᠴᠢᠯᠠᠯᠲᠠ ᠮᠥᠨ᠂ ᠡᠯ᠎ᠡ ᠤᠯᠤᠰ ᠤᠨ ᠣᠳᠣᠬᠢᠴᠢᠯᠠᠯᠲᠠ ᠶᠢᠨ | ᠬᠠᠮᠲᠤ ᠶᠢᠨ ᠣᠨᠴᠠᠯᠢᠭ ᠲᠠᠢ ᠮᠥᠷᠲᠡᠭᠡᠨ ᠨᠡᠩ ᠴᠤ ᠥᠪᠡᠷ ᠤᠨ ᠤᠯᠤᠰ ᠤᠨ ᠪᠠᠶᠢᠳᠠᠯ ᠳᠠᠭᠠᠨ ᠰᠠᠭᠤᠷᠢᠯᠠᠭᠰᠠᠨ | ᠳᠤᠮᠳᠠᠳᠤ ᠤᠯᠤᠰ ᠤᠨ ᠣᠨᠴᠠᠯᠢᠭ ᠲᠠᠢ ᠶᠤᠮ᠃ | — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠥᠮᠥᠨ ᠠᠮᠠ ᠶᠢᠨ ᠬᠡᠪᠴᠢᠶ᠎ᠡ ᠪᠠᠷ ᠯᠤᠲᠤ ᠶᠡᠭᠡ | ᠣᠳᠣᠬᠢᠴᠢᠯᠠᠯᠲᠠ ᠮᠥᠨ᠃ ᠮᠠᠨ ᠤ ᠤᠯᠤᠰ ᠤᠨ ᠠᠷᠪᠠᠨ ᠲᠦᠷᠪᠡᠨ ᠳ᠋ᠦᠩᠰᠢᠭᠤᠷ ᠭᠠᠷᠤᠢ ᠬᠥᠮᠥᠨ ᠠᠮᠠ ᠪᠦᠬᠦᠶᠢᠯᠡ | ᠴᠣᠭᠴᠠ ᠪᠠᠷ ᠣᠳᠣᠬᠢᠴᠢᠯᠠᠭᠰᠠᠨ ᠨᠡᠶᠢᠭᠡᠮ ᠳᠤ ᠲᠠᠪᠰᠢᠨ ᠣᠷᠣᠵᠤ᠂ ᠬᠡᠪᠴᠢᠶ᠎ᠡ ᠨᠢ ᠤᠳᠤ ᠶᠢᠨ ᠬᠥᠭᠵᠢᠭᠰᠡᠨ | ᠤᠯᠤᠰ ᠤᠨ ᠬᠥᠮᠥᠨ ᠠᠮᠠ ᠶᠢᠨ ᠨᠡᠶᠢᠯᠡᠪᠦᠷᠢ ᠠᠴᠠ ᠳᠠᠪᠠᠵᠤ᠂ ᠪᠡᠷᠬᠡ ᠬᠠᠲᠠᠭᠤᠵᠢᠯᠲᠤ ᠴᠢᠨᠠᠷ ᠪᠠ ᠪᠤᠳᠤᠯᠢᠶᠠᠨᠲᠤ | ᠴᠢᠨᠠᠷ ᠨᠢ ᠤᠷᠢᠳ ᠡᠮᠦᠨ᠎ᠡ ᠪᠠᠶᠢᠭ᠎ᠠ ᠦᠭᠡᠢ ᠪᠥᠭᠡᠳ ᠬᠥᠭᠵᠢᠯᠲᠡ ᠶᠢᠨ ᠠᠷᠭ᠎ᠠ ᠵᠠᠮ ᠪᠠ ᠲᠦᠯᠬᠢᠨ ᠠᠬᠢᠭᠤᠯᠬᠤ | ᠠᠷᠭ᠎ᠠ ᠮᠠᠶ᠋ᠢᠭ ᠨᠢ ᠴᠦ ᠵᠠᠶᠢᠯᠠᠰᠢ ᠦᠭᠡᠢ ᠥᠪᠡᠷ ᠤᠨ ᠣᠨᠴᠠᠯᠢᠭ ᠲᠠᠢ ᠪᠣᠯᠤᠭᠰᠠᠨ ᠪᠠᠶᠢᠨ᠎ᠠ᠃ ᠪᠢᠳᠡ ᠢᠮᠠᠭᠲᠠ | ᠤᠯᠤᠰ ᠤᠨ ᠪᠠᠶᠢᠳᠠᠯ ᠠᠴᠠ ᠪᠠᠨ ᠡᠭᠦᠰᠦᠨ ᠠᠰᠠᠭᠤᠳᠠᠯ ᠢ ᠪᠣᠳᠣᠯᠬᠢᠯᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠵᠤ | ᠂ ᠤᠴᠢᠷ ᠶᠠᠪᠤᠳᠠᠯ ᠪᠦᠲᠦᠭᠡᠬᠦ ᠳᠡᠭᠡᠨ ᠴᠢᠳᠠᠯ ᠠᠴᠠ ᠪᠠᠨ ᠳᠡᠭᠡᠭᠦᠷ ᠰᠠᠨᠠᠭᠠᠷᠬᠠᠬᠤ ᠦᠭᠡᠢ ᠮᠥᠷᠲᠡᠭᠡᠨ ᠪᠠᠰᠠ | ᠬᠠᠭᠤᠴᠢᠨ ᠵᠤᠷᠰᠢᠯ ᠢᠶᠠᠨ ᠦᠬᠦᠨ ᠪᠠᠷᠢᠮᠲᠠᠯᠠᠬᠤ ᠦᠭᠡᠢ ᠪᠠᠶᠢᠵᠤ᠂ ᠲᠡᠦᠬᠡ ᠶᠢᠨ ᠲᠡᠰᠪᠦᠷᠢ ᠲᠡᠪᠴᠢᠶᠡᠷᠢ ᠶᠢ | ᠪᠠᠲᠤᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠠᠯᠬᠤᠮ ᠲᠠᠷᠠᠭ᠎ᠠ ᠲᠠᠢ ᠪᠠᠷ ᠤᠷᠤᠭᠰᠢᠯᠠᠬᠤ᠂ | ᠦᠷᠭᠦᠯᠵᠢᠯᠡᠨ ᠠᠬᠢᠭᠤᠯᠬᠤ ᠶᠢ ᠪᠠᠷᠢᠮᠲᠠᠯᠠᠨ᠎ᠠ᠃ | — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ | ᠣᠳᠣᠬᠢᠴᠢᠯᠠᠯᠲᠠ ᠮᠥᠨ᠃ ᠬᠠᠮᠲᠤ ᠪᠠᠷ ᠪᠠᠶᠠᠵᠢᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ ᠮᠥᠨ᠂ ᠪᠠᠰᠠ ᠴᠤ ᠨᠢᠭᠡᠨ ᠤᠷᠳᠤ ᠬᠤᠭᠤᠴᠠᠭᠠᠨ ᠤ ᠲᠡᠦᠬᠡᠨ ᠶᠠᠪᠤᠴᠠ | ᠮᠥᠨ᠃ ᠪᠢᠳᠡ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠪᠠᠷ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠣᠷᠢᠯᠲᠠ ᠪᠠ ᠲᠤᠰᠤᠯᠲᠠ ᠪᠤᠯᠭᠠᠬᠤ ᠶᠢ ᠪᠠᠷᠢᠮᠲᠠᠯᠠᠵᠤ᠂ | ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠦᠴᠦᠯᠡᠨ ᠬᠠᠮᠠᠭᠠᠯᠠᠨ ᠠᠬᠢᠭᠤᠯᠵᠤ᠂ ᠪᠦᠭᠦ ᠠᠷᠠᠳ | ᠲᠦᠮᠡᠨ ᠤ ᠬᠠᠮᠲᠤ ᠪᠠᠷ ᠪᠠᠶᠠᠵᠢᠬᠤ ᠶᠢ ᠬᠦᠴᠦᠯᠡᠨ ᠠᠬᠢᠭᠤᠯᠵᠤ᠂ ᠬᠤᠶᠠᠷ ᠲᠤᠶᠢᠯᠰᠢᠷᠠᠯ ᠢ ᠡᠷᠡᠰ ᠰᠡᠷᠭᠡᠶᠢᠯᠡᠨ | ᠬᠤᠷᠢᠭᠯᠠᠨ᠎ᠠ᠃ | — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠣᠳᠠᠰ ᠤᠨ ᠪᠣᠯᠪᠠᠰᠤᠨ ᠪᠠ ᠣᠶᠤᠨ ᠤ ᠪᠣᠯᠪᠠᠰᠤᠨ | ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ ᠮᠥᠨ᠃ ᠡᠳ᠋ ᠪᠣᠳᠠᠰ ᠡᠯᠪᠡᠭ ᠳᠡᠯᠪᠡᠭ᠂ ᠤᠶᠤᠨ ᠰᠠᠨᠠᠭ᠎ᠠ ᠡᠯᠪᠡᠭ | ᠪᠠᠶᠠᠯᠢᠭ ᠪᠠᠶᠢᠬᠤ ᠪᠣᠯ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠦᠨᠳᠦᠰᠦᠨ ᠱᠠᠭᠠᠷᠳᠠᠯᠭ᠎ᠠ ᠮᠥᠨ᠃ ᠡᠳ᠋ | ᠪᠣᠳᠠᠰ ᠤᠨ ᠲᠠᠯ᠎ᠠ ᠪᠠᠷ ᠶᠠᠳᠠᠭᠤ ᠬᠤᠭᠤᠰᠤᠨ ᠪᠠᠶᠢᠬᠤ ᠨᠢ ᠨᠡᠶᠢᠭᠡᠮ ᠵᠢᠷᠤᠮ ᠪᠢᠰᠢ᠂ ᠤᠶᠦᠠ ᠰᠠᠨᠠᠭᠠᠨ ᠤ ᠲᠠᠯ᠎ᠠ ᠪᠠᠷ | ᠶᠠᠳᠠᠭᠤ ᠬᠤᠭᠤᠰᠤᠨ ᠪᠠᠶᠢᠬᠤ ᠨᠢ ᠴᠦ ᠨᠡᠶᠢᠭᠡᠮ ᠵᠢᠷᠤᠮ ᠪᠢᠰᠢ ᠶᠤᠮ᠃ ᠪᠢᠳᠡ ᠣᠳᠣᠬᠢᠴᠢᠯᠠᠯᠲᠠ ᠶᠢᠨ ᠪᠣᠳᠠᠰ ᠤᠨ | ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠪᠣᠳᠠᠰ ᠤᠨ | ᠨᠥᠬᠦᠴᠡᠯ ᠢ ᠲᠠᠰᠤᠷᠠᠯᠳᠠ ᠦᠭᠡᠢ ᠪᠠᠲᠤᠳᠬᠠᠬᠤ ᠶᠢᠨ ᠬᠠᠮᠲᠤ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ | ᠶᠡᠭᠡ ᠪᠠᠷ ᠬᠥᠭᠵᠢᠭᠦᠯᠵᠦ᠂ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ | ᠪᠣᠯᠪᠠᠰᠤᠨ ᠢ ᠤᠯᠠᠮᠵᠢᠯᠠᠨ ᠵᠠᠯᠭᠠᠮᠵᠢᠯᠠᠵᠤ᠂ ᠪᠣᠳᠠᠰ ᠤᠨ ᠪᠦᠭᠦ ᠲᠠᠯ᠎ᠠ ᠶᠢᠨ ᠪᠠᠶᠠᠯᠢᠭᠵᠢᠯ ᠪᠠ ᠬᠥᠮᠥᠨ ᠤ ᠪᠦᠭᠦ | ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ | — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ | ᠣᠷᠣᠰᠢᠬᠤ ᠣᠳᠣᠬᠢᠴᠢᠯᠠᠯᠲᠠ ᠮᠥᠨ᠃ ᠬᠥᠮᠥᠨ ᠪᠠᠶᠢᠭᠠᠯᠢ ᠪᠣᠯ ᠠᠮᠢ ᠨᠠᠰᠤᠨ ᠤ ᠬᠠᠮᠲᠤ ᠶᠢᠨ ᠴᠣᠭᠴᠠ ᠮᠥᠨ᠂ | ᠪᠠᠶᠢᠭᠠᠯᠢ ᠠᠴᠠ ᠬᠡᠮᠵᠢᠶ᠎ᠡ ᠬᠢᠵᠠᠭᠠᠷ ᠦᠭᠡᠢ ᠠᠪᠴᠤ ᠴᠢᠨᠠᠭᠰᠢᠯᠠᠪᠠᠯ ᠪᠠᠶᠢᠭᠠᠯᠢ ᠶᠢ ᠡᠪᠳᠡᠪᠡᠯ ᠵᠠᠶᠢᠯᠠᠰᠢ ᠦᠭᠡᠢ ᠶᠡᠭᠡ | ᠪᠠᠶᠢᠭᠠᠯᠢ ᠶᠢᠨ ᠵᠠᠯᠬᠠᠭᠠᠯ ᠢ ᠣᠯᠬᠤ ᠪᠣᠯᠣᠨ᠎ᠠ᠃ ᠪᠢᠳᠡ ᠦᠷᠭᠦᠯᠵᠢᠯᠡᠬᠦ ᠬᠥᠭᠵᠢᠯᠲᠡ ᠶᠢ ᠪᠠᠷᠢᠮᠲᠠᠯᠠᠵᠤ᠂ | ᠠᠷᠪᠢᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ | ᠭᠤᠣᠯ ᠪᠤᠯᠭᠠᠬᠤ ᠴᠢᠭᠯᠡᠯᠲᠡ ᠶᠢ ᠪᠠᠷᠢᠮᠲᠠᠯᠠᠵᠤ᠂ ᠨᠢᠳᠦᠨ ᠴᠡᠴᠡᠭᠡᠢ ᠪᠠᠨ ᠬᠠᠮᠠᠭᠠᠯᠠᠬᠤ ᠲᠠᠢ ᠠᠳᠠᠯᠢ ᠪᠠᠷ ᠪᠠᠶᠢᠭᠠᠯᠢ ᠪᠠ | ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠪᠠᠶᠠᠨ ᠴᠢᠨᠡᠭᠡᠯᠢᠭ᠂ | ᠠᠮᠢ ᠠᠬᠤᠢ ᠰᠠᠶᠢᠨ ᠰᠠᠶᠢᠬᠠᠨ ᠪᠠᠶᠢᠬᠤ ᠪᠣᠯᠪᠠᠰᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ | ᠂ ᠳᠤᠮᠳᠠᠳᠤ ᠶᠢᠨ ᠦᠨᠳᠦᠰᠦᠲᠡᠨ ᠤ ᠡᠭᠦᠷᠢᠳᠡ ᠶᠢᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠦᠨ᠎ᠡ᠃ | — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ | ᠵᠠᠮᠨᠠᠬᠤ ᠣᠳᠣᠬᠢᠴᠢᠯᠠᠯᠲᠠ ᠮᠥᠨ᠃ ᠮᠠᠨ ᠤ ᠤᠯᠤᠰ ᠵᠠᠷᠢᠮ ᠤᠯᠤᠰ ᠤᠨ ᠲᠠᠶᠢᠨ ᠬᠢᠬᠦ᠂ ᠺᠣᠯᠣᠨᠢᠴᠢᠯᠠᠬᠤ᠂ | ᠳᠡᠭᠡᠷᠡᠮᠳᠡᠬᠦ ᠵᠡᠷᠭᠡ ᠠᠷᠭ᠎ᠠ ᠮᠠᠶ᠋ᠢᠭ ᠢᠶᠠᠷ ᠣᠳᠣᠬᠢᠴᠢᠯᠠᠯᠲᠠ ᠶᠢ ᠪᠡᠶᠡᠯᠡᠭᠦᠯᠬᠦ ᠬᠠᠭᠤᠴᠢᠨ ᠵᠠᠮ ᠢᠶᠠᠷ ᠵᠠᠮᠨᠠᠬᠤ ᠦᠭᠡᠢ᠂ | ᠲᠡᠷᠡ ᠬᠦ ᠪᠡᠶ᠎ᠡ ᠪᠠᠨ ᠪᠤᠳᠤᠵᠤ ᠪᠤᠰᠤᠳ ᠢ ᠬᠤᠬᠢᠷᠠᠭᠤᠯᠬᠤ᠂ ᠴᠢᠰᠤᠲᠤ ᠶᠠᠯ᠎ᠠ ᠨᠢᠭᠦᠯ ᠢᠶᠠᠷ ᠳᠦᠭᠦᠷᠦᠭᠰᠡᠨ | ᠬᠠᠭᠤᠴᠢᠨ ᠵᠠᠮ ᠨᠢ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠠᠷᠠᠳ ᠲᠦᠮᠡᠨ ᠳᠤ ᠬᠦᠨᠳᠦ ᠨᠣᠴᠢᠲᠠᠢ | ᠭᠠᠰᠠᠯᠠᠩ ᠵᠣᠪᠠᠯᠠᠩ ᠢ ᠠᠪᠴᠢᠷᠠᠭᠰᠠᠨ ᠪᠠᠶᠢᠨ᠎ᠠ᠃ ᠪᠢᠳᠡ ᠲᠡᠦᠬᠡ ᠶᠢᠨ ᠵᠥᠪ ᠲᠠᠯ᠎ᠠ ᠳᠤ ᠪᠠᠲᠤ ᠵᠣᠭᠰᠣᠵᠤ᠂ | ᠬᠥᠮᠥᠨ ᠲᠥᠷᠥᠯᠬᠢᠲᠡᠨ ᠤ ᠪᠣᠯᠪᠠᠰᠤᠨ ᠳᠠᠪᠰᠢᠯᠲᠠ ᠶᠢᠨ ᠲᠠᠯ᠎ᠠ ᠳᠤ ᠪᠠᠲᠤ ᠵᠣᠭᠰᠣᠵᠤ᠂ ᠡᠩᠬᠡ ᠲᠠᠶᠢᠪᠤᠩ᠂ | ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠲᠡᠭᠦ ᠲᠤᠭ ᠢ ᠥᠨᠳᠥᠷ ᠮᠠᠨᠳᠤᠭᠤᠯᠵᠤ᠂ ᠳᠡᠯᠡᠬᠡᠢ ᠶᠢᠨ | ᠡᠩᠬᠡ ᠲᠠᠶᠢᠪᠤᠩ ᠪᠣᠯᠣᠨ ᠬᠥᠭᠵᠢᠯᠲᠡ ᠶᠢ ᠡᠷᠡᠰ ᠬᠠᠮᠠᠭᠠᠯᠠᠬᠤ ᠳᠤᠮᠳᠠ ᠲᠤᠰ ᠪᠡᠶ᠎ᠡ ᠶᠢᠨ ᠬᠥᠭᠵᠢᠯᠲᠡ ᠪᠠᠨ | ᠡᠷᠢᠯᠬᠢᠯᠡᠬᠦ ᠮᠥᠷᠲᠡᠭᠡᠨ ᠪᠠᠰᠠ ᠲᠤᠰ ᠪᠡᠶ᠎ᠡ ᠶᠢᠨ ᠬᠥᠭᠵᠢᠯᠲᠡ ᠪᠠᠷ ᠢᠶᠠᠨ ᠳᠡᠯᠡᠬᠡᠢ ᠶᠢᠨ ᠡᠩᠬᠡ ᠲᠠᠶᠢᠪᠤᠩ ᠪᠣᠯᠣᠨ | ᠬᠥᠭᠵᠢᠯᠲᠡ ᠶᠢ ᠨᠡᠩ ᠰᠠᠶᠢᠲᠤᠷ ᠬᠠᠮᠠᠭᠠᠯᠠᠨ᠎ᠠ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ ᠪᠣᠯ᠄ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ ᠪᠦᠭᠦ ᠶᠠᠪᠤᠴᠠ ᠶᠢᠨ | ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠷᠠᠳ ᠲᠦᠮᠡᠨ ᠤ ᠣᠶᠤᠨ ᠰᠠᠨᠠᠭᠠᠨ ᠤ ᠶᠢᠷᠲᠢᠨᠴᠦ ᠶᠢ | ᠪᠠᠶᠠᠯᠢᠭᠵᠢᠭᠤᠯᠵᠤ᠂ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠪᠡᠶᠡᠯᠡᠭᠦᠯᠵᠦ᠂ ᠬᠥᠮᠥᠨ ᠪᠠᠶᠢᠭᠠᠯᠢ ᠡᠶ᠎ᠡ | ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ | ᠪᠠᠶᠢᠳᠠᠯ ᠢ ᠡᠭᠦᠳᠦᠨ᠎ᠡ᠃ | ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠡᠶᠡᠯᠡᠭᠦᠯᠬᠦ ᠳᠤ ᠪᠠᠶᠢᠯᠳᠤᠬᠤ | ᠪᠣᠳᠣᠯᠭ᠎ᠠ ᠶᠢᠨ ᠶᠡᠷᠦᠩᠬᠡᠢ ᠲᠣᠬᠢᠷᠠᠭᠤᠯᠤᠯᠲᠠ ᠪᠣᠯ ᠬᠤᠶᠠᠷ ᠠᠯᠬᠤᠮ ᠢᠶᠠᠷ ᠶᠠᠪᠤᠬᠤ ᠶᠠᠪᠤᠳᠠᠯ ᠪᠣᠯᠣᠨ᠎ᠠ᠄ 2020 | ᠣᠨ ᠠᠴᠠ 2035 ᠣᠨ ᠪᠤᠯᠲᠠᠯ᠎ᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ | ︔ 2035 ᠣᠨ ᠠᠴᠠ ᠲᠤᠰ ᠵᠠᠭᠤᠨ ᠤ ᠳᠤᠮᠳᠠᠴᠢ ᠪᠤᠯᠬᠤ ᠳᠤ ᠮᠠᠨ ᠤ ᠤᠯᠤᠰ ᠢᠶᠠᠨ ᠪᠠᠶᠠᠨ ᠬᠦᠴᠦᠷᠬᠡᠭ | ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ | ᠬᠦᠴᠦᠷᠬᠡᠭ ᠤᠯᠤᠰ ᠪᠤᠯᠭᠠᠬᠤ ᠶᠢ ᠪᠡᠶᠡᠯᠡᠭᠦᠯᠦᠨ᠎ᠡ᠃ | 2035 ᠣᠨ ᠪᠤᠯᠬᠤ ᠳᠤ᠂ ᠮᠠᠨ ᠤ ᠤᠯᠤᠰ ᠤᠨ ᠬᠥᠭᠵᠢᠯᠲᠡ ᠶᠢᠨ ᠶᠡᠷᠦᠩᠬᠡᠢ ᠬᠠᠷᠠᠯᠲᠠ ᠪᠣᠯ᠄ ᠠᠵᠤ ᠠᠬᠤᠢ ᠶᠢᠨ | ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠶᠡᠷᠦᠩᠬᠡᠶᠢᠯᠡᠭᠰᠡᠨ | ᠤᠯᠤᠰ ᠤᠨ ᠬᠦᠴᠦᠨ ᠶᠡᠭᠡ ᠪᠠᠷ ᠳᠡᠭᠡᠭᠰᠢᠯᠡᠵᠦ᠂ ᠬᠥᠮᠥᠨ ᠳᠤᠮᠳᠠᠴᠢ ᠶᠢᠨ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠶᠡᠷᠦᠩᠬᠡᠢ ᠦᠷᠳᠡᠭ ᠰᠢᠨ᠎ᠡ ᠶᠡᠭᠡ ᠳᠡᠭᠲᠡᠷ ᠲᠤ ᠭᠠᠷᠴᠤ᠂ ᠳᠤᠮᠳᠠ ᠵᠡᠷᠭᠡ ᠶᠢᠨ ᠬᠥᠭᠵᠢᠭᠰᠡᠨ | ᠤᠯᠤᠰ ᠤᠨ ᠲᠦᠪᠰᠢᠨ ᠳᠤ ᠭᠦᠷᠦᠨ᠎ᠡ ︔ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠵᠦ᠂ ᠰᠢᠨ᠎ᠡ ᠶᠢ ᠡᠭᠦᠳᠭᠦ | ᠭᠡᠯᠪᠡᠷᠢ ᠶᠢᠨ ᠤᠯᠤᠰ ᠤᠨ ᠡᠮᠦᠨ᠎ᠡ ᠡᠩᠨᠡᠭᠡᠨ ᠳᠤ ᠣᠷᠣᠨ᠎ᠠ ︔ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ | ᠪᠡᠶᠡᠯᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠵᠦ᠂ ᠰᠢᠨ᠎ᠡ ᠭᠡᠯᠪᠡᠷᠢ ᠶᠢᠨ ᠠᠵᠤ | ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭᠠᠰᠤᠵᠢᠯᠲᠠ᠂ ᠲᠠᠷᠢᠶᠠᠯᠠᠩ ᠤᠨ ᠣᠳᠣᠬᠢᠴᠢᠯᠠᠯᠲᠠ ᠶᠢ | ᠦᠨᠳᠦᠰᠦᠨ ᠳᠡᠭᠡᠨ ᠪᠡᠶᠡᠯᠡᠭᠦᠯᠦᠨ᠎ᠡ ︔ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ | ᠳᠦᠷᠢᠮ ᠢ ᠨᠡᠩ ᠪᠦᠷᠢᠨᠰᠢᠭᠦᠯᠦᠨ᠂ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ᠂ | ᠬᠠᠤᠯᠢᠵᠢᠯ ᠤᠨ ᠨᠡᠶᠢᠭᠡᠮ ᠢ ᠦᠨᠳᠦᠰᠦᠨ ᠳᠡᠭᠡᠨ ᠪᠠᠶᠢᠭᠤᠯᠤᠨ᠎ᠡ ︔ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ᠂ | ᠰᠣᠶᠣᠯ ᠤᠨ ᠬᠦᠴᠦᠷᠬᠡᠭ ᠤᠯᠤᠰ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ | ᠤᠯᠤᠰ ᠢ ᠪᠠᠶᠢᠭᠤᠯᠵᠤ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠢᠯᠡᠳᠲᠡ ᠴᠢᠩᠭᠠᠷᠠᠭᠤᠯᠤᠨ᠎ᠠ | ︔ ᠠᠷᠠᠳ ᠤᠨ ᠠᠮᠢᠳᠤᠷᠠᠯ ᠢ ᠨᠡᠩ ᠵᠣᠯ ᠵᠢᠷᠭᠠᠯ ᠲᠠᠢ ᠰᠠᠶᠢᠨ ᠰᠠᠶᠢᠬᠠᠨ ᠪᠤᠯᠭᠠᠵᠤ᠂ ᠰᠠᠭᠤᠭᠠᠯᠢ ᠠᠷᠠᠳ ᠤᠨ | ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠶᠢ ᠲᠠᠭᠢᠨ ᠰᠢᠨ᠎ᠡ ᠳᠡᠭᠲᠡᠷ ᠲᠤ ᠭᠠᠷᠭᠠᠵᠤ᠂ ᠳᠤᠮᠳᠠ | ᠵᠡᠷᠭᠡ ᠶᠢᠨ ᠣᠷᠣᠯᠭ᠎ᠠ ᠲᠠᠢ ᠬᠥᠮᠥᠰ ᠤᠨ ᠬᠤᠪᠢ ᠶᠢᠨ ᠵᠢᠩ ᠢ ᠢᠯᠡᠳᠲᠡ ᠳᠡᠭᠡᠭᠰᠢᠯᠡᠭᠦᠯᠵᠦ᠂ ᠦᠨᠳᠦᠰᠦᠨ ᠤᠯᠠᠨ | ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ ᠶᠢ ᠪᠡᠶᠡᠯᠡᠭᠦᠯᠵᠦ᠂ ᠬᠥᠳᠡᠭᠡ ᠲᠣᠰᠬᠤᠨ ᠳᠤ ᠤᠳᠤ ᠦᠶ᠎ᠡ ᠶᠢᠨ | ᠠᠮᠢᠳᠤᠷᠠᠯ ᠤᠨ ᠨᠥᠬᠦᠴᠡᠯ ᠢ ᠦᠨᠳᠦᠰᠦᠨ ᠳᠡᠭᠡᠨ ᠪᠦᠷᠢᠯᠳᠦᠭᠦᠯᠵᠦ᠂ ᠨᠡᠶᠢᠭᠡᠮ ᠢ ᠤᠷᠳᠤ ᠬᠤᠭᠤᠴᠠᠭ᠎ᠠ ᠪᠠᠷ | ᠲᠣᠭᠲᠠᠭᠤᠨ ᠪᠠᠶᠢᠯᠭᠠᠵᠤ᠂ ᠬᠥᠮᠥᠨ ᠤ ᠪᠦᠭᠦ ᠲᠠᠯ᠎ᠠ ᠶᠢᠨ ᠬᠥᠭᠵᠢᠯᠲᠡ᠂ ᠪᠦᠭᠦ ᠠᠷᠠᠳ ᠲᠦᠮᠡᠨ ᠬᠠᠮᠲᠤ ᠪᠠᠷ | ᠪᠠᠶᠠᠵᠢᠬᠤ ᠶᠢ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠤᠯᠭᠠᠨ᠎ᠠ ︔ ᠪᠣᠬᠢᠷᠳᠤᠯ ᠦᠭᠡᠢ ᠦᠢᠯᠡᠳᠪᠦᠷᠢᠯᠡᠯ | ᠠᠮᠢᠳᠤᠷᠠᠯ ᠤᠨ ᠠᠷᠭ᠎ᠠ ᠮᠠᠶ᠋ᠢᠭ ᠢ ᠥᠷᠭᠡᠨ ᠢᠶᠠᠷ ᠪᠤᠢ ᠪᠤᠯᠭᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ | ᠤᠷᠭᠢᠯ ᠬᠡᠮᠵᠢᠭᠳᠡᠯ ᠳᠤ ᠭᠦᠷᠦᠭᠰᠡᠨ ᠤ ᠲᠠᠷᠠᠭ᠎ᠠ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠵᠤ᠂ ᠠᠮᠢ | ᠠᠬᠤᠢ ᠣᠷᠴᠢᠨ ᠲᠣᠭᠤᠷᠢᠨ ᠢ ᠦᠨᠳᠦᠰᠦᠨ ᠠᠴᠠ ᠨᠢ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ ︔ ᠤᠯᠤᠰ ᠤᠨ ᠠᠮᠤᠷ | ᠲᠦᠪᠰᠢᠨ ᠤ ᠰᠢᠰᠲ᠋ᠧᠮ ᠪᠠ ᠴᠢᠳᠠᠪᠤᠷᠢ ᠶᠢ ᠪᠦᠭᠦ ᠲᠠᠯ᠎ᠠ ᠪᠠᠷ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ | ᠪᠠ ᠴᠡᠷᠢᠭ ᠠᠩᠭᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ | ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠪᠢᠳᠡ ᠦᠷᠭᠦᠯᠵᠢᠯᠡᠨ ᠲᠡᠮᠡᠴᠡᠵᠦ᠂ | ᠲᠤᠰ ᠵᠠᠭᠤᠨ ᠤ ᠳᠤᠮᠳᠠᠴᠢ ᠪᠤᠯᠬᠤ ᠳᠤ ᠮᠠᠨ ᠤ ᠤᠯᠤᠰ ᠢᠶᠠᠨ ᠶᠡᠷᠦᠩᠬᠡᠶᠢᠯᠡᠭᠰᠡᠨ ᠤᠯᠤᠰ ᠤᠨ ᠬᠦᠴᠦᠨ ᠪᠠ | ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠢᠶᠠᠷ ᠣᠷᠣᠶᠢᠯᠠᠭᠰᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ | ᠤᠯᠤᠰ ᠪᠣᠯᠭᠠᠨ ᠪᠦᠲᠦᠭᠡᠨ ᠪᠠᠶᠢᠭᠤᠯᠤᠨ᠎ᠠ᠃ | ᠢᠷᠡᠭᠡᠳᠦᠢ ᠶᠢᠨ ᠲᠠᠪᠤᠨ ᠵᠢᠯ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠡᠭᠢᠯᠡᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠭᠤᠣᠯ ᠬᠠᠷᠠᠯᠲᠠ ᠡᠭᠦᠷᠭᠡ ᠪᠣᠯ᠄ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠰᠢᠨ᠎ᠡ ᠰᠢᠪᠲᠤᠯᠤᠯᠲᠠ ᠲᠠᠢ ᠪᠣᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠴᠢᠳᠠᠪᠤᠷᠢ ᠢᠯᠡᠳᠲᠡ ᠳᠡᠭᠡᠭᠰᠢᠯᠡᠵᠦ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ | ᠠᠵᠢᠯ ᠴᠢᠬᠤᠯᠠ ᠶᠡᠭᠡ ᠠᠬᠢᠴᠠ ᠲᠠᠢ ᠪᠤᠯᠤᠨ᠎ᠠ ︔ ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ ᠢ ᠠᠯᠬᠤᠵᠤ᠂ | ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠭᠦᠨᠵᠡᠭᠡᠢ | ᠠᠬᠢᠭᠤᠯᠵᠤ᠂ ᠨᠡᠶᠢᠭᠡᠮ ᠵᠢᠷᠤᠮᠲᠤ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠨᠡᠩ | ᠲᠡᠭᠦᠯᠳᠡᠷᠵᠢᠭᠦᠯᠵᠦ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠰᠢᠨ᠎ᠡ | ᠪᠠᠶᠢᠭᠤᠯᠤᠮᠵᠢ ᠶᠢ ᠦᠨᠳᠦᠰᠦᠨ ᠳᠡᠭᠡᠨ ᠪᠦᠷᠢᠯᠳᠦᠭᠦᠯᠦᠨ᠎ᠡ ︔ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ | ᠳᠦᠷᠢᠮᠵᠢᠭᠦᠯᠬᠦ᠂ ᠵᠢᠷᠤᠮᠵᠢᠭᠤᠯᠬᠤ᠂ ᠲᠡᠰ ᠲᠠᠷᠠᠭᠠᠯᠠᠯᠵᠢᠭᠤᠯᠬᠤ ᠬᠢᠷᠢ ᠲᠦᠪᠰᠢᠨ ᠢ ᠤᠯᠠᠮ ᠴᠢᠨᠠᠭᠰᠢᠳᠠ | ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ | ᠨᠡᠩ ᠲᠡᠭᠦᠯᠳᠡᠷᠵᠢᠭᠦᠯᠦᠨ᠎ᠡ ︔ ᠠᠷᠠᠳ ᠲᠦᠮᠡᠨ ᠤ ᠤᠶᠤᠨ ᠤ ᠪᠠ ᠰᠣᠶᠣᠯ ᠤᠨ ᠠᠮᠢᠳᠤᠷᠠᠯ ᠢ ᠨᠡᠩ | ᠪᠠᠶᠠᠯᠢᠭᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠪᠠ ᠳᠤᠮᠳᠠᠳᠤ ᠶᠢᠨ ᠰᠣᠶᠣᠯ ᠤᠨ | ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠤᠨ᠎ᠠ ︔ ᠰᠠᠭᠤᠭᠠᠯᠢ ᠠᠷᠠᠳ ᠤᠨ ᠣᠷᠣᠯᠭ᠎ᠠ ᠶᠢᠨ | ᠨᠡᠮᠡᠭᠳᠡᠯ ᠪᠠ ᠠᠵᠤ ᠠᠬᠤᠢ ᠶᠢᠨ ᠨᠡᠮᠡᠭᠳᠡᠯ ᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ | ᠭᠦᠳᠡᠯᠮᠦᠷᠢ ᠶᠢᠨ ᠬᠥᠯᠥᠰᠦ ᠣᠯᠭᠤᠮᠵᠢ ᠶᠢᠨ ᠳᠡᠭᠡᠭᠰᠢᠯᠡᠯᠲᠡ ᠶᠢ ᠭᠦᠳᠡᠯᠮᠦᠷᠢ ᠦᠢᠯᠡᠳᠪᠦᠷᠢᠯᠡᠯ ᠤᠨ ᠨᠤᠷᠮ᠎ᠠ ᠶᠢᠨ | ᠳᠡᠭᠡᠭᠰᠢᠯᠡᠯᠲᠡ ᠲᠠᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠦᠨᠳᠦᠰᠦᠨ ᠤᠯᠠᠨ ᠨᠡᠶᠢᠲᠡ ᠶᠢᠨ | ᠦᠢᠯᠡᠴᠢᠯᠡᠭᠡ ᠶᠢ ᠲᠡᠩᠴᠡᠭᠦᠷᠢᠰᠢᠭᠦᠯᠬᠦ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠤᠯᠠᠨ ᠲᠡᠰ | ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠦᠨ᠎ᠡ ︔ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠢᠯᠡᠳᠲᠡ | ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠢᠯᠡᠳᠲᠡ | ᠦᠷ᠎ᠡ ᠪᠦᠲᠦᠮᠵᠢ ᠣᠯᠤᠨ᠎ᠠ ︔ ᠤᠯᠤᠰ ᠤᠨ ᠠᠮᠤᠷ ᠲᠦᠪᠰᠢᠨ ᠨᠡᠩ ᠪᠠᠬᠢᠵᠢᠵᠦ᠂ ᠴᠡᠷᠢᠭ ᠪᠠᠶᠢᠭᠤᠯᠤᠭᠳᠠᠭᠰᠠᠨ | ᠵᠠᠭᠤᠨ ᠵᠢᠯ ᠤᠨ ᠲᠡᠮᠡᠴᠡᠬᠦ ᠬᠠᠷᠠᠯᠲᠠ ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠳᠡᠵᠦ᠂ ᠠᠮᠤᠭᠤᠯᠠᠩᠲᠤ | ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠭᠢᠭᠤᠯᠤᠨ᠎ᠠ ︔ ᠳᠤᠮᠳᠠᠳᠤ | ᠤᠯᠤᠰ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠪᠣᠯᠣᠨ ᠨᠥᠯᠥᠭᠡ ᠲᠤᠰᠬᠠᠯ ᠤᠯᠠᠮ ᠴᠢᠨᠠᠭᠰᠢᠳᠠ ᠳᠡᠭᠡᠭᠰᠢᠯᠡᠵᠦ᠂ | ᠪᠦᠭᠦ ᠪᠥᠮᠪᠥᠷᠴᠡᠭ ᠤᠨ ᠵᠠᠰᠠᠯᠲᠠ ᠳᠤ ᠨᠡᠩ ᠶᠡᠭᠡ ᠦᠢᠯᠡᠳᠦᠯ ᠦᠵᠡᠭᠦᠯᠦᠨ᠎ᠡ᠃ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠪᠣᠯ ᠨᠢᠭᠡᠨ ᠠᠭᠤᠤ | ᠶᠡᠭᠡ ᠪᠥᠭᠡᠳ ᠪᠡᠷᠬᠡ ᠬᠠᠲᠠᠭᠤᠵᠢᠯᠲᠠᠢ ᠦᠢᠯᠡᠰ ᠮᠥᠨ᠂ ᠢᠷᠡᠭᠡᠳᠦᠢ ᠭᠡᠭᠡᠨ ᠰᠠᠷᠠᠭᠤᠯ᠂ ᠡᠭᠦᠷᠭᠡ ᠬᠦᠨᠳᠦ ᠵᠠᠮ | ᠬᠤᠯᠠ ᠶᠤᠮ᠃ ᠣᠳᠣᠬᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ | ᠲᠦᠷᠭᠡᠰᠦᠨ ᠬᠥᠭᠵᠢᠵᠦ᠂ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ | ᠪᠣᠯᠣᠨ ᠠᠵᠤ ᠦᠢᠯᠡᠰ ᠤᠨ ᠬᠤᠪᠢᠰᠤᠯᠲᠠ ᠭᠦᠨᠵᠡᠭᠡᠶᠢᠷᠡᠨ ᠬᠥᠭᠵᠢᠵᠦ᠂ ᠤᠯᠠᠨ ᠤᠯᠤᠰ ᠤᠨ ᠬᠦᠴᠦᠨ ᠤ | ᠬᠠᠷᠢᠴᠠᠯ ᠳᠤ ᠭᠦᠨᠵᠡᠭᠡᠢ ᠲᠣᠬᠢᠷᠠᠭᠤᠯᠤᠯᠲᠠ ᠭᠠᠷᠴᠤ᠂ ᠮᠠᠨ ᠤ ᠤᠯᠤᠰ ᠤᠨ ᠬᠥᠭᠵᠢᠯᠲᠡ ᠳᠤ ᠰᠢᠨ᠎ᠡ ᠪᠠᠶᠢᠯᠳᠤᠬᠤ | ᠪᠣᠳᠣᠯᠭ᠎ᠠ ᠶᠢᠨ ᠠᠵᠠ ᠲᠣᠭᠢᠶᠠᠯ ᠲᠤᠯᠭᠠᠷᠠᠵᠤ ᠪᠠᠶᠢᠨ᠎ᠠ᠃ ᠡᠭᠦᠨ ᠤ ᠵᠡᠷᠭᠡ ᠪᠠᠷ᠂ ᠡᠷᠢᠨ ᠵᠠᠭᠤᠨ ᠳᠤ | ᠲᠣᠬᠢᠶᠠᠯᠳᠤᠭ᠎ᠠ ᠦᠭᠡᠢ ᠬᠢᠵᠢᠭ ᠤᠨ ᠪᠠᠶᠢᠳᠠᠯ ᠤᠨ ᠨᠥᠯᠥᠭᠡ ᠭᠦᠨ ᠭᠦᠨᠵᠡᠭᠡᠢ ᠪᠠᠶᠢᠵᠤ᠂ ᠳᠡᠯᠡᠬᠡᠶᠢᠵᠢᠯᠲᠡ ᠶᠢ | ᠰᠥᠷᠬᠦ ᠦᠵᠡᠯ ᠰᠠᠨᠠᠭᠠᠨ ᠤ ᠤᠷᠤᠰᠬᠠᠯ ᠲᠣᠯᠣᠭᠠᠢ ᠥᠨᠳᠡᠶᠢᠵᠦ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ | ᠢᠯᠡᠳᠲᠡ ᠨᠡᠮᠡᠭᠳᠡᠵᠦ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠬᠦᠴᠦᠨ ᠦᠭᠡᠢ ᠪᠠᠶᠢᠵᠤ᠂ ᠬᠡᠰᠡᠭ | ᠲᠠᠯ᠎ᠠ ᠶᠢᠨ ᠮᠥᠷᠭᠦᠯᠳᠦᠭᠡᠨ ᠪᠠ ᠦᠢᠮᠡᠭᠡᠨ ᠰᠠᠮᠠᠭᠤᠷᠠᠯ ᠣᠯᠠᠨᠲᠠ ᠡᠭᠦᠰᠴᠦ᠂ ᠪᠦᠭᠦ ᠪᠥᠮᠪᠥᠷᠴᠡᠭ ᠤᠨ ᠴᠢᠨᠠᠷᠲᠠᠢ | ᠠᠰᠠᠭᠤᠳᠠᠯ ᠰᠢᠷᠦᠭᠦᠰᠴᠦ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ | ᠣᠷᠣᠪᠠ᠃ ᠮᠠᠨ ᠤ ᠤᠯᠤᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠴᠥᠭᠡᠨ ᠪᠤᠰᠤ ᠭᠦᠨ | ᠳᠠᠪᠬᠤᠷᠭ᠎ᠠ ᠶᠢᠨ ᠵᠥᠷᠢᠴᠡᠯ ᠳᠤ ᠲᠤᠯᠭᠠᠷᠠᠵᠤ ᠵᠠᠶᠢᠯᠠᠵᠤ ᠲᠡᠶᠢᠯᠭᠦ ᠦᠭᠡᠢ᠂ ᠲᠣᠭᠤᠷᠢᠵᠤ ᠭᠠᠷᠴᠤ ᠲᠡᠶᠢᠯᠭᠦ ᠦᠭᠡᠢ | ᠶᠤᠮ᠂ ᠨᠠᠮ ᠤᠨ ᠪᠠᠶᠢᠭᠤᠯᠤᠯᠲᠠ ᠢᠯᠠᠩᠭᠤᠶ᠎ᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ | ᠢᠯᠵᠠᠷᠠᠯ ᠢ ᠡᠰᠡᠷᠭᠦᠴᠡᠬᠦ ᠲᠡᠮᠡᠴᠡᠯ ᠳᠤ ᠴᠥᠭᠡᠨ ᠪᠤᠰᠤ ᠪᠤᠷᠤᠩᠬᠤᠢ ᠴᠢᠨᠠᠷ ᠲᠠᠢ᠂ ᠣᠯᠠᠨᠲᠠ ᠡᠭᠦᠰᠭᠦ ᠴᠢᠨᠠᠷᠲᠠᠢ | ᠠᠰᠠᠭᠤᠳᠠᠯ ᠲᠤᠯᠭᠠᠷᠠᠵᠤ᠂ ᠭᠠᠳᠠᠨ᠎ᠠ ᠠᠴᠠ ᠢᠷᠡᠭᠰᠡᠨ ᠴᠣᠬᠢᠯᠲᠠ ᠪᠠ ᠬᠤᠷᠢᠭᠯᠠᠯᠲᠠ ᠶᠢᠨ ᠠᠵᠢᠯᠯᠠᠭ᠎ᠠ ᠴᠠᠭ | ᠢᠮᠠᠭᠲᠠ ᠲᠡᠰ ᠳᠠᠪᠰᠢᠵᠤ ᠮᠡᠳᠡᠨ᠎ᠠ᠃ ᠮᠠᠨ ᠤ ᠤᠯᠤᠰ ᠤᠨ ᠬᠥᠭᠵᠢᠯᠲᠡ ᠪᠠᠶᠢᠯᠳᠤᠬᠤ ᠪᠣᠳᠣᠯᠭ᠎ᠠ ᠶᠢᠨ ᠠᠵᠠ | ᠲᠣᠭᠢᠶᠠᠯ ᠪᠠ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ ᠪᠠᠷ ᠣᠷᠣᠰᠢᠵᠤ᠂ ᠲᠤᠬᠲᠠᠭᠠᠯᠲᠤ ᠪᠤᠰᠤ ᠴᠢᠨᠠᠷ | ᠵᠢᠱᠢᠬᠦᠶ᠎ᠡ ᠪᠡᠷᠬᠡ ᠬᠦᠴᠦᠨ ᠵᠦᠢᠯ ᠨᠡᠮᠡᠭᠳᠡᠵᠦ ᠪᠠᠶᠢᠭ᠎ᠠ ᠴᠠᠭ ᠦᠶ᠎ᠡ ᠳᠤ ᠣᠷᠣᠵᠤ᠂ ᠡᠯ᠎ᠡ ᠵᠦᠢᠯ ᠤᠨ ︽ᠬᠠᠷ᠎ᠠ | ᠬᠤᠨ︾᠂ ︽ᠰᠠᠭᠠᠷᠠᠯ ᠬᠡᠷᠢᠰ︾ ᠤᠨ ᠬᠡᠷᠡᠭ ᠬᠡᠵᠢᠶ᠎ᠡ ᠴᠦ ᠡᠭᠦᠰᠴᠦ ᠮᠡᠳᠡᠨ᠎ᠠ᠃ ᠪᠢᠳᠡ ᠡᠷᠬᠡᠪᠰᠢ ᠰᠠᠨᠠᠭᠠᠰᠢᠷᠠᠬᠤ | ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠨ᠂ ᠠᠮᠤᠷ ᠲᠦᠪᠰᠢᠨ | ᠪᠠᠶᠢᠬᠤ ᠳᠠᠭᠠᠨ ᠠᠶᠤᠯ ᠲᠦᠭᠰᠢᠭᠦᠷᠢ ᠶᠢ ᠪᠣᠳᠣᠯᠬᠢᠯᠠᠵᠤ᠂ ᠪᠡᠯᠡᠳᠬᠡᠯ ᠠᠵᠢᠯ ᠢ ᠤᠷᠢᠳᠴᠢᠯᠠᠨ ᠬᠢᠵᠦ᠂ ᠰᠠᠯᠬᠢ | ᠳᠠᠪᠠᠯᠭᠠᠨ ᠢ ᠲᠤᠭᠤᠯᠬᠤ ᠴᠢᠨᠠᠭᠰᠢᠯᠠᠪᠠᠯ ᠲᠤᠬᠰᠢᠨ ᠰᠠᠯᠬᠢ ᠰᠢᠷᠦᠭᠦᠨ ᠳᠠᠪᠠᠯᠭᠠᠨ ᠤ ᠬᠦᠨᠳᠦ ᠶᠡᠭᠡ ᠰᠢᠯᠭᠠᠯᠲᠠ ᠶᠢ | ᠲᠤᠭᠤᠯᠬᠤ ᠪᠡᠯᠡᠳᠬᠡᠯ ᠲᠠᠢ ᠪᠠᠶᠢᠬᠤ ᠬᠡᠷᠡᠭᠲᠡᠢ᠃ ᠤᠷᠤᠭᠰᠢᠯᠠᠯᠲᠠ ᠶᠢᠨ ᠵᠠᠮ ᠳᠤ ᠡᠷᠬᠡᠪᠰᠢ ᠳᠣᠣᠷᠠᠬᠢ ᠴᠢᠬᠤᠯᠠ | ᠶᠡᠭᠡ ᠵᠠᠷᠴᠢᠮ ᠤᠳ ᠢ ᠪᠠᠲᠤ ᠡᠵᠡᠮᠳᠡᠬᠦ ᠬᠡᠷᠡᠭᠲᠡᠢ᠃ | — ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠨᠠᠮ ᠤᠨ ᠲᠥᠪ ᠬᠤᠷᠢᠶᠠᠨ ᠤ | ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ | ᠤᠳᠤᠷᠢᠳᠤᠯᠭ᠎ᠠ ᠶᠢ ᠨᠠᠮ ᠪᠠ ᠤᠯᠤᠰ ᠤᠨ ᠠᠵᠢᠯ ᠦᠢᠯᠡᠰ ᠤᠨ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠤᠭᠴᠤᠭ᠎ᠠ ᠳᠤ | ᠨᠠᠶᠢᠳᠠᠪᠤᠷᠢᠵᠢᠭᠤᠯᠵᠤ᠂ ᠨᠠᠮ ᠢ ᠢᠮᠠᠭᠲᠠ ᠬᠦᠴᠢᠷ ᠪᠡᠷᠬᠡᠰᠢᠶᠡᠯ ᠠᠶᠤᠯ ᠲᠦᠭᠰᠢᠭᠦᠷᠢ ᠲᠤᠯᠭᠠᠷᠠᠬᠤ ᠦᠶ᠎ᠡ ᠳᠤ ᠪᠦᠭᠦ | ᠠᠷᠠᠳ ᠲᠦᠮᠡᠨ ᠤ ᠬᠠᠮᠤᠭ ᠤᠨ ᠨᠠᠶᠢᠳᠠᠪᠤᠷᠢᠲᠠᠢ ᠲᠦᠰᠢᠭ ᠲᠤᠯᠭᠠᠭᠤᠷᠢ ᠪᠤᠯᠭᠠᠵᠤ᠂ ᠮᠠᠨ ᠤ ᠤᠯᠤᠰ ᠤᠨ ᠨᠡᠶᠢᠭᠡᠮ | ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠥᠪ ᠴᠢᠭᠯᠡᠯ ᠢ ᠦᠨᠡᠨ ᠬᠦ ᠪᠠᠲᠤᠯᠠᠵᠤ᠂ | ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠤᠯᠤᠰ ᠲᠦᠷᠦ ᠶᠢᠨ ᠨᠢᠭᠲᠠᠷᠠᠯ ᠤᠨ ᠬᠦᠴᠦᠨ᠂ ᠬᠥᠭᠵᠢᠯᠲᠡ ᠶᠢᠨ | ᠢᠲᠡᠭᠡᠯ ᠵᠣᠷᠢᠭ ᠲᠠᠢ ᠪᠠᠶᠢᠬᠤ ᠶᠢ ᠦᠨᠡᠨ ᠬᠦ ᠪᠠᠲᠤᠯᠠᠵᠤ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ᠂ | ᠴᠠᠭ ᠤᠨ ᠪᠡᠷᠬᠡ ᠶᠢ ᠬᠠᠮᠲᠤ ᠪᠠᠷ ᠲᠤᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠤᠨ᠎ᠠ᠃ | — ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠨ᠎ᠠ᠃ ᠠᠵᠤ ᠠᠬᠤᠢ ᠶᠢᠨ | ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠤᠯᠭᠠᠬᠤ ᠶᠢ ᠪᠠᠷᠢᠮᠲᠠᠯᠠᠵᠤ᠂ ᠲᠦᠷᠪᠡᠨ ᠦᠨᠳᠦᠰᠦᠨ ᠵᠠᠷᠴᠢᠮ ᠢ | ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠬᠢᠬᠦ ᠶᠢ ᠪᠠᠷᠢᠮᠲᠠᠯᠠᠵᠤ᠂ ᠪᠡᠶ᠎ᠡ ᠪᠠᠨ ᠳᠠᠭᠠᠭᠠᠵᠤ ᠡᠵᠡᠨ ᠮᠡᠳᠡᠭᠦ᠂ | ᠥᠪᠡᠷ ᠤᠨ ᠬᠦᠴᠦ ᠪᠠᠷ ᠢᠶᠠᠨ ᠳᠡᠭᠵᠢᠷᠡᠬᠦ ᠶᠢ ᠪᠠᠷᠢᠮᠲᠠᠯᠠᠵᠤ᠂ ᠵᠠᠮ ᠢᠶᠠᠨ ᠬᠤᠪᠢᠷᠠᠭᠤᠯᠬᠤ ᠦᠭᠡᠢ᠂ ᠵᠣᠷᠢᠭ ᠢᠶᠠᠨ | ᠬᠤᠪᠢᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠲᠦᠭᠵᠢᠮᠡᠯ ᠬᠥᠰᠢᠭᠦᠨ ᠬᠠᠭᠤᠴᠢᠨ ᠵᠠᠮ ᠢᠶᠠᠷ ᠶᠠᠪᠤᠬᠤ ᠦᠭᠡᠢ | ᠪᠥᠭᠡᠳ ᠲᠤᠭ ᠲᠡᠮᠳᠡᠭ ᠢᠶᠠᠨ ᠬᠠᠯᠠᠬᠤ ᠭᠠᠵᠢᠭᠤ ᠵᠠᠮ ᠢᠶᠠᠷ ᠶᠠᠪᠤᠬᠤ ᠦᠭᠡᠢ ᠪᠠᠶᠢᠵᠤ᠂ ᠤᠯᠤᠰ ᠪᠠ | ᠦᠨᠳᠦᠰᠦᠲᠡᠨ ᠤ ᠬᠥᠭᠵᠢᠯᠲᠡ ᠶᠢ ᠥᠪᠡᠷ ᠤᠨ ᠬᠦᠴᠦᠨ ᠳᠡᠭᠡᠨ ᠰᠠᠭᠤᠷᠢᠯᠠᠭᠤᠯᠬᠤ ᠶᠢ ᠪᠠᠷᠢᠮᠲᠠᠯᠠᠵᠤ᠂ ᠳᠤᠮᠳᠠᠳᠤ | ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ ᠶᠢ | ᠪᠠᠷᠢᠮᠲᠠᠯᠠᠨ᠎ᠠ᠃ | — ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠎ᠠ᠃ ᠠᠷᠠᠳ | ᠲᠦᠮᠡᠨ ᠤ ᠦᠨᠳᠦᠰᠦᠨ ᠠᠰᠢᠭ ᠲᠤᠰᠠ ᠶᠢ ᠬᠠᠮᠠᠭᠠᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠨᠡᠮᠡᠭᠳᠡᠭᠦᠯᠵᠦ᠂ ᠠᠷᠠᠳ ᠲᠦᠮᠡᠨ ᠤ ᠲᠥᠯᠥᠭᠡ ᠬᠥᠭᠵᠢᠭᠦᠯᠬᠦ᠂ ᠬᠥᠭᠵᠢᠭᠦᠯᠬᠦ ᠳᠤ ᠠᠷᠠᠳ ᠲᠦᠮᠡᠨ ᠢ ᠲᠦᠰᠢᠭᠯᠡᠬᠦ᠂ | ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠭᠦ ᠶᠢ ᠲᠠᠰᠤᠷᠠᠯᠳᠠ ᠦᠭᠡᠢ | ᠪᠡᠶᠡᠯᠡᠭᠦᠯᠵᠦ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ | ᠨᠡᠩ ᠤᠯᠠᠨ ᠨᠡᠩ ᠭᠤᠣᠯᠴᠢ ᠪᠠᠷ ᠬᠦᠷᠲᠡᠭᠡᠨ᠎ᠡ᠃ | — ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠨ᠎ᠠ᠃ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠭᠦ ᠶᠢ ᠭᠦᠨᠵᠡᠭᠡᠢ ᠠᠬᠢᠭᠤᠯᠵᠤ᠂ ᠡᠷᠡᠰ ᠭᠤᠶᠢᠪᠢᠰᠢ ᠦᠭᠡᠢ ᠪᠠᠷ ᠨᠡᠭᠡᠭᠡᠯᠲᠡ ᠬᠢᠬᠦ ᠶᠢ ᠥᠷᠭᠡᠳᠬᠡᠵᠦ᠂ ᠭᠦᠨ | ᠳᠠᠪᠬᠤᠷᠭ᠎ᠠ ᠶᠢᠨ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ ᠰᠢᠢᠳᠪᠦᠷᠢᠯᠡᠵᠦ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠲᠠᠰᠤᠷᠠᠯᠲᠠ ᠦᠭᠡᠢ | ᠢᠯᠡᠷᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ | ᠬᠦᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ | ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ ᠤᠯᠤᠰ ᠤᠨ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠨᠡᠩ | ᠰᠠᠶᠢᠲᠤᠷ ᠬᠤᠪᠢᠷᠠᠭᠤᠯᠤᠨ᠎ᠠ᠃ | — ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠪᠠᠷᠢᠮᠲᠠᠯᠠᠨ᠎ᠠ᠃ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠷᠴᠢ ᠵᠣᠷᠢᠭ᠂ ᠰᠥᠰᠥ ᠵᠣᠷᠢᠭ᠂ ᠢᠲᠡᠭᠡᠯ ᠵᠣᠷᠢᠭ ᠢ | ᠴᠢᠩᠭᠠᠷᠠᠭᠤᠯᠵᠤ᠂ ᠭᠠᠵᠢᠭᠤ ᠪᠤᠷᠤᠭᠤ ᠶᠢ ᠢᠲᠡᠭᠡᠭᠦ ᠦᠭᠡᠢ᠂ ᠪᠤᠭ ᠴᠢᠳᠬᠦᠷ ᠠᠴᠠ ᠠᠶᠤᠬᠤ ᠦᠭᠡᠢ᠂ | ᠳᠠᠷᠤᠯᠲᠠ ᠠᠴᠠ ᠰᠦᠷᠳᠡᠭᠦ ᠦᠭᠡᠢ ᠪᠠᠷ ᠬᠦᠴᠢᠷ ᠢ ᠮᠡᠳᠡᠵᠦ ᠪᠠᠶᠢᠭᠠᠳ ᠬᠦᠴᠦᠯᠡᠨ ᠲᠡᠮᠡᠦᠯᠵᠦ᠂ ᠬᠦᠴᠢᠷ ᠢ | ᠰᠥᠷᠦᠨ ᠤᠷᠤᠭᠰᠢᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ | ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠬᠦᠴᠢᠷ ᠪᠡᠷᠬᠡᠰᠢᠶᠡᠯ ᠪᠠ ᠥᠷᠢᠰᠦᠯᠳᠦᠭᠡᠨ ᠢ ᠪᠦᠭᠦ | ᠬᠦᠴᠦᠨ ᠢᠶᠠᠷ ᠢᠶᠠᠨ ᠢᠯᠠᠨ ᠳᠠᠪᠠᠵᠤ᠂ ᠰᠢᠷᠭᠠᠭᠤ ᠬᠠᠲᠠᠭᠤᠵᠢᠯᠲᠠᠢ ᠲᠡᠮᠡᠴᠡᠯ ᠳᠤ ᠲᠦᠰᠢᠭᠯᠡᠨ ᠠᠵᠢᠯ ᠦᠢᠯᠡᠰ ᠤᠨ | ᠬᠥᠭᠵᠢᠯᠲᠡ ᠶᠢᠨ ᠰᠢᠨ᠎ᠡ ᠬᠦᠷᠢᠶ᠎ᠡ ᠶᠢ ᠨᠡᠭᠡᠭᠡᠨ᠎ᠡ᠃ | ᠨᠥᠬᠦᠳ ᠠ᠋︕ ᠥᠨᠥᠳᠥᠷ ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠬᠠᠷᠠᠯᠲᠠ ᠶᠢ ᠪᠡᠶᠡᠯᠡᠭᠦᠯᠬᠦ ᠳᠤ ᠲᠡᠦᠬᠡ ᠶᠢᠨ ᠠᠯᠢ ᠴᠦ ᠦᠶ᠎ᠡ ᠠᠴᠠ ᠢᠯᠡᠭᠦᠦ ᠣᠶᠢᠷᠠᠳᠴᠤ᠂ ᠨᠡᠩ ᠢᠯᠡᠭᠦᠦ | ᠢᠲᠡᠭᠡᠯ ᠪᠠ ᠴᠢᠳᠠᠪᠤᠷᠢ ᠲᠠᠢ ᠪᠣᠯᠵᠠᠢ᠂ ᠡᠭᠦᠨ ᠤ ᠬᠠᠮᠲᠤ ᠡᠷᠬᠡᠪᠰᠢ ᠨᠡᠩ ᠬᠠᠲᠠᠭᠤ ᠪᠡᠷᠬᠡ ᠲᠠᠢ᠂ ᠨᠡᠩ ᠰᠢᠷᠭᠠᠭᠤ | ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠪᠠᠷ ᠪᠡᠯᠡᠳᠬᠡᠬᠦ ᠬᠡᠷᠡᠭᠲᠡᠢ᠃ ᠪᠦᠭᠦ ᠨᠠᠮ ᠢᠶᠠᠷ ᠢᠶᠠᠨ ᠡᠷᠬᠡᠪᠰᠢ ᠢᠲᠡᠭᠡᠯ | ᠵᠣᠷᠢᠭ ᠢᠶᠠᠨ ᠪᠠᠲᠤᠳᠬᠠᠨ ᠵᠣᠷᠢᠭᠲᠠᠢ ᠵᠢᠳᠬᠦᠵᠦ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠲᠠᠨᠢᠵᠤ | ᠬᠤᠪᠢᠷᠠᠯᠲᠠ ᠶᠢ ᠠᠷᠭᠠᠴᠠᠭᠠᠨ ᠬᠤᠪᠢᠷᠠᠯᠲᠠ ᠶᠢ ᠡᠷᠢᠯᠬᠢᠯᠡᠵᠦ᠂ ᠠᠶᠤᠯ ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ | ᠰᠡᠷᠭᠡᠶᠢᠯᠡᠨ ᠠᠷᠢᠯᠭᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠰᠢᠨ᠎ᠡ ᠢᠯᠠᠯᠲᠠ ᠶᠢ ᠲᠠᠰᠤᠷᠠᠯᠲᠠ ᠦᠭᠡᠢ ᠲᠡᠮᠡᠴᠡᠨ ᠣᠯᠰᠤᠭᠠᠢ︕ | ᠳᠥᠷᠪᠡ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠬᠦᠴᠦᠯᠡᠨ ᠠᠬᠢᠭᠤᠯᠤᠨ᠎ᠠ | ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ ᠬᠥᠭᠵᠢᠭᠦᠯᠬᠦ ᠪᠣᠯ ᠨᠠᠮ ᠤᠨ ᠲᠥᠷᠥ ᠪᠠᠷᠢᠵᠤ ᠤᠯᠤᠰ | ᠢᠶᠠᠨ ᠮᠠᠨᠳᠤᠭᠤᠯᠬᠤ ᠶᠢᠨ ᠲᠡᠷᠢᠭᠦᠨ ᠴᠢᠬᠤᠯᠠ ᠡᠭᠦᠷᠭᠡ ᠪᠣᠯᠣᠨ᠎ᠠ᠃ ᠪᠣᠳᠠᠰ ᠤᠨ ᠪᠠ ᠮᠡᠷᠭᠡᠵᠢᠯ ᠤᠨ ᠪᠠᠲᠤ ᠰᠠᠭᠤᠷᠢ | ᠪᠠᠶᠢᠬᠤ ᠦᠭᠡᠢ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠵᠤ ᠴᠢᠳᠠᠬᠤ ᠦᠭᠡᠢ ᠶᠤᠮ᠃ ᠡᠷᠬᠡᠪᠰᠢ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠪᠦᠷᠢᠨ ᠪᠦᠲᠦᠨ᠂ | ᠵᠥᠪ ᠣᠨᠣᠴᠠᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ | ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠨ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠪᠠᠷᠢᠮᠲᠠᠯᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠤᠯᠭᠠᠬᠰᠠᠨ᠂ ᠤᠯᠤᠰ ᠤᠨ | ᠳᠣᠲᠣᠭᠠᠳᠤ ᠶᠢᠨ ᠪᠠ ᠣᠯᠠᠨ ᠤᠯᠤᠰ ᠤᠨ ᠬᠤᠣᠰ ᠣᠷᠴᠢᠯ ᠤᠨ ᠬᠠᠷᠢᠯᠴᠠᠨ ᠠᠬᠢᠭᠤᠯᠤᠯᠴᠠᠭᠰᠠᠨ ᠬᠥᠭᠵᠢᠯᠲᠡ ᠶᠢᠨ | ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ | ᠪᠢᠳᠡ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠤᠯᠭᠠᠬᠤ ᠶᠢ ᠪᠠᠷᠢᠮᠲᠠᠯᠠᠨ᠂ ᠳᠣᠲᠣᠭᠠᠳᠤ | ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ | ᠶᠢᠨ ᠴᠢᠨᠠᠷᠲᠠᠢ ᠥᠭᠡᠷᠡᠴᠢᠯᠡᠯᠲᠡ ᠯᠦᠭᠡ ᠣᠷᠭᠠᠨᠢᠭ ᠢᠶᠠᠷ ᠤᠶᠠᠯᠳᠤᠭᠤᠯᠵᠤ᠂ ᠤᠯᠤᠰ ᠤᠨ ᠳᠣᠲᠣᠭᠠᠳᠤ ᠶᠢᠨ ᠶᠡᠭᠡ | ᠣᠷᠴᠢᠯ ᠤᠨ ᠳᠣᠲᠣᠭᠠᠳᠤ ᠬᠦᠳᠡᠯᠭᠡᠬᠦ ᠬᠦᠴᠦᠨ ᠪᠣᠯᠣᠨ ᠨᠠᠶᠢᠳᠠᠪᠤᠷᠢᠲᠤ ᠴᠢᠨᠠᠷ ᠢ | ᠴᠢᠩᠭᠠᠳᠬᠠᠨ᠂ ᠣᠯᠠᠨ ᠤᠯᠤᠰ ᠤᠨ ᠣᠷᠴᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠵᠤ᠂ | ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠪᠦᠭᠦ ᠡᠯᠧᠮᠧᠨ᠋ᠲ ᠤᠨ | ᠦᠢᠯᠡᠳᠪᠦᠷᠢᠯᠡᠯ ᠤᠨ ᠨᠣᠷᠮ᠎ᠠ ᠶᠢ ᠬᠦᠴᠦᠯᠡᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ | ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ ᠤ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ | ᠬᠤᠲᠠ ᠬᠥᠳᠡᠭᠡ ᠶᠢᠨ ᠠᠭᠤᠰᠤᠯᠴᠠᠯ ᠪᠣᠯᠣᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠬᠦᠴᠦᠯᠡᠨ | ᠠᠬᠢᠭᠤᠯᠵᠤ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠣᠯᠣᠨ ᠲᠤᠭ᠎ᠠ ᠬᠡᠮᠵᠢᠶᠡᠨ ᠤ | ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠤᠨ᠎ᠠ᠃ | ︵ᠨᠢᠭᠡ︶ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ | ᠢ ᠪᠠᠶᠢᠭᠤᠯᠤᠨ᠎ᠠ᠃ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠭᠤᠶᠢᠪᠢᠰᠢ ᠦᠭᠡᠢ ᠪᠠᠷ ᠪᠠᠬᠢᠵᠢᠭᠦᠯᠦᠨ | ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠭᠤᠶᠢᠪᠢᠰᠢ ᠦᠭᠡᠢ ᠪᠠᠷ | ᠵᠣᠷᠢᠭᠵᠢᠭᠤᠯᠤᠨ ᠳᠡᠮᠵᠢᠭᠦ ᠪᠠ ᠬᠥᠲᠥᠯᠥᠨ ᠵᠢᠯᠤᠭᠤᠳᠴᠤ᠂ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ | ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠰᠠᠭ ᠤᠨ ᠣᠷᠳᠣᠨ ᠤ | ᠦᠢᠯᠡᠳᠦᠯ ᠢ ᠨᠡᠩ ᠰᠠᠶᠢᠨ ᠪᠠᠳᠠᠷᠠᠭᠤᠯᠤᠨ᠎ᠠ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠪᠣᠯᠣᠨ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ | ᠠᠵᠤ ᠠᠬᠤᠢ ᠶᠢᠨ ᠪᠠᠶᠢᠷᠢᠰᠢᠯ ᠢ ᠰᠢᠯᠢᠳᠡᠭᠵᠢᠭᠦᠯᠬᠦ ᠪᠠ ᠪᠦᠲᠦᠴᠡ ᠶᠢ ᠲᠣᠬᠢᠷᠠᠭᠤᠯᠬᠤ ᠶᠢ ᠲᠦᠷᠭᠡᠳᠬᠡᠨ᠂ ᠤᠯᠤᠰ | ᠤᠨ ᠥᠮᠴᠢᠯᠡᠯ ᠤᠨ ᠡᠳ᠋ ᠬᠥᠷᠥᠩᠭᠡ ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ | ᠰᠢᠯᠢᠳᠡᠭᠵᠢᠭᠦᠯᠵᠦ ᠪᠤᠵᠠᠭᠠᠶᠢᠷᠠᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ | ᠬᠦᠴᠦᠨ ᠢ ᠳᠡᠭᠡᠭᠰᠢᠯᠡᠭᠦᠯᠦᠨ᠎ᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ | ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠮᠴᠢᠯᠡᠯ ᠤᠨ | ᠡᠷᠬᠡ ᠪᠣᠯᠣᠨ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠠᠷᠠᠳ ᠤᠨ ᠡᠵᠡᠩᠨᠡᠯᠲᠡ | ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃ ᠳᠤᠮᠳᠠᠳᠤ ᠤᠯᠤᠰ ᠤᠨ ᠣᠨᠴᠠᠯᠢᠭ ᠲᠠᠢ | ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯᠲᠠᠨ ᠤ ᠵᠣᠷᠢᠭ | ᠰᠠᠨᠠᠭ᠎ᠠ ᠶᠢ ᠪᠠᠳᠠᠷᠠᠭᠤᠯᠤᠨ᠂ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠲᠦᠷᠭᠡᠳᠬᠡᠨ ᠪᠠᠶᠢᠭᠤᠯᠤᠨ᠎ᠠ | ᠃ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠨ᠎ᠡ᠃ ᠵᠠᠰᠠᠭ ᠢ ᠴᠤᠮᠬᠠᠳᠬᠠᠨ ᠡᠷᠬᠡ ᠶᠢ | ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠵᠤ᠂ ᠡᠯᠧᠮᠧᠨ᠋ᠲ ᠤᠨ | ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ | ᠰᠢᠰᠲ᠋ᠧᠮ ᠢ ᠪᠠᠶᠢᠭᠤᠯᠤᠨ᠎ᠠ᠃ ᠥᠮᠴᠢᠯᠡᠯ ᠤᠨ ᠡᠷᠬᠡ ᠶᠢᠨ ᠬᠠᠮᠠᠭᠠᠯᠠᠯᠲᠠ᠂ ᠵᠠᠬ᠎ᠠ ᠳᠡᠯᠭᠡᠭᠦᠷ ᠲᠤ ᠣᠷᠣᠬᠤ ᠶᠢ | ᠵᠥᠪᠰᠢᠶᠡᠷᠡᠬᠦ᠂ ᠭᠤᠣᠯᠴᠢ ᠪᠠᠷ ᠥᠷᠢᠰᠦᠯᠳᠦᠬᠦ᠂ ᠨᠡᠶᠢᠭᠡᠮ ᠤᠨ ᠦᠨᠡᠨᠴᠢ ᠢᠲᠡᠭᠡᠮᠵᠢ ᠵᠡᠷᠭᠡ ᠵᠠᠬ᠎ᠠ ᠳᠡᠯᠭᠡᠭᠦᠷ ᠤᠨ | ᠠᠵᠤ ᠠᠬᠤᠢ ᠶᠢᠨ ᠰᠠᠭᠤᠷᠢ ᠳᠦᠷᠢᠮ ᠢ ᠲᠡᠭᠦᠯᠳᠡᠷᠵᠢᠭᠦᠯᠵᠦ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ | ᠰᠢᠯᠢᠳᠡᠭᠵᠢᠭᠦᠯᠦᠨ᠎ᠡ᠃ ᠬᠤᠷᠸ᠎ᠠ ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠤᠯᠤᠰ ᠤᠨ | ᠬᠥᠭᠵᠢᠯᠲᠡ ᠶᠢᠨ ᠲᠥᠯᠦᠪᠵᠢᠭᠦᠯᠭᠡ ᠶᠢᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ | ᠪᠠᠳᠠᠷᠠᠭᠤᠯᠵᠤ᠂ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠠ ᠵᠣᠭᠤᠰᠤᠨ ᠤ ᠲᠥᠷᠥ ᠶᠢᠨ ᠪᠣᠳᠣᠯᠭ᠎ᠠ ᠶᠢᠨ | ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠨ᠂ ᠳᠣᠲᠣᠭᠠᠳᠤ ᠬᠡᠷᠡᠭᠴᠡᠭᠡ ᠶᠢ ᠬᠦᠴᠦᠯᠡᠨ ᠥᠷᠭᠡᠳᠬᠡᠵᠦ᠂ | ᠬᠡᠷᠡᠭᠯᠡᠭᠡ ᠶᠢᠨ ᠠᠵᠤ ᠠᠬᠤᠢ ᠶᠢᠨ ᠬᠥᠭᠵᠢᠯᠲᠡ ᠳᠤ ᠦᠵᠡᠭᠦᠯᠭᠦ ᠰᠠᠭᠤᠷᠢ ᠴᠢᠨᠠᠷᠲᠠᠢ ᠦᠢᠯᠡᠳᠦᠯ ᠪᠣᠯᠣᠨ ᠪᠡᠯᠡ | ᠣᠷᠣᠭᠤᠯᠤᠯᠲᠠ ᠶᠢᠨ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠳᠤ ᠦᠵᠡᠭᠦᠯᠭᠦ ᠵᠠᠩᠭᠢᠯᠠᠭ᠎ᠠ ᠶᠢᠨ | ᠦᠢᠯᠡᠳᠦᠯ ᠢ ᠴᠢᠩᠭᠠᠳᠬᠠᠨ᠎ᠠ᠃ ᠣᠳᠣ ᠦᠶ᠎ᠡ ᠶᠢᠨ ᠲᠥᠰᠥᠪ ᠤᠨ ᠳᠦᠷᠢᠮ ᠢ ᠲᠡᠭᠦᠯᠳᠡᠷᠵᠢᠭᠦᠯᠵᠦ᠂ ᠭᠠᠶᠢᠯᠢ ᠶᠢᠨ | ᠳᠦᠷᠢᠮ ᠤᠨ ᠪᠦᠲᠦᠴᠡ ᠶᠢ ᠰᠢᠯᠢᠳᠡᠭᠵᠢᠭᠦᠯᠦᠨ᠂ ᠡᠳ᠋ ᠤᠨ ᠵᠠᠰᠠᠭ ᠤᠨ ᠰᠢᠯᠵᠢᠭᠦᠯᠦᠨ ᠥᠭᠭᠦ ᠰᠢᠰᠲ᠋ᠧᠮ ᠢ | ᠲᠡᠭᠦᠯᠳᠡᠷᠵᠢᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠣᠳᠣ ᠦᠶ᠎ᠡ ᠶᠢᠨ ᠲᠥᠪ ᠪᠠᠩᠬᠢ ᠶᠢᠨ ᠳᠦᠷᠢᠮ ᠢ ᠪᠠᠶᠢᠭᠤᠯᠵᠤ᠂ ᠣᠳᠣ ᠦᠶ᠎ᠡ ᠶᠢᠨ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ | ᠪᠠᠲᠤᠯᠠᠬᠤ ᠰᠢᠰᠲ᠋ᠧᠮ ᠢ ᠴᠢᠩᠭᠠᠷᠠᠭᠤᠯᠤᠨ᠂ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠪᠦᠭᠦᠨ | ᠢ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠳᠤ ᠣᠷᠣᠭᠤᠯᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ | ᠦᠯᠦ ᠭᠠᠷᠭᠠᠬᠤ ᠬᠤᠷᠢᠭ᠎ᠠ ᠱᠤᠭᠤᠮ ᠢ ᠰᠠᠬᠢᠨ᠎ᠠ᠃ ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠳᠠᠮᠵᠢ ᠶᠢ | ᠲᠡᠭᠦᠯᠳᠡᠷᠵᠢᠭᠦᠯᠵᠦ᠂ ᠰᠢᠭᠤᠳ ᠪᠡᠯᠡ ᠬᠤᠷᠠᠮᠳᠤᠭᠤᠯᠬᠤ ᠬᠠᠷᠢᠴᠠᠯ ᠢ ᠳᠡᠭᠡᠭᠰᠢᠯᠡᠭᠦᠯᠦᠨ᠎ᠡ᠃ ᠭᠠᠭᠴᠠᠭᠠᠷ ᠡᠵᠡᠮᠰᠢᠯ ᠢ | ᠡᠰᠡᠷᠭᠦᠴᠡᠬᠦ ᠪᠠ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠠᠵᠢᠯ ᠢ ᠴᠢᠩᠭᠠᠳᠬᠠᠵᠤ᠂ ᠣᠷᠣᠨ ᠨᠤᠲᠤᠭ ᠤᠨ | ᠬᠠᠮᠠᠭᠠᠯᠠᠯᠲᠠ ᠪᠣᠯᠣᠨ ᠵᠠᠰᠠᠭ ᠵᠠᠬᠢᠷᠭᠠᠨ ᠤ ᠴᠢᠨᠠᠷᠲᠠᠢ ᠭᠠᠭᠴᠠᠭᠠᠷ ᠡᠵᠡᠮᠰᠢᠯ ᠢ ᠡᠪᠳᠡᠵᠦ᠂ ᠬᠥᠷᠥᠩᠭᠡ ᠶᠢᠨ ᠡᠷᠡᠭᠦᠯ | ᠢᠶᠠᠷ ᠭᠦᠭᠵᠢᠭᠦ ᠶᠢ ᠬᠠᠤᠯᠢ ᠶᠣᠰᠣᠭᠠᠷ ᠵᠢᠷᠤᠮᠵᠢᠭᠤᠯᠤᠨ ᠬᠥᠲᠥᠯᠥᠨ ᠵᠢᠯᠣᠭᠤᠳᠤᠨ᠎ᠠ᠃ | ︵ᠬᠤᠶᠠᠷ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠠᠵᠤ ᠠᠬᠤᠢ ᠶᠢ ᠬᠥᠭᠵᠢᠭᠦᠯᠬᠦ | ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠰᠢᠨ᠎ᠡ ᠭᠡᠯᠪᠡᠷᠢ | ᠶᠢᠨ ᠠᠵᠤ ᠦᠢᠯᠡᠳᠪᠦᠷᠢᠵᠢᠯᠲᠡ ᠶᠢ ᠠᠬᠢᠭᠤᠯᠵᠤ᠂ ᠦᠢᠯᠡᠳᠭᠦ ᠦᠢᠯᠡᠰ ᠤᠨ ᠬᠦᠴᠦᠷᠬᠡᠭ ᠤᠯᠤᠰ᠂ ᠶᠠᠰᠤ ᠴᠢᠨᠠᠷ | ᠤᠨ ᠬᠦᠴᠦᠷᠬᠡᠭ ᠤᠯᠤᠰ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ᠂ ᠵᠠᠮ ᠬᠠᠷᠢᠯᠴᠠᠭᠠᠨ ᠤ ᠬᠦᠴᠦᠷᠬᠡᠭ | ᠤᠯᠤᠰ᠂ ᠢᠨᠲ᠋ᠧᠷ ᠰᠦᠯᠵᠢᠶᠡᠨ ᠤ ᠬᠦᠴᠦᠷᠬᠡᠭ ᠤᠯᠤᠰ᠂ ᠲᠣᠭᠠᠴᠢᠯᠠᠭᠰᠠᠨ ᠳᠤᠮᠳᠠᠳᠤ ᠤᠯᠤᠰ ᠢ ᠲᠦᠷᠭᠡᠳᠬᠡᠨ | ᠪᠦᠲᠦᠭᠡᠨ ᠪᠠᠶᠢᠭᠤᠯᠤᠨ᠎ᠠ᠃ ᠠᠵᠤ ᠦᠢᠯᠡᠰ ᠤᠨ ᠰᠠᠭᠤᠷᠢ ᠶᠢ ᠳᠠᠭᠢᠨ ᠴᠣᠭᠴᠠᠯᠠᠬᠤ ᠢᠨᠵᠧᠨᠧᠷᠢᠩ ᠪᠣᠯᠣᠨ | ᠴᠢᠬᠤᠯᠠ ᠶᠡᠭᠡ ᠲᠸᠭᠨᠢᠭ ᠮᠡᠷᠭᠡᠵᠢᠯ ᠤᠨ ᠮᠠᠰᠢᠨ ᠲᠣᠨᠣᠭᠯᠠᠯ ᠤᠨ ᠪᠣᠭᠤᠮᠲᠠ ᠰᠢᠪᠲᠤᠯᠬᠤ ᠢᠨᠵᠧᠨᠧᠷᠢᠩ ᠢ | ᠬᠡᠷᠡᠭᠵᠢᠭᠦᠯᠵᠦ᠂ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠲᠤ ᠰᠢᠨ᠎ᠡ ᠠᠵᠤ ᠠᠬᠤᠶᠢᠯᠠᠯ ᠤᠨ ᠬᠥᠭᠵᠢᠯᠲᠡ ᠶᠢ | ᠳᠡᠮᠵᠢᠵᠦ᠂ ᠦᠢᠯᠡᠳᠭᠦ ᠦᠢᠯᠡᠰ ᠤᠨ ᠳᠡᠭᠡᠳᠦ ᠳᠡᠰᠵᠢᠭᠦ᠂ ᠣᠶᠤᠨᠴᠢᠯᠠᠬᠤ᠂ ᠪᠣᠬᠢᠷᠳᠤᠯ ᠦᠭᠡᠢ ᠬᠥᠭᠵᠢᠯᠲᠡ ᠶᠢ | ᠠᠬᠢᠭᠤᠯᠤᠨ᠎ᠠ᠃ ᠳᠠᠪᠠᠭᠤᠯᠢᠭᠲᠤ ᠠᠵᠤ ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠶᠢ ᠪᠠᠬᠢᠵᠢᠭᠦᠯᠦᠨ᠂ ᠠᠮᠤᠷ | ᠲᠦᠪᠰᠢᠨ ᠬᠥᠭᠵᠢᠯᠲᠡ ᠳᠤ ᠬᠤᠯᠪᠣᠭᠳᠠᠬᠤ ᠬᠦᠷᠢᠶ᠎ᠡ ᠴᠠᠷᠠᠭᠠᠨ ᠳᠠᠬᠢ ᠳᠤᠲᠠᠭᠤᠳᠠᠯ ᠢᠶᠠᠨ ᠲᠦᠷᠭᠡᠨ | ᠨᠥᠬᠦᠪᠦᠷᠢᠯᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠡᠬᠢ ᠪᠠᠶᠠᠯᠢᠭ ᠤᠨ ᠬᠠᠩᠭᠠᠯᠭ᠎ᠠ ᠶᠢᠨ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠵᠦ ᠪᠠᠶᠢᠭ᠎ᠠ | ᠠᠵᠤ ᠦᠢᠯᠡᠰ ᠤᠨ ᠠᠭᠤᠰᠤᠯᠴᠠᠨ ᠪᠦᠯᠦᠭᠵᠢᠵᠦ ᠭᠦᠭᠵᠢᠭᠦ ᠶᠢ ᠠᠬᠢᠭᠤᠯᠵᠤ᠂ ᠰᠢᠨ᠎ᠡ ᠨᠢᠭᠡ ᠦᠶ᠎ᠡ ᠶᠢᠨ ᠮᠡᠳᠡᠭᠡ | ᠵᠠᠩᠭᠢ ᠶᠢᠨ ᠮᠡᠷᠭᠡᠵᠢᠯ᠂ ᠵᠣᠬᠢᠶᠠᠮᠠᠯ ᠣᠶᠤᠨ ᠴᠢᠳᠠᠪᠤᠷᠢ᠂ ᠠᠮᠢᠳᠤ ᠪᠣᠳᠠᠰ ᠤᠨ ᠮᠡᠷᠭᠡᠵᠢᠯ᠂ ᠰᠢᠨ᠎ᠡ ᠡᠨᠧᠷᠭᠢ᠂ | ᠰᠢᠨ᠎ᠡ ᠮᠠᠲ᠋ᠧᠷᠢᠶᠠᠯ᠂ ᠳᠡᠭᠡᠳᠦ ᠳᠡᠰ ᠤᠨ ᠮᠠᠰᠢᠨ ᠲᠣᠨᠣᠭᠯᠠᠯ᠂ ᠪᠣᠬᠢᠷᠳᠤᠯ ᠦᠭᠡᠢ ᠣᠷᠴᠢᠨ ᠲᠣᠭᠤᠷᠢᠨ ᠤ | ᠬᠠᠮᠠᠭᠠᠯᠠᠯᠲᠠ ᠵᠡᠷᠭᠡ ᠨᠢᠭᠡ ᠪᠦᠯᠦᠭ ᠰᠢᠨ᠎ᠡ ᠨᠡᠮᠡᠭᠳᠡᠯ ᠤᠨ ᠬᠥᠳᠡᠯᠭᠡᠭᠦᠷ ᠢ ᠪᠠᠶᠢᠭᠤᠯᠤᠨ᠎ᠠ᠃ ᠴᠢᠨᠠᠷ ᠰᠠᠶᠢᠲᠠᠢ | ᠥᠨᠳᠥᠷ ᠪᠦᠲᠦᠮᠵᠢᠲᠡᠢ ᠦᠢᠯᠡᠴᠢᠯᠡᠭᠡᠨ ᠤ ᠦᠢᠯᠡᠰ ᠤᠨ ᠰᠢᠨ᠎ᠡ ᠰᠢᠰᠲ᠋ᠧᠮ ᠢ ᠪᠠᠶᠢᠭᠤᠯᠵᠤ᠂ ᠣᠳᠣ ᠦᠶ᠎ᠡ ᠶᠢᠨ | ᠦᠢᠯᠡᠴᠢᠯᠡᠭᠡᠨ ᠤ ᠦᠢᠯᠡᠰ ᠢ ᠲᠡᠷᠢᠭᠦᠨ ᠤ ᠦᠢᠯᠡᠳᠭᠦ ᠦᠢᠯᠡᠰ᠂ ᠣᠳᠣ ᠦᠶ᠎ᠡ ᠶᠢᠨ ᠬᠥᠳᠡᠭᠡ ᠠᠵᠤ ᠠᠬᠤᠢ ᠲᠠᠢ | ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠤᠨ᠎ᠠ᠃ ᠪᠣᠳᠠᠰ ᠤᠳ ᠢ ᠬᠠᠷᠢᠯᠴᠠᠨ ᠬᠤᠯᠪᠣᠬᠤ ᠢᠨᠲ᠋ᠧᠷ ᠰᠦᠯᠵᠢᠶ᠎ᠡ | ᠶᠢ ᠲᠦᠷᠭᠡᠳᠬᠡᠨ ᠬᠥᠭᠵᠢᠭᠦᠯᠵᠦ᠂ ᠥᠨᠳᠥᠷ ᠪᠦᠲᠦᠮᠵᠢᠲᠡᠢ ᠪᠥᠭᠡᠳ ᠢᠯᠭᠤᠮ ᠰᠢᠯᠤᠭᠤᠨ ᠭᠦᠢᠯᠭᠡᠭᠡ ᠶᠢᠨ | ᠰᠢᠰᠲ᠋ᠧᠮ ᠢ ᠪᠠᠶᠢᠭᠤᠯᠵᠤ᠂ ᠡᠳ᠋ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠎ᠠ᠃ | ᠲᠣᠭᠠᠴᠢᠯᠠᠭᠰᠠᠨ ᠠᠵᠤ ᠠᠬᠤᠢ ᠶᠢ ᠲᠦᠷᠭᠡᠳᠬᠡᠨ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ ᠪᠠ ᠪᠣᠳᠠᠲᠤ | ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠳᠡᠯᠡᠬᠡᠢ ᠳ᠋ᠠᠬᠢᠨ ᠳᠤ ᠥᠷᠢᠰᠦᠯᠳᠦᠬᠦ | ᠬᠦᠴᠦᠨ ᠲᠠᠢ ᠲᠣᠭᠠᠴᠢᠯᠠᠭᠰᠠᠨ ᠠᠵᠤ ᠦᠢᠯᠡᠰ ᠤᠨ ᠪᠦᠯᠦᠭᠵᠢᠯ ᠢ ᠴᠣᠭᠴᠠᠯᠠᠨ᠎ᠠ᠃ ᠰᠠᠭᠤᠷᠢ ᠲᠥᠬᠦᠭᠡᠷᠦᠮᠵᠢ ᠶᠢᠨ | ᠪᠠᠶᠢᠷᠢᠰᠢᠯ᠂ ᠪᠦᠲᠦᠴᠡ᠂ ᠴᠢᠳᠠᠮᠵᠢ ᠪᠠ ᠰᠢᠰᠲ᠋ᠧᠮ ᠤᠨ ᠴᠤᠭᠯᠠᠷᠠᠯ ᠢ ᠰᠢᠯᠢᠳᠡᠭᠵᠢᠭᠦᠯᠵᠦ᠂ ᠣᠳᠣᠬᠢᠴᠢᠯᠠᠭᠰᠠᠨ | ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠤᠨ᠎ᠠ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠤᠨ᠎ᠠ᠃ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠬᠠᠮᠤᠭ ᠤᠨ ᠪᠡᠷᠬᠡ | ᠬᠠᠲᠠᠭᠤᠵᠢᠯᠲᠠᠢ ᠬᠠᠮᠤᠭ ᠤᠨ ᠨᠦᠰᠡᠷ ᠬᠦᠨᠳᠦ ᠡᠭᠦᠷᠭᠡ ᠮᠥᠨ ᠬᠦ ᠬᠥᠳᠡᠭᠡ ᠲᠣᠰᠬᠤᠨ ᠳᠤ ᠪᠠᠶᠢᠨ᠎ᠠ᠃ ᠬᠥᠳᠡᠭᠡ | ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠨ᠂ ᠬᠤᠳᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠬᠦᠴᠦᠨ ᠵᠦᠢᠯᠡᠰ ᠤᠨ ᠰᠢᠯᠵᠢᠯᠲᠡ | ᠶᠢ ᠰᠢᠯᠤᠭᠤᠳᠬᠠᠨ᠎ᠠ᠃ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠵᠤ | ᠂ ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶᠢᠭᠤᠯᠤᠯᠲᠠ ᠶᠢ | ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ | ᠦᠨᠳᠦᠰᠦ ᠰᠠᠭᠤᠷᠢ ᠶᠢ ᠪᠦᠭᠦ ᠲᠠᠯ᠎ᠠ ᠪᠠᠷ ᠪᠠᠬᠢᠵᠢᠭᠦᠯᠦᠨ᠂ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ | ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠪᠠᠨ ᠨᠠᠢᠮᠠᠨ ᠳ᠋ᠦᠩᠰᠢᠭᠤᠷ | ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ | ᠪᠦᠭᠦᠨ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠵᠤ᠂ | ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠂ ᠬᠥᠳᠡᠭᠡ ᠠᠵᠤ | ᠠᠬᠤᠢ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠣᠯᠣᠨ ᠲᠣᠨᠣᠭᠯᠠᠯ ᠤᠨ ᠲᠤᠯᠭᠠᠭᠤᠷᠢᠯᠠᠯ ᠢ ᠴᠢᠩᠭᠠᠳᠬᠠᠵᠤ᠂ | ᠠᠮᠤ ᠪᠤᠳᠠᠭᠠᠨ ᠤ ᠲᠠᠷᠢᠮᠠᠯ ᠳᠠᠷᠢᠭᠰᠠᠨ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠪᠣᠯᠣᠨ | ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢ ᠨᠥᠬᠦᠪᠦᠷᠢᠯᠡᠬᠦ ᠲᠣᠭᠲᠠᠴᠠ ᠶᠢ ᠪᠦᠷᠢᠨᠰᠢᠭᠦᠯᠵᠦ᠂ | ᠳᠤᠮᠳᠠᠳᠤᠴᠤᠳ ᠤᠨ ᠪᠤᠳᠠᠭᠠᠨ ᠠᠶᠠᠭ᠎ᠠ ᠪᠠᠨ ᠥᠪᠡᠷ ᠤᠨ ᠭᠠᠷ ᠲᠠᠭᠠᠨ ᠪᠠᠲᠤ ᠪᠠᠶᠢᠯᠭᠠᠬᠤ ᠶᠢ ᠦᠨᠡᠨ ᠬᠦ | ᠪᠠᠲᠤᠯᠠᠨ᠎ᠠ᠃ ᠬᠠᠮ ᠢᠳᠡᠭᠡᠨ ᠤ ᠦᠵᠡᠯᠲᠡ ᠶᠢ ᠪᠤᠶ ᠪᠤᠯᠭᠠᠵᠤ᠂ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠦᠨ᠂ | ᠢᠳᠡᠭᠡᠨ ᠤ ᠣᠯᠠᠨ ᠡᠰᠢᠵᠢᠭᠰᠡᠨ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠬᠥᠳᠡᠭᠡ ᠲᠣᠰᠬᠤᠨ ᠤ | ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ | ᠠᠷᠭ᠎ᠠ ᠵᠠᠮ ᠢ ᠥᠷᠭᠡᠳᠬᠡᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠪᠣᠯᠣᠨ ᠶᠠᠳᠠᠭᠤ ᠠᠴᠠ | ᠠᠩᠭᠢᠵᠢᠷᠠᠭᠰᠠᠨ ᠣᠯᠠᠨ ᠲᠦᠮᠡᠨ ᠤ ᠳᠣᠲᠣᠭᠠᠳᠤ ᠬᠥᠭᠵᠢᠯᠲᠡ ᠶᠢᠨ ᠬᠦᠳᠡᠯᠭᠡᠬᠦ ᠬᠦᠴᠦᠨ ᠢ | ᠴᠢᠩᠭᠠᠷᠠᠭᠤᠯᠤᠨ᠎ᠠ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠣᠯᠣᠨ ᠤᠯᠠᠨ ᠨᠡᠶᠢᠲᠡ ᠶᠢᠨ ᠦᠢᠯᠡᠴᠢᠯᠡᠭᠡᠨ | ᠤ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠦᠢᠯᠡᠰ | ᠪᠣᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ | ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠰᠢᠨ᠎ᠡ | ᠭᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ᠂ ᠰᠢᠨ᠎ᠡ ᠭᠡᠯᠪᠡᠷᠢ ᠶᠢᠨ | ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ | ᠬᠥᠭᠵᠢᠭᠦᠯᠵᠦ᠂ ᠬᠥᠳᠡᠭᠡ ᠠᠵᠤ ᠠᠬᠤᠢ ᠶᠢᠨ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠦᠨ᠎ᠡ᠃ ᠬᠥᠳᠡᠭᠡ | ᠲᠣᠰᠬᠤᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠴᠢᠳ ᠲᠤ ᠨᠠᠩ | ᠭᠦᠢᠴᠡᠳ ᠡᠳ᠋ ᠬᠥᠷᠥᠩᠭᠡ ᠶᠢᠨ ᠡᠷᠬᠡ ᠠᠰᠢᠭ ᠣᠯᠭᠤᠨ᠎ᠠ᠃ ᠬᠤᠲᠠ ᠳᠤ ᠡᠷᠦᠭᠡ ᠠᠮᠠ ᠣᠷᠣᠭᠰᠠᠨ ᠲᠠᠷᠢᠶᠠᠴᠢᠳ | ᠤᠨ ᠬᠠᠤᠯᠢ ᠶᠣᠰᠣᠨ ᠤ ᠭᠠᠵᠠᠷ ᠰᠢᠷᠣᠢ ᠶᠢᠨ ᠡᠷᠬᠡ ᠠᠰᠢᠭ ᠢ ᠪᠠᠲᠤᠯᠠᠵᠤ᠂ ᠬᠠᠤᠯᠢ ᠶᠣᠰᠣᠭᠠᠷ ᠰᠠᠶᠢᠨ ᠳᠤᠷ᠎ᠠ | ᠠᠴᠠ ᠪᠠᠨ ᠦᠨ᠎ᠡ ᠲᠥᠯᠥᠪᠦᠷᠢ ᠲᠠᠢ ᠪᠠᠷ ᠰᠢᠯᠵᠢᠭᠦᠯᠭᠦ ᠶᠢ ᠵᠣᠷᠢᠭᠵᠢᠭᠤᠯᠤᠨ᠎ᠠ᠃ ᠬᠥᠳᠡᠭᠡ ᠠᠵᠤ ᠠᠬᠤᠢ ᠶᠢ | ᠲᠡᠮᠵᠢᠵᠦ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ | ︵ᠳᠥᠷᠪᠡ︶ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ᠂ ᠰᠢᠨ᠎ᠡ ᠭᠡᠯᠪᠡᠷᠢ ᠶᠢᠨ ᠬᠤᠳᠠ | ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠬᠤᠯᠠ ᠶᠡᠭᠡ ᠦᠢᠯᠡᠳᠪᠦᠷᠢᠯᠡᠯ ᠤᠨ | ᠬᠦᠴᠦᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠭᠰᠡᠨ᠂ ᠴᠢᠨᠠᠷ | ᠰᠠᠶᠢᠲᠠᠢ ᠬᠥᠭᠵᠢᠯᠲᠡ ᠶᠢᠨ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠭᠤᠯᠤᠯᠲᠠ ᠪᠣᠯᠣᠨ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢᠨ ᠰᠢᠰᠲ᠋ᠧᠮ ᠢ ᠪᠠᠶᠢᠭᠤᠯᠤᠨ᠎ᠠ᠃ ᠪᠠᠷᠠᠭᠤᠨ ᠣᠷᠣᠨ ᠢ ᠶᠡᠭᠡ ᠪᠠᠷ ᠨᠡᠭᠡᠭᠡᠨ | ᠬᠥᠭᠵᠢᠭᠦᠯᠬᠦ ᠶᠢ ᠠᠬᠢᠭᠤᠯᠤᠨ ᠰᠢᠨ᠎ᠡ ᠪᠠᠶᠢᠷᠢᠰᠢᠯ ᠢ ᠪᠤᠢ ᠪᠤᠯᠭᠠᠵᠦ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠠᠵᠢᠯ ᠳᠤ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠵᠤ᠂ ᠳᠤᠮᠳᠠ ᠪᠡᠶ᠎ᠡ ᠶᠢᠨ | ᠭᠠᠵᠠᠷ ᠣᠷᠣᠨ ᠤ ᠲᠦᠷᠭᠡᠪᠴᠢᠯᠡᠨ ᠭᠦᠭᠵᠢᠭᠦ ᠶᠢ ᠠᠬᠢᠭᠤᠯᠵᠤ᠂ ᠵᠡᠭᠦᠨ ᠪᠡᠶ᠎ᠡ ᠶᠢᠨ ᠭᠠᠵᠠᠷ ᠣᠷᠣᠨ ᠤ | ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠶᠢ ᠵᠣᠷᠢᠭᠵᠢᠭᠤᠯᠤᠨ᠎ᠠ᠃ ᠬᠤᠪᠢᠰᠬᠠᠯ ᠤᠨ ᠬᠠᠭᠤᠴᠢᠨ ᠰᠠᠭᠤᠷᠢᠨ᠂ | ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠶᠢ ᠳᠡᠮᠵᠢᠵᠦ᠂ ᠬᠢᠯᠢ ᠬᠢᠵᠠᠭᠠᠷ ᠣᠷᠣᠨ ᠤ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ ᠬᠢᠯᠢ | ᠬᠢᠵᠠᠭᠠᠷ ᠢ ᠲᠣᠭᠲᠠᠪᠤᠷᠢᠵᠢᠭᠤᠯᠤᠨ ᠪᠠᠬᠢᠵᠢᠭᠦᠯᠬᠦ ᠶᠢ ᠠᠬᠢᠭᠤᠯᠤᠨ᠎ᠠ᠃ ᠪᠡᠭᠡᠵᠢᠩ ᠲᠢᠶᠠᠨᠵᠢᠨ ᠾᠧᠪᠧᠢ ᠶᠢᠨ | ᠬᠠᠮᠵᠢᠯᠴᠠᠭᠰᠠᠨ ᠬᠥᠭᠵᠢᠯᠲᠡ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ᠂ ᠬᠥᠬᠡᠮᠥ᠋ᠷᠡᠨ ᠤ | ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠵᠤ᠂ ᠬᠠᠳᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠰᠢᠶᠦ᠋ᠩ ᠠᠨ | ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠴᠧᠩᠳᠦ᠋ ᠴᠦᠩᠴᠢᠩ | ᠤᠨ ᠭᠠᠵᠠᠷ ᠣᠷᠣᠨ ᠤ ᠬᠤᠣᠰ ᠬᠤᠳᠠ ᠶᠢᠨ ᠠᠵᠤ ᠠᠬᠤᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠭᠤᠣᠯ ᠴᠣᠭᠴᠠ ᠶᠢᠨ ᠴᠢᠳᠠᠮᠵᠢᠲᠤ ᠣᠷᠣᠨ ᠤ ᠳᠦᠷᠢᠮ ᠢ ᠲᠡᠭᠦᠯᠳᠡᠷᠵᠢᠭᠦᠯᠵᠦ᠂ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢᠨ ᠬᠥᠭᠵᠢᠯᠲᠡ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃ ᠬᠥᠮᠥᠨ ᠢᠶᠠᠷ | ᠭᠤᠣᠯ ᠪᠤᠯᠭᠠᠬᠰᠠᠨ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢ ᠠᠬᠢᠭᠤᠯᠵᠤ᠂ ᠲᠠᠷᠢᠶᠠᠯᠠᠩ ᠠᠴᠠ | ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠤᠯᠭᠠᠬᠤ ᠶᠢ ᠲᠦᠷᠭᠡᠳᠬᠡᠨ᠎ᠡ᠃ ᠬᠤᠲᠠ ᠶᠢᠨ ᠰᠦᠷᠦᠭᠵᠢᠯ᠂ | ᠬᠤᠲᠠ ᠶᠢᠨ ᠴᠠᠭᠠᠷᠢᠭ ᠢᠶᠠᠷ ᠲᠦᠰᠢᠭ ᠪᠣᠯᠭᠠᠨ ᠲᠣᠮᠣ ᠳᠤᠮᠳᠠ ᠪᠠᠭ᠎ᠠ ᠬᠤᠲᠠ ᠶᠢᠨ ᠵᠣᠬᠢᠴᠠᠩᠭᠤᠢ ᠬᠥᠭᠵᠢᠯᠲᠡ | ᠶᠢᠨ ᠪᠠᠶᠢᠷᠢᠰᠢᠯ ᠢ ᠪᠠᠶᠢᠭᠤᠯᠵᠤ᠂ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠬᠤᠲᠠ | ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠷᠠᠳ ᠤᠨ ᠬᠤᠲᠠ ᠶᠢ ᠠᠷᠠᠳ ᠲᠦᠮᠡᠨ | ᠪᠠᠶᠢᠭᠤᠯᠬᠤ᠂ ᠠᠷᠠᠳ ᠤᠨ ᠬᠤᠲᠠ ᠶᠢ ᠠᠷᠠᠳ ᠲᠦᠮᠡᠨ ᠤ ᠲᠥᠯᠥᠭᠡ ᠪᠠᠶᠢᠭᠤᠯᠬᠤ ᠶᠢ ᠪᠠᠷᠢᠮᠲᠠᠯᠠᠨ᠂ ᠬᠤᠲᠠ ᠶᠢᠨ | ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠭᠡᠲᠦ ᠲᠣᠮᠣ | ᠣᠨᠴᠠ ᠲᠣᠮᠣ ᠬᠤᠲᠠ ᠶᠢᠨ ᠬᠥᠭᠵᠢᠯᠲᠡ ᠶᠢᠨ ᠠᠷᠭ᠎ᠠ ᠭᠡᠯᠪᠡᠷᠢ ᠶᠢ ᠲᠦᠷᠭᠡᠳᠬᠡᠨ ᠬᠤᠪᠢᠷᠠᠭᠤᠯᠵᠤ᠂ ᠬᠤᠲᠠ ᠶᠢ | ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠶᠢ ᠴᠢᠩᠭᠠᠳᠬᠠᠵᠤ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ ᠤᠶᠠᠨ ᠬᠠᠲᠠᠨ ᠴᠢᠨᠠᠷᠲᠠᠢ᠂ ᠣᠶᠤᠨᠴᠢ | ᠬᠤᠲᠠ ᠶᠢ ᠪᠦᠲᠦᠭᠡᠨ ᠪᠠᠶᠢᠭᠤᠯᠤᠨ᠎ᠠ᠃ ᠳᠠᠯᠠᠢ ᠲᠠᠩᠭᠢᠰ ᠤᠨ ᠠᠵᠤ ᠠᠬᠤᠢ ᠶᠢ ᠬᠥᠭᠵᠢᠭᠦᠯᠵᠦ᠂ ᠳᠠᠯᠠᠢ ᠲᠠᠩᠭᠢᠰ | ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ᠂ ᠳᠠᠯᠠᠢ ᠲᠠᠩᠭᠢᠰ ᠤᠨ ᠬᠦᠴᠦᠷᠬᠡᠭ ᠤᠯᠤᠰ ᠢ ᠲᠦᠷᠭᠡᠳᠬᠡᠨ | ᠪᠦᠲᠦᠭᠡᠨ ᠪᠠᠶᠢᠭᠤᠯᠤᠨ᠎ᠠ᠃ | ︵ᠲᠠᠪᠤ︶ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠤᠨ᠎ᠠ᠃ ᠮᠠᠨ ᠤ ᠤᠯᠤᠰ ᠤᠨ ᠭᠡᠳᠤ | ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠲᠤ ᠲᠦᠰᠢᠭᠯᠡᠨ᠂ ᠤᠯᠤᠰ ᠤᠨ ᠳᠣᠲᠣᠭᠠᠳᠤ ᠶᠢᠨ ᠶᠡᠭᠡ | ᠣᠷᠴᠢᠯ ᠢᠶᠠᠷ ᠪᠦᠭᠦ ᠪᠥᠮᠪᠥᠷᠴᠡᠭ ᠤᠨ ᠡᠬᠢ ᠪᠠᠶᠠᠯᠢᠭ ᠤᠨ ᠡᠯᠧᠮᠧᠨ᠋ᠲ ᠢ ᠲᠠᠲᠠᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ ᠡᠬᠢ ᠪᠠᠶᠠᠯᠢᠭ ᠤᠨ ᠬᠤᠯᠪᠣᠯᠳᠤᠨ ᠬᠥᠳᠡᠯᠦᠯᠴᠡᠬᠦ | ᠦᠷ᠎ᠡ ᠠᠰᠢᠭ ᠢ ᠨᠡᠮᠡᠭᠳᠡᠭᠦᠯᠦᠨ᠂ ᠠᠷᠠᠯᠵᠢᠶ᠎ᠠ ᠪᠡᠯᠡ ᠣᠷᠣᠭᠤᠯᠤᠯᠲᠠ ᠬᠠᠮᠲᠤᠷᠠᠯᠴᠠᠭᠠᠨ ᠤ ᠶᠠᠰᠤ ᠴᠢᠨᠠᠷ ᠪᠠ | ᠲᠦᠪᠰᠢᠨ ᠢ ᠳᠡᠭᠡᠭᠰᠢᠯᠡᠭᠦᠯᠦᠨ᠎ᠡ᠃ ᠳᠦᠷᠢᠮ᠂ ᠳᠦᠷᠢᠮ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ | ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠨ᠎ᠡ᠃ ᠪᠠᠷᠠᠭᠠᠨ ᠤ ᠠᠷᠠᠯᠵᠢᠶ᠎ᠠ ᠶᠢ | ᠰᠢᠯᠢᠳᠡᠭᠵᠢᠭᠦᠯᠦᠨ ᠲᠡᠰ ᠳᠡᠪᠰᠢᠭᠦᠯᠭᠦ ᠶᠢ ᠠᠬᠢᠭᠤᠯᠵᠤ᠂ ᠦᠢᠯᠡᠴᠢᠯᠡᠭᠡᠨ ᠤ ᠠᠷᠠᠯᠵᠢᠶᠠᠨ ᠤ ᠬᠥᠭᠵᠢᠯᠲᠡ ᠶᠢᠨ | ᠲᠣᠭᠲᠠᠴᠠ ᠶᠢᠨ ᠰᠢᠨ᠎ᠡ ᠶᠢ ᠡᠭᠦᠳᠦᠨ᠂ ᠲᠣᠭᠠᠴᠢᠯᠠᠭᠰᠠᠨ ᠠᠷᠠᠯᠵᠢᠶ᠎ᠠ ᠶᠢ ᠬᠥᠭᠵᠢᠭᠦᠯᠵᠦ᠂ ᠠᠷᠠᠯᠵᠢᠶᠠᠨ ᠤ | ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠭᠠᠳᠠᠭᠠᠳᠤ ᠪᠡᠯᠡ ᠶᠢᠨ ᠣᠷᠣᠬᠤ ᠶᠢ | ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠵᠣᠬᠢᠰᠲᠠᠢ ᠪᠠᠭᠠᠰᠬᠠᠵᠤ᠂ ᠭᠠᠳᠠᠭᠠᠳᠤ ᠶᠢᠨ ᠠᠷᠠᠯᠵᠢᠶᠠᠴᠢᠨ | ᠤ ᠪᠡᠯᠡ ᠣᠷᠣᠭᠤᠯᠤᠯᠲᠠ ᠶᠢᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠵᠠᠬ᠎ᠠ ᠳᠡᠯᠭᠡᠭᠦᠷᠵᠢᠭᠰᠡᠨ᠂ | ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ | ᠪᠣᠯᠭᠠᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠵᠤ ᠴᠢᠨᠠᠷ ᠰᠠᠶᠢᠲᠠᠢ ᠬᠥᠭᠵᠢᠯᠲᠡ | ᠶᠢ ᠠᠬᠢᠭᠤᠯᠤᠨ᠎ᠠ᠃ ᠣᠷᠣᠨ ᠪᠦᠰᠡ ᠶᠢᠨ ᠨᠡᠭᠡᠭᠡᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠵᠡᠭᠦᠨ | ᠪᠡᠶ᠎ᠡ ᠶᠢᠨ ᠲᠠᠯᠠᠢ ᠳᠠᠭᠠᠤ ᠣᠷᠣᠨ ᠤ ᠨᠡᠭᠡᠭᠡᠯᠲᠡ ᠶᠢᠨ ᠤᠳᠤᠷᠢᠳᠤᠮᠵᠢ ᠶᠢᠨ ᠪᠠᠶᠢᠷᠢ ᠰᠠᠭᠤᠷᠢ ᠶᠢ ᠪᠠᠬᠢᠵᠢᠭᠦᠯᠦᠨ᠂ | ᠳᠤᠮᠳᠠ ᠪᠡᠶ᠎ᠡ ᠪᠠᠷᠠᠭᠤᠨ ᠪᠡᠶ᠎ᠡ ᠶᠢᠨ ᠭᠠᠵᠠᠷ ᠣᠷᠣᠨ ᠪᠣᠯᠣᠨ ᠵᠡᠭᠦᠨ ᠬᠤᠶᠢᠲᠤ ᠣᠷᠣᠨ ᠤ ᠨᠡᠭᠡᠭᠡᠯᠲᠡ ᠶᠢᠨ | ᠲᠦᠪᠰᠢᠨ ᠢ ᠳᠡᠭᠡᠭᠰᠢᠯᠡᠭᠦᠯᠦᠨ᠎ᠡ᠃ ᠪᠠᠷᠠᠭᠤᠨ ᠣᠷᠣᠨ ᠤ ᠡᠬᠡ ᠬᠠᠭᠤᠷᠠᠢ ᠲᠠᠯᠠᠢ ᠲᠠᠩᠭᠢᠰ ᠤᠨ ᠰᠢᠨ᠎ᠡ ᠨᠡᠪᠲᠡᠷᠡᠬᠦ | ᠵᠠᠮ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠢ ᠲᠦᠷᠭᠡᠳᠬᠡᠨ | ᠪᠦᠲᠦᠭᠡᠨ ᠪᠠᠶᠢᠭᠤᠯᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠵᠦ᠂ ᠪᠦᠭᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ | ᠠᠷᠠᠯᠵᠢᠶᠠᠨ ᠤ ᠣᠷᠣᠨ ᠤ ᠲᠣᠣᠷ ᠢ ᠥᠷᠭᠡᠳᠬᠡᠨ᠎ᠡ᠃ ᠠᠷᠠᠳ ᠤᠨ ᠵᠣᠭᠤᠰ ᠤᠨ ᠳᠡᠯᠡᠬᠡᠶᠢᠵᠢᠯᠲᠡ ᠶᠢ ᠡᠮᠬᠢ ᠵᠢᠷᠤᠮ | ᠲᠠᠢ ᠪᠠᠷ ᠠᠬᠢᠭᠤᠯᠤᠨ᠎ᠠ᠃ ᠪᠦᠭᠦ ᠪᠥᠮᠪᠥᠷᠴᠡᠭ ᠤᠨ ᠠᠵᠤ ᠦᠢᠯᠡᠰ ᠤᠨ ᠠᠵᠢᠯ ᠤᠨ ᠬᠤᠪᠢᠶᠠᠷᠢᠯᠠᠯ ᠪᠠ | ᠬᠠᠮᠲᠤᠷᠠᠯᠴᠠᠭ᠎ᠠ ᠳᠤ ᠭᠦᠨᠵᠡᠭᠡᠢ ᠣᠷᠣᠯᠴᠠᠵᠤ᠂ ᠤᠯᠠᠨ ᠡᠰᠢᠲᠦ ᠪᠥᠭᠡᠳ ᠲᠣᠭᠲᠠᠪᠤᠷᠢᠲᠠᠢ ᠤᠯᠠᠨ ᠤᠯᠤᠰ ᠤᠨ | ᠠᠵᠤ ᠠᠬᠤᠢ ᠶᠢᠨ ᠪᠠᠶᠢᠷᠢᠰᠢᠯ ᠪᠠ ᠠᠵᠤ ᠠᠬᠤᠢ ᠠᠷᠠᠯᠵᠢᠶᠠᠨ ᠤ ᠬᠠᠷᠢᠴᠠᠭ᠎ᠠ ᠶᠢ ᠬᠠᠮᠠᠭᠠᠯᠠᠨ᠎ᠠ᠃ | ᠲᠠᠪᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠵᠦ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠳᠠᠪᠤᠷᠢᠲᠠᠨ ᠤ ᠲᠤᠯᠭᠠᠭᠤᠷᠢᠯᠠᠯ ᠢ | ᠴᠢᠩᠭᠠᠳᠬᠠᠨ᠎ᠠ | ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠪᠣᠯ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠰᠠᠭᠤᠷᠢ ᠴᠢᠨᠠᠷᠲᠠᠢ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠲᠤᠯᠭᠠᠭᠤᠷᠢᠯᠠᠯ ᠮᠥᠨ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯ ᠨᠢᠭᠡᠳᠦᠭᠡᠷ | ᠦᠢᠯᠡᠳᠪᠦᠷᠢᠯᠡᠯ ᠤᠨ ᠬᠦᠴᠦᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠭᠦ ᠪᠣᠯ | ᠨᠢᠭᠡᠳᠦᠭᠡᠷ ᠬᠦᠳᠡᠯᠭᠡᠬᠦ ᠬᠦᠴᠦᠨ ᠪᠤᠯᠬᠤ ᠶᠢ ᠡᠷᠬᠡᠪᠰᠢ ᠪᠠᠷᠢᠮᠲᠠᠯᠠᠵᠤ᠂ ᠰᠢᠨᠵᠢᠯᠡᠬᠦ ᠤᠬᠠᠭᠠᠨ | ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠭᠵᠢᠯᠲᠡ ᠶᠢᠨ ᠰᠢᠨ᠎ᠡ ᠬᠦᠷᠢᠶ᠎ᠡ ᠴᠠᠷᠠᠭ᠎ᠠ ᠰᠢᠨ᠎ᠡ | ᠤᠷᠤᠯᠳᠤᠭᠠᠨ ᠤ ᠵᠠᠮ ᠢ ᠨᠡᠭᠡᠭᠡᠵᠦ᠂ ᠬᠥᠭᠵᠢᠯᠲᠡ ᠶᠢᠨ ᠰᠢᠨ᠎ᠡ ᠬᠦᠳᠡᠯᠭᠡᠬᠦ ᠡᠨᠧᠷᠭᠢ ᠰᠢᠨ᠎ᠡ | ᠳᠠᠪᠠᠭᠤᠯᠢᠭ ᠢ ᠲᠠᠰᠤᠷᠠᠯᠳᠠ ᠦᠭᠡᠢ ᠪᠤᠢ ᠪᠣᠯᠭᠠᠨ᠎ᠠ᠃ | ᠪᠢᠳᠡ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ | ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ᠂ ᠴᠢᠳᠠᠪᠤᠷᠢᠲᠠᠨ ᠤ ᠳᠠᠭᠠᠭᠤᠯᠭ᠎ᠠ ᠪᠠᠷ ᠬᠥᠳᠡᠯᠭᠡᠭᠦᠷ ᠪᠤᠯᠭᠠᠬᠤ ᠶᠢ | ᠪᠠᠷᠢᠮᠲᠠᠯᠠᠨ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠵᠤ᠂ ᠨᠠᠮ ᠤᠨ | ᠲᠥᠯᠥᠭᠡ ᠬᠥᠮᠥᠨ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠶᠢ ᠪᠠᠷᠢᠮᠲᠠᠯᠠᠨ᠂ | ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠥᠵᠢᠭᠦᠯᠬᠦ ᠴᠢᠨᠠᠷ ᠴᠢᠨᠰᠠᠭ᠎ᠠ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ | ᠰᠢᠨ᠎ᠡ ᠶᠢ ᠡᠭᠦᠳᠭᠦ ᠣᠷᠣᠶᠢᠯᠠᠭᠰᠠᠨ ᠴᠢᠳᠠᠪᠤᠷᠢᠲᠠᠨ ᠢ ᠬᠦᠴᠦᠯᠡᠨ ᠬᠥᠮᠥᠵᠢᠭᠦᠯᠵᠦ᠂ ᠳᠡᠯᠡᠬᠡᠢ ᠳ᠋ᠠᠬᠢᠨ ᠤ ᠡᠷᠳᠡᠮᠲᠡᠨ | ᠴᠢᠳᠠᠪᠤᠷᠢᠲᠠᠨ ᠢ ᠴᠤᠭᠯᠠᠭᠤᠯᠤᠨ ᠬᠡᠷᠡᠭᠯᠡᠨ᠎ᠡ᠃ | ︵ᠨᠢᠭᠡ︶ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠠ᠃ ᠰᠤᠷᠭᠠᠨ | ᠬᠥᠮᠦᠵᠢᠯ ᠪᠣᠯ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠮᠥᠨ᠃ ᠶᠠᠮᠠᠷ ᠬᠥᠮᠥᠨ ᠢ | ᠬᠥᠮᠥᠵᠢᠭᠦᠯᠬᠦ᠂ ᠬᠥᠮᠥᠨ ᠢ ᠬᠡᠷᠬᠢᠨ ᠬᠥᠮᠥᠵᠢᠭᠦᠯᠬᠦ᠂ ᠬᠡᠨ ᠤ ᠲᠥᠯᠥᠭᠡ ᠬᠥᠮᠥᠨ ᠬᠥᠮᠥᠵᠢᠭᠦᠯᠬᠦ ᠪᠣᠯ ᠰᠤᠷᠭᠠᠨ | ᠬᠥᠮᠦᠵᠢᠯ ᠤᠨ ᠦᠨᠳᠦᠰᠦᠨ ᠠᠰᠠᠭᠤᠳᠠᠯ ᠮᠥᠨ᠃ ᠬᠥᠮᠥᠨ ᠢ ᠬᠥᠮᠥᠵᠢᠭᠦᠯᠬᠦ ᠶᠢᠨ ᠦᠨᠳᠦᠰᠦ ᠨᠢ ᠶᠣᠰᠣ | ᠰᠤᠷᠲᠠᠬᠤᠨ ᠢ ᠪᠤᠢ ᠪᠤᠯᠭᠠᠬᠤ ᠳᠤ ᠪᠠᠶᠢᠨ᠎ᠠ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ | ᠲᠤᠭᠤᠰᠢᠯᠠᠭᠤᠯᠤᠨ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ | ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ | ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ | ᠬᠥᠮᠥᠵᠢᠭᠦᠯᠦᠨ᠎ᠡ᠃ ᠠᠷᠠᠳ ᠲᠦᠮᠡᠨ ᠢᠶᠠᠷ ᠭᠤᠣᠯ ᠪᠤᠯᠭᠠᠬᠰᠠᠨ ᠰᠤᠷᠭᠠᠨ ᠬᠥᠮᠦᠵᠢᠯ ᠢ ᠬᠥᠭᠵᠢᠭᠦᠯᠬᠦ ᠶᠢ | ᠪᠠᠷᠢᠮᠲᠠᠯᠠᠨ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠡᠪ | ᠪᠣᠯᠪᠠᠰᠤᠷᠠᠯ ᠤᠨ ᠰᠤᠷᠭᠠᠨ ᠬᠥᠮᠦᠵᠢᠯ ᠢ ᠬᠥᠭᠵᠢᠭᠦᠯᠦᠨ᠂ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ | ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ ᠪᠠ | ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠶᠢ ᠲᠦᠷᠭᠡᠳᠬᠡᠵᠦ᠂ ᠣᠷᠣᠨ ᠪᠦᠰᠡ ᠶᠢᠨ ᠰᠤᠷᠭᠠᠨ ᠬᠥᠮᠦᠵᠢᠯ ᠤᠨ | ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ᠂ ᠤᠨᠴᠠᠭᠠᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠠᠯᠲᠤ ᠬᠥᠭᠵᠢᠯᠲᠡ ᠶᠢ | ᠴᠢᠩᠭᠠᠷᠠᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢ ᠣᠯᠠᠨ | ᠶᠠᠩᠵᠤᠴᠢᠯᠠᠨ ᠬᠥᠭᠵᠢᠭᠦᠯᠬᠦ ᠶᠢ ᠪᠠᠷᠢᠮᠲᠠᠯᠠᠨ᠂ ᠪᠦᠭᠦ ᠰᠤᠷᠤᠯᠭ᠎ᠠ ᠶᠢᠨ ᠱᠠᠲᠤ ᠶᠢ ᠬᠠᠮᠤᠷᠤᠭᠰᠠᠨ ᠰᠤᠷᠤᠬᠴᠢᠳ ᠢ | ᠲᠤᠰᠠᠯᠠᠨ ᠲᠡᠳᠭᠦᠭᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ | ᠵᠡᠷᠭᠡ ᠶᠢᠨ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠬᠠᠮᠵᠢᠯᠴᠠᠨ ᠰᠢᠨ᠎ᠡ ᠶᠢ ᠡᠭᠦᠳᠭᠦ | ᠶᠢ ᠨᠢᠭᠡᠳᠦᠯᠲᠡᠢ ᠲᠥᠯᠥᠪᠯᠡᠵᠦ᠂ ᠠᠵᠢᠯ ᠮᠡᠷᠭᠡᠵᠢᠯ ᠪᠠ ᠡᠩ ᠤᠨ ᠰᠤᠷᠭᠠᠨ ᠬᠥᠮᠦᠵᠢᠯ ᠢ ᠠᠭᠤᠰᠤᠯᠴᠠᠭᠤᠯᠬᠤ᠂ | ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ | ᠢ ᠠᠭᠤᠰᠤᠯᠴᠠᠭᠤᠯᠬᠤ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠭᠡᠯᠪᠡᠷᠢ ᠶᠢᠨ | ᠪᠠᠶᠢᠷᠢ ᠲᠣᠭᠲᠠᠭᠠᠯᠲᠠ ᠶᠢ ᠰᠢᠯᠢᠳᠡᠭᠵᠢᠭᠦᠯᠦᠨ᠎ᠡ᠃ ᠰᠠᠭᠤᠷᠢ ᠰᠢᠨᠵᠢᠯᠡᠭᠡᠨ ᠤ ᠰᠠᠯᠠᠭ᠎ᠠ᠂ ᠰᠢᠨ᠎ᠡ ᠪᠠᠷ ᠬᠥᠭᠵᠢᠭᠰᠡᠨ | ᠰᠢᠨᠵᠢᠯᠡᠭᠡᠨ ᠤ ᠰᠠᠯᠠᠭ᠎ᠠ᠂ ᠰᠣᠯᠪᠢᠴᠠᠯ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ | ᠳᠤᠮᠳᠠᠳᠤ ᠤᠯᠤᠰ ᠤᠨ ᠣᠨᠴᠠᠯᠢᠭ ᠲᠠᠢ᠂ ᠳᠡᠯᠡᠬᠡᠢ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠣᠯᠣᠨ | ᠳᠠᠪᠠᠭᠤᠯᠢᠭᠲᠤ ᠰᠢᠨᠵᠢᠯᠡᠭᠡᠨ ᠤ ᠰᠠᠯᠠᠭ᠎ᠠ ᠶᠢ ᠲᠦᠷᠭᠡᠳᠬᠡᠨ ᠪᠠᠶᠢᠭᠤᠯᠤᠨ᠎ᠠ᠃ ᠠᠷᠠᠳ ᠠᠴᠠ ᠡᠷᠭᠢᠯᠡᠭᠰᠡᠨ ᠰᠤᠷᠭᠠᠨ | ᠬᠥᠮᠦᠵᠢᠯ ᠤᠨ ᠬᠥᠭᠵᠢᠯᠲᠡ ᠶᠢ ᠬᠥᠲᠥᠯᠥᠨ ᠵᠢᠯᠤᠭᠤᠳᠴᠤ ᠵᠢᠷᠤᠮᠵᠢᠭᠤᠯᠤᠨ᠎ᠠ᠃ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠎ᠠ᠃ ᠰᠤᠷᠭᠠᠨ ᠬᠥᠮᠦᠵᠢᠯ ᠤᠨ ᠬᠦᠷᠢᠶᠡᠨ | ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠪᠠ | ᠬᠠᠮᠢᠶᠠᠷᠤᠯᠲᠠ ᠶᠢ ᠴᠢᠩᠭᠠᠳᠬᠠᠨ᠂ ᠰᠤᠷᠭᠠᠭᠤᠯᠢ ᠶᠢᠨ ᠬᠠᠮᠢᠶᠠᠷᠤᠯᠲᠠ ᠪᠣᠯᠣᠨ ᠰᠤᠷᠭᠠᠨ ᠬᠥᠮᠦᠵᠢᠯ ᠤᠨ ᠦᠨᠡᠯᠡᠯᠲᠡ | ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠤᠷᠭᠠᠭᠤᠯᠢ ᠭᠡᠷ ᠪᠦᠯᠢ ᠨᠡᠶᠢᠭᠡᠮ ᠤᠨ ᠬᠥᠮᠥᠨ ᠬᠥᠮᠥᠵᠢᠭᠦᠯᠬᠦ ᠲᠣᠭᠲᠠᠴᠠ | ᠶᠢ ᠪᠦᠷᠢᠨᠰᠢᠭᠦᠯᠦᠨ᠎ᠡ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ | ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠬᠥᠮᠥᠵᠢᠭᠦᠯᠵᠦ᠂ ᠪᠠᠭᠰᠢ ᠶᠢ ᠬᠦᠨᠳᠦᠳᠬᠡᠨ ᠰᠤᠷᠭᠠᠨ | ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ ᠪᠠᠳᠠᠷᠠᠭᠤᠯᠤᠨ᠎ᠠ᠃ ᠰᠤᠷᠭᠠᠨ ᠬᠥᠮᠦᠵᠢᠯ ᠤᠨ | ᠲᠣᠭᠠᠴᠢᠯᠠᠯᠲᠠ ᠶᠢ ᠠᠬᠢᠭᠤᠯᠵᠤ᠂ ᠪᠦᠭᠦ ᠠᠷᠠᠳ ᠢᠶᠠᠷ ᠢᠶᠠᠨ ᠨᠠᠰᠤᠨ ᠲᠤᠷᠰᠢᠲᠠ ᠰᠤᠷᠤᠯᠴᠠᠬᠤ ᠭᠡᠯᠪᠡᠷᠢ ᠶᠢᠨ | ᠨᠡᠶᠢᠭᠡᠮ᠂ ᠰᠤᠷᠤᠯᠴᠠᠬᠤ ᠭᠡᠯᠪᠡᠷᠢ ᠶᠢᠨ ᠲᠣᠮᠣ ᠤᠯᠤᠰ ᠢ ᠪᠦᠲᠦᠭᠡᠨ ᠪᠠᠶᠢᠭᠤᠯᠤᠨ᠎ᠠ᠃ | ︵ᠬᠤᠶᠠᠷ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠰᠢᠰᠲ᠋ᠧᠮ ᠢ ᠲᠡᠭᠦᠯᠳᠡᠷᠵᠢᠭᠦᠯᠦᠨ᠎ᠡ | ᠃ ᠰᠢᠨ᠎ᠡ ᠶᠢ ᠡᠭᠦᠳᠭᠦ ᠶᠢᠨ ᠮᠠᠨ ᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠪᠦᠭᠦ ᠲᠠᠯ᠎ᠠ | ᠳᠠᠬᠢ ᠭᠤᠣᠯᠯᠠᠬᠤ ᠪᠠᠶᠢᠷᠢ ᠰᠠᠭᠤᠷᠢ ᠶᠢ ᠪᠠᠷᠢᠮᠲᠠᠯᠠᠨ᠎ᠠ᠃ ᠨᠠᠮ ᠤᠨ ᠲᠥᠪ ᠬᠤᠷᠢᠶ᠎ᠠ ᠠᠴᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠵᠢᠯ ᠢ ᠨᠢᠭᠡᠳᠦᠯᠲᠡᠢ ᠤᠳᠤᠷᠢᠳᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠰᠢᠨ᠎ᠡ | ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠮᠵᠢ ᠶᠢ ᠪᠦᠷᠢᠨᠰᠢᠭᠦᠯᠦᠨ᠂ ᠤᠯᠤᠰ ᠤᠨ ᠪᠠᠶᠢᠯᠳᠤᠬᠤ ᠪᠣᠳᠣᠯᠭ᠎ᠠ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠷᠠᠭᠤᠯᠵᠤ᠂ ᠰᠢᠨ᠎ᠡ ᠶᠢ ᠡᠭᠦᠳᠭᠦ ᠡᠬᠢ ᠪᠠᠶᠠᠯᠢᠭ ᠢ | ᠰᠢᠯᠢᠳᠡᠭᠵᠢᠭᠦᠯᠦᠨ ᠲᠣᠬᠢᠷᠠᠭᠤᠯᠵᠤ᠂ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ | ᠥᠨᠳᠥᠷ ᠲᠦᠪᠰᠢᠨ ᠪᠦᠬᠦᠢ ᠰᠤᠳᠤᠯᠭᠠᠨ ᠤ ᠭᠡᠯᠪᠡᠷᠢ ᠶᠢᠨ ᠶᠡᠭᠡ ᠰᠤᠷᠭᠠᠭᠤᠯᠢ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ ᠪᠠᠶᠢᠷᠢ ᠲᠣᠭᠲᠠᠭᠠᠯᠲᠠ ᠪᠠ ᠪᠠᠶᠢᠷᠢᠰᠢᠯ ᠢ ᠰᠢᠯᠢᠳᠡᠭᠵᠢᠭᠦᠯᠵᠦ᠂ | ᠤᠯᠤᠰ ᠤᠨ ᠲᠤᠷᠰᠢᠯᠲᠠ ᠶᠢᠨ ᠲᠠᠰᠤᠭ ᠤᠨ ᠰᠢᠰᠲ᠋ᠧᠮ ᠢ ᠪᠤᠢ ᠪᠣᠯᠭᠠᠨ᠂ ᠤᠯᠠᠨ ᠤᠯᠤᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠥᠪ᠂ ᠣᠷᠣᠨ ᠪᠦᠰᠡ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠥᠪ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ | ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠵᠥᠪᠯᠡᠯᠭᠡ ᠥᠭᠭᠦ ᠶᠢ ᠴᠢᠩᠭᠠᠳᠬᠠᠵᠤ᠂ | ᠤᠯᠤᠰ ᠤᠨ ᠰᠢᠨ᠎ᠡ ᠶᠢ ᠡᠭᠦᠳᠭᠦ ᠰᠢᠰᠲ᠋ᠧᠮ ᠤᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠯᠠᠨ ᠡᠰᠢᠵᠢᠭᠰᠡᠨ ᠪᠡᠯᠡ ᠣᠷᠣᠭᠤᠯᠤᠯᠲᠠ ᠶᠢ | ᠨᠡᠮᠡᠭᠳᠡᠭᠦᠯᠦᠨ᠂ ᠮᠡᠳᠡᠯᠭᠡ ᠶᠢᠨ ᠥᠮᠴᠢᠯᠡᠬᠦ ᠡᠷᠬᠡ ᠶᠢᠨ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠪᠦᠭᠦ | ᠲᠠᠯ᠎ᠠ ᠪᠠᠷ ᠰᠢᠨ᠎ᠡ ᠶᠢ ᠡᠭᠦᠳᠭᠦ ᠶᠢ ᠳᠡᠮᠵᠢᠭᠦ ᠰᠠᠭᠤᠷᠢ ᠳᠦᠷᠢᠮ ᠢ ᠪᠦᠷᠢᠯᠳᠦᠭᠦᠯᠦᠨ᠎ᠡ᠃ ᠰᠢᠨ᠎ᠡ ᠶᠢ ᠡᠭᠦᠳᠭᠦ | ᠰᠣᠶᠣᠯ ᠢ ᠪᠣᠶᠢᠵᠢᠭᠤᠯᠵᠤ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠯᠢᠳᠡᠭ ᠰᠠᠶᠢᠨ | ᠰᠤᠷᠤᠯᠴᠠᠬᠤ ᠰᠤᠷᠲᠠᠯ ᠢ ᠬᠥᠮᠥᠵᠢᠭᠦᠯᠵᠦ᠂ ᠰᠢᠨ᠎ᠡ ᠶᠢ ᠡᠭᠦᠳᠭᠦ ᠠᠭᠤᠷ ᠠᠮᠢᠰᠬᠤᠯ ᠢ ᠪᠤᠢ ᠪᠣᠯᠭᠠᠨ᠎ᠠ᠃ ᠤᠯᠠᠨ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠨ᠂ ᠤᠯᠠᠨ | ᠤᠯᠤᠰᠴᠢᠯᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠣᠷᠴᠢᠨ ᠨᠥᠬᠦᠴᠡᠯ ᠤᠨ ᠪᠠᠶᠢᠭᠤᠯᠤᠯᠲᠠ ᠶᠢ | ᠴᠢᠩᠭᠠᠳᠬᠠᠵᠤ᠂ ᠳᠡᠯᠡᠬᠡᠢ ᠳ᠋ᠠᠬᠢᠨ ᠳᠤ ᠥᠷᠢᠰᠦᠯᠳᠦᠬᠦ ᠬᠦᠴᠦᠨ ᠪᠦᠬᠦᠢ ᠨᠡᠭᠡᠭᠡᠯᠲᠡᠲᠤ ᠰᠢᠨ᠎ᠡ ᠶᠢ ᠡᠭᠦᠳᠭᠦ ᠠᠮᠢ | ᠠᠬᠤᠢ ᠶᠢ ᠪᠤᠢ ᠪᠣᠯᠭᠠᠨ᠎ᠠ᠃ | ︵ᠭᠤᠷᠪᠠ︶ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ | ᠲᠦᠷᠭᠡᠳᠬᠡᠨ ᠬᠡᠷᠡᠭᠵᠢᠭᠦᠯᠦᠨ᠎ᠡ᠃ ᠳᠡᠯᠡᠬᠡᠢ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠤᠰᠢᠭᠤᠷᠠᠯ ᠳᠤ | ᠬᠠᠨᠳᠤᠭᠤᠯᠬᠤ᠂ ᠠᠵᠤ ᠠᠬᠤᠢ ᠶᠢᠨ ᠭᠤᠣᠯ ᠳᠠᠶᠢᠯᠠᠯᠳᠤᠭᠠᠨ ᠤ ᠲᠠᠯᠠᠪᠤᠷ ᠲᠤ ᠬᠠᠨᠳᠤᠭᠤᠯᠬᠤ᠂ ᠤᠯᠤᠰ ᠤᠨ | ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠬᠤ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠳᠤ | ᠬᠠᠨᠳᠤᠭᠤᠯᠬᠤ ᠶᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠡᠶ᠎ᠡ | ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠦᠨ᠎ᠡ᠃ ᠤᠯᠤᠰ ᠤᠨ ᠪᠠᠶᠢᠯᠳᠤᠬᠤ ᠪᠣᠳᠣᠯᠭ᠎ᠠ ᠶᠢᠨ | ᠬᠡᠷᠡᠭᠴᠡᠭᠡ ᠪᠠᠷ ᠤᠳᠤᠷᠢᠳᠤᠮᠵᠢ ᠪᠤᠯᠭᠠᠵᠤ᠂ ᠤᠤᠭᠠᠯ ᠡᠭᠦᠳᠦᠯᠲᠡ ᠶᠢᠨ ᠴᠢᠨᠠᠷᠲᠠᠢ ᠬᠥᠲᠥᠯᠥᠨ ᠳᠠᠭᠠᠭᠤᠯᠬᠤ | ᠴᠢᠨᠠᠷᠲᠠᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠡᠷᠬᠡ ᠠᠰᠠᠭᠤᠳᠠᠯ ᠢ ᠬᠦᠴᠦᠨ ᠢᠶᠠᠨ ᠲᠥᠪᠯᠡᠷᠡᠭᠦᠯᠦᠨ | ᠰᠢᠢᠳᠪᠦᠷᠢᠯᠡᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ | ᠶᠢ ᠵᠠᠪᠠᠯ ᠣᠯᠣᠨ᠎ᠠ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠦᠭᠦ ᠲᠠᠯ᠎ᠠ ᠶᠢᠨ ᠴᠢᠨᠠᠷᠲᠠᠢ ᠪᠠᠷᠠᠯᠠᠯᠳᠦ ᠴᠢᠨᠠᠷᠲᠠᠢ | ᠨᠢᠭᠡ ᠪᠦᠯᠦᠭ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠦᠷᠦᠯ ᠵᠦᠢᠯ ᠢ | ᠲᠦᠷᠭᠡᠳᠬᠡᠨ ᠬᠡᠷᠡᠭᠵᠢᠭᠦᠯᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠭᠦ ᠴᠢᠳᠠᠪᠤᠷᠢ ᠪᠠᠨ ᠴᠢᠩᠭᠠᠳᠬᠠᠨ᠎ᠠ᠃ | ᠰᠠᠭᠤᠷᠢ ᠰᠤᠳᠤᠯᠭᠠᠨ ᠢ ᠴᠢᠩᠭᠠᠳᠬᠠᠵᠤ᠂ ᠤᠤᠭᠠᠯ ᠡᠭᠦᠳᠦᠯᠲᠡ ᠶᠢ ᠲᠣᠪᠤᠶᠢᠯᠭᠠᠨ᠂ ᠴᠢᠯᠦᠭᠡᠲᠡᠢ ᠪᠠᠷ ᠬᠠᠶᠢᠨ | ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠡᠯᠡ ᠣᠷᠣᠭᠤᠯᠤᠯᠲᠠ ᠶᠢᠨ | ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠵᠠᠷᠤᠳᠠᠯ ᠤᠨ ᠬᠤᠪᠢᠶᠠᠷᠢᠯᠠᠯᠲᠠ ᠪᠠ ᠬᠡᠷᠡᠭᠯᠡᠯᠲᠡ ᠶᠢᠨ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠰᠢᠨ᠎ᠡ ᠶᠢ ᠡᠭᠦᠳᠭᠦ ᠠᠮᠢᠳᠤᠯᠢᠭ ᠬᠦᠴᠦᠨ ᠢ ᠬᠥᠭᠵᠢᠭᠡᠨ᠎ᠡ᠃ ᠠᠵᠤ ᠠᠬᠤᠶᠢᠯᠠᠯ ᠢᠶᠠᠷ ᠤᠳᠤᠷᠢᠳᠤᠮᠵᠢ ᠪᠤᠯᠭᠠᠬᠰᠠᠨ | ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠢ ᠭᠦᠨᠵᠡᠭᠡᠢ ᠠᠭᠤᠰᠤᠯᠴᠠᠭᠤᠯᠬᠤ ᠶᠢ ᠴᠢᠩᠭᠠᠳᠬᠠᠵᠤ᠂ ᠬᠠᠷᠠᠯᠲᠠ | ᠪᠠᠷ ᠤᠳᠤᠷᠢᠳᠤᠮᠵᠢ ᠪᠤᠯᠭᠠᠬᠤ ᠶᠢ ᠴᠢᠩᠭᠠᠷᠠᠭᠤᠯᠤᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠪᠠ ᠠᠵᠤ ᠦᠢᠯᠡᠰᠵᠢᠭᠦᠯᠬᠦ ᠲᠦᠪᠰᠢᠨ ᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠭᠤᠣᠯ ᠴᠣᠭᠴᠠ ᠶᠢᠨ ᠪᠠᠶᠢᠷᠢ ᠰᠠᠭᠤᠷᠢ ᠶᠢ | ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠭᠤᠣᠯᠯᠠᠭᠴᠢ ᠠᠵᠤ ᠠᠬᠤᠶᠢᠯᠠᠯ ᠤᠨ | ᠬᠥᠲᠥᠯᠥᠨ ᠳᠠᠭᠠᠭᠤᠯᠵᠤ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠤᠨ᠂ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠭᠡᠯᠪᠡᠷᠢ ᠶᠢᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠦᠰᠦᠨ ᠪᠣᠶᠢᠵᠢᠬᠤ ᠳᠤ ᠠᠰᠢᠭᠲᠠᠢ | ᠰᠢᠯᠢᠳᠡᠭ ᠰᠠᠶᠢᠨ ᠣᠷᠴᠢᠨ ᠨᠥᠬᠦᠴᠡᠯ ᠢ ᠪᠤᠶ ᠪᠤᠯᠭᠠᠵᠤ᠂ ᠰᠢᠨ᠎ᠡ ᠶᠢ ᠡᠭᠦᠳᠭᠦ ᠬᠡᠯᠬᠢᠶ᠎ᠡ᠂ ᠠᠵᠤ ᠦᠢᠯᠡᠰ ᠤᠨ | ᠬᠡᠯᠬᠢᠶ᠎ᠡ᠂ ᠪᠡᠯᠡ ᠮᠥᠩᠭᠦ ᠶᠢᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠬᠤ ᠶᠢ | ᠠᠬᠢᠭᠤᠯᠤᠨ᠎ᠠ᠃ | ︵ᠳᠥᠷᠪᠡ︶ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠦᠨ᠎ᠡ᠃ ᠮᠣᠷᠠᠯ ᠴᠢᠳᠠᠪᠤᠷᠢ ᠬᠤᠣᠰᠯᠠᠭᠰᠠᠨ ᠥᠨᠳᠥᠷ ᠬᠡᠪ ᠪᠣᠯᠪᠠᠰᠤᠷᠠᠯ ᠲᠠᠢ ᠦᠯᠡᠮᠵᠢ ᠤᠯᠠᠨ | ᠴᠢᠳᠠᠪᠤᠷᠢᠲᠠᠨ ᠢ ᠬᠥᠮᠥᠵᠢᠭᠦᠯᠦᠨ ᠪᠣᠶᠢᠵᠢᠭᠤᠯᠬᠤ ᠪᠣᠯ ᠤᠯᠤᠰ ᠪᠠ ᠦᠨᠳᠦᠰᠦᠲᠡᠨ ᠤ ᠠᠯᠤᠰ ᠭᠡᠳᠤ ᠶᠢᠨ | ᠬᠥᠭᠵᠢᠯᠲᠡ ᠶᠢᠨ ᠶᠡᠭᠡ ᠪᠣᠳᠣᠯᠭ᠎ᠠ ᠮᠥᠨ᠃ ᠭᠠᠪᠢᠶ᠎ᠠ ᠶᠢ ᠴᠢᠳᠠᠪᠤᠷᠢᠲᠠᠨ ᠪᠦᠲᠦᠭᠡᠵᠦ᠂ ᠦᠢᠯᠡᠰ ᠢ ᠴᠢᠳᠠᠪᠤᠷᠢᠲᠠᠨ | ᠥᠷᠭᠡᠳᠬᠡᠳᠡᠭ᠃ ᠨᠠᠮ ᠠᠴᠠ ᠴᠢᠳᠠᠪᠤᠷᠢᠲᠠᠨ ᠢ ᠬᠠᠮᠢᠶᠠᠷᠬᠤ ᠵᠠᠷᠴᠢᠮ ᠢ ᠪᠠᠷᠢᠮᠲᠠᠯᠠᠨ᠂ ᠭᠦᠳᠡᠯᠮᠦᠷᠢ ᠶᠢ | ᠬᠦᠨᠳᠦᠳᠬᠡᠬᠦ᠂ ᠮᠡᠳᠡᠯᠭᠡ ᠶᠢ ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ᠂ ᠡᠭᠦᠳᠦᠨ ᠪᠦᠲᠦᠭᠡᠯᠲᠡ ᠶᠢ | ᠬᠦᠨᠳᠦᠳᠬᠡᠬᠦ ᠶᠢ ᠪᠠᠷᠢᠮᠲᠠᠯᠠᠵᠤ᠂ ᠨᠡᠩ ᠢᠳᠡᠪᠬᠢᠲᠡᠢ᠂ ᠨᠡᠩ ᠨᠡᠭᠡᠭᠡᠯᠲᠡᠲᠡᠢ᠂ ᠨᠡᠩ ᠪᠦᠲᠦᠮᠵᠢᠲᠡᠢ ᠴᠢᠳᠠᠪᠤᠷᠢᠲᠠᠨ ᠤ | ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠥᠷᠭᠡᠨ ᠤᠯᠠᠨ ᠴᠢᠳᠠᠪᠤᠷᠢᠲᠠᠨ ᠤ ᠨᠠᠮ ᠢᠶᠠᠨ ᠬᠠᠶᠢᠷᠠᠯᠠᠵᠤ ᠤᠯᠤᠰ | ᠲᠠᠭᠠᠨ ᠵᠢᠳᠭᠦᠭᠦ᠂ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠭᠦ᠂ ᠠᠷᠠᠳ ᠲᠦᠮᠡᠨ ᠳᠤ | ᠦᠢᠯᠡᠴᠢᠯᠡᠬᠦ ᠶᠢ ᠬᠥᠲᠥᠯᠥᠨ ᠵᠢᠯᠣᠭᠤᠳᠤᠨ᠎ᠠ᠃ ᠴᠢᠳᠠᠪᠤᠷᠢᠲᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ | ᠶᠢ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠴᠢᠳᠠᠪᠤᠷᠢᠲᠠᠨ ᠢ ᠬᠠᠮᠲᠤ ᠳᠤᠨᠢ ᠠᠳᠬᠤᠬᠤ ᠶᠢ ᠪᠠᠷᠢᠮᠲᠠᠯᠠᠨ᠂ ᠬᠡᠪᠴᠢᠶ᠎ᠡ | ᠪᠠᠷ ᠠᠤᠭ᠎ᠠ ᠶᠡᠭᠡ᠂ ᠪᠦᠲᠦᠴᠡ ᠨᠢ ᠵᠦᠢ ᠵᠣᠬᠢᠰᠲᠠᠢ᠂ ᠬᠡᠪ ᠪᠣᠯᠪᠠᠰᠤᠷᠠᠯ ᠢᠶᠠᠷ ᠰᠢᠯᠢᠳᠡᠭ ᠰᠠᠶᠢᠨ ᠴᠢᠳᠠᠪᠤᠷᠢᠲᠠᠨ ᠤ | ᠡᠩᠨᠡᠭᠡ ᠶᠢ ᠪᠠᠶᠢᠭᠤᠯᠤᠨ᠎ᠠ᠃ ᠳᠡᠯᠡᠬᠡᠢ ᠶᠢᠨ ᠴᠢᠬᠤᠯᠠ ᠴᠢᠳᠠᠪᠤᠷᠢᠲᠠᠨ ᠤ ᠲᠥᠪ ᠪᠣᠯᠣᠨ ᠰᠢᠨ᠎ᠡ ᠶᠢ ᠡᠭᠦᠳᠭᠦ | ᠥᠨᠳᠦᠷᠯᠢᠭ ᠢ ᠲᠦᠷᠭᠡᠳᠬᠡᠨ ᠪᠠᠶᠢᠭᠤᠯᠵᠤ᠂ ᠴᠢᠳᠠᠪᠤᠷᠢᠲᠠᠨ ᠤ ᠣᠷᠣᠨ ᠪᠦᠰᠡ ᠶᠢᠨ ᠵᠦᠢ ᠵᠣᠬᠢᠰᠲᠠᠢ ᠪᠠᠶᠢᠷᠢᠰᠢᠯ | ᠪᠠ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠴᠢᠳᠠᠪᠤᠷᠢᠲᠠᠨ ᠤ ᠤᠯᠠᠨ ᠤᠯᠤᠰ ᠲᠠᠬᠢ ᠥᠷᠢᠰᠦᠯᠳᠦᠭᠡᠨ ᠤ | ᠬᠠᠷᠢᠴᠠᠩᠭᠤᠢ ᠳᠠᠪᠠᠭᠤᠯᠢᠭ ᠪᠠᠶᠢᠳᠠᠯ ᠢ ᠬᠦᠴᠦᠯᠡᠨ ᠪᠤᠢ ᠪᠣᠯᠭᠠᠨ᠎ᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ | ᠴᠢᠳᠠᠪᠤᠷᠢᠲᠠᠨ ᠤ ᠬᠦᠴᠦᠨ ᠢ ᠲᠦᠷᠭᠡᠳᠬᠡᠨ ᠪᠠᠶᠢᠭᠤᠯᠵᠤ᠂ ᠨᠡᠩ ᠤᠯᠠᠨ ᠶᠡᠭᠡ ᠪᠠᠭᠰᠢᠲᠠᠨ᠂ ᠪᠠᠶᠢᠯᠳᠤᠬᠤ ᠪᠣᠳᠣᠯᠭ᠎ᠠ | ᠶᠢᠨ ᠰᠢᠨᠵᠢᠯᠡᠬᠦ ᠤᠬᠠᠭᠠᠨᠲᠠᠨ᠂ ᠲᠡᠷᠢᠭᠦᠨ ᠵᠡᠷᠭᠡ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠭᠦ ᠪᠦᠯᠭᠦᠮ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠵᠠᠯᠠᠭᠤ ᠴᠢᠳᠠᠪᠤᠷᠢᠲᠠᠨ᠂ ᠭᠠᠷᠮᠠᠭᠠᠢ ᠢᠨᠵᠧᠨᠧᠷ᠂ ᠲᠣᠮᠣ ᠤᠯᠤᠰ ᠤᠨ ᠤᠷᠠᠨ ᠳᠠᠷᠬᠠᠨ᠂ ᠥᠨᠳᠥᠷ ᠤᠷ᠎ᠠ ᠴᠢᠳᠠᠪᠤᠷᠢ | ᠲᠠᠢ ᠴᠢᠳᠠᠪᠤᠷᠢᠲᠠᠨ ᠢ ᠴᠢᠷᠮᠠᠶᠢᠨ ᠬᠥᠮᠥᠵᠢᠭᠦᠯᠦᠨ ᠪᠤᠢ ᠪᠣᠯᠭᠠᠨ᠎ᠠ᠃ ᠴᠢᠳᠠᠪᠤᠷᠢᠲᠠᠨ ᠤ ᠤᠯᠠᠨ ᠤᠯᠤᠰ ᠤᠨ | ᠰᠣᠯᠢᠯᠴᠠᠭ᠎ᠠ ᠶᠢ ᠴᠢᠩᠭᠠᠳᠬᠠᠵᠤ᠂ ᠡᠯ᠎ᠡ ᠲᠦᠷᠦᠯ ᠤᠨ ᠴᠢᠳᠠᠪᠤᠷᠢᠲᠠᠨ ᠢ ᠰᠠᠶᠢᠲᠤᠷ ᠬᠡᠷᠡᠭᠯᠡᠵᠦ ᠠᠮᠢᠳᠤᠯᠢᠭ | ᠬᠡᠷᠡᠭᠯᠡᠨ᠎ᠡ᠃ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠦᠨᠡᠨ ᠰᠡᠳᠬᠢᠯ ᠠᠴᠠ ᠪᠠᠨ ᠴᠢᠳᠠᠪᠤᠷᠢᠲᠠᠨ ᠢ ᠬᠠᠶᠢᠷᠠᠯᠠᠨ᠂ ᠪᠦᠭᠦ ᠰᠡᠳᠬᠢᠯ ᠢᠶᠠᠷ ᠢᠶᠠᠨ | ᠴᠢᠳᠠᠪᠤᠷᠢᠲᠠᠨ ᠢ ᠬᠥᠮᠥᠵᠢᠭᠦᠯᠵᠦ᠂ ᠴᠢᠩ ᠰᠡᠳᠬᠢᠯ ᠠᠴᠠ ᠪᠠᠨ ᠴᠢᠳᠠᠪᠤᠷᠢᠲᠠᠨ ᠢ ᠤᠷᠢᠵᠤ᠂ ᠰᠡᠳᠬᠢᠯ ᠲᠠᠯᠪᠢᠨ | ᠴᠢᠳᠠᠪᠤᠷᠢᠲᠠᠨ ᠢ ᠬᠡᠷᠡᠭᠯᠡᠵᠦ᠂ ᠡᠷᠳᠡᠮᠲᠡᠨ ᠴᠢᠳᠠᠪᠤᠷᠢᠲᠠᠨ ᠢ ᠬᠦᠨᠳᠦᠳᠬᠡᠨ᠂ ᠨᠢᠭᠡ ᠯᠡ ᠬᠡᠪ ᠲᠤ ᠪᠠᠷᠢᠭᠳᠠᠬᠤ ᠦᠭᠡᠢ | ᠪᠠᠷ ᠡᠯ᠎ᠡ ᠲᠠᠯ᠎ᠠ ᠶᠢᠨ ᠰᠢᠯᠢᠳᠡᠭ ᠴᠢᠳᠠᠪᠤᠷᠢᠲᠠᠨ ᠢ ᠴᠤᠭᠯᠠᠭᠤᠯᠤᠨ ᠨᠠᠮ ᠪᠠ ᠠᠷᠠᠳ ᠲᠦᠮᠡᠨ ᠤ ᠦᠢᠯᠡᠰ ᠲᠤ | ᠦᠢᠯᠡᠴᠢᠯᠡᠭᠦᠯᠦᠨ᠎ᠡ᠃ | ᠵᠢᠷᠭᠤᠭ᠎ᠠ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠷᠠᠳ ᠲᠦᠮᠡᠨ ᠤ ᠡᠵᠡᠨ | ᠰᠠᠭᠤᠵᠤ ᠡᠷᠬᠡ ᠮᠡᠳᠡᠭᠦ ᠶᠢ ᠪᠠᠲᠤᠯᠠᠨ᠎ᠠ | ᠮᠠᠨ ᠤ ᠤᠯᠤᠰ ᠪᠣᠯ ᠠᠵᠢᠯᠴᠢᠨ ᠠᠩᠭᠢ ᠶᠢᠨ ᠤᠳᠤᠷᠢᠳᠤᠭᠰᠠᠨ᠂ ᠠᠵᠢᠯᠴᠢᠨ ᠲᠠᠷᠢᠶᠠᠴᠢᠨ ᠤ ᠬᠤᠯᠪᠤᠭ᠎ᠠ ᠪᠠᠷ | ᠰᠠᠭᠤᠷᠢ ᠪᠤᠯᠭᠠᠬᠰᠠᠨ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭᠲᠤ ᠨᠡᠶᠢᠭᠡᠮ ᠵᠢᠷᠤᠮᠲᠤ ᠤᠯᠤᠰ ᠮᠥᠨ | ᠂ ᠲᠦᠷᠦ ᠶᠢᠨ ᠠᠯᠢᠪᠠ ᠡᠷᠬᠡ ᠪᠣᠯ ᠠᠷᠠᠳ ᠲᠦᠮᠡᠨ ᠤ ᠬᠢ ᠶᠤᠮ᠃ ᠠᠷᠠᠳ ᠤᠨ ᠠᠷᠠᠳᠴᠢᠯᠠᠯ ᠪᠣᠯ ᠨᠡᠶᠢᠭᠡᠮ | ᠵᠢᠷᠤᠮ ᠤᠨ ᠠᠮᠢ ᠨᠠᠰᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠳᠤ ᠪᠠᠶᠢᠪᠠᠰᠤ ᠵᠣᠬᠢᠬᠤ ᠠᠭᠤᠯᠭ᠎ᠠ ᠮᠥᠨ᠃ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠪᠣᠯ | ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢᠨ ᠮᠥᠨ ᠴᠢᠨᠠᠷ ᠤᠨ ᠰᠢᠨᠵᠢ ᠮᠥᠨ᠂ ᠬᠠᠮᠤᠭ ᠤᠨ | ᠥᠷᠭᠡᠨ ᠳᠡᠯᠭᠡᠷ᠂ ᠬᠠᠮᠤᠭ ᠤᠨ ᠦᠨᠡᠨ ᠪᠣᠳᠠᠲᠠᠢ᠂ ᠬᠠᠮᠤᠭ ᠤᠨ ᠲᠤᠰᠠᠲᠠᠢ ᠠᠷᠠᠳᠴᠢᠯᠠᠯ ᠮᠥᠨ᠃ ᠡᠷᠬᠡᠪᠰᠢ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ | ᠡᠷᠡᠰ ᠭᠤᠶᠢᠪᠢᠰᠢ ᠦᠭᠡᠢ ᠵᠠᠮᠨᠠᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠦ᠂ | ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠨ᠂ ᠠᠷᠠᠳ ᠲᠦᠮᠡᠨ ᠤ | ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠠᠷᠠᠳ ᠲᠦᠮᠡᠨ ᠤ ᠬᠦᠰᠡᠯ ᠵᠣᠷᠢᠭ ᠢ ᠭᠦᠢᠴᠡᠳ | ᠢᠯᠡᠷᠡᠭᠦᠯᠦᠨ᠂ ᠠᠷᠠᠳ ᠲᠦᠮᠡᠨ ᠤ ᠡᠷᠬᠡ ᠠᠰᠢᠭ ᠢ ᠪᠠᠲᠤᠯᠠᠵᠤ᠂ ᠠᠷᠠᠳ ᠲᠦᠮᠡᠨ ᠤ ᠡᠭᠦᠳᠦᠨ ᠪᠦᠲᠦᠭᠡᠬᠦ | ᠠᠮᠢᠳᠤᠯᠢᠭ ᠬᠦᠴᠦᠨ ᠢ ᠬᠥᠭᠵᠢᠭᠡᠨ᠎ᠡ᠃ | ᠪᠢᠳᠡ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠭᠦ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠠᠷᠠᠳ | ᠲᠦᠮᠡᠨ ᠤ ᠡᠮᠬᠢ ᠵᠢᠷᠤᠮ ᠲᠠᠢ ᠪᠠᠷ ᠤᠯᠤᠰ ᠲᠦᠷᠦ ᠳᠤ ᠣᠷᠤᠯᠴᠠᠬᠤ ᠶᠢ ᠥᠷᠭᠡᠳᠬᠡᠨ᠂ ᠠᠷᠠᠳ ᠲᠦᠮᠡᠨ ᠤ | ᠠᠷᠠᠳᠴᠢᠯᠠᠯ ᠢᠶᠠᠷ ᠰᠣᠩᠭᠤᠭᠤᠯᠢ ᠶᠠᠪᠤᠭᠤᠯᠬᠤ᠂ ᠠᠷᠠᠳᠴᠢᠯᠠᠯ ᠢᠶᠠᠷ ᠵᠥᠪᠳᠡᠯᠴᠡᠬᠦ᠂ ᠠᠷᠠᠳᠴᠢᠯᠠᠯ ᠢᠶᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠬᠠᠮᠢᠶᠠᠷᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ | ᠶᠢ ᠬᠠᠤᠯᠢ ᠶᠣᠰᠣᠭᠠᠷ ᠬᠡᠷᠡᠭᠵᠢᠭᠦᠯᠬᠦ ᠶᠢ ᠪᠠᠲᠤᠯᠠᠵᠤ᠂ ᠠᠷᠠᠳ ᠤᠯᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ | ᠪᠦᠲᠦᠭᠡᠯᠴᠢ ᠴᠢᠨᠠᠷ ᠢ ᠪᠠᠳᠠᠷᠠᠭᠤᠯᠤᠨ᠂ ᠠᠮᠢᠳᠤ ᠴᠣᠪᠣᠭᠤᠯᠢᠭ᠂ ᠠᠮᠤᠷ ᠲᠣᠭᠲᠠᠭᠤᠨ ᠪᠦᠯᠬᠦᠮᠳᠡᠨ ᠨᠢᠭᠡᠳᠦᠭᠰᠡᠨ | ᠤᠯᠤᠰ ᠲᠦᠷᠦ ᠶᠢᠨ ᠪᠠᠶᠢᠳᠠᠯ ᠢ ᠪᠠᠬᠢᠵᠢᠭᠦᠯᠦᠨ ᠬᠥᠭᠵᠢᠭᠦᠯᠦᠨ᠎ᠡ᠃ | ︵ᠨᠢᠭᠡ︶ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠭᠦ ᠳᠦᠷᠢᠮ ᠤᠨ ᠪᠠᠲᠤᠯᠠᠭ᠎ᠠ ᠶᠢ ᠴᠢᠩᠭᠠᠳᠬᠠᠨ᠎ᠠ᠃ | ᠮᠠᠨ ᠤ ᠤᠯᠤᠰ ᠤᠨ ᠦᠨᠳᠦᠰᠦᠨ ᠤᠯᠤᠰ ᠲᠦᠷᠦ ᠶᠢᠨ ᠪᠠᠶᠢᠭᠤᠯᠤᠯ᠂ ᠰᠠᠭᠤᠷᠢ ᠤᠯᠤᠰ ᠲᠦᠷᠦ ᠶᠢᠨ ᠪᠠᠶᠢᠭᠤᠯᠤᠯ᠂ | ᠴᠢᠬᠤᠯᠠ ᠤᠯᠤᠰ ᠲᠦᠷᠦ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠠᠷᠠᠳᠴᠢᠯᠠᠯ ᠤᠨ ᠠᠷᠭ᠎ᠠ ᠵᠠᠮ ᠢ | ᠥᠷᠭᠡᠳᠬᠡᠨ᠂ ᠠᠷᠠᠳᠴᠢᠯᠠᠯ ᠤᠨ ᠭᠡᠯᠪᠡᠷᠢ ᠶᠢ ᠪᠠᠶᠠᠯᠢᠭᠵᠢᠭᠤᠯᠵᠤ᠂ ᠠᠷᠠᠳ ᠲᠦᠮᠡᠨ ᠤ ᠬᠠᠤᠯᠢ ᠶᠣᠰᠣᠭᠠᠷ ᠡᠯ᠎ᠡ | ᠵᠦᠢᠯ ᠤᠨ ᠠᠷᠭ᠎ᠠ ᠵᠠᠮ ᠪᠠ ᠭᠡᠯᠪᠡᠷᠢ ᠪᠠᠷ ᠳᠠᠮᠵᠢᠨ ᠲᠦᠷᠦ ᠶᠢᠨ ᠶᠠᠪᠤᠳᠠᠯ ᠢ ᠬᠠᠮᠢᠶᠠᠷᠬᠤ᠂ ᠠᠵᠤ ᠠᠬᠤᠢ ᠪᠠ | ᠰᠣᠶᠣᠯ ᠤᠨ ᠦᠢᠯᠡᠰ ᠢ ᠬᠠᠮᠢᠶᠠᠷᠬᠤ᠂ ᠨᠡᠶᠢᠭᠡᠮ ᠤᠨ ᠶᠠᠪᠤᠳᠠᠯ ᠢ ᠬᠠᠮᠢᠶᠠᠷᠬᠤ ᠶᠢ ᠦᠨᠡᠨ ᠬᠦ ᠪᠠᠲᠤᠯᠠᠨ᠎ᠠ᠃ ᠠᠷᠠᠳ | ᠲᠦᠮᠡᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠳᠠᠮᠵᠢᠨ ᠲᠥᠷᠥ ᠶᠢᠨ ᠡᠷᠬᠡ ᠶᠢ ᠬᠡᠷᠡᠭᠵᠢᠭᠦᠯᠬᠦ | ᠶᠢ ᠳᠡᠮᠵᠢᠨ ᠪᠠᠲᠤᠯᠠᠵᠤ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠴᠥᠮ | ᠠᠷᠠᠳᠴᠢᠯᠠᠯ ᠢᠶᠠᠷ ᠰᠣᠩᠭᠤᠨ ᠭᠠᠷᠭᠠᠵᠤ᠂ ᠠᠷᠠᠳ ᠲᠦᠮᠡᠨ ᠳᠤ ᠬᠠᠷᠢᠭᠤᠴᠠᠨ᠂ ᠠᠷᠠᠳ ᠲᠦᠮᠡᠨ ᠤ ᠬᠢᠨᠠᠯᠲᠠ ᠶᠢ | ᠬᠦᠯᠢᠶᠡᠬᠦ ᠶᠢ ᠪᠠᠲᠤᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶᠠᠨ ᠤ ᠬᠠᠤᠯᠢ ᠲᠣᠭᠲᠠᠭᠠᠬᠤ ᠡᠷᠬᠡ᠂ ᠬᠢᠨᠠᠯᠲᠠ ᠲᠠᠯᠪᠢᠬᠤ ᠡᠷᠬᠡ᠂ ᠲᠣᠭᠲᠠᠭᠠᠬᠤ ᠡᠷᠬᠡ᠂ ᠲᠣᠮᠢᠯᠠᠬᠤ | ᠪᠠᠭᠤᠯᠭᠠᠬᠤ ᠡᠷᠬᠡ ᠶᠢ ᠬᠠᠤᠯᠢ ᠶᠣᠰᠣᠭᠠᠷ ᠬᠡᠷᠡᠭᠵᠢᠭᠦᠯᠬᠦ ᠶᠢ ᠲᠡᠮᠵᠢᠨ ᠪᠠᠲᠤᠯᠠᠵᠤ᠂ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠠᠴᠠ ᠵᠠᠰᠠᠭ ᠵᠠᠬᠢᠷᠭᠠᠨ ᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ | ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ ᠳᠤ ᠬᠢᠨᠠᠯᠲᠠ ᠲᠠᠯᠪᠢᠬᠤ ᠳᠦᠷᠢᠮ ᠢ ᠲᠡᠭᠦᠯᠳᠡᠷᠵᠢᠭᠦᠯᠵᠦ᠂ ᠤᠯᠤᠰ ᠤᠨ | ᠬᠠᠤᠯᠢᠵᠢᠯ ᠤᠨ ᠨᠢᠭᠡᠳᠦᠯ᠂ ᠨᠡᠷ᠎ᠡ ᠬᠦᠨᠳᠦ᠂ ᠡᠷᠬᠡ ᠰᠦᠷ ᠢ ᠬᠠᠮᠠᠭᠠᠯᠠᠨ᠎ᠠ᠃ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠣᠨ ᠠᠷᠠᠳ ᠣᠯᠠᠨ ᠤ ᠬᠠᠷᠢᠯᠴᠠᠭ᠎ᠠ ᠶᠢ | ᠨᠢᠭᠲᠠᠷᠠᠭᠤᠯᠤᠨ᠎ᠠ᠃ ᠠᠷᠠᠳ ᠤᠨ ᠰᠠᠨᠠᠭ᠎ᠠ ᠶᠢ ᠰᠢᠩᠭᠡᠬᠡᠨ ᠠᠪᠬᠤ᠂ ᠠᠷᠠᠳ ᠤᠨ ᠤᠶᠤᠨ ᠤᠬᠠᠭᠠᠨ ᠢ | ᠲᠥᠪᠯᠡᠷᠡᠭᠦᠯᠬᠦ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠦᠨᠳᠦᠰᠦᠨ ᠱᠠᠲᠤᠨ ᠤ ᠬᠠᠤᠯᠢ ᠲᠣᠭᠲᠠᠭᠠᠬᠤ | ᠬᠠᠷᠢᠯᠴᠠᠬᠤ ᠴᠡᠭ ᠢ ᠰᠠᠶᠢᠲᠤᠷ ᠪᠠᠶᠢᠭᠤᠯᠤᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠤᠭ᠎ᠠ ᠵᠡᠷᠭᠡ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ | ᠥᠭᠡᠷᠡᠴᠢᠯᠡᠯᠲᠡ ᠪᠠ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ | ᠪᠦᠲᠦᠮᠵᠢᠲᠡᠢ ᠪᠠᠳᠠᠷᠠᠭᠤᠯᠤᠨ᠎ᠠ᠃ ᠳᠤᠮᠳᠠᠳᠤ ᠤᠯᠤᠰ ᠤᠨ ᠬᠥᠮᠥᠨ ᠤ ᠡᠷᠬᠡ ᠶᠢᠨ ᠬᠥᠭᠵᠢᠯᠲᠡ ᠶᠢᠨ ᠵᠠᠮ ᠢᠶᠠᠷ | ᠵᠠᠮᠨᠠᠬᠤ ᠶᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠬᠥᠮᠥᠨ ᠤ ᠡᠷᠬᠡ ᠶᠢᠨ ᠵᠠᠰᠠᠯᠲᠠ ᠳᠤ ᠢᠳᠡᠪᠬᠢᠲᠡᠢ ᠣᠷᠣᠯᠴᠠᠨ᠂ | ᠬᠥᠮᠥᠨ ᠤ ᠡᠷᠬᠡ ᠶᠢᠨ ᠦᠢᠯᠡᠰ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ | ︵ᠬᠤᠶᠠᠷ︶ ᠵᠥᠪᠯᠡᠭᠦ ᠠᠷᠠᠳᠴᠢᠯᠠᠯ ᠢ ᠪᠦᠭᠦ ᠲᠠᠯ᠎ᠠ ᠪᠠᠷ ᠬᠥᠭᠵᠢᠭᠦᠯᠦᠨ᠎ᠡ᠃ ᠵᠥᠪᠯᠡᠭᠦ ᠠᠷᠠᠳᠴᠢᠯᠠᠯ ᠪᠣᠯ ᠪᠦᠭᠦ | ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ ᠴᠢᠬᠤᠯᠠ ᠭᠡᠯᠪᠡᠷᠢ ᠮᠥᠨ᠃ ᠵᠥᠪᠯᠡᠭᠦ ᠠᠷᠠᠳᠴᠢᠯᠠᠯ | ᠤᠨ ᠰᠢᠰᠲ᠋ᠧᠮ ᠢ ᠲᠡᠭᠦᠯᠳᠡᠷᠵᠢᠭᠦᠯᠵᠦ᠂ ᠲᠦᠷᠦ ᠶᠢᠨ ᠨᠠᠮ ᠤᠨ ᠵᠥᠪᠯᠡᠯᠭᠡ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠵᠥᠪᠯᠡᠯᠭᠡ᠂ ᠵᠠᠰᠠᠭ ᠤᠨ ᠣᠷᠳᠣᠨ ᠤ ᠵᠥᠪᠯᠡᠯᠭᠡ᠂ ᠤᠯᠤᠰ ᠲᠦᠷᠦ ᠶᠢᠨ ᠵᠥᠪᠯᠡᠯᠭᠡᠨ ᠤ | ᠵᠥᠪᠯᠡᠯᠭᠡ᠂ ᠠᠷᠠᠳ ᠤᠨ ᠪᠦᠯᠭᠦᠮ ᠤᠨ ᠵᠥᠪᠯᠡᠯᠭᠡ᠂ ᠦᠨᠳᠦᠰᠦᠨ ᠱᠠᠲᠤᠨ ᠤ ᠵᠥᠪᠯᠡᠯᠭᠡ ᠵᠢᠴᠢ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠵᠥᠪᠯᠡᠯᠭᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠯ᠎ᠡ ᠵᠦᠢᠯ ᠤᠨ | ᠳᠦᠷᠢᠮᠵᠢᠭᠰᠡᠨ ᠵᠥᠪᠯᠡᠭᠦ ᠲᠠᠪᠴᠠᠩ ᠢ ᠪᠦᠷᠢᠨᠰᠢᠭᠦᠯᠦᠨ᠂ ᠵᠥᠪᠯᠡᠭᠦ ᠠᠷᠠᠳᠴᠢᠯᠠᠯ ᠤᠨ ᠥᠷᠭᠡᠨ ᠳᠡᠯᠭᠡᠷᠡᠩᠭᠦᠢ ᠤᠯᠠᠨ | ᠲᠡᠰ ᠳᠠᠪᠬᠤᠷᠭᠠᠲᠤ ᠳᠦᠷᠢᠮᠵᠢᠭᠰᠡᠨ ᠬᠥᠭᠵᠢᠯᠲᠡ ᠶᠢ ᠠᠬᠢᠭᠤᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ | ᠤᠨ ᠤᠳᠤᠷᠢᠳᠤᠭᠰᠠᠨ ᠤᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠦᠷᠦ ᠶᠢᠨ ᠵᠥᠪᠯᠡᠯᠭᠡ ᠬᠢᠬᠦ ᠪᠠᠶᠢᠭᠤᠯᠤᠯ ᠢ | ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠭᠦ ᠠᠷᠠᠳᠴᠢᠯᠠᠯ ᠢ | ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠨ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ | ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ᠂ ᠠᠷᠭ᠎ᠠ ᠤᠬᠠᠭᠠᠨ ᠳᠡᠪᠰᠢᠭᠦᠯᠦᠨ ᠵᠠᠰᠠᠭ ᠲᠤ ᠲᠤᠰᠠᠯᠠᠬᠤ ᠪᠠ | ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠠᠷᠠᠳ ᠤᠨ | ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠭᠦ ᠪᠠᠶᠢᠭᠤᠯᠤᠮᠵᠢ ᠪᠤᠯᠬᠤ ᠦᠢᠯᠡᠳᠦᠯ ᠢ ᠪᠠᠳᠠᠷᠠᠭᠤᠯᠵᠤ᠂ | ᠳᠦᠷᠢᠮᠵᠢᠭᠦᠯᠬᠦ᠂ ᠵᠢᠷᠤᠮᠵᠢᠭᠤᠯᠬᠤ᠂ ᠲᠡᠰ ᠲᠠᠷᠠᠭᠠᠯᠠᠯᠵᠢᠭᠤᠯᠬᠤ ᠵᠡᠷᠭᠡ ᠴᠢᠳᠠᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠂ ᠭᠦᠨᠵᠡᠭᠡᠢ ᠵᠥᠪᠳᠡᠯᠴᠡᠨ ᠬᠥᠳᠡᠯᠦᠯᠴᠡᠬᠦ᠂ ᠰᠠᠨᠠᠯ ᠢᠶᠠᠨ ᠭᠦᠢᠴᠡᠳ ᠢᠯᠡᠳᠬᠡᠬᠦ᠂ ᠬᠠᠮᠲᠤ ᠶᠢᠨ | ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠭᠡᠰᠢᠭᠦᠳ ᠤᠨ ᠡᠯ᠎ᠡ ᠡᠲᠡᠭᠡᠳ ᠤᠨ ᠤᠯᠠᠨ ᠲᠦᠮᠡᠨ ᠲᠠᠢ | ᠬᠠᠷᠢᠯᠴᠠᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠎ᠡ᠃ | ︵ᠭᠤᠷᠪᠠ︶ ᠦᠨᠳᠦᠰᠦᠨ ᠱᠠᠲᠤᠨ ᠤ ᠠᠷᠠᠳᠴᠢᠯᠠᠯ ᠢ ᠢᠳᠡᠪᠬᠢᠲᠡᠢ ᠬᠥᠭᠵᠢᠭᠦᠯᠦᠨ᠎ᠡ᠃ ᠦᠨᠳᠦᠰᠦᠨ ᠱᠠᠲᠤᠨ ᠤ | ᠠᠷᠠᠳᠴᠢᠯᠠᠯ ᠪᠣᠯ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠢᠯᠡᠷᠡᠯ ᠮᠥᠨ᠃ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠦᠨᠳᠦᠰᠦᠨ ᠱᠠᠲᠤᠨ ᠤ ᠤᠯᠠᠨ ᠲᠦᠮᠡᠨ ᠤ | ᠥᠪᠡᠷᠲᠡᠭᠡᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠰᠢᠭᠤᠳ ᠠᠷᠠᠳᠴᠢᠯᠠᠯ ᠤᠨ ᠳᠦᠷᠢᠮ ᠤᠨ ᠰᠢᠰᠲ᠋ᠧᠮ | ᠪᠣᠯᠣᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠤᠯᠠᠨ | ᠲᠦᠮᠡᠨ ᠤ ᠥᠪᠡᠷ ᠢ ᠪᠠᠨ ᠬᠠᠮᠢᠶᠠᠷᠬᠤ᠂ ᠥᠪᠡᠷ ᠤᠨ ᠪᠡᠶ᠎ᠡ ᠳᠡᠭᠡᠨ ᠦᠢᠯᠡᠴᠢᠯᠡᠬᠦ᠂ ᠥᠪᠡᠷ ᠢ ᠪᠠᠨ ᠬᠥᠮᠥᠵᠢᠭᠦᠯᠬᠦ᠂ | ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃ ᠠᠯᠪᠠᠨ ᠶᠠᠪᠤᠳᠠᠯ | ᠢ ᠢᠯᠡ ᠪᠠᠷ ᠶᠠᠪᠤᠭᠳᠠᠭᠤᠯᠬᠤ ᠳᠦᠷᠢᠮ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠡᠯ᠎ᠡ ᠲᠦᠷᠦᠯ ᠤᠨ | ᠬᠠᠮᠲᠤ ᠴᠣᠭᠴᠠ ᠶᠢᠨ ᠦᠨᠳᠦᠰᠦᠨ ᠱᠠᠲᠤᠨ ᠤ ᠵᠠᠰᠠᠯᠲᠠ ᠳᠤ ᠡᠮᠬᠢ ᠵᠢᠷᠤᠮ ᠲᠠᠢ ᠪᠠᠷ ᠣᠷᠤᠯᠴᠠᠬᠤ ᠠᠷᠭ᠎ᠠ ᠵᠠᠮ ᠢ | ᠥᠷᠭᠡᠳᠬᠡᠨ᠂ ᠠᠷᠠᠳ ᠲᠦᠮᠡᠨ ᠤ ᠦᠨᠳᠦᠰᠦᠨ ᠱᠠᠲᠤᠨ ᠤ ᠤᠯᠠᠨ ᠨᠡᠶᠢᠲᠡ ᠶᠢᠨ ᠬᠡᠷᠡᠭ ᠶᠠᠪᠤᠳᠠᠯ ᠪᠣᠯᠣᠨ ᠨᠡᠶᠢᠲᠡ | ᠶᠢᠨ ᠠᠰᠠᠷᠠᠮᠵᠢ ᠶᠢᠨ ᠦᠢᠯᠡᠰ ᠢ ᠬᠠᠤᠯᠢ ᠶᠣᠰᠣᠭᠠᠷ ᠬᠠᠮᠢᠶᠠᠷᠬᠤ ᠶᠢ ᠪᠠᠲᠤᠯᠠᠨ᠎ᠠ᠃ ᠪᠦᠭᠦ ᠰᠡᠳᠬᠢᠯ ᠪᠦᠭᠦ ᠵᠣᠷᠢᠭ | ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠨ᠂ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ | ᠢᠶᠠᠷ ᠦᠨᠳᠦᠰᠦᠨ ᠭᠡᠯᠪᠡᠷᠢ ᠪᠤᠯᠭᠠᠬᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠷᠠᠳᠴᠢᠯᠠᠯ ᠢᠶᠠᠷ | ᠬᠠᠮᠢᠶᠠᠷᠬᠤ ᠳᠦᠷᠢᠮ ᠢ ᠪᠦᠷᠢᠨᠰᠢᠭᠦᠯᠵᠦ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠨ᠎ᠠ᠃ | ︵ᠳᠥᠷᠪᠡ︶ ᠬᠠᠮᠤᠭ ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠦᠨ᠎ᠡ᠃ | ᠬᠥᠮᠥᠨ ᠤ ᠰᠡᠳᠬᠢᠯ ᠪᠣᠯ ᠬᠠᠮᠤᠭ ᠤᠨ ᠶᠡᠭᠡ ᠤᠯᠤᠰ ᠲᠦᠷᠦ ᠮᠥᠨ᠂ ᠨᠢᠭᠡᠳᠦᠮᠡᠯ ᠹᠷᠣᠨᠲ ᠪᠣᠯ ᠬᠥᠮᠥᠨ ᠤ | ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠨᠢᠭᠲᠠᠷᠠᠭᠤᠯᠬᠤ ᠬᠦᠴᠦᠷᠬᠡᠭ ᠶᠡᠭᠡ ᠡᠷᠳᠡᠨᠢ ᠮᠥᠨ᠃ ᠶᠡᠭᠡ | ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠦᠨ᠂ ᠶᠡᠭᠡ ᠪᠦᠯᠬᠦᠮᠳᠡᠯ ᠶᠡᠭᠡ ᠬᠤᠯᠪᠣᠭᠠᠯᠠᠯ ᠢ | ᠪᠠᠷᠢᠮᠲᠠᠯᠠᠵᠤ᠂ ᠪᠦᠭᠦ ᠳᠤᠮᠳᠠᠳᠤ ᠶᠢᠨ ᠬᠥᠪᠡᠭᠦᠳ ᠥᠬᠢᠳ ᠢ ᠲᠠᠶᠢᠴᠢᠯᠠᠨ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠪᠡᠶᠡᠯᠡᠭᠦᠯᠬᠦ ᠲᠣᠭᠤᠷᠢᠨ ᠳᠤ ᠬᠠᠮᠲᠤ ᠪᠠᠷ | ᠰᠡᠳᠬᠢᠵᠦ᠂ ᠬᠠᠮᠲᠤ ᠪᠠᠷ ᠠᠵᠢᠯᠯᠠᠨ᠎ᠠ᠃ ᠮᠠᠨ ᠤ ᠤᠯᠤᠰ ᠤᠨ ᠨᠡᠶᠢᠭᠡᠮ ᠵᠢᠷᠤᠮ ᠤᠨ ᠰᠢᠨ᠎ᠡ ᠭᠡᠯᠪᠡᠷᠢ ᠶᠢᠨ ᠲᠦᠷᠦ | ᠶᠢᠨ ᠨᠠᠮ ᠤᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠵᠤ᠂ ᠤᠷᠳᠤ ᠬᠤᠭᠤᠴᠠᠭ᠎ᠠ ᠪᠠᠷ ᠵᠡᠷᠭᠡᠴᠡᠨ ᠣᠷᠣᠰᠢᠬᠤ᠂ | ᠬᠠᠷᠢᠯᠴᠠᠨ ᠬᠢᠨᠠᠯᠲᠠ ᠲᠠᠯᠪᠢᠬᠤ᠂ ᠦᠨᠡᠨ ᠰᠡᠳᠬᠢᠯ ᠠᠴᠠ ᠪᠠᠨ ᠨᠥᠬᠦᠷᠯᠡᠬᠦ᠂ ᠵᠢᠷᠭᠠᠯ ᠵᠣᠪᠠᠯᠠᠩ ᠢᠶᠠᠨ | ᠬᠠᠮᠲᠤᠳᠬᠠᠬᠤ ᠶᠢ ᠪᠠᠷᠢᠮᠲᠠᠯᠠᠨ᠂ ᠠᠷᠠᠳᠴᠢᠯᠠᠭᠰᠠᠨ ᠨᠠᠮ ᠪᠦᠯᠦᠭ ᠪᠣᠯᠣᠨ ᠨᠠᠮ ᠪᠦᠯᠦᠭ ᠤᠨ ᠪᠤᠰᠤ ᠬᠥᠮᠥᠰ ᠯᠦᠭᠡ | ᠶᠢᠨ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠷᠠᠳᠴᠢᠯᠠᠭᠰᠠᠨ ᠨᠠᠮ ᠪᠦᠯᠦᠭ ᠤᠨ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠨ᠂ ᠡᠭᠦᠷᠭᠡ ᠴᠢᠳᠠᠪᠤᠷᠢ ᠪᠠᠨ ᠨᠡᠩ ᠰᠠᠶᠢᠨ ᠭᠦᠢᠴᠡᠳᠬᠡᠬᠦ ᠶᠢ ᠲᠡᠮᠵᠢᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠤᠯᠭᠠᠬᠤ ᠪᠠᠷ ᠭᠤᠣᠯ | ᠰᠢᠵᠢᠮ ᠪᠣᠯᠭᠠᠨ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ | ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ | ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠪᠦᠭᠦ ᠲᠠᠯ᠎ᠠ ᠪᠠᠷ ᠠᠬᠢᠭᠤᠯᠤᠨ᠎ᠠ᠃ ᠮᠠᠨ ᠤ ᠤᠯᠤᠰ ᠤᠨ | ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠢ ᠢᠳᠡᠪᠬᠢᠲᠡᠢ | ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠲᠠᠢ ᠵᠣᠬᠢᠴᠠᠭᠤᠯᠤᠨ᠎ᠠ᠃ ᠨᠠᠮ ᠤᠨ ᠭᠠᠳᠠᠨᠠᠬᠢ | ᠰᠡᠬᠡᠭᠡᠲᠡᠨ ᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠵᠤ᠂ ᠨᠡᠶᠢᠭᠡᠮ ᠤᠨ ᠰᠢᠨ᠎ᠡ ᠳᠠᠪᠬᠤᠷᠭ᠎ᠠ | ᠶᠢᠨ ᠬᠥᠮᠥᠰ ᠤᠨ ᠠᠵᠢᠯ ᠢ ᠰᠠᠶᠢᠲᠤᠷ ᠬᠢᠵᠦ᠂ ᠬᠠᠮᠲᠤ ᠪᠠᠷ ᠲᠡᠮᠡᠴᠡᠬᠦ ᠤᠯᠤᠰ ᠲᠦᠷᠦ ᠶᠢᠨ ᠵᠢᠯᠣᠭᠤᠳᠤᠯᠭ᠎ᠠ ᠶᠢ | ᠴᠢᠩᠭᠠᠳᠬᠠᠨ᠎ᠠ᠃ ᠵᠠᠰᠠᠭ ᠤᠨ ᠣᠷᠳᠣᠨ ᠪᠣᠯᠣᠨ ᠠᠷᠠᠯᠵᠢᠶᠠᠴᠢᠨ ᠤ ᠬᠤᠭᠤᠷᠣᠨᠳᠣᠭᠢ ᠳᠣᠲᠣᠨᠣ ᠴᠢᠬᠡᠴᠢ | ᠬᠠᠷᠢᠴᠠᠭ᠎ᠠ ᠶᠢ ᠪᠦᠭᠦ ᠲᠠᠯ᠎ᠠ ᠪᠠᠷ ᠪᠠᠶᠢᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ | ᠢᠶᠠᠷ ᠭᠦᠭᠵᠢᠭᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ | ᠪᠣᠶᠢᠵᠢᠬᠤ ᠶᠢ ᠠᠬᠢᠭᠤᠯᠤᠨ᠎ᠠ᠃ ᠬᠠᠷᠢᠶᠠᠲᠤ ᠨᠠᠷ ᠤᠨ ᠶᠠᠪᠤᠳᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠬᠠᠮᠲᠤ ᠪᠠᠷ ᠴᠢᠷᠮᠠᠶᠢᠨ ᠵᠢᠳᠭᠦᠭᠦ ᠬᠦᠴᠦᠷᠬᠡᠭ ᠶᠡᠭᠡ | ᠬᠦᠴᠦᠨ ᠴᠢᠳᠠᠯ ᠢ ᠪᠦᠷᠢᠯᠳᠦᠭᠦᠯᠦᠨ᠎ᠡ᠃ | ᠳᠣᠯᠤᠭ᠎ᠠ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠬᠠᠤᠯᠢᠵᠢᠯ ᠤᠨ ᠳᠤᠮᠳᠠᠳᠤ | ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ | ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠪᠣᠯ ᠲᠦᠷᠦ ᠶᠢ ᠵᠠᠰᠠᠬᠤ ᠨᠢᠭᠡᠨ ᠤᠳᠠᠭ᠎ᠠ ᠶᠢᠨ ᠭᠦᠨᠵᠡᠭᠡᠢ | ᠬᠤᠪᠢᠰᠬᠠᠯ ᠮᠥᠨ᠂ ᠲᠡᠷᠡ ᠨᠢ ᠨᠠᠮ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠲᠠᠢ ᠬᠤᠯᠪᠣᠭᠳᠠᠵᠤ᠂ | ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠲᠠᠢ ᠬᠤᠯᠪᠣᠭᠳᠠᠵᠤ᠂ ᠨᠠᠮ ᠪᠠ ᠤᠯᠤᠰ ᠣᠷᠣᠨ ᠤ ᠥᠨᠢ | ᠤᠳᠠᠭᠠᠨ ᠠᠮᠤᠷ ᠲᠦᠪᠰᠢᠨ ᠲᠠᠢ ᠬᠤᠯᠪᠣᠭᠳᠠᠳᠠᠭ᠃ ᠡᠷᠬᠡᠪᠰᠢ ᠬᠠᠤᠯᠢᠵᠢᠯ ᠤᠨ ᠦᠨᠳᠦᠰᠦ ᠶᠢ ᠪᠠᠬᠢᠵᠢᠭᠦᠯᠬᠦ᠂ | ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠭᠡᠳᠤ ᠳᠤ ᠠᠰᠢᠭᠲᠠᠢ ᠪᠠᠶᠢᠬᠤ ᠪᠠᠲᠤᠯᠠᠭ᠎ᠠ ᠶᠢᠨ ᠦᠢᠯᠡᠳᠦᠯ ᠢ ᠨᠡᠩ | ᠰᠠᠶᠢᠨ ᠪᠠᠳᠠᠷᠠᠭᠤᠯᠵᠤ᠂ ᠬᠠᠤᠯᠢᠵᠢᠯ ᠤᠨ ᠵᠠᠮ ᠢᠶᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ | ᠪᠠᠷ ᠪᠦᠲᠦᠭᠡᠨ ᠪᠠᠶᠢᠭᠤᠯᠬᠤ ᠬᠡᠷᠡᠭᠲᠡᠢ᠃ | ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠵᠠᠮᠨᠠᠬᠤ ᠶᠢ | ᠪᠠᠷᠢᠮᠲᠠᠯᠠᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ | ᠪᠠᠶᠢᠭᠤᠯᠵᠤ᠂ ᠨᠡᠶᠢᠭᠡᠮ ᠵᠢᠷᠤᠮ ᠤᠨ ᠬᠠᠤᠯᠢᠵᠢᠯ ᠤᠨ ᠤᠯᠤᠰ ᠢ ᠪᠦᠲᠦᠭᠡᠨ ᠪᠠᠶᠢᠭᠤᠯᠵᠤ᠂ ᠨᠡᠶᠢᠭᠡᠮ ᠤᠨ ᠲᠥᠪ | ᠭᠤᠣᠯᠴᠢ ᠰᠢᠳᠤᠷᠭᠤ ᠶᠣᠰᠣ ᠶᠢ ᠪᠠᠲᠤᠯᠠᠨ ᠠᠬᠢᠭᠤᠯᠬᠤ ᠲᠣᠭᠤᠷᠢᠨ ᠳᠤ ᠬᠠᠤᠯᠢ ᠪᠠᠷ ᠤᠯᠤᠰ ᠢᠶᠠᠨ ᠵᠠᠰᠠᠬᠤ᠂ | ᠬᠠᠤᠯᠢ ᠪᠠᠷ ᠲᠥᠷᠥ ᠪᠠᠷᠢᠬᠤ᠂ ᠬᠠᠤᠯᠢ ᠪᠠᠷ ᠵᠠᠰᠠᠭ ᠶᠠᠪᠤᠭᠤᠯᠬᠤ ᠶᠢ ᠬᠠᠮᠲᠤ ᠪᠠᠷ ᠠᠬᠢᠭᠤᠯᠬᠤ ᠶᠢ ᠪᠠᠷᠢᠮᠲᠠᠯᠠᠵᠤ᠂ | ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠢ ᠨᠢᠭᠡ | ᠴᠣᠭᠴᠠᠵᠢᠭᠤᠯᠤᠨ ᠪᠦᠲᠦᠭᠡᠨ ᠪᠠᠶᠢᠭᠤᠯᠬᠤ ᠶᠢ ᠪᠠᠷᠢᠮᠲᠠᠯᠠᠨ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ | ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠤᠯᠴᠢ ᠪᠠᠷ ᠬᠠᠤᠯᠢ ᠪᠠᠷᠢᠬᠤ᠂ ᠪᠦᠭᠦ ᠠᠷᠠᠳ ᠢᠶᠠᠷ ᠢᠶᠠᠨ ᠬᠠᠤᠯᠢ ᠶᠢ | ᠰᠠᠬᠢᠬᠤ ᠶᠢ ᠪᠦᠭᠦ ᠲᠠᠯ᠎ᠠ ᠪᠠᠷ ᠠᠬᠢᠭᠤᠯᠵᠤ᠂ ᠤᠯᠤᠰ ᠤᠨ ᠡᠯ᠎ᠡ ᠲᠠᠯ᠎ᠠ ᠶᠢᠨ ᠠᠵᠢᠯ ᠤᠨ ᠬᠠᠤᠯᠢ ᠪᠠᠷ ᠵᠠᠰᠠᠬᠤ ᠶᠢ | ᠪᠦᠭᠦ ᠲᠠᠯ᠎ᠠ ᠪᠠᠷ ᠠᠬᠢᠭᠤᠯᠤᠨ᠎ᠠ᠃ | ︵ᠨᠢᠭᠡ︶ ᠦᠨᠳᠦᠰᠦᠨ ᠬᠠᠤᠯᠢ ᠪᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ | ᠤᠨ ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠠᠤᠯᠢ ᠪᠠᠷ ᠤᠯᠤᠰ ᠢᠶᠠᠨ ᠵᠠᠰᠠᠬᠤ ᠶᠢ | ᠪᠠᠷᠢᠮᠲᠠᠯᠠᠬᠤ ᠳᠤ ᠡᠩ ᠲᠡᠷᠢᠭᠦᠨ ᠳᠤ ᠡᠷᠬᠡᠪᠰᠢ ᠦᠨᠳᠦᠰᠦᠨ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ | ᠬᠠᠤᠯᠢ ᠶᠣᠰᠣᠭᠠᠷ ᠲᠦᠷᠦ ᠪᠠᠷᠢᠬᠤ ᠶᠢ ᠪᠠᠷᠢᠮᠲᠠᠯᠠᠬᠤ ᠳᠤ ᠡᠩ ᠲᠡᠷᠢᠭᠦᠨ ᠳᠤ ᠦᠨᠳᠦᠰᠦᠨ ᠬᠠᠤᠯᠢ ᠪᠠᠷ ᠲᠦᠷᠦ | ᠪᠠᠷᠢᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠳᠤ ᠲᠣᠭᠲᠠᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ | ᠤᠨ ᠤᠳᠤᠷᠢᠳᠬᠤ ᠪᠠᠶᠢᠷᠢ ᠰᠠᠭᠤᠷᠢ ᠶᠢ ᠭᠤᠶᠢᠪᠢᠰᠢ ᠦᠭᠡᠢ ᠪᠠᠷᠢᠮᠲᠠᠯᠠᠨ᠂ ᠦᠨᠳᠦᠰᠦᠨ ᠬᠠᠤᠯᠢ ᠳᠤ | ᠲᠣᠭᠲᠠᠭᠠᠭᠰᠠᠨ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠤᠨ ᠲᠦᠷᠦ ᠶᠢᠨ ᠪᠦᠲᠦᠴᠡ ᠪᠣᠯᠣᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠵᠠᠰᠠᠭ ᠤᠨ ᠪᠦᠲᠦᠴᠡ ᠶᠢ ᠭᠤᠶᠢᠪᠢᠰᠢ | ᠦᠭᠡᠢ ᠪᠠᠷᠢᠮᠲᠠᠯᠠᠨ᠎ᠠ᠃ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠪᠠ ᠬᠢᠨᠠᠯᠲᠠ ᠶᠢ ᠴᠢᠩᠭᠠᠳᠬᠠᠵᠤ᠂ | ᠦᠨᠳᠦᠰᠦᠨ ᠬᠠᠤᠯᠢ ᠶᠢ ᠪᠦᠭᠦ ᠲᠠᠯ᠎ᠠ ᠪᠠᠷ ᠬᠡᠷᠡᠭᠵᠢᠭᠦᠯᠬᠦ ᠶᠢ ᠪᠠᠲᠤᠯᠠᠬᠤ ᠳᠦᠷᠢᠮ ᠤᠨ ᠰᠢᠰᠲ᠋ᠧᠮ ᠢ ᠪᠦᠷᠢᠨᠰᠢᠭᠦᠯᠦᠨ | ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠳᠤᠮᠳᠠᠬᠢ ᠦᠨᠳᠦᠰᠦᠨ ᠬᠠᠤᠯᠢ ᠶᠢᠨ ᠴᠢᠬᠤᠯᠠ ᠦᠢᠯᠡᠳᠦᠯ ᠢ ᠨᠡᠩ | ᠰᠠᠶᠢᠲᠤᠷ ᠪᠠᠳᠠᠷᠠᠭᠤᠯᠵᠤ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠨ᠎ᠠ᠃ ᠭᠤᠣᠯᠳᠠᠯᠭ᠎ᠠ ᠲᠠᠢ ᠬᠦᠷᠢᠶ᠎ᠡ᠂ | ᠰᠢᠨ᠎ᠡ ᠪᠠᠷ ᠬᠥᠭᠵᠢᠭᠰᠡᠨ ᠬᠦᠷᠢᠶ᠎ᠡ᠂ ᠭᠠᠳᠠᠭᠠᠳᠤ ᠳᠤ ᠬᠤᠯᠪᠣᠭᠳᠠᠬᠤ ᠬᠦᠷᠢᠶᠡᠨ ᠳᠠᠬᠢ ᠬᠠᠤᠯᠢ ᠲᠣᠭᠲᠠᠭᠠᠯᠲᠠ ᠶᠢ | ᠴᠢᠩᠭᠠᠳᠬᠠᠵᠤ᠂ ᠤᠯᠤᠰ ᠤᠨ ᠳᠣᠲᠣᠭᠠᠳᠤ ᠶᠢᠨ ᠬᠠᠤᠯᠢᠵᠢᠯ ᠪᠠ ᠭᠠᠳᠠᠭᠠᠳᠤ ᠳᠤ ᠬᠤᠯᠪᠣᠭᠳᠠᠬᠤ ᠬᠠᠤᠯᠢᠵᠢᠯ ᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠰᠠᠶᠢᠨ ᠬᠠᠤᠯᠢ ᠪᠠᠷ ᠬᠥᠭᠵᠢᠯᠲᠡ ᠶᠢ ᠠᠬᠢᠭᠤᠯᠵᠤ᠂ ᠴᠢᠳᠠᠮᠠᠭᠠᠢ ᠵᠠᠰᠠᠬᠤ | ᠶᠢ ᠪᠠᠲᠤᠯᠠᠨ᠎ᠠ᠃ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ | ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠠᠬᠢᠭᠤᠯᠵᠤ᠂ ᠥᠭᠡᠷᠡᠴᠢᠯᠡᠬᠦ ᠤᠰᠠᠳᠬᠠᠬᠤ ᠲᠠᠶᠢᠯᠪᠤᠷᠢᠯᠠᠬᠤ | ᠨᠠᠶᠢᠷᠠᠭᠤᠯᠬᠤ ᠶᠢ ᠨᠢᠭᠡᠳᠦᠯᠲᠡᠢ ᠲᠥᠯᠥᠪᠯᠡᠵᠦ᠂ ᠬᠠᠤᠯᠢ ᠲᠣᠭᠲᠠᠭᠠᠯᠲᠠ ᠶᠢᠨ ᠰᠢᠰᠲ᠋ᠧᠮᠲᠦ ᠴᠢᠨᠠᠷ᠂ ᠪᠦᠬᠦᠯᠢ | ᠴᠣᠭᠴᠠᠲᠤ ᠴᠢᠨᠠᠷ᠂ ᠬᠠᠮᠵᠢᠯᠴᠠᠬᠤ ᠴᠢᠨᠠᠷ᠂ ᠴᠠᠭᠴᠢ ᠴᠢᠨᠠᠷ ᠢ ᠴᠢᠩᠭᠠᠳᠬᠠᠨ᠎ᠠ᠃ ᠳᠠᠩᠰᠠᠯᠠᠵᠤ ᠬᠢᠨᠠᠨ ᠪᠠᠶᠢᠴᠠᠭᠠᠬᠤ | ᠳᠦᠷᠢᠮ ᠢ ᠲᠡᠭᠦᠯᠳᠡᠷᠵᠢᠭᠦᠯᠦᠨ ᠴᠢᠩᠭᠠᠳᠬᠠᠨ᠎ᠠ᠃ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ | ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠳᠡᠰ ᠳᠠᠷᠠᠭᠠᠯᠠᠯ ᠤᠨ | ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠬᠠᠤᠯᠢᠵᠢᠯ ᠤᠨ | ᠵᠠᠰᠠᠭ ᠤᠨ ᠣᠷᠳᠣᠨ ᠤ ᠪᠠᠶᠢᠭᠤᠯᠤᠯᠲᠠ ᠪᠣᠯ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ | ᠭᠤᠣᠯᠳᠠᠯᠭ᠎ᠠ ᠲᠠᠢ ᠡᠭᠦᠷᠭᠡ ᠪᠠ ᠭᠤᠣᠯ ᠴᠣᠭᠴᠠ ᠶᠢᠨ ᠢᠨᠵᠧᠨᠧᠷᠢᠩ ᠮᠥᠨ᠃ ᠵᠠᠰᠠᠭ ᠤᠨ ᠣᠷᠳᠣᠨ ᠤ ᠡᠭᠦᠷᠭᠡ | ᠴᠢᠳᠠᠪᠬᠢ ᠶᠢ ᠬᠤᠪᠢᠷᠠᠭᠤᠯᠤᠨ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠶᠢᠨ ᠰᠢᠰᠲ᠋ᠧᠮ ᠪᠣᠯᠣᠨ | ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠵᠦ᠂ ᠪᠠᠶᠢᠭᠤᠯᠤᠮᠵᠢ᠂ ᠡᠭᠦᠷᠭᠡ ᠴᠢᠳᠠᠪᠬᠢ᠂ ᠡᠷᠬᠡ | ᠶᠢᠨ ᠬᠢᠵᠠᠭᠠᠷ᠂ ᠳᠡᠰ ᠳᠠᠷᠠᠭᠠᠯᠠᠯ᠂ ᠬᠠᠷᠢᠭᠤᠴᠠᠯᠭ᠎ᠠ ᠶᠢᠨ ᠬᠠᠤᠯᠢᠵᠢᠯᠲᠠ ᠶᠢ ᠠᠬᠢᠭᠤᠯᠵᠤ᠂ ᠵᠠᠰᠠᠭ ᠵᠠᠬᠢᠷᠭᠠᠨ ᠤ | ᠦᠷ᠎ᠡ ᠪᠦᠲᠦᠮᠵᠢ ᠪᠠ ᠢᠲᠡᠭᠡᠭᠦᠯᠭᠦ ᠬᠦᠴᠦᠨ ᠢ ᠳᠡᠭᠡᠭᠰᠢᠯᠡᠭᠦᠯᠦᠨ᠎ᠡ᠃ ᠠᠵᠢᠯ ᠦᠢᠯᠡᠰ ᠤᠨ ᠨᠢᠭᠡᠴᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ | ᠬᠡᠷᠡᠭᠵᠢᠭᠦᠯᠬᠦ ᠶᠢ ᠪᠦᠭᠦ ᠲᠠᠯ᠎ᠠ ᠪᠠᠷ ᠠᠬᠢᠭᠤᠯᠵᠤ᠂ ᠤᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠳᠤ | ᠬᠤᠯᠪᠣᠭᠳᠠᠬᠤ ᠭᠤᠣᠯᠳᠠᠯᠭ᠎ᠠ ᠲᠠᠢ ᠬᠦᠷᠢᠶᠡᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠲᠠᠰᠤᠯᠤᠯᠲᠠ ᠶᠢᠨ | ᠦᠨᠳᠦᠰᠦᠨ ᠪᠠᠷᠢᠮᠵᠢᠶ᠎ᠠ ᠶᠢ ᠪᠦᠷᠢᠨᠰᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠲᠣᠭᠲᠠᠴᠠ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠪᠣᠯᠣᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠎ᠠ᠃ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ | ᠲᠣᠭᠲᠠᠴᠠ ᠶᠢ ᠲᠡᠭᠦᠯᠳᠡᠷᠵᠢᠭᠦᠯᠦᠨ᠎ᠡ᠃ | ︵ᠭᠤᠷᠪᠠ︶ ᠲᠥᠪ ᠭᠤᠣᠯᠴᠢ ᠪᠠᠷ ᠬᠠᠤᠯᠢ ᠪᠠᠷᠢᠬᠤ ᠶᠢ ᠴᠢᠩᠳᠠᠯᠠᠨ᠎ᠠ᠃ ᠲᠥᠪ ᠭᠤᠣᠯᠴᠢ ᠪᠠᠷ ᠬᠠᠤᠯᠢ ᠪᠠᠷᠢᠬᠤ | ᠪᠣᠯ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠡᠴᠦᠰ ᠤᠨ ᠰᠡᠷᠭᠡᠶᠢᠯᠡᠯᠲᠡ ᠶᠢᠨ ᠱᠤᠭᠤᠮ | ᠮᠥᠨ᠃ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠭᠦ ᠲᠠᠯ᠎ᠠ ᠪᠠᠷ ᠣᠨᠣᠪᠴᠢᠲᠠᠢ | ᠨᠠᠶᠢᠳᠠᠪᠤᠷᠢᠵᠢᠭᠤᠯᠵᠤ᠂ ᠲᠥᠪ ᠭᠤᠣᠯᠴᠢ ᠥᠨᠳᠥᠷ ᠪᠦᠲᠦᠮᠵᠢᠲᠡᠢ ᠡᠷᠬᠡ ᠰᠦᠷᠲᠦ ᠨᠡᠶᠢᠭᠡᠮ ᠵᠢᠷᠤᠮ ᠤᠨ ᠬᠠᠤᠯᠢ | ᠴᠠᠭᠠᠵᠠ ᠶᠢᠨ ᠳᠦᠷᠢᠮ ᠢ ᠲᠦᠷᠭᠡᠳᠬᠡᠨ ᠪᠠᠶᠢᠭᠤᠯᠵᠤ᠂ ᠬᠠᠤᠯᠢ ᠴᠠᠭᠠᠵᠠ ᠶᠢᠨ ᠬᠡᠷᠡᠭ ᠪᠣᠯᠭᠠᠨ ᠠᠴᠠ ᠠᠷᠠᠳ | ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠨ᠎ᠠ᠃ ᠬᠠᠤᠯᠢ ᠪᠠᠷᠢᠬᠤ ᠡᠷᠬᠡ ᠶᠢᠨ | ᠠᠵᠢᠯᠯᠠᠭᠠᠨ ᠢ ᠵᠢᠷᠤᠮᠵᠢᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠰᠢᠭᠦᠨ | ᠲᠠᠰᠤᠯᠬᠤ ᠪᠠᠶᠢᠭᠤᠯᠭ᠎ᠠ᠂ ᠬᠠᠤᠯᠢ ᠪᠠᠷᠢᠬᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠰ ᠲᠤᠰ ᠤᠨ ᠡᠭᠦᠷᠭᠡ | ᠲᠤᠰᠢᠶᠠᠯ ᠢᠶᠠᠨ ᠭᠦᠢᠴᠡᠳᠬᠡᠬᠦ᠂ ᠬᠠᠷᠢᠯᠴᠠᠨ ᠬᠠᠮᠵᠢᠯᠴᠠᠬᠤ᠂ ᠬᠠᠷᠢᠯᠴᠠᠨ ᠬᠢᠵᠠᠭᠠᠷᠯᠠᠬᠤ ᠪᠠᠶᠢᠭᠤᠯᠤᠮᠵᠢ ᠲᠣᠭᠲᠠᠴᠠ | ᠶᠢ ᠪᠦᠷᠢᠨᠰᠢᠭᠦᠯᠦᠨ᠎ᠡ᠃ ᠬᠠᠤᠯᠢ ᠪᠠᠷᠢᠬᠤ ᠠᠵᠢᠯᠯᠠᠭ᠎ᠠ ᠶᠢᠨ ᠬᠢᠵᠠᠭᠠᠷᠯᠠᠯ ᠬᠢᠨᠠᠯᠲᠠ ᠶᠢ ᠴᠢᠩᠭᠠᠳᠬᠠᠵᠤ᠂ ᠲᠥᠪ | ᠭᠤᠣᠯᠴᠢ ᠪᠠᠷ ᠬᠠᠤᠯᠢ ᠪᠠᠷᠢᠬᠤ ᠶᠢ ᠠᠬᠢᠭᠤᠯᠤᠨ᠎ᠠ᠃ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ | ᠬᠢᠨᠠᠯᠲᠠ ᠲᠠᠯᠪᠢᠬᠤ ᠠᠵᠢᠯ ᠢ ᠴᠢᠩᠭᠠᠳᠬᠠᠨ᠎ᠠ᠃ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠳᠦᠷᠢᠮ ᠢ | ᠲᠡᠭᠦᠯᠳᠡᠷᠵᠢᠭᠦᠯᠦᠨ᠎ᠡ᠃ | ︵ᠳᠥᠷᠪᠡ︶ ᠬᠠᠤᠯᠢᠵᠢᠯ ᠤᠨ ᠨᠡᠶᠢᠭᠡᠮ ᠢ ᠲᠦᠷᠭᠡᠳᠬᠡᠨ ᠪᠠᠶᠢᠭᠤᠯᠤᠨ᠎ᠠ᠃ ᠬᠠᠤᠯᠢᠵᠢᠯ ᠤᠨ ᠨᠡᠶᠢᠭᠡᠮ ᠪᠣᠯ | ᠬᠠᠤᠯᠢᠵᠢᠯ ᠤᠨ ᠤᠯᠤᠰ ᠢ ᠪᠦᠲᠦᠭᠡᠨ ᠪᠠᠶᠢᠭᠤᠯᠬᠤ ᠶᠢᠨ ᠰᠠᠭᠤᠷᠢ ᠮᠥᠨ᠃ ᠨᠡᠶᠢᠭᠡᠮ ᠵᠢᠷᠤᠮ ᠤᠨ ᠬᠠᠤᠯᠢᠵᠢᠯ ᠤᠨ | ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠬᠠᠤᠯᠢ ᠴᠠᠭᠠᠵᠠ ᠶᠢᠨ ᠰᠣᠶᠣᠯ ᠢ | ᠵᠠᠯᠭᠠᠮᠵᠢᠯᠠᠨ᠂ ᠪᠦᠭᠦ ᠠᠷᠠᠳ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮ ᠤᠨ ᠬᠠᠤᠯᠢᠵᠢᠯ | ᠤᠨ ᠦᠨᠡᠨᠴᠢ ᠰᠢᠳᠤᠷᠭᠤ ᠡᠷᠬᠢᠮᠯᠡᠨ ᠳᠡᠭᠡᠳᠦᠯᠡᠭᠴᠢ᠂ ᠤᠬᠠᠮᠰᠠᠷ ᠠᠴᠠ ᠪᠠᠨ ᠵᠢᠷᠤᠮᠯᠠᠨ ᠰᠠᠬᠢᠭᠴᠢ᠂ ᠡᠷᠡᠰ ᠪᠠᠲᠤ | ᠬᠠᠮᠠᠭᠠᠯᠠᠭᠴᠢ ᠪᠣᠯᠭᠠᠨ᠎ᠠ᠃ ᠬᠤᠳᠠ ᠬᠥᠳᠡᠭᠡ ᠶᠢ ᠬᠠᠮᠤᠷᠤᠭᠰᠠᠨ ᠤᠳᠤ ᠦᠶ᠎ᠡ ᠶᠢᠨ ᠤᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠭᠦᠨᠵᠡᠭᠡᠢ | ᠥᠷᠨᠢᠭᠦᠯᠵᠦ᠂ ᠪᠦᠭᠦ ᠠᠷᠠᠳ ᠤᠨ ᠬᠠᠤᠯᠢᠵᠢᠯ ᠤᠨ ᠦᠵᠡᠯᠲᠡ ᠶᠢ ᠴᠢᠩᠭᠠᠳᠬᠠᠨ᠎ᠠ᠃ ᠤᠯᠠᠨ ᠲᠡᠰ ᠳᠠᠪᠬᠤᠷᠭ᠎ᠠ | ᠤᠯᠠᠨ ᠬᠦᠷᠢᠶ᠎ᠡ ᠴᠠᠷᠠᠭᠠᠨ ᠤ ᠬᠠᠤᠯᠢ ᠪᠠᠷ ᠵᠠᠰᠠᠬᠤ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠬᠠᠤᠯᠢᠵᠢᠯᠲᠠ | ᠶᠢᠨ ᠲᠦᠪᠰᠢᠨ ᠢ ᠳᠡᠭᠡᠭᠰᠢᠯᠡᠭᠦᠯᠦᠨ᠎ᠡ᠃ ᠤᠳᠤᠷᠢᠳᠬᠤ ᠺᠠᠳ᠋ᠷᠴᠤᠳ ᠤᠨ ᠵᠢᠱᠢᠶ᠎ᠡ ᠦᠵᠡᠭᠦᠯᠵᠦ ᠬᠥᠲᠥᠯᠥᠨ | ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ | ᠰᠠᠬᠢᠬᠤ ᠬᠠᠤᠯᠢ ᠶᠢ ᠬᠡᠷᠡᠭᠯᠡᠬᠦ ᠶᠢ ᠪᠦᠭᠦ ᠨᠡᠶᠢᠭᠡᠮ ᠤᠨ ᠬᠡᠪ ᠵᠠᠩᠰᠢᠯ ᠪᠤᠯᠭᠠᠬᠤ ᠪᠠᠷ ᠴᠢᠷᠮᠠᠶᠢᠨ᠎ᠠ᠃ | ᠨᠠᠢᠮᠠ᠂ ᠰᠣᠶᠣᠯ ᠤᠨ ᠢᠲᠡᠭᠡᠯ ᠬᠦᠴᠦᠷᠬᠡᠭᠵᠢᠯ ᠢ ᠠᠬᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ ᠭᠡᠷᠡᠯ | ᠰᠠᠴᠤᠷᠠᠩᠭᠤᠢ ᠰᠢᠨ᠎ᠡ ᠠᠮᠵᠢᠯᠲᠠ ᠶᠢ ᠡᠭᠦᠳᠦᠨ᠎ᠡ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ᠂ ᠡᠷᠬᠡᠪᠰᠢ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠤᠨ ᠬᠥᠭᠵᠢᠯᠲᠡ ᠶᠢᠨ ᠵᠠᠮ ᠢ ᠪᠠᠷᠢᠮᠲᠠᠯᠠᠨ᠂ | ᠰᠣᠶᠣᠯ ᠤᠨ ᠢᠲᠡᠭᠡᠯ ᠢᠶᠠᠨ ᠴᠢᠩᠭᠠᠳᠬᠠᠵᠤ᠂ ᠲᠤᠭ ᠢᠶᠠᠨ ᠮᠠᠨᠳᠤᠭᠤᠯᠬᠤ᠂ ᠠᠷᠠᠳ ᠤᠨ ᠰᠡᠳᠬᠢᠯ ᠢ | ᠨᠢᠭᠲᠠᠷᠠᠭᠤᠯᠬᠤ᠂ ᠰᠢᠨ᠎ᠡ ᠬᠥᠮᠥᠨ ᠢ ᠬᠥᠮᠥᠵᠢᠭᠦᠯᠬᠦ᠂ ᠰᠣᠶᠣᠯ ᠢ ᠴᠡᠴᠡᠭᠯᠡᠭᠦᠯᠬᠦ᠂ ᠳᠦᠷᠢ ᠲᠥᠷᠬᠦ ᠪᠠᠨ ᠢᠯᠡᠷᠡᠭᠦᠯᠭᠦ | ᠲᠣᠭᠤᠷᠢᠨ ᠳᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ᠂ | ᠣᠳᠣᠬᠢᠴᠢᠯᠠᠯᠲᠠ ᠳᠤ ᠬᠠᠨᠳᠤᠭᠤᠯᠤᠭᠰᠠᠨ᠂ ᠳᠡᠯᠡᠬᠡᠢ ᠳ᠋ᠠᠬᠢᠨ ᠳᠤ ᠬᠠᠨᠳᠤᠭᠤᠯᠤᠭᠰᠠᠨ᠂ ᠢᠷᠡᠭᠡᠳᠦᠢ ᠳᠤ | ᠬᠠᠨᠳᠤᠭᠤᠯᠤᠭᠰᠠᠨ᠂ ᠦᠨᠳᠦᠰᠦᠲᠡᠨ ᠤ᠂ ᠰᠢᠨᠵᠢᠯᠡᠬᠦ ᠤᠬᠠᠭᠠᠨᠴᠢ᠂ ᠤᠯᠠᠨ ᠲᠦᠮᠡᠨᠴᠢ ᠨᠡᠶᠢᠭᠡᠮ ᠵᠢᠷᠤᠮ ᠤᠨ | ᠰᠣᠶᠣᠯ ᠢ ᠬᠥᠭᠵᠢᠭᠦᠯᠵᠦ᠂ ᠪᠦᠭᠦ ᠦᠨᠳᠦᠰᠦᠲᠡᠨ ᠤ ᠰᠣᠶᠣᠯ ᠤᠨ ᠰᠢᠨ᠎ᠡ ᠶᠢ ᠡᠭᠦᠳᠭᠦ ᠪᠠ ᠡᠭᠦᠳᠦᠨ ᠪᠦᠲᠦᠭᠡᠬᠦ | ᠠᠮᠢᠵᠢᠷᠠᠯ ᠤᠨ ᠬᠦᠴᠦᠨ ᠢ ᠬᠥᠭᠵᠢᠭᠡᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠤᠶᠤᠨ ᠰᠠᠨᠠᠭᠠᠨ ᠤ ᠬᠦᠴᠦᠨ ᠴᠢᠳᠠᠯ ᠢ ᠴᠢᠩᠭᠠᠷᠠᠭᠤᠯᠤᠨ᠎ᠠ᠃ | ᠪᠢᠳᠡ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠤ ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ | ᠰᠠᠭᠤᠷᠢ ᠶᠢᠨ ᠦᠨᠳᠦᠰᠦᠨ ᠪᠠᠶᠢᠭᠤᠯᠤᠯ ᠢ ᠪᠠᠷᠢᠮᠲᠠᠯᠠᠨ᠂ ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ ᠵᠢᠷᠤᠮ ᠳᠤ | ᠦᠢᠯᠡᠴᠢᠯᠡᠬᠦ ᠶᠢ ᠪᠠᠷᠢᠮᠲᠠᠯᠠᠵᠤ᠂ ᠴᠡᠴᠡᠭ ᠪᠦᠭᠦᠨ ᠢ ᠵᠡᠷᠭᠡ ᠪᠠᠷ ᠳᠡᠯᠭᠡᠷᠡᠭᠦᠯᠦᠨ᠂ ᠡᠷᠳᠡᠮᠲᠡᠨ ᠪᠦᠭᠦᠠ ᠢ ᠴᠢᠯᠦᠭᠡᠲᠡᠢ | ᠶᠠᠷᠢᠯᠴᠠᠭᠤᠯᠬᠤ ᠶᠢ ᠪᠠᠷᠢᠮᠲᠠᠯᠠᠵᠤ᠂ ᠪᠦᠲᠦᠭᠡᠯᠴᠢ ᠴᠢᠨᠠᠷᠲᠠᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠭᠦ ᠴᠢᠨᠠᠷᠲᠠᠢ | ᠪᠠᠷ ᠬᠥᠭᠵᠢᠭᠦᠯᠬᠦ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ | ᠤᠳᠤᠷᠢᠳᠤᠮᠵᠢ ᠪᠣᠯᠭᠠᠨ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠬᠤᠪᠢᠰᠬᠠᠯ ᠤᠨ ᠰᠣᠶᠣᠯ | ᠢ ᠪᠠᠳᠠᠷᠠᠭᠤᠯᠤᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠠᠷᠠᠳ | ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠵᠤ᠂ ᠪᠦᠭᠦ | ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠬᠠᠮᠲᠤ ᠶᠢᠨ | ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠪᠣᠯᠣᠨ | ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠤᠨ᠎ᠠ᠃ | ︵ᠨᠢᠭᠡ︶ ᠬᠦᠴᠦᠷᠬᠡᠭ ᠶᠡᠭᠡ ᠨᠢᠭᠲᠠᠷᠠᠭᠤᠯᠬᠤ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠪᠦᠬᠦᠢ ᠨᠡᠶᠢᠭᠡᠮ | ᠵᠢᠷᠤᠮ ᠤᠨ ᠦᠵᠡᠯ ᠤᠬᠠᠮᠰᠠᠷ ᠤᠨ ᠭᠡᠯᠪᠡᠷᠢ ᠶᠢ ᠪᠠᠶᠢᠭᠤᠯᠤᠨ᠎ᠠ᠃ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠪᠣᠯ | ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠵᠤ᠂ ᠦᠨᠳᠦᠰᠦᠲᠡᠨ ᠤ ᠰᠦᠭ ᠰᠦᠨᠡᠰᠦ ᠶᠢ ᠱᠤᠭᠤᠬᠤ ᠠᠵᠢᠯ | ᠮᠥᠨ᠃ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠳᠠᠬᠢ ᠨᠠᠮ ᠤᠨ ᠤᠳᠤᠷᠢᠳᠬᠤ ᠡᠷᠬᠡ ᠶᠢ ᠪᠠᠲᠤ ᠡᠵᠡᠮᠳᠡᠵᠦ᠂ | ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠤᠨ᠂ ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠭᠰᠢᠯᠠᠬᠤ ᠭᠤᠣᠯ ᠦᠵᠡᠯ ᠰᠠᠨᠠᠭ᠎ᠠ ᠶᠠᠷᠢᠶ᠎ᠠ | ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠤᠨ᠎ᠠ᠃ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠪᠦᠭᠦ ᠨᠠᠮ | ᠢ ᠵᠡᠪᠰᠡᠭᠯᠡᠬᠦ᠂ ᠠᠷᠠᠳ ᠲᠦᠮᠡᠨ ᠢ ᠬᠥᠮᠥᠵᠢᠭᠦᠯᠬᠦ᠂ ᠦᠢᠯᠡᠳᠦᠯᠭᠡ ᠶᠢ ᠵᠢᠯᠣᠭᠤᠳᠤᠭᠤᠯᠬᠤ ᠠᠵᠢᠯ ᠤᠨ ᠰᠢᠰᠲ᠋ᠧᠮ ᠢ | ᠪᠦᠷᠢᠨᠰᠢᠭᠦᠯᠦᠨ᠎ᠡ᠃ ᠮᠠᠷᠺᠰ ᠤᠨ ᠦᠵᠡᠯ ᠤᠨ ᠤᠨᠤᠯ ᠤᠨ ᠰᠤᠳᠤᠯᠭᠠᠨ ᠪᠠ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠭᠦᠨ ᠤᠬᠠᠭᠠᠨ ᠨᠡᠶᠢᠭᠡᠮ ᠤᠨ | ᠰᠢᠨᠵᠢᠯᠡᠬᠦ ᠤᠬᠠᠭᠠᠨ ᠤ ᠰᠢᠨᠵᠢᠯᠡᠭᠡᠨ ᠤ ᠰᠠᠯᠠᠭᠠᠨ ᠤ ᠰᠢᠰᠲ᠋ᠧᠮ᠂ ᠡᠷᠳᠡᠮ ᠰᠢᠨᠵᠢᠯᠡᠭᠡᠨ ᠤ ᠰᠢᠰᠲ᠋ᠧᠮ᠂ ᠦᠭᠡ | ᠶᠠᠷᠢᠶᠠᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠴᠢᠳᠠᠪᠤᠷᠢᠲᠠᠨ ᠤ ᠡᠩᠨᠡᠭᠡ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠪᠦᠷᠢᠨ ᠵᠠᠭᠤᠴᠢᠯᠠᠭᠤᠷ ᠤᠨ ᠳᠠᠮᠵᠢᠭᠤᠯᠭ᠎ᠠ | ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯ ᠶᠠᠷᠢᠶ᠎ᠠ ᠬᠡᠯᠡᠯᠴᠡᠭᠡᠨ ᠤ ᠰᠢᠨ᠎ᠡ ᠪᠠᠶᠢᠷᠢᠰᠢᠯ ᠢ ᠪᠤᠢ | ᠪᠣᠯᠭᠠᠨ᠎ᠠ᠃ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠦᠯᠵᠢᠶᠡᠨ ᠤ | ᠰᠠᠶᠢᠨ ᠰᠠᠶᠢᠬᠠᠨ ᠠᠮᠢ ᠠᠬᠤᠢ ᠶᠢ ᠪᠤᠢ ᠪᠤᠯᠭᠠᠬᠤ ᠶᠢ ᠠᠬᠢᠭᠤᠯᠤᠨ᠎ᠠ᠃ | ︵ᠬᠤᠶᠠᠷ︶ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠥᠷᠭᠡᠨ ᠳᠡᠯᠭᠡᠷ | ᠦᠢᠯᠡᠳᠦᠯᠭᠡᠵᠢᠭᠦᠯᠦᠨ᠎ᠡ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠣᠯ ᠬᠥᠮᠥᠰ ᠤᠨ | ᠰᠡᠳᠬᠢᠯ ᠪᠠ ᠠᠷᠠᠳ ᠤᠨ ᠬᠦᠴᠦᠨ ᠢ ᠨᠢᠭᠲᠠᠷᠠᠭᠤᠯᠬᠤ ᠬᠦᠴᠦᠷᠬᠡᠭ ᠶᠡᠭᠡ ᠬᠦᠴᠦᠨ ᠮᠥᠨ᠃ ᠨᠠᠮ ᠪᠠᠶᠢᠭᠤᠯᠤᠭᠰᠠᠨ | ᠠᠭᠤᠤ ᠶᠡᠭᠡ ᠵᠣᠷᠢᠭ ᠰᠠᠨᠠᠭ᠎ᠠ ᠪᠠᠷ ᠡᠬᠢ ᠰᠤᠷᠪᠤᠯᠵᠢ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤᠴᠤᠳ ᠤᠨ | ᠵᠣᠷᠢᠭ ᠰᠠᠨᠠᠭᠠᠨ ᠤ ᠴᠠᠳᠢᠭ ᠢ ᠪᠠᠳᠠᠷᠠᠭᠤᠯᠵᠤ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠬᠡᠷᠡᠭᠯᠡᠨ᠂ ᠨᠡᠶᠢᠭᠡᠮ | ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ | ᠤᠯᠤᠰ ᠢᠶᠠᠨ ᠬᠠᠶᠢᠷᠠᠯᠠᠬᠤ ᠦᠵᠡᠯ᠂ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠢ ᠭᠦᠨᠵᠡᠭᠡᠶᠢᠷᠡᠭᠦᠯᠦᠨ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠢ | ᠬᠦᠴᠦᠯᠡᠨ ᠬᠥᠮᠥᠵᠢᠭᠦᠯᠦᠨ᠎ᠡ᠃ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠪᠠᠶᠢᠩᠭᠤᠵᠢᠭᠤᠯᠤᠨ | ᠳᠦᠷᠢᠮᠵᠢᠭᠦᠯᠬᠦ ᠶᠢ ᠠᠬᠢᠭᠤᠯᠵᠤ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ | ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ ᠤᠬᠠᠭᠤᠯᠭ᠎ᠠ ᠬᠥᠮᠦᠵᠢᠯ ᠢ | ᠦᠷᠭᠦᠯᠵᠢᠯᠡᠨ ᠰᠠᠶᠢᠲᠤᠷ ᠠᠳᠬᠤᠵᠤ᠂ ᠠᠷᠠᠳ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠲᠡᠦᠬᠡ ᠪᠠᠨ | ᠮᠡᠳᠡᠵᠦ ᠨᠠᠮ ᠢᠶᠠᠨ ᠬᠠᠶᠢᠷᠠᠯᠠᠬᠤ᠂ ᠲᠡᠦᠬᠡ ᠪᠠᠨ ᠮᠡᠳᠡᠵᠦ ᠤᠯᠤᠰ ᠢᠶᠠᠨ ᠬᠠᠶᠢᠷᠠᠯᠠᠬᠤ ᠶᠢ ᠭᠦᠨᠵᠡᠭᠡᠶᠢᠷᠡᠭᠦᠯᠵᠦ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠢ ᠲᠠᠰᠤᠷᠠᠯᠲᠠ ᠦᠭᠡᠢ | ᠪᠠᠲᠤᠳᠬᠠᠨ᠎ᠠ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠰᠦᠭ ᠰᠦᠨᠡᠰᠦ ᠶᠢ ᠱᠤᠭᠤᠵᠤ | ᠬᠥᠮᠥᠨ ᠢ ᠬᠥᠮᠥᠵᠢᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠂ | ᠶᠡᠭᠡ ᠳᠡᠭᠡᠳᠦ ᠰᠤᠷᠭᠠᠭᠤᠯᠢ ᠪᠣᠯᠣᠨ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ | ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ᠃ ᠬᠠᠤᠯᠢ ᠪᠠᠷ ᠤᠯᠤᠰ ᠢ ᠵᠠᠰᠠᠬᠤ ᠪᠠ | ᠶᠣᠰᠣ ᠰᠤᠷᠲᠠᠬᠤᠨ ᠢᠶᠠᠷ ᠤᠯᠤᠰ ᠢ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ | ᠭᠤᠣᠯᠯᠠᠭᠴᠢ ᠦᠷᠳᠡᠭ ᠤᠨ ᠦᠵᠡᠯᠲᠡ ᠶᠢ ᠬᠠᠤᠯᠢᠵᠢᠯ ᠤᠨ ᠪᠠᠶᠢᠭᠤᠯᠤᠯᠲᠠ ᠳᠤ ᠠᠭᠤᠰᠬᠠᠨ᠂ ᠨᠡᠶᠢᠭᠡᠮ ᠤᠨ | ᠬᠥᠭᠵᠢᠯᠲᠡ ᠳᠤ ᠠᠭᠤᠰᠬᠠᠵᠤ᠂ ᠡᠳᠦᠷ ᠲᠤᠳᠤᠮ ᠤᠨ ᠠᠮᠢᠳᠤᠷᠠᠯ ᠳᠤ ᠠᠭᠤᠰᠬᠠᠨ᠎ᠠ᠃ | ︵ᠭᠤᠷᠪᠠ︶ ᠪᠦᠭᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠷᠠᠳ ᠢᠷᠭᠡᠨ ᠤ ᠶᠣᠰᠣ | ᠰᠤᠷᠲᠠᠬᠤᠨ ᠤ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠳᠤᠮᠳᠠᠳᠤ ᠶᠢᠨ ᠤᠯᠠᠮᠵᠢᠯᠠᠯᠲᠤ ᠰᠠᠶᠢᠬᠠᠨ | ᠶᠣᠰᠣ ᠰᠤᠷᠲᠠᠬᠤᠨ ᠢ ᠪᠠᠳᠠᠷᠠᠭᠤᠯᠤᠨ᠂ ᠭᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ | ᠶᠢ ᠴᠢᠩᠭᠠᠳᠬᠠᠵᠤ᠂ ᠨᠠᠰᠤᠨ ᠳᠤ ᠦᠯᠦ ᠭᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ | ᠶᠢ ᠴᠢᠩᠭᠠᠳᠬᠠᠨ ᠰᠠᠶᠢᠵᠢᠷᠠᠭᠤᠯᠵᠤ᠂ ᠶᠡᠭᠡ ᠶᠣᠰᠣ ᠶᠢ ᠮᠡᠳᠡᠭᠦ᠂ ᠨᠡᠶᠢᠲᠡ ᠶᠢᠨ ᠶᠣᠰᠣ ᠶᠢ ᠰᠠᠬᠢᠬᠤ᠂ ᠬᠤᠪᠢ ᠶᠢᠨ | ᠶᠣᠰᠣ ᠶᠢ ᠴᠢᠩᠳᠠᠯᠠᠬᠤ ᠶᠢ ᠠᠬᠢᠭᠤᠯᠵᠤ᠂ ᠠᠷᠠᠳ ᠲᠦᠮᠡᠨ ᠤ ᠶᠣᠰᠣ ᠰᠤᠷᠲᠠᠬᠤᠨ ᠤ ᠲᠦᠪᠰᠢᠨ ᠪᠣᠯᠣᠨ ᠪᠣᠯᠪᠠᠰᠤᠨ | ᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠪᠣᠯᠪᠠᠰᠤᠨ ᠢ ᠬᠥᠮᠥᠵᠢᠭᠦᠯᠬᠦ᠂ ᠪᠣᠯᠪᠠᠰᠤᠨ ᠢ ᠦᠢᠯᠡᠳᠦᠯᠭᠡᠵᠢᠭᠦᠯᠬᠦ᠂ | ᠪᠣᠯᠪᠠᠰᠤᠨ ᠢ ᠡᠭᠦᠳᠦᠨ ᠪᠠᠶᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠳᠠ ᠬᠥᠳᠡᠭᠡ ᠶᠢᠨ ᠤᠶᠤᠨ ᠤ | ᠪᠣᠯᠪᠠᠰᠤᠨ ᠤ ᠪᠠᠶᠢᠭᠤᠯᠤᠯᠲᠠ ᠶᠢᠨ ᠠᠭᠤᠰᠤᠯᠴᠠᠨ ᠭᠦᠭᠵᠢᠭᠦ ᠶᠢ ᠠᠬᠢᠭᠤᠯᠵᠤ᠂ ᠪᠦᠭᠦ ᠨᠡᠶᠢᠭᠡᠮ ᠳᠤ ᠭᠦᠳᠡᠯᠮᠦᠷᠢ | ᠶᠢᠨ ᠵᠣᠷᠢᠭ ᠰᠠᠨᠠᠭ᠎ᠠ᠂ ᠲᠡᠮᠡᠴᠡᠯ ᠤᠨ ᠵᠣᠷᠢᠭ ᠰᠠᠨᠠᠭ᠎ᠠ᠂ ᠭᠤᠶᠠᠴᠢ ᠦᠭᠡᠢ ᠵᠢᠳᠭᠦᠭᠦ ᠵᠣᠷᠢᠭ ᠰᠠᠨᠠᠭ᠎ᠠ᠂ ᠡᠭᠦᠳᠦᠨ | ᠪᠦᠲᠦᠭᠡᠬᠦ ᠵᠣᠷᠢᠭ ᠰᠠᠨᠠᠭ᠎ᠠ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ | ᠴᠠᠭ ᠦᠶ᠎ᠡ ᠶᠢᠨ ᠰᠢᠨ᠎ᠡ ᠬᠡᠪ ᠰᠤᠷᠲᠠᠯ ᠰᠢᠨ᠎ᠡ ᠳᠦᠷᠰᠦ ᠪᠠᠶᠢᠳᠠᠯ ᠢ ᠪᠤᠢ ᠪᠣᠯᠭᠠᠨ᠎ᠠ᠃ ᠤᠯᠤᠰ ᠤᠨ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠭᠦ ᠠᠷᠠᠳ ᠤᠨ ᠨᠣᠮ | ᠤᠩᠰᠢᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ᠃ ᠰᠠᠶᠢᠨ ᠳᠤᠷ᠎ᠠ ᠶᠢᠨ ᠦᠢᠯᠡᠴᠢᠯᠡᠭᠡᠨ ᠤ ᠳᠦᠷᠢᠮ ᠪᠣᠯᠣᠨ ᠠᠵᠢᠯ | ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ᠂ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ᠎ᠡ᠃ | ᠨᠠᠮ ᠪᠠ ᠤᠯᠤᠰ ᠤᠨ ᠭᠠᠪᠢᠶ᠎ᠠ ᠵᠢᠳᠬᠦᠯ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ ᠵᠣᠷᠢᠭ ᠰᠠᠨᠠᠭᠠᠨ ᠤ | ᠬᠥᠲᠥᠯᠥᠨ ᠳᠠᠭᠠᠭᠤᠯᠬᠤ᠂ ᠨᠡᠶᠢᠲᠡᠯᠢᠭ ᠵᠢᠱᠢᠶ᠎ᠡ ᠦᠵᠡᠭᠦᠯᠭᠦ ᠦᠢᠯᠡᠳᠦᠯ ᠢ ᠪᠠᠳᠠᠷᠠᠭᠤᠯᠵᠤ᠂ ᠪᠦᠭᠦ ᠨᠡᠶᠢᠭᠡᠮ ᠢᠶᠠᠷ | ᠢᠶᠠᠨ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ᠂ ᠪᠠᠭᠠᠲᠤᠷᠴᠤᠳ ᠢ ᠳᠡᠭᠡᠳᠦᠯᠡᠬᠦ᠂ ᠬᠤᠰᠢᠭᠤᠴᠢ ᠪᠤᠯᠬᠤ ᠪᠠᠷ | ᠴᠢᠷᠮᠠᠶᠢᠬᠤ ᠶᠢ ᠠᠬᠢᠭᠤᠯᠤᠨ᠎ᠠ᠃ | ︵ᠳᠥᠷᠪᠡ︶ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ | ᠠᠷᠠᠳ ᠲᠦᠮᠡᠨ ᠢᠶᠠᠷ ᠭᠤᠣᠯ ᠪᠤᠯᠭᠠᠬᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠨ᠂ ᠠᠷᠠᠳ ᠲᠦᠮᠡᠨ | ᠤ ᠤᠶᠤᠨ ᠰᠠᠨᠠᠭᠠᠨ ᠤ ᠬᠦᠴᠦᠨ ᠴᠢᠳᠠᠯ ᠢ ᠨᠡᠮᠡᠭᠳᠡᠭᠦᠯᠬᠦ ᠰᠢᠯᠢᠳᠡᠭ ᠪᠦᠲᠦᠭᠡᠯ ᠢ ᠨᠡᠩ ᠤᠯᠠᠨ ᠭᠠᠷᠭᠠᠵᠤ᠂ ᠮᠣᠷᠠᠯ | ᠡᠷᠳᠡᠮ ᠬᠤᠣᠰᠯᠠᠭᠰᠠᠨ ᠦᠯᠡᠮᠵᠢ ᠤᠯᠠᠨ ᠤᠳᠬ᠎ᠠ ᠵᠣᠬᠢᠶᠠᠯᠴᠢ ᠤᠷᠠᠯᠢᠭᠴᠢᠳ ᠪᠣᠯᠣᠨ ᠬᠡᠪᠴᠢᠶ᠎ᠡ ᠪᠠᠷ ᠠᠤᠭ᠎ᠠ ᠶᠡᠭᠡ | ᠰᠣᠶᠣᠯ ᠤᠷᠠᠯᠢᠭ ᠤᠨ ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠦᠨ ᠪᠣᠶᠢᠵᠢᠭᠤᠯᠤᠨ᠎ᠠ᠃ ᠨᠡᠶᠢᠭᠡᠮ ᠤᠨ ᠦᠷ᠎ᠡ | ᠠᠰᠢᠭ ᠢ ᠲᠡᠷᠢᠭᠦᠨ ᠪᠠᠶᠢᠷᠢᠨ ᠳᠤ ᠲᠠᠯᠪᠢᠬᠤ᠂ ᠨᠡᠶᠢᠭᠡᠮ ᠤᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ | ᠠᠰᠢᠭ ᠢ ᠨᠢᠭᠡᠳᠬᠡᠬᠦ ᠶᠢ ᠪᠠᠷᠢᠮᠲᠠᠯᠠᠵᠤ᠂ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠂ ᠰᠣᠶᠣᠯ ᠤᠨ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠤᠯᠤᠰ ᠤᠨ ᠰᠣᠶᠣᠯ ᠤᠨ | ᠲᠤᠭᠠᠴᠢᠯᠠᠭᠤᠯᠤᠯᠳᠠ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠤᠳᠤ ᠦᠶ᠎ᠡ ᠶᠢᠨ ᠤᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠢ ᠰᠢᠨ᠎ᠡ ᠶᠢ ᠡᠭᠦᠳᠦᠨ ᠬᠡᠷᠡᠭᠵᠢᠭᠦᠯᠦᠨ᠎ᠡ᠃ ᠤᠳᠤ ᠦᠶ᠎ᠡ ᠶᠢᠨ ᠰᠣᠶᠣᠯ ᠤᠨ ᠠᠵᠤ ᠦᠢᠯᠡᠰ ᠤᠨ | ᠰᠢᠰᠲ᠋ᠧᠮ ᠪᠣᠯᠣᠨ ᠵᠠᠬ᠎ᠠ ᠳᠡᠯᠭᠡᠭᠦᠷ ᠤᠨ ᠰᠢᠰᠲ᠋ᠧᠮ ᠢ ᠪᠦᠷᠢᠨᠰᠢᠭᠦᠯᠵᠦ᠂ ᠴᠢᠬᠤᠯᠠ ᠶᠡᠭᠡ ᠰᠣᠶᠣᠯ ᠤᠨ ᠠᠵᠤ | ᠦᠢᠯᠡᠰ ᠤᠨ ᠲᠦᠷᠦᠯ ᠵᠦᠢᠯ ᠢᠶᠠᠷ ᠳᠠᠶᠢᠴᠢᠯᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ᠃ ᠲᠡᠦᠬᠡ ᠶᠢᠨ | ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠳᠤᠮᠳᠠ ᠲᠡᠦᠬᠡ ᠰᠣᠶᠣᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ | ᠴᠢᠩᠭᠠᠳᠬᠠᠵᠤ᠂ ᠤᠯᠤᠰ ᠤᠨ ᠰᠣᠶᠣᠯ ᠤᠨ ᠴᠡᠴᠡᠷᠯᠢᠭ ᠢ ᠰᠠᠶᠢᠲᠤᠷ ᠪᠠᠶᠢᠭᠤᠯᠵᠤ ᠰᠠᠶᠢᠲᠤᠷ ᠬᠡᠷᠡᠭᠯᠡᠨ᠎ᠡ᠃ ᠰᠣᠶᠣᠯ | ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠭᠦ ᠶᠢ ᠪᠠᠷᠢᠮᠲᠠᠯᠠᠵᠤ᠂ ᠰᠣᠶᠣᠯ ᠪᠠ | ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠭᠦᠭᠵᠢᠭᠦ ᠶᠢ ᠠᠬᠢᠭᠤᠯᠤᠨ᠎ᠠ᠃ ᠪᠦᠭᠦ ᠠᠷᠠᠳ ᠤᠨ ᠪᠡᠶ᠎ᠡ ᠮᠠᠬᠠᠪᠤᠳ | ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ | ᠶᠢᠨ ᠲᠠᠮᠢᠷ ᠤᠨ ᠠᠵᠢᠯ ᠢ ᠴᠢᠩᠭᠠᠳᠬᠠᠨ᠂ ᠤᠯᠠᠨ ᠲᠦᠮᠡᠨ ᠤ ᠪᠡᠶ᠎ᠡ ᠶᠢᠨ ᠲᠠᠮᠢᠷ ᠪᠣᠯᠣᠨ ᠥᠷᠢᠰᠦᠯᠳᠦᠭᠡᠨ ᠤ ᠪᠡᠶ᠎ᠡ | ᠶᠢᠨ ᠲᠠᠮᠢᠷ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ | ᠲᠦᠷᠭᠡᠳᠬᠡᠨ ᠪᠦᠲᠦᠭᠡᠨ ᠪᠠᠶᠢᠭᠤᠯᠤᠨ᠎ᠠ᠃ | ︵ᠲᠠᠪᠤ︶ ᠳᠤᠮᠳᠠᠳᠤ ᠶᠢᠨ ᠪᠣᠯᠪᠠᠰᠤᠨ ᠤ ᠳᠠᠮᠵᠢᠭᠤᠯᠭ᠎ᠠ ᠶᠢᠨ ᠬᠦᠴᠦᠨ ᠪᠠ ᠨᠥᠯᠥᠭᠡᠯᠡᠬᠦ ᠬᠦᠴᠦᠨ ᠢ | ᠴᠢᠩᠭᠠᠷᠠᠭᠤᠯᠤᠨ᠎ᠠ᠃ ᠳᠤᠮᠳᠠᠳᠤ ᠶᠢᠨ ᠰᠣᠶᠣᠯ ᠤᠨ ᠵᠣᠭᠰᠣᠯᠲᠠ ᠶᠢ ᠪᠠᠲᠤ ᠰᠠᠬᠢᠵᠤ᠂ ᠳᠤᠮᠳᠠᠳᠤ ᠶᠢᠨ ᠪᠣᠯᠪᠠᠰᠤᠨ | ᠤ ᠤᠶᠤᠨ ᠰᠠᠨᠠᠭᠠᠨ ᠤ ᠪᠡᠯᠭᠡ ᠲᠡᠮᠳᠡᠭ ᠪᠣᠯᠣᠨ ᠰᠣᠶᠣᠯ ᠤᠨ ᠤᠭᠢ ᠰᠣᠳᠣ ᠶᠢ ᠪᠣᠯᠪᠠᠰᠤᠷᠠᠭᠤᠯᠤᠨ ᠳᠡᠯᠭᠡᠨ | ᠦᠵᠡᠭᠦᠯᠵᠦ᠂ ᠳᠤᠮᠳᠠᠳᠤ ᠤᠯᠤᠰ ᠤᠨ ᠦᠭᠡ ᠭᠡᠯᠡᠭᠦ ᠪᠠ ᠦᠭᠦᠯᠡᠭᠦ ᠰᠢᠰᠲ᠋ᠧᠮ ᠢ ᠲᠦᠷᠭᠡᠳᠬᠡᠨ ᠪᠠᠶᠢᠭᠤᠯᠵᠤ᠂ | ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠲᠠᠭᠤᠨ ᠢ ᠰᠠᠶᠢᠲᠤᠷ | ᠳᠠᠮᠵᠢᠭᠤᠯᠤᠨ᠂ ᠢᠲᠡᠭᠡᠭᠦᠰᠢᠲᠡᠢ᠂ ᠬᠠᠶᠢᠷᠠᠯᠠᠭᠤᠰᠢᠲᠠᠢ᠂ ᠬᠦᠨᠳᠦᠳᠬᠡᠭᠦᠰᠢᠲᠡᠢ ᠳᠤᠮᠳᠠᠳᠤ ᠤᠯᠤᠰ ᠤᠨ ᠳᠦᠷᠢ | ᠲᠥᠷᠬᠦ ᠶᠢ ᠬᠠᠷᠠᠭᠤᠯᠤᠨ᠎ᠠ᠃ ᠤᠯᠠᠨ ᠤᠯᠤᠰ ᠤᠨ ᠳᠠᠮᠵᠢᠭᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠂ ᠤᠯᠠᠨ ᠤᠯᠤᠰ ᠤᠨ ᠳᠠᠮᠵᠢᠭᠤᠯᠭ᠎ᠠ ᠶᠢᠨ ᠦᠢᠯᠡᠳᠦᠯ ᠴᠢᠳᠠᠪᠤᠷᠢ ᠶᠢ ᠪᠦᠭᠦ ᠲᠠᠯ᠎ᠠ ᠪᠠᠷ | ᠳᠡᠭᠡᠭᠰᠢᠯᠡᠭᠦᠯᠵᠦ᠂ ᠮᠠᠨ ᠤ ᠤᠯᠤᠰ ᠤᠨ ᠤᠯᠤᠰ ᠤᠨ ᠶᠡᠷᠦᠩᠬᠡᠢ ᠬᠦᠴᠦᠨ ᠪᠣᠯᠣᠨ ᠳᠡᠯᠡᠬᠡᠢ ᠶᠢᠨ ᠪᠠᠶᠢᠷᠢ ᠰᠠᠭᠤᠷᠢ | ᠯᠤᠭ᠎ᠠ ᠵᠣᠬᠢᠴᠠᠭᠰᠠᠨ ᠳᠡᠯᠡᠬᠡᠢ ᠳᠡᠭᠡᠷᠡᠬᠢ ᠦᠭᠡ ᠭᠡᠯᠡᠭᠦ ᠡᠷᠬᠡ ᠶᠢ ᠪᠤᠢ ᠪᠣᠯᠭᠠᠨ᠎ᠠ᠃ ᠪᠣᠯᠪᠠᠰᠤᠨ ᠤ ᠰᠣᠯᠢᠯᠴᠠᠭ᠎ᠠ | ᠲᠣᠯᠢᠳᠠᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠰᠣᠶᠣᠯ ᠤᠨ ᠨᠡᠩ ᠰᠠᠶᠢᠨ ᠢᠶᠠᠷ ᠳᠡᠯᠡᠬᠡᠢ ᠳ᠋ᠠᠬᠢᠨ ᠳᠤ ᠬᠠᠨᠳᠤᠬᠤ | ᠶᠢ ᠠᠬᠢᠭᠤᠯᠤᠨ᠎ᠠ᠃ | ᠶᠢᠰᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠶᠠᠰᠤ ᠴᠢᠨᠠᠷ ᠢ | ᠳᠡᠭᠡᠭᠰᠢᠯᠡᠭᠦᠯᠦᠨ᠎ᠡ | ᠲᠥᠷᠥ ᠭᠦᠷᠦᠨ ᠪᠣᠯ ᠠᠷᠠᠳ ᠲᠦᠮᠡᠨ ᠮᠥᠨ᠂ ᠠᠷᠠᠳ ᠲᠦᠮᠡᠨ ᠪᠣᠯ ᠲᠥᠷᠥ ᠭᠦᠷᠦᠨ ᠮᠥᠨ᠃ ᠳᠤᠮᠳᠠᠳᠤ ᠤᠯᠤᠰ | ᠤᠨ ᠡᠪ ᠬᠠᠮᠲᠤ ᠨᠠᠮ ᠠᠷᠠᠳ ᠲᠦᠮᠡᠨ ᠢ ᠤᠳᠤᠷᠢᠳᠤᠨ ᠲᠦᠷᠦ ᠭᠦᠷᠤᠨ ᠢ ᠪᠠᠶᠢᠭᠤᠯᠵᠤ ᠲᠦᠷᠦ ᠭᠦᠷᠤᠨ ᠢᠶᠠᠨ | ᠰᠠᠬᠢᠬᠤ ᠳᠤ᠂ ᠰᠠᠬᠢᠵᠤ ᠪᠠᠶᠢᠭ᠎ᠠ ᠨᠢ ᠠᠷᠠᠳ ᠲᠦᠮᠡᠨ ᠤ ᠰᠡᠳᠬᠢᠯ ᠶᠤᠮ᠃ ᠲᠦᠷᠤ ᠶᠢ ᠵᠠᠰᠠᠬᠤ ᠳᠤᠷ ᠲᠣᠭᠲᠠᠭᠰᠠᠨ | ᠪᠣᠳᠣᠯᠭ᠎ᠠ ᠠᠮᠣᠢ᠂ ᠠᠷᠠᠳ ᠲᠤ ᠠᠰᠢᠭ ᠬᠦᠷᠲᠡᠭᠡᠬᠦ ᠠᠨᠤ ᠦᠨᠳᠦᠰᠦ ᠪᠤᠯᠠᠢ᠃ ᠠᠷᠠᠳ ᠲᠦᠮᠡᠨ ᠳᠤ ᠪᠤᠶᠠᠨ | ᠦᠢᠯᠡᠳᠭᠦ ᠪᠣᠯ ᠨᠡᠶᠢᠲᠡ ᠶᠢᠨ ᠲᠥᠯᠥᠭᠡ ᠨᠠᠮ ᠪᠠᠶᠢᠭᠤᠯᠵᠤ᠂ ᠠᠷᠠᠳ ᠤᠨ ᠲᠥᠯᠥᠭᠡ ᠲᠦᠷᠦ ᠪᠠᠷᠢᠬᠤ ᠶᠢᠨ ᠮᠥᠨ | ᠴᠢᠨᠠᠷ ᠤᠨ ᠱᠠᠭᠠᠷᠳᠠᠯᠭ᠎ᠠ ᠮᠥᠨ᠃ ᠡᠷᠬᠡᠪᠰᠢ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠬᠤ ᠪᠠ | ᠰᠠᠶᠢᠵᠢᠷᠠᠭᠤᠯᠬᠤ ᠶᠢ ᠪᠠᠷᠢᠮᠲᠠᠯᠠᠵᠤ᠂ ᠬᠠᠮᠲᠤ ᠪᠠᠷ ᠲᠡᠮᠡᠴᠡᠨ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ ᠶᠢ | ᠵᠣᠷᠢᠭᠵᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ | ᠪᠡᠶᠡᠯᠡᠭᠦᠯᠦᠨ᠎ᠡ᠃ | ᠪᠢᠳᠡ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ | ᠰᠠᠶᠢᠲᠤᠷ ᠬᠠᠮᠠᠭᠠᠯᠠᠨ᠂ ᠰᠠᠶᠢᠲᠤᠷ ᠬᠥᠭᠵᠢᠭᠦᠯᠵᠦ᠂ ᠠᠷᠠᠳ ᠲᠦᠮᠡᠨ ᠤ ᠬᠠᠮᠤᠭ ᠠᠴᠠ ᠢᠯᠡᠭᠦᠦ ᠰᠡᠳᠬᠢᠯ ᠲᠠᠯᠪᠢᠵᠤ | ᠪᠠᠶᠢᠭ᠎ᠠ᠂ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠴᠢᠩᠭ᠎ᠠ ᠠᠳᠬᠤᠨ᠂ | ᠪᠦᠭᠦ ᠬᠦᠴᠦ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠤᠯᠠᠨ ᠲᠦᠮᠡᠨ ᠤ | ᠳᠤᠮᠳᠠ ᠭᠦᠨᠵᠡᠭᠡᠶᠢᠷᠡᠨ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠨᠡᠩ ᠤᠯᠨᠨ ᠠᠷᠭ᠎ᠠ ᠬᠡᠮᠵᠢᠶ᠎ᠡ ᠠᠪᠴᠤ᠂ ᠠᠷᠠᠳ ᠤᠯᠠᠨ | ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ | ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠂ ᠤᠯᠠᠨ ᠨᠡᠶᠢᠲᠡ ᠶᠢᠨ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠲᠡᠩᠴᠡᠭᠦᠷᠢᠲᠦ ᠴᠢᠨᠠᠷ ᠪᠠ ᠭᠦᠷᠳᠡᠭᠦᠶᠢᠴᠡ ᠴᠢᠨᠠᠷ ᠢ | ᠴᠢᠩᠭᠠᠳᠬᠠᠵᠤ᠂ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ | ︵ᠨᠢᠭᠡ︶ ᠬᠤᠪᠢᠶᠠᠷᠢᠯᠠᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠬᠤᠪᠢᠶᠠᠷᠢᠯᠠᠯᠲᠠ ᠶᠢᠨ ᠳᠦᠷᠢᠮ ᠪᠣᠯ ᠬᠠᠮᠲᠤ | ᠪᠠᠷ ᠴᠢᠨᠡᠭᠡᠯᠢᠭᠵᠢᠬᠦ ᠶᠢ ᠠᠬᠢᠭᠤᠯᠬᠤ ᠰᠠᠭᠤᠷᠢ ᠴᠢᠨᠠᠷᠲᠠᠢ ᠳᠦᠷᠢᠮ ᠮᠥᠨ᠃ ᠬᠥᠳᠡᠯᠮᠦᠷᠢᠯᠡᠭᠰᠡᠨ ᠤ ᠬᠢᠨᠢ ᠬᠢᠷᠢ ᠪᠠᠷ | ᠬᠤᠪᠢᠶᠠᠷᠢᠯᠠᠬᠤ ᠪᠠᠷ ᠭᠤᠣᠯ ᠴᠣᠭᠴᠠ ᠪᠣᠯᠭᠠᠨ ᠤᠯᠠᠨ ᠲᠦᠷᠤᠯ ᠤᠨ ᠬᠤᠪᠢᠶᠠᠷᠢᠯᠠᠯᠲᠠ ᠶᠢᠨ ᠠᠷᠭ᠎ᠠ ᠭᠡᠯᠪᠡᠷᠢ ᠶᠢ | ᠵᠡᠷᠭᠡ ᠪᠠᠷ ᠬᠡᠷᠡᠭᠯᠡᠬᠦ ᠶᠢ ᠪᠠᠷᠢᠮᠲᠠᠯᠠᠵᠤ᠂ ᠠᠩᠬᠠᠨ ᠤ ᠬᠤᠪᠢᠶᠠᠷᠢᠯᠠᠯᠲᠠ᠂ ᠲᠠᠭᠢᠨ ᠬᠤᠪᠢᠶᠠᠷᠢᠯᠠᠯᠲᠠ᠂ ᠭᠤᠷᠪᠠᠳᠠᠭᠢ | ᠬᠤᠪᠢᠶᠠᠷᠢᠯᠠᠯᠲᠠ ᠶᠢ ᠵᠣᠬᠢᠴᠠᠭᠤᠯᠤᠨ ᠢᠵᠢ ᠪᠦᠷᠢᠳᠦᠭᠦᠯᠬᠦ ᠳᠦᠷᠢᠮ ᠤᠨ ᠰᠢᠰᠲ᠋ᠧᠮ ᠢ ᠪᠠᠶᠢᠭᠤᠯᠤᠨ᠎ᠠ᠃ ᠤᠯᠤᠰ | ᠠᠷᠠᠳ ᠤᠨ ᠣᠷᠣᠯᠭ᠎ᠠ ᠶᠢᠨ ᠬᠤᠪᠢᠶᠠᠷᠢᠯᠠᠯᠲᠠ ᠳᠤ ᠡᠵᠡᠯᠡᠭᠦ ᠰᠠᠭᠤᠭᠠᠯᠢ ᠠᠷᠠᠳ ᠤᠨ ᠣᠷᠣᠯᠭ᠎ᠠ ᠶᠢᠨ ᠬᠤᠪᠢ ᠶᠢᠨ | ᠵᠢᠩ ᠢ ᠴᠢᠷᠮᠠᠶᠢᠨ ᠳᠡᠭᠡᠭᠰᠢᠯᠡᠭᠦᠯᠵᠦ᠂ ᠠᠩᠬᠠᠨ ᠤ ᠬᠤᠪᠢᠶᠠᠷᠢᠯᠠᠯᠲᠠ ᠳᠤ ᠡᠵᠡᠯᠡᠭᠦ ᠭᠦᠳᠡᠯᠮᠦᠷᠢ ᠶᠢᠨ ᠬᠥᠯᠥᠰᠦ | ᠣᠯᠭᠤᠮᠵᠢ ᠶᠢᠨ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ ᠢᠯᠡᠭᠦᠦ ᠬᠥᠳᠡᠯᠮᠦᠷᠢᠯᠡᠪᠡᠯ ᠢᠯᠡᠭᠦᠦ ᠣᠯᠭᠤᠬᠤ ᠶᠢ | ᠪᠠᠷᠢᠮᠲᠠᠯᠠᠨ᠂ ᠠᠵᠢᠯᠴᠢ ᠭᠦᠳᠡᠯᠮᠦᠷᠢᠴᠢ ᠪᠠᠷ ᠪᠠᠶᠠᠵᠢᠬᠤ ᠶᠢ ᠵᠣᠷᠢᠭᠵᠢᠭᠤᠯᠵᠤ᠂ ᠲᠣᠭᠢᠶᠠᠯ ᠢ ᠲᠥᠪ ᠭᠤᠣᠯᠴᠢ | ᠪᠠᠶᠢᠯᠭᠠᠬᠤ ᠶᠢ ᠠᠬᠢᠭᠤᠯᠤᠨ᠂ ᠣᠷᠣᠯᠭ᠎ᠠ ᠪᠠᠭᠠᠲᠠᠢ ᠬᠥᠮᠥᠰ ᠤᠨ ᠣᠷᠣᠯᠭ᠎ᠠ ᠶᠢ ᠨᠡᠮᠡᠭᠳᠡᠭᠦᠯᠵᠦ᠂ ᠳᠤᠮᠳᠠ ᠵᠡᠷᠭᠡ | ᠶᠢᠨ ᠣᠷᠣᠯᠭ᠎ᠠ ᠲᠠᠢ ᠬᠥᠮᠥᠰ ᠤᠨ ᠲᠤᠭ᠎ᠠ ᠶᠢ ᠨᠡᠮᠡᠭᠳᠡᠭᠦᠯᠦᠨ᠎ᠡ᠃ ᠬᠦᠴᠦᠨ ᠵᠦᠢᠯ ᠢᠶᠠᠷ ᠬᠤᠪᠢᠶᠠᠷᠢᠯᠠᠬᠤ ᠲᠥᠷᠥ | ᠶᠢᠨ ᠪᠣᠳᠣᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠳᠤᠮᠳᠠ ᠳᠣᠣᠷ᠎ᠠ ᠣᠷᠣᠯᠭ᠎ᠠ ᠲᠠᠢ ᠣᠯᠠᠨ ᠲᠦᠮᠡᠨ ᠤ | ᠬᠦᠴᠦᠨ ᠵᠦᠢᠯ ᠤᠨ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠬᠦ ᠶᠢ ᠬᠠᠶᠢᠨ ᠰᠦᠪᠡᠭᠴᠢᠯᠡᠵᠦ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢ ᠣᠯᠠᠨ ᠠᠷᠭ᠎ᠠ ᠵᠠᠮ ᠢᠶᠠᠷ | ᠨᠡᠮᠡᠭᠳᠡᠭᠦᠯᠦᠨ᠎ᠡ᠃ ᠭᠠᠶᠢᠯᠢ ᠲᠠᠲᠠᠪᠤᠷᠢ᠂ ᠨᠡᠶᠢᠭᠡᠮ ᠤᠨ ᠪᠠᠲᠤᠯᠠᠭ᠎ᠠ᠂ ᠰᠢᠯᠵᠢᠭᠦᠯᠦᠨ ᠥᠭᠭᠦ ᠵᠡᠷᠭᠡ ᠶᠢ | ᠲᠣᠬᠢᠷᠠᠭᠤᠯᠬᠤ ᠡᠷᠴᠢᠮ ᠢ ᠴᠢᠩᠭᠠᠷᠠᠭᠤᠯᠤᠨ᠎ᠠ᠃ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ | ᠳᠦᠷᠢᠮ ᠢ ᠲᠡᠭᠦᠯᠳᠡᠷᠵᠢᠭᠦᠯᠵᠦ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠡᠮᠬᠢ ᠵᠢᠷᠤᠮ ᠢ ᠵᠢᠷᠤᠮᠵᠢᠭᠤᠯᠤᠨ᠂ ᠡᠳ᠋ | ᠪᠠᠶᠠᠯᠢᠭ ᠬᠤᠷᠠᠮᠳᠤᠭᠤᠯᠬᠤ ᠲᠣᠭᠲᠠᠴᠠ ᠶᠢ ᠵᠢᠷᠤᠮᠵᠢᠭᠤᠯᠵᠤ᠂ ᠬᠠᠤᠯᠢ ᠶᠣᠰᠣᠨ ᠤ ᠣᠷᠣᠯᠭ᠎ᠠ ᠶᠢ ᠬᠠᠮᠠᠭᠠᠯᠠᠨ᠂ | ᠭᠡᠳᠦ ᠥᠨᠳᠥᠷ ᠣᠷᠣᠯᠭ᠎ᠠ ᠳᠤ ᠲᠣᠬᠢᠷᠠᠭᠤᠯᠤᠯᠲᠠ ᠬᠢᠵᠦ᠂ ᠬᠠᠤᠯᠢ ᠪᠤᠰᠤ ᠣᠷᠣᠯᠭ᠎ᠠ ᠶᠢ ᠴᠠᠭᠠᠵᠠᠯᠠᠨ᠎ᠠ᠃ ᠬᠦᠰᠡᠯ | ᠡᠷᠡᠮᠡᠯᠵᠡᠯ ᠲᠠᠢ ᠪᠥᠭᠡᠳ ᠴᠢᠳᠠᠪᠤᠷᠢ ᠲᠠᠢ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠤᠪᠢ | ᠬᠥᠮᠥᠨ ᠤ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠲᠤ ᠢᠳᠡᠪᠬᠢᠲᠡᠢ ᠣᠷᠤᠯᠴᠠᠬᠤ ᠶᠢ ᠬᠥᠲᠥᠯᠥᠨ | ᠵᠢᠯᠤᠭᠤᠳᠴᠤ ᠳᠡᠮᠵᠢᠨ᠎ᠡ᠃ | ︵ᠬᠤᠶᠠᠷ︶ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ᠃ | ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ᠃ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠴᠢᠩᠭᠠᠳᠬᠠᠨ᠂ ᠠᠵᠢᠯ ᠣᠯᠭᠤᠯᠲᠠ ᠶᠢ ᠠᠬᠢᠭᠤᠯᠬᠤ | ᠲᠣᠭᠲᠠᠴᠠ ᠶᠢ ᠪᠦᠷᠢᠨᠰᠢᠭᠦᠯᠵᠦ᠂ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠶᠢ ᠠᠬᠢᠭᠤᠯᠤᠨ᠎ᠠ᠃ | ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠭᠤᠣᠯᠳᠠᠯᠭ᠎ᠠ ᠲᠠᠢ | ᠬᠥᠮᠥᠰ ᠤᠨ ᠠᠵᠢᠯ ᠣᠯᠭᠤᠯᠲᠠ ᠶᠢ ᠳᠡᠮᠵᠢᠭᠦ ᠰᠢᠰᠲ᠋ᠧᠮ ᠢ ᠲᠡᠭᠦᠯᠳᠡᠷᠵᠢᠭᠦᠯᠦᠨ᠂ ᠬᠦᠴᠢᠷᠳᠡᠯ ᠲᠠᠢ ᠬᠥᠮᠥᠰ ᠤᠨ | ᠠᠵᠢᠯ ᠣᠯᠭᠤᠯᠲᠠ ᠳᠤ ᠦᠨᠳᠦᠰᠦᠨ ᠵᠦᠢᠯ ᠢ ᠨᠢ ᠪᠠᠲᠤᠯᠠᠵᠤ ᠬᠠᠪᠰᠤᠷᠤᠨ ᠲᠡᠳᠭᠦᠭᠦ ᠶᠢ ᠴᠢᠩᠭᠠᠳᠬᠠᠨ᠎ᠠ᠃ | ᠬᠤᠳᠠ ᠬᠥᠳᠡᠭᠡ ᠶᠢᠨ ᠠᠵᠢᠯ ᠣᠯᠭᠤᠯᠲᠠ ᠶᠢᠨ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠨᠢᠭᠡᠳᠦᠯᠲᠡᠢ | ᠲᠥᠯᠥᠪᠯᠡᠵᠦ᠂ ᠭᠦᠳᠡᠯᠮᠦᠷᠢ ᠬᠦᠴᠦ ᠪᠣᠯᠣᠨ ᠴᠢᠳᠠᠪᠤᠷᠢᠲᠠᠨ ᠤ ᠰᠢᠯᠵᠢᠯᠲᠡ ᠶᠢ ᠬᠠᠷᠰᠢᠯᠠᠵᠤ ᠪᠠᠶᠢᠭ᠎ᠠ ᠪᠠᠶᠢᠭᠤᠯᠤᠮᠵᠢ | ᠪᠠ ᠲᠦᠷᠦ ᠶᠢᠨ ᠪᠣᠳᠣᠯᠭ᠎ᠠ ᠶᠢᠨ ᠭᠡᠮ ᠰᠣᠭᠤᠭ ᠢ ᠠᠷᠢᠯᠭᠠᠨ᠂ ᠡᠷᠬᠡ ᠲᠡᠭᠰᠢ ᠠᠵᠢᠯ ᠣᠯᠭᠤᠯᠲᠠ ᠶᠢ ᠨᠥᠯᠥᠭᠡᠯᠡᠵᠦ | ᠪᠠᠶᠢᠭ᠎ᠠ ᠵᠦᠢ ᠵᠣᠬᠢᠰ ᠦᠭᠡᠢ ᠬᠢᠵᠠᠭᠠᠷᠯᠠᠯ ᠪᠣᠯᠣᠨ ᠠᠵᠢᠯ ᠣᠯᠭᠤᠯᠲᠠ ᠶᠢᠨ ᠭᠠᠳᠠᠭᠤᠷᠴᠢᠯᠠᠯ ᠢ ᠠᠷᠢᠯᠭᠠᠵᠤ᠂ | ᠬᠥᠮᠥᠨ ᠪᠦᠭᠦᠨ ᠳᠤ ᠴᠥᠮ ᠰᠢᠷᠭᠠᠭᠤ ᠭᠦᠳᠡᠯᠮᠦᠷᠢ ᠪᠠᠷ ᠢᠶᠠᠨ ᠥᠪᠡᠷ ᠢ ᠪᠠᠨ ᠬᠥᠭᠵᠢᠭᠦᠯᠬᠦ ᠵᠠᠪᠰᠢᠶᠠᠨ ᠲᠠᠢ | ᠪᠣᠯᠭᠠᠨ᠎ᠠ᠃ ᠨᠠᠰᠤᠨ ᠲᠤᠷᠰᠢᠲᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ | ᠳᠦᠷᠢᠮ ᠢ ᠪᠦᠷᠢᠨᠰᠢᠭᠦᠯᠵᠦ᠂ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠰᠢᠢᠳᠪᠦᠷᠢᠯᠡᠬᠦ ᠶᠢ | ᠠᠬᠢᠭᠤᠯᠤᠨ᠎ᠠ᠃ ᠦᠢᠯᠡᠰ ᠪᠣᠰᠬᠠᠬᠤ ᠪᠠᠷ ᠲᠠᠮᠵᠢᠨ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠬᠤ | ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠰᠢᠨ᠎ᠡ ᠭᠡᠯᠪᠡᠷᠢ ᠪᠠᠶᠢᠳᠠᠯ ᠢ | ᠬᠥᠭᠵᠢᠭᠦᠯᠬᠦ ᠶᠢ ᠲᠡᠮᠵᠢᠵᠤ ᠵᠢᠷᠤᠮᠵᠢᠭᠤᠯᠤᠨ᠎ᠠ᠃ ᠭᠦᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ | ᠪᠦᠷᠢᠨᠰᠢᠭᠦᠯᠵᠦ᠂ ᠭᠦᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠂ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ | ᠠᠮᠢᠳᠤᠯᠢᠭ ᠢᠶᠠᠷ ᠠᠵᠢᠯ ᠣᠯᠬᠤ ᠪᠠ ᠰᠢᠨ᠎ᠡ ᠭᠡᠯᠪᠡᠷᠢ ᠪᠠᠶᠢᠳᠠᠯ ᠢᠶᠠᠷ ᠠᠵᠢᠯ ᠣᠯᠬᠤ ᠬᠥᠳᠡᠯᠮᠦᠷᠢᠴᠢᠳ ᠤᠨ ᠡᠷᠬᠡ | ᠠᠰᠢᠭ ᠤᠨ ᠪᠠᠲᠤᠯᠠᠭ᠎ᠠ ᠶᠢ ᠴᠢᠩᠭᠠᠳᠬᠠᠨ᠎ᠠ᠃ | ︵ᠭᠤᠷᠪᠠ︶ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮ ᠪᠣᠯ ᠠᠷᠠᠳ ᠤᠨ ᠠᠮᠢᠳᠤᠷᠠᠯ ᠤᠨ ᠠᠮᠤᠷ ᠲᠦᠪᠰᠢᠨ ᠤ ᠲᠣᠣᠷ ᠪᠠ ᠨᠡᠶᠢᠭᠡᠮ ᠤᠨ ᠠᠵᠢᠯᠯᠠᠭᠠᠨ ᠤ | ᠲᠣᠭᠲᠠᠪᠤᠷᠢᠵᠢᠭᠤᠯᠤᠭᠴᠢ ᠮᠥᠨ᠃ ᠪᠦᠭᠦ ᠠᠷᠠᠳ ᠢ ᠬᠠᠮᠤᠷᠤᠭᠰᠠᠨ᠂ ᠬᠤᠳᠠ ᠬᠥᠳᠡᠭᠡ ᠶᠢ ᠨᠢᠭᠡᠳᠦᠯᠲᠡᠢ | ᠲᠥᠯᠥᠪᠵᠢᠭᠦᠯᠦᠭᠰᠡᠨ᠂ ᠲᠥᠪ ᠭᠤᠣᠯᠴᠢ ᠨᠢᠭᠡᠳᠦᠯᠲᠡᠢ᠂ ᠠᠮᠤᠷ ᠲᠦᠪᠰᠢᠨ ᠵᠢᠷᠤᠮᠵᠢᠭᠤᠨ᠂ ᠦᠷᠭᠦᠯᠵᠢᠯᠡᠬᠦᠶᠢᠴᠡ | ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠨᠠᠰᠤᠵᠢᠯ ᠤᠨ | ᠦᠨᠳᠦᠰᠦᠨ ᠠᠰᠠᠷᠠᠮᠵᠢ ᠶᠢᠨ ᠳᠠᠭᠠᠳᠬᠠᠯ ᠢ ᠪᠦᠭᠦ ᠤᠯᠤᠰ ᠲᠤ ᠨᠢᠭᠡᠳᠦᠯᠲᠡᠢ ᠲᠥᠯᠥᠪᠯᠡᠬᠦ ᠳᠦᠷᠢᠮ ᠢ | ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠤᠯᠠᠨ ᠲᠡᠰ ᠳᠠᠪᠬᠤᠷᠭᠠᠲᠤ᠂ ᠤᠯᠠᠨ | ᠲᠤᠯᠭᠠᠭᠤᠷᠢᠳᠤ ᠰᠢᠰᠲ᠋ᠧᠮ ᠢ ᠬᠥᠭᠵᠢᠭᠦᠯᠦᠨ᠎ᠡ᠃ ᠬᠠᠤᠯᠢ ᠪᠠᠷ ᠲᠣᠭᠲᠠᠭᠠᠭᠰᠠᠨ ᠠᠵᠢᠯ ᠠᠴᠠ ᠠᠮᠠᠷᠠᠬᠤ ᠨᠠᠰᠤ ᠶᠢ | ᠠᠭᠠᠵᠢᠮ ᠠᠬᠢᠭᠤᠯᠬᠤ ᠮᠠᠶ᠋ᠢᠭ ᠢᠶᠠᠷ ᠬᠤᠶᠢᠰᠢᠯᠠᠭᠤᠯᠬᠤ ᠶᠢ ᠬᠡᠷᠡᠭᠵᠢᠭᠦᠯᠦᠨ᠎ᠡ᠃ ᠨᠡᠶᠢᠭᠡᠮ ᠤᠨ ᠳᠠᠭᠠᠳᠬᠠᠯ ᠤᠨ | ᠬᠠᠮᠤᠷᠬᠤ ᠬᠡᠪᠴᠢᠶ᠎ᠡ ᠶᠢ ᠥᠷᠭᠡᠳᠬᠡᠵᠦ᠂ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ᠂ ᠡᠮᠴᠢᠯᠡᠭᠡᠨ ᠤ | ᠦᠨᠳᠦᠰᠦᠨ ᠳᠠᠭᠠᠳᠬᠠᠯ ᠤᠨ ᠪᠡᠯᠡ ᠴᠤᠭᠯᠠᠭᠤᠯᠬᠤ ᠪᠠ ᠬᠠᠷᠠᠭᠠᠯᠵᠠᠯ ᠢ ᠲᠣᠬᠢᠷᠠᠭᠤᠯᠬᠤ ᠲᠣᠭᠲᠠᠴᠠ ᠶᠢ | ᠪᠦᠷᠢᠨᠰᠢᠭᠦᠯᠵᠦ᠂ ᠡᠮᠴᠢᠯᠡᠭᠡᠨ ᠤ ᠦᠨᠳᠦᠰᠦᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠢ ᠮᠤᠵᠢ ᠶᠢᠨ ᠱᠠᠲᠤᠨ ᠠᠴᠠ ᠨᠢᠭᠡᠳᠦᠯᠲᠡᠢ ᠲᠥᠯᠥᠪᠯᠡᠬᠦ ᠶᠢ ᠠᠬᠢᠭᠤᠯᠤᠨ᠎ᠠ᠃ | ᠣᠯᠠᠨ ᠳᠡᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢ ᠡᠮᠬᠢ ᠵᠢᠷᠤᠮ ᠲᠠᠢ ᠵᠣᠯᠭᠠᠭᠤᠯᠬᠤ ᠶᠢ ᠠᠬᠢᠭᠤᠯᠵᠤ᠂ | ᠬᠦᠨᠳᠦ ᠡᠪᠡᠳᠴᠢᠨ ᠤ ᠳᠠᠭᠠᠳᠬᠠᠯ ᠪᠣᠯᠣᠨ ᠡᠮᠴᠢᠯᠡᠭᠡᠨ ᠤ ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠦᠨ᠂ | ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠬᠤ ᠶᠢ ᠨᠠᠶᠢᠳᠠᠪᠤᠷᠢᠵᠢᠭᠤᠯᠵᠤ᠂ | ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠪᠠᠶᠢᠭᠤᠯᠤᠨ᠂ ᠬᠤᠳᠠᠯᠳᠤᠭᠠᠨ ᠤ | ᠡᠮᠴᠢᠯᠡᠭᠡᠨ ᠤ ᠳᠠᠭᠠᠳᠬᠠᠯ ᠢ ᠢᠳᠡᠪᠬᠢᠲᠡᠢ ᠬᠥᠭᠵᠢᠭᠦᠯᠦᠨ᠎ᠡ᠃ ᠪᠦᠭᠦ ᠤᠯᠤᠰ ᠤᠨ ᠨᠡᠶᠢᠭᠡᠮ ᠤᠨ ᠳᠠᠭᠠᠳᠬᠠᠯ ᠤᠨ | ᠤᠯᠠᠨ ᠨᠡᠶᠢᠲᠡ ᠶᠢᠨ ᠦᠢᠯᠡᠴᠢᠯᠡᠭᠡᠨ ᠤ ᠨᠢᠭᠡᠳᠦᠯᠲᠡᠢ ᠲᠠᠪᠴᠠᠩ ᠢ ᠲᠦᠷᠭᠡᠳᠬᠡᠨ ᠲᠡᠭᠦᠯᠳᠡᠷᠵᠢᠭᠦᠯᠦᠨ᠎ᠡ᠃ ᠨᠡᠶᠢᠭᠡᠮ | ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠪᠠ ᠠᠮᠤᠷ ᠲᠦᠪᠰᠢᠨ | ᠤ ᠬᠢᠨᠠᠨ ᠬᠠᠮᠢᠶᠠᠷᠬᠤ ᠰᠢᠰᠲ᠋ᠧᠮ ᠢ ᠪᠦᠷᠢᠨᠰᠢᠭᠦᠯᠦᠨ᠎ᠡ᠃ ᠲᠡᠰ ᠳᠠᠪᠬᠤᠷᠭ᠎ᠠ ᠪᠠ ᠲᠦᠷᠦᠯ ᠬᠤᠪᠢᠶᠠᠭᠰᠠᠨ ᠨᠡᠶᠢᠭᠡᠮ | ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠦᠨ᠎ᠡ᠃ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ | ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ | ᠪᠠᠲᠤᠯᠠᠨ᠎ᠠ᠃ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠠ ᠬᠠᠯᠠᠮᠵᠢᠯᠠᠨ ᠬᠠᠶᠢᠷᠠᠯᠠᠬᠤ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠵᠡᠮᠳᠡᠭᠴᠦᠳ ᠤᠨ ᠦᠢᠯᠡᠰ ᠤᠨ ᠪᠦᠭᠦ ᠲᠠᠯ᠎ᠠ ᠶᠢᠨ | ᠬᠥᠭᠵᠢᠯᠲᠡ ᠶᠢ ᠠᠬᠢᠭᠤᠯᠤᠨ᠎ᠠ᠃ ᠭᠡᠷ ᠪᠠᠶᠢᠰᠢᠩ ᠢ ᠰᠠᠭᠤᠬᠤ ᠶᠢᠨ ᠲᠥᠯᠥᠭᠡ ᠪᠠᠷᠢᠭᠰᠠᠨ ᠠᠴᠠ ᠪᠢᠰᠢ ᠰᠠᠷᠢᠭᠠᠯᠠᠬᠤ | ᠶᠢᠨ ᠲᠥᠯᠥᠭᠡ ᠪᠠᠷᠢᠭᠰᠠᠨ ᠪᠢᠰᠢ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠤᠯᠠᠨ ᠪᠡᠶᠡᠴᠢ ᠴᠣᠭᠴᠠ ᠠᠴᠠ | ᠬᠠᠩᠭᠠᠬᠤ᠂ ᠤᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ | ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠲᠦᠷᠭᠡᠳᠬᠡᠨ ᠪᠠᠶᠢᠭᠤᠯᠤᠨ᠎ᠠ᠃ | ︵ᠳᠥᠷᠪᠡ︶ ᠡᠷᠡᠭᠦᠯ ᠡᠩᠬᠡ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠷᠠᠳ | ᠲᠦᠮᠡᠨ ᠤ ᠡᠷᠡᠭᠦᠯ ᠮᠡᠨᠳᠦ ᠪᠣᠯ ᠦᠨᠳᠦᠰᠦᠲᠡᠨ ᠤ ᠬᠥᠭᠵᠢᠯ ᠪᠠᠳᠠᠷᠠᠯ ᠪᠠ ᠤᠯᠤᠰ ᠣᠷᠣᠨ ᠤ ᠬᠦᠴᠦᠷᠬᠡᠭᠵᠢᠯ ᠤᠨ | ᠴᠢᠬᠤᠯᠠ ᠪᠡᠯᠭᠡ ᠲᠡᠮᠳᠡᠭ ᠮᠥᠨ᠃ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠶᠢ ᠤᠷᠢᠳ ᠢᠶᠠᠷ | ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠡᠷᠡᠭᠦᠯ ᠮᠡᠨᠳᠦ ᠶᠢ | ᠠᠬᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢ ᠰᠢᠯᠢᠳᠡᠭᠵᠢᠭᠦᠯᠤᠨ᠂ ᠦᠷᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠵᠤ᠂ | ᠲᠦᠷᠤᠬᠦ᠂ ᠦᠰᠭᠡᠨ ᠬᠦᠮᠤᠵᠢᠬᠦᠯᠬᠦ᠂ ᠰᠤᠷᠭᠠᠨ ᠬᠥᠮᠦᠵᠢᠬᠦᠯᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ | ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠠᠵᠢᠯ ᠦᠢᠯᠡᠰ ᠪᠤᠯᠤᠨ ᠨᠠᠰᠤᠵᠢᠯ ᠤᠨ ᠠᠰᠠᠷᠠᠮᠵᠢ ᠶᠢᠨ ᠠᠵᠤ | ᠦᠢᠯᠡᠰ ᠢ ᠬᠥᠭᠵᠢᠭᠦᠯᠦᠨ᠂ ᠭᠤᠤᠨᠢ ᠪᠡᠶ᠎ᠠ ᠨᠠᠰᠤᠳᠠᠨ ᠳᠤ ᠦᠢᠯᠡᠴᠢᠯᠡᠬᠦ ᠦᠢᠯᠡᠴᠢᠯᠡᠭᠡ ᠶᠢ ᠰᠢᠯᠢᠳᠡᠭᠵᠢᠭᠦᠯᠵᠦ᠂ | ᠪᠦᠬᠦᠶᠢᠯᠡ ᠨᠠᠰᠤᠲᠠᠶᠢᠴᠤᠳ ᠲᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡ ᠶᠢ ᠡᠳ᠋ᠯᠡᠭᠦᠯᠬᠦ ᠶᠢ | ᠠᠬᠢᠭᠤᠯᠤᠨ᠎ᠠ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠨᠡᠯᠭᠡ ᠶᠢᠨ | ᠳᠠᠭᠠᠳᠭᠠᠯ᠂ ᠡᠮᠴᠢᠯᠡᠭᠡ᠂ ᠡᠮ ᠡᠮᠨᠡᠯᠭᠡ ᠶᠢ ᠬᠠᠮᠵᠢᠯᠴᠠᠭᠤᠯᠤᠨ ᠬᠥᠭᠵᠢᠭᠦᠯᠬᠦ ᠪᠠ ᠵᠠᠰᠠᠬᠤ ᠶᠢ ᠠᠬᠢᠭᠤᠯᠤᠨ᠎ᠠ᠃ | ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠬᠡᠪᠴᠢᠶ᠎ᠠ ᠶᠢ ᠥᠷᠭᠡᠳᠭᠡᠬᠦ ᠪᠠ ᠣᠷᠣᠨ ᠪᠦᠰᠡ ᠶᠢᠨ | ᠲᠡᠩᠴᠡᠭᠦᠷᠢᠲᠡᠶ ᠪᠠᠶᠢᠷᠢᠰᠢᠭᠤᠯᠤᠯᠳᠠ ᠶᠢ ᠠᠬᠢᠭᠤᠯᠵᠤ᠂ ᠰᠡᠷᠭᠡᠶᠢᠯᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠨ᠂ ᠬᠦᠨᠳᠦ | ᠶᠡᠭᠡ ᠠᠷᠬᠠᠬ ᠡᠪᠡᠳᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ | ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠪᠠ ᠡᠷᠡᠭᠦᠯ ᠮᠡᠨᠳᠦ ᠶᠢᠨ ᠬᠠᠮᠢᠶᠠᠷᠤᠯᠳᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠴᠢᠨᠠᠷ ᠢᠶᠠᠷ ᠤᠳᠤᠷᠢᠳᠤᠮᠵᠢ ᠪᠣᠯᠭᠠᠭ᠍ᠰᠠᠨ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠠᠴᠠ ᠡᠵᠡᠩᠨᠡᠭᠰᠡᠨ | ᠡᠮᠨᠡᠯᠭᠡ ᠶᠢᠨ ᠬᠤᠷᠢᠶᠠᠨ ᠤ ᠬᠥᠭᠵᠢᠯᠲᠡ ᠶᠢ ᠵᠢᠷᠤᠮᠵᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠡᠩᠨᠡᠭᠡ ᠶᠢ | ᠬᠥᠭᠵᠢᠭᠦᠯᠦᠨ ᠪᠤᠵᠠᠭᠠᠶᠢᠷᠠᠭᠤᠯᠵᠤ᠂ ᠠᠵᠢᠯ ᠤᠨ ᠭᠤᠣᠯᠳᠠᠯᠭ᠎ᠠ ᠪᠠᠨ ᠬᠥᠳᠡᠭᠡ ᠲᠣᠰᠭᠤᠨ ᠪᠠ ᠨᠡᠶᠢᠭᠡᠮ | ᠲᠣᠭᠤᠷᠢᠭ ᠲᠤ ᠲᠠᠯᠪᠢᠨ᠎ᠠ᠃ ᠰᠡᠳᠭᠢᠴᠡ ᠶᠢᠨ ᠡᠷᠡᠭᠦᠯ ᠮᠡᠨᠳᠦ ᠪᠠ ᠮᠡᠳᠡᠷᠡᠯ ᠤᠨ ᠡᠷᠡᠭᠦᠯ ᠬᠠᠮᠠᠭᠠᠯᠠᠯ ᠢ | ᠴᠢᠬᠤᠯᠠᠴᠢᠯᠠᠨ᠎ᠠ᠃ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠦᠨ ᠬᠥᠭᠵᠢᠭᠦᠯᠬᠦ ᠶᠢ | ᠠᠬᠢᠭᠤᠯᠤᠨ᠎ᠠ᠃ ᠡᠮᠨᠡᠬᠦ ᠰᠡᠷᠭᠡᠶᠢᠯᠡᠬᠦ ᠶᠢ ᠬᠠᠮᠵᠢᠯᠴᠠᠭᠤᠯᠬᠤ᠂ ᠡᠮᠨᠡᠬᠦ ᠰᠡᠷᠭᠡᠶᠢᠯᠡᠬᠦ ᠶᠢ ᠠᠭᠤᠰᠤᠯᠴᠠᠭᠤᠯᠬᠤ | ᠲᠣᠭᠲᠠᠴᠠ ᠶᠢᠨ ᠰᠢᠨ᠎ᠡ ᠶᠢ ᠡᠭᠦᠳᠴᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠪᠦᠷᠢᠨᠰᠢᠭᠦᠯᠦᠨ | ᠂ ᠬᠦᠨᠳᠦ ᠶᠡᠭᠡ ᠬᠢᠵᠢᠭ ᠢ ᠡᠷᠲᠡᠬᠡᠨ ᠢᠯᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠬᠦᠨᠳᠦ ᠶᠡᠭᠡ ᠬᠢᠵᠢᠭ ᠢ | ᠰᠡᠷᠭᠡᠶᠢᠯᠡᠨ ᠬᠢᠵᠠᠭᠠᠷᠯᠠᠵᠤ ᠠᠪᠤᠷᠠᠨ ᠵᠠᠰᠠᠬᠤ ᠰᠢᠰᠲ᠋ᠧᠮ ᠪᠤᠯᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠦᠨᠳᠦ ᠶᠡᠭᠡ ᠬᠠᠯᠳᠠᠪᠤᠷᠢᠲᠤ ᠡᠪᠡᠳᠴᠢᠨ ᠤ ᠬᠠᠯᠳᠠᠪᠤᠷᠢᠯᠠᠨ ᠲᠡᠯᠭᠡᠷᠡᠬᠦ ᠶᠢ | ᠪᠦᠲᠦᠮᠵᠢᠲᠡᠶ ᠬᠤᠷᠢᠭᠯᠠᠨ᠎ᠠ᠃ ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ᠪᠤᠯᠤᠨ ᠡᠭᠡ ᠤᠷᠤᠨᠴᠢ ᠡᠷᠡᠭᠦᠯ | ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠬᠡᠯᠪᠡᠷᠢ ᠶᠢ | ᠰᠠᠨᠠᠭᠠᠴᠢᠯᠠᠨ᠎ᠠ᠃ | ᠠᠷᠪᠠ᠂ ᠪᠤᠬᠢᠷᠳᠤᠯ ᠦᠭᠡᠢ ᠬᠥᠭᠵᠢᠯᠲᠡ ᠶᠢ ᠠᠬᠢᠭᠤᠯᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ | ᠬᠠᠮᠲᠤ ᠣᠷᠣᠰᠢᠬᠤ ᠶᠢ ᠠᠬᠢᠭᠤᠯᠤᠨ᠎ᠠ | ᠡᠬᠡ ᠪᠠᠶᠢᠭᠠᠯᠢ ᠪᠣᠯ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠵᠤ ᠬᠦᠭᠵᠢᠬᠦ ᠶᠢᠨ ᠦᠨᠳᠦᠰᠦᠨ ᠨᠥᠬᠦᠴᠡᠯ | ᠮᠥᠨ᠃ ᠪᠠᠶᠢᠭᠠᠯᠢ ᠶᠢ ᠬᠦᠨᠳᠦᠳᠭᠡᠨ᠂ ᠪᠠᠶᠢᠭᠠᠯᠢ ᠲᠠᠢ ᠵᠣᠬᠢᠴᠠᠵᠤ᠂ ᠪᠠᠶᠢᠭᠠᠯᠢ ᠶᠢ ᠬᠠᠮᠠᠭᠠᠯᠠᠬᠤ ᠪᠣᠯ ᠨᠡᠶᠢᠭᠡᠮ | ᠵᠢᠷᠤᠮᠲᠤ ᠣᠳᠣᠬᠢᠴᠢᠯᠡᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠳᠣᠲᠣᠭᠠᠳᠤ ᠱᠠᠭᠠᠷᠳᠠᠯᠭ᠎ᠠ | ᠮᠥᠨ᠃ ᠡᠷᠬᠡᠪᠰᠢ ᠬᠥᠬᠡᠮᠳᠦᠭ ᠨᠤᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ | ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠬᠥᠮᠦᠨ ᠬᠢᠬᠡᠳ ᠪᠠᠶᠢᠭᠠᠯᠢ ᠡᠶ᠎ᠡ ᠵᠣᠬᠢᠴᠠᠩᠭᠤᠢ | ᠬᠠᠮᠲᠤ ᠣᠷᠣᠰᠢᠬᠤ ᠦᠨᠳᠦᠷᠴᠡ ᠠᠴᠠ ᠬᠥᠭᠵᠢᠯᠲᠡ ᠶᠢ ᠲᠦᠯᠦᠪᠯᠡᠬᠦ ᠬᠡᠷᠡᠭᠲᠡᠢ᠃ | ᠪᠢᠳᠡ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠭᠤᠯᠠ | ᠤᠰᠤ ᠣᠶ ᠮᠣᠳᠣ ᠲᠠᠷᠢᠶᠠᠨ ᠭᠠᠵᠠᠷ ᠨᠠᠭᠤᠷ ᠪᠦᠷᠢᠳᠦ ᠡᠪᠡᠰᠤ ᠪᠡᠯᠴᠢᠭᠡᠷ ᠡᠯᠡᠰᠦ ᠮᠠᠩᠬ᠎ᠠ ᠶᠢ ᠨᠢᠭᠡ | ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠪᠦᠲᠦᠴᠡ ᠶᠢ | ᠲᠣᠬᠢᠷᠠᠭᠤᠯᠬᠤ᠂ ᠪᠣᠬᠢᠷᠲᠤᠯ ᠢ ᠵᠠᠰᠠᠬᠤ᠂ ᠠᠮᠢ ᠠᠬᠤᠶ ᠶᠢ ᠬᠠᠮᠠᠭᠠᠯᠠᠬᠤ᠂ ᠠᠭᠤᠷ ᠠᠮᠢᠰᠭᠤᠯ ᠤᠨ ᠬᠤᠪᠢᠷᠠᠯᠲᠠ ᠶᠢ | ᠠᠷᠭᠠᠴᠠᠭᠠᠬᠤ ᠶᠢ ᠨᠢᠭᠡᠳᠦᠯᠲᠡᠶ ᠲᠥᠯᠥᠪᠵᠢᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ | ᠪᠠᠭᠤᠷᠠᠭᠤᠯᠬᠤ᠂ ᠪᠣᠬᠢᠷᠲᠤᠯ ᠢ ᠪᠠᠭᠠᠰᠭᠠᠬᠤ᠂ ᠨᠣᠭᠤᠭᠠᠷᠠᠭᠤᠯᠤᠯᠲᠠ ᠶᠢ ᠥᠷᠭᠡᠳᠭᠡᠬᠦ᠂ ᠠᠵᠤ ᠠᠬᠤᠢ ᠶᠢ | ᠨᠡᠮᠡᠭᠳᠡᠭᠦᠯᠬᠦ ᠶᠢ ᠬᠠᠮᠵᠢᠯᠴᠠᠭᠤᠯᠤᠨ ᠠᠬᠢᠭᠤᠯᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠰᠠᠨ᠂ ᠠᠷᠪᠢᠴᠢ | ᠡᠷᠴᠢᠮᠯᠢᠭ᠂ ᠪᠤᠬᠢᠷᠳᠤᠯ ᠦᠭᠡᠢ ᠳᠤᠤᠷ᠎ᠡ ᠨᠡᠭᠦᠷᠡᠰᠦᠲᠥ᠋ᠷᠥᠭᠴᠢᠳᠦ ᠬᠥᠭᠵᠢᠯᠲᠡ ᠶᠢ ᠠᠬᠢᠭᠤᠯᠬᠤ ᠬᠡᠷᠡᠭᠲᠡᠶ᠃ | ︵ᠨᠢᠭᠡ︶ ᠬᠦᠭᠵᠢᠯᠳᠡ ᠶᠢᠨ ᠬᠡᠯᠪᠡᠷᠢ ᠶᠢᠨ ᠪᠤᠬᠢᠷᠳᠤᠯ ᠦᠬᠡᠢ ᠲᠡᠶᠢᠰᠢ ᠬᠤᠪᠢᠷᠠᠬᠤ ᠶᠢ ᠲᠦᠷᠬᠡᠤᠨᠬᠡᠨ᠎ᠠ᠃ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠪᠤᠬᠢᠷᠳᠤᠯ ᠦᠭᠡᠶᠢᠵᠢᠯᠳᠡ᠂ ᠪᠠᠭ᠎ᠠ | ᠨᠡᠭᠦᠷᠡᠰᠦᠳᠦ᠋ᠷᠦᠭᠴᠢᠵᠢᠯᠲᠡ ᠶᠢ ᠠᠬᠢᠭᠤᠯᠬᠤ ᠪᠣᠯ ᠴᠢᠨᠠᠷ ᠰᠠᠶᠢᠲᠠᠶ | ᠬᠥᠭᠵᠢᠯᠲᠡ ᠶᠢ ᠪᠡᠶᠡᠯᠡᠭᠦᠯᠬᠦ ᠶᠢᠨ ᠵᠠᠩᠭᠢᠯᠠᠭ᠎ᠠ ᠶᠢᠨ ᠭᠤᠭᠴᠤᠭ᠎ᠠ ᠮᠥᠨ᠃ ᠠᠵᠤ ᠦᠢᠯᠡᠰ ᠤᠨ ᠪᠦᠲᠦᠴᠡ᠂ | ᠡᠨᠧᠷᠭᠢ ᠶᠢᠨ ᠰᠤᠷᠪᠤᠯᠵᠢ ᠶᠢᠨ ᠪᠦᠲᠦᠴᠡ᠂ ᠵᠠᠮ ᠲᠡᠭᠡᠭᠡᠪᠦᠷᠢ ᠶᠢᠨ ᠪᠦᠲᠦᠴᠡ ᠵᠡᠷᠭᠡ ᠶᠢ ᠲᠤᠬᠢᠷᠠᠭᠤᠯᠤᠨ | ᠰᠢᠯᠢᠳᠡᠭᠵᠢᠭᠦᠯᠬᠦ ᠶᠢ ᠲᠦᠷᠭᠡᠳᠭᠡᠨ ᠠᠬᠢᠭᠤᠯᠤᠨ᠎ᠠ᠃ ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ | ᠪᠤᠳᠤᠯᠭ᠎ᠠ ᠶᠢ ᠬᠡᠷᠡᠭᠵᠢᠭᠦᠯᠵᠦ᠂ ᠡᠯ᠎ᠡ ᠲᠦᠷᠦᠯ ᠤᠨ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ | ᠠᠰᠢᠭᠯᠠᠬᠤ ᠶᠢ ᠠᠬᠢᠭᠤᠯᠵᠤ᠂ ᠬᠠᠶᠠᠭᠳᠠᠮᠠᠯ ᠪᠣᠳᠠᠰ ᠢ ᠣᠷᠴᠢᠯᠳᠤᠭᠤᠯᠤᠨ ᠠᠰᠢᠭᠯᠠᠬᠤ ᠰᠢᠰᠲ᠋ᠧᠮ ᠢ ᠲᠦᠷᠭᠡᠳᠭᠡᠨ | ᠪᠠᠶᠢᠭᠤᠯᠤᠨ᠎ᠠ᠃ ᠪᠤᠬᠢᠷᠳᠤᠯ ᠦᠭᠡᠢ ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡᠨ᠂ | ᠪᠡᠯᠡ ᠣᠷᠣᠭᠤᠯᠤᠯᠲᠠ᠂ ᠦᠨ᠎ᠡ ᠬᠠᠩᠰᠢ ᠶᠢᠨ ᠲᠥᠷᠥ ᠶᠢᠨ ᠪᠤᠳᠤᠯᠭ᠎ᠠ ᠪᠠ ᠪᠠᠷᠢᠮᠵᠢᠶ᠎ᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠪᠤᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠦ ᠠᠵᠤ ᠦᠢᠯᠡᠰ ᠢ ᠬᠥᠭᠵᠢᠭᠦᠯᠵᠦ᠂ ᠡᠬᠢ | ᠪᠠᠶᠠᠯᠢᠭ ᠣᠷᠴᠢᠨ ᠠᠬᠤᠢ ᠶᠢᠨ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠰᠢᠰᠲ᠋ᠧᠮ ᠢ ᠪᠦᠷᠢᠨᠰᠢᠭᠦᠯᠵᠦ᠂ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠤᠷᠠᠭᠤᠯᠬᠤ ᠲᠡᠷᠢᠭᠦᠨ ᠤ ᠮᠡᠷᠭᠡᠵᠢᠯ ᠢ | ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠭᠡᠵᠦ᠂ ᠪᠤᠬᠢᠷᠳᠤᠯ ᠦᠭᠡᠢ ᠬᠡᠷᠡᠭᠯᠡᠭᠡ ᠶᠢ | ᠰᠠᠨᠠᠭᠠᠴᠢᠯᠠᠵᠤ᠂ ᠪᠤᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠦᠢᠯᠡᠳᠪᠦᠷᠢᠯᠡᠯ ᠤᠨ ᠠᠷᠭ᠎ᠠ ᠮᠠᠶ᠋ᠢᠭ ᠪᠠ | ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠬᠤ ᠶᠢ ᠠᠬᠢᠭᠤᠯᠤᠨ᠎ᠠ᠃ | ︵ᠬᠤᠶᠠᠷ︶ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠶ ᠠᠬᠢᠭᠤᠯᠤᠨ᠎ᠠ᠃ ᠨᠠᠷᠢᠯᠢᠭ | ᠣᠨᠣᠴᠠᠲᠠᠶ ᠪᠠᠷ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ | ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠴᠡᠯᠮᠡᠭ ᠠᠭᠠᠷ᠂ ᠲᠤᠩᠭᠠᠯᠠᠭ ᠤᠰᠤ᠂ ᠴᠡᠪᠡᠷ ᠬᠦᠷᠦᠰᠦ ᠶᠢ ᠬᠠᠮᠠᠭᠠᠯᠠᠬᠤ | ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠶ ᠰᠠᠶᠢᠲᠤᠷ ᠬᠢᠨ᠎ᠠ᠃ ᠪᠣᠬᠢᠷᠲᠤᠯ ᠪᠣᠳᠠᠰ ᠢ ᠬᠠᠮᠵᠢᠯᠴᠠᠨ ᠬᠢᠵᠠᠭᠠᠷᠯᠠᠬᠤ ᠶᠢ | ᠴᠢᠩᠭᠠᠳᠬᠠᠵᠤ᠂ ᠬᠦᠨᠳᠦ ᠪᠣᠬᠢᠷᠲᠤᠯᠳᠤ ᠴᠠᠭ ᠠᠭᠤᠷ ᠢ ᠦᠨᠳᠦᠰᠦᠨ ᠳᠡᠭᠡᠨ ᠠᠷᠢᠯᠭᠠᠨ᠎ᠠ᠃ ᠤᠰᠤᠨ ᠤ ᠡᠬᠢ | ᠪᠠᠶᠠᠯᠢᠭ᠂ ᠤᠰᠤᠨ ᠤ ᠣᠷᠴᠢᠨ ᠠᠬᠤᠢ᠂ ᠤᠰᠤᠨ ᠤ ᠠᠮᠢ ᠠᠬᠤᠶ ᠶᠢᠨ ᠵᠠᠰᠠᠯᠲᠠ ᠶᠢ ᠨᠢᠭᠡᠳᠦᠯᠲᠡᠶ | ᠲᠥᠯᠥᠪᠵᠢᠬᠦᠯᠵᠦ᠂ ᠴᠢᠬᠤᠯᠠ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢ ᠬᠠᠮᠠᠭᠠᠯᠠᠨ ᠵᠠᠰᠠᠬᠤ ᠶᠢ | ᠠᠬᠢᠭᠤᠯᠵᠤ᠂ ᠬᠤᠲᠠ ᠶᠢᠨ ᠪᠣᠬᠢᠷ ᠦᠮᠡᠬᠡᠶ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠨ᠎ᠠ᠃ ᠬᠥᠷᠥᠰᠥ | ᠰᠢᠷᠤᠢ ᠶᠢᠨ ᠪᠣᠬᠢᠷᠲᠤᠯ ᠢ ᠡᠬᠢ ᠡᠬᠦᠰᠦᠯ ᠠᠴᠠ ᠨᠢ ᠰᠡᠷᠭᠡᠶᠢᠯᠡᠨ ᠬᠢᠵᠠᠭᠠᠷᠯᠠᠬᠤ ᠪᠠᠨ ᠴᠢᠩᠭᠠᠳᠬᠠᠵᠤ᠂ ᠰᠢᠨ᠎ᠡ | ᠪᠣᠬᠢᠷᠲᠤᠯ ᠪᠣᠳᠠᠰ ᠢ ᠵᠠᠰᠠᠬᠤ ᠠᠵᠢᠯ ᠢ ᠥᠷᠨᠢᠭᠦᠯᠦᠨ᠎ᠡ᠃ ᠣᠷᠴᠢᠨ ᠠᠬᠤᠢ ᠶᠢᠨ ᠰᠠᠭᠤᠷᠢ ᠲᠦᠭᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠤᠲᠠ ᠬᠦᠳᠡᠭᠡ ᠶᠢᠨ ᠣᠷᠣᠰᠢᠨ ᠠᠮᠢᠳᠤᠷᠠᠬᠤ | ᠣᠷᠴᠢᠨ ᠨᠦᠬᠦᠴᠡᠯ ᠢ ᠴᠡᠭᠴᠡᠯᠡᠨ ᠵᠠᠰᠠᠬᠤ ᠶᠢ ᠠᠬᠢᠭᠤᠯᠤᠨ᠎ᠠ᠃ ᠪᠣᠬᠢᠷᠲᠤᠯ ᠪᠣᠳᠠᠰ ᠭᠠᠳᠠᠭᠰᠢᠯᠠᠭᠤᠯᠬᠤ | ᠵᠥᠪᠰᠢᠶᠡᠷᠡᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠳᠤ ᠦᠶ᠎ᠡ ᠶᠢᠨ ᠣᠷᠴᠢᠨ ᠠᠬᠤᠢ ᠶᠢᠨ | ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠣᠷᠴᠢᠨ ᠠᠬᠤᠢ ᠶᠢᠨ ᠠᠶᠤᠯ ᠲᠦᠭᠰᠢᠭᠦᠷᠢ ᠶᠢ ᠴᠢᠩᠭ᠎ᠠ | ᠰᠡᠷᠭᠡᠶᠢᠯᠡᠨ ᠡᠵᠡᠮᠳᠡᠨ᠎ᠡ᠃ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠯᠲᠠ ᠶᠢ ᠭᠦᠨᠵᠡᠭᠡᠶ ᠠᠬᠢᠭᠤᠯᠤᠨ᠎ᠠ᠃ | ︵ᠭᠤᠷᠪᠠ︶ ᠠᠮᠢ ᠠᠬᠤᠶ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ | ᠴᠢᠨᠠᠷ ᠢ ᠳᠡᠭᠡᠭᠰᠢᠯᠡᠭᠦᠯᠦᠨ᠎ᠡ᠃ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠳᠤ ᠣᠷᠣᠨ᠂ ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠪᠠᠷ | ᠭᠤᠣᠯᠳᠠᠯᠭ᠎ᠠ ᠪᠣᠯᠭᠠᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ | ᠶᠡᠭᠡ ᠢᠨᠵᠧᠨᠧᠷᠢᠩ ᠢ ᠲᠦᠷᠭᠡᠳᠭᠡᠨ ᠬᠡᠷᠡᠭᠵᠢᠭᠦᠯᠦᠨ᠎ᠡ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ | ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ | ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ | ᠤᠯᠤᠰ ᠤᠨ ᠨᠤᠲᠤᠭ ᠳᠡᠪᠢᠰᠭᠡᠷ ᠢ ᠶᠡᠭᠡ ᠬᠡᠪᠴᠢᠶ᠎ᠠ ᠪᠠᠷ ᠨᠣᠭᠤᠭᠠᠷᠠᠭᠤᠯᠬᠤ ᠠᠵᠢᠯᠯᠠᠭ᠎ᠠ ᠶᠢ ᠰᠢᠨᠵᠢᠯᠡᠬᠦ | ᠤᠬᠠᠭᠠᠨᠴᠢ ᠪᠠᠷ ᠥᠷᠨᠢᠭᠦᠯᠦᠨ᠎ᠡ᠃ ᠬᠠᠮᠲᠤ ᠶᠢᠨ ᠤᠢ ᠰᠢᠭᠤᠢ ᠶᠢᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠨᠤᠲᠤᠭ ᠪᠡᠯᠴᠢᠭᠡᠷ ᠣᠶ ᠰᠢᠭᠤᠢ ᠭᠤᠤᠯ ᠮᠥᠷᠡᠨ ᠨᠠᠭᠤᠷ ᠪᠦᠷᠢᠲᠦ ᠨᠤᠭᠤ ᠭᠠᠵᠠᠷ ᠢ | ᠠᠮᠠᠷᠠᠭᠤᠯᠤᠨ ᠰᠡᠷᠭᠦᠭᠡᠭᠦ ᠶᠢ ᠬᠡᠷᠡᠭᠵᠢᠭᠦᠯᠵᠦ᠂ ᠬᠦᠬᠡᠮᠦᠷᠡᠨ ᠳᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ | ᠰᠠᠶᠢᠲᠤᠷ ᠬᠡᠷᠡᠭᠵᠢᠭᠦᠯᠵᠦ᠂ ᠲᠠᠷᠢᠶᠠᠨ ᠭᠠᠵᠠᠷ ᠢ ᠥᠨᠵᠢᠭᠦᠯᠦᠨ ᠳᠠᠷᠢᠬᠤ ᠡᠭᠡᠯᠵᠢᠯᠡᠨ ᠳᠠᠷᠢᠬᠤ ᠲᠦᠷᠢᠮ ᠢ | ᠪᠦᠷᠢᠨᠰᠢᠭᠦᠯᠦᠨ᠎ᠡ᠃ ᠠᠮᠢ ᠠᠬᠤᠢ ᠶᠢᠨ ᠪᠦᠲᠦᠭᠡᠭᠳᠡᠬᠦᠨ ᠤ ᠦᠷᠲᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠵᠤ᠂ | ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠠᠮᠢᠳᠤ ᠪᠣᠳᠠᠰ ᠤᠨ | ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠭᠠᠳᠠᠨ᠎ᠠ ᠠᠴᠠ ᠢᠷᠡᠭᠰᠡᠨ ᠠᠮᠢᠳᠤ ᠪᠤᠳᠠᠰ ᠤᠨ | ᠬᠠᠯᠳᠠᠯᠭ᠎ᠠ ᠶᠢ ᠰᠡᠷᠭᠡᠶᠢᠯᠡᠨ ᠵᠠᠰᠠᠨ᠎ᠠ᠃ | ︵ᠳᠥᠷᠪᠡ︶ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠶ ᠯᠠᠪᠳᠠᠭᠤᠨ ᠢᠶᠠᠷ ᠠᠬᠢᠭᠤᠯᠤᠨ᠎ᠠ᠃ | ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠣᠯ ᠨᠢᠭᠡ ᠤᠳᠠᠭᠠᠨ ᠤ ᠥᠷᠭᠡᠨ ᠳᠡᠯᠭᠡᠷ ᠪᠥᠭᠡᠳ ᠭᠦᠨ ᠭᠦᠨᠵᠡᠭᠡᠶ ᠠᠵᠤ | ᠠᠬᠤᠶ ᠨᠡᠶᠢᠭᠡᠮ ᠤᠨ ᠰᠢᠰᠲ᠋ᠧᠮᠲᠦ ᠴᠢᠨᠠᠷᠲᠠᠶ ᠬᠤᠪᠢᠰᠤᠯᠲᠠ ᠮᠥᠨ᠃ ᠮᠠᠨ ᠤ ᠤᠯᠤᠰ ᠤᠨ ᠡᠨᠧᠷᠭᠢ ᠶᠢᠨ ᠰᠤᠷᠪᠤᠯᠵᠢ | ᠡᠬᠢ ᠪᠠᠶᠠᠯᠢᠭ ᠤᠨ ᠤᠤᠷ ᠪᠠᠶᠢᠳᠠᠯ ᠳᠤ ᠰᠠᠭᠤᠷᠢᠯᠠᠨ᠂ ᠤᠷᠢᠳ ᠢᠶᠠᠷ ᠰᠢᠨ᠎ᠠ ᠪᠠᠷ ᠪᠠᠶᠢᠭᠤᠯᠵᠤ ᠳᠠᠷᠠᠭ᠎ᠠ ᠨᠢ | ᠬᠠᠭᠤᠴᠢᠨ ᠢ ᠡᠪᠳᠡᠬᠦ ᠶᠢ ᠪᠠᠷᠢᠮᠲᠠᠯᠠᠵᠤ᠂ ᠲᠦᠯᠦᠪᠯᠡᠭᠡ ᠲᠠᠢ ᠠᠯᠬᠤᠮ ᠲᠠᠷᠠᠭ᠎ᠠ ᠲᠠᠢ ᠪᠠᠷ ᠨᠡᠭᠦᠷᠡᠰᠦᠲᠥ᠋ᠷᠥᠭᠴᠢ ᠶᠢᠨ | ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠡᠨᠧᠷᠭᠢ ᠶᠢᠨ | ᠰᠤᠷᠪᠤᠯᠵᠢ ᠶᠢᠨ ᠬᠤᠷᠣᠭᠳᠠᠭᠤᠯᠤᠯ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ᠲᠣᠬᠢᠷᠠᠭᠤᠯᠤᠯ ᠡᠵᠡᠮᠳᠡᠯ ᠢ | ᠲᠡᠭᠦᠯᠳᠡᠷᠵᠢᠭᠦᠯᠵᠦ᠂ ᠴᠢᠯᠠᠭᠤᠵᠢᠮᠠᠯ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ ᠶᠢ ᠭᠤᠣᠯᠳᠠᠯᠭ᠎ᠠ ᠲᠠᠢ ᠬᠢᠵᠠᠭᠠᠷᠯᠠᠵᠤ᠂ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ︽ᠬᠤᠣᠰ ᠬᠢᠵᠠᠭᠠᠷᠯᠠᠯ︾ | ᠤᠨ ᠳᠦᠷᠢᠮ ᠳᠤ ᠠᠯᠬᠤᠮ ᠠᠯᠬᠤᠮ ᠢᠶᠠᠷ ᠰᠢᠯᠵᠢᠨ᠎ᠠ᠃ ᠡᠨᠧᠷᠭᠢ ᠶᠢᠨ ᠰᠤᠷᠪᠤᠯᠵᠢ ᠶᠢ ᠴᠡᠪᠡᠷ ᠪᠠᠭ᠎ᠠ | ᠨᠡᠭᠦᠷᠡᠰᠦᠲᠥ᠋ᠷᠥᠭᠴᠢᠲᠦ ᠥᠨᠳᠥᠷ ᠪᠦᠲᠦᠮᠵᠢᠲᠡᠢ ᠠᠰᠢᠭᠯᠠᠬᠤ ᠶᠢ ᠠᠬᠢᠭᠤᠯᠵᠤ᠂ ᠠᠵᠤ ᠦᠢᠯᠡᠳᠪᠦᠷᠢ᠂ ᠪᠠᠷᠢᠯᠭ᠎ᠠ᠂ | ᠵᠠᠮ ᠬᠠᠷᠢᠯᠴᠠᠭ᠎ᠠ ᠵᠡᠷᠭᠡ ᠬᠦᠷᠢᠶ᠎ᠠ ᠴᠠᠷᠠᠭᠠᠨ ᠤ ᠴᠡᠪᠡᠷ ᠪᠠᠭ᠎ᠠ ᠨᠡᠭᠦᠷᠡᠰᠦᠲᠥ᠋ᠷᠥᠭᠴᠢᠲᠦ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠤᠨ᠎ᠠ᠃ ᠡᠨᠧᠷᠭᠢ ᠶᠢᠨ ᠰᠤᠷᠪᠤᠯᠵᠢ ᠶᠢᠨ ᠬᠤᠪᠢᠰᠬᠠᠯ ᠢ ᠭᠦᠨᠵᠡᠭᠡᠢ ᠠᠬᠢᠭᠤᠯᠵᠤ᠂ | ᠨᠡᠭᠦᠷᠡᠰᠦᠨ ᠤ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠯᠲᠠ ᠶᠢ ᠴᠢᠩᠭᠠᠳᠬᠠᠵᠤ᠂ ᠲᠤᠰᠤ ᠬᠡᠢ ᠶᠢᠨ ᠡᠬᠢ | ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠪᠠ ᠨᠥᠭᠡᠴᠡ ᠶᠢ ᠨᠡᠮᠡᠭᠳᠡᠭᠦᠯᠦᠨ ᠦᠢᠯᠡᠳᠪᠤᠷᠢᠯᠡᠯ ᠤᠨ | ᠴᠢᠳᠠᠪᠤᠷᠢ ᠶᠢ ᠨᠡᠮᠡᠭᠳᠡᠭᠦᠯᠬᠦ ᠡᠷᠴᠢᠮ ᠢ ᠴᠢᠩᠭᠠᠷᠠᠭᠤᠯᠵᠤ᠂ ᠰᠢᠨ᠎ᠡ ᠬᠡᠯᠪᠡᠷᠢ ᠶᠢᠨ ᠡᠨᠧᠷᠭᠢ ᠶᠢᠨ ᠰᠤᠷᠪᠤᠯᠵᠢ ᠶᠢᠨ | ᠰᠢᠰᠲ᠋ᠧᠮ ᠢ ᠲᠦᠷᠬᠡᠨ ᠢᠶᠠᠷ ᠲᠥᠯᠥᠪᠵᠢᠭᠦᠯᠦᠨ ᠪᠠᠶᠢᠭᠤᠯᠵᠤ᠂ ᠤᠰᠤᠨ ᠤ ᠬᠦᠴᠦ ᠪᠠᠷ ᠴᠠᠬᠢᠯᠭᠠᠨ ᠭᠠᠷᠭᠠᠬᠤ | ᠨᠡᠭᠡᠭᠡᠨ ᠠᠰᠢᠭᠯᠠᠯᠲᠠ ᠪᠠ ᠠᠮᠢ ᠠᠬᠤᠢ ᠶᠢᠨ ᠬᠠᠮᠠᠭᠠᠯᠠᠯᠲᠠ ᠶᠢ ᠨᠢᠭᠡᠳᠦᠯᠲᠡᠢ ᠲᠦᠯᠦᠪᠵᠢᠬᠦᠯᠵᠤ᠂ ᠴᠥᠮ᠎ᠡ ᠶᠢᠨ | ᠴᠠᠬᠢᠯᠭᠠᠨ ᠢ ᠠᠮᠤᠷ ᠲᠦᠪᠰᠢᠨ ᠡᠮᠬᠢ ᠵᠢᠷᠤᠮ ᠲᠠᠢ ᠬᠥᠭᠵᠢᠭᠦᠯᠵᠦ᠂ ᠡᠨᠧᠷᠭᠢ ᠶᠢᠨ ᠰᠤᠷᠪᠤᠯᠵᠢ ᠶᠢᠨ | ᠦᠢᠯᠡᠳᠪᠦᠷᠢᠯᠡᠬᠦ ᠬᠠᠩᠭᠠᠬᠤ ᠨᠥᠭᠡᠴᠡᠯᠡᠬᠦ ᠪᠣᠷᠣᠯᠠᠭᠤᠯᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ | ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠬᠡᠮᠵᠢᠶ᠎ᠠ ᠶᠢ ᠪᠦᠷᠢᠳᠭᠡᠵᠦ ᠲᠣᠭᠠᠴᠠᠭ᠎ᠠ ᠬᠢᠬᠦ ᠲᠦᠷᠢᠮ ᠢ ᠲᠡᠭᠦᠯᠳᠡᠷᠵᠢᠭᠦᠯᠵᠦ᠂ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠵᠠᠬ᠎ᠠ ᠳᠡᠯᠭᠡᠭᠦᠷ ᠲᠤ ᠠᠷᠠᠯᠵᠢᠶᠠᠯᠠᠬᠤ ᠲᠦᠷᠢᠮ ᠢ | ᠪᠦᠷᠢᠨᠰᠢᠭᠦᠯᠦᠨ᠎ᠡ᠃ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠤᠨ ᠰᠢᠩᠭᠡᠭᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠭᠤᠷ ᠠᠮᠢᠰᠭᠤᠯ ᠤᠨ ᠬᠤᠪᠢᠷᠠᠯᠲᠠ ᠶᠢ ᠠᠷᠭᠠᠴᠠᠭᠠᠬᠤ ᠪᠦᠬᠦ ᠪᠦᠮᠪᠦᠷᠴᠡᠭ ᠤᠨ | ᠵᠠᠰᠠᠯᠲᠠ ᠳᠤ ᠢᠳᠡᠪᠬᠢᠲᠡᠢ ᠣᠷᠣᠯᠴᠠᠨ᠎ᠠ᠃ | ᠠᠷᠪᠠᠨ ᠨᠢᠭᠡ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ | ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠨ᠎ᠠ | ᠤᠯᠤᠰ ᠤᠨ ᠠᠮᠤᠷ ᠲᠦᠪᠰᠢᠨ ᠪᠣᠯ ᠦᠨᠳᠦᠰᠦᠲᠡᠨ ᠤ ᠰᠡᠷᠭᠦᠨ ᠮᠠᠨᠳᠤᠯᠲᠠ ᠶᠢᠨ ᠦᠨᠳᠦᠰᠦ ᠰᠠᠭᠤᠷᠢ ᠮᠥᠨ᠂ | ᠨᠡᠶᠢᠭᠡᠮ ᠤᠨ ᠲᠣᠭᠲᠠᠭᠤᠨ ᠪᠠᠶᠢᠳᠠᠯ ᠪᠣᠯ ᠤᠯᠤᠰ ᠣᠷᠣᠨ ᠤ ᠬᠦᠴᠦᠷᠬᠡᠭᠵᠢᠨ ᠮᠠᠨᠳᠤᠬᠤ ᠶᠢᠨ ᠤᠷᠢᠲᠠᠯ ᠮᠥᠨ᠃ | ᠡᠷᠬᠡᠪᠰᠢ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠢᠪᠢᠰᠢ ᠦᠭᠡᠢ ᠲᠤᠭᠤᠰᠢᠯᠠᠭᠤᠯᠵᠤ᠂ | ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢ ᠨᠠᠮ ᠪᠠ ᠤᠯᠤᠰ ᠤᠨ ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ | ᠲᠤᠭᠤᠰᠢᠯᠠᠭᠤᠯᠤᠨ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ | ᠪᠠᠲᠤᠯᠠᠬᠤ ᠬᠡᠷᠡᠭᠲᠡᠢ᠃ | ᠪᠢᠳᠡ ᠠᠷᠠᠳ ᠲᠦᠮᠡᠨ ᠤ ᠠᠮᠤᠷ ᠲᠦᠪᠰᠢᠨ ᠢᠶᠠᠷ ᠵᠣᠷᠢᠯᠲᠠ ᠪᠣᠯᠭᠠᠬᠤ᠂ ᠤᠯᠤᠰ ᠲᠥᠷᠥ ᠶᠢᠨ ᠠᠮᠤᠷ | ᠲᠦᠪᠰᠢᠨ ᠢᠶᠠᠷ ᠦᠨᠳᠦᠰᠦ ᠪᠣᠯᠭᠠᠬᠤ᠂ ᠠᠵᠤ ᠠᠬᠤᠶ ᠶᠢᠨ ᠠᠮᠤᠷ ᠲᠦᠪᠰᠢᠨ ᠢᠶᠠᠷ ᠰᠠᠭᠤᠷᠢ ᠪᠣᠯᠭᠠᠬᠤ᠂ | ᠴᠡᠷᠢᠭ ᠤᠨ ᠶᠠᠪᠤᠳᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠣᠶᠣᠯ ᠨᠡᠶᠢᠭᠡᠮ ᠤᠨ ᠠᠮᠤᠷ ᠲᠦᠪᠰᠢᠨ ᠢᠶᠠᠷ | ᠪᠠᠲᠤᠯᠠᠭ᠎ᠠ ᠪᠣᠯᠭᠠᠬᠤ᠂ ᠣᠯᠠᠨ ᠤᠯᠤᠰ ᠤᠨ ᠠᠮᠤᠷ ᠲᠦᠪᠰᠢᠨ ᠢ ᠠᠬᠢᠭᠤᠯᠬᠤ ᠪᠠᠷ ᠲᠦᠰᠢᠭ ᠪᠣᠯᠭᠠᠬᠤ ᠶᠢ | ᠪᠠᠷᠢᠮᠳᠠᠯᠠᠵᠦ᠂ ᠭᠠᠳᠠᠭᠠᠳᠤ ᠠᠮᠤᠷ ᠲᠦᠪᠰᠢᠨ ᠪᠠ ᠳᠣᠲᠣᠭᠠᠳᠤ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠬᠦᠯᠬᠦ | ᠂ ᠨᠤᠲᠤᠭ ᠳᠡᠪᠢᠰᠭᠡᠷ ᠤᠨ ᠠᠮᠤᠷ ᠲᠦᠪᠰᠢᠨ ᠪᠠ ᠤᠯᠤᠰ ᠠᠷᠠᠳ ᠤᠨ ᠠᠮᠤᠷ ᠲᠦᠪᠰᠢᠨ᠂ ᠤᠯᠠᠮᠵᠢᠯᠠᠯᠲᠤ ᠠᠮᠤᠷ | ᠲᠦᠪᠰᠢᠨ ᠪᠠ ᠤᠯᠠᠮᠵᠢᠯᠠᠯᠲᠤ ᠪᠤᠰᠤ ᠠᠮᠤᠷ ᠲᠦᠪᠰᠢᠨ᠂ ᠲᠤᠰ ᠪᠡᠶ᠎ᠡ ᠶᠢᠨ ᠠᠮᠤᠷ ᠲᠦᠪᠰᠢᠨ ᠪᠠ ᠬᠠᠮᠲᠤ ᠶᠢᠨ | ᠠᠮᠤᠷ ᠲᠦᠪᠰᠢᠨ ᠢ ᠨᠢᠭᠡᠲᠦᠯᠲᠡᠢ ᠲᠦᠯᠦᠪᠵᠢᠬᠦᠯᠵᠦ᠂ ᠤᠯᠤᠰ ᠤᠨ ᠠᠮᠤᠷ ᠲᠦᠪᠰᠢᠨ ᠢ ᠨᠢᠭᠡᠳᠦᠯᠲᠡᠶ | ᠲᠥᠯᠥᠪᠵᠢᠬᠦᠯᠦᠨ ᠬᠠᠮᠠᠭᠠᠯᠠᠬᠤ ᠪᠠ ᠪᠤᠢ ᠪᠣᠯᠭᠠᠵᠦ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ | ᠪᠠᠶᠢᠳᠠᠯ ᠤᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠪᠦᠬᠦ ᠪᠦᠮᠪᠦᠷᠴᠡᠭ ᠤᠨ ᠠᠮᠤᠷ ᠲᠦᠪᠰᠢᠨ ᠤ | ᠵᠠᠰᠠᠯᠲᠠ ᠳᠤ ᠣᠷᠣᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠳᠤ | ᠳᠤᠮᠳᠠᠳᠤ ᠤᠯᠤᠰ ᠢ ᠪᠦᠲᠦᠭᠡᠨ ᠪᠠᠶᠢᠭᠤᠯᠵᠦ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠲᠤᠯᠠᠨ᠎ᠠ᠃ | ︵ᠨᠢᠭᠡ︶ ᠤᠯᠤᠰ ᠤᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠭᠦᠯᠦᠨ᠎ᠡ᠃ ᠤᠯᠤᠰ ᠤᠨ ᠠᠮᠤᠷ ᠲᠦᠪᠰᠢᠨ ᠤ | ᠠᠵᠢᠯ ᠳᠠᠬᠢ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠪᠠᠷᠢᠮᠲᠠᠯᠠᠵᠤ᠂ | ᠥᠨᠳᠥᠷ ᠪᠦᠲᠦᠮᠵᠢᠲᠡᠢ ᠡᠷᠬᠡ ᠰᠦᠷᠲᠦ ᠤᠯᠤᠰ ᠤᠨ ᠠᠮᠤᠷ ᠲᠦᠪᠰᠢᠨ ᠤ ᠤᠳᠤᠷᠢᠳᠬᠤ | ᠪᠠᠶᠢᠭᠤᠯᠤᠮᠵᠢ ᠶᠢ ᠲᠡᠭᠦᠯᠳᠡᠷᠵᠢᠭᠦᠯᠦᠨ᠎ᠡ᠃ ᠤᠯᠤᠰ ᠤᠨ ᠠᠮᠤᠷ ᠲᠦᠪᠰᠢᠨ ᠤ ᠠᠵᠢᠯ ᠤᠨ ᠵᠣᠬᠢᠴᠠᠭᠤᠯᠬᠤ | ᠲᠣᠭᠲᠠᠴᠠ ᠶᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠬᠠᠤᠯᠢᠵᠢᠯ ᠤᠨ ᠰᠢᠰᠲ᠋ᠧᠮ᠂ ᠪᠠᠶᠢᠯᠳᠤᠬᠤ | ᠪᠤᠳᠤᠯᠭ᠎ᠠ ᠶᠢᠨ ᠰᠢᠰᠲ᠋ᠧᠮ᠂ ᠲᠥᠷᠥ ᠶᠢᠨ ᠪᠤᠳᠤᠯᠭ᠎ᠠ ᠶᠢᠨ ᠰᠢᠰᠲ᠋ᠧᠮ᠂ ᠠᠶᠤᠯ ᠲᠦᠭᠰᠢᠭᠦᠷᠢ ᠶᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠂ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ | ᠰᠢᠰᠲ᠋ᠧᠮ ᠪᠣᠯᠤᠨ ᠴᠢᠬᠤᠯᠠ ᠲᠤᠰᠬᠠᠢ ᠲᠦᠷᠦᠯ ᠤᠨ ᠵᠣᠬᠢᠴᠠᠭᠤᠯᠤᠨ ᠵᠢᠯᠤᠭᠤᠳᠬᠤ ᠰᠢᠰᠲ᠋ᠧᠮ ᠢ ᠲᠡᠭᠦᠯᠳᠡᠷᠵᠢᠭᠦᠯᠵᠦ | ᠂ ᠠᠵᠤ ᠠᠬᠤᠢ᠂ ᠴᠢᠬᠤᠯᠠ ᠶᠡᠭᠡ ᠰᠠᠭᠤᠷᠢ ᠲᠥᠬᠦᠭᠡᠷᠦᠮᠵᠢ᠂ ᠮᠥᠩᠭᠦᠨ ᠭᠦᠢᠯᠭᠡᠭᠡᠨ᠂ ᠰᠦᠯᠵᠢᠶ᠎ᠡ᠂ ᠲᠤᠭ᠎ᠠ | ᠪᠠᠷᠢᠮᠲᠠ᠂ ᠠᠮᠢᠳᠤ ᠪᠣᠳᠠᠰ᠂ ᠡᠬᠢ ᠪᠠᠶᠠᠯᠢᠭ᠂ ᠴᠥᠮ᠎ᠡ᠂ ᠰᠠᠨᠰᠠᠷ᠂ ᠲᠠᠯᠠᠢ ᠲᠠᠩᠭᠢᠰ ᠵᠡᠷᠭᠡ ᠶᠢᠨ ᠠᠮᠤᠷ | ᠲᠦᠪᠰᠢᠨ ᠤ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠭᠠᠨ᠎ᠠ᠃ ᠵᠠᠯᠬᠠᠭᠠᠬᠤ ᠶᠢ ᠡᠰᠡᠷᠭᠦᠴᠡᠬᠦ᠂ | ᠭᠠᠷ ᠳᠥᠷᠥᠬᠦ ᠶᠢ ᠡᠰᠡᠷᠭᠦᠴᠡᠬᠦ᠂ ︽ᠭᠠᠷ ᠢᠶᠠᠨ ᠤᠷᠳᠤ ᠰᠤᠩᠭᠠᠬᠰᠠᠨ ᠬᠠᠷᠢᠶᠠᠯᠠᠯ︾ ᠢ ᠡᠰᠡᠷᠭᠦᠴᠡᠬᠦ ᠲᠣᠭᠲᠠᠴᠠ ᠶᠢ | ᠲᠡᠭᠦᠯᠳᠡᠷᠵᠢᠭᠦᠯᠦᠨ᠎ᠡ᠃ ᠤᠯᠤᠰ ᠤᠨ ᠠᠮᠤᠷ ᠲᠦᠪᠰᠢᠨ ᠤ ᠬᠦᠴᠦᠨ ᠤ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ | ᠪᠦᠬᠦ ᠣᠷᠣᠨ ᠪᠦᠰᠡ ᠬᠤᠯᠪᠣᠭᠠᠯᠠᠨ ᠬᠥᠳᠡᠯᠦᠯᠴᠡᠭᠰᠡᠨ᠂ ᠪᠣᠰᠤᠭ᠎ᠠ ᠴᠣᠭᠴᠠᠲᠤ ᠥᠨᠳᠥᠷ ᠪᠦᠲᠦᠮᠵᠢᠲᠡᠢ | ᠤᠯᠤᠰ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠤᠨ᠎ᠠ᠃ | ︵ᠬᠤᠶᠠᠷ︶ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠶᠢ ᠴᠢᠩᠭᠠᠳᠬᠠᠨ᠎ᠠ᠃ ᠤᠯᠤᠰ ᠤᠨ | ᠵᠠᠰᠠᠭ ᠤᠨ ᠡᠷᠬᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ ᠦᠵᠡᠯ ᠤᠬᠠᠮᠰᠠᠷ ᠤᠨ | ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠠᠮᠤᠷ | ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠤ ᠪᠤᠳᠠᠭ᠎ᠠ᠂ ᠡᠨᠧᠷᠭᠢ ᠶᠢᠨ ᠰᠤᠷᠪᠤᠯᠵᠢ ᠶᠢᠨ | ᠡᠬᠢ ᠪᠠᠶᠠᠯᠢᠭ᠂ ᠴᠢᠬᠤᠯᠠ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠢ | ᠦᠨᠡᠨ ᠬᠦ ᠪᠠᠲᠤᠯᠠᠵᠤ᠂ ᠭᠠᠳᠠᠭᠠᠳᠤ ᠳᠠᠬᠢ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠮᠠᠨ ᠤ ᠤᠯᠤᠰ ᠤᠨ ᠠᠷᠠᠳ ᠢᠷᠭᠡᠨ᠂ ᠬᠠᠤᠯᠢ ᠶᠢᠨ ᠡᠷᠬᠡᠲᠡᠨ ᠤ ᠭᠠᠳᠠᠭᠠᠳᠤ ᠳᠠᠬᠢ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠵᠤ᠂ ᠳᠠᠯᠠᠢ ᠲᠠᠩᠭᠢᠰ ᠤᠨ ᠡᠷᠬᠡ ᠠᠰᠢᠭ ᠢ ᠬᠠᠮᠠᠭᠠᠯᠠᠵᠤ᠂ ᠤᠯᠤᠰ ᠤᠨ ᠡᠷᠬᠡ | ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠨ᠎ᠠ᠃ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠰᠢᠰᠲ᠋ᠧᠮ ᠤᠨ ᠴᠢᠨᠠᠷᠲᠠᠢ ᠠᠮᠤᠷ | ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠲᠠᠶᠢᠰᠦᠩᠨᠠᠭᠴᠢ | ᠬᠦᠴᠦᠨ ᠤ ᠨᠡᠪᠴᠢᠯᠲᠡ ᠬᠢᠬᠦ᠂ ᠡᠪᠳᠡᠯᠡᠭᠡ ᠬᠢᠬᠦ᠂ ᠨᠤᠷᠠᠭᠠᠯᠳᠠ ᠬᠢᠬᠦ᠂ ᠬᠠᠭᠠᠴᠠᠭᠤᠯᠬᠤ ᠠᠵᠢᠯᠯᠠᠭ᠎ᠠ ᠬᠢᠬᠦ ᠳᠤ | ᠴᠢᠩᠭ᠎ᠠ ᠴᠣᠬᠢᠯᠲᠠ ᠥᠭᠭᠦᠨ᠎ᠡ᠃ ᠤᠯᠤᠰ ᠤᠨ ᠠᠮᠤᠷ ᠲᠦᠪᠰᠢᠨ ᠤ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ | ᠡᠯ᠎ᠡ ᠱᠠᠲᠤᠨ ᠤ ᠤᠳᠤᠷᠢᠳᠬᠤ ᠺᠠᠳ᠋ᠷᠴᠤᠳ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ | ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠡᠪ | ᠪᠣᠯᠪᠠᠰᠤᠷᠠᠯ ᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠠᠷᠠᠳ ᠲᠦᠮᠡᠨ ᠤ ᠰᠡᠷᠭᠡᠶᠢᠯᠡᠯᠲᠡ ᠶᠢᠨ | ᠱᠤᠭᠤᠮ ᠢ ᠪᠠᠲᠤ ᠴᠣᠭᠴᠠᠯᠠᠨ᠎ᠠ᠃ | ︵ᠭᠤᠷᠪᠠ︶ ᠣᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠠᠮᠤᠷ | ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠤᠯᠭᠠᠬᠤ ᠶᠢ ᠪᠠᠷᠢᠮᠲᠠᠯᠠᠵᠤ᠂ ᠶᠡᠭᠡ | ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠪᠣᠷᠣ ᠲᠥᠯᠥᠪ ᠢ ᠪᠠᠶᠢᠭᠤᠯᠤᠨ᠂ ᠤᠯᠠᠨ ᠨᠡᠶᠢᠲᠡ ᠶᠢᠨ | ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ | ᠵᠠᠭᠪᠤᠷ ᠤᠨ ᠤᠷᠢᠳᠴᠢᠯᠠᠨ ᠰᠡᠷᠭᠡᠶᠢᠯᠡᠬᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠠᠶᠤᠯᠭᠦᠢ | ᠦᠢᠯᠡᠳᠪᠦᠷᠢᠯᠡᠯ ᠤᠨ ᠲᠦᠭᠰᠢᠭᠦᠷᠢ ᠶᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠶᠢ ᠠᠬᠢᠭᠤᠯᠵᠤ᠂ | ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠠᠶᠤᠯᠭᠦᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ | ᠪᠠ ᠭᠡᠨᠡᠳᠲᠡ ᠡᠭᠦᠰᠦᠭᠰᠡᠨ ᠬᠦᠨᠳᠦ ᠶᠡᠭᠡ ᠤᠯᠠᠨ ᠨᠡᠶᠢᠲᠡ ᠶᠢᠨ ᠬᠡᠷᠡᠭ ᠢ ᠰᠢᠢᠳᠪᠦᠷᠢᠯᠡᠬᠦ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠤ | ᠪᠠᠶᠢᠭᠤᠯᠤᠯᠲᠠ ᠶᠢ ᠴᠢᠩᠭᠠᠳᠬᠠᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠠᠮᠢᠳᠤ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠭᠦᠯᠦᠨ᠎ᠡ᠃ ᠬᠤᠪᠢ ᠬᠥᠮᠥᠨ ᠤ | ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ | ︵ᠳᠥᠷᠪᠡ︶ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠠᠮᠲᠤ ᠪᠠᠷ ᠪᠠᠶᠢᠭᠤᠯᠬᠤ | ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠭᠦ ᠨᠡᠶᠢᠭᠡᠮ ᠤᠨ ᠵᠠᠰᠠᠯᠲᠠ ᠶᠢᠨ ᠳᠦᠷᠢᠮ ᠢ ᠪᠦᠷᠢᠨᠰᠢᠭᠦᠯᠵᠦ᠂ ᠨᠡᠶᠢᠭᠡᠮ ᠤᠨ | ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠦᠨᠳᠦᠰᠦᠨ ᠱᠠᠲᠤᠨ ᠳᠤ ᠰᠢᠨ᠎ᠡ ᠴᠠᠭ | ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠰᠢᠨ᠎ᠡ ᠪᠠᠶᠢᠳᠠᠯ ᠳᠣᠣᠷᠠᠬᠢ | ᠠᠷᠠᠳ ᠤᠨ ᠳᠣᠲᠣᠭᠠᠳᠤ ᠶᠢᠨ ᠵᠥᠷᠢᠴᠡᠯ ᠢ ᠵᠥᠪ ᠢᠶᠠᠷ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ | ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠣᠯᠠᠨ ᠲᠦᠮᠡᠨ ᠤ ᠬᠦᠰᠡᠯ | ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ | ᠰᠢᠯᠤᠭᠤᠳᠬᠠᠨ ᠵᠢᠷᠤᠮᠵᠢᠭᠤᠯᠵᠤ᠂ ᠲᠤᠤᠷᠵᠢᠭᠤᠯᠤᠬᠰᠠᠨ ᠬᠠᠮᠢᠶᠠᠷᠤᠯᠲᠠ᠂ ᠨᠠᠷᠢᠯᠢᠭᠵᠢᠭᠤᠯᠤᠭᠰᠠᠨ ᠦᠢᠯᠡᠴᠢᠯᠡᠭᠡ᠂ | ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠬᠤ ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠢ | ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ | ᠵᠥᠷᠢᠴᠡᠯ ᠵᠠᠭᠤᠷᠠᠯᠳᠤᠭᠠᠨ ᠢ ᠴᠠᠭ ᠲᠤᠬᠠᠢ ᠳᠤᠨᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠬᠤ | ᠱᠠᠲᠤᠨ ᠳᠤᠨᠢ ᠠᠷᠢᠯᠭᠠᠨ᠎ᠠ᠃ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ | ᠲᠦᠷᠭᠡᠳᠬᠡᠨ ᠠᠬᠢᠭᠤᠯᠵᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ | ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ | ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠶᠠᠯᠠᠲᠤ | ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠬᠡᠨ᠎ᠡ᠃ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ | ᠵᠠᠰᠠᠬᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠬᠦ | ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠵᠤ᠂ ᠬᠥᠮᠥᠨ ᠪᠦᠭᠦᠨ ᠬᠠᠷᠢᠭᠤᠴᠠᠯᠭ᠎ᠠ ᠲᠠᠢ᠂ ᠬᠥᠮᠥᠨ ᠪᠦᠭᠦᠨ | ᠬᠠᠷᠢᠭᠤᠴᠠᠯᠭ᠎ᠠ ᠪᠠᠨ ᠭᠦᠢᠴᠡᠳᠬᠡᠬᠦ᠂ ᠬᠥᠮᠥᠨ ᠪᠦᠭᠦᠨ ᠡᠳ᠋ᠯᠡᠭᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ | ᠴᠣᠭᠴᠠ ᠶᠢ ᠪᠠᠶᠢᠭᠤᠯᠤᠨ᠎ᠠ᠃ | ᠠᠷᠪᠠᠨ ᠬᠤᠶᠠᠷ᠂ ᠴᠡᠷᠢᠭ ᠠᠩᠭᠢ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠵᠦ᠂ | ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠰᠢᠨ᠎ᠡ ᠪᠠᠶᠢᠳᠠᠯ ᠢ ᠨᠡᠭᠡᠭᠡᠨ᠎ᠡ | ᠴᠡᠷᠢᠭ ᠠᠩᠭᠢ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠲᠣᠭᠲᠠᠭᠰᠠᠨ ᠬᠤᠭᠤᠴᠠᠭ᠎ᠠ ᠳᠤ | ᠪᠡᠶᠡᠯᠡᠭᠦᠯᠵᠦ᠂ ᠠᠷᠠᠳ ᠤᠨ ᠴᠡᠷᠢᠭ ᠠᠩᠭᠢ ᠶᠢ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠠᠩᠭᠢ ᠪᠣᠯᠭᠠᠨ | ᠪᠦᠲᠦᠭᠡᠨ ᠪᠠᠶᠢᠭᠤᠯᠬᠤ ᠶᠢ ᠲᠦᠷᠭᠡᠳᠬᠡᠬᠦ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠶᠢᠨ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠮᠥᠨ᠃ ᠡᠷᠬᠡᠪᠰᠢ ᠰᠢᠨ᠎ᠡ ᠴᠠᠭ | ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ | ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠠᠷᠠᠳ ᠤᠨ | ᠴᠡᠷᠢᠭ ᠠᠩᠭᠢ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠥᠷᠥ ᠪᠠᠷ ᠴᠡᠷᠢᠭ ᠢ | ᠪᠠᠶᠢᠭᠤᠯᠬᠤ᠂ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ | ᠴᠡᠷᠢᠭ ᠢ ᠬᠦᠴᠦᠷᠬᠡᠭᠵᠢᠭᠦᠯᠬᠦ᠂ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ᠂ ᠬᠠᠤᠯᠢ ᠶᠣᠰᠣᠭᠠᠷ ᠴᠡᠷᠢᠭ ᠢ | ᠵᠠᠰᠠᠬᠤ ᠶᠢ ᠪᠠᠷᠢᠮᠲᠠᠯᠠᠵᠤ᠂ ᠲᠡᠮᠡᠴᠡᠯ ᠬᠢᠬᠦ ᠶᠢᠨ ᠳᠠᠭᠠᠤ ᠲᠠᠶᠢᠨ ᠳᠤ ᠪᠡᠯᠡᠳᠬᠡᠬᠦ ᠪᠠ ᠪᠦᠲᠦᠭᠡᠨ ᠪᠠᠶᠢᠭᠤᠯᠤᠯᠲᠠ | ᠬᠢᠬᠦ ᠶᠢ ᠪᠠᠷᠢᠮᠲᠠᠯᠠᠵᠤ᠂ ᠮᠧᠬᠠᠨᠢᠭᠵᠢᠯᠲᠠ ᠮᠡᠳᠡᠭᠡ ᠵᠠᠩᠭᠢᠵᠢᠯᠲᠠ ᠣᠶᠤᠨᠴᠢᠯᠠᠯᠲᠠ ᠶᠢ ᠠᠭᠤᠰᠤᠯᠴᠠᠭᠤᠯᠤᠨ | ᠬᠥᠭᠵᠢᠭᠦᠯᠬᠦ ᠶᠢ ᠪᠠᠷᠢᠮᠲᠠᠯᠠᠵᠤ᠂ ᠴᠡᠷᠢᠭ ᠤᠨ ᠶᠠᠪᠤᠳᠠᠯ ᠤᠨ ᠤᠨᠤᠯ ᠤᠨ ᠣᠳᠣᠬᠢᠴᠢᠯᠠᠯᠲᠠ᠂ ᠴᠡᠷᠢᠭ ᠠᠩᠭᠢ ᠶᠢᠨ | ᠵᠣᠬᠢᠶᠠᠨ ᠪᠠᠶᠢᠭᠤᠯᠤᠯᠲᠠ ᠶᠢᠨ ᠭᠡᠯᠪᠡᠷᠢ ᠪᠠᠶᠢᠳᠠᠯ ᠤᠨ ᠣᠳᠣᠬᠢᠴᠢᠯᠠᠯᠲᠠ᠂ ᠴᠡᠷᠢᠭ ᠤᠨ ᠶᠠᠪᠤᠳᠠᠯ ᠤᠨ ᠠᠵᠢᠯᠲᠠᠨ ᠤ | ᠣᠳᠣᠬᠢᠴᠢᠯᠠᠯᠲᠠ᠂ ᠵᠡᠪᠰᠡᠭ ᠲᠣᠨᠣᠭᠯᠠᠯ ᠤᠨ ᠣᠳᠣᠬᠢᠴᠢᠯᠠᠯᠲᠠ ᠶᠢ ᠲᠦᠷᠭᠡᠳᠬᠡᠵᠦ᠂ ᠤᠯᠤᠰ ᠤᠨ ᠡᠷᠬᠡ ᠮᠡᠳᠡᠯ᠂ | ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠪᠠᠨ | ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠴᠡᠷᠢᠭ ᠠᠩᠭᠢ ᠶᠢᠨ ᠡᠭᠦᠷᠭᠡ ᠬᠠᠷᠢᠭᠤᠴᠠᠯᠭ᠎ᠠ ᠶᠢ | ᠪᠦᠲᠦᠮᠵᠢᠲᠡᠢ ᠭᠦᠢᠴᠡᠳᠬᠡᠬᠦ ᠬᠡᠷᠡᠭᠲᠡᠢ᠃ | ᠠᠷᠠᠳ ᠤᠨ ᠴᠡᠷᠢᠭ ᠠᠩᠭᠢ ᠶᠢᠨ ᠨᠠᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠵᠡᠪᠰᠡᠭ ᠥᠨᠢ | ᠡᠭᠦᠷᠢᠳᠡ ᠨᠠᠮ ᠤᠨ ᠵᠢᠯᠣᠭᠤᠳᠤᠯᠭ᠎ᠠ ᠶᠢ ᠳᠠᠭᠠᠬᠤ ᠶᠢ ᠦᠨᠡᠨ ᠬᠦ ᠪᠠᠲᠤᠯᠠᠨ᠎ᠠ᠃ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠬᠠᠷᠢᠭᠤᠴᠠᠬᠤ ᠳᠦᠷᠢᠮ ᠢ ᠲᠤᠭᠤᠰᠢᠯᠠᠭᠤᠯᠬᠤ ᠪᠠᠶᠢᠭᠤᠯᠤᠮᠵᠢ ᠲᠣᠭᠲᠠᠴᠠ ᠶᠢ | ᠪᠦᠷᠢᠨᠰᠢᠭᠦᠯᠦᠨ᠎ᠡ᠃ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂ ︽ | ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠰᠤᠷᠤᠯᠴᠠᠵᠤ᠂ ᠴᠡᠷᠢᠭ ᠢ ᠬᠦᠴᠦᠷᠬᠡᠭᠵᠢᠭᠦᠯᠬᠦ ᠦᠢᠯᠡᠰ ᠲᠤ | ᠭᠠᠪᠢᠶ᠎ᠠ ᠪᠠᠶᠢᠭᠤᠯᠬᠤ︾ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠨ᠎ᠡ᠃ ᠴᠡᠷᠢᠭ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ᠂ ᠴᠡᠷᠢᠭ ᠢ ᠬᠦᠴᠦᠷᠬᠡᠭᠵᠢᠭᠦᠯᠬᠦ ᠰᠣᠶᠣᠯ ᠢ ᠴᠡᠴᠡᠭᠯᠡᠭᠦᠯᠦᠨ | ᠬᠥᠭᠵᠢᠭᠦᠯᠵᠦ᠂ ᠲᠠᠶᠢᠴᠢᠨ ᠵᠣᠷᠢᠭ ᠰᠠᠨᠠᠭ᠎ᠠ ᠶᠢ ᠪᠣᠶᠢᠵᠢᠭᠤᠯᠬᠤ ᠶᠢ ᠴᠢᠩᠭᠠᠳᠬᠠᠨ᠎ᠠ᠃ ᠠᠷᠠᠳ ᠤᠨ ᠴᠡᠷᠢᠭ | ᠠᠩᠭᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠬᠦᠴᠦᠷᠬᠡᠭᠵᠢᠭᠦᠯᠦᠨ ᠪᠠᠶᠢᠭᠤᠯᠵᠤ᠂ ᠤᠯᠤᠰ | ᠲᠦᠷᠦ ᠶᠢᠨ ᠴᠡᠭᠴᠡᠯᠡᠯᠲᠡ ᠪᠣᠯᠪᠠᠰᠤᠷᠠᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ᠰᠤᠷᠲᠠᠯ ᠢ ᠲᠥᠪ | ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠨ᠎ᠠ᠃ | ᠴᠡᠷᠢᠭ ᠪᠤᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠪᠦᠭᠦ ᠲᠠᠯ᠎ᠠ ᠪᠠᠷ ᠴᠢᠩᠭᠠᠳᠬᠠᠵᠤ᠂ ᠠᠷᠠᠳ ᠤᠨ ᠴᠡᠷᠢᠭ | ᠠᠩᠭᠢ ᠶᠢᠨ ᠢᠯᠠᠯᠲᠠ ᠣᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠡᠳᠡᠭᠡ ᠵᠠᠩᠭᠢᠴᠢᠯᠠᠭᠰᠠᠨ ᠣᠶᠤᠨᠴᠢᠯᠠᠭᠰᠠᠨ | ᠲᠠᠶᠢᠨ ᠤ ᠣᠨᠴᠠᠯᠢᠭ ᠪᠠ ᠵᠢᠮ᠎ᠡ ᠶᠣᠰᠣ ᠶᠢ ᠰᠤᠳᠤᠯᠤᠨ ᠡᠵᠡᠮᠰᠢᠵᠦ᠂ ᠴᠡᠷᠢᠭ ᠤᠨ ᠶᠠᠪᠤᠳᠠᠯ ᠤᠨ ᠪᠠᠶᠢᠯᠳᠤᠬᠤ | ᠪᠣᠳᠣᠯᠭ᠎ᠠ ᠶᠢᠨ ᠵᠢᠯᠣᠭᠤᠳᠤᠯᠭ᠎ᠠ ᠶᠢᠨ ᠰᠢᠨ᠎ᠡ ᠶᠢ ᠡᠭᠦᠳᠴᠦ᠂ ᠠᠷᠠᠳ ᠤᠨ ᠳᠠᠶᠢᠨ ᠤ ᠪᠠᠶᠢᠯᠳᠤᠬᠤ ᠪᠣᠳᠣᠯᠭ᠎ᠠ | ᠪᠠᠶᠢᠯᠳᠤᠬᠤ ᠠᠷᠭ᠎ᠠ ᠶᠢ ᠬᠥᠭᠵᠢᠭᠦᠯᠦᠨ᠎ᠡ᠃ ᠪᠠᠶᠢᠯᠳᠤᠬᠤ ᠪᠣᠳᠣᠯᠭ᠎ᠠ ᠶᠢᠨ ᠬᠦᠴᠦᠷᠬᠡᠭ ᠶᠡᠭᠡ ᠰᠦᠷᠳᠡᠭᠦᠯᠭᠡ ᠶᠢᠨ | ᠬᠦᠴᠦᠨ ᠤ ᠰᠢᠰᠲ᠋ᠧᠮ ᠢ ᠪᠤᠢ ᠪᠤᠯᠭᠠᠵᠦ᠂ ᠰᠢᠨ᠎ᠡ ᠬᠦᠷᠢᠶ᠎ᠡ ᠰᠢᠨ᠎ᠡ ᠣᠨᠴᠠᠯᠢᠭ ᠴᠢᠨᠠᠷ ᠤᠨ ᠪᠠᠶᠢᠯᠳᠤᠬᠤ ᠬᠦᠴᠦᠨ ᠤ | ᠬᠠᠷᠢᠴᠠᠯ ᠢ ᠨᠡᠮᠡᠭᠳᠡᠭᠦᠯᠵᠦ᠂ ᠬᠥᠮᠥᠨ ᠦᠭᠡᠢ ᠣᠶᠤᠨᠴᠢ ᠪᠠᠶᠢᠯᠳᠤᠬᠤ ᠬᠦᠴᠦᠨ ᠤ ᠬᠥᠭᠵᠢᠯᠲᠡ ᠶᠢ ᠲᠦᠷᠭᠡᠳᠬᠡᠵᠦ᠂ | ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠬᠡᠷᠡᠭᠯᠡᠯᠲᠡ ᠶᠢ ᠨᠢᠭᠡᠳᠦᠯᠲᠡᠢ | ᠲᠥᠯᠥᠪᠵᠢᠭᠦᠯᠦᠨ᠎ᠡ᠃ ᠬᠠᠮᠲᠤᠷᠠᠭᠰᠠᠨ ᠪᠠᠶᠢᠯᠳᠤᠭᠠᠨ ᠤ ᠵᠢᠯᠤᠭᠤᠳᠬᠤ ᠰᠢᠰᠲ᠋ᠧᠮ ᠢ ᠰᠢᠯᠢᠳᠡᠭᠵᠢᠭᠦᠯᠵᠦ᠂ ᠲᠠᠩᠨᠠᠨ | ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠭᠦ᠂ ᠬᠠᠮᠲᠤᠷᠠᠨ ᠴᠣᠬᠢᠯᠲᠠ ᠥᠭᠭᠦ᠂ ᠪᠠᠶᠢᠯᠳᠤᠭᠠᠨ ᠤ ᠲᠠᠯᠠᠪᠤᠷ ᠤᠨ | ᠲᠤᠯᠭᠠᠭᠤᠷᠢᠯᠠᠯ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ | ᠠᠬᠢᠭᠤᠯᠤᠨ᠎ᠠ᠃ ᠪᠣᠳᠠᠲᠤ ᠲᠠᠶᠢᠨ ᠤ ᠮᠠᠶ᠋ᠢᠭ ᠤᠨ ᠴᠡᠷᠢᠭ ᠤᠨ ᠪᠣᠯᠪᠠᠰᠤᠷᠠᠯ ᠢ ᠭᠦᠨᠵᠡᠭᠡᠢ ᠠᠬᠢᠭᠤᠯᠵᠤ᠂ | ᠬᠠᠮᠲᠤᠷᠠᠭᠰᠠᠨ ᠪᠣᠯᠪᠠᠰᠤᠷᠠᠯ᠂ ᠡᠰᠡᠷᠭᠦᠴᠡᠯᠳᠦᠬᠦ ᠪᠣᠯᠪᠠᠰᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠴᠡᠷᠢᠭ ᠤᠨ ᠪᠣᠯᠪᠠᠰᠤᠷᠠᠯ ᠢ ᠭᠦᠨᠵᠡᠭᠡᠶᠢᠷᠡᠭᠦᠯᠦᠨ᠎ᠡ᠃ ᠴᠡᠷᠢᠭ ᠤᠨ ᠬᠦᠴᠦᠨ ᠤ ᠪᠠᠶᠢᠩᠭᠤᠵᠢᠭᠤᠯᠤᠭᠰᠠᠨ ᠤᠯᠠᠨ | ᠶᠠᠩᠵᠤᠴᠢᠯᠠᠭᠰᠠᠨ ᠬᠡᠷᠡᠭᠯᠡᠯᠲᠡ ᠶᠢ ᠴᠢᠩᠭᠠᠳᠬᠠᠵᠤ᠂ ᠴᠡᠷᠢᠭ ᠤᠨ ᠶᠠᠪᠤᠳᠠᠯ ᠤᠨ ᠲᠡᠮᠡᠴᠡᠯ ᠢ ᠡᠷᠡᠰ ᠪᠠᠲᠤ ᠪᠥᠭᠡᠳ | ᠠᠮᠢᠳᠤᠯᠢᠭ ᠢᠶᠠᠷ ᠥᠷᠨᠢᠭᠦᠯᠵᠦ᠂ ᠠᠮᠤᠷ ᠲᠦᠪᠰᠢᠨ ᠪᠠᠶᠢᠳᠠᠯ ᠢ ᠪᠤᠢ ᠪᠤᠯᠭᠠᠵᠤ᠂ ᠲᠦᠭᠰᠢᠭᠦᠷᠢ ᠮᠥᠷᠭᠦᠯᠳᠦᠭᠡᠨ ᠢ | ᠬᠤᠷᠢᠭᠯᠠᠨ ᠡᠵᠡᠮᠳᠡᠵᠦ᠂ ᠬᠡᠰᠡᠭ ᠲᠠᠯ᠎ᠠ ᠶᠢᠨ ᠲᠠᠶᠢᠨ ᠳᠤ ᠢᠯᠠᠯᠲᠠ ᠣᠯᠣᠨ᠎ᠠ᠃ | ᠴᠡᠷᠢᠭ ᠤᠨ ᠶᠠᠪᠤᠳᠠᠯ ᠤᠨ ᠵᠠᠰᠠᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ | ᠴᠡᠷᠢᠭ ᠠᠩᠭᠢ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠴᠡᠷᠢᠭ ᠤᠨ | ᠶᠠᠪᠤᠳᠠᠯ ᠤᠨ ᠬᠦᠴᠦᠨ ᠤ ᠪᠦᠲᠦᠴᠡ ᠪᠦᠷᠢᠯᠳᠦᠯ ᠢ ᠲᠡᠭᠦᠯᠳᠡᠷᠵᠢᠭᠦᠯᠵᠦ᠂ ᠴᠡᠷᠢᠭ ᠤᠨ ᠶᠠᠪᠤᠳᠠᠯ ᠤᠨ ᠲᠦᠷᠦ ᠶᠢᠨ | ᠪᠣᠳᠣᠯᠭ᠎ᠠ ᠳᠦᠷᠢᠮ ᠲᠣᠭᠲᠠᠭᠠᠯ ᠢ ᠰᠢᠰᠲ᠋ᠧᠮᠵᠢᠭᠦᠯᠦᠨ ᠰᠢᠯᠢᠳᠡᠭᠵᠢᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ | ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠡᠭᠦᠷᠭᠡ ᠶᠢᠨ ᠪᠠᠶᠢᠯᠳᠤᠭᠠᠨ ᠬᠢᠬᠦ | ᠪᠦᠲᠦᠭᠡᠨ ᠪᠠᠶᠢᠭᠤᠯᠤᠯᠲᠠ ᠬᠢᠬᠦ ᠪᠠ ᠲᠠᠶᠢᠨ ᠳᠤ ᠪᠡᠯᠡᠳᠬᠡᠬᠦ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ | ᠣᠳᠣᠬᠢᠴᠢᠯᠠᠭᠰᠠᠨ ᠠᠷᠤ ᠲᠠᠯ᠎ᠠ ᠶᠢᠨ ᠦᠢᠯᠡᠴᠢᠯᠡᠭᠡ ᠶᠢ ᠲᠦᠷᠭᠡᠨ ᠢᠶᠠᠷ ᠪᠠᠶᠢᠭᠤᠯᠵᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠵᠡᠪᠰᠡᠭ ᠲᠣᠨᠣᠭᠯᠠᠯ ᠤᠨ ᠴᠢᠬᠤᠯᠠ ᠶᠡᠭᠡ | ᠢᠨᠵᠧᠨᠧᠷᠢᠩ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠠᠶᠢᠴᠢᠨ ᠬᠦᠴᠦᠨ ᠪᠣᠯᠭᠠᠨ | ᠬᠤᠪᠢᠷᠠᠭᠤᠯᠬᠤ ᠶᠢ ᠲᠦᠷᠭᠡᠳᠬᠡᠨ᠎ᠡ᠃ ᠴᠡᠷᠢᠭ ᠤᠨ ᠶᠡᠭᠡ ᠳᠡᠭᠡᠳᠦ ᠰᠤᠷᠭᠠᠭᠤᠯᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠢᠨ᠎ᠡ ᠭᠡᠯᠪᠡᠷᠢ ᠶᠢᠨ ᠴᠡᠷᠢᠭ ᠤᠨ ᠶᠠᠪᠤᠳᠠᠯ ᠤᠨ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮ ᠢ | ᠬᠦᠴᠦᠷᠬᠡᠭᠵᠢᠭᠦᠯᠦᠨ ᠪᠠᠶᠢᠭᠤᠯᠵᠤ᠂ ᠴᠡᠷᠢᠭ ᠤᠨ ᠶᠠᠪᠤᠳᠠᠯ ᠤᠨ ᠬᠥᠮᠥᠨ ᠤ ᠬᠦᠴᠦᠨ ᠤ ᠡᠬᠢ ᠪᠠᠶᠠᠯᠢᠭ ᠤᠨ | ᠬᠠᠮᠢᠶᠠᠷᠤᠯᠲᠠ ᠶᠢᠨ ᠰᠢᠨ᠎ᠡ ᠶᠢ ᠡᠭᠦᠳᠦᠨ᠎ᠡ᠃ ᠬᠠᠤᠯᠢ ᠪᠠᠷ ᠴᠡᠷᠢᠭ ᠢ ᠵᠠᠰᠠᠬᠤ ᠲᠣᠭᠲᠠᠴᠠ ᠶᠢᠨ ᠪᠠᠶᠢᠭᠤᠯᠤᠯᠲᠠ ᠪᠠ | ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ | ᠴᠡᠷᠢᠭ ᠤᠨ ᠶᠠᠪᠤᠳᠠᠯ ᠤᠨ ᠬᠠᠤᠯᠢᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠠᠶᠢᠯᠳᠤᠬᠤ ᠪᠣᠳᠣᠯᠭ᠎ᠠ ᠶᠢᠨ | ᠬᠠᠮᠢᠶᠠᠷᠤᠯᠲᠠ ᠶᠢ ᠰᠠᠶᠢᠵᠢᠷᠠᠭᠤᠯᠵᠤ᠂ ᠴᠡᠷᠢᠭ ᠤᠨ ᠶᠠᠪᠤᠳᠠᠯ ᠤᠨ ᠰᠢᠰᠲ᠋ᠧᠮ ᠤᠨ ᠠᠵᠢᠯᠯᠠᠭᠠᠨ ᠤ ᠦᠢᠯᠡᠳᠦᠯ | ᠴᠢᠳᠠᠪᠤᠷᠢ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠠᠰᠢᠭ ᠢ | ᠲᠡᠭᠡᠭᠰᠢᠯᠡᠭᠦᠯᠦᠨ᠎ᠡ᠃ | ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢ ᠪᠠᠬᠢᠵᠢᠭᠦᠯᠦᠨ | ᠳᠡᠭᠡᠭᠰᠢᠯᠡᠭᠦᠯᠦᠨ᠎ᠡ᠃ ᠴᠡᠷᠢᠭ ᠠᠩᠭᠢ ᠪᠠ ᠣᠷᠣᠨ ᠨᠤᠲᠤᠭ ᠤᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢ | ᠨᠢᠭᠡᠳᠦᠯᠲᠡᠢ ᠲᠥᠯᠥᠪᠵᠢᠭᠦᠯᠬᠦ᠂ ᠲᠦᠷᠦ ᠶᠢᠨ ᠪᠣᠳᠣᠯᠭ᠎ᠠ ᠳᠦᠷᠢᠮ ᠢ ᠵᠣᠯᠭᠠᠭᠤᠯᠬᠤ᠂ ᠡᠬᠢ ᠪᠠᠶᠠᠯᠢᠭ ᠤᠨ | ᠡᠯᠧᠮᠧᠨ᠋ᠲ ᠢ ᠬᠠᠮᠲᠤ ᠪᠠᠷ ᠡᠳ᠋ᠯᠡᠭᠦ ᠶᠢ ᠴᠢᠩᠭᠠᠳᠬᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠰᠢᠰᠲ᠋ᠧᠮ ᠪᠠ ᠪᠠᠶᠢᠷᠢᠰᠢᠯ ᠢ ᠰᠢᠯᠢᠳᠡᠭᠵᠢᠭᠦᠯᠵᠦ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠦᠭᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠥᠮᠦᠵᠢᠯ ᠢ ᠭᠦᠨᠵᠡᠭᠡᠶᠢᠷᠡᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ | ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠤᠳᠤ ᠦᠶ᠎ᠡ ᠶᠢᠨ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠴᠡᠷᠢᠭ ᠬᠥᠮᠥᠨ ᠴᠡᠷᠢᠭ ᠤᠨ ᠭᠡᠷ ᠪᠦᠯᠢ ᠶᠢᠨ ᠢᠷᠠᠭᠤ ᠠᠯᠳᠠᠷ ᠤᠨ | ᠤᠷᠮᠠᠰᠢᠭᠤᠯᠤᠯ ᠪᠠ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠴᠡᠷᠢᠭ ᠵᠠᠰᠠᠭ ᠴᠡᠷᠢᠭ | ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠦᠨ᠎ᠡ᠃ | ᠠᠷᠠᠳ ᠤᠨ ᠴᠡᠷᠢᠭ ᠠᠩᠭᠢ ᠪᠣᠯ ᠢᠮᠠᠭᠲᠠ ᠨᠠᠮ ᠪᠠ ᠠᠷᠠᠳ ᠲᠦᠮᠡᠨ ᠤ ᠪᠦᠷᠢᠮᠦᠰᠦᠨ ᠢᠲᠡᠭᠡᠵᠦ ᠪᠤᠯᠬᠤ | ᠪᠠᠭᠠᠲᠤᠷᠯᠢᠭ ᠴᠡᠷᠢᠭ ᠠᠩᠭᠢ ᠮᠥᠨ᠂ ᠲᠡᠲᠡᠨ ᠳᠤ ᠤᠯᠤᠰ ᠤᠨ ᠡᠷᠬᠡ ᠮᠡᠳᠡᠯ᠂ ᠨᠢᠭᠡᠳᠦᠯ ᠪᠣᠯᠣᠨ ᠨᠤᠲᠤᠭ | ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠢᠲᠡᠭᠡᠯ ᠵᠣᠷᠢᠭ ᠪᠠ ᠴᠢᠳᠠᠪᠤᠷᠢ ᠪᠠᠶᠢᠨ᠎ᠠ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠪᠠᠶᠢᠯᠳᠤᠬᠤ | ᠪᠣᠳᠣᠯᠭ᠎ᠠ ᠶᠢᠨ ᠲᠦᠰᠢᠭ ᠲᠤᠯᠭᠠᠭᠤᠷᠢ ᠬᠠᠩᠭᠠᠬᠤ ᠢᠲᠡᠭᠡᠯ ᠵᠣᠷᠢᠭ ᠪᠠ ᠴᠢᠳᠠᠪᠤᠷᠢ ᠪᠠᠶᠢᠨ᠎ᠠ᠂ ᠳᠡᠯᠡᠬᠡᠢ ᠶᠢᠨ ᠡᠩᠬᠡ | ᠲᠠᠶᠢᠪᠤᠩ ᠪᠣᠯᠣᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠢᠲᠡᠭᠡᠯ ᠵᠣᠷᠢᠭ ᠪᠠ ᠴᠢᠳᠠᠪᠤᠷᠢ | ᠪᠠᠶᠢᠨ᠎ᠠ︕ | ᠠᠷᠪᠠᠨ ᠭᠤᠷᠪᠠ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢ ᠪᠠᠷᠢᠮᠲᠠᠯᠠᠨ | ᠲᠡᠭᠦᠯᠳᠡᠷᠵᠢᠭᠦᠯᠵᠦ᠂ ᠡᠬᠡ ᠤᠯᠤᠰ ᠤᠨ ᠨᠢᠭᠡᠳᠦᠯ ᠢ ᠠᠬᠢᠭᠤᠯᠤᠨ᠎ᠠ | ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠣᠯ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠠᠭᠤᠤ ᠶᠡᠭᠡ ᠡᠭᠦᠳᠦᠯᠲᠡ ᠮᠥᠨ᠂ ᠰᠢᠶᠠᠩᠭᠠᠩ᠂ ᠣᠣᠮᠧᠨ ᠤ ᠡᠬᠡ ᠤᠯᠤᠰ ᠲᠠᠭᠠᠨ ᠪᠤᠴᠠᠵᠤ | ᠢᠷᠡᠭᠰᠡᠨ ᠤ ᠳᠠᠷᠠᠭ᠎ᠠ ᠤᠷᠳᠤ ᠬᠤᠭᠤᠴᠠᠭ᠎ᠠ ᠪᠠᠷ ᠴᠡᠴᠡᠭᠯᠡᠨ ᠬᠥᠭᠵᠢᠵᠦ ᠲᠣᠭᠲᠠᠭᠤᠨ ᠪᠠᠶᠢᠬᠤ ᠶᠢ ᠪᠠᠲᠤᠯᠠᠬᠤ | ᠬᠠᠮᠤᠭ ᠤᠨ ᠰᠠᠶᠢᠨ ᠪᠠᠶᠢᠭᠤᠯᠤᠯ ᠤᠨ ᠲᠣᠬᠢᠷᠠᠭᠤᠯᠤᠯᠲᠠ ᠮᠥᠨ᠂ ᠡᠭᠦᠨ ᠢ ᠡᠷᠬᠡᠪᠰᠢ ᠤᠷᠳᠤ ᠬᠤᠭᠤᠴᠠᠭ᠎ᠠ | ᠪᠠᠷᠢᠮᠲᠠᠯᠠᠬᠤ ᠬᠡᠷᠡᠭᠲᠡᠢ᠃ | ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩ ᠤᠨ ᠬᠥᠮᠥᠨ ᠢᠶᠠᠷ ᠰᠢᠶᠠᠩᠭᠠᠩ ᠢ | ᠵᠠᠰᠠᠭᠤᠯᠬᠤ︾᠂ ︽ᠣᠣᠮᠧᠨ ᠤ ᠬᠥᠮᠥᠨ ᠢᠶᠠᠷ ᠣᠣᠮᠧᠨ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ | ᠵᠠᠰᠠᠬᠤ ᠴᠢᠭᠯᠡᠯᠲᠡ ᠶᠢ ᠪᠦᠭᠦ ᠲᠠᠯ᠎ᠠ ᠪᠠᠷ ᠣᠨᠣᠪᠴᠢᠲᠠᠶ᠂ ᠡᠷᠡᠰ ᠭᠤᠶᠢᠪᠢᠰᠢ ᠦᠭᠡᠢ ᠪᠠᠷ ᠲᠤᠭᠤᠰᠢᠯᠠᠭᠤᠯᠵᠤ᠂ | ᠬᠠᠤᠯᠢ ᠶᠣᠰᠣᠭᠠᠷ ᠰᠢᠶᠠᠩᠭᠠᠩ ᠢ ᠵᠠᠰᠠᠬᠤ ᠣᠣᠮᠧᠨ ᠢ ᠵᠠᠰᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠪᠠ | ᠦᠨᠳᠦᠰᠦ ᠪᠤᠯᠬᠤ ᠬᠠᠤᠯᠢ ᠳᠤ ᠲᠣᠭᠲᠠᠭᠠᠭᠰᠠᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠦᠨᠳᠦᠰᠦᠨ ᠬᠠᠤᠯᠢᠲᠤ | ᠡᠮᠬᠢ ᠵᠢᠷᠤᠮ ᠢ ᠬᠠᠮᠠᠭᠠᠯᠠᠨ᠎ᠠ᠃ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠠᠶᠢᠭᠤᠯᠤᠯ ᠤᠨ | ᠰᠢᠰᠲ᠋ᠧᠮ ᠢ ᠪᠠᠷᠢᠮᠲᠠᠯᠠᠨ ᠲᠡᠭᠦᠯᠳᠡᠷᠵᠢᠭᠦᠯᠵᠦ᠂ ᠲᠥᠪ ᠤᠨ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ | ᠨᠠᠶᠢᠳᠠᠪᠤᠷᠢᠵᠢᠭᠤᠯᠵᠤ᠂ ︽ᠤᠯᠤᠰ ᠢᠶᠠᠨ ᠬᠠᠶᠢᠷᠠᠯᠠᠭᠴᠢᠳ ᠢᠶᠠᠷ ᠰᠢᠶᠠᠩᠭᠠᠩ ᠢ ᠵᠠᠰᠠᠭᠤᠯᠬᠤ︾᠂ ︽ᠤᠯᠤᠰ ᠢᠶᠠᠨ | ᠬᠠᠶᠢᠷᠠᠯᠠᠭᠴᠢᠳ ᠢᠶᠠᠷ ᠣᠣᠮᠧᠨ ᠢ ᠵᠠᠰᠠᠭᠤᠯᠬᠤ︾ ᠵᠠᠷᠴᠢᠮ ᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ | ᠣᠨᠴᠠᠭᠠᠶ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠴᠠᠭᠠᠵᠠ ᠶᠢᠨ ᠳᠦᠷᠢᠮ ᠪᠠ | ᠬᠡᠷᠡᠭᠵᠢᠭᠦᠯᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠲᠥᠪ ᠤᠨ ᠪᠦᠭᠦ ᠲᠠᠯ᠎ᠠ ᠪᠠᠷ ᠬᠠᠮᠢᠶᠠᠷᠤᠨ ᠵᠠᠰᠠᠬᠤ | ᠡᠷᠬᠡ ᠶᠢ ᠪᠠᠷᠢᠮᠲᠠᠯᠠᠬᠤ ᠪᠠ ᠵᠠᠰᠠᠭ ᠵᠠᠬᠢᠷᠭᠠᠨ ᠤ ᠣᠨᠴᠠᠭᠠᠶ ᠣᠷᠣᠨ ᠤ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ | ᠡᠷᠬᠡ ᠶᠢ ᠪᠠᠲᠤᠯᠠᠬᠤ ᠶᠢ ᠬᠠᠷᠢᠯᠴᠠᠨ ᠨᠢᠭᠡᠳᠬᠡᠵᠦ᠂ ᠵᠠᠰᠠᠭ ᠵᠠᠬᠢᠷᠭᠠᠨ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ | ᠂ ᠵᠠᠰᠠᠭ ᠵᠠᠬᠢᠷᠭᠠᠨ ᠤ ᠳᠠᠷᠤᠭ᠎ᠠ ᠪᠠ ᠵᠠᠰᠠᠭ ᠵᠠᠬᠢᠷᠭᠠᠨ ᠤ ᠣᠨᠴᠠᠭᠠᠶ ᠣᠷᠣᠨ ᠤ ᠵᠠᠰᠠᠭ ᠤᠨ ᠣᠷᠳᠣᠨ ᠤ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠲᠡᠮᠵᠢᠵᠤ᠂ ᠪᠦᠭᠦ ᠲᠠᠯ᠎ᠠ ᠪᠠᠷ ᠵᠠᠰᠠᠬᠤ ᠴᠢᠳᠠᠪᠤᠷᠢ ᠪᠠ ᠬᠠᠮᠢᠶᠠᠷᠤᠨ ᠵᠠᠰᠠᠬᠤ | ᠲᠦᠪᠰᠢᠨ ᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠣᠨᠴᠠᠭᠠᠶ ᠣᠷᠣᠨ ᠤ ᠬᠠᠤᠯᠢ ᠴᠠᠭᠠᠵᠠ ᠶᠢᠨ ᠳᠦᠷᠢᠮ ᠪᠠ | ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠢᠶᠠᠩᠭᠠᠩ᠂ ᠣᠣᠮᠧᠨ ᠤ ᠬᠥᠷᠥᠩᠭᠡᠲᠦ ᠶᠣᠰᠣᠨ ᠤ | ᠪᠠᠶᠢᠭᠤᠯᠤᠯ ᠪᠠ ᠠᠮᠢᠳᠤᠷᠠᠯ ᠤᠨ ᠠᠷᠭ᠎ᠠ ᠮᠠᠶ᠋ᠢᠭ ᠢ ᠤᠷᠳᠤ ᠬᠤᠭᠤᠴᠠᠭ᠎ᠠ ᠪᠠᠷ ᠬᠤᠪᠢᠷᠠᠭᠤᠯᠬᠤ ᠦᠭᠡᠢ ᠪᠠᠶᠢᠬᠤ ᠶᠢ | ᠪᠠᠲᠤᠯᠠᠵᠤ᠂ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ | ᠠᠬᠢᠭᠤᠯᠤᠨ᠎ᠠ᠃ | ᠰᠢᠶᠠᠩᠭᠠᠩ᠂ ᠣᠣᠮᠧᠨ ᠤ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠭᠦᠨ ᠳᠠᠪᠬᠤᠷᠭ᠎ᠠ ᠶᠢᠨ ᠵᠥᠷᠢᠴᠡᠯ ᠪᠠ ᠠᠰᠠᠭᠤᠳᠠᠯ ᠢ | ᠰᠢᠢᠳᠪᠦᠷᠢᠯᠡᠬᠦ ᠶᠢ ᠲᠠᠮᠵᠢᠨ᠎ᠠ᠃ ᠰᠢᠶᠠᠩᠭᠠᠩ᠂ ᠣᠣᠮᠧᠨ ᠤ ᠳᠠᠪᠠᠭᠤᠯᠢᠭ ᠪᠠ ᠣᠨᠴᠠᠯᠢᠭ ᠢ ᠪᠠᠳᠠᠷᠠᠭᠤᠯᠵᠤ᠂ | ᠰᠢᠶᠠᠩᠭᠠᠩ᠂ ᠣᠣᠮᠧᠨ ᠤ ᠤᠯᠠᠨ ᠤᠯᠤᠰ ᠤᠨ ᠮᠥᠩᠭᠦᠨ ᠭᠦᠢᠯᠭᠡᠭᠡᠨ᠂ ᠠᠷᠠᠯᠵᠢᠶ᠎ᠠ᠂ ᠤᠰᠤᠨ ᠵᠠᠮ ᠤᠨ ᠲᠡᠭᠡᠭᠡᠪᠦᠷᠢ | ᠠᠭᠠᠷ ᠤᠨ ᠲᠡᠭᠡᠭᠡᠪᠦᠷᠢ᠂ ᠰᠢᠨ᠎ᠡ ᠶᠢ ᠡᠭᠦᠳᠭᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠰᠣᠶᠣᠯ ᠵᠢᠭᠤᠯᠴᠢᠯᠠᠯ | ᠵᠡᠷᠭᠡ ᠬᠦᠷᠢᠶᠡᠨ ᠳᠠᠬᠢ ᠪᠠᠶᠢᠷᠢ ᠰᠠᠭᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠰᠢᠶᠠᠩᠭᠠᠩ᠂ ᠣᠣᠮᠧᠨ ᠤ ᠡᠯ᠎ᠡ | ᠤᠯᠤᠰ ᠡᠯ᠎ᠡ ᠭᠠᠵᠠᠷ ᠣᠷᠣᠨ ᠯᠤᠭ᠎ᠠ ᠶᠢᠨ ᠨᠡᠩ ᠨᠡᠭᠡᠭᠡᠯᠲᠡᠲᠡᠢ᠂ ᠨᠡᠩ ᠨᠢᠭᠲᠠ ᠶᠠᠪᠤᠯᠴᠠᠭ᠎ᠠ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠨ᠎ᠡ᠃ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠰᠢᠶᠠᠩᠭᠠᠩ᠂ ᠣᠣᠮᠧᠨ ᠤ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ | ᠰᠠᠶᠢᠨ ᠠᠭᠤᠰᠤᠨ ᠣᠷᠣᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠳᠤ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠲᠠᠮᠵᠢᠨ᠎ᠠ᠃ | ᠤᠯᠤᠰ ᠢᠶᠠᠨ ᠬᠠᠶᠢᠷᠠᠯᠠᠬᠤ ᠰᠢᠶᠠᠩᠭᠠᠩ ᠢᠶᠠᠨ ᠬᠠᠶᠢᠷᠠᠯᠠᠬᠤ ᠣᠣᠮᠧᠨ ᠢᠶᠠᠨ ᠬᠠᠶᠢᠷᠠᠯᠠᠬᠤ ᠬᠦᠴᠦᠨ ᠢ ᠬᠥᠭᠵᠢᠭᠦᠯᠦᠨ | ᠪᠤᠵᠠᠭᠠᠶᠢᠷᠠᠭᠤᠯᠵᠤ᠂ ᠰᠢᠶᠠᠩᠭᠠᠩ ᠣᠣᠮᠧᠨ ᠤ ᠠᠬ᠎ᠠ ᠳᠡᠭᠦᠦ ᠨᠠᠷ ᠤᠨ ᠡᠬᠡ ᠣᠷᠣᠨᠴᠢ ᠵᠣᠷᠢᠭ ᠰᠠᠨᠠᠭ᠎ᠠ ᠶᠢ | ᠴᠢᠩᠭᠠᠳᠬᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ︽ᠨᠢᠭᠡ ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾ ᠶᠢ ᠳᠡᠮᠵᠢᠭᠦ ᠨᠡᠩ ᠥᠷᠭᠡᠨ ᠳᠡᠯᠭᠡᠷ ᠨᠢᠭᠡᠳᠦᠮᠡᠯ ᠹᠷᠣᠨᠲ ᠢ ᠪᠤᠢ ᠪᠣᠯᠭᠠᠨ᠎ᠠ᠃ ᠳᠤᠮᠳᠠᠳᠤ ᠤᠯᠤᠰ ᠢ | ᠡᠰᠡᠷᠭᠦᠴᠡᠬᠦ ᠰᠢᠶᠠᠩᠭᠠᠩ ᠣᠣᠮᠧᠨ ᠢ ᠰᠠᠮᠠᠭᠤᠷᠠᠭᠤᠯᠬᠤ ᠬᠦᠴᠦᠨ ᠳᠤ ᠡᠷᠡᠰ ᠴᠣᠬᠢᠯᠲᠠ ᠥᠭᠴᠦ᠂ ᠰᠢᠶᠠᠩᠭᠠᠩ | ᠣᠣᠮᠧᠨ ᠤ ᠬᠡᠷᠡᠭ ᠶᠠᠪᠤᠳᠠᠯ ᠳᠤ ᠭᠠᠳᠠᠭᠠᠳᠤ ᠶᠢᠨ ᠬᠦᠴᠦᠨ ᠤ ᠭᠠᠷ ᠲᠦᠷᠦᠭᠦ ᠶᠢ ᠡᠷᠡᠰ ᠰᠡᠷᠭᠡᠶᠢᠯᠡᠨ ᠬᠤᠷᠢᠭᠯᠠᠨ᠎ᠠ᠃ | | ᠲᠠᠶᠢᠸᠠᠨ ᠤ ᠠᠰᠠᠭᠤᠳᠠᠯ ᠢ ᠰᠢᠢᠳᠪᠦᠷᠢᠯᠡᠵᠦ᠂ ᠡᠬᠡ ᠤᠯᠤᠰ ᠤᠨ ᠪᠦᠷᠢᠨ ᠨᠢᠭᠡᠳᠦᠯ ᠢ ᠪᠡᠶᠡᠯᠡᠭᠦᠯᠬᠦ ᠪᠣᠯ ᠨᠠᠮ ᠤᠨ | ᠰᠢᠨᠲᠠᠷᠠᠰᠢ ᠦᠭᠡᠢ ᠴᠢᠷᠮᠠᠶᠢᠨ ᠲᠡᠮᠡᠴᠡᠬᠦ ᠲᠡᠦᠬᠡᠲᠦ ᠡᠭᠦᠷᠭᠡ ᠮᠥᠨ᠂ ᠪᠦᠭᠦ ᠳᠤᠮᠳᠠᠳᠤ ᠶᠢᠨ ᠬᠥᠪᠡᠭᠦᠳ ᠥᠬᠢᠳ ᠤᠨ | ᠬᠠᠮᠲᠤ ᠶᠢᠨ ᠬᠦᠰᠡᠯ ᠡᠷᠡᠮᠡᠯᠵᠡᠯ ᠮᠥᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ | ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠪᠠᠷᠢᠮᠲᠠᠯᠠᠨ ᠲᠤᠭᠤᠰᠢᠯᠠᠭᠤᠯᠵᠤ᠂ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭᠠᠨ ᠤ ᠭᠤᠣᠯᠯᠠᠬᠤ ᠡᠷᠬᠡ ᠪᠠ ᠰᠠᠨᠠᠭᠠᠴᠢᠯᠠᠭᠠᠲᠤ ᠡᠷᠬᠡ ᠶᠢ ᠪᠠᠲᠤ | ᠡᠵᠡᠮᠳᠡᠵᠦ᠂ ᠡᠬᠡ ᠤᠯᠤᠰ ᠢᠶᠠᠨ ᠨᠢᠭᠡᠳᠬᠡᠬᠦ ᠶᠡᠭᠡ ᠦᠢᠯᠡᠰ ᠢ ᠡᠷᠡᠰ ᠭᠤᠶᠢᠪᠢᠰᠢ ᠦᠭᠡᠢ ᠠᠬᠢᠭᠤᠯᠤᠨ᠎ᠠ᠃ | ︽ᠨᠠᠶᠢᠷᠠᠮᠳᠠᠯ ᠢᠶᠠᠷ ᠨᠢᠭᠡᠳᠬᠡᠬᠦ᠂ ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠪᠣᠯ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠨᠢᠭᠡᠳᠦᠯ ᠢ ᠪᠡᠶᠡᠯᠡᠭᠦᠯᠬᠦ ᠬᠠᠮᠤᠭ ᠤᠨ ᠰᠠᠶᠢᠨ ᠠᠷᠭ᠎ᠠ ᠭᠡᠯᠪᠡᠷᠢ ᠮᠥᠨ | ᠂ ᠡᠨᠡ ᠨᠢ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠪᠠ ᠳᠤᠮᠳᠠᠳᠤ ᠶᠢᠨ | ᠦᠨᠳᠦᠰᠦᠲᠡᠨ ᠳᠤ ᠬᠠᠮᠤᠭ ᠠᠴᠠ ᠠᠰᠢᠭᠲᠠᠢ ᠶᠤᠮ᠃ ᠪᠢᠳᠡ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ | ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ᠡᠨᠡ ᠬᠦ ᠰᠠᠭᠤᠷᠢᠨ ᠳᠡᠭᠡᠷ᠎ᠡ ᠪᠠᠨ ᠲᠠᠶᠢᠸᠠᠨ ᠤ | ᠡᠯ᠎ᠡ ᠨᠠᠮ ᠪᠦᠯᠦᠭ᠂ ᠡᠯ᠎ᠡ ᠡᠲᠡᠭᠡᠳ ᠢᠯᠭᠠᠯ᠂ ᠡᠯ᠎ᠡ ᠳᠠᠪᠬᠤᠷᠭ᠎ᠠ ᠶᠢᠨ ᠬᠥᠮᠥᠰ ᠲᠠᠢ ᠲᠠᠶᠢᠸᠠᠨ ᠬᠤᠭᠤᠯᠠᠢ ᠶᠢᠨ | ᠬᠤᠶᠠᠷ ᠬᠥᠪᠡᠭᠡᠨ ᠤ ᠬᠠᠷᠢᠴᠠᠭ᠎ᠠ ᠪᠣᠯᠣᠨ ᠤᠯᠤᠰ ᠣᠷᠣᠨ ᠤ ᠨᠢᠭᠡᠳᠦᠯ ᠤᠨ ᠲᠤᠬᠠᠢ ᠥᠷᠭᠡᠨ ᠳᠡᠯᠭᠡᠷ ᠭᠦᠨ | ᠭᠦᠨᠵᠡᠭᠡᠢ ᠵᠥᠪᠳᠡᠯᠴᠡᠭᠡ ᠬᠢᠬᠦ ᠶᠢ ᠠᠬᠢᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭ᠎ᠠ ᠶᠢᠨ | ᠨᠠᠶᠢᠷᠠᠮᠳᠠᠯ ᠢᠶᠠᠷ ᠭᠦᠭᠵᠢᠭᠦ ᠶᠢ ᠬᠠᠮᠲᠤ ᠪᠠᠷ ᠠᠬᠢᠭᠤᠯᠵᠤ᠂ ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ | ᠠᠬᠢᠴᠠ ᠶᠢ ᠠᠬᠢᠭᠤᠯᠤᠨ᠎ᠠ᠃ ᠪᠢᠳᠡ ᠲᠠᠶᠢᠸᠠᠨ ᠤ ᠥᠷᠭᠡᠨ ᠤᠯᠠᠨ ᠠᠬ᠎ᠠ ᠳᠡᠭᠦᠦ ᠨᠠᠷ ᠲᠠᠢ ᠪᠦᠯᠬᠦᠮᠳᠡᠬᠦ ᠶᠢ | ᠪᠠᠷᠢᠮᠲᠠᠯᠠᠵᠤ᠂ ᠲᠠᠶᠢᠸᠠᠨ ᠠᠷᠠᠯ ᠤᠨ ᠳᠣᠲᠣᠷᠠᠬᠢ ᠡᠬᠡ ᠣᠷᠣᠨᠴᠢ ᠨᠢᠭᠡᠳᠦᠮᠡᠯ ᠬᠦᠴᠦᠨ ᠢ ᠡᠷᠡᠰ ᠲᠡᠮᠵᠢᠵᠤ᠂ | ᠬᠠᠮᠲᠤ ᠪᠠᠷ ᠲᠡᠦᠬᠡ ᠶᠢᠨ ᠶᠡᠭᠡ ᠬᠠᠨᠳᠤᠰᠢ ᠶᠢ ᠡᠵᠡᠮᠳᠡᠵᠦ᠂ ᠦᠨᠳᠦᠰᠦᠲᠡᠨ ᠤ ᠶᠡᠭᠡ ᠵᠢᠷᠤᠮ ᠢ ᠪᠠᠲᠤ ᠰᠠᠬᠢᠵᠤ᠂ ︽ | ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠵᠦ ᠨᠢᠭᠡᠳᠦᠯ ᠢ ᠡᠷᠡᠰ ᠠᠬᠢᠭᠤᠯᠤᠨ᠎ᠠ᠃ ᠠᠭᠤᠤ ᠶᠡᠭᠡ ᠡᠬᠡ ᠤᠯᠤᠰ | ᠪᠣᠯ ᠤᠯᠤᠰ ᠢᠶᠠᠨ ᠬᠠᠶᠢᠷᠠᠯᠠᠬᠤ ᠪᠤᠢ ᠪᠦᠬᠦᠢ ᠨᠢᠭᠡᠳᠦᠮᠡᠯ ᠬᠦᠴᠦᠨ ᠤ ᠥᠨᠢ ᠡᠭᠦᠷᠢᠳᠡ ᠶᠢᠨ ᠪᠠᠲᠤ ᠴᠢᠩᠭ᠎ᠠ | ᠲᠦᠰᠢᠭ ᠮᠥᠨ︕ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠪᠣᠯ ᠤᠳᠤᠮ ᠤᠭᠰᠠᠭ᠎ᠠ ᠨᠢᠭᠡᠲᠡᠢ᠂ ᠴᠢᠰᠤ | ᠮᠢᠬᠠᠨ ᠤ ᠪᠠᠷᠢᠯᠳᠤᠯᠭ᠎ᠠ ᠲᠠᠢ ᠨᠢᠭᠡ ᠭᠡᠷ ᠤᠨ ᠬᠥᠮᠥᠨ ᠮᠥᠨ᠃ ᠪᠢᠳᠡ ᠢᠮᠠᠭᠲᠠ ᠲᠠᠶᠢᠸᠠᠨ ᠤ ᠠᠬ᠎ᠠ ᠳᠡᠭᠦᠦ ᠨᠠᠷ ᠢ | ᠭᠦᠨᠳᠦᠳᠭᠡᠵᠦ᠂ ᠬᠠᠶᠢᠷᠠᠯᠠᠨ ᠬᠠᠯᠠᠮᠵᠢᠯᠠᠵᠤ᠂ ᠲᠠᠲᠠᠨ ᠳᠤ ᠠᠵᠠ ᠵᠢᠷᠭᠠᠯ ᠡᠳ᠋ᠯᠡᠭᠦᠯᠵᠦ᠂ ᠲᠠᠶᠢᠸᠠᠨ ᠬᠤᠭᠤᠯᠠᠢ ᠶᠢᠨ | ᠬᠤᠶᠠᠷ ᠬᠥᠪᠡᠭᠡᠨ ᠤ ᠠᠵᠤ ᠠᠬᠤᠢ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠪᠠᠷ ᠦᠷᠭᠦᠯᠵᠢᠯᠡᠨ | ᠴᠢᠷᠮᠠᠶᠢᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠡᠯ᠎ᠡ ᠬᠦᠷᠢᠶᠡᠨ ᠤ ᠠᠭᠤᠰᠤᠯᠴᠠᠨ ᠭᠦᠭᠵᠢᠭᠦ ᠶᠢ | ᠭᠦᠨᠵᠡᠭᠡᠶᠢᠷᠡᠭᠦᠯᠵᠦ᠂ ᠲᠠᠶᠢᠸᠠᠨ ᠤ ᠠᠬ᠎ᠠ ᠳᠡᠭᠦᠦ ᠨᠠᠷ ᠤᠨ ᠪᠤᠶᠠᠨ ᠵᠢᠷᠭᠠᠯ ᠢ ᠨᠡᠮᠡᠭᠳᠡᠭᠦᠯᠬᠦ ᠳᠦᠷᠢᠮ ᠪᠠ ᠲᠦᠷᠦ ᠶᠢᠨ | ᠪᠣᠳᠣᠯᠭ᠎ᠠ ᠶᠢ ᠲᠡᠭᠦᠯᠳᠡᠷᠵᠢᠭᠦᠯᠵᠦ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠢᠨ ᠤ ᠳᠤᠮᠳᠠᠳᠤ ᠶᠢᠨ | ᠰᠣᠶᠣᠯ ᠢ ᠬᠠᠮᠲᠤ ᠪᠠᠷ ᠪᠠᠳᠠᠷᠠᠭᠤᠯᠬᠤ ᠶᠢ ᠠᠬᠢᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ | ᠳᠡᠭᠦᠦ ᠨᠠᠷ ᠤᠨ ᠰᠠᠨᠠᠭ᠎ᠠ ᠲᠠᠭᠠᠷᠠᠵᠤ ᠰᠡᠳᠬᠢᠯ ᠨᠡᠶᠢᠯᠡᠭᠦ ᠶᠢ ᠠᠬᠢᠭᠤᠯᠤᠨ᠎ᠠ᠃ | ᠲᠠᠶᠢᠸᠠᠨ ᠪᠣᠯ ᠳᠤᠮᠳᠠᠳᠤ ᠤᠯᠤᠰ ᠤᠨ ᠲᠠᠶᠢᠸᠠᠨ ᠮᠥᠨ᠃ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠪᠣᠯ | ᠳᠤᠮᠳᠠᠳᠤ ᠤᠯᠤᠰ ᠤᠨ ᠬᠥᠮᠥᠨ ᠤ ᠥᠪᠡᠷ ᠤᠨ ᠤᠴᠢᠷ ᠮᠥᠨ᠂ ᠡᠭᠦᠨ ᠢ ᠳᠤᠮᠳᠠᠳᠤ ᠤᠯᠤᠰ ᠤᠨ ᠬᠥᠮᠥᠨ | ᠲᠣᠭᠲᠠᠭᠠᠬᠤ ᠬᠡᠷᠡᠭᠲᠡᠢ᠃ ᠪᠢᠳᠡ ᠬᠠᠮᠤᠭ ᠤᠨ ᠦᠨᠡᠨᠴᠢ ᠰᠡᠳᠬᠢᠯ ᠢᠶᠠᠷ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ | ᠪᠠᠶᠢᠭᠠᠳ ᠨᠠᠶᠢᠷᠠᠮᠳᠠᠯ ᠢᠶᠠᠷ ᠨᠢᠭᠡᠳᠬᠡᠬᠦ ᠢᠷᠡᠭᠡᠳᠦᠢ ᠶᠢ ᠲᠡᠮᠡᠴᠡᠨ ᠣᠯᠬᠤ ᠶᠢ ᠪᠠᠷᠢᠮᠲᠠᠯᠠᠨ᠎ᠠ᠂ ᠭᠡᠪᠡᠴᠦ ᠵᠡᠪᠰᠡᠭᠲᠦ | ᠬᠦᠴᠦᠨ ᠬᠡᠷᠡᠭᠯᠡᠬᠦ ᠶᠢ ᠲᠠᠶᠠᠭᠳᠠᠨ᠎ᠠ ᠭᠡᠵᠦ ᠶᠠᠭᠠᠬᠢᠭᠰᠠᠨ ᠴᠸ ᠠᠮᠠᠯᠠᠬᠤ ᠦᠭᠡᠢ᠂ ᠠᠯᠢᠪᠠ ᠴᠢᠬᠤᠯᠠ ᠪᠦᠬᠦᠢ ᠠᠷᠭ᠎ᠠ | ᠬᠡᠮᠵᠢᠶ᠎ᠡ ᠠᠪᠬᠤ ᠰᠣᠩᠭᠤᠯᠲᠠ ᠪᠠᠨ ᠦᠯᠡᠳᠡᠭᠡᠨ᠎ᠡ᠂ ᠡᠨᠡ ᠨᠢ ᠭᠠᠳᠠᠭᠠᠳᠤ ᠶᠢᠨ ᠬᠦᠴᠦᠨ ᠤ ᠭᠠᠷ ᠲᠦᠷᠦᠭᠦ ᠪᠠ | ᠲᠤᠶᠢᠯ ᠤᠨ ᠴᠥᠭᠡᠨ ᠲᠣᠭᠠᠨ ᠤ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠡᠲᠡᠭᠡᠳ ᠵᠢᠴᠢ | ᠲᠡᠳᠡᠨ ᠤ ᠬᠠᠭᠠᠴᠠᠭᠤᠯᠬᠤ ᠠᠵᠢᠯᠯᠠᠭ᠎ᠠ ᠳᠤ ᠴᠢᠭᠯᠡᠭᠦᠯᠵᠦ ᠪᠠᠶᠢᠭ᠎ᠠ ᠶᠤᠮ᠂ ᠥᠷᠭᠡᠨ ᠤᠯᠠᠨ ᠲᠠᠶᠢᠸᠠᠨ ᠤ ᠠᠬ᠎ᠠ | ᠳᠡᠭᠦᠦ ᠨᠠᠷ ᠲᠤ ᠴᠢᠭᠯᠡᠭᠦᠯᠵᠦ ᠪᠠᠶᠢᠭ᠎ᠠ ᠶᠠᠪᠤᠳᠠᠯ ᠤᠬᠳᠤ ᠪᠢᠰᠢ᠃ ᠤᠯᠤᠰ ᠣᠷᠣᠨ ᠤ ᠨᠢᠭᠡᠳᠦᠯ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠲᠡᠦᠬᠡ ᠶᠢᠨ ᠬᠦᠷᠳᠦ ᠦᠷᠭᠦᠯᠵᠢᠯᠠᠨ ᠤᠷᠤᠭᠰᠢᠯᠠᠵᠤ ᠪᠠᠶᠢᠨ᠎ᠠ᠂ ᠡᠬᠡ ᠤᠯᠤᠰ ᠤᠨ ᠪᠦᠷᠢᠨ | ᠨᠢᠭᠡᠳᠦᠯ ᠢ ᠵᠠᠪᠠᠯ ᠪᠡᠶᠡᠯᠡᠭᠦᠯᠬᠦ ᠪᠥᠭᠡᠳ ᠯᠠᠪᠲᠠᠢ ᠪᠡᠶᠡᠯᠡᠭᠦᠯᠵᠦ ᠴᠢᠳᠠᠬᠤ ᠶᠤᠮ︕ | ᠠᠷᠪᠠᠨ ᠳᠥᠷᠪᠡ᠂ ᠳᠡᠯᠡᠬᠡᠢ ᠶᠢᠨ ᠡᠩᠬᠡ ᠲᠠᠶᠢᠪᠤᠩ ᠬᠢᠭᠡᠳ ᠬᠥᠭᠵᠢᠯᠲᠡ ᠶᠢ ᠠᠬᠢᠭᠤᠯᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ | ᠣᠳᠣᠬᠠᠨ ᠳᠤ᠂ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠠᠭ | ᠤᠷᠢᠳ ᠡᠮᠦᠨ᠎ᠡ ᠪᠠᠶᠢᠭ᠎ᠠ ᠦᠭᠡᠢ ᠭᠡᠯᠪᠡᠷᠢ ᠪᠠᠷ ᠶᠠᠪᠤᠭᠳᠠᠵᠤ ᠪᠠᠶᠢᠨ᠎ᠠ᠃ ᠨᠢᠭᠡ ᠲᠠᠯ᠎ᠠ ᠪᠠᠷ᠂ ᠡᠩᠬᠡ ᠲᠠᠶᠢᠪᠤᠩ᠂ | ᠬᠥᠭᠵᠢᠯᠲᠡ᠂ ᠬᠠᠮᠲᠤᠷᠠᠨ ᠠᠵᠢᠯᠯᠠᠬᠤ᠂ ᠬᠠᠮᠲᠤ ᠪᠠᠷ ᠠᠰᠢᠭ ᠭᠦᠷᠳᠡᠭᠦ ᠲᠡᠦᠬᠡ ᠶᠢᠨ ᠤᠷᠤᠰᠬᠠᠯ ᠬᠤᠷᠢᠭᠯᠠᠭᠳᠠᠰᠢ | ᠦᠭᠡᠢ ᠪᠠᠶᠢᠵᠤ᠂ ᠬᠥᠮᠥᠰ ᠤᠨ ᠰᠡᠳᠬᠢᠯ ᠤᠨ ᠬᠠᠨᠳᠤᠰᠢ᠂ ᠴᠠᠭ ᠤᠨ ᠪᠠᠶᠢᠳᠠᠯ ᠤᠨ ᠬᠠᠨᠳᠤᠰᠢ ᠨᠢ ᠬᠥᠮᠥᠨ | ᠲᠥᠷᠥᠯᠬᠢᠲᠡᠨ ᠤ ᠢᠷᠡᠭᠡᠳᠦᠢ ᠡᠴᠦᠰ ᠲᠡᠭᠡᠨ ᠭᠡᠭᠡᠨ ᠰᠠᠷᠠᠭᠤᠯ ᠪᠤᠯᠬᠤ ᠶᠢ ᠲᠣᠭᠲᠠᠭᠠᠪᠠ᠃ | ᠨᠦᠭᠦᠭᠡ ᠲᠠᠯ᠎ᠠ ᠪᠠᠷ᠂ ᠬᠦᠴᠦᠷᠬᠡᠭ ᠲᠡᠭᠡᠨ ᠡᠷᠳᠦᠨ ᠪᠠᠭᠤᠷᠠᠢ ᠶᠢ ᠳᠠᠷᠤᠯᠠᠬᠤ᠂ ᠮᠡᠭᠡ ᠪᠠᠷ ᠮᠥᠯᠵᠢᠵᠦ ᠬᠦᠴᠦ ᠪᠠᠷ | ᠪᠤᠯᠢᠶᠠᠬᠤ᠂ ᠲᠡᠭ ᠨᠡᠶᠢᠯᠡᠪᠦᠷᠢ ᠶᠢᠨ ᠦᠵᠡᠯᠴᠡᠭᠡᠨ ᠬᠢᠬᠦ ᠵᠡᠷᠭᠡ ᠡᠵᠡᠷᠬᠡᠭᠯᠡᠬᠦ ᠡᠵᠡᠷᠬᠡᠭᠯᠡᠨ ᠬᠠᠷᠭᠢᠰᠯᠠᠬᠤ ᠡᠵᠡᠷᠬᠡᠭᠯᠡᠨ | ᠳᠠᠷᠤᠯᠠᠬᠤ ᠠᠵᠢᠯᠯᠠᠭ᠎ᠠ ᠶᠢᠨ ᠬᠤᠣᠷ ᠬᠥᠨᠥᠭᠡᠯ ᠬᠦᠨᠳᠦ ᠨᠣᠴᠢᠲᠠᠢ ᠪᠣᠯᠵᠤ᠂ ᠡᠩᠬᠡ ᠲᠠᠶᠢᠪᠤᠩ ᠤᠨ ᠤᠯᠠᠭᠠᠨ ᠲᠤᠭ᠎ᠠ | ᠂ ᠬᠥᠭᠵᠢᠯᠲᠡ ᠶᠢᠨ ᠤᠯᠠᠭᠠᠨ ᠲᠤᠭ᠎ᠠ᠂ ᠠᠮᠤᠷ ᠲᠦᠪᠰᠢᠨ ᠤ ᠤᠯᠠᠭᠠᠨ ᠲᠤᠭ᠎ᠠ᠂ ᠵᠠᠰᠠᠯᠲᠠ ᠶᠢᠨ ᠤᠯᠠᠭᠠᠨ ᠲᠤᠭ᠎ᠠ | ᠬᠦᠨᠳᠦᠷᠡᠵᠦ᠂ ᠬᠥᠮᠥᠨ ᠲᠥᠷᠥᠯᠬᠢᠲᠡᠨ ᠤ ᠨᠡᠶᠢᠭᠡᠮ ᠤᠷᠢᠳ ᠡᠮᠦᠨ᠎ᠡ ᠪᠠᠶᠢᠭ᠎ᠠ ᠦᠭᠡᠢ ᠰᠢᠯᠭᠠᠯᠲᠠ ᠳᠤ ᠲᠤᠯᠭᠠᠷᠠᠵᠤ | ᠪᠠᠶᠢᠨ᠎ᠠ᠃ ᠳᠡᠯᠡᠬᠡᠢ ᠶᠢᠷᠲᠢᠨᠴᠦ ᠪᠠᠰᠠ ᠨᠢᠭᠡ ᠤᠳᠠᠭ᠎ᠠ ᠲᠡᠦᠬᠡ ᠶᠢᠨ ᠲᠣᠨᠣᠯᠵᠢᠨ ᠵᠠᠮ ᠳᠤ ᠵᠣᠭᠰᠣᠯ᠎ᠠ᠂ | ᠬᠠᠮᠢᠭᠠᠰᠢ ᠪᠠᠨ ᠶᠠᠪᠤᠬᠤ ᠨᠢ ᠡᠯ᠎ᠡ ᠤᠯᠤᠰ ᠤᠨ ᠠᠷᠠᠳ ᠲᠦᠮᠡᠨ ᠤ ᠰᠣᠩᠭᠤᠯᠲᠠ ᠪᠠᠷ ᠲᠣᠭᠲᠠᠭᠠᠭᠳᠠᠨ᠎ᠠ᠃ | ᠳᠤᠮᠳᠠᠳᠤ ᠤᠯᠤᠰ ᠢᠮᠠᠭᠲᠠ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ᠂ ᠬᠠᠮᠲᠤ ᠶᠢᠨ ᠬᠥᠭᠵᠢᠯᠲᠡ ᠶᠢ | ᠠᠬᠢᠭᠤᠯᠬᠤ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠵᠣᠷᠢᠯᠲᠠ ᠶᠢ ᠪᠠᠷᠢᠮᠲᠠᠯᠠᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠪᠠᠷ ᠴᠢᠷᠮᠠᠶᠢᠨ᠎ᠠ᠃ | ᠳᠤᠮᠳᠠᠳᠤ ᠤᠯᠤᠰ ᠪᠡᠶ᠎ᠡ ᠪᠠᠨ ᠳᠠᠭᠠᠭᠠᠵᠤ ᠡᠵᠡᠨ ᠮᠡᠳᠡᠭᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ | ᠪᠣᠳᠣᠯᠭ᠎ᠠ ᠶᠢ ᠡᠷᠡᠰ ᠬᠡᠷᠡᠭᠵᠢᠭᠦᠯᠵᠦ᠂ ᠢᠮᠠᠭᠲᠠ ᠤᠴᠢᠷ ᠶᠠᠪᠤᠳᠠᠯ ᠤᠨ ᠲᠤᠰ ᠪᠡᠶ᠎ᠡ ᠶᠢᠨ ᠵᠥᠪ ᠪᠤᠷᠤᠭᠤ ᠶᠢ | ᠦᠨᠳᠦᠰᠦᠯᠡᠨ ᠥᠪᠡᠷ ᠤᠨ ᠵᠣᠭᠰᠣᠯᠲᠠ ᠪᠠ ᠲᠦᠷᠦ ᠶᠢᠨ ᠪᠣᠳᠣᠯᠭ᠎ᠠ ᠪᠠᠨ ᠲᠣᠭᠲᠠᠭᠠᠵᠤ᠂ ᠤᠯᠤᠰ ᠤᠨ | ᠬᠤᠭᠤᠷᠤᠨᠳᠤᠭᠢ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠠᠭᠠᠯᠠᠵᠤ᠂ ᠤᠯᠠᠨ ᠤᠯᠤᠰ ᠤᠨ ᠲᠥᠪ ᠭᠤᠣᠯᠴᠢ | ᠰᠢᠳᠤᠷᠭᠤ ᠶᠣᠰᠣ ᠶᠢ ᠬᠠᠮᠠᠭᠠᠯᠠᠨ᠎ᠠ᠃ ᠳᠤᠮᠳᠠᠳᠤ ᠤᠯᠤᠰ ᠡᠯ᠎ᠡ ᠤᠯᠤᠰ ᠤᠨ ᠡᠷᠬᠡ ᠮᠡᠳᠡᠯ ᠪᠠ ᠨᠤᠲᠤᠭ | ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠭᠦᠨᠳᠦᠳᠭᠡᠵᠦ᠂ ᠤᠯᠤᠰ ᠶᠡᠭᠡ ᠪᠠᠭ᠎ᠠ᠂ ᠬᠦᠴᠦᠷᠬᠡᠭ ᠪᠠᠭᠤᠷᠠᠢ᠂ | ᠪᠠᠶᠠᠨ ᠶᠠᠳᠠᠭᠤ ᠶᠢᠨ ᠢᠯᠭᠠᠯ ᠦᠭᠡᠢ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠡᠯ᠎ᠡ ᠤᠯᠤᠰ ᠤᠨ ᠠᠷᠠᠳ | ᠲᠦᠮᠡᠨ ᠤ ᠪᠡᠶ᠎ᠡ ᠪᠠᠨ ᠳᠠᠭᠠᠭᠠᠵᠤ ᠰᠣᠩᠭᠤᠭᠰᠠᠨ ᠬᠥᠭᠵᠢᠯᠲᠡ ᠶᠢᠨ ᠵᠠᠮ ᠪᠠ ᠨᠡᠶᠢᠭᠡᠮ ᠤᠨ ᠪᠠᠶᠢᠭᠤᠯᠤᠯ ᠢ | ᠭᠦᠨᠳᠦᠳᠭᠡᠵᠦ᠂ ᠠᠯᠢᠪᠠ ᠭᠡᠯᠪᠡᠷᠢ ᠶᠢᠨ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠦᠷᠦ ᠶᠢ ᠡᠷᠡᠰ | ᠡᠰᠡᠷᠭᠦᠴᠡᠵᠦ᠂ ᠬᠦᠢᠲᠡᠨ ᠲᠠᠶᠢᠨ ᠤ ᠰᠡᠳᠬᠢᠬᠦᠢ ᠶᠢ ᠡᠰᠡᠷᠭᠦᠴᠡᠵᠦ᠂ ᠪᠤᠰᠤᠳ ᠤᠯᠤᠰ ᠤᠨ ᠳᠣᠲᠣᠭᠠᠳᠤ ᠵᠠᠰᠠᠭ ᠲᠤ | ᠭᠠᠷ ᠲᠦᠷᠦᠭᠦ ᠶᠢ ᠡᠰᠡᠷᠭᠦᠴᠡᠵᠦ᠂ ᠬᠤᠶᠠᠷᠳᠠᠮᠠᠯ ᠪᠠᠷᠢᠮᠵᠢᠶ᠎ᠠ ᠲᠣᠭᠲᠠᠭᠠᠬᠤ ᠶᠢ ᠡᠰᠡᠷᠭᠦᠴᠡᠨ᠎ᠡ᠃ ᠳᠤᠮᠳᠠᠳᠤ ᠤᠯᠤᠰ | ᠬᠤᠷᠢᠭᠯᠠᠯᠲᠠ ᠶᠢᠨ ᠴᠢᠨᠠᠷᠲᠠᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ | ᠂ ᠳᠤᠮᠳᠠᠳᠤ ᠤᠯᠤᠰ ᠤᠨ ᠬᠥᠭᠵᠢᠯᠲᠡ ᠪᠣᠯ ᠳᠡᠯᠡᠬᠡᠢ ᠶᠢᠨ ᠡᠩᠬᠡ ᠲᠠᠶᠢᠪᠤᠩ ᠤᠨ ᠬᠦᠴᠦᠨ ᠤ ᠨᠡᠮᠡᠭᠳᠡᠯ ᠮᠥᠨ᠂ | ᠬᠥᠭᠵᠢᠭᠡᠳ ᠶᠠᠮᠠᠷ ᠬᠡᠮᠵᠢᠶᠡᠨ ᠳᠤ ᠭᠦᠷᠦᠭᠰᠡᠠ ᠴᠦ ᠳᠤᠮᠳᠠᠳᠤ ᠤᠯᠤᠰ ᠡᠭᠦᠷᠢᠳᠡ ᠡᠵᠡᠷᠬᠡᠭᠴᠢ ᠪᠤᠯᠬᠤ ᠦᠭᠡᠢ᠂ | ᠡᠭᠦᠷᠢᠳᠡ ᠭᠠᠳᠠᠭᠰᠢ ᠲᠦᠷᠢᠭᠦ ᠦᠭᠡᠢ᠃ | ᠳᠤᠮᠳᠠᠳᠤ ᠤᠯᠤᠰ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠤᠨ ᠰᠠᠭᠤᠷᠢᠨ ᠳᠡᠭᠡᠷ᠎ᠡ ᠡᠯ᠎ᠡ ᠤᠯᠤᠰ | ᠯᠤᠭ᠎ᠠ ᠨᠥᠭᠦᠷᠰᠡᠭ ᠬᠠᠮᠲᠤᠷᠠᠯᠴᠠᠭ᠎ᠠ ᠪᠠᠨ ᠬᠥᠭᠵᠢᠭᠦᠯᠬᠦ ᠶᠢ ᠪᠠᠷᠢᠮᠲᠠᠯᠠᠵᠤ᠂ ᠰᠢᠨ᠎ᠡ ᠮᠠᠶ᠋ᠢᠭ ᠤᠨ ᠤᠯᠤᠰ ᠤᠨ | ᠬᠤᠭᠤᠷᠤᠨᠳᠤᠭᠢ ᠬᠠᠷᠢᠯᠴᠠᠭ᠎ᠠ ᠪᠠᠶᠢᠭᠤᠯᠬᠤ ᠶᠢ ᠠᠬᠢᠭᠤᠯᠵᠤ᠂ ᠡᠷᠬᠡ ᠲᠡᠭᠰᠢ᠂ ᠨᠡᠭᠡᠭᠡᠯᠲᠡᠲᠡᠢ᠂ ᠬᠠᠮᠲᠤᠷᠠᠨ | ᠠᠵᠢᠯᠯᠠᠬᠤ ᠪᠦᠭᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠡᠯ᠎ᠡ ᠤᠯᠤᠰ | ᠯᠤᠭ᠎ᠠ ᠶᠢᠨ ᠠᠰᠢᠭ ᠲᠤᠰᠠ ᠶᠢᠨ ᠨᠡᠶᠢᠯᠡᠯ ᠴᠡᠭ ᠢ ᠥᠷᠭᠡᠳᠬᠡᠬᠦ ᠪᠠᠷ ᠬᠦᠴᠦᠯᠡᠨ ᠴᠢᠷᠮᠠᠶᠢᠨ᠎ᠠ᠃ ᠲᠣᠮᠣ ᠤᠯᠤᠰ ᠤᠨ | ᠵᠣᠬᠢᠴᠠᠭᠤᠯᠭ᠎ᠠ ᠪᠠ ᠰᠠᠶᠢᠨ ᠦᠢᠯᠡᠳᠦᠯᠴᠡᠯ ᠢ ᠠᠬᠢᠭᠤᠯᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ | ᠶᠡᠷᠦᠩᠬᠡᠢ ᠳᠡᠭᠡᠨ ᠲᠣᠭᠲᠠᠭᠤᠨ᠂ ᠲᠡᠩᠴᠡᠭᠦᠷᠢᠲᠡᠢ ᠬᠥᠭᠵᠢᠬᠦ ᠲᠣᠮᠣ ᠤᠯᠤᠰ ᠤᠨ ᠬᠠᠷᠢᠯᠴᠠᠭᠠᠨ ᠤ ᠪᠠᠶᠢᠷᠢᠰᠢᠯ ᠢ | ᠪᠠᠶᠢᠭᠤᠯᠬᠤ ᠶᠢ ᠠᠬᠢᠭᠤᠯᠤᠨ᠎ᠠ᠃ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠪᠠᠶᠢᠬᠤ ᠪᠠ ᠬᠥᠷᠰᠢ | ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ᠂ ᠬᠥᠷᠰᠢ ᠵᠡᠷᠭᠡᠯᠡᠳᠡᠭᠡ ᠲᠠᠢ ᠪᠠᠨ ᠨᠠᠶᠢᠵᠠᠯᠠᠬᠤ ᠬᠥᠷᠰᠢ | ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ ᠴᠢᠭᠯᠡᠯᠲᠡ ᠶᠢ ᠪᠠᠷᠢᠮᠲᠠᠯᠠᠵᠤ᠂ ᠡᠷᠭᠢᠨ ᠲᠣᠭᠤᠷᠢᠨ ᠤ ᠤᠯᠤᠰ ᠤᠳ | ᠯᠤᠭ᠎ᠠ ᠶᠢᠨ ᠨᠥᠭᠦᠷᠰᠡᠭ ᠢᠲᠡᠭᠡᠯᠴᠡᠭᠡ ᠪᠠ ᠠᠰᠢᠭ ᠲᠤᠰᠠ ᠶᠢᠨ ᠠᠭᠤᠰᠤᠯᠴᠠᠭ᠎ᠠ ᠶᠢ ᠭᠦᠨᠵᠡᠭᠡᠶᠢᠷᠡᠭᠦᠯᠦᠨ᠎ᠡ᠃ | ᠦᠨᠡᠨ ᠪᠣᠳᠠᠲᠠᠢ ᠳᠣᠲᠣᠨᠣ ᠦᠨᠡᠨᠴᠢ ᠪᠠᠶᠢᠬᠤ ᠣᠶᠢᠯᠠᠭᠠᠭᠳᠠᠬᠤᠨ ᠪᠠ ᠵᠥᠪ ᠵᠢᠷᠤᠮ ᠠᠰᠢᠭ ᠤᠨ ᠦᠵᠡᠯᠲᠡ ᠶᠢ | ᠪᠠᠷᠢᠮᠲᠠᠯᠠᠨ ᠬᠥᠭᠵᠢᠵᠦ ᠪᠠᠶᠢᠭ᠎ᠠ ᠤᠯᠤᠰ ᠯᠤᠭ᠎ᠠ ᠶᠢᠨ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ | ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ᠃ ᠳᠤᠮᠳᠠᠳᠤ ᠤᠯᠤᠰ ᠤᠨ ᠡᠪ | ᠬᠠᠮᠲᠤ ᠨᠠᠮ ᠳᠤᠷᠠᠲᠠᠶ᠎ᠠ ᠪᠡᠶ᠎ᠡ ᠪᠠᠨ ᠳᠠᠭᠠᠭᠠᠵᠤ ᠡᠵᠡᠨ ᠮᠡᠳᠡᠭᠦ᠂ ᠪᠦᠷᠢᠮᠦᠰᠦᠨ ᠡᠷᠬᠡ ᠲᠡᠭᠰᠢ ᠪᠠᠶᠢᠬᠤ᠂ ᠬᠠᠷᠢᠯᠴᠠᠨ | ᠬᠦᠨᠳᠦᠳᠬᠡᠬᠦ᠂ ᠳᠣᠲᠣᠭᠠᠳᠤ ᠬᠡᠷᠡᠭ ᠲᠤ ᠬᠠᠷᠢᠯᠴᠠᠨ ᠭᠠᠷ ᠦᠯᠦ ᠲᠦᠷᠦᠭᠦ ᠵᠠᠷᠴᠢᠮ ᠤᠨ ᠰᠠᠭᠤᠷᠢᠨ ᠳᠡᠭᠡᠷ᠎ᠡ ᠡᠯ᠎ᠡ | ᠤᠯᠤᠰ ᠤᠨ ᠲᠦᠷᠦ ᠶᠢᠨ ᠨᠠᠮ ᠪᠠ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠯᠤᠭ᠎ᠠ ᠶᠢᠨ ᠰᠣᠯᠢᠯᠴᠠᠭ᠎ᠠ | ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ | ᠵᠥᠪᠯᠡᠯᠭᠡᠨ᠂ ᠴᠡᠷᠢᠭ ᠠᠩᠭᠢ᠂ ᠣᠷᠣᠨ ᠨᠤᠲᠤᠭ᠂ ᠠᠷᠠᠳ ᠤᠨ ᠬᠤᠭᠤᠷᠤᠨᠳᠤᠭᠢ ᠵᠡᠷᠭᠡ ᠡᠯ᠎ᠡ ᠲᠠᠯ᠎ᠠ ᠶᠢᠨ | ᠭᠠᠳᠠᠭᠠᠳᠤ ᠬᠠᠷᠢᠯᠴᠠᠭ᠎ᠠ ᠶᠢ ᠢᠳᠡᠪᠬᠢᠲᠡᠢ ᠠᠬᠢᠭᠤᠯᠤᠨ᠎ᠠ᠃ | ᠳᠤᠮᠳᠠᠳᠤ ᠤᠯᠤᠰ ᠭᠠᠳᠠᠭᠠᠳᠤ ᠨᠡᠭᠡᠭᠡᠯᠲᠡ ᠶᠢᠨ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠭᠦᠷᠳᠡᠭᠦ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠦᠨ᠂ | ᠳᠤᠮᠳᠠᠳᠤ ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠢ ᠳ᠋ᠠᠬᠢᠨ ᠳᠤ ᠰᠢᠨ᠎ᠡ ᠲᠣᠭᠢᠶᠠᠯ ᠲᠠᠰᠤᠷᠠᠯᠲᠠ ᠦᠭᠡᠢ | ᠬᠠᠩᠭᠠᠵᠤ᠂ ᠨᠡᠭᠡᠭᠡᠯᠲᠡᠲᠤ ᠭᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠠᠬᠢᠭᠤᠯᠵᠤ᠂ ᠡᠯ᠎ᠡ | ᠤᠯᠤᠰ ᠤᠨ ᠠᠷᠠᠳ ᠲᠦᠮᠡᠨ ᠳᠤ ᠨᠡᠩ ᠰᠠᠶᠢᠨ ᠠᠰᠢᠭ ᠬᠦᠷᠲᠡᠭᠡᠨ᠎ᠡ᠃ ᠳᠤᠮᠳᠠᠳᠤ ᠤᠯᠤᠰ ᠠᠵᠤ ᠠᠬᠤᠢ ᠶᠢᠨ | ᠳᠡᠯᠡᠬᠡᠶᠢᠵᠢᠯᠲᠡ ᠶᠢᠨ ᠵᠥᠪ ᠴᠢᠭᠯᠡᠯ ᠢ ᠪᠠᠷᠢᠮᠲᠠᠯᠠᠨ᠂ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠶᠢ ᠴᠢᠯᠦᠭᠡᠲᠡᠢ | ᠪᠤᠯᠭᠠᠬᠤ ᠪᠠ ᠲᠦᠭᠦᠮ ᠳᠥᠲᠡ ᠪᠤᠯᠬᠤ ᠶᠢ ᠠᠬᠢᠭᠤᠯᠵᠤ᠂ ᠬᠤᠶᠠᠷ ᠲᠠᠯᠠᠲᠤ᠂ ᠣᠷᠣᠨ ᠪᠦᠰᠡ ᠶᠢᠨ ᠪᠣᠯᠣᠨ ᠤᠯᠠᠨ | ᠲᠠᠯᠠᠲᠤ ᠬᠠᠮᠲᠤᠷᠠᠯᠴᠠᠭ᠎ᠠ ᠶᠢ ᠠᠬᠢᠭᠤᠯᠤᠨ᠂ ᠤᠯᠠᠨ ᠤᠯᠤᠰ ᠤᠨ ᠬᠤᠷᠸ᠎ᠠ ᠠᠵᠤ ᠠᠬᠤᠢ ᠶᠢᠨ ᠲᠦᠷᠦ ᠶᠢᠨ | ᠪᠣᠳᠣᠯᠭ᠎ᠠ ᠶᠢᠨ ᠵᠣᠬᠢᠴᠠᠭᠤᠯᠭ᠎ᠠ ᠶᠢ ᠠᠬᠢᠭᠤᠯᠵᠤ᠂ ᠬᠥᠭᠵᠢᠯᠲᠡ ᠳᠤ ᠠᠰᠢᠭᠲᠠᠢ ᠤᠯᠠᠨ ᠤᠯᠤᠰ ᠤᠨ ᠣᠷᠴᠢᠨ ᠢ | ᠬᠠᠮᠲᠤ ᠪᠠᠷ ᠪᠤᠢ ᠪᠤᠯᠭᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠢᠨ᠎ᠡ ᠬᠦᠳᠡᠯᠭᠡᠬᠦ | ᠡᠨᠧᠷᠭᠢ ᠶᠢ ᠬᠠᠮᠲᠤ ᠪᠠᠷ ᠪᠣᠶᠢᠵᠢᠭᠤᠯᠵᠤ᠂ ᠬᠠᠮᠠᠭᠠᠯᠠᠬᠤ ᠦᠵᠡᠯ ᠢ ᠡᠰᠡᠷᠭᠦᠴᠡᠵᠦ᠂ ︽ᠬᠡᠷᠡᠮ ᠪᠣᠰᠬᠠᠵᠤ ᠪᠠᠬᠢᠯᠡᠯᠲᠡ | ᠪᠠᠶᠢᠭᠤᠯᠬᠤ︾᠂ ︽ᠬᠠᠷᠢᠯᠴᠠᠭ᠎ᠠ ᠲᠠᠰᠤᠷᠠᠵᠤ ᠬᠡᠯᠬᠢᠶ᠎ᠡ ᠶᠢ ᠲᠠᠰᠤᠯᠬᠤ︾ ᠶᠢ ᠡᠰᠡᠷᠭᠦᠴᠡᠵᠦ᠂ ᠭᠠᠭᠴᠠ ᠲᠠᠯ᠎ᠠ ᠠᠴᠠ | ᠵᠠᠯᠬᠠᠭᠠᠯ ᠦᠵᠡᠭᠦᠯᠭᠦ᠂ ᠲᠤᠶᠢᠯ ᠤᠨ ᠶᠡᠭᠡ ᠳᠠᠷᠤᠯᠲᠠ ᠦᠵᠡᠭᠦᠯᠭᠦ ᠶᠢ ᠡᠰᠡᠷᠭᠦᠴᠡᠨ᠎ᠡ᠃ ᠳᠤᠮᠳᠠᠳᠤ ᠤᠯᠤᠰ | ᠳᠤᠷᠠᠲᠠᠶ᠎ᠠ ᠪᠦᠭᠦ ᠪᠥᠮᠪᠥᠷᠴᠡᠭ ᠤᠨ ᠬᠥᠭᠵᠢᠯᠲᠡ ᠶᠢᠨ ᠬᠠᠮᠲᠤᠷᠠᠯᠴᠠᠭᠠᠨ ᠳᠠᠬᠢ ᠡᠬᠢ ᠪᠠᠶᠠᠯᠢᠭ ᠤᠨ | ᠣᠷᠣᠭᠤᠯᠤᠯᠲᠠ ᠪᠠᠨ ᠨᠡᠮᠡᠭᠳᠡᠭᠦᠯᠵᠦ᠂ ᠡᠮᠦᠨᠡᠲᠦ ᠤᠮᠠᠷᠠᠲᠤ ᠶᠢᠨ ᠵᠥᠷᠢᠶ᠎ᠡ ᠶᠢ ᠪᠠᠭᠠᠰᠬᠠᠬᠤ ᠪᠠᠷ ᠬᠦᠴᠦᠯᠡᠨ | ᠴᠢᠷᠮᠠᠶᠢᠵᠤ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠤᠨ ᠬᠥᠭᠵᠢᠯᠲᠡ ᠪᠠᠨ ᠲᠦᠷᠭᠡᠳᠬᠡᠬᠦ ᠶᠢ ᠡᠷᠡᠰ | ᠳᠡᠮᠵᠢᠵᠦ ᠬᠠᠪᠰᠤᠷᠤᠨ᠎ᠠ᠃ | ᠳᠤᠮᠳᠠᠳᠤ ᠤᠯᠤᠰ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠣᠯᠣᠨ | ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠬᠠᠮᠲᠤ ᠪᠠᠷ ᠵᠥᠪᠳᠡᠯᠴᠡᠬᠦ ᠬᠠᠮᠲᠤ ᠪᠠᠷ ᠪᠠᠶᠢᠭᠤᠯᠬᠤ ᠬᠠᠮᠲᠤ ᠪᠠᠷ | ᠡᠳ᠋ᠯᠡᠭᠦ ᠪᠦᠭᠦ ᠪᠥᠮᠪᠥᠷᠴᠡᠭ ᠤᠨ ᠵᠠᠰᠠᠯᠲᠠ ᠶᠢᠨ ᠦᠵᠡᠯᠲᠡ ᠶᠢ ᠦᠢᠯᠡᠳᠦᠯᠭᠡᠵᠢᠭᠦᠯᠵᠦ᠂ ᠦᠨᠡᠨ ᠬᠦ ᠤᠯᠠᠨ ᠲᠠᠯᠠᠲᠤ | ᠦᠵᠡᠯ ᠢ ᠪᠠᠷᠢᠮᠲᠠᠯᠠᠨ᠂ ᠤᠯᠠᠨ ᠤᠯᠤᠰ ᠤᠨ ᠬᠠᠷᠢᠯᠴᠠᠭ᠎ᠠ ᠶᠢᠨ ᠠᠷᠠᠳᠴᠢᠯᠠᠯᠲᠠ ᠶᠢ ᠠᠬᠢᠭᠤᠯᠵᠤ᠂ ᠪᠦᠭᠦ | ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠭᠦᠭᠵᠢᠭᠦ ᠶᠢ ᠠᠬᠢᠭᠤᠯᠤᠨ᠎ᠠ᠃ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ᠂ ᠤᠯᠠᠨ | ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ᠂ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ ᠪᠤᠯᠭᠠᠬᠰᠠᠨ | ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠡᠷᠡᠰ ᠬᠠᠮᠠᠭᠠᠯᠠᠵᠤ᠂ ᠶᠠᠮᠠᠷᠪᠠ ᠭᠡᠯᠪᠡᠷᠢ ᠶᠢᠨ | ᠭᠠᠭᠴᠠ ᠲᠠᠯᠠᠲᠤ ᠦᠵᠡᠯ ᠢ ᠡᠰᠡᠷᠭᠦᠴᠡᠵᠦ᠂ ᠣᠨᠴᠠ ᠲᠣᠭᠲᠠᠭᠰᠠᠨ ᠤᠯᠤᠰ ᠲᠤ ᠴᠢᠭᠯᠡᠭᠦᠯᠦᠭᠰᠡᠨ ᠯᠡᠭᠧᠷ ᠤᠨ | ᠮᠠᠶ᠋ᠢᠭ ᠤᠨ ᠪᠠ ᠪᠤᠰᠤᠳ ᠢ ᠭᠠᠳᠠᠭᠤᠷᠴᠢᠯᠠᠬᠤ ᠴᠢᠨᠠᠷᠲᠠᠢ ᠵᠢᠵᠢᠭ ᠪᠦᠯᠭᠦᠮ ᠪᠠᠶᠢᠭᠤᠯᠬᠤ ᠶᠢ ᠡᠰᠡᠷᠭᠦᠴᠡᠨ᠎ᠡ᠃ | ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ | ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯᠠᠲᠤ ᠲᠣᠭᠲᠠᠴᠠ ᠶᠢᠨ ᠦᠢᠯᠡᠳᠦᠯ ᠢᠶᠠᠨ | ᠨᠡᠩ ᠰᠠᠶᠢᠲᠤᠷ ᠪᠠᠳᠠᠷᠠᠭᠤᠯᠬᠤ ᠶᠢ ᠠᠬᠢᠭᠤᠯᠵᠤ᠂ ᠠᠯᠳᠠᠨ ᠲᠣᠭᠤᠰᠭ᠋᠎ᠠ ᠶᠢᠨ ᠤᠯᠤᠰ᠂ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠬᠠᠮᠲᠤᠷᠠᠯᠴᠠᠭᠠᠨ ᠤ ᠲᠣᠭᠲᠠᠴᠠ ᠶᠢᠨ ᠨᠥᠯᠥᠭᠡᠯᠡᠬᠦ ᠬᠦᠴᠦᠨ ᠢ | ᠥᠷᠭᠡᠳᠬᠡᠵᠦ᠂ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠨ | ᠪᠦᠭᠦ ᠪᠥᠮᠪᠥᠷᠴᠡᠭ ᠤᠨ ᠬᠡᠷᠡᠭ ᠶᠠᠪᠤᠳᠠᠯ ᠳᠠᠬᠢ ᠲᠥᠯᠥᠭᠡᠯᠡᠬᠦ ᠴᠢᠨᠠᠷ ᠪᠣᠯᠣᠨ ᠦᠭᠡ ᠭᠡᠯᠡᠭᠦ ᠡᠷᠬᠡ ᠶᠢ ᠴᠢᠩᠭᠠᠳᠬᠠᠨ᠎ᠠ | ᠃ ᠳᠤᠮᠳᠠᠳᠤ ᠤᠯᠤᠰ ᠪᠦᠭᠦ ᠪᠥᠮᠪᠥᠷᠴᠡᠭ ᠤᠨ ᠠᠮᠤᠷ ᠲᠦᠪᠰᠢᠨ ᠤ ᠳᠦᠷᠢᠮ ᠢ ᠲᠣᠭᠲᠠᠭᠠᠬᠤ ᠳᠤ ᠢᠳᠡᠪᠬᠢᠲᠡᠢ | ᠣᠷᠤᠯᠴᠠᠬᠤ ᠪᠠᠨ ᠪᠠᠷᠢᠮᠲᠠᠯᠠᠵᠤ᠂ ᠤᠯᠠᠨ ᠤᠯᠤᠰ ᠤᠨ ᠠᠮᠤᠷ ᠲᠦᠪᠰᠢᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠩᠬᠡ ᠲᠠᠶᠢᠪᠤᠩ ᠢ ᠬᠠᠮᠠᠭᠠᠯᠠᠬᠤ ᠠᠵᠢᠯᠯᠠᠭ᠎ᠠ ᠳᠤ ᠢᠳᠡᠪᠬᠢᠲᠡᠢ | ᠣᠷᠣᠯᠴᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠭᠠᠵᠠᠷ ᠣᠷᠣᠨ ᠤ ᠲᠣᠭᠲᠠᠭᠤᠨ ᠢ ᠬᠠᠮᠠᠭᠠᠯᠠᠬᠤ ᠳᠤ | ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠨ᠎ᠡ᠃ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠳᠡᠯᠡᠬᠡᠢ ᠶᠢᠨ ᠡᠯ᠎ᠡ | ᠤᠯᠤᠰ ᠤᠨ ᠠᠷᠠᠳ ᠲᠦᠮᠡᠨ ᠤ ᠢᠷᠡᠭᠡᠳᠦᠢ ᠮᠥᠨ᠃ ᠲᠦᠮᠡᠨ ᠪᠣᠳᠠᠰ ᠵᠡᠷᠭᠡᠳᠡ ᠠᠮᠢᠯᠠᠨ ᠲᠥᠯᠵᠢᠪᠡᠴᠦ ᠬᠠᠷᠢᠯᠴᠠᠨ | ᠬᠤᠬᠢᠷᠠᠭᠤᠯᠬᠤ ᠦᠭᠡᠢ᠂ ᠶᠣᠰᠣ ᠳᠦᠷᠢᠮ ᠵᠡᠷᠭᠡᠳᠡ ᠣᠷᠣᠰᠢᠪᠠᠴᠤ ᠬᠠᠷᠢᠯᠴᠠᠨ ᠬᠠᠷᠰᠢᠯᠳᠤᠬᠤ ᠦᠭᠡᠢ᠃ ᠭᠠᠭᠴᠠ ᠬᠦ | ᠡᠯ᠎ᠡ ᠤᠯᠤᠰ ᠳᠡᠯᠡᠬᠡᠢ ᠳ᠋ᠠᠬᠢᠨ ᠤ ᠳᠠᠷᠳᠠᠩ ᠵᠠᠮ ᠢᠶᠠᠷ ᠵᠠᠮᠨᠠᠵᠤ᠂ ᠡᠶ᠎ᠡ ᠨᠠᠶᠢᠷᠰᠠᠭ ᠢᠶᠠᠷ ᠬᠠᠮᠲᠤ ᠣᠷᠣᠰᠢᠵᠤ᠂ | ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠳᠡᠪᠡᠯ᠂ ᠴᠡᠴᠡᠭᠯᠡᠯ ᠬᠥᠭᠵᠢᠯ ᠰᠠᠶ᠋ᠢ ᠥᠨᠢ ᠤᠳᠠᠭᠠᠨ | ᠦᠷᠭᠦᠯᠵᠢᠯᠡᠵᠦ᠂ ᠠᠮᠤᠷ ᠲᠦᠪᠰᠢᠨ ᠰᠠᠶ᠋ᠢ ᠪᠠᠲᠤᠯᠠᠭ᠎ᠠ ᠲᠠᠢ ᠪᠣᠯᠵᠤ ᠴᠢᠳᠠᠨ᠎ᠠ᠃ ᠳᠤᠮᠳᠠᠳᠤ ᠤᠯᠤᠰ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ ᠶᠢ ᠳᠤᠷᠠᠳᠤᠭᠰᠠᠨ ᠪᠥᠭᠡᠳ ᠳᠤᠷᠠᠲᠠᠶ᠎ᠠ ᠳᠡᠯᠡᠬᠡᠢ ᠨᠡᠶᠢᠭᠡᠮ ᠲᠠᠢ ᠬᠠᠮᠲᠤ ᠪᠠᠷ ᠴᠢᠷᠮᠠᠶᠢᠨ | ᠨᠠᠶᠢᠳᠠᠪᠤᠷᠢᠵᠢᠭᠤᠯᠤᠨ᠎ᠠ᠃ ᠳᠤᠮᠳᠠᠳᠤ ᠤᠯᠤᠰ ᠶᠠᠷᠢᠯᠴᠠᠭ᠎ᠠ ᠵᠥᠪᠳᠡᠯᠴᠡᠭᠡ ᠬᠢᠬᠦ ᠶᠢ ᠪᠠᠷᠢᠮᠲᠠᠯᠠᠵᠤ᠂ ᠥᠨᠢ ᠤᠳᠠᠭᠠᠨ | ᠡᠩᠬᠡ ᠲᠠᠶᠢᠪᠤᠩ ᠪᠠᠶᠢᠬᠤ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠭᠢᠭᠤᠯᠤᠨ᠎ᠠ ︔ ᠬᠠᠮᠲᠤ ᠪᠠᠷ ᠪᠠᠶᠢᠭᠤᠯᠵᠤ | ᠬᠠᠮᠲᠤ ᠪᠠᠷ ᠡᠳ᠋ᠯᠡᠭᠦ ᠶᠢ ᠪᠠᠷᠢᠮᠲᠠᠯᠠᠵᠤ᠂ ᠨᠡᠶᠢᠳᠡᠮ ᠳᠡᠭᠡᠨ ᠠᠮᠤᠷ ᠲᠦᠪᠰᠢᠨ ᠪᠠᠶᠢᠬᠤ ᠳᠡᠯᠡᠬᠡᠢ ᠶᠢᠷᠲᠢᠨᠴᠦ ᠶᠢ | ᠪᠠᠶᠢᠭᠤᠯᠬᠤ ᠶᠢ ᠠᠭᠢᠭᠤᠯᠤᠨ᠎ᠠ ︔ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ | ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠭᠢᠭᠤᠯᠤᠨ᠎ᠠ ︔ ᠰᠣᠯᠢᠯᠴᠠᠭ᠎ᠠ | ᠬᠢᠵᠦ ᠬᠠᠷᠢᠯᠴᠠᠨ ᠲᠣᠯᠢ ᠪᠤᠯᠭᠠᠬᠤ ᠶᠢ ᠪᠠᠷᠢᠮᠲᠠᠯᠠᠵᠤ᠂ ᠨᠡᠭᠡᠭᠡᠯᠲᠡᠲᠡᠢ ᠪᠠᠭᠲᠠᠭᠠᠮᠵᠢᠲᠠᠢ ᠳᠡᠯᠡᠬᠡᠢ ᠶᠢᠷᠲᠢᠨᠴᠦ ᠶᠢ | ᠪᠠᠶᠢᠭᠤᠯᠬᠤ ᠶᠢ ᠠᠭᠢᠭᠤᠯᠤᠨ᠎ᠠ ︔ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠢ | ᠪᠠᠷᠢᠮᠲᠠᠯᠠᠵᠤ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠬᠢᠭᠤᠯᠤᠨ᠎ᠠ | ᠃ | ᠳᠡᠯᠡᠬᠡᠢ ᠶᠢᠨ ᠡᠯ᠎ᠡ ᠤᠯᠤᠰ ᠤᠨ ᠬᠢᠨ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ | ᠠᠷᠠᠳᠴᠢᠯᠠᠯ᠂ ᠡᠷᠬᠡ ᠴᠢᠯᠦᠭᠡ ᠶᠢ ᠡᠷᠬᠢᠮᠯᠡᠭᠰᠡᠨ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ | ᠪᠠᠳᠠᠷᠠᠭᠤᠯᠵᠤ᠂ ᠡᠯ᠎ᠡ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠬᠤ ᠪᠠ ᠳᠣᠲᠣᠨᠣᠰᠤᠭ ᠪᠠᠶᠢᠬᠤ ᠶᠢ | ᠠᠬᠢᠭᠤᠯᠵᠤ᠂ ᠳᠡᠯᠡᠬᠡᠢ ᠶᠢᠨ ᠪᠣᠯᠪᠠᠰᠤᠨ ᠤ ᠤᠯᠠᠨ ᠶᠠᠩᠵᠤᠲᠤ ᠴᠢᠨᠠᠷ ᠢ ᠭᠦᠨᠳᠦᠳᠭᠡᠵᠦ᠂ ᠪᠣᠯᠪᠠᠰᠤᠨ ᠤ | ᠰᠣᠯᠢᠯᠴᠠᠭ᠎ᠠ ᠪᠠᠷ ᠪᠣᠯᠪᠠᠰᠤᠨ ᠤ ᠵᠠᠪᠰᠠᠷᠳᠠᠯ ᠢ ᠳᠠᠪᠠᠵᠤ᠂ ᠪᠣᠯᠪᠠᠰᠤᠨ ᠢᠶᠠᠨ ᠬᠠᠷᠢᠯᠴᠠᠨ ᠲᠣᠯᠢᠯᠠᠬᠤ ᠪᠠᠷ | ᠪᠣᠯᠪᠠᠰᠤᠨ ᠤ ᠮᠦᠷᠭᠦᠯᠳᠦᠭᠡᠨ ᠢ ᠳᠠᠪᠠᠵᠤ᠂ ᠪᠣᠯᠪᠠᠰᠤᠨ ᠤ ᠬᠠᠮᠲᠤ ᠪᠠᠷ ᠣᠷᠣᠰᠢᠬᠤ ᠪᠠᠷ ᠪᠣᠯᠪᠠᠰᠤᠨ ᠤ | ᠳᠠᠪᠠᠮᠠᠭᠠᠶᠢᠯᠠᠯ ᠢ ᠳᠠᠪᠠᠵᠤ᠂ ᠪᠦᠭᠦ ᠪᠥᠮᠪᠥᠷᠴᠡᠭ ᠤᠨ ᠴᠢᠨᠠᠷᠲᠠᠢ ᠡᠯ᠎ᠡ ᠵᠦᠢᠯ ᠤᠨ ᠥᠷᠢᠰᠦᠯᠳᠦᠭᠡᠨ ᠢ ᠬᠠᠮᠲᠤ ᠪᠠᠷ | ᠠᠷᠭᠠᠴᠠᠭᠠᠬᠤ ᠶᠢ ᠪᠢᠳᠡ ᠴᠢᠩ ᠰᠡᠳᠬᠢᠯ ᠠᠴᠠ ᠪᠠᠨ ᠤᠷᠢᠶᠠᠯᠠᠵᠤ ᠪᠠᠶᠢᠨ᠎ᠠ᠃ | ᠪᠢᠳᠡ ᠥᠷᠢᠰᠦᠯᠳᠦᠭᠡᠨ ᠶᠡᠬᠡᠲᠡᠢ ᠴᠠᠭ ᠦᠶ᠎ᠡ ᠳᠤ ᠣᠷᠣᠰᠢᠵᠤ ᠪᠠᠶᠢᠨ᠎ᠠ᠂ ᠮᠥᠨ ᠴᠦ ᠬᠦᠰᠡᠯ ᠡᠷᠡᠮᠡᠯᠵᠡᠯ ᠢᠶᠠᠷ | ᠪᠢᠯᠬᠠᠭᠰᠠᠨ ᠴᠠᠭ ᠦᠶ᠎ᠡ ᠳᠤ ᠣᠷᠣᠰᠢᠵᠤ ᠪᠠᠶᠢᠨ᠎ᠠ᠃ ᠳᠤᠮᠳᠠᠳᠤ ᠤᠯᠤᠰ ᠤᠨ ᠠᠷᠠᠳ ᠲᠦᠮᠡᠨ ᠳᠤᠷᠠᠲᠠᠶ᠎ᠠ | ᠳᠡᠯᠡᠬᠡᠢ ᠶᠢᠨ ᠠᠷᠠᠳ ᠲᠦᠮᠡᠨ ᠲᠠᠢ ᠭᠠᠷ ᠬᠤᠯᠪᠣᠨ ᠬᠥᠮᠥᠨ ᠲᠥᠷᠥᠯᠬᠢᠲᠡᠨ ᠤ ᠨᠡᠩ ᠰᠠᠶᠢᠨ ᠰᠠᠶᠢᠬᠠᠨ | ᠢᠷᠡᠭᠡᠳᠦᠢ ᠶᠢ ᠡᠭᠦᠳᠦᠨ ᠨᠡᠭᠡᠭᠡᠨ᠎ᠡ︕ | ᠠᠷᠪᠠᠨ ᠲᠠᠪᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠰᠢᠨ᠎ᠡ ᠴᠠᠭ | ᠦᠶ᠎ᠡ ᠶᠢᠨ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢ ᠭᠦᠨᠵᠡᠭᠡᠢ ᠠᠬᠢᠭᠤᠯᠤᠨ᠎ᠠ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠵᠠᠩᠭᠢᠯᠠᠭ᠎ᠠ ᠨᠢ | ᠨᠠᠮ ᠳᠤ ᠪᠠᠶᠢᠨ᠎ᠠ᠃ ᠮᠠᠨ ᠤ ᠨᠠᠮ ᠳᠡᠯᠡᠬᠡᠢ ᠳᠡᠭᠡᠷᠡᠬᠢ ᠬᠠᠮᠤᠭ ᠤᠨ ᠲᠣᠮᠣ ᠮᠠᠷᠺᠰ ᠤᠨ ᠦᠵᠡᠯ ᠤᠨ ᠲᠦᠷᠦ ᠪᠠᠷᠢᠭᠴᠢ | ᠨᠠᠮ ᠪᠣᠯᠤᠭᠰᠠᠨ ᠤ ᠬᠤᠪᠢ ᠳᠤ᠂ ᠢᠮᠠᠭᠲᠠ ᠠᠷᠠᠳ ᠲᠦᠮᠡᠨ ᠤ ᠬᠦᠷᠢᠶᠡᠯᠡᠯ ᠢ ᠣᠯᠵᠤ᠂ ᠤᠷᠳᠤ ᠬᠤᠭᠤᠴᠠᠭ᠎ᠠ ᠪᠠᠷ | ᠲᠦᠷᠦ ᠪᠠᠷᠢᠬᠤ ᠪᠠᠶᠢᠷᠢ ᠰᠠᠭᠤᠷᠢ ᠪᠠᠨ ᠪᠠᠬᠢᠵᠢᠭᠦᠯᠦᠶ᠎ᠡ ᠭᠡᠪᠡᠯ᠂ ᠡᠷᠬᠡᠪᠰᠢ ᠲᠣᠮᠣ ᠨᠠᠮ ᠳᠤ ᠯᠡ ᠪᠠᠶᠢᠳᠠᠭ ᠪᠡᠷᠬᠡ | ᠰᠡᠳᠦᠪ ᠢ ᠰᠢᠢᠳᠪᠦᠷᠢᠯᠡᠬᠦ ᠰᠡᠷᠭᠡᠭ ᠲᠠᠨᠢᠯᠲᠠ ᠪᠠ ᠡᠷᠡᠰ ᠪᠠᠲᠤ ᠵᠣᠷᠢᠭ ᠢᠶᠠᠨ ᠴᠠᠭ ᠢᠮᠠᠭᠲᠠ ᠪᠠᠲᠤᠯᠠᠬᠤ ᠬᠡᠷᠡᠭᠲᠡᠢ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠷ ᠲᠠᠮᠵᠢᠨ | ᠂ ᠪᠢᠳᠡ ᠨᠠᠮ ᠤᠨ ᠳᠣᠲᠣᠭᠠᠳᠤ ᠶᠢᠨ ᠮᠠᠰᠢ ᠤᠯᠠᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠪᠡ᠂ ᠭᠡᠪᠡᠴᠦ ᠨᠠᠮ ᠳᠤ | ᠲᠤᠯᠭᠠᠷᠠᠵᠤ ᠪᠠᠶᠢᠭ᠎ᠠ ᠲᠦᠷᠦ ᠪᠠᠷᠢᠬᠤ ᠰᠢᠯᠭᠠᠯᠲᠠ᠂ ᠥᠭᠡᠷᠡᠴᠢᠯᠡᠯᠲᠡ ᠨᠡᠭᠡᠭᠡᠯᠲᠡ ᠶᠢᠨ ᠰᠢᠯᠭᠠᠯᠲᠠ᠂ ᠵᠠᠬ᠎ᠠ | ᠳᠡᠯᠭᠡᠭᠦᠷ ᠤᠨ ᠠᠵᠤ ᠠᠬᠤᠢ ᠶᠢᠨ ᠰᠢᠯᠭᠠᠯᠲᠠ᠂ ᠭᠠᠳᠠᠭᠠᠳᠤ ᠣᠷᠴᠢᠨ ᠤ ᠰᠢᠯᠭᠠᠯᠲᠠ ᠤᠷᠳᠤ ᠬᠤᠭᠤᠴᠠᠭ᠎ᠠ ᠪᠠᠷ | ᠣᠷᠣᠰᠢᠵᠤ᠂ ᠤᠶᠤᠨ ᠰᠠᠨᠠᠭ᠎ᠠ ᠬᠤᠶᠢᠷᠭᠤᠰᠢᠬᠤ ᠲᠦᠭᠰᠢᠭᠦᠷᠢ᠂ ᠴᠢᠳᠠᠪᠤᠷᠢ ᠮᠡᠬᠦᠰᠳᠡᠬᠦ ᠲᠦᠭᠰᠢᠭᠦᠷᠢ᠂ ᠤᠯᠠᠨ | ᠲᠦᠮᠡᠨ ᠠᠴᠠ ᠬᠥᠨᠳᠡᠶᠢᠷᠡᠬᠦ ᠲᠦᠭᠰᠢᠭᠦᠷᠢ᠂ ᠨᠠᠵᠠᠭᠠᠶᠢᠷᠠᠨ ᠢᠯᠵᠠᠷᠠᠬᠤ ᠲᠦᠭᠰᠢᠭᠦᠷᠢ ᠤᠷᠳᠤ ᠬᠤᠭᠤᠴᠠᠭ᠎ᠠ ᠪᠠᠷ | ᠣᠷᠣᠰᠢᠬᠤ ᠪᠣᠯᠣᠨ᠎ᠠ᠃ ᠪᠦᠭᠦ ᠨᠠᠮ ᠢᠶᠠᠷ ᠢᠶᠠᠨ ᠡᠷᠬᠡᠪᠰᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ | ᠡᠭᠦᠷᠢᠳᠡ ᠵᠣᠭᠰᠣᠰᠢ ᠦᠭᠡᠢ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠡᠭᠦᠷᠢᠳᠡ ᠵᠣᠭᠰᠣᠰᠢ ᠦᠭᠡᠢ ᠭᠡᠳᠡᠭ ᠢ | ᠪᠠᠲᠤ ᠴᠡᠭᠡᠵᠢᠯᠡᠵᠦ᠂ ᠶᠠᠭᠠᠬᠢᠭᠰᠠᠨ ᠴᠤ ᠵᠣᠷᠢᠭ ᠮᠣᠬᠤᠬᠤ ᠦᠵᠡᠯ᠂ ᠬᠠᠯᠠᠰᠢᠷᠠᠬᠤ ᠪᠤᠳᠤᠯ ᠲᠠᠢ ᠪᠠᠶᠢᠵᠤ ᠪᠤᠯᠬᠤ | ᠦᠭᠡᠢ᠂ ᠡᠷᠬᠡᠪᠰᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠠᠬᠢᠭᠤᠯᠵᠤ᠂ ᠰᠢᠨ᠎ᠡ ᠴᠠᠭ | ᠦᠶ᠎ᠡ ᠶᠢᠨ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢ ᠭᠦᠨᠵᠡᠭᠡᠢ ᠠᠬᠢᠭᠤᠯᠵᠤ᠂ ᠨᠠᠮ ᠤᠨ | ᠥᠪᠡᠷ ᠪᠡᠶ᠎ᠡ ᠶᠢᠨ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠬᠡᠷᠡᠭᠲᠡᠢ᠃ | ᠪᠢᠳᠡ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ | ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠶᠢ ᠪᠦᠭᠦ | ᠲᠠᠯ᠎ᠠ ᠪᠠᠷ ᠠᠬᠢᠭᠤᠯᠵᠤ᠂ ᠮᠠᠨ ᠤ ᠨᠠᠮ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠳᠠᠭ᠂ | ᠢᠮᠠᠭᠲᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ | ᠭᠤᠣᠯᠯᠠᠭᠴᠢ ᠪᠣᠯᠭᠠᠨ᠎ᠠ᠃ | ︵ᠨᠢᠭᠡ︶ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠪᠠ | ᠴᠢᠩᠭᠠᠳᠬᠠᠨ᠎ᠠ᠃ ᠨᠠᠮ ᠤᠨ ᠤᠳᠤᠷᠢᠳᠤᠯᠭ᠎ᠠ ᠪᠣᠯ ᠪᠦᠭᠦ ᠲᠠᠯ᠎ᠠ ᠶᠢᠨ᠂ ᠰᠢᠰᠲ᠋ᠧᠮ ᠲᠠᠢ᠂ ᠪᠦᠬᠦᠯᠢ ᠴᠣᠭᠴᠠ ᠶᠢᠨ | ᠶᠤᠮ᠂ ᠡᠷᠬᠡᠪᠰᠢ ᠪᠦᠭᠦ ᠲᠠᠯ᠎ᠠ ᠪᠠᠷ᠂ ᠰᠢᠰᠲ᠋ᠧᠮ ᠲᠠᠢ᠂ ᠪᠦᠬᠦᠯᠢ ᠴᠣᠭᠴᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ | ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠨᠠᠮ ᠤᠨ ᠤᠳᠤᠷᠢᠳᠬᠤ ᠳᠦᠷᠢᠮ ᠤᠨ | ᠰᠢᠰᠲ᠋ᠧᠮ ᠢ ᠪᠦᠷᠢᠨᠰᠢᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠪᠦᠭᠦ ᠨᠠᠮ ᠢᠶᠠᠷ ᠢᠶᠠᠨ ᠤᠯᠤᠰ | ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ | ᠵᠠᠮ ᠳᠡᠭᠡᠷ᠎ᠡ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠵᠤ᠂ | ᠨᠠᠮ ᠤᠨ ᠪᠦᠯᠬᠦᠮᠳᠡᠯ ᠨᠢᠭᠡᠳᠦᠯ ᠢ ᠦᠨᠡᠨ ᠬᠦ ᠪᠠᠲᠤᠯᠠᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠨᠠᠮ ᠤᠨ ᠲᠥᠪ | ᠬᠤᠷᠢᠶᠠᠨ ᠤ ᠴᠢᠬᠤᠯᠠ ᠶᠡᠭᠡ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠨ᠎ᠠ᠃ | ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠥᠷᠥ ᠶᠢᠨ ᠰᠠᠬᠢᠯᠭ᠎ᠠ ᠪᠠᠲᠤ ᠪᠣᠯᠣᠨ | ᠤᠯᠤᠰ ᠲᠥᠷᠥ ᠶᠢᠨ ᠶᠣᠰᠣ ᠳᠦᠷᠢᠮ ᠢ ᠴᠢᠩᠳᠠᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷ ᠤᠨ ᠤᠯᠤᠰ ᠲᠥᠷᠥ ᠶᠢᠨ | ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠬᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨᠴᠢ ᠪᠠᠷ ᠲᠦᠷᠦ ᠪᠠᠷᠢᠬᠤ᠂ ᠠᠷᠠᠳᠴᠢᠯᠠᠯ ᠢᠶᠠᠷ ᠲᠦᠷᠦ | ᠪᠠᠷᠢᠬᠤ᠂ ᠬᠠᠤᠯᠢ ᠶᠣᠰᠣᠭᠠᠷ ᠲᠦᠷᠦ ᠪᠠᠷᠢᠬᠤ ᠶᠢ ᠪᠠᠷᠢᠮᠲᠠᠯᠠᠨ᠂ ᠠᠷᠠᠳᠴᠢᠯᠠᠯ ᠲᠥᠪᠯᠡᠷᠡᠯ ᠤᠨ ᠶᠣᠰᠣ ᠶᠢ | ᠲᠤᠭᠤᠰᠢᠯᠠᠭᠤᠯᠵᠤ᠂ ᠤᠳᠤᠷᠢᠳᠬᠤ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠭᠦ ᠪᠠ ᠰᠠᠶᠢᠵᠢᠷᠠᠭᠤᠯᠵᠤ᠂ ᠨᠠᠮ ᠤᠨ | ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠪᠣᠳᠣᠯᠬᠢᠯᠠᠬᠤ᠂ ᠲᠦᠷᠦ ᠶᠢᠨ ᠪᠣᠳᠣᠯᠭ᠎ᠠ ᠲᠣᠭᠲᠠᠭᠠᠬᠤ᠂ ᠥᠭᠡᠷᠡᠴᠢᠯᠡᠯᠲᠡ ᠶᠢ | ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠲᠠᠶᠢᠴᠢᠯᠠᠨ᠎ᠠ᠃ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠤᠯᠤᠰ ᠲᠥᠷᠥᠴᠢ ᠴᠢᠨᠠᠷ᠂ ᠴᠠᠭ ᠦᠶᠡᠴᠢ ᠴᠢᠨᠠᠷ᠂ | ᠵᠠᠷᠴᠢᠮᠲᠤ ᠴᠢᠨᠠᠷ᠂ ᠲᠠᠶᠢᠴᠢᠨ ᠴᠢᠨᠠᠷ ᠢ ᠴᠢᠩᠭᠠᠳᠬᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠤᠨ ᠵᠡᠪᠰᠡᠭ ᠢ | ᠰᠠᠶᠢᠲᠤᠷ ᠬᠡᠷᠡᠭᠯᠡᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ | ᠴᠡᠪᠡᠷᠰᠢᠭᠦᠯᠦᠨ᠎ᠡ᠃ | ︵ᠬᠤᠶᠠᠷ︶ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠨ᠎ᠠ᠃ | ᠨᠠᠮ ᠤᠨ ᠰᠢᠨ᠎ᠡ ᠶᠢ ᠡᠭᠦᠳᠭᠦ ᠤᠨᠤᠯ ᠢᠶᠠᠷ ᠪᠦᠭᠦ ᠨᠠᠮ ᠢ ᠵᠡᠪᠰᠡᠭᠯᠡᠬᠦ ᠪᠣᠯ ᠨᠠᠮ ᠤᠨ ᠦᠵᠡᠯ ᠰᠠᠨᠠᠭᠠᠨ ᠤ | ᠪᠠᠶᠢᠭᠤᠯᠤᠯᠲᠠ ᠶᠢᠨ ᠦᠨᠳᠦᠰᠦᠨ ᠡᠭᠦᠷᠭᠡ ᠮᠥᠨ᠃ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠶᠢ ᠪᠦᠭᠦ | ᠲᠠᠯ᠎ᠠ ᠪᠠᠷ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠦᠵᠡᠯ ᠰᠠᠨᠠᠭ᠎ᠠ ᠶᠢ ᠨᠢᠭᠡᠳᠬᠡᠬᠦ᠂ ᠵᠣᠷᠢᠭ ᠰᠠᠨᠠᠭ᠎ᠠ ᠶᠢ ᠨᠢᠭᠡᠳᠬᠡᠬᠦ᠂ ᠦᠢᠯᠡ ᠠᠵᠢᠯᠯᠠᠭ᠎ᠠ ᠶᠢ | ᠨᠢᠭᠡᠳᠬᠡᠬᠦ ᠶᠢ ᠪᠠᠷᠢᠮᠲᠠᠯᠠᠵᠤ᠂ ᠨᠠᠮ ᠤᠨ ᠰᠢᠨ᠎ᠡ ᠶᠢ ᠡᠭᠦᠳᠭᠦ ᠤᠨᠤᠯ ᠤᠨ ᠰᠤᠷᠤᠯᠴᠠᠯᠭ᠎ᠠ ᠬᠥᠮᠦᠵᠢᠯ ᠤᠨ | ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠠᠷᠺᠰ ᠤᠨ ᠦᠵᠡᠯ ᠤᠨ ᠰᠤᠷᠤᠯᠴᠠᠬᠤ ᠭᠡᠯᠪᠡᠷᠢ ᠶᠢᠨ | ᠲᠦᠷᠦ ᠶᠢᠨ ᠨᠠᠮ ᠢ ᠪᠠᠶᠢᠭᠤᠯᠤᠨ᠎ᠠ᠃ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠩᠭᠠᠳᠬᠠᠵᠤ᠂ ᠪᠦᠭᠦ | ᠨᠠᠮ ᠢᠶᠠᠷ ᠢᠶᠠᠨ ᠨᠠᠮ ᠤᠨ ᠵᠣᠷᠢᠯᠲᠠ ᠶᠢ ᠪᠠᠲᠤ ᠴᠡᠭᠡᠵᠢᠯᠡᠵᠦ᠂ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ | ᠦᠵᠡᠯᠲᠡ᠂ ᠦᠷᠲᠡᠭ ᠤᠨ ᠦᠵᠡᠯᠲᠡ ᠡᠨᠡ ᠬᠦ ᠶᠡᠷᠦᠩᠬᠡᠢ ᠨᠡᠭᠡᠭᠡᠯᠭᠡ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ | ᠂ ᠰᠠᠨᠠᠭᠠᠴᠢᠯᠠᠭ᠎ᠠ ᠠᠴᠠ ᠪᠠᠨ ᠡᠪ ᠬᠠᠮᠲᠤ ᠶᠣᠰᠣᠨ ᠤ ᠠᠯᠤᠰ ᠭᠡᠳᠦ ᠶᠢᠨ ᠬᠦᠰᠡᠯᠡᠩ ᠪᠠ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠤᠨ ᠪᠠᠲᠤ ᠴᠢᠩᠭ᠎ᠠ ᠰᠢᠲᠦᠭᠴᠢ ᠪᠠ ᠦᠨᠡᠨᠴᠢ | ᠰᠢᠳᠤᠷᠭᠤ ᠦᠢᠯᠡᠳᠦᠯᠭᠡᠵᠢᠭᠦᠯᠦᠭᠴᠢ ᠪᠤᠯᠬᠤ ᠶᠢ ᠬᠥᠲᠥᠯᠥᠨ ᠵᠢᠯᠣᠭᠤᠳᠤᠨ᠎ᠠ᠃ ᠰᠤᠷᠤᠯᠴᠠᠬᠤ ᠰᠡᠳᠭᠢᠭᠦ | ᠬᠡᠷᠡᠭᠯᠡᠬᠦ ᠶᠢ ᠤᠶᠠᠯᠳᠤᠭᠤᠯᠬᠤ᠂ ᠮᠡᠳᠡᠭᠦ ᠢᠲᠡᠭᠡᠭᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠰᠡᠯᠡᠩ ᠢ ᠪᠠᠲᠤᠳᠬᠠᠬᠤ᠂ | ᠨᠠᠮᠴᠢ ᠴᠢᠨᠠᠷ ᠢ ᠳᠠᠪᠲᠠᠨ ᠪᠤᠯᠪᠠᠰᠤᠷᠠᠭᠤᠯᠬᠤ ᠪᠠ ᠦᠢᠯᠡᠳᠦᠯᠭᠡ ᠶᠢ ᠵᠢᠯᠤᠭᠤᠳᠬᠤ᠂ ᠠᠵᠢᠯ ᠢ ᠠᠬᠢᠭᠤᠯᠬᠤ | ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠤᠨ᠎ᠠ᠃ ᠤᠨᠤᠯ ᠢᠶᠠᠷ ᠵᠡᠪᠰᠡᠭᠯᠡᠬᠦ ᠶᠢ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠠᠷ ᠪᠦᠲᠦᠮᠵᠢᠲᠡᠢ ᠥᠷᠨᠢᠭᠦᠯᠬᠦ ᠲᠠᠢ | ᠤᠶᠠᠯᠳᠤᠭᠤᠯᠵᠤ᠂ ᠨᠠᠮ ᠤᠨ ᠭᠡᠰᠢᠭᠦᠨ᠂ ᠺᠠᠳ᠋ᠷᠴᠤᠳ ᠤᠨ ᠲᠡᠦᠬᠡ ᠶᠢ ᠰᠤᠷᠤᠯᠴᠠᠨ ᠶᠣᠰᠣ ᠶᠢ ᠣᠶᠢᠯᠠᠭᠠᠬᠤ᠂ | ᠲᠡᠦᠬᠡ ᠶᠢ ᠰᠤᠷᠤᠯᠴᠠᠨ ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠨ ᠶᠣᠰᠣ ᠰᠤᠷᠲᠠᠬᠤᠨ ᠢ ᠡᠷᠭᠢᠮᠯᠡᠭᠦ᠂ | ᠲᠡᠦᠬᠡ ᠶᠢ ᠰᠤᠷᠤᠯᠴᠠᠨ ᠬᠦᠴᠦᠯᠡᠨ ᠦᠢᠯᠡᠳᠦᠯᠭᠡᠵᠢᠭᠦᠯᠬᠦ ᠶᠢ ᠬᠥᠲᠥᠯᠥᠨ ᠵᠢᠯᠤᠭᠤᠳᠴᠤ᠂ ᠬᠤᠪᠢᠰᠬᠠᠯᠲᠤ | ᠤᠳᠤᠮᠰᠢᠯ ᠢ ᠵᠠᠯᠭᠠᠮᠵᠢᠯᠠᠵᠤ᠂ ᠬᠤᠪᠢᠰᠬᠠᠯ ᠤᠨ ᠰᠤᠳᠠᠰᠤ ᠶᠢ ᠦᠷᠭᠦᠯᠵᠢᠯᠡᠭᠦᠯᠦᠨ᠎ᠡ᠃ ᠰᠢᠶᠠᠨ ᠭᠠᠵᠠᠷ ᠤᠨ | ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠢᠶᠠᠷ ᠭᠤᠣᠯᠳᠠᠯᠭ᠎ᠠ ᠪᠤᠯᠭᠠᠵᠤ ᠪᠦᠭᠦ ᠨᠠᠮ ᠳᠤ ᠭᠤᠣᠯ ᠰᠡᠳᠦᠪᠲᠦ | ᠬᠥᠮᠦᠵᠢᠯ ᠢ ᠭᠦᠨᠵᠡᠭᠡᠢ ᠥᠷᠨᠢᠭᠦᠯᠦᠨ᠎ᠡ᠃ | ︵ᠭᠤᠷᠪᠠ︶ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠳᠦᠷᠢᠮ ᠤᠨ ᠵᠢᠷᠤᠮᠵᠢᠯ ᠤᠨ ᠰᠢᠰᠲ᠋ᠧᠮ ᠢ | ᠲᠡᠭᠦᠯᠳᠡᠷᠵᠢᠭᠦᠯᠦᠨ᠎ᠡ᠃ ᠳᠦᠷᠢᠮ ᠢᠶᠠᠷ ᠨᠠᠮ ᠢ ᠵᠠᠰᠠᠬᠤ᠂ ᠲᠣᠭᠲᠠᠭᠠᠯ ᠢᠶᠠᠷ ᠨᠠᠮ ᠢ ᠵᠠᠰᠠᠬᠤ ᠶᠢ ᠪᠠᠷᠢᠮᠲᠠᠯᠠᠵᠤ᠂ | ᠨᠠᠮ ᠤᠨ ᠳᠦᠷᠢᠮ ᠢᠶᠠᠷ ᠦᠨᠳᠦᠰᠦ ᠪᠤᠯᠭᠠᠵᠤ᠂ ᠠᠷᠠᠳᠴᠢᠯᠠᠯ ᠲᠥᠪᠯᠡᠷᠡᠯ ᠤᠨ ᠶᠣᠰᠣ ᠪᠠᠷ ᠭᠤᠣᠯ ᠪᠤᠯᠭᠠᠵᠤ᠂ | ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠠᠮ ᠤᠨ | ᠳᠣᠲᠣᠭᠠᠳᠤ ᠶᠢᠨ ᠬᠠᠤᠯᠢ ᠲᠣᠭᠲᠠᠭᠠᠯ ᠤᠨ ᠡᠷᠬᠡ ᠰᠦᠷᠲᠦ ᠴᠢᠨᠠᠷ ᠪᠠ ᠬᠡᠷᠡᠭᠵᠢᠭᠦᠯᠬᠦ ᠬᠦᠴᠦᠨ ᠢ ᠴᠢᠩᠭᠠᠳᠬᠠᠵᠤ᠂ | ᠦᠨᠡᠨ ᠶᠣᠰᠣ ᠶᠢ ᠪᠠᠷᠢᠮᠲᠠᠯᠠᠬᠤ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠠᠰᠠᠭᠤᠳᠠᠯ ᠢ ᠢᠯᠡᠷᠡᠭᠦᠯᠭᠦ᠂ | ᠵᠥᠷᠢᠶ᠎ᠡ ᠪᠠᠨ ᠵᠠᠯᠠᠷᠠᠭᠤᠯᠬᠤ ᠲᠣᠭᠲᠠᠴᠠ ᠶᠢ ᠪᠦᠷᠢᠯᠳᠦᠭᠦᠯᠦᠨ᠎ᠡ᠃ ᠨᠠᠮ ᠠᠴᠠ ᠨᠢᠭᠡᠳᠦᠯᠲᠡᠢ ᠤᠳᠤᠷᠢᠳᠤᠭᠰᠠᠨ᠂ | ᠪᠦᠭᠦ ᠲᠠᠯ᠎ᠠ ᠶᠢ ᠬᠠᠮᠤᠷᠤᠭᠰᠠᠨ᠂ ᠡᠷᠬᠡ ᠰᠦᠷᠲᠦ ᠥᠨᠳᠥᠷ ᠪᠦᠲᠦᠮᠵᠢᠲᠡᠢ ᠬᠢᠨᠠᠯᠲᠠ ᠲᠠᠯᠪᠢᠬᠤ ᠰᠢᠰᠲ᠋ᠧᠮ ᠢ | ᠪᠦᠷᠢᠨᠰᠢᠭᠦᠯᠵᠦ᠂ ᠡᠷᠬᠡ ᠳᠤ ᠬᠢᠨᠠᠯᠲᠠ ᠲᠠᠯᠪᠢᠬᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠨᠠᠮ ᠤᠨ | ᠳᠣᠲᠣᠭᠠᠳᠤ ᠶᠢᠨ ᠬᠢᠨᠠᠯᠲᠠ ᠲᠠᠯᠪᠢᠯᠲᠠ ᠪᠠᠷ ᠤᠳᠤᠷᠢᠳᠤᠮᠵᠢ ᠪᠤᠯᠭᠠᠵᠤ᠂ ᠡᠯ᠎ᠡ ᠲᠦᠷᠦᠯ ᠤᠨ ᠬᠢᠨᠠᠯᠲᠠ ᠲᠠᠯᠪᠢᠯᠲᠠ ᠶᠢ | ᠨᠡᠪᠲᠡᠷᠡᠭᠦᠯᠦᠨ ᠵᠣᠬᠢᠴᠠᠭᠤᠯᠬᠤ ᠶᠢ ᠠᠬᠢᠭᠤᠯᠤᠨ᠂ ᠡᠷᠬᠡ ᠶᠢ ᠢᠯᠡ ᠲᠣᠳᠣ ᠬᠡᠷᠡᠭᠵᠢᠭᠦᠯᠬᠦ ᠪᠣᠯᠭᠠᠨ᠎ᠠ᠃ ᠤᠯᠤᠰ | ᠲᠦᠷᠦ ᠶᠢᠨ ᠬᠢᠨᠠᠯᠲᠠ ᠲᠠᠯᠪᠢᠯᠲᠠ ᠶᠢ ᠪᠣᠳᠠᠲᠠᠶᠢᠵᠢᠭᠤᠯᠬᠤ᠂ ᠣᠨᠣᠴᠠᠲᠠᠢ ᠪᠤᠯᠭᠠᠬᠤ᠂ ᠪᠠᠶᠢᠩᠭᠤᠵᠢᠭᠤᠯᠬᠤ ᠶᠢ | ᠠᠬᠢᠭᠤᠯᠵᠤ᠂ ︽ᠨᠢᠭᠡᠳᠦᠭᠡᠷ ᠭᠠᠷ︾ ᠪᠠ ᠤᠳᠤᠷᠢᠳᠬᠤ ᠪᠠᠭ ᠲᠤ ᠬᠢᠨᠠᠯᠲᠠ ᠲᠠᠯᠪᠢᠬᠤ ᠪᠣᠳᠠᠲᠤ ᠦᠷ᠎ᠡ | ᠪᠦᠲᠦᠮᠵᠢ ᠶᠢ ᠨᠡᠮᠡᠭᠳᠡᠭᠦᠯᠦᠨ᠎ᠡ᠃ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠬᠤᠷᠴᠠ ᠰᠡᠯᠡᠮ᠎ᠡ ᠶᠢᠨ | ᠦᠢᠯᠡᠳᠦᠯ ᠢ ᠪᠠᠳᠠᠷᠠᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ | ᠬᠡᠷᠡᠭᠯᠡᠯᠲᠡ ᠶᠢ ᠴᠢᠩᠭᠠᠳᠬᠠᠨ᠎ᠠ᠃ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠬᠤᠷᠴᠠ ᠵᠡᠪᠰᠡᠭ ᠢ ᠰᠠᠶᠢᠲᠤᠷ ᠬᠡᠷᠡᠭᠯᠡᠨ᠎ᠡ᠃ | | ︵ᠳᠥᠷᠪᠡ︶ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠭᠦ ᠥᠨᠳᠥᠷ ᠬᠡᠪ | ᠴᠢᠨᠠᠷ ᠪᠦᠬᠦᠢ ᠺᠠᠳ᠋ᠷ ᠤᠨ ᠡᠩᠨᠡᠭᠡ ᠶᠢ ᠪᠠᠶᠢᠭᠤᠯᠤᠨ᠎ᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠷᠬᠡᠪᠰᠢ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠰᠢᠨ᠎ᠡ ᠴᠠᠭ | ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠰᠠᠨ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠤᠳᠤᠷᠢᠳᠬᠤ | ᠴᠢᠳᠠᠪᠤᠷᠢ ᠲᠠᠢ ᠺᠠᠳ᠋ᠷ ᠤᠨ ᠡᠩᠨᠡᠭᠡ ᠪᠠᠶᠢᠬᠤ ᠬᠡᠷᠡᠭᠲᠡᠢ᠃ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠪᠠᠷᠢᠮᠲᠠᠯᠠᠵᠤ᠂ | ᠮᠣᠷᠠᠯ ᠴᠢᠳᠠᠪᠤᠷᠢ ᠶᠢ ᠬᠤᠣᠰᠯᠠᠭᠤᠯᠬᠤ᠂ ᠮᠣᠷᠠᠯ ᠢ ᠲᠡᠷᠢᠭᠦᠨ ᠳᠤ ᠲᠠᠯᠪᠢᠬᠤ᠂ ᠲᠠᠯ᠎ᠠ ᠲᠠᠯ᠎ᠠ ᠶᠢᠨ ᠡᠷᠳᠡᠮᠲᠡᠨ | ᠴᠢᠳᠠᠪᠤᠷᠢᠲᠠᠨ ᠢ ᠰᠣᠩᠭᠤᠬᠤ᠂ ᠡᠷᠳᠡᠮᠲᠡᠨ ᠮᠡᠷᠭᠡᠳ ᠢ ᠯᠡ ᠬᠡᠷᠡᠭᠯᠡᠬᠦ ᠶᠢ ᠪᠠᠷᠢᠮᠲᠠᠯᠠᠨ᠂ ᠰᠢᠨ᠎ᠡ ᠴᠠᠭ ᠦᠶ᠎ᠡ ᠶᠢᠨ | ᠰᠠᠶᠢᠨ ᠺᠠᠳ᠋ᠷ ᠤᠨ ᠪᠠᠷᠢᠮᠵᠢᠶ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ ᠬᠥᠮᠥᠨ ᠰᠣᠩᠭᠤᠬᠤ ᠬᠥᠮᠥᠨ ᠬᠡᠷᠡᠭᠯᠡᠬᠦ | ᠵᠥᠪ ᠤᠳᠤᠷᠢᠳᠤᠮᠵᠢ ᠶᠢ ᠪᠤᠢ ᠪᠤᠯᠭᠠᠵᠤ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ | ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠺᠠᠳ᠋ᠷ ᠢ ᠰᠢᠯᠢᠨ ᠳᠡᠪᠰᠢᠭᠦᠯᠵᠦ᠂ ᠡᠯ᠎ᠡ ᠱᠠᠲᠤᠨ ᠤ ᠤᠳᠤᠷᠢᠳᠬᠤ | ᠪᠠᠭ ᠲᠤ ᠰᠢᠯᠢᠳᠡᠭ ᠢ ᠨᠢ ᠰᠣᠩᠭᠤᠨ ᠳᠣᠷᠪᠢᠲᠠᠢ ᠶᠢ ᠨᠢ ᠲᠣᠬᠢᠷᠠᠭᠤᠯᠤᠨ᠎ᠠ᠃ ᠤᠯᠤᠰ ᠲᠦᠷᠦ ᠶᠢᠨ ᠪᠠᠷᠢᠮᠵᠢᠶ᠎ᠠ ᠶᠢ | ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠺᠠᠳ᠋ᠷᠴᠤᠳ ᠤᠨ ᠤᠯᠤᠰ ᠲᠦᠷᠦ ᠶᠢᠨ ᠬᠡᠪ ᠴᠢᠨᠠᠷ ᠤᠨ | ᠪᠠᠶᠢᠴᠠᠭᠠᠯᠲᠠ ᠶᠢ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠤᠯᠤᠰ ᠲᠦᠷᠦ ᠶᠢᠨ ᠪᠣᠭᠤᠮᠲᠠ᠂ ᠠᠷᠢᠭᠤᠨ | ᠴᠢᠬᠡᠴᠢ ᠶᠢᠨ ᠪᠣᠭᠤᠮᠲᠠ ᠶᠢ ᠲᠣᠪᠤᠶᠢᠯᠭᠠᠨ ᠰᠠᠶᠢᠲᠤᠷ ᠠᠳᠬᠤᠨ᠎ᠠ᠃ ᠦᠢᠯᠡᠳᠦᠯᠭᠡ ᠶᠢᠨ ᠪᠣᠯᠪᠠᠰᠤᠷᠠᠯ᠂ ᠲᠤᠰᠬᠠᠢ | ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠴᠢᠬᠤᠯᠠ ᠶᠡᠭᠡ ᠲᠡᠮᠡᠴᠡᠯ ᠤᠨ ᠳᠤᠮᠳᠠ ᠺᠠᠳ᠋ᠷ ᠢ ᠳᠠᠪᠲᠠᠨ | ᠪᠤᠯᠪᠠᠰᠤᠷᠠᠭᠤᠯᠬᠤ ᠶᠢ ᠴᠢᠬᠤᠯᠠᠴᠢᠯᠠᠵᠤ᠂ ᠺᠠᠳ᠋ᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ᠂ | ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠺᠠᠳ᠋ᠷᠴᠤᠳ ᠤᠨ ᠲᠡᠮᠡᠴᠡᠯ ᠤᠨ ᠵᠣᠷᠢᠭ ᠰᠠᠨᠠᠭ᠎ᠠ ᠪᠠ ᠲᠡᠮᠡᠴᠡᠯ ᠤᠨ ᠡᠷᠳᠡᠮ ᠴᠢᠳᠠᠪᠤᠷᠢ ᠶᠢ | ᠬᠥᠮᠥᠵᠢᠭᠦᠯᠬᠦ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠥᠷᠢᠰᠦᠯᠳᠦᠭᠡᠨ ᠢ ᠤᠭᠲᠤᠬᠤ᠂ | ᠳᠠᠷᠤᠯᠲᠠ ᠶᠢ ᠳᠠᠭᠠᠭᠠᠬᠤ ᠴᠢᠳᠠᠪᠤᠷᠢ ᠶᠢ ᠬᠦᠴᠦᠯᠡᠨ ᠴᠢᠩᠭᠠᠳᠬᠠᠵᠤ᠂ ᠲᠦᠷᠦᠭᠦᠯᠡᠨ ᠬᠠᠷᠢᠭᠤᠴᠠᠯᠭ᠎ᠠ ᠡᠭᠦᠷᠭᠡᠯᠡᠵᠦ | ᠵᠢᠳᠬᠦᠯ ᠴᠢᠷᠮᠠᠶᠢᠯᠭ᠎ᠠ ᠭᠠᠷᠭᠠᠵᠤ᠂ ᠡᠩ ᠤᠨ ᠦᠶ᠎ᠡ ᠳᠤ ᠦᠵᠡᠵᠦ ᠭᠠᠷᠴᠤ ᠲᠡᠶᠢᠯᠭᠦ᠂ ᠵᠠᠩᠭᠢᠯᠠᠭ᠎ᠠ ᠶᠢᠨ ᠦᠶ᠎ᠡ ᠳᠤ | ᠢᠲᠡᠭᠡᠮᠵᠢᠲᠡᠢ ᠪᠠᠶᠢᠬᠤ᠂ ᠠᠶᠤᠯ ᠲᠦᠭᠰᠢᠭᠦᠷᠢᠲᠡᠢ ᠦᠶ᠎ᠡ ᠳᠤ ᠠᠮᠢ ᠴᠦᠯᠡᠨ ᠲᠡᠮᠡᠴᠡᠬᠦ ᠪᠣᠯᠭᠠᠨ᠎ᠠ᠃ ᠺᠠᠳ᠋ᠷ ᠢ ᠬᠢᠨᠠᠨ | ᠰᠢᠯᠭᠠᠵᠤ ᠦᠨᠡᠯᠡᠭᠦ ᠰᠢᠰᠲ᠋ᠧᠮ ᠢ ᠲᠡᠭᠦᠯᠳᠡᠷᠵᠢᠭᠦᠯᠵᠦ᠂ ᠺᠠᠳ᠋ᠷᠴᠤᠳ ᠢ ᠬᠥᠲᠥᠯᠥᠨ ᠵᠢᠯᠤᠭᠤᠳᠴᠤ᠂ ᠠᠵᠢᠯ ᠤᠨ | ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠤᠯᠭᠠᠬᠤ ᠪᠠ ᠦᠢᠯᠡᠳᠦᠯᠭᠡᠵᠢᠭᠦᠯᠵᠦ᠂ ᠺᠠᠳ᠋ᠷ ᠢ ᠳᠡᠪᠰᠢᠭᠦᠯᠵᠦ | ᠪᠠᠭᠤᠯᠭᠠᠵᠤ ᠪᠦᠷ ᠪᠤᠯᠬᠤ ᠶᠢ ᠠᠬᠢᠭᠤᠯᠵᠤ᠂ ᠴᠢᠳᠠᠪᠤᠷᠢ ᠲᠠᠢ ᠶᠢ ᠨᠢ ᠳᠡᠪᠰᠢᠭᠦᠯᠭᠦ᠂ ᠰᠢᠯᠢᠳᠡᠭ ᠢ ᠨᠢ ᠱᠠᠩᠨᠠᠬᠤ᠂ | ᠶᠡᠷᠦᠮᠳᠡᠭ ᠢ ᠨᠢ ᠪᠠᠭᠤᠯᠭᠠᠬᠤ᠂ ᠰᠢᠭᠠᠷᠤ ᠶᠢ ᠨᠢ ᠰᠢᠭᠰᠢᠭᠳᠡᠭᠦᠯᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠎ᠠ᠃ | ᠵᠠᠯᠭᠠᠮᠵᠢᠯᠠᠭᠴᠢ ᠲᠠᠢ ᠪᠠᠶᠢᠬᠤ ᠡᠨᠡ ᠬᠦ ᠦᠨᠳᠦᠰᠦᠨ ᠶᠡᠭᠡ ᠪᠣᠳᠣᠯᠭ᠎ᠠ ᠶᠢ ᠰᠠᠶᠢᠲᠤᠷ ᠠᠳᠬᠤᠵᠤ᠂ ᠰᠢᠯᠢᠳᠡᠭ ᠵᠠᠯᠠᠭᠤ | ᠺᠠᠳ᠋ᠷᠴᠤᠳ ᠢ ᠬᠥᠮᠥᠵᠢᠭᠦᠯᠵᠦ ᠰᠢᠯᠢᠨ ᠳᠡᠪᠰᠢᠭᠦᠯᠭᠦ ᠪᠠᠶᠢᠩᠭᠤᠵᠢᠭᠰᠠᠨ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠦᠨᠳᠦᠰᠦᠨ ᠱᠠᠲᠤ ᠪᠠ ᠪᠡᠷᠬᠡ ᠬᠠᠲᠠᠭᠤᠵᠢᠯᠲᠠᠢ ᠭᠠᠵᠠᠷ ᠣᠷᠣᠨ ᠳᠤ ᠣᠴᠢᠵᠤ ᠳᠠᠪᠲᠠᠨ | ᠪᠤᠯᠪᠠᠰᠤᠷᠠᠭᠤᠯᠬᠤ ᠶᠢ ᠵᠠᠯᠠᠭᠤ ᠺᠠᠳ᠋ᠷᠴᠤᠳ ᠢ ᠬᠥᠮᠥᠵᠢᠭᠦᠯᠬᠦ ᠴᠢᠬᠤᠯᠠ ᠠᠷᠭ᠎ᠠ ᠵᠠᠮ ᠪᠣᠯᠭᠠᠨ᠎ᠠ᠃ ᠡᠮᠡᠭᠲᠡᠢ ᠺᠠᠳ᠋ᠷ ᠢ | ᠬᠥᠮᠥᠵᠢᠭᠦᠯᠵᠦ ᠰᠢᠯᠢᠨ ᠳᠡᠪᠰᠢᠭᠦᠯᠭᠦ ᠠᠵᠢᠯ ᠢ ᠴᠢᠬᠤᠯᠠᠴᠢᠯᠠᠵᠤ᠂ ᠡᠮᠡᠭᠲᠡᠢ ᠺᠠᠳ᠋ᠷ ᠤᠨ ᠴᠢᠬᠤᠯᠠ ᠦᠢᠯᠡᠳᠦᠯ ᠢ | ᠪᠠᠳᠠᠷᠠᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠥᠵᠢᠭᠦᠯᠬᠦ ᠪᠠ ᠰᠠᠶᠢᠲᠤᠷ ᠬᠡᠷᠡᠭᠯᠡᠬᠦ ᠶᠢ | ᠴᠢᠬᠤᠯᠠᠴᠢᠯᠠᠵᠤ᠂ ᠨᠠᠮ ᠤᠨ ᠭᠠᠳᠠᠨᠠᠬᠢ ᠺᠠᠳ᠋ᠷ ᠤᠨ ᠠᠵᠢᠯ ᠢ ᠨᠢᠭᠡᠳᠦᠯᠲᠡᠢ ᠲᠥᠯᠥᠪᠵᠢᠭᠦᠯᠵᠦ ᠰᠠᠶᠢᠲᠤᠷ ᠬᠢᠨ᠎ᠡ᠃ | ᠠᠵᠢᠯ ᠠᠴᠠ ᠪᠠᠨ ᠲᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠺᠠᠳ᠋ᠷ ᠤᠨ ᠠᠵᠢᠯ ᠢ ᠰᠠᠶᠢᠲᠤᠷ ᠬᠢᠨ᠎ᠡ᠃ | ᠠᠯᠪᠠᠲᠠᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠴᠢᠩᠭ᠎ᠠ ᠬᠠᠮᠢᠶᠠᠷᠬᠤ ᠪᠠ ᠬᠠᠯᠠᠮᠵᠢᠯᠠᠨ ᠬᠠᠶᠢᠷᠠᠯᠠᠬᠤ ᠶᠢ | ᠤᠶᠠᠯᠳᠤᠭᠤᠯᠬᠤ ᠶᠢ ᠪᠠᠷᠢᠮᠲᠠᠯᠠᠵᠤ᠂ ᠺᠠᠳ᠋ᠷᠴᠤᠳ ᠢ ᠪᠦᠭᠦ ᠲᠠᠯ᠎ᠠ ᠪᠠᠷ ᠬᠠᠮᠢᠶᠠᠷᠬᠤ ᠪᠠ ᠪᠠᠶᠢᠩᠭᠤ ᠶᠢᠨ ᠴᠢᠨᠠᠷᠲᠠᠢ | ᠬᠢᠨᠠᠯᠲᠠ ᠲᠠᠯᠪᠢᠬᠤ ᠶᠢ ᠴᠢᠩᠭᠠᠳᠬᠠᠵᠤ᠂ ︽ᠭᠤᠷᠪᠠ ᠶᠢ ᠰᠠᠯᠭᠠᠨ ᠦᠵᠡᠬᠦ︾ ᠶᠢ ᠨᠠᠶᠢᠳᠠᠪᠤᠷᠢᠵᠢᠭᠤᠯᠵᠤ᠂ | ᠺᠠᠳ᠋ᠷᠴᠤᠳ ᠤᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠢᠳᠡᠪᠬᠢᠲᠡᠢ ᠪᠠᠷ ᠠᠵᠢᠯ ᠦᠢᠯᠡᠰ ᠪᠦᠲᠦᠭᠡᠬᠦ ᠶᠢ | ᠤᠷᠮᠠᠰᠢᠭᠤᠯᠤᠨ ᠵᠣᠷᠢᠭᠵᠢᠭᠤᠯᠤᠨ᠎ᠠ᠃ ᠦᠨᠳᠦᠰᠦᠨ ᠱᠠᠲᠤᠨ ᠤ ᠺᠠᠳ᠋ᠷ ᠢᠯᠠᠩᠭᠤᠶ᠎ᠠ ᠬᠠᠲᠠᠭᠤᠵᠢᠯᠲᠠᠢ ᠭᠠᠵᠠᠷ | ᠣᠷᠣᠨ ᠤ ᠺᠠᠳ᠋ᠷᠴᠤᠳ ᠢ ᠬᠠᠯᠠᠮᠵᠢᠯᠠᠨ ᠬᠠᠶᠢᠷᠠᠯᠠᠨ᠎ᠠ᠃ | ︵ᠲᠠᠪᠤ︶ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ | ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠨ᠎ᠠ᠃ ᠨᠢᠭᠲᠠ ᠴᠢᠩᠭ᠎ᠠ ᠵᠣᠬᠢᠶᠠᠨ ᠪᠠᠶᠢᠭᠤᠯᠤᠯᠲᠠ ᠶᠢᠨ ᠰᠢᠰᠲ᠋ᠧᠮ | ᠪᠣᠯ ᠨᠠᠮ ᠤᠨ ᠳᠠᠪᠠᠭᠤᠯᠢᠭ ᠪᠠ ᠬᠦᠴᠦᠨ ᠴᠢᠳᠠᠯ ᠮᠥᠨ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠨᠠᠮ ᠤᠨ ᠳᠦᠷᠢᠮ ᠳᠤ ᠣᠯᠭᠤᠭᠰᠠᠨ ᠡᠯ᠎ᠡ ᠵᠦᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠤᠨ | ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠬᠦᠷᠢᠶᠡᠨ ᠤ ᠥᠷᠭᠡᠨ ᠤᠯᠠᠨ | ᠲᠦᠮᠡᠨ ᠢ ᠵᠣᠬᠢᠶᠠᠨ ᠪᠠᠶᠢᠭᠤᠯᠤᠨ ᠰᠠᠶᠢᠲᠤᠷ ᠨᠢᠭᠲᠠᠷᠠᠭᠤᠯᠬᠤ ᠬᠡᠷᠡᠭᠲᠡᠢ᠃ ᠦᠨᠳᠦᠰᠦᠨ ᠱᠠᠲᠤ ᠶᠢ ᠶᠡᠭᠡ ᠪᠠᠷ | ᠠᠳᠬᠤᠬᠤ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠤᠳᠠ ᠶᠢᠨ ᠨᠡᠶᠢᠭᠡᠮ ᠲᠣᠭᠤᠷᠢᠭ ᠤᠨ ᠨᠠᠮ ᠤᠨ | ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ | ᠬᠥᠲᠥᠯᠥᠨ ᠳᠠᠭᠠᠭᠤᠯᠬᠤ ᠶᠢ ᠠᠬᠢᠭᠤᠯᠵᠤ᠂ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢ ᠦᠷᠭᠦᠯᠵᠢᠯᠡᠨ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢ ᠨᠠᠮ ᠤᠨ ᠤᠳᠤᠷᠢᠳᠤᠯᠭ᠎ᠠ ᠶᠢ ᠪᠦᠲᠦᠮᠵᠢᠲᠡᠢ ᠪᠡᠶᠡᠯᠡᠭᠦᠯᠬᠦ ᠪᠠᠲᠤ ᠴᠢᠩᠭ᠎ᠠ ᠲᠠᠶᠢᠴᠢᠨ ᠪᠠᠬᠢᠯᠡᠯᠲᠡ | ᠪᠣᠯᠭᠠᠨ ᠴᠣᠭᠴᠠᠯᠠᠨ᠎ᠠ᠃ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠪᠦᠭᠦ ᠲᠠᠯ᠎ᠠ ᠪᠠᠷ | ᠳᠡᠭᠡᠭᠰᠢᠯᠡᠭᠦᠯᠵᠦ᠂ ᠠᠵᠢᠯ ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠬᠢᠭᠤᠯᠤᠨ᠎ᠠ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠬᠢᠨ ᠤ | ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠬᠦ ᠳᠤᠮᠳᠠ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠶᠢ ᠠᠬᠢᠭᠤᠯᠵᠤ | ᠂ ᠬᠤᠯᠢᠮᠠᠭ ᠥᠮᠴᠢᠯᠡᠯ ᠤᠨ ᠳᠦᠷᠢᠮᠲᠦ ᠠᠵᠤ ᠠᠬᠤᠶᠢᠯᠠᠯ᠂ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠠᠵᠢᠯ ᠲᠦᠷᠦᠯ ᠤᠨ ᠨᠡᠶᠢᠭᠡᠮᠯᠢᠭ᠂ | ᠡᠷᠳᠡᠮ ᠰᠢᠨᠵᠢᠯᠡᠭᠡᠨ ᠤ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ | ᠬᠠᠮᠢᠶᠠᠷᠤᠯᠲᠠ ᠶᠢᠨ ᠪᠠᠶᠢᠭᠤᠯᠤᠮᠵᠢ ᠶᠢ ᠰᠢᠯᠤᠭᠤᠳᠬᠠᠨ᠎ᠠ᠃ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ | ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠨᠠᠮ ᠤᠨ | ᠪᠠᠶᠢᠭᠤᠯᠤᠯᠲᠠ ᠶᠢ ᠴᠢᠩᠭᠠᠳᠬᠠᠨ᠎ᠠ᠃ ᠵᠠᠯᠠᠭᠤᠴᠤᠳ ᠪᠠ ᠠᠵᠤ ᠦᠢᠯᠡᠰ ᠤᠨ ᠠᠵᠢᠯᠴᠢᠨ᠂ ᠲᠠᠷᠢᠶᠠᠴᠢᠨ᠂ | ᠰᠡᠬᠡᠭᠡᠲᠡᠨ ᠤ ᠳᠣᠲᠣᠷ᠎ᠠ ᠠᠴᠠ ᠨᠠᠮ ᠤᠨ ᠭᠡᠰᠢᠭᠦᠨ ᠡᠯᠰᠡᠭᠦ ᠶᠢ ᠴᠢᠬᠤᠯᠠᠴᠢᠯᠠᠵᠤ᠂ ᠨᠠᠮ ᠤᠨ ᠭᠡᠰᠢᠭᠦᠨ ᠢᠯᠠᠩᠭᠤᠶ᠎ᠠ | ᠨᠡᠭᠦᠳᠡᠯ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠤᠨ᠎ᠠ᠃ ᠨᠠᠮ ᠤᠨ | ᠳᠣᠲᠣᠭᠠᠳᠤ ᠶᠢᠨ ᠠᠷᠠᠳᠴᠢᠯᠠᠯ ᠤᠨ ᠳᠦᠷᠢᠮ ᠢ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠤ ᠡᠷᠬᠡ ᠶᠢ ᠪᠠᠲᠤᠯᠠᠨ᠂ | ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ᠎ᠠ᠃ ᠬᠢᠷᠢ | ᠲᠡᠩᠴᠡᠭᠦ ᠦᠭᠡᠢ ᠨᠠᠮ ᠤᠨ ᠭᠡᠰᠢᠭᠦᠨ ᠢ ᠲᠥᠪ ᠴᠢᠩᠭ᠎ᠠ ᠲᠣᠬᠢᠲᠠᠢ ᠰᠢᠢᠳᠪᠦᠷᠢᠯᠡᠵᠦ᠂ ᠨᠠᠮ ᠤᠨ ᠭᠡᠰᠢᠭᠦᠨ ᠤ | ᠡᠩᠨᠡᠭᠡᠨ ᠤ ᠲᠡᠷᠢᠭᠦᠨ ᠤ ᠴᠢᠨᠠᠷ ᠪᠠ ᠴᠡᠪᠡᠷ ᠴᠢᠨᠠᠷ ᠢ ᠪᠠᠲᠤᠯᠠᠨ᠎ᠠ᠃ | ︵ᠵᠢᠷᠭᠤᠭ᠎ᠠ︶ ᠲᠥᠪ ᠴᠢᠩᠭ᠎ᠠ ᠦᠨᠳᠦᠰᠦᠨ ᠭᠦᠭ ᠠᠶᠠᠰ ᠢᠶᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ | ᠴᠢᠩᠳᠠᠯᠠᠬᠤ ᠶᠢ ᠪᠠᠷᠢᠮᠲᠠᠯᠠᠨ᠎ᠠ᠃ ᠨᠠᠮ ᠤᠨ ᠰᠤᠷᠲᠠᠯ ᠤᠨ ᠠᠰᠠᠭᠤᠳᠠᠯ ᠪᠣᠯ ᠲᠦᠷᠦ ᠪᠠᠷᠢᠭᠴᠢ ᠨᠠᠮ ᠤᠨ ᠮᠠᠨᠳᠤᠵᠤ | ᠮᠥᠭᠦᠭᠦ ᠲᠠᠢ ᠬᠤᠯᠪᠣᠭᠳᠠᠵᠤ ᠪᠠᠶᠢᠳᠠᠭ᠃ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ | ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠤᠨ ᠪᠡᠶ᠎ᠡ ᠪᠠᠷ ᠢᠶᠠᠨ | ᠲᠦᠷᠦᠭᠦᠯᠡᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ᠂ ᠪᠣᠳᠠᠲᠠᠢ ᠠᠵᠢᠯᠯᠠᠬᠤ᠂ ᠪᠣᠳᠠᠲᠠᠢ ᠠᠷᠭ᠎ᠠ ᠰᠦᠪᠡᠭᠴᠢᠯᠡᠬᠦ | ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠃ ᠨᠠᠮ ᠤᠨ ᠲᠥᠪ ᠬᠤᠷᠢᠶᠠᠨ ᠤ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ︽ᠵᠠᠩᠭᠢᠯᠠᠭ᠎ᠠ ᠶᠢᠨ ᠴᠥᠭᠡᠨ | ᠲᠣᠭᠠᠲᠠᠨ︾ ᠢ ᠠᠳᠬᠤᠨ᠂ ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠭᠠᠭᠤᠯᠵᠤ᠂ ︽ᠲᠦᠷᠪᠡᠨ ᠰᠤᠷᠲᠠᠯ︾ ᠢ | ᠵᠠᠯᠠᠷᠠᠭᠤᠯᠤᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ | ᠭᠤᠣᠯᠳᠠᠯᠭ᠎ᠠ ᠲᠠᠢ ᠵᠠᠯᠠᠷᠠᠭᠤᠯᠤᠨ ᠵᠠᠰᠠᠵᠤ᠂ ᠣᠨᠴᠠ ᠡᠷᠬᠡ ᠶᠢᠨ ᠦᠵᠡᠯ ᠰᠠᠨᠠᠭ᠎ᠠ ᠪᠣᠯᠣᠨ ᠣᠨᠴᠠ ᠡᠷᠬᠡ ᠶᠢᠨ | ᠠᠵᠢᠯᠯᠠᠭ᠎ᠠ ᠶᠢ ᠡᠷᠡᠰ ᠠᠷᠢᠯᠭᠠᠨ᠎ᠠ᠃ ᠰᠤᠷᠲᠠᠯ ᠤᠨ ᠪᠠᠶᠢᠭᠤᠯᠤᠯᠲᠠ ᠶᠢᠨ ᠭᠠᠵᠠᠷ ᠣᠷᠣᠨ ᠤ ᠴᠢᠨᠠᠷᠲᠠᠢ᠂ ᠠᠵᠢᠯ | ᠲᠦᠷᠦᠯ ᠤᠨ ᠴᠢᠨᠠᠷᠲᠠᠢ᠂ ᠱᠠᠲᠤᠴᠢ ᠴᠢᠨᠠᠷᠲᠠᠢ ᠣᠨᠴᠠᠯᠢᠭ ᠢ ᠡᠵᠡᠮᠳᠡᠵᠦ᠂ ᠨᠡᠶᠢᠳᠡᠮ ᠡᠭᠦᠰᠭᠦ᠂ ᠲᠠᠭᠢᠨ ᠳᠠᠪᠲᠠᠨ | ᠢᠯᠡᠷᠡᠭᠦ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠰᠤᠷᠲᠠᠯ ᠤᠨ ᠪᠠᠶᠢᠭᠤᠯᠤᠯᠲᠠ ᠶᠢ | ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠠᠶᠢᠬᠤ ᠶᠢ ᠠᠬᠢᠭᠤᠯᠤᠨ᠎ᠠ᠃ ᠨᠠᠮ ᠤᠨ ᠰᠠᠬᠢᠯᠭ᠎ᠠ | ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠤᠳᠤᠷᠢᠳᠬᠤ ᠺᠠᠳ᠋ᠷᠴᠤᠳ ᠢᠯᠠᠩᠭᠤᠶ᠎ᠠ ᠳᠡᠭᠡᠳᠦ | ᠲᠡᠰ ᠤᠨ ᠺᠠᠳ᠋ᠷᠴᠤᠳ ᠤᠨ ᠪᠡᠶ᠎ᠡ ᠪᠠᠨ ᠴᠢᠩᠭ᠎ᠠ ᠱᠠᠭᠠᠷᠳᠠᠬᠤ᠂ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠬᠦ᠂ | ᠬᠠᠷᠢᠶᠠᠨ ᠳᠣᠲᠣᠷᠠᠬᠢ ᠪᠠᠨ ᠴᠢᠩᠭ᠎ᠠ ᠬᠠᠮᠢᠶᠠᠷᠬᠤ ᠶᠢ ᠱᠠᠯᠠᠪᠳᠠᠭᠤᠯᠵᠤ᠂ ᠨᠠᠮ ᠤᠨ ᠰᠠᠬᠢᠯᠭ᠎ᠠ ᠠᠴᠠ ᠵᠥᠷᠢᠴᠡᠭᠰᠡᠨ | ᠠᠰᠠᠭᠤᠳᠠᠯ ᠢ ᠨᠢᠭᠡ ᠶᠢ ᠣᠯᠵᠤ ᠮᠡᠳᠡᠪᠡᠯ ᠨᠢᠭᠡ ᠶᠢ ᠡᠷᠡᠰ ᠪᠠᠶᠢᠴᠠᠭᠠᠨ ᠰᠢᠢᠳᠪᠦᠷᠢᠯᠡᠨ᠎ᠡ᠃ ᠨᠠᠮᠴᠢ ᠴᠢᠨᠠᠷ ᠨᠠᠮ ᠤᠨ | ᠰᠤᠷᠲᠠᠯ ᠨᠠᠮ ᠤᠨ ᠰᠠᠬᠢᠯᠭ᠎ᠠ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠦᠵᠡᠯ ᠰᠠᠨᠠᠭᠠᠨ ᠤ ᠲᠠᠯ᠎ᠠ ᠪᠠᠷ | ᠦᠨᠳᠦᠰᠦ ᠰᠠᠭᠤᠷᠢ ᠶᠢ ᠪᠠᠬᠢᠵᠢᠭᠦᠯᠵᠦ᠂ ᠨᠠᠮᠴᠢ ᠴᠢᠨᠠᠷ ᠤᠨ ᠤᠬᠠᠮᠰᠠᠷ ᠢᠶᠠᠨ ᠳᠡᠭᠡᠭᠰᠢᠯᠡᠭᠦᠯᠦᠨ᠂ ᠢᠯᠵᠠᠷᠠᠯ ᠢ | ᠡᠰᠡᠷᠭᠦᠴᠡᠵᠦ ᠴᠢᠨᠠᠷ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠪᠠᠨ ᠨᠡᠮᠡᠭᠳᠡᠭᠦᠯᠵᠦ᠂ ᠪᠠᠶᠠᠨ ᠡᠷᠬᠢᠮ ᠳᠤ | ᠰᠢᠨᠤᠬᠠᠶᠢᠷᠠᠬᠤ ᠦᠭᠡᠢ᠂ ᠶᠠᠳᠠᠭᠤ ᠳᠣᠣᠷᠠᠳᠤ ᠳᠠᠭᠠᠨ ᠵᠣᠷᠢᠭ ᠮᠣᠬᠤᠬᠤ ᠦᠭᠡᠢ᠂ ᠡᠷᠬᠡ ᠰᠦᠷ ᠲᠤ ᠡᠪᠦᠳᠦᠭ | ᠨᠤᠭᠤᠷᠠᠬᠤ ᠦᠭᠡᠢ ᠲᠥᠪ ᠰᠤᠷᠲᠠᠯ ᠢ ᠪᠤᠢ ᠪᠣᠯᠭᠠᠨ᠎ᠠ᠃ | ︵ᠲᠤᠯᠤᠭ᠎ᠠ︶ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ᠂ | ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠳᠤ ᠵᠠᠪᠠᠯ ᠢᠯᠠᠯᠲᠠ ᠣᠯᠣᠨ᠎ᠠ᠃ ᠢᠯᠵᠠᠷᠠᠯ ᠪᠣᠯ ᠨᠠᠮ ᠤᠨ ᠠᠮᠢᠵᠢᠷᠠᠯ ᠤᠨ | ᠬᠦᠴᠦᠨ ᠪᠣᠯᠣᠨ ᠲᠠᠶᠢᠴᠢᠨ ᠬᠦᠴᠦᠨ ᠳᠤ ᠬᠤᠣᠷ ᠬᠥᠨᠥᠭᠡᠯ ᠤᠴᠠᠷᠠᠭᠤᠯᠬᠤ ᠬᠠᠮᠤᠭ ᠤᠨ ᠶᠡᠭᠡ ᠬᠤᠣᠷᠲᠤ ᠬᠠᠪᠤᠳᠠᠷ | ᠮᠥᠨ᠂ ᠢᠯᠵᠠᠷᠠᠯ ᠢ ᠡᠰᠡᠷᠭᠦᠴᠡᠬᠦ ᠪᠣᠯ ᠥᠪᠡᠷ ᠤᠨ ᠪᠡᠶ᠎ᠡ ᠳᠡᠭᠡᠨ ᠬᠢᠬᠦ ᠬᠠᠮᠤᠭ ᠤᠨ ᠲᠤᠶᠢᠯᠪᠤᠷᠢᠲᠠᠢ ᠬᠤᠪᠢᠰᠬᠠᠯ | ᠮᠥᠨ᠃ ᠢᠯᠵᠠᠷᠠᠯ ᠤᠨ ᠠᠰᠠᠭᠤᠳᠠᠯ ᠡᠭᠦᠰᠭᠦ ᠬᠥᠷᠥᠰᠥ ᠪᠠ ᠨᠥᠬᠦᠴᠡᠯ ᠣᠷᠣᠰᠢᠵᠤ ᠯᠡ ᠪᠠᠶᠢᠪᠠᠯ ᠢᠯᠵᠠᠷᠠᠯ ᠢ | ᠡᠰᠡᠷᠭᠦᠴᠡᠬᠦ ᠲᠡᠮᠡᠴᠡᠯ ᠢ ᠨᠢᠭᠡ ᠮᠥᠴᠡ ᠴᠦ ᠵᠣᠭᠰᠤᠭᠠᠬᠤ ᠦᠭᠡᠢ᠂ ᠳᠠᠭᠠᠷᠢᠯᠲᠠ ᠶᠢᠨ ᠪᠦᠷᠢᠶ᠎ᠡ ᠶᠢ ᠢᠮᠠᠭᠲᠠ | ᠬᠠᠩᠭᠢᠨᠠᠭᠤᠯᠬᠤ ᠬᠡᠷᠡᠭᠲᠡᠢ᠃ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ | ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠵᠡᠷᠭᠡ ᠪᠠᠷ ᠬᠦᠴᠦᠯᠡᠵᠦ᠂ | ᠢᠵᠢᠯ ᠴᠢᠭᠯᠡᠯ ᠢᠶᠠᠷ ᠬᠦᠴᠦᠯᠡᠵᠦ᠂ ᠶᠡᠷᠦᠩᠬᠡᠶᠢᠯᠡᠨ ᠬᠦᠴᠦᠯᠡᠬᠦ ᠬᠡᠷᠡᠭᠲᠡᠢ᠃ ᠤᠬᠳᠤ ᠠᠭᠤᠴᠢᠯᠠᠬᠤ ᠦᠭᠡᠢ | ᠣᠪᠣᠷ ᠢᠶᠠᠷ ᠢᠯᠵᠠᠷᠠᠯ ᠢ ᠡᠰᠡᠷᠭᠦᠴᠡᠨ ᠮᠠᠭᠤ ᠮᠠᠭᠤᠬᠠᠢ ᠶᠢ ᠵᠠᠯᠬᠠᠭᠠᠵᠤ᠂ ᠨᠡᠮᠡᠭᠳᠡᠯ ᠢ ᠨᠡᠩ ᠬᠦᠴᠦᠲᠡᠢ ᠬᠤᠷᠢᠭᠯᠠᠨ᠂ | ᠬᠠᠳᠠᠭᠠᠯᠠᠯᠲᠠ ᠶᠢᠨ ᠬᠡᠮᠵᠢᠶ᠎ᠡ ᠶᠢ ᠨᠡᠩ ᠪᠦᠲᠦᠮᠵᠢᠲᠡᠢ ᠪᠠᠷ ᠠᠷᠢᠯᠭᠠᠵᠤ᠂ ᠤᠯᠤᠰ ᠲᠦᠷᠦ ᠶᠢᠨ ᠠᠰᠠᠭᠤᠳᠠᠯ ᠪᠠ ᠠᠵᠤ | ᠠᠬᠤᠢ ᠶᠢᠨ ᠠᠰᠠᠭᠤᠳᠠᠯ ᠰᠣᠯᠪᠢᠴᠠᠭᠰᠠᠨ ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠵᠦ᠂ ᠤᠳᠤᠷᠢᠳᠬᠤ | ᠺᠠᠳ᠋ᠷᠴᠤᠳ ᠠᠰᠢᠭ ᠲᠤᠰᠠ ᠶᠢᠨ ᠪᠦᠯᠦᠭᠯᠡᠯ ᠪᠠ ᠡᠷᠬᠡ ᠰᠦᠷᠲᠦ ᠪᠦᠯᠭᠦᠮ ᠤᠨ ᠣᠷᠣᠯᠠᠨ ᠥᠭᠦᠯᠡᠭᠴᠢ᠂ | ᠣᠷᠣᠯᠠᠭᠴᠢ ᠪᠤᠯᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠵᠠᠰᠠᠭ ᠤᠨ ᠣᠷᠳᠣᠨ ᠪᠠ ᠬᠤᠳᠠᠯᠳᠤᠭᠠᠴᠢᠨ | ᠰᠦᠯᠪᠡᠭᠡᠯᠳᠤᠨ ᠤᠯᠤᠰ ᠲᠦᠷᠦ ᠶᠢᠨ ᠠᠮᠢ ᠠᠬᠤᠢ ᠪᠠ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ | ᠡᠪᠳᠡᠭᠰᠡᠨ ᠠᠰᠠᠭᠤᠳᠠᠯ ᠢ ᠡᠷᠡᠰ ᠵᠠᠰᠠᠨ᠎ᠠ᠂ ᠤᠬᠳᠤ ᠢᠯᠳᠠᠷ ᠬᠠᠶᠠᠬᠤ ᠦᠭᠡᠢ᠃ ᠡᠷᠬᠡ ᠲᠥᠪᠯᠡᠷᠡᠭᠰᠡᠨ᠂ ᠪᠡᠯᠡ | ᠮᠥᠩᠭᠦ ᠨᠢᠭᠲᠠᠷᠠᠭᠰᠠᠨ᠂ ᠡᠬᠢ ᠪᠠᠶᠠᠯᠢᠭ ᠬᠤᠷᠠᠭᠰᠠᠨ ᠬᠦᠷᠢᠶᠡᠨ ᠳᠠᠬᠢ ᠢᠯᠵᠠᠷᠠᠯ ᠢ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠵᠦ᠂ ᠤᠯᠠᠨ ᠲᠦᠮᠡᠨ ᠤ ᠳᠡᠷᠭᠡᠳᠡᠬᠢ ︽ᠢᠯᠠᠭ᠎ᠠ︾ ᠶᠢ ᠡᠷᠡᠰ ᠵᠠᠯᠬᠠᠭᠠᠨ ᠰᠢᠢᠳᠬᠡᠵᠦ᠂ | ᠤᠳᠤᠷᠢᠳᠬᠤ ᠺᠠᠳ᠋ᠷᠴᠤᠳ ᠤᠨ ᠬᠠᠨᠢ ᠨᠥᠬᠦᠷ᠂ ᠦᠷ᠎ᠡ ᠬᠡᠦᠬᠡᠳ ᠵᠢᠴᠢ ᠲᠡᠳᠡᠨ ᠤ ᠬᠠᠨᠢ ᠨᠥᠬᠦᠷ ᠵᠡᠷᠭᠡ ᠲᠦᠷᠦᠯ | ᠰᠠᠳᠤᠨ ᠪᠠ ᠳᠡᠷᠭᠡᠳᠡᠬᠢ ᠠᠵᠢᠯᠲᠠᠨ ᠤ ᠨᠥᠯᠥᠭᠡᠯᠡᠬᠦ ᠬᠦᠴᠦᠨ ᠢᠶᠠᠨ ᠠᠰᠢᠭᠯᠠᠨ ᠬᠤᠪᠢ ᠪᠠᠨ ᠪᠣᠷᠳᠣᠵᠤ ᠱᠠᠮᠰᠢᠵᠤ | ᠢᠯᠵᠠᠷᠠᠨ ᠳᠣᠷᠣᠶᠢᠲᠠᠭᠰᠠᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠡᠭᠡᠯᠢ ᠢᠳᠡᠵᠦ ᠬᠠᠭ᠋ᠤᠤᠯᠢ | ᠲᠦᠯᠭᠢᠭᠦ ᠶᠢ ᠬᠠᠮᠲᠤ ᠳᠤᠨᠢ ᠪᠠᠶᠢᠴᠠᠭᠠᠬᠤ ᠶᠢ ᠪᠠᠷᠢᠮᠲᠠᠯᠠᠵᠤ᠂ ᠰᠢᠨ᠎ᠡ ᠮᠠᠶ᠋ᠢᠭ ᠤᠨ ᠢᠯᠵᠠᠷᠠᠯ ᠪᠠ ᠲᠠᠯᠳᠠ ᠢᠯᠵᠠᠷᠠᠯ ᠢ | ᠵᠠᠯᠬᠠᠭᠠᠨ ᠰᠢᠢᠳᠬᠡᠨ᠎ᠡ᠃ ᠢᠯᠵᠠᠷᠠᠯ ᠢ ᠡᠰᠡᠷᠭᠦᠴᠡᠬᠦ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠣᠷᠭᠤᠳᠠᠯ ᠶᠠᠯᠠᠳᠠᠨ ᠢ ᠨᠡᠬᠡᠮᠵᠢᠯᠡᠬᠦ ᠤᠷᠭᠤᠨ ᠳᠤᠲᠠᠭᠠᠬᠤ ᠶᠢ ᠰᠡᠷᠭᠡᠶᠢᠯᠡᠬᠦ ᠱᠠᠮᠰᠢᠭᠰᠠᠨ ᠡᠳ᠋ ᠢ ᠨᠡᠬᠡᠮᠵᠢᠯᠡᠬᠦ | ᠲᠣᠭᠲᠠᠴᠠ ᠶᠢ ᠨᠢᠭᠡ ᠴᠣᠭᠴᠠᠵᠢᠭᠤᠯᠤᠨ ᠪᠠᠶᠢᠭᠤᠯᠤᠨ᠎ᠠ᠃ ᠦᠡᠭᠭᠡᠨ ᠲᠠᠯ᠎ᠠ ᠪᠠ ᠦᠨᠳᠦᠰᠦᠨ ᠠᠴᠠ ᠨᠢ ᠵᠡᠷᠭᠡ ᠪᠠᠷ | ᠵᠠᠰᠠᠬᠤ ᠶᠢ ᠭᠦᠨᠵᠡᠭᠡᠶᠢᠷᠡᠭᠦᠯᠵᠦ᠂ ᠢᠯᠵᠠᠷᠠᠯ ᠢ ᠡᠰᠡᠷᠭᠦᠴᠡᠬᠦ ᠲᠤᠬᠠᠢ ᠤᠯᠤᠰ ᠤᠨ ᠬᠠᠤᠯᠢ ᠲᠣᠭᠲᠠᠭᠠᠯᠲᠠ ᠶᠢ | ᠠᠬᠢᠭᠤᠯᠵᠤ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ | ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠤᠨ ᠢᠯᠵᠠᠷᠠᠬᠤ ᠶᠢ ᠪᠤᠳᠤᠬᠤ ᠦᠭᠡᠢ ᠪᠠᠶᠢᠬᠤ ᠦᠵᠡᠯ | ᠤᠬᠠᠮᠰᠠᠷ ᠢ ᠴᠢᠩᠭᠠᠳᠬᠠᠵᠤ᠂ ᠠᠷᠢᠭᠤᠨ ᠴᠢᠬᠡᠴᠢ ᠪᠠᠷ ᠳᠠᠷᠤᠭ᠎ᠠ ᠰᠠᠭᠤᠵᠤ᠂ ᠴᠡᠪᠡᠷ ᠴᠢᠬᠡᠴᠢ ᠪᠠᠷ ᠠᠵᠢᠯ ᠬᠢᠬᠦ ᠶᠢ | ᠬᠥᠲᠥᠯᠥᠨ ᠵᠢᠯᠤᠭᠤᠳᠴᠤ᠂ ᠴᠢᠩᠭ᠎ᠠ ᠵᠠᠯᠬᠠᠭᠠᠨ ᠰᠢᠢᠳᠬᠡᠬᠦ᠂ ᠡᠷᠬᠡ ᠶᠢ ᠵᠢᠷᠤᠮᠵᠢᠭᠤᠯᠬᠤ᠂ ᠰᠤᠷᠭᠠᠨ | ᠬᠥᠮᠥᠵᠢᠭᠦᠯᠵᠦ ᠬᠥᠲᠥᠯᠥᠨ ᠵᠢᠯᠤᠭᠤᠳᠬᠤ ᠶᠢ ᠨᠢᠭᠲᠠ ᠤᠶᠠᠯᠳᠤᠭᠤᠯᠵᠤ᠂ ᠵᠣᠬᠢᠴᠠᠭᠤᠯᠤᠨ ᠬᠤᠯᠪᠣᠯᠳᠤᠭᠤᠯᠵᠤ᠂ | ᠨᠡᠩ ᠤᠯᠠᠨ ᠳᠦᠷᠢᠮ ᠤᠨ ᠴᠢᠨᠠᠷᠲᠠᠢ ᠦᠷ᠎ᠡ ᠪᠦᠲᠦᠭᠡᠯ ᠪᠠ ᠨᠡᠩ ᠶᠡᠭᠡ ᠵᠠᠰᠠᠯᠲᠠ ᠶᠢᠨ ᠦᠷ᠎ᠡ ᠪᠦᠲᠦᠮᠵᠢ ᠶᠢ | ᠲᠠᠰᠤᠷᠠᠯᠳᠠ ᠦᠭᠡᠢ ᠣᠯᠬᠤ ᠬᠡᠷᠡᠭᠲᠡᠢ᠃ | ᠨᠥᠬᠦᠳ ᠠ᠋︕ ᠴᠠᠭ ᠦᠶ᠎ᠡ ᠪᠢᠳᠠᠨ ᠢ ᠤᠷᠢᠶᠠᠯᠠᠵᠤ ᠪᠠᠶᠢᠨ᠎ᠠ᠂ ᠠᠷᠠᠳ ᠲᠦᠮᠡᠨ ᠪᠢᠳᠡᠨ ᠳᠤ ᠬᠦᠰᠡᠯ ᠡᠷᠡᠮᠡᠯᠵᠡᠯ | ᠲᠠᠯᠪᠢᠵᠤ ᠪᠠᠶᠢᠨ᠎ᠠ᠂ ᠴᠥᠬᠦᠷᠡᠰᠢ ᠦᠭᠡᠢ ᠵᠣᠷᠢᠭ ᠢᠶᠠᠷ ᠰᠢᠨᠲᠠᠷᠠᠰᠢ ᠦᠭᠡᠢ ᠰᠢᠳᠤᠷᠭᠤ ᠠᠵᠢᠯᠯᠠᠪᠠᠯ ᠰᠠᠶ᠋ᠢ ᠴᠠᠭ | ᠦᠶ᠎ᠡ ᠳᠤ ᠣᠰᠣᠯᠳᠠᠬᠤ ᠦᠭᠡᠢ᠂ ᠠᠷᠠᠳ ᠲᠦᠮᠡᠨ ᠢ ᠬᠥᠰᠡᠷᠳᠡᠭᠦᠯᠬᠦ ᠦᠭᠡᠢ ᠪᠠᠶᠢᠵᠤ ᠴᠢᠳᠠᠨ᠎ᠠ᠃ ᠨᠠᠮ ᠤᠨ ᠪᠦᠭᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ | ᠪᠠᠷᠢᠮᠲᠠᠯᠠᠨ ᠬᠥᠭᠵᠢᠭᠦᠯᠬᠦ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ | ᠵᠠᠶᠢᠯᠠᠰᠢ ᠦᠭᠡᠢ ᠵᠠᠮᠨᠠᠬᠤ ᠵᠠᠮ ᠮᠥᠨ᠂ ᠪᠦᠯᠬᠦᠮᠳᠡᠨ ᠲᠡᠮᠡᠴᠡᠬᠦ ᠪᠣᠯ ᠳᠤᠮᠳᠠᠳᠤ ᠤᠯᠤᠰ ᠤᠨ ᠠᠷᠠᠳ ᠲᠦᠮᠡᠨ ᠤ | ᠲᠡᠦᠬᠡ ᠶᠢᠨ ᠠᠭᠤᠤ ᠦᠢᠯᠡᠰ ᠢ ᠡᠭᠦᠳᠦᠨ ᠪᠦᠲᠦᠭᠡᠬᠦ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ ᠪᠣᠯ ᠰᠢᠨ᠎ᠡ ᠴᠠᠭ ᠦᠶ᠎ᠡ ᠳᠤ ᠮᠠᠨ ᠤ ᠤᠯᠤᠰ ᠤᠨ | ᠬᠥᠭᠵᠢᠨ ᠪᠤᠵᠠᠭᠠᠶᠢᠷᠠᠬᠤ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ | ᠪᠣᠯ ᠨᠠᠮ ᠤᠨ ᠠᠮᠢᠵᠢᠷᠠᠯ ᠤᠨ ᠬᠦᠴᠦᠨ ᠪᠠ ᠠᠮᠢᠳᠤᠯᠢᠭ ᠬᠦᠴᠦᠨ ᠢ ᠢᠮᠠᠭᠲᠠ ᠬᠠᠳᠠᠭᠠᠯᠠᠵᠤ᠂ ᠰᠢᠨ᠎ᠡ | ᠰᠢᠯᠭᠠᠯᠲᠠ ᠶᠢᠨ ᠵᠠᠮ ᠢᠶᠠᠷ ᠰᠠᠶᠢᠲᠤᠷ ᠵᠠᠮᠨᠠᠬᠤ ᠶᠢᠨ ᠵᠠᠶᠢᠯᠠᠰᠢ ᠦᠭᠡᠢ ᠵᠠᠮ ᠮᠥᠨ ᠭᠡᠳᠡᠭ ᠢ ᠪᠦᠭᠦ ᠨᠠᠮ ᠢᠶᠠᠷ ᠢᠶᠠᠨ | ᠡᠷᠬᠡᠪᠰᠢ ᠪᠠᠲᠤ ᠴᠡᠭᠡᠵᠢᠯᠡᠬᠦ ᠬᠡᠷᠡᠭᠲᠡᠢ᠃ ᠡᠨᠡ ᠪᠣᠯ ᠪᠢᠳᠡᠨ ᠤ ᠤᠷᠳᠤ ᠬᠤᠭᠤᠴᠠᠭᠠᠨ ᠤ ᠦᠢᠯᠡᠳᠦᠯᠭᠡ ᠶᠢᠨ ᠳᠤᠮᠳᠠ | ᠣᠯᠣᠭᠰᠠᠨ ᠲᠤᠶᠢᠯ ᠤᠨ ᠴᠢᠬᠤᠯᠠ ᠵᠢᠮ᠎ᠡ ᠶᠣᠰᠣᠴᠢ ᠴᠢᠨᠠᠷᠲᠠᠢ ᠲᠠᠨᠢᠯᠲᠠ ᠮᠥᠨ᠂ ᠡᠷᠬᠡᠪᠰᠢ ᠬᠤᠪᠢ ᠲᠠᠭᠢᠨ | ᠨᠠᠨᠳᠢᠩᠨᠠᠨ᠂ ᠢᠮᠠᠭᠲᠠ ᠪᠠᠷᠢᠮᠲᠠᠯᠠᠵᠤ᠂ ᠵᠣᠷᠢᠭᠰᠠᠨ ᠳᠠᠭᠠᠨ ᠵᠠᠪᠠᠯ ᠬᠦᠷᠬᠦ ᠪᠠᠷ ᠰᠢᠨᠲᠠᠷᠠᠰᠢ ᠦᠭᠡᠢ ᠲᠡᠮᠡᠴᠡᠵᠦ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠪᠤᠷᠭᠤ ᠣᠩᠭᠤᠴᠠ ᠶᠢᠨ ᠰᠠᠯᠬᠢ ᠳᠠᠪᠠᠯᠭᠠᠨ ᠢ | ᠰᠥᠷᠦᠨ᠂ ᠠᠯᠤᠰ ᠢ ᠵᠣᠷᠢᠨ ᠯᠠᠪᠳᠠᠭᠤᠨ ᠪᠠᠲᠤᠲᠠᠢ ᠤᠷᠤᠭᠰᠢᠯᠠᠬᠤ ᠶᠢ ᠬᠥᠲᠥᠯᠥᠨ ᠳᠠᠭᠠᠭᠤᠯᠬᠤ ᠪᠠ ᠪᠠᠲᠤᠯᠠᠬᠤ | ᠬᠡᠷᠡᠭᠲᠡᠢ᠃ | ᠪᠦᠯᠬᠦᠮᠳᠡᠯ ᠪᠣᠯ ᠬᠦᠴᠦᠨ ᠮᠥᠨ᠂ ᠪᠦᠯᠬᠦᠮᠳᠡᠪᠡᠯ ᠰᠠᠶ᠋ᠢ ᠢᠯᠠᠯᠲᠠ ᠣᠯᠵᠤ ᠴᠢᠳᠠᠨ᠎ᠠ᠃ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠷᠬᠡᠪᠰᠢ ᠲᠦᠭ ᠲᠦᠮᠡᠨ ᠠᠷᠠᠳ | ᠲᠦᠮᠡᠨ ᠤ ᠡᠭᠦᠳᠦᠨ ᠪᠦᠲᠦᠭᠡᠬᠦ ᠠᠤᠭ᠎ᠠ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ᠃ ᠪᠦᠭᠦ ᠨᠠᠮ ᠢᠶᠠᠷ ᠢᠶᠠᠨ | ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠨ | ᠂ ᠤᠯᠠᠨ ᠲᠦᠮᠡᠨᠴᠢ ᠦᠵᠡᠯᠲᠡ ᠶᠢ ᠪᠠᠲᠤ ᠪᠤᠢ ᠪᠤᠯᠭᠠᠵᠤ᠂ ᠤᠯᠠᠨ ᠲᠦᠮᠡᠨᠴᠢ ᠱᠤᠭᠤᠮ ᠢ ᠲᠤᠭᠤᠰᠢᠯᠠᠭᠤᠯᠤᠨ᠂ | ᠠᠷᠠᠳ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠨᠳᠦᠳᠭᠡᠵᠦ᠂ ᠠᠯᠢᠪᠠ ᠪᠦᠭᠦᠨ ᠠᠷᠠᠳ ᠲᠦᠮᠡᠨ ᠤ | ᠲᠥᠯᠥᠭᠡ ᠪᠠᠶᠢᠬᠤ᠂ ᠠᠯᠢᠪᠠ ᠪᠦᠭᠦᠨ ᠠᠷᠠᠳ ᠲᠦᠮᠡᠨ ᠳᠤ ᠲᠦᠰᠢᠭᠯᠡᠬᠦ᠂ ᠤᠯᠠᠨ ᠲᠦᠮᠡᠨ ᠤ ᠳᠤᠮᠳᠠ ᠠᠴᠠ | ᠢᠷᠡᠵᠤ ᠤᠯᠠᠨ ᠲᠦᠮᠡᠨ ᠤ ᠳᠤᠮᠳᠠ ᠣᠴᠢᠬᠤ ᠶᠢ ᠪᠠᠷᠢᠮᠲᠠᠯᠠᠨ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ | ᠪᠠᠷᠢᠯᠳᠤᠯᠭ᠎ᠠ ᠪᠠᠨ ᠢᠮᠠᠭᠲᠠ ᠪᠠᠲᠤᠯᠠᠵᠤ᠂ ᠢᠮᠠᠭᠲᠠ ᠠᠷᠠᠳ ᠲᠦᠮᠡᠨ ᠤ ᠰᠢᠭᠦᠮᠵᠢᠯᠡᠯ ᠪᠠ ᠬᠢᠨᠠᠯᠲᠠ ᠶᠢ ᠬᠦᠯᠢᠶᠡᠵᠦ᠂ | ᠢᠮᠠᠭᠲᠠ ᠠᠷᠠᠳ ᠲᠦᠮᠡᠨ ᠲᠠᠢ ᠰᠡᠳᠬᠢᠯ ᠰᠠᠨᠠᠭ᠎ᠠ ᠪᠠᠨ ᠨᠢᠭᠡᠳᠬᠡᠨ᠂ ᠬᠤᠪᠢ ᠵᠠᠶᠠᠭ᠎ᠠ ᠪᠠᠨ ᠬᠠᠮᠲᠤᠳᠬᠠᠵᠤ᠂ | ᠰᠡᠳᠬᠢᠯ ᠵᠢᠷᠦᠬᠡ ᠪᠠᠨ ᠬᠤᠯᠪᠣᠨ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ | ᠪᠦᠯᠬᠦᠮᠳᠡᠯ ᠢ ᠲᠠᠰᠤᠷᠠᠯᠳᠠ ᠦᠭᠡᠢ ᠪᠠᠬᠢᠵᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ | ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠨ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ | ᠬᠠᠮᠲᠤ ᠪᠠᠷ ᠲᠡᠷᠭᠡᠯᠰᠢᠭᠦᠯᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ | ᠵᠠᠯᠠᠭᠤᠴᠤᠳ ᠬᠦᠴᠦᠷᠬᠡᠭᠵᠢᠪᠡᠯ ᠤᠯᠤᠰ ᠣᠷᠣᠨ ᠬᠦᠴᠦᠷᠬᠡᠭᠵᠢᠨ᠎ᠡ᠃ ᠤᠳᠤ ᠦᠶ᠎ᠡ ᠶᠢᠨ ᠳᠤᠮᠳᠠᠳᠤ ᠤᠯᠤᠰ ᠤᠨ | ᠵᠠᠯᠠᠭᠤᠴᠤᠳ ᠬᠠᠮᠤᠭ ᠤᠨ ᠰᠠᠶᠢᠬᠠᠨ ᠴᠠᠭ ᠦᠶ᠎ᠡ ᠳᠤ ᠲᠣᠬᠢᠶᠠᠵᠤ᠂ ᠠᠪᠢᠶᠠᠰ ᠴᠢᠳᠠᠪᠤᠷᠢ ᠪᠠᠨ ᠪᠠᠳᠠᠷᠠᠭᠤᠯᠬᠤ | ᠲᠠᠪᠴᠠᠩ ᠬᠢᠵᠠᠭᠠᠯᠠᠰᠢ ᠦᠭᠡᠢ ᠥᠷᠭᠡᠨ ᠠᠭᠤᠳᠠᠮ ᠪᠠᠶᠢᠵᠤ᠂ ᠬᠦᠰᠡᠯ ᠵᠡᠭᠦᠳᠦ ᠪᠠᠨ ᠪᠡᠶᠡᠯᠡᠭᠦᠯᠬᠦ ᠢᠷᠡᠭᠡᠳᠦᠢ | ᠬᠢᠵᠠᠭᠠᠯᠠᠰᠢ ᠦᠭᠡᠢ ᠭᠡᠭᠡᠨ ᠰᠠᠷᠠᠭᠤᠯ ᠪᠠᠶᠢᠨ᠎ᠠ᠃ ᠪᠦᠭᠦ ᠨᠠᠮ ᠢᠶᠠᠷ ᠢᠶᠠᠨ ᠵᠠᠯᠠᠭᠤᠴᠤᠳ ᠤᠨ ᠠᠵᠢᠯ ᠢ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠠᠵᠢᠯ ᠪᠣᠯᠭᠠᠨ ᠠᠳᠬᠤᠵᠤ᠂ ᠨᠠᠮ ᠤᠨ ᠰᠢᠨᠵᠢᠯᠡᠬᠦ ᠤᠬᠠᠭᠠᠨᠴᠢ ᠤᠨᠤᠯ ᠢᠶᠠᠷ | ᠵᠠᠯᠠᠭᠤᠴᠤᠳ ᠢ ᠵᠡᠪᠰᠡᠭᠯᠡᠵᠦ᠂ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠷ ᠵᠠᠯᠠᠭᠤᠴᠤᠳ ᠢ ᠤᠷᠢᠶᠠᠯᠠᠵᠤ᠂ | ᠵᠠᠯᠠᠭᠤᠴᠤᠳ ᠤᠨ ᠰᠡᠳᠬᠢᠯ ᠢ ᠮᠡᠳᠡᠭᠴᠢ᠂ ᠵᠠᠯᠠᠭᠤᠴᠤᠳ ᠤᠨ ᠠᠵᠢᠯ ᠤᠨ ᠬᠠᠯᠠᠭᠤᠨ ᠰᠡᠳᠬᠢᠯᠲᠡᠨ᠂ | ᠵᠠᠯᠠᠭᠤᠴᠤᠳ ᠤᠨ ᠵᠠᠮᠴᠢᠯᠠᠭᠴᠢ ᠪᠤᠯᠬᠤ ᠬᠡᠷᠡᠭᠲᠡᠢ᠃ ᠥᠷᠭᠡᠨ ᠤᠯᠠᠨ ᠵᠠᠯᠠᠭᠤᠴᠤᠳ ᠡᠷᠡᠰ ᠭᠤᠶᠢᠪᠢᠰᠢ ᠦᠭᠡᠢ ᠪᠠᠷ | ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠬᠦᠰᠡᠯ ᠵᠡᠭᠦᠳᠦ ᠲᠠᠢ ᠮᠥᠷᠲᠡᠭᠡᠨ ᠯᠠᠪᠳᠠᠭᠤᠨ ᠪᠠᠲᠤᠲᠠᠢ | ᠪᠠᠶᠢᠵᠤ᠂ ᠵᠣᠷᠢᠭᠲᠠᠢ ᠰᠡᠳᠬᠢᠵᠦ ᠵᠣᠷᠢᠭᠲᠠᠢ ᠬᠢᠬᠦ ᠮᠥᠷᠲᠡᠭᠡᠨ ᠴᠢᠳᠠᠮᠠᠭᠠᠢ ᠬᠢᠵᠦ ᠴᠢᠳᠠᠮᠠᠭᠠᠢ ᠪᠦᠲᠦᠭᠡᠵᠦ᠂ | ᠬᠦᠰᠡᠯᠡᠩ ᠲᠠᠢ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠳᠡᠭ᠂ ᠬᠦᠴᠢᠷ ᠠᠴᠠ ᠠᠶᠤᠬᠤ ᠦᠭᠡᠢ᠂ ᠵᠣᠷᠢᠭᠲᠠᠢ | ᠲᠡᠮᠡᠴᠡᠬᠦ ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠤᠯᠬᠤ ᠡᠷᠴᠢ ᠵᠣᠷᠢᠭ ᠢᠶᠠᠨ ᠬᠥᠪᠴᠢᠯᠡᠵᠦ᠂ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠭᠠᠯ ᠬᠠᠯᠠᠭᠤᠨ | ᠦᠢᠯᠡᠳᠦᠯᠭᠡ ᠶᠢᠨ ᠳᠤᠮᠳᠠ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠰᠠᠴᠤᠷᠠᠭᠤᠯᠬᠤ ᠬᠡᠷᠡᠭᠲᠡᠢ᠃ | ᠨᠥᠬᠦᠳ ᠠ᠋︕ ᠨᠠᠮ ᠠᠭᠤᠤ ᠶᠡᠭᠡ ᠲᠡᠮᠡᠴᠡᠯ ᠢᠶᠠᠷ ᠵᠠᠭᠤᠨ ᠵᠢᠯ ᠤᠨ ᠠᠭᠤᠤ ᠶᠡᠭᠡ ᠦᠢᠯᠡᠰ ᠢ ᠪᠦᠲᠦᠭᠡᠭᠰᠡᠨ ᠢᠶᠠᠷ | ᠪᠠᠷᠠᠬᠤ ᠦᠭᠡᠢ᠂ ᠪᠠᠰᠠ ᠰᠢᠨ᠎ᠡ ᠠᠭᠤᠤ ᠶᠡᠭᠡ ᠲᠡᠮᠡᠴᠡᠯ ᠢᠶᠠᠷ ᠰᠢᠨ᠎ᠡ ᠠᠭᠤᠤ ᠦᠢᠯᠡᠰ ᠢ ᠡᠭᠦᠳᠭᠦ ᠨᠢ ᠯᠠᠪᠲᠠᠢ᠃ | ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠭᠤᠰᠤᠨ ᠶᠠᠷᠢᠶ᠎ᠠ ᠤᠯᠤᠰ ᠢ ᠰᠠᠭᠠᠲᠠᠭᠠᠵᠤ᠂ ᠪᠣᠳᠠᠲᠠᠢ | ᠠᠵᠢᠯᠯᠠᠪᠠᠯ ᠤᠯᠤᠰ ᠢᠶᠠᠨ ᠮᠠᠨᠳᠤᠭᠤᠯᠤᠨ᠎ᠠ ᠭᠡᠳᠡᠭ ᠢ ᠪᠠᠲᠤ ᠴᠡᠭᠡᠵᠢᠯᠡᠵᠦ᠂ ᠢᠲᠡᠭᠡᠯ ᠵᠣᠷᠢᠭ ᠢᠶᠠᠨ ᠪᠠᠲᠤᠳᠬᠠᠨ᠂ | ᠨᠢᠭᠡ ᠰᠡᠳᠬᠢᠯ ᠨᠢᠭᠡ ᠵᠣᠷᠢᠭ ᠢᠶᠠᠷ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ | ᠲᠡᠮᠡᠴᠡᠰᠦᠭᠡᠢ︕ | | |