ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ  ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠴᠢᠩᠭ᠎ᠠ ᠬᠠᠮᠢᠶᠠᠷᠤᠨ ᠡᠵᠡᠮᠳᠡᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2022/12/14
    ᠭᠠᠵᠠᠷ ᠳᠣᠣᠷᠠᠬᠢ ᠤᠰᠤ ᠪᠣᠯ ᠠᠵᠤ ᠦᠢᠯᠡᠳᠪᠦᠷᠢ ᠲᠠᠷᠢᠶᠠᠯᠠᠩ ᠤᠨ ᠬᠥᠭᠵᠢᠯᠲᠡ ᠳᠤ ᠲᠦᠰᠢᠭᠯᠡᠬᠦ ᠴᠢᠬᠤᠯᠠ ᠰᠠᠭᠤᠷᠢ ᠦᠢᠯᠡᠳᠪᠦᠷᠢᠯᠡᠯ ᠤᠨ ᠬᠡᠷᠡᠭᠰᠡᠯ ᠮᠥᠨ᠂ ᠲᠡᠭᠦᠨ ᠳᠤ ᠣᠷᠣᠯᠠᠬᠤ ᠡᠳ᠋ ᠪᠠᠶᠢᠬᠤ ᠦᠭᠡᠶ᠃ ᠮᠠᠨ ᠤ ᠰᠢᠶᠠᠨ ᠤ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠳᠤᠲᠠᠭᠳᠠᠵᠤ᠂ ᠣᠯᠠᠨ ᠵᠢᠯ ᠤᠨ ᠬᠥᠮᠦᠨ ᠳᠤᠮᠳᠠᠴᠢ ᠶᠢᠨ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠤᠨ ᠡᠵᠡᠯᠡᠬᠦ ᠬᠡᠮᠵᠢᠶ᠎ᠡ ᠵᠥᠪᠬᠡᠨ 245 ᠪᠣᠰᠤᠭ᠎ᠠ ᠳᠥᠷᠪᠡᠯᠵᠢᠨ ᠮᠧᠲᠷ ᠪᠠᠶᠢᠵᠤ᠂ ᠪᠠᠷᠤᠭ ᠪᠥᠬᠦ ᠣᠷᠣᠨ ᠤ ᠬᠥᠮᠦᠨ ᠳᠤᠮᠳᠠᠴᠢ ᠶᠢᠨ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠤᠨ ᠡᠵᠡᠯᠡᠬᠦ ᠬᠡᠮᠵᠢᠶ᠎ᠡ ᠶᠢᠨ ᠬᠠᠭᠠᠰ ᠤᠨ ᠨᠢᠭᠡ ᠪᠣᠯᠤᠨ᠎ᠠ᠃     ᠨᠢᠭᠡ᠂ ᠳᠤᠷ᠎ᠠ ᠪᠠᠷ ᠢᠶᠠᠨ ᠬᠤᠳᠳᠤᠭ ᠮᠠᠯᠲᠠᠬᠤ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠮᠠᠨ ᠤ ᠰᠢᠶᠠᠨ ᠤ ᠬᠡᠪᠴᠢᠶᠡᠨ ᠳᠤ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ ᠲᠠᠲᠠᠵᠤ ᠬᠡᠷᠡᠭᠯᠡᠬᠦ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢᠨ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠤᠰᠤ ᠲᠠᠲᠠᠬᠤ ᠵᠥᠪᠰᠢᠶᠡᠷᠡᠯ ᠤᠨ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠵᠥᠪᠰᠢᠶᠡᠷᠡᠭᠦᠯᠦᠭᠰᠡᠨ ᠥᠬᠡᠶ ᠪᠠᠷ ᠳᠤᠷ᠎ᠠ ᠪᠠᠷ ᠢᠶᠠᠨ ᠰᠢᠨ᠎ᠡ ᠪᠠᠷ ᠬᠤᠳᠳᠤᠭ ᠮᠠᠯᠲᠠᠵᠤ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ ᠲᠠᠲᠠᠵᠤ ᠬᠡᠷᠡᠭᠯᠡᠭᠰᠡᠨ ᠪᠠᠶᠢᠪᠠᠯ᠂ 2 ᠲᠦᠮᠡᠨ ᠲᠥᠭᠦᠷᠢᠭ ᠠᠴᠠ 10 ᠲᠦᠮᠡᠨ ᠲᠥᠭᠦᠷᠢᠭ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃    ᠬᠤᠶᠠᠷ᠂ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠤ ᠬᠤᠳᠳᠤᠭ ᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠨ᠎ᠠ᠃ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠲᠤ ᠲᠤᠭ᠎ᠠ ᠬᠡᠮᠵᠢᠶ᠎ᠡ ᠶᠢ ᠬᠠᠮᠢᠶᠠᠷᠤᠨ ᠡᠵᠡᠮᠳᠡᠬᠦ ᠪᠠ ᠤᠰᠤ ᠲᠠᠲᠠᠬᠤ ᠶᠡᠷᠦᠩᠬᠡᠶ ᠬᠡᠮᠵᠢᠶ᠎ᠡ ᠶᠢ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠪᠦᠬᠦ ᠰᠢᠶᠠᠨ ᠤ ᠪᠦᠲᠦᠮᠵᠢᠲᠡᠶ ᠤᠰᠤᠯᠠᠯᠲᠠ ᠶᠢᠨ ᠲᠠᠯᠠᠪᠠᠢ ᠶᠢ ᠴᠢᠩᠭ᠎ᠠ ᠬᠠᠮᠢᠶᠠᠷᠤᠨ ᠡᠵᠡᠮᠳᠡᠵᠦ᠂ ᠤᠳᠤ ᠪᠠᠶᠢᠭ᠎ᠠ ᠤᠰᠤᠯᠠᠯᠲᠠ ᠶᠢᠨ ᠲᠠᠯᠠᠪᠠᠢ ᠳᠤ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠥᠭᠡᠷᠡᠴᠢᠯᠡᠯᠲᠡ ᠬᠢᠵᠦ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢ ᠳᠡᠭᠡᠭᠰᠢᠯᠡᠭᠦᠯᠵᠦ᠂ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠠᠷᠪᠢᠯᠠᠬᠤ ᠪᠠ ᠬᠠᠮᠠᠭᠠᠯᠠᠵᠤ ᠪᠣᠯᠤᠨ᠎ᠠ᠃    ᠭᠤᠷᠪᠠ᠂ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠭᠰᠡᠨ ᠨᠢᠭᠡᠴᠡ᠂ ᠤᠰᠤ ᠬᠡᠷᠡᠭᠯᠡᠬᠦ ᠡᠷᠦᠬᠡ ᠪᠦᠬᠦᠨ᠂ ᠤᠰᠤ ᠲᠠᠲᠠᠬᠤ ᠬᠡᠮᠵᠢᠯᠲᠡ ᠶᠢᠨ ᠲᠥᠬᠦᠭᠡᠷᠦᠮᠵᠢ ᠤᠭᠰᠠᠷᠠᠬᠤ ᠴᠢᠬᠤᠯᠠ ᠲᠠᠢ᠂ ᠬᠡᠮᠵᠢᠯᠲᠡ ᠶᠢ ᠤᠭᠰᠠᠷᠠᠭᠰᠠᠨ ᠥᠬᠡᠶ ᠪᠤᠶᠤ ᠡᠪᠳᠡᠵᠦ ᠰᠦᠶ᠋ᠳᠬᠡᠭᠰᠡᠨ ᠬᠡᠮᠵᠢᠯᠲᠡ ᠶᠢᠨ ᠲᠥᠬᠦᠭᠡᠷᠦᠮᠵᠢ ᠶᠢ ᠳᠤᠷ᠎ᠠ ᠪᠠᠷ ᠢᠶᠠᠨ ᠨᠤᠷᠠᠭᠠᠵᠤ ᠬᠠᠶᠠᠭᠰᠠᠨ ᠪᠠᠶᠢᠪᠠᠯ᠂ ᠯᠢᠶᠠᠩᠴᠧᠩ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠵᠠᠷᠯᠢᠭᠳᠠᠵᠤ ᠪᠠᠶᠢᠭᠠᠳ ᠤᠭᠰᠠᠷᠠᠭᠤᠯᠵᠤ᠂ ᠰᠡᠯᠪᠢᠨ ᠵᠠᠰᠠᠭᠤᠯᠤᠨ᠎ᠠ᠂ ᠬᠤᠭᠤᠴᠠᠭ᠎ᠠ ᠬᠡᠲᠦᠷᠡᠲᠡᠯ᠎ᠡ ᠤᠭᠰᠠᠷᠠᠭᠰᠠᠨ ᠥᠬᠡᠶ ᠪᠤᠶᠤ ᠰᠡᠯᠪᠢᠨ ᠵᠠᠰᠠᠭᠰᠠᠨ ᠥᠬᠡᠶ ᠪᠠᠶᠢᠪᠠᠯ᠂ 1000 ᠲᠥᠭᠦᠷᠢᠭ ᠠᠴᠠ ᠳᠡᠭᠡᠭᠰᠢ 1 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃    ᠲᠦᠷᠪᠡ᠂ ᠤᠰᠤᠨ ᠤ ᠴᠢᠨᠠᠷ ᠤᠨ ᠲᠠᠯ᠎ᠠ ᠪᠠᠷ ᠣᠨᠴᠠᠭᠠᠶ ᠱᠠᠭᠠᠷᠳᠠᠯᠭ᠎ᠠ ᠲᠠᠢ ᠢᠳᠡᠭᠡᠨ᠂ ᠡᠮ ᠤᠨ ᠵᠦᠢᠯ ᠵᠡᠷᠭᠡ ᠠᠵᠤ ᠦᠢᠯᠡᠳᠪᠦᠷᠢ ᠶᠢᠨ ᠵᠦᠢᠯᠡᠰ ᠪᠤᠶᠤ ᠤᠰᠤᠨ ᠤ ᠰᠤᠷᠪᠤᠯᠵᠢ ᠶᠢᠨ ᠤᠰᠤ ᠬᠠᠩᠭᠠᠬᠤ ᠪᠤᠰᠤᠳ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠤᠰᠤᠳ ᠠᠵᠤ ᠦᠢᠯᠡᠳᠪᠦᠷᠢ ᠶᠢᠨ ᠵᠦᠢᠯᠡᠰ ᠨᠢ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠪᠠ ᠤᠰᠤᠨ ᠤ ᠲᠦᠪᠰᠢᠨ ᠢ ᠬᠢᠵᠠᠭᠠᠷᠯᠠᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠬᠠᠤᠯᠢ ᠶᠣᠰᠣᠭᠠᠷ ᠤᠰᠤ ᠲᠠᠲᠠᠬᠤ ᠭᠤᠶᠤᠴᠢᠯᠠᠯ ᠭᠠᠷᠭᠠᠵᠤ᠂ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠬᠢᠨᠠᠨ ᠵᠥᠪᠰᠢᠶᠡᠷᠡᠵᠦ ᠪᠣᠯᠤᠨ᠎ᠠ᠃    ᠲᠠᠪᠤ᠂ ᠰᠢᠶᠠᠨ ᠤ ᠬᠤᠲᠠ ᠶᠢᠨ ᠲᠣᠭᠤᠷᠢᠭ ᠤᠨ ᠲᠦᠭᠡᠭᠡᠯ ᠤᠰᠤᠨ ᠤ ᠬᠤᠭᠤᠯᠠᠶ ᠶᠢᠨ ᠲᠣᠤᠷ ᠤᠨ ᠪᠦᠷᠬᠦᠴᠡ ᠶᠢᠨ ᠬᠡᠪᠴᠢᠶᠡᠨ ᠳᠣᠲᠣᠷᠠᠬᠢ ᠤᠰᠤ ᠬᠡᠷᠡᠭᠯᠡᠬᠦ ᠤᠶᠢᠯᠡ ᠠᠵᠢᠯᠯᠠᠭ᠎ᠠ ᠶᠢ ᠢᠳᠡᠭᠡᠨ ᠪᠠ ᠡᠮ ᠤᠨ  ᠵᠤᠶᠢᠯ ᠤᠨ ᠤᠰᠤ ᠬᠡᠷᠡᠭᠯᠡᠬᠦ ᠠᠵᠤ ᠠᠬᠤᠶᠢᠯᠠᠯ ᠠᠴᠠ ᠪᠤᠰᠤᠳ ᠢ ᠨᠢ ᠪᠦᠬᠦᠨ ᠢ ᠲᠦᠭᠡᠭᠡᠯ ᠤᠰᠤᠨ ᠤ ᠬᠤᠭᠤᠯᠠᠶ ᠶᠢᠨ ᠲᠣᠤᠷ ᠲᠤ ᠵᠠᠯᠭᠠᠨ ᠣᠷᠣᠭᠤᠯᠬᠤ ᠬᠡᠷᠡᠭᠲᠡᠶ᠃ ᠣᠨᠴᠠᠭᠠᠶ ᠬᠡᠷᠡᠭᠴᠡᠭᠡ ᠦᠭᠡᠢ᠂ ᠬᠢᠨᠠᠨ ᠵᠥᠪᠰᠢᠶᠡᠷᠡᠭᠦᠯᠦᠭᠰᠡᠨ ᠦᠭᠡᠢ ᠪᠠᠷ ᠥᠪᠡᠷ ᠢᠶᠠᠨ ᠪᠡᠯᠡᠳᠬᠡᠭᠰᠡᠨ ᠬᠤᠳᠳᠤᠭ ᠢ ᠳᠤᠷ᠎ᠠ ᠪᠠᠷ ᠢᠶᠠᠨ ᠬᠡᠷᠡᠭᠯᠡᠵᠦ ᠤᠰᠤ ᠲᠠᠲᠠᠭᠰᠠᠨ ᠪᠠᠶᠢᠪᠠᠯ᠂ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠪᠢᠲᠡᠭᠦᠮᠵᠢᠯᠡᠵᠦ ᠵᠣᠭᠰᠣᠭᠠᠨ᠎ᠠ᠂ ᠬᠤᠭᠤᠴᠠᠭ᠎ᠠ ᠬᠡᠲᠦᠷᠡᠲᠡᠯ᠎ᠡ ᠪᠢᠲᠡᠭᠦᠮᠵᠢᠯᠡᠵᠦ ᠵᠣᠭᠰᠣᠭᠠᠭᠰᠠᠨ ᠦᠭᠡᠢ ᠶᠢ ᠨᠢ ᠬᠠᠤᠯᠢ ᠶᠣᠰᠣᠭᠠᠷ  ᠰᠢᠢᠳᠪᠤᠷᠢᠯᠡᠨ᠎ᠡ᠃    ᠵᠢᠷᠭᠤᠭ᠎ᠠ᠂ ᠶᠠᠮᠠᠷᠪᠠ ᠨᠢᠭᠡᠴᠡ ᠪᠠ ᠬᠤᠪᠢ ᠬᠥᠮᠦᠨ ᠴᠥᠮ ᠭᠠᠵᠠᠷ ᠳᠣᠤᠷᠠᠬᠢ ᠤᠰᠤ ᠶᠢ ᠠᠷᠪᠢᠯᠠᠬᠤ ᠪᠠ ᠬᠠᠮᠠᠭᠠᠯᠠᠬᠤ ᠡᠭᠦᠷᠭᠡ ᠲᠠᠢ᠂ ᠬᠠᠤᠯᠢ ᠪᠤᠰᠤ ᠪᠠᠷ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠭᠰᠡᠨ ᠠᠵᠢᠯᠯᠠᠭ᠎ᠠ ᠶᠢ ᠵᠠᠭᠠᠯᠳᠤᠬᠤ᠂ ᠢᠯᠡᠴᠢᠯᠡᠨ ᠮᠡᠳᠡᠭᠦᠯᠬᠦ ᠡᠷᠬᠡ ᠲᠠᠢ᠃ ᠬᠡᠷᠪᠡ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠭᠰᠡᠨ ᠪᠤᠶᠤ ᠳᠤᠷ᠎ᠠ ᠪᠠᠷ ᠢᠶᠠᠨ ᠬᠤᠳᠳᠤᠭ ᠮᠠᠯᠲᠠᠵᠤ ᠪᠠᠶᠢᠬᠤ ᠶᠢ ᠣᠯᠵᠤ ᠮᠡᠳᠡᠪᠡᠯ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠪᠠᠷ ᠤᠲᠠᠰᠤᠳᠠᠭᠠᠷᠠᠶ᠄ 0474 — 4200399/4201620᠃                         ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ                            2022 ᠣᠨ ᠤ 12 ᠰᠠᠷ᠎ᠠ ᠶᠢᠨ 10 ᠤ ᠡᠳᠦᠷ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2