| | | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 18 ᠤ ᠦᠳᠡ ᠶᠢᠨ ᠡᠮᠦᠨ᠎ᠡ᠂ ᠠᠽᠢᠶ᠎ᠠ ᠲᠢᠪ ᠨᠣᠮᠣᠬᠠᠨ | ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠷᠢ ᠶᠢᠰᠦᠳᠦᠭᠡᠷ | ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠲᠠᠢ ᠤᠯᠤᠰ ᠤᠨ ᠪᠠᠩᠺᠤᠺ ᠤᠨ | ᠤᠯᠤᠰ ᠤᠨ ᠬᠤᠷᠠᠯ ᠤᠨ ᠲᠥᠪ ᠲᠤ ᠬᠤᠷᠠᠯᠳᠤᠪᠠ᠃ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠷᠠᠯ ᠳᠤ | ᠣᠷᠣᠯᠴᠠᠬᠰᠠᠨ ᠪᠥᠭᠡᠳ ︽ᠪᠦᠯᠬᠦᠮᠳᠡᠨ ᠬᠠᠮᠲᠤᠷᠠᠯᠴᠠᠵᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠠᠽᠢᠶ᠎ᠠ | ᠲᠢᠪ ᠨᠣᠮᠣᠬᠠᠨ ᠳᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ︾ ᠭᠡᠬᠦ | ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠰᠢ ᠶᠢᠨ ᠫᠢᠩ ᠬᠤᠷᠠᠯ ᠤᠨ ᠲᠠᠯᠠᠪᠠᠢ ᠳᠤ ᠬᠦᠷᠬᠦ ᠳᠤ᠂ ᠲᠠᠢ ᠤᠯᠤᠰ ᠤᠨ ᠶᠡᠷᠦᠩᠬᠡᠢ ᠰᠠᠶᠢᠳ ᠪᠠ ᠢᠦᠢ | ᠬᠠᠯᠠᠭᠤᠨ ᠢᠶᠠᠷ ᠤᠭᠲᠤᠪᠠ᠃ | ᠰᠢ ᠶᠢᠨ ᠫᠢᠩ ᠶᠠᠷᠢᠶᠠᠨ ᠳᠠᠭᠠᠨ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠪᠣᠯ ᠪᠢᠳᠡᠨ ᠤ ᠣᠷᠣᠰᠢᠨ | ᠲᠣᠭᠲᠠᠨᠢᠬᠤ ᠭᠠᠵᠠᠷ ᠮᠥᠨ᠂ ᠮᠥᠨ ᠴᠤ ᠪᠦᠭᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠤᠨ ᠬᠥᠳᠡᠯᠭᠡᠬᠦ | ᠬᠦᠴᠦᠨ ᠤ ᠡᠬᠢ ᠰᠤᠷᠪᠤᠯᠵᠢ ᠮᠥᠨ᠃ ᠥᠩᠭᠡᠷᠡᠭᠰᠡᠨ ᠬᠡᠳᠦᠨ ᠠᠷᠪᠠᠨ ᠵᠢᠯ ᠳᠤ᠂ ᠠᠽᠢᠶ᠎ᠠ ᠲᠢᠪ ᠨᠣᠮᠣᠬᠠᠨ | ᠲᠠᠯᠠᠢ ᠶᠢᠨ ᠣᠷᠣᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠥᠷᠨᠢᠨ ᠬᠥᠭᠵᠢᠵᠦ᠂ ᠳᠡᠯᠡᠬᠡᠢ | ᠳ᠋ᠠᠬᠢᠨ ᠤ ᠠᠩᠬᠠᠷᠤᠯ ᠢ ᠲᠠᠲᠠᠭᠰᠠᠨ ︽ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠭᠠᠶᠢᠬᠠᠮᠰᠢᠭ︾ ᠢ | ᠡᠭᠦᠳᠴᠦ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠠᠮᠲᠤᠷᠠᠯᠴᠠᠭ᠎ᠠ ᠠᠯᠢ ᠡᠷᠲᠡ ᠬᠥᠮᠥᠰ ᠤᠨ | ᠰᠡᠳᠬᠢᠯ ᠳᠤ ᠬᠠᠳᠠᠩᠰᠢᠪᠠ᠃ ᠤᠳᠤ ᠳᠡᠯᠡᠬᠡᠢ ᠳ᠋ᠠᠬᠢᠨ ᠳᠠᠬᠢᠨᠲᠠ ᠲᠡᠦᠬᠡ ᠶᠢᠨ ᠲᠣᠨᠣᠯᠵᠢᠨ ᠵᠠᠮ ᠳᠤ ᠵᠣᠭᠰᠣᠵᠤ᠂ | ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠪᠠᠶᠢᠷᠢ ᠰᠠᠭᠤᠷᠢ ᠨᠡᠩ ᠴᠢᠬᠤᠯᠠ᠂ ᠦᠢᠯᠡᠳᠦᠯ ᠨᠡᠩ ᠲᠣᠪᠣᠶᠢᠮ᠎ᠠ | ᠪᠣᠯᠪᠠ᠃ ᠰᠢᠨ᠎ᠡ ᠪᠠᠶᠢᠳᠠᠯ ᠳᠣᠣᠷ᠎ᠠ᠂ ᠪᠢᠳᠠ ᠭᠠᠷ ᠬᠤᠯᠪᠣᠨ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ | ᠬᠠᠮᠲᠤᠷᠠᠯᠴᠠᠭᠠᠨ ᠤ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠲᠠᠭᠢᠨ ᠡᠭᠦᠳᠦᠶ᠎ᠡ ᠭᠡᠵᠦ ᠵᠢᠭᠠᠵᠤ ᠭᠠᠷᠭᠠᠪᠠ᠃ | ᠡᠭᠦᠨ ᠳᠤ ᠰᠢ ᠶᠢᠨ ᠫᠢᠩ ᠬᠡᠳᠦᠨ ᠰᠠᠨᠠᠭᠤᠯᠭ᠎ᠠ ᠳᠤᠷᠠᠳᠴᠠᠢ᠃ | ᠨᠢᠭᠡᠳᠦᠭᠡᠷ ᠲᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠡᠩᠬᠡ ᠲᠠᠶᠢᠪᠤᠩ | ᠲᠣᠭᠲᠠᠭᠤᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠢ ᠪᠦᠲᠦᠭᠡᠨ ᠪᠠᠶᠢᠭᠤᠯᠤᠶ᠎ᠠ᠃ ᠠᠽᠢᠶ᠎ᠠ ᠲᠢᠪ ᠨᠣᠮᠣᠬᠠᠨ | ᠳᠠᠯᠠᠢ ᠶᠢᠨ ᠣᠷᠣᠨ ᠤ ᠥᠩᠭᠡᠷᠡᠭᠰᠡᠨ ᠬᠡᠳᠦᠨ ᠠᠷᠪᠠᠨ ᠵᠢᠯ ᠤᠨ ᠠᠵᠤ ᠠᠬᠤᠢ ᠶᠢᠨ ᠲᠦᠷᠭᠡᠨ ᠨᠡᠮᠡᠭᠳᠡᠯ ᠤᠨ | ᠴᠢᠬᠤᠯᠠ ᠰᠡᠩᠬᠡᠷᠡᠭᠦᠯᠦᠯ ᠪᠣᠯ ᠳᠠᠷᠤᠢ ᠬᠠᠷᠢᠯᠴᠠᠨ ᠭᠦᠨᠳᠦᠳᠭᠡᠵᠦ᠂ ᠪᠦᠯᠬᠦᠮᠳᠡᠨ ᠬᠠᠮᠲᠤᠷᠠᠯᠴᠠᠵᠤ᠂ ᠤᠴᠢᠷ | ᠶᠠᠪᠤᠳᠠᠯ ᠲᠤᠯᠭᠠᠷᠠᠪᠠᠯ ᠤᠯᠠᠨ ᠢᠶᠠᠷ ᠢᠶᠠᠨ ᠵᠥᠪᠳᠡᠯᠴᠡᠨ ᠰᠢᠢᠳᠪᠦᠷᠢᠯᠡᠵᠦ᠂ ᠬᠠᠮᠤᠭ ᠤᠨ ᠶᠡᠭᠡ ᠶᠡᠷᠦᠩᠬᠡᠢ | ᠬᠤᠷᠢᠶᠠᠭᠴᠢ ᠲᠤᠭ᠎ᠠ ᠶᠢ ᠡᠷᠢᠯᠬᠢᠯᠡᠭᠰᠡᠨ ᠶᠠᠪᠤᠳᠠᠯ ᠪᠣᠯᠣᠨ᠎ᠠ᠃ ᠪᠢᠳᠡ ᠬᠠᠮᠲᠤ ᠶᠢᠨ᠂ ᠶᠡᠷᠦᠩᠬᠡᠶᠢᠯᠡᠭᠰᠡᠨ᠂ | ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠡᠯ᠎ᠡ ᠤᠯᠤᠰ ᠤᠨ ᠡᠷᠬᠡ | ᠮᠡᠳᠡᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠭᠦᠨᠳᠦᠳᠭᠡᠵᠦ᠂ ᠪᠤᠰᠤᠳ ᠤᠯᠤᠰ ᠤᠨ | ᠳᠣᠲᠣᠭᠠᠳᠤ ᠵᠠᠰᠠᠭ ᠲᠤ ᠭᠠᠷ ᠲᠦᠷᠦᠭᠦ ᠦᠭᠡᠢ᠂ ᠡᠯ᠎ᠡ ᠤᠯᠤᠰ ᠤᠨ ᠠᠷᠠᠳ ᠲᠦᠮᠡᠨ ᠤ ᠪᠡᠶ᠎ᠡ ᠪᠠᠨ ᠳᠠᠭᠠᠭᠠᠵᠤ | ᠰᠣᠩᠭᠤᠭᠰᠠᠨ ᠬᠥᠭᠵᠢᠯᠲᠡ ᠶᠢᠨ ᠵᠠᠮ ᠪᠠ ᠨᠡᠶᠢᠭᠡᠮ ᠤᠨ ᠪᠠᠶᠢᠭᠤᠯᠤᠯ ᠢ ᠭᠦᠨᠳᠦᠳᠭᠡᠵᠦ᠂ ᠡᠯ᠎ᠡ ᠤᠯᠤᠰ ᠤᠨ ᠠᠮᠤᠷ | ᠲᠦᠪᠰᠢᠨ ᠤ ᠲᠤᠬᠠᠢ ᠵᠦᠢ ᠶᠣᠰᠣᠨ ᠤ ᠠᠩᠬᠠᠷᠤᠯ ᠢ ᠴᠢᠬᠤᠯᠠᠴᠢᠯᠠᠵᠤ᠂ ᠶᠠᠷᠢᠯᠴᠠᠭ᠎ᠠ ᠵᠥᠪᠳᠡᠯᠴᠡᠭᠡ ᠪᠠᠷ | ᠳᠠᠮᠵᠢᠭᠤᠯᠤᠨ ᠨᠠᠶᠢᠷᠠᠮᠳᠠᠯ ᠤᠨ ᠠᠷᠭ᠎ᠠ ᠭᠡᠯᠪᠡᠷᠢ ᠪᠠᠷ ᠤᠯᠤᠰ ᠤᠨ ᠬᠤᠭᠤᠷᠣᠨᠳᠣᠭᠢ ᠵᠥᠷᠢᠯᠳᠦᠭᠡᠨ ᠪᠠ | ᠮᠠᠷᠭᠤᠯᠳᠤᠭᠠᠨ ᠢ ᠰᠢᠢᠳᠪᠦᠷᠢᠯᠡᠪᠡᠯ ᠵᠣᠬᠢᠨ᠎ᠠ᠃ ᠪᠦᠭᠦ ᠪᠥᠮᠪᠥᠷᠴᠡᠭ ᠤᠨ ᠵᠠᠰᠠᠯᠲᠠ ᠳᠤ ᠢᠳᠡᠪᠬᠢᠲᠡᠢ ᠣᠷᠣᠯᠴᠠᠵᠤ᠂ | ᠤᠯᠠᠨ ᠤᠯᠤᠰ ᠤᠨ ᠡᠮᠬᠢ ᠵᠢᠷᠤᠮ ᠤᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠭᠦᠭᠵᠢᠭᠦ ᠶᠢ | ᠠᠬᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠪᠠ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ | ᠪᠠᠶᠢᠳᠠᠯ ᠳᠤ ᠪᠠᠲᠤᠯᠠᠭ᠎ᠠ ᠬᠠᠩᠭᠠᠶ᠎ᠠ᠃ | ᠬᠤᠶᠠᠳᠤᠭᠠᠷ ᠲᠤ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ᠂ ᠬᠠᠮᠲᠤ ᠪᠠᠷ ᠪᠠᠶᠠᠵᠢᠭᠰᠠᠨ | ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠢ ᠪᠦᠲᠦᠭᠡᠨ ᠪᠠᠶᠢᠭᠤᠯᠤᠶ᠎ᠠ᠃ ᠪᠢᠳᠡ ᠨᠡᠭᠡᠭᠡᠯᠲᠡᠲᠤ ᠣᠷᠣᠨ | ᠪᠦᠰᠡ ᠶᠢᠨ ᠦᠵᠡᠯ ᠢ ᠪᠠᠷᠢᠮᠲᠠᠯᠠᠵᠤ᠂ ᠬᠤᠷᠸ᠎ᠠ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠶᠢ | ᠴᠢᠩᠭᠠᠳᠬᠠᠵᠤ᠂ ᠨᠡᠩ ᠨᠢᠭᠲᠠ ᠣᠷᠣᠨ ᠪᠦᠰᠡ ᠶᠢᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ | ᠪᠠᠶᠢᠭᠤᠯᠵᠤ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠴᠢᠯᠦᠭᠡᠵᠢᠯᠲᠡ ᠳᠥᠭᠦᠮᠴᠢᠯᠡᠯᠲᠡ ᠶᠢ ᠠᠬᠢᠭᠤᠯᠵᠤ᠂ | ᠣᠷᠣᠨ ᠪᠦᠰᠡ ᠶᠢᠨ ᠠᠵᠤ ᠠᠬᠤᠢ ᠶᠢᠨ ᠨᠢᠭᠡ ᠴᠣᠭᠴᠠᠵᠢᠯᠲᠠ ᠶᠢᠨ ᠠᠬᠢᠴᠠ ᠶᠢ ᠯᠠᠪᠳᠠᠭᠤᠨ ᠢᠶᠠᠷ ᠠᠬᠢᠭᠤᠯᠵᠤ᠂ | ᠥᠨᠳᠥᠷ ᠲᠦᠪᠰᠢᠨ ᠪᠦᠬᠦᠢ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠴᠢᠯᠦᠭᠡᠲᠦ ᠠᠷᠠᠯᠵᠢᠶᠠᠨ ᠤ ᠣᠷᠣᠨ ᠢ | ᠡᠷᠲᠡᠬᠡᠨ ᠪᠠᠶᠢᠭᠤᠯᠤᠶ᠎ᠠ᠃ ᠠᠷᠠᠳ ᠲᠦᠮᠡᠨ ᠤ ᠲᠥᠯᠥᠭᠡ ᠬᠥᠭᠵᠢᠭᠦᠯᠬᠦ᠂ ᠬᠥᠭᠵᠢᠭᠦᠯᠬᠦ ᠳᠤ ᠠᠷᠠᠳ ᠲᠦᠮᠡᠨ ᠢ | ᠲᠦᠰᠢᠭᠯᠡᠬᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠭᠦ ᠶᠢ ᠪᠠᠷᠢᠮᠲᠠᠯᠠᠵᠤ | ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ | ᠠᠬᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠲᠠᠢ ︽ᠣᠷᠣᠨ | ᠪᠦᠰᠡ ᠶᠢᠨ ᠪᠦᠭᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠢ ᠪᠦᠭᠦ ᠲᠠᠯ᠎ᠠ ᠪᠠᠷ | ᠴᠢᠨᠠᠷ ᠰᠠᠶᠢᠲᠠᠢ ᠬᠡᠷᠡᠭᠵᠢᠭᠦᠯᠵᠦ᠂ ︽ᠪᠦᠭᠦ ᠲᠠᠯ᠎ᠠ ᠬᠢᠭᠡᠳ ᠳᠠᠪᠰᠢᠯᠲᠠ ᠲᠠᠢ ᠨᠣᠮᠣᠬᠠᠨ ᠲᠡᠯᠡᠶ ᠶᠢ ᠠᠯᠤᠰᠯᠠᠭᠰᠠᠨ | ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠪᠣᠯᠣᠨ ︽ᠲᠣᠭᠠᠴᠢᠯᠠᠭᠰᠠᠨ ᠠᠵᠤ ᠠᠬᠤᠢ ᠶᠢᠨ ᠬᠠᠨᠢᠲᠠᠨ ᠤ | ᠬᠠᠷᠢᠯᠴᠠᠭ᠎ᠠ ᠶᠢᠨ ᠬᠡᠯᠡᠯᠴᠡᠭᠡᠷ︾ ᠲᠤ ᠣᠷᠤᠯᠴᠠᠬᠤ ᠶᠢ ᠦᠷᠭᠦᠯᠵᠢᠯᠡᠨ ᠠᠬᠢᠭᠤᠯᠵᠤ᠂ ᠣᠷᠣᠨ ᠪᠦᠰᠡ ᠶᠢᠨ | ᠠᠭᠤᠰᠤᠯᠴᠠᠨ ᠭᠦᠭᠵᠢᠭᠦ ᠶᠢ ᠠᠬᠢᠭᠤᠯᠤᠨ᠎ᠠ᠃ ᠢᠷᠡᠬᠦ ᠵᠢᠯ ᠳᠤ᠂ ᠳᠤᠮᠳᠠᠳᠤ ᠤᠯᠤᠰ ᠭᠤᠷᠪᠠᠳᠤᠭᠠᠷ | ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ | ᠶᠠᠷᠢᠶᠠᠨ ᠤ ᠲᠠᠪᠴᠠᠩ ᠢ ᠡᠷᠭᠢᠯᠡᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠪᠣᠯᠣᠨ ᠪᠦᠭᠦ ᠪᠥᠮᠪᠥᠷᠴᠡᠭ ᠤᠨ | ᠬᠥᠭᠵᠢᠯ ᠴᠡᠴᠡᠭᠯᠡᠯ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠠᠷ ᠪᠣᠳᠣᠯᠬᠢᠯᠠᠵᠤ ᠪᠤᠢ᠃ | ᠭᠤᠷᠪᠠᠳᠤᠭᠠᠷ ᠲᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠪᠠᠷᠢᠮᠲᠠᠯᠠᠵᠤ᠂ | ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠢ ᠪᠦᠲᠦᠭᠡᠨ | ᠪᠠᠶᠢᠭᠤᠯᠤᠶ᠎ᠠ᠃ ᠪᠢᠳᠡ ᠠᠵᠤ ᠠᠬᠤᠢ ᠮᠡᠷᠭᠡᠵᠢᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠣᠭᠠᠴᠢᠯᠠᠭᠰᠠᠨ | ᠪᠣᠬᠢᠷᠳᠤᠯ ᠦᠭᠡᠢ ᠵᠣᠬᠢᠴᠠᠩᠭᠤᠢ ᠬᠥᠭᠵᠢᠯᠲᠡ ᠶᠢ ᠲᠦᠷᠭᠡᠳᠬᠡᠵᠦ᠂ ᠡᠨᠧᠷᠭᠢ ᠡᠬᠢ ᠪᠠᠶᠠᠯᠢᠭ᠂ ᠠᠵᠤ ᠦᠢᠯᠡᠰ ᠤᠨ | ᠪᠦᠲᠦᠴᠡ᠂ ᠬᠡᠷᠡᠭᠯᠡᠭᠡ ᠶᠢᠨ ᠪᠦᠲᠦᠴᠡ ᠶᠢᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠭᠦ ᠶᠢ ᠠᠬᠢᠭᠤᠯᠵᠤ᠂ | ᠠᠵᠤ ᠠᠬᠤᠢ ᠨᠡᠶᠢᠭᠡᠮ ᠤᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠶ᠎ᠠ᠃ ᠳᠤᠮᠳᠠᠳᠤ ᠤᠯᠤᠰ ᠤᠨ ᠬᠢᠨ | ᠠᠮᠢᠳᠤ ᠪᠣᠳᠠᠰ ᠤᠨ ᠣᠷᠴᠢᠯᠲᠤ ᠪᠣᠬᠢᠷᠳᠤᠯ ᠦᠭᠡᠢ ᠠᠵᠤ ᠠᠬᠤᠢ ᠶᠢᠨ ᠪᠠᠩᠺᠤᠺ ᠤᠨ ᠬᠠᠷᠠᠯᠲᠠ ᠶᠢ | ᠨᠠᠶᠢᠳᠠᠪᠤᠷᠢᠵᠢᠭᠤᠯᠬᠤ ᠳᠤ ᠳᠡᠮᠵᠢᠯᠭᠡ ᠬᠠᠩᠭᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ | ᠠᠵᠤ ᠠᠬᠤᠢ ᠶᠢᠨ ᠬᠥᠭᠵᠢᠯᠲᠡ ᠶᠢ ᠬᠠᠮᠵᠢᠯᠴᠠᠨ ᠠᠬᠢᠭᠤᠯᠤᠨ᠎ᠠ᠃ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ | ᠤᠯᠤᠰ ᠤᠳ ᠤᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠳᠤ ᠢᠳᠡᠪᠬᠢᠲᠡᠢ ᠣᠷᠣᠯᠴᠠᠵᠤ᠂ | ᠶᠠᠳᠠᠭᠤ ᠶᠢ ᠪᠠᠭᠠᠰᠬᠠᠬᠤ᠂ ᠠᠮᠤ ᠪᠤᠳᠠᠭ᠎ᠠ᠂ ᠡᠨᠧᠷᠭᠢ᠂ ᠡᠷᠡᠭᠦᠯ ᠬᠠᠮᠠᠭᠠᠯᠠᠯ ᠵᠡᠷᠭᠡ ᠬᠦᠷᠢᠶᠡᠨ ᠤ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠳᠥᠷᠪᠡᠳᠦᠭᠡᠷ ᠲᠤ᠂ ᠬᠤᠪᠢ ᠵᠠᠶᠠᠭ᠎ᠠ ᠪᠠᠨ ᠬᠠᠮᠲᠤᠳᠬᠠᠬᠤ ᠶᠢ ᠪᠠᠷᠢᠮᠲᠠᠯᠠᠵᠤ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠭᠰᠠᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠢ ᠪᠦᠲᠦᠭᠡᠨ ᠪᠠᠶᠢᠭᠤᠯᠤᠶ᠎ᠠ᠃ ᠪᠢᠳᠡ ᠪᠠᠶᠢᠯᠳᠤᠬᠤ | ᠪᠣᠳᠣᠯᠭ᠎ᠠ ᠪᠠ ᠠᠯᠤᠰ ᠭᠡᠳᠤ ᠶᠢᠨ ᠬᠠᠷᠠᠴᠠ ᠪᠠᠷ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ | ᠬᠠᠮᠲᠤᠷᠠᠯᠴᠠᠭ᠎ᠠ ᠳᠤ ᠬᠠᠨᠳᠤᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠳᠠᠬᠢ ᠠᠽᠢᠶ᠎ᠠ ᠲᠢᠪ ᠨᠣᠮᠣᠬᠠᠨ ᠲᠠᠯᠠᠢ ᠶᠢᠨ | ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠣᠯ ᠠᠷᠭ᠎ᠠ ᠵᠠᠮ ᠤᠨ ᠪᠠᠶᠢᠷᠢ | ᠰᠠᠭᠤᠷᠢ ᠶᠢ ᠬᠠᠮᠠᠭᠠᠯᠠᠵᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠠᠮᠲᠤᠷᠠᠯᠴᠠᠭᠠᠨ ᠤ ᠵᠥᠪ ᠴᠢᠭᠯᠡᠯ ᠢ | ᠬᠠᠮᠠᠭᠠᠯᠠᠶ᠎ᠠ᠃ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠵᠣᠷᠢᠯᠲᠠ ᠵᠠᠷᠴᠢᠮ ᠢ ᠪᠠᠷᠢᠮᠲᠠᠯᠠᠵᠤ᠂ ᠬᠠᠷᠢᠯᠴᠠᠨ ᠢᠲᠡᠭᠡᠯᠴᠡᠬᠦ᠂ ᠪᠠᠭᠲᠠᠭᠠᠮᠵᠢᠲᠠᠢ᠂ | ᠬᠠᠮᠲᠤᠷᠠᠯᠴᠠᠬᠤ᠂ ᠬᠠᠮᠲᠤ ᠪᠠᠷ ᠠᠰᠢᠭ ᠭᠦᠷᠲᠡᠭᠦ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠠᠨᠢᠲᠠᠨ ᠤ | ᠬᠠᠷᠢᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠶᠡᠭᠡ ᠭᠡᠷ ᠪᠦᠯᠢ ᠶᠢᠨ ᠵᠣᠷᠢᠭ ᠰᠠᠨᠠᠭ᠎ᠠ ᠶᠢ | ᠪᠠᠳᠠᠷᠠᠭᠤᠯᠵᠤ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ | ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ | ᠲᠡᠶᠢᠰᠢ ᠲᠠᠰᠤᠷᠠᠯᠲᠠ ᠦᠭᠡᠢ ᠤᠷᠤᠭᠰᠢᠯᠠᠶ᠎ᠠ ᠭᠡᠵᠦ ᠳᠤᠷᠠᠳᠪᠠ︕ | ᠰᠢ ᠶᠢᠨ ᠫᠢᠩ᠂ ᠳᠡᠭᠡᠷ᠎ᠡ ᠰᠠᠷ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ | ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠠᠮᠵᠢᠯᠲᠠ ᠲᠠᠢ ᠬᠤᠷᠠᠯᠳᠤᠵᠤ᠂ ᠣᠳᠣᠬᠠᠨ ᠤ ᠪᠠ | ᠬᠤᠶᠢᠰᠢᠳᠠ ᠶᠢᠨ ᠬᠡᠰᠡᠭ ᠬᠤᠭᠤᠴᠠᠭᠠᠨ ᠤ ᠳᠤᠮᠳᠠᠳᠤ ᠤᠯᠤᠰ ᠤᠨ ᠬᠥᠭᠵᠢᠯᠲᠡ ᠶᠢᠨ ᠴᠢᠭᠯᠡᠯ ᠢ ᠲᠣᠳᠣᠷᠬᠠᠢ ᠵᠢᠭᠠᠵᠤ | ᠂ ᠵᠢᠷᠤᠭ ᠲᠥᠰᠥᠪ ᠢ ᠲᠥᠯᠥᠪᠵᠢᠭᠦᠯᠵᠡᠢ᠃ ᠳᠤᠮᠳᠠᠳᠤ ᠤᠯᠤᠰ ᠳᠤᠷᠠᠲᠠᠶ᠎ᠠ ᠪᠤᠢ ᠪᠦᠬᠦᠢ ᠤᠯᠤᠰ ᠲᠠᠢ ᠬᠠᠷᠢᠯᠴᠠᠨ | ᠬᠦᠨᠳᠦᠳᠬᠡᠬᠦ᠂ ᠡᠷᠬᠡ ᠲᠡᠭᠰᠢ ᠬᠠᠷᠢᠯᠴᠠᠨ ᠠᠰᠢᠭᠲᠠᠢ ᠪᠠᠶᠢᠬᠤ ᠰᠠᠭᠤᠷᠢᠨ ᠳᠡᠭᠡᠷ᠎ᠡ ᠨᠠᠶᠢᠷᠠᠮᠳᠠᠯ ᠢᠶᠠᠷ ᠵᠡᠷᠭᠡᠴᠡᠨ | ᠣᠷᠣᠰᠢᠵᠤ᠂ ᠬᠠᠮᠲᠤ ᠪᠠᠷ ᠬᠥᠭᠵᠢᠨ᠎ᠡ᠃ ᠳᠤᠮᠳᠠᠳᠤ ᠤᠯᠤᠰ ᠨᠡᠩ ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ | ᠨᠡᠩ ᠭᠦᠨ ᠳᠠᠪᠬᠤᠷᠭ᠎ᠠ ᠶᠢᠨ ᠭᠠᠳᠠᠭᠠᠳᠤ ᠨᠡᠭᠡᠭᠡᠯᠲᠡ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠨᠡᠩ ᠥᠨᠳᠥᠷ ᠲᠦᠪᠰᠢᠨ ᠪᠦᠬᠦᠢ | ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠵᠤ᠂ ᠦᠷᠭᠦᠯᠵᠢᠯᠡᠨ ᠳᠡᠯᠡᠬᠡᠢ | ᠳ᠋ᠠᠬᠢᠨ ᠢᠯᠠᠩᠭᠤᠶ᠎ᠠ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠲᠠᠢ ᠳᠤᠮᠳᠠᠳᠤ ᠤᠯᠤᠰ ᠤᠨ ᠬᠥᠭᠵᠢᠯᠲᠡ ᠶᠢᠨ | ᠠᠵᠠ ᠲᠣᠭᠢᠶᠠᠯ ᠢ ᠬᠤᠪᠢᠶᠠᠯᠴᠠᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ ᠶᠠᠷᠢᠶᠠᠨ ᠤ ᠪᠠᠨ ᠡᠴᠦᠰ ᠲᠤ᠂ ᠲᠠᠢ ᠤᠯᠤᠰ ᠲᠤ᠄ ︽ᠶᠠᠮᠠᠷ ᠦᠷ᠎ᠡ ᠰᠠᠴᠤᠪᠠᠯ ᠶᠠᠮᠠᠷ ᠵᠢᠮᠢᠰ | ᠬᠤᠷᠢᠶᠠᠬᠤ ᠶᠤᠮ︾ ᠭᠡᠬᠦ ᠬᠡᠯᠡᠯᠭᠡ ᠪᠤᠢ᠃ ᠪᠢᠳᠡ ᠨᠢᠭᠡᠨᠲᠡ ᠪᠦᠲ᠋ᠧᠯᠠᠵᠢᠶᠠ ᠶᠢᠨ ᠠᠯᠤᠰ ᠤᠨ ᠲᠥᠯᠥᠪ ᠤᠨ | ᠦᠷ᠎ᠡ ᠶᠢ ᠬᠠᠮᠲᠤ ᠪᠠᠷ ᠰᠠᠴᠤᠪᠠ᠂ ᠨᠠᠷᠢᠨ ᠨᠢᠮᠪᠠᠢ ᠪᠣᠶᠢᠵᠢᠭᠤᠯᠵᠤ᠂ ᠬᠠᠮᠲᠤ ᠪᠠᠷ ᠬᠠᠮᠠᠭᠠᠯᠠᠵᠤ᠂ ᠠᠽᠢᠶ᠎ᠠ ᠲᠢᠪ | ᠨᠣᠮᠣᠬᠠᠨ ᠲᠠᠯᠠᠢ ᠶᠢᠨ ᠣᠷᠣᠨ ᠤ ᠬᠠᠮᠲᠤ ᠶᠢᠨ ᠬᠥᠭᠵᠢᠯ ᠴᠡᠴᠡᠭᠯᠡᠯ ᠤᠨ ᠴᠡᠴᠡᠭ ᠢ ᠪᠣᠶᠢᠵᠢᠭᠤᠯᠤᠶ᠎ᠠ ᠭᠡᠵᠦ ᠵᠢᠭᠠᠵᠤ | ᠭᠠᠷᠭᠠᠪᠠ︕ | ᠬᠤᠷᠠᠯ ᠢ ᠪᠠ ᠢᠦᠢ ᠡᠷᠭᠢᠯᠡᠵᠥ᠂ ︽ᠨᠡᠭᠡᠭᠡᠯᠲᠡᠲᠡᠢ᠂ ᠬᠤᠯᠪᠣᠯᠳᠤᠨ ᠨᠡᠪᠲᠡᠷᠡᠯᠴᠡᠬᠦ᠂ ᠲᠡᠩᠴᠡᠭᠦᠷᠢᠲᠡᠢ︾ ᠭᠡᠬᠦ ᠪᠠᠷ | ᠭᠤᠣᠯ ᠰᠡᠳᠦᠪ ᠪᠣᠯᠭᠠᠪᠠ᠃ | 17 ᠤ ᠣᠷᠣᠢ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠬᠠᠮᠲᠤ ᠠᠽᠢᠶ᠎ᠠ ᠲᠢᠪ ᠨᠣᠮᠣᠬᠠᠨ | ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ | ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠤᠨ ᠤᠭᠲᠤᠯᠭ᠎ᠠ ᠶᠢᠨ ᠣᠷᠣᠢ ᠶᠢᠨ ᠳᠠᠶᠢᠯᠠᠯᠭ᠎ᠠ ᠳᠤ ᠣᠷᠣᠯᠴᠠᠪᠠ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | |