ᠯᠢᠶᠠᠩᠴᠧᠩ ᠰᠢᠶᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ᠂ ᠮᠤᠩᠭᠤᠯ ᠸᠢᠴᠠᠲ ᠲᠠᠪᠴᠠᠩ ᠤᠨ ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠯ᠎ᠠ
ᠨᠡᠶᠢᠲᠡᠯᠡᠭᠰᠡᠨ ᠴᠠᠭ᠄
2022/12/11
   ᠯᠢᠶᠠᠩᠴᠧᠩ ᠰᠢᠶᠠᠨ ᠤ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ ᠪᠤᠯᠤᠨ ᠮᠤᠩᠭᠤᠯ ᠸᠢᠴᠠᠲ ᠲᠠᠪᠴᠠᠩ ᠢ ᠨᠡᠩ ᠤᠯᠠᠨ ᠬᠦᠮᠦᠨ ᠳᠤ ᠲᠠᠨᠢᠭᠤᠯᠤᠨ  ᠂ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ  ᠶᠢᠨ ᠤᠯᠠᠨ ᠲᠦᠮᠡᠨ ᠳᠤ ᠤᠶᠢᠯᠡᠴᠢᠯᠡᠬᠦ ᠬᠦᠷᠢᠶ᠎ᠡ ᠬᠡᠪᠴᠢᠶ᠎ᠡ ᠶᠢ ᠦᠷᠭᠡᠳᠭᠡᠬᠦ ᠶᠢᠨ ᠲᠦᠯᠦᠭᠡ᠂ ᠤᠶᠢᠷ᠎ᠠ ᠶᠢᠨ ᠡᠳᠦᠷ᠂  ᠯᠢᠶᠠᠩᠴᠧᠩ ᠰᠢᠶᠠᠨ ᠤ ᠵᠠᠰᠠᠭ ᠤᠨ ᠤᠷᠳᠤᠨ ᠤ ᠮᠤᠩᠭᠤᠯ  ᠰᠦᠯᠵᠢᠶᠡᠨ ᠴᠤᠭᠯᠠᠷᠠᠯ ᠤᠨ ᠠᠵᠢᠯᠳᠡᠳ ᠮᠤᠩᠭᠤᠯ ᠰᠦᠯᠵᠢᠶ᠎ᠡ ᠪᠠ ᠮᠤᠩᠭᠤᠯ ᠸᠢᠴᠠᠲ ᠲᠠᠪᠴᠠᠩ ᠢᠶᠠᠨ ᠤᠬᠠᠭᠤᠯᠵᠦ ᠲᠦᠭᠡᠮᠡᠯᠵᠢᠭᠦᠯᠬᠦ ᠠᠵᠢᠯᠯᠠᠭ᠎ᠠ ᠦᠷᠨᠢᠭᠦᠯᠵᠠᠢ᠃ ᠰᠦᠯᠵᠢᠶᠡᠨ  ᠤ ᠠᠵᠢᠯᠳᠡᠳ ᠲᠦᠪ ᠠᠭᠤᠳᠠᠮ ᠲᠠᠯᠠᠪᠠᠢ᠂ ᠵᠠᠷᠢᠮ ᠠᠵᠦ ᠠᠬᠤᠶᠢᠯᠠᠯ ᠠᠵᠢᠯ ᠤᠶᠢᠯᠡᠰ ᠤᠨ ᠨᠢᠭᠡᠴᠢ᠂ ᠰᠠᠭᠤᠭᠠᠯᠢ ᠠᠷᠠᠳ ᠤᠨ ᠲᠤᠭᠤᠷᠢᠭ ᠵᠡᠷᠭᠡ ᠤᠯᠠᠨ ᠨᠡᠶᠢᠳᠡ ᠶᠢᠨ ᠲᠠᠯᠠᠪᠤᠷ ᠭᠠᠵᠠᠷ ᠲᠤ ᠬᠦᠷᠴᠦ ᠤᠬᠠᠭᠤᠯᠤᠭᠰᠠᠨ ᠪᠠᠶᠢᠨ᠎ᠠ᠃
        ᠮᠤᠩᠭᠤᠯ ᠰᠦᠯᠵᠢᠶ᠎ᠡ ᠶᠢ ᠨᠡᠬᠡᠭᠡᠵᠦ ᠠᠰᠢᠭᠯᠠᠭᠰᠠᠨ ᠠᠴᠠ ᠨᠠᠭᠠᠰᠢ᠂ ᠡᠨᠡ ᠬᠡᠳᠤᠨ ᠵᠢᠯ ᠳᠤ ︽ᠲᠡᠷᠢᠭᠦᠨ ᠵᠤᠷᠪᠤᠰ︾᠂ ︽ ᠰᠤᠨᠢᠨ ᠮᠡᠳᠡᠭᠡ︾᠂ ︽ ᠢᠯᠡ ᠵᠠᠰᠠᠭ︾᠂ ︽ ᠳᠡᠤᠬᠡ ᠰᠤᠶᠤᠯ︾᠂ ︽ ᠤᠶᠢᠯᠡᠴᠢᠯᠡᠭᠡ︾᠂ ︽ ᠮᠠᠨ ᠤ ᠬᠤᠯᠪᠤᠭ᠎ᠠ︾ ᠭᠡᠬᠦ ᠵᠢᠷᠭᠤᠭᠠᠨ ᠲᠤᠮᠤ ᠬᠡᠰᠡᠭ ᠢ ᠭᠠᠷᠭᠠᠵᠦ᠂ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠂ ᠬᠤᠳᠠ  ᠪᠤᠯᠤᠨ ᠰᠢᠶᠠᠨ ᠤ ᠰᠤᠨᠢᠨ ᠮᠡᠳᠡᠭᠡ ᠶᠢ ᠡᠳᠦᠷ ᠪᠦᠷᠢ ᠨᠡᠶᠢᠳᠡᠯᠡᠭᠡᠳ ᠤᠩᠰᠢᠭᠴᠢᠳ ᠤᠨ ᠬᠦᠰᠡᠯ ᠢ ᠬᠠᠩᠭᠠᠵᠦ ᠪᠤᠢ᠃
     ᠰᠢᠨ᠎ᠡ ᠵᠠᠭᠤᠴᠢᠯᠠᠭᠤᠷ ᠤᠨ ᠬᠦᠭᠵᠢᠯ ᠠᠯᠬᠤᠭ᠎ᠠ ᠶᠢ ᠲᠠᠭᠠᠵᠦ᠂ ᠠᠷᠠᠳ ᠤᠯᠠᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠨ ᠬᠠᠩᠭᠠᠬᠤ ᠶᠢᠨ ᠲᠦᠯᠦᠭᠡ ᠦᠨᠦ ᠵᠢᠯ ᠠᠴᠠ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠮᠤᠩᠭᠤᠯ ᠵᠠᠭᠤᠴᠢᠯᠠᠭᠤᠷ ᠸᠢᠴᠠᠲ ᠲᠠᠪᠴᠠᠩ‌‍ᠪᠤᠯᠬᠤ ︽ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠬᠡᠯᠡᠨ ᠤ ᠠᠯᠪᠠᠨ ᠨᠡᠶᠢᠳᠡᠯᠡᠯ︾ ᠢ ᠢ ᠠᠵᠢᠯᠯᠠᠭᠤᠯᠵᠦ ᠡᠬᠢᠯᠡᠪᠡ᠃
    ᠯᠢᠶᠠᠩᠴᠧᠩ ᠰᠢᠶᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ᠂ ᠮᠤᠩᠭᠤᠯ ᠸᠢᠴᠠᠲ ᠲᠠᠪᠴᠠᠩ ᠨᠠᠮ ᠤᠨ ᠰᠤᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠠᠵᠢᠯ ᠤᠨ  ᠲᠠᠮᠵᠢᠭᠤᠯᠭ᠎ᠠ ᠶᠢᠨ ᠬᠦᠴᠦᠨ ᠪᠤᠯᠤᠨ ᠨᠦᠯᠦᠭᠡᠯᠡᠬᠦ ᠬᠦᠴᠦᠨ ᠢᠶᠠᠨ ᠦᠨᠡᠨ ᠬᠦ ᠲᠡᠭᠡᠭᠰᠢᠯᠡᠭᠦᠯᠦᠨ᠂ ᠦᠷᠭᠡᠨ ᠤᠯᠠᠨ ᠲᠦᠮᠡᠨ ᠳᠤ ᠨᠡᠩ ᠰᠠᠶᠢᠳᠤᠷ ᠤᠶᠢᠯᠡᠴᠢᠯᠡᠬᠦ ᠪᠠᠷ  ᠴᠢᠷᠮᠠᠶᠢᠵᠦ ᠪᠤᠢ᠃   ᠡᠭᠦᠨ ᠤ ᠰᠠᠭᠤᠷᠢᠨ ᠳᠤ᠂ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ  ᠮᠤᠩᠭᠤᠯ ᠰᠦᠯᠵᠢᠶ᠎ᠡ ᠪᠠ ᠮᠤᠩᠭᠤᠯ ᠸᠢᠴᠠᠲ  ᠲᠠᠪᠴᠠᠩ ᠢᠶᠠᠨ ᠤᠬᠠᠭᠤᠯᠬᠤ ᠠᠵᠢᠯᠯᠠᠭ᠎ᠠ ᠶᠢ ᠦᠷᠬᠦᠯᠵᠢ ᠦᠷᠨᠢᠭᠦᠯᠦᠨ᠎ᠡ᠃
         ᠡᠭᠦᠨ ᠠᠴᠠ ᠬᠤᠶᠢᠰᠢ᠂  ᠯᠢᠶᠠᠩᠴᠧᠩ ᠰᠢᠶᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ  ᠶᠢᠨ ᠬᠢᠨ ᠵᠠᠰᠠᠭ ᠤᠨ ᠶᠠᠪᠤᠳᠠᠯ ᠢ ᠢᠯᠡ ᠪᠤᠯᠭᠠᠬᠤ ᠱᠠᠭᠠᠷᠳᠠᠯᠭ᠎ᠠ ᠶᠤᠰᠤᠭᠠᠷ ᠦᠷᠬᠦᠯᠵᠢᠯᠡᠨ ᠴᠢᠷᠮᠡᠶᠢᠨ ᠠᠵᠢᠯᠯᠠᠵᠤ᠂ ᠰᠦᠯᠵᠢᠶ᠎ᠡ ᠪᠠ ᠲᠠᠪᠴᠠᠩ ᠢᠶᠠᠨ ᠰᠢᠯᠢᠳᠡᠭᠵᠢᠭᠦᠯᠵᠦ ᠠᠭᠤᠯᠭ᠎ᠠ  ᠪᠠᠨ ᠪᠠᠶᠠᠯᠢᠭᠵᠢᠭᠤᠯᠤᠨ ᠮᠤᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠤᠷᠠᠭ ᠵᠠᠩᠬᠢ ᠲᠠᠮᠵᠢᠭᠤᠯᠬᠤ ᠰᠢᠯᠢᠳᠡᠭ ᠲᠠᠪᠴᠠᠩ ᠪᠤᠯᠭᠠᠬᠤ ᠪᠠᠷ ᠴᠢᠷᠮᠠᠶᠢᠬᠤ ᠪᠤᠯᠤᠨ᠎ᠠ᠃                                                       ᠨᠠᠶᠢᠷᠠᠭᠤᠯᠤᠭᠴᠢ᠄ ᠼᠦᠢ ᠴᠢᠩ    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2