ᠯᠢᠶᠠᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠢᠳᠡᠭᠡᠨ ᠤ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ
ᠨᠡᠶᠢᠲᠡᠯᠡᠭᠰᠡᠨ ᠴᠠᠭ᠄
2022/12/14
    ᠯᠢᠶᠠᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠢᠨᠠᠯᠲᠠ ᠬᠠᠮᠢᠶᠠᠷᠤᠯᠲᠠ ᠪᠣᠯᠤᠨ ᠦᠢᠯᠡᠴᠢᠯᠡᠭᠡ ᠶᠢ ᠵᠡᠷᠭᠡᠪᠡᠷ ᠶᠠᠪᠤᠭᠳᠠᠭᠤᠯᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠪᠠ᠃ ᠣᠶᠢᠷ᠎ᠠ ᠶᠢᠨ ᠬᠤᠭᠤᠴᠠᠭᠠᠨ ᠳᠤ᠂ ᠠᠷᠠᠳ ᠢᠷᠭᠡᠳ ᠤᠨ ᠡᠳᠦᠷ ᠲᠤᠲᠤᠮ ᠤᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠨ ᠬᠠᠩᠭᠠᠬᠤ ᠶᠢᠨ ᠲᠥᠯᠥᠭᠡ᠂ ᠲᠣᠰ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠰᠢᠨ᠎ᠡ ᠠᠷᠪᠠᠨ ᠵᠤᠷᠪᠤᠰ︾ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠢᠳᠡᠭᠡᠨ ᠤᠮᠳᠠᠭᠠᠨ᠂ ᠬᠤᠳᠠᠯᠳᠤᠭᠠᠨ ᠤ ᠬᠡᠲᠦ ᠳᠡᠯᠭᠡᠭᠦᠷ ᠵᠡᠷᠭᠡ ᠠᠷᠠᠳ ᠢᠷᠭᠡᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠠᠵᠢᠯ ᠲᠥᠷᠥᠯ ᠤᠨ ᠬᠡᠪ ᠤᠨ ᠡᠵᠡᠩᠨᠡᠯᠲᠡ ᠶᠢ ᠪᠥᠬᠦ ᠲᠠᠯ᠎ᠠ ᠪᠠᠷ ᠰᠡᠷᠭᠦᠭᠡᠵᠦ᠂ ᠬᠡᠷᠡᠭᠵᠢᠭᠦᠯᠬᠦ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ᠃    12 ᠰᠠᠷ᠎ᠠ ᠶᠢᠨ 10 ᠤ ᠡᠳᠦᠷ᠂ ᠹᠦ᠋ ᠵᠢᠶᠠ ᠬᠡᠲᠦ ᠳᠡᠯᠭᠡᠭᠦᠷ ᠪᠣᠯᠤᠨ ᠸᠠᠨ ᠵᠢᠶᠠ ᠧᠨ ᠲᠠᠷᠢᠶᠠᠯᠠᠩ ᠤᠨ ᠠᠷᠠᠯᠵᠢᠶᠠᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠤ᠂ ᠰᠤᠷᠪᠤᠯᠵᠢᠯᠠᠭᠴᠢ ᠡᠯ᠎ᠡ ᠲᠥᠷᠥᠯ ᠤᠨ ᠲᠠᠸᠠᠷ ᠢ ᠪᠠᠷᠠᠭᠠᠨ ᠤ ᠲᠠᠯᠪᠢᠭᠤᠷ ᠳᠡᠭᠡᠷ᠎ᠡ ᠲᠡᠷᠢ ᠲᠡᠭᠰᠢ ᠳᠡᠯᠭᠡᠨ ᠲᠠᠯᠪᠢᠵᠤ ᠪᠠᠶᠢᠬᠤ ᠶᠢ ᠣᠯᠵᠤ ᠬᠠᠷᠠᠪᠠ᠂ ᠵᠣᠴᠢᠳ ᠶᠠᠭ ᠨᠠᠷᠢᠨ ᠨᠢᠮᠪᠠᠶ ᠰᠢᠯᠢᠨ ᠰᠣᠩᠭᠤᠵᠤ ᠪᠠᠶᠢᠨ᠎ᠠ᠂ ᠬᠤᠳᠠᠯᠳᠤᠭᠠᠨ ᠤ ᠬᠡᠲᠦ ᠳᠡᠯᠭᠡᠭᠦᠷ ᠤᠨ ᠪᠥᠬᠦ ᠲᠠᠯ᠎ᠠ ᠶᠢᠨ ᠡᠵᠡᠩᠨᠡᠯᠲᠡ ᠨᠢ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠡᠶ᠃ ᠯᠠᠨᠶᠠ ᠺᠢᠨᠣ᠋ ᠶᠢᠨ ᠬᠤᠲᠠ ᠶᠢᠨ ᠬᠢᠨ ᠠᠵᠢᠯ ᠢᠶᠠᠨ ᠰᠡᠷᠭᠦᠭᠡᠭᠰᠡᠨ ᠤ ᠳᠠᠷᠠᠭ᠎ᠠ᠂ ᠠᠵᠢᠯᠲᠠᠳ ᠪᠢᠯᠧᠲ ᠪᠠᠶᠢᠴᠠᠭᠠᠬᠤ ᠲᠠᠪᠴᠠᠩ᠂ ᠠᠮᠠᠷᠠᠯᠲᠠ ᠶᠢᠨ ᠲᠣᠭᠤᠷᠢᠭ ᠢ ᠡᠳᠦᠷ ᠪᠦᠷᠢ ᠣᠯᠠᠨ ᠤᠳᠠᠭ᠎ᠠ ᠤᠰᠠᠳᠬᠠᠵᠤ᠂ ᠬᠡᠰᠡᠭ ᠬᠤᠲᠠ ᠶᠢᠨ ᠠᠷᠠᠳ ᠴᠤ ᠺᠢᠨᠣ᠋ ᠶᠢᠨ ᠣᠷᠳᠣᠨ ᠳᠤ ᠳᠠᠬᠢᠨ ᠣᠷᠣᠵᠤ᠂ ︽ᠲᠣᠮᠣ ᠴᠡᠭᠡᠨ ᠬᠥᠰᠢᠭᠡ︾ ᠶᠢᠨ ᠪᠠᠶᠠᠷ ᠪᠠᠶᠠᠰᠤᠯ ᠢ ᠮᠡᠳᠡᠷᠡᠵᠦ ᠪᠠᠶᠢᠯ᠎ᠠ᠃      ᠠᠷᠠᠳ ᠢᠷᠭᠡᠳ ᠪᠣᠯᠪᠠᠰᠤ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠮᠤᠶ᠂ ᠠᠮᠤ ᠪᠤᠳᠠᠭ᠎ᠠ ᠪᠣᠯᠪᠠᠰᠤ ᠠᠮᠤᠷ ᠲᠦᠪᠰᠢᠨ ᠢ ᠲᠡᠷᠢᠭᠦᠨ ᠳᠤ ᠲᠠᠯᠪᠢᠮᠤᠶ᠃  ᠰᠤᠷᠪᠤᠯᠵᠢᠯᠠᠭᠴᠢ ᠬᠤᠤ ᠰᠢᠶᠠᠩ ᠪᠠᠭᠤᠳᠠᠯ ᠳᠤ᠂ ᠠᠵᠢᠯᠲᠠᠨ ᠤ ᠵᠠᠷᠢᠮ ᠨᠢ ᠬᠤᠭᠤᠯᠠᠨ ᠰᠢᠷᠡᠭᠡ᠂ ᠭᠠᠵᠠᠷ ᠤᠨ ᠭᠠᠳᠠᠷᠭᠤ ᠶᠢ ᠠᠯᠠᠬᠤ ᠪᠠᠷ ᠶᠠᠭᠠᠷᠠᠯᠳᠤᠵᠤ ᠪᠠᠶᠢᠬᠤ ᠶᠢ ᠣᠯᠵᠤ ᠬᠠᠷᠠᠪᠠ ᠂ ᠵᠠᠷᠢᠮ ᠨᠢ ᠨᠣᠭᠤᠭ᠎ᠠ ᠬᠠᠭᠤᠷᠴᠤ ᠮᠢᠬ᠎ᠠ ᠴᠢᠨᠠᠵᠤ ᠪᠠᠶᠢᠨ᠎ᠠ᠂ ᠲᠡᠳᠡᠨ ᠤ ᠬᠥᠳᠡᠯᠦᠯ ᠪᠠᠷᠢᠯ ᠨᠢ ᠳᠠᠳᠮᠠᠭᠠᠶ ᠪᠠᠶᠢᠵᠤ᠂ ᠵᠣᠴᠢᠳ ᠤᠨ ᠵᠠᠬᠢᠶᠠᠯᠠᠭᠰᠠᠨ ᠦᠳᠡ ᠶᠢᠨ ᠬᠤᠭᠤᠯᠠᠨ ᠳᠤ ᠪᠡᠯᠡᠳᠬᠡᠯ ᠬᠢᠵᠦ ᠪᠠᠶᠢᠨ᠎ᠠ᠃       ᠬᠤᠤ ᠰᠢᠶᠠᠩ ᠪᠠᠭᠤᠳᠠᠯ ᠤᠨ ᠳᠠᠭᠠᠭᠠᠮᠠᠯ ᠵᠤ ᠶᠦᠩ ᠫᠢᠩ ᠬᠡᠯᠡᠬᠦ ᠳᠡᠭᠡᠨ᠄ ︽ᠭᠡᠪᠡᠴᠦ ᠡᠨᠡ ᠬᠡᠳᠦᠨ ᠵᠢᠯ ᠳᠤ ᠬᠢᠵᠢᠭ ᠤᠨ ᠪᠠᠶᠢᠳᠠᠯ ᠮᠠᠨ ᠤ ᠢᠳᠡᠭᠡᠨ ᠤᠮᠳᠠᠭᠠᠨ ᠤ ᠦᠢᠯᠡᠰ ᠲᠤ ᠲᠦᠢᠯ ᠤᠨ ᠶᠡᠭᠡ ᠨᠥᠯᠥᠭᠡ ᠦᠵᠡᠭᠦᠯᠵᠦ᠂ ᠡᠴᠦᠰ ᠲᠡᠭᠡᠨ ︿ᠬᠠᠪᠤᠷ ᠤᠨ ᠤᠷᠢᠨ ᠳᠤᠯᠠᠭᠠᠨ ᠴᠡᠴᠡᠭ ᠳᠡᠯᠭᠡᠷᠡᠬᠦ﹀ ᠬᠡᠮᠵᠢᠶᠡᠨ ᠳᠤ ᠬᠦᠷᠴᠡᠶ᠂ ᠪᠢᠳᠡ  ᠠᠷᠢᠭᠤᠨ ᠴᠡᠪᠡᠷ ᠪᠠᠶᠢᠬᠤ ᠶᠢ ᠡᠭᠦᠷᠢᠳᠡ ᠪᠠᠲᠤᠯᠠᠵᠤ᠂ ᠡᠳᠦᠷ ᠪᠦᠷᠢ ᠠᠷᠢᠭᠤᠳᠬᠠᠵᠤ᠂ ᠵᠣᠴᠢᠳ ᠲᠤ ᠬᠤᠭᠤᠯᠠ ᠢᠳᠡᠬᠦ ᠠᠮᠤᠷ ᠲᠦᠪᠰᠢᠨ ᠣᠷᠴᠢᠨ ᠨᠥᠬᠦᠴᠡᠯ ᠢ ᠪᠤᠶ ᠪᠣᠯᠭᠠᠵᠤ ᠥᠭᠬᠦ ᠪᠣᠯᠤᠨ᠎ᠠ︾ ᠭᠡᠵᠡᠶ᠃        ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠩ ᠮᠤᠤ ᠪᠠᠯᠭᠠᠰᠤᠨ ᠤ ᠵᠡᠭᠦᠨ ᠬᠡᠰᠡᠭ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠱᠤᠨ ᡁᠢ ᠭᠠᠩ᠄ ︽ᠬᠤᠶᠢᠰᠢᠳᠠ ᠶᠢᠨ ᠠᠵᠢᠯ ᠤᠨ ᠳᠤᠮᠳᠠ᠂ ᠪᠢᠳᠡ ᠡᠳᠦᠷ ᠲᠤᠲᠤᠮ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ‌ᠤᠶᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠥᠬᠦ ᠰᠢᠶᠠᠨ ᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠡᠪ ᠤᠨ ᠡᠵᠡᠩᠨᠡᠯᠲᠡ ᠶᠢᠨ ᠲᠦᠷᠭᠡᠨ ᠵᠠᠮ ᠳᠤ ᠣᠷᠣᠬᠤ ᠶᠢ ᠦᠨᠡᠨ ᠬᠦ ᠪᠠᠲᠤᠯᠠᠨ᠎ᠠ︾ ᠭᠡᠵᠡᠶ᠃                                          ᠨᠠᠶᠢᠷᠠᠭᠤᠯᠤᠭᠴᠢ᠄   ᠶᠠᠩ  ᠿᠦᠢ ᠵᠧᠨ                                          ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2